ᠨᠠᠰᠤᠨ ᠳᠤ ᠥᠯᠥ ᠭᠦᠷᠦᠭᠰᠡᠳ ᠶᠠᠭᠠᠬᠢᠵᠦ ᠭᠠᠷ ᠤᠲᠠᠰᠤᠨ ᠤ ᠺᠠᠷᠲ ᠬᠢᠯᠭᠡᠬᠦ ᠪᠣᠶ︖ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠢᠨ ᠬᠠᠷᠢᠭᠤᠯᠳᠠ ᠥᠭᠪᠡ | ᠠᠷᠠᠳ ᠤᠨ ᠰᠦᠯᠵᠢᠶ᠎ᠡ ᠶᠢᠨ ᠪᠡᠭᠡᠵᠢᠩ ᠤᠨ 6 ᠰᠠᠷ᠎ᠠ ᠶᠢᠨ 29 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠪᠢ ᠯᠸᠢ︶ ᠭᠠᠷ ᠤᠲᠠᠰᠤ ᠨᠢ ᠣᠳᠣᠬᠠᠨ ᠳᠤ ᠪᠠᠷᠤᠭ ᠬᠥᠮᠦᠰ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ ᠪᠣᠯᠵᠤ᠂ ᠨᠠᠰᠤᠨ ᠳᠤ ᠥᠯᠥ ᠬᠦᠷᠦᠭᠰᠡᠳ ᠤᠨ ᠭᠠᠷ ᠤᠲᠠᠰᠤ ᠬᠡᠷᠡᠭᠯᠡᠬᠦ ᠪᠠᠶᠢᠳᠠᠯ ᠴᠤ ᠶᠠᠪᠤᠬᠤ ᠲᠤᠲᠤᠮ | ᠣᠯᠠᠰᠢᠷᠠᠵᠤ ᠪᠠᠶᠢᠨ᠎ᠠ᠃ ᠵᠠᠷᠢᠮ ᠪᠠᠶᠢᠴᠠᠭᠠᠯᠲᠠ ᠶᠢᠨ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠣᠶᠢᠷ᠎ᠠ ᠶᠢᠨ ᠬᠡᠳᠦᠨ | ᠵᠢᠯ ᠳᠤ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠠᠩᠬ᠎ᠠ ᠤᠳᠠᠭ᠎ᠠ ᠰᠦᠯᠵᠢᠶᠡᠨ ᠲᠠᠢ ᠣᠶᠢᠷᠠᠳᠬᠤ | ᠨᠠᠰᠤ ᠨᠢ ᠲᠠᠰᠤᠷᠠᠯᠲᠠ ᠥᠬᠡᠶ ᠪᠠᠭᠤᠷᠠᠵᠤ᠂10 ᠨᠠᠰᠤ ᠵᠢᠴᠢ10 ᠨᠠᠰᠤᠨ ᠠᠴᠠ ᠳᠣᠷᠣᠭᠰᠢᠬᠢ ᠬᠦᠮᠦᠰ ᠤᠨ | ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠬᠥᠮᠦᠨ ᠤ ᠲᠣᠭᠠᠨ ᠤ ᠬᠠᠷᠢᠴᠠᠯ ᠨᠢ 78% ᠳᠤ ᠬᠦᠷᠴᠦ᠂ ᠠᠩᠬ᠎ᠠ | ᠤᠳᠠᠭ᠎ᠠ ᠰᠦᠯᠵᠢᠶᠡᠨ ᠳᠤ ᠣᠶᠢᠷᠠᠲᠤᠭᠰᠠᠨ ᠬᠦᠮᠦᠰ ᠤᠨ ᠨᠠᠰᠤ ᠨᠢ 6 — 10 ᠨᠠᠰᠤᠨ ᠳᠤ ᠲᠥᠪᠯᠡᠷᠡᠵᠦ ᠪᠤᠢ᠂ | ᠡᠭᠦᠨ ᠳᠤ ᠣᠯᠠᠩᠬᠢ ᠨᠢ ᠭᠠᠷ ᠤᠲᠠᠰᠤ ᠪᠠᠷ ᠳᠡᠮᠵᠢᠨ ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠶᠤᠮ᠃ | ᠪᠦᠷᠢᠳᠬᠡᠯ ᠢ ᠦᠨᠳᠦᠰᠦᠯᠡᠪᠡᠯ᠂ 2019 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠨᠠᠰᠤᠨ ᠳᠤ | ᠥᠯᠥ ᠬᠥᠷᠬᠦ ᠰᠦᠯᠵᠢᠶᠡᠴᠢᠳ ᠤᠨ ᠬᠡᠪᠴᠢᠶ᠎ᠡ 1.75 ᠳ᠋ᠦᠩᠰᠢᠭᠤᠷ ᠲᠤ ᠬᠦᠷᠴᠦ᠂ ᠨᠠᠰᠤᠨ ᠳᠤ ᠥᠯᠥ | ᠬᠦᠷᠦᠭᠰᠡᠳ ᠤᠨ ᠢᠨᠲ᠋ᠧᠷ ᠰᠦᠯᠵᠢᠶᠡᠨ ᠳᠤ ᠭᠠᠷᠬᠤ ᠲᠦᠭᠡᠮᠡᠯᠵᠢᠭᠰᠡᠨ ᠨᠣᠷᠮ᠎ᠠ ᠨᠢ 93.1% ᠳᠤ ᠬᠦᠷᠴᠦ᠂ ᠭᠠᠷ | ᠤᠲᠠᠰᠤ ᠶᠢ ᠰᠦᠯᠵᠢᠶᠡᠨ ᠳᠤ ᠭᠠᠷᠬᠤ ᠪᠠᠭᠠᠵᠢ ᠪᠣᠯᠭᠠᠬᠰᠠᠨ ᠬᠠᠷᠢᠴᠠᠯ ᠨᠢ 93.9% ᠳᠤ ᠬᠦᠷᠴᠡᠶ᠃ | ᠰᠤᠷᠪᠤᠯᠵᠢᠯᠠᠭᠴᠢ ᠰᠤᠷᠪᠤᠯᠵᠢᠯᠠᠨ ᠪᠠᠶᠢᠴᠠᠭᠠᠯᠳᠡ ᠬᠢᠵᠦ ᠶᠠᠪᠤᠬᠤ ᠳᠠᠭᠠᠨ ᠤᠯᠵᠤ ᠮᠡᠳᠡᠭᠰᠡᠨ ᠢᠶᠠᠷ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠤᠨ | ᠭᠠᠷ ᠤᠲᠠᠰᠤ ᠠᠪᠴᠤ ᠶᠠᠪᠤᠬᠤ ᠪᠤᠶᠤ ᠭᠠᠷ ᠴᠠᠭ ᠵᠡᠬᠦᠵᠦ ᠶᠠᠪᠤᠬᠤ ᠨᠢ ᠨᠢᠭᠡᠨᠲᠡ ᠨᠢᠭᠡ ᠵᠦᠢᠯ ᠤᠨ ᠦᠵᠡᠭᠳᠡᠯ | ᠪᠣᠯᠵᠠᠶ᠃ | ᠲᠡᠭᠡᠪᠡᠯ᠂ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠦᠪᠡᠷ ᠤᠨ ᠪᠡᠶ᠎ᠡ ᠪᠠᠷ ᠢᠶᠠᠨ ᠭᠠᠷ | ᠤᠲᠠᠰᠤᠨ ᠤ ᠲᠤᠬᠠᠶᠢᠯᠠᠭᠰᠠᠨ ᠠᠵᠢᠯ ᠤᠨ ᠭᠠᠷᠳᠠᠮ ᠬᠢᠯᠭᠡᠵᠦ ᠪᠣᠯᠤᠨ᠎ᠠ ᠦᠦ ᠦᠭᠡᠢ ᠤᠤ︖ | ᠡᠭᠦᠨ ᠤ ᠲᠤᠬᠠᠶ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠷᠢᠭᠤᠯᠲᠠ ᠥᠭᠴᠡᠶ᠄ ︽ | ᠢᠷᠭᠡᠨ ᠤ ᠬᠠᠤᠯᠢ ᠶᠢᠨ ᠪᠢᠴᠢᠭ︾ ᠪᠠ ︽ᠤᠳᠠᠰᠤ ᠬᠡᠷᠡᠭᠯᠡᠭᠴᠢ ᠶᠢᠨ ᠦᠨᠡᠨ ᠪᠡᠶ᠎ᠡ ᠤᠨ ᠭᠠᠷᠤᠯ ᠤᠨ ᠮᠡᠳᠡᠭᠡ | ᠵᠠᠩᠭᠢ ᠶᠢ ᠳᠠᠩᠰᠠᠯᠠᠬᠤ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠷᠯᠢᠭ | 25 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠦᠬᠦᠯᠢ 16 ᠨᠠᠰᠤ | ᠬᠦᠷᠦᠭᠡᠳᠦᠢ ᠵᠢᠴᠢ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠥᠬᠡᠶ ᠪᠤᠰᠤᠳ ᠬᠡᠷᠡᠭᠯᠡᠭᠴᠢ ᠳᠤ | ᠴᠢᠭᠯᠡᠭᠦᠯᠦᠨ᠂ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠨᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ | ᠠᠵᠢᠯ ᠡᠵᠡᠩᠨᠡᠭᠴᠢ ᠶᠢᠨ ᠡᠵᠡᠩᠨᠡᠯᠲᠡ ᠶᠢᠨ ᠲᠢᠩᠬᠢᠮ ᠳᠤ ᠬᠦᠷᠴᠦ ᠣᠷᠣᠯᠠᠨ ᠭᠠᠷᠳᠠᠮ ᠬᠢᠯᠭᠡᠬᠦ ᠬᠡᠷᠡᠭᠳᠡᠢ᠂ | ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠡᠵᠡᠩᠨᠡᠭᠴᠢ ᠨᠢ ᠬᠡᠷᠡᠭᠯᠡᠭᠴᠢ ᠪᠠ ᠬᠠᠤᠯᠢ ᠪᠠᠷ ᠲᠣᠭᠲᠠᠭᠠᠭᠰᠠᠨ | ᠣᠷᠣᠯᠠᠭᠴᠢ ᠶᠢᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠳᠠᠩᠰᠠᠯᠠᠬᠤ ᠶᠢᠨ ᠬᠠᠮᠲᠤ | ᠲᠤᠬᠠᠶ ᠶᠢᠨ ᠲᠠᠯᠠᠪᠤᠷ ᠲᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠬᠡᠷᠡᠯ ᠵᠢᠷᠤᠭ ᠢ ᠦᠯᠡᠳᠡᠭᠡᠨ | ᠬᠠᠳᠠᠭᠠᠯᠠᠬᠤ ᠬᠡᠷᠡᠭᠲᠡᠶ ᠬᠡᠪᠡ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠭᠠᠷ ᠤᠲᠠᠰᠤᠨ ᠤ ᠺᠠᠷᠲ ᠬᠢᠯᠭᠡᠬᠦ ᠳᠤ ᠨᠠᠰᠤᠨ ᠤ ᠬᠢᠵᠠᠭᠠᠷ | ᠭᠡᠵᠦ ᠪᠠᠶᠢᠬᠤ ᠥᠬᠡᠶ᠃ ᠠᠵᠢᠯᠯᠠᠭ᠎ᠠ ᠶᠢᠨ ᠴᠢᠳᠠᠪᠤᠷᠢ ᠥᠬᠡᠶ ᠨᠠᠰᠤᠨ ᠳᠤ ᠥᠯᠥ ᠭᠦᠷᠦᠭᠰᠡᠳ ᠰᠦᠯᠵᠢᠶᠡᠨ ᠳᠤ | ᠭᠠᠷᠬᠤ ᠰᠢᠨ᠎ᠡ ᠭᠠᠷ ᠤᠲᠠᠰᠤᠨ ᠤ ᠺᠠᠷᠲ ᠬᠢᠯᠭᠡᠬᠦ ᠳᠤ ᠵᠣᠬᠢᠬᠤ ᠬᠢᠵᠠᠭᠠᠷᠯᠠᠯ ᠲᠠᠢ ᠪᠠᠶᠢᠬᠤ ᠠᠴᠠ ᠭᠠᠳᠠᠨ᠎ᠠ᠂ | ᠪᠤᠰᠤᠳ ᠬᠥᠮᠦᠰ ᠤᠨ ᠺᠠᠷᠲ ᠬᠢᠯᠬᠡᠬᠦ ᠳᠤ ᠬᠢᠵᠠᠭᠠᠷᠯᠠᠯ ᠬᠡᠵᠦ ᠪᠠᠶᠢᠬᠤ ᠥᠬᠡᠶ᠂ 70 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠴᠤ ᠬᠡᠰᠡᠨ ᠰᠦᠯᠵᠢᠶᠡᠨ ᠳᠤ ᠭᠠᠷᠬᠤ ᠰᠢᠨ᠎ᠡ ᠭᠠᠷ ᠤᠲᠠᠰᠤᠨ ᠤ ᠺᠠᠷᠲ ᠬᠢᠯᠭᠡᠵᠦ ᠪᠣᠯᠤᠨ᠎ᠠ᠃ | | ᠲᠤᠰᠬᠠᠶ ᠮᠡᠷᠭᠡᠵᠢᠯᠲᠡᠨ ᠬᠡᠯᠡᠬᠦ ᠳᠡᠭᠡᠨ᠄ ᠣᠲᠣ ᠣᠯᠠᠩᠬᠢ ᠰᠣᠷᠣᠭᠴᠢ ᠴᠥᠮ ᠬᠢᠨᠠᠨ | ᠬᠠᠮᠠᠭᠠᠯᠠᠭᠴᠢ ᠪᠠᠷ ᠢᠶᠠᠨ ᠭᠠᠷ ᠤᠲᠠᠰᠤᠨ ᠤ ᠺᠠᠷᠲ ᠬᠢᠯᠭᠡᠵᠦ ᠪᠠᠶᠢᠨ᠎ᠠ᠂ ᠭᠡᠪᠡᠴᠦ ᠪᠤᠰᠤᠳ ᠬᠥᠮᠦᠨ ᠤ ᠭᠠᠷ | ᠤᠲᠠᠰᠤᠨ ᠤ ᠺᠠᠷᠲ ᠢᠶᠠᠨ ᠪᠦᠬᠦᠯᠢ 16 ᠨᠠᠰᠤ ᠬᠦᠷᠦᠭᠡᠳᠦᠢ ᠬᠡᠦᠬᠡᠳ ᠲᠤ ᠥᠭᠴᠦ ᠬᠡᠷᠡᠭᠯᠡᠭᠦᠯᠬᠦ ᠶᠢ ᠰᠡᠷᠡᠮᠵᠢᠯᠡᠬᠦ | ᠬᠡᠷᠡᠭᠲᠡᠶ ᠭᠡᠵᠡᠶ᠃ ᠥᠪᠡᠷ ᠤᠨ ᠭᠠᠷ ᠤᠲᠠᠰᠤᠨ ᠤ ᠺᠠᠷᠲ ᠢᠶᠠᠨ ᠰᠠᠶᠢᠲᠤᠷ ᠬᠠᠮᠢᠶᠠᠷᠴᠤ᠂ ᠪᠤᠰᠤᠳ ᠲᠤ ᠪᠤᠶᠤ | ᠥᠪᠡᠷ ᠤᠨ ᠪᠡᠶ᠎ᠡ ᠳᠡᠭᠡᠨ ᠮᠠᠭᠤ ᠨᠥᠯᠥᠭᠡ ᠪᠣᠯᠬᠤ ᠠᠴᠠ ᠰᠡᠷᠭᠡᠶᠢᠯᠡᠬᠦ ᠬᠡᠷᠡᠭᠲᠡᠶ ᠭᠡᠵᠦ ᠬᠡᠷᠡᠭᠯᠡᠭᠴᠢᠳ ᠲᠤ ᠲᠠᠬᠢᠨ | ᠰᠠᠨᠠᠭᠤᠯᠤᠬᠰᠠᠨ ᠪᠠᠶᠢᠨ᠎ᠠ᠃ | ᠢᠷᠡᠯᠳᠡ᠄ ᠠᠷᠠᠳ ᠤᠨ ᠰᠦᠯᠵᠢᠶ᠎ᠡ | ᠳᠡᠪᠰᠢᠭᠦᠯᠦᠭᠴᠢ᠄ ᠬᠠᠶᠢᠷ᠎ᠠ |