3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠬᠡᠳᠦ ᠶᠢᠨ ᠬᠠᠷᠠᠯᠲᠠ ᠶᠢᠨ ᠬᠥᠲᠥᠯᠪᠦᠷᠢ︾ ᠶᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠰᠣᠨᠢᠨ ᠮᠡᠳᠡᠭᠡ | ᠨᠡᠶᠢᠳᠡᠯᠡᠬᠦ ᠬᠤᠷᠠᠯ ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠤᠤ ᠭᠤᠣᠯ ᠰᠡᠳᠦᠪ ᠢ ᠨᠡᠶᠢᠳᠡᠯᠡᠭᠰᠡᠨ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠣᠣ | ᠶᠦᠨ ᠹᠧᠩ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ | ᠪᠠᠲᠤᠯᠠᠪᠤᠷᠢ ᠶᠢᠨ ᠲᠢᠩᠬᠢᠮ ᠤᠨ ᠳᠡᠳ᠋ ᠳᠠᠷᠤᠭ᠎ᠠ ᠯᠢ ᠸᠧᠨ ᠭᠠᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠭᠦᠸᠧ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠴᠧᠨ ᠵᠧᠩ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ | ᠠᠯᠪᠠᠨ ᠭᠡᠷ ᠤᠨ ᠳᠡᠳ᠋ ᠡᠷᠬᠢᠯᠡᠭᠴᠢ ᠳ᠋ᠦ᠋ ᠴᠧᠩ ᠹᠦ᠋ ᠬᠤᠷᠠᠯ ᠳᠤ ᠣᠷᠣᠯᠴᠠᠵᠤ ᠰᠤᠷᠪᠤᠯᠵᠢᠯᠠᠭᠴᠢ ᠶᠢᠨ | ᠠᠰᠠᠭᠤᠳᠠᠯ ᠳᠤ ᠬᠠᠷᠢᠭᠤᠯᠲᠠ ᠦᠭᠭᠦᠭᠰᠡᠨ ᠪᠠᠶᠢᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢᠨ ᠬᠦᠲᠦᠯᠪᠦᠷᠢ︾ ᠶᠢᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠦᠷᠢᠯᠠᠬᠤ ᠰᠣᠨᠢᠨ | ᠮᠡᠳᠡᠭᠡ ᠨᠡᠶᠢᠳᠡᠯᠡᠬᠦ ᠬᠤᠷᠠᠯ ᠳᠡᠭᠡᠷ᠎ᠡ ᠦᠭᠡ ᠨᠡᠶᠢᠳᠡᠯᠡᠭᠰᠡᠨ ᠪᠠᠶᠢᠨ᠎ᠠ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠸᠠᠩ ᠶᠢᠨ ᠪᠤᠤ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠢᠭᠤᠯᠤᠨ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ | ᠳᠠᠷᠠᠭᠠᠬᠢ ᠢᠯᠠᠯᠲᠠ ᠶᠢᠨ ᠡᠷᠴᠢᠨ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠡᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ | ᠵᠦᠭ ᠤᠷᠤᠭᠰᠢᠯᠠᠬᠤ ᠠᠩᠬᠠᠳᠠᠭᠴᠢ ᠲᠠᠪᠤᠨ ᠵᠢᠯ ᠪᠣᠯᠬᠤ ᠪᠥᠭᠡᠳ ᠪᠠᠰᠠ ᠴᠤ ᠥᠪᠥᠷ ᠮᠣᠩᠭᠤᠯ ᠤᠨ ᠠᠮᠢ | ᠠᠬᠤᠢ ᠶᠢ ᠰᠠᠶᠢᠳᠤᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠥᠨᠳᠥᠷ ᠶᠠᠰᠤ ᠴᠢᠨᠠᠷ ᠪᠦᠬᠦᠢ ᠬᠥᠭᠵᠢᠯᠲᠡ | ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠯᠥᠪᠵᠢᠭᠦᠯᠭᠡ ᠶᠢᠨ | ︽ᠰᠠᠨᠠᠭᠤᠯᠭ᠎ᠠ︾ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠬᠡᠳᠦ ᠶᠢᠨ ᠬᠠᠷᠠᠯᠲᠠ ᠶᠢᠨ ᠬᠥᠲᠥᠯᠪᠦᠷᠢ︾ ᠶᠢ ᠲᠣᠭᠲᠠᠭᠠᠵᠤ᠂ | ᠮᠠᠨ ᠤ ᠣᠷᠣᠨ ᠤ ᠢᠷᠡᠭᠡᠳᠦᠢ ᠶᠢᠨ ᠲᠠᠪᠤᠨ ᠵᠢᠯ ᠴᠢᠨᠠᠭᠰᠢᠯᠠᠪᠠᠯ ᠨᠡᠩ ᠤᠷᠲᠤ ᠬᠤᠭᠤᠴᠠᠭᠠᠨ ᠤ ᠬᠥᠭᠵᠢᠯᠲᠡ ᠶᠢᠨ | ᠪᠦᠬᠦ ᠣᠷᠣᠨ ᠢ ᠲᠠᠶᠢᠴᠢᠯᠠᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠥᠪᠥᠷ | ᠮᠤᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ | ᠶᠤᠮ᠃ | ᠤᠯᠤᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡᠳᠦᠯᠲᠡᠢ | ᠲᠣᠬᠢᠷᠠᠭᠤᠯᠤᠯᠲᠠ ᠪᠠᠶᠢᠷᠢᠯᠠᠭᠤᠯᠤᠯᠳᠠ ᠶᠣᠰᠣᠭᠠᠷ᠂ ᠮᠠᠨ ᠤ ᠵᠥᠪᠯᠡᠯ 2019 ᠣᠨ ᠤ 4 ᠰᠠᠷ᠎ᠠ ᠳᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠡᠬᠢᠯᠡᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠡᠬᠢᠨ ᠤ ᠬᠤᠭᠤᠴᠠᠭᠠᠨ ᠤ ᠴᠢᠬᠤᠯᠠ ᠶᠡᠭᠡ ᠰᠡᠳᠦᠪ ᠢ ᠰᠤᠳᠤᠯᠬᠤ᠂ ︽ᠭᠤᠷᠪᠠᠨ | ᠴᠢᠬᠤᠯᠠ ᠶᠡᠭᠡ︾ ᠶᠢ ᠡᠮᠬᠢᠯᠡᠬᠦ᠂ ︽ᠲᠥᠯᠥᠪᠵᠢᠭᠦᠯᠭᠡ ᠶᠢᠨ ᠰᠡᠳᠬᠢᠴᠡ︾ ᠢ ᠨᠣᠣᠷᠠᠭᠯᠠᠬᠤ ᠰᠠᠭᠤᠷᠢᠨ ᠳᠡᠭᠡᠷ᠎ᠡ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠨ ᠨᠡᠶᠢᠷᠠᠭᠤᠯᠤᠨ ᠲᠣᠭᠲᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠱᠢ ᠲᠠᠢ ᠹᠧᠩ ᠱᠦᠵᠢ ᠪᠠᠷ | ᠲᠤᠭᠤᠶᠢᠯᠠᠩ ᠤᠨ ᠳᠠᠷᠤᠭ᠎ᠠ ᠪᠣᠯᠭᠠᠭᠰᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠲᠤᠭᠤᠶᠢᠯᠠᠩ ᠪᠣᠯᠤᠨ ᠪᠦ᠋ ᠰᠢᠶᠣᠤ ᠯᠢᠨ ᠲᠡᠷᠢᠭᠦᠯᠡᠭᠴᠢ ᠪᠠᠷ | ᠲᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠭᠵᠢᠯᠲᠡ ᠶᠢᠨ ᠲᠥᠯᠥᠪᠵᠢᠭᠦᠯᠭᠡ ᠶᠢᠨ ᠵᠥᠪᠯᠡᠯ ᠂ ᠱᠢ ᠲᠠᠢ ᠹᠧᠩ | ᠱᠦᠵᠢ ᠥᠪᠡᠷ ᠢᠶᠠᠨ ᠵᠢᠭᠠᠨ ᠵᠢᠯᠣᠭᠤᠳᠴᠤ ᠪᠦ᠋ ᠰᠢᠶᠣᠤ ᠯᠢᠨ ᠲᠡᠷᠢᠭᠦᠯᠡᠭᠴᠢ ᠪᠡᠶ᠎ᠡ ᠪᠠᠷ ᠢᠶᠠᠨ ᠪᠠᠶᠢᠷᠢᠯᠠᠭᠤᠯᠵᠤ᠂ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠣᠯᠠᠨ ᠤᠳᠠᠭ᠎ᠠ ᠬᠤᠷᠠᠯᠳᠤᠭᠤᠯᠪᠠ᠃ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠨᠢ᠂ ᠣᠷᠣᠨ ᠲᠤᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠵᠡᠭᠦᠨ᠂ ᠳᠤᠮᠳᠠ᠂ | ᠪᠠᠷᠠᠭᠤᠨ ᠣᠷᠣᠨ ᠤ ᠠᠶᠢᠮᠠᠭ ᠬᠤᠲᠠ ᠶᠢᠨ ᠬᠠᠷᠢᠭᠤ ᠮᠡᠳᠡᠭᠦᠯᠬᠦ ᠬᠤᠷᠠᠯ ᠪᠠ ᠠᠵᠤ ᠠᠬᠤᠶᠢᠯᠠᠯᠳᠠ᠂ ᠲᠤᠰᠬᠠᠢ | ᠮᠡᠷᠭᠡᠵᠢᠯᠲᠡᠨ ᠡᠷᠳᠡᠮᠲᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠬᠤ ᠬᠤᠷᠠᠯ ᠬᠢᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ | ᠰᠣᠨᠣᠰᠪᠠ᠃ ᠲᠤᠭᠤᠷᠪᠢᠬᠤ ᠲᠤᠭᠤᠶᠢᠯᠠᠩ ᠨᠢ ᠤᠳᠤᠷᠢᠳᠬᠤ ᠲᠤᠭᠤᠶᠢᠯᠠᠩ ᠤᠨ ᠵᠢᠭᠠᠪᠤᠷᠢ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠪᠠᠶᠢᠴᠠᠭᠠᠨ ᠰᠤᠳᠤᠯᠤᠯᠲᠠ ᠶᠢ ᠪᠥᠬᠦ ᠲᠠᠯ᠎ᠠ ᠪᠠᠷ ᠭᠦᠨᠵᠢᠭᠡᠶᠢᠷᠡᠭᠦᠯᠵᠦ᠂ | ᠨᠡᠶᠢᠭᠡᠮ ᠤᠨ ᠰᠠᠨᠠᠯ ᠵᠥᠪᠯᠡᠯᠭᠡ ᠳᠤᠷᠠᠳᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠪᠡ᠃ ︽ᠬᠥᠲᠥᠯᠪᠦᠷᠢ︾ | ᠶᠢᠨ ᠠᠩᠬᠠᠨ ᠤ ᠨᠣᠣᠷᠠᠭ ᠢ ᠪᠣᠢ ᠪᠣᠯᠭᠠᠭᠰᠠᠨ ᠤ ᠳᠠᠷᠠᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠢᠯᠠᠩᠭᠤᠶ᠎ᠠ ︽ᠤᠯᠤᠰ | ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠣᠯᠤᠨ ᠬᠤᠷᠢᠨ ᠭᠤᠷᠪᠠᠳᠤᠭᠠᠷ ᠲᠠᠪᠤᠨ ᠵᠢᠯ ᠤᠨ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠭᠤᠯᠭ᠎ᠠ︾ ᠶᠢᠨ ᠵᠣᠷᠢᠭ | ᠰᠠᠨᠠᠭ᠎ᠠ ᠶᠢ ᠦᠨᠳᠦᠰᠦᠯᠡᠵᠦ᠂ ᠰᠢᠰᠲ᠋ᠧᠮ ᠲᠠᠢ ᠪᠠᠷ ᠡᠮᠬᠢᠯᠡᠨ᠂ ᠲᠣᠬᠢᠷᠠᠭᠤᠯᠬᠤ ᠪᠠ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠨᠢ ᠡᠯ᠎ᠡ ᠲᠠᠯ᠎ᠠ ᠶᠢᠨ ᠰᠠᠨᠠᠯ ᠢ ᠬᠤᠷᠢᠶᠠᠬᠤ ᠪᠣᠯᠤᠨ᠎ᠠ᠃ ᠡᠯ᠎ᠡ ᠲᠠᠯ᠎ᠠ ᠶᠢᠨ ᠰᠠᠨᠠᠯ ᠢ | ᠬᠤᠷᠢᠶᠠᠭᠰᠠᠨ ᠤ ᠰᠠᠭᠤᠷᠢᠨ ᠳᠡᠭᠡᠷ᠎ᠡ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ 2021 ᠣᠨ ᠤ 1 | ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠢᠶᠠᠷ ᠳᠠᠮᠵᠢᠨ ᠬᠢᠨᠠᠨ ᠵᠥᠪᠯᠡᠵᠦ ᠲᠦᠷᠦᠭᠦᠬᠡᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠬᠦ ᠶᠢᠨ ᠬᠠᠮᠲᠤ ᠪᠦᠬᠦ ᠨᠡᠶᠢᠭᠡᠮ ᠳᠤ ᠨᠡᠶᠢᠳᠡᠯᠡᠨ᠎ᠡ᠃ | ︽ᠬᠦᠲᠦᠯᠪᠦᠷᠢ︾ ᠶᠢ ᠲᠤᠭᠤᠷᠪᠢᠬᠤ ᠶᠠᠪᠤᠴᠠ ᠳᠤᠮᠳᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠤᠶ᠎ᠠ᠃ ᠶᠡᠷᠦᠩᠭᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ | ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠣᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ | ᠬᠥᠲᠥᠯᠪᠦᠷᠢ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠠᠨᠠᠭᠤᠯᠭ᠎ᠠ︾ ᠶᠢᠨ | ᠲᠣᠭᠤᠷᠢᠨ ᠳᠤ ᠳᠤᠷᠠᠳᠤᠭᠰᠠᠨ ᠲᠥᠯᠥᠪᠵᠢᠭᠦᠯᠭᠡ ᠶᠢᠨ ᠴᠢᠭᠯᠡᠯ ᠢ ᠦᠨᠳᠦᠰᠦᠨ ᠵᠢᠷᠤᠮᠯᠠᠯ᠂ ᠣᠳᠣᠬᠢᠴᠢᠯᠠᠭᠰᠠᠨ | ᠥᠪᠥᠷ ᠮᠣᠩᠭᠤᠯ ᠢ ᠪᠦᠲᠦᠭᠡᠨ ᠪᠠᠶᠢᠭᠤᠯᠬᠤ ᠬᠠᠷᠠᠯᠲᠠ ᠶᠢᠨ ᠭᠦᠢᠴᠡᠳᠬᠡᠬᠦ ᠲᠤᠭ᠎ᠠ᠂ ᠬᠥᠭᠵᠢᠯᠲᠡ ᠶᠢᠨ | ᠪᠠᠶᠢᠷᠢᠯᠠᠭᠤᠯᠤᠯᠳᠠ᠂ ᠠᠵᠢᠯᠯᠠᠭᠠᠨ ᠤ ᠲᠥᠯᠥᠪᠯᠡᠭᠡ᠂ ᠪᠠᠷᠢᠯᠭ᠎ᠠ ᠶᠢᠨ ᠲᠥᠷᠥᠯ ᠵᠦᠢᠯ᠂ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠨᠠᠷᠢᠨ ᠲᠣᠭᠲᠠᠭᠠᠵᠤ᠂ ᠰᠢᠨᠵᠢᠯᠡᠬᠦ ᠤᠬᠠᠭᠠᠨᠴᠢ ᠴᠢᠨᠠᠷ᠂ ᠵᠢᠯᠣᠭᠤᠳᠬᠤ ᠴᠢᠨᠠᠷ ᠢ ᠲᠤᠪᠤᠶᠢᠯᠭᠠᠨ᠂ | ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠶᠡᠭᠡ ᠲᠠᠯ᠎ᠠ ᠶᠢᠨ ᠴᠢᠭᠯᠡᠯ ᠢ ᠰᠠᠶᠢᠳᠤᠷ ᠨᠠᠶᠢᠳᠠᠪᠤᠷᠢᠵᠢᠭᠤᠯᠬᠤ ᠶᠢ | ᠨᠡᠩ ᠰᠠᠶᠢᠳᠤᠷ ᠪᠠᠲᠤᠯᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ | ᠬᠦᠲᠦᠯᠪᠦᠷᠢ︾ ᠶᠢ ᠭᠤᠷᠪᠠᠨ ᠶᠡᠭᠡ ᠬᠡᠰᠡᠭ ᠤᠨ 17 ᠪᠦᠯᠦᠭ ᠤᠨ 54 ᠵᠤᠷᠪᠤᠰ᠂ ᠨᠢᠭᠡᠳᠦᠭᠡᠷ ᠬᠡᠰᠡᠭ ᠢᠶᠠᠷ | ᠶᠡᠷᠦᠩᠬᠡᠢ ᠥᠭᠦᠯᠡᠬᠦ ᠨᠢ᠂ ᠭᠤᠣᠯᠳᠠᠭᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠰᠢᠨ᠎ᠡ | ᠬᠥᠭᠵᠢᠯᠲᠡ ᠶᠢᠨ ᠱᠠᠲᠤ ᠦᠶ᠎ᠡ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ ᠪᠠᠶᠢᠳᠠᠯ᠂ 2035 ᠣᠨ ᠪᠣᠯᠬᠤ ᠳᠤ | ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠯᠤᠰ ᠬᠡᠳᠦ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ | ᠪᠣᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠣᠷᠣᠨ ᠵᠠᠢ ᠶᠢᠨ | ᠪᠠᠶᠢᠷᠢᠰᠢᠯ ᠤᠨ ᠤᠳᠤᠷᠢᠳᠤᠮᠵᠢ ᠪᠠ ᠭᠤᠣᠯ ᠬᠠᠷᠠᠯᠲᠠ᠂ ᠬᠤᠶᠠᠳᠤᠭᠠᠷ ᠬᠡᠰᠡᠭ ᠨᠢ ᠬᠦᠷᠢᠶ᠎ᠡ ᠬᠡᠪᠴᠢᠶ᠎ᠡ ᠬᠤᠪᠢᠶᠠᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ | ᠥᠭᠡᠷᠡᠴᠢᠯᠡᠯᠲᠡ ᠨᠡᠭᠡᠭᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠥᠭᠦᠯᠡᠨ᠎ᠡ᠃ ᠭᠤᠷᠪᠠᠳᠤᠭᠠᠷ ᠬᠡᠰᠡᠭ ᠨᠢ | ᠳᠡᠭᠦᠰᠬᠡᠯ ᠤᠨ ᠬᠡᠰᠡᠭ᠂ ᠭᠤᠣᠯᠳᠠᠭᠤ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ᠂ | ᠲᠥᠯᠥᠪᠵᠢᠭᠦᠯᠭᠡ ᠶᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠠᠭᠤᠯᠭ᠎ᠠ ᠶᠢ | ᠲᠣᠳᠣᠷᠬᠠᠢᠯᠠᠨ ᠥᠭᠦᠯᠡᠨ᠎ᠡ᠃ ᠭᠤᠣᠯ ᠠᠭᠤᠯᠭ᠎ᠠ ᠶᠢ ︽ᠨᠢᠭᠡ ᠭᠤᠣᠯ ᠰᠡᠳᠦᠪ᠂ ᠲᠠᠪᠤᠨ ᠶᠡᠭᠡ ᠪᠠᠶᠢᠷᠢ | ᠲᠣᠭᠲᠠᠭᠠᠯᠲᠠ᠂ ᠬᠤᠶᠠᠷ ᠱᠠᠲᠤ ᠦᠶ᠎ᠡ ᠶᠢᠨ ᠲᠡᠮᠡᠴᠡᠬᠦ ᠬᠠᠷᠠᠯᠲᠠ᠂ ᠠᠷᠪᠠᠨ ᠲᠠᠪᠤᠨ ᠵᠦᠢᠯ ᠤᠨ ᠴᠢᠬᠤᠯᠠ ᠶᠡᠭᠡ | ᠡᠭᠦᠷᠭᠡ︾ ᠭᠡᠵᠤ ᠬᠤᠷᠢᠶᠠᠩᠭᠤᠢᠯᠠᠵᠤ ᠪᠣᠯᠤᠨ᠎ᠠ᠃ | ︽ᠨᠢᠭᠡ ᠭᠤᠣᠯ ᠰᠡᠳᠦᠪ︾᠂ ︽ᠬᠦᠲᠦᠯᠪᠦᠷᠢ︾ ᠨᠢ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢᠨ | ᠭᠤᠣᠯ ᠰᠡᠳᠦᠪ ᠢ ᠪᠣᠢ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ ᠬᠥᠭᠵᠢᠯᠲᠡ ᠶᠢᠨ | ᠣᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠦᠢᠯᠡᠳᠦᠯᠭᠡ ᠶᠢᠨ | ᠱᠠᠭᠠᠷᠳᠠᠯᠭ᠎ᠠ ᠪᠠᠷ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠬᠤ᠂ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠪᠠᠷᠢᠮᠲᠠᠯᠠᠬᠤ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠢᠷᠡᠭᠦᠯᠬᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠵᠡᠷᠭᠡ ᠲᠠᠪᠤᠨ ᠵᠠᠷᠴᠢᠮ ᠢᠶᠠᠷ᠂ ︽ | ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠥᠬᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ︾ ᠲᠣᠭᠤᠷᠢᠨ ᠳᠤ ᠰᠢᠨᠵᠢᠯᠡᠬᠦ | ᠮᠡᠷᠭᠡᠵᠢᠯ ᠤᠨ ᠡᠭᠦᠳᠦᠯᠲᠡ ᠶᠢ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠥᠬᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢ ᠪᠣᠯᠭᠠᠭᠰᠠᠨ ᠪᠠᠶᠢᠨ᠎ᠠ᠃ | ︽ᠲᠠᠪᠤᠨ ᠶᠡᠭᠡ ᠪᠠᠶᠢᠷᠢ ᠲᠣᠭᠲᠠᠭᠠᠯᠲᠠ︾᠂ ︽ᠬᠥᠲᠥᠯᠪᠦᠷᠢ︾ ᠶᠢᠨ ᠪᠦᠬᠦ ᠵᠣᠬᠢᠶᠠᠯ ᠨᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠭᠤᠨ ᠬᠠᠯᠬᠠᠪᠴᠢ ᠶᠢ ᠪᠠᠲᠤ ᠴᠣᠭᠴᠠᠯᠠᠬᠤ ︽ᠬᠤᠶᠠᠷ | ᠬᠠᠯᠬᠠᠪᠴᠢ︾ ᠨᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ︽ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ︽ᠨᠢᠭᠡ ᠪᠠᠬᠢᠯᠡᠯᠲᠡ︾ ᠢ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠵᠠᠯᠭᠠᠮᠵᠢ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠠᠬᠢᠭᠤᠯᠤᠨ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠨᠡᠩ ᠴᠢᠨᠠᠷ ᠰᠠᠶᠢᠳᠠᠢ᠂ ᠨᠡᠩ ᠦᠷ᠎ᠡ ᠪᠦᠲᠦᠮᠵᠢᠲᠡᠢ᠂ ᠨᠡᠩ | ᠲᠥᠪ ᠭᠤᠣᠯᠴᠢ᠂ ᠨᠡᠩ ᠦᠷᠬᠦᠯᠵᠢᠯᠡᠬᠦᠶᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃ | ︽ᠬᠤᠶᠠᠷ ᠬᠠᠯᠬᠠᠪᠴᠢ︾ ᠶᠢᠨ ᠪᠦᠲᠦᠭᠡᠨ ᠪᠠᠶᠢᠭᠤᠯᠤᠯᠳᠠ ᠶᠢ ᠬᠠᠮᠤᠭ ᠤᠨ ᠲᠦᠷᠦᠭᠦᠨ ᠳᠤ ᠲᠠᠯᠪᠢᠵᠤ᠂ | ᠡᠳ᠋ ᠤᠨ ᠵᠠᠰᠠᠭ ᠤᠨ ᠬᠥᠭᠵᠢᠯ ᠪᠣᠯᠤᠨ ᠣᠷᠴᠢᠨ ᠲᠤᠭᠤᠷᠢᠨ ᠢ ᠬᠠᠮᠠᠭᠠᠯᠠᠬᠤ ᠶᠢ ᠨᠢᠭᠡᠳᠦᠯᠲᠡᠢ ᠲᠥᠯᠥᠪᠯᠡᠬᠦ ᠳᠤ ᠠᠮᠢ | ᠠᠬᠤᠢ ᠶᠢ ᠲᠡᠷᠢᠭᠦᠯᠡᠬᠦ᠂ ᠪᠣᠬᠢᠷᠳᠠᠯ ᠦᠭᠡᠢ ᠬᠥᠭᠵᠢᠭᠦᠯᠬᠦ ᠨᠢ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ | ᠴᠢᠬᠤᠯᠠ ᠤᠷᠢᠳᠠᠯ᠂ ᠲᠣᠳᠣᠷᠬᠠᠢ ᠬᠠᠨᠳᠤᠯᠭ᠎ᠠ ᠪᠣᠯᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠴᠢᠬᠤᠯᠠ ᠶᠡᠭᠡ ᠵᠠᠷᠴᠢᠮ᠂ ᠠᠮᠤᠷ ᠲᠦᠪᠰᠢᠨ ᠪᠠ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠤᠯᠤᠰ ᠤᠨ ᠠᠮᠤᠷ ᠲᠦᠪᠰᠢᠨ ᠤ ᠶᠡᠭᠡ ᠲᠠᠯ᠎ᠠ ᠳᠤ ᠦᠢᠯᠡᠴᠢᠯᠡᠬᠦ ᠶᠠᠪᠤᠳᠠᠯ ᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠤᠯᠤᠰ ᠤᠨ ᠤᠯᠤᠰ ᠲᠥᠷᠥ᠂ ᠬᠢᠯᠢ ᠬᠢᠵᠠᠭᠠᠷ᠂ ᠠᠮᠢ ᠠᠬᠤᠢ᠂ ᠠᠮᠤ ᠪᠤᠳᠠᠭ᠎ᠠ᠂ ᠡᠨᠧᠷᠭᠢ᠂ ᠠᠵᠤ | ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠶᠠᠪᠤᠳᠠᠯ ᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠪᠣᠯᠭᠠᠨ᠎ᠠ᠃ ︽ᠬᠤᠶᠠᠷ ᠬᠠᠯᠬᠠᠪᠴᠢ︾ ᠶᠢᠨ ᠪᠦᠲᠦᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠢ | ᠣᠷᠣᠨ ᠵᠠᠢ ᠶᠢᠨ ᠪᠠᠶᠢᠷᠢᠯᠭᠤᠯᠤᠯᠳᠠ᠂ ᠠᠵᠤ ᠦᠢᠯᠡᠳᠪᠦᠷᠢ ᠶᠢᠨ ᠬᠦᠭᠵᠢᠯᠳᠡ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠳᠠ᠂ ᠠᠷᠠᠳ ᠤᠨ ᠠᠮᠢᠳᠤᠷᠠᠯ ᠵᠡᠷᠭᠡ ᠪᠦᠬᠦ ᠬᠦᠷᠢᠶᠡᠨ ᠳᠤ ᠬᠦᠭᠵᠢᠯᠳᠡ ᠶᠢᠨ ᠣᠢᠯᠠᠭᠠᠯᠲᠠ᠂ | ᠬᠦᠭᠵᠢᠯᠳᠡ ᠶᠢᠨ ᠠᠷᠭ᠎ᠠ ᠵᠠᠮ᠂ ᠬᠦᠭᠵᠢᠯᠳᠡ ᠶᠢᠨ ᠠᠷᠭ᠎ᠠ ᠬᠡᠯᠪᠡᠷᠢ᠂ᠬᠦᠭᠵᠢᠯᠳᠡᠤᠨ ᠵᠣᠷᠢᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ | ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠳᠠ ᠶᠢ ᠣᠳᠣ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠪᠠᠶᠢᠭᠤᠯᠠᠬᠤ ᠦᠨᠳᠦᠰᠦᠨ ᠵᠣᠭᠰᠣᠴᠠ ᠪᠣᠯᠭᠠᠬᠤ ᠬᠡᠷᠡᠭᠲᠡᠢ᠃ ᠣᠷᠣᠨ ᠵᠠᠢ ᠶᠢᠨ | ᠪᠠᠶᠢᠷᠢᠰᠢᠭᠤᠯᠤᠯᠳᠠ ᠶᠢᠨ ᠲᠠᠯ᠎ᠠ ᠪᠠᠷ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ | ᠶᠣᠰᠣᠭᠠᠷ ᠣᠷᠣᠨ ᠪᠦᠰᠡ ᠶᠢᠨ ᠵᠦᠷᠢᠴᠢᠯᠡᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ᠃ | ︽ᠬᠦᠲᠦᠯᠪᠦᠷᠢ︾ ᠨᠢ ᠭᠤᠤᠯᠳᠠᠭᠤ᠂ ᠭᠠᠵᠠᠷ ᠣᠷᠣᠨ᠂ ᠠᠢᠮᠠᠭ ᠬᠤᠲᠠ ᠬᠤᠪᠢᠶᠠᠵᠤ᠂ ᠲᠥᠷᠥᠯ ᠬᠤᠪᠢᠶᠠᠭᠰᠠᠨ | ᠨᠠᠷᠢᠯᠢᠭᠴᠢᠯᠠᠭᠰᠠᠨ ᠬᠥᠭᠵᠢᠯᠲᠡ ᠶᠢᠨ ᠴᠢᠭᠯᠡᠯ ᠪᠠ ᠭᠤᠣᠯᠳᠠᠯᠭ᠎ᠠ ᠬᠤᠪᠢᠶᠠᠨ᠎ᠠ᠃ ᠠᠵᠤ ᠦᠢᠯᠡᠰ ᠤᠨ | ᠬᠥᠭᠵᠢᠯᠲᠡ ᠶᠢᠨ ᠲᠠᠯ᠎ᠠ ᠪᠠᠷ᠂ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠥᠬᠡᠢ ᠬᠥᠭᠵᠢᠯᠲᠡ ᠶᠢ | ᠪᠠᠷᠢᠮᠲᠠᠯᠠᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠲᠤ ᠲᠥᠪᠯᠡᠷᠡᠭᠦᠯᠵᠦ᠂ ᠰᠢᠯᠢᠳᠡᠭᠵᠢᠭᠦᠯᠦᠨ ᠳᠡᠰ ᠳᠡᠪᠰᠢᠭᠦᠯᠬᠦ ᠠᠵᠢᠯ ᠢ ᠲᠤᠪᠦᠶᠢᠯᠭᠠᠨ᠂ ᠪᠦᠲᠦᠮᠵᠢᠲᠡᠢ᠂ | ᠡᠨᠧᠷᠭᠢ ᠶᠢᠨ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ | ᠳᠡᠭᠡᠭᠰᠢᠯᠡᠭᠦᠯᠦᠨ᠂ ᠬᠠᠮᠠᠭᠠᠯᠠᠯᠲᠠ ᠶᠢᠨ ᠴᠢᠨᠠᠷᠲᠠᠢ ᠬᠤᠪᠣᠷ ᠰᠢᠷᠣᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ᠂ | ᠡᠨᠧᠷᠭᠢ ᠶᠢᠨ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠬᠦ ᠳᠤ ᠴᠢᠬᠤᠯᠠ ᠶᠡᠭᠡ | ᠰᠢᠪᠲᠤᠯᠤᠯᠲᠠ ᠭᠠᠷᠭᠠᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠳᠠᠢ ᠥᠨᠳᠥᠷ ᠦᠷ᠎ᠡ | ᠠᠰᠢᠭᠲᠤ ᠬᠡᠯᠪᠡᠷᠢ ᠶᠢᠨ ᠬᠤᠪᠢᠷᠠᠭᠤᠯᠤᠯᠲᠠ ᠪᠠᠷ ᠬᠠᠳᠠᠭᠠᠯᠠᠵᠤ ᠪᠠᠶᠢᠭ᠎ᠠ ᠠᠮᠤ ᠪᠤᠳᠠᠭ᠎ᠠ ᠶᠢ ᠲᠤᠰ ᠭᠠᠵᠠᠷ ᠳᠤᠨᠢ | ᠬᠠᠩᠭᠠᠬᠤ᠂ ᠮᠡᠷᠭᠡᠵᠢᠯ ᠢᠶᠠᠷ ᠦᠢᠯᠡᠳᠪᠦᠷᠢᠯᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠣᠯᠴᠠᠯ ᠤᠨ ᠬᠥᠭᠵᠢᠯᠲᠡ ᠶᠢ ᠲᠦᠷᠭᠡᠳᠬᠡᠵᠦ᠂ ᠲᠥᠷᠥᠯ | ᠵᠦᠢᠯ ᠢ ᠠᠬᠢᠭᠤᠯᠤᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠡᠷᠡᠲᠦ ᠲᠡᠮᠳᠡᠭᠲᠦ ᠶᠢ ᠪᠤᠢ ᠪᠣᠯᠭᠠᠵᠤ᠂ ᠪᠣᠬᠢᠷᠲᠤᠯ | ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | ᠬᠥᠭᠵᠢᠭᠦᠯᠬᠦ ᠪᠠᠷ ᠲᠤᠯᠭᠠᠭᠤᠷᠢᠯᠠᠬᠤ ᠲᠠᠯ᠎ᠠ ᠪᠠᠷ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠴᠢᠬᠤᠯᠠ | ᠶᠡᠭᠡ ᠠᠵᠢᠯᠯᠠᠭᠠᠨ ᠤ ᠲᠥᠯᠥᠪᠯᠡᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ︽ᠬᠤᠶᠠᠷ ᠰᠠᠭᠤᠷᠢᠨ ᠭᠠᠵᠠᠷ︾ | ᠤᠨ ᠪᠦᠲᠦᠭᠡᠨ ᠪᠠᠶᠢᠭᠤᠯᠤᠯᠳᠠ ᠶᠢ ᠨᠡᠶᠢᠳᠡᠪᠦᠷᠢᠵᠢᠭᠦᠯᠵᠦ ᠴᠢᠬᠤᠯᠠ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠨ᠎ᠠ᠃ | ᠨᠡᠭᠦᠷᠡᠰᠦᠨ ᠤ ᠠᠮᠢ ᠠᠬᠤᠢ ᠶᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ᠂ ᠣᠶᠤᠨᠲᠤ ᠠᠵᠤ ᠦᠢᠯᠡᠰ ᠤᠨ | ᠵᠢᠱᠢᠶ᠎ᠡ ᠦᠵᠡᠭᠦᠯᠬᠦ᠂ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠢ ᠠᠰᠢᠭᠯᠠᠬᠤ ᠪᠠ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠳᠠ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ | ᠲᠤᠷᠰᠢᠯᠲᠠ ᠶᠢᠨ ᠵᠢᠱᠢᠶ᠎ᠡ ᠦᠵᠡᠭᠦᠯᠬᠦ᠂ ᠤᠯᠤᠰ ᠤᠨ ᠪᠣᠬᠢᠷᠲᠤᠯ ᠦᠭᠡᠢ ᠮᠢᠬ᠎ᠠ ᠰᠦ ᠶᠢᠨ ᠠᠮᠤᠷ ᠲᠦᠪᠰᠢᠨ ᠢ | ᠪᠠᠲᠤᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ᠂ ᠣᠳᠣ ᠦᠶ᠎ᠡ ᠶᠢᠨ ᠦᠷ᠎ᠡ ᠶᠢᠨ ᠦᠢᠯᠡᠰ ᠢ | ᠳᠡᠭᠡᠭᠰᠢᠯᠡᠭᠦᠯᠬᠦ ᠵᠡᠷᠭᠡ ᠴᠢᠬᠤᠯᠠ ᠶᠡᠭᠡ ᠢᠨᠵᠧᠨᠧᠷᠢᠩ ᠢ ᠳᠤᠷᠠᠳᠤᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ | ᠪᠠ ᠬᠦᠴᠦᠯᠡᠴᠡ ᠶᠢ ᠬᠤᠣᠰ ᠡᠵᠡᠮᠳᠡᠬᠦ᠂ ᠵᠥᠷᠢᠶᠡᠲᠦ ᠴᠠᠬᠢᠯᠭᠠᠨ ᠤ ᠦᠨ᠎ᠡ ᠶᠢ ᠬᠡᠷᠡᠭᠵᠢᠭᠦᠯᠬᠦ᠂ ᠥᠨᠳᠥᠷ ᠦᠷ᠎ᠡ | ᠠᠰᠢᠭᠲᠤ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠬᠤ ᠵᠡᠷᠭᠡ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ | ᠣᠷᠣᠨ ᠢ ᠬᠥᠭᠵᠢᠭᠦᠯᠦᠨ ᠮᠠᠨᠳᠤᠭᠤᠯᠬᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ | ᠪᠠ ᠰᠢᠯᠢᠳᠡᠭ ᠰᠦ ᠰᠠᠭᠠᠯᠢ ᠶᠢᠨ ᠦᠢᠯᠡᠰ ᠢ ᠮᠠᠨᠳᠤᠭᠤᠯᠬᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ | ᠳᠡᠭᠡᠭᠰᠢᠯᠡᠭᠦᠯᠬᠦ᠂ ᠪᠣᠬᠢᠷᠲᠤᠯ ᠥᠬᠡᠢ ᠠᠭᠤᠷᠬᠠᠢ ᠶᠢᠨ ᠪᠦᠲᠦᠭᠡᠨ ᠪᠠᠶᠢᠭᠤᠯᠤᠯᠳᠠ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢ ᠶᠡᠬᠡᠰᠬᠡᠬᠦ ᠣᠷᠭᠢᠯ ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠲᠥᠯᠥᠪᠯᠡᠭᠡ᠂ | ᠢᠯᠠᠩᠭᠤᠶ᠎ᠠ ᠲᠣᠮᠣᠬᠠᠨ ᠲᠥᠰᠦᠯ ᠢ ᠠᠷᠭ᠎ᠠ ᠰᠦᠪᠡᠭᠴᠢᠯᠡᠵᠦ ᠰᠣᠩᠭᠤᠬᠤ ᠲᠠᠯ᠎ᠠ ᠪᠠᠷ ᠡᠨᠧᠷᠭᠢ ᠶᠢᠨ ᠬᠤᠷᠤᠭᠳᠠᠯ | ᠶᠡᠬᠡᠲᠡᠢ ᠲᠦᠷᠦᠯ ᠵᠦᠢᠯ ᠤᠨ ᠨᠦᠯᠦᠭᠡ ᠶᠢ ᠡᠷᠡᠰ ᠬᠤᠷᠢᠭᠯᠠᠨ᠂ ᠬᠡᠯᠪᠡᠶᠢᠯᠲᠡ ᠦᠭᠡᠢ᠂ ᠡᠷᠴᠢ ᠵᠣᠷᠢᠭ ᠢᠶᠠᠨ | ᠠᠯᠠᠳᠠᠬᠤ ᠦᠭᠡᠢ᠂ ᠠᠮᠠ ᠨᠡᠭᠡᠭᠡᠬᠦ ᠦᠭᠡᠢ ᠪᠠᠷ ᠵᠣᠷᠢᠭ ᠰᠢᠭᠤᠳᠤᠨ ᠡᠨᠧᠷᠭᠢ ᠶᠢᠨ ᠬᠤᠷᠤᠭᠳᠠᠯ ᠶᠡᠬᠡᠲᠡᠢ ᠲᠦᠷᠦᠯ | ᠵᠦᠢᠯ ᠤᠨ ᠨᠦᠯᠦᠭᠡ ᠲᠠᠢ ᠠᠵᠤ ᠦᠢᠯᠡᠳᠪᠦᠷᠢ ᠶᠢ ᠬᠥᠭᠵᠢᠭᠦᠯᠬᠦ ᠬᠠᠭᠤᠴᠢᠨ ᠠᠷᠭ᠎ᠠ ᠵᠠᠮ ᠢ ᠥᠭᠡᠷᠡᠴᠢᠯᠡᠨ᠎ᠡ᠃ | ︽ᠨᠢᠭᠡ ᠪᠠᠬᠢᠯᠡᠯᠲᠡ︾ ᠢ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢ ᠨᠥᠯᠥᠭᠡᠯᠡᠬᠦ᠂ | ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠬᠤ᠂ ᠴᠢᠬᠤᠯᠠ ᠬᠦᠴᠦᠨ ᠵᠦᠢᠯ ᠢ ᠨᠡᠶᠢᠯᠡᠭᠦᠯᠦᠨ ᠨᠡᠪᠲᠡᠷᠡᠭᠦᠯᠬᠦ ᠪᠦᠬᠦ | ᠣᠷᠣᠨ ᠤ ᠨᠡᠭᠡᠭᠡᠯᠲᠡ ᠶᠢᠨ ᠲᠠᠪᠴᠠᠩ ᠪᠣᠯᠭᠠᠨ᠎ᠠ᠃ ᠨᠡᠭᠡᠭᠡᠯᠲᠡ ᠲᠠᠢ ᠠᠴᠢᠶᠠᠯᠠᠪᠤᠷᠢ ᠶᠢᠨ ᠲᠠᠯ᠎ᠠ ᠪᠠᠷ | ᠭᠤᠣᠯᠳᠠᠯᠭ᠎ᠠ ᠲᠠᠢ ᠪᠣᠭᠤᠮᠲᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢᠯᠠᠵᠤ᠂ ᠪᠣᠭᠤᠮᠲᠠ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ ᠲᠣᠬᠢᠷᠠᠭᠤᠯᠵᠤ ᠮᠠᠨᠵᠤᠤᠷ᠂ ᠡᠷᠢᠶᠡᠨ ᠬᠤᠲᠠ ᠪᠠ ᠬᠥᠬᠡᠬᠤᠲᠠ ᠵᠡᠷᠭᠡ | ᠬᠠᠭᠤᠷᠠᠢ ᠠᠭᠠᠷ ᠤᠨ ᠭᠠᠷᠠᠮ ᠤᠨ ᠪᠣᠭᠤᠮᠲᠠ ᠶᠢᠨ ᠭᠤᠣᠯ ᠰᠠᠭᠤᠷᠢᠨ ᠭᠠᠵᠠᠷ ᠤᠨ ᠪᠣᠭᠤᠮᠲᠠ ᠶᠢᠨ ᠢᠵᠢᠯᠢ ᠴᠢᠨᠠᠷᠲᠠᠢ | ᠥᠷᠢᠰᠥᠯᠳᠦᠭᠡᠨ᠂ ᠲᠤᠰᠠᠭᠠᠷᠯᠠᠬᠤ ᠮᠠᠶ᠋ᠢᠭ ᠤᠨ ᠠᠵᠢᠯᠯᠠᠭᠠᠨ ᠤ ᠪᠠᠶᠢᠳᠠᠯ ᠢ ᠬᠤᠪᠢᠷᠠᠭᠤᠯᠤᠨ᠎ᠠ᠃ ᠡᠩ ᠤᠨ | ᠪᠣᠭᠤᠮᠲᠠ ᠶᠢᠨ ᠠᠵᠤ ᠠᠬᠤᠢ ᠶᠢᠨ ᠲᠠᠯ᠎ᠠ ᠪᠠᠷ ᠬᠠᠭᠤᠷᠠᠢ ᠳᠠᠯᠠᠢ ᠠᠭᠠᠷ ᠤᠨ ᠰᠦᠯᠵᠢᠶ᠎ᠡ ᠬᠠᠮᠲᠤᠷᠠᠨ ᠲᠡᠭᠡᠭᠡᠪᠦᠷᠢᠯᠡᠬᠦ | ᠭᠤᠣᠯ ᠵᠠᠮ ᠢ ᠭᠤᠣᠯ ᠨᠡᠪᠲᠡᠷᠡᠭᠦᠯᠦᠨ᠂ ᠵᠠᠩᠭᠢᠯᠠᠭ᠎ᠠ ᠴᠡᠭ ᠪᠣᠯᠬᠤ ᠬᠤᠲᠠ᠂ ᠪᠠᠷᠠᠭ᠎ᠠ ᠲᠠᠸᠠᠷ ᠢ ᠲᠥᠪᠯᠡᠷᠡᠭᠦᠯᠦᠨ | ᠲᠠᠷᠬᠠᠭᠠᠬᠤ ᠲᠥᠪ ᠪᠣᠯᠤᠨ ᠡᠬᠢ ᠪᠠᠶᠠᠯᠢᠭ ᠢ ᠬᠤᠪᠢᠷᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠳᠠ ᠨᠢ ᠪᠣᠭᠤᠮᠲᠠ ᠶᠢᠨ ᠳᠠᠶᠢᠴᠢᠯᠠᠯ᠂ ᠳᠣᠲᠣᠷ ᠭᠠᠵᠠᠷ ᠤᠨ ᠲᠦᠰᠢᠭ ᠪᠣᠯᠵᠤ᠂ ᠬᠤᠶᠠᠷ ᠲᠠᠯ᠎ᠠ ᠪᠠᠷ ᠢᠶᠠᠨ | ᠬᠥᠳᠡᠯᠦᠯᠴᠡᠬᠦ ᠪᠠᠶᠢᠷᠢᠰᠢᠯ ᠢ ᠲᠥᠯᠥᠪᠯᠡᠨ ᠠᠬᠢᠭᠤᠯᠵᠤ᠂ ︽ᠭᠡᠳᠡᠰᠦ ᠴᠠᠳᠬᠤᠯᠠᠩ ᠶᠠᠪᠤᠬᠤ︾ ᠠᠰᠠᠭᠤᠳᠠᠯ ᠢ | ᠰᠢᠳᠪᠤᠷᠢᠯᠡᠭᠰᠡᠨ ᠪᠠᠶᠢᠨ᠎ᠠ᠃ ᠦᠢᠯᠡᠴᠢᠯᠡᠭᠡ ᠶᠢ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠳᠤ ᠣᠷᠣᠭᠤᠯᠬᠤ | ᠲᠠᠯ᠎ᠠ ᠪᠠᠷ᠂ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠎ᠠ | ᠃ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠲᠥᠬᠦᠭᠡᠷᠦᠮᠵᠢ ᠶᠢ ᠥᠭᠡᠷᠡᠴᠢᠯᠡᠨ ᠳᠡᠰ ᠳᠡᠪᠰᠢᠭᠦᠯᠵᠦ ᠣᠳᠣ | ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠡᠭᠡᠵᠢᠩ᠂ | ᠲᠢᠶᠠᠨᠵᠢᠨ᠂ ᠾᠧᠪᠧᠢ᠂ ᠬᠥᠬᠡᠮᠥ᠋ᠷᠡᠨ ᠤ ᠭᠤᠷᠪᠠᠯᠵᠢᠨ ᠰᠠᠪᠠ ᠭᠠᠵᠠᠷ᠂ ᠭᠤᠸᠠᠩᠳᠦ᠋ᠩ᠂ ᠰᠢᠶᠠᠩᠭᠠᠩ ᠣᠣᠮᠧᠨ ᠤ | ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠢᠷᠡᠭᠦᠯᠵᠦ ᠵᠡᠭᠦᠨ ᠬᠤᠶᠢᠲᠤ ᠶᠢᠨ ᠭᠤᠷᠪᠠᠨ ᠮᠣᠵᠢ᠂ ᠬᠠᠲᠤᠨ ᠭᠤᠣᠯ | ᠳᠠᠭᠠᠤ ᠮᠣᠵᠢ ᠯᠤᠭ᠎ᠠ ᠶᠢᠨ ᠬᠠᠷᠢᠯᠴᠠᠨ ᠬᠠᠷᠠᠭᠠᠯᠵᠠᠯ ᠦᠵᠡᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠪᠠᠷᠠᠭᠤᠨ | ᠬᠡᠰᠡᠭ ᠤᠨ ᠡᠬᠡ ᠬᠠᠭᠤᠷᠠᠢ ᠳᠠᠯᠠᠢ ᠶᠢᠨ ᠰᠢᠨ᠎ᠡ ᠨᠡᠪᠲᠡᠷᠡᠬᠦ ᠵᠠᠮ ᠪᠣᠯᠤᠨ ᠰᠢᠯᠢᠩᠬᠤᠲᠠ᠂ ᠤᠯᠠᠭᠠᠨᠬᠠᠳᠠ᠂ ᠼᠣᠣ ᠶᠠᠩ | ᠂ ᠶᠢᠨ ᠵᠧᠦ ᠶᠢᠨ ᠡᠬᠡ ᠬᠠᠭᠤᠷᠠᠢ ᠳᠠᠯᠠᠢ ᠶᠢᠨ ᠵᠠᠮ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠤᠯᠤᠰ ᠤᠨ | ᠳᠣᠲᠣᠭᠠᠳᠤ ᠶᠢᠨ ᠣᠯᠠᠨ ᠤᠯᠤᠰ ᠤᠨ ᠵᠠᠬ᠎ᠠ ᠵᠡᠭᠡᠯᠢ ᠳᠤ ᠪᠦᠬᠦ ᠲᠠᠯ᠎ᠠ ᠪᠠᠷ ᠠᠭᠤᠰᠤᠯᠴᠠᠨ ᠣᠷᠣᠭᠰᠠᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ | ︽ᠬᠤᠶᠠᠷ ᠱᠠᠲᠤᠨ ᠤ ᠲᠡᠮᠡᠴᠡᠬᠦ ᠬᠠᠷᠠᠯᠲᠠ︾᠂ ᠨᠠᠮ ᠤᠨ ᠲᠥᠪ ᠬᠤᠷᠢᠶᠠᠨ ᠤ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠣᠯᠤᠨ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠶᠢᠨ ᠶᠣᠰᠣᠭᠠᠷ᠂ ᠥᠪᠥᠷ ᠮᠣᠩᠭᠤᠯ | 2035 ᠣᠨ ᠪᠣᠯᠬᠤ ᠳᠤ ᠪᠦᠬᠦ ᠤᠯᠤᠰ ᠯᠤᠭ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠦᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠨᠢ ᠵᠢᠯ ᠪᠦᠷᠢ ᠠᠵᠤ ᠠᠬᠤᠢ ᠶᠢᠨ ᠬᠥᠭᠵᠢᠯᠲᠡ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ᠂ ᠪᠣᠬᠢᠷᠲᠤᠯ ᠦᠭᠡᠢ | ᠠᠮᠢ ᠠᠬᠤᠢ᠂ ᠠᠮᠤᠷ ᠲᠦᠪᠰᠢᠨ ᠤ ᠪᠠᠲᠤᠯᠠᠭ᠎ᠠ ᠵᠡᠷᠭᠡ 20 ᠵᠦᠢᠯ ᠢᠶᠠᠷ ᠪᠦᠷᠢᠯᠳᠦᠵᠦ ᠪᠣᠢ᠂ ᠡᠭᠦᠨ ᠳᠤ ᠵᠢᠱᠢᠭᠰᠡᠨ | ᠴᠢᠨᠠᠷᠲᠠᠢ 12 ᠵᠦᠢᠯ ᠢᠶᠠᠷ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠰᠠᠭᠤᠭᠠᠯᠢ ᠠᠷᠠᠳ ᠤᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ᠂ ᠪᠦᠬᠦ ᠬᠥᠮᠦᠰ ᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢ ᠵᠢᠯ | ᠪᠦᠷᠢ ᠳᠤᠮᠳᠠᠴᠢ ᠪᠠᠷ 5% ᠣᠷᠴᠢᠮ ᠥᠰᠬᠡᠨ᠎ᠡ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ | ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 12% ᠠᠴᠠ ᠳᠡᠭᠡᠭᠰᠢ ᠨᠡᠮᠡᠭᠳᠡᠭᠦᠯᠦᠨ᠎ᠡ᠂ 2025 ᠣᠨ ᠪᠣᠯᠲᠠᠯ᠎ᠠ | ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66% ᠳᠤ ᠬᠦᠷᠭᠡᠵᠦ᠂ | ᠲᠣᠭᠠᠴᠢᠯᠠᠭᠰᠠᠨ ᠠᠵᠤ ᠠᠬᠤᠢ ᠶᠢᠨ ᠭᠤᠣᠯᠯᠠᠭᠴᠢ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠢ 2.5% ᠣᠷᠴᠢᠮ ᠬᠦᠷᠭᠡᠵᠦ᠂ | ᠲᠦᠮᠡᠨ ᠬᠥᠮᠦᠨ ᠪᠦᠷᠢ ᠶᠢᠨ ᠥᠨᠳᠥᠷ ᠥᠷᠲᠡᠭ ᠪᠦᠬᠦᠢ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠤᠨ | ᠬᠡᠮᠵᠢᠶ᠎ᠡ ᠶᠢ 1.8 ᠬᠤᠪᠢ ᠳᠤ ᠬᠦᠷᠭᠡᠵᠦ᠂ ᠮᠢᠩᠭᠠᠨ ᠬᠥᠮᠦᠨ ᠪᠦᠷᠢ ᠳᠤ ᠠᠵᠢᠯ ᠡᠷᠬᠢᠯᠡᠬᠦ ᠲᠤᠰᠠᠯᠠᠭᠴᠢ ᠡᠮᠴᠢ ᠶᠢᠨ | ᠲᠤᠭ᠎ᠠ ᠶᠢ 3.6 ᠬᠥᠮᠦᠨ ᠳᠤ ᠬᠦᠷᠭᠡᠵᠦ᠂ ᠮᠢᠩᠭᠠᠨ ᠬᠥᠮᠦᠨ ᠪᠦᠷᠢ ᠳᠤ 3 ᠨᠠᠰᠤᠨ ᠠᠴᠠ ᠳᠣᠷᠣᠭᠰᠢᠬᠢ ᠨᠢᠯᠬ᠎ᠠ | ᠬᠡᠦᠬᠡᠳ ᠤᠨ ᠪᠠᠶᠢᠷᠢ ᠶᠢᠨ ᠲᠤᠭ᠎ᠠ ᠶᠢ 1.3 ᠳᠤ ᠬᠦᠷᠦᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠵᠦ᠂ ᠬᠥᠮᠦᠨ ᠪᠦᠷᠢ ᠶᠢᠨ ᠳᠤᠮᠳᠠᠴᠢ ᠵᠢᠱᠢᠭᠰᠡᠨ | ᠠᠮᠢ ᠨᠠᠰᠤ ᠶᠢ ᠨᠡᠶᠢᠳᠠ 0.5 ᠨᠠᠰᠤ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ | 6 ᠣᠷᠴᠢᠮ ᠢᠶᠠᠷ ᠬᠢᠵᠠᠭᠠᠷᠯᠠᠨ᠎ᠠ᠂ ᠬᠢᠵᠠᠭᠠᠷᠯᠠᠯ ᠤᠨ ᠴᠢᠨᠠᠷᠲᠠᠢ 8 ᠵᠦᠢᠯ ᠳᠤ 2025 ᠣᠨ ᠪᠣᠯᠲᠠᠯ᠎ᠠ | ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠰᠤᠷᠭᠠᠨ ᠬᠥᠮᠦᠵᠢᠯ ᠬᠦᠷᠲᠡᠬᠦ ᠶᠢ ᠳᠤᠮᠳᠠᠴᠢ ᠪᠠᠷ 11 ᠵᠢᠯ | ᠪᠤᠯᠭᠠᠵᠤ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠶᠢ 23.5% ᠳᠤ ᠬᠦᠷᠭᠡᠵᠦ᠂ ᠡᠨᠧᠷᠭᠢ ᠶᠢᠨ | ᠶᠡᠷᠦᠩᠬᠡᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 8.2 ᠳ᠋ᠦᠩᠰᠢᠭᠤᠷ ᠲᠤᠨ ᠳᠤ ᠬᠦᠷᠭᠡᠨ᠎ᠡ᠃ | ᠳᠡᠭᠡᠷ᠎ᠡ ᠳᠤᠷᠠᠳᠤᠭᠰᠠᠨ ᠨᠡᠭᠦᠷᠡᠰᠦ ᠶᠢᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠤᠨ ᠡᠨᠧᠷᠭᠢ ᠶᠢᠨ ᠬᠤᠷᠣᠭᠳᠠᠯ ᠪᠠᠭᠤᠷᠠᠬᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠪᠠᠭᠤᠷᠠᠬᠤ᠂ ᠲᠤᠰᠬᠠᠢ | ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠠᠭᠠᠷ ᠤᠨ ᠶᠠᠰᠤ ᠴᠢᠨᠠᠷ ᠤᠨ ᠰᠠᠶᠢᠨ ᠡᠳᠦᠷ ᠤᠨ | ᠲᠤᠭ᠎ᠠ ᠶᠢᠨ ᠬᠠᠷᠢᠴᠠᠯ᠂ ᠭᠠᠵᠠᠷ ᠤᠨ ᠭᠠᠳᠠᠷᠭᠤ ᠶᠢᠨ ᠤᠰᠤ Ⅲ ᠲᠥᠷᠥᠯ ᠤᠨ ᠤᠰᠤᠨ ᠴᠣᠭᠴᠠ ᠶᠢᠨ ᠬᠠᠷᠢᠴᠠᠯ | ᠬᠦᠷᠬᠦ ᠪᠤᠶᠤ ᠲᠡᠭᠦᠨ ᠠᠴᠠ ᠰᠠᠶᠢᠨ ᠪᠠᠶᠢᠬᠤ᠂ ᠠᠮᠤ ᠪᠤᠳᠠᠭᠠᠨ ᠤ ᠶᠡᠷᠦᠩᠬᠡᠢᠯᠡᠭᠰᠡᠨ ᠦᠢᠯᠡᠳᠪᠦᠷᠢᠯᠡᠯ ᠤᠨ ᠴᠢᠳᠠᠪᠤᠷᠢ | ᠵᠡᠷᠭᠡ ᠤᠯᠤᠰ ᠤᠨ ᠡᠵᠡᠮᠳᠡᠯ ᠤᠨ ᠴᠢᠨᠠᠷᠲᠠᠢ ᠭᠦᠢᠴᠡᠳᠬᠡᠬᠦ ᠲᠤᠭ᠎ᠠ ᠶᠢ ᠤᠯᠤᠰ ᠤᠨ ᠱᠠᠭᠠᠷᠳᠠᠯᠭ᠎ᠠ ᠳᠤ ᠬᠦᠷᠦᠭᠦᠯᠦᠨ᠎ᠡ | ᠃ ᠲᠠᠪᠤᠨ ᠵᠢᠯ ᠤᠨ ᠴᠤᠴᠠᠯᠲᠠ ᠦᠭᠡᠢ ᠴᠢᠷᠮᠠᠢᠯᠭ᠎ᠠ ᠪᠠᠷ ᠳᠠᠮᠵᠢᠭᠤᠯᠤᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠮᠥᠨ | ᠴᠢᠨᠠᠷ ᠤᠨ ᠠᠬᠢᠯᠲᠠ ᠲᠠᠢ ᠪᠣᠯᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠠᠵᠢᠯ ᠳᠤ ᠴᠢᠬᠤᠯᠠ ᠶᠡᠭᠡ | ᠰᠢᠪᠲᠤᠯᠤᠯᠲᠠ ᠬᠢᠵᠦ᠂ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠬᠤ ᠴᠢᠬᠤᠯᠠ ᠠᠯᠬᠤᠮ ᠢ ᠠᠯᠬᠤᠵᠠᠢ᠃ | ᠨᠡᠶᠢᠭᠡᠮ ᠤᠨ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠳᠠ | ᠴᠢᠬᠤᠯᠠ ᠶᠡᠭᠡ ᠲᠠᠪᠰᠢᠯᠲᠠ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠡᠩ ᠥᠨᠳᠥᠷ ᠬᠡᠮᠵᠢᠶᠡᠨ ᠳᠤ | ᠬᠦᠷᠭᠡᠵᠦ᠂ ᠨᠡᠩ ᠥᠨᠳᠥᠷ ᠲᠦᠪᠰᠢᠨ ᠤ ᠵᠠᠰᠠᠯᠲᠠ ᠶᠢᠨ ᠦᠢᠯᠡᠳᠦᠯ ᠴᠢᠳᠠᠪᠬᠢ ᠶᠢ ᠰᠢᠨ᠎ᠡ ᠳᠡᠭᠡᠭᠰᠢᠯᠡᠯᠲᠡ ᠲᠠᠢ | ᠪᠣᠯᠭᠠᠵᠤ᠂ ᠡᠯ᠎ᠡ ᠲᠥᠷᠥᠯ ᠤᠨ ᠠᠵᠢᠯ ᠦᠢᠯᠡᠰ ᠨᠡᠩ ᠶᠡᠭᠡ ᠰᠢᠨ᠎ᠡ ᠬᠥᠭᠵᠢᠯᠲᠡ ᠲᠠᠢ ᠪᠤᠯᠤᠭᠰᠠᠨ ᠪᠠᠶᠢᠨ᠎ᠠ᠃ | ︽ᠠᠷᠪᠠᠨ ᠲᠠᠪᠤᠨ ᠵᠦᠢᠯ ᠤᠨ ᠴᠢᠬᠤᠯᠠ ᠶᠡᠭᠡ ᠡᠭᠦᠷᠭᠡ︾᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ | ᠵᠠᠮ ᠢᠶᠠᠷ ᠵᠠᠮᠨᠠᠵᠤ᠂ ᠬᠦᠷᠢᠶ᠎ᠡ ᠴᠠᠷᠠᠭ᠎ᠠ ᠬᠤᠪᠢᠶᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠨᠡᠭᠡᠭᠡᠯᠲᠡ ᠶᠢᠨ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ ᠥᠭᠦᠯᠡᠨ᠎ᠡ᠃ ᠪᠣᠳᠠᠲᠠᠢ ᠪᠠᠭᠲᠠᠬᠤ ᠨᠢ᠄ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠬᠥᠭᠵᠢᠯᠲᠡ ᠶᠢᠨ ᠰᠢᠨ᠎ᠡ | ᠬᠥᠳᠡᠯᠭᠡᠭᠴᠢ ᠡᠨᠧᠷᠭᠢ ᠶᠢ ᠪᠦᠬᠦ ᠲᠠᠯ᠎ᠠ ᠪᠠᠷ ᠴᠣᠭᠴᠠᠯᠠᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠮᠠᠯ ᠬᠦᠴᠦᠨ ᠢ ᠪᠠᠲᠤᠯᠠᠵᠤ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠤ᠂ | ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠵᠦ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠂ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ | ᠠᠬᠢᠭᠤᠯᠵᠤ ᠪᠣᠬᠢᠷᠲᠤᠯ ᠥᠬᠡᠢ ᠣᠨᠴᠠᠯᠢᠭᠲᠤ ᠳᠠᠪᠠᠭᠤᠯᠢᠭ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠦᠲᠦᠭᠡᠨ ᠪᠠᠶᠢᠭᠤᠯᠤᠨ᠂ ᠲᠣᠭᠠᠴᠠᠯᠠᠭᠰᠠᠨ ᠬᠥᠭᠵᠢᠯᠲᠡ ᠶᠢ ᠲᠦᠷᠭᠡᠳᠬᠡᠵᠦ ᠴᠢᠨᠠᠷ ᠰᠠᠶᠢᠳᠠᠢ ᠬᠥᠭᠵᠢᠯᠲᠡ ᠶᠢᠨ | ᠰᠢᠨ᠎ᠡ ᠬᠥᠳᠡᠯᠭᠡᠭᠦᠷ ᠢ ᠪᠣᠢ ᠪᠤᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠰᠠᠭᠤᠷᠢ ᠪᠣᠯᠭᠠᠭᠰᠠᠨ | ᠭᠤᠣᠯᠳᠠᠯᠭᠠᠲᠤ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ ᠴᠢᠨᠠᠷ ᠰᠠᠶᠢᠳᠠᠢ ᠬᠥᠭᠵᠢᠯᠲᠡ ᠶᠢᠨ | ᠬᠥᠳᠡᠯᠭᠡᠭᠴᠢ ᠬᠦᠴᠦᠨ ᠢ ᠴᠢᠩᠭᠠᠳᠬᠠᠨ᠂ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠳᠤ ᠣᠷᠣᠭᠤᠯᠵᠤ | ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠬᠤᠣᠰ ᠡᠷᠭᠢᠯᠲᠡ ᠳᠤ ᠣᠷᠣᠭᠤᠯᠵᠤ ᠮᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠤᠨ᠎ᠠ᠂ ᠲᠥᠪᠯᠡᠷᠡᠩᠭᠦᠢ ᠡᠷᠴᠢᠮᠯᠢᠭ | ᠬᠥᠭᠵᠢᠯᠲᠡ ᠶᠢ ᠲᠦᠯᠬᠢᠨ ᠠᠬᠢᠭᠤᠯᠵᠤ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶᠢᠭ ᠤᠨ ᠬᠤᠲᠠ | ᠪᠠᠯᠭᠠᠰᠤᠴᠢᠯᠠᠯᠲᠠ ᠶᠢᠨ ᠪᠠᠶᠢᠷᠢᠰᠢᠯ ᠢ ᠪᠣᠢ ᠪᠤᠯᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ | ᠬᠥᠳᠡᠭᠡ ᠲᠣᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ᠂ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠦᠲᠦᠭᠡᠨ ᠪᠠᠶᠢᠭᠤᠯᠵᠤ᠂ ᠴᠢᠨᠠᠷ ᠰᠠᠶᠢᠳᠠᠢ ᠬᠥᠭᠵᠢᠯᠲᠡ ᠶᠢ ᠪᠠᠲᠤᠯᠠᠬᠤ | ᠴᠢᠳᠠᠪᠤᠷᠢ ᠶᠢ ᠨᠡᠮᠡᠭᠳᠡᠭᠦᠯᠦᠨ᠂ ᠬᠥᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠵᠦ ᠬᠥᠮᠦᠨ ᠤ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠶ᠎ᠠ᠂ ᠠᠷᠠᠳ ᠤᠨ ᠠᠮᠢᠳᠤᠷᠠᠯ ᠳᠤ ᠠᠵᠠ ᠵᠢᠷᠭᠠᠯ ᠬᠦᠷᠲᠡᠭᠡᠵᠦ ᠬᠠᠮᠲᠤᠪᠠᠷ ᠵᠠᠰᠠᠵᠤ | ᠬᠠᠮᠲᠤᠪᠠᠷ ᠡᠳ᠋ᠯᠡᠬᠦ ᠲᠦᠪᠰᠢᠨ ᠢ ᠳᠡᠭᠡᠭᠰᠢᠯᠡᠭᠦᠯᠦᠨ᠂ ᠰᠣᠶᠣᠯ ᠤᠨ ᠠᠵᠢᠯ ᠦᠢᠯᠡᠰ ᠢ ᠴᠡᠴᠡᠭᠯᠡᠭᠦᠯᠦᠨ | ᠬᠥᠭᠵᠢᠭᠦᠯᠵᠦ ᠠᠷᠠᠳ ᠤᠨ ᠰᠣᠶᠣᠯ ᠤᠨ ᠬᠡᠷᠡᠭᠴᠡᠭᠡ ᠶᠢ ᠬᠠᠩᠭᠠᠨ᠎ᠠ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠢ ᠪᠠᠲᠤᠲᠠᠢ ᠠᠬᠢᠭᠤᠯᠤᠨ᠂ | ᠨᠡᠩ ᠥᠨᠳᠥᠷ ᠲᠦᠪᠰᠢᠨ ᠪᠦᠬᠦᠢ ᠠᠮᠤᠷ ᠲᠦᠪᠰᠢᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠡᠬᠡ ᠤᠯᠤᠰ ᠤᠨ | ᠤᠮᠠᠷᠠᠲᠤ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠪᠠᠲᠤ ᠴᠣᠭᠴᠠᠯᠠᠬᠤ ᠵᠡᠷᠭᠡ ᠠᠭᠤᠯᠭ᠎ᠠ | ᠪᠣᠯᠤᠨ᠎ᠠ᠃ | ︽ᠨᠢᠭᠡ ᠬᠡᠰᠡᠭ ᠪᠠᠶᠢᠷᠢᠯᠠᠭᠤᠯᠤᠯᠳᠠ︾ ᠶᠢᠰᠤᠨ ᠬᠤᠪᠢ ᠨᠠᠶᠢᠳᠠᠪᠤᠷᠢᠵᠢᠭᠤᠯᠵᠤ᠂ ᠪᠢᠳᠡᠨ ᠤ ᠤᠯᠤᠰ ᠲᠥᠷᠥ ᠶᠢ | ᠡᠷᠬᠢᠮᠯᠡᠬᠦ ᠳᠡᠭᠡᠳᠦ ᠬᠡᠮᠵᠢᠶ᠎ᠡ᠂ ᠴᠠᠭ ᠬᠤᠭᠤᠴᠠᠭ᠎ᠠ ᠶᠢ ᠡᠷᠬᠢᠮᠯᠡᠬᠦ ᠬᠤᠷᠳᠤᠴᠠ᠂ ᠭᠤᠣᠯᠳᠠᠯᠭ᠎ᠠ ᠶᠢ ᠠᠳᠬᠤᠬᠤ | ᠨᠠᠷᠢᠯᠢᠭ ᠤᠨ ᠬᠡᠮᠵᠢᠶ᠎ᠡ᠂ ᠡᠴᠦᠰ ᠲᠤᠨᠢ ᠲᠤᠯᠲᠠᠯ᠎ᠠ ᠠᠳᠬᠤᠬᠤ ᠡᠷᠴᠢᠮ ᠢᠶᠠᠷ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠲᠥᠯᠪᠦᠷᠢ︾ ᠳᠤ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠨᠢᠭᠡ ᠳᠤ᠂ ︽ᠭᠤᠷᠪᠠᠨ ᠱᠠᠲᠤ ᠳᠥᠷᠪᠡᠨ ᠲᠥᠷᠥᠯ︾ ᠤᠨ ᠨᠢᠭᠡᠳᠦᠯᠲᠡᠢ ᠲᠥᠯᠥᠪᠵᠢᠭᠦᠯᠭᠡ ᠶᠢᠨ | ᠰᠢᠰᠲ᠋ᠧᠮ ᠪᠠ ︽1+N+X︾ ᠲᠥᠯᠥᠪᠵᠢᠭᠦᠯᠭᠡ ᠶᠢ ᠨᠠᠢᠷᠠᠭᠤᠯᠤᠨ ᠵᠣᠬᠢᠶᠠᠬᠤ ᠭᠠᠷᠴᠠᠭ ᠤᠨ ᠲᠣᠬᠠᠢ ᠬᠠᠮᠢᠶᠠᠷᠬᠤ | ᠱᠠᠭᠠᠷᠳᠠᠯᠭ᠎ᠠ ᠶᠣᠰᠣᠭᠠᠷ᠂ ᠠᠳᠠᠯᠢ ᠪᠤᠰᠤ ᠲᠥᠯᠥᠪᠵᠢᠭᠦᠯᠭᠡ ᠶᠢᠨ ᠴᠢᠳᠠᠮᠵᠢ ᠶᠢᠨ ᠰᠢᠨᠵᠢ ᠴᠢᠨᠠᠷ ᠢ ᠵᠢᠷᠤᠮᠯᠠᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠵᠣᠯᠭᠠᠭᠤᠯᠬᠤ ᠪᠠᠨ ᠴᠢᠩᠭᠠᠳᠬᠠᠵᠤ ᠣᠷᠣᠨ ᠵᠠᠢ ᠶᠢᠨ | ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠲᠤᠰᠬᠠᠢ ᠲᠥᠯᠥᠪᠵᠢᠭᠦᠯᠭᠡ ᠶᠢ ᠲᠦᠷᠭᠡᠨ ᠨᠡᠶᠢᠳᠡᠯᠡᠬᠦ | ᠬᠡᠷᠡᠭᠲᠡᠢ᠃ ᠬᠤᠶᠠᠷ ᠲᠤ᠂ ᠲᠥᠯᠥᠪᠵᠢᠭᠦᠯᠭᠡ ᠶᠢᠨ ᠬᠥᠳᠡᠯᠦᠩᠭᠦᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ | ᠰᠠᠶᠢᠳᠤᠷ ᠬᠢᠵᠦ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠤᠨ ᠲᠥᠰᠦᠯ ᠢ ᠲᠦᠷᠭᠡᠪᠴᠢᠯᠡᠨ ᠲᠣᠭᠲᠠᠭᠠᠬᠤ | ᠬᠡᠷᠡᠭᠲᠡᠢ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠢ ᠪᠣᠯᠭᠠᠵᠤ ᠣᠨ ᠤ ᠬᠢᠨᠠᠨ ᠪᠠᠶᠢᠴᠠᠭᠠᠯᠳᠠ ᠶᠢ | ᠥᠷᠨᠢᠭᠦᠯᠦᠶ᠎ᠡ᠃ ᠳᠤᠮᠳᠠ ᠬᠤᠭᠤᠴᠠᠭᠠᠨ ᠤ ᠦᠨᠡᠯᠡᠯᠲᠡ ᠪᠣᠯᠤᠨ ᠡᠴᠦᠰ ᠤᠨ ᠬᠤᠭᠤᠴᠠᠭᠠᠨ ᠤ ᠳ᠋ᠦᠩᠨᠡᠯᠲᠡ᠂ | ᠲᠦᠯᠦᠪᠵᠢᠬᠦᠯᠭᠡ ᠶᠢᠨ ᠬᠦᠢᠴᠡᠳᠭᠡᠬᠦ ᠬᠦᠴᠦᠨ ᠢ ᠳᠡᠭᠡᠭᠰᠢᠯᠡᠭᠦᠯᠬᠦ᠂ ︽ᠬᠦᠲᠦᠯᠪᠦᠷᠢ︾ ᠪᠠ ᠣᠨ ᠤ | ᠲᠥᠯᠥᠪᠯᠡᠭᠡ ᠶᠢᠨ ᠵᠣᠯᠭᠠᠭᠤᠯᠬᠤ ᠠᠵᠢᠯ ᠢ ᠬᠠᠮᠲᠤ ᠳᠤᠨᠢ ᠰᠠᠶᠢᠳᠤᠷ ᠬᠢᠵᠦ᠂ ᠳᠤᠮᠳᠠ ᠪᠠ ᠤᠷᠲᠤ ᠬᠤᠭᠤᠴᠠᠭᠠᠨ ᠤ | ᠬᠠᠷᠠᠯᠲᠠ ᠶᠢᠨ ᠡᠭᠦᠷᠭᠡ ᠶᠢ ᠣᠨ ᠤ ᠠᠵᠢᠯᠯᠠᠭᠠᠨ ᠤ ᠲᠥᠯᠥᠪᠯᠡᠭᠡ ᠳᠤᠮᠳᠠ ᠬᠢᠵᠤ᠂ ᠣᠬᠤᠷ ᠬᠤᠭᠤᠴᠠᠭᠠᠨ ᠤ | ᠲᠥᠯᠥᠪᠯᠡᠭᠡ ᠶᠢ ᠬᠠᠷᠢᠯᠴᠠᠨ ᠨᠢᠭᠡᠳᠦᠯᠲᠡᠢ ᠪᠣᠯᠭᠠᠬᠤ ᠶᠢ ᠭᠦᠢᠴᠡᠳ ᠪᠡᠶᠡᠯᠡᠭᠦᠯᠦᠨ᠎ᠡ᠃ ᠭᠤᠷᠪᠠ ᠳᠤ᠂ ᠴᠢᠬᠤᠯᠠ | ᠶᠡᠭᠡ ᠲᠥᠷᠥᠯ ᠵᠦᠢᠯ ᠢ ᠬᠡᠷᠡᠭᠵᠢᠭᠦᠯᠬᠦ ᠡᠷᠴᠢᠮ᠂ ᠤᠯᠤᠰ ᠤᠨ ᠪᠠᠶᠢᠯᠳᠤᠬᠤ ᠪᠣᠳᠣᠯᠭ᠎ᠠ ᠶᠢ ᠴᠠᠭ ᠢᠮᠠᠭᠲᠠ ᠳᠠᠭᠠᠵᠤ᠂ | ᠴᠢᠬᠤᠯᠠ ᠪᠠᠶᠢᠷᠢᠯᠠᠭᠤᠯᠤᠯᠳᠠ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ | ᠴᠢᠭᠯᠡᠯ ᠢ ᠴᠢᠩᠭ᠎ᠠ ᠬᠡᠷᠡᠭᠵᠢᠭᠦᠯᠵᠦ᠂ ᠤᠯᠤᠰ ᠤᠨ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ᠂ ᠭᠠᠵᠠᠷ | ᠰᠢᠷᠣᠢ ᠵᠡᠷᠭᠡ ᠭᠦᠢᠴᠡᠳᠬᠡᠯ ᠲᠣᠭᠠᠨ ᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠥᠷᠥᠯ ᠵᠦᠢᠯ ᠢ ᠰᠢᠨᠵᠢᠯᠡᠨ | ᠪᠠᠶᠢᠴᠠᠭᠠᠵᠤ ᠬᠡᠷᠡᠭᠵᠢᠭᠦᠯᠬᠦ ᠠᠵᠢᠯ ᠢ ᠴᠢᠩᠭᠠᠳᠬᠠᠭᠠᠳ ᠨᠢᠭᠡ ᠪᠦᠯᠦᠭ ᠢ ᠲᠥᠰᠦᠪᠯᠡᠵᠦ᠂ ᠨᠢᠭᠡ ᠪᠦᠯᠦᠭ ᠢ | ᠪᠦᠲᠦᠭᠡᠨ ᠪᠠᠶᠢᠭᠤᠯᠵᠤ᠂ ᠨᠢᠭᠡ ᠪᠦᠯᠦᠭ ᠢ ᠬᠡᠷᠡᠭᠵᠢᠭᠦᠯᠵᠦ᠂ ᠨᠢᠭᠡ ᠪᠦᠯᠦᠭ ᠢ ᠠᠵᠢᠯᠯᠠᠭᠤᠯᠪᠠ᠃ | ᠠᠳᠡ ᠪᠠᠰᠠ ᠰᠣᠨᠢᠨ ᠮᠡᠳᠡᠭᠡᠨ ᠤ ᠡᠲᠡᠭᠡᠳ ᠤᠨ ᠨᠠᠶᠢᠵᠠ ᠨᠠᠷ ᠪᠢᠳᠡᠨ ᠲᠠᠢ ᠬᠠᠮᠲᠤ ᠤᠬᠠᠭᠤᠯᠤᠨ | ᠲᠠᠢᠯᠪᠤᠷᠢᠯᠠᠬᠤ ᠠᠵᠢᠯ ᠢ ᠰᠠᠢᠲᠤᠷ ᠠᠳᠬᠤᠵᠤ᠂ ᠨᠡᠶᠢᠭᠡᠮ ᠳᠠᠶᠠᠭᠠᠷ ᠢᠶᠠᠨ ᠲᠥᠯᠥᠪᠵᠢᠭᠦᠯᠭᠡ ᠶᠢ ᠠᠩᠬᠠᠷᠴᠤ᠂ | ᠤᠬᠠᠮᠰᠠᠷ ᠠᠴᠠ ᠪᠠᠨ ᠣᠷᠣᠯᠴᠠᠬᠤ ᠪᠠ ᠬᠢᠨᠠᠯᠲᠠ ᠲᠠᠯᠪᠢᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ | ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠬᠥᠲᠥᠯᠪᠦᠷᠢ︾ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ | ᠪᠠᠲᠤᠯᠠᠬᠤ ᠶᠢ ᠬᠦᠰᠡᠵᠤ ᠪᠠᠢᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠣᠯᠤᠨ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ | ᠠᠯᠤᠰ ᠬᠡᠳᠦ ᠶᠢᠨ ᠬᠠᠷᠠᠯᠲᠠ ᠶᠢᠨ ᠬᠦᠲᠦᠯᠪᠦᠷᠢ︾ ᠶᠢᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ | ᠰᠣᠨᠢᠨ ᠮᠡᠳᠡᠭᠡ ᠨᠡᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠪᠠ ᠬᠠᠷᠢᠭᠤᠯᠲᠠ | ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠤᠷᠪᠤᠯᠵᠢᠯᠠᠭᠴᠢ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠦᠲᠦᠯᠪᠦᠷᠢ︾ ᠳᠤ ᠵᠢᠭᠠᠵᠤ ᠭᠠᠷᠭᠠᠭᠰᠠᠨ ᠨᠢ ᠮᠠᠨ ᠤ ᠣᠷᠣᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠥᠨᠳᠥᠷ | ᠦᠷ᠎ᠡ ᠠᠰᠢᠭᠲᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ ᠤᠯᠤᠰ ᠤᠨ ᠪᠣᠬᠢᠷᠲᠤᠯ ᠦᠭᠡᠢ ᠮᠢᠬ᠎ᠠ ᠰᠦ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠨ᠎ᠡ᠃ ᠠᠰᠠᠭᠤᠬᠤ ᠨᠢ᠄ ᠤᠯᠤᠰ ᠤᠨ ᠪᠣᠬᠢᠷᠲᠤᠯ ᠦᠭᠡᠢ ᠮᠢᠬ᠎ᠠ ᠰᠦ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠠᠴᠢ | ᠬᠤᠯᠪᠣᠭᠳᠠᠯ ᠨᠢ ᠶᠠᠭᠤ ᠪᠣᠢ︖ ᠡᠨᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠬᠤ ᠶᠠᠪᠤᠴᠠ ᠳᠤ ᠮᠠᠨ ᠤ ᠣᠷᠣᠨ | ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖ | ᠯᠢᠦ ᠶᠦᠩ ᡁᠢ᠄ ᠰᠤᠷᠪᠤᠯᠵᠢᠯᠠᠭᠴᠢ ᠶᠢᠨ ᠠᠰᠠᠭᠤᠯᠲᠠ ᠳᠤ ᠮᠠᠰᠢ ᠪᠠᠶᠠᠷᠯᠠᠯ᠎ᠠ᠂ ᠳᠣᠣᠷ᠎ᠠ ᠪᠢ ᠲᠠ ᠪᠦᠬᠦᠨ ᠳᠤ | ᠬᠠᠷᠢᠭᠤᠯᠲᠠ ᠥᠭᠭᠦᠶ᠎ᠡ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠢᠴᠠᠭᠠᠬᠤ ᠳᠠᠭᠠᠨ᠂ ᠪᠣᠬᠢᠷᠲᠤᠯ ᠦᠭᠡᠢ | ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠲᠠᠷᠢᠶᠠᠯᠠᠩ | ᠮᠠᠯ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠴᠢᠨᠠᠷ ᠰᠠᠶᠢᠲᠠᠢ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠣᠳᠣᠬᠠᠨ ᠳᠤ ᠤᠯᠤᠰ ᠠᠴᠠ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠢᠶᠠᠷ ᠭᠤᠣᠯ ᠴᠣᠭᠴᠠ ᠪᠣᠯᠭᠠᠭᠰᠠᠨ᠂ | ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠣᠰ ᠡᠷᠬᠢᠯᠲᠠ ᠪᠠᠷ ᠬᠠᠷᠢᠯᠴᠠᠨ ᠠᠬᠢᠭᠤᠯᠤᠭᠰᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠰᠠᠭᠤᠭᠠᠯᠢ ᠠᠷᠠᠳ ᠤᠨ ᠪᠣᠬᠢᠷᠲᠤᠯ ᠦᠭᠡᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠦᠷᠭᠦᠯᠵᠢᠯᠡᠨ | ᠨᠡᠮᠡᠭᠳᠡᠬᠦ ᠶᠢ ᠳᠠᠶᠢᠴᠢᠯᠠᠨ᠎ᠠ᠃ ᠥᠪᠥᠷ ᠮᠣᠩᠭᠤᠯ ᠪᠣᠯ ᠪᠦᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠤᠨ ᠮᠠᠯ ᠠᠵᠤ | ᠠᠬᠤᠢ ᠶᠢᠨ ᠡᠬᠢ ᠪᠠᠶᠠᠯᠢᠭ ᠤᠷᠢᠳ ᠬᠤᠵᠢᠳ ᠦᠨᠢᠶᠡᠨ ᠰᠦ᠂ ᠬᠤᠨᠢᠨ ᠮᠢᠬ᠎ᠠ᠂ ᠨᠣᠣᠰᠣ ᠨᠣᠯᠤᠤᠷ᠂ ᠲᠡᠵᠢᠭᠡᠯ | ᠡᠪᠡᠰᠦ ᠵᠡᠷᠭᠡ ᠭᠠᠷᠤᠯᠲᠠ ᠪᠦᠬᠦ ᠤᠯᠤᠰ ᠤᠨ ᠲᠡᠷᠢᠭᠦᠨ ᠳᠤ ᠣᠷᠣᠪᠠ᠂ ᠦᠬᠡᠷ ᠤᠨ ᠮᠢᠬ᠎ᠠ ᠬᠤᠶᠠᠳᠤᠭᠠᠷ ᠲᠤ | ᠪᠠᠢᠷᠢᠯᠠᠵᠤ ᠪᠠᠢᠨ᠎ᠠ᠃ ᠤᠯᠤᠰ ᠤᠨ ᠪᠣᠬᠢᠷᠲᠤᠯ ᠦᠭᠡᠢ ᠮᠢᠬ᠎ᠠ ᠰᠦ ᠶᠢᠨ ᠠᠮᠤᠷ ᠲᠦᠪᠰᠢᠨ ᠢ ᠪᠠᠲᠤᠯᠠᠬᠤ ᠰᠠᠭᠤᠷᠢᠨ | ᠭᠠᠵᠠᠷ ᠤᠨ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ︽ᠲᠠᠷᠢᠶᠠᠯᠠᠩ ᠮᠠᠯ ᠠᠵᠤ | ᠠᠬᠤᠢ ᠶᠢ ᠤᠶᠠᠯᠳᠤᠭᠤᠯᠵᠤ᠂ ᠲᠡᠵᠢᠭᠡᠬᠦ ᠪᠠᠷ ᠳᠠᠮᠵᠢᠨ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠲᠠᠷᠢᠵᠤ | ᠲᠡᠵᠢᠭᠡᠬᠦ ᠶᠢ ᠠᠬᠢᠭᠤᠯᠬᠤ︾᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠳᠠᠪᠠᠭᠤᠯᠢᠭ ᠣᠷᠣᠨ ᠳᠠᠰᠢ | ᠲᠥᠪᠯᠡᠷᠡᠭᠦᠯᠦᠨ᠂ ᠳᠠᠪᠠᠭᠤᠯᠢᠭ ᠣᠷᠣᠨ ᠪᠦᠰᠡ ᠶᠢᠨ ᠪᠠᠶᠢᠷᠢᠰᠢᠯ ᠪᠣᠯᠤᠨ ᠲᠤᠰᠬᠠᠶᠢᠵᠢᠭᠰᠠᠨ ᠦᠢᠯᠡᠳᠪᠦᠷᠢᠯᠡᠯ ᠤᠨ | ᠪᠠᠶᠢᠷᠢᠰᠢᠯ ᠢ ᠪᠦᠷᠢᠯᠳᠦᠭᠦᠯᠬᠦ ᠵᠡᠷᠭᠡ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠠᠵᠤ ᠦᠢᠯᠡᠰ ᠤᠨ ᠪᠦᠰᠡ ᠪᠦᠷᠢᠯᠳᠦᠭᠦᠯᠬᠦ ᠨᠢ ᠣᠷᠣᠨ ᠪᠦᠰᠡ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠴᠢᠳᠠᠬᠤ ᠪᠠᠷ | ᠪᠠᠷᠠᠬᠤ ᠦᠭᠡᠢ ᠪᠠᠰᠠ ᠮᠠᠨ ᠤ ᠣᠷᠣᠨ ᠤ ᠨᠡᠩ ᠣᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠪᠦᠬᠦ ᠤᠯᠤᠰ᠂ ᠳᠡᠯᠡᠬᠡᠢ ᠳᠠᠰᠢ ᠲᠦᠯᠬᠢᠨ ᠠᠬᠢᠭᠤᠯᠵᠤ ᠴᠢᠳᠠᠨ᠎ᠠ᠃ | ᠤᠯᠤᠰ ᠤᠨ ᠪᠣᠬᠢᠷᠲᠤᠯ ᠦᠭᠡᠢ ᠮᠢᠬ᠎ᠠ ᠰᠦ ᠶᠢᠨ ᠠᠮᠤᠷ ᠲᠦᠪᠰᠢᠨ ᠢ ᠪᠠᠲᠤᠯᠠᠬᠤ ᠰᠠᠭᠤᠷᠢᠨ ᠭᠠᠵᠠᠷ ᠤᠨ | ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠬᠦ ᠶᠢᠨ ᠲᠥᠯᠥᠭᠡ᠂ ᠮᠠᠨ ᠤ ᠣᠷᠣᠨ | ᠳᠣᠣᠷᠠᠬᠢ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠤᠷ ᠠᠳᠬᠤᠨ᠎ᠠ᠃᠃ | ᠨᠢᠭᠡ ᠳᠤ᠂ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠤᠯᠤᠰ ᠤᠨ | ᠪᠣᠬᠢᠷᠲᠤᠯ ᠦᠭᠡᠢ ᠮᠢᠬ᠎ᠠ ᠰᠦᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢᠨ ᠭᠠᠵᠠᠷ ᠤᠨ ᠦᠷ᠎ᠡ ᠶᠢ | ᠪᠠᠶᠢᠭᠤᠯᠬᠤ ᠪᠣᠯ ᠰᠠᠭᠤᠷᠢ ᠪᠣᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠪᠢᠳᠡ ᠭᠤᠣᠯᠳᠠᠯᠭ᠎ᠠ ᠲᠠᠢ ᠲᠥᠷᠥᠯ ᠵᠦᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ | ᠴᠢᠷᠮᠠᠢᠨ᠎ᠠ᠃ ᠰᠠᠭᠠᠯᠢ ᠶᠢᠨ ᠦᠨᠢᠶ᠎ᠡ᠂ ᠮᠢᠬᠠᠨ ᠤ ᠦᠬᠡᠷ᠄ ᠰᠠᠭᠠᠯᠢ ᠶᠢᠨ ᠦᠨᠢᠶ᠎ᠡ᠂ ᠮᠢᠬᠠᠨ ᠤ ᠦᠬᠡᠷ ᠤᠨ | ᠤᠳᠤᠮᠰᠢᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠠᠮᠢᠳᠤ ᠪᠤᠳᠠᠰ ᠤᠨ ᠡᠭᠦᠯᠳᠡᠷ ᠪᠤᠶᠢᠵᠢᠭᠤᠯᠬᠤ | ᠵᠡᠷᠭᠡ ᠮᠡᠷᠭᠡᠵᠢᠯ` ᠤᠨ ᠬᠡᠷᠡᠭᠯᠡᠯᠲᠡ ᠶᠢ ᠲᠦᠷᠭᠡᠳᠬᠡᠵᠤ᠂ ᠣᠯᠠᠨ ᠤᠯᠤᠰ ᠤᠨ ᠪᠣᠯᠤᠨ ᠳᠣᠲᠣᠭᠠᠳᠤ ᠶᠢᠨ ᠲᠡᠷᠢᠭᠦᠨ ᠤ | ᠰᠢᠯᠢᠳᠡᠭ ᠡᠭᠦᠯᠳᠡᠷ ᠤᠨ ᠪᠤᠬ᠎ᠠ ᠦᠷᠡᠵᠢᠭᠦᠯᠦᠭ ᠪᠤᠶᠢᠵᠢᠭᠤᠯᠵᠤ᠂ ᠭᠤᠤᠯᠳᠠᠭᠤ ᠰᠠᠭᠠᠯᠢ ᠶᠢᠨ ᠦᠨᠢᠶ᠎ᠡ᠂ ᠠᠯᠠᠰᠢᠨ | ᠦᠬᠡᠷ ᠤᠨ ᠡᠭᠦᠯᠳᠡᠷ ᠢ ᠰᠠᠶᠢᠵᠢᠷᠠᠭᠤᠯᠵᠤ᠂ ᠳᠣᠳᠣᠭᠠᠳᠤ ᠶᠢᠨ ᠬᠠᠩᠭᠠᠯᠲᠠ ᠶᠢᠨ ᠨᠣᠷᠮ᠎ᠠ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ ᠠᠯᠠᠰᠢᠨ ᠬᠤᠨᠢᠨ ᠤ ᠡᠭᠦᠯᠳᠡᠷ ᠤᠨ ᠦᠢᠯᠡᠰ ᠢ ᠬᠦᠴᠦᠷᠬᠡᠭᠵᠢᠭᠦᠯᠵᠦ ᠪᠠᠶᠢᠭ᠎ᠠ | ᠳᠠᠪᠠᠭᠤᠯᠢᠭ ᠢᠶᠠᠨ ᠰᠥᠨᠢᠳ ᠬᠤᠨᠢ᠂ ᠦᠵᠦᠮᠦᠴᠢᠨ ᠬᠤᠨᠢ᠂ ᠬᠥᠯᠥᠨ ᠪᠤᠶᠢᠷ ᠤᠨ ᠬᠤᠨᠢᠨ ᠤ ᠤᠤᠯ ᠡᠭᠦᠯᠳᠡᠷ ᠤᠨ | ᠲᠠᠯᠠᠪᠠᠢ ᠪᠠ ᠣᠷᠣᠭᠤᠯᠵᠤ ᠢᠷᠡᠭᠰᠡᠨ ᠡᠭᠦᠯᠳᠡᠷ ᠤᠨ ᠴᠡᠪᠡᠷ ᠦᠷᠡᠵᠢᠯᠲᠡ ᠶᠢᠨ ᠲᠠᠯᠠᠪᠠᠢ ᠳᠤ ᠲᠦᠰᠢᠭᠯᠡᠨ᠂ ᠣᠷᠣᠨ | ᠨᠤᠲᠤᠭ ᠤᠨ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠤᠨ ᠥᠰᠬᠡᠬᠦ᠂ ᠣᠷᠣᠭᠤᠯᠵᠤ ᠢᠷᠡᠭᠰᠡᠨ ᠡᠭᠦᠯᠳᠡᠷ ᠤᠨ ᠤᠭ | ᠨᠤᠲᠤᠭ ᠤᠨ ᠦᠷᠡᠵᠢᠭᠦᠯᠦᠨ ᠪᠤᠶᠢᠵᠢᠭᠤᠯᠬᠤ ᠪᠠ ᠰᠢᠨ᠎ᠡ ᠡᠭᠦᠯᠳᠡᠷ ᠢ ᠪᠤᠶᠢᠵᠢᠭᠤᠯᠬᠤ᠂ ᠪᠡᠶ᠎ᠡ ᠪᠠᠨ ᠳᠠᠭᠠᠭᠠᠭᠰᠠᠨ | ᠥᠨᠳᠥᠷ ᠦᠷ᠎ᠡ ᠠᠰᠢᠭᠲᠤ ᠡᠭᠦᠯᠳᠡᠷ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠬᠤ ᠶᠢ ᠦᠷᠭᠦᠯᠵᠢᠯᠡᠨ | ᠠᠬᠢᠭᠤᠯᠤᠨ᠎ᠠ᠃ ᠭᠠᠭ᠋ᠠᠢ ᠲᠡᠵᠢᠭᠡᠬᠦ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠭᠤᠣᠯ ᠡᠭᠦᠯᠳᠡᠷ | ᠪᠤᠶᠢᠵᠢᠭᠤᠯᠬᠤ ᠲᠠᠯᠠᠪᠠᠢ ᠪᠠᠶᠢᠭᠤᠯᠵᠤ᠂ ᠥᠪᠡᠷ ᠢᠶᠠᠨ ᠡᠵᠡᠨ ᠮᠡᠳᠡᠭᠰᠡᠨ ᠡᠭᠦᠯᠳᠡᠷ ᠪᠤᠶᠢᠵᠢᠭᠤᠯᠬᠤ ᠠᠵᠢᠯ ᠢ ᠳᠠᠮᠵᠢᠨ | ᠥᠷᠨᠢᠭᠦᠯᠵᠦ᠂ ᠭᠠᠭ᠋ᠠᠢ ᠶᠢᠨ ᠡᠭᠦᠯᠳᠡᠷ ᠲᠤ ᠥᠪᠡᠷ ᠢ ᠪᠠᠨ ᠬᠠᠩᠭᠠᠬᠤ ᠶᠢ ᠦᠨᠡᠨᠬᠦ ᠪᠠᠲᠤᠯᠠᠨ᠎ᠠ᠃ ᠨᠣᠯᠤᠤᠷ ᠤᠨ | ᠢᠮᠠᠭ᠎ᠠ᠂ ᠮᠣᠩᠭᠤᠯ ᠮᠣᠷᠢ᠂ ᠮᠣᠩᠭᠤᠯ ᠦᠬᠡᠷ᠂ ᠰᠠᠨ ᠾᠧ ᠦᠬᠡᠷ᠂ ᠰᠠᠨ ᠾᠧ ᠠᠳᠤᠭᠤ᠂ ᠬᠤᠣᠰ ᠪᠦᠭᠦᠳᠤ | ᠲᠡᠮᠡᠭᠡ ᠶᠢᠨ ᠡᠭᠦᠯᠳᠡᠷ ᠢ ᠬᠠᠮᠠᠭᠠᠯᠠᠵᠤ᠂ ᠮᠠᠯ ᠵᠢᠭᠦᠷᠲᠡᠨ ᠤ ᠡᠭᠦᠯᠳᠡᠷ ᠦᠢᠯᠡᠳᠪᠦᠷᠢᠯᠡᠬᠦ ᠴᠢᠳᠠᠪᠬᠢ ᠶᠢᠨ ᠬᠡᠮᠵᠢᠨ | ᠪᠠᠶᠢᠴᠠᠭᠠᠯᠳᠠ ᠶᠢ ᠴᠢᠩᠭᠠᠳᠬᠠᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠠᠯ᠎ᠠ ᠨᠤᠲᠤᠭ ᠤᠨ ᠮᠠᠯ ᠤᠨ | ᠡᠭᠦᠯᠳᠡᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠳᠠ ᠶᠢ ᠠᠬᠢᠭᠤᠯᠤᠭᠠᠳ 2025 ᠣᠨ ᠪᠣᠯᠬᠤ ᠳᠤ ᠮᠠᠯ ᠵᠢᠭᠦᠷᠲᠡᠨ ᠤ ᠰᠠᠶᠢᠨ | ᠡᠭᠦᠯᠳᠡᠷᠵᠢᠭᠦᠯᠬᠦ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠦᠨ᠎ᠡ᠃ | ᠬᠤᠶᠠᠷ ᠲᠤ᠂ ᠮᠠᠯ ᠠᠵᠤ ᠠᠬᠤᠢ ᠶᠢᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠤᠯᠤᠰ ᠤᠨ ᠪᠣᠬᠢᠷᠲᠤᠯ | ᠦᠭᠡᠢ ᠮᠢᠬ᠎ᠠ ᠰᠦ ᠶᠢᠨ ᠠᠶᠤᠯ ᠦᠭᠡᠢ ᠶᠢ ᠪᠠᠲᠤᠯᠠᠬᠤ ᠰᠠᠭᠤᠷᠢᠨ ᠭᠠᠵᠠᠷ ᠤᠨ ᠮᠠᠯ ᠠᠵᠤ ᠠᠬᠤᠢ ᠶᠢᠨ ᠴᠢᠨᠠᠷ | ᠰᠠᠶᠢᠳᠠᠢ ᠬᠥᠭᠵᠢᠯᠲᠡ ᠶᠢ ᠪᠦᠲᠦᠭᠡᠨ ᠪᠠᠶᠢᠭᠤᠯᠬᠤ ᠪᠣᠯ ᠰᠠᠭᠤᠷᠢ ᠪᠣᠯᠤᠨ᠎ᠠ᠃ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠯᠡᠭᠡᠨ ᠤ ᠬᠤᠭᠤᠴᠠᠭᠠᠨ ᠳᠤ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠵᠤ ᠮᠠᠯ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠪᠣᠯᠤᠨ᠎ᠠ᠃ ᠰᠦᠨ ᠤ ᠠᠵᠤ ᠠᠬᠤᠢ ᠨᠢ᠄ ᠬᠠᠲᠤᠨ ᠭᠤᠣᠯ᠂ ᠨᠣᠨ | ᠮᠥᠷᠡᠨ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠪᠣᠯᠤᠨ ᠬᠥᠯᠥᠨ ᠪᠤᠶᠢᠷ᠂ ᠰᠢᠯᠢ ᠶᠢᠨ ᠭᠤᠣᠯ ᠤᠨ | ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠬᠥᠭᠵᠢᠭᠦᠯᠵᠦ᠂ ᠢᠯᠢ ᠣᠳᠣ | ᠦᠶ᠎ᠡ ᠶᠢᠨ ᠣᠶᠤᠨ ᠤᠬᠠᠭᠠᠨ᠂ ᠡᠷᠡᠭᠦᠯ ᠴᠢᠭᠢᠷᠠᠭ ᠤᠨ ᠬᠥᠨᠳᠡᠢ ᠪᠣᠯᠤᠨ ᠮᠧᠩ ᠨᠢᠦ ᠳᠤᠮᠳᠠᠳᠤ ᠤᠯᠤᠰ ᠤᠨ | ᠰᠦ ᠶᠢᠨ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠪᠦᠯᠦᠭᠯᠡᠯ ᠤᠨ ᠪᠦᠲᠦᠭᠡᠨ ᠪᠠᠶᠢᠭᠤᠯᠤᠯᠳᠠ ᠶᠢ | ᠲᠦᠷᠭᠡᠳᠬᠡᠵᠦ᠂ ᠤᠯᠠᠮᠵᠢᠯᠠᠯᠲᠤ ᠴᠠᠭᠠᠨ ᠢᠳᠡᠭᠡᠨ ᠤ ᠵᠦᠢᠯ ᠤᠨ ᠬᠥᠭᠵᠢᠯᠲᠡ ᠶᠢ 2025 ᠣᠨ ᠪᠣᠯᠬᠤ ᠳᠤ | ᠰᠦᠨ ᠤ ᠲᠥᠷᠥᠯ ᠤᠨ ᠭᠠᠷᠤᠯᠲᠠ ᠶᠢ 1000 ᠲᠦᠮᠡᠨ ᠲᠤᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠢᠨ᠎ᠠ᠃ | ᠪᠦᠬᠦ ᠤᠯᠤᠰ ᠲᠤ ᠰᠦᠨ ᠦᠢᠯᠡᠰ ᠤᠨ ᠬᠥᠭᠵᠢᠯᠲᠦ ᠶᠢ ᠡᠩ ᠲᠡᠷᠢᠭᠦᠨ ᠳᠤ ᠪᠡᠶᠡᠯᠡᠭᠦᠯᠬᠦ ᠬᠡᠷᠡᠭᠲᠡᠢ᠃ ᠮᠢᠬᠠᠨ ᠤ | ᠦᠬᠡᠷ ᠬᠤᠨᠢᠨ ᠤ ᠠᠵᠤ ᠦᠢᠯᠡᠰ ᠨᠢ ᠴᠢᠨᠠᠷ ᠰᠠᠶᠢᠳᠠᠢ ᠬᠥᠭᠵᠢᠵᠦ ᠪᠠᠷᠢᠮᠵᠢᠶᠠᠵᠢᠭᠰᠠᠨ ᠬᠡᠪᠴᠢᠶᠡᠵᠢᠯ ᠢ | ᠬᠥᠭᠵᠢᠭᠦᠯᠦᠨ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠢᠮᠠᠭ᠂ ᠬᠢᠩᠭᠠᠨ ᠠᠢᠮᠠᠭ᠂ ᠲᠦᠩᠯᠢᠶᠣᠣ ᠬᠤᠲᠠ᠂ | ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠣᠷᠳᠣᠰ ᠬᠤᠲᠠ ᠪᠠᠷ | ᠭᠤᠣᠯᠳᠠᠯᠭ᠎ᠠ ᠪᠣᠯᠭᠠᠭᠰᠠᠨ ᠮᠢᠬᠠᠨ ᠤ ᠬᠤᠨᠢᠨ ᠤ ᠠᠵᠤ ᠦᠢᠯᠡᠰ ᠤᠨ ᠪᠦᠰᠡ ᠪᠠ ᠲᠦᠩᠯᠢᠶᠣᠤ ᠬᠤᠲᠠ᠂ ᠬᠢᠩᠭᠠᠨ | ᠠᠢᠮᠠᠭ᠂ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠢᠮᠠᠭ᠂ ᠣᠷᠳᠣᠰ ᠬᠤᠲᠠ᠂ | ᠪᠠᠶᠠᠨᠨᠠᠭᠤᠷ ᠬᠤᠲᠠ᠂ ᠪᠤᠭᠤᠲᠤ ᠬᠤᠲᠠ ᠪᠠᠷ ᠭᠤᠣᠯ ᠴᠢᠬᠤᠯᠠ ᠮᠢᠬᠠᠨ ᠤ ᠦᠬᠡᠷ ᠤᠨ ᠠᠵᠤ ᠦᠢᠯᠡᠰ ᠤᠨ | ᠪᠦᠰᠡ ᠳᠤ 2025 ᠣᠨ ᠪᠣᠯᠬᠤ ᠳᠤ ᠮᠢᠬᠠᠨ ᠤ ᠬᠤᠨᠢ᠂ ᠮᠢᠬᠠᠨ ᠤ ᠦᠬᠡᠷ ᠤᠨ ᠠᠵᠤ ᠦᠢᠯᠡᠰ ᠤᠨ ᠬᠡᠯᠬᠢᠶ᠎ᠡ ᠶᠢᠨ | ᠦᠢᠯᠡᠳᠬᠦᠨ ᠤ ᠥᠷᠲᠡᠭ ᠢ ᠲᠤᠰ ᠲᠤᠰ 1000 ᠳ᠋ᠦᠩᠰᠢᠭᠤᠷ ᠲᠥᠭᠦᠷᠢᠭ᠂ 560 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠭᠡᠬᠦ ᠪᠠᠷ ᠴᠢᠷᠮᠠᠢᠨ᠎ᠠ᠃ ᠭᠠᠭ᠋ᠠᠢ ᠲᠡᠵᠢᠭᠡᠬᠦ ᠲᠣᠭᠲᠠᠭᠤᠨ ᠭᠠᠷᠤᠯᠲᠠ ᠶᠢ | ᠪᠠᠲᠤᠯᠠᠵᠤ ᠬᠠᠩᠭᠠᠯᠭ᠎ᠠ ᠶᠢ ᠪᠠᠲᠤᠯᠠᠬᠤ ᠳᠤ᠄ ᠡᠩ ᠲᠡᠷᠢᠭᠦᠨ ᠳᠤ ᠵᠡᠭᠦᠨ ᠬᠡᠰᠡᠭ ᠤᠨ ᠠᠶᠢᠮᠠᠭ ᠬᠤᠲᠠ ᠶᠢᠨ ᠡᠷᠳᠡᠨᠢ | ᠰᠢᠰᠢ ᠶᠢᠨ ᠳᠠᠪᠠᠭᠤᠯᠢᠭ ᠠᠵᠤ ᠦᠢᠯᠡᠰ ᠤᠨ ᠪᠦᠰᠡ ᠪᠣᠯᠤᠨ ᠪᠠᠷᠠᠭᠤᠨ ᠬᠡᠰᠡᠭ ᠤᠨ ᠭᠠᠵᠠᠷ ᠣᠷᠣᠨ ᠤ ᠡᠷᠳᠡᠨᠢ | ᠰᠢᠰᠢ ᠶᠢᠨ ᠠᠵᠤ ᠦᠢᠯᠡᠰ ᠤᠨ ᠪᠦᠰᠡ ᠶᠢᠨ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠬᠤᠰᠢᠭᠤ ᠰᠢᠶᠠᠩ | ᠲᠣᠭᠤᠷᠢᠭ ᠲᠤ ᠲᠣᠬᠢᠷᠠᠭᠤᠯᠤᠨ ᠲᠡᠵᠢᠭᠡᠨ ᠦᠷᠡᠵᠢᠭᠦᠯᠬᠦ ᠭᠠᠭ᠋ᠠᠢ ᠶᠢᠨ ᠦᠢᠯᠡᠳᠪᠦᠷᠢᠯᠡᠯ ᠤᠨ ᠪᠣᠬᠢᠷᠲᠤᠯ ᠦᠭᠡᠢ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠨᠣᠯᠤᠤᠷ ᠤᠨ ᠢᠮᠠᠭ᠎ᠠ᠂ ᠮᠣᠷᠢ᠂ ᠲᠡᠮᠡᠭᠡ ᠵᠡᠷᠭᠡ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠶᠢ ᠭᠦᠭᠵᠢᠭᠦᠯᠬᠦ ᠳᠤ᠄ ᠣᠷᠳᠣᠰ ᠬᠤᠲᠠ᠂ ᠪᠠᠶᠠᠨᠨᠠᠭᠤᠷ ᠬᠤᠲᠠ᠂ ᠠᠯᠠᠱᠠ ᠠᠢᠮᠠᠭ᠂ | ᠤᠯᠠᠭᠠᠨᠬᠠᠳᠠ ᠬᠤᠲᠠ ᠪᠠᠷ ᠭᠤᠣᠯᠳᠠᠯᠭ᠎ᠠ ᠪᠣᠯᠭᠠᠨ ᠨᠣᠯᠤᠤᠷ ᠤᠨ ᠠᠵᠤ ᠦᠢᠯᠡᠰ ᠢ ᠬᠥᠭᠵᠢᠭᠦᠯᠦᠨ᠎ᠡ᠃ ᠠᠯᠠᠱᠠᠨ | ᠠᠢᠮᠠᠭ᠂ ᠪᠠᠶᠠᠨᠨᠠᠭᠤᠷ ᠬᠤᠲᠠ᠂ ᠰᠢᠯᠢᠨ ᠭᠤᠣᠯ ᠠᠢᠮᠠᠭ ᠤᠳ ᠲᠡᠮᠡᠭᠡᠨ ᠤ ᠠᠵᠤ ᠦᠢᠯᠡᠳᠪᠦᠷᠢ ᠶᠢ ᠭᠤᠣᠯᠯᠠᠨ | ᠬᠥᠭᠵᠢᠭᠦᠯᠦᠨ᠎ᠡ᠃ ᠰᠢᠯᠢ ᠶᠢᠨ ᠭᠤᠣᠯ ᠠᠢᠮᠠᠭ᠂ ᠬᠥᠯᠥᠨ ᠪᠤᠶᠢᠷ ᠬᠤᠲᠠ᠂ ᠬᠢᠩᠭᠠᠨ ᠠᠢᠮᠠᠭ᠂ ᠲᠦᠩᠯᠢᠶᠣᠣ | ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ ᠠᠳᠤᠭᠤᠨ ᠤ ᠠᠵᠤ ᠦᠢᠯᠡᠰ ᠢ | ᠭᠤᠣᠯᠳᠠᠯᠭ᠎ᠠ ᠲᠠᠢ ᠬᠥᠭᠵᠢᠭᠦᠯᠬᠦ ᠶᠢᠨ ᠲᠤᠰᠠᠳᠠ᠂ ᠣᠯᠠᠨ ᠡᠰᠢᠵᠢᠭᠦᠯᠦᠨ ᠬᠥᠭᠵᠢᠭᠦᠯᠬᠦ ᠣᠨᠴᠠᠯᠢᠭᠲᠤ ᠠᠵᠤ | ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ | ᠭᠤᠷᠪᠠ ᠳᠤ᠂ ᠴᠢᠨᠠᠷ ᠰᠠᠶᠢᠳᠠᠢ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ | ᠲᠦᠷᠭᠡᠳᠬᠡᠨ᠎ᠡ᠃ ᠤᠯᠤᠰ ᠤᠨ ᠪᠣᠬᠢᠷᠲᠤᠯ ᠦᠭᠡᠢ ᠮᠢᠬ᠎ᠠ ᠰᠦ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢᠨ | ᠭᠠᠵᠠᠷ ᠤᠨ ᠴᠢᠨᠠᠷ ᠰᠠᠶᠢᠳᠠᠢ ᠲᠡᠵᠢᠭᠡᠯ ᠡᠪᠡᠰᠦ ᠶᠢ ᠪᠠᠶᠢᠭᠤᠯᠬᠤ ᠪᠣᠯ ᠲᠤᠯᠭᠠᠭᠤᠷᠢᠯᠠᠬᠤ ᠬᠦᠴᠦᠨ ᠮᠥᠨ᠃ ︽ | ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠯᠡᠭᠡ ᠶᠢᠨ ᠬᠤᠭᠤᠴᠠᠭᠠᠨ ᠳᠤ ᠪᠢᠳᠡ ᠳᠤᠮᠳᠠ ᠪᠠᠷᠠᠭᠤᠨ ᠪᠦᠰᠡ | ᠨᠤᠲᠤᠭ ᠤᠨ ᠬᠠᠲᠤᠨ ᠭᠤᠣᠯ ᠤᠨ ᠰᠠᠪᠠ ᠭᠠᠵᠠᠷ᠂ ᠵᠡᠭᠦᠨ ᠬᠡᠰᠡᠭ ᠤᠨ ᠪᠠᠷᠠᠭᠤᠨ ᠯᠢᠶᠣᠣ ᠾᠧ ᠭᠤᠣᠯ ᠤᠨ ᠨᠣᠨ | ᠮᠥᠷᠡᠨ ᠤ ᠰᠠᠪᠠ ᠭᠠᠵᠠᠷ ᠪᠣᠯᠤᠨ ᠤᠮᠠᠷᠠᠲᠤ ᠶᠢᠨ ᠬᠥᠳᠡᠭᠡ ᠠᠵᠤ ᠠᠬᠤᠢ ᠰᠣᠯᠪᠢᠴᠠᠭᠰᠠᠨ ᠪᠦᠰᠡ᠂ ᠤᠮᠠᠷᠠᠲᠤ | ᠬᠡᠰᠡᠭ ᠤᠨ ᠮᠠᠯᠵᠢᠬᠤ ᠨᠤᠲᠤᠭ ᠤᠨ ᠬᠠᠬᠢᠷ ᠬᠦᠢᠲᠡᠨ ᠪᠦᠰᠡ ᠨᠤᠲᠤᠭ ᠢᠶᠠᠷ ᠭᠤᠣᠯ ᠪᠣᠯᠭᠠᠭᠰᠠᠨ ᠴᠢᠨᠠᠷ ᠰᠠᠶᠢᠳᠠᠢ | ᠲᠡᠵᠢᠭᠡᠯ ᠡᠪᠡᠰᠦᠨ ᠤ ᠠᠵᠤ ᠦᠢᠯᠡᠳᠪᠦᠷᠢ ᠶᠢᠨ ᠬᠡᠰᠡᠭ ᠪᠣᠯᠤᠨ᠎ᠠ᠃ ᠬᠠᠳᠤᠯᠠᠩ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠳᠠᠢ ᠲᠡᠵᠢᠭᠡᠯ ᠡᠪᠡᠰᠦᠨ ᠤ ᠰᠠᠭᠤᠷᠢᠨ ᠭᠠᠵᠠᠷ᠂ ᠲᠡᠵᠢᠭᠡᠯ | ᠡᠪᠡᠰᠦᠨ ᠤ ᠦᠷ᠎ᠡ ᠶᠢᠨ ᠰᠠᠭᠤᠷᠢᠨ ᠭᠠᠵᠠᠷ ᠵᠢᠴᠢ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ᠎ᠡ᠃ ᠳᠤᠮᠳᠠᠳᠤ ᠠᠷᠭᠧᠨ᠋ᠲ᠋ᠢᠨ ᠤ ︽ᠨᠢᠭᠡ ᠪᠦᠰᠡ ᠨᠢᠭᠡ ᠵᠠᠮ | ︾ ᠤᠨ ᠡᠪᠡᠰᠦ ᠪᠡᠯᠴᠢᠭᠡᠷ ᠨᠢᠭᠡ ᠴᠣᠭᠴᠠᠵᠢᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ | ᠲᠥᠷᠥᠯ ᠵᠦᠢᠯ ᠪᠠ ᠠᠷᠤ ᠬᠤᠷᠴᠢᠨ ᠤ ︽ᠳᠤᠮᠳᠠᠳᠤ ᠤᠯᠤᠰ ᠤᠨ ᠡᠪᠡᠰᠦᠨ ᠲᠥᠪ︾ ᠤᠨ ᠵᠠᠭᠤᠨ ᠲᠦᠮᠡᠨ ᠮᠦ | ᠴᠢᠨᠠᠷ ᠰᠠᠶᠢᠳᠠᠢ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ | ᠠᠬᠢᠭᠤᠯᠤᠨ᠎ᠠ᠃ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠤᠷᠰᠢᠯᠲᠠ ᠶᠢ ᠬᠡᠷᠡᠭᠵᠢᠭᠦᠯᠵᠦ᠂ | ᠬᠥᠮᠦᠨ ᠤ ᠬᠦᠴᠦ ᠪᠠᠷ ᠡᠪᠡᠰᠦ ᠲᠠᠷᠢᠬᠤ᠂ ᠬᠠᠳᠤᠯᠠᠩ ᠪᠡᠯᠴᠢᠭᠡᠷ ᠢ ᠡᠭᠡᠯᠵᠢᠯᠡᠨ ᠲᠠᠷᠢᠬᠤ᠂ ᠮᠠᠯ ᠪᠡᠯᠴᠢᠭᠡᠷ ᠢ ᠢᠵᠢ | ᠪᠦᠷᠢᠳᠦᠭᠦᠯᠬᠦ ᠵᠡᠷᠭᠡ ᠬᠡᠷᠡᠭᠯᠡᠭᠡᠨ ᠤ ᠮᠡᠷᠭᠡᠵᠢᠯ ᠪᠠ ᠮᠠᠰᠢᠨ ᠲᠣᠨᠣᠭᠯᠠᠯ ᠢ ᠳᠡᠯᠭᠡᠷᠡᠭᠦᠯᠵᠦ᠂ ᠠᠮᠢ ᠠᠬᠤᠢ ᠶᠢᠨ ᠭᠡᠷ | ᠪᠦᠯᠢ ᠶᠢᠨ ᠮᠠᠯᠵᠢᠯ ᠤᠨ ᠲᠠᠯᠠᠪᠠᠢ ᠪᠣᠯᠤᠨ ᠮᠠᠯᠴᠢᠳ ᠤᠨ ᠬᠤᠷᠰᠢᠶᠠᠵᠢᠯ ᠢ ᠬᠥᠭᠵᠢᠭᠦᠯᠦᠨ᠎ᠡ᠃ 2025 ᠣᠨ | ᠪᠣᠯᠬᠤ ᠳᠤ ᠲᠡᠵᠢᠭᠡᠯ ᠡᠪᠡᠰᠦᠨ ᠤ ᠥᠷᠲᠡᠭ ᠨᠢ 770 ᠳ᠋ᠦᠩᠰᠢᠭᠤᠷ ᠲᠦᠭᠦᠷᠢᠭ ᠠᠴᠠ ᠳᠠᠪᠠᠭᠤᠯᠵᠤ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠬᠥᠭᠵᠢᠯᠲᠡ ᠳᠤ ᠬᠤᠣᠰ ᠠᠮᠵᠢᠯᠲᠠ | ᠣᠯᠬᠤ ᠪᠠᠷ ᠴᠢᠷᠮᠠᠢᠨ᠎ᠠ᠃ | ᠵᠦᠩ ᠬᠤᠩ ᠰᠦᠯᠵᠢᠶᠡᠨ ᠤ ᠰᠤᠷᠪᠤᠯᠵᠢᠯᠠᠭᠴᠢ᠄ ᠡᠨᠧᠷᠭᠢ ᠪᠣᠯ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠪᠠ | ᠲᠤᠯᠭᠠᠭᠤᠷᠢ ᠠᠵᠤ ᠦᠢᠯᠡᠰ ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠥᠲᠥᠯᠪᠦᠷᠢ︾ ᠨᠢ ᠴᠢᠨᠠᠷ ᠰᠠᠶᠢᠲᠠᠢ ︽ᠬᠤᠶᠠᠷ ᠰᠠᠭᠤᠷᠢᠨ ᠭᠠᠵᠠᠷ︾ ᠢ ᠪᠦᠲᠦᠭᠡᠨ | ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ ᠭᠡᠵᠦ ᠲᠣᠳᠣᠷᠬᠠᠢ ᠳᠤᠷᠠᠳᠴᠠᠢ᠃ ᠠᠰᠠᠭᠤᠬᠤ ᠨᠢ | ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ | ᠤᠷᠤᠨ ᠡᠨᠧᠷᠭᠢ ᠶᠢᠨ ᠰᠠᠭᠤᠷᠢᠨ ᠭᠠᠵᠠᠷ ᠤᠨ ᠰᠢᠯᠢᠳᠡᠭᠵᠢᠭᠦᠯᠦᠯᠲᠡ ᠶᠢᠨ ᠲᠣᠬᠢᠷᠠᠭᠤᠯᠤᠯᠲᠠ ᠳᠤ ᠶᠠᠮᠠᠷᠬᠠᠨ | ᠪᠤᠲᠤᠯ ᠲᠠᠢ ᠪᠠᠶᠢᠨ᠎ᠠ ᠪᠤᠢ︖ ᠶᠠᠮᠠᠷᠬᠠᠨ ᠰᠢᠭ᠋ ᠪᠣᠳᠠᠲᠤ ᠠᠷᠭ᠎ᠠ ᠪᠠᠶᠢᠬᠤ ᠪᠤᠢ︖ | ᠴᠧᠨ ᠵᠧᠩ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠢᠯ ᠨᠢ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ | ᠰᠠᠶᠢᠳᠤᠷ ᠬᠢᠬᠦ ᠲᠣᠭᠤᠷᠢᠨ ᠳᠤ ᠨᠢᠭᠲᠠ ᠤᠶᠠᠯᠳᠤᠵᠤ᠂ ᠤᠯᠤᠰ ᠤᠨ ᠣᠳᠣ ᠦᠶ᠎ᠡ ᠵᠢᠨᠡᠨᠧᠷᠭᠢ ᠶᠢᠨ ᠠᠵᠤ | ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠪᠠᠷ ᠶᠡᠷᠦᠩᠬᠡᠢ ᠬᠠᠷᠠᠯᠲᠠ ᠪᠤᠯᠭᠠᠵᠤ᠂ᠡᠨᠧᠷᠭᠢ | ᠪᠠ ᠪᠠᠶᠢᠯᠳᠤᠬᠤ ᠪᠣᠳᠣᠯᠭ᠎ᠠ ᠶᠢᠨ ᠡᠯᠳᠡᠪ ᠬᠤᠶᠠᠷ ᠢᠶᠠᠷ ᠪᠠᠶᠠᠯᠢᠭ ᠤᠨ ᠰᠠᠭᠤᠷᠢᠨ ᠭᠠᠵᠠᠷ ᠢ ᠰᠢᠯᠢᠳᠡᠭᠵᠢᠭᠦᠯᠦᠨ ᠳᠡᠰ | ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ᠶᠡᠷᠦᠩᠬᠡᠢ ᠵᠣᠬᠢᠴᠠᠭᠤᠯᠤᠯᠲᠠ ᠪᠣᠯᠤᠨ ᠪᠣᠳᠣᠯᠭ᠎ᠠ ᠶᠢᠨ ᠣᠶᠢᠯᠠᠭᠠᠯᠲᠠ ᠭᠡᠪᠡᠯ᠄ ᠨᠢᠭᠡ ᠳᠤ᠂ ᠰᠢᠰᠲ᠋ᠧᠮ ᠤᠨ | ᠣᠶᠢᠯᠠᠭᠠᠯᠲᠠ᠂ ᠨᠡᠭᠦᠷᠡᠰᠦ᠂ ᠴᠠᠬᠢᠯᠭᠠᠨ᠂ ᠭᠠᠵᠠᠷ ᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠶᠢ | ᠵᠡᠷᠭᠡ ᠪᠠᠷ ᠠᠩᠬᠠᠷᠴᠤ᠂ ᠨᠡᠭᠦᠷᠡᠰᠦᠨ ᠤ ᠦᠢᠯᠡᠳᠪᠦᠷᠢᠯᠡᠯ ᠬᠠᠩᠭᠠᠯᠭ᠎ᠠ ᠶᠢ ᠲᠣᠭᠲᠠᠪᠤᠷᠢᠲᠠᠢ ᠪᠣᠯᠭᠠᠵᠤ᠂ ᠭᠠᠵᠠᠷ ᠤᠨ | ᠲᠣᠰᠣ᠂ ᠡᠷᠴᠢᠮ ᠬᠦᠴᠦᠨ ᠤ ᠴᠣᠭᠴᠠᠯᠠᠪᠤᠷᠢ ᠦᠢᠯᠡᠳᠪᠦᠷᠢᠯᠡᠯ ᠤᠨ ᠬᠦᠴᠦᠨ ᠴᠢᠳᠠᠯ ᠢ 8.2 ᠳ᠋ᠦᠩᠰᠢᠭᠤᠷ ᠲᠤᠨ | ᠪᠠᠷᠢᠮᠵᠢᠶᠠᠵᠢᠭᠰᠠᠨ ᠨᠡᠭᠦᠷᠡᠰᠦᠨ ᠳᠤ ᠬᠦᠷᠭᠡᠬᠦ ᠶᠢ ᠪᠦᠬᠦ ᠬᠦᠴᠦᠨ ᠢᠶᠠᠷ ᠪᠠᠲᠤᠯᠠᠪᠠ᠃ ᠬᠤᠶᠠᠷ ᠲᠤ᠂ ᠠᠮᠢ | ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠨᠳᠦᠰᠦᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠵᠤ᠂ ᠡᠨᠧᠷᠭᠢ ᠶᠢᠨ ᠦᠢᠯᠡᠳᠪᠦᠷᠢᠯᠡᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠢᠨ᠎ᠡ ᠪᠠᠷ ᠪᠠᠶᠢᠭᠤᠯᠬᠤ ᠨᠡᠭᠦᠷᠡᠰᠦᠨ ᠠᠭᠤᠷᠬᠠᠢ ᠨᠢ ᠭᠤᠣᠯᠳᠠᠭᠤ | ᠣᠷᠳᠣᠰ ᠲᠤ ᠪᠠᠶᠢᠷᠢᠯᠠᠵᠤ᠂ ᠭᠡᠷᠡᠯ ᠢᠶᠠᠷ ᠴᠠᠬᠢᠯᠭᠠᠨ ᠭᠠᠷᠭᠠᠬᠤ ᠭᠤᠣᠯᠳᠠᠯᠭ᠎ᠠ ᠪᠠᠨ ᠡᠯᠡᠰᠦᠨ ᠴᠦᠯ᠂ ᠨᠡᠭᠦᠷᠡᠰᠦ | ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠲᠣᠭᠤᠷᠢᠭ᠂ ᠵᠠᠳᠠᠭᠠᠢ ᠨᠡᠭᠦᠷᠡᠰᠦᠨ ᠠᠭᠤᠷᠬᠠᠢ ᠶᠢᠨ ᠰᠢᠷᠣᠢ | ᠭᠠᠳᠠᠭᠰᠢᠯᠠᠭᠤᠯᠬᠤ ᠲᠠᠯᠠᠪᠠᠢ ᠶᠢᠨ ᠪᠠᠶᠢᠷᠢᠰᠢᠭᠤᠯᠤᠯᠲᠠ᠂ ᠭᠡᠷᠡᠯ ᠢᠶᠠᠷ ᠴᠠᠬᠢᠯᠭᠠᠨ ᠭᠠᠷᠭᠠᠬᠤ ᠠᠮᠢ ᠠᠬᠤᠢ ᠶᠢ ᠵᠠᠰᠠᠬᠤ | ᠪᠦᠲᠦᠭᠡᠨ ᠪᠠᠢᠭᠤᠯᠤᠯᠲᠠ ᠶᠢᠨ ᠰᠠᠯᠬᠢᠨ ᠬᠦᠴᠦᠨ ᠤ ᠭᠤᠣᠯᠳᠠᠯᠭ᠎ᠠ ᠶᠢ ᠣᠷᠳᠣᠰ ᠳᠠᠰᠢ ᠬᠡᠯᠪᠡᠶᠢᠯᠭᠡᠨ᠎ᠡ᠃ ᠭᠡᠷᠡᠯ | ᠴᠠᠬᠢᠯᠭᠠᠨ ᠤ ᠠᠮᠢ ᠠᠬᠤᠢ ᠶᠢ ᠵᠠᠰᠠᠵᠤ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ ᠰᠠᠯᠬᠢᠨ ᠬᠦᠴᠦᠨ ᠤ | ᠴᠠᠬᠢᠯᠭᠠᠨ ᠢ ᠣᠷᠳᠣᠰ᠂ ᠤᠯᠠᠭᠠᠨᠴᠠᠪ᠂ ᠪᠤᠭᠤᠲᠤ᠂ ᠪᠠᠶᠠᠨᠨᠠᠭᠤᠷ᠂ ᠠᠯᠠᠱᠠ ᠵᠡᠷᠭᠡ ᠭᠠᠵᠠᠷ ᠳᠠᠰᠢ ᠭᠤᠣᠯᠳᠠᠯᠭ᠎ᠠ ᠲᠠᠢ | ᠬᠡᠯᠪᠡᠶᠢᠯᠭᠡᠬᠦ ᠶᠢᠨ ᠬᠠᠮᠲᠤ ᠡᠬᠢ ᠪᠠᠶᠠᠯᠢᠭ ᠤᠨ ᠨᠥᠬᠦᠴᠡᠯ ᠢᠶᠠᠷ ᠨᠡᠯᠢᠶᠡᠳ ᠰᠠᠶᠢᠨᠬᠢᠯᠢ ᠳᠠᠭᠠᠤ ᠶᠢᠨ ᠭᠠᠵᠠᠷ | ᠣᠷᠣᠨ ᠳᠤ ᠶᠡᠭᠡ ᠬᠡᠰᠡᠭ ᠢᠶᠠᠷ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠭᠤᠷᠪᠠ ᠳᠤ᠂ ᠨᠡᠭᠦᠷᠡᠰᠦᠨ ᠤ ᠬᠤᠷᠣᠭᠳᠠᠯ ᠢ ᠪᠠᠭᠠᠰᠬᠠᠬᠤ ᠶᠢ ᠬᠠᠲᠠᠭᠤ ᠬᠢᠵᠠᠭᠠᠷᠯᠠᠵᠤ᠂ ᠨᠡᠭᠦᠷᠡᠰᠦᠨ ᠤ ᠬᠡᠷᠡᠭᠯᠡᠭᠡᠨ ᠤ | ᠨᠡᠮᠡᠭᠳᠡᠯ ᠢ ᠡᠷᠡᠰ ᠬᠢᠵᠠᠭᠠᠷᠯᠠᠵᠤ᠂ ︽13 · 5︾ ᠤ ᠲᠥᠯᠥᠪᠵᠢᠭᠦᠯᠭᠡ ᠶᠢᠨ ᠳ᠋ᠦᠩᠨᠡᠨ ᠰᠢᠯᠵᠢᠭᠦᠯᠬᠦ ᠵᠢᠴᠢ | ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ᠂ ᠠᠮᠤᠷ ᠲᠦᠪᠰᠢᠨ ᠢ ᠪᠠᠲᠤᠯᠠᠬᠤ ᠨᠡᠭᠦᠷᠡᠰᠦ ᠴᠠᠬᠢᠯᠭᠠᠨ ᠠᠴᠠ | ᠪᠤᠰᠤᠳ ᠲᠠᠯ᠎ᠠ ᠪᠠᠷ ᠰᠢᠨ᠎ᠡ ᠪᠠᠷ ᠭᠠᠷᠭᠠᠬᠤ ᠨᠡᠭᠦᠷᠡᠰᠦ ᠴᠠᠬᠢᠯᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠰᠢᠨ᠎ᠡ | ᠡᠨᠧᠷᠭᠢ ᠪᠠᠷ ᠪᠦᠬᠦ ᠣᠷᠣᠨ ᠤ ᠰᠢᠨ᠎ᠡ ᠪᠠᠷ ᠨᠡᠮᠡᠭᠳᠡᠭᠦᠯᠬᠦ ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠲᠠᠷᠠᠬᠠᠢ | ᠨᠡᠭᠦᠷᠡᠰᠦ ᠶᠢ ᠠᠷᠢᠭᠤᠨ ᠴᠡᠪᠡᠷ ᠪᠠᠶᠢᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽14 · 5︾ ᠤ | ᠲᠥᠯᠥᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠢ 10 ᠵᠠᠭᠤᠨ ᠤ | ᠴᠡᠭ ᠢᠶᠠᠷ ᠪᠠᠭᠤᠷᠠᠭᠤᠯᠵᠤ᠂ ᠴᠠᠬᠢᠯᠭᠠᠨ ᠬᠦᠴᠦᠨ ᠤ ᠠᠵᠢᠯ ᠲᠥᠷᠥᠯ ᠤᠨ ᠨᠡᠭᠦᠷᠡᠰᠦᠳᠦᠷᠦᠭᠴᠢ ᠶᠢᠨ ᠣᠷᠭᠢᠯ ᠳᠤ | ᠬᠦᠷᠦᠭᠦᠯᠬᠦ ᠶᠢ ᠤᠷᠢᠳᠠᠪᠡᠷ ᠪᠡᠶᠡᠯᠡᠭᠦᠯᠬᠦ ᠶᠢ ᠠᠬᠢᠭᠤᠯᠤᠨ᠎ᠠ᠃ ᠳᠥᠷᠪᠡ ᠳᠤ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠰᠤᠳᠤᠯᠤᠨ ᠨᠡᠭᠡᠭᠡᠯᠲᠡ ᠬᠢᠬᠦ | ᠪᠡᠯᠡ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠶᠠᠪᠤᠭᠳᠠᠭᠤᠯᠤᠶᠠ᠃ ᠰᠢᠨ᠎ᠡ ᠶᠢ ᠡᠭᠦᠳᠬᠦ | ᠬᠡᠯᠬᠢᠶᠡᠵᠢᠯ ᠬᠢᠭᠡᠳ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ 2025 ᠣᠨ | ᠪᠣᠯᠲᠠᠯ᠎ᠠ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠣᠷᠣᠭᠤᠯᠤᠯᠲᠠ ᠶᠢ ᠳᠠᠬᠢᠨ ᠨᠡᠮᠡᠭᠳᠡᠭᠦᠯᠵᠦ᠂ ᠤᠰᠤᠲᠥᠷᠥᠭᠴᠢ | ᠡᠨᠧᠷᠭᠢ ᠶᠢ ᠨᠡᠮᠡᠭᠳᠡᠭᠦᠯᠬᠦ᠂ ᠶᠡᠭᠡ ᠬᠡᠪᠴᠢᠶ᠎ᠡ ᠪᠠᠷ ᠬᠠᠳᠠᠭᠠᠯᠠᠬᠤ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ | ᠬᠠᠳᠠᠭᠠᠯᠠᠬᠤ ᠵᠡᠷᠭᠡ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠯᠲᠡ ᠶᠢᠨ ᠨᠣᠷᠮ᠎ᠠ ᠶᠢ ᠤᠷᠢᠳᠠᠪᠡᠷ | ᠰᠢᠪᠲᠤᠯᠤᠨ᠎ᠠ᠃ ᠲᠠᠪᠤ ᠳᠤ᠂ ᠠᠷᠠᠳ ᠲᠦᠮᠡᠨ ᠬᠠᠮᠤᠭ ᠳᠡᠭᠡᠳᠦ ᠬᠡᠮᠵᠢᠶᠡᠨ ᠤ ᠠᠰᠢᠭ ᠬᠦᠷᠲᠡᠭᠡᠬᠦ ᠡᠨᠧᠷᠭᠢ ᠶᠢᠨ | ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠶᠢ ᠪᠠᠷᠢᠮᠲᠠᠯᠠᠨ ᠬᠤᠲᠠ ᠬᠥᠳᠡᠭᠡ ᠶᠢᠨ ᠡᠨᠧᠷᠭᠢ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠠᠵᠢᠯ ᠢ ᠲᠦᠯᠬᠢᠨ ᠠᠬᠢᠭᠤᠯᠵᠤ᠂ ᠡᠨᠧᠷᠭᠢ ᠨᠡᠭᠡᠭᠡᠨ ᠠᠰᠢᠭᠯᠠᠵᠤ | ᠠᠰᠢᠭ ᠣᠯᠵᠠᠪᠤᠷᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ 2025 ᠣᠨ ᠪᠣᠯᠬᠤ ᠳᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠥᠮᠦᠨ ᠪᠦᠷᠢ ᠶᠢᠨ ᠳᠤᠮᠳᠠᠴᠢ ᠴᠠᠬᠢᠯᠭᠠᠨ ᠬᠡᠷᠡᠭᠯᠡᠬᠦ | ᠬᠡᠮᠵᠢᠶ᠎ᠡ ᠶᠢ 900 ᠺᠢᠯᠣᠸᠠᠲ ᠴᠠᠭ ᠠᠴᠠ ᠳᠡᠭᠡᠭᠰᠢ ᠬᠡᠮᠵᠢᠶᠡᠨ ᠳᠤ ᠬᠦᠷᠭᠡᠨ᠎ᠡ᠃ ᠬᠡᠢ ᠬᠡᠷᠡᠭᠯᠡᠬᠦ ᠬᠥᠮᠦᠨ ᠠᠮᠠ ᠨᠢ | 800 ᠲᠦᠮᠡ ᠶᠢ ᠳᠠᠪᠠᠨ᠎ᠠ᠃ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠨᠢ ︽ᠳᠥᠷᠪᠡᠨ ᠲᠣᠮᠣ ᠠᠵᠤ ᠦᠢᠯᠡᠳᠪᠦᠷᠢ︾ | ᠂ ︽ᠠᠷᠪᠠᠨ ᠲᠣᠮᠣ ᠲᠥᠰᠦᠯ︾ ᠢᠶᠠᠷ ᠭᠤᠣᠯ ᠪᠣᠯᠭᠠᠨ ᠨᠠᠷᠢᠨ ᠪᠦᠬᠦ ᠲᠥᠷᠥᠯ ᠤᠨ ᠵᠣᠷᠢᠯᠲᠠ ᠡᠭᠦᠷᠭᠡ ᠪᠠᠨ | ᠪᠡᠶᠡᠯᠡᠭᠦᠯᠦᠨ᠎ᠡ᠃ ᠳᠥᠷᠪᠡᠨ ᠲᠣᠮᠣ ᠠᠵᠤ ᠦᠢᠯᠡᠳᠪᠦᠷᠢ ᠨᠢ ᠡᠷᠴᠢᠮ ᠬᠦᠴᠦᠨ ᠤ ᠪᠠᠭᠠᠵᠢ ᠶᠢᠨ ᠪᠦᠲᠦᠭᠡᠨ | ᠪᠠᠢᠭᠤᠯᠤᠯᠲᠠ ᠳᠤ ᠲᠦᠰᠢᠭᠯᠡᠵᠦ᠂ ᠡᠬᠢ ᠪᠠᠶᠠᠯᠢᠭ ᠪᠣᠯᠤᠨ ᠵᠠᠬ᠎ᠠ ᠵᠡᠭᠡᠯᠢ ᠪᠠᠷ ᠠᠵᠤ ᠦᠢᠯᠡᠳᠪᠦᠷᠢ ᠶᠢ ᠰᠢᠨ᠎ᠡ ᠡᠷᠴᠢᠮ | ᠬᠦᠴᠦᠨ ᠤ ᠠᠵᠤ ᠦᠢᠯᠡᠳᠪᠦᠷᠢ ᠶᠢᠨ ᠵᠠᠩᠭᠢᠯᠠᠭ᠎ᠠ ᠲᠣᠨᠤᠭ ᠲᠥᠬᠦᠭᠡᠷᠦᠮᠵᠢ ᠪᠣᠯᠤᠨ ᠲᠡᠭᠦᠨ ᠤ ᠰᠡᠯᠪᠢᠭ ᠲᠣᠨᠤᠭ | ᠦᠢᠯᠡᠳᠪᠦᠷᠢᠯᠡᠯ ᠥᠷᠨᠢᠭᠦᠯᠬᠦ ᠳᠤ ᠲᠦᠰᠢᠭᠯᠡᠵᠦ᠂ ᠰᠠᠯᠬᠢᠨ ᠤ ᠡᠷᠴᠢᠮ ᠬᠦᠴᠦ᠂ ᠨᠠᠷᠠᠨ ᠤ ᠡᠷᠴᠢᠮ ᠬᠦᠴᠦ᠂ | ᠤᠰᠤᠳᠦ᠋ᠷᠦᠭᠴᠢ ᠶᠢᠨ ᠡᠷᠴᠢᠮ ᠬᠦᠴᠦ᠂ ᠨᠥᠭᠡᠴᠡ ᠡᠷᠴᠢᠮ ᠬᠦᠴᠦ ᠵᠡᠷᠭᠡ 4 ᠲᠣᠮᠣ ᠰᠢᠨ᠎ᠡ ᠬᠡᠯᠪᠡᠷᠢ ᠶᠢᠨ ᠡᠷᠴᠢᠮ | ᠬᠦᠴᠦᠨ ᠤ ᠠᠵᠤ ᠦᠢᠯᠡᠳᠪᠦᠷᠢ ᠶᠢ ᠠᠩᠬ᠎ᠠ ᠠᠯᠬᠤᠮ ᠲᠥᠯᠥᠪᠯᠡᠵᠦ ᠪᠠᠢᠭ᠎ᠠ ︽ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ 30 ᠭᠠᠷᠤᠢ ᠲᠥᠰᠦᠯ ᠬᠡᠷᠡᠭᠵᠢᠭᠦᠯᠵᠦ᠂ ᠣᠶᠢᠷᠠᠯᠴᠠᠭ᠎ᠠ ᠪᠠᠷ | 1000 ᠲᠦᠮᠡᠨ ᠲᠥᠭᠦᠷᠢᠭ ᠤᠨ ᠬᠥᠷᠥᠩᠭᠡ ᠣᠷᠣᠭᠤᠯᠤᠯᠲᠠ ᠬᠢᠭᠰᠡᠨ ᠪᠠᠢᠨ᠎ᠠ᠃ ︽ᠠᠷᠪᠠᠨ ᠲᠣᠮᠣ ᠢᠨᠵᠧᠨᠧᠷᠢᠩ | ︾ ᠨᠢ ᠰᠢᠨ᠎ᠡ ᠡᠷᠴᠢᠮ ᠬᠦᠴᠦ ᠶᠢ ᠳᠠᠬᠢᠨ ᠢᠶᠠᠷ ᠨᠡᠮᠡᠭᠳᠡᠭᠦᠯᠬᠦ᠂ ᠴᠠᠬᠢᠯᠭᠠᠨ ᠰᠦᠯᠵᠢᠶ᠎ᠡ ᠶᠢ ᠬᠡᠷᠡᠭᠵᠢᠭᠦᠯᠬᠦ᠂ | ᠨᠡᠭᠦᠷᠡᠰᠦ ᠶᠢ ᠪᠠᠭᠠᠰᠬᠠᠨ ᠪᠣᠬᠢᠷᠳᠠᠯ ᠢ ᠪᠠᠭᠠᠰᠬᠠᠬᠤ᠂ ᠰᠦᠯᠵᠢᠶᠡᠨ ᠳᠤ ᠵᠠᠯᠭᠠᠵᠤ ᠬᠠᠳᠠᠭᠠᠯᠠᠬᠤ᠂ ᠳᠠᠬᠢᠨ | ᠴᠠᠬᠢᠯᠭᠠᠨᠵᠢᠭᠤᠯᠬᠤ᠂ ᠨᠣᠭᠤᠭᠠᠨ ᠤᠰᠤᠲᠥᠷᠥᠭᠴᠢ ᠂ ᠲᠣᠭᠠᠲᠤ ᠡᠨᠧᠷᠭᠢ᠂ ᠢᠷᠭᠡᠳ ᠲᠤ ᠠᠰᠢᠭ ᠬᠦᠷᠲᠡᠭᠡᠵᠦ | ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠡᠷᠴᠢᠮ ᠬᠦᠴᠦ ᠣᠯᠭᠤᠬᠤ᠂ ᠪᠦᠰᠡ ᠨᠤᠲᠤᠭ | ᠵᠡᠷᠭᠡ ᠠᠷᠪᠠᠨ ᠢᠨᠵᠧᠨᠧᠷᠢᠩ ᠪᠠᠶᠢᠵᠤ᠂ ᠠᠩᠬ᠎ᠠ ᠠᠯᠬᠤᠮ ᠤᠨ ᠲᠥᠯᠥᠪᠯᠡᠯᠭᠡᠨ ᠳᠤ ᠪᠠᠨ ︽ᠠᠷᠪᠠᠨ ᠳᠥᠷᠪᠡᠳᠦᠭᠡᠷ | ᠲᠠᠪᠤᠨ︾ ᠵᠢᠯ ᠤᠨ ᠲᠥᠯᠥᠪᠯᠡᠭᠡ ᠶᠢᠨ ᠬᠤᠭᠤᠴᠠᠭᠠᠨ ᠳᠤ 400 ᠠᠵᠢᠯ ᠲᠥᠷᠥᠯ ᠳᠤ ᠲᠦᠮᠡᠨ ᠳ᠋ᠦᠩᠰᠢᠭᠤᠷ | ᠲᠥᠭᠦᠷᠢᠭ ᠢ ᠪᠠᠯᠡ ᠣᠷᠣᠭᠤᠯᠬᠤ ᠪᠠᠷ ᠪᠠᠶᠢᠨ᠎ᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠡ ᠪᠣᠯ ᠮᠠᠨ ᠤ | ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠷᠢᠶ᠎ᠡ ᠮᠥᠨ᠂ ᠥᠪᠡᠷᠲᠡᠭᠡᠨ ᠵᠠᠰᠠᠬᠤ | ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠨᠠᠢᠳᠠᠪᠤᠷᠢᠵᠢᠭᠤᠯᠬᠤ ᠲᠠᠢ ᠤᠶᠠᠯᠳᠤᠭᠤᠯᠤᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠶᠠᠮᠠᠷ ᠪᠠᠶᠢᠷᠢᠯᠭᠤᠯᠤᠯᠳᠠ ᠪᠠᠶᠢᠬᠤ ᠪᠣᠢ︖ | ᠵᠣᠣ ᠶᠦᠨ ᠹᠧᠩ᠄ ᠰᠤᠷᠪᠤᠯᠵᠢᠯᠠᠭᠴᠢ ᠶᠢᠨ ᠠᠰᠠᠭᠤᠯᠲᠠ ᠳᠤ ᠮᠠᠰᠢ ᠲᠠᠯᠠᠷᠬᠠᠵᠤ ᠪᠠᠶᠢᠨ᠎ᠠ᠂ ᠳᠣᠣᠷᠠᠬᠢ | ᠠᠰᠠᠭᠤᠯᠲᠠ ᠶᠢ ᠪᠢ ᠲᠠᠶᠢᠯᠪᠤᠷᠢᠯᠠᠵᠤ ᠥᠭᠭᠦᠶ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠠᠩᠬᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ ᠠᠰᠢᠭᠲᠠᠢ ᠪᠠᠢᠳᠠᠯ ᠢ ᠠᠰᠢᠭᠯᠠᠨ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ | ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ | ᠪᠣᠯᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠶᠡᠷᠦᠩᠬᠡᠢ ᠰᠡᠳᠬᠢᠴᠡ ᠪᠣᠯ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠡᠷᠡᠰ ᠲᠤᠭᠤᠰᠢᠯᠠᠭᠤᠯᠤᠨ | ᠨᠠᠢᠳᠠᠪᠤᠷᠢᠵᠢᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠦᠯᠲᠡ︾ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠬᠥᠭᠵᠢᠯᠲᠡ ᠶᠢᠨ ᠬᠦᠴᠦᠯᠡᠬᠦ ᠴᠢᠭ ᠢ ᠪᠣᠳᠠᠲᠤ ᠴᠣᠭᠴᠠ ᠶᠢᠨ ᠠᠵᠤ ᠠᠬᠤᠢ ᠶᠢᠨ ᠲᠠᠯ᠎ᠠ ᠳᠤ ᠲᠠᠯᠪᠢᠵᠤ ᠰᠠᠭᠤᠷᠢ | ᠠᠵᠤ ᠦᠢᠯᠡᠰ ᠢ ᠤᠷᠲᠤᠳᠬᠠᠨ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ | ᠣᠨᠴᠠᠯᠢᠭᠲᠤ ᠠᠵᠤ ᠦᠢᠯᠡᠰ ᠤᠨ ᠨᠡᠮᠡᠭᠳᠡᠯ ᠤᠨ ᠬᠥᠳᠡᠯᠭᠡᠭᠴᠢ ᠡᠨᠧᠷᠭᠢ ᠶᠢ ᠲᠦᠷᠭᠡᠳᠬᠡᠨ ᠬᠥᠭᠵᠢᠭᠦᠯᠵᠦ ᠰᠢᠨ᠎ᠡ | ᠬᠥᠳᠡᠯᠭᠡᠭᠦᠷ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠨᠢᠭᠡ ᠳᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠎ᠠ᠃ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠨ ᠮᠡᠷᠭᠡᠵᠢᠯ ᠤᠨ ᠰᠢᠨ᠎ᠡ ᠪᠠ ᠮᠡᠷᠭᠡᠵᠢᠯ ᠢ ᠬᠤᠪᠢᠷᠠᠭᠤᠯᠬᠤ | ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠢᠳᠡ | ᠵᠢᠯ ᠪᠦᠷᠢ ᠨᠢᠭᠡ ᠪᠦᠯᠦᠭ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠦᠢᠯᠡᠳᠬᠦ ᠦᠢᠯᠡᠰ ᠤᠨ ᠰᠢᠨ᠎ᠡ ᠶᠢ | ᠡᠭᠦᠳᠬᠦ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠥᠷᠥᠯ ᠵᠦᠢᠯ ᠢ | ᠳᠡᠮᠵᠢᠵᠦ᠂ ᠬᠥᠭᠵᠢᠯᠲᠡ ᠶᠢᠨ ᠠᠷᠭ᠎ᠠ ᠮᠠᠶ᠋ᠢᠭ ᠢ ᠴᠢᠬᠤᠯᠠ ᠬᠦᠴᠦᠨ ᠵᠦᠢᠯ ᠢᠶᠠᠷ ᠬᠥᠳᠡᠯᠭᠡᠵᠦ ᠪᠠᠶᠢᠭᠰᠠᠨ ᠠᠴᠠ ᠪᠠᠨ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠠᠰᠢ ᠬᠤᠪᠢᠷᠠᠭᠤᠯᠬᠤ ᠶᠢ ᠭᠠᠳᠠᠭᠰᠢᠯ ᠥᠷᠭᠡᠳᠭᠡᠭᠰᠡᠨ ᠠᠴᠠ | ᠠᠭᠤᠯᠤᠭᠳᠠᠬᠤᠨ ᠤ ᠳᠡᠭᠡᠭᠰᠢᠯᠡᠯᠲᠡ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ᠬᠤᠶᠠᠷ ᠲᠤ᠂ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠠᠮᠢ ᠠᠬᠤᠢ ᠣᠷᠴᠢᠨ | ᠲᠣᠭᠤᠷᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠢ ᠪᠣᠯᠭᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠴᠢᠩᠭ᠎ᠠ ᠪᠠᠷᠢᠮᠲᠠᠯᠠᠨ ᠡᠨᠧᠷᠭᠢ ᠶᠢᠨ ᠬᠤᠷᠣᠭᠳᠠᠯ᠂ ᠤᠰᠤᠨ ᠤ | ᠬᠤᠷᠣᠭᠳᠠᠯ ᠢ ︽ᠬᠤᠣᠰ ᠬᠢᠵᠠᠭᠠᠷᠯᠠᠯ︾ ᠤᠨ ᠬᠠᠷᠠᠯᠲᠠ ᠡᠭᠦᠷᠭᠡ ᠶᠢ ᠨᠠᠢᠳᠠᠪᠤᠷᠢᠵᠢᠭᠤᠯᠵᠤ᠂ ᠡᠨᠧᠷᠭᠢ ᠶᠢᠨ | ᠬᠤᠷᠣᠭᠳᠠᠯ ᠶᠡᠬᠡᠲᠡᠢ᠂ ᠪᠣᠬᠢᠷᠲᠤᠯ ᠶᠡᠬᠡᠲᠡᠢ ᠠᠵᠤ ᠦᠢᠯᠡᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠪᠣᠬᠢᠷᠲᠤᠯ | ᠦᠭᠡᠢ ᠳᠣᠣᠷ᠎ᠠ ᠨᠡᠭᠦᠷᠡᠰᠦᠲᠥ᠋ᠷᠦᠭᠴᠢᠲᠦ᠂ ᠥᠨᠳᠥᠷ ᠨᠡᠮᠡᠭᠳᠡᠯ ᠥᠷᠲᠡᠭ ᠤᠨ ᠣᠨᠴᠠᠯᠢᠭ ᠠᠴᠠ ᠡᠭᠦᠰᠴᠦ | ᠬᠥᠭᠵᠢᠬᠦ ᠪᠠᠷ ᠴᠢᠷᠮᠠᠶᠢᠨ᠎ᠠ᠃ ᠡᠨᠧᠷᠭᠢ ᠠᠷᠪᠢᠯᠠᠬᠤ᠂ ᠤᠰᠤ ᠠᠷᠪᠢᠯᠠᠬᠤ ᠥᠭᠡᠷᠡᠴᠢᠯᠡᠯᠲᠡ ᠪᠠ ᠨᠢᠭᠡ ᠪᠦᠯᠦᠭ | ᠴᠢᠬᠤᠯᠠ ᠶᠡᠭᠡ ᠡᠨᠧᠷᠭᠢ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠳᠡᠮᠵᠢᠵᠦ | ᠨᠢᠭᠡ ᠪᠦᠯᠦᠭ ᠪᠣᠬᠢᠷᠲᠤᠯ ᠥᠬᠡᠢ ᠦᠢᠯᠡᠳᠬᠦᠨ᠂ ᠦᠢᠯᠡᠳᠪᠦᠷᠢ᠂ ᠬᠦᠷᠢᠶᠡᠯᠡᠩ ᠲᠣᠭᠤᠷᠢᠭ ᠢ ᠮᠠᠭᠠᠳᠯᠠᠨ | ᠲᠣᠭᠲᠠᠭᠠᠵᠤ ᠪᠣᠬᠢᠷᠲᠤᠯ ᠥᠬᠡᠢ ᠦᠢᠯᠡᠳᠬᠦ ᠰᠢᠰᠲ᠋ᠧᠮᠵᠢ ᠶᠢ ᠪᠠᠶᠢᠭᠤᠯᠤᠨ᠎ᠠ᠃ | ᠭᠤᠷᠪᠠ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠪᠠ᠃ | ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠪᠣᠯᠤᠨ ᠳᠠᠪᠰᠢᠩᠭᠤᠢ ᠪᠣᠯᠪᠠᠰᠤᠷᠠᠭᠤᠯᠬᠤ ᠠᠵᠤ ᠦᠢᠯᠡᠳᠪᠦᠷᠢ ᠶᠢ | ᠶᠡᠬᠡᠬᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠪᠦᠲᠦᠴᠡ ᠶᠢ ᠵᠣᠬᠢᠴᠠᠭᠤᠯᠤᠨ ᠰᠠᠢᠵᠢᠷᠠᠭᠤᠯᠵᠤ᠂ ᠠᠵᠤ | ᠦᠢᠯᠡᠳᠪᠦᠷᠢ ᠶᠢᠨ ᠬᠤᠭᠤᠷᠣᠨᠳᠣ ᠶᠢᠨ ᠵᠣᠬᠢᠴᠠᠩᠭᠤᠢ ᠬᠥᠭᠵᠢᠯ ᠢ ᠠᠬᠢᠭᠤᠯᠤᠨ᠎ᠠ᠃ ᠥᠰᠦᠯᠲᠡ ᠶᠢᠨ ᠬᠠᠪᠲᠠᠰᠤ ᠶᠢ | ᠪᠣᠯᠪᠠᠰᠤᠷᠠᠬᠤ᠂ ᠬᠦᠷᠦᠯᠴᠡᠬᠦ ᠥᠬᠡᠢ ᠲᠠᠯ᠎ᠠ ᠪᠠᠨ ᠨᠥᠬᠦᠬᠦ ᠲᠡᠷᠢᠭᠦᠨ ᠤ ᠦᠢᠯᠡᠳᠬᠦ ᠦᠢᠯᠡᠰ ᠤᠨ ᠰᠦᠷᠦᠭᠵᠢᠯ ᠢ | ᠪᠤᠶᠢᠵᠢᠭᠤᠯᠤᠨ ᠬᠥᠮᠦᠵᠢᠭᠦᠯᠬᠦ ᠲᠥᠰᠦᠯ ᠢ ᠲᠣᠭᠲᠠᠭᠠᠵᠤ᠂ ᠣᠷᠣᠨ ᠪᠦᠰᠡ ᠶᠢᠨ ᠬᠠᠷᠢᠴᠠᠭᠤᠯᠤᠭᠰᠠᠨ ᠳᠠᠪᠠᠭᠤᠯᠢᠭ | ᠪᠦᠬᠦᠢ ᠨᠢᠭᠡ ᠪᠦᠯᠦᠭ ᠲᠡᠷᠢᠭᠦᠨ ᠤ ᠦᠢᠯᠡᠳᠬᠦ ᠦᠢᠯᠡᠰ ᠤᠨ ᠰᠦᠷᠦᠭᠵᠢᠯ ᠢ ᠪᠤᠶᠢᠵᠢᠭᠤᠯᠤᠨ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠣᠯᠣᠭᠠᠢᠯᠠᠭᠴᠢ ᠠᠵᠤ ᠠᠬᠤᠶᠢᠯᠠᠯ ᠢ ᠬᠦᠴᠦᠷᠬᠡᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ | ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠨᠢᠭᠡ ᠪᠦᠯᠦᠭ ᠠᠵᠤ ᠠᠬᠤᠶᠢᠯᠠᠯ᠂ ᠳᠠᠩ ᠲᠥᠷᠥᠯ ᠤᠨ ᠮᠠᠩᠯᠠᠢ | ᠠᠵᠤ ᠠᠬᠤᠶᠢᠯᠠᠯ ᠢ ᠪᠤᠶᠢᠵᠢᠭᠤᠯᠤᠨ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠭᠦᠢᠯᠭᠡᠭᠡ ᠶᠢᠨ ᠰᠢᠨ᠎ᠡ ᠶᠢ | ᠡᠭᠦᠳᠬᠦ ᠶᠢ ᠠᠬᠢᠭᠤᠯᠤᠨ᠎ᠠ᠃ | ᠳᠥᠷᠪᠡ ᠳᠤ᠂ ᠠᠵᠤ ᠦᠢᠯᠡᠰ ᠤᠨ ᠲᠣᠭᠠᠵᠢᠭᠤᠯᠤᠯᠳᠠ ᠪᠠ ᠲᠣᠭᠠᠴᠢᠯᠠᠭᠰᠠᠨ ᠠᠵᠤ ᠦᠢᠯᠡᠰᠵᠢᠯᠲᠡ ᠶᠢ | ᠠᠬᠢᠭᠤᠯᠤᠨ᠎ᠠ᠃ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠶᠢ | ᠥᠷᠭᠡᠳᠬᠡᠬᠦ ᠪᠠᠷ ᠭᠤᠣᠯ ᠪᠣᠯᠭᠠᠵᠤ 5G ᠰᠠᠭᠤᠷᠢ ᠪᠡᠯᠡᠳᠬᠡᠮᠵᠢ ᠶᠢ ᠲᠦᠷᠭᠡᠳᠬᠡᠨ ᠪᠠᠢᠭᠤᠯᠤᠨ᠎ᠠ᠃ ᠠᠶᠢᠮᠠᠭ ᠬᠤᠲᠠ | ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ᠂ ᠭᠤᠣᠯᠳᠠᠯᠭ᠎ᠠ ᠲᠠᠢ ᠰᠢᠶᠠᠩ ᠪᠠᠯᠭᠠᠰᠤ᠂ | ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠣᠮᠣ | ᠬᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ 5G ᠳᠣᠬᠢᠶ᠎ᠠ ᠶᠢ ᠪᠦᠬᠦᠨ ᠢ ᠬᠠᠮᠤᠷᠤᠭᠤᠯᠤᠨ᠎ᠠ᠃ | ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠠᠵᠢᠯ ᠲᠥᠷᠥᠯ ᠵᠢᠴᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 5G ᠶᠢᠨ ᠨᠥᠬᠦᠴᠡᠯ ᠳᠣᠣᠷ᠎ᠠ ᠲᠡᠷᠭᠡ ᠬᠡᠷᠡᠭᠯᠡᠬᠦ ᠬᠥᠮᠦᠨ ᠦᠭᠡᠢ᠂ | ᠣᠶᠤᠨᠴᠢ ᠮᠠᠯᠲᠠᠯᠠᠯ ᠬᠡᠷᠡᠭᠯᠡᠬᠦ ᠪᠠ ᠣᠶᠤᠨᠴᠢ ᠬᠦᠷᠢᠶᠡᠯᠡᠩ ᠲᠣᠭᠤᠷᠢᠭ᠂ ᠣᠶᠤᠨᠴᠢ ᠦᠢᠯᠡᠳᠪᠦᠷᠢ᠂ ᠣᠶᠤᠨᠴᠢ | ᠦᠢᠯᠡᠳᠪᠦᠷᠢ ᠶᠢᠨ ᠲᠠᠰᠤᠭ ᠲᠤ ᠨᠢᠭᠡ ᠪᠦᠯᠦᠭ ᠣᠨᠴᠠᠯᠢᠭᠲᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ | ᠲᠠᠪᠴᠠᠩ ᠢ ᠪᠠᠶᠢᠭᠤᠯᠤᠨ᠂ ᠴᠠᠬᠢᠯᠠᠭᠤᠷ ᠴᠢᠯᠠᠭᠤ᠂ ᠲᠡᠮᠦᠷ ᠤᠨ ᠬᠠᠶᠢᠯᠤᠰᠢ᠂ ᠠᠷᠠᠳ ᠤᠨ ᠬᠡᠷᠡᠭᠯᠡᠭᠡᠨ ᠤ ᠳᠡᠯᠪᠡᠴᠢᠬᠦ | ᠠᠵᠢᠯ ᠲᠥᠷᠥᠯ ᠤᠨ ᠠᠶᠤᠯ ᠶᠡᠬᠡᠲᠡᠢ ᠦᠢᠯᠡᠳᠪᠦᠷᠢᠯᠡᠯ ᠤᠨ ᠳᠡᠰ ᠳᠠᠷᠠᠭᠠᠯᠠᠯ ᠤᠨ ︽ᠮᠠᠰᠢᠨ ᠢᠶᠠᠷ ᠬᠥᠮᠦᠨ ᠰᠣᠯᠢᠬᠤ | ︾ ᠢᠨᠵᠧᠨᠧᠷᠢᠩ ᠢ ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠳᠤ ᠣᠷᠣᠭᠤᠯᠵᠤ | ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯᠲᠠ ᠲᠠᠢ ᠰᠠᠭᠠᠳ ᠦᠭᠡᠢ ᠨᠡᠪᠲᠡᠷᠡᠭᠦᠯᠵᠦ᠂ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ | ᠮᠠᠨ ᠤ ᠣᠷᠣᠨ ᠤ ᠪᠣᠭᠤᠮᠲᠠ ᠶᠢᠨ ᠳᠣᠣᠷ᠎ᠠ ᠬᠢᠷᠢ ᠲᠦᠪᠰᠢᠨ ᠢ ᠢᠵᠢᠯ ᠴᠢᠨᠠᠷᠲᠠᠢ ᠪᠦᠲᠦᠭᠡᠨ ᠪᠠᠶᠢᠭᠤᠯᠬᠤ | ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠢ︖ | ᠲᠤ ᠴᠧᠩ ᠹᠦ᠄ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠳᠤ᠂ ︽ᠪᠣᠭᠤᠮᠲᠠ ᠶᠢᠨ | ᠴᠢᠳᠠᠮᠵᠢ ᠪᠠ ᠡᠬᠢ ᠪᠠᠶᠠᠯᠢᠭ ᠢ ᠨᠡᠶᠢᠳᠭᠡᠬᠦ ᠥᠨᠳᠥᠷ ᠪᠦᠲᠦᠮᠵᠢᠲᠡᠢ ᠪᠣᠭᠤᠮᠲᠠ ᠶᠢᠨ ᠠᠵᠤ ᠠᠬᠤᠢ ᠶᠢ ᠲᠦᠷᠭᠡᠨ | ᠬᠥᠭᠵᠢᠭᠦᠯᠬᠦ ᠶᠢ ᠲᠦᠯᠬᠢᠨ ᠠᠬᠢᠭᠤᠯᠵᠤ᠂ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠠᠩᠬ᠎ᠠ | ᠠᠯᠬᠤᠮ ᠪᠦᠷᠢᠯᠳᠦᠭᠦᠯᠬᠦ ᠪᠠᠷ ᠳᠤᠷᠠᠳᠤᠭᠠᠳ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ | ᠪᠠᠬᠢᠯᠡᠯᠲᠡ ᠶᠢᠨ ᠪᠦᠲᠦᠭᠡᠨ ᠪᠠᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠲᠠᠢ ᠪᠣᠯᠪᠠ︾ ᠨᠢ | ᠮᠠᠨ ᠤ ᠣᠷᠣᠨ ᠤ ᠪᠣᠭᠤᠮᠲᠠ ᠶᠢᠨ ᠬᠥᠭᠵᠢᠯᠲᠡ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ ᠣᠳᠣᠬᠠᠨ ᠳᠤ | ᠮᠠᠨ ᠤ ᠣᠷᠣᠨ ᠤ ᠪᠣᠭᠤᠮᠲᠠ ᠶᠢᠨ ᠨᠥᠯᠥᠭᠡᠯᠡᠨ ᠳᠠᠶᠢᠴᠢᠯᠠᠬᠤ ᠴᠢᠳᠠᠪᠤᠷᠢ ᠨᠡᠯᠢᠶᠡᠳ ᠪᠠᠭᠤᠷᠠᠢ ᠪᠥᠭᠡᠳ ᠳᠣᠲᠣᠷ | ᠭᠠᠵᠠᠷ ᠲᠠᠢ ᠬᠠᠮᠵᠢᠯᠴᠠᠨ ᠬᠥᠭᠵᠢᠬᠦ ᠨᠢ ᠪᠣᠭᠤᠮᠲᠠ ᠶᠢᠨ ᠳᠠᠪᠠᠭᠤᠯᠢᠭ ᠢᠶᠠᠷ ᠪᠦᠷᠢᠮᠦᠰᠦᠨ ᠥᠷᠢᠰᠦᠯᠳᠦᠬᠦ ᠳᠠᠪᠠᠭᠤᠯᠢᠭ | ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠳᠡᠶᠢᠯᠦᠭᠡᠳᠦᠢ ᠪᠠᠶᠢᠨ᠎ᠠ᠃ ᠪᠣᠭᠤᠮᠲᠠ ᠶᠢᠨ ᠠᠳᠠᠯᠢ | ᠴᠢᠨᠠᠷᠵᠢᠯ ᠲᠠᠢ ᠥᠷᠢᠰᠦᠯᠳᠦᠭᠡᠨ᠂ ᠭᠠᠭᠴᠠᠭᠠᠷᠳᠠᠮᠠᠯ ᠢᠶᠠᠷ ᠠᠵᠢᠯᠯᠠᠬᠤ ᠪᠠᠶᠢᠳᠠᠯ ᠮᠥᠨ ᠣᠷᠣᠰᠢᠭᠰᠠᠭᠠᠷ ᠪᠠᠶᠢᠨ᠎ᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠯᠡᠭᠡᠨ ᠤ ᠬᠤᠭᠤᠴᠠᠭᠠᠨ ᠳᠤ ᠪᠢᠳᠡ ᠪᠣᠭᠤᠮᠲᠠ ᠶᠢᠨ ᠳᠠᠶᠢᠴᠢᠯᠠᠨ | ᠳᠠᠭᠠᠭᠤᠯᠵᠤ᠂ ᠳᠣᠲᠣᠷ᠎ᠠ ᠭᠠᠵᠠᠷ ᠤᠨ ᠲᠤᠯᠭᠠᠭᠤᠷᠢᠯᠠᠬᠤ᠂ ᠬᠢᠯᠢ ᠬᠢᠵᠠᠭᠠᠷ ᠣᠷᠣᠨ ᠦᠢᠯᠡᠳᠦᠯᠴᠡᠬᠦ ᠪᠣᠭᠤᠮᠲᠠ ᠶᠢᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ᠃ ᠮᠠᠨ ᠤ ᠣᠷᠣᠨ ᠤ ᠬᠢᠯᠢ ᠶᠢᠨ | ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠦᠲᠦᠭᠡᠨ ᠪᠠᠶᠢᠭᠤᠯᠬᠤ ᠪᠠ ᠭᠠᠵᠠᠷ | ᠣᠷᠣᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠦᠨ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠳᠤ ᠨᠡᠩ ᠰᠠᠶᠢᠳᠤᠷ ᠦᠢᠯᠡᠴᠢᠯᠡᠭᠦᠯᠦᠨ᠎ᠡ᠃ ᠪᠢᠳᠡ | ᠳᠣᠣᠷᠠᠬᠢ ᠬᠡᠳᠦᠨ ᠲᠠᠯ᠎ᠠ ᠶᠢᠨ ᠠᠵᠢᠯ ᠢ ᠥᠷᠨᠢᠭᠦᠯᠦᠨ᠎ᠡ᠃ | ᠨᠢᠭᠡ ᠳᠤ᠂ ᠭᠤᠷᠪᠠᠨ ᠶᠡᠭᠡ ᠪᠣᠭᠤᠮᠲᠠ ᠶᠢᠨ ᠴᠢᠳᠠᠮᠵᠢᠲᠤ ᠪᠦᠯᠬᠦᠮ ᠵᠣᠬᠢᠶᠠᠨ ᠪᠠᠶᠢᠭᠤᠯᠬᠤ ᠪᠠᠷ ᠳᠠᠮᠵᠢᠨ ᠬᠥᠷᠰᠢ | ᠵᠡᠷᠭᠡᠯᠡᠳᠡᠭᠡ ᠪᠣᠭᠤᠮᠲᠠ ᠶᠢᠨ ᠬᠤᠭᠤᠷᠣᠨᠳᠣᠬᠢ ᠴᠢᠳᠠᠮᠵᠢ ᠶᠢᠨ ᠬᠠᠷᠢᠯᠴᠠᠨ ᠨᠥᠬᠦᠪᠥᠷᠢᠯᠡᠬᠦ᠂ ᠬᠥᠭᠵᠢᠯᠲᠡ ᠶᠢᠨ | ᠲᠠᠯ᠎ᠠ ᠪᠠᠷ ᠬᠠᠮᠵᠢᠯᠴᠠᠬᠤ ᠶᠢ ᠪᠡᠶᠡᠯᠡᠭᠦᠯᠬᠦ ᠬᠡᠷᠡᠭᠲᠡᠢ᠃ ᠮᠠᠨᠵᠤᠤᠷ ᠪᠣᠭᠤᠮᠲᠠ ᠪᠠᠷ ᠭᠤᠣᠯ ᠪᠣᠯᠭᠠᠭᠰᠠᠨ ᠡᠪᠦᠳᠦᠭ᠂ | ᠠᠷᠤ ᠬᠠᠰᠢᠶᠠᠲᠤ᠂ ᠾᠧᠢ ᠱᠠᠨ ᠲᠧᠦ᠂ ᠰᠢᠪᠡᠭᠡ᠂ ᠷᠠᠰᠢᠶᠠᠨ ᠤ ᠵᠠᠰᠠᠮᠠᠯ ᠵᠠᠮ ᠤᠨ ᠪᠣᠭᠤᠮᠲᠠ ᠪᠠ ᠬᠠᠶᠢᠯᠠᠷ | ᠠᠭᠠᠷ ᠤᠨ ᠠᠶᠠᠯᠠᠯ ᠤᠨ ᠪᠣᠭᠤᠮᠲᠠ ᠪᠠᠷ ᠰᠠᠯᠪᠤᠷᠢ ᠴᠢᠭ ᠪᠣᠯᠭᠠᠵᠤ᠂ ᠣᠯᠠᠨ ᠤᠯᠤᠰ ᠤᠨ ᠠᠷᠠᠯᠵᠢᠶ᠎ᠠ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡ ᠪᠠ ᠬᠢᠯᠢ ᠠᠯᠤᠰᠯᠠᠨ ᠵᠢᠭᠤᠯᠴᠢᠯᠠᠬᠤ ᠪᠠᠷ ᠭᠤᠣᠯ ᠪᠣᠯᠭᠠᠭᠰᠠᠨ ᠵᠡᠭᠦᠨ ᠬᠡᠰᠡᠭ ᠤᠨ | ᠪᠣᠭᠤᠮᠲᠠ ᠶᠢᠨ ᠴᠢᠳᠠᠮᠵᠢᠲᠤ ᠪᠦᠯᠬᠦᠮ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠡᠷᠢᠶᠡᠨ ᠬᠤᠲᠠ ᠶᠢᠨ ᠪᠣᠭᠤᠮᠲᠠ | ᠪᠣᠯᠤᠨ ᠬᠦᠬᠡᠬᠤᠲᠠ ᠶᠢᠨ ᠠᠭᠠᠷ ᠤᠨ ᠵᠠᠮ ᠤᠨ ᠭᠠᠷᠠᠮ ᠢᠶᠠᠷ ᠲᠥᠪ ᠪᠣᠯᠭᠠᠵᠤ᠂ ᠣᠷᠳᠣᠰ ᠪᠣᠯᠤᠨ ᠪᠤᠭᠤᠲᠤ | ᠬᠤᠲᠠ ᠶᠢᠨ ᠠᠭᠠᠷ ᠤᠨ ᠵᠠᠮ ᠤᠨ ᠪᠣᠭᠤᠮᠲᠠ᠂ ᠮᠠᠨᠳᠤᠯ ᠪᠣᠯᠤᠨ ᠵᠡᠭᠦᠨ ᠭᠠᠳᠠᠭ᠎ᠠ ᠵᠠᠮ ᠤᠨ ᠪᠣᠭᠤᠮᠲᠠ ᠪᠠᠷ ᠲᠥᠪ | ᠪᠣᠯᠭᠠᠵᠤ᠂ ᠣᠯᠠᠨ ᠤᠯᠤᠰ ᠤᠨ ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠪᠣᠯᠪᠠᠰᠤᠷᠠᠭᠤᠯᠤᠨ | ᠦᠢᠯᠡᠳᠪᠦᠷᠢᠯᠡᠬᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ᠂ ᠬᠤᠳᠠᠯᠳᠤᠭ᠎ᠠ ᠠᠷᠠᠯᠵᠢᠶᠠᠨ ᠤ | ᠦᠢᠯᠡᠴᠢᠯᠡᠭᠡ ᠪᠠᠷ ᠭᠤᠣᠯ ᠪᠣᠯᠭᠠᠭᠰᠠᠨ ᠳᠤᠮᠳᠠ ᠬᠡᠰᠡᠭ ᠤᠨ ᠪᠣᠭᠤᠮᠲᠠ ᠶᠢᠨ ᠴᠢᠳᠠᠮᠵᠢᠲᠤ ᠪᠦᠯᠬᠦᠮ᠂ ᠴᠡᠭᠡ᠂ | ᠭᠠᠭᠴᠠ ᠮᠣᠳᠣ ᠵᠠᠰᠠᠮᠠᠯ ᠵᠠᠮ ᠤᠨ ᠪᠣᠭᠤᠮᠲᠠ ᠪᠠᠷ ᠭᠤᠣᠯ ᠪᠣᠯᠭᠠᠵᠤ᠂ ᠥᠯᠵᠡᠢ ᠵᠠᠰᠠᠮᠠᠯ ᠵᠠᠮ ᠤᠨ ᠪᠣᠭᠤᠮᠲᠠ ᠪᠠᠷ | ᠲᠥᠪ ᠪᠣᠯᠭᠠᠭᠰᠠᠨ ᠡᠷᠴᠢᠮ ᠬᠦᠴᠦ᠂ ᠲᠥᠪ ᠣᠷᠣᠨ ᠤ ᠡᠨᠧᠷᠭᠢ ᠠᠭᠤᠷᠬᠠᠢ ᠶᠢᠨ ᠪᠦᠲᠦᠭᠡᠭᠳᠡᠬᠦᠨ ᠢ | ᠪᠣᠯᠪᠠᠰᠤᠷᠠᠭᠤᠯᠬᠤ ᠰᠠᠭᠤᠷᠢᠨ ᠭᠠᠵᠠᠷ ᠲᠠᠢ ᠬᠠᠮᠲᠤᠷᠠᠨ ᠡᠷᠴᠢᠮ ᠬᠦᠴᠦ ᠪᠣᠯᠤᠨ ᠠᠭᠤᠯᠠ ᠠᠭᠤᠷᠬᠠᠢ ᠶᠢᠨ | ᠪᠦᠲᠦᠭᠡᠭᠳᠡᠬᠦᠨ ᠢ ᠢᠮᠫᠣᠷᠳ᠋ᠯᠠᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠪᠠᠷᠠᠭᠤᠨ ᠪᠦᠰᠡ ᠨᠤᠲᠤᠭ ᠤᠨ | ᠪᠣᠭᠤᠮᠲᠠ ᠶᠢᠨ ᠴᠢᠳᠠᠮᠵᠢ ᠶᠢᠨ ᠠᠵᠢᠯ ᠤᠨ ᠬᠡᠰᠡᠭ ᠪᠣᠯᠭᠠᠨ᠎ᠠ᠃ | ᠬᠤᠶᠠᠷ ᠲᠤ᠂ ᠪᠦᠬᠦ ᠣᠷᠣᠨ ᠤ ᠪᠣᠭᠤᠮᠲᠠ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ ᠪᠠᠶᠢᠭᠠᠳ | ᠭᠤᠣᠯᠳᠠᠯᠭ᠎ᠠ ᠳᠣᠪᠤᠶᠢᠮ᠎ᠠ᠂ ᠴᠢᠳᠠᠮᠵᠢ ᠪᠠᠨ ᠬᠠᠷᠢᠯᠴᠠᠨ ᠨᠥᠬᠦᠪᠥᠷᠢᠯᠡᠬᠦ ᠪᠠ ᠣᠨᠴᠠᠯᠢᠭ ᠢ ᠢᠯᠡᠷᠡᠭᠦᠯᠦᠭᠰᠡᠨ | ᠪᠣᠭᠤᠮᠲᠠ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠮᠠᠨᠵᠤᠤᠷ ᠪᠣᠭᠤᠮᠲᠠ᠂ ᠡᠷᠢᠶᠡᠨ ᠬᠤᠲᠠ ᠶᠢᠨ | ᠪᠣᠭᠤᠮᠲᠠ ᠶᠢ ᠤᠷᠢᠳᠠᠪᠡᠷ ᠤᠯᠤᠰ ᠤᠨ ᠬᠦᠢᠰᠦ ᠪᠣᠭᠤᠮᠲᠠ ᠪᠣᠯᠭᠠᠵᠤ᠂ ᠠᠵᠤ ᠦᠢᠯᠡᠰ ᠤᠨ ᠥᠷᠲᠡᠭ ᠤᠨ | ᠬᠡᠯᠬᠢᠶᠡᠰᠦ ᠶᠢᠨ ᠳᠡᠰ ᠳᠡᠪᠰᠢᠭᠦᠯᠬᠦ ᠪᠠ ᠣᠯᠠᠨ ᠡᠰᠢᠵᠢᠭᠦᠯᠦᠭᠰᠡᠨ ᠦᠢᠯᠡᠴᠢᠯᠡᠭᠡᠨ ᠤ ᠴᠢᠳᠠᠮᠵᠢ ᠶᠢ ᠪᠡᠶᠡᠯᠡᠭᠦᠯᠦᠨ᠎ᠡ᠃ | ᠭᠠᠭᠴᠠ ᠮᠣᠳᠣ ᠪᠣᠯᠤᠨ ᠴᠡᠭᠡ ᠵᠠᠰᠠᠮᠠᠯ ᠵᠠᠮ ᠤᠨ ᠪᠣᠭᠤᠮᠲᠠ᠂ ᠬᠥᠬᠡᠬᠤᠲᠠ ᠶᠢᠨ ᠠᠭᠠᠷ ᠤᠨ ᠠᠶᠠᠯᠠᠯ ᠤᠨ | ᠪᠣᠭᠤᠮᠲᠠ ᠶᠢ ᠭᠤᠣᠯᠳᠠᠯᠭ᠎ᠠ ᠲᠠᠢ ᠪᠣᠭᠤᠮᠲᠠ ᠪᠣᠯᠭᠠᠨ᠂ ᠠᠷᠠᠯᠵᠢᠶ᠎ᠠ ᠪᠣᠯᠤᠨ ᠠᠵᠤ ᠦᠢᠯᠡᠰ ᠤᠨ ᠪᠦᠲᠦᠴᠡ ᠶᠢᠨ | ᠣᠯᠠᠨ ᠶᠠᠩᠵᠤᠵᠢᠯᠠᠬᠤ ᠶᠢ ᠢᠳᠡᠪᠬᠢᠲᠡᠢ ᠠᠬᠢᠭᠤᠯᠤᠨ᠎ᠠ᠃ ᠪᠤᠰᠤᠳ ᠪᠣᠭᠤᠮᠲᠠ ᠨᠢ ᠥᠪᠡᠷᠮᠢᠴᠡ ᠣᠨᠴᠠᠯᠢᠭ ᠪᠦᠬᠦᠢ | ᠪᠣᠭᠤᠮᠲᠠ ᠳᠤ ᠲᠤᠰᠬᠠᠢᠵᠢᠭᠰᠠᠨ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠠᠪᠴᠤ ᠬᠥᠭᠵᠢᠯᠲᠡ ᠶᠢᠨ ᠳᠤᠲᠠᠭᠳᠠᠯ ᠢ | ᠨᠥᠬᠦᠪᠥᠷᠢᠯᠡᠵᠦ᠂ ᠥᠪᠡᠷᠮᠢᠴᠡ ᠣᠨᠴᠠᠯᠢᠭᠲᠤ ᠴᠢᠳᠠᠮᠵᠢ ᠶᠢ ᠪᠤᠵᠠᠭᠠᠢᠷᠠᠭᠤᠯᠤᠨ ᠬᠦᠴᠦᠷᠬᠡᠭᠵᠢᠭᠦᠯᠦᠨ᠎ᠡ᠃ | ᠭᠤᠷᠪᠠ ᠳᠤ᠂ ᠪᠣᠭᠤᠮᠲᠠ ᠪᠠ ᠳᠣᠲᠣᠷ ᠭᠠᠵᠠᠷ ᠤᠨ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃ ᠮᠠᠨ ᠤ | ᠣᠷᠣᠨ ᠤ ᠬᠢᠯᠢ ᠶᠢᠨ ᠪᠣᠭᠤᠮᠲᠠ ᠬᠢᠭᠡᠳ ᠳᠠᠯᠠᠢ ᠳᠠᠭᠠᠤ ᠭᠠᠷᠠᠮ᠂ ᠡᠬᠡ ᠬᠠᠭᠤᠷᠠᠢ ᠶᠢᠨ ᠭᠤᠣᠯᠳᠠᠯᠭ᠎ᠠ ᠲᠠᠢ ᠮᠣᠵᠢ | ᠣᠷᠣᠨ ᠤ ᠪᠣᠭᠤᠮᠲᠠ ᠶᠢᠨ ᠬᠠᠮᠵᠢᠯᠴᠠᠭ᠎ᠠ ᠶᠢ ᠪᠡᠭᠡᠵᠢᠩ᠂ ᠲᠢᠶᠠᠨᠵᠢᠨ᠂ ᠾᠧᠪᠧᠢ᠂ ᠬᠥᠬᠡᠮᠥᠷᠡᠨ ᠤ ᠠᠵᠤ | ᠠᠬᠤᠢ ᠶᠢᠨ ᠪᠦᠰᠡ᠂ ᠵᠡᠭᠦᠨ ᠬᠤᠶᠢᠳᠤ ᠣᠷᠣᠨ ᠢ ᠬᠥᠭᠵᠢᠭᠦᠯᠬᠦ᠂ ᠡᠬᠡ ᠬᠠᠭᠤᠷᠠᠢ ᠳᠠᠯᠠᠢ ᠶᠢᠨ ᠰᠢᠨ᠎ᠡ ᠵᠠᠮ ᠵᠡᠷᠭᠡ | ᠤᠯᠤᠰ ᠤᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠶᠢ ᠠᠬᠢᠭᠤᠯᠤᠨ᠎ᠠ᠃ ᠡᠷᠢᠶᠡᠨ | ᠬᠤᠲᠠ ᠂ ᠵᠢᠨᠢᠩ ᠤᠨ ᠬᠠᠮᠵᠢᠯᠴᠠᠨ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠮᠠᠨ ᠤ | ᠣᠷᠣᠨ ᠤ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠣᠷᠣᠨ ᠪᠦᠰᠡ ᠶᠢᠨ ᠠᠵᠢᠯᠯᠠᠭᠠᠨ ᠤ ᠶᠠᠰᠤ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠨᠡᠭᠡᠭᠡᠯᠲᠡ ᠬᠢᠬᠦ ᠲᠠᠪᠴᠠᠩ ᠤᠨ ᠭᠠᠵᠠᠷ ᠣᠷᠣᠨ ᠤ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠳᠥᠷᠪᠡ ᠳᠤ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠮᠠᠨ ᠤ | ᠣᠷᠣᠨ ᠤ ᠪᠣᠭᠤᠮᠲᠠ ᠶᠢᠨ ᠶᠡᠷᠦᠩᠬᠡᠢᠯᠡᠭᠰᠡᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠤᠨ᠎ᠠ᠃ ᠤᠷᠲᠤ ᠬᠤᠭᠤᠴᠠᠭᠠᠨ ᠤ ᠠᠵᠢᠯᠯᠠᠭᠠᠨ ᠨᠢ ᠪᠠᠷᠢᠮᠵᠢᠶ᠎ᠠ ᠳᠤ ᠬᠦᠷᠬᠦ ᠦᠭᠡᠢ ᠪᠣᠭᠤᠮᠲᠠ ᠳᠤ ᠰᠢᠭᠰᠢᠬᠦ | ᠲᠣᠭᠲᠠᠴᠠ ᠶᠢ ᠬᠡᠷᠡᠭᠵᠢᠭᠦᠯᠵᠦ ᠮᠠᠨ ᠤ ᠣᠷᠣᠨ ᠤ ᠪᠣᠭᠤᠮᠲᠠ ᠶᠢᠨ ᠵᠠᠰᠠᠬᠤ ᠰᠢᠰᠲ᠋ᠧᠮᠵᠢ ᠪᠣᠯᠤᠨ ᠵᠠᠰᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠳᠤᠮᠳᠠᠲᠤ ᠤᠯᠤᠰ ᠤᠨ ᠡᠳ᠋ ᠤᠨ ᠵᠠᠰᠠᠭ ᠤᠨ ᠰᠡᠳᠬᠦᠯ ᠤᠨ ᠰᠤᠷᠪᠤᠯᠵᠢᠯᠠᠭᠴᠢ ᠄ ᠠᠵᠢᠯ ᠤᠨ ᠪᠠᠶᠢᠷᠢ ᠪᠠᠷ | ᠬᠠᠩᠭᠠᠬᠤ ᠪᠣᠯ ᠬᠠᠮᠤᠭ ᠤᠨ ᠲᠣᠮᠣ ᠢᠷᠭᠡᠳ ᠤᠨ ᠠᠮᠢᠳᠤᠷᠠᠯ ᠤᠨ ᠲᠥᠰᠦᠯ᠂ ᠠᠷᠠᠳ ᠤᠨ ᠰᠡᠳᠬᠢᠯ ᠤᠨ ᠲᠥᠰᠦᠯ᠂ | ᠦᠨᠳᠦᠰᠦᠨ ᠲᠥᠰᠦᠯ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠮᠠᠨ ᠤ ᠣᠷᠣᠨ ᠤ ᠠᠵᠢᠯ ᠣᠯᠭᠤᠬᠤ ᠠᠵᠢᠯ ᠳᠤ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠣᠢ︖ | | ᠯᠢ ᠸᠧᠨ ᠭᠠᠩ᠄ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠣᠷᠣᠯᠭ᠎ᠠ ᠶᠢᠨ | ᠨᠡᠮᠡᠭᠳᠡᠯ ᠤᠨ ᠡᠬᠢ ᠰᠤᠷᠪᠤᠯᠵᠢ ᠮᠥᠨ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠡᠩ ᠥᠨᠳᠥᠷ ᠶᠠᠰᠤ ᠴᠢᠨᠠᠷ ᠲᠠᠢ ᠨᠡᠩ ᠭᠦᠢᠴᠡᠳ ᠠᠵᠢᠯ | ᠣᠯᠭᠤᠯᠲᠠ ᠶᠢ ᠪᠡᠶᠡᠯᠡᠭᠦᠯᠵᠦ᠂ ᠠᠵᠢᠯ ᠣᠯᠭᠤᠯᠲᠠ ᠶᠢᠨ ᠠᠵᠢᠯ ᠢ ᠰᠠᠶᠢᠳᠤᠷ ᠬᠢᠬᠦ ᠳᠤ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠠᠢᠨ᠎ᠠ᠃ ᠮᠠᠨ ᠤ ᠣᠷᠣᠨ ᠠᠴᠠ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠣᠳᠣ ᠦᠶ᠎ᠡ ᠶᠢᠨ | ᠠᠵᠤ ᠦᠢᠯᠡᠰ ᠤᠨ ᠰᠢᠰᠲ᠋ᠧᠮ ᠢ ᠬᠡᠷᠬᠢᠨ ᠲᠦᠷᠭᠡᠳᠬᠡᠨ ᠪᠠᠶᠢᠭᠤᠯᠬᠤ ᠲᠣᠭᠤᠷᠢᠨ ᠳᠤ ᠠᠵᠢᠯ ᠣᠯᠭᠤᠬᠤ | ᠬᠡᠪᠴᠢᠶ᠎ᠡ ᠶᠢ ᠥᠷᠭᠡᠳᠬᠡᠬᠦ᠂ ᠠᠵᠢᠯ ᠣᠯᠭᠤᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ ᠠᠵᠢᠯ | ᠣᠯᠭᠤᠬᠤ ᠪᠦᠲᠦᠴᠡ ᠶᠢᠨ ᠴᠢᠨᠠᠷᠲᠠᠢ ᠵᠥᠷᠢᠴᠡᠯ ᠢ ᠨᠠᠮᠳᠠᠭᠤᠯᠬᠤ ᠳᠤ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠪᠠᠰᠠ ᠮᠠᠰᠢ ᠣᠯᠠᠨ ᠰᠢᠨ᠎ᠡ ᠠᠰᠠᠭᠤᠳᠠᠯ ᠰᠢᠨ᠎ᠡ | ᠥᠷᠢᠰᠦᠯᠳᠦᠭᠡᠨ ᠲᠤᠯᠭᠠᠷᠠᠵᠤ ᠪᠣᠢ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠨᠠᠢᠳᠠᠪᠤᠷᠢᠵᠢᠭᠤᠯᠬᠤ ᠲᠠᠢ ᠤᠶᠠᠯᠳᠤᠭᠤᠯᠤᠨ ᠪᠢᠳᠡ ᠶᠠᠭ ᠠᠵᠢᠯ ᠣᠯᠭᠤᠯᠲᠠ ᠶᠢ | ᠠᠬᠢᠭᠤᠯᠬᠤ ᠲᠥᠯᠥᠪᠵᠢᠭᠦᠯᠭᠡ ᠶᠢᠨ ᠶᠡᠷᠦᠩᠬᠡᠢ ᠬᠠᠷᠠᠯᠲᠠ ᠪᠣᠯᠤᠨ ᠱᠠᠭᠠᠷᠳᠠᠯᠭ᠎ᠠ ᠲᠣᠭᠲᠠᠭᠠᠵᠤ ᠪᠠᠢᠨ᠎ᠠ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠤᠲᠠ | ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢ 100 ᠲᠦᠮᠡᠨ ᠬᠥᠮᠦᠨ ᠳᠤ ᠬᠦᠷᠭᠡᠬᠦ ᠠᠵᠢᠯ ᠤᠨ | ᠬᠠᠷᠠᠯᠲᠠ ᠶᠢ ᠪᠡᠶᠡᠯᠡᠭᠦᠯᠵᠦ᠂ ᠪᠦᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠢ ᠶᠡᠷᠦᠩᠬᠡᠢ ᠳᠤᠨᠢ ᠲᠣᠭᠲᠠᠭᠤᠨ | ᠪᠠᠶᠢᠯᠭᠠᠬᠤ ᠶᠢ ᠦᠨᠡᠨᠬᠦ ᠪᠠᠲᠤᠯᠠᠵᠤ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠳᠣᠪᠦ᠋ᠮ᠎ᠠ ᠰᠠᠶᠢᠨ ᠠᠳᠬᠤᠨ᠎ᠠ᠃ | ᠨᠢᠭᠡ ᠳᠤ᠂ ᠠᠵᠤ ᠠᠬᠤᠢ ᠶᠢᠨ ᠬᠥᠭᠵᠢᠯᠲᠡ ᠶᠢᠨ ᠠᠵᠢᠯ ᠣᠯᠭᠤᠬᠤ ᠤᠳᠤᠷᠢᠳᠤᠮᠵᠢ ᠶᠢ ᠪᠠᠷᠢᠮᠲᠠᠯᠠᠵᠤ ᠠᠵᠢᠯ | ᠣᠯᠭᠤᠬᠤ ᠣᠷᠣᠨ ᠵᠠᠢ ᠶᠢ ᠥᠷᠭᠡᠳᠬᠡᠨ᠎ᠡ᠃ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠤ ᠠᠵᠤ | ᠠᠬᠤᠢ ᠶᠢᠨ ᠬᠥᠭᠵᠢᠯᠲᠡ ᠳᠤ ᠲᠦᠰᠢᠭᠯᠡᠬᠦ ᠬᠡᠷᠡᠭᠲᠡᠢ᠃ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠠ ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠬᠦᠷᠵᠢᠭᠦᠯᠦᠯᠲᠡ ᠶᠢ ᠴᠢᠩᠭᠠᠳᠬᠠᠨ᠎ᠠ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠤᠨ ᠲᠣᠭᠤᠷᠢᠨ ᠳᠤ ︽ᠬᠤᠶᠠᠷ ᠰᠠᠭᠤᠷᠢᠨ ᠭᠠᠵᠠᠷ︾ ᠢ ᠪᠠᠶᠢᠭᠤᠯᠬᠤ᠂ | ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ ᠶᠢ ᠲᠦᠷᠭᠡᠳᠬᠡᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠪᠣᠶᠢᠵᠢᠭᠤᠯᠬᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠬᠦ ᠶᠠᠪᠤᠴᠠ ᠳᠤ ᠠᠵᠤ | ᠠᠬᠤᠢ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢᠨ ᠰᠠᠶᠢᠨ ᠨᠡᠮᠡᠭᠳᠡᠯ ᠢ ᠦᠷᠭᠦᠯᠵᠢᠯᠡᠨ ᠠᠬᠢᠭᠤᠯᠤᠨ᠎ᠠ᠃ | ᠡᠭᠦᠨ ᠤ ᠬᠠᠮᠲᠤ ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ ᠶᠢ ᠭᠦᠨᠵᠡᠭᠡᠢᠷᠡᠭᠦᠯᠵᠦ᠂ ᠠᠳᠠᠯ | ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠢ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ | ᠠᠪᠬᠤ ᠭᠤᠣᠯ ᠠᠷᠭ᠎ᠠ ᠵᠠᠮ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠣᠯᠠᠨ ᠠᠷᠭ᠎ᠠ ᠵᠠᠮ ᠢᠶᠠᠷ | ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠨ ᠠᠵᠢᠯ | ᠣᠯᠭᠤᠯᠲᠠ ᠶᠢ ᠳᠠᠬᠢᠨ ᠢᠶᠠᠷ ᠨᠡᠮᠡᠭᠳᠡᠭᠦᠯᠬᠦ ᠨᠥᠯᠥᠭᠡᠯᠡᠯ ᠢ ᠲᠠᠯᠪᠢᠨ᠎ᠠ᠃ | ᠬᠤᠶᠠᠷ ᠲᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ | ᠂ ᠠᠵᠢᠯ ᠣᠯᠭᠤᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠭᠤᠣᠯᠳᠠᠯᠭ᠎ᠠ ᠲᠠᠢ ᠬᠥᠮᠦᠰ ᠤᠨ ᠠᠵᠢᠯ | ᠣᠯᠭᠤᠯᠲᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠠᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠣᠶᠤᠲᠠᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ᠂ ᠠᠵᠢᠯ | ᠣᠯᠬᠤ ᠳᠤ ᠬᠦᠴᠢᠷᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠦᠷᠭᠦᠯᠵᠢᠯᠡᠨ | ᠰᠠᠶᠢᠳᠤᠷ ᠠᠳᠬᠤᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠮᠦᠨ ᠨᠢᠭᠡᠪᠦᠷᠢ ᠶᠢ ᠴᠢᠷᠮᠠᠶᠢᠨ ᠠᠵᠢᠯ ᠲᠠᠢ᠂ ᠠᠵᠢᠯ ᠤᠨ | ᠪᠠᠶᠢᠷᠢ ᠲᠠᠢ ᠪᠣᠯᠭᠠᠵᠤ ᠪᠣᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ | ᠪᠣᠰᠬᠠᠬᠤ ᠶᠢ ᠠᠬᠢᠭᠤᠯᠬᠤ᠂ ᠦᠨᠳᠦᠰᠦᠨ ᠱᠠᠲᠤᠨ ᠤ ᠦᠰᠦᠨ ᠪᠣᠶᠢᠵᠢᠬᠤ᠂ ᠵᠠᠯᠠᠭᠤᠴᠤᠳ ᠤᠨ ᠳᠠᠳᠤᠯᠭ᠎ᠠ ᠬᠢᠬᠦ | ᠵᠡᠷᠭᠡ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠪᠠᠶᠢᠭᠠᠳ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠶᠢ ᠣᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ | ᠠᠵᠢᠯ ᠣᠯᠭᠤᠬᠤ ᠶᠢ ᠢᠳᠡᠪᠬᠢᠲᠡᠢ ᠪᠠᠷ ᠠᠬᠢᠭᠤᠯᠤᠨ᠎ᠠ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠥᠲᠥᠯᠦᠨ | ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠭᠠᠳᠠᠭᠰᠢ ᠭᠠᠷᠴᠤ ᠠᠵᠢᠯ ᠡᠷᠢᠵᠦ ᠠᠵᠢᠯ ᠣᠯᠣᠭᠤᠯᠤᠨ᠎ᠠ᠃ | ᠠᠵᠢᠯ ᠣᠯᠬᠤ ᠳᠤ ᠬᠦᠴᠢᠷᠲᠡᠢ ᠬᠥᠮᠦᠰ ᠲᠤ ᠠᠵᠢᠯ ᠣᠯᠭᠤᠬᠤ ᠲᠤᠰᠠᠯᠠᠮᠵᠢ ᠶᠢ ᠴᠢᠩᠭᠠᠳᠬᠠᠨ᠎ᠠ᠃ | ᠭᠤᠷᠪᠠ ᠳᠤ᠂ ᠠᠵᠢᠯ ᠮᠡᠷᠭᠡᠵᠢᠯ ᠤᠨ ᠪᠣᠯᠪᠠᠰᠤᠷᠠᠯ ᠪᠠ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠲᠠᠶᠢᠯᠬᠤ ᠵᠠᠩᠭᠢᠯᠠᠭ᠎ᠠ ᠨᠢ ᠬᠥᠳᠡᠯᠮᠦᠷᠢᠴᠢᠳ ᠤᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠳᠤ ᠪᠣᠢ᠃ ᠨᠢᠭᠡ ᠲᠠᠯ᠎ᠠ ᠪᠠᠷ | ᠳᠦᠷᠢᠮ ᠢᠶᠠᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ | ᠪᠥᠬᠦ ᠲᠠᠯ᠎ᠠ ᠪᠠᠷ ᠨᠠᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ | ᠲᠥᠷᠥ ᠶᠢᠨ ᠪᠣᠳᠣᠯᠭ᠎ᠠ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠨᠥᠭᠦᠭᠡ ᠲᠠᠯ᠎ᠠ ᠪᠠᠷ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠴᠢᠭᠯᠡᠭᠦᠯᠦᠯᠲᠡ | ᠴᠢᠨᠠᠷ ᠪᠣᠯᠤᠨ ᠪᠣᠳᠠᠲᠤ ᠦᠷ᠎ᠡ ᠠᠰᠢᠭᠲᠤ ᠴᠢᠨᠠᠷ ᠢ ᠳᠡᠭᠡᠭᠰᠢᠯᠡᠭᠦᠯᠪᠡ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ᠂ ᠪᠦᠲᠦᠴᠡ ᠶᠢ ᠰᠢᠯᠢᠳᠡᠭᠵᠢᠭᠦᠯᠬᠦ ᠪᠣᠯᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠶᠡᠬᠡᠪᠡᠷ ᠠᠩᠬᠠᠷᠴᠤ ᠠᠵᠢᠯ ᠮᠡᠷᠭᠡᠵᠢᠯ ᠤᠨ ᠪᠣᠯᠪᠠᠰᠤᠷᠠᠯ ᠢ ᠡᠷᠬᠢᠯᠡᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠨᠥᠬᠦᠪᠥᠷᠢ ᠶᠢᠨ ᠴᠢᠨᠠᠷᠲᠠᠢ ᠠᠵᠢᠯ ᠮᠡᠷᠭᠡᠵᠢᠯ ᠤᠨ | ᠮᠡᠷᠭᠡᠵᠢᠯ ᠴᠢᠳᠠᠪᠤᠷᠢ ᠶᠢᠨ ᠪᠣᠯᠪᠠᠰᠤᠷᠠᠯ 100 ᠲᠦᠮᠡᠨ ᠬᠥᠮᠦᠨ ᠤᠳᠠᠭ᠎ᠠ ᠥᠷᠨᠢᠭᠦᠯᠦᠨ᠎ᠡ᠃ | ᠳᠥᠷᠪᠡ ᠳᠤ᠂ ᠣᠯᠠᠨ ᠨᠡᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠵᠢᠯ ᠣᠯᠭᠤᠬᠤ ᠣᠯᠠᠨ ᠨᠡᠶᠢᠲᠡ ᠶᠢᠨ | ᠦᠢᠯᠡᠴᠢᠯᠡᠭᠡᠨ ᠪᠣᠯ ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠨᠢᠭᠡ ᠲᠠᠯ᠎ᠠ ᠪᠠᠷ | ᠬᠤᠲᠠ ᠬᠥᠳᠡᠭᠡ ᠶᠢᠨ ᠬᠦᠳᠡᠯᠮᠦᠷᠢᠯᠡᠭᠴᠢᠳ ᠲᠤ ᠡᠷᠬᠡ ᠲᠡᠭᠰᠢ ᠪᠠᠷ ᠠᠵᠢᠯ ᠣᠯᠭᠤᠬᠤ ᠳᠦᠷᠢᠮ ᠢ | ᠲᠡᠭᠦᠯᠳᠡᠷᠵᠢᠭᠦᠯᠵᠦ ᠬᠤᠲᠠ ᠬᠥᠳᠡᠭᠡ ᠶᠢᠨ ᠣᠯᠠᠨ ᠨᠡᠶᠢᠲᠡ ᠶᠢᠨ ᠠᠵᠢᠯ ᠣᠯᠭᠤᠬᠤ ᠨᠢᠭᠡᠳᠦᠯᠲᠡᠢ ᠲᠥᠯᠥᠪᠵᠢᠭᠦᠯᠬᠦ | ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ᠂ | ᠪᠠᠷᠢᠮᠵᠢᠶᠠᠵᠢᠭᠤᠯᠬᠤ᠂ ᠲᠤᠰᠬᠠᠢᠵᠢᠭᠤᠯᠬᠤ᠂ ᠲᠦᠭᠡᠮᠡᠯ ᠬᠠᠷᠠᠭᠠᠯᠵᠠᠯ ᠦᠵᠡᠭᠦᠯᠬᠦ ᠪᠠ ᠨᠢᠭᠡ ᠴᠣᠭᠴᠠᠵᠢᠭᠤᠯᠬᠤ ᠶᠢ | ᠠᠬᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠷᠴᠢᠮ ᠤᠨ ᠳᠦᠷᠢᠮᠵᠢᠭᠰᠡᠨ᠂ ᠳᠥᠭᠦᠮ ᠲᠦᠳᠡ᠂ | ᠥᠨᠳᠥᠷ ᠪᠦᠲᠦᠮᠵᠢᠲᠡᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠬᠦᠷᠲᠡᠭᠡᠬᠦ ᠬᠡᠷᠡᠭᠲᠡᠢ᠃ ᠨᠥᠭᠦᠭᠡ | ᠲᠠᠯ᠎ᠠ ᠪᠠᠷ ᠦᠢᠯᠡᠴᠢᠯᠡᠭᠡᠨ ᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠶᠤᠨᠴᠢ ᠠᠵᠢᠯ ᠣᠯᠭᠤᠯᠲᠠ ᠶᠢᠨ | ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠲᠥᠪᠯᠡᠷᠡᠭᠰᠡᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠲᠣᠮᠣ ᠳ᠋ᠠᠢᠲ᠋ᠠ ᠬᠥᠮᠥᠷᠭᠡ ᠶᠢ ᠪᠦᠬᠦ ᠲᠠᠯ᠎ᠠ ᠪᠠᠷ | ᠳᠡᠯᠭᠡᠷᠡᠭᠦᠯᠬᠦ ᠰᠦᠯᠵᠢᠶᠡᠨ ᠳᠡᠭᠡᠷᠡᠬᠢ ᠮᠡᠳᠡᠭᠡ ᠵᠠᠩᠭᠢ ᠴᠤᠭᠯᠠᠭᠤᠯᠬᠤ᠂ ᠪᠣᠯᠪᠠᠰᠤᠷᠠᠭᠤᠯᠬᠤ ᠶᠢ ᠵᠣᠯᠭᠠᠭᠤᠯᠬᠤ᠂ | ᠠᠵᠢᠯ ᠣᠯᠭᠤᠯᠲᠠ ᠶᠢ ᠵᠣᠯᠭᠠᠭᠤᠯᠬᠤ᠂ ᠮᠥᠷᠳᠡᠨ ᠦᠢᠯᠡᠴᠢᠯᠡᠬᠦ ︽ᠳᠥᠷᠪᠡ ᠶᠢ ᠨᠢᠭᠡ ᠴᠣᠭᠴᠠᠵᠢᠭᠤᠯᠬᠤ︾ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠨᠢ ᠨᠡᠶᠢᠭᠡᠮ ᠤᠨ ᠠᠵᠢᠯ ᠡᠷᠢᠬᠦ | ᠤᠷᠢᠵᠤ ᠠᠳᠠᠯ ᠦᠢᠯᠡᠰ ᠴᠣᠭᠴᠠᠯᠠᠬᠤ ᠵᠡᠷᠭᠡ ᠣᠯᠠᠨ ᠲᠠᠯ᠎ᠠ ᠶᠢᠨ ᠬᠡᠷᠡᠭᠴᠡᠭᠡ ᠶᠢ ᠬᠠᠩᠭᠠᠨ᠎ᠠ᠃ | ᠤᠮᠠᠷᠠᠲᠤ ᠶᠢᠨ ᠰᠢᠨ᠎ᠡ ᠰᠣᠨᠢᠨ ᠤ ᠰᠤᠷᠪᠤᠯᠵᠢᠯᠠᠭᠴᠢ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠮᠠᠨ ᠤ ᠣᠷᠣᠨ ︽ᠬᠥᠲᠥᠯᠪᠦᠷᠢ︾ ᠳᠤ ᠳᠤᠷᠠᠳᠤᠭᠰᠠᠨ ᠠᠷᠠᠳ ᠲᠦᠮᠡᠨ ᠤ ᠡᠷᠡᠭᠦᠯ ᠮᠡᠨᠳᠦ ᠶᠢ | ᠬᠠᠮᠠᠭᠠᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠶᠠᠮᠠᠷ | ᠠᠷᠭ᠎ᠠ ᠬᠡᠯᠪᠡᠷᠢ ᠪᠠᠷ ᠪᠦᠬᠦ ᠲᠠᠯ᠎ᠠ ᠪᠠᠷ ᠪᠦᠬᠦ ᠦᠶᠡᠯᠡᠯ ᠲᠠᠢ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ | ᠬᠡᠷᠡᠭᠲᠡᠢ︖ | ᠸᠠᠩ ᠵᠠᠨ ᠭᠥᠸᠧ᠄ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩᠭ᠎ᠠ ᠤᠳᠤᠷᠢᠳᠤᠯᠭ᠎ᠠ ᠳᠣᠣᠷ᠎ᠠ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠷᠡᠭᠦᠯ ᠮᠡᠨᠳᠦ ᠶᠢᠨ ᠥᠪᠥᠷ ᠮᠣᠩᠭᠤᠯ ᠤᠨ | ᠪᠠᠶᠢᠯᠳᠤᠬᠤ ᠪᠣᠳᠣᠯᠭ᠎ᠠ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠷᠡᠰ | ᠲᠤᠭᠤᠰᠢᠯᠠᠭᠤᠯᠤᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠲᠠᠰᠤᠷᠠᠯᠲᠠ | ᠦᠭᠡᠢ ᠭᠦᠨᠵᠡᠭᠡᠢᠷᠡᠭᠦᠯᠬᠦ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠮᠵᠢ ᠣᠯᠪᠠ᠃ ᠡᠭᠦᠨ ᠤ ᠬᠠᠮᠲᠤ ᠪᠠᠰᠠ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠲᠡᠢᠨ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ | ᠬᠤᠷᠢᠭᠯᠠᠨ ᠬᠢᠵᠠᠭᠠᠷᠯᠠᠬᠤ ᠲᠡᠢᠨ ᠤ ᠱᠠᠲᠤᠨ ᠤ ᠴᠢᠨᠠᠷᠲᠠᠢ ᠴᠢᠬᠤᠯᠠ ᠦᠷ᠎ᠡ ᠪᠦᠲᠦᠭᠡᠯ ᠣᠯᠵᠠᠢ᠃ ᠪᠦᠬᠦ ᠣᠷᠣᠨ ᠤ | ᠬᠥᠮᠦᠨ ᠪᠦᠷᠢ ᠶᠢᠨ ᠳᠤᠮᠳᠠᠴᠢ ᠵᠢᠱᠢᠯᠲᠡ ᠨᠢ 77 ᠨᠠᠰᠤᠨ ᠠᠴᠠ ᠳᠡᠭᠡᠭᠰᠢᠬᠢ᠂ ᠨᠢᠯᠬ᠎ᠠ ᠬᠡᠦᠬᠡᠳ ᠤᠨ | ᠦᠬᠦᠯᠲᠡ ᠶᠢᠨ ᠨᠣᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠣᠷᠮ᠎ᠠ᠂ ᠵᠢᠷᠮᠦᠰᠦᠨ ᠪᠠ | ᠬᠥᠩᠭᠡᠵᠢᠭᠰᠡᠨ ᠡᠮᠡᠭᠲᠡᠢ ᠶᠢᠨ ᠦᠬᠦᠯ ᠤᠨ ᠨᠣᠷᠮ᠎ᠠ ᠵᠡᠷᠭᠡ ᠡᠷᠡᠭᠦᠯ ᠮᠡᠨᠳᠦ ᠶᠢᠨ ᠭᠤᠣᠯ ᠭᠦᠢᠴᠡᠳᠬᠡᠯ ᠲᠤᠭ᠎ᠠ ᠨᠢ | ᠪᠦᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠬᠤ ᠬᠡᠷᠡᠭᠲᠡᠢ᠃ | ᠡᠷᠡᠭᠦᠯ ᠮᠡᠨᠳᠦ ᠶᠢ ᠪᠠᠲᠤᠯᠠᠬᠤ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠨᠢ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠣᠢᠯᠠᠭᠠᠭᠳᠠᠬᠤᠨ ᠢ ᠡᠷᠡᠰ ᠭᠤᠶᠢᠪᠠᠰᠢ ᠥᠬᠡᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠪᠦᠬᠦ ᠦᠶᠡᠯᠡᠯ ᠲᠠᠢ ᠪᠣᠯᠭᠠᠨ | ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠪᠠᠷ ᠭᠤᠣᠯ ᠪᠣᠯᠭᠠᠨ ᠥᠭᠡᠷᠡᠴᠢᠯᠡᠯᠲᠡ ᠪᠠ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ᠂ ᠲᠠᠰᠤᠷᠠᠯᠲᠠ ᠥᠬᠡᠢ ᠲᠡᠭᠦᠯᠳᠡᠷᠵᠢᠭᠰᠡᠨ ᠦᠨᠳᠦᠰᠦᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠳᠦᠷᠢᠮ ᠢ ᠣᠯᠠᠨ ᠨᠡᠶᠢᠲᠡ ᠶᠢᠨ ᠪᠦᠲᠦᠭᠡᠭᠳᠡᠬᠦᠨ ᠪᠣᠯᠭᠠᠨ ᠪᠦᠬᠦ ᠠᠷᠠᠳ ᠲᠤ ᠲᠦᠯᠬᠢᠨ | ᠠᠬᠢᠭᠤᠯᠬᠤ ᠬᠡᠷᠡᠭᠲᠡᠢ᠂ ᠰᠡᠷᠭᠡᠶᠢᠯᠡᠬᠦ ᠪᠠᠷ ᠭᠤᠣᠯ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ ᠪᠠ ᠥᠨᠳᠥᠷ ᠴᠢᠨᠠᠷ | ᠴᠢᠨᠰᠠᠭ᠎ᠠ ᠲᠠᠢ ᠡᠷᠡᠭᠦᠯ ᠮᠡᠨᠳᠦ ᠶᠢᠨ ᠦᠢᠯᠡᠴᠢᠯᠡᠭᠡ ᠶᠢᠨ ᠬᠠᠩᠭᠠᠯᠭ᠎ᠠ ᠶᠢ ᠨᠡᠩ ᠳᠣᠪᠣᠶᠢᠮ᠎ᠠ ᠪᠠᠶᠢᠷᠢᠨ ᠳᠤ ᠲᠠᠯᠪᠢᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠣᠳᠣᠬᠢᠴᠢᠯᠠᠯᠲᠠ ᠶᠢᠨ ᠬᠤᠪᠢᠷᠠᠯᠲᠠ ᠶᠢ ᠪᠡᠶᠡᠯᠡᠭᠦᠯᠦᠨ᠂ ᠦᠵᠡᠰᠬᠦᠯᠡᠩᠲᠦ | ᠰᠠᠶᠢᠬᠠᠨ ᠡᠶ᠎ᠡ ᠵᠣᠬᠢᠴᠠᠩᠭᠤᠢ᠂ ᠵᠣᠯ ᠵᠢᠷᠭᠠᠯ ᠲᠠᠢ ᠡᠷᠡᠭᠦᠯ ᠡᠩᠬᠡ ᠥᠪᠥᠷ ᠮᠣᠩᠭᠤᠯ ᠢ ᠴᠢᠷᠮᠠᠶᠢᠨ ᠪᠦᠲᠦᠭᠡᠨ | ᠪᠠᠶᠢᠭᠤᠯᠤᠨ᠎ᠠ᠂ ᠭᠤᠷᠪᠠᠨ ᠲᠠᠯ᠎ᠠ ᠠᠴᠠ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠠᠷᠠᠯᠲᠠ ᠡᠭᠦᠷᠭᠡ ᠶᠢ | ᠠᠬᠢᠭᠤᠯᠤᠨ ᠨᠠᠢᠳᠠᠪᠤᠷᠢᠵᠢᠭᠤᠯᠤᠨ᠎ᠠ᠃ | ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠳᠤᠲᠠᠭᠳᠠᠯ ᠢᠶᠠᠨ ᠨᠥᠬᠦᠪᠥᠷᠢᠯᠡᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠴᠦᠷᠬᠡᠭ ᠶᠡᠭᠡ ᠰᠢᠰᠲ᠋ᠧᠮ ᠢ ᠪᠠᠶᠢᠭᠤᠯᠵᠤ᠂ ᠬᠠᠯᠳᠠᠪᠤᠷᠢᠲᠤ ᠡᠪᠡᠳᠴᠢᠨ ᠤ | ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠶᠠᠪᠤᠳᠠᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠠᠪᠤᠷᠠᠨ ᠵᠠᠰᠠᠯᠲᠠ | ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠂ ᠡᠮ ᠡᠮᠨᠡᠯᠭᠡ ᠶᠢᠨ | ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ | ᠪᠦᠰᠡ ᠶᠢᠨ ᠡᠮ ᠡᠮᠨᠡᠯᠭᠡ ᠶᠢᠨ ᠲᠥᠪ ᠢ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠢ ᠲᠡᠩᠴᠡᠭᠦᠷᠢᠲᠡᠢ ᠥᠷᠭᠡᠳᠬᠡᠬᠦ ᠶᠢ ᠠᠬᠢᠭᠤᠯᠤᠨ᠎ᠠ᠂ ᠳᠡᠰ ᠬᠤᠪᠢᠶᠠᠨ ᠣᠨᠣᠰᠢᠯᠠᠨ | ᠡᠮᠴᠢᠯᠡᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠂ ᠠᠭᠠᠷ ᠠᠶᠠᠯᠠᠯ ᠤᠨ ᠲᠦᠷᠭᠡᠨ ᠠᠪᠤᠷᠠᠯᠲᠠ ᠶᠢᠨ ᠬᠥᠭᠵᠢᠯᠲᠡ ᠶᠢ | ᠠᠬᠢᠭᠤᠯᠤᠨ᠎ᠠ᠂ ᠲᠠᠷᠢᠶᠠᠯᠠᠩ᠂ ᠮᠠᠯ ᠠᠵᠤ ᠠᠬᠤᠢ᠂ ᠣᠢ ᠰᠢᠭᠤᠢ᠂ ᠬᠢᠯᠢ ᠬᠢᠵᠠᠭᠠᠷ ᠣᠷᠣᠨ ᠤ ᠡᠮᠴᠢᠯᠡᠭᠡᠨ ᠤ | ᠦᠢᠯᠡᠴᠢᠯᠡᠭᠡ ᠶᠢᠨ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠂ ᠬᠥᠮᠦᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠪᠠᠷ ᠠᠷᠭᠠᠴᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ︽ᠨᠢᠭᠡ ᠨᠠᠰᠤᠲᠠᠶᠢᠴᠤᠤᠯ ᠨᠢᠭᠡ ᠪᠠᠭ᠎ᠠ︾ | ᠢᠶᠠᠷ ᠭᠤᠣᠯᠳᠠᠯᠭ᠎ᠠ ᠪᠣᠯᠭᠠᠨ ᠬᠥᠮᠦᠨ ᠠᠮᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | ᠬᠤᠶᠠᠷ ᠲᠤ᠂ ᠬᠠᠷᠠᠯᠲᠠ ᠪᠠᠷ ᠤᠳᠤᠷᠢᠳᠤᠮᠵᠢ ᠪᠣᠯᠭᠠᠵᠤ ᠬᠥᠭᠵᠢᠯᠲᠡ ᠶᠢᠨ ᠬᠤᠪᠢᠷᠠᠯᠲᠠ ᠶᠢ ᠪᠡᠶᠡᠯᠡᠭᠦᠯᠦᠨ᠎ᠡ᠃ | ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠣᠳᠣᠬᠢᠴᠢᠯᠠᠯᠲᠠ ᠶᠢᠨ ᠱᠠᠭᠠᠷᠳᠠᠯᠭ᠎ᠠ ᠳᠤ ᠴᠢᠷᠮᠠᠶᠢᠨ ᠵᠣᠬᠢᠴᠠᠵᠤ ᠠᠵᠢᠯ ᠤᠨ | ᠣᠢᠯᠠᠭᠠᠭᠳᠠᠬᠤᠨ ᠢᠶᠠᠨ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ︽ᠡᠪᠡᠳᠴᠢᠨ ᠡᠮᠭᠡᠭ︾ ᠢᠶᠠᠷ ᠭᠤᠣᠯ ᠪᠣᠯᠭᠠᠵᠤ | ᠪᠠᠶᠢᠭᠰᠠᠨ ᠠᠴᠠ ︽ᠡᠷᠡᠭᠦᠯ ᠮᠡᠨᠳᠦ︾ ᠪᠠᠷ ᠭᠤᠣᠯ ᠪᠣᠯᠭᠠᠨ ᠬᠤᠪᠢᠷᠠᠭᠤᠯᠪᠠ᠃ ᠠᠷᠭ᠎ᠠ ᠪᠣᠳᠣᠯᠭ᠎ᠠ ᠶᠢᠨ ᠲᠠᠯ᠎ᠠ ᠪᠠᠷ | ︽ᠡᠪᠡᠳᠴᠢᠨ ᠵᠠᠰᠠᠬᠤ︾ ᠶᠢ ᠬᠦᠨᠳᠦᠳᠬᠡᠵᠦ ᠪᠠᠶᠢᠭᠰᠠᠨ ᠠᠴᠠ ︽ᠢᠷᠡᠭᠡᠳᠦᠢ ᠶᠢᠨ ᠡᠪᠡᠳᠴᠢᠨ ᠢ ᠵᠠᠰᠠᠬᠤ︾ ᠳᠠᠰᠢ | ᠬᠤᠪᠢᠷᠠᠭᠤᠯᠵᠤ᠂ ᠭᠤᠣᠯ ᠴᠣᠭᠴᠠ ᠶᠢᠨ ᠲᠠᠯ᠎ᠠ ᠪᠠᠷ ︽ᠠᠷᠢᠭᠤᠨ ᠴᠡᠪᠡᠷ᠂ ᠡᠷᠡᠭᠦᠯ ᠮᠡᠨᠳᠦ︾ ᠶᠢᠨ ᠦᠵᠡᠯ ᠢ | ᠪᠠᠷᠢᠮᠲᠠᠯᠠᠵᠤ᠂ ᠡᠷᠡᠭᠦᠯ ᠮᠡᠨᠳᠦ ᠡᠷᠡᠭᠦᠯ ᠮᠡᠨᠳᠦ ᠶᠢᠨ ᠰᠢᠰᠲ᠋ᠧᠮ ᠳᠤ ᠲᠦᠰᠢᠭᠯᠡᠵᠦ ᠪᠠᠶᠢᠭᠰᠠᠨ ᠠᠴᠠ ᠨᠡᠶᠢᠭᠡᠮ ᠳᠤ | ᠪᠦᠬᠦᠯᠢ ᠴᠣᠭᠴᠠ ᠪᠠᠷ ᠨᠢ ᠬᠠᠮᠲᠤᠷᠠᠨ ᠰᠢᠯᠵᠢᠬᠦ ᠳᠠᠰᠢ ᠰᠢᠯᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ | ᠪᠠ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠠᠵᠢᠯ ᠦᠢᠯᠡᠰ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠭᠤᠷᠪᠠ ᠳᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠨ᠂ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ | ᠠᠷᠠᠳ ᠲᠤ ᠠᠰᠢᠭ ᠬᠦᠷᠲᠡᠭᠡᠨ᠎ᠡ᠃ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢ | ᠢᠳᠡᠪᠬᠢᠲᠡᠢ ᠠᠬᠢᠭᠤᠯᠵᠤ ᠡᠷᠡᠭᠦᠯ ᠮᠡᠨᠳᠦ ᠶᠢ ᠨᠥᠯᠥᠭᠡᠯᠡᠬᠦ ᠬᠦᠴᠦᠨ ᠵᠦᠢᠯ ᠢ ᠪᠦᠬᠦ ᠲᠠᠯ᠎ᠠ ᠪᠠᠷ ᠭᠠᠷ ᠲᠦᠷᠦᠬᠦ | ᠬᠡᠷᠡᠭᠲᠡᠢ ᠪᠦᠬᠦ ᠦᠶᠡᠯᠡᠯ ᠤᠨ ᠬᠤᠭᠤᠴᠠᠭᠠᠨ ᠤ ᠠᠮᠢ ᠨᠠᠰᠤᠨ ᠤ ᠡᠷᠡᠭᠦᠯ ᠮᠡᠨᠳᠦ ᠪᠠ ᠭᠤᠣᠯᠳᠠᠯᠭ᠎ᠠ ᠲᠠᠢ | ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠦᠴᠦ ᠭᠠᠷᠭᠠᠨ᠎ᠠ᠂ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠬᠦ᠂ ᠵᠣᠬᠢᠰᠲᠠᠢ ᠢᠳᠡᠵᠦ ᠤᠤᠭᠤᠬᠤ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ᠂ ᠲᠠᠮᠠᠬᠢ | ᠲᠠᠲᠠᠬᠤ ᠶᠢ ᠬᠤᠷᠢᠭᠯᠠᠬᠤ᠂ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ᠂ ᠡᠷᠡᠭᠦᠯ ᠴᠢᠭᠢᠷᠠᠭ ᠣᠷᠴᠢᠨ | ᠲᠣᠭᠤᠷᠢᠨ ᠢ ᠠᠬᠢᠭᠤᠯᠬᠤ᠂ ᠡᠬᠡ ᠨᠢᠯᠬᠠᠰ ᠤᠨ ᠡᠷᠡᠭᠦᠯ ᠮᠡᠨᠳᠦ ᠶᠢ ᠠᠬᠢᠭᠤᠯᠬᠤ᠂ ᠳᠤᠮᠳᠠᠳᠤ ᠪᠠᠭ᠎ᠠ | ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ᠂ ᠲᠤᠬᠠᠢᠯᠠᠭᠰᠠᠨ ᠠᠵᠢᠯ ᠤᠨ ᠡᠷᠡᠭᠦᠯ ᠮᠡᠨᠳᠦ ᠶᠢ ᠬᠠᠮᠠᠭᠠᠯᠠᠬᠤ᠂ | ᠨᠠᠰᠤᠲᠠᠶᠢᠴᠤᠳ ᠤᠨ ᠡᠷᠡᠭᠦᠯ ᠮᠡᠨᠳᠦ ᠶᠢ ᠠᠬᠢᠭᠤᠯᠬᠤ᠂ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ᠂ | ᠵᠢᠷᠦᠬᠡ ᠲᠠᠷᠢᠬᠢᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ ᠰᠢᠵᠢᠩ ᠡᠪᠡᠳᠴᠢᠨ᠂ ᠬᠠᠯᠳᠠᠪᠤᠷᠢᠲᠤ | ᠡᠪᠡᠳᠴᠢᠨ ᠵᠢᠴᠢ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠥᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠬᠢᠵᠢᠯᠠᠯᠲᠠ ᠶᠢ ᠠᠬᠢᠭᠤᠯᠬᠤ ᠵᠡᠷᠭᠡ ᠲᠤᠰᠬᠠᠢ ᠠᠵᠢᠯᠯᠠᠭ᠎ᠠ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠡᠷᠡᠭᠦᠯ ᠮᠡᠨᠳᠦ ᠶᠢᠨ ᠵᠥᠪ ᠦᠵᠡᠯᠲᠡ ᠶᠢ ᠪᠣᠢ ᠪᠣᠯᠭᠠᠵᠤ᠂ ᠡᠷᠲᠡ ᠦᠶ᠎ᠡ ᠳᠤ ᠭᠠᠷ ᠲᠦᠷᠦᠬᠦ ᠶᠢ | ᠴᠢᠩᠭᠠᠳᠬᠠᠨ᠂ ᠡᠷᠡᠭᠦᠯ ᠮᠡᠨᠳᠦ ᠳᠤ ᠠᠰᠢᠭᠲᠠᠢ ᠠᠮᠢᠳᠤᠷᠠᠯ ᠤᠨ ᠠᠷᠭ᠎ᠠ ᠮᠠᠶ᠋ᠢᠭ᠂ ᠠᠮᠢ ᠠᠬᠤᠢ ᠶᠢᠨ ᠣᠷᠴᠢᠨ | ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ ᠡᠷᠡᠭᠦᠯ ᠮᠡᠨᠳᠦ ᠠᠮᠢ ᠨᠠᠰᠤ ᠶᠢ ᠤᠷᠲᠤᠳᠬᠠᠬᠤ | ᠬᠡᠷᠡᠭᠲᠡᠢ᠃ |