ᠳᠥᠷᠪᠡᠳ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/12/28
ᠳᠥᠷᠪᠡᠳ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠬᠠᠮᠢᠶᠠᠷᠤᠯᠲᠠ ᠶᠢᠨ ᠲᠣᠪᠴᠢᠶ᠎ᠠ              [ 2021 ] ᠳ᠋ᠤᠭᠠᠷ    ᠳᠥᠷᠪᠡᠳ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠳᠤ 5 ᠡᠷᠬᠡ ᠲᠤᠰᠢᠶᠠᠯᠲᠤ ᠪᠠᠶᠢᠭᠤᠯᠤᠮᠵᠢ ᠭᠠᠷᠭᠠᠪᠠ᠄      ( ᠨᠢᠭᠡ ) ᠠᠯᠪᠠᠨ ᠭᠡᠷ᠃      ᠬᠠᠷᠢᠭᠤᠴᠠᠵᠤ ᠪᠠᠶᠢᠭ᠎ᠠ ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠲᠥᠷᠥ ᠶᠢᠨ ᠪᠣᠳᠣᠯᠭ᠎ᠠ ᠶᠢ ᠰᠤᠳᠤᠯᠬᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠬᠠᠷᠢᠯᠴᠠᠬᠤ ᠤᠲᠠᠰᠤ᠄ 0474—5216702     ( ᠬᠤᠶᠠᠷ ) ᠦᠵᠡᠯ ᠰᠠᠨᠠᠭ᠎ᠠ ᠤᠯᠤᠰ ᠲᠥᠷᠥ ᠶᠢᠨ ᠡᠷᠬᠡ ᠠᠰᠢᠭ ᠢ ᠬᠠᠮᠠᠭᠠᠯᠠᠬᠤ ᠪᠠ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠡᠷᠬᠢᠯᠡᠬᠦ᠃     ᠴᠡᠷᠢᠭ ᠤᠨ  ᠠᠯᠪᠠᠨ‌ᠡᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦ᠋ᠩᠨᠡᠨ ᠰᠠᠶᠢᠰᠢᠶᠠᠬᠤ᠂ ᠢᠷᠠᠭᠤ ᠠᠯᠳᠠᠷ ᠤᠨ ᠱᠠᠩᠨᠠᠯ ᠪᠣᠯᠤᠨ ᠵᠠᠬᠢᠳᠠᠯ ᠰᠤᠷᠪᠤᠯᠵᠢᠯᠠᠯ ᠤᠨ ᠠᠵᠢᠯ ᠢ ᠡᠭᠦᠷᠭᠡᠯᠡᠵᠦ᠂ ᠴᠡᠷᠢᠭ ᠤᠨ  ᠠᠯᠪᠠᠨ ᠠᠴᠠ ᠪᠠᠭᠤᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠴᠡᠷᠢᠭ ᠤᠨ  ᠠᠯᠪᠠᠨ ᠠᠴᠠ ᠪᠠᠭᠤᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠴᠡᠷᠢᠭ ᠤᠨ  ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠤᠨ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠬᠦ ᠬᠡᠷᠡᠭᠲᠡᠢ᠃ ᠪᠦᠬᠦ ᠬᠤᠰᠢᠭᠤᠨ ᠤ ᠡᠵᠡᠨ ᠮᠡᠳᠡᠵᠦ ᠠᠵᠢᠯ ᠰᠣᠩᠭᠤᠨ ᠴᠡᠷᠢᠭ ᠠᠴᠠ  ᠠᠵᠢᠯ ᠰᠢᠯᠵᠢᠭᠰᠡᠨ ᠺᠠᠳ᠋ᠷ᠂ ᠴᠡᠷᠢᠭ ᠠᠴᠠ  ᠬᠠᠯᠠᠭᠳᠠᠭᠰᠠᠨ ᠺᠠᠳ᠋ᠷ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ  ᠬᠠᠯᠠᠭᠳᠠᠭᠰᠠᠨ ᠪᠠᠶᠢᠯᠳᠤᠭᠴᠢ ᠶᠢᠨ ᠠᠵᠢᠯ ᠣᠯᠵᠤ ᠦᠢᠯᠡᠰ ᠪᠣᠰᠬᠠᠬᠤ  ᠤᠨ ᠲᠥᠯᠥᠪᠯᠡᠭᠡ ᠶᠢ ᠲᠤᠭᠤᠷᠪᠢᠵᠤ᠂ ᠠᠵᠢᠯ ᠣᠯᠭᠤᠯᠲᠠ ᠦᠢᠯᠡᠰ ᠪᠣᠰᠬᠠᠬᠤ ᠶᠢ ᠠᠬᠢᠭᠤᠯᠬᠤ ᠪᠠ ᠬᠥᠮᠦᠵᠢᠯ ᠪᠣᠯᠪᠠᠰᠤᠷᠠᠯ ᠬᠦᠷᠲᠡᠭᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠢ ᠵᠠᠭᠤᠴᠢ ᠦᠢᠯᠡᠴᠢᠯᠡᠭᠡᠨ ᠤ ᠠᠵᠢᠯ ᠢ ᠵᠢᠯᠣᠭᠤᠳᠤᠨ ᠥᠷᠨᠢᠭᠦᠯᠵᠦ᠂ ᠴᠡᠷᠢᠭ ᠠᠴᠠ  ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢ ᠪᠠᠲᠤᠯᠠᠬᠤ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠬᠠᠷᠢᠯᠴᠠᠬᠤ ᠤᠲᠠᠰᠤ᠄ 0474—5216760    ( ᠭᠤᠷᠪᠠ ) ᠡᠳ᠋ ᠤᠨ ᠶᠠᠪᠤᠳᠠᠯ ᠤᠨ ᠲᠠᠰᠤᠭ᠃   ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠪᠣᠯᠤᠨ ᠴᠡᠷᠢᠭ ᠤᠨ  ᠠᠯᠪᠠᠨ ᠠᠴᠠ ᠪᠠᠭᠤᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠴᠡᠷᠢᠭ ᠤᠨ  ᠠᠯᠪᠠᠨ ᠠᠴᠠ ᠪᠠᠭᠤᠭᠰᠠᠳ ᠤᠨ ᠠᠵᠢᠯ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠪᠠᠶᠢᠭᠤᠯᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠬᠢᠨᠠᠨ ᠪᠣᠳᠣᠯᠲᠠ᠂ ᠲᠤᠭ᠎ᠠ ᠪᠦᠷᠢᠳᠬᠡᠯ ᠪᠣᠯᠤᠨ ᠴᠡᠷᠢᠭ ᠤᠨ  ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃     ( ᠳᠥᠷᠪᠡ ) ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠯᠪᠠᠨ ᠭᠡᠷ᠃    ᠬᠤᠰᠢᠭᠤ ᠲᠤᠰ ᠱᠠᠲᠤᠨ ᠤ ᠲᠥᠯᠥᠪᠯᠡᠭᠡ ᠳᠤ ᠬᠤᠪᠢᠶᠠᠷᠢᠯᠠᠭᠰᠠᠨ ᠴᠡᠷᠢᠭ ᠠᠩᠭᠢ ᠠᠴᠠ ᠠᠵᠢᠯ ᠰᠢᠯᠵᠢᠭᠰᠡᠨ ᠺᠠᠳ᠋ᠷ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ  ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠣᠨ ᠬᠤᠭᠤᠴᠠᠭ᠎ᠠ ᠪᠠᠷ ᠲᠥᠪᠬᠢᠨᠡᠭᠦᠯᠬᠦ᠂ ᠠᠵᠢᠯ ᠤᠨ ᠪᠠᠶᠢᠷᠢ ᠳᠤ  ᠭᠠᠷᠬᠤ ᠠᠴᠠ ᠡᠮᠦᠨᠡᠬᠢ ᠪᠣᠯᠪᠠᠰᠣᠷᠠᠭᠤᠯᠤᠯ ᠵᠡᠷᠭᠡ ᠡᠭᠦᠷᠭᠡ ᠶᠢ ᠡᠭᠦᠷᠭᠡᠯᠡᠵᠦ᠂ ᠣᠨ ᠤ ᠠᠵᠢᠯ ᠤᠨ ᠡᠭᠦᠷᠭᠡ ᠪᠠᠨ ᠪᠡᠶᠡᠯᠡᠭᠦᠯᠦᠨ᠎ᠡ᠃ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠪᠠᠭᠤᠭᠰᠠᠨ ᠺᠠᠳ᠋ᠷ᠂ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠨ ᠪᠠᠭᠤᠭᠰᠠᠨ ᠴᠡᠷᠢᠭ ᠬᠥᠮᠦᠨ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠬᠥᠮᠦᠨ ᠪᠠ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤ ᠲᠤᠰ ᠱᠠᠲᠤᠨ ᠤ ᠴᠡᠷᠢᠭ ᠤᠨ ᠠᠮᠠᠷᠠᠯᠲᠠ ᠶᠢᠨ ᠳᠠᠭᠠᠳᠬᠠᠯ ᠤᠨ ᠨᠢᠭᠡᠴᠡ ᠶᠢ ᠬᠠᠮᠢᠶᠠᠷᠴᠤ᠂ ᠣᠷᠣᠨ ᠨᠤᠲᠤᠭ ᠤᠨ ᠴᠡᠷᠢᠭ ᠤᠨ ᠠᠮᠠᠷᠠᠯᠲᠠ ᠶᠢᠨ ᠪᠠᠲᠤᠯᠠᠪᠤᠷᠢ ᠶᠢᠨ ᠠᠵᠢᠯ ᠢ ᠵᠢᠯᠣᠭᠤᠳᠤᠨ᠎ᠠ᠃ ᠬᠠᠷᠢᠯᠴᠠᠬᠤ ᠤᠲᠠᠰᠤ᠄ 0474—5216703     ( ᠲᠠᠪᠤ ) ᠬᠠᠷᠠᠭᠠᠯᠵᠠᠯ ᠦᠵᠡᠭᠦᠯᠬᠦ ᠬᠠᠮᠢᠶᠠᠷᠤᠯᠲᠠ ᠶᠢᠨ ᠠᠯᠪᠠᠨ ᠭᠡᠷ᠃     ᠪᠦᠬᠦ ᠬᠤᠰᠢᠭᠤᠨ ᠤ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠠᠰᠠᠷᠠᠮᠵᠢ ᠣᠯᠭᠤᠬᠤ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠤᠨ᠎ᠠ ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠢ ᠪᠣᠯᠤᠭᠰᠠᠨ ᠰᠢᠷᠬᠠᠲᠠᠢ ᠡᠪᠡᠳᠴᠢᠲᠡᠢ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠡᠮ ᠡᠮᠨᠡᠯᠭᠡ᠂ ᠰᠤᠪᠢᠯᠠᠯᠲᠠ᠂ ᠨᠠᠰᠤᠵᠢᠯ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠦᠬᠦᠢ ᠪᠠᠶᠢᠭᠤᠯᠤᠮᠵᠢ ᠵᠢᠴᠢ ᠴᠡᠷᠢᠭ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠭᠤᠯᠤᠮᠵᠢ ᠶᠢ ᠵᠢᠯᠣᠭᠤᠳᠴᠤ  ᠪᠠᠶᠢᠭᠠᠳ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠨᠡᠶ᠋ᠢᠳᠡᠪᠦᠷᠢᠵᠢᠭᠤᠯᠥᠨ᠎ᠠ᠃ ᠴᠡᠷᠢᠭ ᠢ ᠳᠠᠭᠠᠵᠤ ᠶᠠᠪᠤᠭ᠎ᠠ ᠭᠡᠷ ᠪᠦᠯᠢ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠷᠡᠭᠳᠡᠭᠰᠡᠨ ᠪᠠᠭᠠᠲᠤᠷᠴᠤᠳ ᠢ ᠪᠠᠲᠤᠯᠠᠨ ᠰᠠᠶᠢᠰᠢᠶᠠᠬᠤ᠂ ᠳᠤᠷᠠᠰᠬᠠᠯ ᠤᠨ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠪᠠ ᠦᠷᠡᠭᠳᠡᠭᠰᠡᠨ ᠪᠠᠭᠠᠲᠤᠷᠴᠤᠳ ᠤᠨ  ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠬᠠᠷᠢᠯᠴᠠᠬᠤ ᠤᠲᠠᠰᠤ᠄ 0474—5216707ᠢᠷᠡᠯᠳᠡ᠄ ᠲᠦᠷᠪᠡᠳ ᠬᠤᠰᠢᠭᠤ ᠵᠠᠰᠠᠭ ᠤᠨ ᠤᠷᠳᠤᠨ ᠤ ᠬᠢᠳᠠᠳ ᠰᠦᠯᠵᠢᠶ᠎ᠡᠳᠡᠪᠰᠢᠭᠦᠯᠦᠭᠴᠢ᠄ ᠬᠠᠶᠢᠷ᠎ᠠ
 
ᠢᠷᠡᠯᠲᠡ᠄ ᠲᠦᠷᠪᠡᠳ ᠬᠤᠰᠢᠭᠤ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2