ᠲᠦᠷᠪᠡᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠ︶ | ᠵᠠᠰᠠᠭ ᠤᠨ ᠤᠷᠳᠤᠨ ᠤ ᠠᠵᠢᠯ ᠤᠨ ᠢᠯᠡᠳᠬᠡᠯ | — 2021 ᠤᠨ ᠤ 3 ᠰᠠᠷ᠎ᠠ ᠶᠢᠨ 10 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ | ᠲᠡᠬᠡᠷ᠎ᠡ | ᠵᠤᠤ ᠯᠢ ᠭᠥᠸᠧ | | ᠡᠯ᠎ᠡ ᠲᠦᠯᠦᠬᠡᠯᠡᠭᠴᠢᠳ ᠡ᠄ | ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ | ᠮᠡᠳᠡᠬᠦᠯᠦᠯᠳᠠ ᠬᠢᠶ᠎ᠡ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ | ᠡᠯ᠎ᠡ ᠬᠡᠰᠢᠬᠦᠨ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠲᠡᠪᠰᠢᠬᠦᠯᠬᠦ ᠪᠤᠯᠪᠠᠤ᠃ | ᠨᠢᠬᠡ᠂ 2020 ᠤᠨ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ | ᠬᠤᠭᠤᠴᠠᠭᠠᠨ ᠳᠠᠬᠢ ᠠᠵᠢᠯ ᠤᠨ ᠡᠷᠬᠢᠴᠡᠬᠦᠯᠦᠯ | 2020 ᠤᠨ ᠪᠤᠯ ᠮᠠᠨ ᠤ ᠬᠤᠰᠢᠭᠤᠨ ᠤ ᠭᠦᠭᠵᠢᠯᠳᠠ ᠶᠢᠨ ᠲᠡᠤᠬᠡᠨ ᠳᠠᠬᠢ ᠲᠤᠶᠢᠯ ᠤᠨ ᠶᠡᠷᠦ ᠪᠤᠰᠦ ᠨᠢᠬᠡ | ᠵᠢᠯ ᠪᠠᠶᠢᠵᠦ᠂ ᠮᠦᠨ ᠴᠦ ᠪᠦᠬᠦ ᠬᠤᠰᠢᠭᠤᠨ ᠤ ᠦᠷᠬᠡᠨ ᠤᠯᠠᠨ ᠺᠠᠳ᠋ᠷ ᠲᠦᠮᠡᠨ ᠪᠦᠯᠬᠦᠮᠳᠠᠨ ᠲᠡᠮᠡᠴᠡᠵᠦ᠂ | ᠡᠷᠡᠮᠡᠬᠡᠶᠢᠯᠡᠨ ᠤᠷᠤᠭᠰᠢᠯᠠᠭᠰᠠᠨ ᠨᠢᠬᠡ ᠵᠢᠯ ᠪᠤᠯᠤᠨ᠎ᠠ᠃ ᠭᠡᠨᠡᠳᠳᠠ ᠲᠤᠯᠭᠠᠷᠠᠵᠦ ᠢᠷᠡᠭᠰᠡᠨ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠤᠳᠠ ᠶᠢᠨ ᠨᠠᠮ ᠬᠤᠷᠢᠶ᠎ᠠ ᠪᠤᠯᠤᠨ ᠬᠤᠰᠢᠭᠤ | ᠵᠠᠰᠠᠭ ᠤᠨ ᠤᠷᠳᠤᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠬᠠᠷᠠᠯᠳᠠ ᠡᠬᠦᠷᠬᠡ ᠶᠢᠨ ᠲᠤᠭᠤᠷᠢᠨ ᠳᠤ᠂ ᠪᠦᠬᠦ ᠬᠤᠰᠢᠭᠤᠨ ᠤ ᠦᠷᠬᠡᠨ ᠺᠠᠳ᠋ᠷ ᠲᠦᠮᠡᠨ ᠢ | ᠪᠦᠯᠬᠦᠮᠳᠠᠬᠦᠯᠦᠨ ᠲᠠᠶᠢᠴᠢᠯᠠᠵᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠪᠤᠳᠠᠳᠠᠢ ᠦᠷᠨᠢᠬᠦᠯᠦᠨ᠂ ︽ | ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠬᠡᠶᠢᠯᠡᠬᠦ ᠪᠠ ᠠᠵᠦ ᠠᠬᠤᠢ ᠨᠡᠶᠢᠬᠡᠮ ᠢ ᠬᠦᠭᠵᠢᠬᠦᠯᠬᠦ ᠲᠠᠯ᠎ᠠ ᠪᠠᠷ ᠬᠤᠤᠰ ᠠᠮᠵᠢᠯᠳᠠ ᠤᠯᠵᠦ | ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠡᠷᠡᠰ ᠪᠠᠳᠦ ᠰᠠᠭᠤᠷᠢ ᠲᠠᠯᠪᠢᠪᠠ᠃ ᠪᠦᠬᠦ | ᠵᠢᠯ ᠳᠤ ᠭᠠᠵᠠᠷ ᠤᠷᠤᠨ ᠤ ᠤᠶᠢᠯᠡᠳᠪᠦᠷᠢᠯᠡᠯ ᠤᠨ ᠪᠦᠬᠦ ᠦᠷᠳᠡᠭ 60.25 ᠳ᠋ᠦᠩᠰᠢᠭᠤᠷ ᠲᠦᠬᠦᠷᠢᠭ ᠢ | ᠪᠠᠶᠠᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 2.3% ᠦᠰᠪᠡ︔ ᠡᠩ ᠤᠨ ᠤᠯᠠᠨ ᠨᠠᠶᠢᠳᠠ ᠶᠢᠨ ᠲᠦᠰᠦᠪ | ᠤᠨ ᠤᠷᠤᠯᠭ᠎ᠠ 1.49 ᠳ᠋ᠦᠩᠰᠢᠭᠤᠷ ᠲᠦᠬᠦᠷᠢᠭ ᠢ ᠪᠠᠶᠠᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 24.2% | ᠦᠰᠪᠡ︔ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 4% ᠦᠰᠪᠡ | ︔ ᠬᠡᠪᠴᠢᠶᠠᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ | ᠠᠴᠠ 5.5% ᠦᠰᠪᠡ︔ ᠨᠡᠶᠢᠬᠡᠮ ᠤᠨ ᠬᠡᠷᠡᠭᠯᠡᠬᠡᠨ ᠤ ᠵᠤᠶᠢᠯᠡᠰ ᠢ ᠵᠢᠵᠢᠭᠯᠡᠨ ᠬᠤᠳᠠᠯᠳᠤᠬᠤ ᠶᠡᠷᠦᠩᠭᠡᠢ ᠦᠷᠳᠡᠭ | 16.82 ᠳ᠋ᠦᠩᠰᠢᠭᠤᠷ ᠲᠦᠬᠦᠷᠢᠭ ᠢ ᠪᠠᠶᠠᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 6.2% ᠪᠠᠭᠤᠷᠠᠪᠠ︔ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ | ᠲᠤᠰᠪᠤᠷᠢ 31525 ᠲᠦᠬᠦᠷᠢᠭ᠂ 13155 ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | ᠲᠤᠰᠪᠤᠷᠢ 2.3%᠂ 8.8% ᠦᠰᠪᠡ᠃ ᠭᠠᠳᠠᠭᠠᠳᠦ ᠠᠷᠠᠯᠵᠢᠶᠠᠨ ᠤ ᠭᠠᠷᠭᠠᠯᠳᠠ ᠶᠢᠨ ᠶᠡᠷᠦᠩᠭᠡᠢ ᠦᠷᠳᠡᠭ | 615 ᠲᠦᠮᠡᠨ ᠳ᠋ᠤᠯᠯᠠᠷ ᠲᠤ ᠬᠦᠷᠪᠡ᠃ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠪᠦᠳᠦᠴᠡ | ᠶᠢ 26.4᠄ 32.2᠄ 41.4 ᠪᠠᠶᠢᠭᠰᠠᠨ ᠠᠴᠠ 29.8᠄ 31.7᠄ 38.5 ᠪᠤᠯᠭᠠᠨ ᠲᠤᠬᠢᠷᠠᠭᠤᠯᠵᠦ᠂ ᠠᠵᠦ | ᠦᠢᠯᠡᠰ ᠤᠨ ᠪᠦᠳᠦᠴᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠪᠡ᠃ | ᠵᠢᠯ ᠲᠤᠷᠰᠢ᠂ ᠪᠢᠳᠠ ᠠᠮᠢ ᠨᠠᠰᠦ ᠡᠷᠬᠢᠮ ᠲᠡᠬᠡᠳᠦ ᠪᠠᠶᠢᠳᠠᠭ ᠢ ᠤᠶᠢᠯᠠᠳᠦᠯᠬᠡᠵᠢᠬᠦᠯᠵᠦ᠂ ᠬᠢᠵᠢᠭ ᠤᠨ ᠪᠠᠶᠢᠳᠠᠯ | ᠢ ᠰᠡᠷᠬᠡᠶᠢᠯᠡᠨ ᠡᠵᠡᠮᠳᠡᠬᠦ ᠠᠵᠢᠯ ᠢᠯᠡᠳᠳᠡ ᠠᠮᠵᠢᠯᠳᠠ ᠤᠯᠪᠠ᠃ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠤ ᠲᠠᠷᠠᠭ᠎ᠠ᠂ ︽ᠤᠯᠠᠨ | ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠨᠡᠳᠳᠡ ᠡᠬᠦᠰᠦᠭᠰᠡᠨ ᠬᠦᠨᠳᠦ ᠴᠢᠬᠤᠯᠠ ᠬᠡᠷᠡᠭ ᠶᠠᠪᠤᠳᠠᠯ ᠳᠤ ᠨᠢᠬᠡᠳᠦᠬᠡᠷ | ᠲᠠᠰ ᠤᠨ ᠲᠤᠰᠬᠠᠯ ᠦᠭᠬᠦ︾ ᠠᠵᠢᠯᠯᠠᠭ᠎ᠠ ᠶᠢ ᠴᠠᠭ ᠲᠤᠬᠠᠢ ᠳᠤᠨᠢ ᠡᠬᠢᠯᠡᠬᠦᠯᠵᠦ᠂ ᠬᠠᠷᠢᠶ᠎ᠠ ᠭᠠᠵᠠᠷ ᠤᠨ | ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠠᠨ ᠰᠠᠯᠠᠭ᠎ᠠ ᠮᠦᠴᠢᠷ ᠤᠳ | ᠬᠠᠷᠢᠯᠴᠠᠨ ᠬᠤᠯᠪᠤᠭᠠᠯᠠᠨ ᠰᠡᠷᠬᠡᠶᠢᠯᠡᠬᠦ ᠲᠤᠭᠳᠠᠴᠠ ᠶᠢ ᠪᠠᠶᠢᠭᠤᠯᠵᠦ᠂ ᠠᠵᠢᠯᠳᠠᠳ ᠠᠴᠠ ᠮᠦᠷᠳᠡᠨ ᠪᠠᠶᠢᠴᠠᠭᠠᠬᠤ᠂ | ᠲᠤᠰᠠᠭᠠᠷᠯᠠᠨ ᠡᠵᠡᠮᠳᠡᠬᠦ᠂ ᠡᠳ᠋ ᠪᠤᠳᠠᠰ ᠲᠤᠬᠢᠷᠠᠭᠤᠯᠬᠤ ᠵᠡᠷᠬᠡ ᠠᠵᠢᠯ ᠢ ᠪᠦᠬᠦ ᠬᠦᠴᠦᠨ ᠢᠶᠠᠷ ᠠᠬᠢᠭᠤᠯᠵᠦ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠭᠳᠠᠭᠰᠠᠨ 1 ᠡᠪᠡᠳᠴᠢᠳᠡᠨ ᠢ ᠵᠠᠰᠠᠨ ᠡᠳᠡᠬᠡᠵᠦ᠂ ᠲᠡᠯᠬᠡᠷᠡᠨ | ᠲᠠᠷᠬᠠᠬᠤ ᠪᠠᠶᠢᠳᠠᠯ ᠢᠯᠡᠷᠡᠭᠰᠡᠨ ᠦᠭᠡᠢ᠃ ᠰᠡᠷᠬᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ | ᠪᠦᠬᠡᠮ ᠬᠦᠴᠢᠯ ᠤᠨ ᠪᠠᠶᠢᠴᠠᠭᠠᠯᠳᠠ ᠶᠢᠨ ᠲᠤᠷᠰᠢᠯᠳᠠ ᠶᠢᠨ ᠲᠠᠰᠤᠭ ᠪᠠ ᠬᠠᠯᠠᠭᠤᠷᠠᠬᠤ ᠶᠢ ᠤᠨᠤᠰᠢᠯᠠᠬᠤ ᠡᠬᠦᠳᠡᠨ | ᠡᠮᠨᠡᠯᠬᠡ ᠲᠦᠬᠦᠷᠵᠢᠬᠦᠯᠦᠨ ᠪᠠᠶᠢᠭᠤᠯᠵᠦ᠂ ᠰᠦᠬᠡᠷᠬᠦ ᠲᠠᠷᠤᠯᠳᠠᠯᠳᠦ ᠲᠦᠷᠬᠡᠨ ᠠᠪᠤᠷᠠᠯᠳᠠ ᠶᠢᠨ ᠲᠡᠷᠬᠡ | ᠲᠤᠬᠢᠷᠠᠭᠤᠯᠪᠠ᠃ ᠠᠵᠦ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠲᠦᠷᠦ ᠶᠢᠨ | ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ᠬᠡᠪᠴᠢᠶᠠᠵᠢᠯ ᠠᠴᠠ ᠲᠡᠬᠡᠭᠰᠢᠬᠢ ᠠᠵᠦ ᠤᠶᠢᠯᠡᠳᠪᠦᠷᠢ ᠠᠵᠦ | ᠠᠬᠤᠶᠢᠯᠡᠯ ᠢ ᠪᠦᠬᠦᠨ ᠢ ᠠᠵᠢᠯ ᠰᠡᠷᠬᠦᠬᠡᠨ᠂ ᠠᠵᠦ ᠠᠬᠤᠶᠢᠯᠠᠯ ᠤᠨ 445.4 ᠲᠦᠮᠡᠨ ᠲᠦᠬᠦᠷᠢᠭ ᠤᠨ ᠨᠡᠶᠢᠬᠡᠮ | ᠤᠨ ᠲᠠᠭᠠᠳᠬᠠᠯ ᠢ ᠨᠢ ᠪᠤᠴᠠᠭᠠᠵᠦ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠪᠦᠷᠢᠳᠬᠡᠯ ᠤᠨ ᠨᠤᠷᠮ᠎ᠠ ᠶᠢ | 3.99% ᠲᠤᠳᠤᠷ᠎ᠠ ᠬᠢᠵᠠᠭᠠᠷᠯᠠᠪᠠ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠬᠡᠶᠢᠯᠡᠬᠦ ᠠᠷᠭ᠎ᠠ ᠬᠡᠮᠵᠢᠶ᠎ᠠ | ᠶᠢ ᠴᠢᠩᠭ᠎ᠠ ᠨᠠᠶᠢᠳᠠᠪᠤᠷᠢᠵᠢᠭᠤᠯᠵᠦ᠂ ᠭᠤᠤᠯᠳᠠᠯᠭᠠᠳᠦ ᠬᠦᠮᠦᠰ ᠲᠤ ᠰᠦᠢᠳᠬᠡᠯ ᠬᠤᠷᠢᠶᠠᠬᠤ ᠦᠭᠡᠢ ᠪᠠᠷ 7300 | ᠬᠤᠪᠢ ᠸᠠᠺᠼᠢᠨ ᠲᠠᠷᠢᠵᠦ᠂ ᠲᠦᠮᠡ ᠢᠯᠡᠬᠦᠦ ᠬᠤᠪᠢ ᠪᠦᠬᠡᠮ ᠬᠦᠴᠢᠯ ᠤᠨ ᠪᠠᠶᠢᠴᠠᠭᠠᠯᠳᠠ ᠬᠢᠪᠠ᠃ | ᠵᠢᠯ ᠲᠤᠷᠰᠢ᠂ ᠪᠢᠳᠠ ᠵᠦᠪ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ ᠳᠤ ᠲᠦᠪᠯᠡᠷᠡᠬᠦᠯᠦᠨ᠂ | ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠰᠢᠢᠳᠪᠦᠷᠢᠳᠦ ᠴᠢᠨᠠᠷᠳᠠᠢ ᠠᠮᠵᠢᠯᠳᠠ ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠪᠦᠬᠦ ᠲᠠᠯ᠎ᠠ ᠶᠢᠨ ᠢᠯᠠᠯᠳᠠ ᠤᠯᠪᠠ᠃ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠪᠠᠷ ᠠᠵᠦ ᠠᠬᠤᠢ ᠨᠡᠶᠢᠬᠡᠮ ᠤᠨ ᠬᠦᠭᠵᠢᠯᠳᠠ ᠶᠢᠨ ᠪᠦᠬᠦ ᠲᠠᠯ᠎ᠠ | ᠶᠢ ᠨᠢᠬᠡᠳᠦᠯᠵᠢᠬᠦᠯᠦᠨ ᠬᠠᠮᠤᠷᠬᠤ ᠶᠢ ᠪᠠᠷᠢᠮᠳᠠᠯᠠᠨ᠂ ᠲᠤᠳᠠᠭᠤᠳᠠᠯ ᠲᠠᠯ᠎ᠠ ᠪᠠᠭᠤᠷᠠᠢ ᠭᠤᠭᠴᠤᠭ᠎ᠠ ᠳᠤ ᠲᠦᠪᠯᠡᠷᠡᠬᠦᠯᠦᠨ | ᠨᠢᠬᠡᠳᠦᠯᠳᠠᠢ ᠪᠠᠷ ᠪᠤᠭᠤᠮᠳᠠ ᠰᠢᠪᠳᠤᠯᠵᠦ᠂ ᠪᠦᠬᠦ ᠵᠢᠯ ᠳᠤ 3.16 ᠳ᠋ᠦᠩᠰᠢᠭᠤᠷ ᠲᠦᠮᠡᠨ ᠲᠦᠬᠦᠷᠢᠭ ᠤᠨ ᠪᠠᠯᠠ | ᠤᠷᠤᠭᠤᠯᠵᠦ᠂ 125 ᠶᠠᠳᠠᠭᠤ ᠶᠢ ᠲᠡᠳᠬᠦᠬᠦ ᠲᠦᠷᠦᠯ ᠵᠤᠶᠢᠯ ᠬᠡᠷᠡᠭᠵᠢᠬᠦᠯᠦᠨ᠂ ᠪᠠᠯᠠ ᠮᠦᠩᠭᠦᠨ ᠤ ᠲᠦᠷᠦᠯ | ᠵᠤᠶᠢᠯ ᠤᠨ ᠦᠷ᠎ᠡ ᠪᠦᠳᠦᠮᠵᠢ ᠶᠢᠨ ᠦᠨᠡᠯᠡᠯᠳᠠ ᠨᠢ ᠪᠦᠬᠦ ᠤᠷᠤᠨ ᠤ ᠰᠢᠯᠢᠳᠡᠭ ᠲᠡᠰ ᠲᠤ ᠤᠷᠤᠪᠠ᠃ ᠫᠠᠶᠢᠰᠠ | ᠡᠯᠬᠦᠨ ᠱᠠᠯᠠᠪᠳᠠᠭᠤᠯᠤᠨ ᠪᠠᠶᠢᠴᠠᠭᠠᠬᠤ ᠠᠷᠭ᠎ᠠ ᠬᠡᠮᠵᠢᠶ᠎ᠠ ᠶᠢ ᠬᠡᠷᠡᠭᠵᠢᠬᠦᠯᠵᠦ᠂ ᠦᠯᠡᠳᠡᠭᠰᠡᠨ 53 ᠡᠷᠦᠬᠡ ᠶᠢᠨ | 121 ᠶᠠᠳᠠᠭᠤ ᠠᠴᠠ ᠠᠩᠭᠢᠵᠢᠷᠠᠳᠤᠢ ᠬᠦᠮᠦᠨ ᠠᠮᠠ ᠪᠤᠯᠤᠨ 750 ᠡᠷᠦᠬᠡ ᠶᠢᠨ 1464 ᠶᠠᠳᠠᠭᠤᠷᠠᠮᠠᠷ ᠪᠠᠶᠢᠭ᠎ᠠ | ᠬᠦᠴᠢᠷᠳᠠᠯᠳᠠᠢ ᠬᠦᠮᠦᠨ ᠠᠮᠠ ᠶᠢ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠨᠢ ᠠᠩᠭᠢᠵᠢᠷᠠᠭᠤᠯᠤᠨ | ᠲᠦᠭᠰᠢᠬᠦᠷᠢ ᠶᠢ ᠠᠷᠢᠯᠭᠠᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠰᠢᠪᠳᠤᠷᠭᠠ ᠶᠢᠨ | ᠲᠠᠶᠢᠯᠠᠯᠳᠤᠭᠠᠨ ᠤ ᠡᠯ᠎ᠡ ᠬᠠᠷᠠᠯᠳᠠ ᠡᠬᠦᠷᠬᠡ ᠶᠢ ᠦᠨᠳᠦᠷ ᠪᠠᠷᠢᠮᠵᠢᠶ᠎ᠠ ᠲᠠᠢ ᠪᠠᠶᠠᠯᠡᠬᠦᠯᠪᠠ᠃ ᠰᠢᠯᠢᠳᠡᠭ ᠬᠢᠷᠢ | ᠪᠦᠳᠦᠮᠵᠢ ᠪᠠᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠨᠠᠶᠢᠳᠠᠮ ᠪᠠᠶᠢᠴᠠᠭᠠᠬᠤ | ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠳᠦᠮᠵᠢ ᠶᠢ ᠭᠤᠷᠪᠠᠳᠠᠭᠴᠢ ᠡᠳᠡᠬᠡᠳ ᠠᠴᠠ ᠰᠢᠯᠭᠠᠨ ᠦᠨᠡᠯᠡᠬᠦ ᠪᠠ | ᠬᠢᠨᠠᠨ ᠪᠤᠳᠤᠯᠳᠠ ᠶᠢᠨ ᠵᠠᠬᠢᠷᠭᠠᠨ ᠤ ᠲᠠᠢ ᠶᠤᠸᠠᠨ ᠤ ᠤᠨᠴᠠ ᠲᠤᠮᠢᠯᠠᠭᠰᠠᠨ ᠠᠩᠭᠢ ᠶᠢᠨ ᠬᠢᠨᠠᠨ ᠪᠤᠳᠤᠯᠳᠠ ᠶᠢᠨ | ᠱᠠᠯᠠᠪᠳᠠᠭᠤᠯᠤᠨ ᠪᠠᠶᠢᠴᠠᠭᠠᠬᠤ ᠶᠢ ᠤᠷᠤᠭᠰᠢᠳᠠᠢ ᠦᠩᠭᠡᠷᠡᠬᠦᠯᠪᠠ᠃ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ ᠬᠢᠨᠠᠨ | ᠪᠠᠶᠢᠴᠠᠭᠠᠯᠳᠠ ᠶᠢᠨ ᠲᠤᠭᠳᠠᠴᠠ ᠪᠠ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠢᠶᠠᠷᠤᠯᠳᠠ ᠶᠢ ᠪᠦᠷᠢᠨᠰᠢᠬᠦᠯᠦᠨ | ᠴᠢᠩᠭᠠᠳᠬᠠᠵᠦ᠂ ᠶᠠᠳᠠᠭᠤ ᠶᠢ ᠲᠡᠳᠬᠦᠬᠦ ᠺᠤᠮᠫᠠᠨᠢ ᠪᠠᠶᠢᠭᠤᠯᠤᠨ᠂ ᠶᠠᠳᠠᠭᠤ ᠶᠢ ᠲᠡᠳᠬᠦᠬᠦ ᠡᠳ᠋ ᠬᠦᠷᠦᠩᠭᠡ ᠶᠢ | ᠡᠷᠬᠢᠯᠳᠦᠬᠦᠯᠦᠨ ᠠᠰᠢᠭᠯᠠᠬᠤ ᠬᠠᠮᠢᠶᠠᠷᠤᠯᠳᠠ ᠶᠢ ᠨᠡᠩ ᠰᠢᠯᠤᠭᠤᠳᠬᠠᠨ᠂ ᠦᠷ᠎ᠡ ᠪᠦᠳᠦᠮᠵᠢ ᠶᠢ ᠨᠡᠩ ᠲᠤᠪᠤᠶᠢᠯᠭᠠᠪᠠ | ᠃ ᠪᠡᠬᠡᠵᠢᠩ ᠬᠤᠳᠠ ᠪᠤᠯᠤᠨ ᠰᠢᠨ ᠰᠢᠩ ᠵᠢᠢ ᠬᠤᠸᠠ ᠪᠦᠯᠦᠭᠯᠡᠯ ᠲᠤᠰᠪᠤᠷᠢ 5215.7 ᠲᠦᠮᠡᠨ ᠲᠦᠬᠦᠷᠢᠭ᠂ | 647.76 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠮᠠᠨ ᠤ ᠬᠤᠰᠢᠭᠤᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠰᠢᠢᠳᠪᠦᠷᠢᠳᠦ ᠢᠯᠡᠯᠳᠠ ᠳᠤ ᠲᠤᠪᠤᠶᠢᠮ᠎ᠡ ᠬᠤᠪᠢ ᠨᠡᠮᠡᠷᠢ | ᠦᠵᠡᠬᠦᠯᠪᠠ᠃ | ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢᠯᠡᠷᠬᠡᠢ ᠠᠮᠵᠢᠯᠳᠠ ᠤᠯᠪᠠ᠃ ᠶᠡᠷᠦᠩᠭᠡᠢ ᠱᠦᠵᠢ ᠰᠢ ᠶᠢᠨ ᠫᠢᠩ | ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ | ᠤᠯᠤᠰ ᠤᠨ ᠠᠮᠢ ᠠᠬᠤᠢ ᠶᠢᠨ ᠬᠤᠷᠢᠭ᠎ᠠ ᠱᠤᠭᠤᠮ ᠤᠨ ᠬᠠᠮᠢᠶᠠᠷᠤᠯᠳᠠ ᠶᠢᠨ ᠲᠦᠷᠢᠮ ᠪᠠ ᠭᠤᠤᠯ ᠴᠤᠭᠴᠠᠳᠦ | ᠴᠢᠳᠠᠮᠵᠢ ᠶᠢᠨ ᠤᠷᠤᠨ ᠤ ᠲᠦᠯᠦᠪᠵᠢᠬᠦᠯᠬᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠪ ᠪᠤᠯᠤᠨ ᠦᠪᠡᠷᠳᠡᠬᠡᠨ | ᠵᠠᠰᠬᠠᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠬᠢᠨ | ᠬᠠᠷᠠᠬᠤ︾ ᠵᠡᠷᠬᠡ ᠡᠯ᠎ᠡ ᠵᠤᠶᠢᠯ ᠤᠨ ᠬᠠᠯᠠᠨ ᠵᠠᠰᠠᠬᠤ ᠡᠬᠦᠷᠬᠡ ᠶᠢ ᠪᠦᠬᠦᠨ ᠢ ᠪᠠᠶᠠᠯᠡᠬᠦᠯᠦᠨ ᠲᠠᠭᠤᠰᠬᠠᠵᠦ᠂ | ᠠᠭᠤᠷᠬᠠᠢ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠨᠤᠳᠤᠭ ᠪᠡᠯᠴᠢᠬᠡᠷ ᠤᠨ ᠤᠷᠭᠤᠮᠠᠯ ᠤᠨ ᠬᠤᠴᠢᠯᠭ᠎ᠠ | ᠶᠢ ᠰᠡᠷᠬᠦᠬᠡᠬᠦ ᠵᠡᠷᠬᠡ ᠠᠵᠢᠯ ᠢᠯᠡᠷᠬᠡᠢ ᠠᠮᠵᠢᠯᠳᠠ ᠤᠯᠪᠠ᠃ ᠪᠦᠬᠦ ᠵᠢᠯ ᠤᠨ ᠠᠭᠠᠷ ᠮᠠᠨᠳᠠᠯ ᠤᠨ ᠴᠡᠪᠡᠷᠰᠢᠯ | ᠢᠯᠡᠳᠭᠡᠭᠴᠢ ᠲᠤᠭ᠎ᠠ ᠨᠢ 342 ᠡᠳᠦᠷ᠂ ᠴᠡᠪᠡᠷᠰᠢᠯ ᠨᠤᠷᠮ᠎ᠠ ᠨᠢ 95.8% ᠳᠤ ᠬᠦᠷᠴᠦ᠂ ᠪᠦᠬᠦ ᠬᠤᠳᠠ ᠳᠤ | ᠲᠡᠷᠢᠬᠦᠯᠡᠬᠦ ᠶᠢ ᠪᠠᠷᠢᠮᠳᠠᠯᠠᠪᠠ᠃ PM2.5 ᠶᠢᠨ ᠵᠢᠯ ᠤᠨ ᠲᠤᠮᠳᠠᠴᠢ ᠢᠯᠡᠳᠭᠡᠭᠴᠢ ᠲᠤᠭ᠎ᠠ ᠨᠢ 2019 ᠤᠨ ᠤ | ᠬᠢ ᠠᠴᠠ 21.48% ᠪᠠᠷ ᠪᠠᠭᠤᠷᠠᠪᠠ᠃ ᠪᠦᠬᠦ ᠵᠢᠯ ᠳᠤ ᠭᠤᠤᠯ ᠮᠦᠷᠡᠨ ᠢ 593 ᠤᠳᠠᠭ᠎ᠠ ᠲᠤᠭᠤᠷᠢᠨ | ᠪᠠᠶᠢᠴᠠᠭᠠᠵᠦ᠂ ᠲᠤᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠵᠦ ᠲᠦᠷᠢᠮᠵᠢᠬᠦᠯᠪᠠ᠃ ᠡᠯᠡᠰᠦᠨ ᠤ ᠡᠬᠢ ᠶᠢ | ᠵᠠᠰᠠᠬᠤ ᠢᠨᠵᠧᠨᠧᠷᠢᠩ ᠳᠤ ᠬᠦᠮᠦᠨ ᠤ ᠬᠦᠴᠦ ᠪᠠᠷ ᠤᠢ ᠰᠢᠭᠤᠢ ᠤᠶᠢᠵᠢᠭᠤᠯᠤᠭᠰᠠᠨ ᠨᠢ 1.5 ᠲᠦᠮᠡᠨ ᠮᠤ᠋᠂ | ᠠᠭᠤᠯᠠ ᠶᠢ ᠪᠢᠳᠠᠬᠦᠮᠵᠢᠯᠠᠨ ᠤᠢ ᠰᠢᠭᠤᠢ ᠤᠶᠢᠵᠢᠭᠤᠯᠤᠭᠰᠠᠨ ᠨᠢ 3.5 ᠲᠦᠮᠡᠨ ᠮᠤ᠋᠂ ᠠᠵᠦ ᠠᠬᠤᠢ ᠶᠢᠨ ᠤᠢ | ᠤᠶᠢᠵᠢᠭᠤᠯᠤᠭᠰᠠᠨ ᠨᠢ 4170 ᠮᠤ᠋ ᠪᠠᠶᠢᠵᠦ᠂ ᠠᠮᠢ ᠠᠬᠤᠢ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃ | ᠬᠦᠨᠳᠦ ᠶᠡᠭᠡ ᠲᠦᠭᠰᠢᠬᠦᠷᠢ ᠶᠢ ᠬᠦᠴᠦᠳᠠᠢ ᠮᠦᠷᠳᠡᠬᠡᠨ ᠪᠦᠳᠦᠮᠵᠢᠳᠠᠢ ᠠᠷᠢᠯᠭᠠᠪᠠ᠃ ᠮᠦᠩᠭᠦᠨ ᠬᠦᠢᠯᠬᠡᠬᠡᠨ ᠤ | ᠲᠦᠭᠰᠢᠬᠦᠷᠢ ᠶᠢ ᠢᠳᠠᠪᠬᠢᠳᠠᠢ ᠰᠡᠷᠬᠡᠶᠢᠯᠡᠨ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠬᠡᠨ ᠤ ᠲᠦᠭᠰᠢᠬᠦᠷᠢ | ᠶᠢ ᠰᠡᠷᠬᠡᠶᠢᠯᠡᠨ ᠠᠷᠢᠯᠭᠠᠬᠤ ᠲᠤᠭᠳᠠᠴᠠ ᠶᠢ ᠪᠦᠷᠢᠨᠰᠢᠬᠦᠯᠵᠦ᠂ 7.53 ᠳ᠋ᠦᠩᠰᠢᠭᠤᠷ ᠲᠦᠬᠦᠷᠢᠭ ᠤᠨ ᠦᠷᠢ | ᠦᠭᠴᠡᠭᠡ ᠶᠢ ᠰᠢᠢᠳᠪᠦᠷᠢᠯᠡᠨ᠂ ᠵᠢᠯ ᠤᠨ ᠡᠬᠦᠷᠬᠡ ᠶᠢᠨ 113% ᠶᠢ ᠪᠠᠶᠠᠯᠡᠬᠦᠯᠪᠠ᠃ ᠠᠷᠠᠳ ᠠᠴᠠ ᠡᠵᠡᠩᠨᠡᠭᠰᠡᠨ | ᠠᠵᠦ ᠠᠬᠤᠶᠢᠯᠠᠯ᠂ ᠲᠤᠮᠳᠠ ᠪᠠᠭ᠎ᠠ ᠠᠵᠦ ᠠᠬᠤᠶᠢᠯᠡᠯ ᠳᠤ ᠦᠷᠢᠳᠦᠭᠰᠡᠨ 1.07 ᠳ᠋ᠦᠩᠰᠢᠭᠤᠷ ᠲᠦᠬᠦᠷᠢᠭ ᠢ | ᠰᠢᠢᠳᠪᠦᠷᠢᠯᠡᠵᠦ᠂ ᠵᠢᠯ ᠤᠨ ᠬᠠᠷᠠᠯᠳᠠ ᠡᠬᠦᠷᠬᠡ ᠪᠠᠨ ᠲᠡᠬᠦᠰ ᠠᠮᠵᠢᠯᠳᠠ ᠲᠠᠢ ᠪᠠᠶᠠᠯᠡᠬᠦᠯᠦᠨ᠂ ᠦᠷᠢ ᠦᠭᠴᠡᠬᠡᠨ ᠤ | ᠲᠦᠭᠰᠢᠬᠦᠷᠢ ᠢᠯᠡᠳᠳᠡ ᠪᠠᠭᠤᠷᠠᠪᠠ᠃ ᠨᠡᠬᠦᠷᠡᠰᠦᠨ ᠤ ᠡᠬᠢ ᠪᠠᠶᠠᠯᠢᠭ ᠤᠨ ᠬᠦᠷᠢᠶᠠᠨ ᠳᠠᠬᠢ ᠬᠠᠤᠯᠢ ᠴᠠᠭᠠᠵᠠ | ᠲᠦᠷᠢᠮ ᠲᠤᠭᠳᠠᠭᠠᠯ ᠢ ᠵᠦᠷᠢᠴᠡᠭᠰᠡᠨ ᠠᠰᠠᠭᠤᠳᠠᠯ ᠢ ᠲᠤᠰᠬᠠᠶᠢᠯᠡᠨ ᠴᠡᠭᠴᠡᠯᠡᠨ ᠵᠠᠰᠠᠬᠤ ᠠᠵᠢᠯ ᠢᠯᠠᠳᠳᠠ | ᠠᠮᠵᠢᠯᠳᠠ ᠤᠯᠪᠠ᠃ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠰᠢᠰᠲ᠋ᠧᠮ ᠲᠠᠬᠢ ᠢᠯᠵᠢᠷᠡᠯ ᠤᠨ ᠠᠰᠠᠭᠤᠳᠠᠯ ᠢ | ᠲᠤᠰᠬᠠᠶᠢᠯᠠᠨ ᠵᠠᠰᠠᠬᠤ ᠠᠵᠢᠯ ᠢ ᠪᠤᠳᠠᠳᠠᠢ ᠲᠦᠯᠬᠢᠨ ᠠᠬᠢᠭᠤᠯᠵᠦ᠂ ᠠᠷᠠᠳ ᠤᠨ ᠬᠡᠷᠡᠭᠯᠡᠬᠡᠨ ᠤ ᠪᠠᠷᠢᠯᠭ᠎ᠠ ᠶᠢᠨ | 149 ᠲᠦᠷᠦᠯ ᠵᠤᠶᠢᠯ ᠢ ᠲᠠᠩᠰᠠᠨ ᠳᠤ ᠤᠷᠤᠭᠤᠯᠤᠨ ᠲᠤᠭᠠᠴᠠᠭ᠎ᠠ ᠬᠢᠵᠦ᠂ ᠠᠷᠠᠳ ᠤᠨ ᠠᠭᠠᠷ ᠤᠨ ᠰᠡᠷᠬᠡᠶᠢᠯᠡᠯᠳᠠ | ᠶᠢᠨ ᠪᠦᠳᠦᠬᠡᠨ ᠪᠠᠶᠢᠭᠤᠯᠤᠯᠳᠠ ᠶᠢᠨ 4859.6 ᠲᠦᠮᠡᠨ ᠲᠦᠬᠦᠷᠢᠭ ᠤᠨ ᠵᠠᠷᠤᠳᠠᠯ ᠢ ᠨᠡᠬᠡᠮᠵᠢᠯᠠᠨ ᠲᠤᠰᠢᠶᠠᠯᠭᠠᠪᠠ᠃ | ︽ᠠᠮᠤᠭᠤᠯᠠᠩ ᠲᠦᠷᠪᠡᠳ︾ ᠪᠠᠶᠢᠭᠤᠯᠤᠯᠳᠠ ᠶᠢ ᠪᠤᠳᠠᠳᠠᠢ ᠠᠬᠢᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠬᠦᠳᠡᠯᠬᠡᠬᠡᠨ ᠢ ᠲᠡᠬᠦᠰ ᠠᠮᠵᠢᠯᠳᠠ ᠲᠠᠢ ᠪᠡᠶᠠᠯᠡᠬᠦᠯᠪᠠ᠃ ᠠᠶᠤᠯᠬᠦᠢ | ᠦᠢᠯᠡᠳᠪᠦᠷᠢᠯᠡᠯ ᠤᠨ ᠬᠠᠨᠳᠤᠰᠢ ᠨᠢ ᠶᠡᠷᠦᠩᠭᠡᠢ ᠳᠡᠭᠡᠨ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃ | ᠵᠢᠯ ᠲᠤᠷᠰᠢ᠂ ᠪᠢᠳᠠ ᠲᠤᠳᠠᠭᠤᠳᠠᠯ ᠲᠠᠯ᠎ᠠ ᠪᠠᠭᠤᠷᠠᠢ ᠭᠤᠭᠴᠤᠭ᠎ᠠ ᠳᠤ ᠲᠦᠪᠯᠡᠷᠡᠬᠦᠯᠦᠨ᠂ ᠬᠤᠳᠠ ᠬᠦᠳᠡᠭᠡ | ᠶᠢᠨ ᠠᠭᠤᠰᠤᠯᠴᠠᠯ ᠬᠦᠭᠵᠢᠯᠳᠠ ᠰᠢᠨ᠎ᠡ ᠦᠷ᠎ᠡ ᠪᠦᠳᠦᠮᠵᠢ ᠶᠢ ᠤᠯᠪᠠ᠃ | ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠪᠠᠯᠠ ᠤᠷᠤᠭᠤᠯᠤᠯᠳᠠ ᠶᠢ ᠲᠠᠰᠤᠷᠠᠯᠳᠠ ᠦᠭᠡᠢ | ᠨᠡᠮᠡᠭᠳᠡᠬᠦᠯᠪᠠ᠃ 2.71 ᠳ᠋ᠦᠩᠰᠢᠭᠤᠷ ᠲᠦᠬᠦᠷᠢᠭ ᠤᠨ ᠪᠠᠯᠡ ᠤᠷᠤᠭᠤᠯᠵᠦ᠂ 6 ᠲᠦᠷᠦᠯ ᠤᠨ ᠬᠤᠳᠠ ᠶᠢᠨ | ᠶᠠᠪᠤᠳᠠᠯ ᠤᠨ ᠰᠠᠭᠤᠷᠢ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠪᠤᠯᠤᠨ 15 ᠵᠤᠶᠢᠯ ᠤᠨ ᠬᠡᠷ ᠪᠠᠶᠢᠰᠢᠩ ᠤᠨ | ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠬᠡᠷᠡᠭᠵᠢᠬᠦᠯᠵᠦ᠂ ᠤᠷᠤᠨ ᠰᠠᠭᠤᠴᠠ ᠶᠢᠨ ᠲᠠᠯᠠᠪᠠᠢ ᠶᠢ 13.5 | ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠦᠨ᠂ ᠬᠡᠬᠡᠨᠳᠡᠯᠡ ᠬᠤᠶᠢᠨ᠎ᠡ ᠵᠠᠮ᠂ ᠸᠠᠩ ᠤᠨ ᠤᠷᠳᠤᠨ | ᠵᠠᠮ᠂ ᠴᠢᠯᠦᠬᠡᠯᠡᠬᠦ ᠵᠡᠮ ᠵᠡᠷᠬᠡ 5 ᠵᠤᠷᠪᠤᠰ ᠬᠤᠳᠠ ᠪᠠᠯᠭᠠᠰᠤᠨ ᠤ ᠵᠠᠮ ᠵᠢᠴᠢ ᠲᠤᠤᠷ ᠬᠤᠭᠤᠯᠠᠢ ᠶᠢ ᠵᠠᠰᠠᠨ | ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠬᠠᠭᠤᠴᠢᠨ ᠬᠤᠳᠠ ᠲᠤᠭᠤᠷᠢᠭ ᠤᠨ 5 ᠵᠤᠷᠪᠤᠰ ᠤᠰᠦ ᠬᠠᠩᠭᠠᠬᠤ | ᠲᠤᠤᠷ ᠬᠤᠭᠤᠯᠠᠢ ᠶᠢ ᠵᠠᠰᠠᠨ ᠦᠬᠡᠷᠡᠴᠢᠯᠡᠬᠦ ᠢᠨᠵᠧᠨᠧᠷᠢᠩ᠂ ᠠᠷᠠᠳ ᠤᠨ ᠠᠮᠢᠳᠤᠷᠠᠯ ᠤᠨ ᠬᠤᠷᠢᠶᠠᠯᠠᠯ ᠤᠨ ᠦᠶᠠᠷ | ᠤᠰᠦ ᠶᠢ ᠭᠠᠳᠠᠭᠰᠢᠯᠠᠭᠤᠯᠬᠤ ᠢᠨᠵᠧᠨᠧᠷᠢᠩ᠂ ᠺᠠᠩ ᠯᠧ ᠭᠤᠷᠪᠠᠳᠤᠭᠠᠷ ᠬᠤᠭᠤᠴᠠᠭᠠᠨ ᠤ ᠬᠤᠷᠢᠶᠠᠯᠠᠯ ᠤᠨ | ᠴᠡᠪᠡᠷᠰᠢᠬᠦᠯᠦᠭᠰᠡᠨ ᠤᠰᠦᠨ ᠤ ᠲᠤᠤᠷ ᠬᠤᠭᠤᠯᠠᠢ ᠶᠢᠨ ᠢᠨᠵᠧᠨᠧᠷᠢᠩ ᠵᠡᠷᠬᠡ ᠨᠢᠬᠡ ᠪᠦᠯᠦᠭ ᠬᠤᠳᠠ ᠪᠠᠯᠭᠠᠰᠤᠨ ᠤ | ᠶᠠᠪᠤᠳᠠᠯ ᠤᠨ ᠲᠦᠷᠦᠯ ᠵᠤᠶᠢᠯ ᠢ ᠪᠠᠶᠠᠯᠡᠬᠦᠯᠦᠨ ᠲᠠᠭᠤᠰᠬᠠᠪᠠ᠃ 27 ᠬᠠᠭᠤᠴᠢᠨ ᠬᠤᠷᠢᠶᠠᠯᠠᠯ ᠢ ᠵᠠᠰᠠᠵᠦ᠂ | ᠠᠮᠢᠳᠤᠷᠠᠯ ᠤᠨ ᠬᠤᠭ ᠨᠤᠪᠰᠢ ᠶᠢ ᠵᠠᠳᠠᠷᠠᠭᠤᠯᠤᠨ ᠰᠢᠢᠳᠪᠦᠷᠢᠯᠡᠬᠦ ᠲᠦᠷᠦᠯ ᠵᠤᠶᠢᠯ ᠢ ᠡᠬᠢᠯᠡᠬᠦᠯᠦᠨ ᠪᠠᠶᠢᠭᠤᠯᠵᠦ᠂ | ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠦᠷᠬᠦᠯᠵᠢᠯᠡᠨ ᠲᠡᠭᠡᠭᠰᠢᠯᠡᠪᠡ᠃ ᠤᠯᠤᠰ ᠤᠨ ᠭᠠᠵᠠᠷ | ᠰᠢᠷᠤᠢ ᠶᠢᠨ ᠤᠷᠤᠨ ᠵᠠᠢ ᠶᠢᠨ ᠶᠡᠷᠦᠩᠭᠡᠢ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠤᠷᠤᠭᠰᠢᠳᠠᠢ | ᠶᠠᠪᠤᠭᠳᠠᠪᠠ᠃ ᠬᠡᠷ ᠬᠦᠷᠦᠩᠭᠡ ᠶᠢᠨ ᠬᠡᠪᠴᠢᠶᠠᠨ ᠳᠠᠬᠢ ᠦᠯᠡᠳᠡᠭᠳᠡᠯ ᠠᠰᠠᠭᠤᠳᠠᠯ ᠢ ᠲᠤᠰᠬᠠᠶᠢᠯᠠᠨ ᠴᠡᠭᠴᠡᠯᠡᠬᠦ ᠠᠵᠢᠯ | ᠢ ᠪᠤᠳᠠᠳᠠᠢ ᠶᠠᠪᠤᠭᠳᠠᠭᠤᠯᠵᠦ᠂ ᠬᠡᠷᠡᠴᠢ ᠭᠠᠷᠭᠠᠬᠤ ᠳᠤ ᠬᠦᠴᠢᠷ ᠪᠤᠯᠤᠨ ᠤᠷᠤᠵᠦ ᠰᠠᠭᠤᠬᠤ ᠳᠤ ᠬᠦᠴᠢᠷ | ᠠᠰᠠᠭᠤᠳᠠᠯ ᠪᠦᠳᠦᠮᠵᠢᠳᠠᠢ ᠰᠢᠢᠳᠪᠦᠷᠢᠯᠡᠭᠳᠡᠪᠡ᠃ ᠬᠤᠳᠠ ᠪᠠᠯᠭᠠᠰᠤᠨ ᠤ ᠬᠠᠮᠢᠶᠠᠷᠤᠯᠳᠠ ᠶᠢᠨ ᠬᠢᠷᠢ ᠲᠦᠪᠰᠢᠨ ᠢ | ᠲᠠᠰᠤᠷᠠᠯᠳᠠ ᠦᠭᠡᠢ ᠲᠡᠬᠡᠭᠰᠢᠯᠡᠬᠦᠯᠦᠨ᠂ ᠬᠤᠳᠠ ᠶᠢᠨ ᠲᠦᠷᠢ ᠲᠦᠷᠬᠦ ᠢᠯᠡᠳᠳᠠ ᠰᠠᠶᠢᠵᠢᠷᠠᠵᠦ᠂ ᠤᠶᠤᠨᠯᠢᠭ | ᠬᠤᠳᠠ ᠪᠠᠯᠭᠠᠰᠦ ᠶᠢ ᠪᠦᠳᠦᠬᠡᠨ ᠪᠠᠶᠢᠭᠤᠯᠬᠤ ᠠᠵᠢᠯ ᠡᠮᠬᠢ ᠲᠢᠭᠯᠢᠮ ᠲᠠᠢ ᠶᠠᠪᠤᠭᠳᠠᠪᠠ᠃ ᠪᠦᠳᠦᠬᠡᠨ ᠪᠠᠶᠢᠭᠤᠯᠤᠯᠳᠠ | ᠶᠢᠨ ᠲᠤᠭᠤᠷᠢᠭ ᠤᠨ ᠨᠤᠭᠤᠭᠠᠷᠠᠭᠤᠯᠤᠯᠳᠠ ᠶᠢᠨ ᠲᠠᠯᠠᠪᠠᠢ 480 ᠡᠾᠧᠺᠲ᠋ᠡᠷ ᠲᠤ ᠬᠦᠷᠴᠦ᠂ ᠬᠦᠮᠦᠨ ᠲᠤᠮᠳᠠᠴᠢ | ᠶᠢᠨ ᠨᠤᠭᠤᠭᠠᠷᠠᠭᠤᠯᠤᠯᠳᠠ ᠶᠢᠨ ᠲᠠᠯᠠᠪᠠᠢ 9.07 ᠲᠡᠭᠰᠢ ᠲᠦᠷᠪᠡᠯᠵᠢᠨ ᠮᠧᠲᠷ ᠲᠤ ᠬᠦᠷᠪᠡ᠃ ᠬᠤᠰᠢᠭᠤᠨ ᠤ | ᠪᠠᠶᠢᠴᠠᠭᠠᠬᠤ ᠬᠤᠷᠢᠶ᠎ᠠ᠂ ᠲᠠᠢ ᠾᠧ ᠬᠤᠷᠢᠶᠠᠯᠠᠯ ᠵᠡᠷᠬᠡ 6 ᠨᠢᠬᠡᠴᠢ ︵ᠬᠦᠷᠢᠶ᠎ᠠ ᠬᠠᠰᠢᠶ᠎ᠠ︶ ᠶᠢ ᠬᠤᠳᠠ ᠶᠢᠨ ᠲᠡᠰ | ᠤᠨ ᠴᠡᠴᠡᠷᠯᠢᠭᠳᠦ ᠨᠢᠬᠡᠴᠢ ︵ᠬᠦᠷᠢᠶ᠎ᠠ ᠬᠠᠰᠢᠶ᠎ᠠ︶ ᠪᠠᠷ ᠴᠤᠭᠴᠠᠯᠠᠨ ᠪᠠᠶᠢᠭᠤᠯᠪᠠ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠬᠡᠷᠦᠮᠵᠢ ᠶᠢ ᠦᠷᠬᠦᠯᠵᠢᠯᠡᠨ ᠰᠠᠶᠢᠵᠢᠷᠠᠭᠤᠯᠪᠠ᠃ ᠤᠯᠤᠰ | ᠤᠨ ᠵᠠᠮ ᠤᠨ 331 ᠳ᠋ᠤᠭᠠᠷ ᠱᠤᠭᠤᠮ ᠲᠠᠬᠢ ᠠᠶᠢᠷᠠᠭ ᠰᠦᠮ᠎ᠡ — ᠬᠤᠸᠠ ᠤᠪᠤᠭ᠎ᠠ ᠬᠦᠷᠬᠦ 112.5 ᠺᠢᠯᠤᠮᠧᠲᠷ | ᠤᠨ ᠬᠤᠶᠠᠳᠤᠭᠠᠷ ᠲᠡᠰ ᠤᠨ ᠵᠠᠰᠠᠮᠠᠯ ᠵᠠᠮ ᠢ ᠵᠠᠰᠠᠨ ᠪᠠᠷᠠᠭᠠᠵᠦ ᠲᠡᠷᠬᠡ ᠨᠡᠪᠳᠡᠷᠡᠬᠦᠯᠦᠨ᠂ ᠬᠡᠬᠡᠨᠳᠡᠯᠡ — ᠬᠤᠩᠭᠤᠷ | ᠰᠤᠮᠤ ᠬᠦᠷᠬᠦ ᠭᠤᠷᠪᠠᠳᠤᠭᠠᠷ ᠲᠡᠰ ᠤᠨ ᠵᠠᠰᠠᠮᠠᠯ ᠵᠠᠮ ᠵᠠᠰᠠᠨ ᠲᠡᠪᠢᠰᠬᠦ ᠢᠨᠵᠧᠨᠧᠷᠢᠩ ᠢ ᠤᠷᠤᠭᠰᠢᠳᠠᠢ | ᠶᠠᠪᠤᠭᠳᠠᠭᠤᠯᠪᠠ᠃ ᠵᠠᠰᠠᠮᠠᠯ ᠵᠠᠮ ᠢ ᠲᠡᠰ ᠲᠡᠪᠰᠢᠬᠦᠯᠦᠨ ᠬᠠᠮᠠᠭᠠᠯᠠᠬᠤ ᠢᠨᠵᠧᠨᠧᠷᠢᠩ ᠢ 72 ᠺᠢᠯᠤᠮᠧᠲᠷ᠂ ᠠᠮᠤᠷ ᠢ | ᠬᠠᠮᠠᠭᠠᠯᠠᠬᠤ ᠢᠨᠵᠧᠨᠧᠷᠢᠩ ᠢ 54.3 ᠺᠢᠯᠤᠮᠧᠲᠷ ᠪᠠᠷᠢᠵᠦ ᠲᠠᠭᠤᠰᠬᠠᠪᠠ᠃ ᠦᠪᠡᠷᠳᠡᠬᠡᠨ ᠵᠠᠰᠠᠬᠤ ᠤᠷᠤᠨ ᠤ ᠲᠠᠰ | ᠤᠨ ︽ᠬᠦᠳᠡᠭᠡ ᠲᠤᠰᠬᠤᠨ ᠤ ᠵᠠᠮ ᠢ ᠲᠦᠷᠪᠡᠨ ᠰᠠᠶᠢᠨ ᠵᠠᠰᠠᠬᠤ︾ ᠢᠨᠵᠧᠨᠧᠷᠢᠩ ᠤᠨ ᠵᠢᠱᠢᠶ᠎ᠠ ᠦᠵᠡᠬᠦᠯᠬᠦ | ᠬᠤᠰᠢᠭᠤ ᠶᠢ ᠠᠮᠵᠢᠯᠳᠠ ᠲᠠᠢ ᠪᠠᠷ ᠴᠤᠭᠴᠠᠯᠠᠨ ᠪᠠᠶᠢᠭᠤᠯᠪᠠ᠃ ᠤᠯᠠᠭᠠᠨᠬᠤᠸᠠ ᠪᠠᠯᠭᠠᠰᠤᠨ ᠤ ᠦᠶᠠᠷ ᠢ ᠰᠡᠷᠬᠡᠶᠢᠯᠡᠬᠦ | ᠢᠨᠵᠧᠨᠧᠷᠢᠩ ᠪᠠ ᠵᠠᠩᠭᠠᠨ ᠤ ᠦᠶᠠᠷ ᠢ ᠰᠡᠷᠬᠡᠶᠢᠯᠡᠬᠦ ᠲᠡᠯᠡᠩ ᠢ ᠪᠠᠴᠢᠮ ᠪᠠᠬᠢᠵᠢᠬᠦᠯᠬᠦ ᠢᠨᠵᠧᠨᠧᠷᠢᠩ ᠢ ᠲᠠᠭᠤᠰᠬᠠᠪᠠ᠃ | ᠬᠤᠩᠭᠤᠷ ᠤᠰᠤᠨ ᠴᠦᠬᠦᠷᠦᠮ ᠤᠰᠦ ᠬᠠᠳᠠᠭᠠᠯᠠᠬᠤ ᠴᠢᠳᠠᠮᠵᠢ ᠲᠠᠢ ᠪᠤᠯᠪᠠ᠃ 2.6 ᠳ᠋ᠦᠩᠰᠢᠭᠤᠷ ᠲᠦᠬᠦᠷᠢᠭ | ᠤᠨ ᠪᠠᠯᠠ ᠤᠷᠤᠭᠤᠯᠤᠨ᠂ 2 ᠰᠠᠤᠷᠢ 110 ᠺᠢᠯᠤᠸᠤᠯᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ | ᠪᠠᠶᠢᠭᠤᠯᠵᠦ᠂ 110 ᠺᠢᠯᠤᠸᠤᠯᠲ ᠠᠴᠠ ᠲᠤᠷᠤᠭᠰᠢᠬᠢ ᠴᠠᠬᠢᠯᠭᠠᠨ ᠲᠤᠤᠷ ᠢ 337 ᠺᠢᠯᠤᠮᠧᠲᠷ ᠪᠠᠶᠢᠭᠤᠯᠤᠨ᠂ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠯᠡᠬᠡᠨ ᠤ ᠴᠠᠬᠢᠯᠭᠠᠨ ᠢ ᠪᠠᠳᠤᠯᠠᠬᠤ ᠴᠢᠳᠠᠪᠤᠷᠢ | ᠲᠠᠰᠤᠷᠠᠯᠳᠠ ᠦᠭᠡᠢ ᠲᠡᠬᠡᠭᠰᠢᠯᠡᠪᠡ᠃ ᠤᠨᠳᠦᠤ ᠭᠠᠵᠠᠷ ᠲᠤ ᠨᠡᠬᠦᠯᠬᠡᠨ ᠬᠠᠭᠤᠴᠢᠨ ᠰᠠᠭᠤᠷᠢᠰᠢᠯ ᠢ ᠨᠢ ᠨᠤᠷᠠᠭᠠᠨ | ᠲᠠᠬᠢᠨ ᠬᠠᠭᠠᠯᠪᠤᠷᠢᠯᠠᠬᠤ ᠲᠦᠷᠦᠯ ᠵᠤᠶᠢᠯ ᠢ ᠬᠦᠨᠵᠡᠬᠡᠢ ᠬᠡᠷᠡᠭᠵᠢᠬᠦᠯᠵᠦ᠂ 5087.4 ᠮᠤ᠋ ᠭᠠᠵᠠᠷ ᠢ ᠲᠠᠬᠢᠨ | ᠬᠠᠭᠠᠯᠪᠤᠷᠢᠯᠠᠪᠠ᠃ 276 ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠨᠢ ᠰᠢᠨᠡᠳᠬᠡᠨ ᠵᠠᠰᠠᠵᠦ᠂ 4985 | ᠡᠷᠦᠬᠡ ᠳᠤ ᠵᠤᠷᠯᠤᠩ ᠪᠠᠷᠢᠵᠦ᠂ 1547 ᠰᠠᠭᠤᠷᠢ ᠡᠪᠡᠰᠦ ᠬᠠᠳᠠᠭᠠᠯᠠᠬᠤ ᠫᠧᠩ ᠢ ᠰᠢᠨ᠎ᠡ ᠪᠠᠷ ᠪᠠᠶᠢᠭᠤᠯᠤᠨ᠂ | ᠬᠦᠳᠡᠭᠡ ᠲᠤᠰᠬᠤᠨ ᠤ ᠲᠦᠷᠢ ᠲᠦᠷᠬᠦ ᠮᠡᠳᠡᠭᠳᠡᠮ᠎ᠡ ᠰᠠᠶᠢᠵᠢᠷᠠᠵᠦ᠂ ᠠᠷᠠᠳ ᠲᠦᠮᠡᠨ ᠤ ᠬᠦᠷᠳᠡᠮᠵᠢ ᠶᠢᠨ | ᠲᠦᠷᠦᠭᠳᠡᠯ ᠪᠠ ᠵᠤᠯ ᠵᠢᠷᠭᠠᠯᠳᠦ ᠲᠦᠷᠦᠭᠳᠡᠯ ᠲᠠᠰᠤᠷᠠᠯᠳᠠ ᠦᠭᠡᠢ ᠨᠡᠮᠡᠭᠳᠡᠪᠡ᠃ | ᠵᠢᠯ ᠲᠤᠷᠰᠢ᠂ ᠪᠢᠳᠠ ᠠᠵᠦ ᠦᠢᠯᠡᠰ ᠤᠨ ᠪᠦᠳᠦᠴᠠ ᠶᠢᠨ ᠲᠤᠬᠢᠷᠠᠭᠤᠯᠤᠯᠳᠠ ᠳᠤ ᠲᠦᠪᠯᠡᠷᠡᠬᠦᠯᠦᠨ᠂ ᠠᠵᠦ | ᠠᠬᠤᠢ ᠶᠢᠨ ᠵᠡᠷᠬᠡ ᠲᠡᠪᠰᠢᠬᠦᠯᠬᠦ ᠰᠢᠨ᠎ᠡ ᠠᠯᠬᠤᠮ ᠢ ᠪᠠᠶᠠᠯᠡᠬᠦᠯᠪᠠ᠃ | ᠤᠳᠤᠬᠢᠴᠢᠯᠠᠭᠰᠠᠨ ᠮᠠᠯᠵᠢᠬᠤ ᠲᠠᠷᠢᠶᠠᠯᠠᠬᠤ ᠦᠢᠯᠡᠰ ᠤᠨ ᠦᠷ᠎ᠡ ᠪᠦᠳᠦᠮᠵᠢ ᠢᠯᠡᠷᠬᠡᠢ᠃ ᠮᠠᠯᠵᠢᠬᠤ ᠲᠠᠷᠢᠶᠠᠯᠠᠬᠤ | ᠤᠶᠢᠯᠡᠰ ᠢ ᠠᠵᠦ ᠦᠢᠯᠡᠰᠵᠢᠬᠦᠯᠦᠨ ᠬᠦᠭᠵᠢᠬᠦᠯᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ | ᠬᠡᠪᠴᠢᠶᠠᠵᠢᠬᠦᠯᠵᠦ ᠡᠷᠴᠢᠮᠵᠢᠬᠦᠯᠬᠦ ᠬᠢᠷᠢ ᠲᠦᠪᠰᠢᠨ ᠢ ᠲᠠᠰᠤᠷᠠᠯᠳᠠ ᠦᠭᠡᠢ ᠲᠡᠬᠡᠭᠰᠢᠯᠡᠬᠦᠯᠪᠠ᠃ ᠲᠠᠷᠢᠮᠠᠯ ᠤᠨ | ᠲᠠᠯᠠᠪᠠᠢ 183.39 ᠲᠦᠮᠡᠨ ᠮᠤ᠋ ᠳᠤ ᠬᠦᠷᠴᠦ᠂ ᠠᠮᠤ ᠪᠤᠳᠠᠭᠠᠨ ᠤ ᠤᠨᠠᠯᠳᠠ 5 ᠳ᠋ᠦᠩᠰᠢᠭᠤᠷ ᠵᠢᠩ ᠳᠤ ᠬᠦᠷᠪᠡ᠃ | ᠲᠦᠮᠦᠰᠦ ᠲᠠᠷᠢᠬᠤ ᠲᠠᠯᠠᠪᠠᠢ 56.6 ᠲᠦᠮᠡᠨ ᠮᠤ᠋ ᠳᠤ ᠬᠦᠷᠴᠦ᠂ ᠡᠬᠦᠨ ᠤ ᠲᠤᠳᠤᠷ᠎ᠠ 24 ᠲᠦᠮᠡᠨ ᠮᠤ᠋ ᠶᠢ | ᠪᠠᠷᠢᠮᠵᠢᠶᠠᠵᠢᠭᠤᠯᠤᠨ ᠲᠠᠷᠢᠵᠦ᠂ ᠲᠦᠮᠦᠰᠦᠨ ᠤ ᠡᠬᠦᠯᠳᠡᠷ ᠦᠷ᠎ᠡ ᠶᠢᠨ ᠨᠦᠬᠦᠪᠦᠷᠢ ᠮᠦᠩᠭᠦ 4104 ᠲᠦᠮᠡᠨ | ᠲᠦᠬᠦᠷᠢᠭ ᠲᠠᠷᠬᠠᠭᠠᠪᠠ᠃ ᠤᠯᠤᠰ ᠤᠨ ᠲᠡᠰ ᠤᠨ ᠲᠦᠮᠦᠰᠦᠨ ᠤ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠤᠨ᠂ ᠵᠦᠩ ᠵᠢᠶᠠ᠂ ᠰᠢᠨ ᠢᠤᠢ ᠺᠤᠮᠫᠠᠨᠢ ᠶᠢᠨ ᠲᠦᠮᠦᠰᠦᠨ ᠤ ᠨᠡᠭᠡᠳᠡᠰᠦ ᠬᠦᠮᠦᠵᠢᠬᠦᠯᠬᠦ ᠲᠠᠰᠤᠭ ᠪᠠ | ᠰᠦᠯᠵᠢᠶᠠᠳᠦ ᠲᠠᠰᠤᠭ ᠪᠠᠶᠢᠭᠤᠯᠬᠤ ᠡᠬᠦᠷᠬᠡ ᠶᠢ ᠦᠨᠳᠦᠰᠦᠨ ᠳᠡᠭᠡᠨ ᠲᠠᠭᠤᠰᠬᠠᠵᠦ᠂ ᠲᠦᠮᠦᠰᠦᠨ ᠦᠷ᠎ᠡ | ᠦᠷᠬᠡᠳᠬᠡᠨ ᠪᠤᠶᠢᠵᠢᠭᠤᠯᠬᠤ ᠰᠠᠭᠤᠷᠢᠨ ᠭᠠᠵᠠᠷ ᠢ 24 ᠲᠦᠮᠡᠨ ᠮᠤ᠋ ᠪᠠᠶᠢᠭᠤᠯᠪᠠ᠃ ᠢ ᠮᠢᠩ ᠲᠦᠮᠦᠰᠦᠨ ᠤ | ᠨᠠᠷᠢᠯᠢᠭ ᠴᠠᠷᠳᠠᠭᠤᠯ ᠵᠢᠴᠢ ᠨᠤᠭᠤᠭ᠎ᠠ ᠵᠠᠭᠤᠰᠢ ᠪᠤᠯᠪᠠᠰᠤᠷᠠᠭᠤᠯᠬᠤ ᠲᠦᠷᠦᠯ ᠵᠤᠶᠢᠯ ᠤᠨ ᠭᠤᠤᠯ ᠴᠤᠭᠴᠠ ᠶᠢ ᠨᠢ | ᠪᠠᠶᠠᠯᠡᠬᠦᠯᠵᠦ᠂ ᠲᠦᠮᠦᠰᠦᠨ ᠤ ᠠᠵᠦ ᠤᠶᠢᠯᠡᠰ ᠢ ᠨᠠᠷᠢᠯᠢᠭᠵᠢᠭᠤᠯᠤᠨ ᠬᠦᠨᠵᠡᠬᠡᠶᠢᠷᠡᠬᠦᠯᠬᠦ ᠠᠵᠢᠯ ᠰᠢᠨ᠎ᠡ ᠲᠡᠭᠳᠡᠷ ᠲᠤ | ᠭᠠᠷᠪᠠ᠃ ᠢᠳᠠᠰᠢᠨ ᠬᠤᠨᠢᠨ ᠤ ᠠᠵᠦ ᠦᠢᠯᠡᠰ ᠦᠳᠳᠡᠷ ᠲᠦᠷᠬᠡᠨ ᠬᠦᠭᠵᠢᠵᠦ᠂ ᠵᠢᠯ ᠳᠤ 130 ᠲᠦᠮᠡᠨ ᠬᠤᠨᠢ | ᠪᠤᠷᠤᠯᠠᠭᠤᠯᠵᠦ᠂ 52 ᠲᠦᠮᠡᠨ ᠳ᠋ᠦ᠋ ᠮᠧᠩ ᠢᠳᠠᠰᠢᠨ ᠬᠤᠨᠢ ᠶᠢ ᠡᠬᠦᠯᠳᠡᠷ ᠰᠠᠶᠢᠵᠢᠷᠠᠭᠤᠯᠪᠠ᠃ ᠮᠢᠨ ᠮᠤᠤ ᠦᠬᠡᠷ | ᠬᠤᠨᠢ ᠨᠢᠳᠦᠯᠵᠦ ᠡᠳ᠋ᠰᠢᠬᠦᠯᠬᠦ ᠲᠦᠷᠦᠯ ᠵᠤᠶᠢᠯ ᠤᠷᠤᠭᠰᠢᠳᠠᠢ ᠶᠠᠪᠤᠭᠳᠠᠵᠦ᠂ ᠢᠳᠠᠰᠢᠨ ᠬᠤᠨᠢ ᠲᠡᠵᠢᠬᠡᠬᠦ ᠲᠠᠯᠠᠪᠤᠷ | ᠪᠠ ᠮᠠᠯ ᠠᠷᠠᠯᠵᠢᠶᠠᠯᠠᠬᠤ ᠵᠠᠬ᠎ᠠ ᠲᠠᠯᠬᠡᠬᠦᠷ ᠤᠨ ᠲᠦᠷᠦᠯ ᠵᠤᠶᠢᠯ ᠢ ᠠᠰᠢᠭᠯᠠᠯᠳᠠ ᠳᠤ ᠤᠷᠤᠭᠤᠯᠬᠤ ᠨᠦᠬᠦᠴᠡᠯ ᠢ | ᠪᠦᠷᠢᠳᠦᠬᠦᠯᠵᠦ᠂ ᠮᠠᠯ ᠠᠵᠦ ᠠᠬᠤᠢ ᠶᠢᠨ ᠬᠡᠯᠬᠢᠶᠡᠵᠢᠭᠰᠡᠨ ᠲᠤᠳᠠᠭᠤᠳᠠᠯ ᠢ ᠪᠦᠬᠦ ᠬᠦᠴᠦᠨ ᠢᠶᠠᠷ ᠨᠦᠬᠦᠪᠦᠷᠢᠯᠡᠪᠡ᠃ | ᠲᠦᠮᠦᠰᠦ᠂ ᠢᠳᠡᠰᠢᠨ ᠬᠤᠨᠢ ᠪᠠᠷ ᠭᠤᠤᠯᠯᠠᠭᠰᠠᠨ ᠲᠤᠯᠤᠭᠠᠶᠢᠯᠠᠭᠴᠢ ᠠᠵᠦ ᠠᠬᠤᠶᠢᠯᠠᠯ ᠲᠠᠰᠤᠷᠠᠯᠳᠠ ᠦᠭᠡᠢ | ᠬᠦᠭᠵᠢᠨ ᠪᠤᠵᠠᠭᠠᠶᠢᠷᠠᠵᠦ᠂ ᠵᠦᠩ ᠵᠢᠶᠠ᠂ ᠰᠠᠢ ᠨᠥᠸᠧ ᠺᠤᠮᠫᠠᠨᠢ ᠶᠢᠨ ᠰᠢᠨ᠎ᠡ ᠶᠢ ᠡᠬᠦᠳᠬᠦ ᠬᠢᠷᠢ ᠲᠦᠪᠰᠢᠨ | ᠰᠢᠨ᠎ᠡ ᠱᠠᠳᠤᠨ ᠳᠤ ᠭᠠᠷᠪᠠ᠃ ᠵᠢᠩ ᠪᠠᠩ ᠺᠤᠮᠫᠠᠨᠢ ᠶᠢᠨ ᠬᠤᠸᠠᠢ ᠷᠧᠦ ᠲᠤᠭᠤᠷᠢᠭ ᠤᠨ ᠲᠦᠷᠪᠡᠳ ᠬᠤᠰᠢᠭᠤᠨ ᠤ | ᠤᠨᠴᠠᠯᠢᠭᠳᠦ ᠤᠷᠳᠤᠨ ᠪᠠᠶᠢᠭᠤᠯᠤᠭᠳᠠᠨ ᠠᠰᠢᠭᠯᠠᠯᠳᠠ ᠳᠤ ᠤᠷᠤᠵᠦ᠂ ᠦᠪᠡᠷᠮᠢᠴᠡ ᠤᠨᠴᠠᠯᠢᠭ ᠲᠠᠢ | ᠪᠦᠳᠦᠬᠡᠭᠳᠡᠬᠦᠨ ᠢ ᠪᠡᠬᠡᠵᠢᠩ ᠳᠤ ᠪᠤᠷᠤᠯᠠᠭᠤᠯᠬᠤ ᠶᠢ ᠤᠯᠠᠮ ᠨᠢᠬᠡ ᠠᠯᠬᠤᠮ ᠠᠬᠢᠭᠤᠯᠵᠦ᠂ ᠶᠠᠰᠦ ᠴᠢᠨᠠᠷ ᠪᠠ ᠦᠨ᠎ᠡ | ᠬᠠᠩᠰᠢ ᠶᠢᠨ ᠲᠠᠯ᠎ᠠ ᠪᠠᠷ ᠰᠢᠯᠢᠳᠡᠭᠵᠢᠬᠦᠯᠪᠡ᠃ | ᠠᠵᠦ ᠦᠢᠯᠡᠳᠪᠦᠷᠢ ᠶᠢᠨ ᠠᠵᠦ ᠠᠬᠤᠢ ᠲᠤᠭᠳᠠᠭᠤᠨ ᠤ ᠲᠤᠮᠳᠠ ᠬᠦᠭᠵᠢᠪᠠ᠃ ᠴᠡᠪᠠᠷ ᠡᠨᠧᠷᠬᠢ ᠶᠢᠨ ᠠᠵᠦ | ᠦᠢᠯᠡᠰ ᠦᠳᠳᠡᠷ ᠲᠦᠷᠬᠡᠨ ᠪᠤᠵᠠᠭᠠᠶᠢᠷᠠᠵᠦ᠂ ᠤᠯᠤᠰ ᠤᠨ ᠴᠠᠬᠢᠯᠭᠠᠨ ᠬᠦᠴᠦᠨ ᠤ ᠪᠠᠯᠠ ᠤᠷᠤᠭᠤᠯᠤᠯᠳᠠ ᠶᠢᠨ | 600 ᠲᠦᠮᠡᠨ ᠺᠢᠯᠤᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠤᠶᠢᠯ ᠤᠨ ᠠᠩᠬᠠᠳᠠᠭᠴᠢ | ᠰᠠᠯᠬᠢᠨ ᠮᠠᠰᠢᠨ ᠠᠮᠵᠢᠯᠳᠠ ᠲᠠᠢ ᠪᠠᠷ ᠴᠠᠬᠢᠯᠭᠠᠨ ᠭᠠᠷᠭᠠᠵᠦ᠂ ᠰᠠᠨ ᠰᠢᠶᠠ ᠶᠢᠨ ᠲᠦᠷᠦᠯ ᠵᠤᠶᠢᠯ ᠢ ᠠᠮᠵᠢᠯᠳᠠ ᠲᠠᠢ | ᠶᠠᠪᠤᠭᠳᠠᠭᠤᠯᠤᠨ᠂ ᠮᠢᠩᠭᠠᠨ ᠲᠦᠮᠡᠨ ᠺᠢᠯᠤᠸᠠᠲ ᠲᠠᠰ ᠤᠨ ᠰᠠᠯᠬᠢ ᠬᠡᠷᠡᠯ ᠴᠠᠬᠢᠯᠭᠠᠨ ᠤ ᠴᠠᠪᠠᠷ ᠡᠨᠧᠷᠬᠢ ᠶᠢᠨ | ᠭᠠᠷᠭᠠᠯᠳᠠ ᠶᠢᠨ ᠰᠠᠭᠤᠷᠢᠨ ᠭᠠᠵᠠᠷ ᠢ ᠡᠬᠦᠳᠦᠨ ᠪᠠᠶᠢᠭᠤᠯᠬᠤ ᠳᠤ ᠪᠠᠳᠦ ᠪᠠᠬᠢ ᠰᠠᠭᠤᠷᠢ ᠲᠠᠯᠪᠢᠪᠡ᠃ ︽ᠬᠠᠰᠢᠶᠠᠳᠦ | ᠠᠵᠦ ᠦᠢᠯᠡᠳᠪᠦᠷᠢ ᠶᠢᠨ ᠬᠦᠷᠢᠶᠠᠯᠠᠩ ᠤᠨ ᠶᠡᠷᠦᠩᠭᠡᠢ ᠲᠦᠯᠦᠪᠵᠢᠬᠦᠯᠬᠡ︾ ᠶᠢ ᠵᠠᠰᠠᠨ ᠨᠠᠶᠢᠷᠠᠭᠤᠯᠬᠤ ᠠᠵᠢᠯ ᠢ | ᠲᠠᠭᠤᠰᠬᠠᠵᠦ᠂ ︽ᠨᠢᠬᠡ ᠬᠦᠷᠢᠶᠠᠯᠠᠩ ᠤᠯᠠᠨ ᠲᠤᠭᠤᠷᠢᠭ︾ ᠤᠨ ᠤᠷᠤᠨ ᠵᠠᠢ ᠶᠢᠨ ᠪᠦᠳᠦᠴᠡ ᠶᠢ ᠠᠩᠬ᠎ᠠ ᠠᠯᠬᠤᠮ | ᠪᠦᠷᠢᠯᠳᠦᠬᠦᠯᠪᠡ᠃ ᠶᠥᠩ ᠾᠧ ᠹᠯᠤᠷ ᠬᠢᠮᠢ ᠶᠢᠨ ᠦᠢᠯᠡᠳᠪᠦᠷᠢ ᠶᠢᠨ ᠪᠦᠳᠦᠬᠡᠭᠳᠡᠬᠦᠨ ᠢ ᠠᠰᠢᠭᠯᠠᠯᠳᠠ ᠳᠤ | ᠤᠷᠤᠭᠤᠯᠤᠨ᠂ ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ ᠨᠡᠬᠡᠬᠡᠨ ᠬᠦᠭᠵᠢᠬᠦᠯᠵᠦ ᠪᠤᠯᠪᠠᠰᠤᠷᠠᠭᠤᠯᠬᠤ ᠬᠢᠷᠢ | ᠲᠦᠪᠰᠢᠨ ᠢᠯᠡᠷᠬᠡᠢ ᠲᠡᠭᠡᠭᠰᠢᠯᠡᠪᠡ᠃ ᠲᠤᠬᠠᠢ ᠶᠢᠨ ᠭᠠᠵᠠᠷ ᠤᠷᠤᠨ ᠤ ᠲᠡᠬᠡᠳᠦ ᠲᠡᠰ ᠤᠨ ᠰᠢᠨ᠎ᠡ ᠮᠡᠷᠬᠡᠵᠢᠯ ᠤᠨ | ᠠᠵᠦ ᠦᠢᠯᠡᠰ ᠤᠨ ᠬᠦᠭᠵᠢᠯᠳᠠ ᠦᠳᠳᠡᠷ ᠲᠦᠷᠬᠡᠨ ᠬᠦᠭᠵᠢᠵᠦ᠂ ᠰᠾᠢ ᠷᠦᠢ ᠺᠧ ᠠᠷᠢᠭᠤᠳᠬᠠᠬᠤ ᠰᠢᠩᠭᠡᠨ᠂ | ᠵᠠᠮᠠᠭ ᠢᠶᠠᠷ ᠬᠦᠷᠦᠰᠦ ᠶᠢ ᠰᠡᠷᠬᠦᠬᠡᠨ ᠵᠠᠰᠠᠬᠤ ᠰᠢᠩᠭᠡᠨ ᠵᠡᠷᠬᠡ ᠪᠦᠳᠦᠬᠡᠭᠳᠡᠬᠦᠨ ᠤ ᠵᠠᠬ᠎ᠠ ᠲᠡᠯᠬᠡᠬᠦᠷ ᠢ ᠲᠤᠭᠳᠠᠭᠤᠨ | ᠢᠶᠠᠷ ᠦᠷᠬᠡᠳᠬᠡᠪᠡ᠃ | ᠦᠢᠯᠡᠴᠢᠯᠡᠬᠡᠨ ᠤ ᠤᠶᠢᠯᠡᠰ ᠤᠨ ᠬᠦᠭᠵᠢᠯᠳᠠ ᠶᠢᠨ ᠬᠠᠨᠳᠦᠰᠢ ᠡᠷᠴᠢᠮᠳᠠᠢ ᠶᠠᠪᠤᠭᠳᠠᠪᠠ᠃ ᠪᠦᠬᠦ ᠤᠷᠤᠨ ᠤ | ᠵᠢᠭᠤᠯᠴᠢᠯᠠᠯ ᠤᠨ ᠵᠢᠱᠢᠶᠠᠴᠢ ᠬᠤᠰᠢᠭᠤ ᠪᠠᠶᠢᠭᠤᠯᠬᠤ ᠪᠠᠷ ᠲᠠᠭᠠᠭᠤᠯᠭ᠎ᠠ ᠪᠤᠯᠭᠠᠵᠦ᠂ ᠵᠢᠭᠤᠯᠴᠢᠯᠠᠯ ᠤᠨ ᠰᠠᠭᠤᠷᠢ | ᠲᠦᠬᠦᠬᠡᠷᠦᠮᠵᠢ ᠤᠨ ᠪᠦᠳᠦᠬᠡᠨ ᠪᠠᠶᠢᠭᠤᠯᠤᠯᠳᠠ ᠲᠠᠰᠤᠷᠠᠯᠳᠠ ᠦᠭᠡᠢ ᠲᠡᠬᠦᠯᠳᠡᠷᠵᠢᠵᠦ᠂ ᠸᠠᠩ ᠤᠨ ᠤᠷᠳᠤᠨ ᠪᠠ | ᠰᠢᠷᠠᠮᠦ᠋ᠷᠡᠨ ᠰᠦᠮ᠎ᠡ ᠶᠢ ᠬᠠᠮᠠᠭᠠᠯᠠᠵᠦ ᠰᠡᠷᠬᠦᠬᠡᠬᠦ ᠢᠨᠵᠧᠨᠧᠷᠢᠩ᠂ ᠵᠢᠭᠤᠯᠴᠢᠯᠠᠯ ᠤᠨ ᠲᠦᠪ ᠵᠢᠴᠢ ᠤᠯᠠᠭᠠᠨᠮᠦ᠋ᠴᠢᠷ | ᠤᠨ ᠪᠤᠯᠪᠠᠰᠤᠷᠠᠯ ᠤᠨ ᠲᠠᠯᠠᠪᠠᠢ ᠶᠢᠨ ᠭᠤᠤᠯ ᠴᠤᠭᠴᠠᠳᠦ ᠢᠨᠵᠧᠨᠧᠷᠢᠩ ᠢ ᠦᠨᠳᠦᠰᠦᠨ ᠳᠡᠭᠡᠨ ᠲᠠᠭᠤᠰᠬᠠᠵᠦ᠂ | ᠰᠢᠷᠠᠮᠦ᠋ᠷᠡᠨ ᠰᠦᠮ᠎ᠡ ᠶᠢ ᠰᠢᠨᠡᠳᠬᠡᠨ ᠵᠠᠰᠠᠬᠤ ᠠᠵᠢᠯ ᠤᠷᠤᠭᠰᠢᠳᠠᠢ ᠶᠠᠪᠤᠭᠳᠠᠨ᠂ ᠨᠢᠰᠬᠡᠯ ᠤᠨ ᠲᠠᠯᠠᠪᠤᠷ ᠤᠨ ᠭᠠᠵᠠᠷ | ᠰᠤᠩᠭᠤᠬᠤ ᠠᠵᠢᠯ ᠢ ᠲᠠᠭᠤᠰᠬᠠᠵᠦ᠂ ᠴᠠᠭ ᠠᠭᠤᠷ ᠤᠨ ᠰᠢᠨᠵᠢᠯᠡᠭᠡ ᠮᠡᠷᠬᠡᠵᠢᠯ ᠤᠨ ᠲᠦᠪ ᠢ ᠡᠬᠢᠯᠡᠬᠦᠯᠦᠨ | ᠪᠠᠶᠢᠭᠤᠯᠪᠠ᠃ ᠬᠡᠬᠡᠨᠳᠠᠯ᠎ᠠ ᠵᠢᠭᠤᠯᠴᠢᠯᠠᠯ ᠤᠨ ᠤᠷᠤᠨ ᠤ ᠬᠤᠪᠢᠴᠠᠭᠠᠨ ᠤ ᠡᠷᠬᠡ ᠶᠢ ᠬᠤᠳᠠᠯᠳᠤᠨ ᠠᠪᠬᠤ ᠠᠵᠢᠯ ᠢ | ᠤᠷᠤᠭᠰᠢᠳᠠᠢ ᠪᠠᠶᠠᠯᠡᠬᠦᠯᠪᠠ᠃ ᠲᠠᠯ᠎ᠠ ᠨᠤᠳᠤᠭ ᠤᠨ ᠨᠢᠰᠬᠡᠯᠳᠠ ᠶᠢᠨ ᠬᠤᠷᠠᠯ᠂ ᠮᠠᠰᠢᠨ ᠲᠡᠷᠬᠡᠨ ᠤ ᠴᠡᠩᠭᠡᠬᠦᠨ᠂ | ᠠᠮᠳᠠᠳᠦ ᠢᠳᠡᠬᠡᠨ ᠤ ᠰᠤᠶᠤᠯ ᠤᠨ ᠨᠠᠶᠢᠷ ᠵᠡᠷᠬᠡ ᠬᠦᠳᠡᠯᠬᠡᠬᠡᠨ ᠢ ᠠᠮᠵᠢᠯᠳᠠ ᠲᠠᠢ ᠡᠷᠬᠢᠯᠡᠵᠦ᠂ ᠵᠢᠭᠤᠯᠴᠢᠯᠠᠯ ᠤᠨ | ᠦᠢᠯᠡᠰ ᠰᠢᠨ᠎ᠡ ᠲᠡᠭᠳᠡᠷ ᠲᠤ ᠭᠠᠷᠪᠠ᠃ ᠪᠦᠬᠦ ᠵᠢᠯ ᠳᠤ 90 ᠲᠦᠮᠡᠨ ᠵᠢᠭᠤᠯᠴᠢᠯᠠᠭᠰᠠᠳ ᠢ ᠬᠦᠯᠢᠶᠠᠨ ᠵᠤᠴᠢᠯᠠᠵᠦ᠂ | ᠵᠢᠭᠤᠯᠴᠢᠯᠠᠯ ᠤᠨ ᠶᠡᠷᠦᠩᠭᠡᠶᠢᠯᠡᠭᠰᠡᠨ ᠤᠷᠤᠯᠭ᠎ᠠ 5.7 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ | ᠡᠯᠧᠺᠲᠷᠤᠨ ᠬᠤᠳᠠᠯᠳᠤᠭᠠᠨ ᠤ ᠲᠦᠪ ᠲᠤᠭᠳᠠᠭᠤᠨ ᠢᠶᠠᠷ ᠠᠰᠢᠭᠯᠠᠭᠳᠠᠵᠦ᠂ ᠬᠦᠳᠡᠭᠡ ᠲᠤᠰᠬᠤᠨ ᠤ ᠲᠡᠰ ᠤᠨ | ᠦᠢᠯᠡᠴᠢᠯᠡᠬᠡᠨ ᠤ ᠴᠢᠭ ᠨᠡᠩ ᠲᠦᠬᠦᠮ ᠲᠦᠳᠠ ᠶᠢ ᠠᠪᠴᠢᠷᠠᠪᠠ᠃ ᠡᠳ᠋ ᠪᠠᠷᠠᠭᠠᠨ ᠤ ᠬᠦᠢᠯᠬᠡᠬᠡᠨ ᠤ ᠲᠦᠪ ᠵᠢᠯ | ᠳᠤ 267 ᠲᠦᠮᠡᠨ ᠵᠤᠶᠢᠯ ᠤᠨ ᠲᠦᠷᠬᠡᠨ ᠭᠤᠪᠢᠭᠤᠯᠭ᠎ᠠ ᠢᠯᠭᠠᠷᠠᠭᠤᠯᠤᠨ ᠭᠠᠷᠭᠠᠵᠦ᠂ ᠭᠠᠷᠠᠮ ᠠᠴᠠ ᠭᠠᠷᠭᠠᠬᠤ | ᠭᠤᠪᠢᠭᠤᠯᠭ᠎ᠠ 17.6 ᠲᠦᠮᠡ ᠳᠤ ᠬᠦᠷᠪᠡ᠃ ᠤᠯᠤᠰ ᠤᠨ ᠲᠡᠰ ᠤᠨ ᠡᠯᠧᠺᠲᠷᠤᠨ ᠬᠤᠳᠠᠯᠳᠤᠭ᠎ᠠ ᠶᠢ ᠬᠦᠳᠡᠭᠡ | ᠲᠤᠰᠬᠤᠨ ᠳᠤ ᠤᠷᠤᠭᠤᠯᠬᠤ ᠵᠢᠱᠢᠶ᠎ᠠ ᠦᠵᠡᠬᠦᠯᠬᠦ ᠲᠦᠷᠦᠯ ᠵᠤᠶᠢᠯ ᠨᠢ ᠲᠤᠮᠳᠠᠴᠢ ᠬᠤᠭᠤᠴᠠᠭᠠᠨ ᠤ ᠦᠷ᠎ᠡ | ᠪᠦᠳᠦᠮᠵᠢ ᠶᠢᠨ ᠦᠨᠡᠯᠡᠨ ᠰᠢᠯᠭᠠᠯᠳᠠ ᠶᠢ ᠠᠮᠵᠢᠯᠳᠠ ᠲᠠᠢ ᠦᠩᠭᠡᠷᠡᠬᠦᠯᠪᠡ᠃ ᠭᠥᠸᠧ ᠲᠥᠩ ᠡᠳ᠋ ᠪᠠᠷᠠᠭᠠᠨ ᠤ | ᠬᠦᠢᠯᠬᠡᠬᠡᠨ ᠤ ᠬᠦᠷᠢᠶᠠᠯᠠᠩ ᠤᠨ ᠭᠤᠤᠯ ᠴᠤᠭᠴᠠᠳᠦ ᠪᠠᠷᠢᠯᠭ᠎ᠠ ᠶᠢ ᠦᠨᠳᠦᠰᠦᠨ ᠳᠡᠭᠡᠨ ᠲᠠᠭᠤᠰᠬᠠᠵᠦ᠂ | ᠬᠤᠳᠠᠯᠳᠤᠭ᠎ᠠ ᠤᠷᠢᠬᠤ ᠨᠦᠬᠦᠴᠡᠯ ᠢ ᠪᠦᠷᠢᠳᠦᠬᠦᠯᠪᠡ᠃ ᠪᠠᠭ᠎ᠠ ᠪᠢᠴᠢᠯ ᠠᠵᠦ ᠠᠬᠤᠶᠢᠯᠠᠯ ᠤᠨ ᠬᠦᠭᠵᠢᠯᠳᠠ ᠶᠢ | ᠢᠳᠠᠪᠬᠢᠳᠠᠢ ᠲᠡᠮᠵᠢᠵᠦ᠂ ᠠᠵᠦ ᠠᠬᠤᠶᠢᠯᠠᠯ ᠤᠳ ᠲᠤ 1295 ᠲᠦᠮᠡᠨ ᠲᠦᠬᠦᠷᠢᠭ ᠤᠨ ᠪᠡᠯᠡ ᠴᠤᠭᠯᠠᠭᠤᠯᠪᠠ᠃ | ᠠᠷᠠᠳ ᠤᠨ ᠵᠤᠭᠤᠰ ᠬᠠᠳᠠᠭᠠᠯᠠᠵᠦ ᠵᠢᠬᠡᠯᠡᠬᠦᠯᠬᠦ ᠲᠤᠭ᠎ᠠ ᠲᠤᠰᠪᠤᠷᠢ 67.79 ᠳ᠋ᠦᠩᠰᠢᠭᠤᠷ ᠲᠦᠬᠦᠷᠢᠭ᠂ 44.23 | ᠳ᠋ᠦᠩᠰᠢᠭᠤᠷ ᠲᠦᠬᠦᠷᠢᠭ ᠲᠤ ᠬᠦᠷᠴᠦ᠂ ᠬᠠᠳᠠᠭᠠᠯᠠᠵᠦ ᠵᠢᠬᠡᠯᠡᠬᠦᠯᠬᠦ ᠬᠠᠷᠢᠴᠠᠯ ᠤᠨ 65.25% ᠶᠢ ᠪᠠᠶᠠᠯᠡᠬᠦᠯᠪᠠ᠃ | | ᠵᠢᠯ ᠲᠤᠷᠰᠢ᠂ ᠪᠢᠳᠠ ᠠᠷᠠᠳ ᠲᠦᠮᠡᠨ ᠡᠷᠬᠢᠮ ᠲᠡᠬᠡᠳᠦ ᠪᠠᠶᠢᠬᠤ ᠶᠢ ᠪᠠᠷᠢᠮᠳᠠᠯᠠᠨ᠂ ᠠᠷᠠᠳ ᠤᠨ ᠠᠮᠢᠳᠤᠷᠠᠯ | ᠤᠨ ᠪᠠᠳᠤᠯᠠᠭ᠎ᠠ ᠦᠷᠬᠦᠯᠵᠢᠯᠡᠨ ᠲᠡᠬᠡᠭᠰᠢᠯᠡᠪᠡ᠃ | ᠨᠡᠶᠢᠬᠡᠮ ᠤᠨ ᠪᠠᠳᠤᠯᠠᠭᠠᠨ ᠤ ᠰᠢᠰᠲ᠋ᠧᠮ ᠲᠠᠰᠤᠷᠠᠯᠳᠠ ᠦᠭᠡᠢ ᠪᠦᠷᠢᠨᠰᠢᠪᠠ᠃ ᠠᠷᠠᠳ ᠤᠨ ᠠᠮᠢᠳᠤᠷᠠᠯ ᠤᠨ | ᠬᠡᠪᠴᠢᠶᠠᠨ ᠳᠠᠬᠢ ᠪᠠᠯᠠ ᠤᠷᠤᠭᠤᠯᠤᠯᠳᠠ ᠶᠢᠨ ᠬᠦᠴᠦᠯᠡᠴᠡ ᠶᠢ ᠲᠠᠰᠤᠷᠠᠯᠳᠠ ᠦᠭᠡᠢ ᠨᠡᠮᠡᠭᠳᠡᠬᠦᠯᠵᠦ᠂ ᠪᠦᠬᠦ ᠵᠢᠯ | ᠤᠨ ᠠᠷᠠᠳ ᠤᠨ ᠠᠮᠢᠳᠤᠷᠠᠯ ᠤᠨ ᠬᠡᠪᠴᠢᠶᠠᠨ ᠳᠠᠬᠢ ᠵᠠᠷᠤᠯᠭ᠎ᠠ 25.3 ᠳ᠋ᠦᠩᠰᠢᠭᠤᠷ ᠲᠦᠬᠦᠷᠢᠭ ᠲᠤ ᠬᠦᠷᠴᠦ᠂ | ᠡᠳ᠋ ᠤᠨ ᠵᠠᠰᠠᠭ ᠤᠨ ᠶᠡᠷᠦᠩᠭᠡᠢ ᠵᠠᠷᠤᠯᠭ᠎ᠠ ᠶᠢᠨ 82.6% ᠶᠢ ᠡᠵᠡᠯᠡᠪᠡ᠃ ᠬᠦᠴᠢᠷᠳᠠᠯᠳᠠᠢ ᠤᠯᠠᠨ ᠲᠦᠮᠡᠨ ᠤ | ᠪᠠᠳᠤᠯᠠᠭ᠎ᠠ ᠶᠢᠨ ᠪᠠᠷᠢᠮᠵᠢᠶ᠎ᠠ ᠶᠢ ᠦᠷᠬᠦᠯᠵᠢᠯᠡᠨ ᠲᠡᠭᠡᠭᠰᠢᠯᠡᠬᠦᠯᠵᠦ᠂ ᠪᠦᠬᠦ ᠵᠢᠯ ᠳᠤ ᠨᠠᠭᠠᠳᠦ ᠵᠠᠬ᠎ᠠ ᠶᠢᠨ ᠪᠠᠳᠤᠯᠠᠭ᠎ᠠ᠂ | ᠲᠠᠪᠤᠨ ᠪᠠᠳᠤᠯᠭᠠᠳᠦ᠂ ᠬᠦᠴᠢᠷᠳᠡᠯᠳᠠᠢ ᠬᠡᠤᠬᠡᠳ ᠪᠠᠭᠠᠴᠤᠳ᠂ ᠵᠡᠮᠳᠡᠭᠴᠤᠳ᠂ ᠦᠨᠳᠦᠷ ᠨᠠᠰᠤᠳᠠᠶᠢᠴᠤᠳ᠂ | ᠠᠰᠠᠷᠠᠨ ᠬᠠᠷᠠᠭᠠᠯᠵᠠᠬᠤ ᠡᠳᠡᠬᠡᠳ ᠵᠡᠷᠬᠡ ᠬᠦᠮᠦᠰ ᠲᠤ ᠡᠯ᠎ᠡ ᠵᠤᠶᠢᠯ ᠤᠨ ᠨᠦᠬᠦᠪᠦᠷᠢ ᠶᠢᠨ ᠮᠦᠩᠭᠦ 1.29 | ᠳ᠋ᠦᠩᠰᠢᠭᠤᠷ ᠲᠦᠬᠦᠷᠢᠭ ᠲᠠᠷᠬᠠᠭᠠᠵᠦ᠂ 2.25 ᠲᠦᠮᠡᠨ ᠶᠠᠳᠠᠭᠤ ᠬᠦᠴᠢᠷᠳᠠᠯᠳᠠᠢ ᠬᠦᠮᠦᠰ ᠲᠤ ᠠᠰᠢᠭ ᠬᠦᠷᠳᠡᠬᠡᠪᠡ | ᠃ ᠬᠤᠳᠠ ᠪᠠᠯᠭᠠᠰᠤᠨ ᠤ ᠡᠮ ᠡᠮᠨᠡᠯᠬᠡ ᠶᠢᠨ ᠲᠠᠭᠠᠳᠬᠠᠯ ᠳᠤ 18 ᠲᠦᠮᠡᠨ ᠬᠦᠮᠦᠨ ᠤᠷᠤᠯᠴᠠᠵᠦ᠂ ᠪᠦᠬᠦ ᠵᠢᠯ ᠳᠤ | 1.6 ᠳ᠋ᠦᠩᠰᠢᠭᠤᠷ ᠲᠦᠬᠦᠷᠢᠭ ᠤᠨ ᠡᠮ ᠤᠨ ᠵᠠᠷᠤᠳᠠᠯ ᠢ ᠲᠠᠩᠰᠠᠨ ᠠᠴᠠ ᠲᠠᠶᠢᠯᠪᠠ᠃ | ᠰᠤᠷᠭᠠᠨ ᠬᠦᠮᠦᠵᠢᠯ ᠤᠨ ᠨᠦᠬᠦᠴᠡᠯ ᠮᠡᠳᠡᠭᠳᠡᠮ᠎ᠡ ᠰᠠᠶᠢᠵᠢᠷᠠᠪᠠ᠃ ᠰᠤᠷᠭᠠᠨ ᠬᠦᠮᠦᠵᠢᠯ ᠤᠨ ᠪᠠᠶᠢᠭᠤᠯᠤᠯ | ᠲᠤᠭᠳᠠᠴᠠ ᠶᠢᠨ ᠦᠬᠡᠷᠡᠴᠢᠯᠡᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠭᠠᠳᠠᠨ᠎ᠠ ᠶᠢᠨ ᠰᠤᠷᠭᠠᠭᠤᠯᠢ ᠳᠤ | ᠰᠢᠯᠵᠢᠬᠦ ᠪᠠᠶᠢᠳᠠᠯ ᠢ ᠪᠠᠭᠠᠰᠬᠠᠪᠠ᠃ ︽ᠠᠵᠢᠯ ᠮᠡᠷᠬᠡᠵᠢᠯ ᠤᠨ ᠲᠡᠬᠡᠳᠦ ᠰᠤᠷᠭᠠᠭᠤᠯᠢ ᠪᠠ ᠡᠩ ᠤᠨ ᠦᠨᠳᠦᠷ | ᠲᠤᠮᠳᠠᠳᠦ ᠰᠤᠷᠠᠭᠠᠤᠯᠢ ᠶᠢ ᠬᠠᠮᠳᠤᠷᠠᠯᠴᠠᠭᠤᠯᠬᠤ︾ ᠰᠤᠷᠭᠠᠭᠤᠯᠢ ᠡᠷᠬᠢᠯᠡᠬᠦ ᠬᠡᠯᠪᠡᠷᠢ ᠶᠢ ᠲᠤᠷᠰᠢᠨ᠂ ᠶᠡᠭᠡ | ᠰᠤᠷᠭᠠᠭᠤᠯᠢ ᠳᠤ ᠰᠢᠯᠭᠠᠭᠰᠠᠳ ᠰᠢᠨ᠎ᠡ ᠬᠢᠷᠢ ᠪᠦᠳᠦᠮᠵᠢ ᠶᠢ ᠡᠬᠦᠳᠦᠪᠡ᠃ ᠠᠷᠠᠳ ᠠᠴᠠ ᠡᠷᠬᠢᠯᠡᠭᠰᠡᠨ ᠰᠤᠷᠭᠠᠨ | ᠬᠦᠮᠦᠵᠢᠯ ᠤᠨ ᠬᠦᠭᠵᠢᠯᠳᠠ ᠶᠢᠨ ᠤᠷᠴᠢᠨ ᠠᠬᠤᠢ ᠲᠠᠰᠤᠷᠠᠯᠳᠠ ᠦᠭᠡᠢ ᠰᠢᠯᠢᠳᠡᠭᠵᠢᠵᠦ᠂ ᠦᠨᠳᠦᠷ ᠲᠤᠮᠳᠠᠳᠦ ᠳᠤ | ᠰᠢᠯᠭᠠᠭᠤᠯᠤᠭᠰᠠᠳ ᠤᠨ ᠬᠢᠷᠢ ᠪᠦᠳᠦᠮᠵᠢ ᠪᠦᠬᠦ ᠬᠤᠳᠠ ᠳᠤ ᠲᠡᠷᠢᠬᠦᠯᠡᠪᠡ᠃ ᠤᠯᠤᠰ ᠤᠨ ᠨᠡᠶᠢᠳᠡᠮ ᠬᠡᠷᠡᠭᠯᠡᠬᠦ ᠦᠬᠡ | ᠬᠡᠯᠡ ᠦᠰᠦᠭ ᠪᠢᠴᠢᠭ ᠢ ᠬᠡᠷᠡᠭᠯᠡᠬᠦ ᠠᠵᠢᠯ ᠢ ᠬᠦᠨᠵᠡᠬᠡᠢ ᠨᠠᠶᠢᠳᠠᠪᠤᠷᠢᠵᠢᠭᠤᠯᠤᠨ᠂ ᠤᠯᠤᠰ ᠤᠨ ᠨᠢᠬᠡᠳᠦᠯᠳᠠᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠠᠬᠢᠭᠤᠯᠤᠨ ᠬᠡᠷᠡᠭᠯᠡᠪᠡ᠃ ᠪᠠᠭᠰᠢ ᠶᠢᠨ ᠡᠩᠨᠡᠭᠡ ᠶᠢ | ᠰᠢᠯᠢᠳᠡᠭᠵᠢᠬᠦᠯᠵᠦ᠂ 46 ᠴᠢᠳᠠᠪᠤᠷᠢᠳᠠᠨ ᠢ ᠤᠷᠢᠨ ᠬᠡᠷᠡᠭᠯᠡᠪᠡ᠃ ᠬᠤᠰᠢᠭᠤᠨ ᠤ ᠠᠵᠢᠯ ᠤᠨ ᠴᠢᠯᠦᠬᠡᠨ ᠤ ᠪᠠᠶ᠎ᠠ | ᠲᠠᠮᠢᠷ ᠤᠨ ᠰᠤᠷᠭᠠᠭᠤᠯᠢ ᠪᠠᠶᠢᠭᠤᠯᠵᠦ᠂ ᠪᠠᠶ᠎ᠠ ᠲᠠᠮᠢᠷ ᠪᠠ ᠵᠢᠭᠠᠨ ᠰᠤᠷᠭᠠᠯᠳᠠ ᠶᠢ ᠤᠶᠠᠯᠳᠤᠭᠤᠯᠤᠭᠰᠠᠨ ᠰᠢᠨ᠎ᠡ | ᠤᠷᠴᠢᠨ ᠠᠬᠤᠢ ᠶᠢ ᠬᠦᠴᠦᠯᠡᠨ ᠪᠠᠶᠢᠭᠤᠯᠪᠠ᠃ ᠵᠢᠷᠭᠤᠳᠤᠭᠠᠷ ᠬᠤᠭᠤᠴᠠᠭᠠᠨ ᠤ ︽ᠬᠤᠳᠠ ᠶᠢᠨ ᠲᠠᠷᠤᠭ᠎ᠠ | ᠬᠤᠨᠳᠠᠭᠠᠳᠦ︾ ᠬᠦᠯ ᠪᠦᠮᠪᠦᠬᠡᠨ ᠤᠷᠤᠯᠳᠤᠭᠠᠨ ᠤ ᠡᠷᠡᠭᠳᠠᠢ ᠡᠮᠡᠭᠳᠠᠢ ᠶᠢᠨ ᠲᠤᠭᠤᠶᠢᠯᠠᠩ ᠤᠨ ᠲᠡᠳ᠋ ᠨᠡᠷᠡᠰ ᠢᠶᠠᠷ | ᠲᠤᠳᠤᠷᠠᠭᠳᠠᠪᠠ᠃ | ᠤᠯᠠᠨ ᠨᠠᠶᠢᠳᠠ ᠶᠢᠨ ᠦᠢᠯᠡᠴᠢᠯᠡᠬᠡᠨ ᠤ ᠰᠢᠰᠲ᠋ᠧᠮ ᠢ ᠦᠷᠬᠦᠯᠵᠢᠯᠡᠨ ᠰᠢᠯᠢᠳᠡᠭᠵᠢᠬᠦᠯᠪᠠ᠃ ᠤᠯᠠᠭᠠᠨᠮᠦ᠋ᠴᠢᠷ ᠤᠨ ︽ | ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠭ︾ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ | ᠪᠦᠬᠦ ᠬᠤᠳᠠ ᠳᠤ ︽ᠮᠦᠩᠭᠦᠨ ᠬᠦᠢᠯᠬᠡᠬᠡᠨ ᠤ ᠤᠯᠠᠭᠠᠨᠮᠦ᠋ᠴᠢᠷ︾ ᠬᠡᠬᠦ ᠴᠤᠯᠠ ᠶᠢ ᠬᠠᠮᠤᠭ ᠲᠡᠷᠢᠬᠦᠨ ᠳᠤ | ᠬᠦᠷᠳᠡᠪᠡ᠃ ᠤᠯᠠᠭᠠᠨᠮᠦ᠋ᠴᠢᠷ ᠨᠢ ︽ᠵᠢᠷᠭᠤᠳᠤᠭᠠᠷ ᠪᠦᠯᠦᠭ ᠤᠨ ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠵᠢᠱᠢᠶᠡᠴᠢ ᠨᠢᠬᠡᠴᠢ︾ ᠶᠢᠨ ᠴᠤᠯᠠ ᠵᠢᠴᠢ ᠠᠷᠪᠠᠳᠤᠭᠠᠷ ᠬᠤᠭᠤᠴᠠᠭᠠᠨ ᠤ ᠤᠮᠠᠷᠠᠳᠦ ᠤᠷᠤᠨ ᠤ | ᠲᠠᠪᠤᠨ ᠮᠤᠵᠢ ᠬᠤᠳᠠ ᠶᠢᠨ ᠪᠦᠵᠢᠭ ᠤᠨ ᠤᠷᠤᠯᠳᠤᠭᠠᠨ ᠤ ᠦᠪᠦᠷ ᠮᠤᠩᠭᠤᠯ ᠤᠷᠤᠨ ᠳᠠᠬᠢ ᠰᠢᠯᠭᠠᠷᠠᠭᠤᠯᠤᠯᠳᠠ | ᠲᠤᠭᠯᠠᠯᠳᠠ ᠶᠢᠨ ᠲᠡᠳ᠋ ᠱᠠᠩᠨᠠᠯ ᠪᠠ ᠤᠷᠠᠨ ᠪᠦᠳᠦᠬᠡᠯ ᠤᠨ ᠭᠤᠳᠠᠭᠠᠷ ᠱᠠᠩᠨᠠᠯ ᠢ ᠬᠦᠷᠳᠡᠪᠡ᠃ ᠰᠤᠶᠤᠯ ᠪᠤᠯᠪᠠᠰᠤᠨ | ᠢ ᠠᠷᠠᠳ ᠲᠤ ᠬᠦᠷᠳᠡᠬᠡᠬᠦ ᠢᠨᠵᠧᠨ᠋ᠸᠢᠷᠩ ᠢ ᠬᠦᠨᠵᠡᠬᠡᠢ ᠬᠡᠷᠡᠭᠵᠢᠬᠦᠯᠵᠦ᠂ ᠡᠯ᠎ᠡ ᠵᠤᠶᠢᠯ ᠤᠨ ᠲᠤᠭᠯᠠᠯᠳᠠ 200 | ᠭᠠᠷᠤᠢ ᠤᠳᠠᠭ᠎ᠠ ᠭᠠᠷᠭᠠᠪᠠ᠃ ᠡᠮ ᠡᠮᠨᠡᠯᠬᠡ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ | ᠢᠳᠠᠪᠬᠢᠳᠠᠢ ᠲᠦᠯᠬᠢᠨ ᠠᠬᠢᠭᠤᠯᠵᠦ᠂ PCR ᠪᠦᠬᠡᠮ ᠬᠦᠴᠢᠯ ᠤᠨ ᠪᠠᠶᠢᠴᠠᠭᠠᠯᠳᠠ ᠶᠢᠨ ᠲᠤᠷᠰᠢᠯᠳᠠ ᠶᠢᠨ ᠲᠠᠰᠤᠭ | ᠢ ᠠᠰᠢᠭᠯᠠᠯᠳᠠ ᠳᠤ ᠤᠷᠤᠭᠤᠯᠵᠦ᠂ ᠬᠤᠰᠢᠭᠤᠨ ᠤ ᠮᠤᠩᠭᠤᠯ ᠬᠢᠳᠠᠳ ᠡᠮᠨᠡᠯᠬᠡ ᠶᠢ ᠪᠠᠶᠢᠭᠤᠯᠬᠤ ᠲᠦᠷᠦᠯ ᠵᠤᠶᠢᠯ ᠢ | ᠦᠨᠳᠦᠰᠦᠨ ᠳᠡᠭᠡᠨ ᠲᠠᠭᠤᠰᠬᠠᠵᠦ᠂ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠨᠢ ︽ᠬᠤᠶᠠᠳᠤᠭᠠᠷ ᠵᠡᠷᠬᠡ | ᠶᠢᠨ ᠬᠦᠬᠡᠭᠴᠢᠨ ᠲᠡᠰ ᠤᠨ ᠡᠮᠨᠡᠯᠬᠡ ᠶᠢᠨ ᠬᠤᠷᠢᠶ᠎ᠠ︾ ᠪᠠᠷ ᠦᠨᠡᠯᠡᠭᠳᠡᠨ᠂ ᠤᠯᠠᠨ ᠨᠠᠶᠢᠳᠠ ᠶᠢᠨ ᠡᠮ ᠡᠮᠨᠡᠯᠬᠡ | ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢᠯᠡᠳᠳᠠ ᠲᠡᠭᠡᠭᠰᠢᠯᠡᠪᠡ᠃ ︽ᠦᠪᠡᠷᠳᠡᠬᠡᠨ ᠵᠠᠰᠠᠬᠤ | ᠤᠷᠤᠨ ᠤ ᠡᠷᠡᠬᠦᠯ ᠬᠠᠮᠠᠭᠠᠯᠠᠯ ᠤᠨ ᠬᠤᠰᠢᠭᠤ︾ ᠶᠢ ᠠᠮᠵᠢᠯᠳᠠ ᠲᠠᠢ ᠴᠤᠭᠴᠠᠯᠠᠨ ᠪᠠᠶᠢᠭᠤᠯᠪᠠ᠃ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠡᠵᠡᠮᠳᠡᠬᠦ ᠶᠠᠪᠤᠳᠠᠯ ᠢ ᠪᠦᠬᠦ ᠲᠠᠯ᠎ᠠ ᠪᠠᠷ | ᠴᠢᠩᠭᠠᠳᠬᠠᠵᠦ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠮᠵᠢ | ᠮᠡᠳᠡᠭᠳᠡᠮ᠎ᠡ ᠲᠡᠭᠡᠭᠰᠢᠯᠡᠪᠡ᠃ ᠤᠷᠤᠰᠢᠭᠤᠯᠤᠯᠭ᠎ᠠ ᠶᠢᠨ ᠦᠬᠡᠷᠡᠴᠢᠯᠡᠯᠳᠠ ᠶᠢ ᠢᠳᠠᠪᠬᠢᠳᠠᠢ ᠠᠬᠢᠭᠤᠯᠵᠦ᠂ | ᠤᠷᠤᠰᠢᠭᠤᠯᠤᠯᠭ᠎ᠠ ᠶᠢᠨ ᠭᠠᠵᠠᠷ ᠪᠠ ᠨᠠᠶᠢᠳᠠ ᠶᠢᠨ ᠪᠤᠩᠬᠤᠨ ᠤ ᠲᠦᠷᠦᠯ ᠵᠤᠶᠢᠯ ᠢ ᠡᠬᠢᠯᠡᠬᠦᠯᠦᠨ ᠪᠠᠶᠢᠭᠤᠯᠪᠠ᠃ | ᠲᠦᠷᠪᠡᠳᠡᠬᠢ ᠤᠳᠠᠭᠠᠨ ᠤ ᠠᠵᠦ ᠠᠬᠤᠢ ᠶᠢᠨ ᠨᠠᠶᠢᠳᠠᠮ ᠪᠠᠶᠢᠴᠠᠭᠠᠯᠳᠠ ᠶᠢ ᠲᠠᠭᠤᠰᠬᠠᠵᠦ᠂ ᠪᠦᠬᠦ ᠤᠯᠤᠰ ᠤᠨ | ᠲᠤᠯᠤᠳᠤᠭᠠᠷ ᠤᠳᠠᠭᠠᠨ ᠤ ᠬᠦᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢᠨ ᠠᠵᠢᠯ ᠢ ᠦᠷᠨᠢᠬᠦᠯᠪᠠ᠃ ᠴᠡᠷᠢᠭ | ᠠᠴᠠ ᠬᠠᠯᠠᠭᠳᠠᠭᠰᠠᠳ ᠤᠨ ᠨᠡᠶᠢᠬᠡᠮ ᠤᠨ ᠪᠠᠳᠤᠯᠠᠭ᠎ᠠ ᠶᠢ ᠦᠷᠬᠦᠯᠵᠢᠯᠡᠬᠦᠯᠬᠦ ᠪᠠ ᠨᠠᠶᠢᠳᠠ ᠶᠢᠨ ᠠᠰᠠᠷᠠᠮᠵᠢ ᠶᠢᠨ | ᠴᠢᠨᠠᠷᠳᠠᠢ ᠲᠦᠪᠬᠢᠨᠡᠬᠦᠯᠬᠦ ᠠᠵᠢᠯ ᠢ ᠲᠡᠬᠦᠰ ᠠᠮᠵᠢᠯᠳᠠ ᠲᠠᠢ ᠪᠠᠶᠠᠯᠡᠬᠦᠯᠪᠠ᠃ ︽ᠦᠪᠡᠷᠳᠡᠬᠡᠨ ᠵᠠᠰᠠᠬᠤ ᠤᠷᠤᠨ ᠤ | ᠬᠤᠶᠠᠷ ᠢ ᠬᠦᠷᠢᠶᠡᠯᠡᠬᠦ ᠵᠢᠱᠢᠶᠠᠴᠢ ᠬᠤᠳᠠ︾ ᠶᠢᠨ ᠨᠡᠷᠡᠰ ᠲᠤ ᠵᠢᠷᠭᠤᠭ᠎ᠠ ᠤᠳᠠᠭ᠎ᠠ ᠲᠡᠷᠢᠬᠦᠯᠡᠪᠡ᠃ ᠴᠠᠩ ᠧ | ᠲᠠᠪᠤᠳᠤᠭᠠᠷ ᠨᠤᠮᠧᠷᠳᠦ ᠪᠤᠴᠠᠬᠤ ᠤᠩᠭᠤᠴᠠ ᠠᠮᠤᠷ ᠲᠦᠪᠰᠢᠨ ᠢᠶᠠᠷ ᠡᠬᠡ ᠬᠠᠭᠤᠷᠠᠢ ᠳᠤ ᠪᠠᠭᠤᠵᠦ᠂ ᠮᠠᠨ ᠤ | ᠬᠤᠰᠢᠭᠤᠨ ᠤ ᠨᠠᠷᠠ ᠠᠯᠳᠠᠷᠰᠢᠯ ᠤᠨ ᠬᠡᠮᠵᠢᠶ᠎ᠠ ᠮᠡᠳᠡᠭᠳᠡᠮ᠎ᠡ ᠲᠡᠭᠡᠭᠰᠢᠯᠡᠪᠡ᠃ ᠤᠯᠠᠭᠠᠨ ᠵᠠᠯᠠᠭᠠᠮᠠᠶᠢᠳᠠᠨ ᠤ ᠨᠡᠶᠢᠬᠡᠮᠯᠢᠭ | ᠨᠢ ᠦᠪᠡᠷᠳᠡᠬᠡᠨ ᠵᠠᠰᠠᠬᠤ ᠤᠷᠤᠨ ᠤ ︽ᠬᠡᠷᠡᠯᠳᠦ ᠠᠶᠠᠨ︾ ᠨᠡᠶᠢᠬᠡᠮ ᠤᠨ ᠨᠠᠶᠢᠳᠠ ᠶᠢᠨ ᠠᠰᠠᠷᠠᠮᠵᠢ ᠶᠢᠨ | ᠬᠦᠳᠡᠯᠬᠡᠬᠡᠨ ᠤ ᠲᠡᠷᠢᠬᠦᠨ ᠤ ᠬᠠᠮᠳᠦ ᠨᠢᠬᠡᠴᠢ ᠶᠢᠨ ᠢᠷᠡᠭᠤ ᠠᠯᠳᠠᠷ ᠤᠨ ᠴᠤᠯᠠ ᠶᠢ ᠬᠦᠷᠳᠡᠵᠦ᠂ ᠮᠧᠩ ᠰᠠᠨ ᠬᠤ᠋ | ᠨᠦᠬᠦᠷ ︽ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ︾ ᠴᠤᠯᠠ ᠶᠢ ᠤᠯᠪᠠ᠃ ᠡᠬᠦᠨ ᠠᠴᠠ ᠭᠠᠳᠠᠨ᠎ᠠ᠂ | ᠤᠷᠤᠨ ᠨᠤᠳᠤᠭ ᠤᠨ ᠤᠶᠢᠯᠠᠯᠭ᠎ᠠ ᠶᠢᠨ ᠠᠵᠢᠯ ᠨᠢ ᠪᠦᠬᠦ ᠤᠯᠤᠰ ᠤᠨ ︽ᠬᠤᠤᠰ ᠪᠦᠷᠢᠨ ᠪᠠᠶᠢᠬᠤ︾ ᠬᠠᠷᠠᠯᠳᠠ ᠶᠢ | ᠪᠠᠶᠠᠯᠡᠬᠦᠯᠵᠦ᠂ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠤᠳ ᠤᠨ ᠡᠪᠯᠡᠯ᠂ ᠡᠮᠡᠭᠳᠠᠶᠢᠴᠤᠳ ᠤᠨ ᠬᠤᠯᠪᠤᠭ᠎ᠠ᠂ | ᠰᠢᠨᠵᠢᠯᠡᠭᠡ ᠮᠡᠷᠬᠡᠵᠢᠯ ᠤᠨ ᠨᠡᠶᠢᠬᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ | ᠬᠢᠨ ᠤ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ ᠵᠡᠷᠬᠡ ᠪᠦᠯᠬᠦᠮ ᠵᠤᠬᠢᠶᠠᠨ ᠪᠠᠶᠢᠭᠤᠯᠤᠯᠳᠠ ᠶᠢᠨ ᠠᠵᠢᠯ ᠰᠢᠨ᠎ᠡ | ᠠᠬᠢᠴᠠ ᠲᠠᠢ ᠪᠤᠯᠵᠦ᠂ ᠪᠦᠷᠢᠳᠬᠡᠨ ᠪᠠᠶᠢᠴᠠᠭᠠᠯᠳᠠ᠂ ᠬᠠᠩᠭᠠᠨ ᠪᠤᠷᠤᠯᠠᠭᠤᠯᠭ᠎ᠠ᠂ ᠴᠠᠭ ᠠᠭᠤᠷ᠂ ᠭᠠᠵᠠᠷ | ᠬᠦᠳᠡᠯᠦᠯᠳᠠ᠂ ᠭᠠᠳᠠᠭᠠᠳᠦ ᠶᠠᠪᠤᠳᠠᠯ᠂ ᠲᠡᠩᠰᠠ ᠡᠪᠬᠡᠮᠡᠯ ᠵᠡᠷᠬᠡ ᠠᠵᠢᠯ ᠪᠠ ᠬᠤᠶᠢᠴᠢ ᠦᠶ᠎ᠠ ᠶᠢᠨ ᠬᠢᠨ ᠢ | ᠬᠠᠯᠠᠮᠵᠢᠯᠠᠬᠤ᠂ ᠨᠠᠰᠤᠵᠢᠯ ᠵᠡᠷᠬᠡ ᠠᠵᠢᠯ ᠦᠢᠯᠡᠰ ᠮᠡᠳᠡᠭᠳᠡᠮ᠎ᠡ ᠦᠷ᠎ᠡ ᠪᠦᠳᠦᠮᠵᠢ ᠤᠯᠪᠠ᠃ | ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠪᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠳᠦ ᠶᠠᠪᠤᠴᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ︽ᠭᠤᠷᠪᠠᠨ ᠲᠦᠷᠢᠮ︾ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠪᠠᠷᠢᠬᠤ ᠬᠢᠷᠢ | ᠲᠦᠪᠰᠢᠨ ᠢᠯᠡᠷᠬᠡᠢ ᠲᠡᠬᠡᠭᠰᠢᠯᠡᠪᠡ᠃ ᠠᠷᠠᠳ ᠤᠨ ᠲᠦᠯᠦᠬᠡᠯᠡᠭᠴᠢᠳ ᠤᠨ ᠰᠠᠨᠠᠯ ᠪᠠ ᠤᠯᠤᠰ ᠲᠦᠷᠦ ᠶᠢᠨ | ᠵᠦᠪᠯᠡᠯᠬᠡᠨ ᠤ ᠬᠡᠰᠢᠬᠦᠨ ᠤ ᠰᠠᠨᠠᠯ ᠲᠤᠷᠠᠳᠤᠯᠭ᠎ᠠ ᠶᠢ ᠪᠦᠬᠦᠨ ᠢ ᠡᠷᠬᠢᠯᠡᠨ ᠬᠦᠢᠴᠡᠳᠬᠡᠪᠡ᠃ ᠪᠠᠶᠢᠴᠠᠭᠠᠬᠤ | ᠪᠠᠶᠢᠭᠤᠯᠤᠮᠵᠢ ᠶᠢᠨ ᠨᠠᠶᠢᠳᠠ ᠶᠢᠨ ᠠᠰᠠᠷᠠᠮᠵᠢ ᠶᠢᠨ ᠵᠠᠷᠭᠤ ᠦᠷᠨᠢᠬᠦᠯᠬᠦ ᠶᠢ ᠢᠳᠠᠪᠬᠢᠳᠠᠢ ᠲᠡᠮᠵᠢᠪᠡ᠃ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠪᠡᠳᠦᠬᠡᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ | ᠲᠤᠰᠬᠠᠭᠰᠠᠨ ᠰᠠᠨᠠᠯ ᠢ ᠬᠠᠯᠠᠨ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠬᠡᠷᠡᠴᠢ ᠦᠨᠡᠮᠯᠡᠯ ᠢ | ᠰᠠᠯᠭᠠᠬᠤ︾ ᠦᠬᠡᠷᠡᠴᠢᠯᠡᠯᠳᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢᠨ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠠ ᠶᠢ ᠬᠦᠴᠦᠳᠠᠢ ᠠᠳᠬᠤᠵᠦ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠠ ᠪᠠ ᠭᠠᠶᠢᠯᠢ ᠶᠢ ᠪᠠᠭᠠᠰᠬᠠᠵᠦ ᠵᠠᠷᠤᠳᠠᠯ ᠢ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠲᠦᠯᠬᠢᠨ ᠠᠬᠢᠭᠤᠯᠵᠦ᠂ ᠪᠦᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠤᠷᠴᠢᠨ | ᠠᠬᠤᠢ ᠦᠷᠬᠦᠯᠵᠢᠯᠡᠨ ᠰᠠᠶᠢᠨ ᠬᠠᠨᠳᠤᠰᠢ ᠶᠢ ᠪᠠᠳᠤᠯᠠᠪᠠ᠃ ᠭᠠᠮᠨᠠᠨ ᠠᠷᠪᠢᠯᠠᠬᠤ ᠶᠢ ᠪᠠᠷᠢᠮᠳᠠᠯᠠᠵᠦ᠂ ᠪᠦᠬᠦ | ᠬᠤᠰᠢᠭᠤᠨ ᠤ ᠡᠩ ᠤᠨ ᠴᠢᠨᠠᠷᠳᠠᠢ ᠵᠠᠷᠤᠯᠭ᠎ᠠ ᠪᠠ ︽ᠭᠤᠷᠪᠠᠨ ᠠᠯᠪᠠᠨ︾ ᠤ ᠵᠠᠷᠤᠳᠠᠯ ᠢ ᠪᠠᠭᠠᠰᠬᠠᠪᠠ᠃ | ᠡᠯ᠎ᠡ ᠲᠦᠯᠦᠬᠡᠯᠡᠭᠴᠢᠳ ᠡ︕ 2020 ᠤᠨ ᠳᠤ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ | ᠬᠦᠭᠵᠢᠯᠳᠠ ᠶᠢᠨ ᠡᠯ᠎ᠡ ᠲᠦᠷᠦᠯ ᠤᠨ ᠠᠵᠢᠯ ᠲᠤᠪᠤᠶᠢᠮ᠎ᠡ ᠦᠷ᠎ᠡ ᠪᠦᠳᠦᠮᠵᠢ ᠶᠢ ᠤᠯᠵᠦ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠬᠦᠯᠬᠡ ᠶᠢ ᠲᠡᠬᠦᠰ ᠠᠮᠵᠢᠯᠳᠠ ᠲᠠᠢ ᠪᠠᠶᠠᠯᠡᠬᠦᠯᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ ᠪᠢᠳᠠ ᠢᠮᠠᠭᠳᠠ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠤᠷᠪᠠᠨ ᠶᠡᠭᠡ ᠪᠤᠭᠤᠮᠳᠠ ᠰᠢᠪᠳᠤᠯᠤᠯᠳᠠ ᠶᠢᠨ | ᠲᠠᠶᠢᠯᠠᠯᠳᠤᠭᠠᠨ ᠢᠯᠡᠷᠬᠡᠢ ᠦᠷ᠎ᠡ ᠪᠦᠳᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ | ᠶᠢᠨ ᠲᠠᠶᠢᠯᠠᠯᠳᠤᠭᠠᠨ ᠨᠢ ᠰᠢᠢᠳᠪᠦᠷᠢᠳᠦ ᠠᠮᠵᠢᠯᠲᠠ ᠶᠢ ᠤᠯᠵᠦ᠂ ︽ᠬᠦᠮᠦᠨ ᠢ ᠶᠠᠳᠠᠭᠤ ᠠᠴᠠ ᠠᠩᠭᠢᠵᠢᠷᠠᠭᠤᠯᠬᠤ᠂ | ᠲᠤᠰᠬᠤᠨ ᠢ ᠶᠠᠳᠠᠭᠤ ᠠᠴᠠ ᠠᠷᠢᠯᠭᠠᠬᠤ᠂ ᠬᠤᠰᠢᠭᠤᠨ ᠤ ᠶᠠᠳᠠᠭᠤ ᠮᠠᠯᠠᠭᠠᠢ ᠶᠢ ᠠᠪᠴᠤ ᠬᠠᠶᠠᠬᠤ︾ ᠬᠠᠷᠠᠯᠲᠠ ᠶᠢ | ᠲᠡᠬᠡᠳᠦ ᠬᠡᠮᠵᠢᠶ᠎ᠠ ᠪᠠᠷ ᠪᠠᠶᠠᠯᠡᠬᠦᠯᠵᠦ᠂ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠲᠡᠷᠢᠬᠦᠨ ᠤ ᠬᠠᠮᠳᠦ ᠨᠢᠬᠡᠴᠢ︾ ᠶᠢᠨ ᠢᠷᠡᠭᠤ ᠠᠯᠳᠠᠷ ᠢ ᠬᠦᠷᠳᠡᠪᠡ᠃ ᠡᠯ᠎ᠡ ᠲᠥᠷᠥᠯ ᠤᠨ | ᠶᠠᠳᠠᠭᠤ ᠶᠢ ᠲᠡᠳᠬᠦᠬᠦ ᠪᠡᠯᠡ ᠮᠥᠩᠭᠦ 12.3 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠵᠦ ᠦᠢᠯᠡᠰ᠂ ᠠᠵᠢᠯ | ᠤᠯᠭᠤᠯᠳᠠ᠂ ᠡᠷᠡᠬᠦᠯ ᠴᠢᠬᠢᠷᠠᠭ᠂ ᠰᠤᠷᠭᠠᠨ ᠬᠦᠮᠦᠵᠢᠯ᠂ ᠤᠷᠤᠨ ᠰᠠᠭᠤᠴᠠ ᠶᠢᠨ ᠪᠠᠳᠤᠯᠠᠭ᠎ᠠ᠂ ᠤᠰᠦ ᠤᠮᠳᠠ ᠶᠢᠨ | ᠠᠮᠤᠷ ᠲᠦᠪᠰᠢᠨ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠵᠡᠷᠬᠡ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ | ᠨᠠᠷᠢᠨ ᠤᠨᠤᠪᠴᠢᠳᠠᠢ ᠨᠠᠶᠢᠳᠠᠪᠤᠷᠢᠵᠢᠭᠤᠯᠵᠦ᠂ ︽ᠬᠤᠶᠠᠷ ᠲᠤ ᠵᠤᠪᠠᠭ᠋ᠤ ᠦᠭᠡᠢ᠂ ᠭᠤᠷᠪᠡ ᠶᠢ ᠪᠠᠳᠤᠯᠠᠬᠤ︾ ᠶᠢ | ᠦᠨᠳᠦᠷ ᠴᠢᠨᠠᠷ ᠴᠢᠨᠰᠠᠭ᠎ᠠ ᠲᠠᠢ ᠪᠠᠶᠠᠯᠡᠬᠦᠯᠦᠨ᠂ 78 ᠭᠠᠴᠠᠭ᠎ᠠ ᠲᠤᠰᠬᠤᠨ ᠢ ᠪᠦᠬᠦᠨ ᠢ ᠨᠢ ᠶᠠᠳᠠᠭᠤ ᠠᠴᠠ | ᠠᠩᠭᠢᠵᠢᠷᠠᠭᠤᠯᠵᠦ᠂ 8109 ᠡᠷᠦᠬᠡ ᠶᠢᠨ 18906 ᠬᠥᠮᠦᠨ ᠢ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠵᠦ᠂ 2020 ᠤᠨ ᠤ ᠡᠴᠦᠰ ᠲᠤ ᠶᠠᠳᠠᠭᠤ ᠠᠴᠠ ᠠᠩᠭᠢᠵᠢᠷᠠᠭᠰᠠᠨ ᠬᠦᠮᠦᠨ ᠲᠤᠮᠳᠠᠴᠢ ᠶᠢᠨ ᠴᠠᠪᠠᠷ | ᠤᠷᠤᠯᠭ᠎ᠠ ᠨᠢ 1.4 ᠲᠦᠮᠡᠨ ᠲᠦᠬᠦᠷᠢᠭ ᠲᠤ ᠬᠦᠷᠪᠡ᠃ ᠤᠯᠤᠰ ᠤᠨ ᠠᠮᠢ ᠠᠬᠤᠢ ᠶᠢᠨ ᠭᠤᠤᠯ ᠴᠤᠭᠴᠠᠳᠦ | ᠴᠢᠳᠠᠮᠵᠢ ᠶᠢᠨ ᠤᠷᠤᠨ ᠬᠡᠬᠦ ᠪᠠᠶᠢᠷᠢ ᠲᠤᠭᠳᠠᠭᠠᠯᠳᠠ ᠪᠠᠷ ᠠᠳᠠᠷ ᠬᠠᠭᠠᠯᠪᠤᠷᠢᠯᠠᠬᠤ ᠶᠢ ᠵᠤᠭᠰᠤᠭᠠᠨ ᠤᠶᠢᠵᠢᠭᠤᠯᠬᠤ᠂ | ᠪᠡᠬᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ ᠵᠡᠷᠬᠡ ᠠᠮᠢ ᠠᠬᠤᠢ ᠶᠢᠨ ᠪᠦᠳᠦᠬᠡᠨ | ᠪᠠᠶᠢᠭᠤᠯᠤᠯᠳᠠ ᠶᠢᠨ ᠭᠤᠤᠯᠳᠠᠯᠭ᠎ᠠ ᠲᠠᠢ ᠢᠨᠵᠧᠨ᠋ᠸᠢᠷᠩ ᠢ ᠶᠡᠭᠡ ᠪᠠᠷ ᠬᠡᠷᠡᠭᠵᠢᠬᠦᠯᠦᠨ ᠪᠠᠬᠢᠵᠢᠬᠦᠯᠵᠦ᠂ ᠠᠵᠦ ᠠᠬᠤᠢ | ᠶᠢᠨ ᠤᠢ ᠰᠢᠭᠤᠢ ᠶᠢ 1 ᠲᠦᠮᠡᠨ ᠮᠤ᠋ ᠤᠶᠢᠵᠢᠭᠤᠯᠤᠨ᠂ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠪᠠ ᠨᠤᠳᠤᠭ | ᠪᠡᠯᠴᠢᠬᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠠ ᠶᠢᠨ ︽ᠬᠤᠤᠰ ᠲᠡᠭᠡᠭᠰᠢᠯᠡᠯᠳᠠ︾ ᠶᠢ ᠪᠠᠶᠠᠯᠡᠬᠦᠯᠵᠦ᠂ | ᠤᠢ ᠰᠢᠭᠤᠢ ᠶᠢᠨ ᠪᠦᠷᠬᠦᠴᠠ ᠶᠢᠨ ᠨᠤᠷᠮ᠎ᠡ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ | ᠶᠢᠨ ᠰᠡᠬᠦᠯᠴᠢ ᠶᠢᠨ ᠬᠤᠭᠤᠴᠠᠭᠠᠨ ᠤ 21.41% ᠪᠠᠶᠢᠭᠰᠠᠨ ᠠᠴᠠ 21.46% ᠪᠤᠯᠤᠨ ᠲᠡᠭᠡᠭᠰᠢᠯᠡᠵᠦ᠂ | ᠨᠤᠳᠤᠭ ᠪᠡᠯᠴᠢᠬᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠠ 18.35% ᠪᠠᠶᠢᠭᠰᠠᠨ ᠠᠴᠠ 29.4% | ᠪᠤᠯᠤᠨ ᠲᠡᠭᠡᠭᠰᠢᠯᠡᠵᠦ᠂ ᠴᠦᠯᠡᠷᠬᠡᠭᠵᠢᠯ ᠪᠠ ᠬᠦᠷᠦᠰᠦ ᠰᠢᠷᠤᠢ ᠶᠢᠨ ᠡᠯᠡᠰᠦᠷᠬᠡᠭᠵᠢᠯ ᠤᠨ ︽ᠬᠤᠤᠰ ᠪᠠᠭᠠᠰᠤᠯᠳᠠ︾ | ᠶᠢ ᠪᠠᠶᠠᠯᠡᠬᠦᠯᠪᠡ᠃ ︽ᠭᠤᠤᠯ ᠮᠦᠷᠡᠨ ᠤ ᠲᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠭᠡᠢ ᠠᠭᠤᠷᠬᠠᠢ 3 ᠶᠢ ᠪᠠᠶᠢᠭᠤᠯᠪᠠ᠃ ᠬᠤᠷᠢᠭ᠎ᠠ ᠱᠤᠭᠤᠮ | ᠤᠨ ᠰᠡᠳᠬᠢᠬᠦᠢ ᠶᠢ ᠪᠠᠷᠢᠮᠳᠠᠯᠠᠨ᠂ ᠡᠯ᠎ᠡ ᠵᠤᠶᠢᠯ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠵᠦ᠂ ᠥᠷᠢ ᠦᠭᠴᠡᠭᠡᠨ ᠤ ᠲᠦᠭᠰᠢᠭᠦᠷᠢ ᠮᠡᠳᠡᠭᠳᠡᠮ᠎ᠡ ᠪᠠᠭᠤᠷᠠᠪᠠ᠃ ᠠᠶᠤᠯᠬᠦᠢ ᠦᠢᠯᠡᠳᠪᠦᠷᠢᠯᠡᠯ ᠤᠨ | ᠬᠠᠨᠳᠤᠰᠢ ᠶᠢᠨ ᠲᠤᠭᠳᠠᠭᠤᠨ ᠢ ᠪᠠᠳᠤᠯᠠᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠲᠠᠰᠤᠷᠠᠯᠳᠠ ᠦᠭᠡᠢ | ᠴᠢᠩᠭᠠᠳᠬᠠᠨ᠂ ᠨᠡᠶᠢᠬᠡᠮ ᠤᠨ ᠠᠮᠤᠷ ᠲᠤᠭᠳᠠᠭᠤᠨ ᠦᠷᠬᠦᠯᠵᠢᠯᠡᠨ ᠰᠠᠶᠢᠨ ᠬᠠᠨᠳᠤᠰᠢ ᠶᠢ ᠪᠠᠳᠤᠯᠠᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ᠂ ᠪᠢᠳᠠ ᠠᠵᠦ | ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠪᠠᠷᠢᠮᠳᠠᠯᠠᠨ ᠰᠢᠯᠢᠳᠡᠭᠵᠢᠬᠦᠯᠵᠦ᠂ ᠠᠵᠦ ᠠᠬᠤᠢ ᠦᠷᠬᠦᠯᠵᠢᠯᠡᠨ | ᠦᠳᠳᠡᠷ ᠲᠦᠷᠬᠡᠨ ᠬᠦᠭᠵᠢᠪᠠ᠃ ᠠᠮᠤ ᠪᠤᠳᠠᠭᠠᠨ ᠤ ᠤᠨᠠᠯᠳᠠ ᠵᠢᠯ ᠳᠤ ᠲᠤᠮᠳᠠᠴᠢ ᠪᠠᠷ 5 ᠳ᠋ᠦᠩᠰᠢᠭᠤᠷ ᠵᠢᠩ ᠳᠤ | ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠰᠡᠬᠦᠯᠴᠢ ᠶᠢᠨ ᠦᠶ᠎ᠠ ᠠᠴᠠ | 25% ᠦᠰᠪᠠ᠃ ᠲᠠᠷᠢᠮᠠᠯ ᠤᠨ ᠪᠦᠳᠦᠴᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠵᠦ᠂ ᠲᠦᠮᠦᠰᠦ ᠲᠠᠷᠢᠬᠤ | ᠲᠠᠯᠠᠪᠠᠢ ᠶᠢ 56 ᠲᠦᠮᠡᠨ ᠮᠤ᠋ ᠳᠤ ᠲᠤᠭᠳᠠᠪᠤᠷᠢᠵᠢᠭᠤᠯᠤᠨ᠂ ᠪᠤᠭᠤᠳᠠᠢ᠂ ᠡᠷᠳᠡᠨᠢ ᠰᠢᠰᠢ ᠲᠠᠷᠢᠬᠤ ᠲᠠᠯᠠᠪᠠᠢ ᠨᠢ | ᠲᠤᠰᠪᠤᠷᠢ 29 ᠲᠦᠮᠡᠨ ᠮᠤ᠋ ᠪᠠ 36 ᠲᠦᠮᠡᠨ ᠮᠤ᠋ ᠳᠤ ᠬᠦᠷᠪᠡ᠃ ᠲᠦᠮᠦᠰᠦ ᠪᠠᠷ ᠭᠤᠤᠯᠯᠠᠬᠤ ᠠᠵᠦ ᠤᠶᠢᠯᠡᠰ ᠢ | ᠶᠡᠬᠡᠪᠡᠷ ᠬᠦᠭᠵᠢᠬᠦᠯᠵᠦ᠂ ᠵᠦᠩ ᠵᠢᠶᠠ᠂ ᠰᠢᠨ ᠢᠦᠢ ᠵᠡᠷᠬᠡ ᠬᠦᠳᠦᠴᠢ ᠠᠵᠦ ᠠᠬᠤᠶᠢᠯᠠᠯ ᠲᠠᠰᠤᠷᠠᠯᠳᠠ ᠦᠭᠡᠢ | ᠬᠦᠭᠵᠢᠨ ᠪᠤᠵᠠᠭᠠᠶᠢᠷᠠᠵᠦ᠂ ᠤᠯᠤᠰ ᠤᠨ ᠲᠡᠰ ᠤᠨ ᠲᠦᠮᠦᠰᠦᠨ ᠤ ᠡᠬᠦᠯᠳᠡᠷ ᠦᠷ᠎ᠡ ᠪᠤᠶᠢᠵᠢᠭᠤᠯᠬᠤ ᠰᠠᠭᠤᠷᠢᠨ | ᠭᠠᠵᠠᠷ ᠢᠶᠠᠷ ᠦᠨᠡᠯᠡᠭᠳᠡᠪᠡ᠃ ᠳ᠋ᠦ᠋ ᠮᠧᠩ ᠢᠳᠠᠰᠢᠨ ᠬᠤᠨᠢ ᠶᠢ ᠵᠢᠯ ᠳᠤ ᠲᠤᠮᠳᠠᠴᠢ ᠪᠠᠷ 35 ᠲᠦᠮᠡ ᠡᠬᠦᠯᠳᠡᠷ | ᠰᠠᠶᠢᠵᠢᠷᠠᠭᠤᠯᠵᠦ᠂ 2.5 ᠲᠦᠮᠡᠨ ᠬᠤᠴᠠ ᠲᠡᠵᠢᠬᠡᠨ ᠪᠤᠶᠢᠵᠢᠭᠤᠯᠵᠦ᠂ ᠪᠦᠬᠦ ᠤᠯᠤᠰ ᠤᠨ ᠬᠠᠮᠤᠭ ᠤᠨ ᠲᠤᠮᠤ | ᠰᠠᠶᠢᠨ ᠡᠬᠦᠯᠳᠠᠷ ᠤᠨ ᠢᠳᠠᠰᠢᠨ ᠬᠤᠨᠢᠨ ᠤ ᠰᠠᠭᠤᠷᠢᠨ ᠭᠠᠵᠠᠷ ᠪᠤᠯᠪᠠ᠃ ︽ᠳ᠋ᠦ᠋ ᠮᠧᠩ ᠬᠤᠨᠢ︾ ᠬᠡᠬᠦ ᠤᠷᠤᠨ | ᠨᠤᠳᠤᠭ ᠤᠨ ᠪᠠᠷᠢᠮᠵᠢᠶ᠎ᠠ ᠨᠢ ᠦᠪᠡᠷᠳᠡᠬᠡᠨ ᠵᠠᠰᠠᠬᠤ ᠤᠷᠤᠨ ᠤ ᠬᠢᠨᠠᠨ ᠦᠨᠡᠯᠡᠯᠳᠠ ᠶᠢ ᠦᠩᠭᠡᠷᠡᠭᠡᠪᠡ᠃ ᠨᠡᠷᠡᠳᠦ | ᠲᠡᠮᠳᠡᠭᠳᠦ ᠶᠢ ᠬᠦᠭᠵᠢᠬᠦᠯᠬᠦ ᠠᠵᠢᠯ ᠢᠯᠡᠳᠳᠠ ᠠᠮᠵᠢᠯᠳᠠ ᠤᠯᠵᠦ᠂ 21 ᠮᠠᠯ ᠲᠠᠷᠢᠶᠠᠯᠠᠩ ᠤᠨ ᠪᠦᠳᠦᠬᠡᠭᠳᠡᠬᠦᠨ ᠨᠢ | ︽ᠭᠤᠷᠪᠠᠨ ᠲᠡᠮᠳᠡᠭᠳᠦ ᠨᠢᠬᠡ ᠪᠠᠷᠢᠮᠵᠢᠶ᠎ᠠ︾ ᠶᠢᠨ ᠦᠨᠡᠯᠡᠯᠳᠠ ᠶᠢ ᠤᠯᠪᠠ᠃ 3 ᠤᠯᠤᠰ ᠤᠨ ᠲᠡᠰ ᠪᠠ 11 | ᠦᠪᠡᠷᠳᠡᠬᠡᠨ ᠵᠠᠰᠠᠬᠤ ᠤᠷᠤᠨ ᠤ ᠲᠡᠰ ᠤᠨ ᠮᠠᠯᠴᠢᠨ ᠲᠠᠷᠢᠶᠠᠴᠢᠳ ᠤᠨ ᠵᠢᠱᠢᠶ᠎ᠡ ᠦᠵᠡᠬᠦᠯᠬᠦ ᠬᠤᠷᠰᠢᠶᠠᠵᠢᠯ ᠢ | ᠪᠠᠶᠢᠭᠤᠯᠤᠨ᠂ 4709 ᠬᠡᠷ ᠪᠦᠯᠢ ᠶᠢᠨ ᠮᠠᠯᠵᠢᠯ ᠤᠨ ᠲᠠᠯᠠᠪᠠᠢ ᠲᠠᠢ ᠪᠤᠯᠵᠦ᠂ ᠮᠠᠯᠵᠢᠯ ᠲᠠᠷᠢᠶᠠᠯᠠᠩ ᠤᠨ ᠦᠢᠯᠡᠰ | ᠤᠨ ᠬᠡᠪᠴᠢᠶᠠᠵᠢᠨ ᠪᠠᠷᠢᠮᠵᠢᠶᠠᠵᠢᠭᠰᠡᠨ ᠡᠵᠡᠩᠨᠡᠯᠳᠠ ᠶᠢᠨ ᠬᠢᠷᠢ ᠲᠦᠪᠰᠢᠨ ᠢᠯᠡᠳᠳᠡ ᠲᠡᠬᠡᠭᠰᠢᠯᠡᠪᠡ᠃ ᠠᠵᠦ | ᠦᠢᠯᠡᠳᠪᠦᠷᠢ ᠶᠢᠨ ᠠᠵᠦ ᠠᠬᠤᠢ ᠶᠢ ᠲᠡᠰ ᠲᠡᠪᠰᠢᠬᠦᠯᠦᠨ᠂ ᠴᠠᠪᠡᠷ ᠡᠨᠧᠷᠬᠢ᠂ ᠮᠠᠯ ᠲᠠᠷᠢᠶᠠᠯᠠᠩ ᠤᠨ ᠪᠦᠳᠦᠭᠳᠡᠬᠦᠨ᠂ | ᠠᠭᠤᠷᠬᠠᠢ ᠶᠢᠨ ᠪᠦᠳᠦᠬᠡᠭᠳᠡᠬᠦᠨ ᠢ ᠰᠤᠩᠭᠤᠨ ᠪᠤᠯᠪᠠᠰᠤᠷᠠᠭᠤᠯᠬᠤ ᠵᠡᠷᠬᠡ ᠠᠵᠦ ᠦᠢᠯᠡᠰ ᠢ ᠬᠦᠭᠵᠢᠬᠦᠯᠵᠦ᠂ | ᠰᠠᠯᠬᠢ ᠬᠡᠷᠡᠯ ᠤᠨ ᠴᠠᠬᠢᠯᠭᠠᠨ ᠤ ᠠᠵᠦ ᠠᠬᠤᠶᠢᠯᠠᠯ 13 ᠶᠢ ᠤᠷᠢᠨ ᠤᠷᠤᠭᠤᠯᠵᠦ᠂ ᠮᠠᠰᠢᠨ ᠴᠤᠭᠴᠠᠯᠠᠪᠤᠷᠢ ᠶᠢᠨ | ᠶᠡᠷᠦᠩᠭᠡᠢ ᠪᠠᠭᠳᠠᠭᠠᠮᠵᠢ 109 ᠲᠦᠮᠡᠨ ᠺᠢᠯᠤᠸᠠᠲ ᠲᠤ ᠬᠦᠷᠴᠦ᠂ ᠪᠦᠬᠦ ᠬᠤᠳᠠ ᠶᠢᠨ ᠰᠢᠨ᠎ᠡ ᠡᠨᠧᠷᠬᠢ ᠶᠢᠨ | ᠮᠠᠰᠢᠨ ᠴᠤᠭᠴᠠᠯᠠᠪᠤᠷᠢ ᠶᠢᠨ 15.9% ᠶᠢ ᠡᠵᠡᠯᠡᠪᠡ᠃ ᠶᠥᠩ ᠾᠧ᠂ ᠮᠢᠨ ᠮᠤᠤ᠂ ᠵᠢᠩ ᠰᠢᠨ ᠵᠡᠷᠬᠡ ᠨᠢᠬᠡ | ᠪᠦᠯᠦᠭ ᠠᠵᠦ ᠠᠬᠤᠶᠢᠯᠠᠯ ᠲᠠᠰᠤᠷᠠᠯᠳᠠ ᠦᠭᠡᠢ ᠬᠦᠭᠵᠢᠨ ᠪᠤᠵᠠᠭᠠᠶᠢᠷᠠᠵᠦ᠂ ᠠᠵᠦ ᠦᠢᠯᠡᠳᠪᠦᠷᠢ ᠠᠵᠦ ᠦᠢᠯᠡᠰ | ᠤᠨ ᠪᠦᠳᠦᠴᠡ ᠲᠠᠰᠤᠷᠠᠯᠳᠠ ᠦᠭᠡᠢ ᠰᠢᠯᠢᠳᠡᠭᠵᠢᠪᠠ᠃ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ | ᠬᠦᠭᠵᠢᠯᠳᠠ ᠶᠢᠨ ᠬᠠᠨᠳᠤᠰᠢ ᠰᠠᠶᠢᠨ ᠪᠠᠶᠢᠵᠦ᠂ ᠪᠦᠬᠦ ᠤᠷᠤᠨ ᠤ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ | ᠬᠦᠢᠯᠬᠡᠬᠡ᠂ ᠡᠯᠧᠺᠲᠷᠤᠨ ᠬᠤᠳᠠᠯᠳᠤᠭ᠎ᠠ᠂ ᠤᠳᠤᠬᠢᠴᠢᠯᠠᠭᠰᠠᠨ ᠮᠦᠩᠭᠦᠨ ᠬᠦᠢᠯᠬᠡᠬᠡ ᠵᠡᠷᠬᠡ ᠦᠢᠯᠡᠴᠢᠯᠡᠬᠡᠨ ᠤ | ᠦᠢᠯᠡᠰ ᠲᠤᠭᠳᠠᠭᠤᠨ ᠢᠶᠠᠷ ᠬᠦᠭᠵᠢᠪᠡ᠃ ᠵᠢᠭᠤᠯᠴᠢᠯᠠᠯ ᠤᠨ ᠰᠠᠭᠤᠷᠢ ᠲᠦᠬᠦᠬᠡᠷᠦᠮᠵᠢ ᠶᠢ ᠲᠠᠰᠤᠷᠠᠯᠳᠠ ᠦᠭᠡᠢ | ᠲᠡᠬᠦᠯᠳᠡᠷᠵᠢᠬᠦᠯᠵᠦ᠂ ᠵᠢᠭᠤᠯᠴᠢᠯᠠᠭᠰᠠᠳ ᠤᠨ ᠲᠤᠭ᠎ᠠ ᠪᠠ ᠤᠷᠤᠯᠭ᠎ᠠ ᠨᠢ ︽ᠠᠷᠪᠠᠨ ᠬᠤᠶᠠᠳᠤᠭᠠᠷ ᠲᠠᠪᠤᠨ ᠵᠢᠯ︾ | ᠤᠨ ᠲᠦᠯᠦᠪᠵᠢᠬᠦᠯᠬᠡ ᠶᠢᠨ ᠰᠡᠬᠦᠯᠴᠢ ᠠᠴᠠ ᠲᠤᠰᠪᠤᠷᠢ 18.5%᠂ 29.4% ᠨᠡᠮᠡᠭᠳᠡᠪᠡ᠃ ᠤᠳᠤᠬᠢᠴᠢᠯᠠᠭᠰᠠᠨ | ᠮᠠᠯᠵᠢᠬᠤ ᠲᠠᠷᠢᠶᠠᠯᠠᠬᠤ ᠤᠷᠤᠨ ᠤ ᠠᠷᠠᠯᠵᠢᠶ᠎ᠠ ᠬᠤᠳᠠᠯᠳᠤᠭᠠᠨ ᠤ ᠬᠦᠢᠯᠬᠡᠬᠡ ᠶᠢᠨ ᠰᠦᠯᠵᠢᠶᠠᠨ ᠰᠢᠰᠲ᠋ᠧᠮ | ᠦᠨᠳᠦᠰᠦᠨ ᠳᠡᠭᠡᠨ ᠪᠦᠷᠢᠯᠳᠦᠵᠦ᠂ ᠤᠯᠤᠰ ᠤᠨ ᠲᠡᠰ ᠤᠨ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ | ᠳᠤ ᠤᠷᠤᠭᠤᠯᠵᠦ ᠵᠢᠱᠢᠶ᠎ᠠ ᠦᠵᠡᠬᠦᠯᠬᠦ ᠲᠦᠷᠦᠯ ᠵᠤᠶᠢᠯ ᠤᠷᠤᠭᠰᠢᠳᠠᠢ ᠶᠠᠪᠤᠭᠳᠠᠵᠦ᠂ ᠤᠳᠤᠬᠢᠴᠢᠯᠠᠭᠰᠠᠨ | ᠦᠢᠯᠡᠴᠢᠯᠡᠬᠡᠨ ᠤ ᠤᠯᠠᠨ ᠡᠰᠢᠵᠢᠭᠰᠡᠨ ᠬᠦᠭᠵᠢᠯᠳᠠ ᠶᠢᠨ ᠪᠦᠳᠦᠴᠡ ᠠᠭᠠᠵᠢᠮ ᠪᠠᠷ ᠪᠦᠷᠢᠯᠳᠦᠪᠡ᠃ ᠠᠵᠦ ᠦᠢᠯᠡᠰ | ᠤᠨ ᠪᠦᠳᠦᠴᠡ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠰᠡᠬᠦᠯᠴᠢ ᠶᠢᠨ ᠦᠶ᠎ᠠ | ᠶᠢᠨ 27.4᠄ 36.5᠄ 36.1 ᠪᠠᠶᠢᠭᠰᠠᠨ ᠠᠴᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠬᠦᠯᠬᠡ ᠶᠢᠨ ᠰᠡᠬᠦᠯᠴᠢ ᠶᠢᠨ ᠦᠶ᠎ᠠ ᠶᠢᠨ 29.8᠄ 31.7᠄ 38.5 ᠪᠤᠯᠭᠠᠨ ᠲᠤᠬᠢᠷᠠᠭᠤᠯᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ᠂ ᠪᠢᠳᠠ ᠢᠮᠠᠭᠳᠠ | ᠬᠤᠳᠠ ᠬᠦᠳᠡᠭᠡ ᠶᠢᠨ ᠬᠦᠭᠵᠢᠯᠳᠠ ᠶᠢ ᠨᠢᠬᠡᠳᠦᠯᠳᠠᠢ ᠲᠦᠯᠦᠪᠵᠢᠬᠦᠯᠦᠨ᠂ ᠬᠦᠮᠦᠨ ᠰᠠᠭᠤᠬᠤ ᠤᠷᠴᠢᠨ ᠲᠤᠭᠤᠷᠢᠨ | ᠲᠠᠰᠤᠷᠠᠯᠳᠠ ᠦᠭᠡᠢ ᠰᠠᠶᠢᠵᠢᠷᠠᠪᠠ᠃ ᠠᠵᠢᠯᠯᠠᠵᠦ ᠰᠠᠭᠤᠬᠤ ᠪᠠ ᠵᠤᠭᠠᠴᠠᠬᠤ ᠳᠤ ᠲᠤᠬᠢᠷᠠᠮᠵᠢᠳᠠᠢ ᠬᠤᠳᠠ ᠪᠠᠯᠭᠠᠰᠦ | ᠶᠢ ᠪᠠᠶᠢᠭᠤᠯᠬᠤ ᠪᠠ ᠦᠵᠡᠰᠬᠦᠯᠡᠩᠳᠦ ᠬᠦᠳᠡᠭᠡ ᠲᠤᠰᠬᠤᠨ ᠢ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ | ᠬᠦᠳᠡᠭᠡ ᠲᠤᠰᠬᠤᠨ ᠤ ᠰᠠᠭᠤᠬᠤ ᠤᠷᠴᠢᠨ ᠲᠤᠭᠤᠷᠢᠨ ᠤ ᠴᠡᠭᠴᠡᠯᠳᠠ ᠶᠢ ᠦᠨᠡᠨ ᠪᠤᠳᠠᠳᠠᠢ ᠲᠦᠯᠬᠢᠨ ᠠᠬᠢᠭᠤᠯᠵᠦ᠂ | ᠬᠤᠳᠠ ᠬᠦᠳᠡᠭᠡ ᠶᠢᠨ ᠲᠦᠷᠢ ᠲᠦᠷᠬᠦ ᠮᠡᠳᠡᠭᠳᠡᠮ᠎ᠡ ᠰᠠᠶᠢᠵᠢᠷᠠᠪᠠ᠃ ᠤᠯᠠᠭᠠᠨᠬᠤᠸᠠ ᠪᠠᠯᠭᠠᠰᠤᠨ ᠤ ᠲᠤᠭᠤᠷᠢᠭ ᠤᠨ | ᠲᠠᠯᠠᠪᠠᠢ ᠶᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠰᠡᠬᠦᠯᠴᠢ ᠶᠢᠨ ᠬᠤᠭᠤᠴᠠᠭᠠᠨ ᠤ | 13.8 ᠲᠡᠭᠰᠢ ᠲᠦᠷᠪᠡᠯᠵᠢᠨ ᠺᠢᠯᠤᠮᠧᠲᠷ ᠪᠠᠶᠢᠭᠰᠠᠨ ᠠᠴᠠ 19.8 ᠲᠡᠭᠰᠢ ᠲᠦᠷᠪᠡᠯᠵᠢᠨ ᠺᠢᠯᠤᠮᠧᠲᠷ ᠪᠤᠯᠭᠠᠨ | ᠦᠷᠬᠡᠳᠬᠡᠵᠦ᠂ ᠬᠤᠳᠠ ᠪᠠᠯᠭᠠᠰᠦᠵᠢᠯᠳᠠ ᠶᠢᠨ ᠨᠤᠷᠮ᠎ᠠ ᠶᠢ 41.9% ᠪᠠᠶᠢᠭᠰᠠᠨ ᠠᠴᠠ 58.9% ᠪᠤᠯᠭᠠᠨ | ᠲᠡᠬᠡᠭᠰᠢᠯᠡᠬᠦᠯᠪᠠ᠃ ᠲᠠᠢ ᠾᠧ ᠴᠡᠴᠡᠷᠯᠢᠭ᠂ ᠪᠢ ᠱᠧᠩ ᠶᠤᠸᠠᠨ ᠵᠡᠷᠬᠡ ᠨᠢᠬᠡ ᠪᠦᠯᠦᠭ ᠦᠨᠳᠦᠷ ᠲᠡᠰ ᠤᠨ | ᠰᠠᠭᠤᠭᠠᠯᠢ ᠠᠷᠠᠳ ᠤᠨ ᠬᠤᠷᠢᠶᠠᠯᠠᠯ ᠢ ᠪᠠᠶᠢᠭᠤᠯᠵᠦ᠂ 105 ᠲᠦᠮᠡᠨ ᠲᠡᠭᠰᠢ ᠲᠦᠷᠪᠡᠯᠵᠢᠨ ᠮᠧᠲᠷ ᠪᠠᠷᠢᠯᠭ᠎ᠠ ᠶᠢᠨ | ᠲᠠᠯᠠᠪᠠᠢ ᠶᠢ ᠰᠢᠨ᠎ᠡ ᠪᠠᠷ ᠨᠡᠮᠡᠭᠳᠡᠬᠦᠯᠪᠠ᠃ ᠬᠤᠳᠠ ᠪᠠᠯᠭᠠᠰᠤᠨ ᠤ ᠬᠤᠭ ᠨᠤᠪᠰᠢ ᠶᠢ ᠰᠢᠢᠳᠪᠦᠷᠢᠯᠡᠬᠦ ᠨᠤᠷᠮ᠎ᠡ᠂ | ᠪᠤᠵᠠᠷ ᠤᠰᠦ ᠶᠢ ᠡᠬᠡᠬᠦᠯᠦᠨ ᠰᠢᠢᠳᠪᠦᠷᠢᠯᠡᠬᠦ ᠨᠤᠷᠮ᠎ᠡ ᠲᠤᠰᠪᠤᠷᠢ 98.9% ᠪᠠ 92% ᠲᠤ ᠬᠦᠷᠴᠦ᠂ | ᠲᠦᠪᠯᠡᠷᠡᠬᠦᠯᠦᠨ ᠢᠯᠴᠢ ᠬᠠᠩᠭᠠᠬᠤ ᠶᠢ ᠲᠦᠬᠡᠮᠡᠯᠵᠢᠬᠦᠯᠬᠦ ᠨᠤᠷᠮ᠎ᠡ ᠨᠢ 75% ᠳᠤ ᠬᠦᠷᠴᠦ᠂ ᠲᠤᠭᠤᠷᠢᠭ ᠤᠨ | ᠨᠤᠭᠤᠭᠠᠷᠠᠭᠤᠯᠤᠯᠳᠠ ᠶᠢᠨ ᠨᠤᠷᠮ᠎ᠠ ᠨᠢ 30.74% ᠳᠤ ᠬᠦᠷᠴᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠠᠮᠢᠳᠤᠷᠠᠯ ᠤᠨ ᠨᠦᠬᠦᠴᠡᠯ ᠢᠯᠡᠳᠳᠠ ᠲᠡᠬᠡᠭᠰᠢᠯᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠂ 315.7 ᠺᠢᠯᠤᠮᠧᠲᠷ ᠤᠨ | ᠲᠡᠰ ᠲᠤ ᠤᠷᠤᠬᠤ ᠵᠠᠰᠠᠮᠠᠯ ᠵᠠᠮ ᠢ ᠰᠢᠨ᠎ᠡ ᠪᠠᠷ ᠨᠡᠮᠡᠭᠳᠡᠬᠦᠯᠵᠦ᠂ 946 ᠺᠢᠯᠤᠮᠧᠲᠷ ᠤᠨ ᠲᠤᠰᠬᠤᠨ ᠳᠤ ᠨᠡᠪᠳᠡᠷᠡᠬᠦ | ᠵᠠᠰᠠᠮᠠᠯ ᠵᠠᠮ ᠤᠨ ᠢᠨᠵᠧᠨᠧᠷᠢᠩ᠂ 889 ᠺᠢᠯᠤᠮᠧᠲᠷ ᠤᠨ ᠵᠠᠬᠡᠯᠢ ᠭᠤᠳᠤᠮᠵᠢ ᠶᠢ ᠵᠠᠰᠠᠨ ᠰᠠᠯᠪᠢᠵᠦ᠂ ᠤᠯᠠᠨ | ᠲᠦᠮᠡᠨ ᠤ ᠤᠷᠤᠵᠦ ᠭᠠᠷᠬᠤ ᠳᠤ ᠨᠡᠩ ᠲᠦᠬᠦᠮ ᠦᠵᠡᠬᠦᠯᠪᠠ᠃ 628 ᠢᠵᠢ ᠠᠶᠤᠯᠬᠦᠢ ᠤᠰᠦ ᠤᠮᠳᠠ ᠶᠢᠨ | ᠢᠨᠵᠧᠨᠧᠷᠢᠩ ᠢ ᠬᠡᠷᠡᠭᠵᠢᠬᠦᠯᠦᠨ᠂ ᠮᠠᠯᠵᠢᠬᠤ ᠤᠷᠤᠨ ᠳᠤ 2620 ᠬᠤᠳᠳᠤᠭ ᠮᠠᠯᠳᠠᠵᠦ᠂ ᠲᠦᠪᠯᠡᠷᠡᠬᠦᠯᠦᠨ | ᠴᠠᠪᠠᠷᠰᠢᠬᠦᠯᠬᠦ ᠤᠰᠤᠨ ᠤ ᠲᠦᠬᠦᠬᠡᠷᠦᠮᠵᠢ ᠶᠢ 103 ᠢᠵᠢ᠂ ᠡᠷᠦᠬᠡ ᠳᠤ ᠬᠡᠷᠡᠭᠯᠡᠬᠦ ᠤᠰᠦ ᠴᠡᠪᠡᠷᠰᠢᠬᠦᠯᠬᠦ | ᠲᠦᠬᠦᠬᠡᠷᠦᠮᠵᠢ 5627 ᠢᠵᠢ ᠤᠭᠰᠠᠷᠠᠨ᠂ ᠪᠦᠬᠦ ᠬᠤᠰᠢᠭᠤᠨ ᠤ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠢ ᠲᠤᠶᠢᠯᠪᠤᠷᠢᠳᠠᠢ ᠰᠢᠢᠳᠪᠦᠷᠢᠯᠡᠪᠡ᠃ ᠬᠤᠩᠭᠤᠷ ᠤᠰᠦᠨ ᠴᠦᠬᠦᠷᠦᠮ ᠤᠨ ᠶᠡᠷᠦᠩᠭᠡᠢ ᠢᠨᠵᠧᠨᠧᠷᠢᠩ | ᠤᠨ ᠬᠡᠮᠵᠢᠶ᠎ᠠ ᠶᠢᠨ 71% ᠶᠢ ᠨᠢ ᠬᠦᠢᠴᠡᠳᠬᠡᠪᠡ᠃ 10 ᠺᠢᠯᠤᠸᠤᠯᠲ ᠵᠢᠴᠢ ᠲᠤᠷᠤᠭᠰᠬᠢ ᠲᠠᠷᠢᠶᠠᠯᠡᠡᠩ ᠤᠨ | ᠲᠣᠣᠷ ᠱᠤᠭᠤᠮ ᠢ 1949.37 ᠺᠢᠯᠣᠮᠧᠲᠷ ᠵᠠᠰᠠᠵᠦ᠂ 6 ᠲᠦᠮᠡ ᠢᠯᠡᠭᠦᠦ ᠡᠷᠦᠬᠡ ᠳᠤ ᠬᠠᠭᠤᠴᠢᠨ ᠵᠠᠷᠣᠵᠣ | ᠪᠠᠶᠢᠡᠨᠰᠡᠨ ᠬᠡᠮᠵᠢᠬᠦ ᠠᠷᠭ᠎ᠠ ᠶᠢ ᠨᠢ ᠰᠢᠨᠡᠳᠬᠡᠵᠣ᠂ ᠮᠠᠯᠴᠢᠨ ᠲᠠᠷᠢᠶᠠᠴᠢᠳ ᠤᠨ ᠬᠡᠷᠡᠭᠯᠡᠬᠦ ᠴᠠᠬᠢᠯᠭᠠᠨ ᠢ ᠨᠢ ᠪᠦᠷᠢᠨ | ᠬᠠᠩᠭᠠᠪᠠ᠃ ᠴᠠᠬᠢᠯᠭᠠᠨ ᠬᠤᠯᠪᠤᠭ᠎ᠠ ᠶᠢ ᠲᠦᠬᠡᠮᠡᠯᠵᠢᠬᠦᠯᠦᠨ ᠦᠢᠯᠡᠴᠢᠯᠡᠬᠦ ᠲᠤᠷᠰᠢᠯᠳᠠ ᠶᠢᠨ ᠴᠢᠭ ᠤᠨ | ᠢᠨᠵᠧᠨᠧᠷᠢᠩ ᠢ ᠢᠳᠠᠪᠬᠢᠳᠠᠢ ᠠᠬᠢᠭᠤᠯᠵᠦ᠂ 79 ᠰᠠᠭᠤᠷᠢ ᠦᠷᠲᠡᠭᠡ ᠪᠠᠶᠢᠭᠤᠯᠤᠨ᠂ 1330 ᠺᠢᠯᠣᠮᠧᠲᠷ ᠤᠨ | ᠭᠡᠷᠡᠯ ᠲᠠᠳᠠᠯᠠᠭ᠎ᠠ ᠣᠡᠨᠰᠠᠷᠠᠵᠦ᠂ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠳᠠ ᠶᠢᠨ ᠬᠢᠷᠢ ᠳᠦᠪᠰᠢᠨ | ᠳᠠᠰᠣᠷᠠᠯᠲᠠ ᠦᠭᠡᠢ ᠳᠡᠭᠡᠭᠰᠢᠯᠡᠪᠡ᠃ ᠬᠦᠳᠡᠭᠡ ᠲᠤᠰᠬᠤᠨ ᠤ ᠬᠠᠮᠳᠦ ᠶᠢᠨ ᠦᠮᠴᠢᠯᠡᠯ ᠤᠨ ᠡᠷᠬᠡ ᠶᠢᠨ ᠲᠦᠷᠢᠮ | ᠤᠨ ᠦᠬᠡᠷᠡᠴᠢᠯᠡᠯᠳᠠ ᠶᠢ ᠤᠷᠤᠭᠰᠢᠳᠠᠢ ᠠᠬᠢᠭᠤᠯᠤᠨ᠂ ᠭᠠᠴᠠᠭ᠎ᠠ ᠲᠤᠰᠬᠤᠨ ᠤ ᠡᠳ᠋ ᠬᠦᠷᠦᠩᠭᠡ ᠶᠢ ᠬᠠᠷᠭᠤᠭᠤᠯᠤᠨ | ᠴᠡᠭᠴᠡᠯᠡᠬᠦ᠂ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠬᠡ ᠶᠢ ᠨᠤᠳᠠᠯᠠᠵᠦ ᠲᠠᠩᠰᠠᠯᠠᠨ ᠬᠡᠷᠡᠴᠢᠯᠡᠬᠦ ᠠᠵᠢᠯ ᠢ | ᠪᠦᠬᠦᠨ ᠢ ᠬᠦᠢᠴᠡᠳᠬᠡᠪᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ᠂ ᠪᠢᠳᠡ ᠠᠷᠠᠳ | ᠲᠦᠮᠡᠨ ᠪᠤᠯ ᠡᠷᠬᠢᠮ ᠲᠡᠭᠡᠳᠦ ᠬᠡᠬᠦ ᠤᠶᠢᠯᠠᠭᠠᠭᠳᠠᠬᠤᠨ ᠢ ᠡᠭᠦᠷᠢᠳᠡ ᠪᠠᠷᠢᠮᠳᠠᠯᠠᠵᠤ᠂ ᠠᠷᠠᠳ ᠤᠨ ᠠᠮᠢᠳᠤᠷᠠᠯ ᠢ | ᠦᠷᠭᠦᠯᠵᠢᠡᠯᠡᠨ ᠲᠡᠬᠡᠭᠰᠢᠯᠡᠬᠦᠯᠪᠠ᠃ ᠵᠢᠯ ᠪᠤᠯᠭᠠᠨ ᠤ 80% ᠠᠴᠠ ᠲᠡᠭᠡᠭᠰᠢᠬᠢ ᠡᠳ᠋ ᠤᠨ ᠵᠠᠰᠠᠭ ᠤᠨ ᠵᠠᠷᠤᠯᠭ᠎ᠠ ᠶᠢ | ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠰᠠᠶᠢᠵᠢᠷᠠᠭᠤᠯᠤᠯᠳᠠ ᠲᠡᠭᠡᠷ᠎ᠡ ᠬᠡᠷᠡᠭᠯᠡᠵᠦ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ ᠪᠦᠷᠢ ᠲᠤᠰ ᠲᠤᠰ 6.2% | ᠪᠠ 9.5% ᠨᠡᠮᠡᠭᠳᠡᠪᠡ᠃ ᠨᠠᠰᠤᠳᠠᠳ ᠢ ᠠᠰᠠᠷᠠᠬᠤ᠂ ᠠᠵᠢᠯ ᠠᠯᠳᠠᠬᠤ᠂ ᠡᠮ ᠡᠮᠴᠢᠯᠡᠭᠡ᠂ ᠬᠡᠤᠬᠡᠳ ᠲᠦᠷᠦᠬᠦ᠂ | ᠠᠵᠢᠯ ᠤᠨ ᠬᠡᠮᠳᠡᠯ ᠵᠡᠷᠭᠡ ᠲᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ ᠵᠢᠯ ᠢᠷᠡᠭᠦᠶ᠎ᠡ ᠨᠡᠮᠡᠭᠳᠡᠵᠤ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠭ᠎ᠠ᠂ ᠲᠠᠪᠤ ᠶᠢ ᠪᠠᠳᠤᠯᠠᠬᠤ᠂ ᠬᠠᠷᠠᠭᠠᠯᠵᠠᠬᠤ ᠡᠳᠡᠭᠡᠳ᠂ ᠬᠦᠴᠢᠷᠳᠡᠯᠳᠠᠢ ᠬᠡᠤᠬᠡᠳ | ᠪᠠᠭᠠᠴᠤᠳ ᠵᠡᠷᠭᠡ ᠪᠠᠭᠤᠷᠠᠢ ᠡᠳᠡᠭᠡᠳ ᠤᠨ ᠠᠪᠤᠷᠠᠨ ᠲᠤᠰᠠᠯᠠᠯᠳᠠ ᠶᠢᠨ ᠪᠠᠷᠢᠮᠵᠢᠶ᠎ᠠ ᠴᠦ ᠵᠢᠯ ᠢᠷᠡᠬᠦᠶ᠎ᠡ ᠲᠡᠭᠡᠭᠰᠢᠯᠡᠨ᠂ | ᠬᠦᠴᠢᠷᠳᠡᠯᠳᠠᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠪᠦᠳᠦᠮᠵᠢᠳᠠᠢ ᠪᠠᠳᠤᠯᠠᠭ᠎ᠠ ᠤᠯᠭᠤᠪᠠ᠃ | ᠰᠤᠷᠭᠠᠨ ᠬᠦᠮᠦᠵᠢᠯ ᠤᠨ ᠠᠵᠤ ᠦᠢᠯᠡᠰ ᠨᠢ ᠡᠷᠡᠭᠦᠯ ᠲᠤᠭᠳᠠᠭᠤᠨ ᠢᠶᠠᠷ ᠬᠦᠭᠵᠢᠵᠤ᠂ ᠲᠤᠷᠰᠢᠯᠳᠠ ᠶᠢᠨ ᠲᠤᠮᠳᠠᠳᠤ | ᠰᠤᠷᠭᠠᠭᠤᠯᠢ᠂ ᠬᠦᠯ ᠪᠦᠮᠪᠦᠭᠡ ᠶᠢᠨ ᠤᠷᠳᠤᠨ᠂ ᠬᠤᠩᠭᠤᠷ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ | ᠲᠠᠭᠠᠯᠳᠤᠪᠤᠷᠢ ᠢᠨᠵᠧᠨᠧᠷᠢᠩ ᠵᠡᠷᠭᠡ ᠨᠢᠭᠡ ᠪᠦᠯᠦᠭ ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ | ᠲᠦᠷᠦᠯ ᠵᠦᠢᠯ ᠢ ᠬᠡᠷᠡᠭᠵᠢᠬᠦᠯᠦᠨ᠂ ᠵᠢᠭᠠᠨ ᠰᠤᠷᠭᠠᠯᠳᠠ ᠶᠢᠨ ᠨᠦᠬᠦᠴᠡᠯ ᠢ ᠢᠯᠡᠳᠳᠡ ᠰᠠᠶᠢᠵᠢᠷᠠᠭᠤᠯᠪᠠ᠃ ᠠᠷᠠᠳ | ᠠᠴᠠ ᠡᠷᠬᠢᠯᠡᠬᠦ ᠰᠤᠷᠭᠠᠨ ᠬᠦᠮᠦᠵᠢᠯ ᠤᠨ ᠰᠢᠨ᠎ᠡ ᠬᠡᠯᠪᠡᠷᠢ ᠶᠢ ᠢᠳᠡᠪᠬᠢᠳᠠᠢ ᠰᠦᠪᠡᠭᠴᠢᠯᠡᠨ᠂ ᠪᠡᠭᠡᠵᠢᠩ ᠤᠨ ᠺᠤᠸᠠᠨ | ᠭᠤᠥ ᠰᠤᠷᠭᠠᠨ ᠬᠦᠮᠦᠵᠢᠯ ᠤᠨ ᠪᠦᠯᠦᠭᠯᠡᠯ ᠢ ᠠᠮᠵᠢᠯᠳᠠ ᠲᠠᠢ ᠤᠷᠢᠨ ᠤᠷᠤᠭᠤᠯᠪᠠ᠃ ᠨᠠᠨ ᠬᠤᠥ᠂ ᠭᠦ᠋ ᠶᠢᠩ ᠽᠢ | ᠵᠡᠷᠭᠡ 4 ᠬᠡᠤᠬᠡᠳ ᠤᠨ ᠴᠡᠴᠡᠷᠯᠢᠭ ᠢ ᠪᠠᠶᠢᠭᠤᠯᠵᠤ᠂ ᠰᠤᠷᠬᠤ ᠨᠠᠰᠤᠨ ᠠᠴᠠ ᠡᠮᠤᠨᠡᠬᠢ ᠭᠤᠷᠪᠠᠨ ᠵᠢᠯ ᠤᠨ | ᠴᠡᠴᠡᠷᠯᠢᠭ ᠲᠤ ᠤᠷᠤᠬᠤ ᠨᠤᠷᠮ᠎ᠠ ᠶᠢ 95% ᠠᠴᠠ ᠲᠡᠭᠡᠭᠰᠢ ᠪᠤᠯᠭᠠᠪᠠ᠃ ᠤᠯᠤᠰ ᠤᠨ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠲᠡᠩᠴᠡᠭᠦᠷᠢᠳᠠᠢ ᠬᠦᠭᠵᠢᠯᠳᠡ ᠶᠢᠨ ᠪᠠᠶᠢᠴᠠᠭᠠᠯᠳᠠ ᠶᠢ ᠠᠮᠵᠢᠯᠳᠠ ᠲᠠᠢ ᠪᠠᠷ ᠦᠩᠭᠡᠷᠡᠭᠡᠪᠡ᠃ | ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠳᠡ ᠲᠡᠭᠡᠭᠰᠢᠯᠡᠭᠦᠯᠵᠤ᠂ | 61ᠰᠤᠶᠤᠯ ᠤᠨ ᠲᠠᠯᠠᠪᠠᠢ᠂ 136 ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤ ᠰᠤᠶᠤᠯ ᠤᠨ ᠲᠠᠰᠤᠭ ᠢ | ᠪᠠᠶᠢᠭᠤᠯᠤᠨ᠂ ᠷᠠᠳᠢᠤ᠋ ᠲᠧᠯᠸᠢᠰ ᠬᠤᠯᠪᠤᠭᠠᠨ ᠤ ᠲᠤᠬᠢᠶ᠎ᠠ ᠶᠢ ᠦᠨᠳᠦᠰᠦᠨ ᠳᠡᠭᠡᠨ ᠪᠦᠷᠬᠦᠬᠦᠯᠪᠡ᠃ ᠤᠯᠠᠭᠠᠨᠮᠦ᠋ᠴᠢᠷ | ᠤᠨ ︽ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ︾ ᠤᠨ ᠰᠢᠯᠢᠳᠡᠭ ᠤᠯᠠᠮᠵᠢᠯᠠᠯ ᠢ | ᠪᠠᠳᠠᠷᠠᠭᠤᠯᠵᠤ᠂ ︽ᠲᠦᠬᠢᠮ᠎ᠠ ᠡᠵᠢ︾᠂ ︽ᠬᠤᠪᠢᠯᠭᠠᠨ ᠵᠠᠪᠢᠳᠤ ᠠᠮᠤᠭᠤᠯᠠᠩ︾᠂ ︽ᠡᠯ ᠺᠦᠢ ᠪᠦᠬᠡ | ᠪᠠᠷᠢᠯᠳᠤᠬᠤ︾ ᠵᠡᠷᠭᠡ ᠨᠢᠭᠡ ᠪᠦᠯᠦᠭ ᠰᠢᠯᠢᠳᠡᠭ ᠵᠦᠴᠦᠬᠡ ᠨᠠᠶᠢᠷᠠᠭᠤᠯᠤᠨ᠂ ᠪᠦᠬᠦ ᠤᠷᠤᠨ ᠤ ᠨᠠᠢᠮᠠᠳᠤᠭᠠᠷ | ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠤᠨ ᠠᠯᠳᠠᠨ ᠱᠠᠩᠨᠠᠯ ᠢ ᠬᠦᠷᠳᠡᠪᠡ᠃ ᠡᠮ ᠡᠮᠨᠡᠯᠬᠡ ᠶᠢᠨ | ᠡᠷᠡᠭᠦᠯ ᠬᠠᠮᠠᠭᠠᠯᠠᠯ ᠤᠨ ᠠᠵᠤ ᠦᠢᠯᠡᠰ ᠢ ᠪᠤᠳᠠᠳᠠᠢ ᠲᠦᠯᠬᠢᠨ ᠠᠬᠢᠭᠤᠯᠵᠤ᠂ ᠡᠯ᠎ᠡ ᠲᠡᠰ ᠡᠯ᠎ᠡ ᠲᠦᠷᠦᠯ ᠤᠨ ᠡᠮ | ᠡᠮᠨᠡᠯᠬᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ 241 ᠳᠤ ᠬᠦᠷᠴᠦ᠂ ᠬᠤᠰᠢᠭᠤ ᠰᠢᠶᠠᠩ ᠲᠤᠰᠬᠤᠨ | ᠭᠤᠷᠪᠠᠨ ᠲᠡᠰ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ | ᠲᠡᠭᠦᠯᠳᠡᠷᠵᠢᠭᠦᠯᠪᠡ᠃ ᠡᠮ ᠡᠮᠴᠢᠯᠡᠭᠡᠨ ᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠳᠡ ᠶᠢ ᠲᠤᠭᠳᠠᠭᠤᠨ | ᠢᠶᠠᠷ ᠠᠬᠢᠭᠤᠯᠵᠤ᠂ ᠡᠮ ᠤᠨ ᠵᠤᠶᠢᠯᠠᠰ ᠢ ᠦᠨ᠎ᠡ ᠶᠢᠨ ᠵᠦᠷᠢᠶ᠎ᠠ ᠦᠭᠡᠢ ᠪᠠᠷ ᠪᠤᠷᠤᠯᠠᠭᠤᠯᠬᠤ ᠶᠢ ᠪᠦᠬᠦ ᠲᠠᠯ᠎ᠠ ᠪᠠᠷ | ᠬᠡᠷᠡᠭᠵᠢᠭᠦᠯᠪᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠪᠤᠯᠤᠨ ᠬᠤᠯᠤᠭᠠᠨ᠎ᠠ ᠶᠢᠨ ᠬᠢᠵᠢᠭ ᠢ ᠪᠦᠳᠦᠮᠵᠢᠳᠠᠢ | ᠰᠡᠷᠭᠡᠶᠢᠯᠡᠨ ᠡᠵᠡᠮᠳᠡᠪᠡ᠃ ︽ᠴᠢᠨᠠᠷ ᠰᠠᠶᠢᠳᠠᠢ ᠬᠦᠴᠦᠷᠬᠡᠭ ᠬᠤᠰᠢᠭᠤ︾ ᠶᠢ ᠪᠠᠶᠢᠭᠤᠯᠬᠤ ᠠᠵᠢᠯ ᠢ ᠪᠤᠳᠠᠳᠠᠢ | ᠠᠬᠢᠭᠤᠯᠵᠤ᠂ 356 ᠠᠷᠠᠯᠵᠢᠶᠠᠨ ᠤ ᠨᠡᠷᠡᠳᠦ ᠲᠡᠮᠳᠡᠭᠳᠦ ᠶᠢ ᠰᠢᠨ᠎ᠡ ᠪᠠᠷ ᠲᠠᠩᠰᠠᠯᠠᠵᠤ᠂ 3 ᠭᠠᠵᠠᠷ ᠵᠦᠢ ᠶᠢᠨ | ᠪᠡᠯᠬᠡᠳᠡᠯ ᠢ ᠬᠡᠷᠡᠴᠢᠯᠡᠭᠰᠡᠨ ᠠᠷᠠᠯᠵᠢᠶᠠᠨ ᠤ ᠲᠡᠮᠳᠡᠭᠳᠦ ᠶᠢ ᠲᠠᠩᠰᠠᠯᠠᠪᠠ᠃ ᠠᠷᠠᠯᠵᠢᠶᠠᠨ ᠤ ᠶᠠᠪᠤᠳᠠᠯ ᠤᠨ ᠲᠦᠷᠢᠮ | ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠠᠬᠢᠭᠤᠯᠵᠤ᠂ ᠵᠠᠬ᠎ᠠ ᠲᠡᠯᠭᠡᠭᠦᠷ ᠤᠨ ᠭᠦᠢᠯᠭᠡᠭᠡᠨ ᠤ ᠬᠡᠪᠴᠢᠶᠡᠨ ᠳᠠᠬᠢ | ᠴᠡᠭᠴᠡᠯᠡᠨ ᠵᠠᠰᠠᠬᠤ ᠠᠵᠢᠯ ᠢ ᠪᠤᠳᠠᠳᠠᠢ ᠶᠠᠪᠤᠭᠳᠠᠭᠤᠯᠤᠨ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ | ᠨᠢᠭᠡ ᠠᠯᠬᠤᠮ ᠬᠦᠭᠵᠢᠭᠡᠪᠡ᠃ ᠪᠦᠬᠦ ᠬᠤᠰᠢᠭᠤᠨ ᠤ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ᠂ | ᠲᠠᠩᠰᠠᠯᠠᠬᠤ ᠪᠡᠯᠡ ᠮᠦᠩᠭᠦ ᠪᠠ ᠠᠵᠢᠯᠳᠠᠳ ᠨᠢ 2015 ᠤᠨ ᠲᠠᠢ ᠬᠠᠷᠢᠴᠠᠭᠤᠯᠪᠠᠯ ᠲᠤᠰ ᠲᠤᠰ 29.3%᠂ | 51.5%᠂ 13.4% ᠨᠡᠮᠡᠭᠳᠡᠪᠡ᠃ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠦᠬᠦᠮᠴᠢᠯᠡᠯᠳᠡ ᠶᠢ | ᠬᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠴᠠᠭ ᠪᠤᠯᠤᠨ ᠦᠯᠦ ᠬᠦᠳᠡᠯᠭᠦ ᠡᠳ᠋ | ᠬᠦᠷᠦᠩᠭᠡ ᠶᠢᠨ ᠲᠠᠩᠰᠠᠯᠠᠯᠳᠠ ᠶᠢᠨ ᠬᠤᠭᠤᠴᠠᠭ᠎ᠠ ᠶᠢ ᠲᠤᠰ ᠲᠤᠰ 3 ᠪᠠ 5 ᠠᠵᠢᠯ ᠤᠨ ᠡᠳᠦᠷ ᠪᠤᠯᠭᠠᠨ | ᠪᠠᠭᠠᠰᠬᠠᠵᠤ᠂ ᠲᠠᠨᠵᠢᠯᠠᠵᠤ ᠬᠦᠴᠦᠨ ᠦᠭᠡᠢ ᠪᠤᠯᠭᠠᠬᠤ ᠶᠢ ᠲᠠᠩᠰᠠᠯᠠᠬᠤ᠂ ᠤᠷᠢᠳᠴᠢᠯᠠᠨ ᠮᠡᠳᠡᠭᠳᠡᠬᠦ ᠶᠢ ᠲᠠᠩᠰᠠᠯᠠᠬᠤ᠂ | ᠪᠠᠶᠢᠴᠠᠭᠠᠨ ᠪᠢᠳᠡᠭᠦᠮᠵᠢᠯᠡᠬᠦ ᠶᠢ ᠲᠠᠩᠰᠠᠯᠠᠬᠤ ᠵᠡᠷᠭᠡ ᠶᠢ ᠪᠦᠷ ᠲᠤᠬᠠᠢ ᠶᠢᠨ ᠡᠳᠦᠷ ᠲᠤᠨᠢ ᠲᠠᠭᠤᠰᠬᠠᠬᠤ ᠪᠤᠯᠭᠠᠪᠠ᠃ | ᠡᠯ᠎ᠡ ᠲᠦᠯᠦᠭᠡᠯᠡᠭᠴᠢᠳ ᠡ︕ ᠪᠦᠬᠦ ᠬᠤᠰᠢᠭᠤᠨ ᠤ ᠬᠠᠮᠳᠤ ᠶᠢᠨ ᠴᠢᠷᠮᠠᠶᠢᠯᠭ᠎ᠠ ᠪᠠᠷ ᠲᠠᠮᠵᠢᠨ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠶᠢᠨ ᠲᠤᠭᠳᠠᠭᠠᠭᠰᠠᠨ ᠬᠠᠷᠠᠯᠳᠠ ᠡᠭᠦᠷᠭᠡ ᠶᠢ ᠦᠨᠳᠦᠰᠦᠨ | ᠳᠡᠭᠡᠨ ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠢᠢᠳᠪᠦᠷᠢᠳᠦ ᠴᠢᠨᠠᠷᠳᠠᠢ | ᠠᠮᠵᠢᠯᠳᠠ ᠤᠯᠵᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠬᠦᠯᠬᠦ ᠳᠤ | ᠴᠢᠬᠤᠯᠠ ᠰᠠᠭᠤᠷᠢ ᠲᠠᠯᠪᠢᠪᠠ᠃ ᠪᠢᠳᠡᠨ ᠤ ᠤᠯᠤᠭᠰᠠᠨ ᠠᠮᠵᠢᠯᠳᠠ ᠪᠦᠬᠦᠨ ᠨᠢ ᠴᠦᠮ ᠲᠦᠪ ᠬᠤᠷᠢᠶᠠᠨ ᠤ ᠪᠠᠳᠤ | ᠴᠢᠩᠭ᠎ᠠ ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠲᠦᠮᠡᠨ ᠤ ᠪᠦᠯᠬᠦᠮᠳᠡᠨ ᠲᠡᠮᠡᠴᠡᠭᠰᠡᠨ | ᠤ ᠦᠷ᠎ᠡ ᠳ᠋ᠦᠩ ᠪᠤᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ | ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠪᠠ ᠲᠦᠷᠪᠡᠳ ᠬᠤᠰᠢᠭᠤᠨ ᠤ ᠬᠦᠭᠵᠢᠯᠳᠡ ᠶᠢ | ᠬᠠᠯᠠᠮᠵᠢᠯᠠᠨ ᠲᠡᠳᠬᠦᠵᠤ᠂ ᠤᠷᠤᠯᠴᠠᠵᠤ ᠪᠦᠬᠦᠢ ᠨᠠᠶᠢᠵᠠ ᠨᠦᠬᠦᠳ ᠲᠡᠭᠡᠨ ᠴᠢᠩ ᠰᠡᠳᠬᠢᠯ ᠤᠨ ᠲᠠᠯᠠᠷᠬᠠᠯ ᠪᠠ | ᠬᠦᠨᠳᠦᠳᠬᠡᠯ ᠢᠶᠠᠨ ᠲᠡᠪᠰᠢᠭᠦᠯᠦᠶ᠎ᠡ︕ | ᠤᠯᠤᠭᠰᠠᠨ ᠠᠮᠵᠢᠯᠳᠠ ᠪᠠᠨ ᠨᠤᠳᠠᠯᠠᠬᠤ ᠶᠢᠨ ᠵᠡᠷᠬᠡᠪᠡᠷ᠂ ᠪᠢᠳᠡ ᠪᠠᠰᠠ ᠬᠤᠰᠢᠭᠤᠨ ᠤ ᠬᠦᠭᠵᠢᠯᠳᠡ ᠲᠤᠮᠳᠠ | ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠳᠤᠷᠬᠠᠢ ᠮᠡᠳᠡᠵᠤ ᠤᠯᠬᠤ ᠬᠡᠷᠡᠭᠳᠠᠢ᠃ ᠭᠤᠤᠯᠳᠠᠭᠤ ᠢᠯᠡᠷᠡᠯ | ᠨᠢ᠄ ᠡᠳ᠋ ᠤᠨ ᠵᠠᠰᠠᠭ ᠤᠨ ᠤᠷᠤᠯᠭ᠎ᠠ ᠶᠢᠨ ᠲᠦᠰᠦᠪ ᠤᠨ ᠬᠡᠷᠡᠭᠵᠢᠬᠦᠯᠦᠯᠳᠠ ᠶᠢᠨ ᠪᠠᠶᠢᠳᠠᠯ ᠨᠢ ᠦᠨᠳᠦᠰᠦᠨ ᠳᠡᠭᠡᠨ | ᠲᠤᠭᠳᠠᠭᠤᠨ ᠪᠤᠯᠪᠠᠴᠦ᠂ ᠡᠷᠬᠡᠪᠰᠢ ᠵᠠᠷᠤᠬᠤ ᠵᠠᠷᠤᠯᠭ᠎ᠠ ᠪᠠᠰᠠ ᠨᠡᠯᠢᠶᠡᠳ ᠶᠡᠭᠡ︔ ᠬᠤᠳᠠ ᠬᠦᠳᠡᠭᠡ ᠶᠢᠨ ᠲᠦᠷᠰᠦ | ᠪᠠᠶᠢᠳᠠᠯ ᠦᠨᠳᠦᠰᠦᠨ ᠴᠢᠨᠠᠷᠳᠠᠢ ᠬᠤᠪᠢᠷᠠᠯᠳᠠ ᠭᠠᠷᠤᠭᠰᠠᠨ ᠪᠤᠯᠪᠠᠴᠦ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠡᠬᠦᠷᠬᠡ ᠪᠠᠰᠠ ᠬᠦᠨᠳᠦ ᠪᠠᠶᠢᠬᠤ︔ ᠠᠵᠤ ᠦᠢᠯᠡᠰ ᠤᠨ ᠬᠦᠭᠵᠢᠯᠳᠡ ᠤᠨ ᠶᠡᠷᠦᠩᠭᠡᠢ ᠬᠢᠷᠢ | ᠲᠦᠪᠰᠢᠨ ᠮᠦᠨ ᠬᠦ ᠲᠤᠤᠷ᠎ᠠ ᠪᠠᠶᠢᠵᠤ᠂ ᠬᠦᠭᠵᠢᠯᠳᠡ ᠶᠢᠨ ᠠᠷᠭ᠎ᠠ ᠪᠠᠨ ᠬᠤᠪᠢᠷᠠᠭᠤᠯᠬᠤ ᠡᠭᠦᠷᠭᠡ ᠬᠦᠨᠳᠦ ᠪᠠᠶᠢᠬᠤ | ᠪᠠ ᠬᠤᠳᠠᠯᠳᠤᠭ᠎ᠠ ᠡᠵᠡᠩᠨᠡᠬᠦ ᠤᠷᠴᠢᠨ ᠪᠠ ᠴᠢᠨᠠᠷ ᠰᠠᠶᠢᠳᠠᠢ ᠬᠦᠭᠵᠢᠯᠳᠡ ᠨᠢ ᠬᠠᠷᠢᠯᠴᠠᠨ ᠵᠤᠬᠢᠴᠠᠯᠳᠤᠬᠤ ᠦᠭᠡᠢ | ᠪᠠᠶᠢᠭᠰᠠᠭᠠᠷ︔ ᠨᠠᠶᠢᠬᠡᠮ ᠤᠨ ᠠᠷᠠᠳ ᠤᠨ ᠠᠮᠢᠳᠤᠷᠠᠯ ᠤᠨ ᠬᠦᠷᠢᠶ᠎ᠠ ᠬᠡᠪᠴᠢᠶᠠᠨ ᠳᠤ ᠪᠠᠰᠠ ᠠᠷᠪᠢᠨ ᠲᠤᠳᠠᠭᠤᠳᠠᠯ | ᠤᠷᠤᠰᠢᠵᠦ ᠪᠠᠶᠢᠬᠤ ᠶᠤᠮ᠃ ᠰᠤᠷᠭᠠᠨ ᠬᠦᠮᠦᠵᠢᠯ᠂ ᠡᠮ ᠡᠮᠨᠡᠯᠬᠡ ᠵᠡᠷᠬᠡ ᠤᠯᠠᠨ ᠨᠠᠶᠢᠳᠠ ᠶᠢᠨ ᠦᠢᠯᠡᠴᠢᠯᠡᠬᠡᠨ ᠤ | ᠬᠢᠷᠢ ᠲᠦᠪᠰᠢᠨ ᠬᠢᠬᠡᠳ ᠤᠯᠠᠨ ᠲᠦᠮᠡᠨ ᠤ ᠬᠦᠰᠡᠯ ᠡᠷᠡᠮᠡᠯᠵᠡᠯ ᠮᠦᠨ ᠬᠦ ᠵᠦᠷᠢᠶ᠎ᠠ ᠤᠷᠤᠰᠢᠵᠦ ᠪᠤᠢ᠃ ᠡᠳᠡᠬᠡᠷ ᠢ | ᠪᠢᠳᠡ ᠲᠡᠬᠡᠳᠦ ᠬᠡᠮᠵᠢᠶ᠎ᠠ ᠪᠠᠷ ᠴᠢᠬᠤᠯᠠᠴᠢᠯᠠᠨ᠂ ᠬᠤᠶᠢᠰᠢᠳᠠ ᠶᠢᠨ ᠠᠵᠢᠯ ᠲᠤᠮᠳᠠ ᠪᠠᠨ ᠬᠦᠴᠦᠨ ᠪᠦᠬᠦᠢ ᠠᠷᠭ᠎ᠠ | ᠬᠡᠮᠵᠢᠶ᠎ᠡ ᠠᠪᠴᠦ ᠰᠢᠢᠳᠪᠦᠷᠢᠯᠡᠬᠦ ᠬᠡᠷᠡᠭᠳᠠᠢ᠃ | ᠬᠤᠶᠠᠷ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠭᠤᠤᠯ ᠡᠭᠦᠷᠭᠡ ᠬᠠᠷᠠᠯᠳᠠ | ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯ ︽ᠬᠤᠤᠰ ᠵᠠᠭᠤᠨ | ᠵᠢᠯ︾ ᠤᠨ ᠲᠡᠮᠡᠴᠡᠬᠦ ᠬᠠᠷᠠᠯᠳᠠ ᠶᠢᠨ ᠲᠡᠤᠬᠡᠨ ᠰᠤᠯᠪᠢᠴᠠᠯ ᠤᠨ ᠬᠤᠭᠤᠴᠠᠭ᠎ᠠ ᠪᠠᠶᠢᠵᠦ᠂ ᠮᠦᠨ ᠴᠦ ᠨᠡᠶᠢᠭᠡᠮ | ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠤ ᠨᠢᠭᠡᠳᠦᠭᠡᠷ ᠲᠠᠪᠤᠨ ᠵᠢᠯ | ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠤᠯᠤᠨ 2035 ᠤᠨ ᠤ ᠠᠯᠤᠰ | ᠬᠡᠳᠦ ᠶᠢᠨ ᠬᠠᠷᠠᠯᠳᠠ ᠶᠢ ᠲᠤᠭᠳᠠᠭᠠᠬᠤ ᠲᠤᠬᠠᠢ ᠰᠠᠨᠠᠯ︾ ᠢ ᠦᠨᠳᠦᠰᠦᠯᠡᠨ᠂ ᠪᠢᠳᠠ ︽ᠲᠦᠷᠪᠡᠳ ᠬᠤᠰᠢᠭᠤᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ | ᠲᠦᠯᠦᠪᠵᠢᠭᠦᠯᠬᠡ ᠪᠤᠯᠤᠨ 2035 ᠤᠨ ᠤ ᠠᠯᠤᠰ ᠤᠨ ᠬᠠᠷᠠᠯᠳᠠ ᠶᠢᠨ ᠬᠦᠳᠦᠯᠪᠦᠷᠢ ︵ᠲᠦᠰᠦᠯ︶︾ ᠶᠢ | ᠨᠠᠶᠢᠷᠠᠭᠤᠯᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠶᠢ ᠲᠤᠭᠳᠠᠭᠠᠨ᠂ ᠰᠢᠰᠲ᠋ᠧᠮᠵᠢᠯᠡᠭᠰᠡᠨ ᠴᠢᠬᠤᠯᠠ ᠡᠭᠦᠷᠭᠡ | ᠪᠠ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠷᠠᠳᠤᠨ ᠭᠠᠷᠭᠠᠵᠤ᠂ ᠲᠤᠰ ᠤᠳᠠᠭᠠᠨ ᠤ ᠶᠡᠭᠡ ᠬᠤᠷᠠᠯ ᠳᠤ | ᠲᠡᠪᠰᠢᠭᠦᠯᠦᠨ ᠬᠢᠨᠠᠭᠤᠯᠬᠤ ᠪᠠᠷ ᠪᠠᠶᠢᠨ᠎ᠠ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠬᠡ ᠶᠢᠨ | ᠬᠤᠭᠤᠴᠠᠭᠠᠨ ᠳᠤ᠂ ᠵᠠᠰᠠᠭ ᠤᠨ ᠤᠷᠳᠤᠨ ᠤ ᠠᠵᠢᠯ ᠤᠨ ᠲᠡᠮᠡᠴᠡᠬᠦ ᠬᠠᠷᠠᠯᠳᠠ ᠪᠤᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ ᠢ ᠵᠢᠯ ᠳᠤ ᠲᠤᠮᠳᠠᠴᠢ ᠪᠠᠷ 6.9% ᠨᠡᠮᠡᠭᠳᠡᠬᠦᠯᠦᠨ᠂ ᠡᠩ ᠤᠨ ᠤᠯᠠᠨ | ᠨᠡᠶᠢᠳᠡ ᠶᠢᠨ ᠲᠦᠰᠦᠪ ᠤᠨ ᠤᠷᠤᠯᠭ᠎ᠠ ᠶᠢ ᠵᠢᠯ ᠳᠤ ᠲᠤᠮᠳᠠᠴᠢ ᠪᠠᠷ 5% ᠨᠡᠮᠡᠭᠳᠡᠬᠦᠯᠵᠦ᠂ ᠬᠡᠪᠴᠢᠶᠠᠵᠢᠯ ᠠᠴᠠ | ᠲᠡᠬᠡᠭᠰᠢᠬᠢ ᠠᠵᠤ ᠤᠶᠢᠯᠡᠳᠪᠦᠷᠢ ᠶᠢᠨ ᠨᠡᠮᠡᠭᠳᠡᠯ ᠦᠷᠳᠡᠭ ᠢ ᠵᠢᠯ ᠳᠤ ᠲᠤᠮᠳᠠᠴᠢ ᠪᠠᠷ 10% ᠨᠡᠮᠡᠭᠳᠡᠬᠦᠯᠦᠨ᠂ | ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠶᠡᠷᠦᠩᠭᠡᠢ ᠲᠤᠭ᠎ᠠ ᠶᠢ ᠵᠢᠯ ᠳᠤ ᠲᠤᠮᠳᠠᠴᠢ ᠪᠠᠷ 6.5% ᠳᠤ | ᠬᠦᠷᠬᠡᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ | ᠡᠵᠡᠮᠳᠡᠵᠦ ᠪᠤᠯᠬᠤ ᠤᠷᠤᠯᠭ᠎ᠠ ᠶᠢ ᠵᠢᠯ ᠳᠤ ᠲᠤᠮᠳᠠᠴᠢ ᠪᠠᠷ ᠲᠤᠰ ᠲᠤᠰ 5.95% ᠪᠠ 8.65% ᠦᠰᠬᠡᠨ᠂ | ᠭᠠᠳᠠᠭᠠᠳᠦ ᠠᠷᠠᠯᠵᠢᠶᠠᠨ ᠤ ᠤᠷᠤᠭᠤᠯᠤᠯᠳᠠ ᠭᠠᠷᠭᠠᠯᠳᠠ ᠶᠢᠨ ᠲᠤᠭ᠎ᠠ ᠶᠢ ᠵᠢᠯ ᠳᠤ ᠲᠤᠮᠳᠠᠴᠢ ᠪᠠᠷ 14.6% | ᠨᠡᠮᠡᠭᠳᠡᠬᠦᠯᠦᠨ᠎ᠡ᠃ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ ᠬᠠᠷᠠᠯᠳᠠ ᠶᠢ ᠬᠤᠳᠠ ᠶᠢᠨ ᠵᠠᠰᠠᠭ ᠤᠨ | ᠤᠷᠳᠤᠨ ᠤ ᠲᠤᠭᠳᠠᠭᠠᠭᠰᠠᠨ ᠬᠠᠷᠠᠯᠳᠠ ᠶᠢᠨ ᠲᠤᠳᠤᠷ᠎ᠠ ᠡᠵᠡᠮᠳᠡᠨ᠎ᠡ᠃ | ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠵᠠᠰᠠᠭ ᠤᠨ | ᠤᠷᠳᠤᠨ ᠤ ᠠᠵᠢᠯ ᠤᠨ ᠭᠤᠤᠯ ᠡᠭᠦᠷᠭᠡ ᠪᠤᠯ᠄ | ︵ᠨᠢᠭᠡ︶ ᠪᠤᠬᠢᠷᠳᠤᠯ ᠦᠭᠡᠢ ᠬᠦᠭᠵᠢᠯᠳᠡ ᠪᠠᠷ ᠬᠠᠷᠠᠯᠳᠠ ᠪᠠᠨ ᠪᠤᠯᠭᠠᠬᠤ ᠪᠠᠷ ᠪᠠᠷᠢᠮᠳᠠᠯᠠᠵᠤ᠂ ᠠᠮᠢ ᠠᠬᠤᠢ | ᠶᠢᠨ ᠪᠠᠳᠤᠯᠭᠠᠳᠤ ᠱᠤᠭᠤᠮ ᠢ ᠡᠷᠡᠰ ᠰᠠᠬᠢᠨ᠎ᠠ᠃ ︽ᠠᠮᠢ ᠠᠬᠤᠢ ᠶᠢ ᠲᠡᠷᠢᠭᠦᠨ ᠳᠤ ᠲᠠᠯᠪᠢᠵᠦ᠂ ᠪᠤᠬᠢᠷᠳᠤᠯ ᠦᠭᠡᠢ | ᠬᠦᠭᠵᠢᠬᠦᠯᠬᠦ︾ ᠤᠶᠢᠯᠠᠭᠠᠭᠳᠠᠬᠤᠨ ᠢ ᠪᠠᠬᠢᠵᠢᠭᠦᠯᠵᠤ᠂ ᠤᠢ ᠰᠢᠭᠤᠢ᠂ ᠲᠠᠯ᠎ᠠ ᠨᠤᠳᠤᠭ ᠤᠨ ᠠᠮᠢ ᠠᠬᠤᠢ ᠶᠢ ᠵᠠᠰᠠᠨ | ᠬᠠᠮᠠᠭᠠᠯᠠᠬᠤ ᠢᠨᠵᠧᠨᠧᠷᠢᠩ ᠢ ᠬᠦᠨᠵᠡᠭᠡᠶᠢᠷᠡᠭᠦᠯᠦᠨ ᠶᠠᠪᠤᠭᠳᠠᠭᠤᠯᠵᠤ᠂ ᠪᠡᠯᠴᠢᠬᠡᠷᠯᠡᠬᠦᠯᠬᠦ ᠶᠢ ᠴᠠᠭᠠᠵᠠᠯᠠᠬᠤ ᠪᠠ ᠮᠠᠯ | ᠪᠡᠯᠴᠢᠭᠡᠷ ᠢ ᠲᠡᠩᠴᠡᠬᠦᠷᠢᠰᠢᠬᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠠᠮᠢ ᠠᠬᠤᠢ ᠶᠢ ᠬᠠᠮᠠᠭᠠᠯᠠᠬᠤ | ᠰᠡᠷᠭᠡᠶᠢᠯᠡᠯᠳᠡ ᠶᠢᠨ ᠱᠤᠭᠤᠮ ᠢ ᠪᠠᠬᠢᠵᠢᠬᠦᠯᠦᠨ᠎ᠠ ᠰᠢᠨ᠎ᠡ ᠲᠦᠷᠦᠯ ᠵᠤᠶᠢᠯ ᠤᠨ ᠤᠷᠴᠢᠨ ᠲᠤᠭᠤᠷᠢᠨ ᠢ ᠬᠠᠮᠠᠭᠠᠯᠠᠬᠤ | ᠪᠤᠭᠤᠮᠳᠠ ᠪᠠ ᠬᠤᠷᠢᠭ᠎ᠠ ᠱᠤᠭᠤᠮ ᠢ ᠰᠠᠶᠢᠳᠦᠷ ᠰᠠᠬᠢᠨ᠎ᠠ᠃ ᠲᠦᠷᠦᠯ ᠵᠤᠶᠢᠯ ᠤᠨ ᠲᠡᠮᠵᠢᠯᠬᠡ ᠶᠢ ᠢᠳᠠᠪᠬᠢᠳᠠᠢ | ᠤᠯᠵᠦ᠂ ᠬᠤᠩᠭᠤᠷ ᠤᠨ ᠤᠰᠦ ᠶᠢ ᠤᠯᠠᠭᠠᠨᠬᠤᠸᠠ ᠳᠤ ᠤᠷᠤᠭᠤᠯᠬᠤ ᠢᠨᠵᠧᠨ᠋ᠸᠢᠷᠩ ᠢ ᠲᠦᠷᠬᠡᠳᠬᠡᠨ ᠠᠬᠢᠭᠤᠯᠤᠨ᠎ᠠ | ᠃ 2025 ᠤᠨ ᠪᠤᠯᠬᠤ ᠳᠤ ᠤᠢ ᠰᠢᠭᠤᠢ ᠶᠢᠨ ᠪᠦᠷᠬᠦᠴᠡ ᠶᠢᠨ ᠨᠤᠷᠮ᠎ᠡ ᠪᠠ ᠲᠠᠯ᠎ᠠ ᠨᠤᠳᠤᠭ ᠤᠨ ᠤᠷᠭᠤᠮᠠᠯ ᠤᠨ | ᠬᠤᠴᠢᠯᠭ᠎ᠠ ᠶᠢᠨ ᠬᠡᠮᠵᠢᠶ᠎ᠠ ᠶᠢ ᠲᠤᠰᠪᠤᠷᠢ 21.51%᠂ 30% ᠳᠤ ᠬᠦᠷᠬᠡᠬᠦ ᠪᠠᠷ ᠴᠢᠷᠮᠠᠶᠢᠵᠦ᠂ ᠪᠦᠬᠦ | ᠬᠤᠰᠢᠭᠤᠨ ᠤ ᠠᠭᠠᠷ ᠮᠠᠨᠳᠠᠯ ᠤᠨ ᠴᠠᠪᠠᠷᠰᠢᠯ ᠤᠨ ᠬᠠᠷᠢᠴᠠᠯ ᠢ 95% ᠳᠤ ᠪᠠᠳᠤᠯᠠᠨ᠎ᠠ᠃ | ︵ᠬᠤᠶᠠᠷ︶ ᠬᠦᠳᠡᠭᠡ ᠲᠤᠰᠬᠤᠨ ᠤ ᠬᠦᠭᠵᠢᠭᠦᠯᠦᠨ ᠮᠠᠨᠳᠤᠯᠳᠠ ᠪᠠᠷ ᠶᠡᠷᠦᠩᠭᠡᠶᠢᠯᠡᠨ ᠵᠠᠬᠢᠷᠬᠤ ᠶᠢ ᠪᠠᠷᠢᠮᠳᠠᠯᠠᠵᠤ | ᠂ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠵᠤ᠂ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠷᠢᠶᠠᠨ ᠭᠠᠵᠠᠷ ᠤᠨ | ᠤᠯᠠᠭᠠᠨ ᠱᠤᠭᠤᠮ ᠢ ᠪᠠᠳᠤ ᠰᠠᠬᠢᠨ᠂ ᠠᠮᠤ ᠪᠤᠳᠠᠭᠠᠨ ᠤ ᠲᠠᠷᠢᠬᠤ ᠲᠠᠯᠠᠪᠤᠷ ᠪᠤᠯᠤᠨ ᠭᠠᠷᠤᠯᠳᠠ ᠶᠢᠨ ᠬᠡᠮᠵᠢᠶᠡᠨ ᠤ | ᠲᠤᠭᠳᠠᠭᠤᠨ ᠪᠠᠶᠢᠬᠤ ᠶᠢ ᠪᠠᠳᠤᠯᠠᠨ᠎ᠠ᠃ ᠤᠳᠤᠬᠢᠴᠢᠯᠠᠭᠰᠠᠨ ᠮᠠᠯᠵᠢᠯ ᠲᠠᠷᠢᠶᠠᠯᠠᠩ ᠤᠨ ᠦᠢᠯᠡᠰ ᠤᠨ ᠲᠧᠭᠨᠢᠭ | ᠮᠡᠷᠭᠡᠵᠢᠯ ᠤᠨ ᠬᠢᠷᠢ ᠲᠦᠪᠰᠢᠨ ᠢ ᠪᠦᠬᠦ ᠬᠦᠴᠦᠨ ᠢᠶᠠᠷ ᠲᠡᠭᠡᠭᠰᠢᠯᠡᠭᠦᠯᠵᠤ᠂ ᠮᠠᠯᠵᠢᠯ ᠲᠠᠷᠢᠶᠠᠯᠠᠩ ᠤᠨ ᠦᠢᠯᠡᠰ ᠤᠨ | ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠭᠵᠢᠭᠤᠯᠤᠯᠳᠠ ᠶᠢ ᠪᠡᠶᠡᠯᠡᠭᠦᠯᠦᠨ᠎ᠡ᠃ ᠦᠪᠡᠷᠳᠡᠬᠡᠨ ᠵᠠᠰᠠᠬᠤ | ᠤᠷᠤᠨ ᠤ ᠲᠦᠮᠦᠰᠦᠨ ᠤ ᠰᠢᠨᠵᠢᠯᠡᠭᠡ ᠮᠡᠷᠬᠡᠵᠢᠯ ᠤᠨ ᠬᠦᠷᠢᠶᠠᠯᠠᠩ ᠢ ᠪᠠᠶᠢᠭᠤᠯᠵᠦ᠂ ᠤᠯᠤᠰ ᠤᠨ ᠲᠦᠮᠦᠰᠦᠨ ᠤ | ᠰᠢᠯᠢᠳᠡᠭ ᠡᠭᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠪᠠ ᠢᠳᠠᠰᠢᠨ ᠬᠤᠨᠢ ᠲᠡᠵᠢᠬᠡᠬᠦ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ | ᠤᠷᠴᠢᠨ ᠲᠤᠭᠤᠷᠢᠨ ᠢ ᠲᠠᠰᠤᠷᠠᠯᠳᠠ ᠦᠭᠡᠢ ᠰᠠᠶᠢᠵᠢᠷᠠᠭᠤᠯᠤᠨ᠂ ᠵᠠᠰᠠᠯᠳᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠪᠦᠬᠦ ᠡᠳ᠋ ᠤᠨ ᠵᠠᠰᠠᠭ ᠤᠨ ᠬᠦᠴᠦᠨ ᠢᠶᠠᠨ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ | ᠳᠤ ᠬᠡᠯᠪᠡᠶᠢᠯᠬᠡᠵᠦ᠂ 2025 ᠤᠨ ᠪᠤᠯᠬᠤ ᠳᠤ᠂ ᠪᠦᠬᠦ ᠬᠤᠳᠠ ᠶᠢᠨ ᠮᠠᠯᠵᠢᠯ ᠲᠠᠷᠢᠶᠠᠯᠠᠩ ᠤᠨ ᠦᠢᠯᠡᠰ ᠤᠨ | ᠤᠳᠤᠬᠢᠴᠢᠯᠠᠯᠳᠠ ᠶᠢ ᠲᠡᠷᠢᠭᠦᠯᠡᠨ ᠪᠡᠶᠡᠯᠡᠭᠦᠯᠬᠦ ᠪᠠᠷ ᠴᠢᠷᠮᠠᠶᠢᠨ᠎ᠠ᠃ | ︵ᠭᠤᠷᠪᠠ︶ ᠲᠠᠪᠠᠭᠤᠯᠢᠭ ᠠᠵᠤ ᠦᠢᠯᠡᠰ ᠢᠶᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠠᠵᠤ ᠦᠢᠯᠡᠰ | ᠤᠨ ᠲᠡᠰ ᠲᠡᠪᠰᠢᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠬᠡ ᠲᠠᠢ ᠤᠶᠠᠯᠳᠤᠭᠤᠯᠤᠨ᠂ ᠡᠬᠢ ᠪᠠᠶᠠᠯᠢᠭ ᠤᠨ ᠡᠯᠪᠡᠭ ᠪᠠᠶᠢᠳᠠᠯ ᠪᠠ ᠠᠵᠤ ᠦᠢᠯᠡᠰ ᠤᠨ ᠰᠠᠭᠤᠷᠢ | ᠳᠤ ᠲᠦᠰᠢᠭᠯᠡᠵᠦ᠂ ᠰᠠᠯᠬᠢ ᠬᠡᠷᠡᠯ ᠴᠠᠬᠢᠯᠭᠠᠨ ᠤ ᠲᠦᠷᠦᠯ ᠵᠦᠢᠯ ᠤᠨ ᠬᠦᠳᠦᠯᠦᠭᠴᠢ ᠦᠢᠯᠡᠳᠦᠯ ᠢ ᠭᠦᠢᠴᠡᠳ | ᠪᠠᠳᠠᠷᠠᠭᠤᠯᠵᠤ᠂ ᠪᠤᠬᠢᠷᠳᠤᠯ ᠦᠭᠡᠢ ᠴᠡᠪᠡᠷ ᠡᠨᠧᠷᠬᠢ ᠶᠢᠨ ᠠᠵᠤ ᠠᠬᠤᠢ ᠶᠢ ᠶᠡᠭᠡ ᠬᠦᠴᠦᠨ ᠢᠶᠠᠷ ᠬᠦᠭᠵᠢᠭᠦᠯᠦᠨ᠂ | ᠮᠠᠯᠵᠢᠯ ᠲᠠᠷᠢᠶᠠᠯᠠᠩ ᠤᠨ ᠪᠦᠳᠦᠭᠡᠭᠳᠡᠭᠦᠨ ᠢ ᠪᠤᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠦᠷᠭᠡᠳᠬᠡᠵᠤ᠂ | ᠠᠭᠤᠷᠬᠠᠢ ᠶᠢᠨ ᠪᠦᠳᠦᠭᠡᠭᠳᠡᠭᠦᠨ ᠢ ᠰᠤᠩᠭᠤᠬᠤ ᠵᠢᠴᠢ ᠨᠠᠷᠢᠯᠢᠭ ᠪᠤᠯᠪᠠᠰᠤᠷᠠᠭᠤᠯᠤᠨ ᠲᠡᠭᠡᠳᠦ ᠲᠡᠰ ᠤᠨ ᠮᠠᠶ᠋ᠢᠭ ᠤᠨ | ᠪᠦᠳᠦᠭᠡᠭᠳᠡᠭᠦᠨ ᠢᠶᠠᠷ ᠬᠤᠪᠢᠷᠠᠭᠤᠯᠬᠤ ᠶᠢ ᠠᠬᠢᠭᠤᠯᠵᠤ᠂ ᠪᠤᠬᠢᠷᠳᠤᠯ ᠦᠭᠡᠢ ᠴᠡᠪᠡᠷ ᠡᠨᠧᠷᠬᠢ ᠪᠠ ᠮᠠᠯᠵᠢᠯ | ᠲᠠᠷᠢᠶᠠᠯᠠᠩ ᠤᠨ ᠪᠦᠳᠦᠭᠡᠭᠳᠡᠭᠦᠨ ᠢ ᠪᠤᠯᠪᠠᠰᠤᠷᠠᠭᠤᠯᠤᠨ ᠭᠠᠷᠭᠠᠬᠤ ᠰᠠᠭᠤᠷᠢᠨ ᠭᠠᠵᠠᠷ ᠪᠠᠶᠢᠭᠤᠯᠬᠤ ᠪᠠᠷ ᠴᠢᠷᠮᠠᠶᠢᠨ᠎ᠠ᠃ | 2025 ᠤᠨ ᠪᠤᠯᠬᠤ ᠳᠤ᠂ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ ᠪᠠ ᠬᠡᠷᠡᠭᠯᠡᠭᠡᠨ ᠤ ᠬᠠᠷᠢᠴᠠᠯ ᠢ ᠲᠤᠰ | ᠲᠤᠰ ᠪᠦᠬᠦ ᠬᠤᠳᠠ ᠶᠢᠨ 60% ᠪᠠ 30% ᠳᠤ ᠬᠦᠷᠬᠡᠵᠦ᠂ ᠮᠠᠯᠵᠢᠯ ᠲᠠᠷᠢᠶᠠᠯᠠᠩ ᠤᠨ ᠪᠦᠳᠦᠭᠡᠭᠳᠡᠭᠦᠨ ᠤ | ᠪᠤᠯᠪᠠᠰᠤᠷᠠᠭᠤᠯᠬᠤ ᠶᠢ ᠬᠤᠪᠢᠷᠠᠭᠤᠯᠬᠤ ᠨᠤᠷᠮ᠎ᠠ ᠶᠢ 70% ᠠᠴᠠ ᠲᠡᠭᠡᠭᠰᠢ ᠪᠠᠶᠢᠯᠭᠠᠨ᠂ ︽ᠪᠡᠭᠡᠵᠢᠩ ᠲᠢᠶᠠᠨᠵᠢᠨ | ᠾᠧᠪᠸᠢ︾ ᠶᠢᠨ ᠵᠠᠬ᠎ᠠ ᠲᠡᠯᠭᠡᠭᠦᠷ ᠤᠨ ᠬᠠᠩᠭᠠᠯᠭ᠎ᠠ ᠶᠢᠨ ᠪᠠᠳᠤᠯᠠᠭ᠎ᠠ ᠶᠢᠨ ᠲᠦᠪ ᠪᠤᠯᠭᠠᠬᠤ ᠪᠠᠷ ᠴᠢᠷᠮᠠᠶᠢᠨ᠎ᠠ᠃ | ︵ᠲᠦᠷᠪᠡ︶ ᠠᠷᠠᠳ ᠲᠦᠮᠡᠨ ᠪᠤᠯ ᠡᠷᠬᠢᠮ ᠲᠡᠭᠡᠳᠦ ᠪᠠᠶᠢᠬᠤ ᠶᠢ ᠪᠠᠷᠢᠮᠳᠠᠯᠠᠵᠤ᠂ ᠰᠢᠨ᠎ᠡ ᠬᠡᠯᠪᠡᠷᠢ ᠶᠢᠨ | ᠤᠶᠤᠨᠳᠦ ᠬᠤᠳᠠ ᠪᠠᠯᠭᠠᠰᠤ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠬᠠᠭᠤᠴᠢᠨ ᠬᠤᠳᠠ ᠶᠢᠨ ᠲᠤᠭᠤᠷᠢᠭ ᠢ | ᠵᠠᠰᠠᠨ ᠰᠠᠶᠢᠵᠢᠷᠠᠭᠤᠯᠬᠤ ᠬᠦᠴᠦᠯᠡᠴᠡ ᠪᠠᠨ ᠶᠡᠬᠡᠰᠬᠡᠨ᠂ ᠬᠤᠶᠢᠳᠦ ᠬᠡᠰᠡᠭ ᠤᠨ ᠰᠢᠨ᠎ᠡ ᠲᠤᠭᠤᠷᠢᠭ ᠤᠨ | ᠦᠢᠯᠡᠴᠢᠯᠡᠭᠡᠨ ᠤ ᠴᠢᠳᠠᠮᠵᠢ ᠶᠢ ᠦᠷᠭᠡᠳᠬᠡᠨ ᠲᠡᠭᠦᠯᠳᠡᠷᠵᠢᠭᠦᠯᠵᠤ᠂ ᠤᠷᠤᠨ ᠰᠠᠭᠤᠴᠠ᠂ ᠵᠠᠮ ᠱᠤᠭᠤᠮ᠂ ᠬᠤᠭᠤᠯᠠᠢ | ᠲᠤᠤᠷ ᠵᠡᠷᠭᠡ ᠰᠠᠭᠤᠷᠢ ᠲᠤᠨᠤᠭ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠬᠦᠴᠦᠯᠡᠴᠡ ᠪᠠᠨ ᠲᠠᠰᠤᠷᠠᠯᠳᠠ ᠦᠭᠡᠢ | ᠶᠡᠬᠡᠰᠬᠡᠨ᠂ ᠠᠳᠠᠯ ᠠᠬᠤᠢ᠂ ᠠᠷᠢᠭᠤᠨ ᠴᠡᠪᠡᠷ᠂ ᠰᠤᠶᠤᠯ ᠨᠠᠭᠠᠳᠤᠮ ᠵᠡᠷᠭᠡ ᠤᠯᠠᠨ ᠨᠡᠶᠢᠳᠡ ᠶᠢᠨ ᠲᠦᠬᠦᠭᠡᠷᠦᠮᠵᠢ | ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠵᠤ᠂ ᠰᠤᠶᠤᠯ ᠲᠠᠮᠢᠷ᠂ ᠰᠤᠷᠭᠠᠨ | ᠬᠦᠮᠦᠵᠢᠯ᠂ ᠵᠢᠭᠤᠯᠴᠢᠯᠠᠯ᠂ ᠡᠷᠡᠭᠦᠯ ᠠᠰᠠᠷᠠᠮᠵᠢ ᠵᠡᠷᠭᠡ ᠰᠢᠨ᠎ᠡ ᠠᠵᠢᠯ ᠢ ᠢᠵᠢ ᠪᠦᠷᠢᠳᠦᠭᠦᠯᠦᠨ | ᠲᠡᠭᠦᠯᠳᠡᠷᠵᠢᠭᠦᠯᠦᠨ᠎ᠡ᠃ 2025 ᠤᠨ ᠪᠤᠯᠬᠤ ᠳᠤ᠂ ᠬᠤᠳᠠ ᠪᠠᠯᠭᠠᠰᠤᠨ ᠤ ᠬᠠᠭᠤᠴᠢᠨ ᠲᠤᠭᠤᠷᠢᠭ ᠵᠢᠴᠢ | ᠡᠪᠳᠡᠭᠳᠡᠭᠰᠡᠨ ᠵᠠᠮ ᠱᠤᠭᠤᠮ ᠢ ᠪᠦᠬᠦᠨ ᠢ ᠵᠠᠰᠠᠵᠤ᠂ ᠠᠵᠢᠯᠯᠠᠵᠤ ᠠᠮᠢᠳᠤᠷᠠᠬᠤ ᠳᠤ ᠲᠤᠬᠢᠯᠢᠭ ᠤᠶᠤᠨᠳᠦ ᠬᠤᠳᠠ ᠶᠢ | ᠴᠢᠷᠮᠠᠶᠢᠨ ᠪᠠᠶᠢᠭᠤᠯᠤᠨ᠎ᠠ᠃ | ︵ᠲᠠᠪᠤ︶ ᠬᠦᠭᠵᠢᠯᠳᠡ ᠶᠢ ᠬᠠᠮᠳᠤ ᠪᠠᠷ ᠡᠳ᠋ᠯᠡᠬᠦ ᠪᠠᠷ ᠵᠤᠷᠢᠯᠳᠠ ᠪᠤᠯᠭᠠᠬᠤ ᠶᠢ ᠪᠠᠷᠢᠮᠳᠠᠯᠠᠵᠤ᠂ ᠤᠯᠠᠨ ᠲᠦᠮᠡᠨ | ᠤ ᠵᠤᠯ ᠵᠢᠷᠭᠠᠯᠳᠤ ᠲᠦᠷᠦᠭᠳᠡᠯ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠨᠡᠶᠢᠭᠡᠮ ᠤᠨ ᠠᠪᠤᠷᠠᠨ ᠲᠤᠰᠠᠯᠠᠯᠳᠠ᠂ ᠨᠡᠶᠢᠭᠡᠮ ᠤᠨ | ᠲᠠᠭᠠᠳᠬᠠᠯ᠂ ᠨᠡᠶᠢᠭᠡᠮ ᠤᠨ ᠠᠰᠠᠷᠠᠮᠵᠢ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠠᠵᠢᠯ | ᠤᠯᠭᠤᠬᠤ᠂ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠳᠠᠳ ᠢ ᠠᠰᠠᠷᠠᠬᠤ ᠵᠡᠷᠭᠡ ᠦᠨᠳᠦᠰᠦᠨ ᠤᠯᠠᠨ ᠨᠡᠶᠢᠳᠡ | ᠶᠢᠨ ᠦᠢᠯᠡᠴᠢᠯᠡᠭᠡᠨ ᠤ ᠴᠢᠳᠠᠮᠵᠢ ᠶᠢ ᠬᠦᠴᠦᠯᠡᠨ ᠲᠡᠭᠡᠭᠰᠢᠯᠡᠭᠦᠯᠵᠤ᠂ ᠤᠯᠠᠨ ᠲᠦᠮᠡᠨ ᠤ ᠰᠠᠨᠠᠭ᠎ᠠ ᠲᠠᠯᠪᠢᠵᠦ ᠪᠠᠶᠢᠭ᠎ᠠ | ᠪᠤᠳᠠᠳᠤ ᠠᠰᠠᠭᠤᠳᠠᠯ ᠢ ᠰᠢᠢᠳᠪᠦᠷᠢᠯᠡᠨ᠎ᠡ᠃ ᠦᠭᠡᠷᠡᠴᠢᠯᠡᠯᠳᠡ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠵᠤ᠂ | ᠠᠷᠠᠯᠵᠢᠶ᠎ᠠ ᠬᠤᠳᠠᠯᠳᠤᠭᠠᠨ ᠤ ᠤᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠦᠨ᠎ᠡ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠠ ᠶᠢ ᠠᠬᠢᠭᠤᠯᠵᠦ᠂ ᠤᠯᠠᠨ ᠲᠦᠮᠡᠨ ᠤ ᠠᠵᠢᠯ ᠢᠶᠠᠨ ᠬᠦᠢᠴᠡᠳᠬᠡᠬᠦ | ᠳᠤᠨᠢ ᠲᠦᠬᠦᠮ ᠦᠵᠡᠬᠦᠯᠦᠨ᠎ᠡ᠃ ᠠᠷᠠᠳ ᠲᠤ ᠠᠰᠢᠭᠳᠠᠢ ᠠᠷᠠᠳ ᠤᠨ ᠠᠮᠢᠳᠤᠷᠠᠯ ᠤᠨ ᠢᠨᠵᠧᠨᠧᠷᠢᠩ ᠶᠢ | ᠲᠦᠪᠯᠡᠷᠡᠭᠦᠯᠦᠨ ᠠᠳᠬᠤᠵᠤ᠂ ᠠᠷᠠᠳ ᠤᠯᠠᠨ ᠤ ᠬᠦᠭᠵᠢᠯᠳᠡ ᠶᠢᠨ ᠦᠷ᠎ᠡ ᠪᠦᠳᠦᠭᠡᠯ ᠢ ᠬᠠᠮᠳᠤ ᠳᠠᠭᠠᠨ ᠡᠳ᠋ᠯᠡᠨ᠎ᠡ᠃ | | ᠭᠤᠷᠪᠠ᠂ 2021 ᠤᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ᠂ ᠮᠦᠨ | ᠴᠦ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠬᠡ ᠶᠢ ᠡᠬᠢᠯᠡᠭᠦᠯᠦᠭᠰᠡᠨ ᠵᠢᠯ ᠪᠤᠯᠤᠨ᠎ᠠ᠃ ᠡᠨᠡ | ᠵᠢᠯ ᠤᠨ ᠵᠠᠰᠠᠭ ᠤᠨ ᠤᠷᠳᠤᠨ ᠤ ᠠᠵᠢᠯ ᠤᠨ ᠬᠦᠭᠵᠢᠯᠳᠡ ᠶᠢᠨ ᠰᠡᠳᠬᠢᠴᠡ ᠪᠤᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ | ᠤᠳᠠᠭᠠᠨ ᠤ ᠪᠦᠬᠦᠳᠡ ᠬᠤᠷᠠᠯ᠂ ᠭᠤᠷᠪᠠᠳᠤᠭᠠᠷ ᠤᠳᠠᠭᠠᠨ ᠤ ᠪᠦᠬᠦᠳᠡ ᠬᠤᠷᠠᠯ᠂ ᠲᠦᠷᠪᠡᠳᠦᠭᠡᠷ ᠤᠳᠠᠭᠠᠨ ᠤ | ᠪᠦᠬᠦᠳᠡ ᠬᠤᠷᠠᠯ ᠵᠢᠴᠢ ᠲᠠᠪᠤᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ | ᠠᠬᠤᠢ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ ᠠᠷᠪᠠᠳᠤᠭᠠᠷ | ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠠᠵᠢᠯ ᠤᠨ ᠬᠤᠷᠠᠯ ᠤᠨ ᠲᠤᠬᠢᠷᠠᠭᠤᠯᠤᠯᠳᠠ | ᠶᠤᠰᠤᠭᠠᠷ᠂ ᠲᠤᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠤ᠂ ᠰᠢᠨ᠎ᠡ | ᠬᠦᠭᠵᠢᠯᠳᠡ ᠶᠢᠨ ᠱᠠᠳᠤ ᠲᠡᠭᠡᠷ᠎ᠡ ᠰᠠᠭᠤᠷᠢᠯᠠᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ | ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠳᠡ ᠶᠢᠨ ᠲᠤᠭᠳᠠᠴᠠ ᠶᠢ ᠪᠠᠶᠢᠭᠤᠯᠤᠨ᠂ ᠴᠢᠨᠠᠷ ᠰᠠᠶᠢᠳᠠᠢ ᠬᠦᠭᠵᠢᠯᠳᠡ ᠪᠠᠷ | ᠭᠤᠤᠯ ᠰᠡᠳᠦᠪ ᠪᠤᠯᠭᠠᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ | ᠶᠢ ᠬᠦᠨᠵᠡᠭᠡᠶᠢᠷᠡᠭᠦᠯᠬᠦ ᠪᠠᠷ ᠭᠤᠤᠯ ᠱᠤᠭᠤᠮ ᠪᠤᠯᠭᠠᠨ᠂ ᠦᠬᠡᠷᠡᠴᠢᠯᠡᠯᠳᠠ ᠨᠡᠭᠡᠭᠡᠯᠳᠡ ᠪᠠᠷ ᠦᠨᠳᠦᠰᠦᠨ ᠬᠦᠳᠡᠯᠭᠡᠬᠦ | ᠬᠦᠴᠦᠨ ᠪᠤᠯᠭᠠᠵᠤ᠂ ᠤᠯᠠᠨ ᠲᠦᠮᠡᠨ ᠤ ᠡᠳᠦᠷ ᠢᠷᠡᠭᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠤᠷᠢᠯᠭ᠎ᠠ ᠪᠤᠯᠭᠠᠨ᠂ ᠠᠮᠢ ᠠᠬᠤᠢ ᠶᠢ ᠲᠡᠷᠢᠭᠦᠨ ᠪᠠᠶᠢᠷᠢᠨ ᠳᠤ | ᠲᠠᠯᠪᠢᠬᠤ ᠪᠠ ᠪᠤᠬᠢᠷᠳᠤᠯ ᠦᠭᠡᠢ ᠬᠦᠭᠵᠢᠯᠳᠡ ᠪᠠᠷ ᠵᠢᠯᠤᠭᠤᠳᠤᠯᠭ᠎ᠠ ᠪᠤᠯᠭᠠᠬᠤ ᠴᠢᠨᠠᠷ ᠰᠠᠶᠢᠳᠠᠢ ᠬᠦᠭᠵᠢᠯᠳᠡ ᠶᠢᠨ | ᠵᠠᠮ ᠢ ᠭᠤᠶᠢᠪᠢᠰᠢ ᠦᠭᠡᠢ ᠵᠠᠮᠨᠠᠵᠦ᠂ ᠰᠢᠯᠢᠳᠡᠭ ᠬᠢᠷᠢ ᠪᠦᠳᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ | ᠤᠢ ᠶᠢ ᠪᠡᠯᠬᠡᠯᠡᠬᠦ ᠪᠤᠯᠤᠨ᠎ᠠ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠲᠡᠮᠡᠴᠡᠬᠦ ᠬᠠᠷᠠᠯᠳᠠ ᠪᠤᠯ᠄ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 4.7% ᠨᠡᠮᠡᠭᠳᠡᠬᠦᠯᠦᠨ᠂ ᠲᠤᠭᠳᠠᠮᠠᠯ ᠬᠦᠷᠦᠩᠭᠡ ᠶᠢᠨ | ᠪᠠᠯᠠ ᠤᠷᠤᠭᠤᠯᠤᠯᠳᠠ ᠶᠢ 100% ᠨᠡᠮᠡᠭᠳᠡᠬᠦᠯᠵᠦ᠂ ᠬᠡᠪᠴᠢᠶᠠᠵᠢᠯ ᠠᠴᠠ ᠲᠡᠬᠡᠭᠰᠢᠬᠢ ᠠᠵᠤ ᠤᠶᠢᠯᠡᠳᠪᠦᠷᠢ ᠶᠢᠨ | ᠨᠡᠮᠡᠭᠳᠡᠯ ᠦᠷᠳᠡᠭ ᠢ 6.5% ᠨᠡᠮᠡᠭᠳᠡᠬᠦᠯᠦᠨ᠂ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢ 5% | ᠦᠰᠬᠡᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ ᠶᠢ 3.4% ᠳᠤ ᠬᠦᠷᠬᠡᠵᠦ᠂ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ | ᠲᠤᠰᠪᠤᠷᠢ 4% ᠪᠠ 8.% ᠨᠡᠮᠡᠭᠳᠡᠬᠦᠯᠦᠨ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠪᠦᠷᠢᠳᠬᠡᠯ ᠤᠨ | ᠲᠤᠭ᠎ᠠ ᠶᠢ 4.1% ᠲᠤᠳᠤᠷ᠎ᠠ ᠬᠢᠵᠠᠭᠠᠷᠯᠠᠵᠦ᠂ ᠭᠠᠳᠠᠭᠠᠳᠦ ᠠᠷᠠᠯᠵᠢᠶᠠᠨ ᠤ ᠤᠷᠤᠭᠤᠯᠤᠯᠳᠠ ᠭᠠᠷᠭᠠᠯᠳᠠ ᠶᠢᠨ | ᠲᠤᠭ᠎ᠠ ᠶᠢ 40% ᠪᠠᠷ ᠨᠡᠮᠡᠭᠳᠡᠬᠦᠯᠦᠨ᠂ GDP ᠶᠢᠨ ᠬᠤᠷᠤᠭᠳᠠᠯ ᠢ 2.97% ᠪᠠᠷ ᠪᠠᠭᠤᠷᠠᠭᠤᠯᠤᠨ᠎ᠠ᠃ | ᠲᠡᠭᠡᠷ᠎ᠡ ᠶᠠᠷᠢᠭᠰᠠᠨ ᠡᠭᠦᠷᠭᠡ ᠬᠠᠷᠠᠯᠳᠠ ᠶᠢᠨ ᠲᠤᠭᠤᠷᠢᠨ ᠳᠤ᠂ ᠲᠤᠤᠷ᠎ᠠ ᠬᠡᠳᠦᠨ ᠲᠠᠯ᠎ᠠ ᠶᠢᠨ ᠠᠵᠢᠯ ᠢ | ᠭᠤᠤᠯᠴᠢᠯᠠᠨ ᠠᠳᠬᠤᠨ᠎ᠠ᠄ | ︵ᠨᠢᠭᠡ︶ ᠪᠤᠬᠢᠷᠳᠤᠯ ᠦᠭᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠠᠮᠢ ᠠᠬᠤᠢ ᠶᠢᠨ | ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠬᠦᠭᠡ ᠠᠭᠤᠯᠠ ᠬᠦᠬᠡᠮᠳᠦᠭ | ᠤᠰᠤ ᠪᠤᠯ ᠠᠯᠳᠠ ᠮᠦᠩᠭᠦᠨ ᠠᠭᠤᠯᠠ︾ ᠬᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠠᠬᠢᠵᠢᠭᠤᠯᠵᠤ᠂ | ᠠᠭᠤᠯᠠ᠂ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ᠂ ᠡᠪᠡᠰᠦ᠂ ᠡᠯᠡᠰᠦ ᠶᠢ ᠰᠢᠰᠲ᠋ᠧᠮᠵᠢᠭᠦᠯᠦᠨ ᠵᠠᠰᠠᠬᠤ | ᠶᠢ ᠨᠢᠭᠡᠳᠦᠯᠳᠠᠢ ᠠᠬᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ | ᠲᠡᠭᠡᠷ᠎ᠡ ᠰᠢᠨ᠎ᠡ ᠤᠯᠤᠯᠳᠠ ᠲᠠᠢ ᠪᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠨ᠎ᠠ᠃ | ᠲᠠᠷᠢᠶᠠᠯᠠᠩ ᠤᠨ ᠦᠢᠯᠡᠰ ᠤᠨ ᠤᠰᠤ ᠶᠢ ᠠᠷᠪᠢᠯᠠᠵᠤ ᠪᠦᠳᠦᠮᠵᠢ ᠶᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ | ᠦᠢᠯᠡᠰ ᠤᠨ ᠤᠰᠤ ᠶᠢ ᠠᠷᠪᠢᠯᠠᠵᠤ ᠪᠤᠬᠢᠷᠳᠤᠯ ᠢ ᠪᠠᠭᠠᠰᠬᠠᠬᠤ ᠪᠠ ᠬᠤᠳᠠ ᠪᠠᠯᠭᠠᠰᠤᠨ ᠤ ᠤᠰᠤ ᠶᠢ ᠠᠷᠪᠢᠯᠠᠵᠤ | ᠬᠤᠷᠤᠭᠳᠠᠯ ᠢ ᠪᠠᠭᠠᠰᠬᠠᠬᠤ ᠶᠢ ᠨᠢᠭᠡᠳᠦᠯᠳᠠᠢ ᠪᠠᠷ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠲᠦᠪᠯᠡᠷᠡᠬᠦᠯᠦᠨ ᠬᠡᠷᠡᠭᠯᠡᠬᠦ ᠤᠰᠤᠨ ᠤ ᠡᠬᠢ ᠰᠤᠷᠪᠤᠯᠵᠢ ᠶᠢ ᠲᠠᠬᠢᠨ ᠲᠦᠯᠦᠪᠵᠢᠬᠦᠯᠦᠨ ᠬᠠᠮᠠᠭᠠᠯᠠᠬᠤ ᠠᠵᠢᠯ ᠢ | ᠲᠦᠷᠬᠡᠳᠬᠡᠨ ᠬᠡᠷᠡᠭᠵᠢᠬᠦᠯᠵᠦ᠂ ᠰᠢᠨ᠎ᠠ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠤᠭᠤᠷᠢᠭ ᠤᠨ ᠤᠯᠠᠨ | ᠲᠦᠮᠡᠨ ᠤ ᠠᠮᠢᠳᠤᠷᠠᠯ ᠳᠤ ᠬᠡᠷᠡᠭᠯᠡᠬᠦ ᠤᠰᠤ ᠶᠢ ᠴᠠᠪᠠᠷᠰᠢᠬᠦᠯᠬᠦ ᠶᠢ ᠢᠳᠡᠪᠬᠢᠳᠠᠢ ᠠᠬᠢᠭᠤᠯᠤᠨ᠂ ᠤᠰᠤᠨ ᠤ ᠡᠬᠢ | ᠪᠠᠶᠠᠯᠢᠭ ᠢ ᠪᠦᠳᠦᠮᠵᠢᠳᠠᠢ ᠠᠰᠢᠭᠯᠠᠨ᠎ᠠ᠃ ᠲᠠᠷᠢᠶᠠᠯᠠᠩ ᠤᠨ ᠦᠢᠯᠡᠰ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ | ᠶᠡᠭᠡ ᠬᠦᠴᠦᠨ ᠢᠶᠠᠷ ᠬᠡᠷᠡᠭᠵᠢᠭᠦᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠦᠭᠡᠷᠡᠴᠢᠯᠡᠯᠳᠡ ᠶᠢ | ᠢᠳᠡᠪᠢᠳᠠᠢ ᠠᠬᠢᠭᠤᠯᠵᠤ᠂ ᠤᠰᠤ ᠪᠦᠷᠢᠯᠬᠡᠬᠦ ᠲᠦᠷᠦᠯ ᠵᠦᠢᠯ ᠢ ᠴᠢᠩᠭ᠎ᠠ ᠡᠵᠡᠮᠳᠡᠨ᠎ᠡ᠃ ᠬᠠᠳᠤᠨ ᠭᠤᠤᠯ ᠤᠨ ᠰᠠᠪᠠ | ᠤᠷᠤᠨ ᠳᠠᠬᠢ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ ᠶᠢ ᠪᠤᠳᠠᠳᠠᠢ ᠠᠬᠢᠭᠤᠯᠤᠨ᠎ᠠ᠃ | ᠭᠤᠤᠯ ᠮᠦᠷᠡᠨ ᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠤᠮᠳᠠ ᠪᠠᠭ᠎ᠠ ᠮᠦᠷᠡᠨ | ᠤ ᠵᠠᠰᠠᠯᠳᠠ ᠶᠢᠨ ᠬᠦᠴᠦᠯᠡᠴᠡ ᠶᠢ ᠶᠡᠬᠡᠰᠬᠡᠵᠤ᠂ 9500 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠲᠠᠪᠤᠨ | ᠬᠠᠨ ᠤ ᠤᠷᠤᠰᠬᠠᠯ ᠤᠨ ᠬᠤᠶᠠᠷ ᠲᠠᠯ᠎ᠠ ᠶᠢᠨ ᠡᠷᠬᠢ ᠶᠢ ᠵᠠᠰᠠᠬᠤ ᠢᠨᠵᠧᠨᠧᠷᠢᠩ ᠢ 44 ᠺᠢᠯᠤᠮᠧᠲᠷ ᠭᠦᠢᠴᠡᠳᠬᠡᠨ᠎ᠡ᠃ | ᠪᠤᠬᠢᠷᠳᠤᠯ ᠢ ᠵᠠᠰᠠᠬᠤ ᠬᠦᠴᠦᠯᠡᠴᠡ ᠪᠠᠨ ᠶᠡᠬᠡᠰᠬᠡᠨ᠎ᠡ᠃ ︽ᠭᠤᠷᠪᠠᠨ ᠱᠤᠭᠤᠮ ᠨᠢᠬᠡ ᠬᠠᠭᠤᠳᠠᠰᠦ︾ ᠶᠢᠨ | ᠬᠢᠵᠠᠭᠠᠷᠯᠠᠯ ᠢ ᠡᠷᠡᠰ ᠲᠤᠭᠤᠰᠢᠯᠠᠭᠤᠯᠤᠨ᠂ ︽ᠲᠠᠷᠬᠠᠢ ᠪᠤᠳᠠᠷᠬᠠᠢ ᠪᠤᠬᠢᠷᠳᠤᠯ︾ ᠲᠠᠢ ᠠᠵᠤ ᠠᠬᠤᠶᠢᠯᠠᠯ ᠤᠨ | ᠶᠡᠷᠦᠩᠭᠡᠶᠢᠯᠡᠭᠰᠡᠨ ᠴᠡᠭᠴᠡᠯᠡᠯᠳᠡ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠰ ᠤᠨ | ᠬᠠᠳᠠᠭᠤ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠶᠢ ᠲᠠᠰᠤᠷᠠᠯᠳᠠ ᠦᠭᠡᠢ ᠴᠢᠩᠭᠠᠳᠬᠠᠨ᠂ ᠠᠵᠤ | ᠦᠢᠯᠡᠳᠪᠦᠷᠢ ᠶᠢᠨ ᠦᠢᠯᠡᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠪᠠᠭᠤᠷᠠᠢ ᠲᠠᠯ᠎ᠠ | ᠪᠠᠨ ᠨᠦᠬᠦᠪᠦᠷᠢᠯᠡᠨ᠎ᠡ᠃ ᠲᠠᠷᠢᠶᠠᠯᠠᠩ ᠤᠨ ᠦᠢᠯᠡᠰ ᠤᠨ ᠪᠤᠬᠢᠷᠳᠤᠯ ᠢ ᠪᠦᠬᠦ ᠲᠠᠯ᠎ᠠ ᠪᠠᠷ ᠬᠤᠷᠢᠭᠯᠠᠵᠤ᠂ ᠪᠤᠷᠳᠤᠭᠤᠷ | ᠤᠨ ᠬᠡᠮᠵᠢᠶ᠎ᠡ ᠶᠢ ᠪᠠᠭᠠᠰᠬᠠᠵᠤ ᠪᠦᠳᠦᠮᠵᠢ ᠶᠢ ᠲᠡᠭᠡᠭᠰᠢᠯᠡᠬᠦᠯᠬᠦ ᠮᠡᠷᠭᠡᠵᠢᠯ ᠢ ᠢᠳᠡᠪᠬᠢᠳᠠᠢ ᠦᠷᠭᠡᠳᠬᠡᠨ᠂ ᠡᠰᠢ | ᠰᠦᠷᠡᠯ ᠤᠨ ᠲᠦᠷᠢᠮ ᠠᠴᠠ ᠵᠦᠷᠢᠴᠡᠵᠤ ᠢᠯᠡ ᠭᠠᠵᠠᠷ ᠰᠢᠳᠠᠭᠠᠬᠤ ᠶᠢ ᠴᠢᠩᠭ᠎ᠠ ᠬᠠᠮᠢᠶᠠᠷᠴᠦ᠂ ᠬᠠᠶᠠᠭᠳᠠᠮᠠᠯ | ᠬᠠᠭᠤᠴᠢᠨ ᠰᠦᠯᠢᠶᠤᠤ ᠪᠦᠷᠬᠦᠪᠴᠢ ᠶᠢ ᠡᠬᠡᠬᠦᠯᠦᠨ ᠬᠤᠷᠢᠶᠠᠬᠤ ᠬᠦᠴᠦᠯᠡᠴᠡ ᠪᠠᠨ ᠨᠡᠮᠡᠭᠳᠡᠬᠦᠯᠦᠨ᠎ᠡ᠃ ᠲᠦᠷᠦᠯ | ᠵᠤᠶᠢᠯ ᠤᠨ ᠪᠠᠯᠠ ᠮᠦᠩᠭᠦ ᠶᠢ ᠢᠳᠠᠪᠬᠢᠳᠠᠢ ᠤᠯᠵᠦ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ | ᠨᠤᠪᠰᠢ ᠶᠢ ᠴᠤᠭᠯᠠᠭᠤᠯᠤᠨ ᠲᠡᠭᠡᠭᠡᠪᠦᠷᠢᠯᠡᠵᠤ ᠰᠢᠢᠳᠪᠦᠷᠢᠯᠡᠬᠦ ᠰᠠᠭᠤᠷᠢ ᠲᠤᠨᠤᠭ ᠲᠦᠬᠦᠭᠡᠷᠦᠮᠵᠢ ᠶᠢᠨ ᠪᠠᠶᠢᠭᠤᠯᠤᠯᠳᠠ | ᠶᠢ ᠲᠦᠷᠬᠡᠳᠬᠡᠨ ᠠᠬᠢᠭᠤᠯᠵᠤ᠂ ᠬᠤᠳᠠ ᠬᠦᠳᠡᠭᠡ ᠶᠢᠨ ᠠᠮᠢᠳᠤᠷᠠᠯ ᠤᠨ ᠬᠤᠭ ᠨᠤᠪᠰᠢ ᠶᠢ ᠪᠦᠳᠦᠮᠵᠢᠳᠠᠢ | ᠰᠢᠢᠳᠪᠦᠷᠢᠯᠡᠨ᠎ᠡ᠃ ᠠᠮᠢ ᠠᠬᠤᠢ ᠶᠢ ᠵᠠᠰᠠᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠨᠤᠭᠤᠭᠠᠷᠠᠭᠤᠯᠤᠨ | ᠤᠶᠢᠵᠢᠭᠤᠯᠬᠤ ᠪᠠ ᠪᠡᠬᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ ᠢᠨᠵᠧᠨᠧᠷᠢᠩ ᠢ | ᠬᠦᠨᠵᠡᠭᠡᠶᠢᠷᠡᠭᠦᠯᠦᠨ ᠶᠠᠪᠤᠭᠳᠠᠭᠤᠯᠵᠤ᠂ 29 ᠲᠦᠮᠡᠨ ᠮᠦ ᠭᠠᠵᠠᠷ ᠢ ᠬᠠᠭᠠᠯᠪᠤᠷᠢᠯᠠᠬᠤ ᠪᠠᠨ ᠵᠤᠭᠰᠤᠨ ᠡᠪᠡᠰᠦ | ᠲᠠᠷᠢᠵᠦ᠂ 5 ᠲᠦᠮᠡᠨ ᠮᠤ᠋ ᠠᠭᠤᠯᠠ ᠶᠢ ᠪᠢᠳᠠᠬᠦᠮᠵᠢᠯᠠᠨ ᠤᠢ ᠰᠢᠭᠤᠢ ᠤᠶᠢᠵᠢᠭᠤᠯᠤᠨ᠂ ᠬᠦᠮᠦᠨ ᠤ ᠬᠦᠴᠦ ᠪᠠᠷ | 8000 ᠮᠤ᠋ ᠤᠢ ᠰᠢᠭᠤᠢ ᠲᠠᠷᠢᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠡᠬᠢ ᠪᠡᠶᠠᠯᠢᠭ ᠢ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠂ ᠪᠡᠯᠴᠢᠬᠡᠷᠯᠡᠬᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠷᠢᠰᠢᠭᠦᠯᠬᠦ ᠲᠦᠷᠢᠮ | ᠲᠤᠭᠳᠠᠭᠠᠯ ᠢ ᠴᠢᠩᠭ᠎ᠠ ᠬᠡᠷᠡᠭᠵᠢᠭᠦᠯᠦᠨ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ | ᠪᠠᠬᠢᠵᠢᠭᠦᠯᠦᠨ ᠲᠡᠭᠡᠭᠰᠢᠯᠡᠭᠦᠯᠦᠨ᠎ᠡ᠃ ᠠᠭᠤᠷᠬᠠᠢ ᠶᠢᠨ ᠤᠷᠴᠢᠨ ᠲᠤᠭᠤᠷᠢᠨ ᠤ ᠵᠠᠰᠠᠯᠳᠠ ᠶᠢ ᠦᠷᠬᠦᠯᠵᠢᠯᠡᠨ | ᠦᠷᠨᠢᠬᠦᠯᠵᠦ᠂ ᠬᠠᠤᠯᠢ ᠪᠤᠰᠦ ᠪᠠᠷ ᠠᠭᠤᠷᠬᠠᠢ ᠶᠢᠨ ᠤᠷᠤᠨ ᠢ ᠨᠡᠬᠡᠬᠡᠬᠦ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠦ᠂ ᠨᠤᠳᠤᠭ ᠪᠡᠯᠴᠢᠬᠡᠷ ᠤᠢ ᠰᠢᠭᠤᠢ ᠶᠢ ᠡᠪᠳᠡᠭᠰᠡᠨ ᠬᠠᠤᠯᠢ ᠪᠤᠰᠦ ᠠᠵᠢᠯᠯᠠᠭ᠎ᠠ ᠶᠢ ᠲᠤᠰᠬᠠᠶᠢᠯᠡᠨ ᠴᠡᠭᠴᠡᠯᠡᠨ | ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠨ᠎ᠡ᠃ ᠠᠭᠤᠷᠬᠠᠢ ᠶᠢᠨ ᠠᠵᠤ ᠠᠬᠤᠶᠢᠯᠠᠯ ᠤᠨ ᠪᠤᠬᠢᠷᠳᠤᠯ ᠦᠭᠡᠢ | ᠪᠠᠶᠢᠭᠤᠯᠤᠯᠳᠠ ᠶᠢ ᠶᠠᠪᠤᠭᠳᠠᠭᠤᠯᠬᠤ ᠶᠢ ᠢᠳᠡᠪᠬᠢᠳᠠᠢ ᠪᠠᠷ ᠲᠠᠭᠠᠭᠤᠯᠤᠨ ᠵᠢᠯᠤᠭᠤᠳᠴᠦ᠂ ᠦᠪᠡᠷᠳᠡᠭᠡᠨ ᠵᠠᠰᠠᠬᠤ | ᠤᠷᠤᠨ ᠤ ᠲᠡᠰ ᠤᠨ ᠪᠤᠬᠢᠷᠳᠤᠯ ᠦᠭᠡᠢ ᠠᠭᠤᠷᠬᠠᠢ 2 ᠢ ᠪᠠᠶᠢᠭᠤᠯᠬᠤ ᠪᠠᠷ ᠴᠢᠷᠮᠠᠶᠢᠨ᠎ᠠ᠃ | ︵ ᠬᠤᠶᠠᠷ︶ ᠮᠠᠯᠵᠢᠬᠤ ᠲᠠᠷᠢᠶᠠᠯᠠᠬᠤ ᠤᠷᠤᠨ ᠢ ᠤᠷᠢᠳᠠᠪᠠᠷ ᠬᠦᠭᠵᠢᠭᠦᠯᠬᠦ ᠶᠢ ᠪᠠᠷᠢᠮᠳᠠᠯᠠᠵᠤ᠂ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃ ︽ | ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ ᠠᠵᠢᠯ ᠳᠤ ᠲᠦᠪᠯᠡᠷᠡᠬᠦᠯᠦᠨ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠵᠦ᠂ | ᠮᠠᠯᠵᠢᠬᠤ ᠲᠠᠷᠢᠶᠠᠯᠠᠬᠤ ᠤᠷᠤᠨ ᠢ ᠪᠦᠳᠦᠬᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠬᠦᠯᠦᠨ᠂ ᠬᠦᠳᠡᠭᠡ | ᠲᠤᠰᠬᠤᠨ ᠤ ᠤᠳᠤᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠦᠷ᠎ᠡ ᠪᠦᠳᠦᠮᠵᠢ ᠶᠢ ᠪᠠᠬᠢᠵᠢᠭᠦᠯᠦᠨ ᠲᠡᠭᠡᠭᠰᠢᠯᠡᠭᠦᠯᠦᠨ᠎ᠡ᠃ ︽ᠲᠦᠷᠪᠡ | ᠶᠢ ᠲᠠᠶᠠᠭᠳᠠᠬᠤ ᠦᠭᠡᠢ︾ ᠶᠢ ᠴᠢᠩᠭ᠎ᠠ ᠬᠡᠷᠡᠭᠵᠢᠭᠦᠯᠵᠤ᠂ ᠵᠢᠯ ᠳᠤ 3.9 ᠳ᠋ᠦᠩᠰᠢᠭᠤᠷ ᠲᠦᠬᠦᠷᠢᠭ ᠤᠨ ᠪᠠᠯᠡ | ᠤᠷᠤᠭᠤᠯᠤᠨ᠂ 67 ᠲᠦᠷᠦᠯ ᠵᠤᠶᠢᠯ ᠬᠡᠷᠡᠭᠵᠢᠬᠦᠯᠵᠦ᠂ ᠬᠦᠳᠡᠭᠡ ᠲᠤᠰᠬᠤᠨ ᠤ ᠬᠦᠭᠵᠢᠭᠦᠯᠦᠨ ᠮᠠᠨᠳᠤᠭᠤᠯᠤᠯᠳᠠ | ᠲᠠᠢ ᠵᠤᠯᠭᠠᠯᠳᠤᠭᠤᠯᠤᠨ ᠬᠤᠯᠪᠤᠭᠠᠯᠠᠬᠤ ᠶᠢ ᠰᠠᠶᠢᠳᠤᠷ ᠬᠢᠨ᠎ᠠ᠃ ᠲᠠᠬᠢᠨ ᠶᠠᠳᠠᠭᠤᠷᠠᠬᠤ ᠶᠢ ᠬᠢᠨᠠᠨ ᠪᠠᠶᠢᠴᠠᠭᠠᠬᠤ ᠪᠠ | ᠶᠠᠳᠠᠭᠤ ᠶᠢ ᠲᠡᠳᠬᠦᠬᠦ ᠲᠦᠷᠢᠮ ᠢ ᠲᠡᠭᠦᠯᠳᠡᠷᠵᠢᠭᠦᠯᠦᠨ᠂ ᠠᠵᠢᠯ ᠤᠯᠭᠤᠬᠤ ᠪᠠ ᠠᠵᠦ ᠦᠢᠯᠡᠰ ᠢᠶᠠᠷ ᠲᠡᠳᠬᠦᠬᠦ | ᠬᠦᠴᠦᠯᠡᠴᠡ ᠶᠢ ᠦᠷᠬᠦᠯᠵᠢᠯᠡᠨ ᠶᠡᠬᠡᠰᠬᠡᠨ᠎ᠡ᠃ ᠤᠨᠳᠤᠤ ᠭᠠᠵᠠᠷ ᠲᠤ ᠨᠡᠭᠦᠯᠭᠡᠨ ᠰᠢᠯᠵᠢᠭᠦᠯᠦᠭᠰᠡᠨ ᠤ ᠲᠠᠷᠠᠭ᠎ᠠ | ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠤ ᠬᠦᠮᠦᠨ ᠠᠮᠠ ᠶᠢᠨ ᠲᠤᠭᠳᠠᠭᠤᠨ ᠢᠶᠠᠷ | ᠤᠷᠤᠯᠭ᠎ᠠ ᠨᠡᠮᠡᠭᠳᠡᠬᠦ ᠶᠢ ᠠᠬᠢᠭᠤᠯᠤᠨ᠎ᠠ᠃ ᠪᠡᠭᠡᠵᠢᠩ ᠬᠤᠳᠠ ᠶᠢᠨ ᠬᠤᠸᠠᠢ ᠷᠧᠦ ᠲᠤᠭᠤᠷᠢᠭ ᠤᠨ ᠠᠵᠢᠯ ᠲᠦᠷᠦᠯ | ᠢᠶᠠᠷ ᠨᠢ ᠬᠠᠪᠰᠤᠷᠤᠨ ᠲᠡᠳᠬᠦᠬᠦ ᠪᠤᠯᠤᠨ ᠰᠢᠩ ᠰᠢᠨ ᠵᠢᠢ ᠬᠤᠸᠠ ᠪᠦᠯᠦᠭᠯᠡᠯ ᠤᠨ ᠴᠢᠭ ᠲᠤᠭᠳᠠᠭᠠᠨ ᠬᠠᠪᠰᠤᠷᠤᠨ | ᠲᠡᠳᠬᠦᠬᠦ ᠲᠤᠬᠢᠶᠠᠯ ᠢ ᠠᠳᠬᠤᠵᠤ᠂ ᠠᠵᠤ ᠦᠢᠯᠡᠰ ᠤᠨ ᠬᠤᠯᠪᠤᠭᠠᠯᠠᠬᠤ᠂ ᠴᠢᠳᠠᠪᠤᠷᠢᠳᠠᠨ ᠤ ᠬᠠᠷᠢᠯᠴᠠᠭ᠎ᠠ᠂ | ᠬᠦᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠬᠦᠴᠦᠯᠡᠴᠡ ᠪᠠᠨ | ᠶᠡᠬᠡᠰᠬᠡᠨ᠎ᠡ᠃ ᠶᠠᠳᠠᠭᠤ ᠶᠢ ᠲᠡᠳᠬᠦᠨ ᠪᠡᠯᠡ ᠤᠷᠤᠭᠤᠯᠬᠤ ᠺᠤᠮᠫᠠᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠶᠠᠳᠠᠭᠤ ᠶᠢ ᠲᠡᠳᠬᠦᠬᠦ ᠡᠳ᠋ ᠬᠦᠷᠦᠩᠭᠡ ᠶᠢ ᠡᠵᠡᠩᠨᠡᠨ ᠬᠠᠮᠢᠶᠠᠷᠬᠤ᠂ ᠬᠠᠮᠠᠭᠠᠯᠠᠬᠤ ᠪᠠ ᠬᠢᠨᠠᠬᠤ ᠶᠢ ᠴᠢᠩᠭᠠᠳᠬᠠᠵᠤ᠂ | ᠭᠠᠴᠠᠭ᠎ᠠ ᠲᠤᠰᠬᠤᠨ ᠤ ᠬᠠᠮᠳᠦ ᠨᠡᠶᠢᠳᠡ ᠶᠢᠨ ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢ ᠪᠠᠳᠤᠯᠠᠨ᠎ᠠ᠃ ᠠᠵᠤ | ᠦᠢᠯᠡᠰ ᠤᠨ ᠪᠦᠳᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠲᠠᠷᠢᠬᠤ ᠪᠠᠷ ᠲᠡᠵᠢᠭᠡᠬᠦ ᠶᠢ ᠠᠬᠢᠭᠤᠯᠵᠤ᠂ | ᠲᠠᠷᠢᠵᠤ ᠲᠡᠵᠢᠭᠡᠬᠦ ᠶᠢ ᠤᠶᠠᠯᠳᠤᠭᠤᠯᠤᠨ᠂ ᠲᠡᠵᠢᠭᠡᠬᠦ ᠪᠠᠷ ᠲᠠᠬᠢᠨ ᠲᠤᠬᠢᠷᠠᠭᠤᠯᠬᠤ︾ ᠮᠠᠯᠵᠢᠯ ᠲᠠᠷᠢᠶᠠᠯᠠᠩ ᠤᠨ | ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ᠰᠡᠳᠬᠢᠴᠡ ᠶᠢ ᠪᠠᠷᠢᠮᠳᠠᠯᠠᠵᠤ᠂ ᠲᠦᠮᠦᠰᠦ᠂ ᠬᠤᠨᠢᠨ ᠮᠢᠬ᠎ᠠ | ᠬᠤᠶᠠᠷ ᠶᠡᠭᠡ ᠭᠤᠤᠯᠯᠠᠬᠤ ᠠᠵᠤ ᠦᠢᠯᠡᠰ ᠤᠨ ᠲᠤᠭᠤᠷᠢᠨ ᠳᠤ᠂ ᠲᠠᠷᠢᠬᠤ ᠦᠢᠯᠡᠰ ᠤᠨ ᠮᠡᠷᠭᠡᠵᠢᠯ ᠤᠨ ᠡᠬᠦᠳᠦᠯᠳᠠ | ᠶᠢ ᠢᠳᠡᠪᠬᠢᠳᠠᠢ ᠶᠠᠪᠤᠭᠳᠠᠭᠤᠯᠵᠤ᠂ ᠵᠦᠩ ᠵᠢᠶᠠ᠂ ᠰᠢᠨ ᠢᠦᠢ ᠵᠡᠷᠭᠡ ᠬᠦᠳᠦᠴᠢ ᠠᠵᠤ ᠠᠬᠤᠶᠢᠯᠠᠯ ᠳᠤ | ᠲᠦᠰᠢᠭᠯᠡᠨ᠂ ᠤᠯᠤᠰ ᠤᠨ ᠲᠡᠰ ᠤᠨ ᠲᠦᠮᠦᠰᠦᠨ ᠤ ᠡᠬᠦᠯᠳᠠᠷ ᠦᠷ᠎ᠡ ᠶᠢᠨ ᠰᠠᠭᠤᠷᠢᠨ ᠭᠠᠵᠠᠷ ᠢ ᠪᠦᠳᠦᠬᠡᠨ | ᠪᠠᠶᠢᠭᠤᠯᠬᠤ ᠲᠦᠷᠦᠯ ᠵᠤᠶᠢᠯ ᠢ ᠲᠦᠷᠬᠡᠳᠬᠡᠵᠦ᠂ ᠲᠦᠮᠦᠰᠦᠨ ᠤ ᠦᠷ᠎ᠡ ᠶᠢᠨ ᠦᠢᠯᠡᠰ ᠤᠨ ᠰᠢᠨ᠎ᠡ ᠶᠢ ᠡᠬᠦᠳᠬᠦ | ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠰᠢᠯᠡᠬᠦᠯᠦᠨ᠎ᠡ᠃ ᠰᠠᠢ ᠨᠥᠸᠧ ᠺᠤᠮᠫᠠᠨᠢ ᠳᠤ ᠲᠦᠰᠢᠭᠯᠡᠨ᠂ ᠳ᠋ᠦ᠋ ᠮᠧᠩ | ᠬᠤᠨᠢᠨ ᠮᠢᠬᠠᠨ ᠤ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠢᠳᠡᠰᠢᠨ ᠬᠤᠨᠢᠨ ᠤ ᠡᠬᠦᠯᠳᠡᠷ ᠦᠷ᠎ᠡ ᠶᠢᠨ | ᠰᠢᠰᠲ᠋ᠧᠮ ᠢ ᠲᠠᠰᠤᠷᠠᠯᠳᠠ ᠦᠭᠡᠢ ᠴᠢᠩᠭᠠᠳᠬᠠᠨ᠂ ︽ᠳ᠋ᠦ᠋ ᠮᠧᠩ︾ ᠢᠳᠠᠰᠢᠨ ᠬᠤᠨᠢᠨ ᠤ ᠰᠢᠨ᠎ᠡ ᠪᠦᠳᠦᠬᠡᠭᠳᠡᠬᠦᠨ | ᠢ ᠤᠶᠢᠯᠡᠳᠪᠦᠷᠢᠯᠡᠵᠦ᠂ ᠤᠯᠤᠰ ᠤᠨ ᠰᠢᠯᠭᠠᠨ ᠬᠢᠨᠠᠯᠳᠠ ᠶᠢ ᠦᠩᠭᠡᠷᠡᠬᠦᠯᠬᠦ ᠪᠠᠷ ᠴᠢᠷᠮᠠᠶᠢᠨ᠎ᠠ᠃ ᠤᠰᠦ ᠠᠷᠪᠢᠯᠠᠬᠤ | ᠶᠢ ᠲᠡᠷᠢᠬᠦᠨ ᠳᠤ ᠲᠠᠯᠪᠢᠵᠦ᠂ ᠬᠠᠭᠤᠷᠠᠢ ᠲᠠᠷᠢᠮᠠᠯ ᠤᠨ ᠤᠷᠭᠠᠨᠢᠭ ᠲᠠᠷᠢᠶᠠᠯᠠᠩ ᠢ ᠲᠤᠪᠤᠶᠢᠯᠭᠠᠨ ᠠᠳᠬᠤᠵᠦ᠂ | ᠪᠤᠭᠤᠳᠠᠢ᠂ ᠬᠤᠰᠢᠮᠠᠭ᠂ ᠰᠢᠯᠢᠮᠳᠡᠭ ᠵᠡᠷᠬᠡ ᠲᠠᠷᠢᠮᠠᠯ ᠢ ᠶᠡᠬᠡᠪᠡᠷ ᠬᠦᠭᠵᠢᠬᠦᠯᠦᠨ᠂ ᠲᠠᠷᠢᠮᠠᠯ ᠤᠨ ᠦᠢᠯᠡᠰ ᠤᠨ | ᠪᠦᠳᠦᠴᠡ ᠶᠢᠨ ᠲᠤᠬᠢᠷᠠᠭᠤᠯᠤᠯᠳᠠ ᠶᠢ ᠬᠦᠴᠦᠯᠡᠨ ᠰᠢᠯᠢᠳᠡᠭᠵᠢᠬᠦᠯᠦᠨ᠎ᠡ᠃ ︽ᠵᠠᠰᠠᠭ ᠤᠨ ᠤᠷᠳᠤᠨ ᠢᠶᠠᠷ | ᠲᠠᠭᠠᠭᠤᠯᠵᠤ᠂ ᠺᠤᠮᠫᠠᠨᠢ ᠠᠴᠠ ᠡᠷᠬᠢᠯᠡᠨ᠂ ᠲᠠᠷᠢᠶᠠᠴᠢᠳ ᠤᠷᠤᠯᠴᠠᠬᠤ︾ ᠬᠡᠪ ᠮᠠᠶ᠋ᠢᠭ ᠢ ᠪᠠᠷᠢᠮᠳᠠᠯᠠᠨ᠂ | ᠨᠡᠶᠢᠬᠡᠮᠴᠢᠯᠡᠯᠳᠠ ᠶᠢᠨ ᠦᠢᠯᠡᠴᠢᠯᠡᠬᠡᠨ ᠤ ᠰᠢᠰᠲ᠋ᠧᠮ ᠢ ᠲᠠᠳᠠᠨ ᠤᠷᠤᠭᠤᠯᠵᠦ᠂ 5 ᠲᠦᠮᠡᠨ ᠮᠤ᠋ ᠶᠢᠨ ᠦᠨᠳᠦᠷ | ᠪᠠᠷᠢᠮᠵᠢᠶᠠᠳᠦ ᠬᠠᠭᠤᠷᠠᠢ ᠲᠠᠷᠢᠶ᠎ᠠ ᠪᠠ 30 ᠲᠦᠮᠡᠨ ᠮᠦ ᠶᠢᠨ ᠡᠪᠡᠰᠦ ᠪᠤᠷᠳᠤᠭᠠᠨ ᠤ ᠠᠵᠦ ᠦᠢᠯᠡᠰ ᠤᠨ ᠲᠦᠷᠦᠯ | ᠵᠤᠶᠢᠯ ᠢ ᠪᠠᠶᠢᠭᠤᠯᠤᠨ᠎ᠠ᠃ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠦ᠂ ᠠᠮᠤ ᠪᠤᠳᠠᠭᠠᠨ ᠤ | ᠶᠡᠷᠦᠩᠭᠡᠢ ᠲᠠᠷᠢᠬᠤ ᠲᠠᠯᠠᠪᠠᠢ ᠶᠢ 130 ᠲᠦᠮᠡᠨ ᠮᠤ᠋ ᠠᠴᠠ ᠲᠡᠭᠡᠭᠰᠢ ᠲᠤᠭᠳᠠᠪᠤᠷᠢᠵᠢᠭᠤᠯᠤᠨ᠎ᠠ᠃ ᠮᠠᠯ ᠠᠵᠦ ᠠᠬᠤᠢ | ᠶᠢᠨ ᠤᠯᠠᠨ ᠡᠰᠢᠵᠢᠭᠰᠡᠨ ᠬᠦᠭᠵᠢᠯᠳᠠ ᠶᠢ ᠲᠦᠷᠬᠡᠳᠬᠡᠨ᠂ ᠬᠡᠪᠴᠢᠶᠠᠵᠢᠬᠦᠯᠦᠨ ᠪᠠᠷᠢᠮᠵᠢᠶᠠᠵᠢᠭᠤᠯᠵᠦ ᠲᠠᠵᠢᠬᠡᠬᠦ ᠶᠢ | ᠠᠬᠢᠭᠤᠯᠵᠦ᠂ ᠵᠢᠯ ᠳᠤ 130 ᠲᠦᠮᠨᠨ ᠢᠳᠡᠰᠢᠨ ᠬᠤᠨᠢ᠂ 10 ᠲᠦᠮᠡᠨ ᠦᠭᠡᠷ᠂ 5 ᠲᠦᠮᠡᠨ ᠭᠠᠭ᠋ᠠᠢ | ᠪᠤᠷᠤᠯᠠᠭᠤᠯᠤᠨ ᠰᠢᠢᠳᠪᠦᠷᠢᠯᠡᠨ᠎ᠡ᠃ ᠮᠠᠯᠵᠢᠯ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠦᠷᠭᠡᠳᠬᠡᠨ᠎ᠡ᠃ | ᠮᠠᠯᠵᠢᠯ ᠲᠠᠷᠢᠶᠠᠯᠠᠩ ᠤᠨ ᠠᠵᠤ ᠦᠢᠯᠡᠰᠵᠢᠭᠦᠯᠦᠨ ᠬᠤᠯᠪᠤᠭᠠᠯᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ | ᠂ ᠰᠢᠨ᠎ᠡ ᠬᠡᠯᠪᠡᠷᠢ ᠶᠢᠨ ᠮᠠᠯᠵᠢᠯ ᠲᠠᠷᠢᠶᠠᠯᠠᠩ ᠤᠨ ᠦᠢᠯᠡᠰ ᠤᠨ ᠡᠵᠡᠩᠨᠡᠯᠳᠡ ᠶᠢᠨ ᠭᠤᠤᠯ ᠴᠤᠭᠴᠠ ᠪᠠ | ᠦᠢᠯᠡᠴᠢᠯᠡᠭᠡᠨ ᠤ ᠴᠤᠭᠴᠠ ᠶᠢ ᠪᠤᠯᠪᠠᠰᠤᠷᠠᠭᠤᠯᠤᠨ᠂ ᠮᠠᠯᠵᠢᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ | ᠪᠤᠯᠪᠠᠰᠤᠷᠠᠭᠤᠯᠬᠤ ᠮᠡᠷᠭᠡᠵᠢᠯ ᠢ ᠬᠤᠷᠠᠮᠳᠤᠭᠤᠯᠬᠤ ᠰᠠᠭᠤᠷᠢᠨ ᠭᠠᠵᠠᠷ ᠪᠠ ᠡᠳ᠋ᠰᠢᠭᠦᠯᠦᠨ ᠪᠤᠯᠪᠠᠰᠤᠷᠠᠭᠤᠯᠬᠤ ᠵᠢᠱᠢᠶ᠎ᠠ | ᠦᠵᠡᠬᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠪᠤᠯᠪᠠᠰᠤᠷᠠᠭᠤᠯᠬᠤ ᠨᠤᠷᠮ᠎ᠠ ᠶᠢ 67% ᠳᠤ ᠬᠦᠷᠬᠡᠨ᠎ᠡ᠃ ᠡᠬᠦᠯᠳᠡᠷ ᠦᠷ᠎ᠡ ᠶᠢᠨ ᠰᠢᠨ᠎ᠡ ᠡᠬᠦᠳᠦᠯᠳᠠ ᠪᠠ ᠡᠬᠦᠯᠳᠠᠷ | ᠦᠷ᠎ᠡ ᠶᠢ ᠪᠤᠶᠢᠵᠢᠭᠤᠯᠬᠤ ᠴᠢᠳᠠᠪᠤᠷᠢ ᠶᠢ ᠲᠠᠰᠤᠷᠠᠯᠳᠠ ᠶᠢ ᠲᠡᠬᠡᠭᠰᠢᠯᠡᠬᠦᠯᠦᠨ᠂ ᠦᠪᠡᠷᠳᠡᠬᠡᠨ ᠵᠠᠰᠠᠬᠤ ᠤᠷᠤᠨ ᠤ | ᠲᠡᠰ ᠤᠨ ᠲᠦᠮᠦᠰᠦᠨ ᠤ ᠠᠵᠦ ᠦᠢᠯᠡᠰ ᠤᠨ ᠬᠦᠷᠢᠶᠠᠯᠠᠩ ᠢ ᠢᠳᠠᠪᠬᠢᠳᠠᠢ ᠪᠠᠶᠢᠭᠤᠯᠵᠦ᠂ ᠲᠦᠮᠦᠰᠦᠨ ᠤ ᠠᠵᠦ | ᠦᠢᠯᠡᠰ ᠤᠨ ᠲᠤᠳᠠᠭᠤᠳᠠᠯ ᠢ ᠨᠦᠬᠦᠪᠦᠷᠢᠯᠡᠨ᠎ᠡ᠃ ᠢᠳᠡᠰᠢᠨ ᠬᠤᠨᠢ ᠲᠠᠵᠢᠬᠡᠬᠦ ᠲᠠᠯᠠᠪᠤᠷ ᠪᠤᠯᠤᠨ ᠮᠠᠯ ᠤᠨ | ᠠᠷᠠᠯᠵᠢᠶᠠᠨ ᠤ ᠵᠠᠬ᠎ᠠ ᠲᠡᠯᠬᠡᠬᠦᠷ ᠤᠨ ᠲᠦᠷᠦᠯ ᠵᠦᠢᠯ ᠪᠠ ᠮᠢᠨ ᠮᠤᠤ ᠨᠢᠳᠦᠯᠵᠦ ᠡᠳ᠋ᠰᠢᠬᠦᠯᠬᠦ ᠲᠦᠷᠦᠯ ᠵᠦᠢᠯ ᠢ | ᠲᠦᠷᠭᠡᠳᠬᠡᠨ ᠠᠬᠢᠭᠤᠯᠵᠤ᠂ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠳ᠋ᠠ ᠰᠢᠶᠠᠩ | ᠪᠦᠯᠦᠭᠯᠡᠯ ᠤᠨ ᠭᠠᠭ᠋ᠠᠢ ᠲᠡᠵᠢᠭᠡᠬᠦ ᠰᠠᠭᠤᠷᠢᠨ ᠭᠠᠵᠠᠷ ᠤᠨ ᠲᠦᠷᠦᠯ ᠵᠦᠢᠯ ᠢ ᠢᠳᠡᠪᠬᠢᠳᠠᠢ ᠠᠬᠢᠭᠤᠯᠵᠤ᠂ ᠮᠠᠯᠵᠢᠯ | ᠲᠠᠷᠢᠶᠠᠯᠠᠩ ᠤᠨ ᠦᠢᠯᠡᠰ ᠤᠨ ᠤᠯᠠᠨ ᠡᠰᠢᠵᠢᠭᠦᠯᠦᠭᠰᠡᠨ ᠬᠦᠭᠵᠢᠯᠳᠡ ᠶᠢ ᠠᠬᠢᠭᠤᠯᠤᠨ᠎ᠠ᠃ ᠤᠯᠤᠰ ᠤᠨ ᠲᠡᠰ ᠤᠨ | ᠲᠠᠷᠢᠶᠠᠯᠠᠩ ᠤᠨ ᠦᠢᠯᠡᠰ ᠤᠨ ᠬᠦᠴᠦᠷᠬᠡᠭ ᠬᠤᠰᠢᠭᠤ ᠶᠢ ᠢᠳᠠᠪᠬᠢᠳᠠᠢ ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ | ᠤ ᠲᠠᠰ ᠤᠨ ︽ᠨᠢᠬᠡ ᠲᠤᠰᠬᠤᠨ ᠨᠢᠬᠡ ᠪᠦᠳᠦᠬᠡᠭᠳᠡᠬᠦᠨ︾ ᠤ ᠵᠢᠱᠢᠶ᠎ᠠ ᠦᠵᠡᠬᠦᠯᠬᠦ ᠲᠤᠰᠬᠤᠨ 1 — 2 ᠢ | ᠪᠠᠶᠢᠭᠤᠯᠬᠤ ᠪᠠᠷ ᠴᠢᠷᠮᠠᠶᠢᠨ᠎ᠠ᠃ ᠮᠠᠯ ᠲᠠᠷᠢᠶᠠᠯᠠᠩ ᠤᠨ ᠪᠦᠳᠦᠬᠡᠭᠳᠡᠬᠦᠨ ᠤ ᠨᠡᠷᠡᠳᠦ ᠲᠡᠮᠳᠡᠭᠳᠦ ᠶᠢ ᠪᠠᠶᠢᠭᠤᠯᠬᠤ | ᠠᠵᠢᠯ ᠢ ᠴᠢᠩᠭᠠᠳᠬᠠᠵᠤ᠂ ᠪᠤᠬᠢᠷᠳᠤᠯ ᠦᠭᠡᠢ᠂ ᠤᠷᠭᠠᠨᠢᠭ ᠲᠠᠷᠢᠶᠠᠯᠠᠩ ᠤᠨ ᠪᠦᠳᠦᠬᠡᠭᠳᠡᠬᠦᠨ ᠪᠠ ᠭᠠᠵᠠᠷ ᠵᠦᠢ ᠶᠢᠨ | ᠪᠡᠯᠬᠡ ᠲᠡᠮᠳᠡᠭ ᠪᠤᠯᠤᠭᠰᠠᠨ ᠪᠦᠳᠦᠬᠡᠭᠳᠡᠬᠦᠨ ᠢ 1 — 2 ᠢ ᠰᠢᠨ᠎ᠡ ᠪᠠᠷ ᠨᠡᠮᠡᠵᠦ ᠪᠠᠶᠢᠭᠤᠯᠤᠨ᠎ᠠ᠃ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ | ᠠᠮᠢᠳᠤᠷᠠᠬᠤ ᠳᠤ ᠲᠤᠬᠢᠷᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠤᠯᠤᠰ ᠤᠨ ᠵᠠᠮ ᠤᠨ 335 ᠳ᠋ᠤᠭᠠᠷ | ᠱᠤᠭᠤᠮ ᠳᠠᠬᠢ ᠰᠠᠨ ᠶᠤᠸᠠᠨ ᠵᠢᠩ — ᠰᠢᠶᠣᠣ ᠳ᠋ᠦᠩ ᠶᠢᠩ ᠬᠦᠷᠳᠡᠯᠡᠬᠢ ᠬᠡᠰᠡᠭ ᠤᠨ 39.9 ᠺᠢᠯᠤᠮᠧᠲᠷ ᠤᠨ | ᠨᠢᠭᠡᠳᠦᠭᠡᠷ ᠲᠡᠰ ᠤᠨ ᠵᠠᠰᠠᠮᠠᠯ ᠵᠠᠮ ᠤᠨ ᠢᠨᠵᠧᠨᠧᠷᠢᠩ ᠪᠠ ᠤᠯᠠᠭᠠᠨᠬᠤᠸᠠ ᠪᠠᠯᠭᠠᠰᠤᠨ ᠤ ᠡᠮᠦᠨ᠎ᠡ ᠤᠮᠠᠷ᠎ᠠ ᠶᠢᠨ | ᠭᠠᠷᠬᠤ ᠵᠠᠮ ᠤᠨ ᠵᠦᠷᠢᠯᠢᠭ ᠬᠦᠬᠦᠷᠬᠡ ᠶᠢᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠂ ᠵᠢᠯ ᠤᠨ | ᠲᠤᠳᠤᠷ᠎ᠠ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠭᠡᠭᠡᠨᠳᠠᠯ᠎ᠠ — ᠬᠤᠩᠭᠤᠷ ᠰᠤᠮᠤ ᠬᠦᠷᠬᠦ 32.6 ᠺᠢᠯᠤᠮᠧᠲᠷ | ᠤᠨ ᠵᠠᠰᠠᠮᠠᠯ ᠵᠠᠮ ᠢ ᠵᠠᠰᠠᠨ ᠪᠠᠶᠢᠭᠤᠯᠬᠤ ᠢᠨᠵᠧᠨᠧᠷᠢᠩ ᠢ ᠲᠦᠷᠬᠡᠳᠬᠡᠨ ᠬᠡᠷᠡᠭᠵᠢᠬᠦᠯᠵᠦ᠂ 10 ᠰᠠᠷ᠎ᠠ ᠶᠢᠨ | ᠰᠡᠬᠦᠯᠴᠢ ᠪᠠᠷ ᠲᠡᠷᠭᠡ ᠨᠡᠪᠳᠡᠷᠡᠭᠦ ᠶᠢ ᠪᠠᠳᠤᠯᠠᠨ᠎ᠠ᠃ ᠬᠦᠳᠡᠭᠡ ᠲᠤᠰᠬᠤᠨ ᠤ ᠵᠠᠮ ᠱᠤᠭᠤᠮ ᠢ ᠬᠠᠮᠠᠭᠠᠯᠠᠬᠤ ᠪᠠ | ᠬᠠᠮᠢᠶᠠᠷᠬᠤ ᠠᠵᠢᠯ ᠢ ᠴᠢᠩᠭᠠᠳᠬᠠᠵᠤ᠂ ᠤᠯᠠᠨ ᠲᠦᠮᠡᠨ ᠤ ᠭᠠᠷᠴᠦ ᠤᠷᠤᠬᠤ ᠳᠤ ᠨᠡᠩ ᠲᠦᠭᠦᠮ ᠦᠵᠡᠭᠦᠯᠦᠨ᠎ᠡ᠃ | ᠬᠤᠩᠭᠤᠷ ᠤᠰᠤᠨ ᠴᠦᠬᠦᠷᠦᠮ ᠤᠨ ᠢᠨᠵᠧᠨᠧᠷᠢᠩ ᠤᠨ ᠪᠠᠶᠢᠭᠤᠯᠤᠯᠳᠠ ᠶᠢ ᠲᠦᠷᠭᠡᠳᠬᠡᠵᠤ᠂ ᠵᠢᠯ ᠤᠨ ᠲᠤᠳᠤᠷ᠎ᠠ | ᠲᠠᠭᠤᠰᠬᠠᠬᠤ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ | ᠬᠠᠮᠠᠭᠠᠯᠠᠨ ᠲᠡᠭᠡᠭᠰᠢᠯᠡᠭᠦᠯᠬᠦ ᠢᠨᠵᠧᠨᠧᠷᠢᠩ ᠢ ᠦᠷᠬᠦᠯᠵᠢᠯᠡᠨ ᠶᠠᠪᠤᠭᠳᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ | ᠤᠤᠭᠤᠬᠤ ᠤᠰᠤᠨ ᠤ ᠠᠮᠤᠷ ᠲᠦᠪᠰᠢᠨ ᠢ ᠦᠷᠬᠦᠯᠵᠢᠯᠡᠨ ᠪᠠᠳᠤᠯᠠᠨ᠎ᠠ᠃ ᠬᠦᠷᠦᠰᠦ ᠰᠢᠷᠤᠢ ᠶᠢ ᠬᠠᠮᠠᠭᠠᠯᠠᠬᠤ | ᠢᠨᠵᠧᠨᠧᠷᠢᠩ ᠢ ᠶᠡᠭᠡ ᠬᠦᠴᠦᠨ ᠢᠶᠠᠷ ᠶᠠᠪᠤᠭᠳᠠᠭᠤᠯᠵᠤ᠂ ᠵᠠᠩᠭᠠᠨ ᠤ ᠠᠮᠢ ᠠᠬᠤᠢ ᠶᠢᠨ ᠵᠢᠵᠢᠭ ᠤᠷᠤᠰᠬᠠᠯ ᠢ ᠵᠠᠰᠠᠨ | ᠰᠠᠶᠢᠵᠢᠷᠠᠭᠤᠯᠬᠤ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠬᠡᠨ᠂ 30 ᠲᠡᠭᠰᠢ ᠲᠦᠷᠪᠡᠯᠵᠢᠨ ᠺᠢᠯᠤᠮᠧᠲᠷ | ᠤᠨ ᠵᠢᠵᠢᠭ ᠤᠷᠤᠰᠬᠠᠯ ᠢ ᠵᠠᠰᠠᠨ ᠰᠠᠶᠢᠵᠢᠷᠠᠭᠤᠯᠤᠨ᠎ᠠ᠃ ᠴᠠᠬᠢᠯᠭᠠᠨ ᠲᠤᠤᠷ ᠤᠨ ᠢᠨᠵᠧᠨᠧᠷᠢᠩ ᠢ ᠲᠠᠰᠤᠷᠠᠯᠳᠠ | ᠦᠭᠡᠢ ᠲᠡᠭᠦᠯᠳᠡᠷᠵᠢᠭᠦᠯᠵᠤ᠂ 35 ᠺᠢᠯᠤᠸᠠᠲ ᠵᠢᠴᠢ ᠲᠡᠬᠦᠨ ᠠᠴᠠ ᠲᠡᠭᠡᠭᠰᠢᠬᠢ ᠴᠠᠬᠢᠯᠭᠠᠨ ᠬᠤᠪᠢᠰᠬᠠᠭᠤᠷ ᠤᠨ | ᠢᠨᠵᠧᠨᠧᠷᠢᠩ 2 ᠲᠦᠷᠦᠯ᠂ 10 ᠺᠢᠯᠤᠸᠠᠲ ᠵᠢᠴᠢ ᠲᠡᠬᠦᠨ ᠠᠴᠠ ᠲᠡᠬᠡᠭᠰᠢᠬᠢ ᠴᠠᠬᠢᠯᠭᠠᠨ ᠲᠦᠬᠡᠬᠡᠬᠦ ᠲᠤᠤᠷ ᠢ | ᠦᠭᠡᠷᠡᠴᠢᠯᠡᠬᠦ ᠢᠨᠵᠧᠨᠧᠷᠢᠩ 3 ᠲᠦᠷᠦᠯ ᠢ ᠬᠡᠷᠡᠭᠵᠢᠭᠦᠯᠦᠨ᠎ᠡ᠃ ᠬᠦᠳᠡᠭᠡ ᠲᠤᠰᠬᠤᠨ ᠤ ᠤᠷᠤᠰᠢᠨ ᠠᠮᠢᠳᠤᠷᠠᠬᠤ | ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠤᠷᠤᠨ ᠤ ᠠᠮᠤᠷ | ᠲᠦᠪᠰᠢᠨ ᠤ ᠬᠡᠮ ᠰᠤᠭᠤᠭ ᠤᠷᠤᠰᠢᠵᠦ ᠪᠠᠶᠢᠭ᠎ᠠ ᠬᠡᠷ ᠪᠠᠶᠢᠰᠢᠩ ᠢ ᠮᠦᠷᠳᠡᠨ ᠪᠠᠶᠢᠴᠠᠭᠠᠵᠦ ᠴᠡᠭᠴᠡᠯᠡᠨ ᠵᠠᠰᠠᠬᠤ | ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠤᠰᠤ᠂ ᠴᠠᠬᠢᠯᠭᠠᠨ᠂ ᠵᠠᠮ ᠪᠠ ᠬᠤᠯᠪᠤᠭ᠎ᠠ᠂ ᠷᠠᠳᠢᠤ᠋ ᠲᠧᠯᠸᠢᠰ ᠵᠡᠷᠭᠡ | ᠰᠠᠭᠤᠷᠢ ᠲᠦᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠲᠤᠬᠠᠢ ᠶᠢᠨ ᠭᠠᠵᠠᠷ ᠲᠠᠭᠠᠨ ᠲᠤᠬᠢᠷᠠᠬᠤ | ᠬᠦᠳᠡᠭᠡ ᠲᠤᠰᠬᠤᠨ ᠤ ︽ᠵᠤᠷᠯᠤᠩ ᠤᠨ ᠦᠬᠡᠷᠡᠴᠢᠯᠡᠯᠳᠠ︾᠂ ᠠᠮᠢᠳᠤᠷᠠᠯ ᠤᠨ ᠬᠤᠭ ᠨᠤᠪᠰᠢ ᠶᠢ ᠴᠡᠪᠡᠷᠯᠡᠬᠦ ᠪᠠ | ᠲᠠᠷᠢᠮᠠᠯ ᠲᠡᠵᠢᠭᠡᠪᠦᠷᠢ ᠶᠢᠨ ᠬᠠᠶᠠᠭᠳᠠᠮᠠᠯ ᠪᠤᠳᠠᠰ ᠢ ᠲᠠᠬᠢᠨ ᠠᠰᠢᠭᠯᠠᠯᠳᠠ ᠳᠤ ᠤᠷᠤᠭᠤᠯᠬᠤ ᠶᠢ ᠠᠬᠢᠭᠤᠯᠵᠦ᠂ | ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠳᠤ ᠲᠤᠬᠢᠯᠢᠭ ᠬᠢᠷᠢ ᠲᠦᠪᠰᠢᠨ ᠢ ᠲᠡᠬᠡᠭᠰᠢᠯᠡᠬᠦᠯᠦᠨ᠎ᠡ᠃ ᠬᠦᠳᠡᠭᠡ | ᠲᠤᠰᠬᠤᠨ ᠢ ᠴᠡᠪᠡᠷᠯᠡᠨ ᠭᠤᠶᠤᠵᠢᠭᠤᠯᠬᠤ ᠠᠵᠢᠯᠯᠠᠭ᠎ᠠ ᠶᠢ ᠬᠦᠨᠵᠡᠭᠡᠶᠢᠷᠡᠭᠦᠯᠦᠨ ᠠᠬᠢᠭᠤᠯᠵᠤ᠂ 2—3 ᠰᠤᠳᠤᠨ | ᠵᠢᠱᠢᠶ᠎ᠠ ᠦᠵᠡᠬᠦᠯᠬᠦ ᠭᠠᠴᠠᠭ᠎ᠠ ᠲᠤᠰᠬᠤᠨ ᠢ ᠪᠠᠶᠢᠭᠤᠯᠤᠨ᠎ᠠ᠃ | ︵ᠭᠤᠷᠪᠠ︶ ᠠᠵᠤ ᠦᠢᠯᠡᠰ ᠤᠨ ᠪᠦᠳᠦᠴᠨ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠶᠢ ᠪᠠᠷᠢᠮᠳᠠᠯᠠᠵᠤ᠂ | ᠠᠵᠤ ᠠᠬᠤᠢ ᠶᠢᠨ ᠡᠷᠡᠭᠦᠯ ᠲᠤᠭᠳᠠᠭᠤᠨ ᠢᠶᠠᠷ ᠬᠦᠭᠵᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠡᠬᠢ ᠪᠠᠶᠠᠯᠢᠭ | ᠤᠨ ᠲᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠵᠤ᠂ ᠪᠦᠳᠦᠭᠦᠯᠢᠭ ᠠᠰᠢᠭᠯᠠᠯᠳᠠ ᠶᠢᠨ ᠮᠠᠶ᠋ᠢᠭ ᠠᠴᠠ | ᠡᠷᠴᠢᠮᠵᠢᠭᠦᠯᠬᠦ ᠪᠠ ᠭᠠᠮᠨᠠᠨ ᠠᠷᠪᠢᠯᠠᠬᠤ ᠪᠤᠯᠭᠠᠨ᠎ᠠ᠃ ᠶᠡᠷᠦᠩᠭᠡᠶᠢᠯᠡᠨ ᠠᠰᠢᠭᠯᠠᠬᠤ ᠦᠷ᠎ᠡ ᠪᠦᠳᠦᠮᠵᠢ ᠪᠠᠨ ᠤᠯᠠᠮ | ᠨᠢᠭᠡ ᠠᠯᠬᠤᠮ ᠲᠡᠭᠡᠭᠰᠢᠯᠡᠭᠦᠯᠵᠤ᠂ ᠲᠠᠪᠠᠭᠤᠯᠢᠭ ᠠᠵᠦ ᠦᠢᠯᠡᠰ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠂ | ᠪᠤᠬᠢᠷᠳᠤᠯ ᠦᠭᠡᠢ ᠠᠵᠦ ᠠᠬᠤᠢ ᠶᠢ ᠶᠡᠬᠡᠪᠡᠷ ᠬᠦᠭᠵᠢᠬᠦᠯᠦᠨ᠎ᠡ᠃ | ᠠᠵᠦ ᠦᠢᠯᠡᠳᠪᠦᠷᠢ ᠠᠵᠦ ᠠᠬᠤᠢ ᠶᠢᠨ ᠪᠤᠬᠢᠷᠳᠤᠯ ᠦᠭᠡᠢ ᠰᠢᠯᠵᠢᠯᠳᠠ ᠶᠢ ᠠᠬᠢᠭᠤᠯᠤᠨ᠎ᠠ᠃ | ᠤᠳᠤᠬᠢᠴᠢᠯᠠᠭᠰᠠᠨ ᠡᠨᠧᠷᠬᠢ ᠶᠢᠨ ᠰᠤᠷᠪᠤᠯᠵᠢ ᠶᠢᠨ ᠠᠵᠤ ᠠᠬᠤᠢ ᠶᠢ ᠶᠡᠭᠡ ᠬᠦᠴᠦᠨ ᠢᠶᠠᠷ ᠬᠦᠭᠵᠢᠬᠦᠯᠵᠦ᠂ 600 | ᠲᠦᠮᠡᠨ ᠺᠢᠯᠤᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠠᠩᠬᠠᠳᠤᠭᠠᠷ | ᠬᠤᠭᠤᠴᠠᠭᠠᠨ ᠤ 240 ᠲᠦᠮᠡᠨ ᠺᠢᠯᠤᠸᠠᠲ ᠤᠨ ᠲᠦᠷᠦᠯ ᠵᠦᠢᠯ ᠢ ᠲᠦᠷᠭᠡᠳᠬᠡᠨ ᠠᠬᠢᠭᠤᠯᠤᠨ᠎ᠠ᠃ ᠴᠡᠪᠠᠷ | ᠡᠨᠧᠷᠬᠢ ᠶᠢᠨ ᠬᠦᠷᠢᠶᠠᠨ ᠳᠠᠬᠢ ᠲᠡᠬᠡᠳᠦ ᠲᠤᠤᠷᠠᠳᠦ ᠤᠷᠤᠰᠬᠠᠯ ᠤᠨ ᠠᠵᠦ ᠦᠢᠯᠡᠰ ᠤᠨ ᠬᠦᠭᠵᠢᠯᠳᠠ ᠶᠢ | ᠢᠳᠠᠪᠬᠢᠳᠠᠢ ᠲᠦᠯᠬᠢᠨ ᠠᠬᠢᠭᠤᠯᠵᠦ᠂ ᠪᠦᠬᠦ ᠤᠯᠤᠰ ᠤᠨ ᠭᠤᠤᠯᠳᠠᠯᠭ᠎ᠠ ᠲᠠᠢ ᠴᠠᠪᠠᠷ ᠡᠨᠧᠷᠬᠢ ᠶᠢᠨ ᠭᠠᠷᠭᠠᠯᠳᠠ ᠶᠢᠨ | ᠰᠠᠭᠤᠷᠢᠨ ᠭᠠᠵᠠᠷ ᠢ ᠬᠦᠴᠦᠯᠠᠨ ᠪᠠᠶᠢᠭᠤᠯᠤᠨ᠎ᠠ᠃ ᠴᠠᠪᠠᠷ ᠡᠨᠧᠷᠬᠢ ᠬᠡᠷᠡᠭᠯᠡᠬᠦ ᠶᠢ ᠲᠦᠬᠡᠮᠡᠯᠵᠢᠬᠦᠯᠦᠨ ᠲᠡᠯᠬᠡᠷᠡᠬᠦᠯᠵᠦ᠂ | ᠬᠤᠳᠠ ᠬᠦᠳᠡᠭᠡ ᠶᠢᠨ ᠴᠠᠬᠢᠯᠭᠠᠨ ᠴᠡᠨᠡᠭᠯᠡᠬᠦᠷ ᠤᠨ ᠱᠤᠩ ᠤᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠠᠢ | ᠲᠦᠯᠦᠪᠵᠢᠬᠦᠯᠦᠨ᠎ᠡ᠃ ᠠᠵᠦ ᠦᠢᠯᠡᠰ ᠤᠨ ᠪᠦᠳᠦᠴᠠ ᠶᠢ ᠤᠯᠠᠮ ᠨᠢᠬᠡ ᠠᠯᠬᠤᠮ ᠰᠢᠯᠢᠳᠡᠭᠵᠢᠬᠦᠯᠤᠨ᠂ ︽ | ᠬᠠᠰᠢᠶᠠᠳᠦ ᠶᠢᠨ ᠠᠵᠦ ᠦᠢᠯᠡᠳᠪᠦᠷᠢ ᠶᠢᠨ ᠲᠤᠭᠤᠷᠢᠭ ᠤᠨ ᠡᠵᠡᠮᠳᠠᠯ ᠴᠢᠨᠠᠷᠳᠠᠢ ᠨᠠᠷᠢᠨ ᠲᠦᠯᠦᠪᠵᠢᠬᠦᠯᠬᠡ︾ ᠶᠢ | ᠨᠠᠶᠢᠷᠠᠭᠤᠯᠤᠨ ᠵᠤᠬᠢᠶᠠᠬᠤ ᠠᠵᠢᠯ ᠢ ᠲᠠᠭᠤᠰᠬᠠᠵᠦ᠂ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢᠨ ᠲᠦᠷᠦᠯ | ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠡᠬᠦᠯᠳᠡᠷᠵᠢᠬᠦᠯᠦᠨ᠂ ᠲᠦᠷᠦᠯ ᠵᠤᠶᠢᠯ ᠢ ᠭᠤᠶᠤᠴᠢᠯᠠᠨ ᠮᠡᠳᠡᠬᠦᠯᠬᠦ | ᠪᠡᠯᠡᠳᠬᠡᠯ ᠠᠵᠢᠯ ᠢ ᠰᠠᠶᠢᠳᠦᠷ ᠬᠢᠵᠦ᠂ ᠬᠦᠷᠢᠶᠠᠯᠠᠩ ᠲᠤᠭᠤᠷᠢ ᠤᠨ ᠶᠡᠷᠦᠩᠭᠡᠶᠢᠯᠡᠭᠰᠡᠨ ᠠᠴᠢᠶᠠᠯᠠᠪᠤᠷᠢ ᠶᠢᠨ ᠴᠢᠳᠠᠮᠵᠢ | ᠶᠢ ᠲᠡᠭᠡᠭᠰᠢᠯᠡᠬᠦᠯᠦᠨ᠎ᠡ᠃ ᠠᠵᠦ ᠠᠬᠤᠶᠢᠯᠡᠯ ᠤᠨ ᠪᠤᠬᠢᠷᠳᠤᠯ ᠦᠭᠡᠢ ᠦᠢᠯᠡᠳᠪᠦᠷ ᠪᠠᠶᠢᠭᠤᠯᠬᠤ ᠶᠢ ᠢᠳᠠᠪᠬᠢᠳᠠᠢ | ᠲᠡᠮᠵᠢᠵᠦ᠂ ᠪᠤᠬᠢᠷᠳᠤᠯ ᠦᠭᠡᠢ ᠪᠦᠳᠦᠬᠡᠭᠳᠡᠬᠦᠨ ᠢ ᠨᠡᠬᠡᠬᠡᠨ ᠬᠦᠭᠵᠢᠬᠦᠯᠵᠦ᠂ ᠡᠨᠧᠷᠬᠢ ᠠᠷᠪᠢᠯᠠᠨ ᠬᠤᠷᠤᠭᠳᠠᠯ ᠢ | ᠪᠠᠭᠠᠰᠬᠠᠬᠤ ᠶᠢ ᠠᠬᠢᠭᠤᠯᠤᠨ᠎ᠠ᠃ ᠠᠵᠦ ᠦᠢᠯᠡᠳᠪᠦᠷᠢᠵᠢᠯᠳᠠ ᠪᠠ ᠪᠠᠶᠢᠭᠠᠯᠢᠯᠢᠭ ᠰᠢᠯᠵᠢᠯᠳᠠ ᠶᠢ ᠲᠦᠯᠬᠢᠨ | ᠠᠬᠢᠭᠤᠯᠵᠦ᠂ ᠶᠦᠩ ᠾᠧ ᠹᠯᠤᠷ ᠬᠢᠮᠢ ᠶᠢᠨ ᠦᠨᠳᠦᠷ ᠲᠡᠰ ᠤᠨ ᠪᠦᠳᠦᠬᠡᠭᠳᠡᠬᠦᠨ ᠬᠦᠭᠵᠢᠬᠦᠯᠬᠦ ᠶᠢ ᠠᠬᠢᠭᠤᠯᠵᠦ᠂ | ᠠᠵᠦ ᠦᠢᠯᠡᠰ ᠤᠨ ᠬᠡᠯᠬᠢᠶ᠎ᠠ ᠶᠢ ᠦᠷᠬᠡᠳᠬᠡᠨ᠎ᠡ᠃ ᠪᠤᠶᠢᠨ ᠰᠦᠮ᠎ᠡ ᠶᠢᠨ ᠵᠡᠰ ᠤᠨ ᠠᠭᠤᠷᠬᠠᠢ ᠶᠢ ᠲᠠᠬᠢᠨ | ᠪᠠᠶᠢᠭᠤᠯᠬᠤ ᠠᠬᠢᠴᠠ ᠶᠢ ᠲᠦᠷᠬᠡᠳᠬᠡᠵᠦ᠂ ᠵᠢᠶᠠ ᠬᠤᠢ ᠴᠠᠬᠢᠭᠤᠷ ᠤᠨ ᠦᠢᠯᠡᠰ ᠢ ᠠᠮᠢᠯᠠᠭᠤᠯᠤᠨ᠎ᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠎ᠡ᠃ ᠵᠢᠭᠤᠯᠴᠢᠯᠠᠯ ᠤᠨ | ᠦᠢᠯᠡᠰ ᠤᠨ ᠬᠦᠭᠵᠢᠯᠳᠠ ᠶᠢ ᠬᠦᠨᠵᠡᠬᠡᠶᠢᠷᠡᠬᠦᠯᠦᠨ ᠠᠬᠢᠭᠤᠯᠤᠨ᠎ᠠ᠃ ᠪᠦᠬᠦ ᠤᠷᠤᠨ ᠤ ᠵᠢᠭᠤᠯᠴᠢᠯᠠᠯ ᠤᠨ ᠵᠢᠱᠢᠶᠡᠴᠢ | ᠬᠤᠰᠢᠭᠤ ᠪᠠᠶᠢᠭᠤᠯᠬᠤ ᠪᠠᠷ ᠲᠠᠭᠠᠭᠤᠯᠵᠤ᠂ ᠰᠤᠳᠤᠯᠵᠦ ᠵᠤᠭᠠᠴᠠᠬᠤ ᠠᠵᠤ ᠦᠢᠯᠡᠰ ᠢ ᠢᠳᠡᠪᠬᠢᠳᠠᠢ ᠬᠦᠭᠵᠢᠭᠦᠯᠦᠨ᠂ | ᠤᠷᠤᠨ ᠤ ᠲᠦᠪ ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠦᠪᠡᠷ ᠢᠶᠠᠨ ᠲᠤᠭᠤᠷᠢᠨ ᠵᠢᠭᠤᠯᠴᠢᠯᠠᠬᠤ ᠭᠠᠵᠠᠷ ᠢ | ᠪᠠᠶᠢᠭᠤᠯᠤᠨ᠎ᠠ᠃ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠬᠦᠴᠦᠯᠡᠴᠡ ᠪᠠᠨ ᠶᠡᠬᠡᠰᠬᠡᠨ | ᠂ ᠵᠢᠭᠤᠯᠴᠢᠯᠠᠯ ᠤᠨ ᠬᠦᠳᠦᠴᠢ ᠵᠢᠷᠤᠭ᠂ ᠭᠤᠤᠯ ᠵᠠᠮ᠂ ᠦᠵᠡᠮᠵᠢ ᠶᠢᠨ ᠲᠡᠪᠴᠡᠩ ᠵᠢᠴᠢ ᠫᠠᠶᠢᠰᠠ ᠲᠡᠮᠳᠡᠭ᠂ | ᠦᠵᠡᠮᠵᠢ ᠶᠢᠨ ᠤᠷᠤᠨ ᠤ ᠲᠤᠬᠢᠶᠠᠨ ᠲᠤᠤᠷ ᠤᠨ ᠲᠦᠬᠦᠭᠡᠷᠦᠮᠵᠢ ᠶᠢᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ᠃ | ᠭᠡᠭᠡᠨᠳᠠᠯ᠎ᠠ ᠦᠵᠡᠮᠵᠢ ᠶᠢᠨ ᠤᠷᠤᠨ ᠤ ᠡᠵᠡᠩᠨᠡᠯᠳᠠ ᠬᠠᠮᠢᠶᠠᠷᠤᠯᠳᠠ ᠶᠢᠨ ᠠᠵᠢᠯ ᠲᠠᠢ ᠰᠠᠶᠢᠳᠦᠷ ᠬᠠᠮᠵᠢᠯᠴᠠᠨ᠂ | ᠦᠢᠯᠡᠴᠢᠯᠡᠬᠡᠨ ᠤ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠬᠡᠭᠰᠢᠯᠡᠬᠦᠯᠵᠦ᠂ ᠤᠯᠤᠰ ᠤᠨ 5A ᠲᠡᠰ ᠤᠨ | ᠦᠵᠡᠮᠵᠢ ᠶᠢᠨ ᠤᠷᠤᠨ ᠢ ᠪᠠᠶᠢᠭᠤᠯᠬᠤ ᠪᠠᠷ ᠴᠢᠷᠮᠠᠶᠢᠨ᠎ᠠ᠃ ᠭᠡᠭᠡᠨᠳᠠᠯ᠎ᠠ ᠦᠵᠡᠮᠵᠢ ᠶᠢᠨ ᠤᠷᠤᠨ᠂ ᠸᠠᠩ ᠤᠨ | ᠤᠷᠳᠤᠨ᠂ ᠰᠢᠷᠠᠮᠦ᠋ᠷᠡᠨ ᠰᠦᠮ᠎ᠡ᠂ ᠭᠠᠵᠠᠷ ᠰᠢᠨᠵᠢᠯᠡᠬᠡᠨ ᠤ ᠴᠡᠴᠡᠷᠯᠢᠭ ᠵᠡᠷᠬᠡ ᠦᠪᠡᠷᠮᠢᠴᠡ ᠤᠨᠴᠠᠯᠢᠭᠳᠦ ᠡᠬᠢ | ᠪᠠᠶᠠᠯᠢᠭ ᠲᠤ ᠲᠦᠰᠢᠭᠯᠡᠨ᠂ ᠰᠤᠳᠤᠯᠵᠦ ᠵᠤᠭᠠᠴᠠᠬᠤ ᠵᠠᠮ ᠱᠤᠭᠤᠮ ᠢ ᠨᠡᠭᠡᠭᠡᠵᠤ᠂ ᠢᠵᠢ ᠪᠦᠷᠢᠳᠦᠭᠦᠯᠦᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠬᠡᠨ᠂ ᠲᠠᠯ᠎ᠠ ᠨᠤᠳᠤᠭ ᠤᠨ ᠵᠢᠭᠤᠯᠴᠢᠯᠠᠯ᠂ | ᠰᠡᠯᠡᠭᠦᠴᠡᠵᠤ ᠠᠮᠠᠷᠠᠬᠤ ᠵᠢᠭᠤᠯᠴᠢᠯᠠᠯ᠂ ᠪᠡᠶᠡᠴᠢᠯᠡᠨ ᠤᠶᠢᠯᠠᠭᠠᠬᠤ ᠵᠢᠭᠤᠯᠴᠢᠯᠠᠯ ᠵᠡᠷᠭᠡ ᠰᠤᠳᠤᠨ ᠱᠤᠭᠤᠮ ᠢ | ᠪᠠᠶᠢᠭᠤᠯᠤᠨ᠎ᠠ᠃ ᠠᠷᠠᠳ ᠤᠨ ᠬᠤᠨᠤᠭ ᠪᠠᠭᠤᠴᠠ ᠶᠢᠨ ᠬᠠᠮᠢᠶ᠎ᠠ ᠪᠦᠬᠦᠢ ᠪᠦᠳᠦᠭᠡᠭᠳᠡᠭᠦᠨ ᠢ ᠪᠦᠬᠦ ᠬᠦᠴᠦᠨ ᠢᠶᠠᠷ | ᠠᠬᠢᠭᠤᠯᠵᠤ᠂ 2—3 ᠰᠤᠳᠤᠨ ᠬᠤᠨᠤᠭ ᠪᠠᠭᠤᠴᠠ ᠶᠢᠨ ᠵᠢᠱᠢᠶ᠎ᠠ ᠦᠵᠡᠬᠦᠯᠬᠦ ᠴᠢᠭ ᠢ ᠪᠠᠶᠢᠭᠤᠯᠤᠨ᠂ ᠬᠦᠳᠡᠭᠡ | ᠲᠤᠰᠬᠤᠨ ᠤ ᠵᠢᠭᠤᠯᠴᠢᠯᠠᠯ ᠢ ᠶᠡᠭᠡ ᠬᠦᠴᠦᠨ ᠢᠶᠠᠷ ᠬᠦᠭᠵᠢᠭᠦᠯᠦᠨ᠎ᠡ᠃ ᠲᠠᠭᠤᠤ ᠬᠦᠭᠵᠢᠮ ᠤᠨ ᠨᠠᠶᠢᠷ ᠢ | ᠶᠠᠪᠤᠭᠳᠠᠭᠤᠯᠬᠤ ᠲᠠᠯᠠᠪᠤᠷ ᠪᠤᠯᠤᠨ ᠮᠠᠰᠢᠨ ᠲᠡᠷᠭᠡᠨ ᠤ ᠪᠠᠭᠤᠴᠠ ᠶᠢ ᠭᠦᠢᠴᠡᠳ ᠠᠰᠢᠭᠯᠠᠨ᠂ ᠡᠯ᠎ᠡ ᠲᠦᠷᠦᠯ ᠤᠨ | ᠰᠤᠶᠤᠯ ᠲᠠᠮᠢᠷ ᠤᠨ ᠤᠷᠤᠯᠳᠤᠭᠠᠨ ᠤ ᠬᠦᠳᠡᠯᠭᠡᠭᠡᠨ ᠢ ᠶᠠᠪᠤᠭᠳᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ | ᠵᠢᠭᠤᠯᠴᠢᠯᠠᠯ ᠤᠨ ᠨᠠᠭᠠᠳᠤᠮ ᠤᠨ ᠶᠡᠭᠡ ᠬᠤᠷᠠᠯ᠂ ᠨᠢᠰᠬᠡᠯᠳᠠ ᠶᠢᠨ ᠬᠤᠷᠠᠯ᠂ ᠲᠠᠯ᠎ᠠ ᠨᠤᠳᠤᠭ ᠤᠨ ᠲᠠᠭᠤᠤ ᠬᠦᠭᠵᠢᠮ | ᠤᠨ ᠨᠠᠶᠢᠷ᠂ ᠮᠠᠰᠢᠨ ᠲᠡᠷᠭᠡᠨ ᠤ ᠴᠡᠩᠭᠡᠭᠦᠨ ᠵᠡᠷᠭᠡ ᠨᠠᠶᠢᠷ ᠨᠠᠭᠠᠳᠤᠮ ᠢ ᠦᠷᠬᠦᠯᠵᠢᠯᠡᠨ ᠶᠠᠪᠤᠭᠳᠠᠭᠤᠯᠵᠤ᠂ | ᠦᠪᠡᠷᠮᠢᠴᠠ ᠤᠨᠴᠠᠯᠢᠭᠳᠤ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠢ ᠪᠠᠶᠢᠭᠤᠯᠤᠨ᠎ᠠ᠃ ᠠᠷᠠᠯᠵᠢᠶ᠎ᠠ | ᠬᠤᠳᠠᠯᠳᠤᠭᠠᠨ ᠤ ᠬᠦᠢᠯᠬᠡᠬᠡ ᠶᠢᠨ ᠦᠢᠯᠡᠰ ᠢ ᠲᠦᠷᠬᠡᠳᠬᠡᠨ ᠬᠦᠭᠵᠢᠬᠦᠯᠦᠨ᠎ᠡ᠃ ᠤᠯᠤᠰ ᠤᠨ ᠡᠯᠧᠺᠲᠷᠤᠨ | ᠬᠤᠳᠠᠯᠳᠤᠭ᠎ᠠ ᠲᠤᠰᠬᠤᠨ ᠳᠤ ᠤᠷᠤᠬᠤ ᠵᠢᠱᠢᠶᠡᠴᠢ ᠬᠤᠰᠢᠭᠤ ᠶᠢᠨ ᠲᠦᠷᠦᠯ ᠵᠦᠢᠯ ᠢᠶᠠᠷ ᠭᠤᠤᠯᠯᠠᠬᠤ ᠶᠢ | ᠠᠬᠢᠭᠤᠯᠵᠤ᠂ ︽ᠢᠨᠲ᠋ᠧᠷᠨᠧᠲ ᠰᠦᠯᠵᠢᠶ᠎ᠡ +︾ ᠠᠵᠢᠯᠯᠠᠭᠠᠨ ᠤ ᠲᠤᠬᠢᠶᠠᠯ ᠢ ᠠᠳᠬᠤᠨ᠂ ᠡᠯᠧᠺᠲᠷᠤᠨ | ᠬᠤᠳᠠᠯᠳᠤᠭᠠᠨ ᠤ ᠠᠷᠭ᠎ᠠ ᠵᠠᠮ ᠪᠠ ᠲᠤᠤᠷ ᠰᠦᠯᠵᠢᠶᠡᠨ ᠤ ᠲᠠᠪᠠᠭᠤᠯᠢᠭ ᠲᠤ ᠲᠦᠰᠢᠭᠯᠡᠵᠦ᠂ ᠤᠨᠴᠠᠯᠢᠭᠳᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠪᠤᠷᠤᠯᠠᠭᠤᠯᠤᠯᠳᠠ ᠶᠢᠨ ᠠᠷᠭ᠎ᠠ ᠵᠠᠮ ᠢ ᠦᠷᠬᠡᠳᠬᠡᠨ᠎ᠡ᠃ ᠡᠯᠧᠺᠲᠷᠤᠨ | ᠬᠤᠳᠠᠯᠳᠤᠭᠠᠨ ᠤ ᠦᠢᠯᠡᠴᠢᠯᠡᠬᠡᠨ ᠤ ᠲᠦᠪ᠂ ᠨᠦᠬᠡᠴᠡᠯᠡᠨ ᠬᠠᠳᠠᠭᠠᠯᠬᠤ ᠬᠦᠢᠯᠬᠡᠬᠡ ᠶᠢ ᠬᠤᠪᠢᠶᠠᠷᠢᠯᠠᠬᠤ ᠲᠦᠪ | ᠪᠤᠯᠤᠨ ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠴᠢᠳᠠᠮᠵᠢ ᠶᠢ ᠪᠦᠷᠢᠨᠰᠢᠬᠦᠯᠵᠦ᠂ ᠨᠤᠳᠤᠭ ᠤᠨ ᠠᠵᠤ | ᠠᠬᠤᠶᠢᠯᠠᠯ ᠤᠨ ᠪᠤᠷᠤᠯᠠᠭᠤᠯᠬᠤ ᠠᠷᠭ᠎ᠠ ᠵᠠᠮ ᠢ ᠦᠷᠭᠡᠳᠬᠡᠨ᠂ ᠨᠤᠳᠤᠭ ᠤᠨ ᠤᠨᠴᠠ ᠭᠠᠷᠤᠯᠳᠠᠳᠤ ᠮᠠᠯ ᠲᠠᠷᠢᠶᠠᠯᠠᠩ | ᠤᠨ ᠪᠦᠳᠦᠭᠡᠭᠳᠡᠭᠦᠨ ᠢ ᠲᠡᠯᠭᠡᠷᠡᠭᠦᠯᠵᠤ᠂ ᠤᠨᠴᠠᠯᠢᠭᠳᠤ ᠡᠯᠧᠺᠲᠷᠤᠨ ᠬᠤᠳᠠᠯᠳᠤᠭᠠᠨ ᠤ ᠨᠡᠷᠡᠳᠦ ᠲᠡᠮᠳᠡᠭᠳᠦ ᠶᠢ | ᠪᠠᠶᠢᠭᠤᠯᠤᠨ᠎ᠠ᠃ ︽ᠲᠤᠰᠬᠤᠨ ᠳᠤ ᠦᠢᠯᠡᠴᠢᠯᠡᠬᠦ︾ ᠲᠦᠷᠦᠯ ᠵᠦᠢᠯ ᠤᠨ ᠲᠡᠪᠴᠡᠩ ᠳᠤ ᠲᠦᠰᠢᠭᠯᠡᠨ᠂ | ᠢᠨᠲ᠋ᠧᠷᠨᠧᠲ ᠰᠦᠯᠵᠢᠶ᠎ᠡ ᠪᠠᠷ ᠲᠠᠮᠵᠢᠨ ᠭᠠᠳᠠᠨᠠᠬᠢ ᠵᠠᠬ᠎ᠠ ᠲᠡᠯᠭᠡᠭᠦᠷ ᠢ ᠨᠡᠭᠡᠭᠡᠵᠤ᠂ ᠤᠨᠴᠠᠯᠢᠭᠳᠤ ᠮᠠᠯ ᠲᠠᠷᠢᠶᠠᠯᠠᠩ | ᠤᠨ ᠪᠦᠳᠦᠭᠡᠭᠳᠡᠭᠦᠨ ᠢ ︽ᠲᠤᠤᠷ ᠰᠦᠯᠵᠢᠶᠡᠨ ᠲᠡᠭᠡᠷ᠎ᠡ ᠭᠠᠷᠭᠠᠵᠤ︾᠂ ᠨᠤᠳᠤᠭ ᠤᠨ ᠤᠨᠴᠠᠯᠢᠭᠳᠤ ᠪᠦᠳᠦᠭᠡᠭᠳᠡᠭᠦᠨ | ᠢ ᠪᠤᠷᠤᠯᠠᠭᠤᠯᠤᠨ ᠭᠠᠷᠭᠠᠨ᠎ᠠ᠃ ᠡᠯᠧᠭᠲᠷᠤᠨ ᠬᠤᠳᠠᠯᠳᠤᠭᠠᠨ ᠤ ᠦᠢᠯᠡᠴᠢᠯᠡᠭᠡᠨ ᠤ ᠲᠦᠪ᠂ ᠬᠦᠮᠦᠷᠭᠡᠯᠡᠨ | ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠶᠢ ᠬᠤᠪᠢᠶᠠᠷᠢᠯᠠᠨ ᠰᠠᠯᠭᠠᠬᠤ ᠲᠦᠪ᠂ ᠡᠯᠧᠺᠲᠷᠤᠨ ᠬᠤᠳᠠᠯᠳᠤᠭᠠᠨ ᠤ | ᠦᠢᠯᠡᠴᠢᠯᠡᠭᠡᠨ ᠤ ᠴᠢᠭ ᠤᠨ ᠴᠢᠳᠠᠮᠵᠢ ᠶᠢ ᠲᠡᠭᠦᠯᠳᠡᠷᠵᠢᠭᠦᠯᠦᠨ᠂ ᠤᠨᠴᠠᠯᠢᠭᠳᠤ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠲᠤᠤᠷ ᠰᠦᠯᠵᠢᠶᠡᠨ ᠲᠡᠭᠡᠷ᠎ᠡ ᠪᠤᠷᠤᠯᠠᠭᠤᠯᠵᠦ ᠲᠤᠬᠢᠷᠠᠭᠤᠯᠤᠨ ᠬᠦᠷᠬᠡᠬᠦ ᠠᠰᠠᠭᠤᠳᠠᠯ ᠢ ᠬᠦᠴᠦᠯᠡᠨ | ᠰᠢᠢᠳᠪᠦᠷᠢᠯᠡᠵᠤ᠂ ᠬᠦᠳᠡᠭᠡ ᠲᠤᠰᠬᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠦᠳᠳᠡᠷ | ᠲᠦᠷᠬᠡᠨ ᠬᠦᠭᠵᠢᠯᠳᠡ ᠶᠢ ᠪᠡᠶᠡᠯᠡᠭᠦᠯᠦᠨ᠎ᠡ᠃ ᠭᠥᠸᠧ ᠲᠥᠩ ᠡᠳ᠋ ᠪᠠᠷᠠᠭᠠᠨ ᠤ ᠬᠦᠢᠯᠬᠡᠬᠡ ᠶᠢᠨ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠ ᠬᠤᠳᠠᠯᠳᠤᠭᠠᠴᠢᠨ ᠤᠷᠢᠬᠤ ᠠᠵᠢᠯ ᠤᠨ ᠠᠬᠢᠴᠠ ᠶᠢ | ᠲᠦᠷᠬᠡᠳᠬᠡᠵᠦ᠂ ᠵᠢᠯ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠮᠦᠩᠭᠦᠨ ᠬᠦᠢᠯᠬᠡᠬᠡᠨ ᠤ | ᠦᠢᠯᠡᠰ ᠤᠨ ᠦᠢᠯᠡᠴᠢᠯᠡᠬᠡᠨ ᠤ ᠴᠢᠳᠠᠮᠵᠢ ᠶᠢ ᠲᠤᠭᠳᠠᠭᠤᠨ ᠢᠶᠠᠷ ᠲᠡᠬᠡᠭᠰᠢᠯᠡᠬᠦᠯᠦᠨ᠎ᠡ᠃ ᠮᠦᠩᠭᠦᠨ ᠭᠦᠢᠯᠭᠡᠭᠡᠨ ᠤ | ᠰᠢᠨ᠎ᠡ ᠡᠬᠦᠳᠦᠯᠳᠠ ᠶᠢᠨ ᠬᠦᠭᠵᠢᠯᠳᠠ ᠶᠢ ᠠᠬᠢᠭᠤᠯᠬᠤ ᠪᠠᠷ ᠬᠦᠳᠡᠯᠬᠡᠭᠴᠢ ᠬᠦᠴᠦᠨ ᠪᠤᠯᠭᠠᠵᠦ᠂ ᠮᠦᠩᠭᠦᠨ | ᠬᠦᠢᠯᠬᠡᠬᠡ ᠪᠠᠷ ᠪᠤᠳᠠᠳᠤ ᠠᠵᠤ ᠠᠬᠤᠢ ᠶᠢ ᠲᠡᠳᠬᠦᠬᠦ ᠪᠦᠳᠦᠮᠵᠢᠳᠠᠢ ᠲᠤᠭᠳᠠᠴᠠ ᠶᠢ ᠲᠡᠭᠦᠯᠳᠡᠷᠵᠢᠭᠦᠯᠵᠤ᠂ ᠲᠦᠬᠡᠮᠡᠯ | ᠬᠠᠷᠠᠭᠠᠯᠵᠠᠯᠳᠤ ᠮᠦᠩᠭᠦᠨ ᠬᠦᠢᠯᠬᠡᠬᠡ ᠪᠠ ᠪᠠᠶᠢᠭᠠᠯᠢᠯᠢᠭ ᠮᠦᠩᠭᠦᠨ ᠬᠦᠢᠯᠬᠡᠬᠡ ᠶᠢ ᠢᠳᠠᠪᠬᠢᠳᠠᠢ ᠬᠦᠭᠵᠢᠬᠦᠯᠦᠨ᠂ | ᠤᠯᠠᠨ ᠲᠡᠪᠬᠤᠷᠭᠠᠳᠦ ᠬᠦᠷᠦᠩᠭᠡ ᠶᠢᠨ ᠵᠠᠬ᠎ᠠ ᠲᠡᠯᠬᠡᠬᠦᠷ ᠤᠨ ᠬᠦᠭᠵᠢᠯᠳᠠ ᠶᠢ ᠪᠦᠬᠦ ᠲᠠᠯ᠎ᠠ ᠪᠠᠷ ᠦᠷᠬᠡᠳᠬᠡᠵᠦ᠂ | ᠡᠷᠡᠭᠦᠯ ᠪᠤᠰᠤ ᠡᠳ᠋ ᠬᠦᠷᠦᠩᠭᠡ ᠶᠢ ᠬᠤᠷᠢᠶᠠᠨ ᠰᠢᠢᠳᠬᠡᠵᠦ᠂ ᠮᠦᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠬᠢᠷᠢ | ᠲᠦᠪᠰᠢᠨ ᠢ ᠦᠨᠡᠨᠬᠦ ᠲᠡᠬᠡᠭᠰᠢᠯᠡᠬᠦᠯᠦᠨ᠎ᠡ᠃ ᠠᠷᠠᠳ ᠤᠨ ᠬᠤᠭᠤᠷᠤᠨᠳᠤᠬᠢ ᠵᠢᠬᠡᠯᠡᠯᠬᠡ ᠶᠢ ᠬᠠᠤᠯᠢ ᠶᠤᠰᠤᠭᠠᠷ | ᠲᠦᠷᠢᠮᠵᠢᠬᠦᠯᠦᠨ᠂ ᠪᠦᠳᠦᠮᠵᠢᠳᠠᠢ ᠠᠷᠭ᠎ᠠ ᠬᠡᠮᠵᠢᠶ᠎ᠡ ᠠᠪᠴᠦ ᠬᠠᠤᠯᠢ ᠪᠤᠰᠤ ᠪᠠᠷ ᠵᠤᠭᠤᠰ ᠮᠦᠩᠭᠦ ᠬᠤᠷᠠᠮᠳᠤᠭᠤᠯᠬᠤ | ᠬᠦᠳᠡᠯᠭᠡᠭᠡᠨ ᠶᠠᠪᠤᠭᠳᠠᠭᠤᠯᠬᠤ ᠶᠢ ᠬᠤᠷᠢᠭᠯᠠᠨ᠂ ᠮᠦᠩᠭᠦᠨ ᠭᠦᠢᠯᠭᠡᠭᠡᠨ ᠤ ᠲᠦᠭᠰᠢᠭᠦᠷᠢ ᠭᠠᠷᠬᠤ ᠦᠭᠡᠢ ᠪᠠᠶᠢᠬᠤ ᠶᠢ | ᠪᠠᠳᠤᠯᠠᠨ᠎ᠠ᠃ | ︵ᠲᠦᠷᠪᠡ︶ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠶᠢ ᠪᠠᠷᠢᠮᠳᠠᠯᠠᠵᠤ᠂ ᠬᠤᠳᠠᠯᠳᠤᠭ᠎ᠠ ᠡᠵᠡᠩᠨᠡᠬᠦ ᠤᠷᠴᠢᠨ ᠢ | ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠬᠤᠳᠠᠯᠳᠤᠭ᠎ᠠ ᠡᠵᠡᠩᠨᠡᠬᠦ ᠤᠷᠴᠢᠨ ᠢ | ᠰᠢᠯᠢᠳᠡᠭᠵᠢᠭᠦᠯᠬᠦ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠰᠠᠬᠤ | ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ᠂ | ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠦᠨ | ᠢᠶᠠᠷ ᠢᠯᠠᠵᠦ᠂ ᠵᠠᠬ᠎ᠠ ᠲᠡᠯᠭᠡᠭᠦᠷᠴᠢᠯᠡᠭᠰᠡᠨ ᠪᠠ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠤᠷᠴᠢᠨ ᠢ ᠬᠦᠴᠦᠯᠡᠨ | ᠪᠠᠶᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠬᠦᠯᠵᠢᠯᠡᠨ | ᠬᠦᠨᠵᠡᠭᠡᠶᠢᠷᠡᠭᠦᠯᠵᠤ᠂ ︽ᠢᠨᠲ᠋ᠧᠷᠨᠧᠲ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠰᠲ᠋ᠧᠮ | ᠤᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂ ᠢᠨᠵᠧᠨᠧᠷᠢᠩ ᠤᠨ ᠪᠠᠶᠢᠭᠤᠯᠤᠯᠳᠠ ᠶᠢᠨ ᠲᠦᠷᠦᠯ ᠵᠦᠢᠯ ᠤᠨ | ᠦᠬᠡᠷᠡᠴᠢᠯᠡᠯᠳᠠ ᠪᠠ ᠭᠠᠶᠢᠯᠢ ᠶᠢ ᠪᠠᠭᠠᠰᠬᠠᠨ ᠵᠠᠷᠤᠳᠠᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ | ᠬᠦᠴᠦᠨ ᠢᠶᠠᠷ ᠰᠠᠶᠢᠳᠦᠷ ᠠᠳᠬᠤᠵᠦ᠂ ᠬᠢᠨᠠᠨ ᠵᠦᠪᠰᠢᠶᠡᠷᠡᠬᠦ ᠬᠤᠭᠤᠴᠠᠭ᠎ᠠ ᠶᠢ ᠦᠷᠬᠦᠯᠵᠢᠯᠡᠨ ᠪᠠᠭᠠᠰᠬᠠᠨ᠂ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠭᠦᠯᠦᠨ᠎ᠡ᠃ ︽ | ᠭᠡᠷᠡᠴᠢ ᠦᠨᠡᠮᠯᠡᠯ ᠢ ᠰᠠᠯᠭᠠᠬᠤ︾ ᠦᠭᠡᠷᠡᠴᠢᠯᠡᠯᠳᠡ ᠶᠢ ᠪᠦᠷᠬᠦᠬᠦᠯᠦᠨ᠂ ᠬᠡᠷᠡᠴᠢᠯᠡᠬᠦ ᠵᠦᠢᠯᠡᠰ ᠪᠠ ᠠᠵᠤ ᠠᠬᠤᠶᠢᠯᠠᠯ | ᠤᠨ ᠡᠵᠡᠩᠨᠡᠬᠦ ᠵᠦᠪᠰᠢᠶᠡᠷᠡᠯ ᠤᠨ ᠵᠦᠢᠯᠡᠰ ᠢ ᠮᠡᠳᠡᠭᠦᠯᠦᠨ ᠠᠮᠠᠯᠠᠬᠤ ᠲᠦᠷᠢᠮ ᠢ ᠬᠡᠷᠡᠭᠵᠢᠭᠦᠯᠦᠨ᠎ᠡ᠃ ᠡᠯ᠎ᠡ ᠲᠦᠷᠦᠯ | ᠤᠨ ᠭᠠᠶᠢᠯᠢ ᠬᠠᠰᠤᠵᠤ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠪᠤᠳᠠᠳᠤ ᠠᠵᠤ ᠠᠬᠤᠢ ᠶᠢᠨ ᠬᠦᠭᠵᠢᠯᠳᠡ ᠶᠢ ᠢᠳᠡᠪᠬᠢᠳᠠᠢ ᠲᠡᠳᠬᠦᠨ᠎ᠡ᠃ ᠬᠤᠳᠠᠯᠳᠤᠭ᠎ᠠ | ᠡᠷᠬᠢᠯᠡᠬᠦ ᠤᠨ ᠤ ᠠᠵᠢᠯᠯᠠᠭ᠎ᠠ ᠦᠷᠨᠢᠬᠦᠯᠦᠨ᠂ ᠬᠤᠳᠠᠯᠳᠤᠭᠠᠴᠢᠨ ᠤᠷᠢᠵᠦ ᠪᠠᠯᠠ ᠤᠷᠤᠭᠤᠯᠬᠤ ᠡᠩᠨᠡᠭᠡ ᠶᠢ | ᠡᠷᠴᠢᠮᠵᠢᠬᠦᠯᠦᠨ᠂ ᠬᠦᠴᠦᠯᠠᠴᠠ ᠪᠠᠨ ᠨᠡᠮᠡᠭᠳᠡᠬᠦᠯᠵᠦ᠂ ᠠᠷᠢᠭᠤᠨ ᠴᠢᠬᠡᠴᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ | ᠴᠤᠭᠴᠠᠯᠠᠨ ᠪᠠᠶᠢᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠡᠷᠬᠡ ᠠᠰᠢᠭ ᠢ ᠬᠠᠤᠯᠢ ᠶᠤᠰᠤᠭᠠᠷ | ᠬᠠᠮᠠᠭᠠᠯᠠᠨ᠎ᠠ᠃ ᠴᠢᠳᠠᠪᠤᠷᠢᠳᠠᠨ ᠢ ᠬᠦᠮᠦᠵᠢᠬᠦᠯᠬᠦ ᠬᠦᠴᠦᠯᠡᠴᠡ ᠪᠠᠨ ᠨᠡᠮᠡᠭᠳᠡᠬᠦᠯᠦᠨ᠂ ᠶᠡᠭᠡ ᠲᠡᠬᠡᠳᠦ ᠰᠤᠷᠭᠠᠭᠤᠯᠢ | ᠠᠴᠠ ᠲᠡᠬᠦᠰᠦᠭᠰᠡᠳ ᠤᠨ ᠬᠦᠳᠡᠭᠡ ᠪᠤᠴᠠᠵᠦ ᠦᠢᠯᠡᠰ ᠪᠤᠰᠬᠠᠬᠤ ᠶᠢ ᠵᠤᠷᠢᠭᠵᠢᠭᠤᠯᠤᠨ ᠲᠠᠭᠠᠭᠤᠯᠤᠨ᠎ᠠ᠃ ︽ | ᠲᠧᠭᠨᠢᠭ ᠮᠡᠷᠭᠡᠵᠢᠯ ᠢᠶᠠᠷ ᠦᠪᠦᠷ ᠮᠤᠩᠭᠤᠯ ᠢᠶᠠᠨ ᠬᠦᠭᠵᠢᠭᠦᠯᠬᠦ︾ ᠠᠵᠢᠯᠯᠠᠭ᠎ᠠ ᠶᠢ ᠬᠦᠨᠵᠡᠭᠡᠢ ᠶᠠᠪᠤᠭᠳᠠᠭᠤᠯᠵᠤ᠂ | ᠲᠡᠬᠡᠳᠦ ᠵᠡᠷᠬᠡ ᠶᠢᠨ ᠰᠤᠷᠭᠠᠭᠤᠯᠢ ᠪᠤᠯᠤᠨ ᠰᠤᠳᠤᠯᠭᠠᠨ ᠤ ᠬᠦᠷᠢᠶᠠᠯᠠᠩ ᠯᠤᠭ᠎ᠠ ᠬᠠᠮᠳᠤᠷᠠᠯᠴᠠᠬᠤ ᠬᠦᠴᠦᠯᠡᠴᠡ ᠪᠠᠨ | ᠨᠡᠮᠡᠭᠳᠡᠬᠦᠯᠵᠦ᠂ ᠤᠷᠤᠨ ᠨᠤᠳᠤᠭ ᠤᠨ ᠰᠢᠨᠵᠢᠯᠡᠭᠡ ᠮᠡᠷᠬᠡᠵᠢᠯ ᠤᠨ ᠰᠢᠨ᠎ᠡ ᠡᠬᠦᠳᠦᠯᠳᠠ ᠶᠢᠨ ᠠᠵᠦ ᠠᠬᠤᠶᠢᠯᠠᠯ ᠢ | ᠢᠳᠠᠪᠬᠢᠳᠠᠢ ᠪᠠᠶᠢᠭᠤᠯᠵᠦ᠂ ᠲᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠬᠦᠷᠢᠶᠡᠯᠡᠩ ᠲᠠᠢ | ᠬᠤᠯᠪᠤᠭᠠᠯᠠᠬᠤ ᠬᠦᠴᠦᠯᠡᠴᠡ ᠪᠠᠨ ᠶᠡᠬᠡᠰᠬᠡᠨ᠂ ᠮᠡᠳᠡᠯᠬᠡ ᠶᠢᠨ ᠡᠷᠬᠡ ᠶᠢᠨ ᠦᠮᠴᠢᠯᠡᠯ ᠤᠨ ᠬᠠᠮᠠᠭᠠᠯᠠᠯᠳᠠ ᠶᠢ | ᠴᠢᠩᠭᠠᠳᠬᠠᠵᠦ᠂ ᠲᠧᠭᠨᠢᠭ ᠮᠡᠷᠭᠡᠵᠢᠯ ᠤᠨ ᠦᠷ᠎ᠡ ᠪᠦᠳᠦᠮᠵᠢ ᠶᠢᠨ ᠬᠤᠪᠢᠰᠤᠯ ᠢ ᠲᠦᠷᠬᠡᠳᠬᠡᠨ ᠠᠬᠢᠭᠤᠯᠤᠨ᠎ᠠ᠃ | ︵ᠲᠠᠪᠤ︶ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠪᠠᠷᠢᠮᠳᠠᠯᠠᠵᠤ᠂ ᠠᠷᠠᠳ ᠤᠨ | ᠠᠮᠢᠳᠤᠷᠠᠯ ᠢ ᠦᠷᠭᠦᠯᠵᠢᠯᠡᠨ ᠲᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ | ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠳᠤᠷ ᠬᠢᠵᠤ᠂ ᠬᠠᠮᠤᠭ ᠲᠤᠤᠷᠠᠳᠤ ᠪᠠᠳᠤᠯᠠᠭ᠎ᠠ | ᠪᠠᠨ ᠪᠠᠳᠤᠯᠠᠨ᠂ ᠠᠷᠠᠳ ᠤᠨ ᠠᠮᠢᠳᠤᠷᠠᠯ ᠤᠨ ᠲᠤᠮᠳᠠᠬᠢ ᠪᠤᠳᠠᠳᠤ ᠵᠦᠢᠯᠡᠰ ᠢ ᠪᠡᠶᠡᠯᠡᠭᠦᠯᠬᠦ ᠶᠢ ᠠᠬᠢᠭᠤᠯᠵᠤ᠂ ᠤᠯᠠᠨ | ᠲᠦᠮᠡᠨ ᠤ ᠠᠮᠢᠳᠤᠷᠠᠯ ᠤᠨ ᠨᠦᠬᠦᠴᠡᠯ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠨ᠎ᠠ᠃ | ᠬᠤᠳᠠ ᠪᠠᠯᠭᠠᠰᠤᠨ ᠤ ᠤᠷᠤᠰᠢᠨ ᠠᠮᠢᠳᠤᠷᠠᠬᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠡ᠃ ᠤᠷᠤᠨ ᠰᠠᠭᠤᠴᠠ | ᠶᠢᠨ ᠨᠦᠬᠦᠴᠡᠯ ᠢ ᠰᠠᠶᠢᠵᠢᠷᠠᠭᠤᠯᠬᠤ ᠪᠠ ᠤᠯᠠᠨ ᠨᠠᠶᠢᠳᠠ ᠶᠢᠨ ᠦᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠬᠦ | ᠳᠤ ᠲᠦᠪᠯᠡᠷᠡᠬᠦᠯᠦᠨ᠂ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ | ᠰᠠᠭᠤᠷᠢᠰᠢᠯ ᠠᠮᠢᠳᠤᠷᠠᠯ ᠢ ᠨᠡᠩ ᠰᠠᠶᠢᠵᠢᠷᠠᠭᠤᠯᠤᠨ᠎ᠠ᠃ ᠬᠡᠷ ᠪᠠᠶᠢᠰᠢᠩ ᠪᠠᠶᠢᠭᠤᠯᠬᠤ ᠢᠨᠵᠧᠨᠧᠷᠢᠩ ᠤᠨ ᠬᠦᠴᠦᠯᠡᠴᠡ | ᠪᠠᠨ ᠨᠡᠮᠡᠭᠳᠡᠬᠦᠯᠦᠨ᠂ 4 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ ᠲᠠᠢ ᠾᠧ ᠴᠡᠴᠡᠷᠯᠢᠭᠳᠦ ᠬᠤᠷᠢᠶᠠᠯᠠᠯ᠂ | ᠪᠢ ᠱᠧᠩ ᠶᠤᠸᠠᠨ ᠬᠤᠷᠢᠶᠠᠯᠠᠯ ᠵᠡᠷᠬᠡ ᠰᠠᠭᠤᠭᠠᠯᠢ ᠠᠷᠠᠳ ᠤᠨ ᠲᠤᠭᠤᠷᠢᠭ ᠢ ᠭᠤᠤᠯᠳᠠᠯᠭ᠎ᠠ ᠲᠠᠢ ᠲᠠᠭᠤᠰᠬᠠᠨ᠂ | ᠪᠠᠷᠢᠯᠭ᠎ᠠ ᠶᠢᠨ ᠲᠠᠯᠠᠪᠤᠷ ᠢ 25 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠨ᠎ᠡ᠃ ᠬᠠᠤᠯᠢ ᠠᠴᠠ | ᠵᠦᠷᠢᠴᠡᠨ ᠪᠠᠶᠢᠭᠤᠯᠬᠤ ᠪᠠ ᠬᠠᠤᠯᠢ ᠪᠤᠰᠦ ᠪᠠᠷ ᠬᠢᠨᠠᠨ ᠵᠦᠪᠰᠢᠶᠡᠷᠡᠬᠦ ᠶᠢ ᠲᠤᠰᠬᠠᠶᠢᠯᠠᠨ ᠴᠡᠭᠴᠡᠯᠡᠬᠦ ᠠᠵᠢᠯ ᠢ ᠪᠦᠬᠦ | ᠲᠠᠯ᠎ᠠ ᠪᠠᠷ ᠰᠠᠶᠢᠳᠦᠷ ᠬᠢᠵᠦ᠂ ᠪᠠᠷᠢᠯᠭ᠎ᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠳᠦᠷ ᠰᠠᠬᠢᠨ᠎ᠠ᠃ | ᠬᠤᠳᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂ ᠸᠧᠢᠢᠵᠢᠩ ᠵᠠᠮ᠂ | ᠵᠧᠩ ᠪᠧᠢ ᠵᠠᠮ᠂ ᠭᠤᠸᠠᠩ ᠮᠢᠩ ᠵᠡᠷᠬᠡ ᠵᠠᠮ ᠱᠤᠭᠤᠮ ᠵᠢᠴᠢ ᠢᠵᠢ ᠪᠦᠷᠢᠳᠦᠭᠦᠯᠬᠦ ᠲᠤᠤᠷ ᠬᠤᠭᠤᠯᠠᠢ ᠶᠢᠨ | ᠢᠨᠵᠧᠨᠧᠷᠢᠩ ᠢ ᠬᠡᠷᠡᠭᠵᠢᠬᠦᠯᠵᠦ᠂ ᠬᠠᠰᠠᠷ ᠲᠠᠯᠠᠪᠠᠢ ᠶᠢᠨ ᠬᠤᠶᠢᠨ᠎ᠡ ᠵᠠᠮ ᠵᠡᠷᠬᠡ 4 ᠲᠦᠷᠦᠯ ᠤᠨ ᠦᠶᠡᠷ ᠢ | ᠰᠡᠷᠭᠡᠶᠢᠯᠡᠵᠤ ᠪᠠᠴᠢᠮ ᠪᠠᠶᠢᠳᠠᠯ ᠢ ᠠᠷᠭᠠᠴᠠᠭᠠᠬᠤ ᠢᠨᠵᠧᠨᠧᠷᠢᠩ ᠢ ᠶᠠᠪᠤᠭᠳᠠᠭᠤᠯᠤᠨ᠎ᠠ᠃ 33 ᠬᠠᠭᠤᠴᠢᠨ ᠲᠤᠭᠤᠷᠢᠭ | ᠢ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠤᠨ᠂ ᠬᠤᠷᠢᠶᠠᠯᠠᠯ ᠲᠤᠭᠤᠷᠢᠭ ᠤᠨ ᠵᠠᠮ ᠭᠤᠳᠤᠮᠵᠢ ᠶᠢᠨ | ᠲᠠᠭᠠᠯᠳᠤᠪᠤᠷᠢ ᠴᠢᠳᠠᠮᠵᠢ ᠶᠢ ᠬᠠᠮᠳᠤ ᠳᠤᠨᠢ ᠲᠡᠭᠦᠯᠳᠡᠷᠵᠢᠭᠦᠯᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠶᠢ | ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠬᠤᠭ ᠨᠤᠪᠰᠢ ᠶᠢ ᠵᠠᠳᠠᠷᠠᠭᠤᠯᠬᠤ ᠲᠦᠷᠦᠯ ᠵᠦᠢᠯ ᠢ ᠲᠦᠷᠬᠡᠳᠬᠡᠨ | ᠠᠬᠢᠭᠤᠯᠵᠤ᠂ ᠵᠢᠯ ᠤᠨ ᠲᠤᠳᠤᠷ᠎ᠠ ᠬᠡᠷᠡᠭᠯᠡᠯᠳᠡ ᠳᠤ ᠤᠷᠤᠭᠤᠯᠬᠤ ᠶᠢ ᠪᠠᠳᠤᠯᠠᠨ᠎ᠠ᠃ ᠲᠦᠷᠦᠯ ᠵᠤᠶᠢᠯ ᠤᠨ ᠪᠠᠯᠠ | ᠮᠦᠩᠭᠦ ᠶᠢ ᠢᠳᠠᠪᠬᠢᠴᠢᠯᠠᠨ ᠤᠯᠵᠦ᠂ ᠬᠤᠭ ᠨᠤᠪᠰᠢ ᠶᠢ ᠰᠢᠯᠵᠢᠬᠦᠯᠬᠦ ᠦᠷᠳᠡᠭᠡ᠂ ᠤᠰᠦ ᠪᠠᠷ ᠵᠠᠶᠢᠯᠠᠬᠤ ᠵᠤᠷᠯᠤᠩ | ᠵᠢᠴᠢ ᠤᠯᠠᠨ ᠨᠠᠶᠢᠳᠠ ᠶᠢᠨ ᠦᠢᠯᠡᠴᠢᠯᠡᠬᠡᠨ ᠤ ᠲᠦᠬᠦᠷ ᠢᠨᠵᠧᠨᠧᠷᠢᠩ ᠢ ᠠᠬᠢᠭᠤᠯᠤᠨ ᠬᠡᠷᠡᠭᠵᠢᠬᠦᠯᠵᠦ᠂ ᠰᠠᠭᠤᠭᠠᠯᠢ | ᠠᠷᠠᠳ ᠤᠨ ᠵᠤᠷᠯᠤᠩ ᠳᠤ ᠤᠷᠤᠬᠤ ᠳᠤ ᠬᠦᠴᠢᠷ᠂ ᠤᠷᠴᠢᠨ ᠲᠤᠭᠤᠷᠢᠨ ᠪᠤᠵᠠᠷ ᠪᠠᠶᠢᠭ᠎ᠠ ᠠᠰᠠᠭᠤᠳᠠᠯ ᠢ | ᠪᠦᠳᠦᠮᠵᠢᠳᠠᠢ ᠰᠢᠢᠳᠪᠦᠷᠢᠯᠡᠨ᠎ᠡ᠃ ᠠᠷᠠᠳ ᠲᠤ ᠠᠰᠢᠭ ᠬᠦᠷᠳᠡᠬᠡᠬᠦ ᠬᠦᠷᠢᠶᠠᠯᠠᠩ ᠤᠨ ᠲᠦᠷᠦᠯ ᠵᠤᠶᠢᠯ ᠢ ᠡᠬᠢᠯᠡᠨ | ᠪᠠᠶᠢᠭᠤᠯᠵᠦ᠂ ᠵᠢᠯ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠂ ᠰᠢᠨ᠎ᠡ ᠲᠤᠭᠤᠷᠢᠭ ᠤᠨ | ᠦᠢᠯᠡᠴᠢᠯᠡᠬᠡᠨ ᠤ ᠴᠢᠳᠠᠮᠵᠢ ᠶᠢ ᠦᠨᠡᠨᠬᠦ ᠲᠡᠬᠦᠯᠳᠡᠷᠵᠢᠬᠦᠯᠦᠨ᠎ᠠ᠃ ᠤᠯᠠᠭᠠᠨᠬᠤᠸᠠ ᠪᠠᠯᠭᠠᠰᠤᠨ ᠤ ᠤᠰᠤᠨ ᠤ ᠡᠬᠢ | ᠪᠠᠶᠠᠯᠢᠭ ᠢ ᠬᠠᠮᠠᠭᠠᠯᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ 2 ᠤᠰᠤ ᠴᠡᠪᠡᠷᠰᠢᠭᠦᠯᠬᠦ ᠦᠢᠯᠡᠳᠪᠦᠷᠢ ᠪᠠ | 2 ᠤᠰᠤᠨ ᠤ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠢ ᠪᠠᠶᠢᠭᠤᠯᠤᠨ᠂ ᠤᠰᠦ ᠬᠠᠩᠭᠠᠬᠤ ᠪᠠᠳᠤᠯᠠᠭ᠎ᠠ ᠶᠢᠨ | ᠴᠢᠳᠠᠪᠤᠷᠢ ᠶᠢ ᠦᠨᠡᠨᠬᠦ ᠲᠡᠬᠡᠭᠰᠢᠯᠡᠬᠦᠯᠦᠨ᠎ᠡ᠃ ᠬᠤᠳᠠ ᠪᠠᠯᠭᠠᠰᠤᠨ ᠤ ᠬᠠᠮᠢᠶᠠᠷᠤᠯᠳᠠ ᠶᠢᠨ ᠬᠦᠴᠦᠯᠡᠴᠡ ᠪᠠᠨ | ᠶᠡᠬᠡᠰᠬᠡᠨ᠂ ᠤᠶᠤᠨᠳᠤ ᠬᠤᠳᠠ ᠶᠢᠨ ᠬᠠᠮᠢᠶᠠᠷᠤᠯᠳᠠ ᠶᠢᠨ ᠲᠡᠪᠴᠡᠩ ᠤᠨ ᠪᠠᠶᠢᠭᠤᠯᠤᠯᠳᠠ ᠶᠢ ᠢᠳᠡᠪᠬᠢᠳᠠᠢ | ᠪᠠᠶᠢᠭᠤᠯᠵᠤ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ ᠤᠶᠤᠨᠴᠢᠯᠠᠨ ᠨᠠᠷᠢᠯᠢᠭᠵᠢᠭᠤᠯᠬᠤ ᠶᠢ ᠲᠠᠰᠤᠷᠠᠯᠳᠠ ᠦᠭᠡᠢ | ᠴᠢᠩᠭᠠᠳᠬᠠᠨ᠎ᠠ᠃ ᠠᠳᠠᠯ ᠠᠬᠤᠢ ᠶᠢᠨ ᠬᠠᠮᠢᠶᠠᠷᠤᠯᠳᠠ ᠶᠢᠨ ᠵᠦᠪᠯᠡᠯ ᠪᠠᠶᠢᠭᠤᠯᠬᠤ ᠶᠢ ᠠᠬᠢᠭᠤᠯᠤᠨ᠂ ᠵᠠᠬ᠎ᠠ | ᠲᠡᠯᠬᠡᠬᠦᠷᠴᠢᠯᠡᠭᠰᠡᠨ ᠠᠳᠠᠯ ᠠᠬᠤᠢ ᠶᠢᠨ ᠦᠢᠯᠡᠴᠢᠯᠡᠬᠡᠨ ᠤ ᠠᠷᠭ᠎ᠠ ᠮᠠᠶ᠋ᠢᠭ ᠢ ᠰᠦᠪᠡᠭᠴᠢᠯᠡᠨ ᠪᠠᠶᠢᠭᠤᠯᠵᠦ᠂ ᠠᠳᠠᠯ | ᠠᠬᠤᠢ ᠶᠢᠨ ᠦᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠲᠡᠰ | ᠤᠨ ᠴᠡᠴᠡᠷᠯᠢᠭᠵᠢᠭᠦᠯᠦᠯᠳᠡ ᠶᠢᠨ ᠬᠤᠳᠠ ᠶᠢ ᠪᠠᠶᠢᠭᠤᠯᠬᠤ ᠪᠠᠷ ᠪᠠᠷᠢᠮᠵᠢᠶ᠎ᠠ ᠪᠤᠯᠭᠠᠵᠤ᠂ ᠵᠡᠭᠡᠯᠢ ᠭᠤᠳᠤᠮᠵᠢ ᠶᠢᠨ | ᠨᠤᠭᠤᠭᠠᠷᠠᠭᠤᠯᠤᠯᠳᠠ ᠪᠠ ᠴᠡᠴᠡᠷᠯᠢᠭ ᠢ ᠭᠤᠶᠤᠵᠢᠭᠤᠯᠤᠨ ᠰᠠᠶᠢᠵᠢᠷᠠᠭᠤᠯᠬᠤ ᠢᠨᠵᠧᠨᠧᠷᠢᠩ ᠢ ᠦᠷᠭᠦᠯᠵᠢᠯᠡᠨ | ᠶᠠᠪᠤᠭᠳᠠᠭᠤᠯᠵᠤ᠂ ᠰᠡᠯᠡᠬᠦᠴᠡᠯ ᠪᠤᠯᠪᠠᠰᠤᠷᠠᠯ ᠵᠡᠷᠬᠡ ᠦᠢᠯᠡᠴᠢᠯᠡᠬᠡᠨ ᠤ ᠠᠴᠢᠶᠠᠯᠠᠪᠤᠷᠢ ᠶᠢᠨ ᠴᠢᠳᠠᠮᠵᠢ ᠶᠢ ᠤᠯᠠᠮ | ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ | ᠨᠡᠶᠢᠭᠡᠮ ᠤᠨ ᠠᠵᠤ ᠦᠢᠯᠡᠰ ᠤᠨ ᠬᠦᠭᠵᠢᠯᠳᠡ ᠶᠢ ᠲᠠᠰᠤᠷᠠᠯᠳᠠ ᠦᠭᠡᠢ ᠴᠢᠩᠭᠠᠳᠬᠠᠨ᠎ᠠ᠃ ᠠᠵᠢᠯ | ᠠᠯᠳᠠᠭᠰᠠᠳ ᠤᠨ ᠲᠠᠭᠠᠳᠬᠠᠯ ᠤᠨ ᠬᠦᠴᠦᠯᠡᠴᠡ ᠶᠢ ᠨᠡᠮᠡᠭᠳᠡᠬᠦᠯᠦᠨ᠂ ᠭᠤᠤᠯᠳᠠᠯᠭ᠎ᠠ ᠲᠠᠢ ᠤᠯᠠᠨ ᠲᠦᠮᠡᠨ ᠤ ᠠᠵᠢᠯ | ᠤᠯᠭᠤᠯᠳᠠ ᠪᠠ ᠭᠠᠳᠠᠭᠰᠢ ᠭᠠᠷᠴᠦ ᠠᠵᠢᠯ ᠬᠢᠬᠦ ᠦᠢᠯᠡᠴᠢᠯᠡᠭᠡ ᠶᠢ ᠪᠠᠳᠤᠯᠠᠨ᠎ᠠ᠃ ᠡᠮ ᠡᠮᠴᠢᠯᠡᠬᠡᠨ ᠤ ᠲᠦᠷᠢᠮ ᠤᠨ | ᠦᠬᠡᠷᠡᠴᠢᠯᠡᠯᠳᠠ ᠶᠢ ᠬᠦᠨᠵᠡᠬᠡᠶᠢᠷᠡᠬᠦᠯᠵᠦ᠂ ᠡᠮ ᠡᠮᠨᠡᠯᠬᠡ ᠶᠢᠨ ᠪᠠᠳᠤᠯᠠᠭ᠎ᠠ ᠶᠢᠨ ᠰᠠᠭᠤᠷᠢ ᠮᠦᠩᠭᠦᠨ ᠤ ᠬᠢᠨᠠᠨ | ᠬᠠᠮᠢᠶᠠᠷᠤᠯᠳᠠ ᠶᠢ ᠴᠢᠩᠭᠠᠳᠬᠠᠨ᠎ᠠ᠃ ︽ᠮᠠᠯᠴᠢᠨ ᠲᠠᠷᠢᠶᠠᠴᠢᠨ ᠠᠵᠢᠯᠳᠠᠨ ᠤ ᠬᠦᠯᠦᠰᠦ ᠬᠠᠷᠠᠮᠵᠢ ᠶᠢ ᠪᠠᠳᠤᠯᠠᠬᠤ | ᠲᠦᠷᠢᠮ︾ ᠢ ᠴᠢᠩᠭ᠎ᠠ ᠬᠡᠷᠡᠭᠵᠢᠬᠦᠯᠵᠦ᠂ ᠮᠠᠯᠴᠢᠨ ᠲᠠᠷᠢᠶᠠᠴᠢᠨ ᠠᠵᠢᠯᠳᠠᠨ ᠤ ᠬᠠᠤᠯᠢ ᠶᠤᠰᠤᠨ ᠤ ᠡᠷᠬᠡ ᠠᠰᠢᠭ ᠢ | ᠪᠦᠬᠦ ᠬᠦᠴᠦᠨ ᠢᠶᠠᠷ ᠪᠠᠳᠤᠯᠠᠨ᠎ᠠ᠃ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠢ ᠲᠤᠬᠢᠷᠠᠭᠤᠯᠬᠤ | ᠲᠤᠭᠳᠠᠴᠠ ᠶᠢ ᠦᠷᠬᠦᠯᠵᠢᠯᠡᠨ ᠨᠠᠶᠢᠳᠠᠪᠤᠷᠢᠵᠢᠭᠤᠯᠤᠨ᠂ ᠲᠡᠰ ᠲᠦᠷᠦᠯ ᠬᠤᠪᠢᠶᠠᠵᠦ᠂ ᠨᠡᠶᠢᠬᠡᠮ ᠤᠨ ᠠᠪᠤᠷᠠᠨ | ᠲᠤᠰᠠᠯᠠᠯᠳᠠ ᠶᠢᠨ ᠰᠢᠰᠲ᠋ᠧᠮ ᠢ ᠪᠠᠶᠢᠭᠤᠯᠤᠨ᠎ᠠ᠃ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠤᠨᠤᠭ | ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠰᠢᠭᠤᠨ ᠤ ᠮᠤᠩᠭᠤᠯ ᠬᠢᠳᠠᠳ ᠡᠮᠨᠡᠯᠬᠡ ᠶᠢᠨ | ᠬᠤᠷᠢᠶᠠᠨ ᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠤᠶᠢᠯ᠂ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠶᠢ ᠦᠷᠭᠡᠳᠬᠡᠨ ᠵᠠᠰᠠᠬᠤ ᠲᠦᠷᠦᠯ ᠵᠦᠢᠯ ᠢ ᠠᠰᠢᠭᠯᠠᠯᠳᠠ | ᠳᠤ ᠤᠷᠤᠭᠤᠯᠬᠤ ᠶᠢ ᠪᠠᠳᠤᠯᠠᠵᠦ᠂ ᠡᠮᠴᠢᠯᠡᠭᠡᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠮᠵᠢ ᠶᠢ | ᠲᠡᠭᠡᠭᠰᠢᠯᠡᠬᠦᠯᠦᠨ᠎ᠡ᠃ ᠬᠤᠯᠤᠭᠠᠨ᠎ᠠ ᠶᠢᠨ ᠬᠢᠵᠢᠭ ᠢ ᠬᠢᠨᠠᠨ ᠪᠠᠶᠢᠴᠠᠭᠠᠬᠤ ᠬᠢᠷᠢ ᠲᠦᠪᠰᠢᠨ ᠢ ᠪᠦᠬᠦ ᠬᠦᠴᠦᠨ ᠢᠶᠠᠷ | ᠲᠡᠭᠡᠭᠰᠢᠯᠡᠬᠦᠯᠵᠦ᠂ ᠬᠤᠩᠭᠤᠷ ᠰᠤᠮᠤᠨ ᠤ ᠤᠯᠤᠰ ᠤᠨ ᠲᠡᠰ ᠤᠨ ᠬᠤᠯᠤᠭᠠᠨ᠎ᠠ ᠶᠢᠨ ᠬᠢᠵᠢᠭ ᠤᠨ ᠬᠢᠨᠠᠨ | ᠪᠠᠶᠢᠴᠠᠭᠠᠬᠤ ᠴᠢᠭ ᠵᠢᠴᠢ ᠪᠠᠶᠠᠨᠴᠤᠭᠳᠦ ᠶᠢᠨ ᠢᠵᠢ ᠪᠦᠷᠢᠳᠦᠬᠦᠯᠦᠭᠰᠡᠨ ᠬᠢᠨᠠᠨ ᠪᠠᠶᠢᠴᠠᠭᠠᠬᠤ ᠴᠢᠭ ᠤᠨ ᠲᠦᠷᠦᠯ | ᠵᠤᠶᠢᠯ ᠢ ᠲᠦᠷᠬᠡᠳᠬᠡᠨ ᠠᠬᠢᠭᠤᠯᠵᠦ᠂ ᠵᠢᠯ ᠲᠤᠳᠤᠷ᠎ᠠ ᠪᠠᠶᠠᠯᠠᠬᠦᠯᠦᠨ ᠲᠠᠭᠤᠰᠬᠠᠬᠤ ᠶᠢ ᠪᠠᠳᠤᠯᠠᠨ᠎ᠠ᠃ ᠤᠯᠠᠨ | ᠨᠠᠶᠢᠳᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠪᠠ ᠡᠮ ᠡᠮᠨᠡᠯᠬᠡ ᠶᠢᠨ ᠠᠪᠤᠷᠠᠨ ᠲᠤᠰᠠᠯᠠᠯᠳᠠ ᠶᠢᠨ ᠰᠢᠰᠲ᠋ᠧᠮ ᠢ | ᠲᠠᠰᠤᠷᠠᠯᠳᠠ ᠦᠭᠡᠢ ᠲᠡᠬᠦᠯᠳᠡᠷᠵᠢᠬᠦᠯᠵᠦ᠂ ᠤᠯᠠᠭᠠᠨᠬᠤᠸᠠ ᠪᠠᠯᠭᠠᠰᠤᠨ ᠤ ᠨᠢᠭᠡᠳᠦᠭᠡᠷ᠂ ᠬᠤᠶᠠᠳᠤᠭᠠᠷ ᠨᠡᠶᠢᠭᠡᠮ | ᠲᠤᠭᠤᠷᠢᠭ ᠤᠨ ᠦᠢᠯᠡᠴᠢᠯᠡᠭᠡᠨ ᠤ ᠲᠦᠪ ᠢ ᠪᠠᠶᠢᠭᠤᠯᠤᠨ ᠬᠡᠷᠡᠭᠯᠡᠬᠦ ᠪᠠᠷ ᠴᠢᠷᠮᠠᠶᠢᠵᠦ᠂ ᠠᠷᠠᠳ ᠲᠦᠮᠡᠨ ᠳᠤ | ᠰᠢᠯᠢᠳᠡᠭ ᠪᠦᠭᠡᠳ ᠦᠨᠳᠦᠷ ᠪᠦᠳᠦᠮᠵᠢᠳᠠᠢ ᠦᠢᠯᠡᠴᠢᠯᠡᠭᠡ ᠶᠢ ᠬᠠᠩᠭᠠᠨ᠎ᠠ᠃ ᠬᠤᠶᠠᠷ ᠬᠡᠤᠬᠡᠳ ᠠᠪᠴᠦ ᠪᠤᠯᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠦᠮᠦᠨ ᠠᠮᠠ ᠶᠢᠨ ᠤᠷᠳᠤ ᠬᠤᠭᠤᠴᠠᠭᠠᠨ ᠤ | ᠲᠡᠩᠴᠡᠬᠦᠷᠢᠳᠠᠢ ᠬᠦᠭᠵᠢᠯᠳᠡ ᠶᠢ ᠠᠬᠢᠭᠤᠯᠤᠨ᠎ᠠ᠃ ᠬᠢᠵᠢᠭ ᠤᠨ ᠶᠡᠷᠦ ᠶᠢᠨ ᠪᠠᠶᠢᠳᠠᠯ ᠤᠨ ᠡᠵᠡᠮᠳᠡᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠠᠮᠢᠷ ᠤᠨ | ᠬᠦᠳᠡᠯᠭᠡᠭᠡᠨ ᠢ ᠶᠠᠪᠤᠭᠳᠠᠭᠤᠯᠵᠤ᠂ ᠨᠡᠶᠢᠳᠡ ᠶᠢᠨ ᠰᠠᠪᠬ᠎ᠠ ᠶᠢ ᠬᠡᠷᠡᠭᠯᠡᠬᠦ ᠪᠠ ᠬᠤᠪᠢᠳᠠᠨ ᠬᠤᠭᠤᠯᠠᠯᠬᠤ ᠲᠦᠷᠢᠮ | ᠵᠡᠷᠭᠡ ᠪᠤᠯᠪᠠᠰᠤᠨ ᠲᠠᠳᠬᠠᠯ ᠢ ᠲᠡᠯᠭᠡᠷᠡᠭᠦᠯᠦᠨ᠎ᠡ᠃ ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠳᠠ | ᠪᠠᠯᠭᠠᠰᠦ ᠶᠢ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠬᠠᠮᠳᠤ | ᠶᠢᠨ ᠴᠤᠭᠴᠠ ᠶᠢᠨ ᠪᠠᠶᠢᠭᠤᠯᠤᠯᠳᠠ ᠶᠢ ᠬᠦᠴᠦᠯᠡᠨ ᠠᠬᠢᠭᠤᠯᠵᠤ᠂ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢ | ᠴᠢᠩᠭᠠᠳᠬᠠᠵᠤ᠂ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ | ᠢᠳᠡᠬᠡᠨ ᠤᠮᠳᠠᠭᠠᠨ ᠡᠮ ᠤᠨ ᠵᠤᠶᠢᠯᠡᠰ ᠤᠨ ︽ᠲᠦᠷᠪᠡᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠷᠠᠳ ᠲᠦᠮᠡᠨ ᠤ ᠠᠮᠤᠷ ᠲᠦᠪᠰᠢᠨ ᠢ ᠪᠠᠳᠤᠯᠠᠨ᠎ᠠ᠃ ᠠᠵᠢᠯ ᠮᠡᠷᠬᠡᠵᠢᠯ ᠤᠨ ᠲᠡᠬᠡᠳᠦ | ᠰᠤᠷᠭᠠᠭᠤᠯᠢ ᠶᠢᠨ ᠪᠤᠯᠪᠠᠰᠤᠷᠠᠯ ᠤᠨ ᠠᠰᠠᠷ᠂ ᠺᠤᠸᠠᠨ ᠭᠤᠤ ᠰᠤᠷᠭᠠᠭᠤᠯᠢ ᠪᠤᠯᠤᠨ ᠬᠤᠩᠭᠤᠷ ᠮᠤᠩᠭᠤᠯ ᠰᠤᠷᠭᠠᠭᠤᠯᠢ | ᠶᠢᠨ ᠪᠠᠶᠢᠷᠢ ᠶᠢᠨ ᠠᠰᠠᠷ ᠪᠠ ᠱᠠᠩ ᠳ᠋ᠧ ᠴᠡᠴᠡᠷᠯᠢᠭ ᠢ ᠪᠠᠶᠢᠭᠤᠯᠬᠤ ᠲᠦᠷᠦᠯ ᠵᠤᠶᠢᠯ ᠢ ᠲᠦᠷᠬᠡᠳᠬᠡᠨ ᠠᠬᠢᠭᠤᠯᠵᠦ᠂ | ᠰᠤᠷᠭᠠᠨ ᠬᠦᠮᠦᠵᠢᠯ ᠤᠨ ᠵᠢᠭᠠᠨ ᠰᠤᠷᠭᠠᠬᠤ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠦᠨ᠎ᠡ᠃ ︽ | ᠰᠢᠶᠠᠨ ᠤ ᠲᠡᠰ ᠤᠨ ᠵᠠᠰᠠᠭ ᠤᠨ ᠤᠷᠳᠤᠨ ᠠᠴᠠ ᠰᠤᠷᠭᠠᠭᠤᠯᠢ ᠶᠢ ᠬᠠᠮᠢᠶᠠᠷᠬᠤ︾ ᠰᠤᠷᠭᠠᠨ ᠬᠦᠮᠦᠵᠢᠯ ᠤᠨ | ᠬᠡᠪᠴᠢᠶᠡᠨ ᠳᠠᠬᠢ ᠶᠡᠷᠦᠩᠭᠡᠶᠢᠯᠡᠭᠰᠡᠨ ᠦᠬᠡᠷᠡᠴᠢᠯᠡᠯᠳᠠ ᠶᠢ ᠨᠢᠬᠡᠳᠦᠯᠳᠠᠢ ᠠᠬᠢᠭᠤᠯᠵᠦ᠂ ᠰᠤᠷᠭᠠᠨ ᠬᠦᠮᠦᠵᠢᠯ ᠤᠨ | ᠲᠤᠳᠤᠭᠠᠳᠦ ᠬᠦᠴᠦᠨ ᠢ ᠲᠠᠰᠤᠷᠠᠯᠳᠠ ᠦᠭᠡᠢ ᠠᠮᠢᠯᠠᠭᠤᠯᠤᠨ᠂ ︽ᠭᠠᠳᠠᠨ᠎ᠠ ᠠᠴᠠ ᠤᠷᠤᠭᠤᠯᠵᠤ ᠲᠤᠳᠤᠭᠠᠳᠤ | ᠳᠠᠭᠠᠨ ᠬᠤᠯᠪᠤᠭᠠᠯᠠᠬᠤ︾ ᠵᠠᠮ ᠢᠶᠠᠷ ᠭᠤᠶᠢᠪᠢᠰᠢ ᠦᠭᠡᠢ ᠵᠠᠮᠨᠠᠵᠦ᠂ ᠨᠡᠷᠡᠳᠦ ᠪᠠᠭᠰᠢ ᠶᠢᠨ ᠲᠠᠭᠠᠭᠤᠯᠤᠭᠴᠢ | ᠦᠢᠯᠡᠳᠦᠯ ᠢ ᠪᠠᠳᠠᠷᠠᠭᠤᠯᠤᠨ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠤᠷᠴᠢᠨ ᠠᠬᠤᠢ ᠶᠢ ᠦᠷᠬᠦᠯᠵᠢᠯᠡᠨ | ᠰᠠᠶᠢᠵᠢᠷᠠᠭᠤᠯᠤᠨ᠎ᠠ᠃ ᠤᠯᠠᠨ ᠲᠦᠮᠡᠨ ᠤ ᠪᠡᠶ᠎ᠡ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠰᠤᠷᠭᠠᠭᠤᠯᠢ ᠶᠢᠨ | ᠪᠡᠶ᠎ᠡ ᠲᠠᠮᠢᠷ ᠬᠢᠭᠡᠳ ᠤᠷᠠᠯᠢᠭ ᠵᠡᠷᠭᠡ ᠴᠢᠬᠤᠯᠠ ᠲᠠᠯ᠎ᠠ ᠶᠢ ᠪᠤᠳᠠᠳᠠᠢ ᠠᠳᠬᠤᠵᠤ᠂ ᠪᠦᠬᠦ ᠤᠷᠤᠨ ᠤ ︽ᠠᠷᠠᠳ ᠤᠨ | ᠲᠠᠮᠢᠷ ᠤᠨ ᠬᠦᠳᠡᠯᠬᠡᠬᠡᠨ︾ ᠤ ᠪᠡᠯᠡᠳᠬᠡᠯ ᠠᠵᠢᠯ ᠢ ᠬᠢᠨᠠᠮᠠᠭᠠᠢ ᠰᠠᠶᠢᠳᠦᠷ ᠬᠢᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠰᠦᠭ ᠪᠢᠴᠢᠭ ᠪᠤᠯᠤᠨ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ | ᠰᠠᠶᠢᠳᠤᠷ ᠬᠢᠵᠦ᠂ ᠭᠤᠷᠪᠠᠨ ᠬᠢᠴᠢᠶᠠᠯ ᠲᠦᠷᠦᠯ ᠤᠨ ᠪᠠᠭᠰᠢ ᠶᠢᠨ ᠡᠩᠨᠡᠭᠡ ᠶᠢ ᠰᠢᠯᠢᠳᠡᠭᠵᠢᠬᠦᠯᠦᠨ | ᠲᠡᠬᠦᠯᠳᠡᠷᠵᠢᠬᠦᠯᠦᠨ᠎ᠡ᠃ ᠬᠡᠷ ᠲᠡᠭᠡᠨ ᠦᠯᠡᠳᠡᠭᠳᠡᠵᠦ ᠬᠤᠴᠤᠷᠤᠭᠰᠠᠨ ᠬᠡᠤᠬᠡᠳ᠂ ᠦᠨᠦᠴᠢᠨ ᠦᠷᠦᠬᠡᠰᠦᠨ ᠬᠡᠤᠬᠡᠳ | ᠤᠨ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠠᠰᠠᠭᠤᠳᠠᠯ ᠢ ᠲᠡᠬᠡᠳᠦ ᠬᠡᠮᠵᠢᠶ᠎ᠠ ᠪᠠᠷ ᠬᠠᠯᠠᠮᠵᠢᠯᠠᠵᠦ᠂ | ᠪᠢᠳᠠᠬᠦᠮᠵᠢᠯᠡᠭᠰᠡᠨ ᠮᠠᠶ᠋ᠢᠭ ᠤᠨ ᠬᠠᠮᠢᠶᠠᠷᠤᠯᠳᠠ ᠶᠢ ᠰᠦᠪᠡᠭᠴᠢᠯᠡᠨ ᠠᠬᠢᠭᠤᠯᠵᠦ᠂ ᠰᠤᠷᠭᠠᠭᠤᠯᠢ ᠶᠢᠨ ᠬᠦᠮᠦᠵᠢᠬᠦᠯᠬᠦ | ᠴᠢᠳᠠᠮᠵᠢ ᠶᠢ ᠬᠦᠢᠴᠡᠳ ᠪᠠᠳᠠᠷᠠᠭᠤᠯᠤᠨ᠎ᠠ᠃ ︽ᠦᠪᠡᠷᠳᠡᠬᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ︾ | ᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠤᠯᠪᠤᠭᠠᠳᠦ ᠬᠤᠷᠠᠯ ᠤᠨ ᠲᠦᠷᠢᠮ ᠢ ᠪᠠᠶᠢᠭᠤᠯᠤᠨ | ᠲᠡᠬᠦᠯᠳᠡᠷᠵᠢᠬᠦᠯᠦᠨ᠎ᠡ᠃ ᠤᠯᠠᠭᠠᠨᠮᠦ᠋ᠴᠢᠷ ᠤᠨ ᠪᠤᠯᠪᠠᠰᠤᠷᠠᠯ ᠤᠨ ᠶᠡᠭᠡ ᠲᠢᠩᠬᠢᠮ ᠤᠨ ᠲᠦᠷᠦᠯ ᠵᠦᠢᠯ ᠤᠨ | ᠪᠠᠶᠢᠭᠤᠯᠤᠯᠳᠠ ᠶᠢ ᠲᠦᠷᠭᠡᠳᠬᠡᠨ᠂ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ᠪᠠᠶᠢᠭᠠᠯᠢᠯᠢᠭ ᠬᠠᠮᠠᠭᠠᠯᠠᠯᠳᠠ ᠶᠢᠨ ᠤᠷᠤᠨ ᠢ ᠨᠡᠶᠢᠳᠬᠡᠨ ᠰᠢᠯᠢᠳᠡᠭᠵᠢᠬᠦᠯᠬᠦ ᠶᠢ ᠦᠷᠬᠦᠯᠵᠢᠯᠡᠨ ᠠᠬᠢᠭᠤᠯᠵᠦ᠂ ᠭᠠᠵᠠᠷ | ᠰᠢᠨᠵᠢᠯᠡᠬᠡᠨ ᠤ ᠮᠦᠸᠧᠽᠢ ᠶᠢ ᠵᠢᠯ ᠤᠨ ᠲᠤᠳᠤᠷ᠎ᠠ ᠨᠡᠬᠡᠬᠡᠨ ᠠᠰᠢᠭᠯᠠᠬᠤ ᠪᠠᠷ ᠴᠢᠷᠮᠠᠶᠢᠨ᠎ᠠ᠃ ᠭᠤᠤᠯ ᠴᠢᠬᠤᠯᠠ | ᠲᠡᠤᠬᠡ ᠶᠢᠨ ᠲᠤᠷᠠᠰᠬᠠᠯᠳᠦ ᠵᠤᠶᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠵᠦ᠂ ᠰᠢᠷᠠᠮᠦ᠋ᠷᠡᠨ ᠰᠦᠮ᠎ᠡ ᠶᠢ | ᠤᠯᠤᠰ ᠤᠨ ᠭᠤᠤᠯᠳᠠᠯᠭᠠᠳᠤ ᠲᠡᠤᠬᠡ ᠶᠢᠨ ᠲᠤᠷᠠᠰᠬᠠᠯᠳᠦ ᠵᠤᠶᠢᠯᠡᠰ ᠢ ᠬᠠᠮᠠᠭᠠᠯᠠᠬᠤ ᠨᠢᠭᠡᠴᠢ ᠪᠠᠷ ᠢᠳᠡᠪᠬᠢᠳᠠᠢ | ᠭᠤᠶᠤᠴᠢᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠪᠠᠳᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠦ᠂ ᠠᠰᠠᠷᠠᠨ ᠬᠠᠷᠠᠭᠠᠯᠵᠠᠵᠦ ᠬᠤᠶᠠᠷ ᠢ ᠬᠦᠷᠢᠶᠠᠯᠠᠬᠦ ᠲᠤᠬᠢᠷᠠᠭᠤᠯᠤᠯᠳᠠ ᠶᠢᠨ ᠠᠵᠢᠯ | ᠢ ᠲᠤᠭᠳᠠᠭᠤᠨ ᠢᠶᠠᠷ ᠠᠬᠢᠭᠤᠯᠤᠨ᠂ ᠨᠦᠭᠴᠢᠭᠰᠡᠳ ᠤᠨ ᠲᠤᠷᠠᠰᠬᠠᠯᠳᠦ ᠲᠦᠬᠦᠬᠡᠷᠦᠮᠵᠢ ᠶᠢ ᠬᠠᠮᠠᠭᠠᠯᠠᠬᠤ | ᠬᠦᠴᠦᠯᠡᠴᠡ ᠪᠠᠨ ᠴᠢᠩᠭᠠᠳᠬᠠᠨ᠎ᠠ᠃ ︽ᠲᠠᠪᠤᠨ ᠮᠡᠳᠡᠷᠡᠬᠦᠢ︾ ᠶᠢᠨ ᠦᠵᠡᠯ ᠰᠠᠨᠠᠭ᠎ᠠ ᠶᠢ ᠪᠠᠬᠢᠵᠢᠬᠦᠯᠦᠨ᠂ ᠰᠢᠮᠢᠨ | ᠭᠤᠤᠯ ᠤᠨ ᠦᠨᠳᠦᠰᠦᠳᠡᠨ ᠤ ᠪᠦᠯᠬᠦᠮᠳᠠᠯ ᠲᠡᠪᠰᠢᠯᠳᠠ ᠶᠢ ᠴᠤᠭᠴᠠᠯᠠᠨ ᠪᠠᠶᠢᠭᠤᠯᠬᠤ ᠰᠠᠭᠤᠷᠢᠨ ᠭᠠᠵᠠᠷ᠂ | ᠰᠢᠷᠡᠮᠦ᠋ᠷᠡᠨ ᠰᠦᠮ᠎ᠡ ᠶᠢᠨ ᠲᠠᠶᠢᠨ ᠤ ᠦᠯᠡᠳᠡᠭᠳᠡᠯ ᠵᠡᠷᠬᠡ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ᠂ | ᠦᠨᠳᠦᠰᠦᠳᠡᠨ ᠤ ᠪᠦᠯᠬᠦᠮᠳᠡᠯ ᠤᠨ ᠰᠤᠷᠭᠠᠨ ᠬᠦᠮᠦᠵᠢᠯ ᠪᠠ ᠬᠤᠪᠢᠰᠬᠠᠯᠳᠤ ᠰᠤᠶᠤᠯ ᠢ ᠤᠶᠠᠯᠳᠤᠭᠤᠯᠵᠤ᠂ ᠤᠯᠠᠨ | ᠶᠠᠩᠵᠦ ᠶᠢᠨ ᠬᠤᠪᠢᠰᠬᠠᠯᠳᠦ ᠰᠤᠶᠤᠯ ᠤᠨ ᠬᠦᠮᠦᠵᠢᠯ ᠢ ᠢᠳᠠᠪᠬᠢᠳᠠᠢ ᠶᠠᠪᠤᠭᠳᠠᠭᠤᠯᠤᠨ᠂ ᠦᠨᠳᠦᠰᠦᠳᠡᠨ ᠤ | ᠪᠦᠯᠬᠦᠮᠳᠠᠯ ᠲᠡᠪᠰᠢᠯᠳᠠ ᠶᠢ ᠴᠤᠭᠴᠠᠯᠠᠨ ᠪᠠᠶᠢᠭᠤᠯᠬᠤ ᠬᠦᠳᠡᠯᠬᠡᠬᠡᠨ ᠢ ᠬᠦᠨᠵᠡᠬᠡᠶᠢᠷᠡᠬᠦᠯᠦᠨ ᠠᠬᠢᠭᠤᠯᠵᠦ᠂ ᠲᠤᠮᠳᠠᠳᠦ | ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠦᠨ᠎ᠡ᠃ ᠵᠠᠩ ᠲᠠᠳᠬᠠᠯ ᠢᠶᠠᠨ | ᠦᠭᠡᠷᠡᠴᠢᠯᠡᠬᠦ ᠶᠢ ᠰᠠᠨᠠᠭᠠᠴᠢᠯᠠᠨ᠂ ᠤᠷᠤᠰᠢᠯᠠᠭᠤᠯᠤᠭᠠ ᠶᠢᠨ ᠭᠠᠵᠠᠷ ᠵᠢᠴᠢ ᠨᠡᠶᠢᠳᠡ ᠶᠢᠨ ᠪᠤᠩᠬᠤᠨ ᠤ ᠲᠦᠷᠦᠯ | ᠵᠤᠶᠢᠯ ᠢ ᠵᠢᠯ ᠳᠤ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ︽ᠦᠪᠡᠷᠳᠡᠬᠡᠨ ᠵᠠᠰᠠᠬᠤ ᠤᠷᠤᠨ ᠤ | ᠪᠤᠯᠪᠠᠰᠤᠨ ᠬᠤᠳᠠ︾ ᠶᠢ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠶᠠᠪᠤᠭᠳᠠᠭᠤᠯᠤᠨ᠎ᠠ᠃ | ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠵᠠᠰᠠᠭ ᠤᠨ ᠤᠷᠳᠤᠨ ᠤ | ᠦᠷ᠎ᠡ ᠰᠢᠷᠢ ᠶᠢ ᠠᠷᠢᠯᠭᠠᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ ᠠᠷᠠᠳ ᠠᠴᠠ ᠡᠵᠡᠩᠨᠡᠭᠰᠡᠨ ᠲᠤᠮᠳᠠ | ᠪᠠᠭ᠎ᠠ ᠠᠵᠤ ᠠᠬᠤᠶᠢᠯᠠᠯ ᠤᠨ ᠵᠤᠭᠤᠰ ᠦᠷᠢᠳᠦᠬᠦ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠳᠦᠮᠵᠢᠳᠠᠢ | ᠲᠤᠭᠳᠠᠴᠠ ᠶᠢ ᠪᠠᠶᠢᠭᠤᠯᠤᠨ᠂ ᠬᠦᠳᠡᠭᠡ ᠲᠤᠰᠬᠤᠨ ᠤ ᠢᠳᠠᠬᠡᠮᠵᠢ ᠶᠢᠨ ᠬᠤᠷᠰᠢᠶᠠᠨ ᠤ ᠦᠭᠡᠷᠡᠴᠢᠯᠡᠯᠳᠡ ᠶᠢ | ᠲᠤᠭᠳᠠᠭᠤᠨ ᠢᠶᠠᠷ ᠠᠬᠢᠭᠤᠯᠤᠨ᠎ᠠ᠃ ᠵᠠᠬᠢᠳᠠᠯ ᠰᠤᠷᠪᠤᠯᠵᠢᠯᠠᠯ ᠤᠨ ᠵᠦᠷᠢᠴᠡᠯ ᠢ ᠪᠦᠳᠦᠮᠵᠢᠳᠠᠢ ᠰᠡᠷᠭᠡᠶᠢᠯᠡᠨ | ᠠᠷᠢᠯᠭᠠᠵᠤ᠂ ᠠᠷᠠᠳ ᠲᠦᠮᠡᠨ ᠤ ᠬᠠᠤᠯᠢ ᠶᠤᠰᠤᠨ ᠤ ᠬᠦᠰᠡᠯ ᠱᠠᠭᠠᠷᠳᠠᠯᠭ᠎ᠠ ᠶᠢ ᠢᠳᠡᠪᠬᠢᠳᠠᠢ ᠰᠢᠢᠳᠪᠦᠷᠢᠯᠡᠨ᠎ᠡ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠠᠶᠤᠯᠬᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠠ ᠶᠢᠨ ᠬᠦᠳᠡᠯᠬᠡᠬᠡᠨ ᠢ ᠬᠦᠨᠵᠡᠬᠡᠶᠢᠷᠡᠬᠦᠯᠦᠨ᠂ ᠪᠠᠶᠢᠭᠠᠯᠢ ᠶᠢᠨ ᠭᠠᠮᠰᠢᠭ ᠢ | ᠠᠷᠭᠠᠴᠠᠭᠠᠬᠤ ᠴᠢᠳᠠᠪᠤᠷᠢ ᠶᠢ ᠴᠢᠩᠭᠠᠳᠬᠠᠵᠦ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ | ᠭᠠᠮᠰᠢᠭ ᠤᠨ ᠶᠡᠷᠦᠩᠭᠡᠢ ᠪᠠᠶᠢᠴᠠᠭᠠᠯᠳᠠ ᠶᠢ ᠢᠳᠠᠪᠬᠢᠳᠠᠢ ᠬᠦᠢᠴᠡᠳᠬᠡᠵᠦ᠂ ᠭᠠᠯ ᠤᠨᠳᠠᠷᠠᠭᠠᠬᠤ ᠲᠤᠰᠬᠠᠢ ᠡᠩᠨᠡᠭᠡ | ᠶᠢᠨ ᠲᠠᠪᠠᠭᠤᠯᠢᠭ ᠢ ᠬᠦᠢᠴᠡᠳ ᠪᠠᠳᠠᠷᠠᠭᠤᠯᠤᠨ᠂ ᠪᠠᠴᠢᠮ ᠢ ᠠᠷᠭᠠᠴᠠᠭᠠᠨ ᠠᠪᠤᠷᠠᠨ ᠲᠤᠰᠠᠯᠠᠬᠤ ᠰᠢᠰᠲ᠋ᠧᠮ ᠪᠤᠯᠤᠨ | ᠪᠠᠶᠢᠭᠤᠯᠤᠯ ᠤᠨ ᠲᠦᠷᠢᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠦᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ | ᠢ ᠠᠷᠢᠯᠭᠠᠬᠤ ᠠᠵᠢᠯ ᠢ ᠪᠠᠶᠢᠩᠭᠤᠵᠢᠭᠤᠯᠵᠦ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ | ᠴᠢᠩᠭ᠎ᠠ ᠴᠤᠬᠢᠯᠳᠠ ᠦᠭᠬᠦᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠡᠪᠴᠢᠶᠡᠨ ᠳᠠᠬᠢ ᠤᠷᠳᠦ ᠬᠤᠭᠤᠴᠠᠭᠠᠨ ᠤ | ᠬᠢᠨᠠᠨ ᠬᠠᠮᠢᠶᠠᠷᠬᠤ ᠲᠤᠭᠳᠠᠴᠠ ᠶᠢ ᠴᠢᠩᠭ᠎ᠠ ᠬᠡᠷᠡᠭᠵᠢᠬᠦᠯᠵᠦ᠂ ᠪᠠᠶᠢᠩᠭᠤᠵᠢᠭᠤᠯᠤᠨ ᠵᠠᠰᠠᠬᠤ ᠠᠵᠢᠯ ᠢ ᠪᠦᠬᠦ ᠲᠠᠯ᠎ᠠ | ᠪᠠᠷ ᠠᠬᠢᠭᠤᠯᠤᠨ᠎ᠠ᠃ ᠬᠠᠩᠭᠠᠨ ᠪᠤᠷᠤᠯᠠᠭᠤᠯᠬᠤ ᠬᠤᠷᠰᠢᠶᠠᠵᠢᠯ ᠤᠨ ᠰᠢᠰᠲ᠋ᠧᠮ ᠤᠨ ᠢᠯᠵᠢᠷᠠᠯ ᠤᠨ ᠠᠰᠠᠭᠤᠳᠠᠯ ᠢ | ᠴᠢᠬᠤᠯᠠᠴᠢᠯᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠠᠳᠬᠤᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠪᠠ | ᠴᠡᠷᠢᠭ ᠠᠩᠭᠢ ᠶᠢᠨ ᠤᠳᠤᠬᠢᠴᠢᠯᠠᠯᠳᠠ ᠶᠢᠨ ᠪᠠᠶᠢᠭᠤᠯᠤᠯᠳᠠ ᠶᠢ ᠲᠡᠳᠬᠦᠵᠤ᠂ ᠤᠯᠤᠰ ᠤᠨ ᠪᠠᠳᠤᠯᠠᠨ ᠬᠠᠮᠠᠭᠠᠯᠠᠯᠳᠠ | ᠶᠢᠨ ᠲᠠᠶᠢᠴᠢᠯᠠᠯᠳᠠ ᠬᠦᠮᠦᠵᠢᠭᠦᠯᠦᠯᠳᠡ᠂ ᠬᠢᠯᠢ ᠬᠢᠵᠠᠭᠠᠷ ᠤᠷᠤᠨ ᠤ ᠲᠤᠭᠳᠠᠭᠤᠨ ᠬᠠᠮᠠᠭᠠᠯᠠᠯᠳᠠ᠂ ᠬᠤᠶᠠᠷ ᠢ | ᠬᠦᠷᠢᠶᠡᠯᠡᠨ ᠬᠠᠮᠳᠤ ᠪᠠᠷ ᠪᠠᠶᠢᠭᠤᠯᠬᠤ ᠪᠠ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ ᠢ ᠴᠢᠩᠭᠠᠳᠬᠠᠨ᠎ᠠ᠃ | ᠦᠨᠳᠦᠰᠦᠳᠡᠨ ᠤ ᠪᠦᠯᠬᠦᠮᠳᠡᠯ ᠤᠨ ᠲᠠᠪᠰᠢᠩᠭᠤᠢ ᠠᠵᠢᠯ ᠢ ᠬᠦᠨᠵᠡᠭᠡᠢ ᠬᠢᠵᠤ᠂ ᠬᠢᠯᠢ ᠶᠢ ᠬᠦᠴᠦᠷᠭᠡᠭᠵᠢᠭᠦᠯᠦᠨ | ᠠᠷᠠᠳ ᠢ ᠴᠢᠨᠡᠭᠡᠯᠢᠭᠵᠢᠭᠦᠯᠬᠦ ᠠᠵᠢᠯᠯᠠᠭ᠎ᠠ ᠶᠢ ᠪᠤᠳᠠᠳᠠᠢ ᠠᠬᠢᠭᠤᠯᠤᠨ᠂ ᠦᠨᠳᠦᠰᠦᠳᠡᠨ ᠤ ᠬᠠᠷᠢᠯᠴᠠᠭ᠎ᠠ ᠶᠢ | ᠴᠢᠩᠭᠠᠳᠬᠠᠵᠤ᠂ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠤᠨ ᠲᠠᠪᠰᠢᠩᠭᠤᠢ ᠵᠢᠱᠢᠶᠡᠴᠢ ᠬᠤᠳᠠ︾ | ᠪᠠᠶᠢᠭᠤᠯᠬᠤ ᠶᠢ ᠢᠳᠡᠪᠬᠢᠳᠠᠢ ᠠᠬᠢᠭᠤᠯᠤᠨ᠎ᠠ᠃ ᠡᠬᠦᠨ ᠤ ᠬᠠᠮᠳᠦ᠂ ᠲᠠᠩᠰᠠ ᠡᠪᠬᠡᠮᠡᠯ᠂ ᠤᠯᠠᠭᠠᠨ ᠵᠠᠯᠠᠭᠠᠶᠢᠮᠠᠳᠠᠨ᠂ | ᠵᠡᠮᠳᠡᠭᠴᠤᠳ᠂ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠵᠡᠷᠬᠡ ᠠᠵᠢᠯ ᠢ ᠬᠢᠨᠠᠮᠠᠭᠠᠢ ᠰᠠᠶᠢᠳᠦᠷ ᠬᠢᠵᠦ᠂ | ᠠᠬᠠᠮᠠᠳ ᠺᠠᠳ᠋ᠷᠴᠤᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠨᠡᠶᠢᠬᠡᠮᠯᠢᠭ᠂ ᠡᠪ ᠬᠠᠮᠳᠦ | ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠰᠢᠨᠵᠢᠯᠡᠭᠡ ᠮᠡᠷᠬᠡᠵᠢᠯ ᠤᠨ ᠨᠡᠶᠢᠬᠡᠮᠯᠢᠭ ᠵᠡᠷᠬᠡ ᠶᠢᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠴᠢᠬᠤᠯᠠᠴᠢᠯᠠᠨ | ᠪᠠᠳᠠᠷᠠᠭᠤᠯᠤᠨ᠎ᠠ᠃ | ︵ᠵᠢᠷᠭᠤᠭ᠎ᠠ︶ ᠠᠷᠠᠳ ᠤᠨ ᠤᠭ ᠵᠤᠷᠢᠯᠳᠠ ᠶᠢ ᠦᠢᠯᠡᠳᠦᠯᠭᠡᠵᠢᠭᠦᠯᠬᠦ ᠶᠢ ᠪᠠᠷᠢᠮᠳᠠᠯᠠᠵᠤ᠂ ᠵᠠᠰᠠᠭ ᠤᠨ ᠤᠷᠳᠤᠨ | ᠤ ᠦᠪᠡᠷ ᠤᠨ ᠪᠠᠶᠢᠭᠤᠯᠤᠯᠳᠠ ᠶᠢ ᠪᠤᠳᠠᠳᠠᠢ ᠲᠡᠭᠡᠭᠰᠢᠯᠡᠭᠦᠯᠦᠨ᠎ᠡ᠃ | ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠴᠠᠭ | ᠢᠮᠠᠭᠳᠠ ᠴᠡᠬᠡᠵᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠬᠡᠬᠡᠴᠡᠯᠳᠦᠯ ᠢ ᠲᠡᠮᠡᠴᠡᠬᠦ | ᠬᠠᠷᠠᠯᠳᠠ ᠪᠠᠨ ᠪᠤᠯᠭᠠᠵᠦ᠂ ᠪᠤᠳᠠᠳᠠᠶᠢᠴᠢᠯᠠᠨ ᠡᠬᠦᠷᠬᠡᠯᠡᠵᠦ᠂ ᠤᠯᠠᠨ ᠲᠦᠮᠡᠨ ᠤ ᠬᠠᠨᠤᠮᠵᠢᠳᠠᠢ ᠵᠠᠰᠠᠭ ᠤᠨ ᠤᠷᠳᠤᠨ | ᠢ ᠴᠢᠷᠮᠠᠶᠢᠨ ᠪᠠᠶᠢᠭᠤᠯᠤᠨ᠎ᠠ᠃ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ ᠪᠦᠬᠦ ᠲᠠᠯ᠎ᠠ | ᠶᠢᠨ ᠤᠳᠤᠷᠢᠳᠤᠯᠭ᠎ᠠ ᠶᠢ ᠡᠬᠦᠷᠢᠳᠠ ᠪᠠᠷᠢᠮᠳᠠᠯᠠᠨ᠂ ︽ᠲᠦᠷᠪᠡᠨ ᠤᠬᠠᠮᠰᠠᠷ︾ ᠪᠠ ︽ᠲᠦᠷᠪᠡᠨ ᠢᠳᠡᠭᠡᠯ︾ ᠢ | ᠪᠠᠳᠤᠳᠬᠠᠨᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠦᠨ᠂ ᠲᠦᠪ᠂ ᠦᠪᠡᠷᠳᠡᠭᠡᠨ ᠵᠠᠰᠠᠬᠤ ᠤᠷᠤᠨ᠂ | ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠳᠠ ᠶᠢ | ᠨᠠᠶᠢᠳᠠᠪᠤᠷᠢᠳᠠᠢ ᠲᠤᠭᠤᠰᠢᠯᠠᠭᠤᠯᠤᠨ᠎ᠠ᠃ ᠬᠠᠤᠯᠢ ᠪᠠᠷ ᠵᠠᠰᠠᠬᠤ ᠪᠠᠶᠢᠭᠤᠯᠤᠯᠳᠠ ᠶᠢ ᠴᠢᠩᠭᠠᠳᠬᠠᠵᠦ᠂ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠳᠦ ᠡᠮᠬᠢ ᠲᠦᠷᠢᠮ ᠪᠠ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ︽ᠭᠤᠷᠪᠠᠨ | ᠲᠤᠭᠳᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠢᠷᠭᠡᠨ ᠤ ᠬᠠᠤᠯᠢ ᠶᠢᠨ ᠪᠢᠴᠢᠭ ᠢ ᠬᠦᠨᠵᠡᠭᠡᠢ ᠬᠡᠷᠡᠭᠵᠢᠭᠦᠯᠦᠨ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠭᠦᠯᠬᠦ ᠠᠵᠢᠯ ᠢ ᠶᠠᠪᠤᠭᠳᠠᠭᠤᠯᠤᠨ᠎ᠠ᠃ ᠬᠢᠨᠠᠨ ᠪᠤᠳᠤᠯᠳᠠ ᠶᠢ | ᠦᠷᠬᠦᠯᠵᠢᠯᠡᠨ ᠴᠢᠩᠭᠠᠳᠬᠠᠵᠦ᠂ ᠴᠢᠬᠤᠯᠠ ᠬᠦᠷᠢᠶ᠎ᠠ ᠬᠡᠪᠴᠢᠶ᠎ᠠ᠂ ᠭᠤᠤᠯᠳᠠᠯᠭ᠎ᠠ ᠲᠠᠢ ᠲᠦᠷᠦᠯ ᠵᠤᠶᠢᠯ ᠪᠠ | ᠭᠤᠤᠯᠳᠠᠯᠭᠠᠳᠦ ᠪᠠᠯᠠ ᠮᠦᠩᠭᠦᠨ ᠤ ᠬᠢᠨᠠᠨ ᠪᠤᠳᠤᠯᠳᠠ ᠶᠢ ᠪᠦᠬᠦᠨ ᠢ ᠪᠦᠷᠬᠦᠬᠦᠯᠬᠦ ᠶᠢ ᠪᠠᠶᠠᠯᠠᠬᠦᠯᠦᠨ᠎ᠡ᠃ | ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠤᠷᠠᠯ ᠤᠨ | ᠬᠢᠨᠠᠯᠳᠠ ᠶᠢ ᠬᠠᠤᠯᠢ ᠶᠤᠰᠤᠭᠠᠷ ᠬᠦᠯᠢᠶᠠᠨ ᠠᠪᠴᠦ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ | ᠠᠷᠠᠳᠴᠢᠯᠠᠯᠳᠦ ᠬᠢᠨᠠᠯᠳᠠ ᠪᠠ ᠨᠡᠶᠢᠬᠡᠮ ᠤᠨ ᠶᠡᠷᠢᠶ᠎ᠠ ᠬᠡᠯᠡᠯᠴᠡᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ | ᠠᠪᠴᠦ᠂ ᠵᠠᠰᠠᠭ ᠤᠨ ᠤᠷᠳᠤᠨ ᠤ ᠤᠯᠠᠨ ᠨᠠᠶᠢᠳᠠ ᠶᠢᠨ ᠦᠢᠯᠡᠴᠢᠯᠡᠬᠡᠨ ᠤ ᠬᠠᠨᠤᠮᠵᠢ ᠶᠢᠨ ᠬᠡᠮᠵᠢᠶ᠎ᠠ ᠶᠢ ᠪᠤᠳᠠᠳᠠᠢ | ᠲᠡᠬᠡᠭᠰᠢᠯᠡᠬᠦᠯᠦᠨ᠎ᠡ᠃ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ ᠰᠤᠷᠳᠠᠯ ᠴᠢᠬᠡᠴᠢ ᠵᠠᠰᠠᠭ | ᠤᠨ ᠭᠤᠤᠯ ᠴᠤᠭᠴᠠᠳᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠬᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠡᠬᠦᠷᠬᠡᠯᠡᠬᠦᠯᠬᠦ︾ ᠶᠢ ᠬᠢᠨᠠᠮᠠᠭᠠᠢ ᠶᠠᠪᠤᠭᠳᠠᠭᠤᠯᠵᠦ᠂ ᠵᠠᠰᠠᠭ ᠤᠨ ᠤᠷᠳᠤᠨ ᠤ ᠰᠢᠰᠲ᠋ᠧᠮ ᠤᠨ | ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠢ | ᠬᠦᠨᠵᠡᠬᠡᠶᠢᠷᠡᠬᠦᠯᠦᠨ᠎ᠡ᠃ ᠲᠦᠷᠦ ᠵᠠᠰᠠᠭ ᠤᠨ ᠬᠤᠶᠢᠷᠭᠤᠰᠢᠯ᠂ ᠬᠠᠷᠢᠯᠴᠠᠨ ᠲᠦᠯᠬᠢᠯᠴᠡᠬᠦ᠂ ᠬᠦᠴᠦᠯᠡᠨ | ᠨᠠᠶᠢᠳᠠᠪᠤᠷᠢᠵᠢᠭᠤᠯᠬᠤ ᠦᠭᠡᠢ ᠦᠭᠡᠢ ᠵᠡᠷᠬᠡ ᠠᠵᠢᠯᠯᠠᠭ᠎ᠠ ᠶᠢ ᠬᠠᠯᠠᠨ ᠵᠠᠰᠠᠵᠦ᠂ ᠨᠠᠮ ᠤᠨ ᠲᠡᠤᠬᠡ ᠶᠢᠨ | ᠰᠤᠷᠤᠯᠴᠠᠯᠭ᠎ᠠ ᠶᠢᠨ ᠬᠦᠮᠦᠵᠢᠯ ᠢ ᠬᠦᠨᠵᠡᠬᠡᠢ ᠦᠷᠨᠢᠬᠦᠯᠦᠨ᠂ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ | ᠵᠢᠴᠢ ᠨᠠᠷᠢᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠲᠦᠷᠪᠡᠨ ᠰᠤᠷᠳᠠᠯ︾ ᠢ | ᠰᠢᠨᠳᠠᠷᠠᠰᠢ ᠦᠭᠡᠢ ᠵᠠᠯᠠᠷᠠᠭᠤᠯᠵᠤ᠂ ᠪᠤᠳᠠᠳᠠᠢ ᠠᠵᠢᠯᠯᠠᠭ᠎ᠠ ᠪᠠᠷ ᠢᠶᠠᠨ ᠰᠠᠬᠢᠯᠭ᠎ᠠ ᠪᠠᠳᠦ ᠶᠢ ᠴᠢᠩᠭᠠᠯᠠᠨ᠎ᠠ᠃ ᠢᠯᠵᠢᠷᠡᠯ | ᠢ ᠡᠰᠡᠷᠬᠦᠴᠡᠨ ᠴᠢᠬᠡᠴᠢ ᠰᠤᠷᠳᠠᠯ ᠢ ᠰᠠᠨᠠᠭᠠᠴᠢᠯᠠᠬᠤ ᠶᠢ ᠡᠷᠡᠰ ᠭᠤᠶᠢᠪᠢᠰᠢ ᠦᠭᠡᠢ ᠬᠦᠨᠵᠡᠬᠡᠶᠢᠷᠡᠬᠦᠯᠦᠨ᠎ᠡ᠃ | ᠡᠯ᠎ᠡ ᠲᠦᠯᠦᠭᠡᠯᠡᠭᠴᠢᠳ ᠡ︕ ᠵᠠᠭᠤᠨ ᠵᠢᠯ ᠤᠨ ᠢᠷᠠᠭᠤ ᠬᠠᠭᠤᠳᠠᠰᠤ ᠪᠠᠷ ᠬᠡᠷᠡᠯ ᠰᠠᠴᠤᠷᠠᠩᠭᠤᠢ ᠦᠢᠯᠡᠰ ᠢ | ᠪᠦᠳᠦᠭᠡᠵᠤ᠂ ᠴᠦ᠋ ᠰᠢᠨ᠎ᠡ ᠠᠭᠤᠤ ᠦᠢᠯᠡᠰ ᠢ ᠨᠢᠬᠡᠨᠳᠠ ᠡᠬᠢᠯᠡᠭᠦᠯᠪᠡ︕ ᠪᠢᠳᠠ ᠰᠢ ᠶᠢᠨ ᠫᠢᠩ ᠨᠦᠬᠦᠷ ᠢᠶᠠᠷ | ᠭᠤᠤᠯᠯᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠤᠯᠠᠮ ᠨᠢᠭᠳᠠᠷᠠᠨ ᠪᠦᠯᠬᠦᠮᠳᠡᠵᠤ᠂ ᠬᠤᠰᠢᠭᠤ ᠨᠠᠮ | ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠵᠢᠴᠢ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠪᠠ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠲᠤᠤᠷ᠎ᠠ᠂ ︽ᠠᠷᠪᠠᠨ | ᠲᠦᠷᠪᠡᠳᠦᠬᠡᠷ ᠲᠠᠪᠤᠨ ᠵᠢᠯ︾ ᠤᠨ ᠰᠢᠨ᠎ᠡ ᠠᠶᠠᠨ᠂ ᠬᠤᠶᠠᠳᠤᠭᠠᠷ ᠵᠠᠭᠤᠨ ᠵᠢᠯ ᠤᠨ ᠬᠠᠷᠠᠯᠳᠠ ᠳᠤ ᠡᠬᠢᠯᠡᠨ | ᠤᠷᠤᠬᠤ ᠪᠠᠷ ᠴᠠᠭ ᠢ ᠵᠠᠪᠳᠤᠨ ᠴᠢᠷᠮᠠᠶᠢᠨ ᠲᠡᠮᠡᠴᠡᠵᠤ᠂ ᠡᠷᠡᠰ ᠰᠢᠭᠤᠷᠬᠠᠢ ᠡᠷᠡᠮᠡᠬᠡᠢ ᠵᠤᠷᠢᠭ ᠢᠶᠠᠷ ᠲᠦᠷᠪᠡᠳ | ᠬᠤᠰᠢᠭᠤᠨ ᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠰᠦᠬᠡᠢ︕ |