ᠠᠮᠢ ᠠᠬᠤᠢ ᠶᠢᠨ ᠡᠬᠢ ᠪᠠᠶᠠᠯᠢᠭ ᠪᠣᠯ ᠠᠯᠲᠠ ᠪᠠᠷ ᠦᠨᠡᠯᠡᠰᠢ ᠦᠭᠡᠢ ᠡᠷᠳᠡᠨᠢ
ᠨᠡᠶᠢᠲᠡᠯᠡᠭᠰᠡᠨ ᠴᠠᠭ᠄
2021/12/15
     ᠠᠮᠢ ᠠᠬᠤᠢ ᠶᠢᠨ ᠡᠬᠢ ᠪᠠᠶᠠᠯᠢᠭ ᠪᠣᠯ ᠠᠯᠲᠠ ᠪᠠᠷ ᠦᠨᠡᠯᠡᠰᠢ ᠦᠭᠡᠢ ᠡᠷᠳᠡᠨᠢ     《ᠠᠭᠤᠯᠠᠨ ᠳᠤ ᠣᠶᠢᠷ᠎ᠠ ᠨᠢ ᠮᠤᠳᠤ ᠲᠦᠯᠡᠨ᠎ᠡ᠂ ᠤᠰᠤᠨ ᠳᠤ ᠣᠶᠢᠷ᠎ᠠ ᠨᠢ ᠵᠢᠭᠠᠰᠣ ᠢᠲᠡᠨ᠎ᠡ》᠃ ᠬᠦᠮᠦᠰ ᠶᠠᠮᠠᠷ ᠣᠷᠴᠢᠨ ᠳᠤ ᠠᠵᠤ ᠲᠦᠷᠦᠪᠡᠯ ᠲᠡᠷᠡ ᠣᠷᠴᠢᠨ ᠨᠦᠬᠦᠴᠡᠯ  ᠤᠨ ᠢᠶᠠᠨ ᠠᠰᠢᠭ  ᠢ  ᠬᠦᠷᠲᠡᠬᠦ ᠶᠢ ᠵᠢᠭᠠᠭᠰᠠᠨ ᠤᠬᠠᠭᠠᠨᠲᠤ ᠮᠡᠷᠭᠡᠳ  ᠤᠨ ᠰᠤᠷᠭᠠᠯ᠃ ᠣᠲᠣ ᠶᠢᠨ ᠬᠡᠯᠡᠯᠭᠡ ᠳᠤ ᠤᠨᠤᠭᠠᠵᠤ ᠦᠬᠦᠯᠡᠪᠡᠯ ᠠᠮᠢ ᠠᠬᠤᠢ ᠣᠷᠴᠢᠨ ᠲᠤᠭᠤᠷᠢᠨ  ᠤ ᠡᠬᠢ ᠪᠠᠶᠠᠯᠢᠭ ᠪᠣᠯ ᠲᠠᠷᠤᠢ ᠠᠵᠤ ᠠᠬᠤᠢ ᠶᠢᠨ ᠡᠬᠢ ᠪᠠᠶᠠᠯᠢᠭ ᠭᠡᠰᠡᠨ ᠦᠭᠡ᠃      ᠠᠮᠢ ᠠᠬᠤᠢ ᠪᠠᠶᠢᠭᠠᠯᠢ ᠣᠷᠴᠢᠨ ᠨᠢ ᠪᠢᠳᠡᠨ ᠳᠤ ᠠᠮᠢᠰᠬᠤᠬᠤ ᠠᠭᠠᠷ᠂ ᠠᠮᠢᠳᠤᠷᠠᠬᠤ ᠬᠡᠷᠡᠭᠰᠡᠯ ᠢ ᠬᠠᠩᠭᠠᠭᠰᠠᠭᠠᠷ ᠢᠷᠡᠭ᠌ᠰᠡᠨ ᠲᠡᠳᠦᠢ ᠦᠭᠡᠢ ᠪᠠᠰᠠ ᠠᠵᠤ ᠦᠢᠯᠡᠳᠪᠦᠷᠢ ᠶᠢᠨ ᠲᠦᠬᠦᠭᠡᠢ  ᠮᠠᠲ᠋ᠧᠷᠢᠶᠠᠯ᠂ ᠨᠦᠭᠡᠴᠡ ᠪᠠᠶᠠᠯᠢᠭ ᠵᠡᠷᠭᠡ ᠶᠢ ᠬᠠᠷᠠᠮ ᠦᠭᠡᠢ  ᠦᠭᠭᠦᠭᠰᠡᠭᠡᠷ ᠢᠷᠡᠵᠡᠢ᠃ ᠶᠠᠬ ᠡᠶᠢᠮᠦ ᠣᠴᠢᠷ ᠠᠴᠠ ᠬᠦᠮᠦᠰ ᠡᠬᠡ ᠪᠠᠶᠢᠭᠠᠯᠢ ᠭᠡᠵᠦ ᠡᠷᠬᠢᠮᠨᠡᠨ ᠬᠦᠨᠳᠦᠳᠬᠡᠲᠡᠭ  ᠤᠨ ᠶᠣᠰᠣᠨ ᠡᠨᠡ ᠪᠣᠶᠣ᠃ ᠶᠡᠷᠦ ᠨᠢ ᠭᠠᠩᠭᠠᠩ ᠪᠠᠶᠢᠭᠠᠯᠢ  ᠭᠠᠶᠢᠬᠠᠮᠰᠢᠭᠳᠤ ᠣᠷᠴᠢᠨ ᠠᠬᠤᠢ ᠭᠡᠵᠦ ᠲᠡᠯᠡᠬᠡᠢ ᠶᠢᠨ ᠪᠦᠮᠪᠦᠷᠴᠡᠭ ᠰᠢᠭ ᠦᠪᠡᠷ  ᠢᠶᠠᠨ ᠲᠠᠲᠠᠬᠤ ᠬᠦᠴᠦᠨ ᠲᠠᠢ ᠪᠠᠶᠢᠵᠤ᠂ ᠤᠷᠤᠰᠢᠨ  ᠰᠠᠭᠤᠷᠢᠰᠢᠭᠰᠠᠨ ᠬᠦᠮᠦᠨ ᠠᠷᠠᠳ ᠲᠠᠭᠠᠨ ᠬᠠᠶᠢᠷ᠎ᠠ ᠪᠠᠨ ᠶᠡᠬᠦᠯᠡᠬᠦ ᠲᠡᠲᠦᠢ ᠦᠭᠡᠢ ᠴᠢᠨᠠᠬᠰᠢᠯᠠᠨ ᠠᠵᠣ ᠠᠬᠤᠢ ᠶᠢᠨ ᠣᠷᠣᠯᠭ᠎ᠠ ᠡᠬᠦᠳᠴᠦ᠂ ᠠᠮᠢ ᠠᠬᠤᠢ ᠣᠷᠴᠢᠨ ᠲᠤᠭᠤᠷᠢᠨ ᠤ ᠡᠬᠢ ᠪᠠᠶᠠᠯᠢᠭ ᠪᠣᠯ ᠠᠵᠤ ᠠᠬᠤᠢ ᠶᠢᠨ ᠡᠬᠢ ᠪᠠᠶᠠᠯᠢᠭ ᠭᠡᠰᠡᠨ ᠮᠡᠷᠭᠡᠨ ᠦᠭᠡ ᠶᠢ ᠭᠡᠷᠡᠴᠢᠯᠠᠵᠦ ᠨᠤᠲᠠᠯᠠᠬᠰᠠᠭᠠᠷ᠃       ᠠᠮᠢ ᠠᠬᠤᠢ ᠶᠢᠨ ᠣᠷᠴᠢᠨ ᠨᠦᠬᠦᠴᠡᠯ  ᠢ ᠬᠠᠮᠠᠭᠠᠯᠠᠬᠤ ᠪᠣᠯ ᠦᠢᠯᠡᠳᠪᠦᠷᠢᠯᠡᠯ  ᠤᠨ ᠬᠦᠴᠦᠨ  ᠢ ᠬᠠᠮᠠᠭᠠᠯᠠᠵᠦ ᠪᠠᠶᠢᠭ᠎ᠠ ᠶᠠᠪᠣᠲᠠᠯ᠂ ᠠᠮᠢ ᠠᠬᠤᠢ ᠶᠢᠨ ᠣᠷᠴᠢᠨ ᠨᠦᠬᠦᠴᠡᠯ  ᠢ ᠰᠠᠶᠢᠵᠢᠷᠠᠭᠤᠯᠬᠤ ᠪᠣᠯ ᠦᠢᠯᠡᠳᠪᠦᠷᠢᠯᠡᠯ  ᠤᠨ ᠬᠦᠴᠦᠨ ᠢ ᠬᠦᠭᠵᠢᠬᠦᠯᠵᠦ ᠪᠠᠶᠢᠭ᠎ᠠ ᠶᠠᠪᠣᠲᠠᠯ ᠮᠦᠨ᠃ ᠵᠠᠭᠤᠴᠢᠯᠠᠭᠤᠷ ᠲᠤ ᠮᠡᠳᠡᠭᠡᠯᠡᠭ᠌ᠰᠡᠨ ᠢᠶᠠᠷ᠂ ᠶᠦᠨᠨᠠᠨ ᠮᠤᠵᠢ ᠶᠢᠨ ᠳ᠋ᠧ ᠬᠤᠩ  ᠤᠨ ᠳ᠋ᠠᠢ ᠦᠨᠳᠦᠰᠦᠲᠡᠨ ᠵᠢᠩᠫᠦ᠋ᠸᠧ ᠦᠨᠳᠦᠰᠦᠲᠡᠨ  ᠤ ᠦᠪᠡᠷᠲᠡᠭᠡᠨ ᠵᠠᠰᠠᠬᠤ ᠵᠸᠦ  ᠶᠢᠨ ᠦᠷᠪᠢᠯᠲᠡᠢ ᠶᠢᠨ ᠬᠤᠰᠢᠭᠤᠲᠤ ᠬᠠᠯᠢᠭᠤᠨ ᠬᠦᠭᠡᠴᠦ ᠵᠢᠯ ᠳᠤ 50 ᠲᠦᠮᠡᠨ ᠲᠦᠬᠦᠷᠢᠭ  ᠤᠨ ᠣᠷᠣᠯᠭ᠎ᠠ ᠡᠭᠦᠳᠲᠡᠭ ᠠᠵᠢ᠃ ᠡᠨᠡ ᠲᠦᠷᠦᠯ  ᠤᠨ ᠰᠢᠪᠠᠭᠤ ᠪᠣᠯ ᠵᠦᠪᠬᠡᠨ ᠶᠦᠨᠨᠠᠨ ᠮᠣᠵᠢ ᠳᠤ ᠣᠷᠣᠰᠢᠨ ᠠᠮᠢᠲᠣᠷᠠᠲᠠᠭ ᠬᠤᠪᠣᠷ ᠴᠤᠬᠠᠭ ᠰᠢᠪᠠᠭᠤᠨ  ᠤ ᠲᠦᠷᠦᠯ ᠪᠤᠯᠬᠤ ᠪᠦᠭᠡᠳ ᠨᠤᠭᠤ ᠭᠠᠵᠠᠷ ᠲᠤ 197 ᠡᠳᠦᠷ ᠠᠮᠠᠷᠠᠳᠠᠭ᠃ ᠳ᠋ᠧ ᠬᠤᠩ  ᠤᠨ ᠳ᠋ᠠᠢ ᠦᠨᠳᠦᠰᠦᠲᠡᠨ ᠵᠢᠩᠫᠦ᠋ᠸᠧ ᠦᠨᠳᠦᠰᠦᠲᠡᠨ ᠤ ᠦᠪᠡᠷᠲᠡᠭᠡᠨ ᠵᠠᠰᠠᠬᠤ ᠵᠸᠦ ᠳᠤ ᠦᠷᠪᠢᠯᠲᠡᠢ ᠶᠢᠨ ᠬᠤᠰᠢᠭᠤᠲᠤ ᠬᠠᠯᠢᠭᠤᠨ ᠬᠦᠭᠡᠴᠦ ᠢᠯᠡᠷᠡᠭ᠌ᠰᠡᠨ ᠰᠣᠷᠠᠭ  ᠢᠶᠠᠷ ᠬᠤᠯᠠ ᠣᠶᠢᠷ᠎ᠠ ᠶᠢᠨ ᠭᠡᠷᠡᠯ ᠵᠢᠷᠤᠭ  ᠤᠨ ᠪᠠᠭ᠋ᠠᠲᠠᠳ ᠪᠤᠯᠤᠨ ᠬᠤᠪᠤᠷ ᠴᠤᠬᠠᠭ ᠠᠮᠢᠳᠠᠨ ᠳᠤ ᠰᠤᠨᠢᠷᠬᠠᠯ ᠲᠠᠢ ᠬᠦᠮᠦᠰ ᠡᠶᠢᠰᠢ ᠪᠠᠨ ᠴᠣᠪᠣᠷᠠᠯᠲᠤᠵᠦ᠂ ᠡᠳᠡᠭᠡᠷ ᠬᠦᠮᠦᠰ  ᠤᠨ ᠢᠳᠡᠵᠦ ᠤᠤᠭᠤᠬᠤ ᠬᠤᠨᠤᠵᠤ  ᠬᠡᠪᠲᠡᠬᠦ ᠵᠡᠷᠭᠡ ᠨᠢ ᠳᠠᠷᠤᠢ ᠲᠣᠬᠠᠢ ᠶᠢᠨ ᠭᠠᠵᠠᠷ ᠲᠤ 50 ᠲᠦᠮᠡᠨ ᠲᠦᠬᠦᠷᠢᠭ  ᠤᠨ ᠠᠵᠤ ᠠᠬᠤᠢ ᠶᠢᠨ ᠠᠰᠢᠭ ᠣᠷᠣᠯᠭ᠎ᠠ ᠣᠯᠭᠤᠳᠠᠭ ᠪᠠᠶᠢᠨ᠎ᠠ᠃ ᠬᠦᠮᠦᠨ ᠬᠢᠭᠡᠳ ᠡᠬᠡ ᠪᠠᠶᠢᠭᠠᠯᠢ ᠡᠶ᠎ᠡ ᠵᠤᠬᠢᠴᠠᠩᠭᠤᠢ ᠬᠠᠮᠲᠤ ᠣᠷᠣᠰᠢᠪᠠᠯ᠂ ᠰᠢᠯᠢᠳᠡᠭ ᠰᠠᠶᠢᠨ ᠠᠮᠢ ᠠᠬᠤᠢ ᠣᠷᠴᠢᠨ ᠲᠤᠭᠤᠷᠢᠨ ᠨᠢ ᠪᠠᠶᠢᠭᠠᠯᠢ ᠶᠢᠨ ᠡᠬᠢ ᠪᠠᠶᠠᠯᠢᠭ ᠪᠣᠯᠬᠤ ᠪᠠᠷ ᠪᠠᠷᠠᠬᠤ ᠦᠭᠡᠢ ᠠᠵᠤ ᠠᠬᠤᠢ ᠶᠢᠨ ᠡᠬᠢ ᠪᠠᠶᠠᠯᠢᠭ ᠪᠣᠯᠳᠠᠭ  ᠢ ᠡᠨᠡ ᠵᠢᠱᠢᠶ᠎ᠡ ᠪᠢᠳᠡᠨ ᠳᠤ ᠦᠭᠦᠯᠡᠨ᠎ᠡ᠃        ᠠᠷᠪᠢᠯᠠᠬᠤ ᠶᠢ ᠠᠮᠠᠰᠠᠷ ᠠᠴᠠ ᠨᠢ ᠭᠡᠳᠡᠭ ᠪᠣᠯ ᠬᠦᠭᠵᠢᠬᠦ ᠳᠤ ᠬᠠᠮᠠᠭᠠᠯᠠᠯᠲᠠ ᠠᠴᠠ ᠭᠠᠷᠳᠠᠬᠤ  ᠬᠡᠷᠡᠭᠲᠡᠢ᠃ ᠠᠮᠢ ᠠᠬᠤᠢ ᠣᠷᠴᠢᠨ ᠲᠤᠭᠤᠷᠢᠨ  ᠢ ᠬᠠᠮᠠᠭᠠᠯᠠᠬᠤ ᠪᠠ ᠠᠵᠤ ᠠᠬᠤᠢ ᠶᠢᠨ  ᠬᠦᠭᠵᠢᠯᠲᠡ ᠶᠢᠨ ᠬᠠᠷᠢᠴᠠᠭ᠎ᠠ ᠶᠢ ᠵᠦᠪ  ᠢᠶᠠᠷ  ᠰᠢᠢᠳᠪᠦᠷᠢᠯᠡᠬᠦ ᠪᠣᠯ  ᠦᠷᠬᠦᠯᠵᠢᠯᠡᠬᠦ ᠬᠦᠭᠵᠢᠯᠲᠡ ᠶᠢ  ᠪᠡᠶᠡᠯᠡᠭᠦᠯᠬᠦ ᠶᠢᠨ ᠲᠤᠲᠤᠭᠠᠳᠤ ᠱᠠᠭᠠᠷᠳᠠᠯᠭ᠎ᠠ ᠪᠦᠭᠡᠳ ᠣᠳᠤᠬᠢᠴᠢᠯᠠᠯᠲᠠ ᠶᠢᠨ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠴᠢᠬᠤᠯᠠ ᠵᠠᠷᠴᠢᠮ ᠪᠣᠯᠬᠤ ᠶᠤᠮ᠃ ᠪᠢᠳᠡ ᠬᠥᠬᠡ ᠠᠭᠤᠯᠠ ᠬᠦᠬᠡᠮᠳᠦᠭ ᠤᠰᠤ ᠪᠣᠯ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠡᠬᠢ ᠪᠠᠶᠠᠯᠢᠭ ᠮᠦᠷᠲᠡᠭᠡᠨ ᠨᠡᠶᠢᠭᠡᠮ  ᠤᠨ ᠡᠬᠢ ᠪᠠᠶᠠᠯᠢᠭ᠂ ᠠᠵᠤ ᠠᠬᠤᠢ ᠶᠢᠨ ᠡᠬᠢ ᠪᠠᠶᠠᠯᠢᠭ ᠪᠣᠯᠬᠤ ᠭᠡᠭᠴᠢ ᠶᠢ ᠬᠦᠢᠴᠡᠳ ᠲᠠᠨᠢᠵᠤ᠂《 ᠬᠥᠬᠡ ᠠᠭᠤᠯᠠ ᠬᠥᠬᠡᠮᠳᠦᠭ ᠤᠰᠤ》 ᠪᠠᠨ  ᠠᠰᠢᠭᠯᠠᠨ ᠠᠵᠤ ᠠᠬᠤᠢ  ᠶᠢᠨ  ᠬᠦᠭᠵᠢᠯᠲᠡ ᠶᠢ ᠳᠠᠶᠢᠴᠢᠯᠠᠵᠤ 《ᠠᠯᠲᠠᠨ ᠠᠭᠤᠯᠠ ᠮᠦᠩᠭᠦᠨ ᠬᠠᠶᠢᠷᠬᠠᠨ》 ᠪᠣᠯᠭᠠᠨ ᠬᠤᠪᠢᠷᠠᠭᠤᠯᠵᠤ᠂  ᠠᠮᠢ ᠠᠬᠤᠢ ᠣᠷᠴᠢᠨ ᠲᠣᠭᠤᠷᠢᠨ  ᠤ ᠲᠠᠪᠠᠭᠤᠯᠢᠭ  ᠢᠶᠠᠨ  ᠬᠦᠭᠵᠢᠯᠲᠡ ᠶᠢᠨ ᠲᠠᠪᠠᠭᠤᠯᠢᠭ ᠪᠣᠯᠭᠠᠬᠤ  ᠬᠡᠷᠡᠭᠲᠡᠢ᠃  ᠲᠡᠭᠡᠬᠦ ᠳᠡᠭᠡᠨ ᠠᠮᠢ ᠠᠬᠤᠢ ᠣᠷᠴᠢᠨ ᠲᠣᠭᠤᠷᠢᠨ  ᠤ ᠵᠢᠮ᠎ᠡ ᠶᠣᠰᠣ ᠶᠢ ᠬᠦᠨᠳᠦᠳᠬᠡᠵᠦ᠂ ᠠᠮᠢ ᠠᠬᠤᠢ ᠶᠢᠨ ᠳᠠᠪᠠᠭᠤᠯᠢᠭ  ᠢᠶᠠᠨ ᠬᠦᠢᠴᠡᠳ  ᠪᠠᠳᠠᠷᠠᠭᠤᠯᠤᠭᠰᠠᠨ ᠤᠷᠢᠳᠠᠯ ᠳᠣᠣᠷ᠎ᠠ ᠡᠬᠢ ᠪᠠᠶᠠᠯᠢᠭ ᠪᠤᠯᠤᠨ ᠡᠨᠧᠷᠬᠢ ᠶᠢ ᠦᠨᠳᠦᠷ ᠪᠦᠲᠦᠮᠵᠢᠲᠡᠢ  ᠠᠰᠢᠭᠯᠠᠪᠠᠯ ᠰᠠᠶ᠋ᠢ ᠠᠮᠢ ᠠᠬᠤᠢ ᠣᠷᠴᠢᠨ ᠲᠤᠭᠤᠷᠢᠨ  ᠤ ᠬᠠᠮᠠᠭᠠᠯᠠᠯᠲᠠ ᠪᠣᠯᠣᠨ ᠠᠵᠤ ᠠᠬᠤᠢ  ᠶᠢᠨ  ᠬᠦᠭᠵᠢᠯᠲᠡ ᠶᠢᠨ ᠵᠦᠪ ᠡᠷᠬᠢᠯᠳᠡᠲᠦ ᠬᠤᠷᠰᠢᠯ  ᠢ  ᠪᠡᠶᠡᠯᠡᠭᠦᠯᠬᠦ ᠪᠤᠯᠤᠨ᠎ᠠ᠃       ᠠᠮᠢ ᠠᠬᠤᠢ ᠶᠢᠨ ᠡᠬᠢ ᠪᠠᠶᠠᠯᠢᠬ ᠪᠣᠯ ᠠᠯᠲᠠ ᠪᠠᠷ ᠦᠨᠡᠯᠡᠰᠢ ᠦᠭᠡᠢ ᠡᠷᠲᠡᠨᠢ᠃ ᠴᠡᠯᠮᠡᠭ ᠲᠡᠭᠷᠢ᠂ ᠲᠣᠩᠭᠠᠯᠠᠬ ᠣᠰᠣ᠂ ᠴᠡᠪᠡᠷ ᠬᠦᠷᠦᠰᠦ ᠪᠠᠨ ᠪᠠᠲᠣ ᠰᠠᠬᠢᠵᠦ ᠬᠠᠮᠠᠭᠠᠯᠠᠪᠠᠯ ᠠᠮᠢ ᠠᠬᠤᠢ ᠶᠢᠨ ᠲᠠᠪᠠᠭᠤᠯᠢᠬ ᠢᠶᠠᠨ ᠠᠵᠦ ᠠᠬᠤᠢ ᠶᠢᠨ ᠲᠠᠪᠠᠭᠤᠯᠢᠬ᠂ ᠬᠦᠭᠵᠢᠯᠲᠡ ᠶᠢᠨ ᠲᠠᠪᠠᠭᠤᠯᠢᠬ ᠪᠣᠯᠭᠠᠨ ᠣᠯᠠᠷᠢᠭᠤᠯᠬᠤ ᠳᠤ ᠡᠨᠡᠦᠬᠡᠨ᠃ᠢᠷᠡᠯᠳᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡᠳᠡᠪᠰᠢᠭᠦᠯᠦᠭᠴᠢ᠄ ᠬᠠᠶᠢᠷ᠎ᠠ
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2