ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠴᠢᠨᠠᠷ ᠰᠠᠶᠢᠳᠠᠢ ᠬᠦᠭᠵᠢᠯᠳᠠ ᠶᠢ ᠡᠷᠡᠰ | ᠭᠤᠶᠢᠪᠢᠰᠢ ᠦᠭᠡᠢ ᠲᠦᠯᠬᠢᠨ ᠠᠬᠢᠭᠤᠯᠵᠦ᠂ ᠲᠦᠷᠪᠡᠳ ᠬᠤᠰᠢᠭᠤᠨ ᠤ ᠤᠳᠤᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢᠨ | ᠰᠢᠨ᠎ᠡ ᠠᠶᠠᠨ ᠳᠤ ᠡᠷᠡᠰ ᠴᠢᠩᠭ᠎ᠠ ᠪᠠᠳᠤᠯᠠᠭ᠎ᠠ ᠬᠠᠩᠭᠠᠰᠤᠭᠠᠢ | — ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ | ᠲᠦᠯᠦᠬᠡᠯᠡᠭᠴᠢᠳ ᠤᠨ ᠶᠡᠭᠡ ᠬᠤᠷᠠᠯ ᠲᠡᠬᠡᠷᠡᠬᠢ ᠮᠡᠳᠡᠬᠦᠯᠦᠯᠳᠠ | ︵2021 ᠤᠨ ᠤ 9 ᠰᠠᠷ᠎ᠠ ᠶᠢᠨ 15 ᠤ ᠡᠳᠦᠷ︶ | ᠯᠤ᠋ ᠸᠧᠨ ᠵᠧᠨ | ᠡᠯ᠎ᠡ ᠲᠦᠯᠦᠬᠡᠯᠡᠭᠴᠢᠳ᠂ ᠨᠦᠬᠦᠳ ᠡ᠄ | ᠪᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠬᠦᠯᠦᠯᠳᠠ ᠬᠢᠶ᠎ᠠ᠂ ᠬᠢᠨᠠᠨ | ᠵᠦᠪᠯᠡᠬᠦ ᠪᠤᠯᠪᠠᠤ᠃ | ᠨᠢᠬᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ | ᠦᠩᠭᠡᠷᠡᠭᠰᠡᠨ ᠲᠠᠪᠤᠨ ᠵᠢᠯ ᠪᠤᠯ ᠪᠦᠬᠦ ᠬᠤᠰᠢᠭᠤᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ | ᠬᠦᠨᠵᠡᠬᠡᠶᠢᠷᠡᠬᠦᠯᠦᠨ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠢᠯᠡᠳᠳᠡ ᠠᠮᠵᠢᠯᠳᠠ ᠤᠯᠤᠭᠰᠠᠨ ᠲᠠᠪᠤᠨ | ᠵᠢᠯ᠂ ᠢᠯᠵᠢᠷᠡᠯ ᠢ ᠡᠰᠡᠷᠬᠦᠴᠡᠬᠦ ᠲᠡᠮᠡᠴᠡᠯ ᠲᠤᠶᠢᠯᠪᠤᠷᠢᠳᠠᠢ ᠠᠮᠵᠢᠯᠳᠠ ᠤᠯᠤᠭᠰᠠᠨ ᠴᠢᠬᠤᠯᠠ ᠲᠠᠪᠤᠨ ᠵᠢᠯ ᠪᠤᠯᠤᠨ᠎ᠠ᠃ | ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠡᠯ᠎ᠡ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ | ᠠᠯᠪᠠᠨ ᠪᠠᠶᠢᠭᠤᠯᠭ᠎ᠠ ᠨᠢ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠲᠡᠬᠡᠷ᠎ᠡ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠤᠯᠤᠨ ᠬᠤᠰᠢᠭᠤ | ᠨᠠᠮ ᠤᠨ ᠬᠤᠷᠢᠶᠠᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ | ᠲᠤᠬᠠᠢ ᠡᠯ᠎ᠡ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠨᠠᠮ ᠤᠨ ᠲᠦᠷᠢᠮ ᠪᠠ | ᠦᠨᠳᠦᠰᠦᠨ ᠬᠠᠤᠯᠢ ᠠᠴᠠ ᠤᠯᠭᠤᠭᠰᠠᠨ ᠡᠬᠦᠷᠬᠡ ᠬᠠᠷᠢᠭᠤᠴᠠᠯᠭ᠎ᠠ ᠶᠢ ᠦᠨᠡᠨᠴᠢ ᠰᠢᠳᠤᠷᠭᠤ ᠪᠠᠷ ᠪᠠᠶᠠᠯᠡᠬᠦᠯᠦᠨ᠂ ︽ | ᠢᠯᠵᠢᠷᠠᠬᠤ ᠠᠴᠠ ᠠᠶᠤᠬᠤ᠂ ᠢᠯᠵᠢᠷᠠᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ︾ ᠪᠠᠶᠢᠳᠠᠯ ᠢ ᠪᠦᠬᠦᠯᠢ | ᠴᠤᠭᠴᠠ ᠪᠠᠷ ᠠᠬᠢᠭᠤᠯᠵᠦ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠠᠵᠢᠯ | ᠤᠨ ᠬᠦᠨᠵᠡᠬᠡᠶᠢᠷᠡᠬᠦᠯᠦᠯᠳᠠ ᠶᠢ ᠡᠷᠡᠰ ᠭᠤᠶᠢᠪᠢᠰᠢ ᠦᠭᠡᠢ ᠠᠬᠢᠭᠤᠯᠤᠨ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ | ᠴᠢᠨᠠᠷ ᠰᠠᠶᠢᠳᠠᠢ ᠬᠦᠭᠵᠢᠯᠳᠠ ᠳᠤ ᠡᠷᠡᠰ ᠴᠢᠩᠭ᠎ᠠ ᠰᠠᠬᠢᠯᠭ᠎ᠠ ᠪᠠᠳᠦ ᠶᠢᠨ ᠪᠠᠳᠤᠯᠠᠭ᠎ᠠ ᠬᠠᠩᠭᠠᠪᠠ᠃ | ︵ᠨᠢᠬᠡ︶ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ᠂ ︽ᠬᠤᠶᠠᠷ ᠢ ᠬᠦᠷᠢᠶᠡᠯᠡᠬᠦ︾ ᠡᠬᠦᠷᠬᠡ ᠬᠠᠷᠢᠭᠤᠴᠠᠯᠭ᠎ᠠ | ᠶᠢ ᠰᠢᠳᠤᠷᠭᠤ ᠪᠠᠷ ᠪᠠᠶᠠᠯᠡᠬᠦᠯᠪᠡ᠃ | ᠰᠢᠨ᠎ᠡ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ | ᠤᠳᠤᠷᠢᠳᠬᠤ ᠪᠠᠭ ᠠᠴᠠ ᠲᠠᠭᠠᠭᠤᠯᠤᠨ ᠨᠠᠮ ᠤᠨ ᠤᠨᠤᠯ ᠱᠤᠭᠤᠮ ᠴᠢᠭᠯᠡᠯᠳᠠ ᠪᠤᠳᠤᠯᠭ᠎ᠠ ᠶᠢ ᠰᠤᠷᠤᠯᠴᠠᠨ | ᠲᠤᠭᠤᠰᠢᠯᠠᠭᠤᠯᠵᠦ᠂ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ᠂ ᠤᠨᠤᠯ | ᠰᠤᠷᠤᠯᠴᠠᠬᠤ ᠭᠤᠤᠯ ᠲᠤᠭᠤᠶᠢᠯᠠᠩ ᠤᠨ ᠬᠤᠷᠠᠯ᠂ ᠨᠠᠮ ᠤᠨ ᠡᠬᠦᠷ ᠤᠨ ᠬᠤᠷᠠᠯ᠂ ᠲᠦᠪᠯᠡᠷᠡᠬᠦᠯᠦᠨ ᠪᠤᠯᠪᠠᠰᠤᠷᠠᠭᠤᠯᠬᠤ | ᠬᠤᠷᠠᠯ᠂ ᠲᠤᠰᠬᠠᠢ ᠰᠡᠳᠦᠪᠳᠦ ᠬᠤᠷᠠᠯ ᠵᠡᠷᠬᠡ ᠪᠠᠷ ᠲᠠᠮᠵᠢᠨ᠂ ᠪᠦᠬᠦ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠠᠵᠢᠯᠳᠠᠳ ᠢ ᠵᠤᠬᠢᠶᠠᠨ ᠪᠠᠶᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠵᠢᠴᠢ | ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ | ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠭᠤᠯᠤᠨ ᠲᠤᠭᠤᠰᠢᠯᠠᠭᠤᠯᠵᠦ᠂ ᠭᠤᠤᠯ ᠠᠭᠤᠯᠭ᠎ᠠ ᠬᠢᠬᠡᠳ | ᠵᠤᠷᠢᠭ ᠰᠠᠨᠠᠭᠠᠨ ᠤ ᠪᠤᠳᠠᠳᠦ ᠴᠢᠨᠠᠷ ᠢ ᠪᠦᠬᠦ ᠲᠠᠯ᠎ᠠ ᠪᠠᠷ ᠤᠨᠤᠪᠴᠢᠳᠠᠢ ᠤᠶᠢᠯᠠᠭᠠᠨ ᠲᠠᠨᠢᠵᠦ᠂ ᠤᠯᠤᠰ ᠲᠦᠷᠦ ᠶᠢᠨ ᠤᠨᠤᠯ | ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠵᠢᠯᠤᠭᠤᠳᠤᠨ ᠦᠢᠯᠡᠳᠦᠯᠬᠡᠵᠢᠬᠦᠯᠬᠦ ᠪᠠ ᠠᠵᠢᠯ ᠢᠶᠠᠨ ᠠᠬᠢᠭᠤᠯᠬᠤ ᠶᠢ | ᠪᠠᠶᠠᠯᠡᠬᠦᠯᠦᠨ᠂ ᠤᠨᠴᠠ ᠴᠤᠯᠭᠤᠷᠠᠭᠰᠠᠨ ᠤᠯᠤᠰ ᠲᠦᠷᠦ ᠶᠢᠨ ᠴᠢᠳᠠᠪᠤᠷᠢ ᠪᠠ ᠪᠤᠳᠠᠳᠦ ᠤᠶᠢᠯᠠ ᠠᠵᠢᠯᠯᠠᠭ᠎ᠠ ᠪᠠᠷ ᠢᠶᠠᠨ ︽ | ᠬᠤᠶᠠᠷ ᠢ ᠬᠦᠷᠢᠶᠠᠯᠡᠬᠦ︾ ᠶᠢ ᠦᠢᠯᠡᠳᠦᠯᠬᠡᠵᠢᠬᠦᠯᠪᠡ᠃ | ᠬᠤᠰᠢᠭᠤ ᠨᠠᠮ ᠤᠨ ᠬᠤᠷᠢᠶ᠎ᠠ ᠯᠤᠭ᠎ᠠ ᠬᠠᠮᠵᠢᠯᠴᠠᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠪᠡ᠃ ᠨᠠᠮ ᠤᠨ ᠬᠤᠷᠢᠶ᠎ᠠ ︵ | ᠨᠠᠮ ᠤᠨ ᠵᠤᠬᠢᠶᠠᠨ ᠪᠠᠶᠢᠭᠤᠯᠤᠯᠳᠠ︶ ᠶᠢᠨ ᠭᠤᠤᠯ ᠬᠠᠷᠢᠭᠤᠴᠠᠯᠭ᠎ᠠ᠂ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠬᠢᠨᠠᠯᠳᠠ | ᠶᠢᠨ ᠬᠠᠷᠢᠭᠤᠴᠠᠯᠭ᠎ᠠ᠂ ᠱᠦᠵᠢ ᠶᠢᠨ ︽ᠨᠢᠬᠡᠳᠦᠬᠡᠷ ᠬᠠᠷᠢᠭᠤᠴᠠᠯᠭᠠᠳᠦ ᠬᠦᠮᠦᠨ ᠤ ᠬᠠᠷᠢᠭᠤᠴᠠᠯᠭ᠎ᠠ︾᠂ ᠤᠳᠤᠷᠢᠳᠬᠤ | ᠪᠠᠭ ᠤᠨ ︽ᠨᠢᠬᠡ ᠠᠵᠢᠯ ᠤᠨ ᠪᠠᠶᠢᠷᠢ ᠳᠠᠬᠢ ᠬᠤᠤᠰ ᠬᠠᠷᠢᠭᠤᠴᠠᠯᠭ᠎ᠠ︾ ᠶᠢ ᠬᠠᠮᠳᠤᠳᠬᠠᠨ ᠪᠦᠬᠦᠯᠢ ᠴᠤᠭᠴᠠ ᠳᠤᠨᠢ | ᠬᠢᠨᠠᠪᠠ᠃ ᠪᠦᠬᠦ ᠬᠤᠰᠢᠭᠤᠨ ᠤ ᠨᠠᠮ ᠢ ᠬᠠᠮᠢᠶᠠᠷᠴᠦ ᠨᠠᠮ ᠢ ᠵᠠᠰᠠᠬᠤ ᠪᠦᠬᠦ ᠲᠠᠯ᠎ᠠ ᠶᠢᠨ ᠴᠢᠨᠠᠷᠳᠠᠢ ᠠᠰᠠᠭᠤᠳᠠᠯ ᠪᠠ | ᠴᠢᠬᠤᠯᠠ ᠶᠡᠭᠡ ᠬᠡᠷᠡᠭ ᠶᠠᠪᠤᠳᠠᠯ ᠳᠤ ᠬᠠᠨᠳᠤᠭᠤᠯᠤᠨ᠂ ᠬᠦᠨᠵᠡᠬᠡᠢ ᠰᠤᠳᠤᠯᠤᠨ ᠪᠦᠬᠦ ᠲᠠᠯ᠎ᠠ ᠶᠢ ᠪᠤᠳᠤᠯᠬᠢᠯᠠᠵᠦ᠂ ᠬᠤᠰᠢᠭᠤ | ᠨᠠᠮ ᠤᠨ ᠬᠤᠷᠢᠶ᠎ᠠ ᠳᠤ ᠪᠦᠬᠦ ᠬᠤᠰᠢᠭᠤᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠢ ᠮᠡᠳᠡᠬᠦᠯᠬᠦ ᠶᠢᠨ ᠬᠠᠮᠳᠦ ᠠᠷᠭ᠎ᠠ ᠪᠤᠳᠤᠯᠭ᠎ᠠ ᠰᠠᠨᠠᠯ ᠵᠦᠪᠯᠡᠯᠬᠡ ᠲᠤᠷᠠᠳᠤᠨ᠂ ᠬᠠᠮᠢᠶ᠎ᠠ ᠪᠦᠬᠦᠢ ᠲᠦᠷᠢᠮ ᠲᠤᠭᠳᠠᠭᠠᠯ ᠢ | ᠲᠤᠭᠳᠠᠭᠠᠵᠦ᠂ ᠬᠤᠰᠢᠭᠤ ᠨᠠᠮ ᠤᠨ ᠬᠤᠷᠢᠶ᠎ᠠ ᠶᠢ ᠬᠠᠪᠰᠤᠷᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠦᠨᠵᠡᠬᠡᠢ | ᠠᠬᠢᠭᠤᠯᠪᠠ᠃ ᠲᠠᠪᠤᠨ ᠵᠢᠯ ᠤᠨ ᠲᠤᠷᠰᠢ᠂ ︽ᠬᠤᠶᠠᠷ ᠬᠠᠷᠢᠭᠤᠴᠠᠯᠭ᠎ᠠ︾ ᠶᠢ ᠪᠤᠳᠠᠳᠠᠶᠢᠵᠢᠭᠤᠯᠤᠭᠰᠠᠨ ᠦᠭᠡᠢ 113 ᠨᠠᠮ | ᠤᠨ ᠬᠡᠰᠢᠬᠦᠨ ᠺᠠᠳ᠋ᠷᠴᠤᠳ ᠠᠴᠠ ᠬᠠᠷᠢᠭᠤᠴᠠᠯᠭ᠎ᠠ ᠨᠡᠬᠡᠮᠵᠢᠯᠡᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠲᠠᠮᠵᠢᠨ᠂ ︽ | ᠬᠤᠶᠠᠷ ᠬᠠᠷᠢᠭᠤᠴᠠᠯᠭ᠎ᠠ︾ ᠶᠢᠨ ᠨᠠᠶᠢᠳᠠᠪᠤᠷᠢᠵᠢᠭᠤᠯᠤᠯᠳᠠ ᠶᠢ ᠪᠤᠳᠠᠳᠠᠶᠢᠵᠢᠭᠤᠯᠪᠠ᠃ ᠢᠯᠵᠢᠷᠡᠯ ᠢ ᠡᠰᠡᠷᠬᠦᠴᠡᠬᠦ | ᠲᠤᠭᠤᠶᠢᠯᠠᠩ ᠤᠨ ᠲᠠᠭᠠᠭᠤᠯᠤᠭᠴᠢ ᠦᠢᠯᠡᠳᠦᠯ ᠢ ᠬᠦᠢᠴᠡᠳ ᠪᠠᠳᠠᠷᠠᠭᠤᠯᠵᠦ᠂ ᠢᠯᠵᠢᠷᠡᠯ ᠢ ᠡᠰᠡᠷᠬᠦᠴᠡᠬᠦ ᠠᠵᠢᠯ ᠢ | ᠲᠠᠰᠤᠷᠠᠯᠳᠠ ᠦᠭᠡᠢ ᠵᠤᠬᠢᠶᠠᠨ ᠪᠠᠶᠢᠭᠤᠯᠤᠨ ᠵᠤᠬᠢᠴᠠᠭᠤᠯᠵᠦ᠂ ᠠᠵᠢᠯ ᠤᠨ ᠲᠦᠷᠢᠮ ᠢ ᠤᠯᠠᠮ ᠨᠢᠬᠡ ᠠᠯᠬᠤᠮ | ᠲᠦᠷᠢᠮᠵᠢᠬᠦᠯᠦᠨ᠂ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠪᠠ᠃ ᠲᠠᠪᠤᠨ ᠵᠢᠯ ᠤᠨ ᠲᠤᠷᠰᠢ᠂ ᠬᠠᠤᠯᠢ ᠶᠢᠨ ᠪᠠᠶᠢᠭᠤᠯᠭ᠎ᠠ | ᠠᠴᠠ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠳᠤ 98 ᠬᠤᠪᠢ ᠠᠰᠠᠭᠤᠳᠠᠯ ᠤᠨ ᠰᠦᠪᠡᠭᠴᠢ ᠬᠠᠩᠭᠠᠨ | ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠠᠴᠠ ᠪᠠᠶᠢᠴᠠᠭᠠᠬᠤ ᠪᠠᠶᠢᠭᠤᠯᠭ᠎ᠠ ᠳᠤ 7 ᠬᠢᠨᠠᠨ | ᠪᠠᠶᠢᠴᠠᠭᠠᠯᠳᠠ ᠶᠢᠨ ᠬᠡᠷᠡᠭ ᠲᠠᠰᠤᠯᠤᠨ ᠬᠦᠷᠬᠡᠵᠦ᠂ ᠢᠯᠵᠢᠷᠡᠯ ᠢ ᠡᠰᠡᠷᠬᠦᠴᠡᠬᠦ ᠠᠵᠢᠯ ᠢ ᠤᠯᠠᠮ ᠡᠷᠴᠢᠮᠵᠢᠬᠦᠯᠪᠠ᠃ | ᠤᠯᠤᠰ ᠲᠦᠷᠦ ᠶᠢᠨ ᠬᠢᠨᠠᠯᠳᠠ ᠶᠢ ᠪᠤᠳᠠᠳᠠᠢ ᠠᠳᠬᠤᠪᠠ᠃ ︽ᠨᠠᠷᠢᠯᠢᠭ ᠤᠨᠤᠪᠴᠢᠳᠠᠢ ᠪᠠᠷ ᠬᠢᠨᠠᠬᠤ ᠤᠨ︾ ᠤ | ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠬᠦᠯᠵᠦ᠂ ︽ᠲᠦᠷᠪᠡᠳ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ | ᠬᠢᠨᠠᠨ ᠪᠠᠶᠢᠴᠠᠭᠠᠬᠤ ᠵᠦᠪᠯᠡᠯ ᠤᠨ ᠤᠯᠤᠰ ᠲᠦᠷᠦ ᠶᠢᠨ ᠬᠢᠨᠠᠯᠳᠠ ᠶᠢᠨ ᠲᠠᠩᠰᠠ︾ ᠶᠢ ᠲᠤᠭᠳᠠᠭᠠᠬᠤ ᠶᠢᠨ ᠬᠠᠮᠳᠦ ᠴᠠᠭ | ᠦᠷᠬᠦᠯᠵᠢ ᠰᠢᠨᠡᠳᠬᠡᠨ᠂ ᠠᠳᠠᠯᠢ ᠱᠠᠳᠤᠨ ᠤ ᠨᠠᠮ ᠤᠨ ᠬᠤᠷᠢᠶ᠎ᠠ ᠪᠠ ᠡᠯ᠎ᠡ ᠭᠠᠵᠠᠷ ᠤᠨ ᠡᠯ᠎ᠡ ᠰᠠᠯᠠᠭ᠎ᠠ ᠮᠦᠴᠢᠷ ᠤᠨ ᠨᠠᠮ | ᠤᠨ ᠬᠤᠷᠢᠶ᠎ᠠ ︵ᠨᠠᠮ ᠤᠨ ᠵᠤᠬᠢᠶᠠᠨ ᠪᠠᠶᠢᠭᠤᠯᠤᠯᠳᠠ︶ ᠶᠢ ᠱᠠᠯᠠᠪᠳᠠᠭᠤᠯᠤᠨ᠂ ︽ᠬᠦᠮᠦᠨ᠂ ᠡᠷᠬᠡ᠂ ᠤᠴᠢᠷ ᠶᠠᠪᠤᠳᠠᠯ︾ ᠢ | ᠬᠢᠨᠠᠮᠠᠭᠠᠢ ᠰᠢᠯᠤᠭᠤᠳᠬᠠᠬᠤ᠂ ᠨᠠᠮ ᠤᠨ ᠵᠤᠬᠢᠶᠠᠨ ᠪᠠᠶᠢᠭᠤᠯᠤᠯᠳᠠ ᠶᠢ ᠨᠠᠷᠢᠯᠢᠭᠵᠢᠭᠤᠯᠤᠨ ᠬᠡᠮᠵᠢᠶᠠᠯᠡᠬᠦ᠂ ᠲᠡᠷᠢᠬᠦᠨ | ᠬᠠᠷᠢᠭᠤᠴᠠᠯᠭᠠᠳᠦ ᠬᠦᠮᠦᠨ ᠪᠠ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠲᠠᠩᠰᠠᠯᠠᠬᠤ ᠵᠡᠷᠬᠡ | ᠶᠢᠨ ᠲᠤᠭᠤᠷᠢᠨ ᠳᠤ᠂ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠠᠶᠢᠷᠢᠯᠠᠭᠤᠯᠤᠯᠳᠠ ᠪᠠ ᠶᠡᠷᠦᠩᠭᠡᠢ | ᠱᠦᠵᠢ ᠰᠢ ᠶᠢᠨ ᠫᠢᠩ ᠤᠨ ᠴᠢᠬᠤᠯᠠ ᠶᠡᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠳᠠ ᠪᠠᠶᠢᠴᠠᠭᠠᠯᠳᠠ ᠶᠢ ᠪᠤᠳᠠᠳᠠᠶᠢᠴᠢᠯᠠᠨ ᠰᠠᠶᠢᠳᠦᠷ | ᠠᠳᠬᠤᠵᠦ᠂ ᠬᠢᠨᠠᠯᠳᠠ ᠶᠢ ᠪᠠᠶᠢᠩᠭᠤᠵᠢᠭᠤᠯᠵᠦ ᠦᠷ᠎ᠡ ᠪᠦᠳᠦᠮᠵᠢ ᠶᠢ ᠨᠡᠮᠡᠭᠳᠡᠬᠦᠯᠪᠡ᠃ ︽ᠠᠳᠠᠯᠢ ᠱᠠᠳᠤᠨ ᠤ ᠬᠢᠨᠠᠯᠳᠠ | ᠶᠢᠨ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠲᠤᠭᠳᠠᠭᠠᠵᠦ᠂ ᠠᠳᠠᠯᠢ ᠱᠠᠳᠤᠨ ᠤ | ᠬᠢᠨᠠᠯᠳᠠ ᠶᠢᠨ ᠪᠤᠳᠠᠳᠠᠶᠢᠵᠢᠭᠤᠯᠤᠯᠳᠠ᠂ ᠲᠦᠷᠢᠮᠵᠢᠬᠦᠯᠦᠯᠳᠠ ᠪᠠ ᠵᠢᠷᠤᠮᠵᠢᠭᠤᠯᠤᠯ ᠢ ᠠᠬᠢᠭᠤᠯᠪᠠ᠃ ᠲᠠᠪᠤᠨ ᠵᠢᠯ ᠤᠨ | ᠲᠤᠷᠰᠢ᠂ ᠪᠦᠬᠦ ᠬᠤᠰᠢᠭᠤᠨ ᠳᠤ ᠤᠯᠤᠰ ᠲᠦᠷᠦ ᠶᠢᠨ ᠰᠠᠬᠢᠯᠭ᠎ᠠ ᠪᠠᠳᠦ ᠶᠢ ᠵᠦᠷᠢᠴᠡᠭᠰᠡᠨ 7 ᠶᠠᠪᠤᠳᠠᠯ ᠢ ᠬᠡᠷᠡᠭ ᠪᠤᠯᠭᠠᠨ | ᠲᠡᠩᠰᠠᠯᠠᠨ ᠪᠠᠶᠢᠴᠠᠭᠠᠨ ᠢᠯᠡᠷᠡᠬᠦᠯᠵᠦ᠂ 7 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠢᠳᠬᠡᠯ ᠦᠵᠡᠬᠦᠯᠪᠠ᠃ | ︽ᠢᠯᠵᠢᠷᠠᠬᠤ ᠠᠴᠠ ᠠᠶᠤᠬᠤ᠂ ᠢᠯᠵᠢᠷᠠᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ︾ ᠪᠠᠶᠢᠳᠠᠯ ᠢ ᠪᠦᠬᠦᠯᠢ | ᠴᠤᠭᠴᠠ ᠪᠠᠷ ᠠᠬᠢᠭᠤᠯᠵᠦ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ ᠲᠤᠶᠢᠯᠪᠤᠷᠢᠳᠠᠢ ᠢᠯᠠᠯᠳᠠ ᠶᠢ ᠲᠠᠰᠤᠷᠠᠯᠳᠠ ᠦᠭᠡᠢ | ᠪᠠᠳᠤᠳᠬᠠᠪᠠ᠃ | ᠬᠡᠷᠡᠭ ᠶᠠᠪᠤᠳᠠᠯ ᠢ ᠪᠠᠭ᠎ᠠ ᠠᠴᠠ ᠨᠢ ᠰᠡᠷᠬᠡᠶᠢᠯᠡᠨ ᠡᠷᠳᠡ ᠠᠴᠠ ᠨᠢ ᠠᠳᠬᠤᠬᠤ ᠶᠢ ᠪᠠᠷᠢᠮᠳᠠᠯᠠᠨ᠎ᠠ᠃ ᠰᠠᠬᠢᠯᠭ᠎ᠠ ᠪᠡᠳᠦ ᠪᠠ | ᠲᠦᠷᠢᠮ ᠲᠤᠭᠳᠠᠭᠠᠯ ᠢ ᠢᠮᠠᠭᠳᠠ ᠡᠮᠦᠨ᠎ᠡ ᠪᠠᠨ ᠲᠠᠯᠪᠢᠨ᠂ ᠨᠠᠮ ᠤᠨ ᠺᠠᠳ᠋ᠷᠴᠤᠳ ᠲᠤ ᠤᠷᠤᠰᠢᠵᠦ ᠮᠡᠳᠡᠬᠦ ᠠᠰᠠᠭᠤᠳᠠᠯ ᠢ | ᠡᠷᠳᠡ ᠠᠴᠠ ᠨᠢ ᠢᠯᠡᠷᠡᠬᠦᠯᠵᠦ ᠡᠷᠳ᠋ᠨ ᠠᠴᠠ ᠨᠢ ᠰᠠᠨᠠᠭᠤᠯᠤᠨ ᠡᠷᠳᠡ ᠠᠴᠠ ᠨᠢ ᠵᠠᠯᠠᠷᠠᠭᠤᠯᠵᠦ᠂ ᠪᠠᠭ᠎ᠠ ᠠᠰᠠᠭᠤᠳᠠᠯ ᠨᠢ | ᠶᠡᠭᠡ ᠬᠡᠷᠡᠭ ᠶᠠᠪᠤᠳᠠᠯ ᠪᠤᠯᠬᠤ ᠶᠢ ᠪᠦᠳᠦᠮᠵᠢᠳᠠᠢ ᠬᠤᠷᠢᠭᠯᠠᠪᠠ᠃ ᠲᠠᠪᠤᠨ ᠵᠢᠯ ᠤᠨ ᠲᠤᠷᠰᠢ᠂ 56 ᠬᠦᠮᠦᠨ ᠲᠠᠢ ᠶᠠᠷᠢᠯᠴᠠᠨ | ᠠᠰᠠᠭᠤᠨ ᠯᠠᠪᠯᠠᠵᠦ᠂ 649 ᠨᠠᠮ ᠤᠨ ᠬᠡᠰᠢᠬᠦᠨ ᠺᠠᠳ᠋ᠷᠴᠤᠳ ᠢ ᠰᠢᠬᠦᠮᠵᠢᠯᠡᠨ ᠬᠦᠮᠦᠵᠢᠬᠦᠯᠵᠦ᠂ 81 ᠬᠦᠮᠦᠨ ᠳᠤ | ᠰᠡᠷᠡᠮᠵᠢ ᠦᠭᠴᠦ᠂ 