ᠤᠭ ᠵᠤᠷᠢᠯᠳᠠ ᠪᠠᠨ ᠦᠯᠦ ᠮᠡᠷᠳᠡᠨ ᠰᠢᠨ᠎ᠡ ᠠᠶᠠᠨ ᠳᠤ ᠪᠠᠨ ᠲᠠᠬᠢᠨᠳᠠ ᠮᠤᠷᠳᠠᠵᠦ᠂ ᠡᠬᠦᠷᠬᠡ | ᠬᠠᠷᠢᠭᠤᠴᠠᠯᠭ᠎ᠠ ᠪᠠᠨ ᠪᠠᠳᠦ ᠴᠠᠬᠡᠵᠢᠯᠡᠨ ᠵᠤᠷᠢᠭᠳᠠᠢ ᠡᠬᠦᠷᠬᠡᠯᠡᠵᠦ᠂ | ᠨᠡᠶᠢᠬᠡᠮ ᠵᠢᠷᠤᠮ ᠤᠨ ᠤᠳᠤᠬᠢᠴᠢᠯᠠᠭᠰᠠᠨ ᠲᠦᠷᠪᠡᠳ ᠬᠤᠰᠢᠭᠤ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ | ᠰᠢᠨ᠎ᠡ ᠬᠠᠭᠤᠳᠠᠰᠦ ᠶᠢ ᠪᠢᠴᠢᠭᠯᠡᠨᠡᠮ | — ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ | ᠲᠦᠯᠦᠬᠡᠯᠡᠭᠴᠢᠳ ᠤᠨ ᠶᠡᠭᠡ ᠬᠤᠷᠠᠯ ᠲᠡᠬᠡᠷᠡᠬᠢ ᠮᠡᠳᠡᠬᠦᠯᠦᠯᠳᠠ | ᠢᠦᠢ ᠳ᠋ᠠᠢ ᠴᠢᠩ | ︵2021 ᠤᠨ ᠤ 9 ᠰᠠᠷ᠎ᠠ ᠶᠢᠨ 15 ᠤ ᠡᠳᠦᠷ︶ | ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ | ᠲᠦᠯᠦᠬᠡᠯᠡᠭᠴᠢᠳ ᠤᠨ ᠶᠡᠭᠡ ᠬᠤᠷᠠᠯ ᠪᠤᠯ ︽ᠠᠷᠪᠠᠨ ᠲᠦᠷᠪᠡᠳᠦᠬᠡᠷ ᠲᠠᠪᠤᠨ ᠵᠢᠯ︾ ᠤᠨ ᠡᠬᠢᠯᠡᠯᠳᠠ ᠶᠢᠨ ᠵᠢᠯ ᠪᠠ | ᠨᠡᠶᠢᠬᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠠᠶᠢᠭᠤᠯᠬᠤ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠬᠦᠯᠬᠦ | ᠵᠠᠩᠭᠢᠯᠠᠭ᠎ᠠ ᠶᠢᠨ ᠬᠤᠭᠤᠴᠠᠭᠠᠨ ᠳᠤ ᠡᠷᠬᠢᠯᠡᠭᠰᠡᠨ ᠨᠢᠬᠡᠨ ᠤᠳᠠᠭᠠᠨ ᠤ ᠲᠤᠶᠢᠯ ᠤᠨ ᠴᠢᠬᠤᠯᠠ ᠬᠤᠷᠠᠯᠳᠤᠭᠠᠨ | ᠪᠤᠯᠤᠨ᠎ᠠ᠃ ᠶᠡᠭᠡ ᠬᠤᠷᠠᠯ ᠤᠨ ᠭᠤᠤᠯ ᠰᠡᠳᠦᠪ᠄ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ | ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ | ᠶᠡᠷᠦᠩᠭᠡᠢ ᠱᠦᠵᠢ ᠰᠢ ᠶᠢᠨ ᠫᠢᠩ ᠤᠨ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ 100 ᠵᠢᠯ | ᠤᠨ ᠤᠢ ᠶᠢ ᠪᠡᠯᠬᠡᠯᠡᠬᠦ ᠬᠤᠷᠠᠯ ᠲᠡᠬᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠦᠪᠦᠷ ᠮᠤᠩᠭᠤᠯ ᠳᠠᠬᠢ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠪᠠ ᠠᠷᠠᠳ ᠲᠦᠮᠡᠨ ᠢ ᠲᠠᠶᠢᠴᠢᠯᠠᠨ᠂ ᠤᠭ | ᠵᠤᠷᠢᠯᠳᠠ ᠪᠠᠨ ᠦᠯᠦ ᠮᠡᠷᠳᠡᠨ ᠰᠢᠨ᠎ᠡ ᠠᠶᠠᠨ ᠳᠤ ᠪᠠᠨ ᠲᠠᠬᠢᠨ ᠮᠤᠷᠳᠠᠵᠦ᠂ ᠡᠬᠦᠷᠬᠡ ᠬᠠᠷᠢᠭᠤᠴᠠᠯᠭ᠎ᠠ ᠪᠠᠨ ᠪᠠᠳᠦ | ᠴᠠᠬᠡᠵᠢᠯᠡᠨ ᠵᠤᠷᠢᠭᠳᠠᠢ ᠡᠬᠦᠷᠬᠡᠯᠡᠵᠦ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠲᠦᠷᠪᠡᠳ ᠬᠤᠰᠢᠭᠤ ᠶᠢ ᠪᠦᠬᠦ | ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠬᠠᠭᠤᠳᠠᠰᠦ ᠶᠢ ᠪᠢᠴᠢᠭᠯᠡᠰᠦᠬᠡᠢ᠃ | ᠨᠢᠬᠡ᠂ ᠦᠩᠭᠡᠷᠡᠭᠰᠡᠨ ᠢᠶᠠᠨ ᠡᠷᠬᠢᠴᠡᠬᠦᠯᠦᠨ ᠤᠯᠤᠭᠰᠠᠨ ᠠᠮᠵᠢᠯᠳᠠ ᠪᠠᠨ ᠨᠤᠳᠠᠯᠠᠵᠦ᠂ ᠠᠵᠦ ᠠᠬᠤᠢ ᠨᠡᠶᠢᠬᠡᠮ ᠢ | ᠴᠢᠨᠠᠷ ᠰᠠᠶᠢᠳᠠᠢ ᠭᠦᠭᠵᠢᠬᠦᠯᠬᠦ ᠢᠳᠡᠬᠡᠯ ᠵᠤᠷᠢᠭ ᠢᠶᠠᠨ ᠪᠠᠳᠤᠳᠬᠠᠪᠠ᠃ | ᠦᠩᠭᠡᠷᠡᠭᠰᠡᠨ ᠲᠠᠪᠤᠨ ᠵᠢᠯ ᠳᠤ ᠬᠤᠰᠢᠭᠤ ᠨᠠᠮ ᠤᠨ ᠬᠤᠷᠢᠶ᠎ᠠ ᠨᠢ ᠨᠠᠮ ᠤᠨ ᠠᠷᠪᠡ ᠶᠢᠰᠦᠳᠦᠬᠡᠷ ᠶᠡᠭᠡ ᠬᠤᠷᠠᠯ | ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ | ᠪᠠ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ | ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ | ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ | ᠶᠢ ᠬᠦᠨᠵᠡᠬᠡᠢ ᠲᠤᠭᠤᠰᠢᠯᠠᠭᠤᠯᠵᠦ᠂ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ | ᠲᠠᠭᠠᠭᠤᠯᠵᠦ᠂ ᠰᠢᠨ᠎ᠡ ᠪᠠᠶᠢᠳᠠᠯ ᠳᠤ ᠵᠤᠬᠢᠴᠠᠨ᠂ ᠰᠢᠨ᠎ᠡ ᠦᠢᠯᠠ ᠠᠵᠢᠯᠯᠠᠭ᠎ᠠ ᠶᠢ ᠬᠠᠷᠠᠭᠤᠯᠵᠦ᠂ ᠰᠢᠨ᠎ᠡ | ᠰᠢᠪᠳᠤᠯᠤᠯᠳᠠ ᠶᠢ ᠪᠠᠶᠠᠯᠡᠬᠦᠯᠦᠨ᠂ ᠠᠷᠪᠠᠨ ᠭᠤᠷᠪᠠᠳᠤᠭᠠᠷ ᠤᠳᠠᠭᠠᠨ ᠤ ᠲᠦᠯᠦᠬᠡᠯᠡᠭᠴᠢᠳ ᠤᠨ ᠬᠤᠷᠠᠯ ᠳᠤ | ᠲᠤᠭᠳᠠᠭᠠᠭᠰᠠᠨ ᠬᠠᠷᠠᠯᠳᠠ ᠡᠬᠦᠷᠬᠡ ᠶᠢ ᠲᠡᠬᠦᠰ ᠠᠮᠵᠢᠯᠳᠠ ᠲᠠᠢ ᠪᠠᠶᠠᠯᠡᠬᠦᠯᠦᠬᠡᠳ᠂ ︽ᠪᠦᠬᠦ ᠤᠯᠤᠰ ᠤᠨ ᠶᠠᠳᠠᠭᠤ | ᠶᠢ ᠲᠡᠳᠬᠦᠬᠦ ᠪᠤᠭᠤᠮᠳᠠ ᠰᠢᠪᠳᠤᠯᠤᠯᠳᠠ ᠶᠢᠨ ᠲᠡᠷᠢᠬᠦᠨ ᠤ ᠨᠢᠬᠡᠴᠡ︾᠂ ︽ᠦᠪᠡᠷᠳᠡᠬᠡᠨ ᠵᠠᠰᠠᠬᠤ ᠤᠷᠤᠨ ᠤ | ᠡᠷᠡᠬᠦᠯ ᠬᠠᠮᠠᠭᠠᠯᠠᠯ ᠤᠨ ᠬᠤᠰᠢᠭᠤ︾᠂ ︽ᠦᠪᠡᠷᠳᠡᠬᠡᠨ ᠵᠠᠰᠠᠬᠤ ᠤᠷᠤᠨ ᠤ ᠲᠦᠷᠪᠡᠨ ᠰᠠᠶᠢᠳᠦᠷ ᠬᠦᠳᠡᠭᠡ | ᠲᠤᠰᠬᠤᠨ ᠤ ᠵᠠᠮ ᠤᠨ ᠵᠢᠱᠢᠶ᠎ᠠ ᠦᠵᠡᠬᠦᠯᠬᠦ ᠬᠤᠰᠢᠭᠤ︾᠂ ︽ᠦᠪᠡᠷᠳᠡᠬᠡᠨ ᠵᠠᠰᠠᠬᠤ ᠤᠷᠤᠨ ᠤ ᠬᠤᠶᠠᠷ ᠢ | ᠬᠦᠷᠢᠶᠠᠯᠡᠬᠦ ᠵᠢᠱᠢᠶᠡᠴᠢ ᠬᠤᠳᠠ ᠪᠠᠯᠭᠠᠰᠦ︾ ᠵᠡᠷᠬᠡ ᠢᠷᠡᠭᠤ ᠠᠯᠳᠠᠷ ᠢ ᠤᠷᠢᠳ ᠬᠤᠵᠢᠳ ᠬᠦᠷᠳᠡᠭᠰᠡᠨ ᠪᠠᠶᠢᠨ᠎ᠠ᠃ | — ᠤᠯᠤᠰ ᠲᠦᠷᠦ ᠶᠢᠨ ᠪᠠᠶᠢᠭᠤᠯᠤᠯᠳᠠ ᠢᠯᠡᠳᠳᠠ ᠠᠮᠵᠢᠯᠳᠠ ᠤᠯᠪᠠ᠃ ᠬᠤᠰᠢᠭᠤ ᠨᠠᠮ ᠤᠨ ᠬᠤᠷᠢᠶ᠎ᠠ ᠨᠢ ᠰᠢ | ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ | ᠢᠮᠠᠭᠳᠠ ᠲᠡᠷᠢᠬᠦᠨ ᠪᠠᠶᠢᠷᠢᠨ ᠳᠤ ᠲᠠᠯᠪᠢᠵᠦ᠂ ︽ᠲᠦᠷᠪᠡᠨ ᠤᠬᠠᠮᠰᠠᠷ︾ ᠢᠶᠠᠨ ᠲᠡᠬᠡᠭᠰᠢᠯᠡᠬᠦᠯᠬᠦ᠂ ︽ᠲᠦᠷᠪᠡᠨ | ᠢᠳᠡᠬᠡᠯ︾ ᠢ ᠪᠠᠳᠤᠳᠬᠠᠬᠤ ᠪᠠ ︽ᠬᠤᠶᠠᠷ ᠢ ᠬᠦᠷᠢᠶᠠᠯᠠᠬᠦ︾ ᠶᠢ ᠪᠠᠶᠠᠯᠡᠬᠦᠯᠬᠦ ᠶᠢ ᠪᠤᠳᠠᠳᠦ ᠦᠢᠯᠠ ᠠᠵᠢᠯᠯᠠᠭ᠎ᠠ | ᠲᠡᠬᠡᠷ᠎ᠡ ᠪᠠᠨ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠯᠤᠭ᠎ᠠ ᠲᠡᠬᠡᠳᠦ ᠬᠡᠮᠵᠢᠶ᠎ᠠ ᠪᠠᠷ ᠨᠢᠬᠡᠳᠦᠯᠵᠢᠬᠦᠯᠪᠡ᠃ ︽ | ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤ | ᠲᠦᠷᠢᠮᠵᠢᠬᠦᠯᠦᠨ ᠦᠷᠨᠢᠬᠦᠯᠵᠦ᠂ ︽ᠤᠭ ᠵᠤᠷᠢᠯᠳᠠ ᠪᠠᠨ ᠦᠯᠦ ᠮᠡᠷᠳᠡᠨ ᠡᠬᠦᠷᠬᠡ ᠬᠠᠷᠢᠭᠤᠴᠠᠯᠭ᠎ᠠ ᠪᠠᠨ ᠪᠠᠳᠦ | ᠴᠡᠬᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠦᠷ᠎ᠡ ᠪᠦᠳᠦᠮᠵᠢ ᠶᠢ ᠲᠠᠰᠤᠷᠠᠯᠳᠠ ᠶᠢ ᠪᠠᠬᠢᠵᠢᠬᠦᠯᠦᠨ᠂ ᠨᠠᠮ ᠤᠨ | ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠬᠦᠨᠵᠡᠬᠡᠢ ᠠᠬᠢᠭᠤᠯᠵᠦ᠂ ᠦᠷᠬᠡᠨ ᠤᠯᠠᠨ ᠨᠠᠮ ᠤᠨ ᠬᠡᠰᠢᠬᠦᠨ | ᠺᠠᠳ᠋ᠷᠴᠤᠳ ᠤᠨ ᠢᠳᠡᠬᠡᠯ ᠪᠢᠰᠢᠷᠡᠯ ᠤᠯᠠᠮ ᠴᠢᠩᠭᠠᠷᠠᠪᠠ᠃ ᠦᠨᠳᠦᠰᠦᠳᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠰᠤᠷᠤᠯᠴᠠᠯᠭ᠎ᠠ ᠶᠢᠨ ᠠᠩᠭᠢ᠂ ᠪᠤᠯᠪᠠᠰᠤᠷᠠᠯ ᠤᠨ ᠠᠩᠭᠢ᠂ ᠰᠤᠳᠤᠯᠤᠨ ᠶᠠᠷᠢᠯᠴᠠᠬᠤ ᠬᠤᠷᠠᠯ | ᠡᠷᠬᠢᠯᠡᠵᠦ᠂ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠬᠦᠯᠡᠯᠳᠠ ᠶᠢ ᠬᠦᠨᠵᠡᠬᠡᠢ ᠰᠢᠰᠲ᠋ᠧᠮᠵᠢᠬᠦᠯᠦᠨ ᠰᠤᠷᠤᠯᠴᠠᠵᠦ᠂ ᠤᠯᠤᠰ ᠤᠨ ᠨᠡᠶᠢᠳᠡᠮ ᠬᠡᠷᠡᠭᠯᠡᠬᠦ | ᠦᠬᠡ ᠬᠡᠯᠡ ᠦᠰᠦᠭ ᠪᠢᠴᠢᠭ ᠢ ᠲᠦᠬᠡᠮᠡᠯᠵᠢᠬᠦᠯᠦᠨ᠂ ᠤᠯᠤᠰ ᠤᠨ ᠨᠢᠬᠡᠳᠦᠯᠳᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠨᠡᠩ | ᠪᠠᠬᠢᠵᠢᠬᠦᠯᠪᠡ᠃ ᠡᠯ᠎ᠡ ᠱᠠᠳᠤᠨ ᠤ ᠡᠯ᠎ᠡ ᠲᠦᠷᠦᠯ ᠤᠨ ᠲᠤᠭᠤᠷᠢᠨ ᠪᠠᠶᠢᠴᠠᠭᠠᠬᠤ᠂ ᠱᠠᠯᠠᠪᠳᠠᠭᠤᠯᠤᠨ ᠬᠢᠨᠠᠬᠤ ᠪᠠ | ᠲᠤᠰᠬᠠᠢ ᠲᠦᠷᠦᠯ ᠤᠨ ᠴᠡᠭᠴᠡᠯᠡᠯᠳᠠ ᠶᠢᠨ ᠬᠠᠷᠢᠭᠤ ᠲᠤᠰᠬᠠᠯ ᠤᠨ ᠠᠰᠠᠭᠤᠳᠠᠯ ᠢ ᠬᠠᠯᠠᠨ ᠵᠠᠰᠠᠠᠬᠤ ᠠᠵᠢᠯ ᠢ | ᠪᠤᠳᠠᠳᠠᠶᠢᠴᠢᠯᠠᠨ ᠰᠠᠶᠢᠳᠦᠷ ᠬᠢᠵᠦ᠂ ᠨᠠᠮ ᠤᠨ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠤᠯᠤᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠤᠯᠳᠠ ᠶᠢᠨ | ᠨᠠᠶᠢᠳᠠᠪᠤᠷᠢᠵᠢᠭᠤᠯᠤᠭᠳᠠᠬᠤ ᠶᠢ ᠪᠠᠳᠤᠯᠠᠪᠠ᠃ | — ᠠᠵᠦ ᠤᠶᠢᠯᠡᠰ ᠤᠨ ᠰᠠᠭᠤᠷᠢ ᠨᠡᠩ ᠪᠠᠬᠢᠵᠢᠪᠡ᠃ 2020 ᠤᠨ ᠤ ᠡᠴᠦᠰ ᠲᠤ᠂ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ 60.52 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠤᠯᠠᠨ | ᠨᠠᠶᠢᠳᠠ ᠶᠢᠨ ᠲᠦᠰᠦᠪ ᠤᠨ ᠤᠷᠤᠯᠭ᠎ᠠ 1.49 ᠳ᠋ᠦᠩᠰᠢᠭᠤᠷ ᠲᠦᠬᠦᠷᠢᠭ᠂ ᠲᠤᠭᠳᠠᠮᠠᠯ ᠬᠦᠷᠦᠩᠭᠡ ᠶᠢᠨ ᠪᠠᠯᠠ | ᠤᠷᠤᠭᠤᠯᠤᠯᠳᠠ 4% ᠦᠰᠴᠦ᠂ ᠬᠡᠪᠴᠢᠶᠠᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ 5. | 5% ᠪᠠᠷ ᠦᠰᠴᠦ᠂ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ | ᠦᠷᠳᠡᠭ 16.82 ᠳ᠋ᠦᠩᠰᠢᠭᠤᠷ ᠲᠦᠬᠦᠷᠢᠭ ᠲᠤ ᠬᠦᠷᠴᠦ᠂ ᠬᠤᠳᠠ ᠬᠦᠳᠡᠬᠡᠨ ᠤ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠠᠵᠦ ᠪᠤᠯᠬᠤᠶᠢᠴᠠ ᠤᠷᠤᠯᠭ᠎ᠠ ᠲᠤᠰᠪᠤᠷᠢ 315258 ᠲᠦᠬᠦᠷᠢᠭ᠂ 13155 | ᠲᠦᠬᠦᠷᠢᠭ ᠲᠤ ᠬᠦᠷᠪᠡ᠃ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠪᠦᠳᠦᠴᠠ ᠶᠢ 26.4᠄ | 32.2᠄ 41.4 ᠪᠠᠶᠢᠭᠰᠠᠨ ᠠᠴᠠ 29.8᠄ 31.7᠄ 38.5 ᠪᠤᠯᠭᠠᠨ ᠲᠤᠬᠢᠷᠠᠭᠤᠯᠪᠠ᠃ ᠵᠦᠩ ᠵᠢᠶᠠ᠂ | ᠰᠠᠶᠢᠨᠨᠤ᠂ ᠢ ᠮᠢᠨ ᠵᠡᠷᠬᠡ ᠨᠢᠬᠡ ᠪᠦᠯᠦᠭ ᠬᠡᠯᠬᠢᠶᠡᠵᠢᠭᠰᠡᠨ ᠠᠵᠦ ᠠᠬᠤᠶᠢᠯᠠᠯ ᠲᠠᠰᠤᠷᠠᠯᠳᠠ ᠦᠭᠡᠢ ᠬᠦᠭᠵᠢᠨ | ᠪᠤᠵᠠᠭᠠᠶᠢᠷᠠᠵᠦ᠂ ᠪᠠᠶ᠎ᠠ ᠪᠠᠨ ᠲᠠᠭᠠᠭᠠᠭᠰᠠᠨ 7 ᠰᠢᠨ᠎ᠡ ᠲᠦᠷᠦᠯ ᠵᠤᠶᠢᠯ ᠤᠨ ᠲᠦᠮᠦᠰᠦ ᠶᠢ ᠲᠡᠩᠰᠠᠯᠠᠨ᠂ ᠡᠬᠦᠨ ᠤ | ᠲᠤᠳᠤᠷᠠᠬᠢ 4 ᠨᠢ ᠤᠯᠤᠰ ᠤᠨ ᠬᠠᠮᠠᠭᠠᠯᠠᠯᠳᠠ ᠶᠢᠨ ᠲᠦᠷᠦᠯ ᠵᠤᠶᠢᠯ ᠪᠠᠶᠢᠵᠦ᠂ ᠡᠬᠦᠯᠳᠡᠷ ᠦᠷ᠎ᠠ ᠶᠢᠨ ᠬᠠᠮᠤᠷᠬᠤ | ᠨᠤᠷᠮ᠎ᠠ 90% ᠠᠴᠠ ᠲᠡᠬᠡᠭᠰᠢ ᠬᠦᠷᠪᠡ︔ ︽ᠳ᠋ᠦ᠋ ᠮᠧᠩ ᠬᠤᠨᠢ︾ ᠶᠢᠨ ᠤᠷᠤᠨ ᠨᠤᠳᠤᠭ ᠤᠨ ᠪᠠᠷᠢᠮᠵᠢᠶ᠎ᠠ ᠨᠢ | ᠦᠪᠡᠷᠳᠡᠬᠡᠨ ᠵᠠᠰᠠᠬᠤ ᠤᠷᠤᠨ ᠤ ᠬᠢᠨᠠᠨ ᠦᠨᠡᠯᠡᠯᠳᠠ ᠶᠢ ᠦᠩᠭᠡᠷᠡᠬᠦᠯᠵᠦ᠂ ᠵᠢᠯ ᠳᠤ ᠲᠤᠮᠳᠠᠴᠢ ᠪᠠᠷ 35 ᠲᠦᠮᠡᠨ | ᠬᠤᠨᠢ ᠶᠢ ᠡᠬᠦᠯᠳᠠᠷ ᠰᠠᠶᠢᠵᠢᠷᠠᠭᠤᠯᠵᠦ᠂ ᠵᠢᠯ ᠳᠤ ᠲᠤᠮᠳᠠᠴᠢ ᠪᠠᠷ 260 ᠲᠦᠮᠡᠨ ᠤᠷᠴᠢᠮ ᠮᠠᠯ ᠠᠷᠠᠯᠵᠢᠶᠠᠯᠠᠨ᠂ | ᠮᠠᠯ ᠲᠠᠷᠢᠶᠠᠯᠠᠩ ᠤᠨ ᠡᠵᠡᠩᠨᠡᠯᠳᠠ᠂ ᠲᠤᠬᠠᠢ ᠶᠢᠨ ᠭᠠᠵᠠᠷ ᠤᠨ ᠪᠤᠯᠪᠠᠰᠤᠷᠠᠭᠤᠯᠤᠯᠳᠠ ᠪᠠ ᠵᠠᠬ᠎ᠠ ᠲᠡᠯᠬᠡᠬᠦᠷ ᠤᠨ | ᠪᠤᠷᠤᠯᠠᠭᠤᠯᠤᠯᠳᠠ ᠶᠢᠨ ᠴᠢᠳᠠᠮᠵᠢ ᠵᠢᠴᠢ ᠨᠦᠯᠦᠬᠡ ᠠᠭᠠᠵᠢᠮ ᠢᠶᠠᠷ ᠲᠡᠭᠡᠭᠰᠢᠯᠡᠪᠠ᠃ ᠤᠯᠤᠰ ᠤᠨ ᠴᠠᠬᠢᠯᠭᠠᠨ | ᠬᠦᠴᠦᠨ ᠤ ᠪᠠᠯᠠ ᠤᠷᠤᠭᠤᠯᠤᠯᠳᠠ ᠪᠠ ᠭᠤᠷᠪᠠᠨ ᠬᠠᠪᠴᠢᠯ ᠤᠨ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ ᠲᠦᠷᠦᠯ | ᠵᠤᠶᠢᠯ ᠢ ᠪᠤᠯᠵᠤᠨ ᠨᠠᠶᠢᠳᠠᠪᠤᠷᠢᠵᠢᠭᠤᠯᠵᠦ᠂ ᠶᠥᠩ ᠾᠧ ᠹᠯᠤᠷ ᠬᠢᠮᠢ᠂ ᠴᠢᠶᠠᠨ ᠯᠧᠢ ᠪᠤᠷᠵᠢᠨ ᠴᠢᠯᠠᠭᠤᠨ ᠤ | ᠴᠢᠮᠡᠭᠯᠡᠯ ᠵᠡᠷᠬᠡ ᠰᠢᠨ᠎ᠡ ᠮᠠᠲ᠋ᠧᠷᠢᠶᠠᠯ ᠤᠨ ᠵᠠᠬ᠎ᠠ ᠲᠡᠯᠬᠡᠬᠦᠷ ᠲᠠᠰᠤᠷᠠᠯᠳᠠ ᠦᠭᠡᠢ ᠦᠷᠬᠡᠵᠢᠵᠦ᠂ ᠰᠾᠢ ᠷᠦᠢ᠂ ᠠ | ᠡᠯ ᠭᠧ᠂ ᠵᠢᠩ ᠰᠢᠨ ᠵᠡᠷᠬᠡ ᠲᠤᠮᠳᠠ ᠪᠠᠭ᠎ᠠ ᠠᠵᠦ ᠠᠬᠤᠶᠢᠯᠠᠯ ᠠᠭᠠᠵᠢᠮ ᠢᠶᠠᠷ ᠪᠤᠵᠠᠭᠠᠶᠢᠷᠠᠪᠠ᠃ ᠬᠦᠳᠡᠭᠡ | ᠲᠤᠰᠬᠤᠨ ᠤ ᠡᠯᠧᠺᠲᠷᠤᠨ ᠬᠤᠳᠠᠯᠳᠤᠭᠠᠨ ᠤ ᠪᠦᠷᠬᠦᠴᠡ ᠶᠢᠨ ᠨᠤᠷᠮ᠎ᠠ 91.7% ᠳᠤ ᠬᠦᠷᠴᠦ᠂ ᠠᠷᠠᠯᠵᠢᠶᠠᠨ ᠤ | ᠬᠡᠮᠵᠢᠶ᠎ᠠ 5.45 ᠳ᠋ᠦᠩᠰᠢᠭᠤᠷ ᠲᠦᠬᠦᠷᠢᠭ ᠲᠤ ᠬᠦᠷᠴᠦ᠂ ᠭᠠᠳᠠᠭᠠᠳᠦ ᠭᠠᠷᠭᠠᠯᠳᠠ ᠨᠢ ᠲᠢᠭ ᠤᠨ ᠰᠢᠪᠳᠤᠯᠤᠯᠳᠠ | ᠶᠢ ᠲᠠᠪᠠᠵᠦ᠂ ᠶᠡᠷᠦᠩᠭᠡᠢ ᠦᠷᠳᠡᠭ ᠨᠢ 3968 ᠲᠦᠮᠡᠨ ᠳ᠋ᠤᠯᠯᠠᠷ ᠲᠤ ᠬᠦᠷᠪᠡ᠃ ᠬᠤᠪᠢᠯᠭᠠᠨ ᠵᠠᠪᠢ ᠶᠢᠨ | ᠲᠠᠭᠤᠯᠠᠯ᠂ ᠬᠡᠬᠡᠨᠳᠠᠯ᠎ᠠ᠂ ᠬᠤᠩᠭᠤᠷ ᠦᠪᠡᠷᠮᠢᠴᠠ ᠤᠨᠴᠠᠯᠢᠭᠳᠦ ᠪᠠᠯᠭᠠᠰᠦ ᠵᠡᠷᠬᠡ ᠭᠤᠤᠯᠳᠠᠯᠭ᠎ᠠ ᠲᠠᠢ ᠲᠦᠷᠦᠯ ᠵᠤᠶᠢᠯ | ᠢ ᠬᠡᠷᠡᠭᠵᠢᠬᠦᠯᠦᠨ᠂ ᠤᠯᠤᠰ ᠤᠨ ᠭᠠᠵᠠᠷ ᠰᠢᠨᠵᠢᠯᠡᠬᠡᠨ ᠤ ᠬᠦᠷᠢᠶᠠᠯᠠᠩ ᠢ ᠪᠠᠶᠢᠭᠤᠯᠤᠨ ᠲᠠᠭᠤᠰᠬᠠᠵᠦ᠂ ᠨᠠᠭᠠᠳᠤᠮ | ᠤᠨ ᠬᠤᠷᠠᠯ᠂ ᠲᠠᠭᠤᠤ ᠬᠦᠭᠵᠢᠮ ᠤᠨ ᠨᠠᠶᠢᠷ᠂ ᠠᠮᠳᠠᠳᠦ ᠢᠳᠡᠬᠡᠨ ᠤ ᠨᠠᠶᠢᠷ᠂ ᠮᠠᠰᠢᠨ ᠲᠡᠷᠬᠡᠨ ᠤ ᠤᠷᠤᠯᠳᠤᠭᠠᠨ | ᠵᠡᠷᠬᠡ ᠨᠠᠶᠢᠷ ᠨᠠᠭᠠᠳᠤᠮ ᠢ ᠡᠷᠬᠢᠯᠡᠵᠦ᠂ ᠵᠢᠭᠤᠯᠴᠢᠯᠠᠭᠰᠠᠳ ᠤᠨ ᠬᠦᠮᠦᠨ ᠤ ᠲᠤᠭ᠎ᠠ ᠪᠠ ᠤᠷᠤᠯᠭ᠎ᠠ ᠨᠢ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠢ ᠠᠴᠠ ᠲᠤᠰᠪᠤᠷᠢ 18.5%᠂ 29.4% ᠦᠰᠪᠡ᠃ | — ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠢᠯᠭᠤᠭᠰᠠᠨ ᠠᠮᠵᠢᠯᠳᠠ ᠶᠢ ᠤᠯᠪᠠ᠃ ︽ | ᠬᠦᠮᠦᠨ ᠢ ᠨᠢ ᠶᠠᠳᠠᠭᠤ ᠠᠴᠠ ᠠᠩᠭᠢᠵᠢᠷᠠᠭᠤᠯᠬᠤ᠂ ᠭᠠᠴᠠᠭ᠎ᠠ ᠲᠤᠰᠬᠤᠨ ᠢ ᠨᠢ ᠶᠠᠳᠠᠭᠤ ᠠᠴᠠ ᠭᠠᠷᠭᠠᠬᠤ᠂ | ᠬᠤᠰᠢᠭᠤᠨ ᠤ ᠶᠠᠳᠠᠭᠤ ᠮᠠᠯᠠᠭᠠᠢ ᠶᠢ ᠠᠪᠴᠦ ᠬᠠᠶᠠᠬᠤ︾ ᠶᠡᠷᠦᠩᠭᠡᠢ ᠬᠠᠷᠠᠯᠳᠠ ᠳᠤ ᠨᠢᠭᠳᠠ ᠵᠤᠬᠢᠴᠠᠯᠳᠤᠵᠦ᠂ ︽ | ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠶᠢᠨ ᠲᠤᠪᠤᠶᠢᠮ᠎ᠡ ᠠᠰᠠᠭᠤᠳᠠᠯ ᠳᠤ ᠲᠦᠪᠯᠡᠷᠡᠬᠦᠯᠦᠨ᠂ 12. | 3 ᠳ᠋ᠦᠩᠰᠢᠭᠤᠷ ᠲᠦᠬᠦᠷᠢᠭ ᠤᠨ ᠡᠯ᠎ᠡ ᠲᠦᠷᠦᠯ ᠤᠨ ᠪᠠᠯᠡ ᠤᠷᠤᠭᠤᠯᠵᠦ᠂ ︽ᠲᠠᠪᠤᠨ ᠤᠨᠤᠪᠴᠢᠳᠠᠢ᠂ ᠵᠢᠷᠭᠤᠭᠠᠨ | ᠨᠢᠬᠡ ᠪᠦᠯᠦᠭ︾ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 8118 ᠡᠷᠦᠬᠡ | ᠶᠢᠨ 18975 ᠶᠠᠳᠠᠭᠤ ᠬᠦᠴᠢᠷᠳᠠᠯᠳᠠᠢ ᠬᠦᠮᠦᠨ ᠠᠮᠠ ᠲᠤᠭᠳᠠᠭᠰᠠᠨ ᠬᠤᠭᠤᠴᠠᠭᠠᠨ ᠲᠤᠳᠤᠷ᠎ᠠ ᠶᠠᠳᠠᠭᠤ ᠠᠴᠠ | ᠠᠩᠭᠢᠵᠢᠷᠠᠵᠦ᠂ 78 ᠶᠠᠳᠠᠭᠤ ᠬᠦᠴᠢᠷᠳᠠᠯᠳᠠᠢ ᠭᠠᠴᠠᠭ᠎ᠠ ᠲᠤᠰᠬᠤᠨ ᠪᠦᠬᠦᠨ ᠢᠶᠠᠷ ᠢᠶᠠᠨ ᠶᠠᠳᠠᠭᠤ ᠠᠴᠠ ᠭᠠᠷᠴᠦ᠂ | 2020 ᠤᠨ ᠤ ᠡᠴᠦᠰ ᠲᠤ ᠶᠠᠳᠠᠭᠤ ᠬᠦᠴᠢᠷᠳᠠᠯᠳᠠᠢ ᠡᠷᠦᠬᠡ ᠶᠢᠨ ᠬᠦᠮᠦᠨ ᠲᠤᠮᠳᠠᠴᠢ ᠶᠢᠨ ᠴᠠᠪᠠᠷ ᠤᠷᠤᠯᠭ᠎ᠠ | 14100 ᠲᠦᠬᠦᠷᠢᠭ ᠲᠤ ᠬᠦᠷᠴᠦ᠂ 2016 ᠤᠨ ᠤ ᠡᠴᠦᠰ ᠠᠴᠠ 386% ᠦᠰᠪᠠ᠃ ᠪᠤᠬᠢᠷᠳᠤᠯ ᠢ | ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠡᠷᠬᠡᠢ ᠦᠷ᠎ᠡ ᠪᠦᠳᠦᠮᠵᠢ ᠶᠢ ᠤᠯᠵᠦ᠂ ᠠᠭᠠᠷ | ᠮᠠᠨᠳᠠᠯ ᠤᠨ ᠴᠠᠪᠠᠷᠴᠠ ᠶᠢᠨ ᠨᠤᠷᠮ᠎ᠠ 95.8% ᠪᠤᠯᠤᠨ ᠲᠡᠬᠡᠭᠰᠢᠯᠡᠵᠦ᠂ ᠤᠢ ᠰᠢᠭᠤᠢ ᠶᠢᠨ ᠪᠦᠷᠬᠦᠴᠠ ᠶᠢᠨ | ᠨᠤᠷᠮ᠎ᠠ 21.46% ᠲᠡᠭᠡᠭᠰᠢᠯᠡᠨ᠂ ᠨᠤᠳᠤᠭ ᠪᠡᠯᠴᠢᠬᠡᠷ ᠤᠨ ᠤᠷᠭᠤᠮᠠᠯ ᠤᠨ ᠬᠤᠴᠢᠯᠭ᠎ᠠ ᠶᠢᠨ ᠨᠤᠷᠮ᠎ᠠ 29.4% | ᠲᠡᠭᠡᠭᠰᠢᠯᠡᠵᠦ᠂ ᠬᠦᠬᠡ ᠲᠡᠭᠷᠢ ᠬᠦᠬᠡᠮᠳᠦᠭ ᠠᠭᠤᠯᠠᠰ ᠢᠶᠠᠨ ᠰᠠᠬᠢᠨ ᠬᠠᠮᠠᠭᠠᠯᠠᠪᠠ᠃ ᠶᠡᠷᠦᠩᠭᠡᠢ ᠴᠤᠭᠴᠠ ᠶᠢᠨ | ᠤᠯᠤᠰ ᠤᠨ ᠠᠮᠤᠷ ᠲᠦᠪᠰᠢᠨ ᠤ ᠦᠵᠡᠯᠳᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠬᠦᠷᠢᠶ᠎ᠠ ᠬᠡᠪᠴᠢᠶᠠᠨ | ᠳᠠᠬᠢ ᠲᠦᠭᠰᠢᠬᠦᠷᠢ ᠶᠢ ᠢᠳᠠᠪᠬᠢᠳᠠᠢ ᠰᠡᠷᠬᠡᠶᠢᠯᠡᠨ ᠡᠵᠡᠮᠳᠠᠵᠦ᠂ ᠠᠵᠦ ᠠᠬᠤᠢ ᠨᠡᠶᠢᠬᠡᠮ ᠤᠨ ᠡᠮᠬᠢ ᠲᠢᠭᠯᠢᠮ | ᠲᠤᠭᠳᠠᠭᠤᠨ ᠢ ᠪᠠᠳᠤᠯᠠᠪᠠ᠃ ᠦᠷᠢ ᠦᠭᠴᠡᠭᠡ ᠶᠢ ᠠᠷᠢᠯᠭᠠᠬᠤ ᠶᠢ ᠲᠤᠭᠳᠠᠭᠤᠨ ᠢᠶᠠᠷ ᠠᠬᠢᠭᠤᠯᠵᠦ᠂ ᠡᠬᠦᠷᠬᠡ ᠪᠠᠨ | ᠱᠠᠳᠤᠴᠢ ᠴᠢᠨᠠᠷᠳᠠᠢ ᠪᠠᠶᠠᠯᠡᠬᠦᠯᠪᠠ᠃ | — ᠬᠤᠳᠠ ᠬᠦᠳᠡᠭᠡ ᠶᠢᠨ ᠲᠦᠷᠰᠦ ᠪᠠᠶᠢᠳᠠᠯ ᠮᠡᠳᠡᠭᠳᠡᠮ᠎ᠡ ᠰᠠᠶᠢᠵᠢᠷᠠᠪᠠ᠃ ᠰᠢᠨ᠎ᠡ ᠲᠤᠭᠤᠷᠢᠭ ᠤᠨ ᠪᠦᠳᠦᠬᠡᠨ | ᠪᠠᠶᠢᠭᠤᠯᠤᠯᠳᠠ ᠶᠢᠨ ᠲᠠᠯᠠᠪᠠᠢ 4.45 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠲᠠᠢ ᠾᠧ ᠬᠤᠷᠢᠶᠠᠯᠠᠯ᠂ | ᠪᠢ ᠱᠧᠩ ᠶᠤᠸᠠᠨ ᠬᠤᠷᠢᠶᠠᠯᠠᠯ ᠵᠡᠷᠬᠡ ᠦᠨᠳᠦᠷ ᠲᠡᠰ ᠤᠨ ᠰᠠᠭᠤᠭᠠᠯᠢ ᠲᠤᠭᠤᠷᠢᠭ ᠢ ᠪᠠᠶᠢᠭᠤᠯᠤᠨ ᠲᠠᠭᠤᠰᠬᠠᠵᠦ᠂ | ᠲᠠᠸᠠᠷ ᠤᠨ ᠰᠠᠭᠤᠴᠠ ᠶᠢᠨ ᠲᠠᠯᠠᠪᠠᠢ 110 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠨ᠂ ᠵᠠᠮ ᠱᠤᠭᠤᠮ ᠪᠠ | ᠭᠠᠵᠠᠷ ᠲᠤᠤᠷᠠᠬᠢ ᠬᠤᠭᠤᠯᠠᠢ ᠲᠡᠪᠢᠰᠬᠦ ᠵᠡᠷᠬᠡ ᠢᠨᠵᠧᠨᠧᠷᠢᠩ ᠢ ᠬᠡᠷᠡᠭᠵᠢᠬᠦᠯᠵᠦ᠂ ᠠᠮᠢᠳᠤᠷᠠᠯ ᠤᠨ ᠬᠤᠰ ᠨᠤᠪᠰᠢ ᠶᠢ | ᠵᠠᠳᠠᠷᠠᠭᠤᠯᠤᠨ ᠰᠢᠢᠳᠪᠦᠷᠢᠯᠡᠬᠦ ᠲᠦᠷᠦᠯ ᠵᠤᠶᠢᠯ ᠢ ᠡᠬᠢᠯᠡᠬᠦᠯᠦᠨ᠂ ᠬᠤᠳᠠ ᠪᠠᠯᠭᠠᠰᠤᠯᠵᠢᠳᠠ ᠶᠢᠨ ᠨᠤᠷᠮ᠎ᠠ 41.9% | ᠪᠠᠶᠢᠭᠰᠠᠨ ᠠᠴᠠ 58.9% ᠪᠤᠯᠤᠨ ᠲᠡᠭᠡᠭᠰᠢᠯᠡᠪᠡ᠃ ᠵᠠᠬᠦᠨ ᠠᠭᠤᠯᠠᠨ ᠤ ᠠᠮᠢ ᠠᠬᠤᠶᠢᠳᠦ ᠴᠡᠴᠡᠷᠯᠢᠭ᠂ ᠮᠤᠷᠢᠨ | ᠬᠤᠭᠤᠷ ᠴᠡᠴᠡᠷᠯᠢᠭ ᠵᠡᠷᠬᠡ ᠶᠢ ᠰᠢᠨ᠎ᠡ ᠪᠠᠷ ᠪᠠᠶᠢᠭᠤᠯᠵᠦ᠂ ᠪᠠᠶᠢᠭᠤᠯᠤᠭᠰᠠᠨ ᠭᠠᠵᠠᠷ ᠤᠨ ᠨᠤᠭᠤᠭᠠᠷᠠᠭᠤᠯᠤᠯᠳᠠ ᠶᠢᠨ | ᠨᠤᠷᠮ᠎ᠠ 32.5% ᠲᠤ ᠬᠦᠷᠪᠡ᠃ ᠮᠠᠯᠵᠢᠬᠤ ᠲᠠᠷᠢᠶᠠᠯᠠᠬᠤ ᠤᠷᠤᠨ ᠤ 1.5 ᠲᠦᠮᠡ ᠢᠯᠡᠬᠦᠦ ᠡᠷᠦᠬᠡ ᠳᠤ | ᠰᠠᠭᠤᠬᠤ ᠬᠡᠷ ᠪᠠᠶᠢᠭᠤᠯᠤᠨ ᠵᠠᠰᠠᠵᠦ᠂ 12.8 ᠲᠦᠮᠡᠨ ᠬᠦᠮᠦᠨ ᠤ ᠤᠰᠦ ᠤᠮᠳᠠ ᠶᠢᠨ ᠠᠮᠤᠷ ᠲᠦᠪᠰᠢᠨ ᠤ | ᠠᠰᠠᠭᠤᠳᠠᠯ ᠢ ᠰᠢᠢᠳᠪᠦᠷᠢᠯᠡᠨ᠂ 687 ᠺᠢᠯᠤᠮᠧᠲᠷ ᠤᠨ ᠵᠠᠰᠠᠮᠠᠯ ᠵᠠᠮ ᠰᠢᠨ᠎ᠡ ᠪᠠᠷ ᠵᠠᠰᠠᠵᠦ᠂ ᠤᠯᠠᠭᠠᠨᠬᠤᠸᠠ — | ᠠᠶᠢᠷᠠᠭ ᠬᠦᠷᠬᠦ ᠱᠤᠭᠤᠮ᠂ 331 ᠳ᠋ᠤᠭᠠᠷ ᠱᠤᠭᠤᠮ᠂ 335 ᠳ᠋ᠤᠭᠠᠷ ᠱᠤᠭᠤᠮ ᠢ ᠪᠠᠶᠢᠭᠤᠯᠤᠨ ᠲᠠᠭᠤᠰᠬᠠᠵᠦ | ᠲᠡᠷᠬᠡ ᠨᠡᠪᠳᠡᠷᠡᠬᠦᠯᠦᠨ᠂ ᠭᠠᠴᠠᠭ᠎ᠠ ᠲᠤᠰᠬᠤᠨ ᠳᠤ ᠴᠦᠮ ᠪᠠᠷᠤᠭᠰᠢᠨ ᠱᠤᠶᠢᠨᠢ ᠵᠠᠮ ᠲᠡᠪᠢᠰᠴᠦ᠂ 10 ᠺᠢᠯᠤᠸ᠋ᠯᠲ | ᠵᠢᠴᠢ ᠲᠡᠬᠦᠨ ᠠᠴᠠ ᠲᠤᠷᠤᠭᠰᠢᠬᠢ ᠲᠠᠷᠢᠶᠠᠯᠠᠩ ᠤᠨ ᠴᠠᠬᠢᠯᠭᠠᠨ ᠲᠤᠤᠷ ᠱᠤᠭᠤᠮ ᠢ 1900 ᠢᠯᠡᠬᠦᠦ ᠺᠢᠯᠤᠮᠧᠲᠷ | ᠲᠠᠳᠠᠵᠦ᠂ ᠨᠠᠶᠢᠳᠠ ᠶᠢᠨ ᠵᠤᠷᠯᠤᠩ ᠪᠠ ᠬᠡᠷ ᠲᠤᠳᠤᠷᠠᠬᠢ ᠵᠤᠷᠯᠤᠩ 5550 ᠶᠢ ᠪᠠᠶᠢᠭᠤᠯᠵᠦ᠂ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠨᠦᠬᠦᠴᠠᠯ ᠮᠡᠳᠡᠭᠳᠡᠮ᠎ᠡ ᠰᠠᠶᠢᠵᠢᠷᠠᠪᠠ᠃ | — ᠠᠷᠠᠳ ᠤᠯᠠᠨ ᠤ ᠵᠤᠯ ᠵᠢᠷᠭᠠᠯᠳᠦ ᠲᠦᠷᠦᠭᠳᠡᠯ ᠦᠷᠬᠦᠯᠵᠢᠯᠡᠨ ᠨᠡᠮᠡᠭᠳᠡᠪᠡ᠃ ᠠᠷᠠᠳ ᠲᠦᠮᠡᠨ ᠢᠶᠠᠷ ᠭᠤᠤᠯ | ᠪᠤᠯᠭᠠᠬᠤ ᠶᠢ ᠢᠮᠠᠭᠳᠠ ᠪᠠᠷᠢᠮᠳᠠᠯᠠᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠵᠢᠯ ᠳᠤ ᠲᠤᠮᠳᠠᠴᠢ ᠪᠠᠷ ᠡᠳ᠋ | ᠤᠨ ᠵᠠᠰᠠᠭ ᠤᠨ ᠵᠠᠷᠤᠯᠭ᠎ᠠ ᠶᠢᠨ 80% ᠠᠴᠠ ᠲᠡᠭᠡᠭᠰᠢᠬᠢ ᠶᠢ ᠡᠵᠡᠯᠡᠪᠡ᠃ ᠲᠤᠷᠰᠢᠯᠳᠠ ᠶᠢᠨ ᠲᠤᠮᠳᠠᠳᠦ | ᠰᠤᠷᠭᠠᠭᠤᠯᠢ᠂ ᠬᠦᠯ ᠪᠦᠮᠪᠦᠬᠡᠨ ᠲᠠᠯᠠᠪᠠᠢ᠂ ᠮᠤᠩᠭᠤᠯ ᠬᠢᠳᠠᠳ ᠡᠮᠨᠡᠯᠬᠡ ᠶᠢᠨ ᠬᠤᠷᠢᠶ᠎ᠠ᠂ ᠤᠯᠠᠭᠠᠨᠮᠦ᠋ᠴᠢᠷ ᠤᠨ | ᠪᠤᠯᠪᠠᠰᠤᠷᠠᠯ ᠤᠨ ᠲᠢᠩᠭᠢᠮ ᠪᠠ ᠵᠢᠭᠤᠯᠴᠢᠯᠠᠭᠰᠠᠳ ᠤᠨ ᠲᠦᠪ ᠵᠡᠷᠬᠡ ᠭᠤᠤᠯᠳᠠᠯᠭ᠎ᠠ ᠲᠠᠢ ᠲᠦᠷᠦᠯ ᠵᠤᠶᠢᠯ ᠢ | ᠬᠡᠷᠡᠭᠵᠢᠬᠦᠯᠵᠦ᠂ ᠰᠤᠷᠭᠠᠨ ᠬᠦᠮᠦᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠰᠤᠶᠤᠯ ᠤᠨ ᠠᠵᠢᠯ ᠤᠶᠢᠯᠡᠰ ᠤᠨ | ᠰᠠᠭᠤᠷᠢ ᠨᠦᠬᠦᠴᠡᠯ ᠢ ᠰᠠᠶᠢᠵᠢᠷᠠᠭᠤᠯᠪᠠ᠃ ᠰᠤᠷᠭᠠᠨ ᠬᠦᠮᠦᠵᠢᠯ ᠤᠨ ᠭᠤᠷᠪᠠᠨ ᠲᠦᠷᠦᠯ ᠤᠨ ᠦᠬᠡᠷᠡᠴᠢᠯᠡᠯᠳᠠ ᠶᠢ | ᠬᠦᠨᠵᠡᠬᠡᠢ ᠠᠬᠢᠭᠤᠯᠵᠦ᠂ ᠲᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠪᠤᠯᠤᠨ ᠡᠩ ᠤᠨ ᠦᠨᠳᠦᠷ | ᠵᠡᠷᠬᠡ ᠶᠢᠨ ᠲᠤᠮᠳᠠᠳᠦ ᠰᠤᠷᠭᠠᠭᠤᠯᠢ ᠶᠢ ᠬᠠᠷᠢᠯᠴᠠᠨ ᠤᠶᠠᠯᠳᠤᠭᠤᠯᠬᠤ ᠰᠤᠷᠭᠠᠨ ᠬᠦᠮᠦᠵᠢᠯ ᠤᠨ ᠬᠡᠯᠪᠡᠷᠢ ᠮᠠᠶ᠋ᠢᠭ ᠢ | ᠲᠤᠷᠰᠢᠨ ᠬᠡᠷᠡᠭᠵᠢᠬᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ | ᠬᠦᠭᠵᠢᠯᠳᠠ ᠶᠢᠨ ᠬᠤᠷᠢᠶᠠᠨ ᠰᠢᠯᠭᠠᠯᠳᠠ ᠶᠢ ᠦᠩᠭᠡᠷᠡᠬᠦᠯᠦᠨ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠶᠡᠰᠦ | ᠴᠢᠨᠠᠷ ᠵᠢᠯ ᠲᠠᠷᠠᠭᠠᠯᠠᠨ ᠲᠡᠬᠡᠭᠰᠢᠯᠡᠪᠡ᠃ ᠡᠮ ᠡᠮᠴᠢᠯᠡᠭᠡ ᠡᠷᠡᠬᠦᠯ ᠬᠠᠮᠠᠭᠠᠯᠠᠯ ᠤᠨ ᠲᠤᠭᠳᠠᠴᠠ ᠶᠢᠨ ᠦᠬᠡᠷᠡᠴᠢᠯᠡᠯᠳᠠ | ᠶᠢ ᠬᠦᠨᠵᠡᠬᠡᠶᠢᠷᠡᠬᠦᠯᠵᠦ᠂ ᠤᠯᠤᠰ ᠤᠨ ᠦᠨᠳᠦᠰᠦᠨ ᠡᠮ ᠤᠨ ᠵᠤᠶᠢᠯ ᠪᠠ ᠱᠠᠳᠦ ᠬᠤᠪᠢᠶᠠᠨ ᠡᠮᠴᠢᠯᠡᠬᠦ ᠲᠦᠷᠢᠮ ᠢ | ᠪᠦᠬᠦ ᠲᠠᠯ᠎ᠠ ᠪᠠᠷ ᠠᠬᠢᠭᠤᠯᠤᠨ᠂ ᠡᠮᠨᠡᠯᠬᠡ ᠶᠢᠨ ᠬᠤᠯᠪᠤᠭᠠᠯᠠᠯ ᠤᠨ ᠪᠠᠶᠢᠭᠤᠯᠤᠯᠳᠠ ᠶᠢ ᠲᠤᠭᠳᠠᠭᠤᠨ ᠢᠶᠠᠷ ᠲᠦᠯᠬᠢᠨ | ᠠᠬᠢᠭᠤᠯᠵᠦ᠂ ᠬᠤᠰᠢᠭᠤᠨ ᠤ ᠡᠮᠨᠡᠯᠬᠡ ᠶᠢᠨ ᠬᠤᠷᠢᠶ᠎ᠠ ᠨᠢ ︽ᠬᠤᠶᠠᠳᠤᠭᠠᠷ ᠵᠡᠷᠬᠡ ᠶᠢᠨ ᠬᠦᠬᠡᠭᠴᠢᠨ ᠲᠠᠰ ᠤᠨ | ᠡᠮᠨᠡᠯᠬᠡ ᠶᠢᠨ ᠬᠤᠷᠢᠶ᠎ᠠ︾ ᠪᠤᠯᠤᠨ ᠲᠡᠪᠰᠢᠵᠦ᠂ ᠭᠤᠷᠪᠠᠳᠤᠭᠠᠷ ᠲᠡᠰ ᠤᠨ ᠡᠮ ᠡᠮᠴᠢᠯᠡᠭᠡ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠰᠢᠰᠲ᠋ᠧᠮ ᠢ ᠤᠯᠠᠮ ᠲᠡᠬᠦᠯᠳᠡᠷᠵᠢᠬᠦᠯᠪᠡ᠃ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠡᠵᠡᠮᠳᠠᠬᠦ | ᠬᠦᠴᠦᠯᠡᠴᠡ ᠪᠠᠨ ᠨᠡᠮᠡᠭᠳᠡᠬᠦᠯᠦᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠲᠤᠷᠰᠢᠯᠳᠠ ᠶᠢᠨ ᠦᠷᠳᠡᠭᠡ ᠪᠠ | PCR ᠪᠦᠬᠡᠮ ᠬᠦᠴᠢᠯ ᠤᠨ ᠬᠢᠨᠠᠨ ᠰᠢᠯᠭᠠᠯᠳᠠ ᠶᠢᠨ ᠲᠤᠷᠰᠢᠯᠳᠠ ᠶᠢᠨ ᠲᠠᠰᠤᠭ ᠪᠠᠶᠢᠭᠤᠯᠵᠦ᠂ ᠤᠯᠠᠨ ᠲᠦᠮᠡᠨ | ᠢᠶᠠᠷ ᠢᠶᠠᠨ ᠰᠡᠳᠬᠢᠯ ᠨᠢᠬᠡᠳᠦᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠬᠡᠶᠢᠯᠡᠨ ᠬᠤᠷᠢᠭᠯᠠᠵᠦ | ᠂ ᠸᠠᠺᠼᠢᠨ ᠲᠠᠷᠢᠬᠤ ᠡᠬᠦᠷᠬᠡ 100% ᠶᠢ ᠲᠠᠪᠠᠵᠦ᠂ ᠤᠯᠠᠨ ᠲᠦᠮᠡᠨ ᠤ ᠡᠷᠡᠬᠦᠯ ᠴᠢᠬᠢᠷᠠᠭ ᠪᠠ ᠠᠮᠢ ᠨᠠᠰᠤᠨ ᠤ | ᠠᠮᠤᠷ ᠲᠦᠪᠰᠢᠨ ᠢ ᠪᠠᠳᠤᠯᠠᠬᠤ ︽ᠪᠠᠳᠦ ᠪᠠᠬᠢ ᠬᠡᠷᠡᠮ︾ ᠢ ᠪᠠᠶᠢᠭᠤᠯᠪᠠ᠃ ᠢᠳᠡᠬᠡᠨ ᠤᠮᠳᠠᠭᠠᠨ ᠡᠮ ᠡᠮᠨᠡᠯᠬᠡ ᠶᠢᠨ | ᠲᠠᠯ᠎ᠠ ᠪᠠᠷ ᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠷᠠᠳ ᠲᠦᠮᠡᠨ ᠤ ︽ | ᠬᠡᠯᠡᠨ ᠳᠠᠬᠢ ᠠᠮᠤᠷ ᠲᠦᠪᠰᠢᠨ︾ ᠢ ᠪᠠᠳᠤᠯᠠᠪᠠ᠃ ᠬᠤᠳᠠᠯᠳᠤᠭ᠎ᠠ ᠡᠵᠡᠩᠨᠡᠬᠦ ᠤᠷᠴᠢᠨ ᠠᠬᠤᠢ ᠶᠢ ᠦᠷᠬᠦᠯᠵᠢᠯᠡᠨ | ᠰᠠᠶᠢᠵᠢᠷᠠᠭᠤᠯᠵᠦ᠂ ︽ᠲᠦᠷᠪᠡ ᠪᠠᠷ ᠡᠷᠬᠢᠯᠡᠬᠦ︾ ᠦᠢᠯᠡᠴᠢᠯᠡᠬᠡᠨ ᠤ ᠬᠡᠯᠪᠡᠷᠢ ᠶᠢ ᠪᠤᠳᠠᠳᠠᠢ ᠠᠬᠢᠭᠤᠯᠤᠨ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠶᠠᠪᠤᠴᠠ ᠶᠢ 558 ᠲᠦᠷᠦᠯ ᠳᠤ ᠴᠤᠮᠬᠤᠳᠬᠠᠵᠦ᠂ ᠵᠠᠰᠠᠭ ᠵᠠᠬᠢᠷᠭᠠᠨ ᠤ ᠦᠷ᠎ᠡ | ᠪᠦᠳᠦᠮᠵᠢ ᠪᠠ ᠦᠢᠯᠡᠴᠢᠯᠡᠬᠡᠨ ᠤ ᠦᠷ᠎ᠡ ᠠᠰᠢᠭ ᠢᠯᠡᠳᠳᠠ ᠲᠡᠬᠡᠭᠰᠢᠯᠡᠨ᠂ ᠤᠯᠠᠨ ᠲᠦᠮᠡᠨ ᠳᠤ ᠨᠡᠩ ᠲᠦᠬᠦᠮ | ᠦᠵᠡᠬᠦᠯᠪᠠ᠃ ᠲᠦᠬᠢᠮ᠎ᠡ ᠨᠠᠰᠤᠳᠠᠨ ︽ᠠᠷᠠᠳ ᠤᠨ ᠵᠢᠱᠢᠶᠡᠴᠢ︾ ᠬᠡᠬᠦ ᠤᠯᠤᠰ ᠤᠨ ᠢᠷᠡᠭᠤ ᠠᠯᠳᠠᠷ ᠤᠨ ᠴᠤᠯᠠ | ᠶᠢ ᠬᠦᠷᠳᠡᠵᠦ᠂ ᠦᠯᠢᠬᠡᠷ ᠲᠠᠭᠤᠷᠢᠶᠠᠯ ᠤᠨ ᠲᠦᠷᠢ ᠲᠦᠷᠬᠦ ᠨᠢ ᠬᠦᠮᠦᠰ ᠤᠨ ᠰᠡᠳᠬᠢᠯ ᠳᠤ ᠬᠠᠳᠠᠩᠰᠢᠪᠠ᠃ | ᠤᠯᠠᠭᠠᠨᠮᠦᠴᠢᠷ ᠤᠨ ᠬᠢᠨ ᠤᠷᠢᠳ ᠬᠤᠵᠢᠳ ︽ᠲᠦᠬᠢᠮ᠎ᠡ ᠡᠵᠢ︾᠂ ︽ᠬᠤᠪᠢᠯᠭᠠᠨ ᠵᠠᠪᠢ᠂ ᠠᠮᠤᠭᠤᠯᠠᠩ︾ | ᠵᠡᠷᠬᠡ ᠨᠢᠬᠡ ᠪᠦᠯᠦᠭ ᠰᠢᠯᠢᠳᠡᠭ ᠵᠦᠴᠦᠬᠡ ᠤᠳ ᠵᠤᠬᠢᠶᠠᠨ ᠲᠤᠭᠯᠠᠵᠦ᠂ ᠰᠤᠶᠤᠯ ᠢᠶᠠᠷ ᠠᠷᠠᠳ ᠲᠤ ᠠᠰᠢᠭ | ᠬᠦᠷᠳᠡᠬᠡᠬᠦ ᠬᠦᠳᠡᠯᠬᠡᠬᠡᠨ ᠢ ᠵᠢᠯ ᠳᠤ ᠲᠤᠮᠳᠠᠴᠢ ᠪᠠᠷ 100 ᠢᠯᠡᠬᠦᠦ ᠤᠳᠠᠭ᠎ᠠ ᠦᠷᠨᠢᠬᠦᠯᠦᠨ᠂ ᠤᠯᠠᠨ ᠲᠦᠮᠡᠨ ᠤ | ᠰᠤᠶᠤᠯ ᠤᠨ ᠠᠮᠢᠳᠤᠷᠠᠯ ᠡᠳᠦᠷ ᠢᠷᠡᠬᠦᠶ᠎ᠠ ᠪᠠᠶᠠᠯᠢᠭᠵᠢᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠬᠡ᠂ ᠨᠠᠶᠢᠬᠡᠮ ᠤᠨ ᠲᠠᠭᠠᠳᠬᠠᠯ᠂ ᠨᠠᠭᠠᠳᠦ ᠵᠠᠬ᠎ᠠ ᠶᠢᠨ ᠪᠠᠳᠤᠯᠠᠭ᠎ᠠ ᠵᠡᠷᠬᠡ ᠨᠠᠶᠢᠬᠡᠮ ᠤᠨ ᠪᠠᠳᠤᠯᠠᠭ᠎ᠠ ᠶᠢᠨ | ᠰᠢᠰᠲ᠋ᠧᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠦᠨ᠂ ᠤᠶᠢᠯᠠᠰ ᠪᠤᠰᠬᠠᠨ ᠠᠵᠢᠯ ᠤᠯᠭᠤᠬᠤ ᠶᠢ ᠦᠷᠬᠦᠯᠵᠢᠯᠡᠨ | ᠴᠢᠩᠭᠠᠳᠬᠠᠪᠠ᠃ | ᠲᠠᠪᠤᠨ ᠵᠢᠯ ᠤᠨ ᠲᠤᠷᠰᠢ᠂ ᠪᠢᠳᠠ ᠴᠢᠩᠭ᠎ᠠ ᠠᠳᠬᠤᠨ ᠵᠠᠰᠠᠵᠦ᠂ ᠲᠤᠭᠳᠠᠭᠤᠨ ᠢ ᠪᠠᠳᠤᠯᠠᠬᠤ ᠶᠢ ᠪᠠᠷᠢᠮᠳᠠᠯᠠᠨ᠂ | ᠠᠮᠤᠷ ᠲᠦᠪᠰᠢᠨ ᠪᠦᠯᠬᠦᠮᠳᠡᠯ ᠲᠠᠢ ᠨᠡᠶᠢᠬᠡᠮ ᠤᠨ ᠪᠠᠶᠢᠳᠠᠯ ᠢ ᠪᠠᠳᠤᠯᠠᠪᠠ᠃ ᠬᠠᠤᠯᠢ ᠶᠤᠰᠤᠭᠠᠷ ᠬᠤᠰᠢᠭᠤ ᠪᠠᠨ | ᠵᠠᠰᠠᠬᠤ᠂ ᠬᠠᠤᠯᠢ ᠶᠤᠰᠤᠭᠠᠷ ᠬᠠᠤᠯᠢ ᠬᠡᠷᠡᠭᠵᠢᠬᠦᠯᠬᠦ ᠪᠠ ᠬᠠᠤᠯᠢ ᠶᠤᠰᠤᠭᠠᠷ ᠵᠠᠰᠠᠭ ᠪᠠᠷᠢᠬᠤ ᠶᠢ ᠬᠠᠮᠳᠦ ᠪᠠᠷ | ᠠᠬᠢᠭᠤᠯᠬᠤ ᠶᠢ ᠪᠠᠷᠢᠮᠳᠠᠯᠠᠵᠦ᠂ ᠠᠷᠠᠳᠴᠢᠯᠠᠭᠰᠠᠨ ᠬᠠᠤᠯᠢ ᠵᠠᠰᠠᠯᠳᠠ ᠶᠢᠨ ᠬᠢᠷᠢ ᠲᠦᠪᠰᠢᠨ ᠮᠡᠳᠡᠭᠳᠡᠮ᠎ᠡ ᠲᠡᠬᠡᠭᠰᠢᠯᠡᠪᠡ | ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠦᠮᠦᠵᠢᠯ ᠴᠡᠭᠴᠡᠯᠡᠯᠳᠠ ᠶᠢᠨ ᠠᠵᠢᠯ ᠢ ᠪᠦᠬᠦ ᠲᠠᠯ᠎ᠠ ᠪᠠᠷ | ᠦᠷᠨᠢᠬᠦᠯᠦᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠤᠳᠠᠳᠠᠢ | ᠶᠠᠪᠤᠭᠳᠠᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ 22 ᠬᠡᠷᠡᠭ ᠶᠠᠪᠤᠳᠠᠯ ᠢ | ᠰᠢᠢᠳᠪᠦᠷᠢᠯᠠᠨ᠂ 2 ᠬᠠᠷ᠎ᠠ ᠪᠦᠯᠦᠭᠳᠡᠨ ᠤ ᠪᠦᠯᠬᠦᠮ ᠢ ᠠᠷᠢᠯᠭᠠᠪᠠ᠃ ︽ᠲᠤᠯᠤᠳᠤᠭᠠᠷ ᠲᠠᠪᠤᠨ ᠵᠢᠯ︾ ᠳᠠᠬᠢ | ᠬᠠᠤᠯᠢ ᠶᠢᠨ ᠲᠦᠬᠡᠮᠡᠯᠵᠢᠬᠦᠯᠦᠯᠳᠠ ᠶᠢ ᠬᠦᠨᠵᠡᠬᠡᠢ ᠠᠬᠢᠭᠤᠯᠤᠨ᠂ ᠲᠦᠷᠪᠡᠳᠦᠬᠡᠷ ᠲᠡᠰ ᠤᠨ ᠲᠤᠤᠷ ᠰᠦᠯᠵᠢᠶᠠᠵᠢᠯᠳᠠ | ᠶᠢᠨ ᠵᠠᠰᠠᠯᠳᠠ ᠶᠢᠨ ᠰᠢᠰᠲ᠋ᠧᠮ ᠢ ᠪᠠᠶᠢᠭᠤᠯᠵᠦ᠂ ᠦᠨᠳᠦᠰᠦᠨ ᠱᠠᠳᠤᠨ ᠤ ᠵᠠᠰᠠᠯᠳᠠ ᠶᠢᠨ ᠰᠢᠨ᠎ᠡ ᠠᠷᠭ᠎ᠠ ᠵᠠᠮ ᠢ | ᠡᠬᠦᠳᠪᠡ᠃ ᠤᠯᠤᠰ ᠢᠶᠠᠨ ᠬᠠᠶᠢᠷᠠᠯᠠᠬᠤ ᠨᠢᠬᠡᠳᠦᠮᠠᠯ ᠹᠷᠤᠨᠲ ᠤᠨ ᠱᠤᠭᠤᠮ ᠢ ᠪᠠᠬᠢᠵᠢᠬᠦᠯᠦᠨ ᠬᠦᠭᠵᠢᠬᠦᠯᠵᠦ᠂ | ᠵᠦᠷᠢᠴᠠᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠢᠳᠡᠪᠬᠢᠳᠠᠢ ᠦᠷᠨᠢᠬᠦᠯᠵᠦ᠂ ᠨᠠᠮ ᠵᠠᠰᠠᠭ ᠴᠡᠷᠢᠭ | ᠠᠷᠠᠳ ᠬᠠᠮᠳᠤᠷᠠᠨ ᠬᠢᠯᠢ ᠬᠢᠵᠠᠭᠠᠷ ᠤᠷᠤᠨ ᠢᠶᠠᠨ ᠪᠠᠬᠢᠵᠢᠬᠦᠯᠦᠨ ᠬᠦᠴᠦᠷᠬᠡᠭᠵᠢᠬᠦᠯᠵᠦ᠂ ᠡᠬᠡ ᠤᠯᠤᠰ ᠤᠨ | ᠤᠮᠠᠷᠠᠳᠦ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠪᠠ᠃ ᠲᠤᠯᠤᠳᠤᠭᠠᠷ ᠤᠳᠠᠭᠠᠨ ᠤ ᠪᠦᠬᠦ ᠤᠯᠤᠰ | ᠤᠨ ᠬᠦᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢ ᠲᠠᠩᠰᠠᠯᠠᠨ ᠲᠠᠭᠤᠰᠬᠠᠪᠠ᠃ ᠭᠠᠵᠠᠷ ᠤᠷᠤᠨ ᠤ ᠤᠶᠢᠯᠠᠯᠭ᠎ᠠ | ᠪᠠ ᠤᠨ ᠤ ᠲᠠᠮᠳᠡᠭᠯᠡᠯ ᠨᠢ ᠪᠦᠬᠦ ᠤᠯᠤᠰ ᠤᠨ ︽ᠬᠤᠶᠠᠷ ᠢ ᠪᠦᠷᠢᠳᠦᠬᠦᠯᠬᠦ︾ ᠬᠠᠷᠠᠯᠳᠠ ᠶᠢ ᠪᠠᠶᠠᠯᠡᠬᠦᠯᠪᠡ᠃ | ᠠᠶᠤᠯᠬᠦᠢ ᠦᠢᠯᠡᠳᠪᠦᠷᠢᠯᠡᠯ ᠤᠨ ᠬᠠᠨᠳᠤᠰᠢ ᠶᠡᠷᠦᠩᠭᠡᠢ ᠳᠡᠭᠡᠨ ᠲᠤᠭᠳᠠᠪᠤᠷᠢᠵᠢᠵᠦ᠂ ᠪᠠᠴᠢᠮ ᠢ ᠠᠷᠭᠠᠴᠠᠭᠠᠨ | ᠲᠤᠰᠠᠯᠠᠬᠤ ᠰᠢᠰᠲ᠋ᠧᠮ ᠠᠭᠠᠵᠢᠮ ᠢᠶᠠᠷ ᠲᠡᠬᠦᠯᠳᠡᠷᠵᠢᠵᠦ᠂ ᠤᠯᠠᠨ ᠲᠦᠮᠡᠨ ᠤ ᠠᠮᠢ ᠨᠠᠰᠦ ᠡᠳ᠋ ᠬᠦᠷᠦᠩᠭᠡ ᠶᠢᠨ | ᠠᠮᠤᠷ ᠲᠦᠪᠰᠢᠨ ᠢ ᠪᠠᠳᠤᠯᠠᠨ᠂ ᠨᠡᠶᠢᠬᠡᠮ ᠤᠨ ᠪᠦᠬᠦ ᠲᠠᠯ᠎ᠠ ᠶᠢᠨ ᠡᠶ᠎ᠡ ᠵᠤᠬᠢᠴᠠᠩᠭᠤᠢ ᠲᠤᠭᠳᠠᠭᠤᠨ ᠢ ᠬᠠᠮᠠᠭᠠᠯᠠᠪᠠ᠃ | | ᠲᠠᠪᠤᠨ ᠵᠢᠯ ᠤᠨ ᠲᠤᠷᠰᠢ᠂ ᠪᠢᠳᠠ ᠤᠯᠤᠰ ᠲᠦᠷᠦ ᠶᠢ ᠡᠷᠬᠢᠮᠯᠡᠵᠦ᠂ ᠪᠦᠬᠦ ᠲᠠᠯ᠎ᠠ ᠠᠴᠠ ᠪᠤᠳᠤᠯᠬᠢᠯᠠᠬᠤ ᠶᠢ | ᠪᠠᠷᠢᠮᠳᠠᠯᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠦᠨ ᠬᠦᠭᠵᠢᠬᠦᠯᠬᠦ ᠶᠢ ᠠᠬᠢᠭᠤᠯᠪᠠ᠃ | ︽ᠬᠤᠶᠠᠷ ᠢ ᠰᠤᠷᠤᠯᠴᠠᠵᠠᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ | ᠪᠠᠶᠢᠩᠭᠤᠵᠢᠯᠳᠠ ᠲᠦᠷᠢᠮᠵᠢᠯ ᠢ ᠦᠷᠨᠢᠬᠦᠯᠵᠦ᠂ ︽ᠤᠭ ᠵᠤᠷᠢᠯᠳᠠ ᠪᠠᠨ ᠦᠯᠦ ᠮᠠᠷᠳᠡᠨ᠂ ᠡᠬᠦᠷᠬᠡ ᠬᠠᠷᠢᠭᠤᠴᠠᠯᠭ᠎ᠠ | ᠪᠠᠨ ᠪᠠᠳᠦ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠦᠷ᠎ᠡ ᠪᠦᠳᠦᠮᠵᠢ ᠶᠢ ᠲᠠᠰᠤᠷᠠᠯᠳᠠ ᠦᠭᠡᠢ | ᠪᠠᠬᠢᠵᠢᠬᠦᠯᠦᠨ᠂ ᠨᠠᠮ ᠤᠨ ᠲᠡᠤᠬᠡ ᠰᠤᠷᠤᠯᠴᠠᠯᠭ᠎ᠠ ᠶᠢᠨ ᠬᠦᠮᠦᠵᠢᠯ ᠢ ᠬᠦᠨᠵᠡᠬᠡᠢ ᠠᠬᠢᠭᠤᠯᠵᠦ᠂ ᠦᠷᠬᠡᠨ ᠤᠯᠠᠨ ᠨᠠᠮ | ᠤᠨ ᠬᠡᠰᠢᠬᠦᠨ ᠺᠠᠳ᠋ᠷᠴᠤᠳ ᠤᠨ ᠢᠳᠡᠬᠡᠯ ᠵᠤᠷᠢᠭ ᠢ ᠨᠡᠩ ᠪᠡᠳᠦᠳᠬᠠᠪᠠ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭᠠᠳᠦ ᠲᠦᠷᠢᠮ ᠢ ᠪᠦᠳᠦᠮᠵᠢᠳᠠᠢ ᠨᠠᠶᠢᠳᠠᠪᠤᠷᠢᠵᠢᠭᠤᠯᠤᠨ᠂ ᠤᠯᠠᠮᠵᠢᠯᠡᠯᠳᠦ ᠵᠠᠭᠤᠴᠢᠯᠠᠭᠤᠷ | ᠪᠤᠯᠤᠨ ᠰᠢᠨ᠎ᠡ ᠪᠠᠷ ᠬᠦᠭᠵᠢᠭᠰᠡᠨ ᠵᠠᠭᠤᠴᠢᠯᠠᠭᠤᠷ ᠢ ᠤᠶᠠᠯᠳᠤᠭᠤᠯᠤᠨ ᠬᠦᠭᠵᠢᠬᠦᠯᠵᠦ᠂ ᠨᠡᠶᠢᠬᠡᠮ ᠵᠢᠷᠤᠮ ᠤᠨ | ᠭᠤᠤᠯᠯᠠᠬᠤ ᠦᠷᠳᠡᠭ ᠤᠨ ᠦᠵᠡᠯᠳᠠ ᠶᠢ ᠬᠦᠮᠦᠰ ᠤᠨ ᠰᠡᠳᠬᠢᠯ ᠳᠤ ᠬᠠᠳᠠᠩᠰᠢᠭᠤᠯᠪᠠ᠃ ᠨᠠᠮ ᠵᠠᠰᠠᠭ ᠤᠨ | ᠪᠠᠶᠢᠭᠤᠯᠤᠮᠵᠢ ᠶᠢᠨ ᠦᠬᠡᠷᠡᠴᠢᠯᠡᠯᠳᠠ᠂ ᠰᠤᠮᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠠ᠂ ᠵᠠᠰᠠᠭ | ᠵᠠᠬᠢᠷᠭᠠᠨ ᠤ ᠶᠡᠷᠦᠩᠭᠡᠶᠢᠯᠡᠨ ᠬᠠᠤᠯᠢ ᠬᠡᠷᠡᠭᠵᠢᠬᠦᠯᠬᠦ ᠡᠩᠨᠡᠬᠡᠨ ᠤ ᠦᠬᠡᠷᠡᠴᠢᠯᠡᠯᠳᠠ᠂ ᠠᠵᠢᠯ ᠦᠢᠯᠡᠰ ᠤᠨ ᠨᠢᠬᠡᠴᠡ | ᠶᠢᠨ ᠦᠬᠡᠷᠡᠴᠢᠯᠡᠯᠳᠠ ᠪᠠ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠬᠢᠬᠡᠳ ᠭᠠᠴᠠᠭ᠎ᠠ ᠲᠤᠰᠬᠤᠨ ᠤ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠲᠡᠬᠦᠰ ᠠᠮᠵᠢᠯᠳᠠ ᠲᠠᠢ ᠪᠠᠶᠠᠯᠡᠬᠦᠯᠵᠦ᠂ ᠶᠠᠳᠠᠭᠤ ᠶᠢ | ᠲᠡᠳᠬᠦᠨ ᠪᠤᠭᠤᠮᠳᠠ ᠰᠢᠪᠳᠤᠯᠬᠤ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠡᠷᠬᠡ ᠪᠠᠴᠢᠮ ᠬᠦᠨᠳᠦ ᠠᠵᠢᠯ | ᠤᠨ ᠲᠤᠮᠳᠠ ᠲᠤᠪᠤᠶᠢᠮ᠎ᠡ ᠠᠵᠢᠯᠯᠠᠭᠰᠠᠨ ᠨᠢᠬᠡ ᠪᠦᠯᠦᠭ ᠵᠠᠯᠠᠭᠤ ᠠᠵᠢᠯᠳᠠᠳ ᠢ ᠲᠤᠰᠢᠶᠠᠯ ᠲᠡᠪᠰᠢᠬᠦᠯᠪᠠ᠃ | ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠦᠬᠡᠷᠡᠴᠢᠯᠡᠯᠳᠠ ᠶᠢ ᠬᠦᠨᠵᠡᠬᠡᠢ ᠠᠬᠢᠭᠤᠯᠵᠦ᠂ | ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠤᠨ ᠵᠤᠬᠢᠶᠠᠨ ᠪᠠᠶᠢᠭᠤᠯᠵᠦ ᠰᠢᠯᠵᠢᠨ ᠵᠠᠬᠢᠷᠬᠤ᠂ ᠬᠤᠰᠢᠭᠤ ᠨᠠᠮ ᠤᠨ | ᠬᠤᠷᠢᠶᠠᠨ ᠤ ᠲᠤᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠲᠤᠬᠢᠷᠠᠭᠤᠯᠤᠯᠳᠠ ᠪᠠ ᠲᠤᠮᠢᠯᠠᠨ ᠰᠠᠭᠤᠬᠤ | ᠪᠠᠶᠢᠭᠤᠯᠤᠮᠵᠢ ᠶᠢᠨ ᠦᠬᠡᠷᠡᠴᠢᠯᠡᠯᠳᠠ ᠵᠠᠷᠬᠡ ᠠᠵᠢᠯ ᠢ ᠪᠦᠬᠦ ᠲᠠᠯ᠎ᠠ ᠪᠠᠷ ᠪᠠᠶᠠᠯᠠᠬᠦᠯᠦᠨ᠂ ᠡᠳᠦᠷ ᠲᠤᠳᠤᠮ ᠤᠨ | ᠬᠢᠨᠠᠯᠳᠠ᠂ ᠲᠤᠮᠢᠯᠠᠨ ᠰᠠᠭᠤᠵᠦ ᠬᠢᠨᠠᠬᠤ᠂ ᠲᠤᠭᠤᠷᠢᠨ ᠬᠢᠨᠠᠬᠤ ᠲᠠᠯ᠎ᠠ ᠪᠠᠷ ᠪᠦᠬᠦᠨ ᠢ ᠪᠦᠷᠬᠦᠬᠦᠯᠪᠡ᠃ ᠰᠠᠬᠢᠯᠭ᠎ᠠ | ᠪᠠᠳᠦ ᠶᠢ ᠴᠢᠩᠳᠠᠯᠠᠵᠦ᠂ ᠤᠯᠤᠰ ᠲᠦᠷᠦ ᠶᠢᠨ ᠬᠢᠨᠠᠯᠳᠠ ᠶᠢᠨ ᠬᠦᠴᠦᠯᠡᠴᠠ ᠶᠢ ᠦᠷᠬᠦᠯᠵᠢᠯᠡᠨ ᠨᠡᠮᠡᠭᠳᠡᠬᠦᠯᠵᠦ᠂ | ᠢᠯᠵᠢᠷᠡᠯ ᠢ ᠤᠭᠳᠦ ᠵᠦᠪᠰᠢᠶᠡᠷᠡᠬᠦ ᠦᠭᠡᠢ ᠤᠪᠤᠷ ᠪᠤᠯᠤᠨ ︽ᠲᠦᠷᠪᠡᠨ ᠲᠦᠷᠦᠯ ᠤᠨ ᠬᠡᠯᠪᠡᠷᠢ︾ ᠪᠠᠷ 1539 | ᠨᠠᠮ ᠤᠨ ᠬᠡᠰᠢᠬᠦᠨ ᠺᠠᠳ᠋ᠷ ᠲᠤ ᠰᠢᠳᠬᠡᠯ ᠦᠵᠡᠬᠦᠯᠵᠦ᠂ ᠰᠠᠬᠢᠯᠭ᠎ᠠ ᠪᠠᠳᠦ ᠰᠤᠷᠳᠠᠯ ᠤᠨ ᠪᠠᠶᠢᠭᠤᠯᠤᠯᠳᠠ ᠢᠯᠡᠳᠳᠠ | ᠰᠠᠶᠢᠵᠢᠷᠠᠪᠠ᠃ | ᠡᠯ᠎ᠡ ᠲᠦᠯᠦᠬᠡᠯᠡᠭᠴᠢᠳ᠂ ᠨᠦᠬᠦᠳ ᠡ᠄ ᠦᠩᠭᠡᠷᠡᠭᠰᠡᠨ ᠲᠠᠪᠤᠨ ᠵᠢᠯ ᠪᠤᠯ ᠲᠦᠷᠪᠡᠳ ᠬᠤᠰᠢᠭᠤ ᠪᠠᠷ ᠢᠶᠠᠨ | ᠬᠦᠨᠳᠦ ᠨᠠᠶᠢᠳᠠᠯᠭ᠎ᠠ ᠶᠢ ᠡᠬᠦᠷᠬᠡᠯᠡᠵᠦ᠂ ᠬᠦᠴᠢᠷ ᠪᠠᠷᠬᠡ ᠶᠢ ᠰᠦᠷᠦᠨ ᠤᠷᠤᠭᠰᠢᠯᠠᠭᠰᠠᠨ ᠲᠠᠪᠤᠨ ᠵᠢᠯ᠂ | ᠬᠠᠳᠠᠭᠤᠵᠢᠯᠳᠠᠢ ᠲᠡᠮᠡᠴᠡᠵᠦ ᠡᠷᠡᠮᠡᠬᠡᠶᠢᠯᠡᠨ ᠠᠵᠢᠯᠯᠠᠭᠰᠠᠨ ᠲᠠᠪᠤᠨ ᠵᠢᠯ᠂ ᠪᠤᠬᠢᠷᠳᠤᠯ ᠦᠭᠡᠢ ᠬᠦᠭᠵᠢᠯᠳᠠ ᠶᠢ | ᠠᠬᠢᠭᠤᠯᠤᠨ ᠵᠤᠯ ᠵᠢᠷᠭᠠᠯᠳᠦ ᠠᠮᠢᠳᠤᠷᠠᠯ ᠢᠶᠠᠨ ᠪᠤᠰᠬᠠᠭᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ | ᠪᠢᠳᠠ ᠲᠦᠰᠦᠪᠯᠡᠨ ᠪᠤᠳᠤᠭᠰᠠᠨ ᠠᠴᠠ ᠶᠡᠭᠡ ᠬᠦᠴᠢᠷ ᠪᠡᠷᠬᠡᠰᠢᠶᠠᠯ ᠳᠤ ᠤᠴᠠᠷᠠᠭᠰᠠᠨ ᠴᠦ ᠤᠯᠤᠭᠰᠠᠨ ᠠᠮᠵᠢᠯᠳᠠ | ᠨᠢ ᠲᠦᠰᠦᠪᠯᠡᠭᠰᠡᠨ ᠠᠴᠠ ᠶᠡᠭᠡ ᠪᠠᠶᠢᠵᠦ᠂ ᠬᠦᠭᠵᠢᠯᠳᠠ ᠶᠢᠨ ᠶᠠᠪᠤᠴᠠ ᠨᠢ ᠶᠡᠷᠦ ᠪᠤᠰᠦ᠂ ᠤᠯᠤᠭᠰᠠᠨ ᠲᠤᠷᠰᠢᠯᠭ᠎ᠠ | ᠨᠢ ᠲᠤᠶᠢᠯ ᠤᠨ ᠡᠷᠬᠢᠮ ᠨᠠᠨᠳᠢᠨ ᠪᠤᠯᠬᠤ ᠶᠤᠮ᠃ ᠲᠠᠪᠤᠨ ᠵᠢᠯ ᠤᠨ ᠲᠤᠷᠰᠢ᠂ ᠪᠢᠳᠠ ᠬᠦᠭᠵᠢᠯᠳᠠ ᠶᠢ ᠲᠡᠷᠢᠬᠦᠨ | ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠬᠤᠶᠢᠷᠭᠤᠰᠢᠵᠦ ᠤᠬᠤᠷᠢᠬᠤ ᠦᠭᠡᠢ ᠪᠠᠷ ᠭᠤᠤᠯᠳᠠᠯᠭ᠎ᠠ ᠶᠢ ᠠᠳᠬᠤᠨ | ᠬᠦᠴᠢᠷ ᠪᠠᠷᠬᠡ ᠶᠢ ᠲᠤᠭᠤᠯᠵᠦ᠂ ᠨᠢᠬᠡ ᠨᠢᠬᠡ ᠠᠯᠬᠤᠮ ᠢᠶᠠᠷ ᠵᠢᠯ ᠪᠦᠷᠢ ᠰᠢᠨ᠎ᠡ ᠲᠡᠭᠳᠡᠷ ᠲᠤ ᠭᠠᠷᠤᠭᠰᠠᠨ ᠨᠢ ᠰᠢ | ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠭᠰᠠᠨ ᠤ ᠦᠷ᠎ᠡ ᠳ᠋ᠦᠩ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶ᠎ᠠ ᠪᠤᠯᠤᠨ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ᠂ | ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠢᠨ ᠤ ᠰᠢᠨᠳᠠᠷᠠᠰᠢ ᠦᠭᠡᠢ ᠴᠢᠷᠮᠠᠶᠢᠵᠦ ᠰᠢᠭᠤᠷᠬᠠᠶᠢᠯᠠᠨ | ᠤᠷᠤᠭᠰᠢᠯᠠᠭᠰᠠᠨ ᠤ ᠦᠷ᠎ᠡ ᠳ᠋ᠦᠩ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ᠂ ᠠᠷᠠᠳ ᠤᠨ ᠰᠢᠬᠦᠬᠦ ᠬᠤᠷᠢᠶ᠎ᠠ᠂ | ᠪᠠᠶᠢᠴᠠᠭᠠᠬᠤ ᠬᠤᠷᠢᠶᠠᠨ ᠤ ᠨᠢᠭᠳᠠ ᠬᠠᠮᠳᠤᠷᠠᠯᠴᠠᠵᠦ ᠬᠠᠤᠯᠢ ᠲᠦᠷᠢᠮ ᠶᠤᠰᠤᠭᠠᠷ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠭᠡᠭᠰᠡᠨ ᠤ ᠦᠷ᠎ᠡ ᠳ᠋ᠦᠩ᠂ ᠠᠵᠢᠯᠴᠢᠨ ᠤ ᠡᠪᠯᠡᠯ᠂ ᠡᠮᠡᠭᠳᠠᠶᠢᠴᠤᠳ ᠤᠨ ᠬᠤᠯᠪᠤᠭ᠎ᠠ᠂ ᠡᠪ ᠬᠠᠮᠳᠦ | ᠵᠠᠯᠠᠭᠤᠴᠤᠳ ᠤᠨ ᠡᠪᠯᠡᠯ ᠵᠡᠷᠬᠡ ᠪᠦᠯᠬᠦᠮ ᠵᠤᠬᠢᠶᠠᠨ ᠪᠠᠶᠢᠭᠤᠯᠤᠯᠳᠠ ᠶᠢᠨ ᠢᠳᠡᠪᠬᠢᠳᠠᠢ ᠰᠠᠨᠠᠭᠠᠴᠢᠯᠠᠨ ᠠᠵᠢᠯᠯᠠᠵᠦ᠂ | ᠲᠤᠰ ᠪᠠᠶ᠎ᠠ ᠶᠢᠨ ᠲᠠᠪᠠᠭᠤᠯᠢᠭ ᠢᠶᠠᠨ ᠪᠠᠳᠠᠷᠠᠭᠤᠯᠤᠭᠰᠠᠨ ᠤ ᠦᠷ᠎ᠡ ᠳ᠋ᠦᠩ᠂ ᠪᠦᠬᠦ ᠬᠤᠰᠢᠭᠤᠨ ᠤ ᠡᠯ᠎ᠡ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠪᠠ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠲᠦᠮᠡᠨ ᠤ ᠰᠡᠳᠬᠢᠯ | ᠵᠤᠷᠢᠭ ᠢᠶᠠᠨ ᠨᠢᠬᠡᠳᠬᠡᠨ᠂ ᠪᠤᠳᠠᠳᠠᠶᠢᠴᠢᠯᠠᠨ ᠠᠵᠢᠯᠯᠠᠭᠰᠠᠨ ᠤ ᠦᠷ᠎ᠡ ᠳ᠋ᠦᠩ᠂ ᠡᠯ᠎ᠡ ᠦᠨᠳᠦᠰᠦᠳᠡᠨ ᠡᠯ᠎ᠡ ᠡᠳᠡᠬᠡᠳ | ᠤᠨ ᠬᠢᠨ ᠪᠠ ᠬᠠᠪᠰᠤᠷᠤᠨ ᠲᠡᠳᠬᠦᠬᠦ ᠪᠠᠶᠢᠭᠤᠯᠭ᠎ᠠ ᠨᠢᠬᠡᠴᠡ ᠵᠢᠴᠢ ᠬᠠᠮᠢᠶ᠎ᠠ ᠪᠦᠬᠦᠢ ᠲᠠᠯ᠎ᠠ ᠶᠢᠨ ᠬᠢᠨ ᠤ | ᠬᠠᠯᠠᠮᠵᠢᠯᠠᠵᠦ ᠲᠡᠮᠵᠢᠭᠰᠡᠨ ᠤ ᠦᠷ᠎ᠡ ᠳ᠋ᠦᠩ ᠪᠤᠯᠤᠨ᠎ᠠ᠃ ᠠᠳᠠ ᠪᠢ ᠲᠤᠮᠳᠠᠳᠦ ᠤᠯᠤᠰ ᠤᠨ ᠡᠪ ᠬᠠᠮᠳᠦ ᠨᠠᠮ ᠤᠨ | ᠲᠦᠷᠪᠡᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠦᠯᠦᠬᠡᠯᠡᠵᠦ᠂ ᠲᠦᠷᠪᠡᠳ | ᠬᠤᠰᠢᠭᠤᠨ ᠤ ᠬᠦᠭᠵᠢᠯᠳᠠ ᠶᠢ ᠠᠩᠬᠠᠷᠤᠨ ᠲᠡᠮᠵᠢᠵᠦ ᠪᠠᠶᠢᠭ᠎ᠠ ᠪᠦᠬᠦ ᠬᠦᠮᠦᠰ ᠪᠤᠯᠤᠨ ᠬᠤᠰᠢᠭᠤᠨ ᠤ | ᠦᠬᠡᠷᠡᠴᠢᠯᠡᠯᠳᠠ ᠬᠦᠭᠵᠢᠯᠳᠠ ᠲᠤᠭᠳᠠᠭᠤᠨ ᠳᠤ ᠬᠤᠪᠢ ᠨᠡᠮᠡᠷᠢ ᠦᠵᠡᠬᠦᠯᠦᠭᠰᠡᠨ ᠨᠦᠬᠦᠳ ᠨᠠᠷ ᠲᠤ ᠴᠢᠩ ᠰᠡᠳᠬᠢᠯ | ᠤᠨ ᠲᠡᠯᠡᠷᠬᠠᠯ ᠢᠶᠠᠨ ᠲᠡᠪᠰᠢᠬᠦᠯᠦᠶ᠎ᠠ᠃ | ᠤᠯᠤᠭᠰᠠᠨ ᠠᠮᠵᠢᠯᠳᠠ ᠪᠠᠨ ᠨᠤᠳᠠᠯᠠᠬᠤ ᠶᠢᠨ ᠲᠠᠭᠠᠤ᠂ ᠵᠠᠷᠢᠮ ᠨᠠᠮ ᠤᠨ ᠬᠡᠰᠢᠬᠦᠨ ᠶᠡᠷᠦᠩᠭᠡᠢ ᠱᠦᠵᠢ ᠰᠢ ᠶᠢᠨ | ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ | ᠵᠤᠷᠢᠭ ᠰᠠᠨᠠᠭ᠎ᠠ ᠪᠠ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠠᠵᠢᠯ ᠤᠨ ᠲᠤᠬᠠᠢ ᠴᠢᠬᠤᠯᠠ | ᠦᠬᠦᠯᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠬᠡ ᠲᠠᠯ᠎ᠠ ᠪᠠᠷ ᠪᠠᠰᠠ ᠵᠦᠷᠢᠶ᠎ᠠ ᠤᠷᠤᠰᠢᠵᠦ᠂ ᠤᠶᠢᠯᠠᠭᠠᠨ | ᠡᠵᠡᠮᠰᠢᠭᠰᠡᠨ ᠢᠶᠠᠷ ᠪᠦᠷᠢᠨ ᠪᠤᠰᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠪᠠᠰᠠ ᠬᠦᠢᠴᠡᠳ ᠪᠤᠰᠦ | ᠪᠠᠶᠢᠨ᠎ᠠ︔ ᠠᠵᠦ ᠠᠬᠤᠢ ᠶᠢᠨ ᠪᠦᠳᠦᠴᠨ ᠶᠢᠨ ᠲᠤᠬᠢᠷᠠᠭᠤᠯᠤᠯᠳᠠ ᠵᠤᠬᠢᠮᠵᠢ ᠦᠭᠡᠢ᠂ ᠵᠡᠷᠬᠡ ᠲᠡᠰ ᠲᠤᠤᠷ᠎ᠠ᠂ ᠲᠡᠰ | ᠲᠡᠪᠰᠢᠬᠦᠯᠬᠦ ᠡᠬᠦᠷᠬᠡ ᠬᠠᠷᠠᠬᠠᠨ ᠬᠦᠨᠳᠦ ᠪᠠᠶᠢᠨ᠎ᠠ︔ ᠵᠠᠰᠠᠭ ᠤᠨ ᠤᠷᠳᠤᠨ ᠤ ᠦᠷᠢ ᠦᠭᠴᠡᠭᠡ ᠬᠦᠨᠳᠦ᠂ ᠡᠳ᠋ ᠤᠨ | ᠵᠠᠰᠠᠭ ᠤᠨ ᠤᠷᠤᠯᠭ᠎ᠠ ᠲᠤᠤᠷ᠎ᠠ᠂ ᠲᠤᠯᠭᠠᠭᠤᠷᠢᠯᠠᠬᠤ ᠴᠢᠨᠠᠷᠳᠠᠢ ᠭᠠᠶᠢᠯᠢ ᠶᠢᠨ ᠢᠷᠡᠯᠳᠠ ᠶᠢ ᠬᠦᠭᠵᠢᠬᠦᠯᠬᠦ ᠳᠤ ᠯᠤᠳᠦ | ᠶᠡᠭᠡ ᠴᠢᠷᠮᠠᠶᠢᠯᠭ᠎ᠠ ᠶᠢ ᠭᠠᠷᠭᠠᠬᠤ ᠬᠡᠷᠡᠭᠳᠠᠢ︔ ᠬᠤᠳᠠ ᠬᠦᠳᠡᠭᠡ ᠶᠢᠨ ᠬᠦᠭᠵᠢᠯᠳᠠ ᠲᠡᠩᠴᠡᠬᠦᠷᠢ ᠦᠭᠡᠢ᠂ ᠠᠷᠠᠳ | ᠤᠨ ᠠᠮᠢᠳᠤᠷᠠᠯ ᠤᠨ ᠬᠦᠷᠢᠶᠠᠨ ᠤ ᠬᠦᠭᠵᠢᠯᠳᠠ ᠶᠢᠨ ᠬᠢᠷᠢ ᠲᠦᠪᠰᠢᠨ ᠪᠤᠯᠤᠨ ᠤᠯᠠᠨ ᠲᠦᠮᠡᠨ ᠤ ᠬᠦᠰᠡᠯ ᠡᠷᠡᠮᠡᠯᠵᠡᠯ | ᠳᠤ ᠬᠦᠷᠬᠦ ᠳᠤ ᠮᠦᠨ ᠬᠦ ᠵᠦᠷᠢᠶ᠎ᠠ ᠤᠷᠤᠰᠢᠵᠦ ᠪᠠᠶᠢᠨ᠎ᠠ︔ ᠵᠠᠷᠢᠮ ᠺᠠᠳ᠋ᠷᠴᠤᠳ ᠤᠨ ᠦᠵᠡᠯ ᠰᠠᠨᠠᠭ᠎ᠠ ᠪᠠᠨ | ᠴᠢᠯᠦᠬᠡᠯᠡᠬᠦ ᠲᠠᠯ᠎ᠠ ᠪᠠᠷ ᠬᠦᠷᠦᠯᠴᠡᠬᠦ ᠦᠭᠡᠢ᠂ ᠡᠬᠦᠷᠬᠡᠯᠡᠵᠦ ᠬᠠᠷᠢᠭᠤᠴᠠᠬᠤ ᠤᠬᠠᠮᠰᠠᠷ ᠲᠤᠤᠷ᠎ᠠ᠂ ᠬᠤᠳᠠᠯᠳᠤᠭ᠎ᠠ | ᠡᠵᠡᠩᠨᠡᠬᠦ ᠤᠷᠴᠢᠨ ᠢ ᠰᠠᠶᠢᠳᠦᠷ ᠰᠢᠯᠢᠳᠡᠭᠵᠢᠬᠦᠯᠵᠦ ᠴᠢᠳᠠᠭ᠎ᠠ ᠦᠭᠡᠢ ᠵᠡᠷᠬᠡ ᠠᠰᠠᠭᠤᠳᠠᠯ ᠤᠳ ᠤᠷᠤᠰᠢᠵᠦ ᠪᠠᠶᠢᠬᠤ | ᠪᠠᠨ ᠰᠡᠷᠬᠡᠭ ᠢᠶᠠᠷ ᠲᠠᠨᠢᠵᠦ ᠤᠯᠤᠯ᠎ᠠ᠃ ᠡᠬᠦᠨ ᠳᠤ ᠪᠢᠳᠠ ᠡᠷᠬᠡᠪᠰᠢ ᠲᠡᠬᠡᠳᠦ ᠬᠡᠮᠵᠢᠶ᠎ᠠ ᠪᠠᠷ ᠴᠢᠬᠤᠯᠠᠴᠢᠯᠠᠵᠦ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠶᠢᠯᠠᠭᠠᠬᠤ ᠴᠢᠳᠠᠪᠤᠷᠢ ᠪᠠ ᠬᠡᠷᠡᠭᠵᠢᠬᠦᠯᠬᠦ ᠴᠢᠳᠠᠪᠤᠷᠢ ᠪᠠᠨ | ᠲᠠᠰᠤᠷᠠᠯᠳᠠ ᠦᠭᠡᠢ ᠲᠡᠭᠡᠭᠰᠢᠯᠡᠬᠦᠯᠦᠨ᠂ ᠬᠤᠶᠢᠰᠢᠳᠠ ᠶᠢᠨ ᠠᠵᠢᠯ ᠲᠤᠮᠳᠠ ᠪᠠᠨ ᠴᠢᠷᠮᠠᠶᠢᠨ ᠰᠢᠢᠳᠪᠦᠷᠢᠯᠡᠬᠦ ᠬᠡᠷᠡᠭᠳᠠᠢ | ᠃ | ᠬᠤᠶᠠᠷ᠂ ᠪᠠᠶᠢᠳᠠᠯ ᠢ ᠲᠠᠨᠢᠨ ᠤᠶᠢᠯᠠᠭᠠᠵᠦ᠂ ᠠᠵᠠ ᠲᠤᠬᠢᠶᠠᠯ ᠢ ᠠᠳᠬᠤᠨ᠂ ᠠᠵᠦ ᠠᠬᠤᠢ ᠨᠡᠶᠢᠬᠡᠮ ᠤᠨ ᠴᠢᠨᠠᠷ | ᠰᠠᠶᠢᠳᠠᠢ ᠬᠦᠭᠵᠢᠯᠳᠠ ᠶᠢᠨ ᠬᠠᠷᠠᠯᠳᠠ ᠴᠢᠭᠯᠡᠯ ᠢ ᠲᠤᠳᠤᠷᠬᠠᠶᠢᠯᠠᠨ᠎ᠠ᠃ | ᠢᠷᠡᠬᠦ ᠲᠠᠪᠤᠨ ᠵᠢᠯ ᠪᠤᠯ ᠨᠡᠶᠢᠬᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ | ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠳᠤ | ᠤᠷᠤᠭᠰᠢᠯᠠᠬᠤ ᠠᠩᠬᠠᠨ ᠤ ᠲᠠᠪᠤᠨ ᠵᠢᠯ ᠪᠤᠯᠤᠨ᠎ᠠ᠂ ᠪᠢᠳᠠ ᠡᠷᠬᠡᠪᠰᠢ ᠴᠠᠭ ᠮᠦᠴᠨ ᠪᠦᠷᠢ ᠳᠤ ᠴᠢᠷᠮᠠᠶᠢᠨ ᠲᠡᠮᠡᠴᠡᠬᠦ | ᠡᠷᠴᠢ ᠵᠤᠷᠢᠭ ᠢᠶᠠᠷ ᠨᠡᠶᠢᠬᠡᠮ ᠵᠢᠷᠤᠮ ᠤᠨ ᠤᠳᠤᠬᠢᠴᠢᠯᠡᠯᠳᠠ ᠶᠢ ᠪᠦᠬᠦ ᠲᠠᠯ᠎ᠠ ᠪᠠᠷ ᠡᠬᠢᠯᠡᠬᠦᠯᠬᠦ ᠰᠢᠨ᠎ᠡ ᠠᠶᠠᠨ ᠳᠤ | ᠰᠢᠨ᠎ᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠬᠤ ᠬᠡᠷᠡᠭᠳᠠᠢ᠃ | ᠰᠢᠨ᠎ᠡ ᠠᠶᠠᠨ ᠤ ᠰᠢᠯᠭᠠᠯᠳᠠ ᠶᠢᠨ ᠵᠠᠮ ᠳᠤ᠂ ᠪᠦᠬᠦ ᠬᠤᠰᠢᠭᠤᠨ ᠳᠤ ᠨᠠᠮ ᠤᠨ ᠲᠦᠪ ᠬᠤᠷᠢᠶᠠᠨ ᠤ ᠡᠷᠡᠰ | ᠴᠢᠩᠭ᠎ᠠ ᠵᠦᠪ ᠤᠨᠤᠪᠴᠢᠳᠠᠢ ᠤᠳᠤᠷᠢᠳᠤᠯᠭ᠎ᠠ ᠪᠠᠶᠢᠨ᠎ᠠ᠃ ᠰᠢᠨ᠎ᠡ ᠴᠠᠭ ᠦᠶ᠎ᠠ᠂ ᠰᠢᠨ᠎ᠡ ᠠᠶᠠᠨ ᠵᠠᠮ ᠳᠠᠭᠠᠨ | ᠤᠷᠤᠬᠤ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠢ ᠠᠯᠤᠰ ᠬᠡᠳᠦ ᠶᠢ | ᠪᠤᠳᠤᠯᠬᠢᠯᠠᠨ᠂ ᠴᠠᠭ ᠦᠶ᠎ᠠ ᠳᠤ ᠨᠡᠶᠢᠴᠡᠭᠰᠡᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠨ᠂ ᠦᠪᠦᠷ ᠮᠤᠩᠭᠤᠯ ᠳᠤ | ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠬᠡ ᠪᠠᠬᠢᠯᠡᠯᠳᠠ︾ ᠶᠢᠨ ᠪᠠᠶᠢᠯᠳᠤᠬᠤ ᠪᠤᠳᠤᠯᠭ᠎ᠠ ᠪᠠ | ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠵᠦ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠤ | ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠠᠷᠭ᠎ᠠ ᠵᠠᠮ ᠢ ᠲᠤᠭᠳᠠᠭᠠᠪᠠ᠃ ᠡᠨᠡ ᠪᠤᠯ ᠪᠢᠳᠠᠨ ᠤ ᠠᠵᠦ ᠠᠬᠤᠢ | ᠨᠡᠶᠢᠬᠡᠮ ᠤᠨ ᠬᠦᠭᠵᠢᠯᠳᠠ ᠶᠢ ᠠᠬᠢᠭᠤᠯᠬᠤ ᠴᠢᠬᠤᠯᠠ ᠶᠡᠭᠡ ᠲᠡᠤᠬᠡᠳᠦ ᠴᠢᠨᠠᠷᠳᠠᠢ ᠠᠵᠠ ᠲᠤᠬᠢᠶᠠᠯ᠂ ᠨᠡᠩ ᠴᠦ | ᠰᠢᠨ᠎ᠡ ᠡᠷᠡᠨ ᠢ ᠨᠡᠬᠡᠬᠡᠭᠰᠡᠨ ᠴᠢᠬᠤᠯᠠ ᠶᠡᠭᠡ ᠠᠴᠢ ᠬᠤᠯᠪᠤᠭᠳᠠᠯ ᠲᠠᠢ ᠶᠠᠪᠤᠳᠠᠯ ᠪᠤᠯᠤᠨ᠎ᠠ᠃ ᠴᠦᠬᠡᠨ ᠲᠤᠭᠠᠳᠦ | ᠦᠨᠳᠦᠰᠦᠳᠡᠨ ᠤ ᠬᠢᠯᠢ ᠶᠢᠨ ᠬᠤᠰᠢᠭᠤ ᠪᠤᠯᠤᠭᠰᠠᠨ ᠤ ᠬᠤᠪᠢ ᠳᠤ ᠦᠨᠳᠦᠰᠦᠳᠡᠨ ᠤ ᠪᠦᠯᠬᠦᠮᠳᠡᠯ ᠪᠠ ᠬᠢᠯᠢ ᠪᠠᠨ | ᠰᠠᠬᠢᠨ ᠬᠠᠮᠠᠭᠠᠯᠠᠬᠤ ᠠᠵᠢᠯ ᠢ ᠰᠠᠶᠢᠳᠦᠷ ᠬᠢᠵᠦ᠂ ᠡᠬᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠬᠤ ᠳᠤ ᠪᠢᠳᠠ ᠪᠦᠬᠦᠨ ᠬᠠᠷᠢᠭᠤᠴᠠᠯᠭ᠎ᠠ ᠲᠠᠢ᠃ ᠤᠯᠤᠰ ᠤᠨ ᠭᠤᠤᠯ ᠴᠤᠭᠴᠠᠳᠦ | ᠴᠢᠳᠠᠮᠵᠢ ᠶᠢᠨ ᠤᠷᠤᠨ ᠤ ᠲᠤᠷᠰᠢᠯᠳᠠ ᠶᠢᠨ ᠴᠡᠭ ᠤᠨ ᠵᠢᠱᠢᠶ᠎ᠠ ᠦᠵᠡᠬᠦᠯᠬᠦ ᠬᠤᠰᠢᠭᠤ ᠪᠤᠯᠤᠭᠰᠠᠨ ᠤ ᠬᠤᠪᠢ ᠳᠤ | ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠵᠦ᠂ ᠡᠬᠡ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠪᠢᠳᠠ ᠪᠦᠬᠦᠨ ᠬᠠᠷᠢᠭᠤᠴᠠᠯᠭ᠎ᠠ ᠲᠠᠢ᠃ ᠪᠦᠬᠦ ᠤᠯᠤᠰ ᠤᠨ ᠰᠠᠯᠬᠢᠨ | ᠬᠦᠴᠦᠨ ᠤ ᠡᠬᠢ ᠪᠠᠶᠠᠯᠢᠭ ᠤᠨ I ᠲᠡᠰ ᠤᠨ ᠭᠤᠤᠯᠳᠠᠯᠭᠠᠳᠦ ᠤᠷᠤᠨ ᠪᠤᠯᠤᠭᠰᠠᠨ ᠤ ᠬᠤᠪᠢ ᠳᠤ ᠤᠯᠤᠰ ᠤᠨ | ᠴᠢᠬᠤᠯᠠ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠬᠤ ᠳᠤ ᠪᠢᠳᠠ | ᠪᠦᠬᠦᠨ ᠬᠠᠷᠢᠭᠤᠴᠠᠯᠭ᠎ᠠ ᠲᠠᠢ᠃ ᠪᠦᠬᠦ ᠬᠤᠳᠠ ᠶᠢᠨ ᠬᠠᠮᠤᠭ ᠤᠨ ᠲᠤᠮᠦ ᠮᠠᠯᠵᠢᠯ ᠲᠠᠷᠢᠶᠠᠯᠠᠩ ᠢ | ᠤᠶᠠᠯᠳᠤᠭᠤᠯᠤᠭᠰᠠᠨ ᠬᠤᠰᠢᠭᠤ ᠪᠤᠯᠤᠭᠰᠠᠨ ᠤ ᠬᠤᠪᠢ ᠳᠤ ᠤᠯᠤᠰ ᠤᠨ ᠮᠠᠯ ᠲᠠᠷᠢᠶᠠᠯᠠᠩ ᠤᠨ ᠪᠦᠳᠦᠬᠡᠭᠳᠡᠬᠦᠨ ᠤ | ᠴᠢᠬᠤᠯᠠ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠪᠢᠳᠠ ᠪᠦᠬᠦᠨ ᠬᠠᠷᠢᠭᠤᠴᠠᠯᠭ᠎ᠠ ᠲᠠᠢ᠃ ᠦᠪᠡᠷᠳᠡᠬᠡᠨ | ᠵᠠᠰᠠᠬᠤ ᠤᠷᠤᠨ ᠤ 19 ᠬᠢᠯᠢ ᠬᠢᠵᠠᠭᠠᠷ ᠬᠤᠰᠢᠭᠤ ᠪᠤᠯᠤᠭᠰᠠᠨ ᠤ ᠬᠤᠪᠢ ᠳᠤ᠂ ᠮᠠᠨ ᠤ ᠤᠯᠤᠰ ᠤᠨ ᠤᠮᠠᠷᠠᠳᠦ | ᠤᠷᠤᠨ ᠤ ᠴᠢᠬᠤᠯᠠ ᠪᠠᠬᠢᠯᠡᠯᠳᠠ ᠶᠢ ᠪᠠᠶᠢᠭᠤᠯᠬᠤ ᠳᠤ ᠪᠢᠳᠠ ᠪᠦᠬᠦᠨ ᠬᠠᠷᠢᠭᠤᠴᠠᠯᠭ᠎ᠠ ᠲᠠᠢ᠃ ᠡᠨᠡᠬᠦ ᠲᠠᠷᠬᠠᠨ | ᠡᠬᠦᠷᠬᠡ ᠬᠠᠷᠢᠭᠤᠴᠠᠯᠭ᠎ᠠ ᠶᠢ ᠡᠬᠦᠷᠬᠡᠯᠡᠵᠦ ᠶᠠᠪᠤᠬᠤ ᠳᠤ ᠪᠢᠳᠠ ᠡᠷᠬᠡᠪᠰᠢ ᠲᠤᠭ ᠲᠡᠮᠳᠡᠭ ᠢᠶᠠᠨ ᠲᠤᠳᠤᠷᠬᠠᠶᠢᠯᠠᠨ | ᠤᠯᠤᠰ ᠲᠦᠷᠦ ᠶᠢ ᠡᠷᠬᠢᠮᠯᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ | ᠪᠠᠷᠢᠮᠳᠠᠯᠠᠨ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠰᠡᠨ ᠨᠢᠬᠡᠳᠦᠯᠳᠠᠢ ᠤᠳᠤᠷᠢᠳᠤᠯᠭ᠎ᠠ ᠶᠢ | ᠡᠷᠡᠰ ᠴᠢᠩᠭ᠎ᠠ ᠬᠠᠮᠠᠭᠠᠯᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ | ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠡᠨ᠂ ᠵᠢᠯᠤᠭᠤᠳᠤᠯᠭ᠎ᠠ ᠶᠢ | ᠦᠢᠯᠡᠳᠦᠯᠬᠡᠵᠢᠬᠦᠯᠵᠦ᠂ ᠠᠵᠢᠯ ᠢᠶᠠᠨ ᠠᠬᠢᠭᠤᠯᠤᠨ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ | ᠳᠠᠬᠢ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ︽ᠲᠤᠯᠤᠭᠠᠨᠨ ᠰᠠᠷ᠎ᠠ ᠶᠢᠨ | ᠨᠢᠬᠡᠨ︾ ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠲᠦᠪ ᠤᠨ ᠦᠨᠳᠦᠰᠦᠳᠡᠨ ᠤ ᠠᠵᠢᠯ ᠤᠨ ᠬᠤᠷᠠᠯ | ᠲᠡᠬᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠦᠵᠡᠯ ᠰᠠᠨᠠᠭ᠎ᠠ᠂ ᠤᠯᠤᠰ | ᠲᠦᠷᠦ᠂ ᠤᠶᠢᠯᠠ ᠠᠵᠢᠯᠯᠠᠭ᠎ᠠ ᠪᠠᠨ ᠢᠮᠠᠭᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠯᠤᠭ᠎ᠠ ᠲᠡᠬᠡᠳᠦ ᠬᠡᠮᠵᠢᠶ᠎ᠠ ᠪᠠᠷ ᠨᠢᠬᠡᠳᠦᠯᠳᠠᠢ ᠪᠠᠶᠢᠯᠭᠠᠨ᠂ ᠡᠯ᠎ᠡ ᠦᠨᠳᠦᠰᠦᠳᠡᠨ ᠤ ᠠᠷᠠᠳ ᠲᠦᠮᠡᠨ ᠤ ᠨᠠᠮ | ᠤᠨ ᠲᠤᠭ ᠲᠠᠯᠪᠠᠭ᠎ᠠ ᠲᠤᠤᠷ᠎ᠠ ᠪᠦᠯᠬᠦᠮᠳᠡᠨ ᠨᠢᠭᠳᠠᠷᠠᠵᠦ᠂ ᠨᠠᠮ ᠤᠨ ᠵᠢᠭᠠᠨ ᠵᠢᠯᠤᠭᠤᠳᠤᠭᠰᠠᠨ ᠴᠢᠭᠯᠡᠯ ᠢ ᠢᠮᠠᠭᠳᠠ | ᠲᠠᠭᠠᠵᠦ ᠴᠢᠷᠮᠠᠶᠢᠨ ᠤᠷᠤᠭᠰᠢᠯᠠᠬᠤ ᠶᠢ ᠪᠠᠳᠤᠯᠠᠬᠤ ᠬᠡᠷᠡᠭᠳᠠᠢ᠃ | ᠰᠢᠨ᠎ᠡ ᠠᠶᠠᠨ ᠤ ᠰᠢᠯᠭᠠᠯᠳᠠ ᠶᠢᠨ ᠵᠠᠮ ᠳᠤ᠂ ᠪᠦᠬᠦ ᠬᠤᠰᠢᠭᠤᠨ ᠳᠤ ᠦᠬᠡᠳᠡᠷᠬᠡᠭ ᠰᠠᠶᠢᠨ ᠤᠯᠤᠰ ᠲᠦᠷᠦ ᠶᠢᠨ | ᠠᠵᠠ ᠲᠤᠬᠢᠶᠠᠯ ᠪᠠᠶᠢᠨ᠎ᠠ᠃ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠵᠦ᠂ ᠪᠤᠬᠢᠷᠳᠤᠯ ᠦᠭᠡᠢ ᠬᠦᠭᠵᠢᠬᠦ | ᠴᠢᠨᠠᠷ ᠰᠠᠶᠢᠳᠠᠢ ᠬᠦᠭᠵᠢᠯᠳᠠ ᠶᠢᠨ ᠶᠠᠪᠤᠴᠠ ᠲᠤᠮᠳᠠ᠂ ᠲᠦᠷᠪᠡᠳ ᠬᠤᠰᠢᠭᠤ ᠪᠤᠯ ᠪᠦᠬᠦ ᠬᠤᠳᠠ ᠶᠢᠨ ᠬᠠᠮᠤᠭ ᠤᠨ | ᠶᠡᠭᠡ ᠬᠦᠭᠵᠢᠯᠳᠠ ᠶᠢᠨ ᠲᠠᠯᠳᠠ ᠨᠦᠬᠡᠴᠡ ᠬᠦᠴᠦᠨ ᠲᠠᠢ ᠬᠤᠰᠢᠭᠤ ᠪᠤᠯᠤᠨ᠎ᠠ᠃ ︽ᠨᠢᠬᠡ ᠪᠦᠰᠡ ᠨᠢᠬᠡ ᠵᠠᠮ︾ | ᠤᠨ ᠴᠢᠨᠠᠷ ᠰᠠᠶᠢᠳᠠᠢ ᠬᠦᠭᠵᠢᠯᠳᠠ ᠶᠢᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠲᠠᠭᠠᠯᠳᠤᠨ᠂ | ᠤᠯᠠᠭᠠᠨᠴᠠᠪ — ᠡᠷᠢᠶᠠᠨ ᠬᠦᠷᠬᠦ ᠤᠯᠤᠰ ᠤᠨ ᠡᠳ᠋ ᠪᠠᠷᠠᠭᠠᠨ ᠤ ᠬᠦᠢᠯᠬᠡᠬᠡ ᠶᠢᠨ ᠬᠦᠢᠰᠦ ᠪᠤᠯᠤᠨ ᠬᠢᠯᠢ ᠶᠢᠨ | ᠪᠤᠭᠤᠮᠳᠠ ᠶᠢ ᠴᠤᠭᠴᠠᠵᠢᠭᠤᠯᠤᠭᠰᠠᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠦ᠂ ᠮᠠᠯ ᠲᠠᠷᠢᠶᠠᠯᠠᠩ | ᠤᠨ ᠰᠢᠯᠢᠳᠡᠭ ᠪᠦᠳᠦᠬᠡᠭᠳᠡᠬᠦᠨ ᠪᠤᠯᠤᠨ ᠹᠯᠤᠷ ᠬᠢᠮᠢ ᠶᠢᠨ ᠪᠦᠳᠦᠬᠡᠭᠳᠡᠬᠦᠨ ᠢ ᠠᠭᠠᠵᠢᠮ ᠢᠶᠠᠷ ᠤᠯᠤᠰ ᠤᠨ | ᠭᠠᠳᠠᠭᠠᠳᠦ ᠶᠢᠨ ᠵᠠᠬ᠎ᠠ ᠲᠡᠯᠬᠡᠬᠦᠷ ᠲᠤ ᠭᠠᠷᠭᠠᠵᠦ᠂ ᠭᠠᠳᠠᠭᠠᠳᠦ ᠠᠷᠠᠯᠵᠢᠶᠠᠨ ᠤ ᠦᠷᠳᠡᠭ ᠨᠢ ᠲᠦᠰᠦᠪᠯᠡᠭᠰᠡᠨ ᠢᠶᠠᠷ | ᠵᠢᠯ ᠳᠤ ᠲᠤᠮᠳᠠᠴᠢ ᠪᠠᠷ 14.6% ᠤᠷᠴᠢᠮ ᠤᠨ ᠬᠤᠷᠳᠤᠴᠠ ᠪᠠᠷ ᠦᠰᠬᠦ ᠪᠤᠯᠤᠨ᠎ᠠ᠃ ᠤᠯᠤᠰ ᠤᠨ ︽ | ᠨᠡᠬᠦᠷᠡᠰᠦᠳᠦ᠋ᠷᠦᠭᠴᠢ ᠶᠢ ᠲᠤᠭᠳᠠᠪᠤᠷᠢᠵᠢᠭᠤᠯᠬᠤ︾ ᠬᠠᠷᠠᠯᠳᠠ ᠶᠢ ᠲᠤᠷᠠᠳᠤᠭᠰᠠᠨ ᠪᠠ ᠤᠨᠴᠠᠭᠠᠶᠢᠯᠠᠨ ᠤᠯᠤᠰ ᠤᠨ | ᠭᠤᠤᠯ ᠴᠤᠭᠴᠠᠳᠦ ᠠᠮᠢ ᠠᠬᠤᠢ ᠶᠢᠨ ᠴᠢᠳᠠᠮᠵᠢ ᠶᠢᠨ ᠵᠢᠱᠢᠶ᠎ᠠ ᠦᠵᠡᠬᠦᠯᠬᠦ ᠬᠤᠰᠢᠭᠤ ᠪᠤᠯᠤᠭᠰᠠᠨ ᠤ ᠬᠤᠪᠢ ᠳᠤ᠂ | ᠠᠵᠦ ᠠᠬᠤᠢ ᠶᠢᠨ ᠪᠦᠳᠦᠴᠠ᠂ ᠡᠨᠧᠷᠬᠢ ᠶᠢᠨ ᠪᠦᠳᠦᠴᠠ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠬᠦ ᠲᠦᠷᠦ | ᠶᠢᠨ ᠪᠤᠳᠤᠯᠭ᠎ᠠ ᠶᠢᠨ ᠲᠠᠭᠠᠭᠤᠯᠭ᠎ᠠ ᠲᠤᠤᠷ᠎ᠠ᠂ ᠴᠠᠪᠠᠷ ᠡᠨᠧᠷᠬᠢ ᠶᠢ ᠨᠡᠬᠡᠬᠡᠨ ᠠᠰᠢᠭᠯᠠᠬᠤ ᠨᠢ ᠤᠷᠢᠳ ᠪᠠᠶᠢᠭ᠎ᠠ | ᠦᠭᠡᠢ ᠬᠦᠭᠵᠢᠯᠳᠠ ᠶᠢᠨ ᠬᠤᠭᠤᠴᠠᠭᠠᠨ ᠳᠤ ᠤᠷᠤᠵᠦ᠂ ᠮᠠᠨ ᠤ ᠬᠤᠰᠢᠭᠤᠨ ᠤ ᠵᠢᠯ ᠤᠨ ᠲᠤᠮᠳᠠᠴᠢ ᠪᠠᠷ 3200 | ᠴᠠᠭ ᠤᠨ ᠬᠡᠷᠡᠯ ᠲᠤᠰᠬᠠᠯᠳᠠ᠂ 7800 ᠴᠠᠭ ᠤᠨ ᠰᠠᠯᠬᠢᠨ ᠤ ᠪᠦᠳᠦᠮᠵᠢᠳᠠᠢ ᠬᠡᠮᠵᠢᠶ᠎ᠠ ᠨᠢ ᠡᠬᠢ ᠪᠠᠶᠠᠯᠢᠭ ᠤᠨ | ᠬᠠᠮᠤᠭ ᠤᠨ ᠶᠡᠭᠡ ᠲᠠᠪᠠᠭᠤᠯᠢᠭ ᠪᠤᠯᠵᠦ᠂ ᠪᠤᠬᠢᠷᠳᠤᠯ ᠦᠭᠡᠢ ᠠᠵᠦ ᠠᠬᠤᠢ ᠶᠢᠨ ᠬᠦᠭᠵᠢᠯᠳᠠ ᠶᠢᠨ ᠰᠢᠨ᠎ᠡ ᠨᠡᠮᠡᠭᠳᠡᠯ | ᠴᠡᠭ ᠪᠤᠯᠬᠤ ᠨᠢ ᠯᠠᠪᠳᠠᠢ ᠶᠤᠮ᠃ ᠤᠯᠤᠰ ᠤᠨ ᠭᠠᠴᠠᠭ᠎ᠠ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠪᠤᠯᠤᠭᠰᠠᠨ ᠤ ᠬᠤᠪᠢ ᠳᠤ ᠤᠯᠤᠰ | ᠠᠴᠠ ᠠᠵᠦ ᠠᠬᠤᠢ ᠶᠢᠨ ᠬᠦᠭᠵᠢᠯᠳᠠ᠂ ᠰᠠᠭᠤᠷᠢ ᠲᠤᠨᠤᠭ ᠲᠦᠬᠦᠬᠡᠷᠦᠮᠵᠢ᠂ ᠤᠯᠠᠨ ᠨᠠᠶᠢᠳᠠ ᠶᠢᠨ ᠦᠢᠯᠡᠴᠢᠯᠡᠭᠡ᠂ | ᠠᠰᠢᠭᠳᠠᠢ ᠲᠦᠷᠦ ᠶᠢᠨ ᠪᠤᠳᠤᠯᠭ᠎ᠠ ᠵᠡᠷᠬᠡ ᠲᠠᠯ᠎ᠠ ᠪᠠᠷ ᠤᠨᠴᠠᠭᠠᠢ ᠬᠠᠷᠠᠭᠠᠯᠵᠠᠯ ᠦᠵᠡᠬᠦᠯᠵᠦ᠂ ᠪᠢᠳᠠᠨ ᠤ ᠬᠦᠳᠡᠭᠡ | ᠲᠤᠰᠬᠤᠨ ᠤ ᠲᠤᠳᠠᠭᠤᠳᠠᠯ ᠢᠶᠠᠨ ᠨᠦᠬᠦᠪᠦᠷᠢᠯᠡᠨ᠂ ᠬᠤᠳᠠ ᠬᠦᠳᠡᠭᠡ ᠶᠢ ᠨᠢᠬᠡ ᠴᠤᠭᠴᠠᠵᠢᠭᠤᠯᠤᠨ ᠬᠦᠭᠵᠢᠬᠦᠯᠬᠦ ᠳᠤ | ᠤᠷᠢᠳ ᠪᠠᠶᠢᠭ᠎ᠠ ᠦᠭᠡᠢ ᠠᠵᠠ ᠲᠤᠬᠢᠶᠠᠯ ᠤᠯᠭᠤᠬᠤ ᠶᠤᠮ᠃ ᠪᠢᠳᠠ ᠡᠷᠬᠡᠪᠰᠢ ᠤᠯᠤᠰ ᠤᠨ ᠲᠦᠷᠦ ᠶᠢᠨ | ᠪᠤᠳᠤᠯᠭ᠎ᠠ ᠠᠵᠨ ᠵᠠᠪᠰᠢᠶᠠᠨ ᠢ ᠡᠵᠡᠮᠰᠢᠨ ᠨᠠᠨᠳᠢᠩᠨᠠᠵᠦ᠂ ᠤᠷᠢᠳᠴᠢᠯᠠᠨ ᠠᠷᠭ᠎ᠠ ᠪᠤᠳᠤᠯᠭ᠎ᠠ ᠲᠤᠭᠳᠠᠭᠠᠨ᠂ | ᠰᠠᠨᠠᠭᠠᠴᠢᠯᠠᠭ᠎ᠠ ᠠᠴᠠ ᠪᠠᠨ ᠤᠶᠠᠯᠳᠤᠭᠤᠯᠵᠦ᠂ ᠢᠳᠡᠪᠬᠢᠳᠠᠢ ᠴᠢᠷᠮᠠᠶᠢᠨ᠂ ᠤᠷᠤᠭᠰᠢᠯᠠᠯᠳᠠ ᠲᠠᠪᠠᠯᠳᠠ ᠲᠠᠢ᠂ | ᠲᠡᠷᠢᠬᠦᠨ ᠲᠡᠰ ᠤᠨ ᠬᠦᠭᠵᠢᠯᠳᠠ ᠶᠢᠨ ᠦᠨᠢᠷ ᠦᠳᠬᠡᠨ ᠠᠭᠤᠷ ᠠᠮᠢᠰᠬᠤᠯ ᠢ ᠦᠷᠬᠦᠯᠵᠢᠯᠡᠨ ᠪᠦᠷᠢᠳᠦᠬᠦᠯᠬᠦ | ᠬᠡᠷᠡᠭᠳᠠᠢ᠃ | ᠰᠢᠨ᠎ᠡ ᠠᠶᠠᠨ ᠤ ᠰᠢᠯᠭᠠᠯᠳᠠ ᠶᠢᠨ ᠵᠠᠮ ᠳᠤ᠂ ᠪᠦᠬᠦ ᠬᠤᠰᠢᠭᠤᠨ ᠳᠤ ᠤᠷᠬᠢᠯᠦᠮ᠎ᠡ ᠬᠠᠯᠠᠭᠤᠨ ᠰᠡᠳᠬᠢᠯᠬᠡ ᠲᠠᠢ | ᠴᠢᠳᠠᠪᠤᠷᠢᠳᠠᠨ ᠤ ᠡᠩᠨᠡᠭᠡ ᠪᠠᠶᠢᠨ᠎ᠠ᠃ ᠲᠤᠯᠤᠳᠤᠭᠠᠷ ᠤᠳᠠᠭᠠᠨ ᠤ ᠨᠠᠶᠢᠳᠠᠮ ᠪᠠᠶᠢᠴᠠᠭᠠᠯᠳᠠ ᠶᠢᠨ ᠲᠤᠭ᠎ᠠ ᠪᠠᠷᠢᠮᠳᠠ | ᠶᠢ ᠦᠨᠳᠦᠰᠦᠯᠡᠪᠡᠯ᠂ ᠤᠯᠠᠭᠠᠨᠴᠠᠪ ᠬᠤᠳᠠ ᠳᠤ ᠵᠢᠨᠢᠩ ᠲᠤᠭᠤᠷᠢᠭ ᠠᠴᠠ ᠭᠠᠳᠠᠨ᠎ᠠ᠂ ᠮᠠᠨ ᠤ ᠬᠤᠰᠢᠭᠤ ᠪᠤᠯ ᠪᠦᠬᠦ | ᠬᠤᠳᠠ ᠶᠢᠨ ᠨᠠᠰᠦᠵᠢᠯ ᠤᠨ ᠬᠡᠮᠵᠢᠶ᠎ᠠ ᠬᠠᠮᠤᠭ ᠤᠨ ᠲᠤᠤᠷ᠎ᠠ ᠬᠤᠰᠢᠭᠤ᠂ ᠮᠦᠨ ᠴᠦ ᠶᠡᠭᠡ ᠰᠤᠷᠭᠠᠭᠤᠯᠢ ᠶᠢᠨ | ᠤᠶᠤᠳᠠᠨ ᠤ ᠬᠡᠮᠵᠢᠶ᠎ᠠ ᠬᠠᠮᠤᠭ ᠶᠡᠭᠡ ᠬᠤᠪᠢ ᠶᠢ ᠡᠵᠡᠯᠡᠭᠰᠡᠨ ᠬᠤᠰᠢᠭᠤ ᠪᠠᠶᠢᠵᠦ᠂ ᠬᠦᠮᠦᠨ ᠠᠮᠠ ᠶᠢᠨ ᠬᠡᠪ ᠴᠢᠨᠠᠷ | ᠪᠠ ᠠᠵᠢᠯᠳᠠᠨ ᠤ ᠡᠬᠢ ᠪᠠᠶᠠᠯᠢᠭ ᠨᠢ ᠠᠵᠦ ᠠᠬᠤᠢ ᠨᠡᠶᠢᠬᠡᠮ ᠤᠨ ᠬᠦᠭᠵᠢᠯᠳᠠ ᠳᠤ ᠲᠠᠰᠤᠷᠠᠯᠳᠠ ᠦᠭᠡᠢ | ᠴᠢᠳᠠᠪᠤᠷᠢᠳᠠᠨ ᠬᠠᠩᠭᠠᠬᠤ ᠶᠤᠮ᠃ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠵᠡᠷᠬᠡ ᠬᠦᠨᠳᠦ ᠴᠢᠬᠤᠯᠠ ᠡᠬᠦᠷᠬᠡ ᠶᠢ ᠦᠩᠭᠡᠷᠡᠬᠦᠯᠬᠦ ᠪᠠᠷ ᠲᠠᠮᠵᠢᠨ ᠠᠵᠢᠯᠯᠠᠵᠦ ᠪᠦᠳᠦᠬᠡᠬᠦ | ᠳᠡᠭᠡᠨ ᠴᠢᠳᠠᠮᠠᠭᠠᠢ᠂ ᠦᠨᠡᠨᠴᠢ ᠰᠢᠳᠤᠷᠭᠤ ᠪᠠᠷ ᠡᠬᠦᠷᠬᠡᠯᠡᠵᠦ ᠬᠠᠷᠢᠭᠤᠴᠠᠬᠤ ᠪᠦᠬᠦᠢ ᠺᠠᠳ᠋ᠷᠴᠤᠳ ᠤᠨ ᠡᠩᠨᠡᠭᠡ ᠶᠢ | ᠬᠦᠮᠦᠵᠢᠬᠦᠯᠪᠠ᠃ ᠨᠠᠮ ᠤᠨ ᠲᠡᠤᠬᠡ ᠶᠢᠨ ᠰᠤᠷᠤᠯᠴᠠᠭ᠎ᠠ ᠬᠦᠮᠦᠵᠢᠯ ᠤᠨ ᠲᠠᠰᠤᠷᠠᠯᠳᠠ ᠦᠭᠡᠢ ᠬᠦᠨᠵᠡᠬᠡᠶᠢᠷᠡᠬᠦ ᠶᠢ | ᠲᠠᠭᠠᠯᠳᠤᠨ᠂ ᠨᠠᠮ ᠪᠠᠶᠢᠭᠤᠯᠤᠭᠳᠠᠭᠰᠠᠨ ᠠᠭᠤᠤ ᠶᠡᠭᠡ ᠵᠤᠷᠢᠭ ᠰᠠᠨᠠᠭᠠᠨ ᠤ ᠵᠢᠯᠤᠭᠤᠳᠤᠯᠭ᠎ᠠ ᠲᠤᠤᠷ᠎ᠠ᠂ ᠨᠠᠮ ᠤᠨ | ᠬᠡᠰᠢᠬᠦᠨ ᠺᠠᠳ᠋ᠷᠴᠤᠳ ᠤᠨ ᠬᠠᠷᠢᠭᠤᠴᠠᠯᠭᠠᠳᠦ ᠰᠡᠳᠬᠢᠯᠬᠡ ᠢᠯᠡᠳᠳᠠ ᠲᠡᠬᠡᠭᠰᠢᠯᠡᠵᠦ᠂ ᠤᠯᠠᠨ ᠲᠦᠮᠡᠨ ᠲᠠᠢ | ᠬᠠᠷᠢᠯᠴᠠᠵᠦ ᠦᠢᠯᠡᠴᠢᠯᠡᠬᠦ ᠦᠨᠳᠦᠰᠦᠨ ᠵᠤᠷᠢᠯᠳᠠ ᠮᠡᠳᠡᠭᠳᠡᠮ᠎ᠡ ᠨᠡᠮᠡᠭᠳᠡᠨ᠂ ᠨᠠᠮ ᠤᠨ ᠰᠤᠷᠳᠠᠯ ᠵᠠᠰᠠᠭ ᠤᠨ ᠰᠤᠷᠳᠠᠯ | ᠨᠡᠶᠢᠬᠡᠮ ᠤᠨ ᠪᠠᠶᠢᠳᠠᠯ ᠦᠷᠬᠦᠯᠵᠢᠯᠡᠨ ᠰᠠᠶᠢᠵᠢᠷᠠᠵᠦ᠂ ᠨᠠᠮ ᠤᠨ ᠬᠡᠰᠢᠬᠦᠨ ᠺᠠᠳ᠋ᠷᠴᠤᠳ ᠤᠨ ᠪᠦᠯᠬᠦᠮᠳᠠᠨ ᠬᠠᠮᠳᠤᠷᠠᠵᠦ | ᠬᠦᠭᠵᠢᠯᠳᠠ ᠶᠢ ᠡᠷᠢᠯᠬᠢᠯᠡᠬᠦ ᠡᠷᠴᠢ ᠵᠤᠷᠢᠭ ᠨᠡᠮᠡᠭᠳᠡᠨ᠂ ᠴᠠᠭ ᠮᠦᠴᠡ ᠲᠠᠢ ᠤᠷᠤᠯᠳᠤᠨ ᠴᠢᠷᠮᠠᠶᠢᠬᠤ ᠠᠭᠤᠷ | ᠠᠮᠢᠰᠬᠤᠯ ᠨᠡᠩ ᠬᠦᠨ ᠵᠤᠵᠠᠭᠠᠨ ᠪᠤᠯᠤᠭᠰᠠᠨ ᠪᠠᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠶᠡᠷᠦᠩᠭᠡᠢ ᠰᠡᠳᠬᠢᠴᠡ ᠪᠤᠯ᠄ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ | ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ | ᠪᠠᠷᠢᠮᠳᠠᠯᠠᠨ᠂ ᠨᠠᠮ ᠤᠨ ᠠᠷᠪᠡ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠲᠦᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ ᠪᠠ ᠲᠠᠪᠤᠳᠤᠭᠠᠷ ᠪᠦᠬᠦᠳᠠ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠠᠬᠢ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ | ᠲᠤᠭᠤᠰᠢᠯᠠᠭᠤᠯᠵᠦ᠂ ᠰᠢᠨ᠎ᠡ ᠬᠦᠭᠵᠢᠯᠳᠠ ᠶᠢᠨ ᠱᠠᠳᠤᠨ ᠳᠤ ᠰᠠᠭᠤᠷᠢᠯᠠᠨ᠂ ᠰᠢᠨ᠎ᠡ ᠬᠦᠭᠵᠢᠯᠳᠠ ᠶᠢᠨ | ᠤᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠦᠭᠵᠢᠯᠳᠠ ᠶᠢᠨ ᠲᠤᠭᠳᠠᠴᠠ ᠳᠤ ᠠᠭᠤᠰᠤᠯᠴᠠᠨ᠂ ᠠᠷᠠᠳ | ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠨᠢ | ᠬᠠᠩᠭᠠᠬᠤ ᠪᠠᠷ ᠦᠨᠳᠦᠰᠦᠨ ᠵᠤᠷᠢᠯᠭ᠎ᠠ ᠪᠠᠨ ᠪᠤᠯᠭᠠᠵᠦ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠬᠤ ᠪᠠ | ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠠᠷᠭ᠎ᠠ | ᠵᠠᠮ ᠢ ᠪᠠᠷᠢᠮᠳᠠᠯᠠᠨ ᠵᠠᠮᠨᠠᠵᠦ᠂ ︽ᠠᠮᠢ ᠠᠬᠤᠢ ᠪᠤᠯᠪᠠᠰᠤᠨ᠂ ᠪᠤᠬᠢᠷᠳᠤᠯ ᠦᠭᠡᠢ ᠪᠦᠳᠦᠮᠵᠢᠳᠠᠢ᠂ ᠡᠶ᠎ᠡ ᠵᠤᠬᠢᠴᠠᠩᠭᠤᠢ | ᠵᠢᠷᠭᠠᠯᠳᠠᠢ᠂ ᠠᠮᠤᠷ ᠲᠦᠪᠰᠢᠨ ᠲᠤᠭᠳᠠᠭᠤᠨ᠂ ᠲᠦᠪ ᠴᠢᠩᠭ᠎ᠠ ᠠᠷᠢᠭᠤᠨ ᠴᠢᠬᠡᠴᠢ︾ ᠴᠤ᠋ ᠰᠢᠨ᠎ᠡ ᠲᠦᠷᠪᠡᠳ ᠶᠢ | ᠪᠦᠳᠦᠬᠡᠨ ᠪᠠᠶᠢᠭᠤᠯᠵᠦ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠲᠦᠷᠪᠡᠳ ᠢ ᠪᠦᠬᠦ ᠲᠠᠯ᠎ᠠ ᠪᠠᠷ ᠪᠦᠳᠦᠬᠡᠨ | ᠪᠠᠶᠢᠭᠤᠯᠬᠤ ᠰᠢᠨ᠎ᠡ ᠬᠠᠭᠤᠳᠠᠰᠦ ᠶᠢ ᠪᠢᠴᠢᠭᠯᠡᠨ᠎ᠡ᠃ | ᠶᠡᠷᠦᠩᠭᠡᠢ ᠰᠡᠳᠬᠢᠴᠠ ᠶᠢ ᠦᠨᠳᠦᠰᠦᠯᠡᠨ᠂ ᠠᠵᠦ ᠠᠬᠤᠢ ᠨᠡᠶᠢᠬᠡᠮ ᠤᠨ ᠬᠦᠭᠵᠢᠯᠳᠠ ᠶᠢᠨ ᠭᠤᠤᠯ ᠵᠢᠱᠢᠯᠳᠠ ᠶᠢᠨ | ᠬᠠᠷᠠᠯᠳᠠ ᠶᠢ ᠲᠤᠭᠳᠠᠭᠠᠪᠠᠯ᠄ ︽ᠠᠷᠪᠠᠨ ᠲᠦᠷᠪᠡᠳᠦᠬᠡᠷ ᠲᠠᠪᠤᠨ ᠵᠢᠯ︾ ᠤᠨ ᠰᠡᠬᠦᠯᠴᠢ ᠪᠤᠯᠬᠤ ᠳᠤ᠂ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ ᠵᠢᠯ ᠳᠤ ᠲᠤᠮᠳᠠᠴᠢ ᠪᠠᠷ 7% ᠤᠷᠴᠢᠮ ᠦᠰᠬᠡᠵᠦ᠂ ᠡᠩ | ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢ ᠵᠢᠯ ᠳᠤ ᠲᠤᠮᠳᠠᠴᠢ ᠪᠠᠷ 5% ᠤᠷᠴᠢᠮ ᠦᠰᠬᠡᠨ᠂ | ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ ᠵᠢᠯ ᠳᠤ ᠲᠤᠮᠳᠠᠴᠢ ᠪᠠᠷ 16% ᠤᠷᠴᠢᠮ ᠦᠰᠬᠡᠵᠦ᠂ | ᠬᠡᠪᠴᠢᠶᠠᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠢ ᠵᠢᠯ ᠳᠤ ᠲᠤᠮᠳᠠᠴᠢ ᠪᠠᠷ 10% | ᠤᠷᠴᠢᠮ ᠦᠰᠬᠡᠨ᠂ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ | ᠢ ᠵᠢᠯ ᠳᠤ ᠲᠤᠮᠳᠠᠴᠢ ᠪᠠᠷ 6.3% ᠤᠷᠴᠢᠮ ᠦᠰᠬᠡᠵᠦ᠂ ᠬᠤᠳᠠ ᠬᠦᠳᠡᠬᠡᠨ ᠤ ᠰᠠᠭᠤᠭᠠᠯᠢ ᠠᠷᠠᠳ ᠪᠠ ᠮᠠᠯᠴᠢᠨ | ᠲᠠᠷᠢᠶᠠᠴᠢᠳ ᠤᠨ ᠬᠦᠮᠦᠨ ᠲᠤᠮᠳᠠᠴᠢ ᠶᠢᠨ ᠡᠵᠡᠮᠳᠠᠵᠦ ᠪᠤᠯᠬᠤᠶᠢᠴᠠ ᠤᠷᠤᠯᠭ᠎ᠠ ᠶᠢ ᠵᠢᠯ ᠳᠤ ᠲᠤᠮᠳᠠᠴᠢ ᠪᠠᠷ | ᠲᠤᠰᠪᠤᠷᠢ 6%᠂ 8.7% ᠤᠷᠴᠢᠮ ᠦᠰᠬᠡᠵᠦ᠂ ᠡᠨᠧᠷᠬᠢ ᠠᠷᠪᠢᠯᠠᠵᠦ ᠬᠤᠷᠤᠭᠳᠠᠯ ᠢ ᠪᠠᠭᠠᠰᠬᠠᠬᠤ ᠬᠠᠷᠠᠯᠳᠠ ᠶᠢ | ᠲᠤᠭᠳᠠᠭᠠᠭᠰᠠᠨ ᠬᠠᠷᠠᠯᠳᠠ ᠲᠤᠳᠤᠷ᠎ᠠ ᠪᠠᠶᠢᠯᠭᠠᠨ᠎ᠠ᠃ | ᠡᠯ᠎ᠡ ᠲᠦᠯᠦᠬᠡᠯᠡᠭᠴᠢᠳ᠂ ᠨᠦᠬᠦᠳ ᠡ᠂ ᠰᠢᠨ᠎ᠡ ᠴᠠᠭ ᠦᠶ᠎ᠠ ᠪᠤᠯ ᠴᠢᠷᠮᠠᠶᠢᠨ ᠲᠡᠮᠡᠴᠡᠭᠰᠡᠳ ᠤᠨ ᠴᠠᠭ ᠦᠶ᠎ᠠ᠂ | ᠨᠡᠩ ᠴᠤ ᠬᠦᠰᠡᠯ ᠮᠦᠷᠦᠬᠡᠳᠦᠯ ᠢᠶᠠᠨ ᠪᠡᠶᠡᠯᠡᠬᠦᠯᠦᠭᠴᠢ ᠶᠢᠨ ᠲᠡᠪᠴᠡᠩ ᠪᠤᠯᠤᠨ᠎ᠠ᠃ ᠢᠷᠡᠬᠦ ᠲᠠᠪᠤᠨ ᠵᠢᠯ ᠤᠨ | ᠲᠡᠮᠡᠴᠡᠬᠦ ᠬᠠᠷᠠᠯᠳᠠ ᠶᠢ ᠪᠠᠶᠠᠯᠡᠬᠦᠯᠬᠦ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠳᠠ | ᠪᠠᠷᠢᠮᠳᠠᠯᠠᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠢ | ᠢᠮᠠᠭᠳᠠ ᠬᠦᠷᠢᠶᠠᠯᠠᠬᠦ ᠬᠡᠷᠡᠭᠳᠠᠢ︔ ᠲᠤᠮᠳᠠᠳᠦ ᠤᠯᠤᠰ ᠤᠨ ᠤᠨᠴᠠᠯᠢᠭᠳᠦ ᠪᠦᠬᠦᠢ ᠦᠨᠳᠦᠰᠦᠳᠡᠨ ᠤ ᠠᠰᠠᠭᠤᠳᠠᠯ ᠢ | ᠰᠢᠢᠳᠪᠦᠷᠢᠯᠡᠬᠦ ᠵᠦᠪ ᠤᠨᠤᠪᠴᠢᠳᠠᠢ ᠵᠠᠮ ᠢᠶᠠᠷ ᠶᠠᠪᠤᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ | ᠶᠢᠨ ᠦᠵᠡᠯ ᠤᠬᠠᠮᠰᠠᠷ ᠢ ᠪᠠᠳᠤᠳᠬᠠᠬᠤ ᠪᠠᠷ ᠭᠤᠤᠯ ᠱᠤᠭᠤᠮ ᠪᠤᠯᠭᠠᠨ᠂ ︽ᠦᠨᠳᠦᠰᠦᠳᠡᠨ ᠤ ᠪᠦᠯᠬᠦᠮᠳᠡᠯ ᠲᠠᠢ︾ | ᠴᠤ᠋ ᠰᠢᠨ᠎ᠡ ᠲᠦᠷᠪᠡᠳ ᠢ ᠪᠠᠶᠢᠭᠤᠯᠬᠤ ᠬᠡᠷᠡᠭᠳᠠᠢ᠃ ᠡᠷᠬᠡᠪᠰᠢ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠬᠤ ᠶᠢ | ᠪᠠᠷᠢᠮᠳᠠᠯᠠᠨ᠂ ᠡᠬᠡ ᠪᠠᠶᠢᠭᠠᠯᠢ ᠪᠠᠨ ᠭᠤᠶᠢᠪᠢᠰᠢ ᠦᠭᠡᠢ ᠰᠠᠬᠢᠨ ᠬᠠᠮᠠᠭᠠᠯᠠᠵᠦ᠂ ︽ᠠᠮᠢ ᠠᠬᠤᠢ ᠶᠢᠨ ᠪᠤᠯᠪᠠᠰᠤᠨ︾ | ᠴᠤ᠋ ᠰᠢᠨ᠎ᠡ ᠲᠦᠷᠪᠡᠳ ᠢ ᠪᠠᠶᠢᠭᠤᠯᠬᠤ ᠬᠡᠷᠡᠭᠳᠠᠢ︔ ᠡᠷᠬᠡᠪᠰᠢ ᠪᠤᠬᠢᠷᠳᠤᠯ ᠦᠭᠡᠢ ᠬᠦᠭᠵᠢᠯᠳᠠ ᠶᠢᠨ ᠤᠶᠢᠯᠠᠭᠠᠳᠠᠬᠤᠨ | ᠢ ᠪᠠᠷᠢᠮᠳᠠᠯᠠᠨ᠂ ᠡᠬᠢ ᠪᠠᠶᠠᠯᠢᠭ ᠤᠨ ᠲᠠᠪᠠᠭᠤᠯᠢᠭ ᠢ ᠠᠵᠦ ᠠᠬᠤᠢ ᠶᠢᠨ ᠲᠠᠪᠠᠭᠤᠯᠢᠭ ᠪᠤᠯᠭᠠᠵᠦ᠂ ︽ᠪᠠᠶᠢᠭᠠᠯᠢᠯᠢᠭ | ᠰᠢᠨ᠎ᠡ ᠡᠬᠦᠳᠦᠯᠳᠠ ᠲᠠᠢ︾ ᠴᠤ᠋ ᠰᠢᠨ᠎ᠡ ᠲᠦᠷᠪᠡᠳ ᠢ ᠪᠠᠶᠢᠭᠤᠯᠬᠤ ᠬᠡᠷᠡᠭᠳᠠᠢ︔ ᠡᠷᠬᠡᠪᠰᠢ ᠬᠠᠮᠳᠦ ᠪᠠᠷ ᠪᠠᠶᠢᠭᠤᠯᠤᠨ | ᠬᠠᠮᠳᠦ ᠪᠠᠷ ᠵᠠᠰᠠᠵᠦ ᠬᠠᠮᠳᠦ ᠪᠠᠷ ᠡᠳ᠋ᠯᠡᠬᠦ ᠶᠢ ᠪᠠᠷᠢᠮᠳᠠᠯᠠᠨ᠂ ᠨᠡᠶᠢᠬᠡᠮ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ | ᠶᠢᠨ ᠴᠢᠳᠠᠮᠵᠢ ᠶᠢ ᠲᠡᠬᠡᠭᠰᠢᠯᠡᠬᠦᠯᠵᠦ᠂ ︽ᠠᠮᠤᠷ ᠲᠦᠪᠰᠢᠨ ᠲᠠᠶᠢᠪᠤᠩ ᠲᠤᠭᠳᠠᠭᠤᠨ︾ ᠴᠤ᠋ ᠰᠢᠨ᠎ᠡ ᠲᠦᠷᠪᠡᠳ ᠢ | ᠪᠠᠶᠢᠭᠤᠯᠬᠤ ᠬᠡᠷᠡᠭᠳᠠᠢ︔ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠷᠠᠳ ᠤᠯᠠᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠬᠡᠬᠡᠴᠡᠯᠳᠤᠯ ᠢ ᠨᠢ ᠬᠠᠩᠭᠠᠵᠦ᠂ ︽ᠡᠶ᠎ᠡ ᠵᠤᠬᠢᠴᠠᠩᠭᠤᠢ ᠠᠵᠠ | ᠵᠢᠷᠭᠠᠯᠳᠦ︾ ᠴᠤ᠋ ᠰᠢᠨ᠎ᠡ ᠲᠦᠷᠪᠡᠳ ᠢ ᠪᠠᠶᠢᠭᠤᠯᠬᠤ ᠬᠡᠷᠡᠭᠳᠠᠢ︔ ᠡᠷᠬᠡᠪᠰᠢ ᠪᠤᠳᠠᠳᠠᠢ ᠠᠵᠢᠯᠯᠠᠬᠤ ᠠᠵᠢᠯ ᠤᠨ | ᠰᠤᠷᠳᠠᠯ ᠢ ᠪᠠᠷᠢᠮᠳᠠᠯᠠᠨ᠂ ᠠᠷᠠᠳ ᠤᠨ ᠲᠦᠯᠦᠬᠡ ᠵᠠᠰᠠᠭ ᠪᠠᠷᠢᠵᠦ ᠠᠷᠢᠭᠤᠨ ᠴᠢᠬᠡᠴᠢ ᠪᠠᠷ ᠠᠵᠢᠯᠯᠠᠬᠤ ᠤᠬᠠᠮᠰᠠᠷ ᠢ | ᠪᠤᠢ ᠪᠤᠯᠭᠠᠵᠦ᠂ ︽ᠲᠦᠪ ᠰᠢᠯᠤᠭᠤᠨ ᠠᠷᠢᠭᠤᠨ ᠴᠢᠬᠡᠴᠢ︾ ᠴᠤ᠋ ᠰᠢᠨ᠎ᠡ ᠲᠦᠷᠪᠡᠳ ᠢ ᠪᠠᠶᠢᠭᠤᠯᠬᠤ ᠬᠡᠷᠡᠭᠳᠠᠢ᠃ | ᠪᠦᠬᠦ ᠬᠤᠰᠢᠭᠤ ᠪᠠᠷ ᠢᠶᠠᠨ ᠬᠠᠮᠳᠦ ᠪᠠᠷ ᠴᠢᠷᠮᠠᠶᠢᠨ ᠦᠷᠬᠦᠯᠵᠢᠯᠡᠨ ᠲᠡᠮᠡᠴᠡᠪᠡᠯ᠂ ᠲᠤᠭᠳᠠᠭᠠᠭᠰᠠᠨ ᠬᠠᠷᠠᠯᠳᠠ | ᠠᠮᠵᠢᠯᠳᠠ ᠲᠠᠢ ᠪᠡᠶᠡᠯᠡᠭᠳᠡᠵᠦ᠂ ᠲᠦᠷᠪᠡᠳ ᠬᠤᠰᠢᠭᠤ ᠮᠠᠨᠢ ᠯᠠᠪᠳᠠᠢ ᠡᠬᠡ ᠤᠯᠤᠰ ᠤᠨ ᠤᠮᠠᠷᠠᠳᠦ ᠬᠢᠯᠢ ᠶᠢᠨ | ᠦᠵᠡᠮᠵᠢᠳᠦ ᠰᠠᠶᠢᠬᠠᠨ ᠱᠤᠭᠤᠮ ᠲᠠᠬᠢ ᠦᠩᠭᠡ ᠬᠡᠷᠡᠯᠳᠦ ᠤᠳᠦ ᠪᠤᠯᠤᠨ ᠬᠢᠯᠠᠯᠵᠠᠬᠤ ᠳᠤ ᠪᠢᠳᠠ ᠪᠠᠳᠦ ᠢᠳᠡᠬᠡᠯ | ᠲᠠᠢ ᠪᠠᠶᠢᠨ᠎ᠠ᠃ | ᠭᠤᠷᠪᠠ᠂ ᠲᠠᠪᠠᠯᠳᠠ ᠶᠢ ᠪᠠᠶᠠᠯᠠᠬᠦᠯᠵᠦ᠂ ᠰᠢᠨ᠎ᠡ ᠪᠠᠶᠢᠳᠠᠯ ᠢ ᠡᠬᠦᠳᠦᠨ᠂ ᠠᠵᠦ ᠠᠬᠤᠢ ᠨᠡᠶᠢᠬᠡᠮ ᠤᠨ ᠴᠢᠨᠠᠷ | ᠰᠠᠶᠢᠳᠠᠢ ᠬᠦᠭᠵᠢᠯᠳᠠ ᠶᠢᠨ ᠴᠤ᠋ ᠰᠢᠨ᠎ᠡ ᠬᠠᠭᠤᠳᠠᠰᠦ ᠶᠢ ᠪᠢᠴᠢᠭᠯᠡᠨ᠎ᠡ᠃ | ᠰᠢᠨ᠎ᠡ ᠬᠠᠷᠠᠯᠳᠠ ᠨᠢ ᠰᠢᠨ᠎ᠡ ᠠᠶᠠᠨ ᠢ ᠡᠬᠢᠯᠡᠬᠦᠯᠵᠦ᠂ ᠰᠢᠨ᠎ᠡ ᠡᠬᠦᠷᠬᠡ ᠨᠢ ᠰᠢᠨ᠎ᠡ ᠠᠵᠢᠯᠯᠠᠭ᠎ᠠ ᠶᠢ ᠬᠠᠷᠠᠭᠤᠯᠤᠨ᠎ᠠ᠃ | ᠪᠢᠳᠠ ᠢᠳᠡᠬᠡᠯ ᠵᠤᠷᠢᠭ ᠢᠶᠠᠨ ᠪᠠᠳᠤᠳᠬᠠᠵᠦ᠂ ᠵᠤᠷᠢᠭᠳᠠᠢ ᠡᠬᠦᠷᠬᠡᠯᠡᠵᠦ ᠬᠠᠷᠢᠭᠤᠴᠠᠨ᠂ ᠬᠤᠶᠢᠰᠢᠳᠠ ᠶᠢᠨ ᠲᠠᠪᠤᠨ | ᠵᠢᠯ ᠤᠨ ᠬᠦᠭᠵᠢᠯᠳᠠ ᠶᠢᠨ ᠬᠠᠷᠠᠯᠳᠠ ᠶᠢᠨ ᠡᠮᠦᠨ᠎ᠡ ᠠᠴᠠ ᠬᠠᠨᠴᠤᠢ ᠰᠢᠮᠡᠯᠠᠨ ᠤᠷᠤᠭᠰᠢᠯᠠᠵᠦ᠂ ᠬᠠᠷᠰᠢ ᠰᠠᠭᠠᠳ ᠢ | ᠢᠯᠠᠨ ᠲᠠᠪᠠᠵᠦ᠂ ᠰᠢᠨ᠎ᠡ ᠴᠠᠭ ᠦᠶ᠎ᠠ ᠶᠢᠨ ᠠᠤᠭ᠎ᠠ ᠦᠢᠯᠡᠰ ᠢ ᠴᠤᠭᠴᠠᠯᠠᠬᠤ ᠬᠡᠷᠡᠭᠳᠠᠢ᠃ | ︵ᠨᠢᠬᠡ︶ ᠬᠠᠷᠢᠯᠴᠠᠨ ᠬᠠᠪᠰᠤᠷᠤᠯᠴᠠᠨ ᠰᠠᠬᠢᠨ ᠪᠠᠷᠠᠯᠠᠬᠤ ᠶᠢ ᠪᠠᠷᠢᠮᠳᠠᠯᠠᠨ᠂ ᠠᠷᠠᠳ ᠤᠨ ᠰᠡᠳᠬᠢᠯ ᠢ | ᠲᠤᠯᠠᠭᠠᠴᠠᠭᠤᠯᠵᠦ ᠬᠠᠮᠳᠦ ᠪᠠᠷ ᠬᠦᠭᠵᠢᠬᠦ ᠶᠢ ᠠᠬᠢᠭᠤᠯᠵᠦ᠂ ︽ᠦᠨᠳᠦᠰᠦᠳᠡᠨ ᠤ ᠪᠦᠯᠬᠦᠮᠳᠡᠯ ᠲᠠᠢ︾ | ᠲᠦᠷᠪᠡᠳ ᠢ ᠪᠠᠶᠢᠭᠤᠯᠤᠨ᠎ᠠ᠃ | ᠪᠢᠳᠠ ᠦᠨᠳᠦᠰᠦᠳᠡᠨ ᠤ ᠪᠦᠯᠬᠦᠮᠳᠡᠯ ᠢ ᠨᠢᠳᠦᠨ ᠴᠡᠴᠡᠬᠡᠢ ᠪᠠᠨ ᠰᠢᠭ ᠬᠠᠮᠠᠭᠠᠯᠠᠵᠦ ᠠᠮᠢ ᠨᠠᠰᠦ ᠪᠠᠨ ᠬᠠᠶᠢᠷᠠᠯᠠᠬᠤ | ᠮᠡᠳᠦ ᠬᠠᠶᠢᠷᠠᠯᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠭᠡᠢ ᠱᠦᠵᠢ ᠰᠢ ᠶᠢᠨ ᠫᠢᠩ ᠤᠨ ᠲᠦᠪ | ᠤᠨ ᠦᠨᠳᠦᠰᠦᠳᠡᠨ ᠤ ᠠᠵᠢᠯ ᠤᠨ ᠬᠤᠷᠠᠯ ᠲᠡᠬᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠡᠬᠡᠷ᠎ᠡ | ᠰᠠᠨᠠᠭᠠᠴᠢᠯᠠᠭ᠎ᠠ ᠠᠴᠠ ᠪᠠᠨ ᠨᠢᠬᠡᠳᠦᠯᠵᠢᠬᠦᠯᠦᠨ᠂ ᠨᠠᠮ ᠤᠨ ᠲᠦᠪ ᠬᠤᠷᠢᠶᠠᠨ ᠤ ᠦᠨᠳᠦᠰᠦᠳᠡᠨ ᠤ ᠭᠠᠵᠠᠷ ᠤᠷᠤᠨ | ᠳᠠᠬᠢ ᠬᠠᠶᠢᠷ᠎ᠠ ᠬᠠᠯᠠᠮᠵᠢ ᠶᠢ ᠬᠤᠪᠢ ᠲᠠᠬᠢᠨ ᠨᠠᠨᠳᠢᠩᠨᠠᠵᠦ᠂ ᠪᠤᠳᠠᠳᠦ ᠦᠢᠯᠠ ᠠᠵᠢᠯᠯᠠᠭ᠎ᠠ ᠪᠠᠷ ᠢᠶᠠᠨ ᠡᠬᠡ ᠤᠯᠤᠰ | ᠤᠨ ᠤᠮᠠᠷᠠᠳᠦ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ ᠪᠠᠶᠢᠭᠤᠯᠬᠤ ᠬᠡᠷᠡᠭᠳᠠᠢ᠃ ᠲᠤᠮᠳᠠᠳᠦ | ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠦᠵᠡᠯ ᠤᠬᠠᠮᠰᠠᠷ ᠢᠶᠠᠷ ᠭᠤᠤᠯ ᠱᠤᠭᠤᠮ ᠪᠤᠯᠭᠠᠨ᠂ ᠬᠠᠮᠳᠦ | ᠶᠢᠨ ᠴᠢᠨᠠᠷ ᠪᠠ ᠵᠦᠷᠢᠶᠠᠳᠦ ᠴᠢᠨᠠᠷ ᠤᠨ ᠬᠠᠷᠢᠴᠠᠭ᠎ᠠ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ | ᠶᠢᠨ ᠤᠬᠠᠮᠰᠠᠷ ᠪᠠ ᠡᠯ᠎ᠡ ᠦᠨᠳᠦᠰᠦᠳᠡᠨ ᠤ ᠤᠬᠮᠠᠰᠠᠷ ᠤᠨ ᠬᠠᠷᠢᠴᠠᠭ᠎ᠠ᠂ ᠲᠤᠮᠳᠠᠳᠦ ᠶᠢᠨ ᠰᠤᠶᠤᠯ ᠪᠠ | ᠦᠨᠳᠦᠰᠦᠳᠡᠨ ᠤ ᠰᠤᠶᠤᠯ ᠤᠨ ᠬᠠᠷᠢᠴᠠᠭ᠎ᠠ ᠵᠢᠴᠢ ᠡᠳ᠋ ᠪᠤᠳᠠᠰ ᠤᠨ ᠬᠠᠷᠢᠴᠠᠭ᠎ᠠ ᠪᠠ ᠤᠶᠤᠨ ᠰᠠᠨᠠᠭᠠᠨ ᠤ | ᠬᠠᠷᠢᠴᠠᠭ᠎ᠠ ᠶᠢ ᠵᠦᠪ ᠤᠨᠤᠪᠴᠢᠳᠠᠢ ᠡᠵᠡᠮᠰᠢᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ | ᠲᠠᠭᠠᠭᠤᠯᠤᠨ ᠬᠠᠮᠳᠦ ᠶᠢᠨ ᠴᠤᠭᠴᠠ ᠶᠢᠨ ᠤᠶᠢᠯᠠᠭᠠᠭᠳᠠᠬᠤᠨ ᠢ ᠪᠤᠢ ᠪᠤᠯᠭᠠᠵᠦ᠂ ᠦᠨᠢ ᠡᠬᠦᠷᠢᠳᠠ ᠨᠠᠮ ᠳᠠᠭᠠᠨ | ᠲᠠᠯᠠᠷᠬᠠᠵᠦ᠂ ᠨᠠᠮ ᠤᠨ ᠦᠬᠡ ᠶᠢ ᠰᠤᠨᠤᠰᠴᠦ᠂ ᠨᠠᠮ ᠢᠶᠠᠨ ᠲᠠᠭᠠᠨ ᠶᠠᠪᠤᠬᠤ ᠬᠡᠷᠡᠭᠳᠠᠢ᠃ ᠦᠨᠳᠦᠰᠦᠳᠡᠨ ᠤ ᠲᠦᠷᠦ | ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠡᠯ᠎ᠡ ᠦᠨᠳᠦᠰᠦᠳᠡᠨ ᠲᠦᠮᠡᠨ ᠤ ᠬᠠᠤᠯᠢ ᠶᠤᠰᠤᠨ ᠤ | ᠡᠷᠬᠡ ᠠᠰᠢᠭ ᠢ ᠪᠠᠳᠤᠯᠠᠵᠦ᠂ ᠡᠯ᠎ᠡ ᠦᠨᠳᠦᠰᠦᠳᠡᠨ ᠤ ᠬᠠᠮᠳᠦ ᠪᠠᠷ ᠴᠢᠨᠡᠬᠡᠯᠢᠭᠵᠢᠬᠦ ᠶᠢ ᠠᠬᠢᠭᠤᠯᠤᠨ᠂ ᠤᠯᠤᠰ ᠤᠨ | ᠨᠠᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ ᠲᠦᠬᠡᠮᠡᠯᠵᠢᠬᠦᠯᠵᠦ᠂ ᠡᠯ᠎ᠡ ᠦᠨᠳᠦᠰᠦᠳᠡᠨ ᠤ ᠠᠷᠠᠳ ᠲᠦᠮᠡᠨ | ᠤ ᠰᠤᠯᠢᠯᠴᠠᠭ᠎ᠠ ᠨᠡᠪᠳᠡᠷᠡᠯᠴᠡᠭᠡ ᠶᠢ ᠢᠳᠠᠪᠬᠢᠳᠠᠢ ᠠᠬᠢᠭᠤᠯᠤᠨ᠂ ᠦᠨᠳᠦᠰᠦᠳᠡᠨ ᠤ ᠬᠦᠷᠢᠶ᠎ᠠ ᠴᠡᠷ᠎ᠠ ᠳᠠᠬᠢ ᠡᠯ᠎ᠠ | ᠵᠤᠶᠢᠯ ᠤᠨ ᠲᠦᠭᠰᠢᠬᠦᠷᠢ ᠬᠡᠮ ᠢ ᠡᠷᠡᠰ ᠴᠢᠩᠭ᠎ᠠ ᠬᠤᠷᠢᠭᠯᠠᠵᠦ᠂ ︽ᠭᠤᠷᠪᠠᠨ ᠰᠠᠯᠵᠦ ᠲᠠᠶᠢᠯᠬᠦ ᠦᠭᠡᠢ︾᠂ ︽ | ᠲᠠᠪᠤᠨ ᠮᠡᠳᠡᠷᠡᠬᠦᠢ︾ ᠶᠢ ᠡᠯ᠎ᠡ ᠦᠨᠳᠦᠰᠦᠳᠡᠨ ᠤ ᠠᠷᠠᠳ ᠲᠦᠮᠡᠨ ᠤ ᠰᠡᠳᠬᠢᠯ ᠳᠤ ᠬᠠᠳᠠᠩᠰᠢᠭᠤᠯᠵᠦ᠂ ᠪᠦᠬᠦ | ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠠᠨᠠᠷ ᠤᠨ ᠦᠷ᠎ᠡ ᠮᠡᠳᠦ ᠨᠢᠭᠳᠠ ᠪᠦᠯᠬᠦᠮᠳᠡᠬᠦᠯᠦᠨ᠂ ︽ | ᠵᠢᠱᠢᠶᠡᠴᠢ ᠦᠪᠡᠷᠳᠡᠬᠡᠨ ᠵᠠᠰᠠᠬᠤ ᠤᠷᠤᠨ︾ ᠤ ᠡᠷᠬᠢᠮ ᠲᠡᠬᠡᠳᠦ ᠢᠷᠡᠭᠤ ᠠᠯᠳᠠᠷ ᠢ ᠰᠠᠶᠢᠳᠦᠷ ᠬᠠᠮᠠᠭᠠᠯᠠᠬᠤ ᠬᠡᠷᠡᠭᠳᠠᠢ | ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠬᠢᠯᠢ ᠬᠢᠵᠠᠭᠠᠷ | ᠤᠷᠤᠨ ᠢ ᠪᠠᠬᠢᠵᠢᠬᠦᠯᠦᠨ ᠠᠷᠠᠳ ᠲᠦᠮᠡᠨ ᠢ ᠴᠢᠨᠡᠬᠡᠯᠢᠭᠵᠢᠬᠦᠯᠬᠦ ᠠᠵᠢᠯᠯᠠᠭ᠎ᠠ ᠶᠢ ᠬᠦᠨᠵᠡᠬᠡᠢ ᠠᠬᠢᠭᠤᠯᠵᠦ᠂ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ | ᠬᠦᠴᠦᠯᠡᠴᠡ ᠪᠠᠨ ᠨᠡᠮᠡᠭᠳᠡᠬᠦᠯᠦᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠤᠨ | ᠪᠠᠶᠢᠭᠤᠯᠬᠤ ᠦᠷ᠎ᠡ ᠪᠦᠳᠦᠮᠵᠢ ᠶᠢ ᠪᠠᠬᠢᠵᠢᠬᠦᠯᠬᠦ ᠬᠡᠷᠡᠭᠳᠠᠢ᠃ ᠨᠠᠮ ᠤᠨ ᠦᠨᠳᠦᠰᠦᠳᠡᠨ ᠤ ᠠᠵᠢᠯ ᠳᠠᠬᠢ ᠪᠦᠬᠦ ᠲᠠᠯ᠎ᠠ | ᠶᠢᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠳᠡᠨ ᠤ ᠠᠵᠢᠯ | ᠤᠨ ᠪᠦᠬᠦ ᠶᠠᠪᠤᠴᠠ ᠪᠠ ᠦᠨᠳᠦᠰᠦᠳᠡᠨ ᠤ ᠠᠵᠢᠯ ᠤᠨ ᠡᠯ᠎ᠡ ᠬᠦᠷᠢᠶ᠎ᠠ ᠬᠡᠪᠴᠢᠶᠠᠨ ᠳᠤ ᠲᠤᠭᠤᠰᠢᠯᠠᠭᠤᠯᠤᠨ᠂ ᠨᠠᠮ | ᠤᠨ ᠬᠤᠷᠢᠶ᠎ᠠ ᠠᠴᠠ ᠨᠢᠬᠡᠳᠦᠯᠳᠠᠢ ᠤᠳᠤᠷᠢᠳᠤᠭᠰᠠᠨ᠂ ᠵᠠᠰᠠᠭ ᠤᠨ ᠤᠷᠳᠤᠨ ᠠᠴᠠ ᠬᠠᠤᠯᠢ ᠶᠤᠰᠤᠭᠠᠷ | ᠬᠠᠮᠢᠶᠠᠷᠤᠭᠰᠠᠨ᠂ ᠨᠢᠬᠡᠳᠦᠮᠡᠯ ᠹᠷᠤᠨᠲ ᠤᠨ ᠰᠠᠯᠠᠭ᠎ᠠ ᠮᠦᠴᠢᠷ ᠠᠴᠠ ᠲᠠᠭᠠᠭᠤᠯᠤᠨ ᠵᠤᠬᠢᠴᠠᠭᠤᠯᠤᠭᠰᠠᠨ᠂ | ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠠᠴᠠ ᠡᠬᠦᠷᠬᠡᠯᠡᠵᠦ ᠬᠠᠷᠢᠭᠤᠴᠠᠭᠰᠠᠨ᠂ ᠡᠯ᠎ᠡ ᠰᠠᠯᠠᠭ᠎ᠠ ᠮᠦᠴᠢᠷ | ᠠᠴᠠ ᠬᠦᠴᠦᠯᠠᠨ ᠬᠠᠮᠳᠤᠷᠠᠯᠴᠠᠭᠰᠠᠨ᠂ ᠪᠦᠬᠦ ᠨᠠᠶᠢᠬᠡᠮ ᠨᠠᠶᠢᠳᠠ ᠪᠠᠷ ᠢᠶᠠᠨ ᠬᠠᠮᠳᠦ ᠪᠠᠷ ᠤᠷᠤᠯᠴᠠᠭᠰᠠᠨ ᠰᠢᠨ᠎ᠡ ᠴᠠᠭ | ᠦᠶ᠎ᠠ ᠶᠢᠨ ᠦᠨᠳᠦᠰᠦᠳᠡᠨ ᠤ ᠠᠵᠢᠯ ᠤᠨ ᠲᠤᠭᠳᠠᠴᠠ ᠶᠢ ᠴᠤᠭᠴᠠᠯᠠᠨ ᠪᠠᠶᠢᠭᠤᠯᠬᠤ ᠬᠡᠷᠡᠭᠳᠠᠢ᠃ | ︵ᠬᠤᠶᠠᠷ︶ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠪᠠᠶᠢᠭᠠᠯᠢᠯᠢᠭ ᠲᠦᠷᠦᠯ ᠢ | ᠨᠡᠮᠡᠭᠳᠡᠬᠦᠯᠬᠦ ᠬᠠᠯᠬᠠᠪᠴᠢ ᠶᠢ ᠪᠤᠢ ᠪᠤᠯᠭᠠᠨ᠂ ︽ᠠᠮᠢ ᠠᠬᠤᠢ ᠶᠢᠨ ᠪᠤᠯᠪᠠᠰᠤᠨ︾ ᠲᠦᠷᠪᠡᠳ ᠢ ᠪᠠᠶᠢᠭᠤᠯᠤᠨ᠎ᠠ᠃ | ᠪᠢᠳᠠ ᠡᠷᠬᠡᠪᠰᠢ ᠠᠮᠢ ᠠᠬᠤᠢ ᠶᠢ ᠬᠠᠮᠠᠭᠠᠯᠠᠬᠤ ᠤᠯᠤᠰ ᠲᠦᠷᠦ ᠶᠢᠨ ᠡᠬᠦᠷᠬᠡ ᠶᠢ ᠡᠷᠡᠰ ᠴᠢᠩᠭ᠎ᠠ ᠡᠬᠦᠷᠬᠡᠯᠡᠵᠦ᠂ | ᠡᠬᠡ ᠤᠯᠤᠰ ᠤᠨ ᠤᠮᠠᠷᠠᠳᠦ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠶᠡᠷᠦᠩᠭᠡᠢ ᠬᠠᠷᠠᠯᠳᠠ ᠶᠢᠨ | ᠲᠤᠭᠤᠷᠢᠨ ᠳᠤ᠂ ᠠᠭᠤᠯᠠ ᠤᠰᠦ᠂ ᠤᠢ ᠰᠢᠭᠤᠢ᠂ ᠲᠡᠷᠢᠶ᠎ᠠ ᠲᠦᠮᠦᠰᠦ᠂ ᠨᠠᠭᠤᠷ ᠴᠦᠬᠦᠷᠦᠮ᠂ ᠡᠪᠡᠰᠦ ᠡᠯᠡᠰᠦᠨ | ᠤ ᠰᠢᠰᠲ᠋ᠧᠮ ᠤᠨ ᠵᠠᠰᠠᠯᠳᠠ ᠶᠢ ᠨᠢᠬᠡᠳᠦᠯᠵᠢᠬᠦᠯᠵᠦ᠂ ᠠᠭᠤᠯᠠ ᠤᠰᠦ ᠪᠠᠨ ᠬᠠᠮᠠᠭᠠᠯᠠᠬᠤ ᠲᠠᠶᠢᠯᠠᠯᠳᠤᠭᠠᠨ ᠢ ᠰᠠᠶᠢᠳᠦᠷ | ᠬᠢᠵᠦ᠂ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠠ ᠦᠵᠡᠬᠦᠯᠬᠦ | ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠴᠢᠷᠮᠠᠶᠢᠬᠤ ᠬᠡᠷᠡᠭᠳᠠᠢ᠃ | ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠰᠠᠶᠢᠳᠦᠷ ᠬᠠᠮᠠᠭᠠᠯᠠᠨ᠎ᠠ᠃ ᠲᠠᠯ᠎ᠠ ᠨᠤᠳᠤᠭ ᠤᠨ ᠠᠮᠢ | ᠠᠬᠤᠢ ᠶᠢ ᠬᠠᠮᠠᠭᠠᠯᠠᠬᠤ ᠶᠢ ᠲᠡᠷᠢᠬᠦᠨ ᠡᠬᠦᠷᠬᠡ ᠪᠠᠨ ᠪᠤᠯᠭᠠᠵᠦ᠂ ᠲᠠᠯ᠎ᠠ ᠨᠤᠳᠤᠭ ᠢ ᠬᠠᠮᠠᠭᠠᠯᠠᠬᠤ ᠦᠨᠳᠦᠰᠦᠨ | ᠲᠦᠷᠢᠮ ᠢ ᠴᠢᠩᠭ᠎ᠠ ᠬᠡᠷᠡᠭᠵᠢᠬᠦᠯᠦᠨ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠲᠦᠷᠦᠯ ᠵᠤᠶᠢᠯ ᠢ | ᠪᠠᠶᠢᠭᠤᠯᠬᠤ ᠶᠢ ᠴᠢᠩᠭ᠎ᠠ ᠬᠢᠵᠠᠭᠠᠷᠯᠠᠨ᠂ ᠨᠠᠶᠢᠳᠡᠯᠢᠭ ᠡᠪᠡᠰᠦ ᠪᠡᠯᠴᠢᠬᠡᠷ᠂ ᠨᠤᠭᠤ ᠭᠠᠵᠠᠷ ᠪᠠ ᠬᠤᠷ᠎ᠠ ᠲᠤᠨᠳᠠᠰᠦ | ᠪᠠᠭ᠎ᠠ ᠡᠯᠡᠰᠦᠷᠬᠡᠭ ᠵᠡᠷᠬᠡ ᠲᠠᠯ᠎ᠠ ᠭᠠᠵᠠᠷ ᠤᠢ ᠮᠤᠳᠦ ᠲᠠᠷᠢᠬᠤ ᠶᠢ ᠴᠢᠩᠭ᠎ᠠ ᠬᠢᠵᠠᠭᠠᠷᠯᠠᠨ᠎ᠠ᠃ ᠲᠠᠯ᠎ᠠ ᠨᠤᠳᠤᠭ ᠤᠨ | ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠨ ᠬᠦᠬᠢᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠪᠡᠯᠴᠢᠬᠡᠷᠯᠡᠬᠦᠯᠬᠦ ᠶᠢ ᠴᠠᠭᠠᠵᠠᠯᠠᠬᠤ ᠤᠷᠤᠨ᠂ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠤᠷᠤᠨ ᠢ ᠵᠤᠬᠢᠰᠳᠠᠢ | ᠲᠤᠭᠳᠠᠭᠠᠵᠦ᠂ ᠮᠠᠯ ᠤᠨᠤᠭ᠎ᠠ ᠶᠢᠨ ᠲᠤᠭ᠎ᠠ ᠶᠢ ᠴᠢᠩᠭ᠎ᠠ ᠬᠢᠵᠠᠭᠠᠷᠯᠠᠨ᠂ ᠬᠡᠮᠵᠢᠶ᠎ᠠ ᠠᠴᠠ ᠪᠠᠨ ᠬᠡᠳᠦᠷᠡᠳᠡᠯ᠎ᠡ ᠮᠠᠯᠵᠢᠬᠤ | ᠂ ᠲᠤᠷ᠎ᠠ ᠪᠠᠷ ᠠᠭᠤᠳᠠᠯᠵᠦ ᠮᠠᠯᠳᠠᠬᠤ᠂ ᠬᠠᠭᠠᠯᠪᠤᠷᠢᠯᠠᠵᠦ ᠮᠠᠯᠳᠠᠬᠤ ᠵᠡᠷᠬᠡ ᠨᠤᠳᠤᠭ ᠪᠡᠯᠴᠢᠬᠡᠷ ᠢ ᠡᠪᠳᠡᠭᠰᠡᠨ | ᠠᠵᠢᠯᠯᠠᠭ᠎ᠠ ᠳᠤ ᠴᠢᠩᠭ᠎ᠠ ᠰᠢᠳᠬᠡᠯ ᠦᠵᠡᠬᠦᠯᠵᠦ᠂ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠠ ᠶᠢ 30% | ᠬᠦᠷᠳᠡᠯ᠎ᠡ ᠴᠢᠷᠮᠠᠶᠢᠨ ᠲᠡᠬᠡᠭᠰᠢᠯᠡᠬᠦᠯᠵᠦ᠂ ᠠᠭᠤᠷᠬᠠᠢ ᠶᠢᠨ ᠤᠷᠤᠨ ᠤ ᠬᠠᠮᠠᠭᠠᠯᠠᠯᠳᠠ ᠪᠠ ᠰᠡᠷᠭᠦᠭᠡᠯᠳᠠ ᠶᠢ | ᠴᠢᠩᠭᠠᠳᠬᠠᠨ᠂ ᠰᠠᠭᠤᠷᠢ ᠮᠦᠩᠭᠦᠨ ᠤ ᠲᠦᠷᠢᠮ ᠢ ᠪᠠᠶᠢᠭᠤᠯᠵᠦ᠂ ᠪᠤᠬᠢᠷᠳᠤᠯ ᠦᠭᠡᠢ ᠠᠭᠤᠷᠬᠠᠢ ᠶᠢ ᠢᠳᠡᠪᠬᠢᠳᠠᠢ | ᠪᠠᠶᠢᠭᠤᠯᠤᠨ᠎ᠠ᠃ ᠭᠠᠵᠠᠷ ᠰᠢᠨᠵᠢᠯᠡᠬᠡᠨ ᠤ ᠬᠦᠷᠢᠶᠠᠯᠠᠩ᠂ ᠦᠵᠡᠮᠵᠢ ᠶᠢᠨ ᠨᠡᠷᠡᠳᠦ ᠤᠷᠤᠨ ᠵᠡᠷᠬᠡ ᠪᠠᠶᠢᠭᠠᠭᠠᠯᠢᠭ | ᠦᠵᠡᠮᠵᠢ ᠶᠢᠨ ᠤᠷᠤᠨ ᠢ ᠬᠠᠮᠠᠭᠠᠯᠠᠬᠤ ᠬᠦᠴᠦᠯᠠᠴᠠ ᠪᠠᠨ ᠨᠡᠮᠡᠭᠳᠡᠬᠦᠯᠵᠦ᠂ ᠲᠦᠯᠦᠪᠵᠢᠬᠦᠯᠦᠨ ᠨᠠᠶᠢᠷᠠᠭᠤᠯᠬᠤ᠂ | ᠵᠠᠭᠠᠭ ᠱᠤᠭᠤᠮ ᠲᠤᠭᠳᠠᠭᠠᠬᠤ ᠵᠡᠷᠬᠡ ᠠᠵᠢᠯ ᠢ ᠲᠠᠭᠤᠰᠬᠠᠨ᠂ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ | ᠬᠠᠮᠠᠭᠠᠯᠠᠯᠳᠠ ᠶᠢ ᠲᠡᠬᠡᠭᠰᠢᠯᠡᠬᠦᠯᠦᠨ᠎ᠡ᠃ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ | ᠶᠠᠪᠤᠭᠳᠠᠭᠤᠯᠤᠨ᠂ ᠪᠡᠬᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠪᠠ ᠭᠤᠷᠪᠠᠨ ᠤᠮᠠᠷᠠᠳᠦ ᠶᠢᠨ | ᠬᠠᠮᠠᠭᠠᠯᠠᠯᠳᠠ ᠶᠢᠨ ᠤᠢ ᠶᠢᠨ ᠡᠯᠡᠰᠦᠷᠬᠡᠭᠵᠢᠯ ᠢ ᠵᠠᠰᠠᠬᠤ ᠵᠡᠷᠬᠡ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ | ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠵᠦ᠂ ᠲᠤᠤᠷᠠᠢ ᠶᠢᠨ ᠤᠢ ᠶᠢ ᠦᠷᠬᠡᠳᠬᠡᠨ ᠲᠠᠷᠢᠬᠤ ᠪᠠ ᠤᠯᠤᠰ ᠤᠨ | ᠦᠮᠴᠢᠯᠡᠯᠳᠦ ᠤᠯᠠᠭᠠᠨ ᠲᠤᠭ ᠤᠢ ᠰᠢᠭᠤᠢ ᠶᠢᠨ ᠲᠠᠯᠠᠪᠠᠢ ᠶᠢᠨ ᠢᠨᠵᠧᠨᠧᠷᠢᠩ ᠢ ᠬᠡᠷᠡᠭᠵᠢᠬᠦᠯᠵᠦ᠂ ᠤᠢ ᠰᠢᠭᠤᠢ | ᠶᠢᠨ ᠪᠦᠷᠬᠦᠴᠠ ᠶᠢᠨ ᠬᠡᠮᠵᠢᠶ᠎ᠠ ᠶᠢ 21.25% ᠪᠤᠯᠳᠠᠯ᠎ᠠ ᠨᠡᠮᠡᠭᠳᠡᠬᠦᠯᠦᠨ᠎ᠡ᠃ | ᠤᠰᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠳᠦᠷ ᠬᠠᠮᠠᠭᠠᠯᠠᠨ᠎ᠠ᠃ ᠤᠰᠤᠨ ᠤ ᠡᠬᠢ ᠰᠤᠷᠪᠤᠯᠵᠢ | ᠲᠤᠶᠢᠯ ᠤᠨ ᠲᠤᠳᠠᠮᠠᠭ ᠤᠷᠤᠨ ᠪᠤᠯᠤᠭᠰᠠᠨ ᠤ ᠬᠤᠪᠢ ᠳᠤ ᠡᠷᠬᠡᠪᠰᠢ ᠬᠠᠮᠤᠭ ᠤᠨ ᠴᠢᠩᠭ᠎ᠠ ᠤᠰᠤᠨ ᠤ ᠡᠬᠢ | ᠰᠤᠷᠪᠤᠯᠵᠢ ᠶᠢᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠵᠦ᠂ ᠤᠰᠤᠨ ᠤ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠳᠦᠷ ᠬᠠᠮᠠᠭᠠᠯᠠᠨ᠂ ᠰᠠᠶᠢᠳᠦᠷ ᠠᠰᠢᠭᠯᠠᠵᠦ ᠰᠠᠶᠢᠳᠦᠷ ᠬᠦᠭᠵᠢᠬᠦᠯᠬᠦ ᠬᠡᠷᠡᠭᠳᠠᠢ᠃ ᠠᠭᠤᠷᠬᠠᠢ ᠶᠢᠨ | ᠠᠵᠦ ᠠᠬᠤᠶᠢᠯᠠᠯ ᠤᠨ ᠤᠰᠦ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠦ᠂ ᠡᠷᠬᠢᠯᠳᠦᠬᠦᠯᠦᠨ ᠠᠰᠢᠭᠯᠠᠬᠤ ᠪᠠ | ᠲᠤᠬᠢᠷᠠᠮᠵᠢᠳᠠᠢ ᠭᠠᠳᠠᠭᠰᠢᠯᠠᠭᠤᠯᠬᠤ ᠶᠢ ᠪᠠᠳᠤᠯᠠᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠭᠡᠢ | ᠦᠬᠡᠷᠡᠴᠢᠯᠡᠯᠳᠠ ᠶᠢ ᠬᠦᠨᠵᠡᠬᠡᠶᠢᠷᠡᠬᠦᠯᠦᠨ᠂ ᠤᠰᠤᠨ ᠤ ᠬᠠᠩᠰᠢ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ | ᠲᠠᠷᠢᠶᠠᠯᠠᠩ ᠤᠨ ᠤᠰᠤᠯᠠᠯᠳᠠ ᠶᠢᠨ ᠬᠡᠷᠡᠭᠯᠡᠬᠦ ᠤᠰᠤᠨ ᠤ ᠬᠡᠮᠵᠢᠶ᠎ᠠ ᠶᠢ ᠴᠢᠩᠭ᠎ᠠ ᠬᠢᠵᠠᠭᠠᠷᠯᠠᠨ᠂ ᠬᠦᠮᠦᠨ ᠮᠠᠯ ᠤᠨ | ᠤᠤᠭᠤᠬᠤ ᠤᠰᠦ ᠪᠠ ᠤᠰᠤᠯᠠᠯᠳᠠ ᠳᠤ ᠬᠡᠷᠡᠭᠯᠡᠬᠦ ᠤᠰᠦᠨ ᠤ ᠵᠦᠷᠢᠴᠠᠯ ᠢ ᠰᠢᠢᠳᠪᠦᠷᠢᠯᠡᠨ ᠨᠠᠮᠬᠠᠳᠬᠠᠨᠠ᠃ ︽ | ᠭᠤᠤᠯ ᠮᠦᠷᠡᠨ ᠤ ᠲᠠᠷᠤᠭ᠎ᠠ︾ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠲᠤᠮᠳᠠ ᠪᠠᠭ᠎ᠠ ᠭᠤᠤᠯ | ᠮᠦᠷᠡᠨ ᠤ ᠵᠠᠰᠠᠯᠳᠠ ᠶᠢᠨ ᠢᠨᠵᠧᠨᠧᠷᠢᠩ ᠢ ᠬᠡᠷᠡᠭᠵᠢᠬᠦᠯᠦᠨ᠂ ᠭᠤᠤᠯ ᠮᠦᠷᠡᠨ ᠤ ᠤᠷᠴᠢᠨ ᠲᠤᠭᠤᠷᠢᠨ ᠢ | ᠰᠠᠶᠢᠵᠢᠷᠠᠭᠤᠯᠤᠨ᠎ᠠ᠃ ᠬᠤᠳᠠ ᠪᠠᠯᠭᠠᠰᠤᠨ ᠤ ᠪᠤᠵᠠᠷ ᠤᠰᠦ᠂ ᠪᠤᠷᠤᠭᠠᠨ ᠤᠰᠦ ᠶᠢ ᠬᠤᠷᠢᠶᠠᠬᠤ ᠬᠦᠴᠦᠯᠠᠴᠠ ᠪᠠᠨ | ᠨᠡᠮᠡᠭᠳᠡᠬᠦᠯᠵᠦ᠂ ᠬᠦᠬᠡ ᠲᠤᠰᠬᠤᠨ ᠤ ᠪᠤᠵᠠᠷ ᠤᠰᠦ ᠶᠢ ᠵᠠᠳᠠᠷᠠᠭᠤᠯᠵᠦ ᠬᠤᠷᠢᠶᠠᠬᠤ᠂ ᠲᠦᠪᠯᠡᠷᠡᠬᠦᠯᠦᠨ | ᠰᠢᠢᠳᠪᠦᠷᠢᠯᠡᠬᠦ ᠶᠢ ᠠᠭᠠᠵᠢᠮ ᠢᠶᠠᠷ ᠶᠠᠪᠤᠭᠳᠠᠭᠤᠯᠵᠦ᠂ ᠤᠰᠤᠨ ᠤ ᠡᠬᠢ ᠪᠠᠶᠠᠯᠢᠭ ᠢ ᠡᠷᠬᠢᠯᠳᠦᠯᠦᠨ ᠠᠰᠢᠭᠯᠠᠬᠤ | ᠨᠤᠷᠮ᠎ᠠ ᠶᠢ ᠲᠡᠭᠡᠭᠰᠢᠯᠡᠬᠦᠯᠦᠨ᠎ᠡ᠃ ᠤᠤᠭᠤᠬᠤ ᠤᠰᠦᠨ ᠤ ᠰᠤᠷᠪᠤᠯᠵᠢ ᠶᠢ ᠬᠠᠮᠠᠭᠠᠯᠠᠨ ᠬᠠᠮᠢᠶᠠᠷᠬᠤ ᠬᠦᠴᠦᠯᠡᠴᠡ ᠪᠠᠨ | ᠨᠡᠮᠡᠭᠳᠡᠬᠦᠯᠵᠦ᠂ ᠤᠰᠦ ᠤᠮᠳᠠ ᠶᠢᠨ ᠠᠮᠤᠷ ᠲᠦᠪᠰᠢᠨ ᠢ ᠪᠠᠳᠤᠯᠠᠨ᠎ᠠ᠃ | ᠠᠭᠠᠷ ᠮᠠᠨᠳᠠᠯ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ᠎ᠠ᠃ ᠡᠨᠧᠷᠬᠢ ᠠᠷᠪᠢᠯᠠᠵᠦ ᠬᠤᠷᠤᠭᠳᠠᠯ ᠢ | ᠪᠠᠭᠠᠰᠬᠠᠬᠤ ᠡᠬᠦᠷᠬᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠦ ᠤᠶᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ᠂ | ᠤᠯᠠᠨ ᠨᠠᠶᠢᠳᠠ ᠶᠢᠨ ᠪᠠᠶᠢᠭᠤᠯᠤᠮᠵᠢ ᠵᠡᠷᠬᠡ ᠬᠦᠷᠢᠶ᠎ᠠ ᠬᠡᠪᠴᠢᠶᠠᠨ ᠳᠠᠬᠢ ᠡᠨᠧᠷᠬᠢ ᠶᠢ ᠠᠷᠪᠢᠯᠠᠵᠦ᠂ ᠬᠢᠵᠠᠭᠠᠷᠯᠠᠯ ᠤᠨ | ᠴᠢᠨᠠᠷᠳᠠᠢ ᠡᠨᠧᠷᠬᠢ ᠠᠷᠪᠢᠯᠠᠬᠤ ᠪᠠᠷᠢᠮᠵᠢᠶ᠎ᠠ ᠶᠢ ᠴᠢᠩᠭᠠᠳᠬᠠᠵᠦ᠂ ᠡᠨᠧᠷᠬᠢ ᠵᠠᠷᠤᠴᠠᠭᠤᠯᠬᠤ ᠶᠡᠷᠦᠩᠭᠡᠢ ᠬᠡᠮᠵᠢᠶ᠎ᠠ ᠶᠢ | ᠤᠯᠤᠰ ᠤᠨ ᠪᠠᠷᠢᠮᠵᠢᠶ᠎ᠠ ᠲᠤᠳᠤᠷ᠎ᠠ ᠪᠠᠶᠢᠯᠭᠠᠬᠤ ᠶᠢ ᠪᠠᠳᠤᠯᠠᠨ᠎ᠠ᠃ ᠴᠡᠪᠡᠷ ᠡᠨᠧᠷᠬᠢ ᠪᠠᠷ ᠤᠷᠤᠯᠠᠭᠤᠯᠬᠤ | ᠢᠨᠵᠧᠨᠧᠷᠢᠩ ᠢ ᠲᠡᠯᠬᠡᠷᠡᠬᠦᠯᠦᠨ᠂ ᠢᠯᠴᠢ ᠬᠠᠩᠭᠠᠬᠤ ᠠᠵᠦ ᠠᠬᠤᠶᠢᠯᠠᠯ ᠳᠠᠬᠢ ᠬᠢᠨᠠᠯᠳᠠ ᠬᠠᠮᠢᠶᠠᠷᠤᠯᠳᠠ ᠶᠢ | ᠴᠢᠩᠭᠠᠳᠬᠠᠵᠦ᠂ ᠬᠤᠳᠠ ᠶᠢᠨ ᠲᠡᠬᠦᠷᠬᠡ ᠵᠢᠴᠢ ᠤᠶᠢᠷ᠎ᠠ ᠬᠠᠪᠢ ᠶᠢᠨ ᠨᠡᠬᠦᠷᠡᠰᠦᠨ ᠤ ᠪᠤᠬᠢᠷᠳᠤᠯ ᠢ ᠪᠦᠳᠦᠮᠵᠢᠳᠠᠢ | ᠬᠢᠵᠠᠭᠠᠷᠯᠠᠨ᠂ ᠪᠤᠬᠢᠷᠳᠤᠯ ᠲᠠᠢ ᠪᠤᠳᠠᠰ ᠤᠨ ᠭᠠᠳᠠᠭᠰᠢᠯᠠᠭᠤᠯᠤᠯᠳᠠ ᠶᠢ ᠪᠠᠷᠢᠮᠵᠢᠶᠠᠨ ᠲᠤᠳᠤᠷ᠎ᠠ ᠪᠠᠶᠢᠯᠭᠠᠬᠤ ᠶᠢ | ᠪᠠᠳᠤᠯᠠᠨ᠎ᠠ᠃ ᠠᠭᠤᠷᠬᠠᠢ ᠨᠡᠬᠡᠬᠡᠬᠦ᠂ ᠬᠠᠳᠠᠭᠠᠯᠠᠬᠤ᠂ ᠲᠡᠬᠡᠬᠡᠪᠦᠷᠢᠯᠡᠬᠦ ᠵᠡᠷᠬᠡ ᠶᠠᠪᠤᠴᠠ ᠳᠠᠬᠢ ᠪᠤᠬᠢᠷᠳᠤᠯ ᠤᠨ | ᠰᠡᠷᠬᠡᠶᠢᠯᠡᠯᠳᠠ ᠶᠢ ᠴᠢᠩᠭᠠᠳᠬᠠᠵᠦ᠂ ᠲᠤᠭᠤᠰᠦ ᠪᠤᠷᠳᠤᠭ ᠤᠨ ᠭᠠᠳᠠᠭᠰᠢᠯᠠᠭᠤᠯᠬᠤ ᠶᠢ ᠪᠠᠷᠢᠮᠵᠢᠶᠠᠨ ᠳᠤ ᠪᠠᠶᠢᠯᠭᠠᠨ᠎ᠠ᠃ | 2025 ᠤᠨ ᠪᠤᠯᠬᠤ ᠳᠤ ᠠᠭᠠᠷ ᠮᠠᠨᠳᠠᠯ ᠤᠨ ᠴᠡᠪᠡᠷᠴᠠ ᠶᠢᠨ ᠡᠳᠦᠷ ᠤᠨ ᠲᠤᠭ᠎ᠠ ᠶᠢ 300 ᠡᠳᠦᠷ ᠠᠴᠠ | ᠢᠯᠡᠬᠦᠦ ᠪᠠᠶᠢᠯᠭᠠᠨ᠎ᠠ᠃ | ᠲᠠᠷᠢᠶᠠᠨ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠳᠦᠷ ᠬᠠᠮᠠᠭᠠᠯᠠᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠬᠦᠴᠦᠯᠠᠴᠠ ᠪᠠᠨ ᠦᠨᠡᠨᠬᠦ ᠨᠡᠮᠡᠭᠳᠡᠬᠦᠯᠵᠦ᠂ ᠬᠦᠷᠦᠰᠦ ᠰᠢᠷᠤᠢ ᠶᠢᠨ ᠴᠢᠨᠠᠷ ᠴᠢᠨᠰᠠᠭ᠎ᠠ ᠶᠢ ᠪᠠᠳᠤᠯᠠᠨ᠂ | ᠪᠤᠬᠢᠷᠳᠤᠯ ᠦᠭᠡᠢ ᠤᠷᠭᠠᠨᠢᠭ ᠲᠠᠷᠢᠶᠠᠯᠠᠩ ᠢ ᠬᠦᠭᠵᠢᠬᠦᠯᠬᠦ ᠪᠠᠳᠦ ᠪᠠᠬᠢ ᠰᠠᠭᠤᠷᠢ ᠶᠢ ᠲᠠᠯᠪᠢᠨ᠎ᠠ᠃ ᠬᠢᠮᠢ ᠶᠢᠨ | ᠪᠤᠷᠳᠤᠭᠤᠷ ᠶᠢ ᠲᠤᠬᠢᠷᠠᠮᠵᠢᠳᠠᠢ ᠬᠡᠷᠡᠭᠯᠡᠵᠦ᠂ ᠲᠠᠷᠢᠶᠠᠯᠠᠩ ᠤᠨ ᠡᠮ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ᠂ | ᠤᠷᠭᠠᠨᠢᠭ ᠪᠤᠷᠳᠤᠭᠤᠷ ᠬᠡᠷᠡᠭᠯᠡᠬᠦ ᠶᠢ ᠵᠤᠷᠢᠭᠵᠢᠭᠤᠯᠵᠦ᠂ ᠬᠢᠮᠢ ᠶᠢᠨ ᠡᠮ ᠪᠠ ᠬᠢᠮᠢ ᠶᠢᠨ ᠪᠤᠷᠳᠤᠭᠤᠷ ᠤᠨ | ᠦᠯᠡᠳᠡᠭᠳᠡᠯ ᠢ ᠪᠦᠳᠦᠮᠵᠢᠳᠠᠢ ᠪᠠᠭᠠᠰᠬᠠᠨ᠎ᠠ᠃ ᠭᠠᠵᠠᠷ ᠲᠤᠤᠷᠠᠬᠢ ᠰᠦᠯᠢᠶᠤᠤ ᠪᠦᠷᠬᠦᠪᠴᠢ ᠶᠢ ᠡᠬᠡᠬᠦᠯᠦᠨ | ᠠᠰᠢᠭᠯᠠᠬᠤ ᠶᠢ ᠬᠦᠨᠵᠡᠬᠡᠢ ᠠᠬᠢᠭᠤᠯᠵᠦ᠂ ᠡᠬᠡᠬᠦᠯᠦᠨ ᠬᠤᠷᠢᠶᠠᠬᠤ ᠰᠢᠰᠧᠲᠮ ᠤᠨ ᠪᠠᠶᠢᠭᠤᠯᠤᠯᠳᠠ ᠶᠢ ᠴᠢᠩᠭᠠᠳᠬᠠᠨ᠂ | ᠰᠦᠯᠢᠶᠤᠤ ᠪᠦᠷᠬᠦᠪᠴᠢ ᠶᠢ ᠮᠧᠬᠠᠨᠢᠭᠵᠢᠭᠤᠯᠤᠨ ᠬᠤᠷᠢᠶᠠᠵᠦ᠂ ᠲᠠᠷᠢᠶᠠᠯᠠᠩ ᠤᠨ ᠡᠬᠢ ᠪᠤᠬᠢᠷᠳᠤᠯ ᠢ ᠡᠷᠡᠰ | ᠬᠤᠷᠢᠭᠯᠠᠨ᠎ᠠ᠃ ᠡᠰᠢ ᠰᠦᠷᠡᠯ ᠢ ᠪᠤᠷᠳᠤᠭᠤᠷ ᠪᠤᠯᠭᠠᠬᠤ᠂ ᠡᠨᠧᠷᠬᠢ ᠪᠤᠯᠭᠠᠬᠤ᠂ ᠪᠤᠷᠳᠤᠭ᠎ᠠ ᠪᠤᠯᠭᠠᠬᠤ ᠵᠡᠷᠬᠡ | ᠶᠡᠷᠦᠩᠭᠡᠶᠢᠯᠡᠨ ᠠᠰᠢᠭᠯᠠᠬᠤ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠡᠰᠢ ᠰᠦᠷᠡᠯ ᠤᠨ | ᠠᠰᠢᠭᠯᠠᠯᠳᠠ ᠶᠢ ᠬᠡᠪᠴᠢᠶᠠᠵᠢᠬᠦᠯᠵᠦ ᠲᠤᠰᠬᠠᠶᠢᠵᠢᠭᠤᠯᠵᠦ᠂ ᠠᠵᠦ ᠦᠢᠯᠡᠰᠵᠢᠬᠦᠯᠤᠨ ᠡᠵᠡᠩᠨᠡᠬᠦ ᠬᠡᠯᠪᠡᠷᠢ ᠶᠢ | ᠰᠦᠪᠡᠭᠴᠢᠯᠡᠵᠦ᠂ 2025 ᠤᠨ ᠪᠤᠯᠬᠤ ᠳᠤ᠂ ᠡᠰᠢ ᠰᠦᠷᠡᠯ ᠢ ᠶᠡᠷᠦᠩᠭᠡᠶᠢᠯᠡᠨ ᠠᠰᠢᠭᠯᠠᠬᠤ ᠨᠤᠷᠮ᠎ᠡ ᠶᠢ 95% | ᠠᠴᠠ ᠲᠡᠬᠡᠭᠰᠢ ᠪᠠᠶᠢᠯᠭᠠᠨ᠎ᠠ᠃ | ︵ᠭᠤᠷᠪᠠ︶ ᠴᠢᠨᠠᠷ ᠰᠠᠶᠢᠳᠠᠢ ᠬᠦᠭᠵᠢᠯᠳᠠ ᠶᠢ ᠪᠠᠷᠢᠮᠳᠠᠯᠠᠨ᠂ ᠪᠦᠳᠦᠴᠠ ᠳᠤ ᠲᠤᠬᠢᠷᠠᠭᠤᠯᠤᠨ ᠬᠡᠯᠪᠡᠷᠢ ᠪᠠᠨ | ᠦᠬᠡᠷᠡᠴᠢᠯᠡᠵᠦ᠂ ︽ᠪᠠᠶᠢᠭᠠᠯᠢᠯᠢᠭ︾ ᠲᠦᠷᠪᠡᠳ ᠢ ᠪᠠᠶᠢᠭᠤᠯᠤᠨ᠎ᠠ᠃ | ᠪᠢᠳᠠ ᠪᠤᠬᠢᠷᠳᠤᠯ ᠦᠭᠡᠢ ᠬᠦᠭᠵᠢᠯᠳᠠ ᠶᠢᠨ ᠤᠶᠢᠯᠠᠭᠠᠭᠳᠠᠬᠤᠨ ᠢ ᠪᠠᠬᠢᠵᠢᠬᠦᠯᠦᠨ᠂ ᠰᠢᠨᠵᠢᠯᠡᠬᠦ ᠤᠬᠠᠭᠠᠨᠴᠢ ᠰᠢᠨ᠎ᠡ | ᠡᠬᠦᠳᠦᠯᠳᠠ ᠶᠢ ᠲᠡᠷᠢᠬᠦᠨ ᠤ ᠬᠦᠳᠡᠯᠭᠡᠭᠴᠢ ᠬᠦᠴᠦᠨ ᠪᠤᠯᠭᠠᠵᠦ᠂ ᠮᠠᠯᠵᠢᠯ ᠲᠠᠷᠢᠶᠠᠯᠠᠩ᠂ ᠵᠢᠭᠤᠯᠴᠢᠯᠠᠯ᠂ ᠡᠨᠧᠷᠬᠢ | ᠶᠢᠨ ᠦᠢᠯᠡᠰ ᠢᠶᠠᠷ ᠭᠤᠤᠯ ᠴᠢᠭᠯᠡᠯᠳᠠ ᠪᠠᠨ ᠪᠤᠯᠭᠠᠨ᠂ ᠤᠯᠤᠰ ᠤᠨ ᠮᠠᠯ ᠲᠠᠷᠢᠶᠠᠯᠠᠩ ᠤᠨ ᠪᠦᠳᠦᠬᠡᠭᠳᠡᠬᠦᠨ ᠤ | ᠦᠢᠯᠡᠳᠪᠦᠷᠢᠯᠡᠯ ᠤᠨ ᠴᠢᠬᠤᠯᠠ ᠶᠡᠭᠡ ᠰᠠᠭᠤᠷᠢᠨ ᠭᠠᠵᠠᠷ᠂ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ | ᠤᠨ ᠰᠠᠭᠤᠷᠢᠨ ᠢ ᠪᠠᠶᠢᠭᠤᠯᠵᠦ᠂ ᠪᠤᠬᠢᠷᠳᠤᠯ ᠦᠭᠡᠢ ᠬᠦᠭᠵᠢᠬᠦᠯᠬᠦ ᠰᠠᠭᠤᠷᠢ ᠶᠢ ᠪᠠᠬᠢᠵᠢᠬᠦᠯᠬᠦ ᠬᠡᠷᠡᠭᠳᠠᠢ᠃ | ᠰᠢᠨᠵᠢᠯᠡᠬᠦ ᠤᠬᠠᠭᠠᠨᠴᠢ ᠰᠢᠨ᠎ᠡ ᠡᠬᠦᠳᠦᠯᠳᠠ ᠶᠢᠨ ᠠᠵᠦ ᠦᠢᠯᠡᠰ ᠢ ᠬᠦᠴᠦᠷᠬᠡᠭᠵᠢᠬᠦᠯᠦᠨ ᠪᠤᠵᠠᠭᠠᠶᠢᠵᠢᠷᠠᠭᠤᠯᠤᠨᠠ᠃ | ᠰᠢᠨ᠎ᠡ ᠶᠢ ᠡᠬᠦᠳᠬᠦ ᠪᠤᠯ ᠬᠦᠭᠵᠢᠯᠳᠠ ᠶᠢ ᠤᠳᠤᠷᠢᠳᠤᠨ ᠲᠠᠭᠠᠭᠤᠯᠬᠤ ᠲᠡᠷᠢᠬᠦᠨ ᠤ ᠬᠦᠳᠡᠯᠬᠡᠭᠴᠢ ᠬᠦᠴᠦᠨ | ᠪᠠᠶᠢᠵᠦ᠂ ᠪᠢᠳᠠ ᠰᠢᠨᠵᠢᠯᠡᠭᠡ ᠮᠡᠷᠬᠡᠵᠢᠯ ᠤᠨ ᠬᠡᠪᠴᠢᠶᠠᠨ ᠳᠠᠬᠢ ᠪᠠᠯᠠ ᠤᠷᠤᠭᠤᠯᠤᠯᠳᠠ ᠶᠢᠨ ᠬᠦᠴᠦᠯᠡᠴᠡ ᠪᠠᠨ | ᠶᠡᠬᠡᠰᠬᠡᠨ᠂ ᠰᠢᠨᠵᠢᠯᠡᠬᠦ ᠤᠬᠠᠭᠠᠨᠴᠢ ᠪᠠᠷ ᠠᠵᠦ ᠦᠢᠯᠡᠰ ᠤᠨ ᠬᠦᠭᠵᠢᠯᠳᠠ ᠶᠢ ᠲᠤᠯᠭᠠᠭᠤᠷᠢᠯᠠᠵᠦ᠂ ᠰᠢᠨ᠎ᠡ ᠶᠢ | ᠡᠬᠦᠳᠬᠦ ᠪᠠᠷ ᠠᠵᠦ ᠦᠢᠯᠡᠰ ᠤᠨ ᠬᠦᠭᠵᠢᠯᠳᠠ ᠶᠢ ᠠᠬᠢᠭᠤᠯᠬᠤ ᠬᠡᠷᠡᠭᠳᠠᠢ᠃ ᠦᠷ᠎ᠡ ᠶᠢᠨ ᠢᠨᠵᠧᠨᠧᠷᠢᠩ ᠢ | ᠰᠢᠨᠵᠢᠯᠡᠭᠡ ᠮᠡᠷᠬᠡᠵᠢᠯ ᠤᠨ ᠰᠢᠨ᠎ᠡ ᠡᠬᠦᠳᠬᠦ ᠴᠢᠬᠤᠯᠠ ᠭᠠᠷᠳᠠᠴᠠ ᠪᠤᠯᠭᠠᠵᠦ᠂ ᠮᠠᠯ ᠲᠠᠷᠢᠶᠠᠯᠠᠩ ᠤᠨ ᠦᠢᠯᠡᠰ ᠤᠨ | ᠪᠦᠳᠦᠮᠵᠢ ᠶᠢ ᠠᠬᠢᠭᠤᠯᠤᠨ᠎ᠠ᠃ ᠤᠯᠤᠰ ᠤᠨ ᠦᠷ᠎ᠡ ᠶᠢᠨ ᠦᠢᠯᠡᠰ ᠢ ᠲᠡᠳᠬᠦᠬᠦ ᠲᠦᠷᠦ ᠶᠢᠨ ᠪᠤᠳᠤᠯᠭ᠎ᠠ ᠶᠢ | ᠢᠳᠠᠪᠬᠢᠳᠠᠢ ᠴᠢᠷᠮᠠᠶᠢᠨ ᠤᠯᠵᠦ᠂ ᠵᠦᠩ ᠵᠢᠶᠠ᠂ ᠰᠢᠨ ᠢᠦᠢ᠂ ᠰᠠᠶᠢᠨᠨᠤ ᠺᠤᠮᠫᠠᠨᠢ ᠶᠢᠨ ᠦᠷ᠎ᠡ ᠶᠢᠨ ᠦᠢᠯᠡᠰ ᠤᠨ | ᠪᠠᠶ᠎ᠠ ᠪᠠᠨ ᠲᠠᠭᠠᠭᠠᠨ ᠰᠢᠨ᠎ᠡ ᠶᠢ ᠡᠬᠦᠳᠬᠦ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠵᠦ᠂ ᠰᠢᠨᠵᠢᠯᠡᠬᠦ | ᠤᠬᠠᠭᠠᠨᠴᠢ ᠰᠤᠳᠤᠯᠭᠠᠨ ᠤ ᠬᠦᠷᠢᠶᠠᠯᠠᠩ ᠪᠤᠯᠤᠨ ᠪᠠᠶᠢᠭᠤᠯᠤᠮᠵᠢ ᠶᠢᠨ ᠬᠠᠮᠳᠤᠷᠠᠯᠴᠠᠭ᠎ᠠ ᠶᠢ ᠴᠢᠩᠭᠠᠳᠬᠠᠨ᠂ ᠦᠷ᠎ᠡ | ᠪᠤᠶᠢᠵᠢᠭᠤᠯᠬᠤ ᠲᠠᠸᠠᠷᠵᠢᠭᠤᠯᠤᠯᠳᠠ ᠶᠢᠨ ᠰᠢᠰᠲ᠋ᠧᠮ ᠢ ᠪᠠᠶᠢᠭᠤᠯᠵᠦ᠂ ᠲᠦᠮᠦᠰᠦᠨ ᠤ 8 ᠰᠢᠨ᠎ᠡ ᠲᠦᠷᠦᠯ ᠵᠤᠶᠢᠯ ᠢ | ᠲᠡᠮᠡᠴᠡᠨ ᠤᠯᠵᠦ᠂ ᠳ᠋ᠦ᠋ ᠮᠧᠩ ᠢᠳᠡᠰᠢᠨ ᠬᠤᠨᠢ ᠶᠢ ᠤᠯᠤᠰ ᠤᠨ ᠰᠢᠨ᠎ᠡ ᠲᠦᠷᠦᠯ ᠵᠤᠶᠢᠯ ᠤᠨ ᠵᠦᠪᠰᠢᠶᠡᠷᠡᠯ ᠢ | ᠦᠩᠭᠡᠷᠡᠬᠦᠯᠵᠦ᠂ ᠤᠯᠤᠰ ᠤᠨ ᠲᠡᠰ ᠤᠨ ᠲᠦᠮᠦᠰᠦᠨ ᠤ ᠰᠠᠭᠤᠷᠢᠨ ᠪᠠ ᠪᠦᠬᠦ ᠤᠯᠤᠰ ᠤᠨ ᠢᠳᠡᠰᠢᠨ ᠬᠤᠨᠢᠨ ᠤ | ᠨᠡᠷᠡᠳᠦ ᠲᠡᠮᠳᠡᠭᠳᠦ ᠶᠢ ᠨᠡᠩ ᠠᠯᠳᠠᠷᠰᠢᠭᠤᠯᠤᠨ᠎ᠠ᠃ ᠤᠯᠠᠭᠠᠨ ᠬᠠᠯᠢᠰᠦᠳᠦ ᠪᠤᠭᠤᠳᠠᠢ᠂ ᠨᠤᠬᠠᠢ ᠶᠢᠨ ᠬᠤᠰᠢᠭᠤ᠂ | ᠬᠤᠤᠰ ᠪᠦᠬᠦᠳᠦ ᠲᠡᠮᠡᠭᠡ᠂ ᠠᠳᠤᠭᠤ ᠵᠡᠷᠬᠡ ᠤᠷᠤᠨ ᠨᠤᠳᠤᠭ ᠤᠨ ᠤᠨᠴᠠᠯᠢᠭᠳᠦ ᠲᠦᠷᠦᠯ ᠢ ᠬᠦᠭᠵᠢᠬᠦᠯᠦᠨ | ᠠᠰᠢᠭᠯᠠᠵᠦ᠂ ᠦᠷ᠎ᠡ ᠶᠢᠨ ᠡᠬᠢ ᠪᠠᠶᠠᠯᠢᠭ ᠤᠨ ᠬᠦᠮᠦᠷᠬᠡ ᠶᠢ ᠪᠠᠶᠢᠭᠤᠯᠤᠨ ᠪᠦᠷᠢᠨᠰᠢᠬᠦᠯᠵᠦ᠂ ᠡᠬᠦᠯᠳᠡᠷ ᠦᠷ᠎ᠡ ᠶᠢᠨ | ᠲᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠰᠾᠢ ᠷᠦᠢ ᠰᠢᠨᠵᠢᠯᠡᠭᠡ ᠮᠡᠷᠬᠡᠵᠢᠯ᠂ ᠠ ᠡᠯ ᠭᠧ ᠵᠡᠷᠬᠡ | ᠰᠤᠳᠤᠯᠤᠯᠳᠠ ᠬᠦᠭᠵᠢᠬᠦᠯᠦᠯᠳᠠ ᠶᠢᠨ ᠠᠵᠦ ᠠᠬᠤᠶᠢᠯᠠᠯ ᠢ ᠶᠡᠬᠡᠪᠡᠷ ᠲᠡᠳᠬᠦᠨ᠂ ᠰᠢᠨᠵᠢᠯᠡᠭᠡ ᠮᠡᠷᠬᠡᠵᠢᠯ ᠤᠨ ᠰᠢᠨ᠎ᠡ | ᠶᠢ ᠡᠬᠦᠳᠬᠦ ᠦᠢᠯᠡᠳᠦᠯ ᠢ ᠪᠠᠳᠠᠷᠠᠭᠤᠯᠵᠦ᠂ ᠵᠠᠬ᠎ᠠ ᠲᠡᠯᠬᠡᠬᠦᠷ ᠤᠨ ᠦᠷᠳᠡᠭ ᠢ ᠨᠡᠮᠡᠭᠳᠡᠬᠦᠯᠦᠨ᠎ᠡ᠃ | ᠮᠠᠯ ᠲᠠᠷᠢᠶᠠᠯᠠᠩ ᠤᠨ ᠦᠢᠯᠡᠰ ᠢ ᠬᠦᠴᠦᠷᠬᠡᠭᠵᠢᠬᠦᠯᠦᠨ ᠪᠤᠵᠠᠭᠠᠶᠢᠷᠠᠭᠤᠯᠤᠨ᠎ᠠ᠃ ︽ᠲᠡᠵᠢᠬᠡᠬᠦ ᠶᠢᠨ ᠲᠦᠯᠦᠬᠡ | ᠲᠡᠷᠢᠬᠤ᠂ ᠲᠡᠷᠢᠵᠦ ᠲᠡᠵᠢᠬᠡᠬᠦ ᠶᠢ ᠤᠶᠠᠯᠳᠤᠭᠤᠯᠬᠤ᠂ ᠲᠡᠵᠢᠬᠡᠬᠦ ᠪᠠᠷ ᠠᠬᠢᠭᠤᠯᠤᠯᠳᠠ ᠪᠤᠯᠭᠠᠬᠤ︾ ᠮᠠᠯ ᠲᠠᠷᠢᠶᠠᠯᠠᠩ | ᠤᠨ ᠴᠢᠨᠠᠷ ᠰᠠᠶᠢᠳᠠᠢ ᠬᠦᠭᠵᠢᠯᠳᠠ ᠶᠢᠨ ᠰᠡᠳᠬᠢᠴᠠ ᠶᠢ ᠪᠠᠷᠢᠮᠳᠠᠯᠠᠨ᠂ ᠦᠪᠡᠷᠮᠢᠴᠠ ᠤᠨᠴᠠᠯᠢᠭ ᠲᠠᠢ᠂ ᠪᠤᠬᠢᠷᠳᠤᠯ | ᠦᠭᠡᠢ ᠤᠷᠭᠠᠨᠢᠭ᠂ ᠰᠢᠯᠢᠳᠡᠭ ᠪᠦᠳᠦᠮᠵᠢᠳᠠᠢ ᠬᠦᠭᠵᠢᠯᠳᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠦ᠂ ᠤᠯᠤᠰ | ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠬᠤᠯᠠ ᠰᠠᠭᠤᠷᠢᠨ ᠢ ᠴᠤᠭᠴᠠᠯᠠᠨ ᠪᠠᠶᠢᠭᠤᠯᠤᠨ᠎ᠠ᠃ ︽ᠲᠤᠮᠳᠠᠳᠦ | ᠤᠯᠤᠰ ᠤᠨ ᠲᠦᠮᠦᠰᠦᠨ ᠤ ᠲᠦᠪ︾ ᠶᠢᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠦᠨᠵᠡᠬᠡᠶᠢᠷᠡᠬᠦᠯᠵᠦ᠂ | ᠲᠦᠮᠦᠰᠦᠨ ᠤ ᠰᠠᠭᠤᠷᠢᠨ ᠭᠠᠵᠠᠷ ᠢ 30 ᠲᠦᠮᠡᠨ ᠮᠤ᠋ ᠶᠢᠨ ᠤᠷᠴᠢᠮ ᠳᠤ ᠲᠤᠭᠳᠠᠪᠤᠷᠢᠵᠢᠭᠤᠯᠵᠦ᠂ ᠲᠠᠷᠢᠬᠤ | ᠲᠠᠯᠠᠪᠠᠢ ᠶᠢ ᠨᠢ 60 ᠲᠦᠮᠡᠨ ᠮᠤ᠋ ᠤᠷᠴᠢᠮ ᠪᠠᠶᠢᠯᠭᠠᠨ᠂ ᠲᠦᠮᠦᠰᠦ ᠲᠠᠷᠢᠬᠤ ᠪᠠᠷ ᠭᠤᠤᠯᠳᠠᠯᠠᠨ᠂ ᠲᠠᠸᠠᠷ ᠤᠨ | ᠲᠦᠮᠦᠰᠦ ᠪᠠ ᠪᠤᠯᠪᠠᠰᠤᠷᠠᠭᠤᠯᠵᠦ ᠡᠳ᠋ᠰᠢᠬᠦᠯᠦᠭᠰᠡᠨ ᠲᠦᠮᠦᠰᠦ ᠪᠠᠷ ᠨᠦᠬᠦᠪᠦᠷᠢᠯᠡᠭᠰᠡᠨ ᠤᠯᠠᠨ ᠲᠠᠯᠠᠳᠦ ᠬᠦᠭᠵᠢᠯᠳᠠ | ᠶᠢᠨ ᠰᠢᠨ᠎ᠡ ᠲᠤᠭᠳᠠᠴᠠ ᠶᠢ ᠬᠦᠴᠦᠯᠠᠨ ᠪᠠᠶᠢᠭᠤᠯᠤᠨ᠎ᠠ᠃ ᠬᠠᠭᠤᠷᠠᠢ ᠲᠠᠷᠢᠶᠠᠯᠠᠭ᠎ᠠ ᠶᠢᠨ ᠪᠠᠶᠢᠭᠠᠯᠢᠯᠢᠭ ᠤᠷᠭᠠᠨᠢᠭ | ᠬᠦᠭᠵᠢᠯᠳᠠ ᠶᠢᠨ ᠴᠢᠭᠯᠡᠯ ᠢ ᠪᠠᠷᠢᠮᠳᠠᠯᠠᠨ᠂ ᠪᠤᠬᠢᠷᠳᠤᠯ ᠦᠭᠡᠢ ᠬᠤᠤᠷ ᠦᠭᠡᠢ ᠲᠠᠷᠢᠶᠠᠨ ᠭᠠᠵᠠᠷ ᠤᠨ ᠡᠬᠢ ᠪᠠᠶᠠᠯᠢᠭ | ᠤᠨ ᠲᠠᠪᠠᠭᠤᠯᠢᠭ ᠢ ᠪᠠᠳᠠᠷᠠᠭᠤᠯᠵᠦ᠂ ᠬᠠᠭᠤᠷᠠᠢ ᠲᠠᠷᠢᠶᠠᠨ ᠤ ᠪᠤᠭᠤᠳᠠᠢ᠂ ᠨᠤᠬᠠᠢ ᠶᠢᠨ ᠬᠤᠰᠢᠭᠤ᠂ ᠰᠢᠯᠢᠮᠳᠡᠭ ᠵᠡᠷᠬᠡ | ᠪᠤᠬᠢᠷᠳᠤᠯ ᠦᠭᠡᠢ ᠤᠷᠭᠠᠨᠢᠭ ᠲᠡᠮᠳᠡᠭ ᠢ ᠡᠬᠦᠳᠦᠨ᠎ᠡ᠃ ᠲᠦᠷᠦᠯ ᠵᠤᠶᠢᠯ ᠢ ᠲᠠᠭᠠᠭᠤᠯᠤᠨ ᠵᠢᠯᠤᠭᠤᠳᠴᠦ᠂ | ᠡᠬᠡᠯᠵᠢᠯᠡᠨ ᠲᠠᠷᠢᠬᠤ ᠲᠡᠬᠡᠷ᠎ᠡ ᠬᠦᠴᠦ ᠲᠠᠯᠪᠢᠨ᠂ ᠲᠡᠵᠢᠬᠡᠯ ᠪᠤᠷᠳᠤᠭᠠᠨ ᠤ ᠲᠦᠷᠦᠯ ᠵᠤᠶᠢᠯ ᠢ ᠰᠢᠨᠡᠳᠬᠡᠵᠦ᠂ | ᠵᠠᠬᠢᠶᠠᠯᠠᠭ᠎ᠠ ᠲᠠᠢ ᠡᠪᠡᠰᠦ ᠲᠠᠷᠢᠬᠤ ᠰᠠᠭᠤᠷᠢᠨ ᠭᠠᠵᠠᠷ ᠪᠠᠶᠢᠭᠤᠯᠤᠨ᠂ ᠲᠡᠷᠢᠵᠦ ᠲᠡᠵᠢᠬᠡᠬᠦ ᠰᠠᠭᠤᠷᠢ ᠶᠢ | ᠪᠠᠬᠢᠵᠢᠬᠦᠯᠦᠨ᠎ᠠ᠃ ᠲᠠᠷᠢᠶᠠᠯᠠᠬᠤ ᠤᠷᠤᠨ ᠨᠢ ᠬᠦᠢᠴᠡᠳ ᠬᠡᠮᠵᠢᠶᠠᠨ ᠤ ᠲᠡᠵᠢᠬᠡᠯ ᠪᠤᠷᠳᠤᠭᠠᠨ ᠤ ᠡᠰᠢ ᠰᠦᠷᠡᠯ ᠤᠨ | ᠡᠬᠢ ᠪᠠᠶᠠᠯᠢᠭ ᠲᠤ ᠲᠦᠰᠢᠭᠯᠡᠨ᠂ ︽ᠬᠠᠰᠢᠶᠠᠯᠠᠵᠦ ᠲᠡᠵᠢᠬᠡᠬᠦ᠂ ᠴᠦᠬᠡᠨ ᠢ ᠲᠠᠵᠢᠬᠡᠵᠦ ᠨᠠᠷᠢᠯᠢᠭ ᠪᠤᠶᠢᠵᠢᠭᠤᠯᠬᠤ︾ | ᠵᠡᠷᠬᠡ ᠪᠠᠷ ᠤᠳᠤᠷᠢᠳᠤᠮᠵᠢ ᠪᠤᠯᠭᠠᠨ᠂ ᠳ᠋ᠦ᠋ ᠮᠧᠩ ᠢᠳᠡᠰᠢᠨ ᠬᠤᠨᠢ᠂ ᠰᠢᠮᠨᠧᠲ᠋ᠧᠷ ᠪᠤᠯᠤᠨ ᠠᠩᠭᠢᠰ ᠠᠯᠠᠰᠢᠨ ᠦᠬᠡᠷ | ᠵᠡᠷᠬᠡ ᠲᠦᠷᠦᠯ ᠵᠤᠶᠢᠯ ᠢ ᠵᠢᠱᠢᠶ᠎ᠠ ᠦᠵᠡᠬᠦᠯᠦᠨ ᠦᠷᠬᠡᠳᠬᠡᠨ᠂ ᠦᠪᠡᠷᠮᠢᠴᠠ ᠤᠨᠴᠠᠯᠢᠭ ᠲᠠᠢ ᠠᠵᠦ ᠦᠢᠯᠡᠰ ᠤᠨ | ᠬᠦᠴᠦᠷᠬᠡᠭ ᠪᠠᠯᠭᠠᠰᠦ ᠶᠢ ᠪᠠᠶᠢᠭᠤᠯᠤᠨ᠎ᠠ᠃ ᠬᠤᠶᠢᠳᠦ ᠬᠡᠰᠡᠭ ᠤᠨ ᠮᠠᠯᠵᠢᠬᠤ ᠤᠷᠤᠨ ᠨᠢ ᠠᠮᠢ ᠠᠬᠤᠢ ᠶᠢᠨ | ᠬᠠᠮᠠᠭᠠᠯᠠᠯᠳᠠ ᠪᠠᠷ ᠰᠠᠭᠤᠷᠢ ᠪᠤᠯᠭᠠᠨ᠂ ᠬᠤᠤᠰ ᠪᠦᠬᠦᠳᠦ ᠲᠡᠮᠡᠭᠡ ᠪᠤᠯᠤᠨ ᠠᠳᠤᠭᠤᠨ ᠦᠢᠯᠡᠰ ᠢ ᠬᠠᠮᠠᠭᠠᠯᠠᠨ | ᠬᠦᠭᠵᠢᠬᠦᠯᠦᠨ᠎ᠡ᠃ ᠡᠮᠦᠨᠡᠳᠦ ᠬᠡᠰᠡᠭ ᠤᠨ ᠮᠠᠯᠵᠢᠬᠤ ᠤᠷᠤᠨ ᠨᠢ ᠠᠮᠢ ᠠᠬᠤᠶᠢᠳᠦ ᠮᠠᠯᠵᠢᠯ ᠤᠨ ᠲᠠᠯᠠᠪᠠᠢ | ᠪᠠᠶᠢᠭᠤᠯᠬᠤ ᠪᠠᠷ ᠰᠠᠭᠤᠷᠢ ᠪᠤᠯᠭᠠᠨ᠂ ᠭᠤᠪᠢ ᠶᠢᠨ ᠬᠤᠨᠢ ᠪᠠ ᠳ᠋ᠦ᠋ ᠮᠧᠩ ᠢᠳᠡᠰᠢᠨ ᠬᠤᠨᠢ ᠶᠢ ᠡᠷᠯᠢᠰᠵᠢᠬᠦᠯᠬᠦ ᠶᠢ | ᠤᠶᠠᠯᠳᠤᠭᠤᠯᠤᠨ ᠠᠬᠢᠭᠤᠯᠵᠦ᠂ ᠰᠠᠶᠢᠨ ᠡᠬᠦᠯᠳᠡᠷ ᠤᠨ ᠬᠤᠨᠢᠨ ᠤ ᠪᠤᠷᠤᠯᠠᠭᠤᠯᠤᠯᠳᠠ ᠶᠢ ᠲᠤᠭᠳᠠᠪᠤᠷᠢᠵᠢᠭᠤᠯᠤᠨ᠂ | ᠢᠳᠡᠰᠢᠨ ᠦᠬᠡᠷ ᠲᠡᠵᠢᠬᠡᠬᠦ ᠬᠡᠪᠴᠢᠶ᠎ᠠ ᠶᠢ ᠦᠷᠬᠡᠳᠬᠡᠵᠦ᠂ ᠪᠠᠭ᠎ᠠ ᠬᠠᠮᠳᠦ ᠪᠦᠯᠬᠦᠮ ᠶᠡᠭᠡ ᠠᠵᠦ ᠦᠢᠯᠡᠰ ᠤᠨ | ᠲᠤᠭᠳᠠᠴᠠ ᠶᠢ ᠪᠦᠷᠢᠯᠳᠦᠬᠦᠯᠦᠨ᠎ᠡ᠃ | ᠰᠢᠨ᠎ᠡ ᠡᠨᠧᠷᠬᠢ ᠶᠢᠨ ᠠᠵᠦ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ︽ᠡᠨᠧᠷᠬᠢ ᠶᠢ ᠠᠷᠪᠢᠯᠠᠨ | ᠪᠤᠬᠢᠷᠳᠤᠯ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠰᠢᠭᠯᠠᠨ᠂ ᠲᠠᠬᠢᠨ ᠠᠰᠢᠭᠯᠠᠵᠦ | ᠪᠤᠯᠬᠤ ᠡᠨᠧᠷᠬᠢ ᠶᠢ ᠨᠡᠬᠡᠬᠡᠨ ᠠᠰᠢᠭᠯᠠᠬᠤ ᠬᠦᠴᠦᠯᠡᠴᠡ ᠪᠠᠨ ᠨᠡᠮᠡᠭᠳᠡᠬᠦᠯᠦᠨ᠂ ᠦᠨᠳᠦᠷ ᠬᠠᠷᠢᠴᠠᠯ ᠢᠶᠠᠷ ᠲᠤᠬᠠᠢ ᠶᠢᠨ | ᠭᠠᠵᠠᠷ ᠲᠠᠭᠠᠨ ᠬᠡᠷᠡᠭᠯᠡᠨ ᠠᠰᠢᠭᠯᠠᠬᠤ ᠶᠢ ᠠᠬᠢᠭᠤᠯᠤᠨ᠎ᠠ᠃ ᠤᠯᠤᠰ ᠤᠨ ᠴᠠᠬᠢᠯᠭᠠᠨ ᠬᠦᠴᠦᠨ ᠤ ᠪᠠᠯᠠ | ᠤᠷᠤᠭᠤᠯᠤᠯᠳᠠ ᠶᠢᠨ 600 ᠲᠦᠮᠡᠨ ᠺᠢᠯᠤᠸᠤᠯᠲ ᠤᠨ ᠲᠦᠷᠦᠯ ᠵᠤᠶᠢᠯ ᠪᠤᠯᠤᠨ ᠭᠤᠷᠪᠠᠨ ᠬᠠᠪᠴᠢᠯ ᠤᠨ 200 | ᠲᠦᠮᠡᠨ ᠺᠢᠯᠤᠸᠤᠯᠲ ᠤᠨ ︽ᠡᠬᠦᠰᠬᠡᠬᠦᠷ ᠲᠤᠤᠷ ᠤᠨ ᠴᠠᠬᠢᠯᠭᠠᠨ ᠴᠡᠨᠡᠭ ᠢ ᠬᠠᠳᠠᠭᠠᠯᠠᠬᠤ︾ ᠵᠢᠱᠢᠶ᠎ᠠ ᠦᠵᠡᠬᠦᠯᠬᠦ | ᠲᠦᠷᠦᠯ ᠵᠤᠶᠢᠯ ᠢ ᠭᠤᠤᠯᠳᠠᠯᠭ᠎ᠠ ᠲᠠᠢ ᠠᠬᠢᠭᠤᠯᠵᠦ᠂ ᠰᠠᠯᠬᠢ ᠬᠡᠷᠡᠯ ᠴᠠᠬᠢᠯᠭᠠᠨ ᠤ ᠲᠤᠨᠤᠭᠯᠠᠯ ᠢ ᠡᠬᠦᠳᠬᠦ᠂ | ᠲᠡᠷᠢᠬᠦᠨ ᠤ ᠨᠦᠬᠡᠴᠡᠯᠡᠵᠦ ᠬᠠᠳᠠᠭᠠᠯᠠᠬᠤ ᠠᠵᠦ ᠦᠢᠯᠡᠰ ᠵᠡᠷᠬᠡ ᠢ ᠢᠳᠡᠪᠬᠢᠳᠠᠢ ᠲᠠᠳᠠᠨ ᠤᠷᠤᠭᠤᠯᠵᠦ᠂ ᠤᠷᠤᠨ | ᠨᠤᠳᠤᠭ ᠤᠨ ᠬᠡᠪᠴᠢᠶᠠᠨ ᠳᠠᠬᠢ ᠴᠢᠬᠤᠯᠠ ᠰᠠᠭᠤᠷᠢᠨ ᠭᠠᠵᠠᠷ ᠢ ᠪᠠᠶᠢᠭᠤᠯᠵᠦ᠂ ᠪᠦᠬᠦ ᠤᠯᠤᠰ ᠤᠨ ᠴᠠᠪᠠᠷ ᠡᠨᠧᠷᠬᠢ | ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠬᠡᠴᠡ᠂ ᠠᠭᠤᠷᠬᠠᠢ | ᠶᠢᠨ ᠦᠢᠯᠡᠳᠪᠦᠷᠢ ᠵᠡᠷᠬᠡ ᠡᠨᠧᠷᠬᠢ ᠶᠢ ᠠᠰᠢᠭᠯᠠᠵᠦ᠂ ᠬᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠤᠶᠢᠯ ᠢ | ᠠᠬᠢᠭᠤᠯᠤᠨ᠎ᠠ᠃ ᠪᠤᠶᠢᠨ ᠰᠦᠮ᠎ᠡ ᠶᠢᠨ ᠵᠠᠰ ᠤᠨ ᠠᠭᠤᠷᠬᠠᠢ᠂ ᠵᠢᠶᠠ ᠬᠤᠢ ᠴᠠᠬᠢᠭᠤᠷ ᠤᠨ ᠦᠢᠯᠡᠰ ᠤᠨ ᠲᠠᠬᠢᠨ | ᠨᠡᠶᠢᠳᠬᠡᠬᠦ ᠶᠢ ᠠᠬᠢᠭᠤᠯᠵᠦ᠂ ᠶᠥᠩ ᠾᠧ ᠹᠯᠤᠷᠳᠦ ᠬᠢᠮᠢ ᠶᠢᠨ ᠮᠡᠷᠬᠡᠵᠢᠯ ᠤᠨ ᠲᠡᠰ ᠲᠡᠪᠰᠢᠯᠳᠠ ᠶᠢ ᠠᠬᠢᠭᠤᠯᠤᠨ᠂ | ᠹᠯᠤᠷᠳᠦ ᠠᠭᠤᠯᠤᠭᠳᠠᠬᠤ ᠪᠦᠬᠡᠨᠡᠮᠷᠡᠯᠳᠦ ᠡᠳ᠋᠂ ᠰᠢᠨ᠎ᠡ ᠮᠠᠶ᠋ᠢᠭ ᠤᠨ ᠬᠦᠯᠳᠡᠬᠡᠬᠦ ᠠᠭᠤᠰᠤᠮᠠᠯ ᠵᠡᠷᠬᠡ ᠦᠨᠳᠦᠷ ᠲᠡᠰ | ᠤᠨ ᠪᠦᠳᠦᠬᠡᠭᠳᠡᠬᠦᠨ ᠢ ᠬᠦᠭᠵᠢᠬᠦᠯᠦᠨ᠂ ᠴᠠᠬᠢᠭᠤᠷ ᠤᠨ ᠡᠬᠢ ᠪᠠᠶᠠᠯᠢᠭ ᠢ ᠨᠡᠬᠡᠬᠡᠨ ᠠᠰᠢᠭᠯᠠᠬᠤ ᠬᠢᠷᠢ ᠲᠦᠪᠰᠢᠨ ᠢ | ᠲᠡᠬᠡᠭᠰᠢᠯᠡᠬᠦᠯᠦᠨ᠎ᠡ᠃ | ᠵᠢᠭᠤᠯᠴᠢᠯᠠᠯ ᠤᠨ ᠦᠢᠯᠡᠰ ᠢ ᠬᠦᠴᠦᠷᠬᠡᠭᠵᠢᠬᠦᠯᠦᠨ ᠪᠤᠵᠠᠭᠠᠶᠢᠷᠠᠭᠤᠯᠤᠨ᠎ᠠ᠃ ᠠᠮᠢ ᠠᠬᠤᠶᠢᠳᠦ ᠵᠢᠭᠤᠯᠴᠢᠯᠠᠯ ᠪᠤᠯ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠦᠳᠦᠮᠵᠢᠳᠠᠢ ᠠᠴᠢᠶᠠᠯᠠᠪᠤᠷᠢ ᠪᠠ ᠴᠢᠬᠤᠯᠠ ᠭᠠᠷᠳᠠᠴᠠ | ᠪᠠᠶᠢᠵᠦ᠂ ᠡᠬᠢ ᠪᠠᠶᠠᠯᠢᠭ ᠢ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠬᠡᠮ ᠪᠠ ᠤᠷᠴᠢᠨᠨ ᠲᠤᠭᠤᠷᠢᠨ ᠢ ᠬᠠᠶᠢᠷᠠᠯᠠᠨ | ᠭᠠᠮᠨᠠᠬᠤ ᠬᠡᠯᠪᠡᠷᠢ ᠶᠢᠨ ᠨᠡᠶᠢᠬᠡᠮ ᠢ ᠴᠤᠭᠴᠠᠯᠠᠨ᠂ ᠪᠤᠬᠢᠷᠳᠤᠯ ᠦᠭᠡᠢ ᠠᠵᠦ ᠠᠬᠤᠢ ᠶᠢ ᠬᠦᠭᠵᠢᠬᠦᠯᠬᠦ ᠬᠠᠮᠤᠭ ᠤᠨ | ᠰᠠᠶᠢᠨ ᠠᠷᠭ᠎ᠠ ᠮᠦᠷᠳᠡᠬᠡᠨ ᠴᠢᠬᠤᠯᠠ ᠠᠷᠭ᠎ᠠ ᠵᠠᠮ ᠪᠤᠯᠤᠨ᠎ᠠ᠃ ᠵᠢᠭᠤᠯᠴᠢᠯᠠᠯ ᠤᠨ ᠦᠢᠯᠡᠰ ᠢ ᠭᠤᠤᠯ ᠤᠳᠤᠷᠢᠳᠬᠤ | ᠤᠶᠢᠯᠠᠰ ᠪᠤᠯᠭᠠᠨ᠂ ᠵᠢᠭᠤᠯᠴᠢᠯᠠᠯ ᠤᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠵᠢᠭᠤᠯᠴᠢᠯᠠᠯ ᠤᠨ ᠵᠠᠮ | ᠱᠤᠭᠤᠮ ᠢ ᠨᠠᠷᠢᠯᠢᠭᠵᠢᠭᠤᠯᠤᠨ᠂ ᠵᠢᠭᠤᠯᠴᠢᠯᠠᠯ ᠤᠨ ᠰᠠᠯᠡᠬᠦᠦ ᠴᠠᠭ ᠢ ᠪᠤᠭᠤᠨᠢᠰᠬᠠᠵᠦ᠂ ᠬᠦᠭᠵᠢᠶᠡᠨᠳᠦ ᠴᠠᠭ ᠢ | ᠤᠷᠳᠤᠳᠬᠠᠨ᠂ ︽ᠵᠢᠷᠭᠠᠯᠠᠩᠳᠦ ᠲᠠᠯ᠎ᠠ ᠨᠤᠳᠤᠭ᠂ ᠬᠤᠪᠢᠯᠭᠠᠨ ᠵᠠᠪᠢ ᠶᠢᠨ ᠤᠷᠤᠨ︾ ᠤ ᠨᠡᠷᠡᠳᠦ ᠲᠡᠮᠳᠡᠭ ᠢ | ᠠᠯᠳᠠᠷᠰᠢᠭᠤᠯᠤᠨ᠎ᠠ᠃ ᠵᠢᠭᠤᠯᠴᠢᠯᠠᠯ ᠤᠨ ᠪᠠᠯᠠ ᠤᠷᠤᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ | ᠬᠤᠳᠠᠯᠳᠤᠭᠠᠴᠢᠨ ᠤᠷᠢᠵᠦ ᠪᠠᠯᠠ ᠤᠷᠤᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠨᠤᠮᠤᠭᠠᠨ ᠠᠭᠤᠯᠠ᠂ ᠲᠤᠤᠷᠠᠢ | ᠶᠢᠨ ᠤᠢ ᠶᠢ ᠨᠡᠬᠡᠬᠡᠨ ᠬᠦᠭᠵᠢᠬᠦᠯᠬᠦ ᠠᠬᠢᠴᠠ ᠶᠢ ᠲᠦᠷᠬᠡᠳᠬᠡᠨ᠂ ᠸᠠᠩ ᠤᠨ ᠤᠷᠳᠤᠨ᠂ ᠬᠤᠩᠭᠤᠷ ᠤᠨ | ᠵᠢᠭᠤᠯᠴᠢᠯᠠᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠵᠢᠭᠤᠯᠴᠢᠯᠠᠯ ᠤᠨ ᠵᠠᠮ᠂ ᠦᠷᠳᠡᠭᠡ ᠵᠡᠷᠬᠡ ᠰᠠᠭᠤᠷᠢ | ᠲᠦᠬᠦᠬᠡᠷᠦᠮᠵᠢ ᠶᠢ ᠲᠡᠬᠦᠯᠳᠡᠷᠵᠢᠬᠦᠯᠵᠦ᠂ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠢ | ᠰᠠᠶᠢᠳᠦᠷ ᠨᠡᠬᠡᠬᠡᠨ ᠬᠦᠭᠵᠢᠬᠦᠯᠦᠨ᠎ᠡ᠃ ᠬᠡᠬᠡᠨᠳᠠᠯ᠎ᠠ ᠶᠢᠨ ᠵᠢᠭᠤᠯᠴᠢᠯᠠᠭᠰᠠᠳ ᠤᠨ ᠪᠠᠶᠠᠴᠢᠯᠠᠨ ᠤᠶᠢᠯᠠᠭᠠᠬᠤ ᠲᠦᠷᠦᠯ | ᠵᠤᠶᠢᠯ ᠢ ᠨᠡᠮᠡᠭᠳᠡᠬᠦᠯᠵᠦ᠂ ᠦᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠦᠨ᠂ 5A ᠦᠵᠡᠮᠵᠢ ᠶᠢᠨ ᠤᠷᠤᠨ | ᠪᠤᠯᠭᠠᠬᠤ ᠪᠠᠷ ᠴᠢᠷᠮᠠᠶᠢᠨ᠎ᠠ᠃ ᠠᠳᠠᠯᠢ ᠪᠤᠰᠦ ᠵᠢᠭᠤᠯᠴᠢᠯᠠᠭᠰᠠᠳ ᠤᠨ ᠪᠠᠶᠠᠴᠢᠯᠠᠨ ᠤᠶᠢᠯᠠᠭᠠᠬᠤ ᠱᠠᠭᠠᠷᠳᠠᠯᠭ᠎ᠠ ᠳᠤ | ᠬᠠᠨᠳᠤᠭᠤᠯᠤᠨ᠂ ᠬᠡᠬᠡᠨᠳᠠᠯ᠎ᠠ᠂ ᠲᠤᠤᠷᠠᠢ ᠶᠢᠨ ᠤᠢ ᠵᠡᠷᠬᠡ ᠲᠠᠯ᠎ᠠ ᠨᠤᠳᠤᠭ ᠤᠨ ᠠᠮᠢ ᠠᠬᠤᠶᠢᠳᠦ ᠵᠢᠭᠤᠯᠴᠢᠯᠠᠯ ᠤᠨ | ᠡᠬᠢ ᠪᠠᠶᠠᠯᠢᠭ ᠪᠠ ᠨᠤᠮᠤᠭᠠᠨ ᠠᠭᠤᠯᠠ᠂ ᠰᠢᠮᠢᠨ ᠭᠤᠤᠯ ᠵᠡᠷᠬᠡ ᠰᠢᠨᠵᠢᠯᠡᠭᠡ ᠮᠡᠷᠬᠡᠵᠢᠯ ᠢ ᠲᠦᠬᠡᠮᠡᠯᠵᠢᠬᠦᠯᠬᠦ | ᠵᠢᠭᠤᠯᠴᠢᠯᠠᠯ ᠤᠨ ᠡᠬᠢ ᠪᠠᠶᠠᠯᠢᠭ ᠢ ᠬᠦᠢᠴᠡᠳ ᠪᠠᠳᠠᠷᠠᠭᠤᠯᠵᠦ᠂ ᠠᠮᠠᠷᠠᠵᠦ ᠬᠤᠨᠤᠭᠯᠠᠬᠤ᠂ ᠰᠤᠳᠤᠯᠵᠦ ᠵᠤᠭᠠᠴᠠᠬᠤ᠂ | ᠬᠤᠪᠢᠰᠬᠠᠯᠳᠦ ᠬᠦᠮᠦᠵᠢᠯ ᠬᠢᠬᠦ᠂ ᠰᠡᠯᠡᠬᠦᠴᠡᠵᠦ ᠰᠤᠪᠢᠯᠠᠬᠤ ᠵᠢᠭᠤᠯᠴᠢᠯᠠᠯ ᠤᠨ ᠱᠤᠭᠤᠮ ᠢ ᠪᠠᠶᠢᠭᠤᠯᠤᠨ᠎ᠠ︔ | ᠦᠨᠳᠦᠷ ᠬᠡᠪ ᠪᠤᠯᠪᠠᠰᠤᠷᠠᠯ ᠲᠠᠢ ᠵᠢᠭᠤᠯᠴᠢᠯᠠᠯ ᠤᠨ ᠵᠠᠮᠴᠢ ᠡᠩᠨᠡᠭᠡ ᠶᠢ ᠬᠦᠮᠦᠵᠢᠬᠦᠯᠵᠦ᠂ ᠵᠢᠭᠤᠯᠴᠢᠯᠠᠯ ᠤᠨ ᠡᠬᠢ | ᠪᠠᠶᠠᠯᠢᠭ ᠤᠨ ᠠᠭᠤᠯᠤᠭᠳᠠᠬᠤᠨ ᠢ ᠤᠶᠢᠯᠠᠭᠠᠭᠤᠯᠤᠨ᠂ ᠵᠢᠭᠤᠯᠴᠢᠯᠠᠯ ᠤᠨ ᠰᠤᠶᠤᠯ ᠤᠨ ᠦᠯᠢᠬᠡᠷ ᠲᠡᠤᠬᠡ ᠶᠢ ᠶᠠᠷᠢᠵᠦ | ᠂ ᠵᠢᠭᠤᠯᠴᠢᠯᠠᠭᠰᠠᠳ ᠲᠤ ᠲᠦᠷᠪᠡᠳ ᠬᠤᠰᠢᠭᠤᠨ ᠤ ᠪᠠᠨ ᠬᠡᠷᠡᠯ ᠰᠡᠴᠤᠷᠠᠭᠰᠠᠨ ᠦᠯᠢᠬᠡᠷ ᠲᠡᠣᠬᠡ ᠶᠢ | ᠤᠶᠢᠯᠠᠭᠠᠭᠤᠯᠤᠨ᠎ᠠ᠃ ︽ᠵᠢᠭᠤᠯᠴᠢᠯᠠᠯ +︾ ᠬᠡᠯᠪᠡᠷᠢ ᠶᠢ ᠪᠠᠷᠢᠮᠳᠠᠯᠠᠨ᠂ ︽ᠢᠳᠡᠬᠦ ᠰᠠᠭᠤᠬᠤ ᠶᠠᠪᠤᠬᠤ | ᠵᠢᠭᠤᠯᠴᠢᠯᠠᠬᠤ ᠬᠤᠳᠠᠯᠳᠤᠨ ᠠᠪᠬᠤ ᠨᠠᠭᠠᠳᠤᠬᠤ︾ ᠵᠡᠷᠬᠡ ᠶᠢᠨ ᠲᠤᠭᠤᠷᠢᠨ ᠳᠤ᠂ ᠠᠷᠠᠳ ᠤᠨ ᠭᠡᠷ ᠲᠤ ᠪᠠᠭᠤᠵᠦ | ᠬᠤᠨᠤᠭᠯᠠᠬᠤ ᠦᠢᠯᠡᠰ ᠢ ᠢᠳᠡᠪᠬᠢᠳᠠᠢ ᠬᠦᠭᠵᠢᠬᠦᠯᠦᠨ᠂ ᠵᠢᠭᠤᠯᠴᠢᠯᠠᠯ ᠤᠨ ᠨᠠᠭᠠᠳᠤᠮ᠂ ᠲᠠᠭᠤᠤ ᠬᠦᠭᠵᠢᠮ ᠤᠨ | ᠨᠠᠶᠢᠷ᠂ ᠠᠮᠳᠠᠳᠦ ᠢᠳᠡᠬᠡᠨ ᠤ ᠨᠠᠶᠢᠷ ᠵᠡᠷᠬᠡ ᠪᠠᠶᠠᠷ ᠲᠤᠷᠠᠰᠬᠠᠯ ᠤᠨ ᠬᠦᠳᠡᠯᠬᠡᠬᠡᠨ ᠢ ᠢᠳᠠᠪᠬᠢᠳᠠᠢ ᠲᠠᠭᠠᠭᠠᠴᠢᠯᠠᠨ | ᠡᠷᠬᠢᠯᠡᠵᠦ᠂ ᠬᠤᠩᠭᠤᠷ ᠰᠤᠮᠤᠨ ᠤ ᠤᠰᠤᠨ ᠴᠦᠬᠦᠷᠦᠮ ᠤᠨ ᠡᠪᠦᠯ ᠤᠨ ᠵᠢᠭᠤᠯᠴᠢᠯᠠᠯ ᠤᠨ ᠲᠦᠷᠦᠯ ᠵᠤᠶᠢᠯ ᠢ | ᠨᠡᠬᠡᠬᠡᠨ ᠬᠦᠭᠵᠢᠬᠦᠯᠵᠦ᠂ ᠭᠤᠷᠪᠠᠳᠤᠭᠠᠷ ᠠᠵᠦ ᠦᠢᠯᠡᠰ ᠤᠨ ᠬᠠᠮ ᠬᠦᠭᠵᠢᠯᠳᠠ ᠶᠢ ᠠᠬᠢᠭᠤᠯᠤᠨ᠎ᠠ᠃ | ᠠᠷᠠᠯᠵᠢᠶ᠎ᠠ ᠬᠤᠳᠠᠯᠳᠤᠭᠠᠨ ᠤ ᠬᠦᠢᠯᠬᠡᠬᠡ ᠶᠢᠨ ᠦᠢᠯᠡᠰ ᠢ ᠬᠦᠴᠦᠷᠬᠡᠭᠵᠢᠬᠦᠯᠦᠨ ᠪᠤᠵᠠᠭᠠᠶᠢᠷᠠᠭᠤᠯᠤᠨ᠎ᠠ᠃ ᠮᠠᠯ | ᠲᠠᠷᠢᠶᠠᠯᠠᠩ ᠤᠨ ᠪᠦᠳᠦᠬᠡᠭᠳᠡᠬᠦᠨ ᠤ ᠪᠤᠷᠤᠯᠠᠭᠤᠯᠤᠯᠳᠠ ᠶᠢ ᠦᠨᠳᠦᠷ ᠲᠡᠰ ᠲᠤ ᠬᠦᠷᠬᠡᠬᠦ ᠶᠢ ᠬᠠᠷᠠᠯᠳᠠ ᠪᠠᠨ | ᠪᠤᠯᠭᠠᠵᠦ᠂ ᠵᠠᠭᠤᠴᠢᠯᠠᠭᠴᠢ᠂ ᠰᠦᠯᠵᠢᠶᠠᠨ ᠤᠳᠦ ᠵᠡᠷᠬᠡ ᠴᠢᠳᠠᠪᠤᠷᠢᠳᠠᠨ ᠤ ᠲᠠᠪᠠᠭᠤᠯᠢᠭ ᠢ ᠬᠦᠢᠴᠡᠳ ᠪᠠᠳᠠᠷᠠᠭᠤᠯᠤᠨ | ᠂ ᠲᠦᠷᠬᠡᠨ ᠭᠤᠪᠢᠭᠤᠯᠤᠯᠭ᠎ᠠ ᠬᠦᠢᠯᠬᠡᠬᠡᠨ ᠤ ᠠᠵᠦ ᠠᠬᠤᠶᠢᠯᠠᠯ ᠢ ᠪᠤᠵᠠᠭᠠᠶᠢᠷᠠᠭᠤᠯᠤᠨ᠂ ︽ᠨᠢᠬᠡ ᠪᠠᠬᠢᠯᠡᠯᠳᠠ︾ | ᠪᠠᠶᠢᠯᠳᠤᠬᠤ ᠪᠤᠳᠤᠯᠭ᠎ᠠ ᠳᠤ ᠤᠬᠠᠮᠰᠠᠷ ᠠᠴᠠ ᠪᠠᠨ ᠠᠭᠤᠰᠤᠯᠴᠠᠵᠦ᠂ ᠮᠠᠯ ᠲᠠᠷᠢᠶ᠋ᠯᠠᠩ ᠤᠨ ᠪᠦᠳᠦᠭᠡᠭᠳᠡᠬᠦᠨ ᠢ | ᠶᠡᠬᠡᠪᠡᠷ ᠬᠦᠢᠯᠬᠡᠬᠡᠬᠦ ᠲᠤᠭᠳᠠᠴᠠ ᠶᠢ ᠪᠠᠶᠢᠭᠤᠯᠤᠨ᠎ᠠ᠃ ᠤᠯᠤᠰ ᠤᠨ ᠲᠡᠰ ᠤᠨ ᠡᠯᠧᠺᠲᠷᠤᠨ ᠬᠤᠳᠠᠯᠳᠤᠭᠠᠨ ᠤ | ᠬᠦᠳᠡᠭᠡ ᠲᠤᠰᠬᠤᠨ ᠳᠤ ᠤᠷᠤᠭᠤᠯᠤᠨ ᠲᠡᠰ ᠲᠡᠪᠰᠢᠬᠦᠯᠬᠦ ᠲᠦᠷᠦᠯ ᠵᠤᠶᠢᠯ ᠢ ᠴᠢᠷᠮᠠᠶᠢᠨ ᠤᠯᠵᠦ᠂ ᠬᠤᠰᠢᠭᠤ | ᠪᠠᠯᠭᠠᠰᠤᠨ ᠤ ᠭᠤᠷᠪᠠᠳᠤᠭᠠᠷ ᠲᠡᠰ ᠤᠨ ᠡᠯᠧᠺᠲᠷᠤᠨ ᠬᠤᠳᠠᠯᠳᠤᠭᠠᠨ ᠤ ᠨᠠᠶᠢᠳᠠ ᠶᠢᠨ ᠦᠢᠯᠡᠴᠢᠯᠡᠭᠡ ᠶᠢᠨ | ᠲᠤᠤᠷᠵᠢᠯᠳᠠ ᠶᠢ ᠲᠡᠬᠦᠯᠳᠡᠷᠵᠢᠬᠦᠯᠦᠨ᠂ ᠲᠤᠬᠠᠢ ᠶᠢᠨ ᠭᠠᠵᠠᠷ ᠤᠨ ᠰᠦᠯᠵᠢᠶᠠᠨ ᠤᠳᠦ ᠶᠢᠨ ᠡᠩᠨᠡᠭᠡ ᠶᠢ ᠪᠠᠶᠢᠭᠤᠯᠵᠦ | ᠂ ᠡᠯᠧᠺᠲᠷᠤᠨ ᠬᠤᠳᠠᠯᠳᠤᠭᠠᠨ ᠤ ᠦᠢᠯᠡᠰ ᠤᠨ ᠰᠢᠨ᠎ᠡ ᠦᠢᠯᠡᠰ ᠤᠨ ᠬᠠᠨᠳᠤᠰᠢ ᠶᠢ ᠴᠤᠭᠴᠠᠯᠠᠨ᠎ᠠ᠃ ᠭᠥᠸᠧ | ᠲᠥᠩ ᠡᠳ᠋ ᠪᠠᠷᠠᠭᠠᠨ ᠤ ᠲᠤᠭᠤᠷᠢᠭ ᠤᠨ ᠪᠠᠶᠢᠭᠤᠯᠤᠯᠳᠠ ᠶᠢ ᠲᠦᠷᠬᠡᠳᠬᠡᠵᠦ᠂ ᠮᠠᠯ ᠲᠠᠷᠢᠶᠠᠯᠠᠩ ᠤᠨ | ᠪᠦᠳᠦᠬᠡᠭᠳᠡᠬᠦᠨ ᠤ ᠡᠳ᠋ ᠪᠠᠷᠠᠭᠠᠨ ᠤ ᠬᠦᠢᠯᠬᠡᠬᠡ᠂ ᠪᠦᠳᠦᠬᠡᠭᠳᠡᠬᠦᠨ ᠢ ᠲᠠᠸᠠᠷᠵᠢᠭᠤᠯᠬᠤ᠂ ᠬᠦᠢᠳᠡᠨ ᠬᠦᠮᠦᠷᠬᠡ ᠶᠢᠨ | ᠬᠦᠢᠯᠬᠡᠬᠡ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠡᠳ᠋ ᠪᠠᠷᠠᠭᠠᠨ ᠤ ᠦᠢᠯᠡᠰ ᠢ ᠰᠤᠷᠠᠭ ᠵᠠᠩᠭᠢᠵᠢᠭᠤᠯᠬᠤ | ᠂ ᠤᠶᠤᠨᠴᠢᠯᠠᠬᠤ᠂ ᠪᠠᠷᠢᠮᠵᠢᠶᠠᠵᠢᠭᠤᠯᠬᠤ ᠲᠦᠪᠰᠢᠨ ᠢ ᠲᠡᠬᠡᠭᠰᠢᠯᠡᠬᠦᠯᠦᠨ᠎ᠡ᠃ ᠲᠦᠮᠦᠰᠦᠨ ᠤ ᠠᠭᠠᠷ | ᠲᠤᠬᠢᠷᠠᠭᠤᠯᠤᠯᠳᠦ ᠬᠦᠮᠦᠷᠬᠡ᠂ 1000 ᠲᠤᠨ ᠠᠴᠠ ᠲᠡᠬᠡᠭᠰᠢᠬᠢ ᠬᠠᠳᠠᠭᠠᠯᠠᠮᠵᠢ ᠲᠠᠢ ᠵᠤᠭᠤᠷᠢ ᠶᠢ ᠪᠠᠶᠢᠭᠤᠯᠬᠤ | ᠬᠦᠴᠦᠯᠡᠴᠠ ᠪᠠᠨ ᠨᠡᠮᠡᠭᠳᠡᠬᠦᠯᠦᠨ᠂ ᠤᠳᠤᠬᠢᠴᠢᠯᠠᠭᠰᠠᠨ ᠨᠦᠬᠡᠴᠡ ᠬᠦᠮᠦᠷᠬᠡ ᠶᠢᠨ ᠠᠵᠦ ᠠᠬᠤᠶᠢᠯᠠᠯ ᠢ | ᠬᠦᠭᠵᠢᠬᠦᠯᠵᠦ᠂ ᠲᠦᠮᠦᠰᠦ ᠨᠦᠬᠡᠴᠡᠯᠡᠨ ᠬᠦᠢᠯᠬᠡᠬᠡᠬᠦ ᠴᠢᠳᠠᠮᠵᠢ ᠶᠢ ᠲᠡᠬᠡᠭᠰᠢᠯᠡᠬᠦᠯᠦᠨ᠎ᠡ᠃ ᠢᠳᠡᠰᠢᠨ ᠬᠤᠨᠢᠨ ᠤ | ᠠᠷᠠᠯᠵᠢᠶᠠᠨ ᠤ ᠵᠠᠬ᠎ᠠ ᠲᠡᠯᠬᠡᠬᠦᠷ ᠪᠠ ᠲᠡᠵᠢᠬᠡᠨ ᠦᠷᠡᠵᠢᠬᠦᠯᠬᠦ ᠲᠠᠯᠠᠪᠤᠷ ᠪᠠᠶᠢᠭᠤᠯᠬᠤ ᠶᠢ ᠲᠦᠷᠬᠡᠳᠬᠡᠨ᠂ ᠪᠦᠬᠦ | ᠤᠯᠤᠰ ᠤᠨ ᠳ᠋ᠦ᠋ ᠮᠧᠩ ᠢᠳᠡᠰᠢᠨ ᠬᠤᠨᠢᠨ ᠤ ᠠᠷᠠᠯᠵᠢᠶᠠᠨ ᠤ ᠭᠠᠵᠠᠷ ᠢ ᠪᠠᠶᠢᠭᠤᠯᠤᠨ᠎ᠠ᠃ ᠲᠤᠳᠢ ᠲᠡᠮᠳᠡᠭᠳᠦ ᠨᠠᠷᠠᠨ | ᠬᠤᠸᠠᠷ ᠤᠨ ᠦᠷ᠎ᠡ᠂ ᠮᠢᠨ ᠮᠤᠤ ᠦᠬᠡᠷ ᠬᠤᠨᠢᠨ ᠤ ᠮᠢᠬ᠎ᠠ᠂ ᠲᠢᠶᠠᠨ ᠮᠧᠩ ᠲᠠᠯ᠎ᠠ ᠨᠤᠳᠤᠭ ᠵᠡᠷᠬᠡ ᠨᠡᠷᠡᠳᠦ | ᠲᠡᠮᠳᠡᠭᠳᠦ ᠶᠢ ᠲᠡᠯᠬᠡᠷᠡᠬᠦᠯᠦᠨ ᠤᠬᠠᠭᠤᠯᠬᠤ ᠬᠦᠴᠦᠯᠡᠴᠡ ᠶᠢ ᠨᠡᠮᠡᠭᠳᠡᠬᠦᠯᠵᠦ᠂ ᠤᠷᠤᠨ ᠨᠤᠳᠤᠭ ᠤᠨ ᠬᠡᠪᠴᠢᠶᠠᠨ ᠤ | ᠨᠠᠶᠢᠳᠠ ᠶᠢᠨ ᠨᠡᠷᠡᠳᠦ ᠲᠡᠮᠳᠡᠭ ᠢ ᠬᠦᠴᠦᠯᠠᠨ ᠴᠤᠭᠴᠠᠯᠠᠵᠦ᠂ ᠠᠰᠢᠭ ᠲᠤᠰᠠ ᠶᠢ ᠨᠡᠮᠡᠭᠳᠡᠬᠦᠯᠬᠦ᠂ ᠵᠠᠬ᠎ᠠ ᠲᠡᠯᠬᠡᠬᠦᠷ ᠢ | ᠦᠷᠬᠡᠳᠬᠡᠬᠦ᠂ ᠦᠷᠢᠰᠦᠯᠳᠦᠬᠡᠨ ᠢ ᠢᠯᠠᠬᠤ ᠦᠢᠯᠡᠳᠦᠯ ᠢ ᠨᠢ ᠦᠨᠡᠨᠬᠦ ᠲᠡᠭᠡᠭᠰᠢᠯᠡᠬᠦᠯᠦᠨ᠎ᠡ᠃ ᠮᠡᠳᠡᠯᠬᠡ ᠶᠢᠨ | ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢ ᠴᠢᠩᠭᠠᠳᠬᠠᠵᠦ᠂ ᠭᠠᠵᠠᠷ ᠵᠦᠢ ᠶᠢᠨ ᠪᠡᠯᠬᠡ ᠲᠡᠮᠳᠡᠭ ᠪᠦᠬᠦᠢ | ᠪᠦᠳᠦᠬᠡᠭᠳᠡᠬᠦᠨ ᠤ ᠦᠢᠯᠡᠳᠦᠯ ᠢ ᠪᠠᠳᠠᠷᠠᠭᠤᠯᠤᠨ᠂ ᠪᠤᠬᠢᠷᠳᠤᠯ ᠦᠭᠡᠢ ᠢᠳᠡᠬᠡᠨ᠂ ᠤᠷᠭᠠᠨᠢᠭ ᠲᠠᠷᠢᠶᠠᠯᠠᠩ ᠤᠨ | ᠪᠦᠳᠦᠬᠡᠭᠳᠡᠬᠦᠨ ᠢ ᠡᠷᠴᠢᠮᠵᠢᠬᠦᠯᠵᠦ᠂ ᠨᠡᠷᠡᠳᠦ ᠲᠡᠮᠳᠡᠭᠳᠦ ᠶᠢᠨ ᠦᠷᠢᠰᠦᠯᠳᠦᠬᠡᠨ ᠤ ᠬᠦᠴᠦᠨ ᠢ ᠨᠡᠮᠡᠭᠳᠡᠬᠦᠯᠦᠨ᠂ ᠮᠠᠯ | ᠲᠠᠷᠢᠶᠠᠯᠠᠩ ᠤᠨ ᠤᠨᠴᠠ ᠪᠦᠳᠦᠬᠡᠭᠳᠡᠬᠦᠨ ᠢ ᠨᠡᠩ ᠦᠷᠬᠡᠨ ᠲᠡᠯᠬᠡᠷᠡᠩᠭᠦᠢ ᠵᠠᠬ᠎ᠠ ᠲᠡᠯᠬᠡᠬᠦᠷ ᠲᠤ ᠭᠠᠷᠭᠠᠨ᠎ᠠ᠃ | ︵ᠲᠦᠷᠪᠡ︶ ᠬᠠᠤᠯᠢ ᠶᠤᠰᠤᠭᠠᠷ ᠵᠠᠰᠠᠬᠤ ᠶᠢ ᠪᠠᠷᠢᠮᠳᠠᠯᠠᠨ᠂ ᠲᠤᠭᠳᠠᠴᠠ ᠶᠢ ᠴᠢᠩᠭᠠᠳᠬᠠᠨ ᠦᠷ᠎ᠡ ᠪᠦᠳᠦᠮᠵᠢ ᠶᠢ | ᠲᠡᠬᠡᠭᠰᠢᠯᠡᠬᠦᠯᠵᠦ᠂ ︽ᠠᠮᠤᠷ ᠲᠦᠪᠰᠢᠨ ᠲᠠᠶᠢᠪᠤᠩ ᠲᠤᠭᠳᠠᠭᠤᠨ︾ ᠲᠦᠷᠪᠡᠳ ᠢ ᠪᠠᠶᠢᠭᠤᠯᠤᠨ᠎ᠠ᠃ | ᠪᠢᠳᠠ ᠠᠮᠤᠷ ᠠᠮᠤᠭᠤᠯᠠᠩ ᠤᠨ ᠪᠠᠶᠢᠭᠤᠯᠤᠯᠳᠠ ᠶᠢ ᠨᠠᠶᠢᠬᠡᠮ ᠤᠨ ᠵᠠᠰᠠᠯᠳᠠ ᠶᠢᠨ ᠤᠳᠤᠬᠢᠴᠢᠯᠠᠭᠰᠠᠨ ᠴᠢᠬᠤᠯᠠ | ᠠᠭᠤᠯᠭ᠎ᠠ ᠪᠤᠯᠭᠠᠨ᠂ ᠠᠷᠠᠳ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠤᠯᠠᠮ ᠨᠡᠮᠡᠭᠳᠡᠬᠦᠯᠬᠦ ᠬᠡᠷᠡᠭᠳᠠᠢ᠃ | ᠤᠯᠤᠰ ᠤᠨ ᠶᠡᠷᠦᠩᠭᠡᠢ ᠴᠤᠭᠴᠠ ᠶᠢᠨ ᠠᠮᠤᠷ ᠲᠦᠪᠰᠢᠨ ᠤ ᠦᠵᠡᠯᠳᠠ ᠶᠢ ᠪᠠᠷᠢᠮᠳᠠᠯᠠᠨ᠂ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠡᠯ᠎ᠡ ᠵᠤᠶᠢᠯ ᠤᠨ ᠲᠦᠭᠰᠢᠬᠦᠷᠢ ᠦᠷᠢᠰᠦᠯᠳᠦᠬᠡᠨ ᠢ | ᠴᠢᠩᠭ᠎ᠠ ᠰᠡᠷᠬᠡᠶᠢᠯᠡᠨ ᠲᠠᠪᠠᠨ᠎ᠠ᠃ ᠬᠠᠤᠯᠢ ᠶᠤᠰᠤᠭᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠠᠵᠢᠯᠯᠠᠭ᠎ᠠ ᠶᠢ ᠬᠦᠨᠵᠡᠬᠡᠢ | ᠦᠷᠨᠢᠬᠦᠯᠦᠨ᠂ ᠱᠠᠰᠢᠨ ᠰᠤᠷᠳᠠᠬᠤᠨ ᠤ ᠬᠠᠮᠢᠶᠠᠷᠤᠯᠳᠠ ᠶᠢ ᠴᠢᠩᠭᠠᠳᠬᠠᠵᠦ᠂ ᠬᠠᠤᠯᠢᠵᠢᠯᠳᠠ ᠶᠢᠨ ᠬᠢᠷᠢ ᠲᠦᠪᠰᠢᠨ | ᠢ ᠲᠡᠬᠡᠭᠰᠢᠯᠡᠬᠦᠯᠦᠨ᠎ᠡ᠃ ᠬᠤᠳᠠ ᠬᠦᠳᠡᠭᠡ ᠶᠢᠨ ᠦᠨᠳᠦᠰᠦᠨ ᠱᠠᠳᠤᠨ ᠤ ᠵᠠᠰᠠᠯᠳᠠ ᠶᠢᠨ ᠰᠢᠰᠲ᠋ᠧᠮ ᠢ | ᠪᠦᠷᠢᠨᠰᠢᠬᠦᠯᠵᠦ᠂ ᠬᠤᠳᠠ ᠪᠠᠯᠭᠠᠰᠤᠨ ᠤ ᠬᠡᠪᠴᠢᠶᠠᠨ ᠤ ᠨᠡᠶᠢᠬᠡᠮ ᠤᠨ ᠵᠠᠰᠠᠯᠳᠠ ᠶᠢᠨ ᠤᠳᠤᠬᠢᠴᠢᠯᠠᠭᠰᠠᠨ | ᠲᠤᠷᠰᠢᠯᠳᠠ ᠶᠢᠨ ᠴᠡᠭ ᠤᠨ ᠠᠵᠢᠯ ᠢ ᠠᠬᠢᠭᠤᠯᠵᠦ᠂ ᠡᠯ᠎ᠡ ᠵᠤᠶᠢᠯ ᠤᠨ ᠬᠠᠤᠯᠢ ᠲᠦᠷᠢᠮ ᠠᠴᠠ ᠵᠦᠷᠢᠴᠡᠭᠰᠡᠨ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠤᠳᠠ ᠬᠦᠳᠡᠭᠡ ᠶᠢ ᠨᠡᠩ ᠠᠮᠤᠷ ᠲᠦᠪᠰᠢᠨ᠂ ᠤᠯᠠᠨ ᠲᠦᠮᠡᠨ ᠢ | ᠨᠡᠩ ᠵᠤᠯ ᠵᠢᠷᠭᠠᠯᠳᠠᠢ ᠪᠤᠯᠭᠠᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭᠠᠳᠦ ᠲᠦᠷᠢᠮ ᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠦ᠂ ᠤᠨᠴᠠ ᠬᠦᠨᠳᠦ ᠶᠡᠭᠡ ᠬᠡᠨᠡᠳᠠᠯ ᠭᠠᠷᠬᠤ ᠶᠢ ᠡᠷᠡᠰ ᠬᠤᠷᠢᠭᠯᠠᠨ᠎ᠠ᠃ ᠭᠠᠮᠰᠢᠭ ᠢ | ᠰᠡᠷᠬᠡᠶᠢᠯᠡᠬᠦ ᠠᠵᠢᠯ ᠢ ᠪᠤᠳᠠᠳᠠᠶᠢᠴᠢᠯᠠᠨ ᠰᠠᠶᠢᠳᠦᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠰᠢᠰᠲ᠋ᠧᠮ | ᠤᠨ ᠪᠠᠶᠢᠭᠤᠯᠤᠯᠳᠠ ᠶᠢ ᠴᠢᠩᠭᠠᠳᠬᠠᠨ᠂ ᠠᠷᠠᠳ ᠲᠦᠮᠡᠨ ᠤ ᠠᠮᠢ ᠨᠡᠰᠦ ᠡᠳ᠋ ᠬᠦᠷᠦᠩᠭᠡ ᠶᠢᠨ ᠠᠮᠤᠷ ᠲᠦᠪᠰᠢᠨ ᠢ | ᠪᠠᠳᠤᠯᠠᠨ᠎ᠠ᠃ | ︵ᠲᠠᠪᠤ︶ ᠠᠷᠠᠳ ᠲᠦᠮᠡᠨ ᠢ ᠲᠡᠷᠢᠬᠦᠨ ᠪᠠᠶᠢᠷᠢᠨ ᠳᠤ ᠲᠠᠯᠪᠢᠵᠦ᠂ ᠤᠭ ᠵᠤᠷᠢᠯᠳᠠ ᠪᠠᠨ ᠪᠠᠷᠢᠮᠳᠠᠯᠠᠨ ᠡᠬᠦᠷᠬᠡ | ᠬᠠᠷᠢᠭᠤᠴᠠᠯᠭ᠎ᠠ ᠪᠠᠨ ᠴᠡᠬᠡᠵᠢᠯᠡᠵᠦ᠂ ︽ᠡᠶ᠎ᠡ ᠵᠤᠬᠢᠴᠠᠩᠭᠤᠢ ᠠᠵᠠ ᠵᠢᠷᠭᠠᠯᠳᠦ︾ ᠲᠦᠷᠪᠡᠳ ᠢ ᠪᠠᠶᠢᠭᠤᠯᠤᠨ᠎ᠠ᠃ | ᠠᠷᠠᠳ ᠲᠦᠮᠡᠨ ᠪᠤᠯ ᠲᠦᠷᠦ ᠬᠦᠷᠦᠨ᠂ ᠲᠦᠷᠦ ᠬᠦᠷᠦᠨ ᠪᠤᠯ ᠠᠷᠠᠳ ᠲᠦᠮᠡᠨ᠃ ᠪᠢᠳᠠ ᠢᠮᠠᠭᠳᠠ ᠠᠷᠠᠳ | ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠰᠡᠳᠬᠢᠴᠡ ᠶᠢ ᠪᠠᠷᠢᠮᠳᠠᠯᠠᠵᠦ᠂ ᠠᠷᠠᠳ ᠲᠦᠮᠡᠨ ᠤ ᠬᠦᠴᠢᠷ | ᠪᠡᠷᠬᠡᠰᠢᠶᠡᠯᠳᠦ ᠪᠠᠴᠢᠮ ᠠᠰᠠᠭᠤᠳᠠᠯ ᠢ ᠰᠢᠢᠳᠪᠦᠷᠢᠯᠡᠬᠦ ᠪᠠᠷ ᠠᠯᠢᠪᠠ ᠠᠵᠢᠯ ᠤᠨ ᠢᠶᠠᠨ ᠡᠬᠢᠯᠠᠯᠳᠠ ᠪᠤᠯᠭᠠᠨ᠂ ᠤᠯᠠᠨ | ᠲᠦᠮᠡᠨ ᠳᠤ ᠦᠬᠡᠷᠡᠴᠢᠯᠡᠯᠳᠠ ᠬᠦᠭᠵᠢᠯᠳᠠ ᠶᠢᠨ ᠦᠷ᠎ᠡ ᠪᠦᠳᠦᠬᠡᠯ ᠢ ᠡᠳ᠋ᠯᠡᠬᠦᠯᠵᠦ᠂ ᠰᠢᠨ᠎ᠡ ᠴᠠᠭ ᠦᠶ᠎ᠠ ᠶᠢᠨ | ᠬᠦᠭᠵᠢᠯᠳᠠ ᠶᠢᠨ ᠠᠰᠢᠭ ᠲᠤᠰᠠ ᠶᠢ ᠬᠤᠪᠢᠶᠠᠯᠴᠠᠬᠤ ᠬᠡᠷᠡᠭᠳᠠᠢ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠪᠤᠨ ᠱᠠᠳᠤᠨ ᠤ | ᠱᠦᠵᠢ ᠠᠴᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠤᠯᠤᠰ ᠲᠦᠷᠦ ᠶᠢᠨ ᠡᠬᠦᠷᠬᠡ ᠶᠢ | ᠬᠠᠷᠢᠭᠤᠴᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠴᠠᠭ᠎ᠠ ᠲᠤᠰᠬᠤᠨ ᠳᠤ ᠰᠠᠭᠤᠬᠤ ᠨᠢᠬᠡᠳᠦᠬᠡᠷ ᠱᠦᠵᠢ ᠶᠢ | ᠰᠤᠩᠭᠤᠨ ᠲᠤᠮᠢᠯᠠᠬᠤ ᠠᠵᠢᠯ ᠢ ᠴᠢᠩᠭᠠᠳᠬᠠᠵᠦ᠂ ᠤᠳᠦᠬᠠᠨ ᠤ ᠬᠡᠷᠡᠭᠵᠢᠬᠦᠯᠵᠦ ᠪᠠᠶᠢᠭ᠎ᠠ ᠶᠠᠳᠠᠭᠤ ᠶᠢ ᠲᠡᠳᠬᠦᠬᠦ | ᠲᠦᠷᠦ ᠶᠢᠨ ᠪᠤᠳᠤᠯᠭ᠎ᠠ᠂ ᠪᠡᠯᠡ ᠮᠦᠩᠭᠦᠨ ᠤ ᠲᠡᠮᠵᠢᠯᠬᠡ᠂ ᠬᠠᠪᠰᠤᠷᠤᠨ ᠲᠡᠳᠬᠦᠬᠦ ᠠᠵᠢᠯᠯᠠᠭ᠎ᠠ ᠶᠢ ᠬᠤᠪᠢᠷᠠᠭᠤᠯᠬᠤ | ᠦᠭᠡᠢ ᠪᠠᠷᠢᠮᠳᠠᠯᠠᠨ᠎ᠠ᠃ ᠰᠤᠮᠤ ᠰᠢᠶᠠᠩ ᠪᠠᠯᠭᠠᠰᠦ ᠪᠠᠷ ᠨᠢᠬᠡᠴᠢ ᠪᠤᠯᠭᠠᠨ᠂ ᠲᠦᠮᠦᠰᠦ᠂ ᠦᠬᠡᠷ᠂ ᠬᠤᠨᠢᠨ ᠤ ᠠᠵᠦ | ᠦᠢᠯᠡᠰ ᠤᠨ ᠬᠦᠷᠢᠶᠠᠯᠠᠩ ᠢ ᠲᠦᠯᠦᠪᠵᠢᠬᠦᠯᠦᠨ ᠬᠡᠷᠡᠭᠵᠢᠬᠦᠯᠵᠦ᠂ ᠠᠵᠦ ᠠᠬᠤᠢ ᠶᠢᠨ ᠰᠢᠨ᠎ᠡ ᠨᠡᠮᠡᠭᠳᠡᠯ ᠴᠡᠭ | ᠪᠤᠯᠭᠠᠨ ᠡᠬᠦᠳᠴᠦ᠂ ᠦᠪᠡᠷᠳᠡᠬᠡᠨ ᠵᠠᠰᠠᠬᠤ ᠤᠷᠤᠨ ᠤ ᠲᠡᠰ᠂ ᠤᠯᠤᠰ ᠤᠨ ᠲᠡᠰ ᠤᠨ ᠠᠵᠦ ᠦᠢᠯᠡᠰ ᠤᠨ | ᠬᠦᠴᠦᠷᠬᠡᠭ ᠪᠠᠯᠭᠠᠰᠦ ᠶᠢ ᠪᠦᠳᠦᠬᠡᠨ ᠪᠠᠶᠢᠭᠤᠯᠤᠨ᠎ᠠ᠃ ᠮᠢᠨ ᠮᠤᠤ ᠦᠬᠡᠷ ᠬᠤᠨᠢᠨ ᠮᠢᠬ᠎ᠠ᠂ ᠢ ᠮᠢᠨ ᠲᠦᠮᠦᠰᠦ | ᠪᠤᠯᠪᠠᠰᠤᠷᠠᠭᠤᠯᠬᠤ ᠲᠦᠷᠦᠯ ᠵᠤᠶᠢᠯ ᠢ ᠪᠠᠶᠢᠭᠤᠯᠬᠤ ᠬᠤᠷᠳᠤᠴᠠ ᠪᠠᠨ ᠨᠡᠮᠡᠭᠳᠡᠬᠦᠯᠵᠦ᠂ ᠤᠯᠠᠭᠠᠨ ᠢᠳᠡᠬᠡᠨ᠂ | ᠲᠦᠮᠦᠰᠦ ᠪᠤᠯᠪᠠᠰᠤᠷᠠᠭᠤᠯᠬᠤ ᠲᠦᠷᠦᠯ ᠵᠤᠶᠢᠯ ᠢ ᠶᠡᠭᠡ ᠪᠠᠷ ᠲᠡᠳᠡᠨ ᠤᠷᠤᠭᠤᠯᠵᠦ᠂ ᠲᠤᠬᠠᠢ ᠶᠢᠨ ᠭᠠᠵᠠᠷ ᠲᠠᠭᠠᠨ | ᠪᠤᠯᠪᠠᠰᠤᠷᠠᠭᠤᠯᠬᠤ ᠴᠢᠳᠠᠪᠤᠷᠢ ᠶᠢ ᠲᠡᠬᠡᠭᠰᠢᠯᠡᠬᠦᠯᠦᠨ᠎ᠡ᠃ ᠲᠦᠮᠦᠰᠦ᠂ ᠢᠳᠡᠰᠢᠨ ᠦᠬᠡᠷ ᠬᠤᠨᠢ᠂ ᠭᠠᠭ᠋ᠠᠢ ᠵᠡᠷᠬᠡ | ᠮᠠᠯᠵᠢᠯ ᠲᠠᠷᠢᠶᠠᠯᠠᠩ ᠤᠨ ᠬᠦᠳᠦᠴᠢ ᠠᠵᠦ ᠠᠬᠤᠶᠢᠯᠠᠯ ᠤᠨ ᠲᠠᠶᠢᠴᠢᠯᠠᠭᠴᠢ ᠦᠢᠯᠡᠳᠦᠯ ᠢ ᠬᠦᠢᠴᠡᠳ ᠪᠠᠳᠠᠷᠠᠭᠤᠯᠵᠦ᠂ | ᠲᠡᠷᠢᠵᠦ ᠲᠡᠵᠢᠬᠡᠬᠦ ᠬᠤᠷᠰᠢᠶᠠᠵᠢᠯ᠂ ᠴᠢᠳᠠᠪᠤᠷᠢᠳᠠᠨ ᠡᠷᠦᠬᠡ᠂ ᠲᠠᠭᠠᠭᠤᠯᠤᠨ ᠴᠢᠨᠡᠬᠡᠯᠢᠭᠵᠢᠬᠦᠯᠬᠦ ᠬᠦᠮᠦᠰ ᠢᠶᠠᠷ | ᠭᠤᠤᠯᠳᠠᠯᠭ᠎ᠠ ᠪᠤᠯᠭᠠᠨ᠂ ᠮᠠᠯᠴᠢᠨ ᠲᠠᠷᠢᠶᠠᠴᠢᠠ ᠤ ᠠᠩᠬᠠᠷᠤᠯ ᠢ ᠠᠵᠦ ᠦᠢᠯᠡᠰ ᠤᠨ ᠬᠡᠯᠬᠢᠶᠠᠵᠢᠯ ᠲᠡᠬᠡᠷ᠎ᠡ ᠲᠡᠳᠡᠨ᠎ᠡ᠃ | ᠨᠡᠶᠢᠬᠡᠮᠴᠢᠯᠡᠭᠰᠡᠨ ᠦᠢᠯᠡᠴᠢᠯᠡᠭᠡ᠂ ᠪᠠᠷᠢᠮᠵᠢᠶᠠᠵᠢᠭᠰᠠᠨ ᠲᠠᠷᠢᠶᠠᠯᠠᠩ᠂ ᠲᠦᠪᠯᠡᠷᠡᠭᠰᠡᠨ ᠲᠡᠵᠢᠬᠡᠪᠦᠷᠢ ᠵᠡᠷᠬᠡ ᠰᠢᠨ᠎ᠡ | ᠲᠡᠵᠢᠬᠡᠨ ᠦᠷᠡᠵᠢᠬᠦᠯᠬᠦ ᠠᠷᠭ᠎ᠠ ᠮᠠᠶ᠋ᠢᠭ ᠢ ᠶᠡᠬᠡᠪᠡᠷ ᠦᠷᠬᠡᠳᠬᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢᠨ | ᠲᠤᠭᠳᠠᠭᠤᠨ ᠦᠰᠦᠯᠳᠠ ᠳᠤ ᠬᠦᠴᠦᠳᠠᠢ ᠪᠠᠳᠤᠯᠠᠭ᠎ᠠ ᠬᠠᠩᠭᠠᠨ᠎ᠠ᠃ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ ᠬᠢᠨᠠᠨ | ᠬᠡᠮᠵᠢᠯᠳᠠ ᠬᠠᠪᠰᠤᠷᠤᠨ ᠲᠡᠳᠬᠦᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠶᠠᠳᠠᠭᠤ ᠶᠢ ᠲᠡᠳᠬᠦᠨ ᠪᠤᠭᠤᠮᠳᠠ | ᠰᠢᠪᠳᠤᠯᠬᠤ ᠦᠷ᠎ᠡ ᠪᠦᠳᠦᠮᠵᠢ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠳᠦᠮᠵᠢᠳᠠᠢ | ᠵᠤᠯᠭᠠᠯᠳᠤᠭᠤᠯᠤᠨᠠ᠃ ᠲᠦᠷᠦᠯ ᠵᠤᠶᠢᠯ ᠤᠨ ᠪᠠᠯᠠ ᠮᠦᠩᠭᠦᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠦᠷ᠎ᠡ | ᠪᠦᠳᠦᠮᠵᠢ ᠶᠢ ᠬᠢᠨᠠᠨ ᠰᠢᠯᠭᠠᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠠ᠃ ᠬᠤᠸᠠᠢ ᠷᠧᠦ ᠲᠤᠭᠤᠷᠢᠭ ᠪᠤᠯᠤᠨ ᠰᠢᠨ | ᠰᠢᠩ ᠵᠢᠢ ᠬᠤᠸᠠ ᠪᠦᠯᠦᠭᠯᠡᠯ ᠤᠨ ᠲᠡᠮᠵᠢᠯᠬᠡ ᠬᠠᠮᠵᠢᠯᠴᠠᠭ᠎ᠠ ᠶᠢ ᠬᠦᠨᠵᠡᠬᠡᠶᠢᠷᠡᠬᠦᠯᠦᠨ᠂ ᠰᠤᠷᠭᠠᠨ ᠬᠦᠮᠦᠵᠢᠯ ᠡᠮ | ᠡᠮᠨᠡᠯᠬᠡ ᠵᠡᠷᠬᠡ ᠰᠠᠯᠠᠭ᠎ᠠ ᠮᠦᠴᠢᠷ ᠤᠨ ᠴᠢᠳᠠᠪᠤᠷᠢᠳᠠᠨ ᠤ ᠰᠤᠯᠢᠯᠴᠠᠭ᠎ᠠ ᠶᠢ ᠴᠢᠩᠭᠠᠳᠬᠠᠵᠦ᠂ ᠬᠡᠷᠡᠭᠯᠡᠭᠡ ᠪᠠᠷ ᠶᠠᠳᠠᠭᠤ | ᠶᠢ ᠲᠡᠳᠬᠦᠬᠦ ᠶᠢ ᠶᠡᠬᠡᠪᠡᠷ ᠠᠬᠢᠭᠤᠯᠤᠨ᠂ ᠦᠷ᠎ᠡ ᠪᠦᠳᠦᠮᠵᠢ ᠶᠢ ᠲᠡᠬᠡᠭᠰᠢᠯᠡᠬᠦᠯᠦᠨ᠎ᠡ᠃ ᠰᠠᠭᠤᠭᠠᠯᠢ ᠤᠷᠴᠢᠨ | ᠲᠤᠭᠤᠷᠢᠨ ᠤ ᠶᠡᠷᠦᠩᠭᠡᠢ ᠵᠠᠰᠠᠯᠳᠠ ᠶᠢ ᠠᠬᠢᠭᠤᠯᠵᠦ᠂ ᠦᠨᠳᠦᠰᠦᠨ ᠱᠠᠳᠤᠨ ᠤ ᠵᠠᠰᠠᠯᠳᠠ ᠶᠢᠨ ᠴᠢᠳᠠᠮᠵᠢ ᠶᠢ | ᠲᠡᠬᠡᠭᠰᠢᠯᠡᠬᠦᠯᠦᠨ᠂ ᠪᠤᠯᠪᠠᠰᠤᠨ ᠡᠶ᠎ᠡ ᠵᠤᠬᠢᠴᠠᠩᠭᠤᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶᠡᠴᠢ | ᠲᠤᠰᠬᠤᠨ ᠢ ᠴᠤᠭᠴᠠᠯᠠᠨ ᠪᠠᠶᠢᠭᠤᠯᠤᠨ᠎ᠠ᠃ | ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠬᠦᠨ ᠳᠤ ᠬᠦᠭᠵᠢᠬᠦᠯᠦᠨ᠎ᠡ᠃ ᠰᠤᠷᠭᠠᠨ ᠬᠦᠮᠦᠵᠢᠯ ᠤᠨ ᠠᠵᠢᠯ ᠳᠤ | ᠤᠷᠢᠳᠠᠪᠠᠷ ᠰᠤᠳᠤᠯᠤᠯᠳᠠ ᠬᠢᠬᠦ᠂ ᠰᠤᠷᠭᠠᠨ ᠬᠦᠮᠦᠵᠢᠯ ᠤᠨ ᠬᠦᠴᠢᠷ ᠠᠰᠠᠭᠤᠳᠠᠯ ᠢ ᠤᠷᠢᠳᠠᠪᠠᠷ ᠰᠢᠢᠳᠪᠦᠷᠢᠯᠡᠬᠦ᠂ | ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ᠶᠢ ᠤᠷᠢᠳᠠᠪᠠᠷ ᠪᠠᠳᠤᠯᠠᠬᠤ ᠶᠢ ᠪᠠᠷᠢᠮᠳᠠᠯᠠᠵᠦ᠂ ᠶᠤᠰᠦ ᠰᠤᠷᠳᠠᠬᠤᠨ | ᠢ ᠪᠠᠷᠢᠮᠳᠠᠯᠠᠨ ᠬᠦᠮᠦᠨ ᠢ ᠬᠦᠮᠦᠵᠢᠬᠦᠯᠬᠦ ᠶᠢ ᠦᠨᠳᠦᠰᠦᠨ ᠡᠬᠦᠷᠬᠡ ᠪᠤᠯᠭᠠᠵᠦ᠂ ᠤᠯᠠᠨ ᠲᠦᠮᠡᠨ ᠳᠤ ᠰᠡᠳᠬᠢᠯ | ᠬᠠᠨᠤᠮᠵᠢᠳᠠᠢ ᠡᠷᠬᠡ ᠲᠡᠭᠰᠢ ᠰᠤᠷᠭᠠᠨ ᠬᠦᠮᠦᠵᠢᠯ ᠢ ᠡᠷᠬᠢᠯᠡᠨ᠎ᠡ᠃ ︽ᠰᠤᠷᠭᠠᠨ ᠬᠦᠮᠦᠵᠢᠯ ᠢᠶᠠᠷ ᠤᠯᠤᠰ ᠢᠶᠠᠨ | ᠬᠦᠴᠦᠷᠬᠡᠭᠵᠢᠬᠦᠯᠬᠦ ᠲᠦᠯᠦᠪᠯᠡᠭᠡ︾ ᠶᠢ ᠬᠡᠷᠡᠭᠵᠢᠬᠦᠯᠵᠦ᠂ ᠰᠤᠷᠭᠠᠨ ᠬᠦᠮᠦᠵᠢᠯ ᠤᠨ ᠰᠠᠭᠤᠷᠢ ᠲᠦᠬᠦᠬᠡᠷᠦᠮᠵᠢ ᠶᠢ | ᠲᠡᠬᠦᠯᠳᠡᠷᠵᠢᠬᠦᠯᠦᠨ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠪᠠ ᠲᠤᠮᠳᠠᠳᠦ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠠᠯ ᠤᠨ ᠪᠠᠶᠢᠭᠤᠯᠤᠯᠳᠠ ᠶᠢ ᠴᠢᠩᠭᠠᠳᠬᠠᠵᠦ᠂ ᠠᠯᠪᠠᠨ ᠤ ᠰᠤᠷᠭᠠᠨ ᠬᠦᠮᠦᠵᠢᠯ | ᠪᠠ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠡᠩ ᠤᠨ ᠰᠤᠷᠭᠠᠨ ᠬᠦᠮᠦᠵᠢᠯ ᠪᠠ ᠲᠤᠰᠬᠠᠢ ᠮᠡᠷᠬᠡᠵᠢᠯ ᠤᠨ | ᠰᠤᠷᠭᠠᠨ ᠬᠦᠮᠦᠵᠢᠯ᠂ ᠬᠡᠪ ᠴᠢᠨᠠᠷ ᠤᠨ ᠰᠤᠷᠭᠠᠨ ᠬᠦᠮᠦᠵᠢᠯ ᠪᠠ ᠤᠨᠴᠠ ᠠᠪᠢᠶᠠᠰ ᠢ ᠪᠠᠳᠠᠷᠭᠤᠯᠬᠤ ᠰᠤᠷᠭᠠᠨ | ᠬᠦᠮᠦᠵᠢᠯ ᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃ ︽ᠬᠤᠤᠰ ᠬᠠᠰᠤᠯᠳᠠ︾ ᠶᠢᠨ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠰᠤᠷᠭᠠᠭᠤᠯᠢ ᠶᠢᠨ ᠬᠦᠮᠦᠨ ᠬᠦᠮᠦᠵᠢᠬᠦᠯᠬᠦ ᠭᠤᠤᠯ ᠪᠠᠶᠢᠷᠢ ᠰᠠᠭᠤᠷᠢ | ᠶᠢ ᠪᠠᠳᠤᠳᠬᠠᠨ᠂ ᠲᠠᠰᠬᠠᠯ ᠤᠨ ᠬᠠᠮᠢᠶᠠᠷᠤᠯᠳᠠ ᠶᠢᠨ ᠬᠢᠷᠢ ᠲᠦᠪᠰᠢᠨ᠂ ᠬᠢᠴᠢᠶᠠᠯ ᠤᠨ ᠲᠠᠷᠠᠭᠠᠬᠢ ᠦᠢᠯᠡᠴᠢᠯᠡᠬᠡᠨ ᠤ | ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ | ᠶᠢ ᠬᠦᠨᠵᠡᠬᠡᠶᠢᠷᠡᠬᠦᠯᠦᠨ ᠵᠠᠰᠠᠵᠦ᠂ ᠰᠤᠷᠤᠭᠴᠢᠳ ᠤᠨ ᠬᠡᠳᠦᠷᠬᠡᠢ ᠬᠦᠨᠳᠦ ᠰᠤᠷᠤᠯᠭ᠎ᠠ ᠶᠢᠨ ᠲᠠᠷᠤᠭᠠᠰᠦ ᠶᠢ ᠨᠢ | ᠬᠦᠩᠭᠡᠯᠡᠨ᠂ ᠬᠢᠴᠢᠶᠠᠯ ᠤᠨ ᠲᠢᠩᠭᠢᠮ ᠤᠨ ᠦᠷ᠎ᠡ ᠪᠦᠳᠦᠮᠵᠢ ᠪᠠ ᠰᠤᠷᠤᠯᠭ᠎ᠠ ᠶᠢᠨ ᠦᠷ᠎ᠡ ᠪᠦᠳᠦᠮᠵᠢ ᠶᠢ | ᠲᠡᠬᠡᠭᠰᠢᠯᠡᠬᠦᠯᠦᠨ᠎ᠡ᠃ | ᠡᠷᠡᠬᠦᠯ ᠬᠠᠮᠠᠭᠠᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠦᠷᠬᠡᠨ ᠤᠯᠠᠨ ᠠᠷᠠᠳ ᠲᠦᠮᠡᠨ ᠤ ᠡᠷᠡᠬᠦᠯ | ᠴᠢᠬᠢᠷᠠᠭ ᠠᠮᠤᠷ ᠲᠦᠪᠰᠢᠨ ᠢ ᠲᠡᠷᠢᠬᠦᠨ ᠪᠠᠶᠢᠷᠢᠨ ᠳᠤ ᠲᠠᠯᠪᠢᠬᠤ ᠶᠢ ᠢᠮᠠᠭᠳᠠ ᠪᠠᠷᠢᠮᠳᠠᠯᠠᠵᠦ᠂ ᠬᠢᠵᠢᠭ ᠤᠨ ᠪᠠᠶᠢᠳᠠᠯ | ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠠᠳᠬᠤᠵᠦ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ᠂ ᠬᠢᠵᠢᠭ | ᠢ ᠤᠷᠢᠳᠴᠢᠯᠠᠨ ᠰᠡᠷᠬᠡᠶᠢᠯᠡᠬᠦ᠂ ᠴᠢᠳᠠᠪᠤᠷᠢᠳᠠᠨ ᠤ ᠡᠩᠨᠡᠭᠡ ᠵᠡᠷᠬᠡ ᠲᠠᠯ᠎ᠠ ᠶᠢᠨ ᠲᠤᠳᠠᠭᠤᠳᠠᠯ ᠢᠶᠠᠨ ᠨᠦᠬᠦᠪᠦᠷᠢᠯᠡᠵᠦ᠂ | ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠨᠡᠳᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ | ᠨᠡᠮᠡᠭᠳᠡᠬᠦᠯᠦᠨ᠎ᠠ᠃ ︽ᠰᠠᠨ ᠮᠢᠩ ᠬᠤᠳᠠ ᠶᠢᠨ ᠡᠮ ᠡᠮᠨᠡᠯᠬᠡ ᠶᠢᠨ ᠦᠬᠡᠷᠡᠴᠢᠯᠡᠯᠳᠠ︾ ᠶᠢᠨ ᠲᠤᠷᠰᠢᠯᠭ᠎ᠠ ᠶᠢ | ᠰᠤᠷᠤᠯᠴᠠᠨ ᠲᠤᠯᠢᠳᠠᠵᠦ᠂ ᠡᠮᠴᠢᠯᠡᠭᠡ᠂ ᠡᠮ ᠤᠨ ᠲᠠᠭᠠᠳᠬᠠᠯ᠂ ᠡᠮ ᠭᠤᠷᠪᠠ ᠶᠢᠨ ᠬᠤᠯᠪᠤᠭᠠᠯᠠᠯ ᠦᠬᠡᠷᠡᠴᠢᠯᠡᠯᠳᠠ | ᠶᠢ ᠠᠬᠢᠭᠤᠯᠤᠨ᠂ ᠦᠨᠳᠦᠰᠦᠨ ᠡᠮ ᠤᠨ ᠲᠦᠷᠢᠮ ᠢ ᠲᠦᠬᠡᠮᠡᠯᠵᠢᠬᠦᠯᠵᠦ᠂ ᠱᠠᠳᠦ ᠬᠤᠪᠢᠶᠠᠨ ᠡᠮᠴᠢᠯᠡᠬᠦ ᠰᠢᠰᠲ᠋ᠧᠮ ᠢ | ᠲᠡᠬᠦᠯᠳᠡᠷᠵᠢᠬᠦᠯᠵᠦ᠂ ᠡᠮ ᠡᠮᠴᠢᠯᠡᠭᠡ ᠶᠢᠨ ᠬᠠᠮᠳᠦ ᠶᠢᠨ ᠴᠤᠭᠴᠠ ᠶᠢ ᠲᠦᠷᠬᠡᠳᠬᠡᠨ ᠪᠠᠶᠢᠭᠤᠯᠵᠦ᠂ ᠦᠨᠳᠦᠰᠦᠨ | ᠱᠠᠳᠤᠨ ᠤ ᠡᠮ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠬᠦᠯᠦᠨ᠂ ᠤᠯᠠᠨ | ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ ᠪᠠ ᠦᠨ᠎ᠡ ᠲᠠᠢ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠭᠤᠷᠪᠠᠨ ᠬᠡᠤᠬᠡᠳ ᠠᠪᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠬᠦᠮᠦᠨ ᠠᠮᠠ | ᠶᠢᠨ ᠨᠠᠰᠤᠵᠢᠯ ᠤᠨ ᠪᠠᠶᠢᠳᠠᠯ ᠢ ᠢᠳᠠᠪᠬᠢᠳᠠᠢ ᠠᠷᠭᠠᠴᠠᠭᠠᠨ᠎ᠠ᠃ | ᠰᠤᠶᠤᠯ ᠤᠨ ᠦᠢᠯᠡᠰ ᠢ ᠲᠠᠰᠤᠷᠠᠯᠳᠠ ᠦᠭᠡᠢ ᠬᠦᠭᠵᠢᠬᠦᠯᠦᠨ᠎ᠡ᠃ ᠨᠡᠶᠢᠬᠡᠮ ᠵᠢᠷᠤᠮ ᠤᠨ ᠭᠤᠤᠯᠯᠠᠬᠤ ᠦᠷᠳᠡᠭ ᠤᠨ | ᠦᠵᠡᠯᠳᠠ ᠪᠠᠷ ᠵᠢᠯᠤᠭᠤᠳᠤᠯᠭ᠎ᠠ ᠪᠤᠯᠭᠠᠨ᠂ ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠰᠠᠶᠢᠨ ᠰᠠᠶᠢᠬᠠᠨ | ᠵᠠᠩ ᠰᠤᠷᠳᠠᠯ ᠢ ᠤᠯᠠᠮᠵᠢᠯᠠᠨ ᠪᠠᠳᠠᠷᠠᠭᠤᠯᠵᠦ᠂ ᠠᠷᠠᠳ ᠢᠷᠬᠡᠨ ᠤ ᠶᠤᠰᠤ ᠰᠤᠷᠳᠠᠬᠤᠨ ᠤ ᠬᠦᠮᠦᠵᠢᠯ ᠤᠨ | ᠢᠨᠵᠧᠨᠧᠷᠢᠩ ᠢ ᠬᠡᠷᠡᠭᠵᠢᠬᠦᠯᠦᠨ᠂ ᠨᠡᠶᠢᠬᠡᠮ ᠤᠨ ᠪᠤᠯᠪᠠᠰᠤᠨ ᠤ ᠬᠡᠮᠵᠢᠶ᠎ᠠ ᠶᠢ ᠲᠡᠬᠡᠭᠰᠢᠯᠡᠬᠦᠯᠵᠦ᠂ ᠦᠪᠡᠷᠳᠡᠬᠡᠨ | ᠵᠠᠰᠠᠬᠤ ᠤᠷᠤᠨ ᠤ ᠪᠤᠯᠪᠠᠰᠤᠨ ᠬᠤᠳᠠ ᠪᠤᠯᠬᠤ ᠪᠠᠷ ᠴᠢᠷᠮᠠᠶᠢᠨ᠎ᠠ᠃ ᠪᠤᠯᠪᠠᠰᠤᠨ ᠢᠶᠠᠷ ᠠᠷᠠᠳ ᠲᠤ ᠠᠰᠢᠭ | ᠬᠦᠷᠳᠡᠬᠡᠬᠦ ᠠᠵᠢᠯᠠᠯᠭ᠎ᠠ ᠶᠢ ᠬᠦᠨᠵᠡᠬᠡᠢ ᠦᠷᠨᠢᠬᠦᠯᠵᠦ᠂ ᠬᠦᠯ ᠪᠦᠮᠪᠦᠬᠡᠨ ᠤ ᠲᠠᠯᠠᠪᠠᠢ᠂ ᠨᠤᠮ ᠤᠨ ᠰᠠᠩ᠂ ᠲᠠᠯ᠎ᠠ | ᠨᠤᠳᠤᠭ ᠤᠨ ᠨᠤᠮ ᠤᠨ ᠦᠷᠦᠬᠡ ᠵᠡᠷᠬᠡ ᠰᠠᠭᠤᠷᠢᠨ ᠭᠠᠵᠠᠷ ᠢ ᠰᠠᠶᠢᠳᠦᠷ ᠠᠰᠢᠭᠯᠠᠵᠦ᠂ ᠤᠯᠠᠨ ᠲᠦᠮᠡᠨᠴᠢ ᠴᠢᠨᠠᠷᠳᠠᠢ | ᠰᠤᠶᠤᠯ ᠤᠨ ᠬᠦᠳᠡᠯᠬᠡᠬᠡᠨ ᠢ ᠪᠠᠶᠢᠩᠭᠤᠵᠢᠭᠤᠯᠵᠦ ᠦᠷᠨᠢᠬᠦᠯᠦᠨ᠎ᠡ᠃ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ | ᠪᠠᠳᠠᠷᠠᠭᠤᠯᠵᠦ᠂ ᠨᠡᠩ ᠤᠯᠠᠨ ᠰᠤᠶᠤᠯ ᠤᠷᠠᠯᠢᠭ ᠤᠨ ᠰᠢᠯᠢᠳᠡᠭ ᠪᠦᠳᠦᠬᠡᠯ ᠢ ᠨᠠᠶᠢᠷᠠᠭᠤᠯᠤᠨ ᠵᠤᠬᠢᠶᠠᠨ᠎ᠠ᠃ | ᠨᠡᠶᠢᠬᠡᠮ ᠤᠨ ᠪᠠᠳᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠭᠠᠳᠬᠠᠯ ᠳᠤ ᠤᠷᠤᠯᠴᠠᠬᠤ ᠵᠤᠬᠢᠰᠳᠠᠢ | ᠪᠦᠬᠦᠨ ᠢ ᠤᠷᠤᠯᠴᠠᠭᠤᠯᠬᠤ ᠵᠠᠷᠴᠢᠮ ᠢ ᠪᠠᠷᠢᠮᠳᠠᠯᠠᠨ᠂ ᠤᠯᠠᠨ ᠲᠡᠪᠬᠤᠷᠭᠠᠳᠦ᠂ ᠪᠦᠷᠬᠦᠯᠳᠠ ᠶᠢᠨ ᠨᠤᠷᠮ᠎ᠠ ᠦᠨᠳᠦᠷ | ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠬᠡ ᠶᠢᠨ ᠲᠠᠭᠠᠳᠬᠠᠯ ᠤᠨ ᠲᠦᠷᠢᠮ ᠢ ᠪᠦᠷᠢᠨᠰᠢᠬᠦᠯᠵᠦ᠂ ᠨᠠᠰᠤᠵᠢᠯ ᠤᠨ ᠲᠠᠭᠠᠳᠬᠠᠯ᠂ ᠬᠦᠩᠭᠡᠵᠢᠯ ᠤᠨ | ᠲᠠᠭᠠᠳᠬᠠᠯ᠂ ᠠᠵᠢᠯ ᠠᠯᠳᠠᠭᠰᠠᠳ ᠤᠨ ᠲᠠᠭᠠᠳᠬᠠᠯ᠂ ᠠᠵᠢᠯ ᠤᠨ ᠠᠳᠡᠯ ᠰᠢᠷᠬ᠎ᠠ ᠶᠢᠨ ᠲᠠᠭᠠᠳᠬᠠᠯ ᠵᠡᠷᠬᠡ | ᠲᠦᠷᠢᠮ ᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠂ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠪᠠᠳᠤᠯᠠᠭ᠎ᠠ᠂ | ᠲᠠᠪᠤᠨ ᠪᠠᠳᠤᠯᠭᠠᠳᠦ ᠡᠷᠦᠬᠡ᠂ ᠤᠨᠴᠠ ᠬᠦᠴᠢᠷᠳᠡᠯᠳᠠᠢ ᠡᠷᠦᠬᠡ ᠶᠢ ᠲᠡᠮᠵᠢᠬᠦ᠂ ᠡᠮ ᠡᠮᠨᠡᠯᠬᠡ ᠶᠢᠨ ᠲᠡᠮᠵᠢᠯᠬᠡ | ᠦᠵᠡᠬᠦᠯᠬᠦ ᠪᠠ ᠰᠤᠷᠭᠠᠨ ᠬᠦᠮᠦᠵᠢᠯ ᠤᠨ ᠲᠡᠮᠵᠢᠯᠬᠡ ᠵᠡᠷᠬᠡ ᠠᠵᠢᠯ ᠢ ᠪᠦᠬᠦ ᠲᠠᠯ᠎ᠠ ᠪᠠᠷ ᠴᠢᠩᠭᠠᠳᠬᠠᠵᠦ᠂ ᠤᠯᠠᠨ | ᠲᠦᠮᠡᠨ ᠤ ᠬᠦᠷᠳᠡᠬᠡᠮᠵᠢ ᠶᠢᠨ ᠲᠦᠷᠦᠭᠳᠡᠯ ᠢ ᠨᠡᠮᠡᠭᠳᠡᠬᠦᠯᠦᠨ᠎ᠡ᠃ ᠠᠵᠢᠯ ᠤᠯᠭᠤᠯᠳᠠ ᠶᠢᠨ ᠪᠤᠯᠪᠠᠰᠤᠷᠠᠯ ᠤᠨ | ᠬᠦᠴᠦᠯᠡᠴᠡ ᠶᠢ ᠶᠡᠬᠡᠰᠬᠡᠵᠦ᠂ ︽ᠠᠷᠪᠠᠨ ᠲᠦᠷᠪᠡᠳᠦᠬᠡᠷ ᠲᠠᠪᠤᠨ ᠵᠢᠯ︾ ᠤᠨ ᠰᠡᠬᠦᠯᠴᠢ ᠪᠤᠯᠬᠤ ᠳᠤ ᠬᠤᠳᠠ | ᠪᠠᠯᠭᠠᠰᠤᠨ ᠤ ᠠᠵᠢᠯ ᠠᠯᠳᠠᠭᠰᠠᠳ ᠢ ᠲᠡᠩᠰᠠᠯᠠᠬᠤ ᠨᠤᠷᠮ᠎ᠠ ᠶᠢ 4% ᠲᠤᠳᠤᠷ᠎ᠠ ᠬᠢᠵᠠᠭᠠᠷᠯᠠᠬᠤ ᠪᠠᠷ ᠴᠢᠷᠮᠠᠶᠢᠨ᠎ᠠ᠃ | ᠨᠡᠶᠢᠬᠡᠮ ᠤᠨ ᠲᠤᠷᠤᠢ ᠪᠠᠭᠤᠷᠠᠶᠢᠴᠤᠳ ᠢ ᠲᠡᠬᠡᠳᠦ ᠬᠡᠮᠵᠢᠶ᠎ᠠ ᠪᠠᠷ ᠬᠠᠯᠠᠮᠵᠢᠯᠠᠵᠦ᠂ ᠨᠡᠶᠢᠬᠡᠮ ᠤᠨ ᠠᠪᠤᠷᠠᠨ ᠲᠤᠰᠠᠯᠠᠬᠤ | ᠲᠤᠭᠳᠠᠴᠠ ᠶᠢ ᠪᠦᠷᠢᠨᠰᠢᠬᠦᠯᠦᠨ᠂ ᠨᠠᠰᠤᠳᠠᠶᠢᠴᠤᠳ᠂ ᠡᠮᠡᠭᠳᠡᠶᠢᠴᠤᠳ᠂ ᠬᠡᠤᠬᠡᠳ ᠪᠠᠭᠠᠴᠤᠳ ᠪᠤᠯᠤᠨ | ᠨᠢᠬᠦᠯᠡᠰᠦᠩᠭᠦᠢ ᠦᠢᠯᠡᠰ ᠤᠨ ᠪᠦᠬᠦ ᠲᠠᠯ᠎ᠠ ᠶᠢᠨ ᠬᠦᠭᠵᠢᠯᠳᠠ ᠶᠢ ᠠᠬᠢᠭᠤᠯᠤᠨ᠎ᠠ᠃ ᠤᠷᠤᠰᠢᠯᠠᠭᠤᠯᠤᠯᠭ᠎ᠠ ᠶᠢᠨ | ᠲᠦᠷᠢᠮ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠵᠦ᠂ ᠤᠷᠤᠰᠢᠯᠠᠭᠤᠯᠤᠯᠭ᠎ᠠ ᠶᠢᠨ ᠭᠠᠵᠠᠷ ᠪᠠ ᠨᠠᠶᠢᠳᠠ ᠶᠢᠨ | ᠠᠰᠠᠷᠠᠮᠵᠢ ᠶᠢᠨ ᠴᠢᠨᠠᠷᠳᠠᠢ ᠪᠤᠩᠬᠤᠨ ᠢ ᠠᠰᠢᠭᠯᠠᠨ ᠬᠡᠷᠡᠭᠯᠡᠬᠦ ᠶᠢ ᠪᠠᠳᠤᠯᠠᠵᠦ᠂ ᠪᠤᠯᠬᠢ ᠪᠦᠳᠦᠬᠦᠯᠢᠭ ᠰᠤᠷᠳᠠᠯ ᠢ | ᠲᠡᠪᠴᠢᠨ᠂ ᠮᠠᠭᠤ ᠮᠠᠭᠤᠬᠠᠢ ᠰᠤᠷᠳᠠᠯ ᠢ ᠬᠠᠯᠠᠨ ᠵᠠᠰᠠᠬᠤ ᠠᠵᠢᠯ ᠢ ᠠᠬᠢᠭᠤᠯᠤᠨ᠎ᠠ᠃ | ᠬᠤᠳᠠ ᠪᠠᠯᠭᠠᠰᠤᠨ ᠤ ᠲᠦᠷᠢ ᠲᠦᠷᠬᠦ ᠶᠢ ᠬᠦᠴᠦᠯᠡᠨ ᠰᠢᠨᠡᠳᠬᠡᠨ᠎ᠡ᠃ ᠬᠤᠳᠠ ᠪᠠᠯᠭᠠᠰᠤᠨ ᠤ ᠪᠦᠳᠦᠬᠡᠨ | ᠪᠠᠶᠢᠭᠤᠯᠤᠯᠳᠠ ᠶᠢᠨ ᠲᠦᠯᠦᠪᠵᠢᠬᠦᠯᠬᠡ ᠶᠢ ᠲᠡᠬᠦᠯᠳᠡᠷᠵᠢᠬᠦᠯᠦᠨ᠂ ᠪᠠᠶᠢᠭᠤᠯᠬᠤ ᠪᠠ ᠬᠠᠮᠢᠶᠠᠷᠬᠤ ᠶᠢ ᠬᠠᠮᠳᠦ ᠪᠠᠷ | ᠬᠡᠷᠡᠭᠵᠢᠬᠦᠯᠬᠦ ᠶᠢ ᠲᠤᠪᠤᠶᠢᠯᠭᠠᠨ᠂ ᠠᠵᠢᠯᠯᠠᠵᠦ ᠰᠠᠭᠤᠬᠤ ᠵᠢᠴᠢ ᠵᠤᠭᠠᠴᠠᠵᠦ ᠰᠡᠯᠡᠬᠦᠴᠡᠬᠦ ᠳᠤ ᠲᠤᠬᠢᠷᠠᠮᠵᠢᠳᠠᠢ ᠪᠠᠶᠢᠬᠤ | ᠬᠢᠷᠢ ᠲᠦᠪᠰᠢᠨ ᠢ ᠲᠡᠬᠡᠭᠰᠢᠯᠡᠬᠦᠯᠦᠨ᠎ᠡ᠃ ᠬᠠᠭᠤᠴᠢᠨ ᠬᠤᠷᠢᠶᠠᠯᠠᠯ ᠢ ᠵᠠᠰᠠᠨ ᠰᠢᠨᠡᠳᠬᠡᠬᠦ ᠬᠦᠴᠦᠯᠡᠴᠡ ᠪᠠᠨ | ᠨᠡᠮᠡᠭᠳᠡᠬᠦᠯᠦᠨ᠂ ᠠᠷᠠᠳ ᠲᠦᠮᠡᠨ ᠢ ᠤᠯᠠᠨ ᠵᠢᠯ ᠰᠢᠨᠠᠯᠭᠠᠭᠰᠠᠨ ︽ᠭᠤᠷᠪᠠᠨ ᠬᠦᠴᠢᠷ︾ ᠠᠰᠠᠭᠤᠳᠠᠯ ᠢ | ᠰᠢᠢᠳᠪᠦᠷᠢᠯᠡᠨ᠎ᠡ᠃ ᠵᠠᠮ ᠱᠤᠭᠤᠮ᠂ ᠪᠤᠷᠤᠭᠠᠨ ᠤ ᠤᠰᠦ ᠪᠤᠵᠠᠷ ᠤᠰᠦ ᠶᠢ ᠭᠠᠳᠠᠭᠰᠢᠯᠠᠭᠤᠯᠬᠤ ᠬᠤᠭᠤᠯᠠᠢ᠂ ᠬᠤᠭ | ᠨᠤᠪᠰᠢ ᠶᠢ ᠬᠤᠷᠢᠶᠠᠨ ᠰᠢᠢᠳᠪᠦᠷᠢᠯᠡᠬᠦ᠂ ᠰᠠᠭᠤᠯᠳᠠᠭᠤᠷ ᠵᠤᠷᠯᠤᠩ ᠪᠠ ᠠᠷᠠᠳ ᠤᠨ ᠠᠭᠠᠷ ᠤᠨ ᠰᠡᠷᠬᠡᠶᠢᠯᠡᠯᠳᠠ ᠶᠢᠨ | ᠢᠨᠵᠧᠨ᠋ᠸᠢᠷᠩ ᠢ ᠬᠡᠷᠡᠭᠵᠢᠬᠦᠯᠵᠦ᠂ ᠬᠤᠳᠠ ᠪᠠᠯᠭᠠᠰᠤᠨ ᠤ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠦᠨ᠎ᠡ᠃ | ᠲᠤᠭᠠᠴᠢᠯᠠᠭᠰᠠᠨ ᠬᠤᠳᠠ ᠪᠠᠯᠭᠠᠰᠤᠨ ᠤ ᠬᠠᠮᠢᠶᠠᠷᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠦᠨ᠂ ᠤᠶᠤᠨᠯᠢᠭ | ᠬᠠᠮᠢᠶᠠᠷᠤᠯᠳᠠ ᠶᠢᠨ ᠰᠢᠨ᠎ᠡ ᠬᠡᠯᠪᠡᠷᠢ ᠮᠠᠶ᠋ᠢᠭ ᠢ ᠡᠬᠦᠳᠦᠨ ᠪᠠᠶᠢᠭᠤᠯᠤᠨ᠎ᠠ᠃ ᠬᠤᠳᠠ ᠪᠠᠯᠭᠠᠰᠤᠨ ᠤ ᠨᠠᠶᠢᠳᠠ ᠶᠢᠨ | ᠨᠤᠭᠤᠭᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠦ᠂ ᠵᠠᠮ ᠱᠤᠭᠤᠮ ᠢ ᠨᠤᠭᠤᠭᠠᠷᠠᠭᠤᠯᠬᠤ᠂ | ᠰᠠᠭᠤᠭᠠᠯᠢ ᠠᠷᠠᠳ ᠤᠨ ᠬᠤᠷᠢᠶᠠᠯᠠᠯ ᠪᠤᠯᠤᠨ ᠴᠡᠴᠡᠷᠯᠢᠭ ᠬᠦᠷᠢᠶᠠᠯᠠᠩ ᠢ ᠬᠠᠷᠢᠯᠴᠠᠨ ᠵᠤᠯᠭᠠᠯᠳᠤᠭᠤᠯᠬᠤ ᠰᠢᠰᠲ᠋ᠧᠮ ᠢ | ᠪᠠᠶᠢᠭᠤᠯᠤᠨ᠂ ᠦᠪᠡᠷᠳᠡᠬᠡᠨ ᠵᠠᠰᠠᠬᠤ ᠤᠷᠤᠨ ᠤ ᠲᠡᠰ ᠤᠨ ᠴᠡᠴᠡᠷᠯᠢᠭᠵᠢᠬᠦᠯᠦᠯᠳᠠ ᠶᠢᠨ ᠬᠤᠰᠢᠭᠤ ᠪᠤᠯᠬᠤ ᠪᠠᠷ | ᠴᠢᠷᠮᠠᠶᠢᠨ᠎ᠠ᠃ ᠤᠯᠠᠭᠠᠨᠬᠤᠸᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠠᠰᠢᠭᠯᠠᠯᠳᠠ ᠶᠢ ᠲᠡᠬᠡᠭᠰᠢᠯᠡᠬᠦᠯᠬᠦ | ᠢᠨᠵᠧᠨᠧᠷᠢᠩ ᠢ ᠲᠠᠭᠤᠰᠬᠠᠵᠦ᠂ ᠠᠮᠢᠳᠤᠷᠠᠯ ᠤᠨ ᠬᠤᠭ ᠨᠤᠪᠰᠢ ᠢ ᠵᠠᠳᠠᠷᠠᠭᠤᠯᠤᠨ ᠰᠢᠢᠳᠪᠦᠷᠢᠯᠡᠬᠦ ᠲᠦᠷᠦᠯ ᠵᠤᠶᠢᠯ ᠢ | ᠪᠠᠶᠢᠭᠤᠯᠤᠨ᠂ ᠴᠠᠬᠢᠯᠭᠠᠨ ᠴᠡᠨᠡᠭᠯᠡᠬᠦ ᠱᠤᠩ ᠢ ᠲᠦᠯᠦᠪᠵᠢᠬᠦᠯᠦᠨ ᠪᠠᠶᠢᠭᠤᠯᠵᠦ᠂ ᠬᠤᠳᠠ ᠪᠠᠯᠭᠠᠰᠤᠨ ᠤ ᠪᠠᠶᠢᠭᠠᠯᠢ | ᠶᠢᠨ ᠰᠢᠳᠠᠮᠠᠬᠠᠢ ᠬᠡᠢ ᠶᠢᠨ ᠲᠦᠷᠦᠯ ᠵᠤᠶᠢᠯ ᠢ ᠠᠬᠢᠭᠤᠯᠵᠦ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ | ᠰᠢᠨ᠎ᠡ ᠲᠡᠭᠳᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | ᠰᠠᠭᠤᠷᠢ ᠲᠦᠬᠦᠬᠡᠷᠦᠮᠵᠢ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠲᠦᠷᠦᠯ ᠵᠤᠶᠢᠯ ᠤᠨ ᠪᠠᠯᠠ ᠮᠦᠩᠭᠦ ᠶᠢ | ᠢᠳᠠᠪᠬᠢᠳᠠᠢ ᠴᠢᠷᠮᠠᠶᠢᠨ ᠤᠯᠵᠦ᠂ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢᠨ ᠲᠤᠳᠠᠭᠤᠳᠠᠯ ᠢ | ᠨᠦᠬᠦᠪᠦᠷᠢᠯᠡᠨ᠎ᠡ᠃ ᠵᠠᠮ ᠱᠤᠭᠤᠮ ᠢ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠵᠦ᠂ ᠲᠤᠮᠳᠠ ᠪᠠᠶ᠎ᠠ ᠶᠢᠨ | ᠲᠦᠷᠪᠡᠨ ᠵᠠᠮ ᠱᠤᠭᠤᠮ᠂ ᠤᠯᠠᠭᠠᠨᠬᠤᠸᠠ — ᠵᠠᠩᠭᠠᠨ ᠬᠦᠷᠬᠦ ᠵᠠᠮ ᠵᠠᠰᠠᠨ ᠪᠠᠶᠢᠭᠤᠯᠬᠤ ᠢᠨᠵᠧᠨᠧᠷᠢᠩ ᠢ | ᠬᠡᠷᠡᠭᠵᠢᠬᠦᠯᠦᠨ᠂ ᠡᠪᠳᠡᠷᠡᠵᠦ ᠬᠠᠭᠤᠴᠢᠷᠠᠭᠰᠠᠨ ᠵᠠᠮ ᠢ ᠵᠠᠰᠠᠬᠤ ᠵᠡᠷᠬᠡ ᠢᠨᠵᠧᠨᠧᠷᠢᠩ ᠢ ᠡᠮᠬᠢ ᠲᠢᠭᠯᠢᠮ ᠲᠠᠢ | ᠶᠠᠪᠤᠭᠳᠠᠭᠤᠯᠵᠦ᠂ ᠤᠯᠠᠨ ᠲᠦᠮᠡᠨ ᠤ ᠶᠠᠪᠤᠵᠦ ᠰᠠᠭᠤᠬᠤ ᠳᠤ ᠲᠦᠬᠦᠮ ᠦᠵᠡᠬᠦᠯᠦᠨ᠎ᠡ᠃ ᠨᠢᠰᠬᠡᠯ ᠤᠨ ᠲᠠᠯᠠᠪᠤᠷ | ᠤᠨ ᠲᠦᠷᠦᠯ ᠵᠤᠶᠢᠯ ᠢ ᠲᠦᠷᠬᠡᠳᠬᠡᠨ᠂ ᠠᠭᠠᠷ ᠤᠨ ᠠᠶᠠᠯᠠᠯ ᠤᠨ ᠦᠢᠯᠡᠰ ᠤᠨ ᠬᠤᠭᠤᠰᠤᠨ ᠢ ᠨᠦᠬᠦᠪᠦᠷᠢᠯᠡᠨ᠎ᠡ᠃ | 35KV ᠠᠴᠠ ᠲᠡᠬᠡᠭᠰᠢᠬᠢ ᠴᠠᠬᠢᠯᠭᠠᠨ ᠬᠤᠪᠢᠰᠬᠠᠭᠤᠷ ᠤᠨ ᠦᠷᠳᠡᠭᠡ 6 ᠶᠢ ᠰᠢᠨ᠎ᠡ ᠪᠠᠷ ᠪᠠᠶᠢᠭᠤᠯᠵᠦ᠂ ᠮᠠᠯᠵᠢᠬᠤ | ᠤᠷᠤᠨ ᠤ ᠴᠠᠬᠢᠯᠭᠠᠨ ᠲᠤᠤᠷ᠂ ᠲᠠᠷᠢᠶᠠᠯᠠᠬᠤ ᠤᠷᠤᠨ ᠤ ᠰᠦᠯᠵᠢᠶᠠᠨ ᠤ ᠦᠬᠡᠷᠡᠴᠢᠯᠡᠯᠳᠠ᠂ ᠬᠤᠳᠠ ᠪᠠᠯᠭᠠᠰᠤᠨ ᠤ | ᠰᠦᠯᠵᠢᠶᠠᠨ ᠰᠢᠨᠡᠴᠢᠯᠡᠯᠳᠠ ᠵᠡᠷᠬᠡ ᠢᠨᠵᠧᠨᠧᠷᠢᠩ ᠢ ᠬᠡᠷᠡᠭᠵᠢᠬᠦᠯᠵᠦ᠂ ᠴᠠᠬᠢᠯᠭᠠᠨ ᠭᠠᠷᠭᠠᠵᠦ ᠬᠠᠩᠭᠠᠬᠤ | ᠲᠤᠭᠳᠠᠪᠤᠷᠢᠳᠦ ᠴᠢᠨᠠᠷ ᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠬᠡᠷ ᠪᠠᠶᠢᠰᠢᠩ ᠢ | ᠵᠠᠰᠠᠨ ᠰᠢᠨᠡᠳᠬᠡᠬᠦ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠤᠯᠠᠨ ᠲᠦᠮᠡᠨ ᠤ ᠤᠷᠤᠰᠢᠨ ᠰᠠᠭᠤᠬᠤ | ᠨᠦᠬᠦᠴᠡᠯ ᠢ ᠰᠠᠶᠢᠵᠢᠷᠠᠭᠤᠯᠤᠨ᠎ᠠ᠃ ᠬᠦᠮᠦᠨ ᠮᠠᠯ ᠤᠨ ᠤᠰᠦ ᠤᠮᠳᠠ ᠶᠢᠨ ᠪᠠᠳᠤᠯᠠᠭ᠎ᠠ ᠶᠢᠨ ᠴᠢᠳᠠᠮᠵᠢ ᠶᠢ | ᠲᠡᠭᠡᠭᠰᠢᠯᠡᠬᠦᠯᠦᠨ᠂ ᠬᠤᠩᠭᠤᠷ ᠤᠰᠤᠨ ᠴᠦᠬᠦᠷᠦᠮ ᠤᠨ ᠪᠦᠳᠦᠬᠡᠨ ᠪᠠᠶᠢᠭᠤᠯᠤᠯᠳᠠ ᠶᠢ ᠲᠠᠭᠤᠰᠬᠠᠵᠦ᠂ ︽ | ᠬᠤᠩᠭᠤᠷ ᠠᠴᠠ ᠵᠠᠯᠠᠨ ᠤᠯᠠᠭᠠᠨᠬᠤᠸᠠ ᠳᠤ ᠤᠷᠤᠭᠤᠯᠬᠤ︾ ᠪᠠ ᠲᠠᠪᠤᠨ ᠬᠠᠨ ᠭᠤᠤᠯ ᠤᠨ ᠦᠶᠠᠷ ᠢ ᠰᠡᠷᠬᠡᠶᠢᠯᠡᠨ | ᠵᠠᠰᠠᠬᠤ ᠶᠢ ᠠᠬᠢᠭᠤᠯᠤᠨ᠂ ᠤᠰᠤᠨ ᠤ ᠡᠬᠢ ᠪᠠᠶᠠᠯᠢᠭ ᠤᠨ ᠠᠰᠢᠭᠯᠠᠯᠳᠠ ᠶᠢ ᠠᠬᠢᠭᠤᠯᠤᠨ᠎ᠠ᠃ ᠴᠢᠮᠡᠭᠡ ᠵᠠᠩᠭᠢ ᠶᠢᠨ | ᠰᠦᠯᠵᠢᠶᠠᠵᠢᠯᠳᠠ ᠶᠢᠨ ᠪᠠᠶᠢᠭᠤᠯᠤᠯᠳᠠ ᠶᠢ ᠴᠢᠩᠭᠠᠳᠬᠠᠨ᠂ 5G ᠰᠦᠯᠵᠢᠶᠠᠨ ᠤ ᠪᠠᠶᠢᠭᠤᠯᠤᠯᠳᠠ ᠶᠢ ᠠᠬᠢᠭᠤᠯᠵᠦ᠂ | ᠮᠠᠯᠵᠢᠬᠤ ᠲᠠᠷᠢᠶᠠᠯᠠᠬᠤ ᠤᠷᠤᠨ ᠤ ᠲᠤᠤᠷ ᠰᠦᠯᠵᠢᠶᠠᠨ ᠤ ᠲᠦᠬᠡᠮᠡᠯᠵᠢᠬᠦᠯᠦᠯᠳᠠ ᠶᠢᠨ ᠨᠤᠷᠮ᠎ᠠ ᠶᠢ ᠲᠡᠬᠡᠭᠰᠢᠯᠡᠬᠦᠯᠤᠨ᠂ | ᠠᠷᠠᠳ ᠲᠤ ᠲᠦᠬᠦᠮ ᠦᠵᠡᠬᠦᠯᠬᠦ᠂ ᠠᠷᠠᠳ ᠲᠤ ᠠᠰᠢᠭ ᠬᠦᠷᠳᠡᠬᠡᠬᠦ᠂ ᠠᠷᠠᠳ ᠢ ᠴᠢᠨᠡᠬᠡᠯᠢᠭᠵᠢᠬᠦᠯᠬᠦ ᠲᠠᠯ᠎ᠠ ᠪᠠᠷ | ᠬᠢ ᠲᠤᠤᠷ ᠰᠦᠯᠵᠢᠶᠠᠨ ᠤ ᠦᠢᠯᠡᠳᠦᠯ ᠢ ᠪᠠᠳᠠᠷᠠᠭᠤᠯᠤᠨ᠎ᠠ᠃ | ︵ᠵᠢᠷᠭᠤᠭ᠎ᠠ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠰᠢᠳᠤᠷᠭᠤ ᠠᠵᠢᠯᠯᠠᠵᠦ ᠬᠤᠰᠢᠭᠤᠴᠢ | ᠪᠤᠯᠬᠤ ᠪᠠᠷ ᠴᠢᠷᠮᠠᠶᠢᠵᠦ᠂ ︽ᠲᠦᠪ ᠴᠢᠩᠭ᠎ᠠ ᠠᠷᠢᠭᠤᠨ ᠴᠢᠬᠡᠴᠢ︾ ᠲᠦᠷᠪᠡᠳ ᠢ ᠪᠠᠶᠢᠭᠤᠯᠤᠨ᠎ᠠ᠃ | ᠢᠷᠡᠬᠦ ᠲᠠᠪᠤᠨ ᠵᠢᠯ ᠤᠨ ᠲᠡᠮᠡᠴᠡᠬᠦ ᠬᠠᠷᠠᠯᠳᠠ ᠶᠢᠨ ᠪᠡᠶᠡᠯᠡᠭᠳᠡᠬᠦ ᠡᠰᠡᠬᠦ ᠶᠢᠨ ᠵᠠᠩᠭᠢᠯᠠᠭ᠎ᠠ ᠨᠢ ᠨᠠᠮ ᠪᠠ ᠤᠯᠠᠨ | ᠲᠦᠮᠡᠨ ᠳᠤ ᠪᠤᠢ᠃ ᠪᠢᠳᠠ ᠲᠡᠤᠬᠡ ᠪᠠᠷ ᠲᠤᠯᠢ ᠪᠤᠯᠭᠠᠵᠦ᠂ ᠢᠷᠡᠬᠡᠳᠦᠢ ᠶᠢᠨ ︽ᠶᠢᠰᠦᠨ ᠡᠷᠬᠡᠪᠰᠢ︾ ᠶᠢ | ᠴᠤᠭᠴᠠᠯᠠᠬᠤ ᠦᠨᠳᠦᠰᠦᠨ ᠱᠠᠭᠠᠷᠳᠠᠯᠭ᠎ᠠ ᠶᠢ ᠬᠦᠨᠵᠡᠬᠡᠢ ᠤᠶᠢᠯᠠᠭᠠᠨ ᠲᠠᠨᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠦᠷᠬᠦᠯᠵᠢᠯᠡᠨ ᠠᠬᠢᠭᠤᠯᠵᠦ᠂ ᠬᠤᠰᠢᠭᠤ ᠨᠠᠮ ᠤᠨ ᠪᠠᠶᠢᠩᠭᠤ ᠶᠢᠨ ᠬᠤᠷᠢᠶᠠᠨ ᠤ ᠲᠤᠰ ᠪᠠᠶ᠎ᠠ ᠶᠢᠨ | ᠪᠠᠶᠢᠭᠤᠯᠤᠯᠳᠠ ᠶᠢ ᠴᠢᠩᠭᠠᠳᠬᠠᠨ᠂ ᠤᠭ ᠵᠤᠷᠢᠯᠳᠠ ᠪᠠᠨ ᠰᠠᠬᠢᠨ ᠡᠬᠦᠷᠬᠡ ᠬᠠᠷᠢᠭᠤᠴᠠᠯᠭ᠎ᠠ ᠪᠠᠨ ᠴᠡᠬᠡᠵᠢᠯᠡᠬᠦ ᠶᠢ | ᠡᠷᠡᠰ ᠭᠤᠶᠢᠪᠢᠰᠢ ᠦᠭᠡᠢ ᠪᠠᠷᠢᠮᠳᠠᠯᠠᠨ᠂ ᠨᠠᠮ ᠪᠠᠶᠢᠭᠤᠯᠤᠭᠰᠠᠨ ᠠᠭᠤᠤ ᠶᠡᠭᠡ ᠵᠤᠷᠢᠭ ᠰᠠᠨᠠᠭ᠎ᠠ ᠶᠢ ᠠᠵᠢᠯ ᠬᠢᠵᠦ | ᠤᠶᠢᠯᠠᠰ ᠪᠤᠰᠬᠠᠬᠤ ᠵᠤᠷᠢᠭ ᠰᠠᠨᠠᠭᠠᠨ ᠤ ᠬᠦᠳᠡᠯᠬᠡᠭᠴᠢ ᠬᠦᠴᠦᠨ ᠪᠤᠯᠭᠠᠬᠤ ᠬᠡᠷᠡᠭᠳᠠᠢ᠃ | ᠨᠢᠬᠡ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠦ᠂ ᠬᠦᠴᠦᠨ ᠴᠢᠳᠠᠯ ᠢᠶᠠᠨ ᠬᠠᠮᠳᠤᠳᠬᠠᠨ ᠬᠦᠭᠵᠢᠯᠳᠠ ᠶᠢᠨ | ᠪᠦᠬᠦ ᠲᠠᠯ᠎ᠠ ᠳᠤ ᠨᠢᠬᠡᠳᠦᠨᠡ᠃ ᠪᠠᠶᠢᠩᠭᠤ ᠶᠢᠨ ᠬᠤᠷᠢᠶᠠᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ | ᠴᠢᠩᠭᠠᠳᠬᠠᠵᠦ᠂ ᠠᠷᠠᠳᠴᠢᠯᠠᠯ ᠲᠦᠪᠯᠡᠷᠡᠯ ᠢ ᠪᠠᠷᠢᠮᠳᠠᠯᠠᠨ᠂ ᠰᠢᠢᠳᠪᠦᠷᠢᠳᠦ ᠪᠤᠳᠤᠯᠭ᠎ᠠ ᠶᠢᠨ ᠲᠤᠭᠳᠠᠴᠠ ᠶᠢ | ᠪᠦᠷᠢᠨᠰᠢᠬᠦᠯᠵᠦ᠂ ᠠᠷᠭ᠎ᠠ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠵᠢᠯᠯᠠᠵᠦ ᠲᠡᠮᠡᠴᠡᠬᠦ ᠶᠢᠨ ᠦᠨᠳᠦᠷ | ᠪᠦᠳᠦᠮᠵᠢᠳᠦ ᠴᠢᠨᠠᠷ᠂ ᠤᠳᠤᠷᠢᠳᠤᠯᠭ᠎ᠠ ᠲᠠᠭᠠᠭᠤᠯᠭ᠎ᠠ ᠶᠢᠨ ᠡᠷᠬᠡ ᠰᠦᠷᠳᠦ ᠴᠢᠨᠠᠷ ᠢ ᠪᠠᠳᠤᠯᠠᠨ᠎ᠠ᠃ ᠬᠤᠰᠢᠭᠤ ᠨᠠᠮ | ᠤᠨ ᠬᠤᠷᠢᠶᠠᠨ ᠤ ᠪᠦᠬᠦ ᠲᠠᠯ᠎ᠠ ᠳᠤ ᠨᠢᠬᠡᠳᠦᠯᠵᠢᠬᠦᠯᠦᠨ᠂ ᠡᠯ᠎ᠡ ᠲᠠᠯ᠎ᠠ ᠶᠢ ᠵᠤᠬᠢᠴᠠᠭᠤᠯᠬᠤ ᠤᠶᠢᠯᠡᠳᠦᠯ ᠢ ᠬᠦᠢᠴᠡᠳ | ᠪᠠᠳᠠᠷᠠᠭᠤᠯᠤᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ | ᠵᠦᠪᠯᠡᠯᠬᠡᠨ ᠤ ᠬᠠᠤᠯᠢ ᠲᠦᠷᠢᠮ ᠶᠤᠰᠤᠭᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠨᠢ ᠲᠠᠮᠵᠢᠵᠦ᠂ ᠬᠢᠨᠠᠨ | ᠰᠢᠬᠦᠬᠦ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠤᠮᠵᠢ ᠶᠢᠨ ᠬᠠᠤᠯᠢ ᠶᠤᠰᠤᠭᠠᠷ ᠬᠢᠨᠠᠨ ᠰᠢᠬᠦᠬᠦ ᠡᠷᠬᠡ᠂ ᠪᠠᠶᠢᠴᠠᠭᠠᠬᠤ | ᠡᠷᠬᠡ ᠪᠠᠨ ᠲᠤᠰᠠᠭᠠᠷ ᠬᠡᠷᠡᠭᠵᠢᠬᠦᠯᠬᠦ ᠶᠢ ᠨᠢ ᠪᠠᠳᠤᠯᠠᠵᠦ᠂ ᠨᠠᠮ ᠤᠨ ᠤᠯᠠᠮ ᠲᠦᠮᠡᠨ ᠤ ᠪᠦᠯᠬᠦᠮ ᠪᠠ ᠵᠤᠬᠢᠶᠠᠨ | ᠪᠠᠶᠢᠭᠤᠯᠤᠯᠳᠠ ᠳᠠᠬᠢ ᠤᠳᠤᠷᠢᠳᠤᠯᠭ᠎ᠠ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠨᠢᠬᠡᠳᠤᠮᠠᠯ ᠹᠷᠤᠨᠲ ᠶᠢᠨ | ᠱᠤᠭᠤᠮ ᠢ ᠪᠠᠬᠢᠵᠢᠬᠦᠯᠦᠨ ᠬᠦᠭᠵᠢᠬᠦᠯᠦᠨ᠎ᠡ᠃ ᠬᠠᠤᠯᠢ ᠶᠤᠰᠤᠭᠠᠷ ᠨᠠᠮ ᠢ ᠴᠢᠩᠭ᠎ᠠ ᠵᠠᠰᠠᠬᠤ ᠶᠢ ᠪᠡᠷᠢᠮᠳᠠᠯᠠᠨ᠂ ᠨᠠᠮ | ᠤᠨ ᠲᠤᠳᠤᠭᠠᠳᠤᠬᠢ ᠬᠠᠤᠯᠢ ᠲᠦᠷᠢᠮ ᠢ ᠴᠢᠩᠭ᠎ᠠ ᠬᠡᠷᠡᠭᠵᠢᠬᠦᠯᠵᠦ᠂ ᠬᠠᠤᠯᠢ ᠶᠢ ᠡᠷᠬᠢᠮᠯᠡᠬᠦ᠂ ᠬᠠᠤᠯᠢ ᠶᠢ ᠰᠠᠬᠢᠬᠤ᠂ | ᠬᠠᠤᠯᠢ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠳᠦᠬᠦᠯᠦᠨ᠎ᠡ᠃ ᠨᠠᠮ ᠠᠴᠠ ᠵᠡᠪᠰᠡᠭᠳᠦ | ᠬᠦᠴᠦᠨ ᠢ ᠬᠠᠮᠢᠶᠠᠷᠬᠤ ᠶᠢ ᠪᠠᠷᠢᠮᠳᠠᠯᠠᠨ᠂ ᠪᠦᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ | ᠢ ᠬᠦᠨᠵᠡᠬᠡᠶᠢᠷᠡᠬᠦᠯᠵᠦ᠂ ᠨᠠᠮ ᠵᠠᠰᠠᠭ ᠴᠡᠷᠢᠭ ᠠᠷᠠᠳ ᠢᠶᠠᠷ ᠢᠶᠠᠨ ᠬᠠᠮᠳᠤᠷᠠᠯᠴᠠᠭᠰᠠᠨ ᠬᠢᠯᠢ ᠬᠢᠵᠠᠭᠠᠷ ᠤᠷᠤᠨ ᠢᠶᠠᠨ | ᠪᠠᠬᠢᠵᠢᠬᠦᠯᠬᠦ ᠠᠵᠢᠯ ᠤᠨ ᠲᠤᠭᠳᠠᠴᠠ ᠶᠢ ᠪᠠᠶᠢᠭᠤᠯᠤᠨ᠎ᠠ᠃ ᠬᠤᠶᠠᠷ ᠢ ᠬᠦᠷᠢᠶᠡᠯᠡᠬᠦ ᠠᠵᠢᠯ ᠢ ᠰᠠᠶᠢᠳᠦᠷ ᠬᠢᠵᠦ᠂ ︽ | ᠤᠯᠤᠰ ᠤᠨ ᠬᠤᠶᠠᠷ ᠢ ᠬᠦᠷᠢᠶᠡᠯᠡᠬᠦ ᠵᠢᠱᠢᠶ᠎ᠠ ᠦᠵᠡᠬᠦᠯᠬᠦ ᠬᠤᠳᠠ ᠪᠠᠯᠭᠠᠰᠦ︾ ᠶᠢ ᠴᠢᠷᠮᠠᠶᠢᠨ ᠪᠠᠶᠢᠭᠤᠯᠤᠨ᠎ᠠ᠃ | ᠬᠤᠶᠠᠷ᠂ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠭ ᠵᠤᠷᠢᠯᠳᠠ ᠪᠠᠨ ᠪᠠᠷᠢᠮᠳᠠᠯᠠᠨ ᠰᠠᠬᠢᠬᠤ | ᠲᠤᠮᠳᠠ ᠡᠷᠮᠡᠬᠡᠶᠢᠯᠡᠨ ᠤᠷᠤᠭᠰᠢᠯᠠᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠢᠮᠠᠭᠳᠠ ᠲᠡᠷᠢᠬᠦᠨ | ᠪᠠᠶᠢᠷᠢᠨ ᠳᠤ ᠲᠠᠯᠪᠢᠵᠦ᠂ ᠤᠯᠤᠰ ᠲᠦᠷᠦ ᠶᠢᠨ ᠮᠠᠭᠠᠳᠯᠠᠯᠳᠠ ᠶᠢᠨ ᠴᠢᠳᠠᠪᠤᠷᠢ᠂ ᠤᠶᠢᠯᠠᠭᠠᠯᠳᠠ ᠶᠢᠨ ᠴᠢᠳᠠᠪᠤᠷᠢ ᠪᠠ | ᠬᠡᠷᠡᠭᠵᠢᠬᠦᠯᠦᠯᠳᠠ ᠶᠢᠨ ᠴᠢᠳᠠᠪᠤᠷᠢ ᠪᠠᠨ ᠲᠠᠰᠤᠷᠡᠯᠳᠠ ᠦᠭᠡᠢ ᠲᠡᠬᠡᠭᠰᠢᠯᠡᠬᠦᠯᠤᠨ᠂ ︽ᠲᠦᠷᠪᠡᠨ ᠤᠬᠠᠮᠰᠠᠷ︾ ᠢ | ᠴᠢᠩᠭᠠᠳᠬᠠᠵᠦ᠂ ︽ᠲᠦᠷᠪᠡᠨ ᠢᠳᠡᠬᠡᠯ︾ ᠢᠶᠠᠨ ᠪᠠᠳᠤᠳᠬᠠᠨ᠂ ︽ᠬᠤᠶᠠᠷ ᠢ ᠬᠦᠷᠢᠶᠠᠯᠡᠬᠦ︾ ᠶᠢ | ᠪᠠᠶᠠᠯᠡᠬᠦᠯᠵᠦ᠂ ᠤᠯᠤᠰ ᠲᠦᠷᠦ ᠶᠢᠨ ᠵᠤᠭᠰᠤᠴᠠ᠂ ᠤᠯᠤᠰ ᠲᠦᠷᠦ ᠶᠢᠨ ᠴᠢᠭᠯᠡᠯᠳᠠ᠂ ᠤᠯᠤᠰ ᠲᠦᠷᠦ ᠶᠢᠨ | ᠵᠠᠷᠴᠢᠮ᠂ ᠤᠯᠤᠰ ᠲᠦᠷᠤ ᠶᠢᠨ ᠵᠠᠮ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠯᠤᠭ᠎ᠠ ᠲᠡᠬᠡᠳᠦ ᠬᠡᠮᠵᠢᠶ᠎ᠠ ᠪᠠᠷ ᠨᠢᠬᠡᠳᠦᠯᠳᠠᠢ ᠪᠠᠶᠢᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ | ᠤᠨ ᠤᠳᠤᠷᠢᠳᠤᠯᠭ᠎ᠠ ᠶᠢᠨ ᠡᠷᠬᠡ᠂ ᠬᠠᠮᠢᠶᠠᠷᠤᠯᠳᠠ ᠶᠢᠨ ᠡᠷᠬᠡ ᠪᠤᠯᠤᠨ ᠦᠬᠡ ᠶᠠᠷᠢᠶᠠᠨ ᠤ ᠡᠷᠬᠡ ᠶᠢ ᠪᠠᠳᠦ | ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠷᠡᠰ ᠴᠢᠩᠭ᠎ᠠ ᠰᠠᠶᠢᠳᠦᠷ ᠬᠢᠨ᠎ᠡ᠃ ᠰᠤᠷᠭᠠᠨ | ᠬᠦᠮᠦᠵᠢᠯ ᠤᠨ ᠭᠤᠤᠯ ᠰᠠᠭᠤᠷᠢᠨ ᠭᠠᠵᠠᠷ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠤᠶᠢᠯᠠᠭᠠᠵᠦ ᠦᠢᠯᠡᠳᠦᠯᠬᠡᠵᠢᠬᠦᠯᠬᠦ ᠶᠢ ᠡᠷᠬᠡᠪᠰᠢ ᠰᠤᠷᠤᠯᠴᠠᠬᠤ ᠬᠢᠴᠢᠶᠠᠯ ᠪᠤᠯᠭᠠᠨ᠂ ᠶᠡᠷᠦᠩᠭᠡᠢ ᠱᠦᠵᠢ | ᠰᠢ ᠶᠢᠨ ᠫᠢᠩ ᠶᠢᠨ ︽ᠲᠤᠯᠤᠭᠠᠨ ᠰᠠᠷ᠎ᠠ ᠶᠢᠨ ᠨᠢᠬᠡᠨ︾ ᠤ ᠴᠢᠬᠤᠯᠠ ᠶᠡᠷᠢᠶᠠᠨ ᠤ ᠵᠤᠷᠢᠭ ᠰᠠᠨᠠᠭ᠎ᠠ ᠶᠢ | ᠦᠷᠬᠦᠯᠵᠢᠯᠡᠨ ᠰᠢᠰᠲ᠋ᠧᠮᠵᠢᠬᠦᠯᠦᠨ ᠰᠤᠷᠤᠯᠴᠠᠵᠦ᠂ ᠲᠤᠭᠤᠰᠢᠯᠠᠭᠤᠯᠤᠨ ᠤᠶᠢᠯᠡᠳᠦᠯᠬᠡᠵᠢᠬᠦᠯᠬᠦ ᠶᠢ ᠪᠠᠶᠠᠯᠡᠬᠦᠯᠦᠨ᠂ | ᠨᠠᠮ ᠤᠨ ᠰᠢᠨ᠎ᠡ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠬᠡᠷᠡᠭᠳᠠᠢ᠃ | ᠭᠤᠷᠪᠠ᠂ ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠵᠦ᠂ ᠦᠨᠳᠦᠰᠦ ᠪᠠᠨ ᠪᠠᠬᠢᠵᠢᠬᠦᠯᠵᠦ ᠰᠠᠭᠤᠷᠢ ᠪᠠᠨ | ᠴᠢᠩᠭᠠᠳᠬᠠᠬᠤ ᠶᠢᠨ ᠲᠠᠭᠠᠤ ᠪᠠᠬᠢᠯᠡᠯᠳᠠ ᠪᠠᠨ ᠪᠠᠳᠤᠳᠬᠠᠨ᠎ᠠ᠃ ︽ᠲᠠᠪᠤᠨ ᠴᠤᠭᠴᠠᠵᠢᠯᠳᠠ ᠶᠢ ᠬᠠᠮᠳᠤᠷᠠᠭᠤᠯᠬᠤ᠂ | ᠦᠨᠳᠦᠰᠦᠨ ᠱᠠᠳᠤ ᠶᠢ ᠶᠡᠭᠡ ᠪᠠᠷ ᠠᠳᠬᠤᠬᠤ︾ ᠶᠡᠷᠦᠩᠭᠡᠢ ᠪᠠᠶᠢᠷᠢᠯᠠᠭᠤᠯᠤᠯᠳᠠ ᠶᠢ ᠴᠢᠩᠭ᠎ᠠ ᠨᠠᠶᠢᠳᠠᠪᠤᠷᠢᠵᠢᠭᠤᠯᠵᠦ᠂ | ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠦᠢᠯᠡᠳᠦᠯ ᠢ ᠪᠠᠳᠠᠷᠠᠭᠤᠯᠤᠨ᠂ ᠠᠷᠠᠳ ᠲᠤ | ᠠᠰᠢᠭ ᠬᠦᠷᠳᠡᠬᠡᠬᠦ ᠲᠦᠬᠦᠮ ᠦᠵᠡᠬᠦᠯᠬᠦ ᠦᠢᠯᠡᠴᠢᠯᠡᠭᠡ ᠦᠷᠨᠢᠬᠦᠯᠵᠦ᠂ ᠨᠠᠮ ᠤᠨ ᠪᠠᠶᠢᠭᠤᠯᠤᠯᠳᠠ ᠶᠢᠨ ᠠᠵᠢᠯ ᠤᠨ | ᠪᠦᠬᠦ ᠲᠠᠯ᠎ᠠ ᠶᠢᠨ ᠲᠡᠪᠰᠢᠯᠳᠠ ᠶᠢ ᠠᠬᠢᠭᠤᠯᠤᠨ᠎ᠠ᠃ ᠨᠠᠮ ᠤᠨ ᠪᠠᠶᠢᠭᠤᠯᠤᠯᠳᠠ ᠪᠠᠷ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠶᠢ ᠪᠠᠷᠢᠮᠳᠠᠯᠠᠵᠦ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠨᠠᠮ ᠤᠨ | ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ ᠪᠤᠯᠪᠠᠰᠤᠷᠠᠯ᠂ ᠦᠨᠡᠯᠡᠨ | ᠰᠢᠯᠭᠠᠬᠤ ᠬᠢᠨᠠᠯᠳᠠ᠂ ᠤᠷᠮᠠᠰᠢᠭᠤᠯᠤᠨ ᠪᠠᠳᠤᠯᠠᠬᠤ ᠵᠡᠷᠬᠡ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠵᠦ᠂ | ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯᠳᠠᠳ ᠤᠨ ᠠᠵᠢᠯ ᠤᠨ ᠡᠷᠴᠢ ᠵᠤᠷᠢᠭ ᠢ ᠨᠢ | ᠬᠦᠭᠵᠢᠬᠡᠨ᠂ ᠺᠠᠳ᠋ᠷ ᠴᠢᠳᠠᠪᠤᠷᠢᠳᠠᠨ ᠤ ᠰᠠᠭᠤᠷᠢ ᠶᠢ ᠪᠠᠬᠢᠵᠢᠬᠦᠯᠦᠨ᠎ᠡ᠃ ᠨᠠᠮ ᠤᠨ ᠵᠤᠬᠢᠶᠠᠨ ᠪᠠᠶᠢᠭᠤᠯᠤᠯᠳᠠ ᠶᠢᠨ | ᠰᠤᠯᠠ ᠵᠠᠳᠠᠭᠠᠢ ᠲᠤᠷᠤᠢ ᠬᠤᠶᠢᠷᠭᠤ ᠪᠠᠶᠢᠳᠠᠯ ᠢ ᠪᠠᠶᠢᠴᠠᠭᠠᠨ ᠴᠡᠭᠴᠡᠯᠡᠵᠦ᠂ ︽ᠬᠠᠮᠤᠭ ᠤᠨ ᠬᠦᠴᠦᠷᠬᠡᠭ ᠨᠠᠮ ᠤᠨ | ᠡᠬᠦᠷ︾ ᠤᠨ ᠪᠠᠶᠢᠭᠤᠯᠤᠯᠳᠠ ᠶᠢ ᠠᠬᠢᠭᠤᠯᠤᠨ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠵᠤᠬᠢᠶᠠᠨ ᠪᠠᠶᠢᠭᠤᠯᠬᠤ ᠬᠦᠴᠦᠨ᠂ ᠨᠢᠭᠳᠠᠷᠠᠭᠤᠯᠬᠤ ᠬᠦᠴᠦᠨ᠂ ᠪᠠᠶᠢᠯᠳᠤᠬᠤ ᠬᠦᠴᠦᠨ ᠢ ᠲᠡᠬᠡᠭᠰᠢᠯᠡᠬᠦᠯᠦᠨ᠎ᠡ᠃ | ᠨᠡᠶᠢᠳᠠ ᠶᠢᠨ ᠦᠮᠴᠢᠯᠠᠯ ᠤᠨ ᠪᠤᠰᠦ᠂ ᠤᠯᠠᠨ ᠨᠠᠶᠢᠳᠠ ᠪᠠ ᠬᠤᠳᠠ ᠪᠠᠯᠭᠠᠰᠤᠨ ᠤ ᠨᠠᠮ ᠤᠨ ᠪᠠᠶᠢᠭᠤᠯᠤᠯᠳᠠ ᠶᠢ | ᠴᠢᠩᠭᠠᠳᠬᠠᠵᠦ᠂ ᠡᠯ᠎ᠡ ᠬᠦᠷᠢᠶ᠎ᠠ ᠬᠡᠪᠴᠢᠶᠠᠨ ᠳᠠᠬᠢ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢ | ᠪᠠᠬᠢᠵᠢᠬᠦᠯᠦᠨ ᠬᠦᠭᠵᠢᠬᠦᠯᠵᠦ ᠪᠠᠳᠠᠷᠠᠭᠤᠯᠤᠨ᠎ᠠ᠃ | ᠲᠦᠷᠪᠡ᠂ ᠺᠠᠳ᠋ᠷ ᠤᠨ ᠡᠩᠨᠡᠭᠡ ᠶᠢ ᠲᠠᠪᠳᠡᠨ ᠪᠤᠯᠪᠠᠰᠤᠷᠠᠭᠤᠯᠵᠦ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ | ᠲᠤᠮᠳᠠ ᠠᠵᠢᠯ ᠤᠨ ᠴᠢᠳᠠᠪᠤᠷᠢ ᠶᠢ ᠨᠢ ᠨᠡᠮᠡᠭᠳᠡᠬᠦᠯᠦᠨ᠎ᠡ᠃ ︽ᠪᠤᠳᠠᠳᠠᠶᠢᠴᠢᠯᠠᠨ ᠠᠵᠢᠯᠯᠠᠵᠦ ᠪᠤᠳᠠᠳᠦ ᠦᠷ᠎ᠡ | ᠪᠦᠳᠦᠮᠵᠢ ᠤᠯᠬᠤ︾ ᠠᠷᠭ᠎ᠠ ᠬᠡᠯᠪᠡᠷᠢ ᠪᠠᠷ ᠠᠵᠢᠯᠳᠠᠨ ᠬᠡᠷᠡᠭᠯᠡᠬᠦ ᠤᠳᠤᠷᠢᠳᠤᠮᠵᠢ ᠶᠢ ᠪᠠᠷᠢᠮᠳᠠᠯᠠᠨ᠂ ᠠᠵᠢᠯᠳᠠᠨ | ᠬᠡᠷᠡᠭᠯᠡᠬᠦ ᠲᠤᠭᠳᠠᠴᠠ ᠶᠢ ᠲᠡᠬᠦᠯᠳᠡᠷᠵᠢᠬᠦᠯᠵᠦ᠂ ᠺᠠᠳ᠋ᠷ ᠠᠵᠢᠯᠳᠠᠳ ᠤᠨ ᠡᠳᠦᠷ ᠲᠤᠳᠤᠮ ᠤᠨ ᠬᠢᠨᠠᠯᠳᠠ ᠪᠠ | ᠶᠡᠷᠦᠩᠭᠡᠢ ᠵᠠᠳᠠᠯᠤᠯᠳᠠ ᠮᠠᠭᠠᠳᠯᠠᠯᠳᠠ ᠶᠢ ᠴᠢᠩᠭᠠᠳᠬᠠᠨ᠂ ᠺᠠᠳ᠋ᠷᠴᠤᠳ ᠤᠨ ᠴᠢᠳᠠᠪᠤᠷᠢ ᠶᠢ ᠲᠡᠬᠡᠭᠰᠢᠯᠡᠬᠦᠯᠦᠨ᠎ᠡ᠃ | ᠵᠠᠯᠠᠭᠤ ᠰᠢᠯᠢᠳᠡᠭ ᠠᠵᠢᠯᠳᠠᠳ ᠢ ᠬᠦᠮᠦᠵᠢᠬᠦᠯᠵᠦ᠂ ᠡᠮᠡᠭᠳᠠᠢ ᠺᠠᠳ᠋ᠷ᠂ ᠴᠦᠬᠡᠨ ᠲᠤᠭᠠᠳᠦ ᠦᠨᠳᠦᠰᠦᠳᠡᠨ ᠤ ᠺᠠᠳ᠋ᠷ | ᠪᠤᠯᠤᠨ ᠨᠠᠮ ᠤᠨ ᠭᠠᠳᠠᠨᠠᠬᠢ ᠺᠠᠳ᠋ᠷᠴᠤᠳ ᠢ ᠪᠤᠯᠪᠠᠰᠤᠷᠠᠭᠤᠯᠤᠨ ᠬᠡᠷᠡᠭᠯᠡᠬᠦ ᠠᠵᠢᠯ ᠢ ᠨᠢᠬᠡᠳᠦᠯᠳᠠᠢ ᠰᠠᠶᠢᠳᠦᠷ ᠬᠢᠵᠦ᠂ | ᠺᠠᠳ᠋ᠷ ᠠᠵᠢᠯᠳᠠᠳ ᠤᠨ ᠡᠩᠨᠡᠬᠡᠨ ᠤ ᠪᠦᠳᠦᠴᠡ ᠶᠢᠨ ᠲᠤᠬᠢᠷᠠᠭᠤᠯᠤᠯᠳᠠ ᠶᠢ ᠵᠦᠢ ᠵᠤᠬᠢᠰᠳᠠᠢ ᠪᠠᠶᠢᠬᠤ ᠶᠢ | ᠠᠬᠢᠭᠤᠯᠤᠨ᠎ᠠ᠃ ᠴᠢᠳᠠᠪᠤᠷᠢᠳᠠᠨ ᠢᠶᠠᠷ ᠬᠤᠰᠢᠭᠤ ᠪᠠᠨ ᠬᠦᠴᠦᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠦᠨ᠂ ᠲᠡᠬᠡᠳᠦ ᠲᠡᠰ ᠤᠨ ᠴᠢᠳᠠᠪᠤᠷᠢᠳᠠᠨ ᠪᠠ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠶᠡᠬᠡᠪᠡᠷ ᠲᠠᠳᠠᠨ | ᠤᠷᠤᠭᠤᠯᠵᠦ᠂ ᠨᠠᠮ ᠤᠨ ᠬᠠᠮᠢᠶᠠᠷᠤᠯᠳᠠ ᠶᠢᠨ ᠴᠢᠳᠠᠪᠤᠷᠢᠳᠠᠨ ᠤ ᠠᠵᠢᠯ ᠤᠨ ᠲᠤᠭᠳᠠᠴᠠ ᠪᠤᠯᠤᠨ ᠴᠢᠳᠠᠪᠤᠷᠢᠳᠠᠨ ᠤ | ᠰᠢᠯᠵᠢᠯᠳᠠ ᠶᠢᠨ ᠲᠤᠭᠳᠠᠴᠠ ᠶᠢ ᠪᠦᠷᠢᠰᠢᠬᠦᠯᠵᠦ᠂ ᠦᠬᠡᠷᠡᠴᠢᠯᠡᠯᠳᠠ ᠬᠦᠭᠵᠢᠯᠳᠠ ᠶᠢᠨ ᠦᠢᠯᠡᠰ ᠢ ᠪᠦᠬᠦ ᠲᠠᠯ᠎ᠠ ᠪᠠᠷ | ᠠᠬᠢᠭᠤᠯᠬᠤ ᠳᠤ ᠴᠢᠳᠠᠪᠤᠷᠢᠳᠠᠨ ᠤ ᠪᠠᠳᠤᠯᠠᠭ᠎ᠠ ᠬᠠᠩᠭᠠᠨ᠎ᠠ᠃ | ᠲᠠᠪᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠬᠡᠪᠡᠷ ᠵᠠᠰᠠᠬᠤ ᠶᠢ ᠪᠠᠷᠢᠮᠳᠠᠯᠠᠵᠦ᠂ ᠰᠤᠷᠳᠠᠯ ᠢ | ᠴᠡᠭᠴᠡᠯᠡᠵᠦ ᠰᠠᠬᠢᠯᠭ᠎ᠠ ᠪᠠᠳᠦ ᠶᠢ ᠴᠢᠩᠭᠠᠯᠠᠬᠤ ᠲᠤᠮᠳᠠ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠦᠨ᠎ᠡ᠃ | ︽ᠴᠢᠩᠭᠠᠯᠠᠬᠤ︾ ᠬᠦᠭ ᠠᠶᠢᠵᠢᠮ ᠢ ᠤᠷᠳᠦ ᠬᠤᠭᠤᠴᠠᠭ᠎ᠠ ᠪᠠᠷ ᠪᠠᠷᠢᠮᠳᠠᠯᠠᠨ᠂ ᠤᠯᠤᠰ ᠲᠦᠷᠦ ᠶᠢᠨ ᠬᠢᠨᠠᠯᠳᠠ᠂ | ᠡᠳᠦᠷ ᠲᠤᠳᠤᠮ ᠤᠨ ᠬᠢᠨᠠᠯᠳᠠ ᠪᠠ ᠲᠤᠰᠬᠠᠢ ᠲᠦᠷᠦᠯ ᠤᠨ ᠬᠢᠨᠠᠯᠳᠠ ᠶᠢᠨ ᠬᠦᠴᠦᠯᠡᠴᠡ ᠪᠠᠨ ᠨᠡᠮᠡᠭᠳᠡᠬᠦᠯᠵᠦ᠂ | ᠭᠤᠤᠯ ᠬᠠᠷᠢᠭᠤᠴᠠᠬᠤ ᠬᠦᠮᠦᠨ ᠵᠡᠷᠬᠡ ᠵᠠᠩᠭᠢᠯᠠᠭ᠎ᠠ ᠶᠢᠨ ᠴᠦᠬᠡᠨ ᠲᠤᠭᠠᠨ ᠤ ᠬᠦᠮᠦᠰ ᠲᠠᠬᠢ ᠬᠢᠨᠠᠯᠳᠠ ᠪᠠᠨ | ᠴᠢᠩᠭᠠᠳᠬᠠᠨ᠂ ︽ᠲᠦᠷᠪᠡᠨ ᠵᠤᠶᠢᠯ ᠤᠨ ᠬᠡᠯᠪᠡᠷᠢ︾ ᠶᠢ ᠤᠨᠤᠪᠴᠢᠳᠠᠢ ᠬᠡᠷᠡᠭᠯᠡᠵᠦ᠂ ᠭᠤᠤᠯ ᠴᠤᠭᠴᠠᠳᠦ | ᠬᠠᠷᠢᠭᠤᠴᠠᠯᠭ᠎ᠠ ᠪᠠ ᠬᠢᠨᠠᠯᠳᠠ ᠶᠢᠨ ᠬᠠᠷᠢᠭᠤᠴᠠᠯᠭ᠎ᠠ ᠶᠢ ᠬᠠᠮᠳᠤᠪᠠᠷ ᠠᠬᠢᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ︽ᠬᠠᠮᠳᠦ ᠶᠢᠨ ᠬᠠᠷᠢᠭᠤᠴᠠᠯᠭ᠎ᠠ︾ ᠶᠢ ᠪᠦᠷᠢᠳᠦᠬᠦᠯᠦᠨ᠎ᠡ᠃ ᠢᠯᠵᠢᠷᠡᠯ ᠢ ᠡᠰᠡᠷᠬᠦᠴᠡᠬᠦ ᠲᠡᠮᠡᠴᠡᠯ ᠢ | ᠲᠠᠰᠤᠷᠠᠯᠳᠠ ᠦᠭᠡᠢ ᠬᠦᠨᠵᠡᠬᠡᠶᠢᠷᠡᠬᠦᠯᠵᠦ᠂ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ᠂ ᠵᠠᠩᠭᠢᠯᠠᠭ᠎ᠠ ᠶᠢᠨ ᠠᠵᠢᠯ ᠤᠨ | ᠪᠠᠶᠢᠷᠢ ᠪᠠ ᠵᠠᠩᠭᠢᠯᠠᠭ᠎ᠠ ᠶᠢᠨ ᠭᠤᠭᠴᠤᠭᠠᠨ ᠳᠤ ᠲᠦᠪᠯᠡᠷᠡᠨ᠂ ᠤᠴᠢᠷ ᠶᠠᠪᠤᠳᠠᠯ ᠢ ᠨᠡᠪᠳᠡᠷᠡᠳᠡᠯ᠎ᠡ ᠮᠦᠷᠳᠡᠨ | ᠪᠠᠶᠢᠴᠠᠭᠠᠨᠵᠦ᠂ ᠤᠯᠠᠨ ᠲᠦᠮᠡᠨ ᠤ ᠲᠡᠷᠬᠡᠳᠡᠬᠢ ᠲᠦᠪ ᠪᠤᠰᠦ ᠰᠤᠷᠳᠠᠯ ᠪᠠ ᠢᠯᠵᠢᠷᠠᠯ ᠤᠨ ᠠᠰᠠᠭᠤᠳᠠᠯ ᠢ ᠡᠷᠡᠰ | ᠴᠢᠩᠭ᠎ᠠ ᠪᠠᠶᠢᠴᠠᠭᠠᠨ ᠢᠯᠡᠷᠡᠬᠦᠯᠵᠦ᠂ ︽ᠭᠤᠷᠪᠠᠨ ᠦᠭᠡᠢ︾ ᠲᠤᠭᠳᠠᠴᠠ ᠶᠢ ᠪᠦᠬᠦᠯᠢ ᠴᠤᠭᠴᠠ ᠪᠠᠷ ᠨᠢ | ᠠᠬᠢᠭᠤᠯᠤᠨ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ ᠢᠯᠡᠯᠳᠠ ᠶᠢ ᠴᠢᠷᠮᠠᠶᠢᠨ ᠤᠯᠤᠨ᠎ᠠ᠃ ᠤᠯᠤᠰ ᠲᠦᠷᠦ ᠶᠢᠨ | ᠲᠤᠭᠤᠷᠢᠨ ᠪᠠᠶᠢᠴᠠᠭᠠᠯᠳᠠ ᠶᠢ ᠡᠷᠡᠰ ᠭᠤᠶᠢᠪᠢᠰᠢ ᠦᠭᠡᠢ ᠬᠦᠨᠵᠡᠬᠡᠶᠢᠷᠡᠬᠦᠯᠦᠨ᠂ ᠰᠢᠨ᠎ᠡ ᠡᠷᠡᠨ ᠤ ᠬᠤᠰᠢᠭᠤ ᠨᠠᠮ ᠤᠨ | ᠬᠤᠷᠢᠶᠠᠨ ᠤ ᠲᠤᠭᠤᠷᠢᠨ ᠪᠠᠶᠢᠴᠠᠭᠠᠯᠳᠠ ᠶᠢ ᠪᠦᠬᠦ ᠲᠠᠯ᠎ᠠ ᠪᠠᠷ ᠪᠦᠷᠬᠦᠬᠦᠯᠬᠦ ᠡᠬᠦᠷᠬᠡ ᠶᠢ ᠪᠠᠶᠠᠯᠠᠬᠦᠯᠵᠦ᠂ ᠲᠤᠭᠤᠷᠢᠨ | ᠪᠠᠶᠢᠴᠠᠭᠠᠯᠳᠠ ᠪᠠ ᠰᠠᠬᠢᠯᠭ᠎ᠠ ᠪᠠᠳᠦ ᠶᠢ ᠪᠠᠶᠢᠴᠠᠭᠠᠬᠤ᠂ ᠵᠤᠬᠢᠶᠠᠨ ᠪᠠᠶᠢᠭᠤᠯᠬᠤ᠂ ᠬᠢᠨᠠᠨ ᠪᠤᠳᠤᠬᠤ ᠵᠡᠷᠬᠡ ᠨᠠᠮ ᠤᠨ | ᠲᠤᠳᠤᠭᠠᠳᠤᠬᠢ ᠪᠤᠰᠤᠳ ᠬᠢᠨᠠᠯᠳᠠ ᠶᠢ ᠤᠷᠭᠠᠨᠢᠭ ᠢᠶᠠᠷ ᠤᠶᠠᠯᠳᠤᠭᠤᠯᠤᠨ᠂ ᠬᠢᠨᠠᠯᠳᠠ ᠶᠢᠨ ᠬᠦᠴᠦᠨ ᠢ | ᠨᠡᠮᠡᠭᠳᠡᠬᠦᠯᠦᠨ᠎ᠡ᠃ | ᠡᠯ᠎ᠡ ᠲᠦᠯᠦᠬᠡᠯᠡᠭᠴᠢᠳ᠂ ᠨᠦᠬᠦᠳ ᠡ᠄ ᠪᠢᠳᠠ ᠤᠯᠠᠨ ᠢᠶᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠤᠭ ᠵᠤᠷᠢᠯᠳᠠ | ᠡᠬᠦᠷᠬᠡ ᠬᠠᠷᠢᠭᠤᠴᠠᠯᠭ᠎ᠠ ᠪᠠᠨ ᠪᠠᠳᠦ ᠴᠡᠬᠡᠵᠢᠯᠡᠨ᠂ ᠢᠳᠡᠬᠡᠯ ᠵᠤᠷᠢᠭ ᠢᠶᠠᠨ ᠪᠠᠳᠤᠳᠬᠠᠵᠦ᠂ ᠨᠠᠮ ᠤᠨ ᠦᠨᠳᠦᠰᠦᠨ | ᠵᠤᠷᠢᠯᠳᠠ ᠶᠢ ᠦᠢᠯᠡᠳᠦᠯᠬᠡᠵᠢᠬᠦᠯᠦᠨ᠂ ᠢᠮᠠᠭᠳᠠ ᠠᠷᠠᠳ ᠲᠦᠮᠡᠨ ᠯᠦᠭᠡ ᠴᠤᠭ ᠰᠡᠳᠬᠢᠨ ᠴᠤᠭ ᠠᠵᠢᠯᠯᠠᠵᠦ᠂ | ᠵᠤᠪᠠᠭᠤᠷᠢ ᠵᠦᠳᠡᠬᠦᠷᠢ ᠪᠠᠨ ᠬᠠᠮᠳᠤᠳᠬᠠᠨ᠂ ᠬᠦᠴᠢᠷ ᠪᠡᠷᠬᠡ ᠶᠢ ᠲᠤᠭᠤᠯᠵᠦ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠬᠦᠬᠡᠬᠡᠴᠡᠯᠳᠦᠯ ᠢ ᠪᠡᠶᠠᠯᠡᠬᠦᠯᠬᠦ ᠪᠠᠷ ᠰᠢᠨᠳᠠᠷᠠᠰᠢ ᠦᠭᠡᠢ ᠴᠢᠷᠮᠠᠶᠢᠨ᠂ ᠨᠠᠮ ᠪᠠ ᠠᠷᠠᠳ | ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠰᠤᠭᠠᠢ︕ | ᠢᠷᠡᠯᠳᠡ᠄ ᠳᠦᠷᠪᠡᠳ ᠬᠤᠰᠢᠭᠤᠨ ᠤ ᠵᠠᠰᠠᠭ ᠤᠨ ᠣᠷᠳᠤᠨ | ᠳᠡᠪᠰᠢᠭᠦᠯᠦᠭᠴᠢ᠄ ᠬᠠᠶᠢᠷ᠎ᠠ | |