ᠳᠥᠷᠪᠡᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | (ᠨᠢᠭᠡ ) ᠵᠠᠰᠠᠭ ᠵᠠᠬᠢᠷᠭᠠᠨ ᠤ ᠠᠯᠪᠠᠨ ᠭᠡᠷ᠃ | ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ | ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ | ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ ᠵᠡᠷᠭᠡ ᠠᠵᠢᠯ ᠢ ᠬᠠᠷᠢᠭᠤᠴᠠᠵᠤ᠂ ᠰᠠᠯᠠᠭ᠎ᠠ ᠮᠥᠴᠢᠷ ᠤᠨ ᠲᠥᠰᠥᠪ | ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ | ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠪᠣᠯᠤᠨ | ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ | ᠴᠠᠯᠢᠩ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯᠠ᠋ᠴᠠ ᠪᠠᠨ ᠠᠮᠠᠷᠠᠭᠰᠠᠨ ᠺᠠᠳ᠋ᠷ ᠤᠨ ᠵᠡᠷᠭᠡ ᠠᠵᠢᠯ ᠢ | ᠬᠠᠷᠢᠭᠤᠴᠠᠵᠤ᠃ | (ᠬᠤᠶᠠᠷ) ᠠᠶᠤᠯ ᠥᠬᠡᠢ ᠦᠢᠯᠡᠳᠪᠦᠷᠢᠯᠡᠯ ᠤᠨ ᠰᠠᠭᠤᠷᠢ ᠲᠠᠰᠤᠭ᠃ ᠨᠡᠭᠦᠷᠡᠰᠦᠨ ᠤ ᠪᠤᠰᠤ ᠠᠭᠤᠷᠬᠠᠢ ︵ | ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠲᠡᠮᠦᠷᠯᠢᠭ ᠬᠠᠶᠢᠯᠤᠭᠤᠯᠬᠤ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠢ ᠪᠠᠭᠲᠠᠬᠤ ᠥᠬᠡᠢ︶᠂ ᠲᠡᠮᠦᠷᠯᠢᠭ ᠬᠠᠶᠢᠯᠤᠭᠤᠯᠬᠤ᠂ | ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ | ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ | ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠤᠨ ᠰᠠᠭᠤᠷᠢ ᠠᠵᠢᠯ ᠢ ᠬᠠᠷᠢᠭᠤᠴᠠᠵᠤ᠂ ᠣᠷᠣᠨ | ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠤᠨ ᠳᠦᠷᠢᠮ᠂ ᠪᠠᠷᠢᠮᠵᠢᠶ᠎ᠠ ᠶᠢ | ᠲᠣᠭᠲᠠᠭᠠᠨ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ᠂ ᠠᠶᠤᠯ ᠥᠬᠡᠢ ᠶᠢᠨ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ | ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠬᠡᠷᠡᠭᠲᠡᠢ᠃ | (ᠭᠤᠷᠪᠠ) ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠲᠠᠰᠤᠭ᠃ ᠠᠶᠤᠯ ᠥᠬᠡᠢ | ᠦᠢᠯᠡᠳᠪᠦᠷᠢᠯᠡᠯ ᠤᠨ ᠭᠤᠣᠯᠴᠢᠯᠠᠨ ᠬᠠᠮᠢᠶᠠᠷᠬᠤ ᠲᠤᠰᠬᠠᠢ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ | ᠬᠦᠷᠢᠶᠡᠨ ᠤ ᠠᠶᠤᠯ ᠥᠬᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ | ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠴᠢᠨᠠᠷᠲᠠᠢ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠲᠠ᠂ ᠲᠤᠰᠬᠠᠢ | ᠲᠥᠷᠥᠯ ᠤᠨ ᠴᠡᠭᠴᠡᠯᠡᠨ ᠵᠠᠰᠠᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠤᠨ᠎ᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ | ᠳᠣᠳᠣᠮ ᠤᠨ ᠠᠵᠢᠯ ᠢ ᠡᠭᠦᠷᠭᠡᠯᠡᠨ᠎ᠡ᠃ | (ᠳᠥᠷᠪᠡ) ᠪᠠᠴᠢᠮ ᠪᠠᠶᠢᠳᠠᠯ ᠢ ᠠᠷᠭᠠᠴᠠᠬᠤ ᠳᠠᠬᠢ ᠵᠢᠯᠣᠭᠤᠳᠬᠤ ᠲᠣᠬᠢᠷᠠᠭᠤᠯᠤᠯᠲᠠ ᠪᠣᠯᠤᠨ ᠶᠡᠷᠦᠩᠬᠡᠶᠢᠯᠡᠨ | ᠵᠣᠬᠢᠴᠠᠭᠤᠯᠬᠤ ᠠᠯᠪᠠᠨ ᠭᠡᠷ᠃ ᠠᠵᠢᠯ ᠤᠨ ᠬᠤᠪᠢᠶᠠᠷᠢ ᠪᠠᠨ ᠦᠨᠳᠦᠰᠦᠯᠡᠵᠦ ᠡᠭᠦᠷᠭᠡᠯᠡᠬᠦ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠥᠷᠲᠡᠭ ᠤᠨ ᠰᠠᠬᠢᠬᠤ᠂ ᠠᠵᠢᠯ ᠢᠶᠠᠨ ᠡᠭᠦᠷᠭᠡᠯᠡᠵᠦ᠂ | ᠤᠯᠤᠰ ᠤᠨ ᠠᠳᠠᠯ ᠬᠡᠷᠡᠭ ᠪᠠ ᠪᠠᠶᠢᠭᠠᠯᠢ ᠶᠢᠨ ᠭᠠᠮᠰᠢᠭ ᠢ ᠳᠡᠰ ᠬᠤᠪᠢᠶᠠᠨ ᠠᠷᠭᠠᠴᠠᠬᠤ ᠳᠦᠷᠢᠮ ᠢ | ᠨᠠᠶᠢᠳᠠᠪᠤᠷᠢᠵᠢᠭᠤᠯᠤᠨ᠂ ᠲᠤᠰ ᠬᠤᠰᠢᠭᠤ ᠰᠢᠶᠠᠩ ᠤ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ | ᠵᠠᠩᠭᠢ ᠶᠢ ᠨᠡᠶᠢᠲᠡᠯᠡᠵᠦ᠂ ᠪᠦᠬᠦ ᠬᠤᠰᠢᠭᠤᠨ ᠤ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ | ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠲᠤᠰᠠᠯᠠᠬᠤ ᠠᠵᠢᠯ ᠭᠤᠶᠤᠴᠢᠯᠠᠬᠤ ᠶᠢᠨ ᠬᠠᠮᠲᠤ᠂ ᠭᠠᠯ ᠤᠨᠲᠠᠷᠠᠭᠠᠬᠤ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ | ᠵᠣᠯᠭᠠᠭᠤᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠦᠬᠦ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ᠂ ᠲᠤᠰ ᠬᠤᠰᠢᠭᠤ ᠰᠢᠶᠠᠩ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠦᠯ ᠪᠠ ᠠᠶᠤᠯᠭᠦᠢ | ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠦᠯ ᠢ ᠵᠣᠬᠢᠶᠠᠨ | ᠪᠠᠶᠢᠭᠤᠯᠤᠨ ᠨᠠᠶᠢᠷᠠᠭᠤᠯᠬᠤ ᠶᠢᠨ ᠬᠠᠮᠲᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠵᠠᠯᠭᠠᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢ | ᠡᠭᠦᠷᠭᠡᠯᠡᠨ᠂ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠲᠤᠬᠠᠢ ᠶᠢᠨ ᠲᠠᠯᠠᠪᠠᠢ ᠶᠢᠨ | ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠣᠭᠤᠳᠤᠨ᠂ ᠲᠤᠰ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠤᠯᠤᠰ ᠤᠨ ᠭᠠᠯ ᠤᠨᠲᠠᠷᠠᠭᠠᠬᠤ ᠬᠠᠤᠯᠢ | ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠤᠰ ᠬᠤᠰᠢᠭᠤ ᠰᠢᠶᠠᠩ ᠤ ᠭᠠᠯ | ᠤᠨᠲᠠᠷᠠᠭᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠥᠰᠦᠯ ᠪᠠ ᠮᠡᠷᠭᠡᠵᠢᠯ ᠤᠨ ᠪᠠᠷᠢᠮᠵᠢᠶ᠎ᠠ ᠶᠢ | ᠲᠤᠭᠤᠷᠪᠢᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠬᠢᠨᠠᠨ ᠲᠣᠭᠲᠠᠭᠠᠬᠤ ᠠᠵᠢᠯ ᠢ ᠬᠢᠨᠠᠨ ᠬᠢᠬᠦ ᠶᠢᠨ | ᠬᠠᠮᠲᠤ ᠪᠦᠬᠦ ᠬᠤᠰᠢᠭᠤᠨ ᠤ ᠬᠤᠲᠠ ᠪᠠᠯᠭᠠᠰᠤ᠂ ᠬᠥᠳᠡᠭᠡ ᠲᠣᠰᠬᠤᠨ᠂ ᠣᠢ ᠰᠢᠭᠤᠢ᠂ ᠲᠠᠯ᠎ᠠ ᠨᠤᠲᠤᠭ ᠤᠨ ᠭᠠᠯ | ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠨᠠᠶᠢᠳᠠᠪᠤᠷᠢᠵᠢᠭᠤᠯᠬᠤ ᠶᠢ | ᠠᠬᠢᠭᠤᠯᠬᠤ ᠶᠢ ᠵᠢᠯᠣᠭᠤᠳᠴᠤ᠂ ᠪᠦᠬᠦ ᠬᠤᠰᠢᠭᠤᠨ ᠤ ᠭᠠᠯ ᠤᠨᠲᠠᠷᠠᠭᠠᠬᠤ ᠬᠢᠨᠠᠯᠲᠠ ᠲᠠᠯᠪᠢᠬᠤ᠂ ᠭᠠᠯ ᠤᠨ | ᠭᠠᠮᠰᠢᠭ ᠢ ᠰᠡᠷᠭᠡᠶᠢᠯᠡᠬᠦ᠂ ᠭᠠᠯ ᠤᠨ ᠭᠠᠮᠰᠢᠭ ᠢ ᠤᠨᠲᠠᠷᠠᠭᠠᠬᠤ ᠠᠵᠢᠯ ᠢ ᠵᠢᠯᠣᠭᠤᠳᠬᠤ ᠬᠡᠷᠡᠭᠲᠡᠢ᠃ | ( ᠲᠠᠪᠤ ) ᠠᠶᠤᠯ ᠲᠠᠢ ᠬᠢᠮᠢ ᠶᠢᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ | ᠪᠦᠬᠦ ᠬᠤᠰᠢᠭᠤᠨ ᠤ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ | ᠪᠠᠭᠲᠠᠨ᠎ᠠ︶᠂ ᠠᠶᠤᠯᠲᠠᠢ ᠬᠢᠮᠢ ᠶᠢᠨ ᠪᠣᠳᠠᠰ ᠪᠠ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠭᠤᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠳᠦᠷᠢᠮ ᠪᠠ | ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ | ᠪᠠᠶᠢᠴᠠᠭᠠᠵᠤ᠂ ᠪᠦᠬᠦ ᠬᠤᠰᠢᠭᠤᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠪᠦᠬᠦ ᠬᠤᠰᠢᠭᠤᠨ ᠤ ᠠᠶᠤᠯᠲᠠᠢ ᠬᠢᠮᠢ ᠶᠢᠨ | ᠪᠣᠳᠠᠰ ᠢ ᠳᠠᠩᠰᠠᠯᠠᠬᠤ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ( ᠵᠢᠷᠭᠤᠭ᠎ᠠ ) ᠤᠬᠠᠭᠤᠯᠭ᠎ᠠ ᠬᠥᠮᠦᠵᠢᠯ ᠵᠢᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ᠃ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯ ᠥᠬᠡᠢ ᠦᠢᠯᠡᠳᠪᠦᠷᠢᠯᠡᠯ ᠤᠨ ᠰᠣᠨᠢᠨ ᠮᠡᠳᠡᠭᠡ ᠤᠬᠠᠭᠤᠯᠭ᠎ᠠ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠂ | ᠨᠡᠶᠢᠲᠡ ᠣᠯᠠᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ᠪᠦᠬᠦ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ | ᠵᠢᠯᠣᠭᠤᠳᠴᠠᠢ᠃ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ | ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠤᠨ᠎ᠠ᠃ ᠪᠦᠬᠦ ᠬᠤᠰᠢᠭᠤᠨ ᠤ | ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠳᠠᠩᠰᠠᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠪᠦᠬᠦ | ᠬᠤᠰᠢᠭᠤᠨ ᠤ ᠬᠠᠷᠢᠶᠠᠨ ᠳᠠᠬᠢ ᠠᠵᠢᠯ ᠲᠥᠷᠥᠯ ᠤᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠵᠡᠷᠭᠡ ᠠᠵᠢᠯ ᠢ ᠬᠠᠷᠢᠭᠤᠴᠠᠨ᠎ᠠ᠃ | ( ᠳᠣᠯᠤᠭ᠎ᠠ ) ᠭᠠᠮᠰᠢᠭ ᠤᠨ ᠪᠠᠶᠢᠳᠠᠯ ᠢ ᠦᠨᠡᠯᠡᠨ ᠵᠢᠱᠢᠬᠦ ᠲᠤᠭ᠎ᠠ ᠪᠦᠷᠢᠳᠬᠡᠯ ᠤᠨ ᠲᠠᠰᠤᠭ᠃ᠪᠦᠬᠦ | ᠬᠤᠰᠢᠭᠤᠨ ᠤ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠬᠦ᠂ | ᠭᠠᠮᠰᠢᠭ ᠠᠴᠠ ᠠᠪᠤᠷᠠᠵᠤ ᠬᠠᠨᠳᠢᠪᠯᠠᠨ ᠬᠦᠷᠭᠡᠬᠦ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ᠂ ᠬᠤᠰᠢᠭᠤ ᠰᠢᠶᠠᠩ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ | ᠲᠥᠯᠥᠪᠵᠢᠭᠦᠯᠭᠡ ᠪᠠ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠵᠤ᠂ ᠪᠠᠴᠢᠮ ᠪᠠᠶᠢᠳᠠᠯ ᠢ ᠠᠷᠭᠠᠴᠠᠬᠤ ᠡᠳ᠋ | ᠪᠣᠳᠠᠰ ᠢ ᠬᠠᠮᠲᠤ ᠪᠠᠷ ᠬᠡᠷᠡᠭᠯᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠪᠠᠴᠢᠮ | ᠪᠠᠶᠢᠳᠠᠯ ᠢ ᠠᠷᠭᠠᠴᠠᠬᠤ ᠴᠢᠬᠤᠯᠠ ᠡᠳ᠋ ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠲᠣᠬᠢᠷᠠᠭᠤᠯᠤᠨ | ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠲᠣᠪᠴᠢᠶ᠎ᠠ᠂ ᠬᠤᠰᠢᠭᠤ ᠰᠢᠶᠠᠩ ᠤ ᠭᠠᠮᠰᠢᠭ᠋/ᠠ᠋ᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ᠂ | ᠬᠤᠪᠢᠶᠠᠷᠢᠯᠠᠬᠤ ᠪᠠ ᠬᠢᠨᠠᠨ ᠬᠡᠷᠡᠭᠯᠡᠬᠦ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠢ ᠲᠠᠯ᠎ᠠ ᠶᠢᠨ ᠬᠢᠨ ᠲᠠᠢ ᠬᠠᠮᠲᠤᠷᠠᠵᠤ | ᠂ ᠪᠠᠴᠢᠮ ᠰᠢᠯᠵᠢᠭᠦᠯᠦᠨ ᠨᠡᠭᠦᠯᠭᠡᠵᠦ ᠲᠥᠪᠬᠢᠨᠡᠭᠦᠯᠬᠦ᠂ ᠭᠠᠮᠰᠢᠭ ᠠᠴᠠ ᠪᠣᠯᠵᠤ ᠡᠪᠳᠡᠭᠳᠡᠭᠰᠡᠨ ᠭᠡᠷ ᠪᠠᠶᠢᠰᠢᠩ ᠢ | ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠨᠥᠬᠦᠪᠥᠷᠢ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ | ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ( ᠨᠠᠢᠮᠠ ) ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠶᠡᠭᠡ ᠠᠩᠭᠢ᠃ᠡᠯ᠎ᠡ | ᠲᠥᠷᠥᠯ ᠤᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠷᠢᠭᠤᠴᠠᠵᠤ | ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠄ ᠪᠠᠴᠢᠮ | ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠰᠣᠷᠢᠯᠲᠠ ᠬᠢᠵᠦ᠂ ᠲᠤᠰᠬᠠᠢ ᠠᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠣᠷᠠᠭᠤᠯᠤᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ ᠃ | ( ᠶᠢᠰᠦ ) ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ᠃ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠵᠦ᠂ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠪᠣᠯᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶ᠎ᠡ | ᠬᠡᠪᠴᠢᠶᠡᠨ ᠳᠠᠬᠢ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠢ | ᠲᠤᠤᠱᠯᠠᠭᠤᠯᠤᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠭᠦᠷᠭᠡ ᠴᠢᠳᠠᠪᠬᠢ ᠶᠢ ᠭᠦᠢᠴᠡᠳᠬᠡᠨ᠎ᠡ᠃ ᠪᠠᠶᠢᠭᠤᠯᠤᠯᠭ᠎ᠠ ᠶᠢᠨ | ᠨᠠᠮ ᠤᠨ ᠶᠡᠷᠦᠩᠬᠡᠢ ᠡᠭᠦᠷ᠃ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ | ᠪᠠᠶᠢᠴᠠᠭᠠᠬᠤ ᠠᠵᠢᠯ ᠢ ᠬᠠᠷᠢᠭᠤᠴᠠᠨ᠎ᠠ ᠬᠠᠷᠢᠯᠴᠠᠬᠤ ᠤᠲᠠᠰᠤ᠄ 0474—5203565 | ᠢᠷᠡᠯᠳᠡ᠄ ᠲᠦᠷᠪᠡᠳ ᠬᠤᠰᠢᠭᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ | ᠳᠡᠪᠰᠢᠭᠦᠯᠦᠭᠴᠢ᠄ ᠬᠠᠶᠢᠷ᠎ᠠ |