244 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠬᠦᠩᠭᠡᠨ ᠰᠢᠳᠬᠡᠯ ᠦᠵᠡᠬᠦᠯᠪᠡ᠃ ᠡᠬᠦᠨ ᠤ | ᠬᠠᠮᠳᠦ᠂ 2 ᠪᠤᠳᠠᠳᠦ ᠪᠤᠰᠦ ᠵᠠᠭᠠᠯᠳᠤᠯᠭ᠎ᠠ ᠶᠢ ᠴᠠᠭᠠᠳᠬᠠᠵᠦ᠂ ᠨᠠᠮ ᠤᠨ ᠬᠡᠰᠢᠬᠦᠨ ᠺᠠᠳ᠋ᠷᠴᠤᠳ ᠤᠨ ᠢᠳᠠᠪᠬᠢᠵᠢᠯ ᠢ | ᠬᠠᠮᠤᠭ ᠤᠨ ᠲᠡᠬᠡᠳᠦ ᠬᠡᠮᠵᠢᠶ᠎ᠠ ᠪᠠᠷ ᠬᠠᠮᠠᠭᠠᠯᠠᠨ ᠤᠷᠮᠠᠰᠢᠭᠤᠯᠪᠠ᠃ | ︽ᠲᠦᠷᠪᠡᠨ ᠵᠤᠶᠢᠯ ᠤᠨ ᠬᠡᠯᠪᠡᠷᠢ︾ ᠶᠢ ᠨᠠᠷᠢᠨ ᠤᠨᠤᠴᠢᠳᠠᠢ ᠶᠠᠪᠤᠭᠳᠠᠭᠤᠯᠪᠠ᠃ ᠬᠢᠨᠠᠯᠳᠠ ᠶᠢᠨ ᠠᠵᠢᠯ ᠤᠨ ᠤᠯᠤᠰ | ᠲᠦᠷᠦ ᠶᠢᠨ ᠪᠦᠳᠦᠮᠵᠢ᠂ ᠰᠠᠬᠢᠯᠭ᠎ᠠ ᠪᠠᠳᠦ ᠶᠢᠨ ᠪᠦᠳᠦᠮᠵᠢ ᠪᠠ ᠨᠡᠶᠢᠬᠡᠮ ᠨᠠᠶᠢᠳᠠ ᠶᠢᠨ ᠪᠦᠳᠦᠮᠵᠢ ᠶᠢ ᠬᠠᠮᠤᠭ ᠤᠨ ᠶᠡᠭᠡ | ᠬᠡᠮᠵᠢᠶ᠎ᠠ ᠪᠠᠷ ᠬᠦᠴᠦᠯᠡᠨ ᠪᠠᠶᠠᠯᠡᠬᠦᠯᠪᠡ᠃ ᠵᠠᠯᠬᠠᠭᠠᠯ ᠰᠢᠳᠬᠡᠯ ᠤᠨ ︽ᠲᠦᠷᠪᠡᠨ ᠵᠤᠶᠢᠯ ᠤᠨ ᠬᠡᠯᠪᠡᠷᠢ︾ ᠶᠢ ᠬᠡᠷᠡᠭᠵᠢᠬᠦᠯᠵᠦ | ᠪᠠᠶᠢᠭᠠᠳ ᠨᠠᠶᠢᠳᠠ 1539 ᠨᠠᠮ ᠤᠨ ᠬᠡᠰᠢᠬᠦᠨ ᠺᠠᠳ᠋ᠷᠴᠤᠳ ᠲᠤ ᠰᠢᠳᠬᠡᠯ ᠦᠵᠡᠬᠦᠯᠦᠨ᠂ ᠡᠬᠦᠨ ᠤ ᠲᠤᠳᠤᠷ᠎ᠠ᠂ | ᠨᠢᠬᠡᠳᠦᠬᠡᠷ ᠵᠤᠶᠢᠯ ᠤᠨ ᠬᠡᠯᠪᠡᠷᠢ ᠶᠢ ᠬᠡᠷᠡᠭᠯᠡᠭᠰᠡᠨ ᠨᠢ 1771 ᠬᠦᠮᠦᠨ ᠤᠳᠠᠭ᠎ᠠ᠂ 76.1% ᠡᠵᠡᠯᠡᠵᠦ᠂ ᠬᠤᠶᠠᠳᠤᠭᠠᠷ | ᠵᠤᠶᠢᠯ ᠤᠨ ᠬᠡᠯᠪᠡᠷᠢ ᠶᠢ ᠬᠡᠷᠡᠭᠯᠡᠭᠰᠡᠨ ᠨᠢ 301 ᠬᠦᠮᠦᠨ ᠤᠳᠠᠭ᠎ᠠ᠂ 19.6% ᠶᠢ ᠡᠵᠡᠯᠡᠨ᠂ ᠭᠤᠷᠪᠠᠳᠤᠭᠠᠷ ᠵᠤᠶᠢᠯ ᠤᠨ | ᠬᠡᠯᠪᠡᠷᠢ ᠶᠢ ᠬᠡᠷᠡᠭᠯᠡᠭᠰᠡᠨ ᠨᠢ 36 ᠬᠦᠮᠦᠨ ᠤᠳᠠᠭ᠎ᠠ᠂ 2.3% ᠶᠢ ᠡᠵᠡᠯᠡᠨ᠂ ᠲᠦᠷᠪᠡᠳᠦᠬᠡᠷ ᠵᠤᠶᠢᠯ ᠤᠨ ᠬᠡᠯᠪᠡᠷᠢ ᠶᠢ | ᠬᠡᠷᠡᠭᠯᠡᠭᠰᠡᠨ ᠨᠢ 31 ᠬᠦᠮᠦᠨ ᠤᠳᠠᠭ᠎ᠠ᠂ 2% ᠶᠢ ᠡᠵᠡᠯᠡᠪᠡ᠃ | ᠢᠯᠵᠢᠷᠡᠯ ᠢ ᠵᠠᠯᠬᠠᠭᠠᠬᠤ ᠲᠡᠷᠤᠮᠳᠠᠳᠦ ᠬᠠᠨᠳᠤᠰᠢ ᠶᠢ ᠪᠠᠷᠢᠮᠳᠠᠯᠠᠪᠠ᠃ ᠬᠠᠳᠠᠭᠠᠯᠠᠭᠳᠠᠬᠤ ᠬᠡᠮᠵᠢᠶ᠎ᠠ ᠶᠢ ᠬᠠᠰᠤᠵᠦ᠂ ᠨᠡᠮᠡᠭᠳᠡᠬᠦ | ᠬᠡᠮᠵᠢᠶ᠎ᠠ ᠶᠢ ᠬᠤᠷᠢᠭᠯᠠᠬᠤ ᠶᠢ ᠭᠤᠤᠯᠳᠠᠯᠭ᠎ᠠ ᠲᠠᠢ ᠲᠤᠪᠤᠶᠢᠯᠭᠠᠨ᠂ ᠰᠠᠬᠢᠯᠭ᠎ᠠ ᠲᠦᠷᠢᠮ ᠢ ᠵᠦᠷᠢᠴᠡᠭᠰᠡᠨ ᠨᠢᠬᠡ ᠶᠢ | ᠢᠯᠡᠷᠡᠬᠦᠯᠪᠡᠯ ᠨᠢᠬᠡ ᠶᠢ ᠰᠢᠢᠳᠬᠡᠵᠦ᠂ ᠤᠭᠳᠦ ᠢᠯᠳᠡᠷ ᠬᠠᠶᠠᠬᠤ ᠦᠭᠡᠢ᠃ ︽ᠬᠡᠷᠡᠭ ᠶᠠᠪᠤᠳᠠᠯ ᠢ ᠦᠨᠳᠦᠷ ᠪᠦᠳᠦᠮᠵᠢᠳᠠᠢ | ᠪᠠᠷ ᠡᠷᠬᠢᠯᠡᠬᠦ ᠤᠨ︾ ᠤ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠬᠦᠯᠦᠨ᠂ ᠬᠡᠷᠡᠭ ᠶᠠᠪᠤᠳᠠᠯ ᠢ ᠪᠠᠶᠢᠴᠠᠭᠠᠨ ᠰᠢᠢᠳᠬᠡᠬᠦ | ᠶᠠᠰᠦ ᠴᠢᠨᠠᠷ ᠢ ᠪᠦᠬᠦ ᠲᠠᠯ᠎ᠠ ᠪᠠᠷ ᠲᠡᠬᠡᠭᠰᠢᠯᠡᠬᠦᠯᠪᠠ᠃ ᠲᠠᠪᠤᠨ ᠵᠢᠯ ᠤᠨ ᠲᠤᠷᠰᠢ᠂ ᠨᠠᠶᠢᠳᠠ 761 ᠬᠡᠷᠡᠭ ᠰᠦᠪᠡᠭᠴᠢ ᠶᠢ | ᠰᠢᠢᠳᠪᠦᠷᠢᠯᠡᠵᠦ᠂ 325 ᠶᠢ ᠨᠢ ᠬᠡᠷᠡᠭ ᠪᠤᠯᠭᠠᠨ ᠲᠠᠩᠰᠠᠯᠠᠵᠦ᠂ 327 ᠬᠦᠮᠦᠨ ᠶᠢ ᠨᠠᠮ ᠤᠨ ᠰᠠᠬᠢᠯᠭ᠎ᠠ ᠪᠠᠳᠦ ᠵᠠᠰᠠᠭ ᠤᠨ | ᠶᠠᠪᠤᠳᠠᠯ ᠤᠨ ᠰᠢᠳᠬᠡᠯ ᠦᠵᠡᠬᠦᠯᠦᠨ᠂ 650 ᠬᠦᠮᠦᠨ ᠳᠤ ᠵᠤᠬᠢᠶᠠᠨ ᠪᠠᠶᠢᠭᠤᠯᠤᠯᠳᠠ ᠶᠢᠨ ᠰᠢᠳᠬᠡᠯ ᠦᠭᠴᠦ᠂ 10 | ᠬᠦᠮᠦᠨ ᠳᠤ ᠦᠯᠡᠳᠡᠬᠡᠬᠦ ᠠᠷᠭ᠎ᠠ ᠬᠡᠯᠪᠡᠷᠢ ᠶᠢ ᠠᠪᠴᠦ᠂ 7 ᠬᠦᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠦᠷᠬᠡᠨ᠂ | ᠬᠦᠴᠦᠷᠬᠡᠭ ᠶᠡᠭᠡ ᠬᠡᠯᠮᠡᠭᠳᠡᠬᠦᠯᠦᠯ ᠤᠨ ᠬᠦᠴᠦᠨ ᠢ ᠪᠤᠢ ᠪᠤᠯᠭᠠᠵᠦ᠂ ︽ᠢᠯᠵᠢᠷᠡᠬᠤ ᠠᠴᠠ ᠠᠶᠤᠬᠤ︾ ᠶᠢᠨ ᠤᠷᠢᠳᠠᠯ ᠢ | ᠪᠠᠶᠠᠯᠡᠬᠦᠯᠪᠠ᠃ | ᠬᠡᠷᠡᠭ ᠶᠠᠪᠤᠳᠠᠯ ᠢᠶᠠᠷ ᠦᠬᠡᠷᠡᠴᠢᠯᠡᠯᠳᠠ ᠶᠢ ᠠᠬᠢᠭᠤᠯᠬᠤ ᠶᠢ ᠬᠦᠨᠵᠡᠬᠡᠶᠢᠷᠡᠬᠦᠯᠦᠨ ᠪᠠᠶᠠᠯᠡᠬᠦᠯᠪᠡ᠃ ︽ᠬᠡᠷᠡᠭ ᠶᠠᠪᠤᠳᠠᠯ ᠢᠶᠠᠷ | ᠦᠬᠡᠷᠡᠴᠢᠯᠡᠯᠳᠠ ᠶᠢ ᠠᠬᠢᠭᠤᠯᠬᠤ ᠵᠠᠰᠠᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠬᠡᠷᠡᠭ ᠪᠤᠯᠭᠠᠨ ᠢ | ᠳ᠋ᠦᠩᠨᠠᠵᠦ᠂ ᠬᠡᠷᠡᠭ ᠪᠤᠯᠭᠠᠨ ᠳᠤ ᠰᠡᠷᠡᠮᠵᠢᠬᠦᠯᠦᠯ ᠦᠭᠴᠦ᠂ ᠬᠡᠷᠡᠭ ᠪᠤᠯᠭᠠᠨ ᠢ ᠬᠠᠯᠠᠨ ᠵᠠᠰᠠᠬᠤ ᠶᠢ ᠪᠠᠷᠢᠮᠳᠠᠯᠠᠨ᠂ ᠬᠡᠷᠡᠭ | ᠶᠠᠪᠤᠳᠠᠯ ᠢᠶᠠᠷ ᠦᠬᠡᠷᠡᠴᠢᠯᠡᠯᠳᠠ ᠶᠢ ᠠᠬᠢᠭᠤᠯᠬᠤ ᠶᠢ ᠲᠦᠷᠢᠮᠵᠢᠬᠦᠯᠵᠦ ᠪᠠᠶᠢᠩᠭᠤᠵᠢᠭᠤᠯᠪᠠ᠃ 98 ᠬᠤᠪᠢ ᠰᠠᠬᠢᠯᠭ᠎ᠠ ᠪᠠᠳᠦ | ᠶᠢᠨ ᠪᠠᠶᠢᠴᠠᠭᠠᠯᠳᠠ ᠶᠢᠨ ᠰᠠᠨᠠᠭᠤᠯᠭ᠎ᠠ ᠪᠠ 37 ᠬᠤᠪᠢ ᠬᠢᠨᠠᠨ ᠪᠠᠶᠢᠴᠠᠭᠠᠬᠤ ᠰᠠᠨᠠᠭᠤᠯᠭ᠎ᠠ ᠪᠠᠭᠤᠯᠭᠠᠵᠦ᠂ ᠰᠠᠨᠠᠯ ᠵᠦᠪᠯᠡᠯᠬᠡ | ᠵᠢᠴᠢ ᠰᠢᠢᠳᠪᠦᠷᠢᠯᠡᠬᠦ ᠠᠷᠭ᠎ᠠ ᠲᠦᠰᠦᠯ ᠢ ᠴᠠᠭ ᠲᠤᠬᠠᠢ ᠳᠤᠨᠢ ᠲᠤᠷᠠᠳᠤᠨ ᠭᠠᠷᠭᠠᠵᠦ᠂ ᠡᠬᠦᠨ ᠤ ᠲᠠᠭᠠᠤ ᠰᠠᠨᠠᠭᠤᠯᠭ᠎ᠠ ᠶᠢᠨ | ᠪᠢᠴᠢᠭ ᠢ ᠬᠡᠷᠡᠭᠵᠢᠬᠦᠯᠦᠭᠰᠡᠨ ᠪᠠᠶᠢᠳᠠᠯ ᠤᠨ ᠪᠦᠬᠦ ᠶᠠᠪᠤᠴᠠ ᠶᠢ ᠮᠦᠷᠳᠡᠨ ᠱᠠᠯᠠᠪᠳᠠᠭᠤᠯᠵᠦ᠂ ᠬᠠᠮᠢᠶ᠎ᠠ ᠪᠦᠬᠦᠢ ᠭᠠᠵᠠᠷ | ᠤᠷᠤᠨ ᠪᠤᠯᠤᠨ ᠰᠠᠯᠠᠭ᠎ᠠ ᠮᠦᠴᠢᠷ ᠤᠨ ᠵᠠᠰᠠᠯᠳᠠ ᠨᠠᠶᠢᠳᠠᠪᠤᠷᠢᠵᠢᠭᠤᠯᠤᠯᠳᠠ ᠶᠢ ᠰᠠᠶᠢᠳᠦᠷ ᠠᠳᠬᠤᠬᠤ᠂ ᠲᠦᠷᠢᠮ | ᠲᠤᠭᠳᠠᠭᠠᠯ ᠤᠨ ᠰᠤᠭᠤᠭ ᠬᠡᠮ ᠢ ᠪᠦᠭᠯᠡᠬᠦ ᠵᠢᠴᠢ ᠬᠠᠮᠢᠶᠠᠷᠤᠯᠳᠠ ᠶᠢᠨ ᠲᠤᠳᠠᠭᠤᠳᠠᠯ ᠢᠶᠠᠨ ᠨᠦᠬᠦᠪᠦᠷᠢᠯᠡᠬᠦ ᠶᠢ ᠨᠢ | ᠠᠬᠢᠭᠤᠯᠵᠦ᠂ ︽ᠢᠯᠵᠢᠷᠡᠵᠦ ᠪᠤᠯᠬᠤ ᠦᠭᠡᠢ︾ ᠶᠢᠨ ᠵᠠᠩᠭᠢᠯᠠᠭ᠎ᠠ ᠶᠢ ᠨᠠᠷᠢᠯᠢᠭᠵᠢᠭᠤᠯᠪᠠ᠃ | ᠰᠡᠷᠡᠮᠵᠢᠯᠡᠨ ᠬᠦᠮᠦᠵᠢᠬᠦᠯᠬᠦ ᠪᠠ ᠴᠢᠬᠡᠴᠢ ᠵᠠᠰᠠᠭ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠪᠠ᠃ ᠪᠦᠬᠦ | ᠬᠤᠰᠢᠭᠤᠨ ᠤ ᠤᠳᠤᠷᠢᠳᠬᠤ ᠺᠠᠳ᠋ᠷᠴᠤᠳ ᠤᠨ ᠬᠤᠷᠠᠯ ᠢ ᠡᠷᠬᠢᠯᠡᠬᠦ᠂ ︽ᠤᠮᠠᠷᠠᠳᠦ ᠶᠢᠨ ᠬᠤᠰᠢᠭᠤᠴᠢ ᠨᠠᠮ ᠤᠨ | ᠪᠠᠶᠢᠭᠤᠯᠤᠯᠳᠠ ᠶᠢᠨ ᠰᠢᠭᠤᠳ ᠨᠡᠪᠳᠡᠷᠡᠬᠦᠯᠬᠡ︾ ᠶᠢ ᠠᠰᠢᠭᠯᠠᠬᠤ ᠵᠡᠷᠬᠡ ᠬᠡᠯᠪᠡᠷᠢ ᠪᠠᠷ ᠲᠠᠮᠵᠢᠨ 60 ᠢᠯᠡᠬᠦᠦ ᠤᠳᠠᠭᠠᠨ ᠤ | ᠲᠦᠪᠯᠡᠷᠡᠬᠦᠯᠦᠨ ᠰᠡᠷᠡᠮᠵᠢᠬᠦᠯᠬᠦ ᠬᠦᠮᠦᠵᠢᠯ ᠦᠷᠨᠢᠬᠦᠯᠵᠦ᠂ ᠡᠯ᠎ᠡ ᠬᠤᠰᠢᠭᠤᠨ ᠤ ᠰᠢᠭᠤᠳ ᠬᠠᠷᠢᠶ᠎ᠠ ᠠᠯᠪᠠᠨ ᠪᠠᠶᠢᠭᠤᠯᠭ᠎ᠠ | ᠳᠤ ᠬᠦᠨᠵᠡᠬᠡᠶᠢᠷᠡᠨ 11 ᠤᠳᠠᠭᠠᠨ ᠤ ᠴᠢᠬᠡᠴᠢ ᠵᠠᠰᠠᠭ ᠤᠨ ᠲᠤᠭᠤᠷᠢᠨ ᠲᠠᠶᠢᠯᠪᠤᠷᠢᠯᠠᠯᠳᠠ ᠦᠷᠨᠢᠬᠦᠯᠦᠨ᠂ 20 ᠤᠳᠠᠭᠠᠨ | ᠤ ᠴᠢᠬᠡᠴᠢ ᠵᠠᠰᠠᠭ ᠤᠨ ᠤᠷᠠᠨ ᠰᠠᠶᠢᠬᠠᠨ ᠤ ᠲᠤᠭᠯᠠᠯᠳᠠ ᠶᠠᠪᠤᠭᠳᠠᠭᠤᠯᠵᠦ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ | ᠢ ᠱᠠᠯᠠᠪᠳᠠᠭᠤᠯᠤᠨ᠂ ᠲᠤᠬᠠᠢ ᠶᠢᠨ ᠭᠠᠵᠠᠷ ᠪᠤᠯᠤᠨ ᠠᠵᠢᠯ ᠲᠦᠷᠦᠯ ᠤᠨ ᠪᠤᠳᠠᠳᠠᠢ ᠲᠠᠢ ᠪᠠᠨ ᠤᠶᠠᠯᠳᠤᠭᠤᠯᠵᠦ ᠪᠠᠶᠢᠭᠠᠳ | ᠴᠢᠬᠡᠴᠢ ᠵᠠᠰᠠᠭ ᠤᠨ ᠰᠡᠷᠡᠮᠵᠢᠬᠦᠯᠦᠯ ᠬᠦᠮᠦᠵᠢᠯ ᠢ ᠬᠦᠨᠵᠡᠬᠡᠢ ᠦᠷᠨᠢᠬᠦᠯᠵᠦ᠂ ᠨᠠᠮ ᠤᠨ ᠬᠡᠰᠢᠬᠦᠨ ᠺᠠᠳ᠋ᠷᠴᠤᠳ ᠢ | ᠲᠠᠭᠠᠭᠤᠯᠤᠨ ᠰᠠᠬᠢᠯᠭ᠎ᠠ ᠪᠠᠳᠦ ᠪᠠᠷ ᠪᠠᠶ᠎ᠠ ᠪᠠᠨ ᠴᠢᠩᠭ᠎ᠠ ᠱᠠᠭᠠᠷᠳᠠᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ | ᠪᠠᠳᠤᠯᠠᠪᠠ᠃ ᠤᠯᠠᠭᠠᠨᠬᠤᠸᠠ ᠪᠠᠯᠭᠠᠰᠤᠨ ᠤ ᠤᠯᠠᠭᠠᠨᠬᠤᠸᠠ ᠴᠡᠴᠡᠷᠯᠢᠭ ᠪᠤᠯᠤᠨ ᠱᠧᠨ ᠵᠧᠦ ᠠᠭᠤᠳᠠᠮ ᠲᠠᠯᠠᠪᠠᠢ ᠶᠢᠨ | ᠴᠢᠬᠡᠴᠢ ᠵᠠᠰᠠᠭ ᠤᠨ ᠰᠤᠶᠤᠯ ᠤᠨ ᠬᠤᠩᠭᠢᠯ᠂ ᠳ᠋ᠦᠩ ᠪᠠ ᠬᠤᠤ ᠰᠢᠶᠠᠩ ᠤᠨ ᠴᠢᠬᠡᠴᠢ ᠵᠠᠰᠠᠭ ᠤᠨ ᠰᠤᠶᠤᠯ ᠤᠨ ᠰᠠᠭᠤᠷᠢᠨ | ᠂ ᠬᠤᠰᠢᠭᠤᠨ ᠤ ᠴᠢᠬᠡᠴᠢ ᠵᠠᠰᠠᠭ ᠤᠨ ᠬᠦᠮᠦᠵᠢᠯ ᠤᠨ ᠬᠠᠮᠢᠶᠠᠷᠤᠯᠳᠠ ᠶᠢᠨ ᠲᠦᠪ ᠵᠡᠷᠬᠡ ᠶᠢ ᠪᠠᠶᠢᠭᠤᠯᠤᠨ ᠲᠠᠭᠤᠰᠬᠠᠵᠦ᠂ | ᠴᠢᠬᠡᠴᠢ ᠵᠠᠰᠠᠭ ᠤᠨ ᠲᠠᠶᠢᠯᠪᠤᠷᠢᠯᠠᠯ᠂ ᠴᠢᠬᠡᠴᠢ ᠵᠠᠰᠠᠭ ᠤᠨ ᠤᠷᠠᠨ ᠪᠢᠴᠢᠯᠬᠡ ᠶᠢᠨ ᠦᠵᠡᠬᠦᠯᠦᠯᠬᠡ ᠵᠡᠷᠬᠡ ᠶᠢ | ᠶᠠᠪᠤᠭᠳᠠᠭᠤᠯᠵᠦ᠂ ︽ᠢᠯᠵᠢᠷᠡᠬᠤ ᠶᠢ ᠪᠤᠳᠤᠬᠤ ᠦᠭᠡᠢ︾ ᠶᠢᠨ ᠦᠨᠳᠦᠰᠦ ᠶᠢ ᠬᠦᠨᠵᠡᠬᠡᠶᠢᠷᠡᠬᠦᠯᠪᠡ᠃ | ︵ᠭᠤᠷᠪᠠ︶ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠦ ᠶᠢ ᠴᠢᠩᠭᠠᠯᠠᠨ᠂ ᠰᠤᠷᠳᠠᠯ ᠤᠨ ᠪᠠᠶᠢᠭᠤᠯᠤᠯᠳᠠ ᠶᠢᠨ ᠦᠷ᠎ᠡ | ᠪᠦᠳᠦᠮᠵᠢ ᠶᠢ ᠦᠷᠬᠦᠯᠵᠢᠯᠡᠨ ᠪᠠᠬᠢᠵᠢᠬᠦᠯᠪᠡ | ᠲᠦᠪ ᠤᠨ ᠨᠠᠢᠮᠠᠨ ᠵᠤᠶᠢᠯ ᠤᠨ ᠲᠤᠭᠳᠠᠭᠠᠯ ᠤᠨ ᠵᠤᠷᠢᠭ ᠰᠠᠨᠠᠭ᠎ᠠ ᠶᠢ ᠬᠦᠨᠵᠡᠬᠡᠢ ᠨᠠᠶᠢᠳᠠᠪᠤᠷᠢᠵᠢᠭᠤᠯᠪᠠ᠃ ᠬᠠᠭᠤᠴᠢᠨ | ᠠᠰᠠᠭᠤᠳᠠᠯ ᠳᠤ ᠲᠦᠪᠯᠡᠷᠡᠬᠦᠯᠦᠨ ᠰᠢᠨ᠎ᠡ ᠪᠠᠶᠢᠳᠠᠯ ᠢ ᠠᠩᠬᠠᠷᠴᠦ᠂ ᠵᠠᠩᠭᠢᠯᠠᠭ᠎ᠠ ᠶᠢᠨ ᠴᠦᠬᠡᠨ ᠲᠤᠭ᠎ᠠ ᠳᠤ ᠰᠠᠨᠠᠭᠠᠰᠢᠷᠠᠨ᠂ | ᠭᠤᠤᠯᠳᠠᠯᠭ᠎ᠠ ᠲᠠᠢ ᠵᠤᠶᠢᠯᠡᠰ ᠪᠠ ᠪᠠᠭᠤᠷᠠᠢ ᠭᠤᠭᠴᠤᠭ᠎ᠠ ᠶᠢ ᠠᠩᠬᠠᠷᠴᠦ᠂ ᠬᠢᠨᠠᠯᠳᠠ ᠵᠠᠰᠠᠯᠳᠠ ᠶᠢ ᠪᠠᠷᠢᠮᠳᠠᠯᠠᠨ ᠠᠳᠬᠤᠪᠠ᠃ | ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠠᠴᠠ ᠵᠦᠷᠢᠴᠡᠭᠰᠡᠨ ᠨᠠᠶᠢᠳᠠ 18 ᠬᠡᠷᠡᠭ ᠢ ᠪᠠᠶᠢᠴᠠᠭᠠᠨ | ᠢᠯᠡᠷᠡᠬᠦᠯᠵᠦ᠂ 19 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠳᠬᠡᠯ ᠦᠭᠴᠦ᠂ 2 ᠬᠦᠮᠦᠨ ᠳᠤ ᠵᠤᠬᠢᠶᠠᠨ | ᠪᠠᠶᠢᠭᠤᠯᠤᠯᠳᠠ ᠠᠴᠠ ᠰᠢᠢᠳᠪᠦᠷᠢ ᠦᠭᠴᠦ᠂ 18 ᠬᠡᠷᠡᠭ ᠤᠨ 21 ᠬᠦᠮᠦᠨ ᠢ ᠮᠡᠳᠡᠬᠡᠯᠡᠵᠦ ᠢᠯᠡ ᠪᠤᠯᠭᠠᠪᠠ᠃ ᠰᠤᠷᠳᠠᠯ | ᠤᠨ ᠲᠠᠯ᠎ᠠ ᠤᠨ 56 ᠠᠰᠠᠭᠤᠳᠠᠯ ᠰᠦᠪᠡᠭᠴᠢ ᠶᠢ ᠢᠯᠡᠷᠡᠬᠦᠯᠦᠨ᠂ 112 ᠬᠦᠮᠦᠨ ᠳᠤ ᠰᠢᠳᠬᠡᠯ ᠦᠭᠪᠠ᠃ | ᠬᠡᠯᠪᠡᠷᠢᠴᠢ ᠦᠵᠡᠯ᠂ ᠨᠤᠶᠠᠨᠴᠢ ᠦᠵᠡᠯ ᠤᠨ ᠠᠰᠠᠭᠤᠳᠠᠯ ᠢ ᠴᠢᠩᠭ᠎ᠠ ᠰᠢᠢᠳᠪᠦᠷᠢᠯᠡᠪᠡ᠃ ᠪᠦᠬᠦ ᠲᠠᠯ᠎ᠠ ᠪᠠᠷ ᠮᠦᠷᠳᠡᠨ | ᠪᠠᠶᠢᠴᠠᠭᠠᠬᠤ᠂ ᠭᠤᠤᠯᠳᠠᠯᠭ᠎ᠠ ᠲᠠᠢ ᠱᠠᠭᠠᠷᠳᠠᠨ ᠪᠠᠶᠢᠴᠠᠭᠠᠬᠤ᠂ ᠬᠡᠨᠡᠳᠡᠬᠦᠯᠦᠨ ᠰᠤᠭᠤᠯᠤᠨ ᠪᠠᠶᠢᠴᠠᠭᠠᠬᠤ ᠵᠡᠷᠬᠡ ᠠᠷᠭ᠎ᠠ | ᠬᠡᠯᠪᠡᠷᠢ ᠪᠠᠷ ᠭᠤᠤᠯ ᠴᠤᠭᠴᠠᠳᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠲᠦᠷᠦᠯ ᠳᠠᠬᠢ ᠬᠢᠨᠠᠯᠳᠠ | ᠶᠢ ᠪᠤᠳᠠᠳᠠᠶᠢᠵᠢᠭᠤᠯᠤᠭᠰᠠᠨ ᠦᠭᠡᠢ ᠵᠢᠴᠢ ᠺᠠᠳ᠋ᠷ ᠠᠵᠢᠯᠳᠠᠳ ᠤᠨ ᠠᠵᠢᠯ ᠤᠨ ᠰᠤᠷᠳᠠᠯ ᠴᠢᠩᠭ᠎ᠠ ᠪᠤᠰᠦ ᠵᠡᠷᠬᠡ ᠪᠠᠶᠢᠳᠠᠯ ᠢ | ᠪᠠᠶᠢᠴᠠᠭᠠᠨ ᠴᠢᠩᠭᠠᠳᠬᠠᠵᠦ᠂ ᠬᠡᠯᠪᠡᠷᠢᠴᠢ ᠦᠵᠡᠯ ᠪᠠ ᠨᠤᠶᠠᠨᠴᠢ ᠦᠵᠡᠯ ᠢ ᠬᠦᠴᠦᠯᠠᠨ ᠴᠡᠭᠴᠡᠯᠡᠪᠡ᠃ ᠬᠠᠮᠢᠶ᠎ᠠ ᠪᠦᠬᠦᠢ | 180 ᠠᠰᠭᠤᠳᠠᠯ ᠰᠦᠪᠡᠭᠴᠢ ᠶᠢ ᠢᠯᠡᠷᠡᠬᠦᠯᠦᠨ ᠰᠢᠢᠳᠪᠦᠷᠢᠯᠡᠵᠦ᠂ 94 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ | ᠤᠨ ᠶᠠᠪᠤᠳᠠᠯ ᠤᠨ ᠰᠢᠢᠳᠬᠡᠯ ᠦᠭᠴᠦ᠂ 108 ᠬᠦᠮᠦᠨ ᠪᠠ 18 ᠨᠠᠮ ᠤᠨ ᠵᠤᠬᠢᠶᠠᠨ ᠪᠠᠶᠢᠭᠤᠯᠤᠯᠳᠠ ᠢ ᠵᠤᠬᠢᠶᠠᠨ | ᠪᠠᠶᠢᠭᠤᠯᠤᠨ ᠰᠢᠢᠳᠬᠡᠵᠦ᠂ 55 ᠬᠡᠷᠡᠭ ᠶᠠᠪᠤᠳᠠᠯ ᠤᠨ 88 ᠬᠦᠮᠦᠨ᠂ 10 ᠨᠠᠮ ᠤᠨ ᠵᠤᠬᠢᠶᠠᠨ ᠪᠠᠶᠢᠭᠤᠯᠤᠯᠳᠠ ᠶᠢ | ᠮᠡᠳᠡᠬᠡᠯᠡᠨ ᠢᠯᠡᠷᠬᠡᠶᠢᠯᠡᠪᠡ᠃ | ︵ᠲᠦᠷᠪᠡ︶ ᠲᠤᠬᠠᠢ ᠲᠦᠷᠦᠯ ᠤᠨ ᠵᠠᠰᠠᠯᠳᠠ ᠶᠢ ᠬᠦᠨᠵᠡᠬᠡᠢ ᠠᠬᠢᠭᠤᠯᠵᠦ᠂ ᠤᠯᠠᠨ ᠲᠦᠮᠡᠨ ᠤ ᠲᠡᠷᠬᠡᠳᠡᠬᠢ ᠢᠯᠵᠢᠷᠠᠯ ᠪᠠ | ᠲᠦᠪ ᠪᠤᠰᠦ ᠰᠤᠷᠳᠠᠯ ᠢ ᠡᠷᠡᠰ ᠴᠢᠩᠭ᠎ᠠ ᠵᠠᠯᠬᠠᠭᠠᠨ ᠰᠢᠢᠳᠪᠦᠷᠢᠯᠡᠪᠡ | ︽ᠦᠩᠭᠡᠷᠡᠬᠦ ᠭᠠᠯᠠᠭᠤᠨ ᠤ ᠦᠳᠦ ᠶᠢ ᠨᠢ ᠦᠭᠳᠡᠬᠡᠬᠦ︾ ᠮᠡᠳᠦ ᠶᠢᠨ ᠢᠯᠵᠢᠷᠡᠯ ᠤᠨ ᠠᠰᠠᠭᠤᠳᠠᠯ ᠢ ᠲᠦᠪᠯᠡᠷᠡᠬᠦᠯᠦᠨ | ᠴᠡᠭᠴᠡᠯᠡᠪᠡ᠃ ᠨᠠᠶᠢᠳᠠ 12 ᠬᠡᠷᠡᠭ ᠢ ᠢᠯᠡᠷᠡᠬᠦᠯᠵᠦ᠂ ᠪᠦᠬᠦᠨ ᠢ ᠨᠢ ᠬᠡᠷᠡᠭ ᠪᠤᠯᠭᠠᠨ ᠲᠠᠩᠰᠠᠯᠠᠨ ᠰᠢᠢᠳᠪᠦᠷᠢᠯᠡᠵᠦ᠂ 12 | ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 6 ᠬᠡᠷᠡᠭ ᠤᠨ 6 ᠬᠦᠮᠦᠨ ᠢ | ᠮᠡᠳᠡᠬᠡᠯᠡᠨ ᠢᠯᠡᠷᠬᠡᠶᠢᠯᠡᠵᠦ᠂ 10.4 ᠲᠦᠮᠡᠨ ᠲᠦᠬᠦᠷᠢᠭ ᠢ ᠨᠡᠬᠡᠮᠵᠢᠯᠡᠨ ᠲᠤᠰᠢᠶᠠᠯᠭᠠᠵᠦ᠂ 7.3 ᠢᠯᠡᠬᠦᠦ ᠲᠦᠮᠡᠨ | ᠲᠦᠬᠦᠷᠢᠭ ᠢ ᠪᠤᠴᠠᠭᠠᠯᠭᠠᠨ᠂ 3500 ᠮᠤ᠋ ᠪᠡᠯᠴᠢᠬᠡᠷ ᠢ ᠡᠬᠡᠬᠦᠯᠦᠨ ᠰᠢᠢᠳᠪᠦᠷᠢᠯᠡᠪᠡ᠃ | ᠶᠠᠳᠠᠭᠤ ᠶᠢ ᠲᠡᠳᠬᠦᠬᠦ ᠬᠦᠷᠢᠶ᠎ᠠ ᠴᠠᠷ᠎ᠠ ᠳᠠᠬᠢ ᠢᠯᠵᠢᠷᠡᠯ ᠪᠠ ᠰᠤᠷᠳᠠᠯ ᠤᠨ ᠠᠰᠠᠭᠤᠳᠠᠯ ᠤᠨ ᠲᠤᠰᠬᠠᠢ ᠴᠡᠭᠴᠡᠯᠡᠯᠳᠠ ᠶᠢ | ᠬᠦᠨᠵᠡᠬᠡᠶᠢᠷᠡᠬᠦᠯᠪᠠ᠃ ᠨᠠᠶᠢᠳᠠ 140 ᠠᠰᠠᠭᠤᠳᠠᠯ ᠰᠦᠪᠡᠭᠴᠢ ᠶᠢ ᠰᠢᠢᠳᠪᠦᠷᠢᠯᠡᠨ᠂ 43 ᠬᠡᠷᠡᠭ ᠢ ᠲᠠᠩᠰᠠᠯᠠᠨ | ᠰᠢᠢᠳᠪᠦᠷᠢᠯᠡᠵᠦ᠂ 46 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 96 | ᠬᠦᠮᠦᠨ ᠢ ᠵᠤᠬᠢᠶᠠᠨ ᠪᠠᠶᠢᠭᠤᠯᠵᠦ ᠰᠢᠢᠳᠬᠡᠵᠦ᠂ 46 ᠬᠡᠷᠡᠭ ᠤᠨ 81 ᠬᠦᠮᠦᠨ ᠢ ᠮᠡᠳᠡᠬᠡᠯᠡᠵᠦ ᠢᠯᠡ ᠪᠤᠯᠭᠠᠪᠠ᠃ ᠲᠦᠪ | ᠤᠨ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠰᠢᠯᠵᠢᠬᠦᠯᠦᠨ ᠲᠤᠰᠢᠶᠠᠭᠰᠠᠨ | 20 ᠠᠰᠠᠭᠤᠳᠠᠯ ᠤᠨ ᠰᠦᠪᠡᠭᠴᠢ ᠠᠴᠠ 2 ᠢ ᠨᠢ ᠬᠡᠷᠡᠭ ᠪᠤᠯᠭᠠᠨ ᠲᠠᠩᠰᠠᠯᠠᠨ ᠰᠢᠢᠳᠪᠦᠷᠢᠯᠡᠵᠦ᠂ 2 ᠬᠦᠮᠦᠨ ᠳᠤ ᠨᠠᠮ ᠤᠨ | ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 8 ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠢᠳᠬᠡᠪᠡ | ᠃ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠢᠶᠠᠭᠰᠠᠨ 3 ᠠᠰᠠᠭᠤᠳᠠᠯ ᠤᠨ ᠰᠦᠪᠡᠭᠴᠢ | ᠠᠴᠠ 3 ᠶᠢ ᠨᠢ ᠰᠢᠢᠳᠪᠦᠷᠢᠯᠡᠨ ᠲᠠᠭᠤᠰᠬᠠᠵᠦ᠂ 1 ᠬᠦᠮᠦᠨ ᠳᠤ ᠰᠢᠢᠳᠬᠡᠯ ᠦᠭᠪᠡ᠃ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠬᠡᠢ ᠦᠷᠨᠢᠬᠦᠯᠪᠡ᠃ ᠨᠠᠶᠢᠳᠠ 55 | ᠠᠰᠠᠭᠤᠳᠠᠯ ᠰᠦᠪᠡᠭᠴᠢ ᠶᠢ ᠰᠢᠢᠳᠪᠦᠷᠢᠯᠡᠨ᠂ 25 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ | ᠰᠢᠢᠳᠬᠡᠯ ᠦᠭᠴᠦ᠂ 6 ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠢᠳᠬᠡᠪᠡ᠃ ᠲᠦᠪ ᠤᠨ ᠱᠠᠯᠠᠪᠳᠠᠭᠤᠯᠤᠨ | ᠪᠠᠶᠢᠴᠠᠭᠠᠬᠤ ᠲᠤᠭᠤᠶᠢᠯᠠᠩ ᠤᠨ ᠲᠤᠰᠢᠶᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠬᠤ 21 ᠠᠰᠠᠭᠤᠳᠠᠯ | ᠤᠨ ᠰᠦᠪᠡᠭᠴᠢ ᠠᠴᠠ 11 ᠶᠢ ᠨᠢ ᠬᠡᠷᠡᠭ ᠪᠤᠯᠭᠠᠨ ᠲᠠᠩᠰᠠᠯᠠᠵᠦ ᠰᠢᠢᠳᠪᠦᠷᠢᠯᠡᠨ᠂ 11 ᠬᠦᠮᠦᠨ ᠳᠤ ᠨᠠᠮ ᠤᠨ ᠰᠠᠬᠢᠯᠭ᠎ᠠ | ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 1 ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠪᠡ᠃ | ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠲᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠢ ᠡᠷᠡᠰ ᠴᠢᠩᠭ᠎ᠠ | ᠴᠡᠭᠴᠡᠯᠡᠨ ᠵᠠᠰᠠᠪᠠ᠃ 18 ᠤᠳᠠᠭᠠᠨ ᠤ ᠲᠤᠰᠬᠠᠢ ᠲᠦᠷᠦᠯ ᠤᠨ ᠰᠢᠮᠳᠠᠭᠤᠯᠤᠨ ᠪᠠᠶᠢᠴᠠᠭᠠᠯᠳᠠ ᠦᠷᠨᠢᠬᠦᠯᠦᠨ᠂ ᠪᠦᠬᠦ | ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠴᠠᠭᠳᠠᠭ᠎ᠠ ᠯᠤᠭ᠎ᠠ 139 ᠬᠦᠮᠦᠨ ᠤᠳᠠᠭ᠎ᠠ ᠶᠠᠷᠢᠯᠴᠠᠨ᠂ 2 | ᠠᠰᠠᠭᠤᠳᠠᠯ ᠢ ᠢᠯᠡᠷᠡᠬᠦᠯᠵᠦ᠂ ᠪᠦᠬᠦᠨ ᠢ ᠨᠢ ᠰᠢᠮᠳᠠᠭᠤᠯᠤᠨ ᠵᠠᠰᠠᠵᠦ ᠲᠠᠭᠤᠰᠬᠠᠪᠠ᠃ ᠬᠤᠳᠠ ᠶᠢᠨ ᠰᠠᠬᠢᠯᠭ᠎ᠠ ᠪᠠᠳᠦ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠲᠤᠰᠢᠶᠠᠨ ᠰᠢᠯᠵᠢᠬᠦᠯᠦᠭᠰᠡᠨ 19 ᠠᠰᠠᠭᠤᠳᠠᠯ ᠤᠨ ᠰᠦᠪᠡᠭᠴᠢ | ᠠᠴᠠ 15 ᠶᠢ ᠨᠢ ᠬᠡᠷᠡᠭ ᠪᠤᠯᠭᠠᠨ ᠲᠠᠩᠰᠠᠯᠠᠵᠦ ᠰᠢᠢᠳᠪᠦᠷᠢᠯᠡᠨ᠂ 4 ᠶᠢ ᠨᠢ ᠬᠡᠷᠡᠭ ᠪᠤᠯᠭᠠᠨ ᠲᠠᠩᠰᠠᠯᠠᠨ ᠰᠢᠢᠳᠪᠦᠷᠢᠯᠡᠵᠦ | ᠲᠠᠭᠤᠰᠬᠠᠨ᠂ 5 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 1 ᠬᠦᠮᠦᠨ ᠳᠤ | ᠵᠤᠬᠢᠶᠠᠨ ᠪᠠᠶᠢᠭᠤᠯᠤᠯᠳᠠ ᠠᠴᠠ ᠰᠢᠢᠳᠪᠦᠷᠢ ᠦᠭᠪᠡ᠃ | ᠨᠡᠬᠦᠷᠡᠰᠦᠨ ᠤ ᠬᠡᠪᠴᠢᠶᠠᠨ ᠳᠠᠬᠢ ᠬᠠᠤᠯᠢ ᠲᠦᠷᠢᠮ ᠢ ᠵᠦᠷᠢᠴᠡᠭᠰᠡᠨ ᠲᠤᠰᠬᠠᠢ ᠴᠡᠭᠴᠡᠯᠳᠠ ᠶᠢ ᠰᠠᠶᠢᠳᠦᠷ ᠠᠳᠬᠤᠪᠠ᠃ | ᠭᠤᠤᠯ ᠡᠬᠦᠷᠬᠡ ᠬᠠᠷᠢᠭᠤᠴᠠᠯᠭᠠᠳᠦ ᠰᠠᠯᠠᠭ᠎ᠠ ᠮᠦᠴᠢᠷ ᠲᠤ 19 ᠤᠳᠠᠭᠠᠨ ᠤ ᠪᠠᠶᠢᠴᠠᠭᠠᠯᠳᠠ ᠦᠷᠨᠢᠬᠦᠯᠵᠦ᠂ ᠨᠡᠬᠦᠷᠡᠰᠦᠨ | ᠳᠤ ᠬᠤᠯᠪᠤᠭᠳᠠᠭᠰᠠᠨ 5 ᠬᠡᠷᠡᠭ ᠶᠠᠪᠤᠳᠠᠯ ᠢ ᠡᠷᠬᠢᠯᠡᠨ᠂ 1 ᠶᠢ ᠨᠢ ᠬᠡᠷᠡᠭ ᠪᠤᠯᠭᠠᠨ ᠲᠠᠩᠰᠠᠯᠠᠨ ᠲᠠᠭᠤᠰᠬᠠᠵᠦ᠂ 2 ᠬᠦᠮᠦᠨ | ᠳᠤ ᠵᠠᠰᠠᠭ ᠤᠨ ᠶᠠᠪᠤᠳᠠᠯ ᠤᠨ ᠰᠢᠳᠬᠡᠯ ᠦᠭᠴᠦ᠂ 10 ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠳᠬᠡᠯ ᠦᠭᠪᠡ᠃ | ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠰᠢᠰᠲ᠋ᠧᠮ ᠲᠠᠬᠢ ᠢᠯᠵᠢᠷᠠᠯ ᠤᠨ ᠠᠰᠠᠭᠤᠳᠠᠯ ᠤᠨ ᠲᠤᠰᠬᠠᠢ ᠴᠡᠭᠴᠡᠯᠡᠯᠳᠠ ᠶᠢ | ᠦᠷᠨᠢᠬᠦᠯᠪᠠ᠃ ᠬᠤᠰᠢᠭᠤᠨ ᠤ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠠᠯᠪᠠᠨ ᠬᠡᠷ ᠢ ᠱᠠᠯᠠᠪᠳᠠᠭᠤᠯᠤᠨ᠂ ᠪᠤᠰᠤᠳ | ᠭᠠᠵᠠᠷ ᠪᠦᠳᠦᠬᠡᠨ ᠪᠠᠶᠢᠭᠤᠯᠤᠭᠠᠳ ᠲᠤᠳᠠᠭᠤ ᠲᠤᠰᠢᠶᠠᠭᠰᠠᠨ ᠰᠦᠢᠳᠬᠡᠯ ᠳᠠᠬᠢ 102 ᠲᠦᠷᠦᠯ ᠵᠤᠶᠢᠯ ᠳᠤ ᠨᠡᠬᠡᠮᠵᠢᠯᠠᠨ | ᠲᠤᠰᠢᠶᠠᠯᠭᠠᠬᠤ ᠮᠡᠳᠡᠭᠳᠡᠯ ᠪᠠᠭᠤᠯᠭᠠᠵᠦ᠂ ᠬᠤᠷᠠᠮᠳᠤᠭᠤᠯᠤᠯ ᠢᠶᠠᠷ 5466.46 ᠲᠦᠮᠡᠨ ᠲᠦᠬᠦᠷᠢᠭ ᠢ ᠨᠡᠬᠡᠮᠵᠢᠯᠡᠨ | ᠲᠤᠰᠢᠶᠠᠯᠭᠠᠪᠠ᠃ 2 ᠠᠰᠠᠭᠤᠳᠠᠯ ᠰᠦᠪᠡᠭᠴᠢ ᠶᠢ ᠢᠯᠡᠷᠡᠬᠦᠯᠵᠦ᠂ 2 ᠶᠢ ᠨᠢ ᠬᠡᠷᠡᠭ ᠪᠤᠯᠭᠠᠨ ᠲᠠᠩᠰᠠᠯᠠᠨ ᠰᠢᠢᠳᠪᠦᠷᠢᠯᠡᠵᠦ᠂ | 2 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠢᠳᠬᠡᠯ ᠦᠭᠴᠦ᠂ 3 ᠬᠦᠮᠦᠨ ᠢ ᠵᠤᠬᠢᠶᠠᠨ ᠪᠠᠶᠢᠭᠤᠯᠤᠯᠳᠠ ᠠᠴᠠ | ᠰᠢᠳᠬᠡᠯ ᠦᠭᠪᠡ᠃ | ᠰᠤᠷᠭᠠᠨ ᠬᠦᠮᠦᠵᠢᠯ᠂ ᠡᠮ ᠡᠮᠨᠡᠯᠬᠡ ᠶᠢᠨ ᠰᠢᠰᠲ᠋ᠧᠮ ᠲᠠᠬᠢ ᠢᠯᠵᠢᠷᠡᠯ ᠪᠠ ᠰᠤᠷᠳᠠᠯ ᠤᠨ ᠠᠰᠠᠭᠤᠳᠠᠯ ᠢ ᠴᠢᠩᠭ᠎ᠠ | ᠪᠠᠶᠢᠴᠠᠭᠠᠪᠠ᠃ ᠰᠤᠷᠭᠠᠨ ᠬᠦᠮᠦᠵᠢᠯ ᠤᠨ ᠬᠡᠪᠴᠢᠶᠠᠨ ᠳᠤ᠂ ᠪᠦᠬᠦ ᠬᠤᠰᠢᠭᠤᠨ ᠤ 12 ᠲᠤᠮᠳᠠᠳᠦ ᠪᠠᠭ᠎ᠠ ᠰᠤᠷᠭᠠᠭᠤᠯᠢ | ᠶᠢᠨ ᠬᠢᠴᠢᠶᠠᠯ ᠤᠨ ᠲᠠᠷᠠᠭᠠᠬᠢ ᠦᠢᠯᠡᠴᠢᠯᠡᠬᠡᠨ ᠤ ᠠᠵᠢᠯ ᠢ ᠦᠨᠡᠨᠬᠦ ᠰᠠᠶᠢᠳᠦᠷ ᠬᠢᠬᠦ ᠶᠢ ᠠᠬᠢᠭᠤᠯᠵᠦ᠂ ᠬᠤᠰᠢᠭᠤᠨ ᠤ | ᠰᠤᠷᠭᠠᠨ ᠬᠦᠮᠦᠵᠢᠯ ᠪᠠᠶ᠎ᠠ ᠲᠠᠮᠢᠷ ᠤᠨ ᠲᠤᠪᠴᠢᠶ᠎ᠠ ᠶᠢ ᠱᠠᠯᠠᠪᠳᠠᠭᠤᠯᠤᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠱᠠᠳᠤᠨ ᠳᠠᠬᠢ ᠮᠡᠳᠡᠯᠬᠡ ᠶᠢᠨ ᠲᠦᠷᠦᠯ ᠨᠦᠬᠦᠬᠦ ᠰᠤᠷᠭᠠᠭᠤᠯᠢ ᠶᠢᠨ ᠭᠠᠳᠠᠨᠠᠬᠢ 17 ᠪᠤᠯᠪᠠᠰᠤᠷᠠᠯ ᠤᠨ ᠪᠠᠶᠢᠭᠤᠯᠤᠮᠵᠢ ᠶᠢ | ᠪᠦᠬᠦᠨ ᠢ ᠵᠤᠭᠰᠤᠭᠠᠯᠭᠠᠪᠠ᠃ ᠡᠮ ᠡᠮᠨᠡᠯᠬᠡ ᠶᠢᠨ ᠰᠢᠰᠲ᠋ᠧᠮ ᠤᠨ ᠲᠠᠯ᠎ᠠ ᠪᠠᠷ ᠢᠯᠡᠷᠡᠬᠦᠯᠦᠭᠰᠡᠨ 116 ᠠᠰᠠᠭᠤᠳᠠᠯ ᠢ | ᠪᠦᠬᠦᠨ ᠢ ᠨᠢ ᠵᠠᠰᠠᠨ ᠴᠡᠭᠴᠡᠯᠡᠵᠦ ᠲᠠᠭᠤᠰᠬᠠᠨ᠂ ᠬᠤᠯᠪᠤᠭᠳᠠᠭᠰᠠᠨ ᠪᠠᠶᠢᠭᠤᠯᠭ᠎ᠠ ᠨᠢᠬᠡᠴᠡ᠂ ᠬᠦᠮᠦᠨ ᠠᠴᠠ 116.22 | ᠲᠦᠮᠡᠨ ᠲᠦᠬᠦᠷᠢᠭ ᠢ ᠨᠢ ᠤᠬᠠᠮᠰᠠᠷ ᠠᠴᠠ ᠪᠠᠨ ᠪᠤᠴᠠᠭᠠᠵᠦ᠂ 6.43 ᠲᠦᠮᠡᠨ ᠲᠦᠬᠦᠷᠢᠭ ᠲᠤᠷᠭᠤᠭᠠᠨ᠂ 3 ᠡᠮ | ᠡᠮᠨᠡᠯᠬᠡ ᠶᠢᠨ ᠪᠠᠶᠢᠭᠤᠯᠤᠮᠵᠢ ᠶᠢ ᠨᠡᠶᠢᠬᠡᠮ ᠨᠠᠶᠢᠳᠠ ᠳᠤ ᠲᠤᠩᠬᠠᠯᠠᠨ ᠮᠡᠳᠡᠬᠦᠯᠪᠡ᠃ | ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠬᠦᠯᠬᠦ ᠲᠤᠰᠬᠠᠢ ᠴᠡᠭᠴᠡᠯᠡᠯᠳᠠ ᠶᠢ ᠪᠤᠳᠠᠳᠠᠢ ᠦᠷᠨᠢᠬᠦᠯᠪᠡ᠃ ᠲᠤᠰᠬᠠᠢ | ᠬᠢᠨᠠᠨ ᠪᠠᠶᠢᠴᠠᠭᠠᠯᠳᠠ 8 ᠤᠳᠠᠭ᠎ᠠ ᠶᠠᠪᠤᠭᠳᠠᠭᠤᠯᠵᠦ᠂ 13 ᠠᠰᠠᠭᠤᠳᠠᠯ ᠢ ᠢᠯᠡᠷᠡᠬᠦᠯᠦᠨ᠂ ᠪᠦᠬᠦᠨ ᠢ ᠨᠢ ᠵᠠᠰᠠᠨ | ᠰᠠᠶᠢᠵᠢᠷᠠᠭᠤᠯᠵᠦ ᠲᠠᠭᠤᠰᠬᠠᠪᠠ᠃ 3 ᠤᠳᠠᠭᠠᠨ ᠲᠤᠬᠠᠢ ᠶᠢᠨ ᠭᠠᠵᠠᠷ ᠤᠨ ᠰᠤᠳᠤᠯᠤᠨ ᠪᠠᠶᠢᠴᠠᠭᠠᠯᠳᠠ ᠬᠢᠵᠦ᠂ 11 | ᠠᠰᠠᠭᠤᠳᠠᠯ ᠢ ᠢᠯᠡᠷᠡᠬᠦᠯᠤᠨ᠂ ᠲᠤᠰᠬᠠᠢ ᠮᠡᠳᠡᠬᠡᠨ ᠤ ᠮᠠᠶ᠋ᠢᠭ ᠢᠶᠠᠷ ᠬᠤᠰᠢᠭᠤ ᠨᠠᠮ ᠤᠨ ᠬᠤᠷᠢᠶ᠎ᠠ ᠪᠤᠯᠤᠨ ᠵᠠᠰᠠᠭ ᠤᠨ | ᠤᠷᠳᠤᠨ ᠳᠤ ᠬᠠᠷᠢᠭᠤ ᠲᠤᠰᠬᠠᠬᠤ ᠶᠢᠨ ᠬᠠᠮᠳᠦ ᠰᠠᠨᠠᠯ ᠲᠤᠷᠠᠳᠤᠯᠭ᠎ᠠ 3 ᠤᠳᠠᠭ᠎ᠠ ᠲᠡᠪᠰᠢᠬᠦᠯᠪᠡ᠃ 6 ᠠᠰᠠᠭᠤᠳᠠᠯ | ᠰᠦᠪᠡᠭᠴᠢ ᠶᠢ ᠡᠷᠬᠢᠯᠡᠵᠦ᠂ 1 ᠶᠢ ᠬᠡᠷᠡᠭ ᠪᠤᠯᠭᠠᠨ ᠲᠠᠩᠰᠠᠯᠠᠨ᠂ 1 ᠬᠦᠮᠦᠨ ᠳᠤ ᠵᠠᠰᠠᠭ ᠤᠨ ᠶᠠᠪᠤᠳᠠᠯ ᠤᠨ ᠰᠢᠳᠬᠡᠯ | ᠦᠭᠴᠦ᠂ 8 ᠬᠦᠮᠦᠨ ᠳᠤ ᠵᠤᠬᠢᠶᠠᠨ ᠪᠠᠶᠢᠭᠤᠯᠤᠯᠳᠠ ᠠᠴᠠ ᠰᠢᠳᠬᠡᠯ ᠦᠭᠪᠡ᠃ | ᠤᠳᠤᠷᠢᠳᠬᠤ ᠺᠠᠳ᠋ᠷ ᠤᠨ ᠬᠠᠨᠢ ᠨᠦᠬᠦᠷ᠂ ᠦᠷ᠎ᠡ ᠬᠡᠤᠬᠡᠳ ᠵᠢᠴᠢ ᠬᠡᠤᠬᠡᠳ ᠤᠨ ᠬᠢᠨᠢ ᠬᠠᠨᠢ ᠨᠦᠬᠦᠷ ᠤᠨ ᠬᠤᠳᠠᠯᠳᠤᠭ᠎ᠠ | ᠡᠵᠡᠩᠨᠡᠵᠦ ᠠᠵᠦ ᠠᠬᠤᠶᠢᠯᠠᠯ ᠡᠷᠬᠢᠯᠡᠬᠦ ᠲᠤᠰᠬᠠᠢ ᠴᠡᠭᠴᠡᠯᠡᠯᠳᠠ ᠶᠢ ᠰᠠᠶᠢᠳᠦᠷ ᠠᠳᠬᠤᠪᠠ᠃ ᠸᠢᠴᠡᠲ ᠲᠡᠪᠴᠡᠩ ᠲᠡᠬᠡᠷ᠎ᠡ | ᠠᠯᠪᠠᠨ ᠮᠡᠳᠡᠭᠡ ᠨᠠᠶᠢᠳᠡᠯᠡᠬᠦ ᠪᠠᠷ ᠲᠡᠮᠵᠢᠨ ᠨᠡᠶᠢᠬᠡᠮ ᠨᠠᠶᠢᠳᠠ ᠠᠴᠠ ᠠᠰᠠᠠᠭᠤᠳᠠᠯ ᠤᠨ ᠰᠦᠪᠡᠭᠴᠢ ᠴᠤᠭᠯᠠᠭᠤᠯᠵᠦ᠂ 13 | ᠰᠤᠮᠤ ᠰᠢᠶᠠᠩ ᠪᠠᠯᠭᠠᠰᠦ᠂ 73 ᠰᠠᠯᠠᠭ᠎ᠠ ᠮᠦᠴᠢᠷ ᠤᠨ ᠲᠡᠳ᠋ ᠰᠠᠯᠠᠭᠠᠨ ᠲᠡᠰ ᠠᠴᠠ ᠲᠡᠭᠡᠭᠰᠢᠬᠢ ᠤᠳᠤᠷᠢᠳᠬᠤ ᠺᠠᠳ᠋ᠷ ᠢ | ᠱᠠᠯᠠᠪᠳᠠᠭᠤᠯᠤᠨ ᠲᠤᠰ ᠪᠠᠶ᠎ᠠ ᠶᠢᠨ ᠪᠠᠶᠢᠴᠠᠭᠠᠯᠳᠠ ᠦᠷᠨᠢᠬᠦᠯᠵᠦ᠂ ᠬᠠᠨᠢ ᠨᠦᠬᠦᠷ᠂ ᠦᠷ᠎ᠡ ᠬᠡᠣᠬᠡᠳ ᠵᠢᠴᠢ ᠦᠷ᠎ᠡ ᠬᠡᠤᠬᠡᠳ | ᠤᠨ ᠬᠢᠨᠢ ᠬᠠᠨᠢ ᠨᠦᠬᠦᠷ ᠬᠤᠳᠠᠯᠳᠤᠭ᠎ᠠ ᠡᠵᠡᠩᠨᠡᠵᠦ ᠠᠵᠦ ᠠᠬᠤᠶᠢᠯᠠᠯ ᠡᠷᠬᠢᠯᠡᠭᠰᠡᠨ ᠪᠠᠶᠢᠳᠠᠯ ᠲᠠᠢ 41 ᠬᠦᠮᠦᠨ ᠤᠬᠠᠮᠰᠠᠷ | ᠠᠴᠠ ᠪᠠᠨ ᠲᠡᠭᠡᠭᠰᠢ ᠮᠡᠳᠡᠬᠦᠯᠵᠦ᠂ ᠤᠳᠤᠬᠠᠨ ᠳᠤ ᠡᠳᠡᠬᠡᠷ ᠮᠡᠳᠡᠬᠦᠯᠦᠭᠰᠡᠨ ᠪᠠᠶᠢᠳᠠᠯ ᠳᠤ ᠬᠢᠨᠠᠨ ᠬᠠᠷᠭᠤᠯᠤᠯᠳᠠ ᠬᠢᠵᠦ ᠪᠤᠢ᠃ | | ᠦᠨᠳᠦᠰᠦᠨ ᠱᠠᠳᠤᠨ ᠤ ᠤᠯᠤᠰ ᠲᠦᠷᠦ ᠶᠢᠨ ᠠᠮᠢ ᠠᠬᠤᠢ ᠶᠢᠨ ︽ᠲᠦᠷᠪᠡᠨ ᠠᠷᠭ᠎ᠠ ᠠᠪᠴᠢᠯ︾ ᠢ ᠰᠠᠶᠢᠳᠦᠷ | ᠬᠡᠷᠡᠭᠵᠢᠬᠦᠯᠪᠡ᠃ ᠲᠦᠷᠪᠡᠳ ᠬᠤᠰᠢᠭᠤᠨ ᠤ ︽ᠭᠤᠷᠪᠠᠨ ᠠᠵᠢᠯ︾ ᠢ ᠢᠯᠡ ᠪᠤᠯᠭᠠᠬᠤ ᠬᠢᠨᠠᠯᠳᠠ ᠶᠢᠨ | ᠲᠡᠪᠴᠡᠩ ᠢᠶᠠᠷ ᠲᠠᠮᠵᠢᠨ ᠨᠠᠶᠢᠳᠠ 690 ᠢᠯᠡᠬᠦᠦ ᠲᠦᠮᠡᠨ ᠰᠤᠷᠠᠭ ᠵᠠᠩᠭᠢ ᠶᠢ ᠰᠦᠯᠵᠢᠶ᠎ᠠ ᠪᠠᠷ ᠨᠠᠶᠢᠳᠠᠯᠠᠪᠠ᠃ ᠲᠠᠪᠤᠨ | ᠵᠢᠯ ᠤᠨ ᠲᠤᠷᠰᠢ᠂ 28 ᠠᠰᠠᠭᠤᠳᠠᠯ ᠤᠨ ᠰᠦᠪᠡᠭᠴᠢ ᠶᠢ ᠢᠯᠡᠷᠡᠬᠦᠯᠵᠦ᠂ 9 ᠶᠢ ᠨᠢ ᠬᠡᠷᠡᠭ ᠪᠤᠯᠭᠠᠨ ᠲᠠᠩᠰᠠᠯᠠᠵᠦ᠂ 14 | ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠳᠬᠡᠯ ᠦᠵᠡᠬᠦᠯᠦᠨ᠂ 12 ᠬᠦᠮᠦᠨ 8 ᠨᠢᠬᠡᠴᠡ ᠳᠤ ᠵᠤᠬᠢᠶᠠᠨ | ᠪᠠᠶᠢᠭᠤᠯᠤᠯᠳᠠ ᠠᠴᠠ ᠰᠢᠢᠳᠪᠦᠷᠢᠯᠡᠵᠦ᠂ 7 ᠬᠦᠮᠦᠨ 10 ᠨᠢᠬᠡᠴᠡ ᠶᠢ ᠮᠡᠳᠡᠬᠡᠯᠡᠵᠦ ᠢᠯᠡ ᠨᠠᠶᠢᠳᠠᠯᠠᠪᠠ᠃ 95 ᠡᠬᠡᠯᠵᠢ | 213 ᠬᠦᠮᠦᠨ ᠤᠳᠠᠭ᠎ᠠ ᠶᠢᠨ ︽ᠠᠷᠠᠳ ᠲᠦᠮᠡᠨ ᠲᠡᠭᠡᠭᠰᠢ ᠵᠠᠭᠠᠯᠳᠦᠵᠦ ᠪᠠᠶᠢᠭᠰᠠᠨ ᠠᠴᠠ ᠺᠠᠳ᠋ᠷ ᠠᠵᠢᠯᠳᠠᠳ ᠲᠤᠷᠤᠭᠰᠢ | ᠰᠤᠷᠪᠤᠯᠵᠢᠯᠠᠬᠤ︾ ᠠᠵᠢᠯᠯᠠᠭ᠎ᠠ ᠦᠷᠨᠢᠬᠦᠯᠵᠦ᠂ 203 ᠤᠯᠠᠨ ᠲᠦᠮᠡᠨ ᠢ ᠬᠦᠯᠢᠶᠠᠨ ᠠᠪᠴᠦ᠂ 95 ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠢ ᠮᠦᠷᠳᠡᠨ ᠪᠠᠶᠢᠴᠠᠭᠠᠵᠦ᠂ 94 ᠶᠢ ᠨᠢ ᠰᠢᠢᠳᠪᠦᠷᠢᠯᠡᠪᠡ᠃ ᠦᠨᠳᠦᠰᠦᠨ ᠱᠠᠳᠤᠨ ᠤ | ︽ᠪᠢᠴᠢᠯ ᠢᠯᠵᠢᠷᠡᠯ︾ ᠢ ᠠᠷᠢᠯᠭᠠᠬᠤ ᠠᠵᠢᠯᠯᠠᠭ᠎ᠠ ᠳᠠᠬᠢ 43 ᠵᠠᠭᠠᠯᠳᠤᠯᠭ᠎ᠠ ᠶᠢ ᠡᠷᠬᠢᠯᠡᠵᠦ᠂ 10 ᠶᠢ ᠨᠢ ᠬᠡᠷᠡᠭ ᠪᠤᠯᠭᠠᠨ | ᠲᠠᠩᠰᠠᠯᠠᠵᠦ᠂ 12 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠳᠬᠡᠯ ᠦᠭᠴᠦ᠂ 2 ᠬᠦᠮᠦᠨ | ᠳᠤ ᠵᠤᠬᠢᠶᠠᠨ ᠪᠠᠶᠢᠭᠤᠯᠤᠯᠳᠠ ᠠᠴᠠ ᠰᠢᠳᠬᠡᠯ ᠦᠭᠴᠦ᠂ ᠤᠳᠤᠬᠠᠨ ᠳᠤ ᠶᠠᠭ 1 ᠬᠡᠷᠡᠭ ᠢ ᠰᠢᠢᠳᠪᠦᠷᠢᠯᠡᠵᠦ ᠪᠤᠢ᠃ | 2017 ᠤᠨ ᠠᠴᠠ 2019 ᠤᠨ ᠬᠦᠷᠳᠡᠯᠡᠬᠢ ᠭᠤᠷᠪᠠᠨ ᠵᠢᠯ ᠳᠤ᠂ 5018 ᠬᠦᠮᠦᠨ ᠢ ︽ᠠᠷᠢᠭᠤᠨ ᠴᠢᠬᠡᠴᠢ ᠺᠠᠳ᠋ᠷ︾ | ᠂ 742 ᠬᠦᠮᠦᠨ ᠢ ᠦᠯᠢᠬᠡᠷ ᠵᠢᠱᠢᠶᠡᠴᠢ ᠺᠠᠳ᠋ᠷ ᠢᠶᠠᠷ ᠰᠤᠩᠭᠤᠨ ᠦᠨᠡᠯᠡᠵᠦ᠂ 2020 ᠤᠨ ᠤ ︽ᠠᠷᠢᠭᠤᠨ ᠴᠢᠬᠡᠴᠢ | ᠺᠠᠳ᠋ᠷ︾ ᠤᠨ ᠦᠨᠡᠯᠡᠯᠳᠠ ᠶᠢᠨ ᠠᠵᠢᠯ ᠶᠠᠭ ᠶᠠᠪᠤᠭᠳᠠᠵᠦ ᠪᠤᠢ᠃ | ︵ᠲᠠᠪᠤ︶ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠲᠤᠭᠤᠷᠢᠨ ᠪᠠᠶᠢᠴᠠᠭᠠᠬᠤ ︽ᠬᠤᠷᠴᠠ ᠰᠠᠯᠡᠮ᠎ᠡ︾ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃ | ᠲᠦᠷᠪᠡᠳ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠪᠠᠶᠢᠭᠤᠯᠤᠮᠵᠢ 2017 ᠤᠨ ᠤ 6 ᠰᠠᠷ᠎ᠠ | ᠠᠴᠠ ᠪᠠᠶᠢᠭᠤᠯᠤᠭᠳᠠᠭᠰᠠᠨ ᠠᠴᠠ ᠨᠠᠰᠢ᠂ ᠠᠷᠭ᠎ᠠ ᠮᠠᠶ᠋ᠢᠭ ᠢᠶᠠᠨ ᠲᠠᠰᠤᠷᠠᠯᠳᠠ ᠦᠭᠡᠢ ᠰᠢᠨᠡᠳᠬᠡᠵᠦ᠂ ᠭᠤᠤᠯᠳᠠᠯᠭ᠎ᠠ ᠲᠠᠢ | ᠬᠦᠮᠦᠨ᠂ ᠬᠡᠷᠡᠭ᠂ ᠠᠰᠠᠭᠤᠳᠠᠯ ᠢ ᠠᠩᠬᠠᠷᠴᠦ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢᠨ ︽ᠲᠤᠳᠤᠳᠬᠠᠬᠤ | ᠰᠢᠯ︾ ᠪᠠ ︽ᠬᠡᠷᠡᠯᠳᠦᠬᠦᠯᠦᠭᠴᠢ ᠳ᠋ᠧᠩ︾ ᠤᠨ ᠦᠢᠯᠡᠳᠦᠯ ᠢ ᠬᠦᠢᠴᠡᠳ ᠪᠠᠳᠠᠷᠠᠭᠤᠯᠪᠠ᠃ ᠨᠠᠶᠢᠳᠠ ᠠᠷᠪᠠᠨ ᠨᠢᠬᠡᠨ | ᠡᠬᠡᠯᠵᠢ ᠶᠢᠨ ᠡᠩ ᠤᠨ ᠲᠤᠭᠤᠷᠢᠨ ᠪᠠᠶᠢᠴᠠᠭᠠᠯᠳᠠ ᠪᠠ ᠭᠤᠷᠪᠠᠨ ᠡᠬᠡᠯᠵᠢ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ | ᠠᠵᠢᠯ ᠢ ᠦᠷᠨᠢᠬᠦᠯᠵᠦ᠂ 48 ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ ᠶᠢᠨ ᠨᠠᠮ ᠤᠨ ᠵᠤᠬᠢᠶᠠᠨ | ᠪᠠᠶᠢᠭᠤᠯᠤᠯᠳᠠ ᠪᠠ 13 ᠰᠤᠮᠤ ᠰᠢᠶᠠᠩ ᠪᠠᠯᠭᠠᠰᠦ ᠵᠢᠴᠢ ᠬᠠᠷᠢᠶ᠎ᠠ ᠪᠠᠶᠢᠬᠤ 135 ᠭᠠᠴᠠᠭ᠎ᠠ ᠲᠤᠰᠬᠤᠨ ︵ᠨᠡᠶᠢᠬᠡᠮ | ᠲᠤᠭᠤᠷᠢᠭ︶ ᠤᠨ ᠨᠠᠮ ᠤᠨ ᠵᠤᠬᠢᠶᠠᠨ ᠪᠠᠶᠢᠭᠤᠯᠤᠯᠳᠠ ᠶᠢ ᠬᠠᠮᠤᠷᠤᠨ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ | ᠨᠠᠮ ᠤᠨ ᠬᠤᠷᠢᠶᠠᠨ ᠤ ︽ᠪᠦᠬᠦᠨ ᠢ ᠪᠦᠷᠬᠦᠬᠦᠯᠬᠦ︾ ᠡᠬᠦᠷᠬᠡ ᠶᠢ ᠴᠦᠮ ᠪᠠᠶᠠᠯᠡᠬᠦᠯᠦᠨ ᠲᠠᠭᠤᠰᠬᠠᠪᠠ᠃ ᠨᠠᠶᠢᠳᠠ 944 | ᠠᠰᠠᠭᠤᠳᠠᠯ ᠢ ᠢᠯᠡᠷᠡᠬᠦᠯᠦᠨ᠂ ᠡᠬᠦᠨ ᠳᠤ 144 ᠶᠢ ᠨᠢ ᠲᠡᠷᠡ ᠲᠠᠷᠤᠶᠢᠬᠠᠨ ᠬᠡᠷᠡᠭᠵᠢᠬᠦᠯᠦᠨ ᠵᠠᠰᠠᠵᠦ᠂ ᠲᠤᠭᠤᠷᠢᠨ | ᠪᠠᠶᠢᠴᠠᠭᠠᠭᠳᠠᠭᠰᠠᠨ ᠨᠢᠬᠡᠴᠡ ᠶᠢᠨ 847 ᠠᠰᠠᠭᠤᠳᠠᠯ ᠢ ᠬᠠᠯᠠᠨ ᠰᠠᠶᠢᠵᠢᠷᠠᠭᠤᠯᠵᠦ᠂ ᠬᠠᠯᠠᠨ ᠰᠠᠶᠢᠵᠢᠷᠠᠭᠤᠯᠬᠤ ᠨᠤᠷᠮ᠎ᠡ | 85.2% ᠳᠤ ᠬᠦᠷᠴᠦ᠂ ᠲᠤᠭᠤᠷᠢᠨ ᠪᠠᠶᠢᠴᠠᠭᠠᠭᠳᠠᠭᠰᠠᠨ ᠨᠢᠬᠡᠴᠡ ᠳᠤ 227 ᠲᠦᠷᠢᠮ ᠲᠤᠭᠳᠠᠭᠠᠯ ᠪᠠᠶᠢᠭᠤᠯᠬᠤ ᠶᠢ | ᠠᠬᠢᠭᠤᠯᠪᠠ᠃ ᠬᠠᠮᠢᠶ᠎ᠠ ᠪᠦᠬᠦᠢ ᠨᠢᠬᠡᠴᠡ ᠳᠤ 99 ᠠᠰᠠᠭᠤᠳᠠᠯ ᠤᠨ ᠰᠦᠪᠡᠭᠴᠢ ᠰᠢᠯᠵᠢᠬᠦᠯᠦᠨ ᠲᠤᠰᠢᠶᠠᠵᠦ᠂ 90 ᠶᠢ ᠨᠢ | ᠰᠢᠢᠳᠪᠦᠷᠢᠯᠡᠨ ᠲᠠᠭᠤᠰᠬᠠᠵᠦ᠂ ᠰᠢᠢᠳᠪᠦᠷᠢᠯᠡᠨ ᠲᠠᠭᠤᠰᠬᠠᠬᠤ ᠨᠤᠷᠮ᠎ᠠ 91% ᠳᠤ ᠬᠦᠷᠴᠦ᠂ 22 ᠬᠦᠮᠦᠨ ᠳᠤ ᠨᠠᠮ ᠤᠨ | ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠳᠬᠡᠯ ᠦᠭᠪᠡ᠃ ᠲᠤᠭᠤᠷᠢᠨ ᠪᠠᠶᠢᠴᠠᠭᠠᠯᠳᠠ ᠶᠢᠨ ︽ᠡᠷᠬᠢᠵᠦ ᠬᠠᠷᠠᠬᠤ︾ | ᠶᠢ ᠴᠠᠭ ᠲᠤᠬᠠᠢ ᠳᠤᠨᠢ ᠦᠷᠨᠢᠬᠦᠯᠵᠦ᠂ ᠬᠠᠯᠠᠨ ᠵᠠᠰᠠᠯᠳᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠬᠤ ᠪᠠᠷ ᠪᠠᠷᠠᠬᠤ | ᠦᠭᠡᠢ ᠰᠢᠨ᠎ᠡ ᠠᠰᠠᠭᠤᠳᠠᠯ ᠢ ᠬᠦᠴᠦᠯᠠᠨ ᠢᠯᠡᠷᠡᠬᠦᠯᠵᠦ᠂ ᠲᠤᠭᠤᠷᠢᠨ ᠪᠠᠶᠢᠴᠠᠭᠠᠯᠳᠠ ᠨᠢ ᠲᠦᠷ ᠵᠠᠭᠤᠷ᠎ᠠ ᠶᠢᠨ ᠯᠡ ᠶᠠᠪᠤᠳᠠᠯ | ᠤᠭᠳᠦ ᠪᠢᠰᠢ ᠬᠡᠰᠡᠨ ᠰᠤᠷᠠᠭ ᠲᠤᠬᠢᠶ᠎ᠠ ᠶᠢ ᠲᠡᠮᠵᠢᠭᠤᠯᠪᠠ᠃ ᠭᠤᠷᠪᠠᠳᠤᠭᠠᠷ ᠡᠬᠡᠯᠵᠢ ᠶᠢᠨ ᠡᠩ ᠤᠨ ᠲᠤᠭᠤᠷᠢᠨ | ᠪᠠᠶᠢᠴᠠᠭᠠᠯᠳᠠ ᠠᠴᠠ ᠡᠬᠢᠯᠡᠨ᠂ ᠪᠦᠬᠦ ᠬᠤᠰᠢᠭᠤᠨ ᠤ ᠡᠯ᠎ᠡ ᠲᠤᠭᠤᠷᠢᠨ ᠪᠠᠶᠢᠴᠠᠭᠠᠭᠳᠠᠬᠤ ᠨᠢᠬᠡᠴᠡ ᠶᠢᠨ ᠨᠠᠮ ᠤᠨ ᠵᠤᠬᠢᠶᠠᠨ | ᠪᠠᠶᠢᠭᠤᠯᠤᠯᠳᠠ ᠨᠢ ᠲᠤᠭᠤᠷᠢᠨ ᠪᠠᠶᠢᠴᠠᠭᠠᠬᠤ ᠲᠤᠭᠤᠶᠢᠯᠠᠩ ᠢ ᠪᠠᠶᠢᠭᠤᠯᠭ᠎ᠠ ᠨᠢᠬᠡᠴᠡ ᠳᠤ ᠨᠢ ᠬᠦᠷᠴᠦ ᠲᠤᠭᠤᠷᠢᠨ | ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠠᠵᠦ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠬᠠᠮᠰᠠᠷ ᠪᠠ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠠᠨ ᠠᠪᠬᠤ ᠦᠵᠡᠯᠳᠠ ᠨᠡᠶᠢᠳᠡᠮ ᠲᠡᠬᠡᠭᠰᠢᠯᠡᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ | ᠬᠤᠷᠢᠶ᠎ᠠ ᠨᠢ ︽ᠠᠰᠠᠭᠤᠳᠠᠯ ᠢ ᠢᠯᠡᠷᠡᠬᠦᠯᠵᠦ᠂ ᠬᠡᠯᠮᠡᠭᠳᠡᠯ ᠢ ᠪᠤᠢ ᠪᠤᠯᠭᠠᠬᠤ᠂ ᠦᠬᠡᠷᠡᠴᠢᠯᠡᠯᠳᠠ ᠶᠢ ᠶᠠᠪᠤᠭᠳᠠᠭᠤᠯᠵᠦ᠂ | ᠬᠦᠭᠵᠢᠯᠳᠠ ᠶᠢ ᠠᠬᠢᠭᠤᠯᠬᠤ︾ ᠲᠤᠭᠤᠷᠢᠨ ᠪᠠᠶᠢᠴᠠᠭᠠᠯᠳᠠ ᠶᠢᠨ ᠠᠵᠢᠯ ᠤᠨ ᠲᠤᠭᠳᠠᠴᠠ ᠶᠢ ᠦᠨᠡᠨᠬᠦ ᠪᠠᠶᠠᠯᠡᠬᠦᠯᠪᠡ᠃ | ︵ᠵᠢᠷᠭᠤᠭ᠎ᠠ︶ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠠ ᠶᠢ | ᠦᠷᠬᠦᠯᠵᠢᠯᠡᠨ ᠬᠦᠨᠵᠡᠬᠡᠶᠢᠷᠡᠬᠦᠯᠵᠦ᠂ ᠨᠠᠮ ᠠᠴᠠ ᠨᠢᠬᠡᠳᠦᠯᠳᠠᠢ ᠤᠳᠤᠷᠢᠳᠬᠤ᠂ ᠪᠦᠬᠦᠨ ᠢ ᠬᠠᠮᠤᠷᠬᠤ᠂ ᠡᠷᠬᠡ ᠰᠦᠷᠳᠦ | ᠪᠦᠳᠦᠮᠵᠢᠳᠠᠢ ᠬᠢᠨᠠᠯᠳᠠ ᠶᠢᠨ ᠰᠢᠰᠲ᠋ᠧᠮ ᠢ ᠠᠬᠢᠭᠤᠯᠤᠨ ᠪᠦᠷᠢᠳᠦᠬᠦᠯᠦᠨ᠎ᠡ᠃ | ᠤᠯᠤᠰ ᠤᠨ ᠬᠢᠨᠠᠯᠳᠠ ᠶᠢᠨ ᠪᠠᠶᠢᠭᠤᠯᠤᠯ ᠦᠬᠡᠷᠡᠴᠢᠯᠡᠯᠳᠠ ᠶᠢ ᠬᠦᠨᠵᠡᠬᠡᠢ ᠠᠬᠢᠭᠤᠯᠤᠨ᠎ᠠ᠃ 2017 ᠤᠨ ᠤ 12 ᠰᠠᠷ᠎ᠠ | ᠶᠢᠨ 15 ᠤ ᠡᠳᠦᠷ᠂ ᠲᠦᠷᠪᠡᠳ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠵᠢᠩᠬᠢᠨᠢ ᠪᠠᠷ ᠫᠠᠶᠢᠰᠠ ᠡᠯᠬᠦᠭᠳᠡᠨ | ᠪᠠᠶᠢᠭᠤᠯᠤᠭᠳᠠᠪᠠ᠃ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠪᠠᠶᠢᠭᠤᠯᠤᠭᠳᠠᠭᠰᠠᠨ ᠠᠴᠠ ᠨᠠᠰᠢ᠂ ᠨᠠᠮ ᠤᠨ ᠢᠯᠵᠢᠷᠡᠯ | ᠢ ᠡᠰᠡᠷᠬᠦᠴᠡᠬᠦ ᠠᠵᠢᠯ ᠳᠠᠬᠢ ᠲᠦᠪᠯᠡᠷᠡᠭᠰᠡᠨ ᠨᠢᠬᠡᠳᠦᠯᠳᠠᠢ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠨ᠂ ᠬᠢᠨᠠᠨ ᠪᠠᠶᠢᠴᠠᠭᠠᠬᠤ | ᠡᠬᠦᠷᠬᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠡᠷᠡᠭᠵᠢᠬᠦᠯᠵᠦ᠂ ᠪᠦᠬᠦ ᠬᠤᠰᠢᠭᠤᠨ ᠤ ᠬᠢᠨᠠᠨ ᠪᠠᠶᠢᠴᠠᠭᠠᠬᠤ ᠪᠠᠶᠢᠭᠤᠯᠤᠯ | ᠲᠤᠭᠳᠠᠴᠠ ᠶᠢᠨ ᠦᠬᠡᠷᠡᠴᠢᠯᠡᠯᠳᠠ ᠶᠢᠨ ᠠᠵᠢᠯ ᠢᠯᠡᠳᠳᠠ ᠠᠮᠵᠢᠯᠳᠠ ᠶᠢ ᠤᠯᠪᠠ᠃ 14361 ᠲᠡᠭᠰᠢ ᠲᠦᠷᠪᠡᠯᠵᠢᠨ | ᠮᠧᠲᠷ ᠲᠠᠯᠠᠪᠠᠢ ᠪᠦᠬᠦᠢ ᠭᠠᠵᠠᠷ ᠢ ᠡᠵᠡᠯᠡᠨ᠂ ᠶᠡᠷᠦᠩᠭᠡᠢ ᠪᠠᠷᠢᠯᠭ᠎ᠠ ᠶᠢᠨ ᠲᠠᠯᠠᠪᠠᠢ ᠨᠢ 3228 ᠲᠡᠭᠰᠢ ᠲᠦᠷᠪᠡᠯᠵᠢᠨ ᠮᠧᠲᠷ | ᠂ 5 ᠡᠳᠡᠬᠡᠳ ᠢ ᠦᠯᠡᠳᠡᠬᠡᠨ ᠰᠢᠢᠳᠪᠦᠷᠢᠯᠡᠵᠦ ᠪᠤᠯᠬᠤ ᠠᠷᠢᠭᠤᠨ ᠴᠢᠬᠡᠴᠢ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ | ᠲᠦᠪ ᠨᠢ ᠨᠠᠶᠢᠳᠠ 12 ᠬᠡᠷᠡᠭ ᠤᠨ 34 ᠬᠦᠮᠦᠨ ᠢ ᠦᠯᠡᠳᠡᠬᠡᠨ ᠰᠢᠢᠳᠪᠦᠷᠢᠯᠡᠪᠡ᠃ | ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠦᠬᠡᠷᠡᠴᠢᠯᠡᠯᠳᠠ ᠶᠢ ᠲᠠᠰᠤᠷᠠᠯᠳᠠ ᠦᠭᠡᠢ ᠠᠬᠢᠭᠤᠯᠪᠠ᠃ ᠪᠦᠬᠦ ᠬᠤᠰᠢᠭᠤᠨ | ᠳᠤ ᠨᠠᠶᠢᠳᠠ 15 ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠢ ᠲᠤᠮᠢᠯᠠᠨ ᠰᠠᠭᠤᠯᠭᠠᠵᠦ᠂ 75 | ᠰᠠᠯᠠᠭ᠎ᠠ ᠮᠦᠴᠢᠷ ᠢ ᠬᠠᠮᠤᠷᠪᠠ᠃ ︽ᠲᠦᠷᠪᠡᠳ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ | ᠵᠦᠪᠯᠡᠯ ᠤᠨ ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ | ᠲᠤᠭᠳᠠᠭᠠᠵᠦ᠂ ︽ᠠᠯᠪᠠᠨ ᠬᠡᠷ ᠲᠤᠭᠤᠶᠢᠯᠠᠩ︾ ᠬᠠᠮᠳᠤᠷᠠᠨ ᠬᠢᠨᠠᠬᠤ ᠪᠠ ︽ᠠᠯᠪᠠᠨ ᠬᠡᠷ ᠲᠤᠭᠤᠶᠢᠯᠠᠩ ᠭᠠᠵᠠᠷ ᠤᠷᠤᠨ︾ | ᠬᠠᠮᠳᠤᠷᠠᠨ ᠬᠡᠷᠡᠭ ᠡᠷᠬᠢᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠬᠠᠮᠳᠤᠷᠠᠯ ᠤᠨ ᠬᠦᠴᠦᠨ ᠢ ᠪᠤᠢ | ᠪᠤᠯᠭᠠᠨ ᠠᠬᠢᠭᠤᠯᠵᠦ᠂ ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠬᠢᠨᠠᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃ | | ︵ᠲᠤᠯᠤᠭ᠎ᠠ︶ ᠺᠠᠳ᠋ᠷ ᠠᠵᠢᠯᠳᠠᠳ ᠤᠨ ᠡᠩᠨᠡᠬᠡᠨ ᠤ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠵᠦ᠂ ᠰᠠᠬᠢᠯᠭ᠎ᠠ | ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠤᠨ ᠲᠡᠮᠤᠷ ᠴᠡᠷᠢᠭ ᠢ ᠬᠦᠴᠦᠯᠠᠨ ᠬᠦᠮᠦᠵᠢᠬᠦᠯᠪᠠ᠃ | ᠤᠳᠤᠷᠢᠳᠬᠤ ᠪᠠᠭ ᠤᠨ ᠪᠠᠶᠢᠭᠤᠯᠤᠯᠳᠠ ᠶᠢ ᠴᠢᠩᠭᠠᠳᠬᠠᠪᠠ᠃ ︽ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠪᠠᠶᠢᠩᠭᠤ | ᠶᠢᠨ ᠬᠤᠷᠢᠶᠠᠨ ᠤ ᠤᠯᠤᠰ ᠲᠦᠷᠦ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ︾᠂ ︽ | ᠲᠦᠷᠪᠡᠳ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠪᠠᠶᠢᠩᠭᠤ ᠶᠢᠨ ᠬᠤᠷᠢᠶᠠᠨ ᠤ ᠠᠯᠪᠠᠨ ᠬᠡᠷᠡᠭ ᠵᠦᠪᠯᠡᠨ | ᠰᠢᠢᠳᠪᠦᠷᠢᠯᠡᠬᠦ ᠲᠦᠷᠢᠮ︾ ᠵᠡᠷᠬᠡ ᠲᠦᠷᠢᠮ ᠢ ᠲᠤᠭᠳᠠᠭᠠᠵᠦ᠂ ᠠᠷᠠᠳᠴᠢᠯᠠᠯ ᠲᠦᠪᠯᠡᠷᠡᠯ ᠢ ᠤᠯᠠᠮ ᠨᠢᠬᠡ ᠠᠯᠬᠤᠮ | ᠪᠤᠳᠠᠳᠠᠶᠢᠵᠢᠭᠤᠯᠵᠦ ᠲᠦᠷᠢᠮᠵᠢᠬᠦᠯᠦᠨ᠂ ᠤᠳᠤᠷᠢᠳᠬᠤ ᠪᠠᠭ ᠤᠨ ᠨᠢᠭᠳᠠᠷᠠᠯ ᠤᠨ ᠬᠦᠴᠦᠨ ᠢ ᠤᠯᠠᠮ ᠨᠢᠬᠡ ᠠᠯᠬᠤᠮ | ᠡᠷᠴᠢᠮᠵᠢᠬᠦᠯᠪᠡ᠃ ᠦᠨᠳᠦᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠲᠠᠯᠪᠢᠨ᠂ ᠤᠳᠤᠷᠢᠳᠬᠤ ᠪᠠᠭ ᠠᠴᠠ ᠲᠦᠪ ᠤᠨ | ᠨᠠᠢᠮᠠᠨ ᠵᠤᠶᠢᠯ ᠤᠨ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠪᠦᠬᠦ ᠬᠦᠴᠦᠨ ᠪᠦᠬᠦ ᠵᠤᠷᠢᠭ ᠢᠶᠠᠷ ᠬᠡᠯᠪᠡᠷᠢᠴᠢ ᠦᠵᠡᠯ᠂ ᠨᠤᠶᠠᠨᠴᠢ ᠦᠵᠡᠯ ᠢ ᠡᠰᠡᠷᠬᠦᠴᠡᠵᠦ᠂ | ᠡᠯ᠎ᠡ ᠲᠠᠯ᠎ᠠ ᠶᠢᠨ ᠬᠢᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠦᠨᠡᠨᠴᠢ ᠰᠢᠳᠤᠷᠭᠤ ᠡᠬᠦᠷᠬᠡᠯᠡᠵᠦ | ᠬᠠᠷᠢᠭᠤᠴᠠᠬᠤ ᠰᠠᠶᠢᠨ ᠰᠠᠶᠢᠬᠠᠨ ᠲᠦᠷᠢ ᠲᠦᠷᠬᠦ ᠶᠢ ᠲᠠᠭᠠᠭᠤᠯᠤᠨ ᠪᠤᠢ ᠪᠤᠯᠭᠠᠪᠠ᠃ | ᠺᠠᠳ᠋ᠷ ᠠᠵᠢᠯᠳᠠᠳ ᠤᠨ ᠡᠩᠨᠡᠬᠡᠨ ᠤ ᠴᠢᠳᠠᠪᠤᠷᠢ ᠪᠤᠯᠪᠠᠰᠤᠷᠠᠯ ᠢ ᠦᠷᠬᠦᠯᠵᠢᠯᠡᠨ ᠲᠡᠬᠡᠭᠰᠢᠯᠡᠬᠦᠯᠪᠡ᠃ ︽ᠰᠠᠬᠢᠯᠭ᠎ᠠ ᠪᠠᠳᠦ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠠᠳ ᠤᠨ ᠡᠩᠨᠡᠬᠡᠨ ᠤ ᠪᠠᠶᠢᠭᠤᠯᠤᠯᠳᠠ ᠶᠢᠨ ᠤᠨ︾᠂ ︽ᠴᠢᠳᠠᠪᠤᠷᠢ | ᠪᠤᠯᠪᠠᠰᠤᠷᠠᠯ ᠢ ᠲᠡᠬᠡᠭᠰᠢᠯᠡᠬᠦᠯᠬᠦ ᠤᠨ︾᠂ ︽ᠴᠢᠳᠠᠪᠤᠷᠢ ᠬᠡᠪ ᠪᠤᠯᠪᠠᠰᠤᠷᠠᠯ ᠢ ᠪᠠᠬᠢᠵᠢᠬᠦᠯᠬᠦ ᠤᠨ︾ ᠵᠡᠷᠬᠡ ᠠᠵᠢᠯᠯᠠᠭ᠎ᠠ ᠶᠢ | ᠤᠷᠢᠳ ᠬᠤᠵᠢᠳ ᠦᠷᠨᠢᠬᠦᠯᠦᠨ᠂ ᠠᠵᠢᠯ ᠲᠦᠷᠦᠯ ᠤᠨ ᠤᠶᠤᠨ ᠤ ᠰᠤᠷᠢᠯᠳᠠ᠂ ᠠᠵᠢᠯ ᠲᠦᠷᠦᠯ ᠤᠨ ᠪᠤᠯᠪᠠᠰᠤᠷᠠᠯ᠂ ︽ | ᠶᠠᠷᠢᠯᠴᠠᠬᠤ᠂ ᠲᠡᠮᠳᠡᠭᠯᠡᠬᠦ᠂ ᠬᠡᠷᠡᠴᠢ ᠠᠪᠬᠤ︾ ᠭᠤᠷᠪᠠᠨ ᠵᠤᠶᠢᠯ ᠤᠨ ᠮᠡᠷᠬᠡᠵᠢᠯ ᠤᠨ ᠠᠵᠢᠯᠳᠠᠨ ᠪᠤᠯᠪᠠᠰᠤᠷᠠᠭᠤᠯᠬᠤ ᠵᠡᠷᠬᠡ | ᠠᠵᠢᠯᠯᠠᠭ᠎ᠠ ᠶᠢ ᠪᠠᠶᠢᠩᠭᠤ ᠶᠠᠪᠤᠭᠳᠠᠭᠤᠯᠵᠦ᠂ ᠲᠡᠬᠡᠷ᠎ᠡ ᠱᠠᠳᠤᠨ ᠠᠴᠠ ᠡᠷᠬᠢᠯᠡᠭᠰᠡᠨ ᠡᠯ᠎ᠡ ᠵᠤᠶᠢᠯ ᠤᠨ ᠠᠵᠢᠯ ᠲᠦᠷᠦᠯ ᠤᠨ | ᠪᠤᠯᠪᠠᠰᠤᠷᠠᠯ ᠳᠤ ᠢᠳᠡᠪᠬᠢᠳᠠᠢ ᠤᠷᠤᠯᠴᠠᠵᠦ᠂ ᠲᠤᠰᠬᠠᠢ ᠮᠡᠷᠬᠡᠵᠢᠯ ᠤᠨ ᠠᠵᠢᠯᠳᠠᠳ ᠢ ᠤᠷᠢᠵᠦ ᠪᠦᠬᠦ ᠰᠠᠬᠢᠯᠭ᠎ᠠ ᠪᠠᠳᠦ ᠶᠢᠨ | ᠠᠵᠢᠯᠳᠠᠳ ᠲᠤ ᠲᠤᠰᠬᠠᠢ ᠰᠡᠳᠦᠪᠳᠦ ᠲᠠᠪᠳᠠᠯᠭ᠎ᠠ ᠬᠢᠯᠬᠡᠵᠦ᠂ ︽ᠠᠬᠠᠮᠠᠳ ᠠᠵᠢᠯᠳᠠᠳ ᠢᠶᠠᠷ ᠰᠢᠨ᠎ᠡ ᠠᠵᠢᠯᠳᠠᠳ ᠢ | ᠲᠠᠭᠠᠭᠤᠯᠬᠤ᠂ ᠠᠵᠢᠯᠯᠠᠬᠤ ᠪᠠᠷ ᠲᠠᠮᠵᠢᠨ ᠪᠤᠯᠪᠠᠰᠤᠷᠠᠬᠤ︾ ᠶᠢ ᠠᠩᠬᠠᠷᠤᠨ᠂ ᠺᠠᠳ᠋ᠷ ᠤᠨ ᠡᠩᠨᠡᠬᠡᠨ ᠤ ᠶᠡᠷᠦᠩᠭᠡᠶᠢᠯᠡᠭᠰᠡᠨ ᠬᠡᠪ | ᠪᠤᠯᠪᠠᠰᠤᠷᠠᠯ ᠪᠠ ᠲᠤᠰᠬᠠᠢ ᠮᠡᠷᠬᠡᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠲᠠᠪᠤᠨ ᠵᠢᠯ ᠤᠨ ᠲᠤᠷᠰᠢ | ᠂ ᠪᠦᠬᠦ ᠬᠡᠰᠢᠬᠦᠳ ᠢ 62 ᠤᠳᠠᠭ᠎ᠠ ᠲᠦᠪᠯᠡᠷᠡᠬᠦᠯᠦᠨ ᠪᠤᠯᠪᠠᠰᠤᠷᠠᠭᠤᠯᠵᠦ᠂ 39 ᠬᠦᠮᠦᠨ ᠢ ᠲᠡᠬᠡᠷ᠎ᠡ ᠱᠠᠳᠤᠨ ᠤ ᠰᠠᠬᠢᠯᠭ᠎ᠠ | ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠤᠯᠪᠠᠰᠤᠷᠠᠯ ᠪᠠ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ | ᠤᠷᠤᠯᠴᠠᠭᠤᠯᠤᠨ᠂ ᠲᠤᠭᠤᠶᠢᠯᠠᠩ ᠠᠴᠠ 200 ᠢᠯᠡᠬᠦᠦ ᠬᠦᠮᠦᠨ ᠰᠤᠩᠭᠤᠨ ᠲᠤᠰᠬᠠᠢ ᠬᠡᠷᠡᠭ ᠤᠨ ᠪᠠᠶᠢᠴᠠᠭᠠᠯᠳᠠ ᠳᠤ | ᠤᠷᠤᠯᠴᠠᠭᠤᠯᠵᠦ᠂ ︽2 + 2︾ ᠴᠢᠨᠠᠷ ᠰᠠᠶᠢᠳᠠᠢ ᠲᠤᠰᠬᠠᠶᠢᠵᠢᠭᠰᠠᠨ ᠬᠡᠷᠡᠭ ᠡᠷᠬᠢᠯᠡᠬᠦ 5 ᠴᠢᠳᠠᠪᠤᠷᠢᠳᠠᠨ ᠰᠤᠩᠭᠤᠨ᠂ | ︽ᠲᠦᠭ ᠲᠦᠮᠡᠨ ᠴᠢᠳᠠᠪᠤᠷᠢᠳᠠᠨ ᠤ ᠢᠨᠵᠧᠨᠧᠷᠢᠩ︾ ᠤᠨ 128 ᠬᠦᠮᠦᠨ ᠢ ᠦᠨᠡᠯᠡᠨ ᠭᠠᠷᠭᠠᠵᠦ᠂ ᠪᠦᠬᠦ ᠬᠤᠰᠢᠭᠤᠨ ᠤ | ᠬᠡᠪᠴᠢᠶᠠᠨ ᠳᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ 32 ᠠᠵᠢᠯᠳᠠᠨ ᠢ ᠢᠯᠠ ᠪᠠᠷ ᠰᠤᠩᠭᠤᠨ ᠬᠡᠷᠡᠭᠯᠡᠪᠡ᠃ | ᠲᠤᠳᠤᠭᠠᠳᠤᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠪᠠ᠃ ︽ᠵᠢᠷᠭᠤᠭᠠᠨ ᠬᠠᠮᠢᠶᠠᠷᠤᠯᠳᠠ ᠶᠢ ᠬᠡᠷᠡᠭᠵᠢᠬᠦᠯᠬᠦ᠂ | ᠵᠠᠩᠭᠢᠯᠠᠭ᠎ᠠ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠲᠤᠭᠳᠠᠭᠠᠵᠦ᠂ | ᠠᠯᠪᠠᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠲᠤ ︽ᠵᠢᠷᠭᠤᠭᠠᠨ ᠬᠠᠮᠢᠶᠠᠷᠤᠯᠳᠠ︾ ᠶᠢᠨ ᠪᠠᠶᠢᠳᠠᠯ ᠳᠤ ᠲᠤᠭᠳᠠᠮᠠᠯ | ᠪᠤᠰᠦ ᠬᠤᠭᠤᠴᠠᠭ᠎ᠠ ᠲᠠᠢ ᠪᠠᠷ ᠬᠢᠨᠠᠯᠳᠠ ᠪᠠᠶᠢᠴᠠᠭᠠᠯᠳᠠ ᠬᠢᠵᠦ᠂ ᠠᠵᠢᠯ ᠤᠨ ᠰᠢᠨᠵᠢ ᠴᠢᠨᠠᠷ ᠢ ᠦᠨᠡᠨᠬᠦ ᠲᠡᠭᠡᠭᠰᠢᠯᠡᠬᠦᠯᠪᠡ᠃ | ᠡᠬᠦᠨ ᠤ ᠬᠠᠮᠳᠦ᠂ ᠲᠤᠰ ᠪᠠᠶ᠎ᠠ ᠶᠢᠨ ᠰᠠᠬᠢᠯᠭ᠎ᠠ ᠪᠠᠳᠦ ᠶᠢᠨ ᠰᠤᠷᠳᠠᠯ ᠤᠨ ᠪᠠᠶᠢᠭᠤᠯᠤᠯᠳᠠ ᠶᠢ ᠴᠢᠩᠭ᠎ᠠ ᠬᠠᠮᠢᠶᠠᠷᠤᠨ | ᠠᠳᠬᠤᠵᠦ᠂ ᠪᠦᠬᠦ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠠᠯᠪᠠᠨ ᠪᠠᠶᠢᠭᠤᠯᠭ᠎ᠠ ᠶᠢᠨ ᠰᠠᠯᠠᠭᠠᠨ | ᠲᠡᠰ ᠤᠨ ᠤᠳᠤᠷᠢᠳᠬᠤ ᠺᠠᠳ᠋ᠷᠴᠤᠳ ᠲᠤ ᠬᠠᠮᠳᠦ ᠶᠢᠨ ᠠᠷᠢᠭᠤᠨ ᠴᠢᠬᠡᠴᠢ ᠶᠢᠨ ᠶᠠᠷᠢᠯᠴᠠᠭ᠎ᠠ ᠦᠷᠨᠢᠬᠦᠯᠦᠨ᠂ ᠬᠤᠪᠢᠶᠠᠷᠢᠯᠠᠨ | ᠬᠠᠮᠢᠶᠠᠷᠬᠤ ᠪᠠᠶᠢᠩᠭᠤ ᠶᠢᠨ ᠬᠡᠰᠢᠬᠦᠨ ᠠᠴᠠ ᠲᠠᠭᠠᠭᠤᠯᠤᠨ ᠠᠯᠪᠠᠨ ᠪᠠᠶᠢᠭᠤᠯᠭ᠎ᠠ ᠶᠢᠨ ᠰᠠᠯᠠᠭ᠎ᠠ ᠲᠠᠰᠤᠭ ᠪᠠ ᠲᠤᠮᠢᠯᠠᠨ | ᠰᠠᠭᠤᠯᠭᠠᠬᠤ ᠪᠠᠶᠢᠭᠤᠯᠤᠮᠵᠢ ᠶᠢᠨ ᠰᠠᠬᠢᠯᠭ᠎ᠠ ᠪᠠᠳᠦ ᠰᠤᠷᠳᠠᠯ ᠤᠨ ᠲᠠᠯ᠎ᠠ ᠪᠠᠷ ᠬᠢᠨᠠᠯᠳᠠ ᠪᠠᠶᠢᠴᠠᠭᠠᠯᠳᠠ ᠬᠢᠵᠦ᠂ ᠡᠬᠦᠷᠬᠡ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ 3 ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ | ᠶᠠᠷᠢᠯᠴᠠᠭ᠎ᠠ ᠦᠷᠨᠢᠬᠦᠯᠵᠦ᠂ ᠪᠠᠶᠢᠭᠤᠯᠭ᠎ᠠ ᠶᠢᠨ ᠦᠪᠡᠷ ᠤᠨ ᠲᠡᠷᠬᠡᠳᠡᠬᠢ ᠬᠠᠮᠢᠶᠠᠷᠤᠯᠳᠠ ᠪᠠᠨ ᠴᠢᠩᠭᠠᠳᠬᠠᠪᠠ᠃ | ︵ᠨᠠᠢᠮᠠ︶ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠵᠢᠱᠢᠶ᠎ᠠ | ᠦᠵᠡᠬᠦᠯᠬᠦ ᠤᠯᠤᠰ ᠲᠦᠷᠦ ᠶᠢᠨ ᠠᠯᠪᠠᠨ ᠪᠠᠶᠢᠭᠤᠯᠭ᠎ᠠ ᠶᠢ ᠦᠨᠡᠨᠬᠦ ᠪᠠᠶᠢᠭᠤᠯᠪᠠ᠃ | ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠪᠠ᠃ ᠠᠩᠬᠠᠳᠤᠭᠠᠷ ᠬᠤᠭᠤᠴᠠᠭᠠᠨ ᠤ | ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠤᠯᠤᠨ ᠠᠯᠪᠠᠨ ᠪᠠᠶᠢᠭᠤᠯᠭ᠎ᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ | ᠶᠢ ᠪᠠᠶᠢᠭᠤᠯᠵᠦ᠂ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠤᠷ᠎ᠠ 4 ᠨᠠᠮ ᠤᠨ ᠡᠬᠦᠷ ᠪᠠᠶᠢᠭᠤᠯᠤᠨ᠂ ᠠᠯᠪᠠᠨ | ᠪᠠᠶᠢᠭᠤᠯᠭ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠯᠳᠤᠭᠠᠨ ᠤ ᠪᠠᠬᠢᠯᠡᠯᠳᠠ ᠶᠢᠨ ᠦᠢᠯᠡᠳᠦᠯ ᠢ ᠬᠦᠢᠴᠡᠳ | ᠪᠠᠳᠠᠷᠠᠭᠤᠯᠪᠠ᠃ ︽ᠭᠤᠷᠪᠠᠨ ᠬᠤᠷᠠᠯ ᠨᠢᠬᠡ ᠬᠢᠴᠢᠶᠠᠯ︾᠂ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠵᠤᠬᠢᠶᠠᠨ | ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠵᠡᠷᠬᠡ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ | ᠤᠨ ᠲᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠤᠨ ᠬᠠᠨᠳᠤᠯᠭᠠᠳᠦ ᠴᠢᠨᠠᠷ ᠪᠠ ᠪᠤᠳᠠᠳᠠᠢ ᠦᠷ᠎ᠡ ᠪᠦᠳᠦᠮᠵᠢᠳᠦ ᠴᠢᠨᠠᠷ | ᠢ ᠦᠨᠡᠨᠬᠦ ᠲᠡᠭᠡᠭᠰᠢᠯᠡᠬᠦᠯᠪᠡ᠃ ᠡᠯ᠎ᠡ ᠨᠠᠮ ᠤᠨ ᠡᠬᠦᠷ ᠤᠨ ᠱᠦᠵᠢ ᠪᠤᠯ ᠨᠠᠮ ᠤᠨ ᠪᠠᠶᠢᠭᠤᠯᠤᠯᠳᠠ ᠶᠢᠨ ᠠᠵᠢᠯ ᠤᠨ | ᠨᠢᠬᠡᠳᠦᠬᠡᠷ ᠬᠠᠷᠢᠭᠤᠴᠠᠬᠤ ᠬᠦᠮᠦᠨ ᠬᠡᠰᠡᠨ ᠢ ᠲᠤᠳᠤᠷᠬᠠᠶᠢᠯᠠᠵᠦ᠂ ᠨᠠᠮ ᠤᠨ ᠡᠬᠦᠷ ᠤᠨ ᠵᠢᠯ ᠤᠨ ᠰᠤᠷᠤᠯᠴᠠᠬᠤ | ᠲᠦᠯᠦᠪᠵᠢᠬᠦᠯᠬᠡ ᠶᠢ ᠬᠠᠷᠢᠭᠤᠴᠠᠨ ᠨᠠᠶᠢᠷᠠᠭᠤᠯᠵᠦ᠂ ᠨᠠᠮ ᠤᠨ ᠬᠡᠰᠢᠬᠦᠨ ᠢ ᠲᠤᠭᠳᠠᠮᠠᠯ ᠬᠤᠭᠤᠴᠠᠭ᠎ᠠ ᠲᠠᠢ ᠪᠠᠷ ᠵᠤᠬᠢᠶᠠᠨ | ᠪᠠᠶᠢᠭᠤᠯᠤᠨ ᠲᠦᠪᠯᠡᠷᠡᠬᠦᠯᠦᠨ ᠰᠤᠷᠤᠯᠴᠠᠭᠤᠯᠵᠦ᠂ ᠨᠠᠮ ᠤᠨ ᠲᠤᠳᠤᠭᠠᠳᠤᠬᠢ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠨᠢ | ᠠᠴᠢᠶᠠᠯᠠᠪᠤᠷᠢ ᠲᠠᠢ᠂ ᠶᠠᠰᠦ ᠴᠢᠨᠠᠷ ᠲᠠᠢ ᠪᠠᠶᠢᠬᠤ ᠶᠢ ᠪᠠᠶᠠᠯᠠᠬᠦᠯᠦᠨ᠂ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ | ᠶᠢᠨ ᠠᠵᠢᠯ ᠢᠶᠠᠷ ᠤᠳᠤᠷᠢᠳᠤᠮᠵᠢ ᠪᠤᠯᠭᠠᠨ ᠴᠢᠩᠭᠠᠳᠬᠠᠵᠦ᠂ ᠵᠢᠱᠢᠶ᠎ᠠ ᠦᠵᠡᠬᠦᠯᠬᠦ ᠤᠯᠤᠰ ᠲᠦᠷᠦ ᠶᠢᠨ ᠠᠯᠪᠠᠨ | ᠪᠠᠶᠢᠭᠤᠯᠭ᠎ᠠ ᠶᠢᠨ ᠪᠠᠶᠢᠭᠤᠯᠤᠯᠳᠠ ᠶᠢ ᠴᠢᠩᠭᠠᠳᠬᠠᠪᠠ᠃ | ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠢᠳᠡᠪᠬᠢᠳᠠᠢ ᠦᠷᠨᠢᠬᠦᠯᠪᠠ᠃ ︽ᠬᠤᠶᠠᠷ ᠢ ᠰᠤᠷᠤᠯᠴᠠᠵᠦ ᠬᠢᠷᠢ | ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠭ᠎ᠠ ᠬᠦᠮᠦᠵᠢᠯ ᠢ ᠪᠤᠳᠠᠳᠠᠢ ᠦᠷᠨᠢᠬᠦᠯᠵᠦ᠂ ︽ᠤᠭ ᠵᠤᠷᠢᠯᠳᠠ ᠪᠠᠨ | ᠦᠯᠦ ᠮᠡᠷᠳᠡᠨ᠂ ᠡᠬᠦᠷᠬᠡ ᠬᠠᠷᠢᠭᠤᠴᠠᠯᠭ᠎ᠠ ᠪᠠᠨ ᠪᠠᠳᠦ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ ᠢ ᠪᠠᠶᠢᠩᠭᠤᠵᠢᠭᠤᠯᠬᠤ | ᠶᠢ ᠢᠳᠡᠪᠬᠢᠳᠠᠢ ᠠᠬᠢᠭᠤᠯᠵᠦ᠂ ᠨᠠᠮ ᠤᠨ ᠲᠡᠤᠬᠡ ᠰᠤᠷᠤᠯᠴᠠᠯᠭ᠎ᠠ ᠶᠢᠨ ᠬᠦᠮᠦᠵᠢᠯ ᠢ ᠬᠦᠨᠵᠡᠬᠡᠢ ᠦᠷᠨᠢᠬᠦᠯᠬᠦ ᠶᠢᠨ ᠬᠠᠮᠳᠦ | ᠰᠤᠷᠤᠯᠴᠠᠯᠭ᠎ᠠ ᠶᠢᠨ ᠦᠷ᠎ᠡ ᠪᠦᠳᠦᠮᠵᠢ ᠶᠢ ᠤᠯᠠᠮ ᠨᠢᠬᠡ ᠠᠯᠬᠤᠮ ᠪᠠᠬᠢᠵᠢᠬᠦᠯᠦᠨ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ | ᠪᠠᠶᠢᠴᠠᠭᠠᠬᠤ ᠡᠩᠨᠡᠭᠡ ᠲᠤᠳᠤᠷ᠎ᠠ ᠨᠠᠮ ᠤᠨ ᠤᠨᠤᠯ ᠱᠤᠭᠤᠮ᠂ ᠴᠢᠭᠯᠡᠯᠳᠠ᠂ ᠠᠷᠭ᠎ᠠ ᠪᠤᠳᠤᠯᠭ᠎ᠠ ᠶᠢ ᠤᠯᠠᠮ ᠨᠢᠬᠡ ᠠᠯᠬᠤᠮ | ᠡᠷᠴᠢᠮᠵᠢᠬᠦᠯᠵᠦ᠂ ᠺᠠᠳ᠋ᠷ ᠠᠵᠢᠯᠳᠠᠳ ᠢ ᠪᠠᠶᠢᠷᠢ ᠴᠢᠭᠯᠡᠯᠳᠠ ᠪᠠᠨ ᠪᠠᠳᠤᠳᠬᠠᠬᠤ᠂ ᠤᠯᠤᠰ ᠲᠦᠷᠦ ᠶᠢᠨ ᠵᠤᠭᠰᠤᠴᠠ ᠪᠠᠨ | ᠪᠠᠷᠢᠮᠳᠠᠯᠠᠬᠤ᠂ ᠦᠨᠳᠦᠰᠦᠨ ᠵᠤᠷᠢᠯᠳᠠ ᠶᠢᠨ ᠦᠵᠡᠯᠳᠠ ᠶᠢ ᠪᠤᠢ ᠪᠤᠯᠭᠠᠬᠤ ᠵᠡᠷᠬᠡ ᠲᠠᠯ᠎ᠠ ᠪᠠᠷ ᠵᠢᠱᠢᠶ᠎ᠠ ᠦᠵᠡᠬᠦᠯᠬᠦ | ᠲᠠᠭᠠᠭᠤᠯᠤᠭᠴᠢ ᠪᠤᠯᠭᠠᠪᠠ᠃ | ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠡᠯ᠎ᠡ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠪᠠ ᠺᠠᠳ᠋ᠷ ᠠᠵᠢᠯᠳᠠᠳ ᠰᠤᠷᠤᠯᠴᠠᠨ ᠰᠡᠳᠬᠢᠬᠦ ᠶᠢᠨ ᠲᠤᠮᠳᠠ ᠤᠶᠢᠯᠡᠳᠦᠯᠬᠡᠵᠢᠬᠦᠯᠦᠨ ᠤᠶᠢᠯᠠᠭᠠᠬᠤ ᠶᠢ | ᠪᠠᠷᠢᠮᠳᠠᠯᠠᠨ᠂ ᠰᠢᠨ᠎ᠡ ᠴᠠᠭ ᠦᠶ᠎ᠠ ᠶᠢᠨ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠳᠠᠢ | ᠬᠦᠭᠵᠢᠯᠳᠠ ᠶᠢ ᠠᠬᠢᠭᠤᠯᠬᠤ ᠲᠤᠮᠳᠠ ᠬᠦᠨᠵᠡᠬᠡᠢ ᠰᠡᠷᠡᠵᠦ ᠮᠡᠳᠡᠭᠰᠡᠨ ᠨᠢ᠄ ᠨᠢᠬᠡ᠂ ᠡᠷᠬᠡᠪᠰᠢ ︽ᠦᠨᠡᠨ ᠶᠤᠰᠦ ᠶᠢ | ᠪᠠᠷᠢᠮᠳᠠᠯᠠᠨ ᠬᠦᠰᠡᠯ ᠮᠦᠷᠦᠬᠡᠳᠦᠯ ᠢᠶᠠᠨ ᠰᠠᠬᠢᠬᠤ᠂ ᠤᠭ ᠵᠤᠷᠢᠯᠳᠠ ᠪᠠᠨ ᠤᠶᠢᠯᠡᠳᠦᠯᠬᠡᠵᠢᠬᠦᠯᠦᠨ ᠡᠬᠦᠷᠬᠡ ᠬᠠᠷᠢᠭᠤᠴᠠᠯᠭ᠎ᠠ | ᠪᠠᠨ ᠬᠦᠢᠴᠡᠳᠬᠡᠬᠦ᠂ ᠦᠷᠡᠭᠳᠡᠯ ᠠᠴᠠ ᠠᠶᠤᠬᠤ ᠦᠭᠡᠢ ᠡᠷᠡᠮᠡᠬᠡᠶᠢᠯᠡᠨ ᠤᠷᠤᠭᠰᠢᠯᠠᠬᠤ᠂ ᠨᠠᠮ ᠳᠠᠭᠠᠨ ᠰᠢᠳᠤᠷᠭᠤ ᠪᠠᠶᠢᠵᠦ | ᠠᠷᠠᠳ ᠲᠦᠮᠡᠨ ᠳᠤ ᠤᠰᠤᠯᠳᠠᠬᠤ ᠦᠭᠡᠢ︾ ᠬᠡᠬᠦ ᠨᠠᠮ ᠪᠠᠶᠢᠭᠤᠯᠤᠭᠳᠠᠭᠰᠠᠨ ᠠᠭᠤᠤ ᠶᠡᠭᠡ ᠵᠤᠷᠢᠭ ᠰᠠᠨᠠᠭ᠎ᠠ ᠪᠠᠷ | ᠤᠳᠤᠷᠢᠳᠤᠮᠵᠢ ᠪᠤᠯᠭᠠᠨ᠂ ᠤᠯᠤᠰ ᠲᠦᠷᠦ ᠶᠢᠨ ᠦᠨᠳᠦᠷ ᠵᠤᠭᠰᠤᠴᠠ ᠠᠴᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ | ᠠᠬᠢᠭᠤᠯᠵᠦ᠂ ᠲᠦᠪ ᠤᠨ ᠴᠢᠬᠤᠯᠠ ᠶᠡᠭᠡ ᠰᠢᠢᠳᠪᠦᠷᠢᠳᠦ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ | ᠴᠢᠬᠤᠯᠠ ᠶᠡᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠭᠤᠷᠢᠨ ᠳᠤ᠂ ᠨᠠᠷᠢᠯᠢᠭ ᠤᠨᠤᠴᠢᠳᠠᠢ ᠪᠠᠷ ᠤᠬᠠᠮᠰᠠᠷ ᠠᠴᠠ ᠪᠠᠨ᠂ ᠮᠦᠷᠳᠡᠨ | ᠬᠢᠨᠠᠵᠦ᠂ ᠲᠦᠪ ᠤᠨ ᠰᠢᠢᠳᠪᠦᠷᠢᠳᠦ ᠪᠠᠶᠢᠷᠢᠯᠠᠭᠤᠯᠤᠯᠳᠠ ᠬᠠᠮᠢᠭ᠎ᠠ ᠤᠴᠢᠪᠠᠯ ᠬᠢᠨᠠᠯᠳᠠ ᠪᠠᠶᠢᠴᠠᠭᠠᠯᠳᠠ ᠲᠠᠷᠤᠢ ᠬᠠᠮᠢᠭ᠎ᠠ | ᠲᠠᠭᠠᠵᠦ ᠤᠴᠢᠬᠤ ᠶᠢ ᠪᠠᠶᠠᠯᠡᠬᠦᠯᠦᠨ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ | ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠢ ᠱᠠᠯᠠᠪᠳᠠᠭᠤᠯᠤᠨ ︽ᠬᠤᠶᠠᠷ ᠢ ᠬᠦᠷᠢᠶᠠᠯᠠᠬᠦ︾ ᠤᠯᠤᠰ ᠲᠦᠷᠦ ᠶᠢᠨ | ᠤᠬᠠᠮᠰᠠᠷ ᠢ ᠨᠢ ᠲᠠᠰᠤᠷᠠᠯᠳᠠ ᠦᠭᠡᠢ ᠲᠡᠬᠡᠭᠰᠢᠯᠡᠬᠦᠯᠬᠦ ᠬᠡᠷᠡᠭᠳᠠᠢ᠃ ᠬᠤᠶᠠᠷ᠂ ᠡᠷᠬᠡᠪᠰᠢ ᠴᠠᠭ ᠢᠮᠠᠭᠳᠠ ᠠᠷᠠᠳ ᠲᠦᠮᠡᠨ | ᠡᠷᠬᠢᠮ ᠲᠡᠬᠡᠳᠦ ᠪᠠᠶᠢᠬᠤ ᠰᠡᠳᠬᠢᠯᠬᠡ ᠶᠢ ᠡᠪᠦᠷᠯᠡᠨ᠂ ︽ᠲᠦᠷᠦ ᠬᠦᠷᠦᠨ ᠪᠤᠯ ᠲᠠᠷᠤᠢ ᠠᠷᠠᠳ ᠲᠦᠮᠡᠨ᠂ ᠠᠷᠠᠳ ᠲᠦᠮᠡᠨ | ᠪᠤᠯ ᠲᠠᠷᠤᠢ ᠲᠦᠷᠦ ᠬᠦᠷᠦᠨ︾ ᠪᠤᠯᠬᠤ ᠶᠢ ᠪᠠᠳᠦ ᠪᠠᠷᠢᠮᠳᠠᠯᠠᠵᠦ᠂ ︽ᠲᠦᠪ ᠬᠤᠷᠢᠶᠠᠨ ᠳᠤ ᠬᠢᠨᠠᠯᠳᠠ ᠶᠢ ᠰᠠᠶᠢᠳᠦᠷ ᠬᠢᠵᠦ | ᠦᠭᠬᠦ ᠨᠢ ᠲᠠᠷᠤᠢ ᠠᠷᠠᠳ ᠲᠦᠮᠡᠨ ᠳᠤ ᠤᠶᠢᠯᠠᠴᠢᠯᠠᠵᠦ ᠪᠤᠢ︾ ᠬᠡᠬᠦ ᠤᠶᠢᠯᠠᠭᠠᠭᠳᠠᠬᠤᠨ ᠢ ᠬᠦᠨᠵᠡᠬᠡᠢ ᠤᠶᠢᠯᠠᠭᠠᠵᠦ᠂ | ᠤᠯᠠᠨ ᠲᠦᠮᠡᠨ ᠤ ᠲᠡᠷᠬᠡᠳᠡᠬᠢ ᠠᠰᠢᠭ ᠲᠤᠰᠠ ᠶᠢ ᠨᠢ ᠬᠤᠬᠢᠷᠠᠭᠤᠯᠤᠭᠰᠠᠨ ᠬᠦᠮᠦᠨ ᠪᠠ ᠬᠡᠷᠡᠭ ᠶᠠᠪᠤᠳᠠᠯ ᠢ ᠬᠤᠷᠢᠭᠯᠠᠨ᠂ | ᠰᠠᠬᠢᠯᠭ᠎ᠠ ᠪᠠᠳᠦ ᠶᠢ ᠬᠡᠷᠡᠭᠵᠢᠬᠦᠯᠵᠦ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ ᠨᠡᠮᠡᠭᠳᠡᠬᠦᠯᠬᠦ ᠪᠠᠷ ᠲᠠᠮᠵᠢᠨ᠂ ᠪᠦᠬᠦ | ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ | ᠤᠨ ᠦᠨᠳᠦᠰᠦᠨ ᠱᠠᠳᠤᠨ ᠤ ᠵᠠᠰᠠᠯᠳᠠ ᠶᠢᠨ ᠴᠢᠳᠠᠪᠤᠷᠢ ᠪᠠ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠳᠠ | ᠦᠭᠡᠢ ᠲᠡᠬᠡᠭᠰᠢᠯᠡᠬᠦᠯᠬᠦ ᠶᠢ ᠠᠬᠢᠭᠤᠯᠵᠦ᠂ ᠠᠷᠠᠳ ᠲᠦᠮᠡᠨ ᠳᠤ ᠰᠠᠭᠤᠷᠢᠯᠠᠬᠤ ᠦᠩᠭᠡ ᠶᠢ ᠨᠡᠮᠡᠷᠢᠯᠡᠬᠦ ᠬᠡᠷᠡᠭᠳᠠᠢ᠃ ᠭᠤᠷᠪᠠ᠂ | ᠡᠷᠬᠡᠪᠰᠢ ᠦᠩᠭᠡᠨ ᠲᠠᠯ᠎ᠠ ᠶᠢ ᠨᠢ ᠵᠠᠰᠠᠬᠤ ᠪᠠ ᠦᠨᠳᠦᠰᠦ ᠰᠤᠷᠪᠤᠯᠵᠢ ᠠᠴᠠ ᠨᠢ ᠵᠠᠰᠠᠬᠤ᠂ ᠵᠠᠯᠬᠠᠭᠠᠨ ᠰᠢᠢᠳᠬᠡᠬᠦ ᠪᠠ | ᠤᠷᠢᠳᠴᠢᠯᠠᠨ ᠰᠡᠷᠬᠡᠶᠢᠯᠡᠬᠦ ᠶᠢᠨ ᠬᠤᠪᠢᠰᠤᠩᠭᠤᠢ ᠬᠠᠷᠢᠴᠠᠭ᠎ᠠ ᠶᠢ ᠤᠨᠤᠪᠴᠢᠳᠠᠢ ᠡᠵᠡᠮᠰᠢᠵᠦ᠂ ᠡᠬᠦᠨ ᠤ ᠲᠠᠭᠠᠤ ᠨᠠᠮ ᠤᠨ | ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ︽ᠢᠯᠵᠢᠷᠠᠬᠤ ᠠᠴᠠ | ᠠᠶᠤᠬᠤ᠂ ᠢᠯᠵᠢᠷᠠᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ︾ ᠶᠢ ᠪᠦᠬᠦᠯᠢ ᠴᠤᠭᠴᠠ ᠳᠤ ᠨᠢ ᠠᠬᠢᠭᠤᠯᠬᠤ | ᠶᠢ ᠪᠠᠶᠢᠯᠳᠤᠬᠤ ᠪᠤᠳᠤᠯᠭ᠎ᠠ ᠶᠢᠨ ᠬᠠᠷᠠᠯᠳᠠ ᠪᠠᠨ ᠪᠤᠯᠭᠠᠨ᠂ ᠡᠷᠬᠢᠯᠡᠬᠦ᠂ ᠦᠬᠡᠷᠡᠴᠢᠯᠡᠬᠦ ᠪᠠ ᠵᠠᠰᠠᠬᠤ ᠶᠢ ᠠᠭᠤᠰᠤᠯᠴᠠᠭᠤᠯᠤᠨ | ᠬᠠᠮᠳᠤᠳᠬᠠᠬᠤ ᠶᠢ ᠠᠬᠢᠭᠤᠯᠵᠦ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠢ ᠬᠦᠮᠦᠵᠢᠬᠦᠯᠦᠨ ᠲᠠᠭᠠᠭᠤᠯᠵᠦ | ᠤᠯᠤᠰ ᠲᠦᠷᠦ ᠶᠢᠨ ᠤᠶᠢᠯᠠᠭᠠᠯᠠᠯᠳᠠ ᠶᠢ ᠨᠢ ᠲᠡᠬᠡᠭᠰᠢᠯᠡᠬᠦᠯᠦᠨ᠂ ᠶᠤᠰᠦ ᠰᠤᠷᠳᠠᠬᠤᠨ ᠢ ᠡᠷᠬᠢᠮᠯᠡᠬᠦ ᠪᠠ ᠲᠦᠷᠢᠮ | ᠲᠤᠭᠳᠠᠭᠠᠯ ᠢ ᠵᠢᠷᠤᠮᠯᠠᠬᠤ ᠶᠢ ᠬᠠᠷᠢᠯᠴᠠᠨ ᠤᠶᠠᠯᠳᠤᠭᠤᠯᠵᠦ᠂ ᠢᠯᠵᠢᠷᠠᠬᠤ ᠠᠴᠠ ᠠᠶᠤᠬᠤ ᠠᠴᠠ ᠢᠯᠵᠢᠷᠠᠵᠦ ᠪᠤᠯᠬᠤ ᠦᠭᠡᠢ | ᠠᠴᠠ ᠲᠠᠬᠢᠨ ᠢᠯᠵᠢᠷᠠᠬᠤ ᠶᠢ ᠪᠤᠳᠤᠬᠤ ᠦᠭᠡᠢ ᠪᠠᠶᠢᠬᠤ ᠦᠨᠳᠦᠰᠦᠨ ᠬᠤᠪᠢᠷᠠᠯᠳᠠ ᠶᠢ ᠪᠠᠶᠠᠯᠡᠬᠦᠯᠬᠦ ᠬᠡᠷᠡᠭᠳᠠᠢ᠃ ᠲᠦᠷᠪᠡ᠂ | ᠡᠷᠬᠡᠪᠰᠢ ᠲᠤᠰ ᠪᠠᠶ᠎ᠠ ᠶᠢᠨ ᠪᠠᠶᠢᠭᠤᠯᠤᠯᠳᠠ ᠪᠠᠷ ᠦᠨᠳᠦᠰᠦᠨ ᠪᠠᠳᠤᠯᠠᠭ᠎ᠠ ᠪᠤᠯᠭᠠᠵᠦ᠂ ᠤᠯᠤᠰ ᠲᠦᠷᠦ ᠶᠢᠨ ᠵᠤᠭᠰᠤᠴᠠ | ᠪᠠᠨ ᠡᠷᠡᠰ ᠬᠠᠳᠠᠭᠤ ᠪᠠᠷᠢᠮᠳᠠᠯᠠᠨ᠂ ᠬᠠᠤᠯᠢ ᠲᠦᠷᠢᠮ ᠢ ᠠᠵᠢᠯ ᠲᠦᠷᠦᠯ ᠤᠨ ᠲᠤᠮᠳᠠ ᠠᠭᠤᠰᠤᠯᠴᠠᠭᠤᠯᠬᠤ ᠴᠢᠳᠠᠮᠵᠢ ᠶᠢ | ᠬᠦᠮᠦᠵᠢᠬᠦᠯᠵᠦ᠂ ᠴᠢᠩᠭ᠎ᠠ ᠪᠤᠳᠠᠳᠠᠢ ᠠᠵᠢᠯ ᠤᠨ ᠰᠤᠷᠳᠠᠯ ᠢ ᠪᠤᠯᠪᠠᠰᠤᠷᠠᠭᠤᠯᠤᠨ᠂ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠤᠨ ᠱᠠᠳᠤᠴᠢ ᠴᠢᠨᠠᠷᠳᠠᠢ ᠤᠨᠴᠠᠯᠢᠭ ᠵᠢᠮ᠎ᠡ ᠶᠤᠰᠦ ᠶᠢ ᠤᠨᠤᠴᠢᠳᠠᠢ | ᠡᠵᠡᠮᠰᠢᠵᠦ᠂ ᠬᠢᠨᠠᠯᠳᠠ ᠶᠢᠨ ᠬᠢᠷᠢ ᠲᠦᠪᠰᠢᠨ ᠪᠠ ᠵᠠᠰᠠᠯᠳᠠ ᠶᠢᠨ ᠴᠢᠳᠠᠪᠤᠷᠢ ᠪᠠᠨ ᠲᠠᠰᠤᠷᠠᠯᠳᠠ ᠦᠭᠡᠢ ᠲᠡᠬᠡᠭᠰᠢᠯᠡᠬᠦᠯᠬᠦ | ᠬᠡᠷᠡᠭᠳᠠᠢ᠃ ᠡᠳᠡᠬᠡᠷ ᠠᠮᠵᠢᠯᠳᠠ ᠲᠠᠢ ᠲᠤᠷᠰᠢᠯᠭ᠎ᠠ ᠤᠳ ᠢ ᠪᠢᠳᠠᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ | ᠪᠦᠬᠦ ᠺᠠᠳ᠋ᠷ ᠠᠵᠢᠯᠳᠠᠨ ᠬᠦᠢᠴᠡᠳ ᠲᠠᠨᠢᠵᠦ ᠴᠢᠩᠭ᠎ᠠ ᠡᠵᠡᠮᠰᠢᠨ ᠤᠷᠳᠦ ᠬᠤᠭᠤᠴᠠᠭ᠎ᠠ ᠪᠠᠷ ᠪᠡᠷᠢᠮᠳᠠᠯᠠᠬᠤ ᠬᠡᠷᠡᠭᠳᠠᠢ᠃ | ᠦᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠬᠢᠴᠡᠬᠦᠯᠪᠡᠯ ᠤᠯᠤᠭᠰᠠᠨ ᠠᠮᠵᠢᠯᠳᠠ ᠬᠢᠯᠪᠡᠷ ᠪᠤᠰᠦ ᠪᠠᠶᠢᠵᠦ ᠡᠳᠡᠬᠡᠷ | ᠦᠷ᠎ᠡ ᠪᠦᠳᠦᠮᠵᠢ ᠢ ᠤᠯᠤᠭᠰᠠᠨ ᠨᠢ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠠ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠳᠠᠢ ᠤᠳᠤᠷᠢᠳᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢ ᠠᠪᠤᠭᠰᠠᠨ ᠤ ᠦᠷ᠎ᠡ ᠳ᠋ᠦᠩ᠂ | ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠡᠳᠬᠢᠯ ᠬᠦᠴᠦᠨ ᠢᠶᠠᠨ ᠬᠠᠮᠳᠤᠳᠬᠠᠨ | ᠵᠡᠷᠬᠡ ᠳᠤᠨᠢ ᠠᠳᠬᠤᠵᠦ ᠬᠠᠮᠳᠦ ᠳᠤᠨᠢ ᠬᠠᠮᠢᠶᠠᠷᠤᠭᠰᠠᠨ ᠤ ᠦᠷ᠎ᠡ ᠳ᠋ᠦᠩ᠂ ᠪᠦᠬᠦ ᠰᠠᠬᠢᠯᠭ᠎ᠠ ᠪᠠᠳᠦ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠠᠵᠢᠯᠳᠠᠳ ᠤᠨ ᠦᠨᠡᠨ ᠢ ᠡᠷᠢᠨ ᠪᠤᠳᠠᠳᠠᠢ ᠶᠢ ᠡᠷᠬᠢᠮᠯᠡᠵᠦ᠂ ᠭᠤᠶᠠᠴᠢ ᠦᠭᠡᠢ ᠵᠢᠳᠬᠦᠭᠰᠡᠨ ᠤ ᠦᠷ᠎ᠡ | ᠳ᠋ᠦᠩ ᠪᠤᠯᠤᠨ᠎ᠠ᠃ ᠠᠳᠠ ᠪᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠶᠢ ᠲᠦᠯᠦᠬᠡᠯᠡᠨ᠂ ᠰᠠᠬᠢᠯᠭ᠎ᠠ ᠪᠠᠳᠦ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠬᠠᠯᠠᠮᠵᠢᠯᠠᠵᠦ ᠲᠡᠮᠵᠢᠭᠰᠡᠨ ᠦᠷᠬᠡᠨ ᠤᠯᠠᠨ ᠨᠠᠮ ᠤᠨ ᠬᠡᠰᠢᠬᠦᠨ ᠤᠳᠤᠷᠢᠳᠬᠤ ᠺᠠᠳ᠋ᠷ ᠪᠤᠯᠤᠨ | ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠡᠯᠡᠷᠬᠠᠯ ᠢᠶᠠᠨ ᠲᠡᠪᠰᠢᠬᠦᠯᠦᠶ᠎ᠠ︕ | ᠤᠯᠤᠭᠰᠠᠨ ᠠᠮᠵᠢᠯᠳᠠ ᠪᠠᠨ ᠨᠤᠳᠠᠯᠠᠬᠤ ᠶᠢᠨ ᠲᠠᠭᠠᠤ᠂ ᠪᠢᠳᠠ ᠡᠷᠬᠡᠪᠰᠢ ᠪᠦᠬᠦ ᠬᠤᠰᠢᠭᠤᠨ ᠤ ᠨᠠᠮ ᠤᠨ ᠰᠤᠷᠳᠠᠯ ᠴᠢᠬᠡᠴᠢ | ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠤᠨ ᠬᠠᠨᠳᠤᠰᠢ ᠮᠦᠨ ᠬᠦ ᠪᠤᠳᠤᠯᠢᠶᠠᠨᠳᠠᠢ᠂ | ᠬᠠᠳᠠᠭᠠᠯᠠᠭᠳᠠᠬᠤ ᠬᠡᠮᠵᠢᠶ᠎ᠠ ᠶᠢ ᠬᠠᠰᠤᠵᠦ᠂ ᠨᠡᠮᠡᠭᠳᠡᠬᠦ ᠬᠡᠮᠵᠢᠶ᠎ᠠ ᠶᠢ ᠬᠤᠷᠢᠭᠯᠠᠬᠤ ᠶᠢᠨ ᠡᠬᠦᠷᠬᠡ ᠮᠦᠨ ᠬᠦ ᠬᠦᠨᠳᠦ | ᠪᠠᠶᠢᠭᠰᠠᠭᠠᠷ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠡᠬᠦᠷᠬᠡ ᠬᠦᠨᠳᠦ ᠵᠠᠮ ᠬᠤᠯᠠ ᠪᠠᠶᠢᠭ᠎ᠠ ᠪᠠᠨ ᠰᠡᠷᠬᠡᠭ | ᠢᠶᠠᠷ ᠲᠠᠨᠢᠵᠦ ᠤᠯᠬᠤ ᠬᠡᠷᠡᠭᠳᠠᠢ᠃ ᠭᠤᠤᠯ ᠢᠯᠡᠷᠡᠯ ᠨᠢ᠄ ᠨᠢᠬᠡ ᠬᠡᠰᠡᠭ ᠭᠠᠵᠠᠷ ᠤᠷᠤᠨ ᠪᠠ ᠰᠠᠯᠠᠭ᠎ᠠ ᠮᠦᠴᠢᠷ ᠤᠨ ᠨᠠᠮ | ᠤᠨ ᠬᠤᠷᠢᠶ᠎ᠠ ︵ᠨᠠᠮ ᠤᠨ ᠵᠤᠬᠢᠶᠠᠨ ᠪᠠᠶᠢᠭᠤᠯᠤᠯᠳᠠ︶ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠬᠦᠷᠬᠡ | ᠬᠠᠷᠢᠭᠤᠴᠠᠯᠭ᠎ᠠ ᠬᠦᠢᠴᠡᠳ ᠪᠤᠰᠦ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ︽ᠬᠤᠶᠠᠷ | ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠢᠶᠠᠷ ᠲᠤᠳᠠᠮᠠᠭ︔ ᠵᠠᠷᠢᠮ ᠨᠠᠮ ᠤᠨ ᠬᠡᠰᠢᠬᠦᠳ ᠠᠵᠢᠯ ᠤᠨ ᠲᠤᠮᠳᠠ ᠪᠠᠨ | ᠬᠠᠷᠢᠭᠤᠴᠠᠯᠭ᠎ᠠ ᠡᠬᠦᠷᠬᠡᠯᠡᠬᠦ ᠠᠴᠠ ᠠᠶᠤᠵᠦ᠂ ᠰᠢᠨ᠎ᠡ ᠶᠢ ᠡᠬᠦᠳᠬᠦ ᠦᠭᠡᠢ᠂ ᠪᠠᠰᠠ ᠰᠠᠶᠢᠳᠦᠷ ᠬᠢᠬᠦ ᠦᠭᠡᠢ᠂ ᠤᠳᠠᠭᠠᠨ | ᠬᠢᠬᠦ᠂ ᠲᠤᠷ᠎ᠠ ᠪᠠᠷ ᠬᠢᠬᠦ᠂ ᠬᠠᠭᠤᠷᠮᠠᠭ ᠢᠶᠠᠷ ᠬᠢᠬᠦ ᠵᠡᠷᠬᠡ ᠠᠰᠠᠭᠤᠳᠠᠯ ᠤᠷᠤᠰᠢᠵᠦ ᠪᠤᠢ︔ ᠤᠨᠴᠠ ᠵᠠᠷᠢᠮ ᠨᠠᠮ ᠤᠨ | ᠬᠡᠰᠢᠬᠦᠨ ᠺᠠᠳ᠋ᠷᠴᠤᠳ ᠤᠨ ᠦᠨᠳᠦᠰᠦᠨ ᠵᠤᠷᠢᠯᠳᠠ ᠶᠢᠨ ᠦᠵᠡᠯ ᠤᠬᠠᠮᠰᠠᠷ ᠲᠤᠤᠷ᠎ᠠ᠂ ᠡᠷᠬᠡ ᠪᠠᠨ ᠲᠤᠷ᠎ᠠ ᠪᠠᠷ ᠠᠰᠢᠭᠯᠠᠨ᠂ | ᠤᠯᠠᠨ ᠲᠦᠮᠡᠨ ᠤ ᠲᠡᠷᠬᠡᠳᠡᠬᠢ ᠲᠦᠪ ᠪᠤᠰᠦ ᠰᠤᠷᠳᠠᠯ ᠪᠠ ᠢᠯᠵᠢᠷᠠᠯ ᠤᠨ ᠠᠰᠠᠭᠤᠳᠠᠯ ᠢᠯᠡᠷᠡᠵᠦ ᠪᠠᠶᠢᠬᠤ ᠶᠢ ᠤᠯᠵᠦ | ᠦᠵᠡᠬᠦ ᠦᠭᠡᠢ︔ ︽ᠭᠤᠷᠪᠠᠨ ᠦᠭᠡᠢ︾ ᠲᠤᠭᠳᠠᠴᠠ ᠶᠢ ᠪᠦᠬᠦᠯᠢ ᠴᠤᠭᠴᠠ ᠳᠤᠨᠢ ᠠᠬᠢᠭᠤᠯᠬᠤ ᠲᠠᠯ᠎ᠠ ᠪᠠᠷ ᠲᠡᠩᠴᠡᠬᠦᠷᠢ | ᠦᠭᠡᠢ᠂ ᠬᠡᠷᠡᠭ ᠶᠠᠪᠤᠳᠠᠯ ᠢᠶᠠᠷ ᠦᠬᠡᠷᠡᠴᠢᠯᠡᠯᠳᠠ ᠶᠢ ᠠᠬᠢᠭᠤᠯᠬᠤ ᠠᠵᠢᠯ ᠪᠤᠳᠠᠳᠠᠢ ᠪᠤᠰᠦ︔ ᠵᠠᠷᠢᠮ ᠰᠠᠬᠢᠯᠭ᠎ᠠ ᠪᠠᠳᠦ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠠᠳ ᠤᠨ ᠴᠢᠳᠠᠪᠤᠷᠢ ᠬᠡᠪ ᠰᠤᠷᠳᠠᠯ ᠵᠢᠴᠢ ᠠᠵᠢᠯ ᠲᠦᠷᠦᠯ ᠤᠨ ᠬᠢᠷᠢ | ᠲᠦᠪᠰᠢᠨ ᠨᠢ ᠰᠢᠨ᠎ᠡ ᠪᠠᠶᠢᠳᠠᠯ ᠰᠢᠨ᠎ᠡ ᠡᠬᠦᠷᠬᠡ ᠰᠢᠨ᠎ᠡ ᠱᠠᠭᠠᠷᠳᠠᠯᠭ᠎ᠠ ᠳᠤ ᠬᠠᠷᠠᠬᠠᠨ ᠨᠡᠶᠢᠴᠡᠬᠦ ᠦᠭᠡᠢ ᠵᠡᠷᠬᠡ᠃ ᠡᠳᠡᠬᠡᠷ | ᠠᠰᠠᠭᠤᠳᠠᠯ ᠤᠳ ᠢ ᠪᠢᠳᠠ ᠡᠷᠬᠡᠪᠰᠢ ᠲᠡᠬᠡᠳᠦ ᠬᠡᠮᠵᠢᠶ᠎ᠠ ᠪᠠᠷ ᠴᠢᠬᠤᠯᠠᠴᠢᠯᠠᠨ᠂ ᠨᠠᠷᠢᠨ ᠬᠢᠨᠠᠮᠠᠭᠠᠢ ᠪᠠᠷ ᠰᠢᠢᠳᠪᠦᠷᠢᠯᠡᠬᠦ | ᠬᠡᠷᠡᠭᠳᠠᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ | ᠬᠤᠶᠢᠰᠢᠲᠠ ᠶᠢᠨ ᠲᠠᠪᠤᠨ ᠵᠢᠯ ᠪᠤᠯ ︽ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠶᠢ | ᠲᠤᠭᠤᠰᠢᠯᠠᠭᠤᠯᠵᠤ᠂ ᠨᠡᠶᠢᠭᠡᠮ ᠵᠢᠷᠤᠮᠲᠤ ᠤᠳᠤᠬᠢᠴᠢᠯᠠᠯᠲᠠ ᠶᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ ᠰᠢᠨ᠎ᠡ ᠠᠶᠠᠯᠠᠯ ᠢ | ᠡᠬᠢᠯᠡᠭᠦᠯᠬᠦ ᠴᠢᠬᠤᠯᠠ ᠴᠠᠭ ᠦᠶ᠎ᠡ ᠮᠦᠨ᠃ ᠰᠢᠨ᠎ᠠ ᠪᠠᠶᠢᠳᠠᠯ᠂ ᠰᠢᠨ᠎ᠠ ᠡᠭᠦᠷᠭᠡ᠂ ᠰᠢᠨ᠎ᠠ ᠱᠠᠭᠠᠷᠳᠠᠯᠭ᠎ᠠ ᠶᠢᠨ ᠡᠮᠤᠨ᠎ᠡ᠂ | ᠪᠦᠬᠦ ᠬᠤᠰᠢᠭᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠰᠢᠨ᠎ᠠ | ᠴᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨᠲ᠋ᠤᠰᠢᠶᠠᠯ ᠬᠠᠷᠢᠭᠤᠴᠠᠯᠭ᠎ᠠ ᠪᠠᠨ ᠬᠦᠨᠵᠡᠭᠡᠢ | ᠡᠵᠡᠮᠳᠡᠨ᠂ ᠪᠦᠬᠦ ᠲᠠᠯ᠎ᠠ ᠪᠠᠷ ᠲᠦᠪ ᠴᠢᠩᠭ᠎ᠠ ᠨᠠᠮ ᠢ ᠵᠠᠰᠠᠬᠤ ᠰᠠᠶᠢᠨ ᠪᠠᠶᠢᠳᠠᠯ ᠢ ᠡᠷᠡᠰ ᠬᠠᠮᠠᠭᠠᠯᠠᠵᠤ᠂ ᠦᠨᠡᠨᠴᠢ | ᠰᠢᠳᠤᠷᠭᠤ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠴᠢᠨᠠᠷᠯᠢᠭ ᠭᠦᠭᠵᠢᠯᠲᠡ ᠪᠠ ᠨᠠᠮ ᠤᠨ ᠰᠤᠷᠲᠠᠯ ᠴᠢᠭᠡᠴᠢ ᠵᠠᠰᠠᠭ ᠤᠨ ᠪᠦᠳᠤᠭᠡᠨ ᠪᠠᠶᠢᠭᠤᠯᠤᠯᠲᠠ᠂ ᠢᠯᠵᠡᠷᠡᠯ ᠢ ᠡᠰᠡᠷᠭᠦᠴᠡᠬᠦ | ᠲᠡᠮᠡᠴᠡᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠶᠡᠷᠤᠩᠬᠡᠢ ᠱᠠᠭᠠᠷᠲᠠᠯᠭ᠎ᠠ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ᠂ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠪᠤᠯᠤᠨ ᠠᠷᠪᠠ ᠶᠢᠰᠤᠳᠤᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ᠂ ᠤᠠᠯᠠᠭᠠᠨᠴᠠᠪ ᠬᠤᠲᠠ ᠪᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠡᠯ᠎ᠡ | ᠵᠦᠢᠯ ᠤᠨ ᠰᠢᠢᠳᠪᠤᠷᠢᠲᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢ | ᠴᠢᠩᠭᠠᠳᠬᠠᠨ᠂ ︽ᠳᠦᠷᠪᠡᠨ ᠢᠲᠡᠭᠡᠯ︾ ᠢ ᠪᠠᠳᠤᠳᠬᠠᠵᠤ᠂ ︽ᠬᠤᠶᠠᠷ ᠢ ᠬᠦᠷᠢᠶᠠᠯᠠᠬᠦ︾ ᠶᠢ ᠪᠡᠶᠡᠯᠡᠭᠦᠯᠦᠨ᠂ | ᠲᠤᠭᠲᠠᠭᠤᠨ ᠢᠶᠠᠷ ᠬᠦᠭᠵᠢᠬᠦ ᠠᠵᠢᠯ ᠤᠨ ᠪᠠᠶᠢᠳᠠᠯ ᠢ ᠪᠠᠷᠢᠮᠲᠠᠯᠠᠵᠤ᠂ ᠴᠢᠨᠠᠷᠯᠢᠭ ᠬᠦᠭᠵᠢᠬᠦ ᠪᠠᠷ ᠭᠤᠤᠯ ᠰᠡᠳᠤᠪ ᠪᠤᠯᠭᠠᠨ᠂ | ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠡᠷᠡᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠦᠭᠡᠢ | ᠲᠦᠯᠬᠢᠨ ᠠᠬᠢᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠲᠤ ᠪᠠᠶᠢᠷᠢᠯᠠᠭᠤᠯᠤᠯᠲᠠ ᠶᠢ ᠲᠦᠯᠬᠢᠨ | ᠤᠷᠤᠭᠰᠢᠯᠠᠭᠤᠯᠬᠤ ᠶᠢ ᠪᠦᠳᠤᠮᠵᠢᠲᠠᠢ ᠬᠡᠷᠡᠭᠵᠢᠭᠦᠯᠤᠨ᠂ ᠦᠨᠳᠤᠷ ᠪᠤᠯᠪᠠᠰᠤᠷᠠᠯᠲᠤ᠂ ᠲᠤᠰᠬᠠᠶᠢᠵᠢᠭᠰᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠲᠠᠨ ᠤ ᠡᠩᠨᠡᠭᠡ ᠶᠢ ᠪᠠᠶᠢᠭᠤᠯᠵᠤ᠂ ᠪᠦᠬᠦ ᠬᠤᠰᠢᠭᠤᠨ ᠤ ︽ᠠᠷᠪᠠᠨ | ᠲᠦᠷᠪᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠶᠢ ᠠᠮᠵᠢᠯᠲᠠ ᠲᠠᠢ ᠲᠤᠭᠤᠰᠢᠯᠠᠭᠤᠯᠬᠤ ᠶᠢ ᠡᠷᠡᠰ ᠴᠢᠩᠭ᠎ᠠ ᠪᠠᠳᠤᠯᠠᠬᠤ | ᠪᠤᠯᠤᠨ᠎ᠠ᠃ ᠡᠨᠡᠬᠦ ᠶᠡᠷᠤᠩᠬᠡᠢ ᠱᠠᠭᠠᠷᠳᠠᠯᠭ᠎ᠠ ᠶᠢᠨ ᠬᠦᠷᠢᠶᠡᠨ ᠳᠤ᠂ ᠲᠤᠤᠷᠠᠬᠢ ᠨᠠᠢᠮᠠᠨ ᠲᠠᠯ᠎ᠠ ᠤᠨ ᠠᠵᠢᠯ ᠢ ᠴᠢᠩᠭ᠎ᠠ | ᠠᠳᠬᠤᠬᠤ ᠴᠢᠬᠤᠯᠠ ᠲᠠᠢ᠃ | ︵ᠨᠢᠭᠡ︶ ︽ᠬᠤᠶᠠᠷ ᠢ ᠬᠦᠷᠢᠶᠡᠯᠡᠬᠦ︾ ᠤᠯᠤᠰ ᠲᠦᠷᠦ ᠶᠢᠨ ᠡᠭᠦᠷᠭᠡ ᠶᠢ ᠡᠷᠡᠰ ᠦᠢᠯᠡᠳᠤᠯᠭᠡᠵᠢᠭᠦᠯᠤᠨ᠂ ᠤᠯᠤᠰ | ᠲᠦᠷᠦ ᠤᠨ ᠡᠷᠴᠢᠮᠲᠠᠢ ᠬᠢᠨᠠᠯᠲᠠ ᠶᠢᠨ ᠲᠤᠤᠷ᠎ᠠ ︽ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠯᠡᠭᠡ︾ ᠶᠢ ᠠᠮᠵᠢᠯᠲᠠ | ᠲᠠᠢ ᠬᠡᠷᠡᠭᠵᠢᠭᠦᠯᠦᠨ᠎ᠡ᠃ | ᠤᠯᠤᠰ ᠲᠦᠷᠦ ᠦᠵᠡᠯ ᠰᠠᠨᠠᠭᠠᠨ ᠤ ᠤᠳᠤᠷᠢᠳᠤᠮᠵᠢ ᠶᠢ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠤᠩᠬᠡᠢ | ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠦᠭᠦᠯᠡᠮᠵᠢ ᠶᠢ ᠪᠦᠷᠢᠮᠰᠤᠨ ᠤᠶᠢᠯᠠᠭᠠᠵᠦ᠂ ᠲᠦᠪ ᠠᠴᠠ | ᠦᠪᠤᠷ ᠮᠤᠩᠭᠤᠯ ᠳᠤ ᠬᠠᠨᠳᠤᠭᠤᠯᠤᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠠᠯᠲᠠ | ︾ ᠶᠢᠨ ᠬᠦᠭᠵᠢᠯᠲᠡ ᠶᠢᠨ ᠪᠠᠶᠢᠷᠢᠰᠢᠯ ᠢ ᠴᠢᠩᠭ᠎ᠠ ᠠᠳᠬᠤᠨ᠂ ᠪᠦᠬᠦ ᠬᠤᠰᠢᠭᠤᠨ ᠤ ᠬᠦᠭᠵᠢᠯᠲᠡ ᠶᠢᠨ ᠶᠡᠭᠡ ᠲᠠᠯ᠎ᠠ ᠶᠢᠨ | ᠲᠤᠭᠤᠷᠢᠨ ᠳᠤ ᠵᠢᠯᠤᠭᠤᠳᠤᠨ ᠵᠢᠳᠬᠦᠬᠦ ᠤᠶᠢᠯᠡᠳᠤᠯ ᠢᠶᠠᠨ ᠭᠦᠢᠴᠡᠳ ᠪᠠᠳᠠᠷᠠᠭᠤᠯᠤᠨ᠎ᠠ᠃ | ᠤᠯᠤᠰ ᠲᠦᠷᠦ ᠶᠢᠨ ᠬᠢᠨᠠᠯᠳᠠ ᠶᠢ ᠦᠷᠬᠦᠯᠵᠢ ᠢᠮᠠᠭᠲᠠ ᠳᠤᠪᠤᠶᠢᠯᠭᠠᠨ᠎ᠠ᠃ ᠤᠯᠤᠰ ᠲᠦᠷᠦ ᠤᠨ ᠬᠢᠨᠠᠯᠳᠠ ᠶᠢ | ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠶᠡᠷᠤᠩᠬᠡᠢ ᠱᠦᠵᠢ ᠶᠢᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ | ᠶᠢᠨ ᠵᠤᠷᠢᠭ ᠰᠠᠨᠠᠭ᠎ᠠ᠂ ᠨᠠᠮ ᠤᠨ ᠲᠦᠪ ᠬᠤᠷᠢᠶᠠᠨ ᠤ ᠴᠢᠬᠤᠯᠠ ᠰᠢᠢᠳᠪᠦᠷᠢᠲᠤ ᠪᠠᠶᠢᠷᠢᠯᠠᠭᠤᠯᠤᠯᠲᠠ᠂ ᠨᠠᠮ ᠤᠨ ᠰᠤᠷᠲᠠᠯ | ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠲᠤᠭᠤᠰᠢᠯᠠᠭᠤᠯᠤᠭᠰᠠᠨ ᠪᠠᠶᠢᠳᠠᠯ ᠤᠨ ᠬᠢᠨᠠᠯᠳᠠ | ᠂ ᠪᠤᠳᠠᠲᠠᠢ ᠤᠶᠢᠯᠠ ᠠᠵᠢᠯᠯᠠᠭ᠎ᠠ ᠪᠠᠷ ︽ᠬᠤᠶᠠᠷ ᠢ ᠬᠦᠷᠢᠶᠡᠯᠡᠬᠦ︾ ᠶᠢ ᠴᠢᠩᠭᠠᠳᠬᠠᠨ᠎ᠠ᠃ ᠰᠠᠬᠢᠯᠭ᠎ᠠ ᠪᠡᠲᠤ ᠪᠠᠶᠢᠴᠠᠭᠠᠬᠤ | ᠬᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠬᠢᠨᠠᠯᠳᠠ ᠶᠢ ᠲᠡᠷᠢᠭᠦᠨ ᠪᠠᠶᠢᠷᠢᠨ ᠳᠤ ᠲᠠᠯᠪᠢᠵᠦ᠂ ᠡᠳᠤᠷ ᠲᠤᠲᠤᠮ ᠤᠨ ᠬᠢᠨᠠᠯᠳᠠ | ᠂ ᠤᠨᠤᠪᠴᠢᠲᠠᠢ ᠬᠢᠨᠠᠯᠲᠠ ᠶᠢ ᠭᠦᠨᠵᠡᠭᠡᠶᠢᠷᠡᠭᠦᠯᠦᠨ᠂ ᠨᠠᠮ ᠤᠨ ᠵᠤᠬᠢᠶᠠᠨ ᠪᠠᠶᠢᠭᠤᠯᠤᠯᠲᠠ ᠠᠴᠠ ᠨᠠᠮ ᠨᠢ ᠨᠠᠮ ᠢᠶᠠᠨ | ᠬᠠᠮᠢᠶᠠᠷᠴᠤ᠂ ᠨᠠᠮ ᠢ ᠴᠢᠩᠭ᠎ᠠ ᠵᠠᠰᠠᠬᠤ ᠭᠤᠤᠯ ᠴᠤᠭᠴᠠᠲᠤ ᠬᠠᠷᠢᠭᠤᠴᠠᠯᠭ᠎ᠠ ᠪᠠ ᠱᠦᠵᠢ ᠶᠢᠨ ᠨᠢᠭᠡᠳᠤᠭᠡᠷ ᠬᠠᠷᠢᠭᠤᠴᠠᠯᠭ᠎ᠠ | ᠶᠢ ᠲᠤᠶᠢᠯᠪᠤᠷᠢᠲᠠᠢ ᠴᠢᠩᠭ᠎ᠠ ᠠᠳᠬᠤᠨ᠂ ᠭᠤᠤᠯᠳᠠᠯᠠᠭ᠎ᠠ ᠲᠠᠢ ᠠᠵᠢᠯ ᠤᠨ ᠬᠡᠷᠡᠭᠵᠢᠭᠦᠯᠦᠭᠰᠡᠨ ᠪᠠᠶᠢᠳᠠᠯ᠂ ᠴᠢᠬᠤᠯᠠ ᠠᠵᠢᠯ | ᠤᠨ ᠪᠠᠶᠢᠷᠢ ᠪᠠ ᠭᠤᠭᠴᠤᠭ᠎ᠠ ᠵᠢᠴᠢ ᠬᠠᠷᠢᠭᠤᠴᠠᠯᠭᠠᠲᠤ ᠬᠦᠮᠤᠨ ᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠡᠯ᠎ᠡ ᠲᠦᠷᠦᠯ | ᠤᠨ ᠠᠵᠢᠯ ᠤᠨ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠤᠨ᠎ᠠ᠃ | ︽ᠵᠠᠩᠭᠢᠯᠭ᠎ᠠ ᠶᠢᠨ ᠴᠦᠭᠡᠨ ᠲᠤᠭ᠎ᠠ︾ ᠳᠤ ᠴᠢᠩᠭ᠎ᠠ ᠬᠢᠨᠠᠯᠲᠠ ᠲᠠᠯᠪᠢᠨ᠎ᠠ᠃ ︽ᠭᠤᠤᠯ ᠤᠳᠤᠷᠢᠳᠤᠯᠭ᠎ᠠ︾ ᠪᠠ | ᠠᠳᠠᠯᠢ ᠲᠡᠰ ᠤᠨ ᠬᠢᠨᠠᠯᠲᠠ ᠶᠢᠨ ᠬᠦᠴᠢᠷ ᠲᠦᠪᠡᠭᠲᠠᠢ ᠪᠠᠶᠢᠬᠤ ᠠᠰᠠᠭᠤᠳᠠᠯ ᠢ ᠰᠢᠪᠲᠤᠯᠵᠤ᠂ ᠤᠳᠤᠷᠢᠳᠬᠤ ᠪᠠᠭ ᠵᠢᠴᠢ | ᠢᠯᠠᠩᠭᠤᠶ᠎ᠠ ︽ᠭᠤᠤᠯ ᠤᠳᠤᠷᠢᠳᠤᠯᠭ᠎ᠠ︾ ᠳᠤ ᠴᠢᠩᠭ᠎ᠠ ᠬᠢᠨᠠᠯᠳᠠ ᠲᠠᠯᠪᠢᠨ᠂ ᠬᠢᠨᠠᠯᠳᠠ ᠶᠢᠨ ᠳᠦᠷᠢᠮ ᠲᠤᠭᠲᠠᠭᠠᠯ ᠢ | ᠲᠡᠭᠦᠯᠳᠡᠷᠵᠢᠭᠦᠯᠦᠨ᠎ᠡ᠃ | ︵ᠬᠤᠶᠠᠷ︶ ᠢᠯᠵᠢᠷᠡᠯ ᠢ ᠡᠰᠡᠷᠭᠦᠴᠡᠬᠦ ᠲᠡᠮᠡᠴᠡᠯ ᠢᠶᠠᠷ ᠦᠩᠭᠡᠨ ᠲᠠᠯ᠎ᠠ ᠪᠠ ᠤᠭ ᠦᠨᠳᠤᠰᠤ ᠶᠢ ᠵᠡᠷᠭᠡᠪᠡᠷ ᠵᠠᠰᠠᠵᠤ᠂ | ᠢᠯᠵᠡᠷᠡᠬᠦ ᠠᠴᠠ ᠠᠶᠤᠬᠤ᠂ ᠢᠯᠵᠡᠷᠡᠵᠤ ᠪᠤᠯᠬᠤ ᠦᠭᠡᠢ᠂ ᠢᠯᠵᠡᠷᠡᠬᠦ ᠶᠢ ᠪᠤᠳᠤᠬᠤ ᠦᠭᠡᠢ ᠪᠠᠶᠢᠬᠤ ᠶᠢ ᠲᠦᠯᠬᠢᠨ | ᠠᠬᠢᠭᠤᠯᠤᠨ᠎ᠠ᠃ | ᠢᠯᠵᠡᠷᠡᠯ ᠢ ᠵᠠᠯᠬᠠᠭᠠᠨ ᠰᠢᠳᠭᠡᠬᠦ ᠬᠦᠴᠤᠯᠡᠴᠡ ᠶᠢ ᠬᠤᠪᠢᠷᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ ᠬᠤᠷᠢᠵᠦ | ᠬᠠᠰᠢᠬᠤ ᠭᠠᠵᠠᠷ ᠦᠭᠡᠢ ᠪᠦᠬᠦᠨ ᠢ ᠬᠠᠮᠤᠷᠤᠨ᠂ ᠦᠨᠳᠤᠷ ᠰᠢᠬᠠᠯᠲᠠ ᠶᠢ ᠴᠢᠩᠭ᠎ᠠ ᠪᠠᠷᠢᠮᠲᠠᠯᠠᠵᠤ᠂ ᠪᠦᠬᠦ ᠬᠤᠰᠢᠭᠤᠨ ᠤ ︽ | ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠳᠠᠬᠢ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢᠨ | ᠬᠦᠴᠤᠯᠡᠴᠡ ᠶᠡᠭᠡ᠂ ᠪᠡᠯᠡ ᠤᠷᠤᠭᠤᠯᠤᠯᠲᠠ ᠨᠢᠭᠲᠠᠷᠠᠭᠰᠠᠨ᠂ ᠡᠬᠡ ᠪᠠᠶᠠᠯᠢᠭ ᠡᠳ᠋ ᠮᠦᠩᠭᠦ ᠲᠦᠪᠯᠡᠷᠡᠩᠭᠦᠢ ᠭᠤᠤᠯᠳᠠᠯᠠᠭ᠎ᠠ | ᠲᠠᠢ ᠬᠦᠷᠢᠶ᠎ᠡ ᠴᠠᠷ᠎ᠠ ᠪᠠ ᠴᠢᠬᠤᠯᠠ ᠭᠤᠭᠴᠤᠭ᠎ᠠ ᠶᠢ ᠴᠢᠩᠭ᠎ᠠ ᠰᠠᠬᠢᠵᠤ᠂ ᠬᠡᠭᠡᠯᠢ ᠢᠳᠡᠵᠤ ᠬᠠᠭ᠋ᠤᠤᠯᠢ ᠲᠦᠯᠬᠢᠭᠰᠡᠨ ᠬᠤᠶᠠᠷ | ᠲᠠᠯ᠎ᠠ ᠶᠢ ᠴᠤᠭ ᠲᠤ ᠨᠢ ᠪᠠᠶᠢᠴᠠᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠭᠡᠷᠡᠭ ᠬᠤᠯᠢᠯᠳᠤᠭᠰᠠᠨ | ᠢᠯᠵᠢᠷᠡᠯ ᠤᠨ ᠭᠡᠷᠡᠭ ᠢ ᠭᠤᠤᠯᠳᠠᠯᠠᠭ᠎ᠠ ᠲᠠᠢ ᠪᠠᠶᠢᠴᠠᠭᠠᠨ ᠰᠢᠢᠳᠭᠡᠨ᠎ᠡ᠃ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ | ᠭᠡᠷᠡᠭ ᠰᠢᠢᠳᠪᠦᠷᠢᠯᠡᠬᠦ ᠰᠠᠬᠢᠯᠭ᠎ᠠ ᠪᠠᠲᠤ ᠶᠢ ᠴᠢᠩᠭ᠎ᠠ ᠰᠠᠬᠢᠨ᠂ ᠬᠡᠷᠡᠭ ᠰᠢᠢᠳᠪᠦᠷᠢᠯᠡᠬᠦ ᠠᠯᠬᠤᠮ ᠳᠠᠷᠠᠭ᠎ᠠ ᠶᠢ | ᠲᠡᠭᠦᠯᠳᠡᠷᠵᠢᠭᠦᠯᠵᠤ᠂ ᠬᠡᠷᠡᠭ ᠰᠢᠭᠦᠨ ᠲᠠᠰᠤᠯᠠᠬᠤ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ᠃ | ᠦᠨᠡᠨ ᠪᠤᠳᠠᠳᠠᠢ ᠭᠦᠨ ᠭᠦᠨᠵᠡᠭᠡᠢ ᠪᠠᠷ ᠬᠡᠷᠡᠭ ᠰᠢᠢᠳᠪᠦᠷᠢᠯᠡᠨ᠂ ᠦᠭᠡᠷᠡᠴᠢᠯᠡᠯᠡᠲᠡ ᠶᠢ ᠠᠬᠢᠭᠤᠯᠤᠨ᠎ᠠ᠃ ︽ | ᠰᠢᠢᠳᠭᠡᠬᠦ᠂ ᠵᠠᠰᠠᠬᠤ᠂ ᠰᠡᠷᠭᠡᠶᠢᠯᠡᠬᠦ︾ ᠶᠢᠨ ᠬᠤᠪᠢᠰᠤᠩᠭᠤᠢ ᠨᠢᠭᠡᠳᠤᠮᠡᠯ ᠬᠠᠷᠢᠴᠠᠭ᠎ᠠ ᠶᠢ ᠡᠵᠡᠮᠳᠡᠨ᠂ ᠢᠯᠵᠢᠷᠡᠯ ᠢ ᠡᠷᠡᠰ | ᠰᠢᠢᠳᠭᠡᠵᠤ᠂ ᠳᠦᠷᠢᠮ ᠲᠤᠭᠲᠠᠭᠠᠯ ᠢ ᠡᠷᠡᠰ ᠴᠢᠩᠭᠠᠯᠠᠨ᠂ ᠬᠠᠮᠢᠶᠠᠷᠤᠯᠲᠠ ᠶᠢ ᠡᠷᠡᠰ ᠪᠠᠷᠢᠮᠲᠠᠯᠠᠵᠤ᠂ ᠰᠡᠷᠡᠮᠵᠢᠯᠡᠯ ᠬᠦᠮᠤᠵᠢᠯ | ᠢ ᠡᠷᠡᠰ ᠡᠷᠴᠢᠮᠵᠢᠬᠦᠯᠬᠦ ᠶᠢ ᠬᠠᠷᠢᠯᠴᠠᠨ ᠤᠶᠠᠯᠳᠤᠭᠤᠯᠤᠨ᠂ ᠭᠡᠷᠡᠭ ᠳᠠᠩᠰᠠᠯᠠᠬᠤ ᠪᠠ ᠡᠮᠤᠨᠡᠬᠢ ᠠᠵᠢᠯ ᠤᠨ ᠪᠡᠯᠡᠳᠭᠡᠯ᠂ | ᠭᠡᠷᠡᠭ ᠰᠢᠢᠳᠭᠡᠬᠦ ᠪᠠ ᠨᠠᠵᠠᠭᠠᠢ ᠨᠦᠯᠦᠭᠡ ᠶᠢ ᠦᠭᠡᠶᠢᠰᠭᠡᠬᠦ᠂ ᠬᠡᠷᠡᠭ ᠳᠠᠭᠤᠰᠬᠠᠬᠤ ᠪᠠ ᠱᠠᠯᠠᠪᠳᠠᠭᠤᠯᠤᠨ ᠴᠡᠭᠴᠡᠯᠡᠬᠦ ᠶᠢ | ᠴᠦᠮ ᠵᠡᠷᠭᠡ ᠬᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠤᠮᠵᠢ ᠶᠢᠨ ᠬᠠᠭᠤᠳᠠᠰᠤ ᠶᠢ ᠰᠠᠶᠢᠳᠤᠷ | ᠬᠡᠷᠡᠭᠯᠡᠨ᠂ ᠭᠡᠷᠡᠭ ᠤᠨ ᠲᠤᠬᠠᠢ ᠶᠢᠨ ᠭᠠᠵᠠᠷ ᠤᠨ ᠰᠠᠯᠠᠭ᠎ᠠ ᠮᠦᠴᠢᠷ ᠢ ᠲᠤᠭᠲᠠᠭᠠᠯ ᠲᠦᠷᠢᠮ ᠢᠶᠠᠷ ᠡᠮᠵᠡᠭ ᠲᠠᠯ᠎ᠠ ᠪᠠᠨ | ᠨᠦᠬᠦᠬᠦ ᠶᠢ ᠱᠠᠭᠠᠷᠳᠠᠵᠤ᠂ ᠬᠠᠮᠢᠶᠠᠷᠤᠯᠲᠠ ᠪᠠᠨ ᠴᠢᠩᠭᠠᠳᠬᠠᠨ᠂ ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ | ᠡᠵᠡᠮᠳᠡᠨ᠎ᠡ᠃ | ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠡᠷᠡᠮᠵᠢᠯᠡᠭᠦᠯᠬᠦ ᠬᠦᠮᠤᠵᠢᠯ ᠢ | ᠪᠠᠶᠢᠩᠭᠤᠵᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠲᠠᠶᠢᠯᠪᠤᠷᠢᠯᠠᠨ᠂ ᠤᠷᠴᠢᠨ ᠲᠤᠭᠤᠷᠢᠨ ᠤ ᠭᠡᠷᠡᠭ | ᠤᠴᠢᠷ ᠢᠶᠠᠷ ᠤᠷᠴᠢᠨ ᠲᠤᠭᠤᠷᠢᠨ ᠤ ᠬᠦᠮᠤᠰ ᠢ ᠬᠦᠮᠤᠵᠢᠭᠦᠯᠤᠨ᠂ ᠺᠠᠳ᠋ᠷ ᠠᠵᠢᠯᠲᠠᠨ ᠤ ᠬᠠᠤᠯᠢ ᠲᠦᠷᠢᠮ ᠢ ᠰᠠᠬᠢᠬᠤ | ᠤᠬᠠᠮᠰᠠᠷ ᠢ ᠳᠡᠭᠡᠭᠰᠢᠯᠡᠭᠦᠯᠵᠤ᠂ ᠱᠠᠮᠰᠢᠬᠤ ᠶᠢ ᠲᠡᠪᠴᠢᠵᠤ ᠢᠯᠵᠡᠷᠡᠯ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠬᠦᠯᠦᠨ᠎ᠡ᠃ | ︽ᠦᠨᠳᠤᠰᠤᠨ ᠱᠠᠳᠤᠨ ᠤ ᠠᠷᠢᠭᠤᠨ ᠴᠢᠭᠡᠴᠢ ᠺᠠᠳ᠋ᠷ ᠤᠨ ᠵᠢᠱᠢᠶᠡᠴᠢ︾ ᠵᠡᠷᠭᠡ ᠴᠢᠭᠡᠴᠢ ᠵᠠᠰᠠᠭ ᠤᠨ ᠨᠡᠶᠢᠲᠡᠯᠢᠭ ᠵᠢᠱᠢᠶ᠎ᠡ | ᠶᠢᠨ ᠤᠬᠠᠭᠤᠯᠤᠯ ᠤᠨ ᠬᠦᠴᠤᠯᠡᠴᠡ ᠶᠢ ᠨᠡᠮᠡᠭᠳᠡᠭᠦᠯᠤᠨ᠂ ᠬᠤᠰᠢᠭᠤᠨ ᠤ ᠪᠠᠶᠢᠳᠠᠯ ᠲᠠᠢ ᠪᠠᠨ ᠤᠶᠠᠯᠳᠤᠭᠤᠯᠵᠦ᠂ ᠡᠯ᠎ᠡ | ᠲᠦᠷᠦᠯ ᠤᠨ ᠴᠢᠭᠡᠴᠢ ᠵᠠᠰᠠᠭ ᠤᠨ ᠬᠦᠭ ᠠᠶᠠᠰ ᠲᠠᠢ ᠰᠤᠶᠤᠯ ᠤᠨ ᠬᠦᠳᠡᠯᠭᠡᠭᠡᠨ ᠢ ᠡᠷᠬᠢᠯᠡᠨ᠂ ᠦᠨᠳᠤᠰᠤᠨ ᠱᠠᠳᠣᠨ ᠤ | ᠠᠷᠢᠭᠤᠨ ᠴᠢᠭᠡᠴᠢ ᠰᠤᠶᠤᠯ ᠤᠨ ᠪᠠᠶᠢᠭᠤᠯᠤᠯᠲᠠ ᠶᠢ ᠦᠷᠬᠦᠯᠵᠢᠯᠡᠭᠦᠯᠵᠤ᠂ ᠶᠤᠰᠤ ᠰᠤᠷᠲᠠᠬᠤᠨ ᠢ ᠳᠡᠭᠡᠳᠤᠯᠡᠵᠤ ᠠᠷᠢᠭᠤᠨ | ᠴᠢᠭᠡᠴᠢ ᠶᠢ ᠪᠠᠷᠢᠮᠳᠠᠯᠠᠬᠤ ᠨᠠᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃ | ︵ᠭᠤᠷᠪᠠ︶ ︽ᠳᠦᠷᠪᠡᠨ ᠰᠤᠷᠲᠠᠯ︾ ᠤᠨ ᠭᠡᠮ ᠰᠤᠭᠤᠭ ᠢ ᠰᠢᠨᠲᠠᠷᠠᠰᠢ ᠦᠭᠡᠢ ᠵᠠᠰᠠᠵᠤ᠂ ᠦᠨᠡᠨ ᠠᠴᠠ ᠵᠦᠪ | ᠢ ᠡᠷᠢᠨ᠂ ᠠᠷᠢᠭᠤᠨ ᠴᠢᠭᠡᠴᠢ ᠰᠢᠨ᠎ᠡ ᠤᠪᠤᠷ ᠰᠤᠷᠲᠠᠯ ᠢ ᠦᠨᠢᠳᠡ ᠪᠠᠷᠢᠮᠲᠠᠯᠠᠨ᠎ᠠ᠃ | ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ᠎ᠠ᠃ ᠳᠦᠷᠢᠮ ᠠᠴᠠ | ᠵᠦᠷᠢᠴᠡᠨ ᠪᠡᠯᠡᠭ ᠰᠠᠯᠳᠠ᠂ ᠬᠤᠪᠤᠷ ᠴᠤᠬᠠᠭ ᠨᠤᠲᠤᠭ ᠤᠨ ᠭᠠᠷᠤᠯᠲᠠ ᠶᠢ ᠬᠦᠷᠭᠡᠵᠤ ᠲᠤᠰᠤᠬᠤ᠂ ᠠᠯᠪᠠᠨ ᠤ ᠵᠠᠷᠤᠳᠠᠯ | ᠢᠶᠠᠷ ᠢᠳᠠᠵᠤ ᠤᠤᠭᠤᠨ᠂ ᠵᠤᠭᠠᠴᠠᠨ ᠲᠤᠭᠤᠷᠢᠵᠤ᠂ ᠳᠦᠷᠢᠮ ᠵᠦᠷᠢᠴᠡᠨ ᠭᠡᠷᠡᠯᠡᠯᠲᠡ ᠪᠠ ᠤᠷᠤᠰᠢᠭᠤᠯᠤᠯᠭ᠎ᠠ ᠶᠢᠨ ᠶᠠᠪᠤᠳᠠᠯ | ᠡᠷᠬᠢᠯᠡᠬᠦ ᠶᠢ ᠴᠢᠩᠭ᠎ᠠ ᠠᠩᠬᠠᠷᠴᠤ᠂ ᠬᠤᠪᠢ ᠶᠢᠨ ᠲᠡᠷᠭᠡ ᠶᠢ ᠠᠯᠪᠠᠨ ᠠᠴᠠ ᠲᠡᠵᠢᠭᠡᠬᠦ᠂ ᠱᠠᠩᠨᠠᠯ ᠨᠦᠬᠦᠪᠤᠷᠢ ᠲᠤᠷ᠎ᠠ ᠪᠠᠷ | ᠢᠶᠠᠨ ᠲᠠᠷᠬᠠᠭᠠᠬᠤ ᠵᠡᠷᠭᠡ ᠨᠢᠭᠤᠭᠳᠠᠮᠠᠯ ᠠᠰᠠᠭᠤᠳᠠᠯ ᠢ ᠢᠯᠡᠷᠡᠭᠦᠯᠦᠨ᠂ ᠢᠯᠡ ᠲᠠᠯᠲᠠ ᠪᠠᠷ ᠬᠢᠨᠠᠨ ᠪᠠᠶᠢᠴᠠᠭᠠᠬᠤ ᠠᠵᠢᠯ ᠢ | ᠪᠠᠶᠢᠩᠭᠤᠵᠢᠭᠤᠯᠵᠤ᠂ ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠭᠦᠨᠵᠡᠭᠡᠢ ᠡᠷᠴᠢᠮᠵᠢᠭᠦᠯᠦᠨ᠎ᠡ᠃ | ᠭᠡᠯᠪᠡᠷᠢᠴᠢ ᠦᠵᠡᠯ᠂ ᠨᠤᠶᠠᠨᠴᠢ ᠰᠤᠷᠲᠠᠯ ᠢ ᠦᠷᠬᠦᠯᠵᠢᠯᠡᠨ ᠴᠡᠭᠴᠡᠯᠡᠨ ᠵᠠᠰᠠᠨ᠎ᠠ᠃ ᠨᠠᠮ ᠤᠨ ᠲᠦᠪ ᠬᠤᠷᠢᠶᠠᠨ ᠤ | ᠰᠢᠢᠳᠪᠤᠷᠢᠲᠤ ᠪᠤᠳᠤᠯᠭ᠎ᠠ ᠶᠢ ᠲᠤᠭᠤᠰᠢᠯᠠᠭᠤᠯᠬᠤ ᠳᠤ ᠰᠤᠩᠭᠤᠯᠲᠠ ᠬᠢᠵᠤ᠂ ᠬᠤᠪᠢᠷᠠᠯᠲᠠ ᠭᠠᠷᠭᠠᠨ᠂ ᠬᠦᠩᠭᠡᠪᠴᠢᠯᠡᠵᠤ | ᠤᠮᠳᠤᠭᠠᠶᠢᠯᠠᠬᠤ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠭᠡᠨ᠎ᠡ᠃ ᠨᠠᠮ ᠤᠨ ᠭᠡᠰᠢᠭᠦᠨ ᠺᠠᠳ᠋ᠷ ᠠᠵᠢᠯᠲᠠᠨ ᠠᠴᠠ | ᠡᠬᠢᠯᠡᠨ ᠰᠠᠨᠠᠭᠠᠨ ᠲᠠᠪᠠ ᠪᠠᠷ ᠵᠠᠷᠯᠢᠭ ᠪᠠᠭᠤᠯᠭᠠᠨ᠂ ᠠᠰᠠᠭᠤᠳᠠᠯ ᠡᠷᠢᠬᠦ ᠠᠴᠠ ᠰᠢᠢᠳᠪᠦᠷᠢᠯᠡᠬᠦ ᠦᠭᠡᠢ᠂ ᠨᠡᠷ᠎ᠡ ᠨᠢᠭᠤᠷ | ᠭᠠᠪᠢᠶ᠎ᠠ ᠵᠢᠳᠬᠦᠯ ᠬᠦᠭᠡᠭᠡᠴᠡᠯᠳᠡᠬᠦ ᠵᠡᠷᠭᠡ ᠠᠰᠠᠭᠤᠳᠠᠯ ᠢ ᠭᠤᠤᠯᠳᠠᠯᠠᠭ᠎ᠠ ᠲᠠᠢ ᠴᠡᠭᠴᠡᠯᠡᠵᠤ᠂ ︽ ᠳᠦᠷᠪᠡᠨ ᠰᠤᠷᠲᠠᠯ︾ ᠤᠨ | ᠨᠤᠴᠢᠲᠠᠢ ᠠᠰᠠᠭᠤᠳᠠᠯ ᠢ ᠵᠠᠯᠠᠷᠠᠭᠤᠯᠤᠨ᠂ ᠰᠢᠨ᠎ᠡ ᠠᠭᠤᠷ ᠠᠮᠢᠰᠬᠤᠯ ᠢ ᠪᠤᠢ ᠪᠤᠯᠭᠠᠵᠤ᠂ ᠨᠠᠮ ᠤᠨ ᠭᠡᠰᠢᠬᠦᠨ ᠤᠳᠤᠷᠢᠳᠬᠤ | ᠺᠠᠳ᠋ᠷ ᠤᠨ ᠨᠠᠮᠴᠢ ᠴᠢᠨᠠᠷ ᠤᠨ ᠪᠤᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠳᠦᠷᠪᠡ︶ ᠠᠷᠠᠳ ᠲᠦᠮᠡᠨ ᠤ ᠬᠠᠵᠠᠭᠤ ᠬᠠᠪᠢ ᠳᠠᠬᠢ ᠨᠠᠵᠠᠭᠠᠢ ᠰᠤᠷᠲᠠᠯ ᠪᠠ ᠢᠯᠵᠡᠷᠡᠯ ᠤᠨ ᠠᠰᠠᠭᠤᠳᠠᠯ ᠢ | ᠦᠷᠬᠦᠯᠵᠢᠯᠡᠨ ᠴᠡᠭᠴᠡᠯᠡᠵᠤ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠴᠢᠨᠠᠷ ᠢ ᠠᠬᠢᠭᠤᠯᠤᠨ᠂ ᠠᠷᠠᠳ ᠲᠦᠮᠡᠨ ᠤ | ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ᠲᠤᠰᠬᠠᠢ ᠲᠦᠷᠦᠯ ᠤᠨ ᠴᠡᠭᠴᠡᠯᠡᠯᠲᠡ ᠶᠢ ᠦᠷᠬᠦᠯᠵᠢᠯᠡᠨ ᠠᠬᠢᠭᠤᠯᠤᠨ᠎ᠠ᠃ ᠡᠯ᠎ᠡ ᠲᠦᠷᠦᠯ ᠤᠨ ᠠᠷᠠᠳ ᠲᠤ | ᠠᠰᠢᠭᠲᠠᠢ᠂ ᠠᠷᠠᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ᠂ ᠠᠷᠠᠳ ᠲᠦᠮᠠᠨ ᠤ ᠲᠤᠰᠬᠠᠵᠤ ᠪᠠᠶᠢᠭ᠎ᠠ ᠠᠰᠠᠭᠤᠳᠠᠯ ᠢ ᠲᠦᠪᠯᠡᠷᠡᠭᠦᠯᠦᠨ ᠵᠠᠰᠠᠨ᠎ᠠ᠃ ᠲᠤᠰᠬᠠᠢ ᠲᠦᠷᠦᠯ ᠤᠨ | ᠬᠢᠨᠠᠯᠲᠠ᠂ ᠤᠨᠤᠪᠴᠢᠲᠠᠢ ᠬᠢᠨᠠᠯᠲᠠ ᠶᠢ ᠲᠤᠪᠤᠶᠢᠯᠭᠠᠵᠤ᠂ ᠶᠠᠳᠠᠭᠤ ᠶᠢ ᠳᠡᠳᠬᠦᠬᠦ ᠬᠦᠷᠢᠶ᠎ᠡ ᠬᠡᠪᠴᠢᠶᠡᠨ ᠤ ᠢᠯᠵᠡᠷᠡᠯ ᠪᠠ | ᠰᠤᠷᠲᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠶᠠᠳᠠᠭᠤ ᠶᠢ ᠲᠡᠳᠭᠦᠬᠦ ᠪᠤᠭᠤᠮᠲᠠ ᠰᠢᠪᠳᠤᠯᠠᠬᠤ ᠠᠵᠢᠯ ᠤᠨ | ᠦᠷ᠎ᠡ ᠪᠦᠳᠤᠮᠵᠢ ᠶᠢ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠪᠦᠳᠤᠮᠵᠢᠲᠠᠢ | ᠵᠠᠯᠭᠠᠨ᠂ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠳᠤ ᠡᠷᠡᠰ ᠴᠢᠩᠭ᠎ᠠ ᠰᠠᠬᠢᠯᠭ᠎ᠠ ᠪᠠᠲᠤ ᠶᠢᠨ ᠪᠠᠳᠤᠯᠠᠭ᠎ᠠ | ᠬᠠᠩᠭᠠᠨ᠎ᠠ᠃ ᠰᠤᠷᠭᠠᠨ ᠬᠦᠮᠤᠵᠢᠯ ᠡᠮ ᠡᠮᠨᠡᠯᠭᠡ᠂ ᠨᠠᠰᠤᠵᠢᠯ ᠤᠨ ᠳᠡᠳᠬᠦᠪᠤᠷᠢ ᠨᠠᠶᠢᠭᠡᠮ ᠤᠨ ᠳᠠᠭᠠᠳᠬᠠᠯ᠂ ᠢᠳᠡᠭᠡᠨ | ᠤᠮᠳᠠᠭᠠᠨ ᠡᠮ ᠲᠡᠩ ᠤᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠠᠨ ᠤ ᠢᠯᠵᠢᠷᠠᠯ ᠢ | ᠴᠢᠩᠭ᠎ᠠ ᠴᠡᠭᠴᠡᠯᠡᠵᠤ᠂ ︽ᠨᠦᠮᠦᠷᠭᠡ ᠶᠢ ᠨᠢ ᠬᠠᠭᠤᠯᠤᠨ ᠰᠦᠯᠪᠡᠭᠡ ᠶᠢ ᠨᠢ ᠲᠠᠰᠤᠯᠠᠬᠤ︾ ᠪᠠᠶᠢᠩᠭᠤ ᠶᠢᠨ ᠲᠤᠭᠲᠠᠯᠴᠠᠭ᠎ᠠ | ᠶᠢ ᠪᠠᠶᠢᠭᠤᠯᠵᠤ ᠲᠡᠭᠦᠯᠳᠡᠷᠵᠢᠭᠦᠯᠤᠨ᠂ ᠬᠠᠷ᠎ᠠ ᠪᠦᠯᠦᠭᠲᠡᠨ ᠢ ᠱᠦᠭᠦᠷᠳᠡᠨ ᠬᠠᠷᠬᠢᠰ ᠬᠦᠴᠤᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ᠎ᠠ᠃ | ᠦᠨᠳᠤᠰᠤᠨ ᠱᠠᠳᠤᠨ ᠤ ᠤᠯᠤᠰ ᠲᠦᠷᠦ ᠶᠢᠨ ᠤᠷᠴᠢᠨ ᠠᠬᠤᠢ ᠶᠢ ᠦᠷᠬᠦᠯᠵᠢᠯᠡᠨ ᠴᠡᠪᠡᠷᠰᠢᠭᠦᠯᠦᠨ᠎ᠡ᠃ ︽ | ᠭᠤᠷᠪᠠ ᠶᠢ ᠢᠯᠡ ᠨᠡᠶᠢᠲᠡᠯᠡᠬᠦ︾ ᠳᠤ ᠴᠢᠩᠭ᠎ᠠ ᠬᠢᠨᠠᠯᠲᠠ ᠲᠠᠯᠪᠢᠵᠤ᠂ ︽ᠳᠡᠭᠡᠭᠰᠢ ᠶᠠᠪᠤᠵᠤ ᠵᠠᠬᠢᠳᠠᠯ ᠰᠤᠷᠪᠤᠯᠵᠢᠯᠠᠯ ᠬᠢᠬᠦ ᠶᠢ | ᠬᠤᠪᠢᠷᠠᠭᠤᠯᠤᠨ ᠦᠨᠳᠤᠰᠤᠨ ᠱᠠᠳᠤᠨ ᠳᠤ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠪᠤᠯᠭᠠᠬᠤ︾ ᠬᠦᠳᠡᠯᠭᠡᠭᠡᠨ ᠢ | ᠴᠢᠩᠭᠠᠳᠬᠠᠵᠤ᠂ ︽ᠠᠷᠢᠭᠤᠨ ᠴᠢᠭᠡᠴᠢ ᠺᠠᠳ᠋ᠷ︾᠂ ︽ᠲᠦᠪ ᠭᠤᠤᠯᠴᠢ ᠭᠠᠴᠠᠭ᠎ᠠ ᠲᠤᠰᠬᠤᠨ︾ ᠢ ᠰᠤᠩᠭᠤᠨ ᠬᠦᠬᠢᠭᠦᠯᠬᠦ | ᠬᠦᠳᠡᠯᠭᠡᠭᠡᠨ ᠢ ᠭᠦᠨᠵᠡᠭᠡᠢ ᠦᠷᠨᠢᠭᠦᠯᠦᠨ᠎ᠡ᠃ | ︵ᠲᠠᠪᠤ︶ ᠤᠯᠤᠰ ᠲᠦᠷᠦ ᠶᠢᠨ ᠲᠤᠭᠤᠷᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠲᠤᠭᠤᠷᠢᠨ | ᠪᠠᠶᠢᠴᠠᠭᠠᠵᠤ ᠴᠡᠭᠴᠡᠯᠡᠨ ᠵᠠᠰᠠᠬᠤ ᠪᠠ ᠦᠷ᠎ᠡ ᠪᠦᠳᠤᠮᠵᠢ ᠶᠢᠨ ᠠᠰᠢᠭᠯᠠᠯᠲᠠ ᠶᠢ ᠬᠦᠨᠵᠡᠭᠡᠶᠢᠷᠡᠭᠦᠯᠦᠨ᠎ᠡ᠃ | ᠲᠤᠭᠤᠷᠢᠨ ᠦᠵᠡᠵᠤ ᠲᠤᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠠᠳᠤᠲᠠᠢ ᠡᠵᠡᠮᠳᠡᠵᠤ᠂ ᠱᠠᠭᠠᠷᠳᠠᠯᠭ᠎ᠠ | ᠶᠤᠰᠤ ᠪᠠᠷ ᠤᠨᠤᠪᠴᠢᠲᠠᠢ ᠲᠤᠭᠤᠰᠢᠯᠠᠭᠤᠯᠤᠨ᠎ᠠ᠃ ᠬᠡᠪ ᠤᠨ ᠪᠠᠶᠢᠳᠠᠯ ᠠᠴᠠ ᠡᠬᠢ ᠠᠪᠴᠤ᠂ ᠲᠤᠰᠬᠠᠢ ᠲᠦᠷᠦᠯ ᠤᠨ | ᠲᠤᠭᠤᠷᠢᠨ ᠪᠠᠶᠢᠴᠠᠭᠠᠯᠲᠠ᠂ ᠠᠮᠢᠳᠤᠯᠢᠭ ᠲᠤᠭᠤᠷᠢᠨ ᠪᠠᠶᠢᠴᠠᠭᠠᠯᠲᠠ᠂ ᠡᠷᠬᠢᠵᠤ ᠬᠠᠷᠠᠬᠤ ᠶᠢ ᠬᠠᠨᠳᠤᠯᠭ᠎ᠠ ᠲᠠᠢ ᠦᠷᠨᠢᠭᠦᠯᠵᠤ | ᠂ ᠠᠷᠪᠠᠨ ᠲᠦᠷᠪᠡᠳᠤᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠲᠠ ᠪᠠᠷ ᠪᠦᠭᠦᠲᠡ ᠶᠢ | ᠪᠦᠷᠬᠦᠬᠦ ᠡᠭᠦᠷᠭᠡ ᠶᠢ ᠴᠢᠨᠠᠷᠯᠢᠭ ᠪᠡᠶᠡᠯᠡᠭᠦᠯᠦᠨ᠎ᠡ᠃ ᠲᠤᠭᠤᠷᠢᠨ ᠪᠠᠶᠢᠴᠠᠭᠠᠯᠲᠠ ᠶᠢᠨ ᠠᠵᠢᠯ ᠤᠨ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤᠷᠤᠭᠤ ᠭᠦᠨᠵᠡᠭᠡᠶᠢᠷᠡᠬᠦ ᠶᠢ ᠦᠷᠬᠦᠯᠵᠢᠯᠡᠨ ᠴᠢᠩᠭᠠᠳᠬᠠᠵᠤ᠂ ᠪᠦᠬᠦ ᠲᠠᠯ᠎ᠠ | ᠪᠠᠷ ᠨᠠᠮ ᠢ ᠴᠢᠩᠭ᠎ᠠ ᠵᠠᠰᠠᠬᠤ ︽ᠡᠴᠤᠰ ᠤᠨ ᠱᠤᠭᠤᠮ︾ ᠢ ᠦᠷᠬᠦᠯᠵᠢᠯᠡᠬᠦᠯᠦᠨ᠎ᠡ᠃ ᠲᠤᠭᠤᠷᠢᠨ ᠪᠠᠶᠢᠴᠠᠭᠠᠬᠤ ᠪᠠ | ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠶᠢ ᠨᠢᠭᠡᠳᠭᠡᠨ ᠲᠦᠯᠦᠪᠯᠡᠬᠦ ᠶᠢ ᠠᠬᠢᠭᠤᠯᠵᠤ᠂ ᠵᠤᠬᠢᠶᠠᠨ ᠪᠠᠶᠢᠭᠤᠯᠬᠤ᠂ | ᠤᠬᠠᠭᠤᠯᠬᠤ᠂ ᠤᠯᠤᠰ ᠲᠦᠷᠦ ᠬᠠᠤᠯᠢ ᠴᠠᠭᠠᠵᠠ᠂ ᠬᠢᠨᠠᠨ ᠪᠤᠳᠤᠬᠤ᠂ ᠤᠯᠠᠨ ᠲᠦᠮᠡᠨ᠂ ᠶᠠᠷᠢᠶ᠎ᠠ ᠬᠡᠯᠡᠯᠴᠡᠭᠡ ᠵᠡᠷᠭᠡ | ᠬᠡᠯᠪᠡᠷᠢ ᠶᠢᠨ ᠬᠢᠨᠠᠯᠲᠠ ᠲᠠᠢ ᠬᠠᠮᠵᠢᠯᠴᠠᠬᠤ ᠶᠢ ᠴᠢᠩᠭᠠᠳᠬᠠᠨ᠂ ᠦᠨᠳᠤᠷ ᠪᠦᠳᠤᠮᠵᠢᠲᠤ ᠬᠢᠨᠠᠯᠲᠠ ᠶᠢᠨ ᠠᠵᠢᠯ ᠤᠨ | ᠲᠤᠭᠲᠠᠯᠴᠠᠭ᠎ᠠ ᠶᠢ ᠪᠤᠢ ᠪᠤᠯᠬᠤ ᠶᠢ ᠠᠬᠢᠭᠤᠯᠤᠨ᠂ ᠬᠢᠨᠠᠯᠲᠠ ᠶᠢᠨ ᠬᠠᠮᠲᠤ ᠶᠢᠨ ᠬᠦᠴᠤᠨ ᠢ ᠪᠦᠳᠤᠭᠡᠨᠡ᠃ ᠴᠡᠭᠴᠡᠯᠡᠨ | ᠵᠠᠰᠠᠬᠤ ᠶᠢ ᠲᠤᠭᠤᠰᠢᠯᠠᠭᠤᠯᠵᠤ᠂ ᠴᠡᠭᠴᠡᠯᠡᠨ ᠵᠠᠰᠠᠬᠤ ᠡᠭᠦᠷᠭᠡ ᠬᠠᠷᠢᠭᠤᠴᠠᠯᠭ᠎ᠠ ᠶᠢᠨ ᠲᠤᠭᠲᠠᠯᠴᠠᠭ᠎ᠠ᠂ ᠱᠠᠯᠠᠪᠲᠠᠭᠤᠯᠬᠤ | ᠲᠤᠭᠲᠠᠯᠴᠠᠭ᠎ᠠ ᠂ ᠦᠨᠡᠯᠡᠨ ᠵᠢᠱᠢᠬᠦ ᠲᠤᠭᠲᠠᠯᠴᠠᠭ᠎ᠠ ᠶᠢ ᠲᠡᠭᠦᠯᠲᠡᠷᠵᠢᠭᠦᠯᠦᠨ᠂ ᠪᠦᠳᠤᠮᠵᠢᠲᠠᠢ ᠪᠠᠷ ᠨᠦᠬᠦᠪᠦᠷᠢᠯᠡᠬᠦ | ᠨᠢᠭᠡᠳᠤᠮᠡᠯ ᠬᠢᠨᠠᠯᠲᠠ ᠶᠢᠨ ᠴᠡᠭᠴᠡᠯᠡᠨ ᠵᠠᠰᠠᠬᠤ ᠬᠡᠯᠬᠢᠶᠡᠰᠤ ᠶᠢ ᠪᠦᠷᠢᠯᠳᠤᠭᠦᠯᠦᠨ᠎ᠡ᠃ | ︵ᠵᠢᠷᠭᠤᠭ᠎ᠠ︶ ᠡᠯ᠎ᠡ ᠲᠦᠷᠦᠯ ᠤᠨ ᠬᠢᠨᠠᠯᠲᠠ ᠶᠢᠨ ᠠᠭᠤᠰᠤᠯᠴᠠᠨ ᠨᠢᠭᠡᠳᠭᠡᠬᠦ ᠶᠢ ᠲᠦᠯᠬᠢᠨ ᠠᠬᠢᠭᠤᠯᠵᠤ᠂ ᠬᠢᠨᠠᠨ | ᠵᠠᠰᠠᠬᠤ ᠴᠢᠳᠠᠮᠵᠢ ᠶᠢ ᠦᠨᠡᠨᠬᠦ ᠳᠡᠭᠡᠭᠰᠢᠯᠡᠬᠦᠯᠦᠨ᠎ᠡ᠃ | ᠡᠯ᠎ᠡ ᠲᠦᠷᠦᠯ ᠤᠨ ᠬᠢᠨᠠᠯᠲᠠ ᠶᠢᠨ ᠠᠭᠤᠰᠤᠯᠴᠠᠨ ᠨᠢᠭᠡᠳᠭᠡᠬᠦ ᠶᠢ ᠠᠬᠢᠭᠤᠯᠤᠨ᠎ᠠ ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠲᠤᠰᠬᠠᠢ ᠡᠭᠦᠷᠭᠡ ᠶᠢᠨ ᠬᠢᠨᠠᠯᠲᠠ ᠶᠢ ᠠᠬᠢᠭᠤᠯᠬᠤ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ | ᠰᠠᠬᠢᠯᠭ᠎ᠠ ᠪᠠᠲᠤ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠲᠤᠮᠢᠯᠠᠨ ᠰᠠᠭᠤᠯᠭᠠᠬᠤ ᠬᠢᠨᠠᠯᠲᠠ᠂ ᠲᠤᠭᠤᠷᠢᠨ | ᠪᠠᠶᠢᠴᠠᠭᠠᠬᠤ ᠬᠢᠨᠠᠯᠲᠠ ᠶᠢᠨ ᠠᠭᠤᠰᠤᠯᠴᠠᠨ ᠨᠢᠭᠡᠳᠬᠦ ᠶᠢ ᠠᠬᠢᠭᠤᠯᠤᠨ᠎ᠠ᠃ ᠡᠳᠤᠷ ᠲᠤᠲᠤᠮ ᠤᠨ ᠬᠢᠨᠠᠯᠲᠠ ᠶᠢ ᠬᠦᠨᠵᠡᠭᠡᠢ | ᠲᠤᠭᠤᠰᠢᠯᠠᠭᠤᠯᠵᠤ᠂ ᠲᠤᠭᠤᠷᠢᠨ ᠠᠰᠠᠭᠤᠬᠤ᠂ ᠪᠠᠶᠢᠴᠠᠭᠠᠨ ᠰᠤᠳᠤᠯᠠᠬᠤ᠂ ᠬᠢᠨᠠᠨ ᠪᠠᠶᠢᠴᠠᠭᠠᠬᠤ᠂ ᠰᠠᠳᠬᠢᠯ ᠰᠠᠨᠠᠭ᠎ᠠ ᠪᠠᠨ | ᠰᠤᠯᠢᠯᠴᠠᠬᠤ ᠵᠡᠷᠭᠡ ᠶᠢ ᠤᠶᠠᠯᠳᠤᠭᠤᠯᠤᠨ᠂ ᠺᠠᠳ᠋ᠷ ᠠᠵᠢᠯᠲᠠᠨ ᠢᠶᠠᠷ ᠬᠢᠨᠠᠯᠲᠠ ᠶᠢ ᠮᠡᠳᠡᠷᠡᠭᠦᠯᠵᠤ᠂ ᠬᠢᠨᠠᠯᠳᠠ ᠳᠤ ᠲᠡᠰᠴᠦ᠂ | ᠤᠯᠠᠨ ᠲᠦᠮᠡᠨ ᠳᠤ ᠬᠢᠨᠠᠯᠲᠠ ᠶᠢ ᠮᠠᠳᠠᠭᠦᠯᠵᠤ᠂ ᠬᠢᠨᠠᠯᠲᠠ ᠳᠤ ᠤᠷᠤᠯᠴᠠᠭᠤᠯᠤᠨ᠎ᠠ᠃ | ᠺᠠᠳ᠋ᠷ ᠠᠵᠢᠯᠲᠠᠨ ᠤ ᠬᠠᠷᠢᠭᠤᠴᠠᠯᠭ᠎ᠠ ᠪᠠᠨ ᠡᠭᠦᠷᠭᠡᠯᠡᠬᠦ ᠶᠢ ᠵᠤᠷᠢᠭᠵᠢᠭᠤᠯᠤᠨ᠎ᠠ᠃ ᠴᠢᠩᠭ᠎ᠠ ᠬᠠᠮᠢᠶᠠᠷᠤᠯᠲᠠ ᠪᠠ | ᠬᠠᠶᠢᠷ᠎ᠠ ᠬᠠᠯᠠᠮᠵᠢ ᠶᠢ ᠤᠶᠠᠯᠳᠤᠭᠤᠯᠤᠨ᠂ ︽ᠲᠦᠷᠪᠡᠨ ᠲᠦᠯᠦᠪ︾ ᠢ ᠭᠦᠨᠵᠡᠭᠡᠢ ᠬᠡᠷᠡᠭᠵᠢᠭᠦᠯᠦᠨ᠂ ︽ᠭᠤᠷᠪᠠᠨ ᠲᠦᠷᠦᠯ | ᠵᠦᠢᠯ ᠢ ᠢᠯᠭᠠᠬᠤ︾ ᠶᠢ ᠪᠠᠷᠢᠮᠲᠠᠯᠠᠵᠤ᠂ ᠡᠷᠲᠡ ᠮᠡᠳᠡᠨ ᠡᠷᠲᠡ ᠰᠠᠨᠠᠭᠤᠯᠵᠤ᠂ ᠠᠯᠳᠠᠭ᠎ᠠ ᠪᠤᠷᠤᠭᠤ ᠶᠢ ᠨᠢ ᠵᠠᠯᠠᠷᠠᠭᠤᠯᠤᠨ᠂ | ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ ᠭᠠᠷᠬᠤ ᠵᠠᠮ ᠢ ᠨᠢ ᠵᠢᠭᠠᠵᠤ ᠦᠭᠭᠦᠨ᠎ᠡ᠃ ᠨᠠᠮ ᠤᠨ ᠭᠡᠰᠢᠭᠦᠨ ᠤ ᠡᠷᠬᠡ ᠠᠰᠢᠭ | ᠢ ᠪᠠᠳᠤᠯᠠᠬᠤ ᠵᠤᠷᠪᠤᠰ ᠢ ᠡᠷᠡᠰ ᠭᠦᠢᠴᠡᠳᠭᠡᠨ᠂ ᠨᠠᠮ ᠤᠨ ᠭᠡᠰᠢᠭᠦᠨ ᠤ ᠡᠷᠬᠡ ᠠᠰᠢᠭ ᠢ ᠪᠠᠳᠤᠯᠠᠬᠤ ᠠᠵᠢᠯᠯᠠᠭ᠎ᠠ ᠶᠢ | ᠲᠤᠭᠤᠰᠢᠯᠠᠭᠤᠯᠬᠤ ᠶᠢ ᠱᠠᠯᠠᠪᠳᠠᠭᠤᠯᠵᠤ᠂ ᠪᠤᠳᠠᠳᠦ ᠪᠤᠰᠤ ᠵᠠᠭᠠᠯᠳᠤᠯᠭ᠎ᠠ ᠳᠤ ᠬᠤᠯᠪᠤᠭᠳᠠᠭᠰᠠᠨ ᠺᠠᠳ᠋ᠷ ᠠᠵᠢᠯᠲᠠᠨ ᠳᠤ | ᠦᠨᠡᠨ ᠵᠦᠪ ᠢ ᠨᠢ ᠤᠯᠭᠤᠨ ᠦᠭᠴᠤ᠂ ᠬᠢᠯᠢᠰᠳᠡᠭᠦᠯᠵᠤ ᠬᠤᠤᠷᠯᠠᠬᠤ ᠠᠵᠢᠯᠯᠠᠭ᠎ᠠ ᠶᠢ ᠴᠢᠩᠭ᠎ᠠ ᠰᠢᠢᠳᠭᠡᠨ᠂ ᠺᠠᠳ᠋ᠷ | ᠠᠵᠢᠯᠲᠠᠨ ᠤ ᠠᠵᠢᠯ ᠤᠨ ᠤᠷᠮ᠎ᠠ ᠵᠤᠷᠢᠭ ᠢ ᠭᠦᠭᠵᠢᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠪᠠᠶᠢᠴᠠᠭᠠᠯᠲᠠ ᠶᠢᠨ ᠭᠡᠷᠡᠴᠢ | ᠪᠠᠷᠢᠮᠲᠠ ᠶᠢ ᠤᠨᠤᠪᠴᠢᠲᠠᠢ ᠡᠵᠡᠮᠰᠢᠵᠤ᠂ ᠬᠠᠷᠢᠭᠤᠴᠠᠯᠭ᠎ᠠ ᠨᠡᠭᠡᠮᠵᠢᠯᠡᠬᠦ ᠬᠤᠷᠴᠠ ᠵᠡᠪᠰᠡᠭ ᠢ ᠲᠦᠷᠢᠮᠵᠢᠭᠦᠯᠤᠨ᠂ | ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠ ᠰᠢᠳᠬᠡᠯ ᠤᠯᠤᠭᠰᠠᠨ ᠺᠠᠳ᠋ᠷ ᠠᠵᠢᠯᠲᠠᠨ ᠢ ᠮᠦᠷᠳᠡᠨ ᠰᠤᠷᠪᠤᠯᠵᠢᠯᠠᠬᠤ ᠠᠵᠢᠯ ᠢ | ᠪᠠᠶᠢᠩᠭᠤᠵᠢᠭᠤᠯᠤᠨ᠎ᠠ᠃ | ︵ᠲᠤᠯᠤᠭ᠎ᠠ︶ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ | ᠬᠢᠨᠠᠯᠲᠠ ᠶᠢᠨ ᠰᠢᠰᠲ᠋ᠧᠮ ᠤᠨ ᠳᠠᠪᠠᠭᠤᠯᠢᠭ ᠲᠠᠯ᠎ᠠ ᠶᠢ ᠨᠡᠩ ᠰᠠᠶᠢᠨ ᠵᠠᠰᠠᠨ ᠴᠡᠭᠴᠡᠯᠡᠬᠦ ᠴᠢᠳᠠᠮᠵᠢ ᠪᠤᠯᠭᠠᠨ ᠬᠤᠪᠢᠷᠠᠭᠤᠯᠬᠤ | ᠶᠢ ᠠᠬᠢᠭᠤᠯᠤᠨ᠎ᠠ᠃ | ᠬᠢᠨᠠᠨ ᠪᠠᠶᠢᠴᠠᠭᠠᠯᠲᠠ᠂ ᠰᠢᠭᠦᠨ ᠲᠤᠳᠤᠯᠠᠯᠲᠠ ᠵᠡᠷᠭᠡ ᠴᠢᠬᠤᠯᠠ ᠭᠤᠭᠴᠤᠭ᠎ᠠ ᠶᠢᠨ ᠲᠤᠭᠤᠷᠢᠨ ᠳᠤ᠂ ᠰᠤᠮᠤ ᠰᠢᠶᠠᠩ | ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠲᠤᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ | ᠲᠤᠭᠤᠶᠢᠯᠠᠩ ᠢ ᠤᠳᠤᠷᠢᠳᠬᠤ ᠪᠠ ᠵᠢᠯᠤᠭᠤᠳᠬᠤ ᠪᠠᠨ ᠴᠢᠩᠭᠠᠳᠬᠠᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠤᠰ | ᠤᠳᠤᠷᠢᠳᠤᠯᠭ᠎ᠠ ᠶᠢᠨ ᠳᠦᠷᠢᠮ ᠤᠨ ᠰᠢᠰᠲ᠋ᠧᠮᠵᠢᠭᠦᠯᠤᠨ ᠳᠦᠷᠢᠮᠵᠢᠭᠦᠯᠬᠦ ᠶᠢ ᠠᠬᠢᠭᠤᠯᠤᠨ᠎ᠠ᠃ ︽ᠠᠯᠪᠠᠨ ᠭᠡᠷ ᠲᠤᠭᠤᠶᠢᠯᠠᠩ | ︾ ᠤᠨ ᠬᠤᠯᠪᠤᠭᠠᠯᠠᠨ ᠬᠢᠨᠠᠯᠲᠠ ᠬᠢᠬᠦ᠂ ︽ᠠᠯᠪᠠᠨ ᠭᠡᠷ ᠲᠤᠭᠤᠶᠢᠯᠠᠩ ᠭᠠᠵᠠᠷ ᠤᠷᠤᠨ︾ ᠬᠠᠮᠳᠤᠷᠠᠨ ᠬᠡᠷᠡᠭ ᠡᠷᠬᠢᠯᠡᠬᠦ | ᠲᠤᠭᠲᠠᠯᠴᠠᠭ᠎ᠠ ᠶᠢᠨ ᠠᠵᠢᠯᠳᠠᠨ ᠤ ᠬᠦᠴᠤᠨ ᠤ ᠲᠤᠬᠢᠷᠠᠭᠤᠯᠤᠯᠲᠠ ᠶᠢ ᠠᠬᠢᠭᠤᠯᠵᠤ᠂ ᠠᠵᠢᠯ ᠤᠨ ᠨᠢᠭᠡᠳᠤᠭᠦᠯᠬᠦ ᠬᠦᠴᠤᠨ ᠢ | ᠪᠠᠶᠢᠭᠤᠯᠤᠨ ᠪᠦᠷᠢᠨᠰᠢᠭᠦᠯᠦᠨ᠎ᠡ᠃ ᠬᠠᠤᠯᠢ ᠶᠢᠨ ᠰᠠᠯᠠᠭ᠎ᠠ ᠮᠦᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ | ᠪᠠᠶᠢᠭᠤᠯᠭ᠎ᠠ ᠲᠠᠢ ᠠᠪᠴᠠᠯᠳᠤᠬᠤ ᠲᠤᠭᠲᠠᠯᠴᠠᠭ᠎ᠠ ᠶᠢ ᠴᠢᠩᠭᠠᠳᠬᠠᠨ᠂ ᠤᠶᠤᠨᠴᠢ ᠠᠬᠤᠢ ᠲᠤᠭᠠᠨ ᠤ ᠰᠤᠷᠠᠭ ᠵᠠᠩᠭᠢ ᠶᠢᠨ | ᠬᠠᠶᠢᠯᠲᠠ᠂ ᠰᠦᠪᠡᠭᠴᠢ ᠰᠢᠯᠵᠢᠭᠦᠯᠦᠨ ᠬᠦᠷᠭᠡᠬᠦ᠂ ᠬᠡᠷᠡᠭ ᠢ ᠤᠷᠢᠳᠴᠢᠯᠠᠨ ᠰᠢᠬᠦᠭᠦ ᠵᠡᠷᠭᠡ ᠲᠠᠯ᠎ᠠ ᠪᠠᠷ ᠬᠢ ᠬᠠᠮᠳᠤᠷᠠᠯᠴᠠᠭ᠎ᠠ | ᠪᠠᠨ ᠴᠢᠩᠭᠠᠳᠬᠠᠨ᠎ᠠ᠃ ᠬᠢᠨᠠᠨ ᠪᠠᠶᠢᠴᠠᠭᠠᠬᠤ ᠵᠦᠪᠯᠡᠯ ᠤᠨ ᠲᠤᠰᠬᠠᠢ ᠲᠦᠷᠦᠯ ᠤᠨ ᠠᠵᠢᠯ ᠤᠨ ᠮᠡᠳᠡᠭᠦᠯᠦᠯᠲᠡ ᠪᠠᠨ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠤᠯᠢ ᠳᠦᠷᠢᠮ ᠤᠨ | ᠶᠤᠰᠤᠭᠠᠷ᠂ ᠠᠯᠬᠤᠮ ᠳᠠᠷᠠᠭ᠎ᠠ ᠲᠠᠢ ᠮᠡᠳᠡᠭᠦᠯᠦᠯᠲᠡ ᠬᠢᠨ᠎ᠠ᠃ | ︵ᠨᠠᠢᠮᠠ︶ ᠬᠤᠪᠢ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠦᠨᠡᠨᠴᠢ | ᠰᠢᠳᠤᠷᠭᠤ ᠡᠭᠦᠷᠭᠡᠯᠡᠯ ᠲᠠᠢ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠲᠡᠮᠤᠷ ᠠᠷᠮᠢ ᠶᠢ ᠲᠠᠪᠲᠠᠨ | ᠪᠤᠯᠪᠠᠰᠤᠷᠠᠭᠤᠯᠤᠨ᠎ᠠ᠃ | ᠪᠠᠶᠢᠭᠤᠯᠭ᠎ᠠ ᠶᠢᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ | ᠲᠡᠷᠢᠭᠦᠨ ᠪᠠᠶᠢᠷᠢᠨ ᠳᠤ ᠲᠠᠯᠪᠢᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠵᠦᠪᠯᠡᠯ | ᠤᠨ ᠤᠳᠤᠷᠢᠳᠤᠨ ᠵᠢᠱᠢᠶ᠎ᠡ ᠦᠵᠡᠭᠦᠯᠬᠦ ᠤᠶᠢᠯᠡᠳᠤᠯ ᠢ ᠪᠦᠷᠢᠮᠤᠰᠤᠨ ᠪᠠᠳᠠᠷᠠᠭᠤᠯᠵᠤ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠶᠢᠯᠠᠭᠠᠬᠤ ᠴᠢᠳᠠᠪᠤᠷᠢ᠂ ᠭᠦᠢᠴᠡᠳᠭᠡᠬᠦ ᠴᠢᠳᠠᠪᠤᠷᠢ ᠶᠢ ᠲᠤᠯᠤᠭᠠᠶᠢᠯᠠᠨ ᠳᠡᠭᠡᠭᠰᠢᠯᠡᠭᠦᠯᠦᠨ᠎ᠡ᠃ ᠪᠠᠶᠢᠭᠤᠯᠤᠮᠵᠢ | ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠬᠦᠯᠵᠤ᠂ ᠰᠢᠨ᠎ᠡ ᠭᠦᠭᠵᠢᠯᠲᠡ ᠶᠢᠨ | ᠶᠠᠪᠤᠴᠠ ᠶᠢ ᠡᠵᠡᠮᠳᠡᠨ᠂ ᠰᠢᠨ᠎ᠡ ᠭᠦᠭᠵᠢᠯᠲᠡ ᠶᠢᠨ ᠦᠢᠯᠠᠭᠠᠯᠲᠠ ᠶᠢ ᠲᠤᠭᠤᠰᠢᠯᠠᠭᠤᠯᠵᠤ᠂ ᠰᠢᠨ᠎ᠡ ᠭᠦᠭᠵᠢᠯᠲᠡ ᠶᠢᠨ | ᠪᠠᠶᠢᠷᠢᠯᠠᠯ ᠢ ᠪᠦᠷᠢᠯᠳᠤᠭᠦᠯᠤᠨ ᠪᠠᠶᠢᠭᠤᠯᠵᠤ᠂ ᠡᠯ᠎ᠡ ᠲᠦᠷᠦᠯ ᠤᠨ ᠠᠵᠢᠯ ᠢ ᠨᠠᠮ ᠤᠨ ᠲᠦᠪ ᠬᠤᠷᠢᠶᠠᠨ ᠤ ᠰᠢᠢᠳᠪᠤᠷᠢᠲᠤ | ᠪᠠᠶᠢᠷᠢᠯᠠᠭᠤᠯᠤᠯᠲᠠ ᠲᠠᠢ ᠤᠷᠭᠠᠨᠢᠭ ᠢᠶᠠᠷ ᠤᠶᠠᠯᠳᠤᠭᠤᠯᠬᠤ ᠶᠢ ᠪᠠᠳᠤᠯᠠᠨ᠎ᠠ᠃ | ᠡᠩᠨᠡᠭᠡᠨ ᠤ ᠲᠤᠰᠬᠠᠵᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠰᠢᠨ᠎ᠡ ᠲᠤᠭᠲᠠᠯᠴᠠᠭ᠎ᠠ ᠶᠢ ᠢᠳᠡᠪᠬᠢᠲᠠᠢ ᠰᠦᠪᠡᠭᠴᠢᠯᠡᠵᠤ | ᠂ ᠪᠦᠬᠦ ᠭᠡᠰᠢᠭᠦᠳ ᠤᠨ ᠪᠤᠯᠪᠠᠰᠤᠷᠠᠯ ᠢ ᠪᠦᠬᠦ ᠲᠠᠯ᠎ᠠ ᠪᠠᠷ ᠦᠷᠨᠢᠭᠦᠯᠤᠨ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠵᠡᠷᠭᠡ | ᠬᠦᠳᠡᠯᠭᠡᠭᠡᠨ ᠪᠠ ᠪᠤᠳᠠᠲᠠᠢ ᠳᠤ ᠰᠤᠷᠢᠯᠲᠠ ᠬᠢᠭᠦ ᠶᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠢ ᠵᠤᠬᠢᠶᠠᠨ ᠪᠠᠶᠢᠭᠤᠯᠤᠨ᠂ ᠲᠤᠰᠬᠠᠢ ᠬᠡᠷᠡᠭ ᠤᠨ ᠦᠢᠯᠡᠳᠤᠯᠭᠡ ᠳᠤ ᠢᠳᠡᠪᠬᠢᠲᠠᠢ ᠤᠷᠤᠯᠴᠠᠭᠤᠯᠵᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠠᠤᠯᠢ ᠳᠦᠷᠢᠮ ᠤᠨ ᠦᠵᠡᠯᠲᠡ᠂ ᠤᠶᠢᠯᠠᠭᠠᠬᠲᠠᠭᠤᠨ᠂ ᠬᠡᠪ ᠪᠤᠯᠪᠠᠰᠤᠷᠠᠯ ᠢ | ᠲᠠᠰᠤᠷᠠᠯᠲᠠ ᠦᠭᠡᠢ ᠳᠡᠭᠡᠭᠰᠢᠯᠡᠬᠦᠯᠵᠤ᠂ ᠺᠠᠳ᠋ᠷ ᠤᠨ ᠡᠩᠨᠡᠭᠡᠨ ᠤ ᠪᠦᠬᠦᠯᠢ ᠴᠤᠭᠴᠠ ᠶᠢᠨ ᠲᠤᠬᠠᠶᠢᠯᠠᠭᠰᠠᠨ ᠠᠵᠢᠯ ᠤᠨ ᠬᠡᠪ | ᠪᠤᠯᠪᠠᠰᠤᠷᠠᠯ ᠪᠠ ᠲᠤᠰᠬᠠᠶᠢᠵᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠲᠤᠰ ᠪᠡᠶ᠎ᠡ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠬᠦ | ᠠᠵᠢᠯ ᠤᠨ ᠲᠦᠷᠢᠮ ᠲᠤᠭᠲᠠᠭᠠᠯ ᠢ ᠬᠢᠨᠠᠮᠠᠭᠠᠢ ᠬᠡᠷᠡᠭᠵᠢᠬᠦᠯᠵᠤ᠂ ᠪᠡᠶ᠎ᠡ ᠪᠠᠨ ᠪᠠᠷᠢᠬᠤ ᠪᠠ ᠬᠢᠨᠠᠨ ᠬᠠᠮᠢᠶᠠᠷᠤᠯᠲᠠ ᠶᠢ ᠦᠪᠡᠷ | ᠤᠨ ᠤᠬᠠᠮᠰᠠᠷ ᠠᠴᠠ ᠪᠠᠨ ᠲᠦᠪ ᠬᠢᠨᠠᠮᠠᠭᠠᠢ ᠬᠦᠯᠢᠶᠡᠨ ᠠᠪᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠬᠦᠯᠬᠦ ᠶᠢᠨ ᠲᠤᠮᠲᠠ ᠬᠡᠷᠡᠭ ᠶᠠᠪᠤᠳᠠᠯ ᠢ ᠰᠢᠢᠳᠪᠤᠷᠢᠯᠡᠬᠦ ᠳᠡᠭᠡᠨ ᠬᠤᠪᠢ | ᠪᠠᠨ ᠪᠤᠳᠤᠬᠤ᠂ ᠬᠡᠷᠡᠭ ᠶᠠᠪᠤᠳᠠᠯ ᠢ ᠲᠠᠷᠤᠬᠤ ᠪᠤᠶᠤ ᠦᠭᠡᠶᠢᠰᠬᠡᠬᠦ᠂ ᠰᠤᠷᠠᠭ ᠴᠢᠮᠡᠭᠡ ᠵᠠᠳᠠᠷᠠᠭᠤᠯᠬᠤ ᠵᠡᠷᠭᠡ ᠠᠰᠠᠭᠤᠳᠠᠯ ᠢ | ᠴᠢᠩᠭ᠎ᠠ ᠪᠠᠷ ᠰᠢᠢᠳᠪᠤᠷᠢᠯᠡᠵᠤ᠂ ᠭᠡᠷ ᠤᠨ ᠬᠦᠮᠤᠰ ᠪᠠ ᠰᠠᠳᠤᠨ ᠲᠦᠷᠦᠯ ᠨᠢ ᠰᠠᠬᠢᠯᠭ᠎ᠠ ᠪᠡᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠨᠡᠷ᠎ᠡ ᠨᠦᠯᠦᠭᠡ ᠶᠢ ᠠᠰᠢᠭᠯᠠᠵᠤ ᠬᠤᠪᠢ ᠪᠠᠨ ᠪᠤᠳᠤᠬᠤ᠂ ᠢᠯᠵᠡᠷᠡᠨ ᠲᠤᠷᠤᠶᠢᠲᠠᠬᠤ ᠶᠢ ᠴᠢᠩᠭ᠎ᠠ | ᠬᠤᠷᠢᠭᠯᠠᠨ᠂ ᠦᠪᠡᠷ ᠤᠨ ᠤᠷᠴᠢᠨ ᠲᠤᠭᠤᠷᠢᠨ ᠤ ᠶᠠᠪᠤᠳᠠᠯ ᠢ ᠴᠢᠩᠭ᠎ᠠ ᠬᠠᠮᠢᠶᠠᠷᠤᠨ᠂ ᠨᠠᠮ ᠪᠠ ᠠᠷᠠᠳ ᠲᠦᠮᠡᠨ ᠤ | ᠦᠭᠭᠦᠭᠰᠡᠨ ᠡᠷᠭᠡ ᠶᠢ ᠢᠯᠵᠡᠷᠡᠨ ᠳᠤᠷᠤᠶᠢᠲᠠᠬᠤ ᠪᠠ ᠭᠤᠲᠤᠭᠠᠵᠤ ᠪᠤᠯᠬᠤ ᠦᠭᠡᠢ᠃ ᠲᠡᠮᠤᠷ ᠮᠡᠲᠤ ᠪᠡᠲᠤ ᠴᠢᠩᠭ᠎ᠠ | ᠰᠠᠬᠢᠯᠭ᠎ᠠ ᠪᠠᠲᠤ ᠤᠪᠤᠷ ᠰᠤᠷᠲᠠᠯ ᠢᠶᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠠᠷᠮᠢ ᠶᠢ | ᠪᠤᠯᠪᠠᠰᠤᠷᠠᠭᠤᠯᠤᠨ ᠭᠠᠷᠭᠠᠨ᠎ᠠ᠃ | ᠡᠯ᠎ᠡ ᠲᠦᠯᠦᠭᠡᠯᠡᠭᠴᠢᠳ᠂ ᠨᠦᠭᠦᠳ ᠡ᠄ ᠰᠢᠨ᠎ᠡ ᠡᠬᠢᠯᠡᠯᠲᠡ ᠶᠢᠨ ᠴᠢᠭ ᠳᠡᠭᠡᠷ᠎ᠡ ᠵᠤᠭᠰᠤᠵᠤ᠂ ᠰᠢᠨ᠎ᠡ ᠠᠶᠠᠨ ᠳᠠᠶᠢᠨ ᠳᠤ | ᠮᠤᠷᠳᠠᠬᠤ ᠳᠠᠭᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠡᠭᠦᠷᠭᠡ ᠬᠦᠨᠲᠤ᠂ ᠬᠠᠷᠢᠭᠤᠴᠠᠯᠭ᠎ᠠ | ᠦᠩᠭᠡ ᠭᠡᠷᠡᠯ ᠲᠠᠢ ᠶᠤᠮ᠃ ᠪᠢᠳᠡᠨ ᠰᠢ ᠶᠢᠨ ᠫᠢᠩ ᠶᠡᠷᠦᠩᠭᠡᠢ ᠱᠦᠵᠢ ᠪᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶᠠᠨ ᠤ ᠲᠤᠭᠤᠷᠢᠨ ᠳᠤ ᠤᠯᠠᠮ ᠨᠢᠭᠲᠠᠷᠠᠨ ᠪᠦᠯᠬᠦᠮᠲᠡᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ | ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ ᠦᠨᠡᠨᠴᠢ ᠰᠢᠳᠤᠷᠭᠤ ᠪᠠᠷ ᠲᠤᠰᠢᠶᠠᠯ ᠢᠶᠠᠨ | ᠭᠦᠢᠴᠡᠳᠭᠡᠵᠤ᠂ ᠴᠢᠩᠭ᠎ᠠ ᠠᠳᠬᠤᠵᠤ ᠰᠢᠷᠭᠠᠭᠤ ᠠᠵᠢᠯᠯᠠᠨ᠂ ᠵᠤᠷᠢᠭᠲᠠᠢ ᠡᠭᠦᠷᠭᠡᠯᠡᠨ᠂ ᠵᠢᠳᠬᠦᠨ ᠴᠢᠷᠮᠠᠶᠢᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠲᠠᠢ ᠭᠦᠭᠵᠢᠯᠲᠡ ᠶᠢ ᠲᠦᠯᠬᠢᠨ ᠠᠬᠢᠭᠤᠯᠵᠤ᠂ ᠨᠠᠮ | ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠲᠦᠷᠰᠤ ᠪᠠᠶᠢᠳᠠᠯ ᠢ | ᠲᠠᠰᠤᠷᠠᠯᠲᠠ ᠦᠭᠡᠢ ᠡᠭᠦᠳᠴᠤ᠂ ︽ᠠᠷᠪᠠᠨ ᠳᠦᠷᠪᠡᠳᠤᠭᠡᠷ ᠲᠠᠪᠤᠨ ᠵᠢᠯ ᠤᠨ ᠲᠦᠯᠤᠪᠵᠢᠭᠦᠯᠦᠭᠡ︾ ᠶᠢ ᠪᠦᠬᠦ ᠲᠠᠯ᠎ᠠ ᠪᠠᠷ | ᠪᠠᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠳᠦᠷᠢᠮ ᠤᠨ ᠪᠠᠳᠤᠯᠠᠭ᠎ᠠ ᠶᠢ ᠬᠠᠩᠭᠠᠰᠤᠭᠠᠢ︕ | ᠢᠷᠡᠯᠳᠡ᠄ ᠳᠦᠷᠪᠡᠳ ᠬᠤᠰᠢᠭᠤᠨ ᠤ ᠵᠠᠰᠠᠭ ᠤᠨ ᠣᠷᠳᠤᠨ | ᠳᠡᠪᠰᠢᠭᠦᠯᠦᠭᠴᠢ᠄ ᠬᠠᠶᠢᠷ᠎ᠠ | |