ᠴᠠᠬᠢᠯᠭᠠᠨ ᠱᠠᠲᠦᠨ ᠤ ᠠᠮᠦᠷ ᠲᠦᠪᠰᠢᠨ ᠤ ᠪᠠᠳᠦᠯᠭ᠎ᠠ ᠶᠢᠨ ᠦᠢᠯᠡᠴᠢᠯᠡᠭᠡ ᠶᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2021/7/27
ᠴᠠᠬᠢᠯᠭᠠᠨ ᠱᠠᠲᠦᠨ ᠤ ᠠᠮᠦᠷ ᠲᠦᠪᠰᠢᠨ ᠤ ᠪᠠᠳᠦᠯᠭ᠎ᠠ ᠶᠢᠨ ᠦᠢᠯᠡᠴᠢᠯᠡᠭᠡ ᠶᠢ ᠰᠠᠶᠢᠵᠢᠷᠠᠭᠤᠯᠤᠨ᠎ᠠᠨᠠᠶᠢᠷᠠᠭᠤᠯᠤᠬᠴᠢ ᠶᠢᠨ ᠦᠬᠡ᠄     ︽ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠤᠯᠠᠨ ᠲᠦᠮᠡᠨ ᠤ ᠴᠠᠬᠢᠯᠭᠠᠨ ᠱᠠᠲᠤ ᠬᠡᠷᠡᠭᠯᠡᠬᠦ ᠠᠮᠤᠷ ᠲᠦᠪᠰᠢᠨ ᠢ ᠪᠠᠲᠤᠯᠠᠵᠦ᠂ ᠶᠠᠪᠤᠵᠦ ᠰᠠᠭᠤᠬᠤ ᠳᠤ ᠲᠦᠬᠦᠮ ᠪᠤᠯᠭᠠᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠦᠨ ᠤ ᠠᠯᠪᠠᠨ ᠲᠢᠩᠬᠢᠮ ᠤᠢᠢᠷ᠎ᠠ ᠳᠤ ︽ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠨᠡᠶᠢᠲᠡᠯᠡᠵᠡᠢ᠃ ᠡᠬᠦᠨ ᠳᠤ᠂ ᠠᠷᠠᠳ ᠲᠦᠮᠡᠨ ᠳᠤ ᠦᠢᠯᠡᠴᠢᠯᠡᠵᠦ ᠠᠮᠤᠷ ᠲᠦᠪᠰᠢᠨ ᠢ ᠲᠡᠷᠢᠬᠦᠨ ᠪᠠᠶᠢᠷᠢᠨ ᠳᠤ ᠲᠠᠯᠪᠢᠵᠦ᠂ ᠤᠯᠠᠨ ᠲᠦᠮᠡᠨ ᠤ ᠴᠠᠬᠢᠯᠭᠠᠨ ᠱᠠᠲᠦᠨ ᠳᠤ ᠰᠠᠭᠤᠬᠤ ᠠᠮᠤᠷ ᠲᠦᠪᠰᠢᠨ ᠪᠤᠯᠤᠨ ᠶᠠᠪᠤᠵᠦ ᠰᠠᠭᠤᠬᠤ ᠳᠤ ᠲᠦᠬᠦᠮ ᠪᠤᠯᠭᠠᠬᠤ ᠶᠢ ᠪᠠᠲᠤᠯᠠᠬᠤ ᠶᠢ ᠠᠵᠢᠯ ᠤᠨ ᠡᠬᠦᠰᠴᠡ ᠪᠤᠯᠤᠨ ᠶᠡᠷᠦᠩᠬᠡᠢ ᠬᠠᠷᠠᠯᠲᠠ ᠪᠤᠯᠭᠠᠵᠦ᠂ ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠬᠠᠷᠢᠶᠠᠲᠦ ᠴᠢᠨᠠᠷ᠂ ᠰᠢᠯᠢᠳᠡᠭ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠪᠠᠷ ᠶᠡᠷᠦᠩᠬᠡᠢ ᠱᠠᠭᠠᠷᠳᠠᠯᠭ᠎ᠠ ᠪᠤᠯᠭᠠᠵᠠᠢ᠃        ᠬᠤᠲᠠ ᠶᠢᠨ ᠬᠦᠭᠵᠢᠯᠲᠡ ᠶᠢ ᠳᠠᠭᠠᠯᠳᠤᠨ᠂ ᠤᠢᠢᠷ᠎ᠠ ᠶᠢᠨ ᠵᠢᠯ ᠳᠤ ᠭᠡᠷ ᠪᠠᠷᠢᠯᠭ᠎ᠠ᠂ ᠤᠷᠤᠨ ᠰᠠᠭᠤᠴᠠ ᠵᠢᠯ ᠠᠴᠠ ᠵᠢᠯ ︽ᠦᠨᠳᠦᠷᠵᠢᠬᠦ︾ ᠬᠠᠨᠳᠤᠰᠢ ᠮᠠᠰᠢ ᠢᠯᠡᠷᠭᠡᠢ ᠪᠤᠯᠵᠦ᠂ ᠴᠠᠬᠢᠯᠭᠠᠨ ᠱᠠᠲᠦ ᠨᠢ ᠨᠢᠭᠡᠨᠲᠡ ᠪᠢᠳᠡᠨ ᠤ ᠠᠮᠢᠳᠤᠷᠠᠯ ᠳᠤᠮᠳᠠᠬᠢ ᠦᠷᠬᠦᠯᠵᠢ ᠬᠡᠷᠡᠭᠯᠡᠭᠳᠡᠬᠦ ᠴᠢᠬᠤᠯᠠ ᠬᠡᠷᠡᠭᠰᠡᠯ ᠪᠤᠯᠵᠠᠢ᠃ ᠡᠭᠦᠨ ᠳᠤ ᠬᠦᠮᠦᠰ ᠤᠨ ᠲᠦᠬᠦᠮ ᠳᠦᠲᠡ ᠠᠮᠢᠳᠤᠷᠠᠯ ᠤᠨ ᠤᠷᠴᠢᠨ ᠲᠤᠭᠤᠷᠢᠨ ᠳᠤ ᠵᠤᠬᠢᠴᠠᠯᠳᠤᠨ ᠲᠠᠰᠬᠤ ᠶᠢᠨ ᠳᠠᠭᠠᠥ᠂ ᠴᠠᠬᠢᠯᠭᠠᠨ ᠱᠠᠲᠦᠨ ᠤ ᠬᠡᠨᠡᠳᠡᠯ ᠴᠤ ᠦᠷᠬᠦᠯᠵᠢ ᠡᠭᠦᠰᠲᠡᠭ ᠪᠤᠯᠵᠠᠢ᠃ ᠪᠦᠷᠢᠳᠭᠡᠯ ᠢ ᠦᠨᠳᠦᠰᠦᠯᠡᠪᠡᠯ᠂ ᠪᠦᠬᠦ ᠤᠯᠤᠰ ᠲᠤ ᠨᠡᠶᠢᠲᠡ 300 ᠲᠦᠮᠡ ᠰᠢᠬᠠᠮ ᠴᠠᠬᠢᠯᠭᠠᠨ ᠱᠠᠲᠦ ᠪᠠᠶᠢᠵᠦ᠂ ᠵᠢᠯ ᠪᠤᠯᠭᠠᠨ 20% ᠶᠢᠨ ᠬᠤᠷᠳᠤᠴᠠ ᠪᠠᠷ ᠨᠡᠮᠡᠭᠳᠡᠨ᠂ ᠤᠢᠢᠷ᠎ᠠ ᠶᠢᠨ 10 ᠵᠢᠯ ᠤᠨ ᠲᠤᠷᠰᠢ ᠵᠢᠯ ᠪᠦᠷᠢ ᠲᠤᠮᠲᠠᠴᠢ ᠪᠠᠷ 40 ᠤᠳᠠᠭᠠᠨ ᠤ ᠴᠠᠬᠢᠯᠭᠠᠨ ᠱᠠᠲᠦᠨ ᠤ ᠬᠡᠨᠡᠳᠡᠯ ᠡᠭᠦᠰᠴᠠᠢ᠃ ᠮᠠᠨ ᠤ ᠤᠯᠤᠰ ᠤᠨ ᠬᠦᠮᠦᠨ ᠠᠮᠠ ᠶᠢᠨ ᠨᠢᠬᠲᠠᠴᠠ ᠶᠡᠭᠡ᠂ ᠴᠠᠬᠢᠯᠭᠠᠨ ᠱᠠᠲᠤ ᠶᠢ ᠬᠡᠷᠡᠭᠯᠡᠬᠦ ᠲᠠᠪᠲᠠᠮᠵᠢ ᠦᠨᠳᠦᠷ᠂ ᠲᠦᠬᠦᠬᠡᠷᠦᠮᠵᠢ ᠶᠢᠨ ᠬᠠᠭᠤᠴᠢᠷᠠᠯ ᠪᠠ ᠰᠡᠬᠦᠯᠴᠢ ᠶᠢᠨ ᠬᠤᠭᠤᠴᠠᠭᠠᠨ ᠤ ᠠᠷᠠᠴᠢᠯᠠᠨ ᠰᠡᠯᠪᠢᠬᠦ ᠠᠵᠢᠯ ᠳᠠᠭᠠᠵᠦ ᠠᠮᠵᠢᠬᠤ ᠦᠬᠡᠢ ᠠᠴᠠ ᠪᠤᠯᠵᠦ᠂ ᠤᠢᠢᠷ᠎ᠠ ᠶᠢᠨ ᠵᠢᠯ ᠳᠤ ᠴᠠᠬᠢᠯᠭᠠᠨ ᠱᠠᠲᠦᠨ ᠤ ᠠᠮᠤᠷ ᠲᠦᠪᠰᠢᠨ ᠤ ᠠᠰᠠᠭᠤᠳᠠᠯ ᠦᠷᠬᠦᠯᠵᠢ ᠡᠬᠦᠰᠴᠦ᠂ ᠴᠠᠬᠢᠯᠭᠠᠨ ᠱᠠᠲᠦᠨ ᠤ ᠠᠰᠠᠭᠤᠳᠠᠯ ᠨᠢ ᠬᠦᠮᠦᠰ ᠤᠨ ᠬᠠᠯᠠᠮᠵᠢᠯᠠᠵᠦ ᠪᠠᠶᠢᠭ᠎ᠠ ᠬᠠᠯᠠᠮᠰᠢᠯ ᠴᠡᠭ ᠪᠤᠯᠵᠠᠢ᠃     ︽ᠡᠨᠡ ᠠᠰᠠᠷ ᠤᠨ ᠭᠡᠷ ᠢ ᠪᠢᠲᠡᠨ ᠳᠤ ᠲᠤᠰᠢᠶᠠᠭᠠᠳ ᠬᠡᠳᠦᠨ ᠵᠢᠯ ᠪᠤᠯᠤᠬᠰᠠᠨ ᠴᠤ ᠴᠠᠬᠢᠯᠭᠠᠨ ᠱᠠᠲᠦ ᠳᠤᠨᠢ ᠵᠢᠩᠬᠢᠨᠢ ᠪᠠᠷ ᠬᠢᠭᠰᠡᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠡᠮᠳᠡᠭᠯᠡᠯ ᠪᠠᠷᠤᠭ ᠦᠬᠡᠢ᠂ ᠴᠠᠬᠢᠯᠭᠠᠨ ᠱᠠᠲᠦᠨ ᠳᠤ ᠰᠠᠭᠤᠬᠤ ᠦᠶᠡᠰ ᠦᠷᠬᠦᠯᠵᠢ ᠬᠡᠯᠪᠡᠯᠵᠠᠵᠦ ᠤᠨᠠᠵᠦ ᠳᠤᠰᠤᠮᠠᠷ ᠲᠦᠷᠦᠭᠳᠡᠯ ᠦᠭᠳᠡᠭ᠃ ᠠᠳᠠᠯ ᠠᠬᠤᠢ ᠶᠢᠨ ᠬᠢᠨ ᠲᠠᠢ ᠬᠠᠷᠢᠯᠴᠠᠬᠰᠠᠨ ᠤ ᠬᠠᠷᠢᠭᠤ ᠳᠤ ︿ᠶᠠᠮᠠᠷ ᠨᠢᠭᠡᠨ ᠤᠴᠢᠷ ᠲᠠᠭᠠᠷᠠᠯᠳᠤᠬᠰᠠᠨ ᠤ ᠲᠠᠷᠠᠭ᠎ᠠ ᠮᠠᠨᠤᠰ ᠲᠠᠢ ᠬᠠᠷᠢᠴᠠᠭᠠᠷᠠᠢ﹀ ᠭᠡᠨ᠎ᠡ᠃ ᠦᠮᠴᠢᠲᠡᠨ ᠴᠠᠬ ᠲᠤᠬᠠᠢ ᠳᠤᠨᠢ ᠠᠳᠠᠯ ᠠᠬᠤᠢ ᠶᠢᠨ ᠰᠦᠢᠳᠭᠡᠯ ᠢᠶᠠᠨ ᠲᠤᠰᠢᠶᠠᠵᠦ ᠪᠠᠶᠢᠳᠠᠯ᠎ᠠ ᠬᠠᠷᠠᠭᠠᠯᠵᠠᠬᠰᠠᠨ ᠦᠢᠯᠡᠴᠢᠯᠡᠭᠡ ᠬᠦᠷᠲᠡᠵᠦ ᠴᠢᠳᠠᠬᠤ ᠦᠬᠡᠢ ᠪᠠᠶᠢᠨ᠎ᠠ᠂ ᠠᠰᠠᠭᠤᠳᠠᠯ ᠭᠠᠷᠬᠤ ᠶᠢ ᠬᠦᠯᠢᠶᠡᠵᠦ ᠰᠠᠭᠤᠬᠤ ᠶᠤᠰᠤ ᠦᠭᠡᠢ ᠪᠢᠵᠡ︖ ᠠᠮᠤᠷ ᠲᠦᠪᠰᠢᠨ ᠤ ᠬᠡᠮ ᠰᠤᠭᠤᠭ ᠦᠨᠡᠨ ᠬᠦ ᠤᠷᠤᠰᠢᠵᠦ ᠪᠠᠶᠢᠨ᠎ᠠ︾ ᠭᠡᠵᠦ ᠬᠦᠬᠡᠬᠤᠲᠠ ᠶᠢᠨ ᠰᠢᠨ᠎ᠠ ᠬᠤᠲᠠ ᠲᠤᠭᠤᠷᠢᠭ ᠤᠨ ᠵᠢᠥᠢ ᠬᠤᠸᠠ ᠰᠠᠭᠤᠭᠠᠯᠢ ᠠᠷᠠᠳ ᠤᠨ ᠲᠤᠭᠤᠷᠢᠭ ᠤᠨ ᠰᠡᠷᠬᠦᠯᠡᠩ ᠲᠤᠰᠬᠠᠵᠦ ᠪᠠᠶᠢᠯ᠎ᠠ᠃     ︽ᠪᠢᠳᠡᠨ ᠤ ᠬᠤᠳᠠᠯᠳᠤᠭᠠᠨ ᠤ ᠠᠰᠠᠷ ᠤᠨ ᠴᠠᠬᠢᠯᠭᠠᠨ ᠱᠠᠲᠦ ᠤᠢᠢᠷ᠎ᠠ ᠳᠤ ᠱᠤᠤᠬᠢᠶᠠᠨ ᠶᠡᠬᠡᠲᠡᠢ ᠪᠤᠯᠵᠦ᠂ ᠶᠠᠮᠡᠷ ᠠᠰᠠᠭᠤᠳᠠᠯ ᠲᠠᠢ ᠪᠤᠯᠤᠬᠰᠠᠨ ᠢ ᠮᠡᠳᠡᠬᠦ ᠦᠬᠡᠢ᠃ ᠠᠳᠠᠯ ᠠᠬᠤᠢ ᠶᠢᠨ ᠬᠢᠨ ᠳᠤ ᠲᠤᠰᠬᠠᠬᠰᠠᠨ ᠳᠤ ᠳᠡᠳᠡ ᠳᠠᠷᠦ᠋ᠢᠬᠠᠨ ᠰᠡᠯᠪᠢᠨ ᠵᠠᠰᠠᠬᠤ ᠲᠤᠰᠬᠠᠢ ᠬᠦᠮᠦᠨ ᠢ ᠳᠠᠭᠤᠳᠠᠨ ᠠᠪᠴᠢᠷᠠᠵᠦ᠂ ᠨᠢᠭᠡ ᠯᠡ ᠴᠠᠬ ᠤᠨ ᠲᠤᠳᠤᠷ᠎ᠠ ᠰᠡᠯᠪᠢᠨ ᠵᠠᠰᠠᠪᠠ᠃ ᠭᠡᠲᠡᠯ᠎ᠡ ᠰᠠᠨᠠᠭᠠᠨ ᠠᠴᠠ ᠭᠠᠳᠠᠭᠤᠷ ᠬᠡᠳᠦᠨ ᠡᠳᠦᠷ ᠪᠤᠯᠤᠬᠰᠠᠨ ᠦᠬᠡᠢ ᠡᠨᠡ ᠬᠦ ᠠᠰᠭᠤᠳᠠᠯ ᠳᠠᠬᠢᠨ ᠢᠯᠡᠷᠡᠵᠦ᠂ ᠠᠳᠠᠯ ᠠᠬᠤᠢ ᠶᠢᠨ ᠬᠢᠨ ᠲᠠᠢ ᠳᠠᠬᠢᠨ ᠬᠠᠷᠢᠯᠴᠡᠵᠦ ᠰᠢᠢᠳᠪᠦᠷᠢᠯᠡᠬᠦ ᠶᠢ ᠬᠦᠰᠡᠭᠰᠡᠨ ᠳᠤ ᠳᠡᠳᠡ ᠲᠦᠷᠦᠭᠦᠭᠡᠨ ᠬᠦᠮᠦᠨ ᠳᠠᠭᠤᠳᠠᠵᠦ ᠵᠠᠰᠠᠵᠦ ᠦᠩᠭᠡᠷᠡᠭᠰᠡᠨ ᠬᠡᠳ ᠬᠤᠶᠢᠰᠢ ᠲᠦᠯᠬᠢᠯ᠎ᠡ︾ ᠭᠡᠵᠦ ᠬᠦᠬᠡᠬᠤᠲᠠ ᠶᠢᠨ ᠮᠦᠸᠧ ᠡᠯ ᠬᠤᠳᠠᠯᠳᠤᠭᠠᠨ ᠤ ᠠᠰᠠᠷ ᠤᠨ ᠬᠤᠪᠴᠠᠰᠤᠨ ᠤ ᠳᠡᠯᠬᠡᠬᠦᠷ ᠤᠨ ᠡᠵᠡᠩᠨᠡᠭᠴᠢ ᠰᠢᠶᠤᠤ ᠯᠢ ᠬᠡᠯᠡᠵᠦ ᠪᠠᠶᠢᠯ᠎ᠠ        ᠁     2018 ᠤᠨ ᠤ 11 ᠰᠠᠷ᠎ᠠ ᠶᠢᠨ 19 ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ︽ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠨᠡᠶᠢᠲᠡᠯᠡᠵᠦ᠂ ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠬᠠᠷᠢᠶᠠᠲᠦ ᠴᠢᠨᠠᠷ᠂ ᠰᠢᠯᠢᠳᠡᠭ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠠᠵᠢᠯᠯᠠᠭ᠎ᠠ ᠶᠢ ᠡᠬᠢᠯᠡᠭᠦᠯᠪᠡ᠃           ᠴᠠᠬᠢᠯᠭᠠᠨ ᠱᠠᠲᠦᠨ ᠤ ᠠᠰᠠᠭᠤᠳᠠᠯ ᠳᠤ ᠠᠪᠤᠬᠰᠠᠨ ᠦᠨᠳᠦᠰᠦᠨ ᠵᠠᠷᠴᠢᠮᠬᠠᠥᠯᠢ ᠶᠤᠰᠤᠭᠠᠷ ᠬᠢᠨᠠᠯᠲᠠ ᠬᠠᠮᠢᠶᠠᠷᠤᠯᠲᠠ ᠬᠢᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠬᠠᠮᠢᠶ᠎ᠠ ᠪᠦᠬᠦᠢ ᠬᠠᠥᠯᠢ ᠴᠠᠭᠠᠵᠠ ᠬᠠᠥᠯᠢ ᠲᠤᠬᠲᠠᠭᠠᠯ ᠪᠤᠯᠤᠨ ᠪᠠᠷᠢᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠬᠠᠥᠯᠢ ᠳᠤ ᠲᠤᠬᠲᠠᠭᠠᠬᠰᠠᠨ ᠠᠯᠬᠤᠮ ᠳᠠᠷᠠᠭᠠᠯᠠᠯ ᠢᠶᠠᠷ ᠤᠷᠤᠨ ᠨᠤᠳᠤᠭ ᠤᠨ ᠴᠢᠨᠠᠷ ᠲᠠᠢ ᠬᠠᠥᠯᠢ ᠳᠦᠷᠢᠮ ᠳᠤ ᠵᠠᠰᠠᠪᠤᠷᠢ ᠤᠷᠤᠭᠤᠯᠤᠨ ᠲᠡᠬᠦᠯᠳᠡᠷᠵᠢᠬᠦᠯᠵᠦ᠂ ᠬᠠᠥᠯᠢᠵᠢᠯ ᠤᠨ ᠰᠡᠳᠬᠢᠬᠦᠢ ᠪᠤᠯᠤᠨ ᠬᠠᠥᠯᠢᠵᠢᠯ ᠤᠨ ᠠᠷᠭ᠎ᠠ ᠮᠠᠶ᠋ᠢᠭ ᠢ ᠬᠦᠢᠴᠡᠳ ᠠᠰᠢᠬᠯᠠᠵᠦ᠂ ᠴᠠᠬᠢᠯᠭᠠᠨ ᠱᠠᠲᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠨᠢᠬᠦᠯᠵᠦ᠂ ᠡᠷᠭᠡ ᠬᠠᠷᠢᠭᠤᠴᠠᠯᠭ᠎ᠠ ᠶᠢᠨ ᠨᠢᠭᠡᠲᠦᠯ ᠢ ᠪᠡᠶᠡᠯᠡᠬᠦᠯᠵᠦ᠂ ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠦᠷᠢᠮᠵᠢᠬᠦᠯᠬᠦ᠂ ᠬᠠᠥᠯᠢᠵᠢᠭᠤᠯᠬᠤ ᠶᠢ ᠠᠬᠢᠭᠤᠯᠤᠨ᠎ᠠ᠃     ᠦᠭᠡᠷᠡᠴᠢᠯᠡᠯᠲᠡ ᠶᠢ ᠬᠦᠨᠵᠡᠬᠡᠶᠢᠷᠡᠬᠦᠯᠵᠦ ᠢᠳᠡᠪᠬᠢᠲᠡᠢ ᠪᠠᠷ ᠰᠢᠨ᠎ᠡ ᠶᠢ ᠡᠬᠦᠳᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠬᠢᠨᠠᠨ ᠬᠠᠮᠢᠶᠠᠷᠬᠤ ᠬᠡᠪ ᠵᠠᠬᠪᠤᠷ ᠢ ᠰᠢᠨᠠᠴᠢᠯᠠᠵᠦ᠂ ᠵᠠᠬ᠎ᠠ ᠳᠡᠯᠭᠡᠬᠦᠷ ᠤᠨ ᠲᠤᠬᠲᠠᠴᠠ ᠶᠢᠨ ᠦᠢᠯᠡᠳᠦᠯ ᠪᠤᠯᠤᠨ ᠡᠯ᠎ᠡ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠬᠡᠷᠡᠭ ᠤᠨ ᠳᠤᠮᠲᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠴᠠᠬᠢᠯᠭᠠᠨ ᠱᠠᠲᠦ ᠦᠢᠯᠡᠳᠪᠦᠷᠢᠯᠡᠬᠦ ︵ᠲᠦᠰᠦᠪᠯᠡᠬᠦ᠂ ᠦᠢᠯᠡᠳᠬᠦ᠂ ᠤᠬᠰᠠᠷᠠᠬᠤ᠂ ᠦᠭᠡᠷᠡᠴᠢᠯᠡᠬᠦ᠂ ᠵᠠᠰᠠᠬᠤ︶᠂ ᠡᠵᠡᠩᠨᠡᠬᠦ᠂ ᠬᠡᠷᠡᠭᠯᠡᠬᠦ᠂ ᠠᠷᠠᠴᠢᠯᠠᠬᠤ᠂ ᠬᠢᠨᠠᠨ ᠰᠢᠯᠭᠠᠬᠤ ᠵᠡᠷᠭᠡ ᠠᠵᠢᠯ ᠤᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠠᠬᠢᠭᠤᠯᠤᠨ᠎ᠠ᠃     ᠤᠯᠠᠨ ᠡᠰᠢᠴᠢᠯᠡᠨ ᠬᠠᠮᠳᠦ ᠪᠠᠷ ᠵᠠᠰᠠᠵᠦ᠂ ᠬᠠᠮᠳᠦ ᠪᠠᠷ ᠠᠳᠬᠤᠨ ᠬᠠᠮᠳᠦ ᠪᠠᠷ ᠬᠠᠮᠢᠶᠠᠷᠬᠤ ᠶᠢ ᠬᠡᠷᠡᠭᠵᠢᠬᠦᠯᠦᠨ᠎ᠠ᠃ ᠴᠠᠬᠢᠯᠭᠠᠨ ᠱᠠᠲᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠡᠯ᠎ᠡ ᠬᠠᠮᠢᠶ᠎ᠠ ᠪᠦᠬᠦᠢ ᠲᠠᠯ᠎ᠠ ᠶᠢᠨ ᠬᠢᠨ ᠤ ᠦᠢᠯᠡᠳᠦᠯ ᠢ ᠪᠠᠳᠠᠷᠠᠭᠤᠯᠵᠦ᠂ ᠬᠠᠮᠢᠶ᠎ᠠ ᠪᠦᠬᠦᠢ ᠲᠠᠯ᠎ᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠤᠷᠲᠦᠨ ᠤ ᠨᠢᠭᠡᠲᠦᠯᠲᠡᠢ ᠤᠳᠤᠷᠢᠳᠤᠯᠭ᠎ᠠ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠠᠥᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ᠂ ᠬᠢᠨᠠᠨ ᠰᠢᠯᠭᠠᠬᠤ ᠪᠠᠶᠢᠭᠤᠯᠤᠮᠵᠢ ᠶᠢᠨ ᠮᠡᠷᠭᠡᠵᠢᠯ ᠤᠨ ᠲᠤᠯᠭᠠᠭᠤᠷᠢᠯᠠᠯ᠂ ᠠᠵᠦ ᠠᠬᠤᠢᠢᠯᠠᠯ ᠤᠨ ᠦᠨᠡᠨᠴᠢ ᠢᠲᠡᠭᠡᠮᠵᠢᠲᠠᠢ᠂ ᠨᠡᠶᠢᠬᠡᠮ ᠤᠨ ᠤᠷᠤᠯᠴᠠᠯᠭ᠎ᠠ ᠪᠤᠯᠤᠨ ᠬᠢᠨᠠᠯᠲᠠ ᠬᠠᠮᠢᠶᠠᠷᠤᠯᠲᠠ ᠶᠢ ᠬᠠᠮᠳᠦ ᠪᠠᠷ ᠠᠳᠬᠤᠵᠦ ᠬᠠᠮᠳᠦ ᠪᠠᠷ ᠬᠠᠮᠢᠶᠠᠷᠬᠤ ᠰᠢᠨ᠎ᠠ ᠪᠠᠶᠢᠷᠢᠰᠢᠯ ᠢ ᠪᠦᠷᠢᠯᠳᠦᠬᠦᠯᠦᠨ᠎ᠡ᠃     ᠠᠰᠠᠭᠤᠳᠠᠯ ᠢᠶᠠᠷ ᠤᠳᠤᠷᠢᠳᠤᠮᠵᠢ ᠪᠤᠯᠭᠠᠵᠦ ᠠᠮᠤᠷ ᠲᠦᠪᠰᠢᠨ ᠢ ᠪᠠᠲᠤᠯᠠᠨ᠎ᠠ    ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠵᠦᠪᠰᠢᠶᠡᠷᠡᠯ᠂ ᠬᠢᠨᠠᠨ ᠰᠢᠯᠭᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ᠂ ᠨᠡᠶᠢᠬᠡᠮ ᠤᠨ ᠬᠢᠨᠠᠯᠲᠠ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠠᠷᠭ᠎ᠠ ᠠᠪᠴᠠᠯ ᠢ ᠶᠡᠷᠦᠩᠬᠡᠶᠢᠯᠡᠨ ᠠᠰᠢᠬᠯᠠᠵᠦ᠂ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ᠂ ᠬᠠᠮᠠᠭᠠᠯᠠᠬᠤ ᠵᠡᠷᠭᠡ ᠴᠠᠬᠢᠯᠭᠠᠨ ᠱᠠᠲᠦ ᠶᠢᠨ ᠠᠵᠦ ᠠᠬᠤᠢᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠬᠦᠯᠵᠦ᠂ ᠪᠦᠬᠦ ᠲᠠᠯ᠎ᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠴᠠᠬᠢᠯᠭᠠᠨ ᠱᠠᠲᠦ ᠶᠢᠨ ᠠᠵᠦ ᠠᠬᠤᠢᠢᠯᠠᠯ ᠤᠨ ᠲᠡᠷᠢᠬᠦᠨ ᠤ ᠪᠠᠷᠢᠮᠵᠢᠶ᠎ᠡ᠂ ᠳᠤᠲᠤᠭᠠᠳᠦ ᠡᠵᠡᠮᠲᠡᠯ ᠤᠨ ᠪᠠᠷᠢᠮᠵᠢᠶ᠎ᠡ ᠶᠢ ᠳᠡᠭᠡᠭᠰᠢᠯᠡᠬᠦᠯᠬᠦ᠂ ᠤᠬᠢ ᠰᠢᠯᠢᠳᠡᠭ ᠦᠢᠯᠡᠳᠬᠦᠨ ᠢ ᠦᠢᠯᠡᠳᠪᠦᠷᠢᠯᠡᠨ᠂ ᠤᠬᠢ ᠰᠢᠯᠢᠳᠡᠭ ᠦᠢᠯᠡᠴᠢᠯᠡᠭᠡ ᠬᠠᠩᠭᠠᠬᠤ ᠶᠢ ᠵᠤᠷᠢᠬᠵᠢᠭᠤᠯᠬᠤ ᠪᠠ ᠬᠦᠲᠦᠯᠦᠨ ᠵᠢᠯᠤᠭᠤᠳᠤᠨ᠎ᠠ      ᠬᠠᠥᠯᠢ ᠳᠤ ᠨᠡᠶᠢᠴᠡᠭᠰᠡᠨ᠂ ᠠᠮᠤᠷ ᠲᠦᠪᠰᠢᠨ᠂ ᠡᠷᠭᠡ ᠲᠡᠭᠰᠢ᠂ ᠬᠡᠷᠡᠭᠵᠢᠬᠦᠯᠦᠰᠢᠲᠡᠢ ᠵᠠᠷᠴᠢᠮ ᠢᠶᠠᠷ ᠴᠠᠬᠢᠯᠭᠠᠨ ᠱᠠᠲᠦ ᠤᠬᠰᠠᠷᠠᠬᠤ ᠤᠷᠤᠨ ᠰᠠᠭᠤᠴᠠ ᠳᠠᠬᠢ ᠤᠬᠰᠠᠷᠠᠬᠤ ᠠᠵᠢᠯ ᠢ ᠲᠤᠬᠲᠠᠭᠤᠨ ᠢᠶᠠᠷ ᠠᠬᠢᠭᠤᠯᠵᠦ᠂ ᠤᠯᠠᠨ ᠲᠦᠮᠡᠨ ᠳᠤ ᠬᠠᠮᠢᠶ᠎ᠠ ᠪᠦᠬᠦᠢ ᠭᠠᠷ ᠬᠦᠢᠴᠡᠳᠭᠡᠯ ᠢ ᠢᠳᠡᠪᠬᠢᠲᠡᠢ ᠪᠠᠷ ᠬᠦᠢᠴᠡᠳᠭᠡᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠬᠦ ᠱᠠᠭᠠᠷᠳᠠᠯᠭ᠎ᠠ ᠶᠢ ᠬᠠᠩᠭᠠᠨ᠎ᠠ᠃ ᠰᠢᠨᠵᠢᠯᠡᠬᠦ ᠤᠬᠠᠭᠠᠨᠴᠢ ᠪᠠᠷ ᠰᠤᠳᠤᠯᠤᠨ ᠲᠤᠭᠲᠠᠭᠠᠬᠤ ᠪᠤᠯᠤᠨ ᠬᠡᠷᠡᠭᠵᠢᠬᠦᠯᠦᠰᠢᠲᠡᠢ ᠰᠤᠳᠤᠯᠭᠠᠨ ᠢ ᠴᠢᠩᠭᠠᠳᠬᠠᠵᠦ᠂ ᠤᠷᠤᠨ ᠰᠠᠭᠤᠴᠠ ᠶᠢᠨ ᠴᠠᠬᠢᠯᠭᠠᠨ ᠱᠠᠲᠦ ᠤᠬᠰᠠᠷᠠᠬᠤ ᠳᠤ ᠬᠤᠯᠪᠤᠬᠳᠠᠵᠦ ᠮᠡᠳᠡᠬᠦ ᠪᠠᠷᠢᠯᠭ᠎ᠠ ᠶᠢᠨ ᠠᠮᠤᠷ ᠲᠦᠪᠰᠢᠨ᠂ ᠬᠦᠷᠰᠢ ᠵᠡᠷᠭᠡᠯᠡᠳᠡᠭᠡ ᠶᠢᠨ ᠬᠠᠷᠢᠴᠠᠭ᠎ᠠ᠂ ᠤᠯᠠᠨ ᠨᠡᠶᠢᠲᠡ ᠶᠢᠨ ᠠᠰᠢᠭ ᠲᠤᠰᠠ ᠵᠡᠷᠭᠡ ᠡᠯ᠎ᠡ ᠲᠦᠷᠦᠯ ᠤᠨ ᠠᠮᠢ ᠨᠠᠰᠦ ᠡᠳ᠋ ᠬᠦᠷᠦᠩᠬᠡ ᠶᠢᠨ ᠠᠮᠤᠷ ᠲᠦᠪᠰᠢᠨ ᠪᠤᠯᠤᠨ ᠨᠡᠶᠢᠬᠡᠮ ᠤᠨ ᠲᠤᠭᠲᠠᠭᠤᠨ ᠢ ᠨᠦᠯᠦᠭᠡᠯᠡᠬᠦ ᠠᠶᠤᠯ ᠲᠦᠭᠰᠢᠬᠦᠷᠢ ᠠᠴᠠ ᠦᠨᠡᠨ ᠬᠦ ᠵᠠᠶᠢᠯᠠᠰᠬᠢᠬᠤ ᠶᠢ ᠪᠡᠶᠡᠯᠡᠬᠦᠯᠦᠨ᠎ᠡ᠃     ᠴᠠᠬᠢᠯᠭᠠᠨ ᠱᠠᠲᠤᠨ ᠤ ᠠᠮᠤᠷ ᠲᠦᠪᠰᠢᠨ ᠤ ᠬᠡᠮ ᠰᠤᠭᠤᠭ ᠢ ᠪᠠᠶᠢᠴᠠᠭᠠᠨ ᠠᠷᠢᠯᠭᠠᠬᠤ ᠪᠠ ᠰᠢᠨᠡᠳᠬᠡᠨ ᠦᠭᠡᠷᠡᠴᠢᠯᠡᠬᠦ ᠡᠷᠴᠢᠮ ᠢ ᠴᠢᠩᠭᠠᠷᠠᠭᠤᠯᠤᠨ᠎ᠠ᠃ ᠴᠠᠬᠢᠯᠭᠠᠨ ᠱᠠᠲᠦᠨ ᠤ ᠠᠮᠤᠷ ᠲᠦᠪᠰᠢᠨ ᠤ ᠬᠡᠮ ᠰᠤᠭᠤᠭ ᠢ ᠪᠠᠶᠢᠴᠠᠭᠠᠨ ᠠᠷᠢᠯᠭᠠᠬᠤ ᠡᠷᠴᠢᠮ ᠢ ᠴᠢᠩᠭᠠᠷᠠᠭᠤᠯᠵᠦ᠂ ᠠᠳᠠᠯ ᠠᠬᠤᠢ ᠶᠢᠨ ᠬᠠᠮᠢᠶᠠᠷᠤᠯᠲᠠ ᠦᠭᠡᠢ᠂ ᠵᠠᠰᠠᠨ ᠰᠡᠯᠪᠢᠵᠦ ᠠᠷᠠᠴᠢᠯᠠᠬᠤ ᠦᠭᠡᠢ ᠪᠠ ᠵᠠᠰᠠᠨ ᠰᠡᠯᠪᠢᠬᠦ ᠪᠡᠯᠡ ᠮᠦᠩᠬᠦ ᠦᠭᠡᠢ ︽ᠭᠤᠷᠪᠠ ᠦᠬᠡᠢ ᠴᠠᠬᠢᠯᠭᠠᠨ ᠱᠠᠲᠤ︾ ᠵᠢᠴᠢ ᠬᠦᠨᠳᠦ ᠶᠡᠭᠡ ᠠᠮᠤᠷ ᠲᠦᠪᠰᠢᠨ ᠤ ᠬᠡᠮ ᠰᠤᠭᠤᠭ ᠲᠠᠢ ᠴᠠᠬᠢᠯᠭᠠᠨ ᠱᠠᠲᠦ ᠶᠢ ᠱᠠᠯᠠᠪᠳᠠᠭᠤᠯᠤᠨ ᠪᠠᠶᠢᠴᠠᠭᠠᠵᠦ᠂ ᠬᠡᠷᠡᠭ ᠤᠨ ᠬᠡᠮ ᠰᠤᠭᠤᠭ ᠢ ᠴᠠᠭ ᠲᠤᠬᠠᠢ ᠳᠤᠨᠢ ᠢᠯᠡᠷᠡᠬᠦᠯᠵᠦ᠂ ᠴᠠᠬ ᠲᠤᠬᠠᠢ ᠳᠤᠨᠢ ᠠᠷᠢᠯᠭᠠᠬᠤ ᠠᠵᠢᠯ ᠤᠨ ᠲᠤᠬᠲᠠᠴᠠ ᠶᠢ ᠪᠠᠶᠢᠭᠤᠯᠤᠨ᠎ᠠ᠃     ᠬᠠᠭᠤᠴᠢᠨ ᠤᠷᠤᠨ ᠰᠠᠭᠤᠴᠠ ᠶᠢᠨ ᠴᠠᠬᠢᠯᠭᠠᠨ ᠱᠠᠲᠦ ᠶᠢ ᠰᠢᠨᠡᠴᠢᠯᠡᠨ ᠰᠠᠶᠢᠵᠢᠷᠠᠭᠤᠯᠵᠦ ᠶᠡᠭᠡ ᠬᠡᠮᠵᠢᠶ᠎ᠡ ᠪᠠᠷ ᠵᠠᠰᠠᠨ ᠰᠡᠯᠪᠢᠬᠦ ᠠᠵᠢᠯ ᠢ ᠢᠳᠡᠪᠬᠢᠲᠡᠢ ᠠᠬᠢᠭᠤᠯᠵᠦ᠂ ᠠᠮᠤᠷ ᠲᠦᠪᠰᠢᠨ ᠢ ᠦᠨᠡᠯᠡᠨ ᠲᠤᠬᠲᠠᠭᠠᠬᠤ ᠲᠤᠬᠲᠠᠴᠠ ᠶᠢ ᠪᠠᠶᠢᠭᠤᠯᠤᠨ᠎ᠠ᠃ ᠪᠠᠶᠢᠳᠠᠯ ᠪᠠᠴᠢᠮ ᠦᠶᠡᠰ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠲᠦᠷᠢᠮ︾ ᠤᠨ ᠵᠢᠷᠠᠨ ᠲᠦᠷᠪᠡᠳᠦᠬᠡᠷ ᠵᠦᠢᠯ ᠤᠨ ᠲᠤᠭᠲᠠᠭᠠᠯ ᠢ ᠦᠨᠳᠦᠰᠦᠯᠡᠵᠦ᠂ ᠤᠷᠤᠨ ᠰᠠᠭᠤᠴᠠ ᠳᠤ ᠬᠡᠷᠡᠭᠯᠡᠬᠦ ᠲᠤᠰᠬᠠᠢ ᠲᠦᠷᠦᠯ ᠤᠨ ᠰᠡᠯᠪᠢᠨ ᠵᠠᠰᠠᠬᠤ ᠪᠡᠯᠡ ᠮᠦᠩᠬᠦ ᠶᠢ ᠰᠢᠭᠤᠳ ᠭᠤᠶᠤᠴᠢᠯᠠᠨ᠎ᠠ᠃     ᠬᠡᠷᠡᠭᠯᠡᠭᠡᠨ ᠤ ᠬᠠᠮᠢᠶᠠᠷᠤᠯᠲᠠ ᠪᠤᠯᠤᠨ ᠰᠡᠯᠪᠢᠨ ᠵᠠᠰᠠᠵᠦ ᠠᠷᠠᠴᠢᠯᠠᠬᠤ ᠬᠡᠯᠪᠡᠷᠢ ᠶᠢ ᠰᠠᠶᠢᠵᠢᠷᠠᠭᠤᠯᠤᠨ᠎ᠠ᠃ ︽ᠴᠠᠬᠢᠯᠭᠠᠨ ᠱᠠᠲᠦᠨ ᠤ ᠲᠦᠬᠦᠭᠡᠷᠦᠮᠵᠢ + ᠠᠷᠠᠴᠢᠯᠠᠨ ᠰᠡᠯᠪᠢᠬᠦ ᠦᠢᠯᠡᠴᠢᠯᠡᠭᠡ︾ ᠶᠢᠨ ᠨᠢᠬᠡ ᠴᠤᠬᠴᠠᠴᠢᠯᠠᠬᠰᠠᠨ ᠬᠤᠳᠠᠯᠳᠤᠨ ᠠᠪᠬᠤ ᠵᠠᠬᠪᠤᠷ ᠢ ᠲᠡᠯᠭᠡᠷᠡᠭᠦᠯᠦᠨ ᠬᠡᠷᠡᠭᠵᠢᠭᠦᠯᠵᠦ᠂ ᠲᠤᠰᠬᠠᠢᠢᠵᠢᠬᠰᠠᠨ ᠬᠡᠪᠴᠢᠶᠡᠵᠢᠭᠰᠡᠨ ᠴᠠᠬᠢᠯᠭᠠᠨ ᠱᠠᠲᠦ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠦᠪᠡᠭᠴᠢᠯᠡᠨ᠎ᠡ᠃ ᠮᠦᠷᠳᠡᠬᠦ ᠰᠢᠰᠲ᠋ᠧᠮ ᠪᠤᠯᠤᠨ ᠴᠠᠬᠢᠯᠭᠠᠨ ᠱᠠᠲᠦᠨ ᠤ ᠪᠠᠴᠢᠮ ᠪᠠᠶᠢᠲᠠᠯ ᠢ ᠠᠷᠭᠠᠴᠠᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠡ᠃ ᠬᠡᠮᠳᠦᠯ ᠡᠬᠦᠰᠦᠭᠰᠡᠨ ᠨᠤᠷᠮ᠎ᠠ᠂ ᠬᠡᠷᠡᠭᠯᠡᠬᠡᠨ ᠤ ᠠᠮᠢ ᠨᠠᠰᠤ ᠪᠠᠷ ᠭᠤᠤᠯ ᠵᠢᠭᠠᠯᠲᠠ ᠲᠤᠭ᠎ᠠ ᠪᠤᠯᠭᠠᠬᠰᠠᠨ ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠯᠡᠬᠦ ᠰᠢᠰᠲ᠋ᠧᠮ ᠢ ᠪᠠᠶᠢᠭᠤᠯᠵᠦ᠂ ᠪᠦᠬᠦ ᠶᠠᠪᠤᠴᠠ ᠶᠢᠨ ᠮᠡᠲᠡᠭᠡ ᠵᠠᠩᠬᠢ ᠶᠢᠨ ᠳᠡᠮᠳᠡᠭᠯᠡᠯ ᠢ ᠪᠠᠶᠢᠭᠤᠯᠵᠦ᠂ ᠴᠠᠬᠢᠯᠭᠠᠨ ᠱᠠᠲᠦᠨ ᠤ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠦᠷᠲᠡᠬᠦ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠬᠦᠯᠵᠦ᠂ ᠠᠰᠠᠭᠤᠳᠠᠯ ᠢ ᠪᠠᠶᠢᠴᠠᠭᠠᠵᠦ ᠪᠤᠯᠬᠤ᠂ ᠬᠠᠷᠢᠭᠤᠴᠠᠯᠭ᠎ᠠ ᠶᠢ ᠨᠡᠭᠡᠮᠵᠢᠯᠡᠵᠦ ᠲᠡᠶᠢᠯᠬᠦ ᠶᠢ ᠪᠡᠶᠡᠯᠡᠬᠦᠯᠦᠨ᠎ᠡ᠃          ᠤᠳᠤᠬᠢᠴᠢᠯᠠᠬᠰᠠᠨ ᠮᠡᠷᠭᠡᠵᠢᠯ ᠳᠤ ᠲᠦᠰᠢᠭᠯᠡᠨ ᠪᠠᠴᠢᠮ ᠪᠠᠶᠢᠳᠠᠯ ᠢ ᠠᠷᠭᠠᠴᠠᠨ᠎ᠠ     ᠲᠤᠮᠤ ᠳ᠋ᠠᠶᠢᠲ᠋ᠠ᠂ ᠪᠠᠷᠠᠭ᠎ᠠ ᠶᠢᠨ ᠰᠦᠯᠵᠢᠶ᠎ᠡ ᠵᠡᠷᠭᠡ ᠮᠡᠲᠡᠭᠡ ᠵᠠᠩᠬᠢ ᠶᠢᠨ ᠮᠡᠷᠭᠡᠵᠢᠯ ᠢ ᠠᠰᠢᠬᠯᠠᠵᠦ᠂ ᠴᠠᠬᠢᠯᠭᠠᠨ ᠱᠠᠲᠦ ᠶᠢᠨ ᠪᠠᠴᠢᠮ ᠪᠠᠶᠢᠳᠠᠯ ᠢ ᠠᠷᠭᠠᠴᠠᠬᠤ ᠲᠦᠪᠬᠢᠨᠡᠬᠦᠯᠬᠦ ᠲᠡᠪᠴᠡᠩ ᠢ ᠲᠤᠬᠠᠢ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠳᠤ ᠪᠤᠳᠤᠨ ᠤᠷᠤᠭᠤᠯᠵᠦ᠂ ᠴᠠᠬᠢᠯᠭᠠᠨ ᠱᠠᠲᠦᠨ ᠤ ᠠᠪᠤᠷᠠᠨ ᠲᠤᠰᠠᠯᠠᠬᠤ ᠨᠡᠪᠲᠡᠷᠡᠯᠴᠡᠭᠡ ᠰᠠᠭᠠᠳ ᠦᠬᠡᠢ ᠪᠠᠶᠢᠬᠤ ᠶᠢ ᠪᠠᠲᠤᠯᠠᠨ᠎ᠠ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠲᠠᠴᠠ ᠶᠢ ᠳᠡᠬᠦᠯᠳᠡᠷᠵᠢᠬᠦᠯᠵᠦ᠂ ᠮᠡᠲᠡᠭᠡ ᠵᠠᠩᠬᠢᠵᠢᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠵᠦ᠂ ᠪᠦᠬᠦ ᠤᠷᠤᠨ ᠤ ᠴᠠᠬᠢᠯᠭᠠᠨ ᠱᠠᠲᠦᠨ ᠤ ᠲᠤᠤᠷᠴᠢᠯᠠᠬᠰᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠬᠦᠯᠦᠨ᠎ᠡ᠃     ᠴᠠᠬᠢᠯᠭᠠᠨ ᠱᠠᠲᠦ ᠶᠢ ᠰᠡᠯᠪᠢᠨ ᠵᠠᠰᠠᠬᠤ ᠶᠠᠰᠤ ᠴᠢᠨᠠᠷ ᠤᠨ ᠬᠢᠨᠠᠯᠲᠠ ᠲᠠᠯᠪᠢᠬᠤ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠦ᠂ ᠵᠢᠯ ᠪᠤᠯᠭᠠᠨ ᠠᠳᠠᠭ ᠲᠠᠭᠠᠨ ᠬᠤᠶᠠᠷ ᠤᠳᠠᠭ᠎ᠠ ᠴᠠᠬᠢᠯᠭᠠᠨ ᠱᠠᠲᠦᠨ ᠤ ᠠᠮᠤᠷ ᠲᠦᠪᠰᠢᠨ ᠤ ᠲᠤᠰᠬᠠᠢ ᠲᠦᠷᠦᠯ ᠤᠨ ᠪᠠᠶᠢᠴᠠᠭᠠᠯᠲᠠ ᠶᠢ ᠦᠷᠨᠢᠬᠦᠯᠵᠦ᠂ ᠬᠠᠥᠯᠢ ᠲᠤᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠬᠠᠥᠯᠢ ᠪᠠᠷ ᠪᠠᠶᠢᠴᠠᠭᠠᠨ ᠰᠢᠢᠳᠭᠡᠨ᠎ᠡ᠃ ᠴᠠᠬᠢᠯᠭᠠᠨ ᠱᠠᠲᠦ ᠶᠢ ᠪᠠᠶᠢᠴᠠᠭᠠᠨ ᠲᠤᠳᠤᠯᠠᠬᠤ᠂ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠦ᠂ ᠤᠯᠤᠰ ᠤᠨ ᠴᠠᠬᠢᠯᠭᠠᠨ ᠱᠠᠲᠦᠨ ᠤ ᠠᠮᠤᠷ ᠲᠦᠪᠰᠢᠨ ᠤ ᠬᠠᠥᠯᠢ ᠳᠦᠷᠢᠮ ᠬᠠᠥᠯᠢ ᠲᠤᠬᠲᠠᠭᠠᠯ᠂ ᠮᠡᠷᠭᠡᠵᠢᠯ ᠤᠨ ᠵᠢᠷᠤᠮᠵᠢᠯ ᠵᠡᠷᠬᠡ ᠶᠢᠨ ᠲᠤᠬᠢᠷᠠᠭᠤᠯᠤᠯᠲᠠ ᠶᠤᠰᠤᠭᠠᠷ᠂ ᠴᠠᠭ ᠲᠤᠬᠠᠢ ᠳᠤᠨᠢ ᠦᠪᠡᠷᠲᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠯᠲᠠ᠂ ᠲᠤᠬᠲᠠᠬᠰᠠᠨ ᠬᠤᠭᠤᠴᠠᠭᠠᠨ ᠳᠤ ᠪᠠᠶᠢᠴᠠᠭᠠᠨ ᠲᠤᠳᠤᠯᠠᠬᠤ ᠠᠭᠤᠯᠭ᠎ᠠ ᠪᠤᠯᠤᠨ ᠲᠤᠬᠲᠠᠬᠰᠠᠨ ᠬᠤᠭᠤᠴᠠᠭᠠᠨ ᠳᠤ ᠪᠠᠶᠢᠴᠠᠭᠠᠨ ᠲᠤᠳᠤᠯᠠᠬᠤ ᠦᠶᠡᠯᠡᠯ ᠤᠨ ᠬᠤᠭᠤᠴᠠᠭᠠᠨ ᠳᠤ ᠲᠤᠬᠢᠷᠠᠭᠤᠯᠤᠯᠲᠠ ᠬᠢᠵᠦ᠂ ᠤᠯᠤᠰ ᠤᠨ ᠨᠢᠭᠡᠲᠦᠯᠲᠡᠢ ᠲᠤᠬᠲᠠᠭᠠᠯ ᠶᠤᠰᠤᠭᠠᠷ ᠪᠠᠶᠢᠴᠠᠭᠠᠯᠲᠠ ᠬᠢᠵᠦ᠂ ᠨᠦᠬᠦᠴᠡᠯ ᠳᠤ ᠨᠡᠶᠢᠴᠡᠭᠰᠡᠨ ᠰᠡᠯᠪᠢᠨ ᠵᠠᠰᠠᠬᠤ ᠨᠢᠭᠡᠴᠢ ᠶᠢᠨ ᠦᠪᠡᠰᠦᠪᠡᠨ ᠵᠠᠰᠠᠨ ᠰᠡᠯᠪᠢᠵᠦ ᠪᠠᠶᠢᠴᠠᠭᠠᠬᠤ ᠶᠢ ᠵᠦᠪᠰᠢᠶᠡᠷᠡᠵᠦ᠂ ᠴᠢᠨᠠᠬᠰᠢᠯᠠᠨ ᠵᠤᠷᠢᠬᠵᠢᠭᠤᠯᠤᠨ ᠳᠡᠮᠵᠢᠨ᠎ᠡ᠃          ᠴᠠᠬᠢᠯᠭᠠᠨ ᠱᠠᠲᠦᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ     ᠴᠠᠬᠢᠯᠭᠠᠨ ᠱᠠᠲᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠬᠦᠨ ᠳᠤ᠂ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠨᠢᠭᠡᠴᠢ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠴᠠᠬᠢᠯᠭᠠᠨ ᠱᠠᠲᠦ ᠬᠡᠷᠡᠭᠯᠡᠬᠦ ᠬᠠᠮᠢᠶᠠᠷᠤᠯᠲᠠ ᠶᠢᠨ ᠬᠠᠷᠢᠭᠤᠴᠠᠯᠭᠠᠲᠦ ᠨᠢᠭᠡᠴᠢ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠴᠠᠬᠢᠯᠭᠠᠨ ᠱᠠᠲᠦ ᠶᠢ ᠰᠡᠯᠪᠢᠨ ᠵᠠᠰᠠᠬᠤ ᠠᠵᠦ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠬᠦᠨ ᠤ ᠬᠠᠮᠲᠦ᠂ ᠵᠠᠰᠠᠨ ᠰᠡᠯᠪᠢᠬᠦ ᠬᠦᠮᠦᠰ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠬᠦᠮᠦᠵᠢᠯ ᠢ ᠴᠢᠩᠭᠠᠳᠬᠠᠵᠦ᠂ ᠬᠠᠮᠢᠶ᠎ᠠ ᠪᠦᠬᠦᠢ ᠬᠦᠮᠦᠰ ᠤᠨ ᠲᠤᠰᠬᠠᠢ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠬᠦᠯᠵᠦ᠂ ᠴᠠᠬᠢᠯᠭᠠᠨ ᠱᠠᠲᠦᠨ ᠤ ᠬᠠᠮᠢᠶ᠎ᠠ ᠪᠦᠬᠦᠢ ᠠᠵᠢᠯᠲᠠᠨ ᠤ ᠰᠢᠯᠭᠠᠯᠲᠠ ᠶᠢᠨ ᠬᠠᠮᠢᠶᠠᠷᠤᠯᠲᠠ ᠶᠢᠨ ᠠᠵᠢᠯ ᠢ ᠦᠷᠨᠢᠬᠦᠯᠦᠨ᠎ᠡ᠃     ᠴᠠᠬᠢᠯᠭᠠᠨ ᠱᠠᠲᠦᠨ ᠤ ᠠᠵᠢᠯ ᠲᠦᠷᠦᠯ ᠤᠨ ᠬᠢᠨ ᠤ ᠲᠤᠰ ᠪᠡᠶ᠎ᠡ ᠪᠤᠯᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠴᠠᠬᠢᠯᠭᠠᠨ ᠱᠠᠲᠦ ᠤᠬᠰᠠᠷᠠᠬᠤ᠂ ᠦᠭᠡᠷᠡᠴᠢᠯᠡᠨ ᠵᠤᠬᠢᠶᠠᠬᠤ᠂ ᠵᠠᠰᠠᠨ ᠰᠡᠯᠪᠢᠬᠦ᠂ ᠠᠷᠠᠴᠢᠯᠠᠬᠤ᠂ ᠬᠡᠷᠡᠭᠯᠡᠭᠡ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠮᠡᠲᠡᠭᠡ ᠵᠠᠩᠬᠢ ᠶᠢ ᠢᠯᠡ ᠪᠤᠯᠭᠠᠬᠤ ᠲᠦᠷᠢᠮ ᠢ ᠬᠡᠷᠡᠭᠵᠢᠬᠦᠯᠵᠦ᠂ ᠠᠵᠢᠯ ᠲᠦᠷᠦᠯ ᠢ ᠵᠢᠯᠤᠭᠤᠳᠤᠨ ᠠᠷᠠᠴᠢᠯᠠᠬᠤ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢᠨ ᠦᠨᠡᠯᠡᠨ ᠲᠤᠭᠲᠠᠭᠠᠯᠲᠠ ᠶᠢ ᠦᠷᠨᠢᠬᠦᠯᠵᠦ᠂ ᠦᠮᠴᠢᠲᠠᠨ᠂ ᠤᠯᠠᠨ ᠨᠡᠶᠢᠲᠡ᠂ ᠬᠡᠷᠡᠭᠯᠡᠬᠡᠨ ᠤ ᠬᠠᠮᠢᠶᠠᠷᠤᠯᠲᠠ ᠶᠢᠨ ᠬᠠᠷᠢᠭᠤᠴᠠᠯᠭᠠᠲᠦ ᠨᠢᠭᠡᠴᠢ ᠪᠤᠯᠤᠨ ᠤᠨᠴᠠ ᠲᠦᠷᠦᠯ ᠤᠨ ᠲᠦᠬᠦᠭᠡᠷᠦᠮᠵᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ᠂ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠬᠠᠮᠢᠶ᠎ᠠ ᠪᠦᠬᠦᠢ ᠭᠤᠷᠪᠠᠳᠤᠭᠠᠷ ᠡᠲᠡᠭᠡᠳ ᠤᠨ ᠪᠠᠶᠢᠭᠤᠯᠤᠮᠵᠢ ᠶᠢᠨ ᠴᠠᠬᠢᠯᠭᠠᠨ ᠱᠠᠲᠦᠨ ᠤ ᠬᠡᠷᠡᠭᠯᠡᠭᠡᠨ᠂ ᠠᠷᠠᠴᠢᠯᠠᠨ ᠰᠡᠯᠪᠢᠬᠦ ᠬᠢᠨᠠᠯᠲᠠ ᠳᠤ ᠤᠷᠤᠯᠴᠠᠬᠤ ᠶᠢ ᠵᠤᠷᠢᠬᠵᠢᠭᠤᠯᠵᠦ᠂ ᠵᠠᠬ᠎ᠠ ᠳᠡᠯᠭᠡᠬᠦᠷ ᠤᠨ ᠠᠷᠭ᠎ᠠ ᠪᠠᠷᠢᠯ ᠢᠶᠠᠷ ᠠᠵᠢᠯ ᠲᠦᠷᠦᠯ ᠤᠨ ᠤᠬᠤᠷᠢᠨ ᠭᠠᠷᠬᠤ ᠲᠤᠬᠲᠠᠴᠠ ᠶᠢ ᠳᠡᠬᠦᠯᠳᠡᠷᠵᠢᠬᠦᠯᠦᠨ᠎ᠡ᠃ ᠴᠠᠬᠢᠯᠭᠠᠨ ᠱᠠᠲᠤᠨ ᠤ ᠠᠵᠦ ᠠᠬᠤᠢᠢᠯᠠᠯ ᠤᠨ ᠠᠶᠤᠯᠬᠦᠢ ᠦᠢᠯᠡᠳᠪᠦᠷᠢᠯᠡᠯ ᠤᠨ ᠨᠠᠵᠠᠭᠠᠢ ᠲᠠᠯ᠎ᠠ ᠶᠢᠨ ︽ᠬᠠᠷ᠎ᠠ ᠲᠠᠩᠰᠠ︾ ᠶᠢᠨ ᠳᠦᠷᠢᠮ ᠢ ᠲᠡᠬᠦᠯᠳᠡᠷᠵᠢᠬᠦᠯᠵᠦ᠂ ᠴᠠᠬᠢᠯᠭᠠᠨ ᠱᠠᠲᠦᠨ ᠤ ᠠᠵᠦ ᠠᠬᠤᠢᠢᠯᠠᠯ ᠤᠨ ᠡᠮᠬᠢ ᠵᠢᠷᠦᠮ ᠲᠠᠢ ᠦᠷᠢᠰᠦᠯᠳᠦᠭᠡᠨ ᠢ ᠵᠢᠯᠤᠭᠤᠳᠤᠨ᠂ ᠦᠨᠡᠨᠴᠢ ᠢᠲᠡᠭᠡᠮᠵᠢᠲᠡᠢ᠂ ᠲᠦᠪ ᠭᠤᠤᠯᠴᠢ᠂ ᠡᠷᠭᠡ ᠲᠡᠭᠰᠢ᠂ ᠢᠯᠡ ᠲᠤᠳᠤ ᠵᠠᠬ᠎ᠠ ᠳᠡᠯᠬᠡᠬᠦᠷ ᠤᠨ ᠤᠷᠴᠢᠨ ᠢ ᠪᠦᠷᠢᠯᠳᠦᠬᠦᠯᠦᠨ᠎ᠡ᠃     ᠴᠠᠬᠢᠯᠭᠠᠨ ᠱᠠᠲᠦᠨ ᠤ ᠬᠠᠷᠢᠭᠤᠴᠠᠯᠭ᠎ᠠ ᠶᠢᠨ ᠳᠠᠭᠠᠳᠬᠠᠯ ᠢ ᠢᠳᠡᠪᠬᠢᠲᠡᠢ ᠦᠷᠨᠢᠬᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠴᠠᠬᠢᠯᠭᠠᠨ ᠱᠠᠲᠦᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠪᠦᠬᠦᠨ ᠢ ᠬᠠᠮᠤᠷᠬᠤ ᠲᠦᠷᠦᠯ ᠵᠦᠢᠯ ᠤᠨ ᠲᠦᠰᠦᠯ ᠢ ᠲᠤᠬᠲᠠᠭᠠᠵᠦ᠂ ᠤᠯᠠᠨ ᠲᠠᠯ᠎ᠠ ᠶᠢᠨ ᠳᠠᠭᠠᠳᠬᠠᠯ ᠳᠤ ᠤᠷᠤᠯᠴᠠᠬᠤ ᠭᠤᠤᠯ ᠴᠤᠬᠴᠠ ᠶᠢ ᠪᠦᠷᠢᠯᠳᠦᠬᠦᠯᠵᠦ᠂ ᠵᠠᠬ᠎ᠠ ᠳᠡᠯᠭᠡᠬᠦᠷᠵᠢᠯᠲᠡ ᠶᠢᠨ ᠠᠷᠭ᠎ᠠ ᠪᠠᠷᠢᠯ ᠢᠶᠠᠷ ᠴᠠᠬᠢᠯᠭᠠᠨ ᠱᠠᠲᠦᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ᠂ ᠪᠡᠯᠡ ᠮᠦᠩᠬᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠠᠬᠢᠯᠭᠠᠨ ᠱᠠᠲᠦᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠯᠴᠠᠬᠤ ᠠᠵᠢᠯ ᠢ ᠠᠬᠢᠭᠤᠯᠤᠨ᠎ᠠ᠃    ᠠᠵᠦ ᠠᠬᠤᠢᠢᠯᠠᠯ ᠤᠨ ᠰᠢᠨ᠎ᠠ ᠶᠢ ᠡᠬᠦᠳᠬᠦ ᠬᠦᠭᠵᠢᠯᠲᠡ ᠶᠢ ᠠᠬᠢᠭᠤᠯᠤᠨ᠎ᠠ᠃ ᠴᠠᠬᠢᠯᠭᠠᠨ ᠱᠠᠲᠦᠨ ᠤ ᠠᠵᠦ ᠠᠬᠤᠢᠢᠯᠠᠯ ᠤᠨ ᠪᠡᠶ᠎ᠡ ᠪᠠᠨ ᠲᠠᠭᠠᠭᠠᠨ ᠰᠢᠨ᠎ᠠ ᠶᠢ ᠡᠬᠦᠳᠬᠦ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ ᠶᠢ ᠵᠤᠷᠢᠬᠵᠢᠭᠤᠯᠤᠨ ᠳᠡᠮᠵᠢᠵᠦ᠂ ᠠᠵᠦ ᠠᠬᠤᠢᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠦᠢᠯᠡᠴᠢᠯᠡᠭᠡ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠦ᠂ ᠴᠠᠬᠢᠯᠭᠠᠨ ᠱᠠᠲᠦᠨ ᠤ ᠠᠵᠦ ᠠᠬᠤᠢᠢᠯᠠᠯ ᠤᠨ ᠰᠢᠨ᠎ᠡ ᠶᠢ ᠡᠬᠦᠳᠬᠦ ᠮᠠᠶ᠋ᠢᠭ᠂ ᠦᠢᠯᠡᠴᠢᠯᠡᠬᠡᠨ ᠤ ᠮᠠᠶ᠋ᠢᠭ ᠲᠡᠶᠢᠰᠢ ᠬᠤᠪᠢᠷᠠᠬᠤ ᠶᠢ ᠠᠬᠢᠭᠤᠯᠵᠦ᠂ ᠴᠠᠬᠢᠯᠭᠠᠨ ᠱᠠᠲᠦ ᠠᠷᠠᠴᠢᠯᠠᠬᠤ ᠠᠵᠦ ᠠᠬᠤᠢᠢᠯᠠᠯ ᠤᠨ ᠬᠤᠯᠪᠤᠭᠠᠴᠢᠯᠠᠬᠰᠠᠨ᠂ ᠬᠡᠪᠴᠢᠶᠡᠵᠢᠭᠰᠡᠨ ᠬᠦᠭᠵᠢᠯᠲᠡ ᠶᠢ ᠠᠬᠢᠭᠤᠯᠤᠨ᠎ᠠ᠃     ᠡᠬᠦᠨ ᠠᠴᠠ ᠭᠠᠲᠠᠨ᠎ᠠ᠂ ᠶᠡᠷᠦᠩᠬᠡᠢ ᠬᠠᠷᠠᠯᠲᠠ ᠶᠢ ᠲᠤᠬᠲᠠᠭᠠᠵᠦ᠂ 2020 ᠤᠨ ᠪᠤᠯᠲᠠᠯ᠎ᠠ ᠦᠨᠳᠦᠰᠦᠨ ᠳᠡᠭᠡᠨ ᠬᠠᠥᠯᠢ ᠲᠦᠷᠢᠮ ᠪᠦᠷᠢᠨᠰᠢᠭᠰᠡᠨ᠂ ᠬᠠᠷᠢᠭᠤᠴᠠᠯᠭ᠎ᠠ ᠲᠤᠳᠤᠷᠬᠠᠢ᠂ ᠠᠷᠭ᠎ᠠ ᠠᠪᠴᠠᠯ ᠪᠦᠲᠦᠮᠵᠢᠲᠡᠢ᠂ ᠪᠠᠶᠢᠭᠤᠯᠤᠮᠵᠢ ᠲᠤᠬᠲᠠᠴᠠ ᠳᠡᠬᠦᠯᠳᠡᠷᠵᠢᠭᠰᠡᠨ ᠴᠠᠬᠢᠯᠭᠠᠨ ᠱᠠᠲᠦ ᠶᠢᠨ ᠴᠢᠨᠠᠷ ᠴᠢᠨᠰᠠᠭ᠎ᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠬᠦᠯᠵᠦ᠂ ᠴᠠᠬᠢᠯᠭᠠᠨ ᠱᠠᠲᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠠ᠃ ᠪᠠᠷᠠᠭᠠᠨ ᠤ ᠰᠦᠯᠵᠢᠶ᠎ᠡ ᠪᠠ ᠤᠶᠤᠨᠳᠦ ᠬᠤᠲᠠ ᠶᠢᠨ ᠪᠦᠲᠦᠬᠡᠨ ᠪᠠᠶᠢᠭᠤᠯᠤᠯᠲᠠ ᠳᠤ ᠲᠦᠰᠢᠭᠯᠡᠵᠦ᠂ ᠪᠦᠷᠢᠨ ᠲᠡᠭᠦᠯᠲᠡᠷ ᠪᠦᠬᠦ ᠤᠷᠤᠨ ᠤ ᠴᠠᠬᠢᠯᠭᠠᠨ ᠱᠠᠲᠦ ᠶᠢᠨ ᠪᠠᠴᠢᠮ ᠪᠠᠶᠢᠳᠠᠯ ᠢ ᠠᠷᠭᠠᠴᠠᠬᠤ ᠲᠡᠪᠴᠡᠩ ᠪᠤᠯᠤᠨ ᠮᠦᠷᠲᠡᠬᠦ ᠰᠢᠰᠲ᠋ᠧᠮ ᠢ ᠪᠠᠶᠢᠭᠤᠯᠬᠤ ᠪᠤᠯᠤᠨ᠎ᠠ᠃          ᠢᠷᠡᠯᠳᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠤ ᠰᠦᠯᠵᠢᠶ᠎ᠠ         ᠳᠡᠪᠰᠢᠭᠦᠯᠦᠭᠴᠢ᠄ ᠬᠠᠶᠢᠷ᠎ᠠ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2