ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠴᠢᠨᠠᠷ ᠰᠠᠶᠢᠳᠠᠢ ᠬᠦᠭᠵᠢᠯᠳᠠ ᠶᠢ | ᠡᠷᠡᠰ ᠭᠤᠶᠢᠪᠢᠰᠢ ᠦᠭᠡᠢ ᠲᠦᠯᠬᠢᠨ ᠠᠬᠢᠭᠤᠯᠵᠦ᠂ ᠲᠦᠷᠪᠡᠳ ᠬᠤᠰᠢᠭᠤᠨ ᠤ ᠤᠳᠤᠬᠢᠴᠢᠯᠠᠭᠰᠠᠨ ᠪᠦᠳᠦᠬᠡᠨ | ᠪᠠᠶᠢᠭᠤᠯᠤᠯᠳᠠ ᠶᠢᠨ ᠰᠢᠨ᠎ᠡ ᠠᠶᠠᠨ ᠳᠤ ᠡᠷᠡᠰ ᠴᠢᠩᠭ᠎ᠠ ᠪᠠᠳᠤᠯᠠᠭ᠎ᠠ ᠬᠠᠩᠭᠠᠰᠤᠭᠠᠢ | — ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ | ᠲᠦᠯᠦᠬᠡᠯᠡᠭᠴᠢᠳ ᠤᠨ ᠶᠡᠭᠡ ᠬᠤᠷᠠᠯ ᠲᠡᠬᠡᠷᠡᠬᠢ ᠮᠡᠳᠡᠬᠦᠯᠦᠯᠳᠠ | ︵2021 ᠤᠨ ᠤ 9 ᠰᠠᠷ᠎ᠠ ᠶᠢᠨ 15 ᠤ ᠡᠳᠦᠷ︶ | ᠯᠤ᠋ ᠸᠧᠨ ᠵᠧᠨ | ᠡᠯ᠎ᠡ ᠲᠦᠯᠦᠬᠡᠯᠡᠭᠴᠢᠳ᠂ ᠨᠦᠬᠦᠳ ᠡ᠄ | ᠪᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ | ᠮᠡᠳᠡᠬᠦᠯᠦᠯᠳᠠ ᠬᠢᠶ᠎ᠠ᠂ ᠬᠢᠨᠠᠨ ᠵᠦᠪᠯᠡᠬᠦ ᠪᠤᠯᠪᠠᠤ᠃ | ᠨᠢᠬᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ | ᠦᠩᠭᠡᠷᠡᠭᠰᠡᠨ ᠲᠠᠪᠤᠨ ᠵᠢᠯ ᠪᠤᠯ ᠪᠦᠬᠦ ᠬᠤᠰᠢᠭᠤᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ | ᠬᠦᠨᠵᠡᠬᠡᠶᠢᠷᠡᠬᠦᠯᠦᠨ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠢᠯᠡᠳᠳᠡ ᠠᠮᠵᠢᠯᠳᠠ ᠤᠯᠤᠭᠰᠠᠨ | ᠲᠠᠪᠤᠨ ᠵᠢᠯ᠂ ᠢᠯᠵᠢᠷᠡᠯ ᠢ ᠡᠰᠡᠷᠬᠦᠴᠡᠬᠦ ᠲᠡᠮᠡᠴᠡᠯ ᠲᠤᠶᠢᠯᠪᠤᠷᠢᠳᠠᠢ ᠠᠮᠵᠢᠯᠳᠠ ᠤᠯᠤᠭᠰᠠᠨ ᠴᠢᠬᠤᠯᠠ ᠲᠠᠪᠤᠨ ᠵᠢᠯ | ᠪᠤᠯᠤᠨ᠎ᠠ᠃ ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠡᠯ᠎ᠡ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ | ᠬᠢᠨᠠᠨ ᠪᠠᠶᠢᠴᠠᠭᠠᠬᠤ ᠠᠯᠪᠠᠨ ᠪᠠᠶᠢᠭᠤᠯᠭ᠎ᠠ ᠨᠢ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠠ ᠬᠤᠰᠢᠭᠤ | ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠲᠡᠬᠡᠷ᠎ᠡ ᠱᠠᠳᠤᠨ ᠤ ᠰᠠᠬᠢᠯᠭ᠎ᠠ ᠪᠠᠳᠦ | ᠪᠠᠶᠢᠴᠠᠭᠠᠬᠤ ᠬᠤᠷᠢᠶ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ ᠲᠤᠬᠠᠢ ᠡᠯ᠎ᠡ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠨᠠᠮ ᠤᠨ ᠲᠦᠷᠢᠮ ᠪᠠ ᠦᠨᠳᠦᠰᠦᠨ ᠬᠠᠤᠯᠢ ᠠᠴᠠ ᠤᠯᠭᠤᠭᠰᠠᠨ ᠡᠬᠦᠷᠬᠡ | ᠬᠠᠷᠢᠭᠤᠴᠠᠯᠭ᠎ᠠ ᠶᠢ ᠦᠨᠡᠨᠴᠢ ᠰᠢᠳᠤᠷᠭᠤ ᠪᠠᠷ ᠪᠠᠶᠠᠯᠡᠬᠦᠯᠦᠨ᠂ ︽ᠢᠯᠵᠢᠷᠠᠬᠤ ᠠᠴᠠ ᠠᠶᠤᠬᠤ᠂ ᠢᠯᠵᠢᠷᠠᠵᠦ ᠪᠤᠯᠬᠤ | ᠦᠭᠡᠢ᠂ ᠢᠯᠵᠢᠷᠠᠬᠤ ᠶᠢ ᠪᠤᠳᠤᠬᠤ ᠦᠭᠡᠢ︾ ᠪᠠᠶᠢᠳᠠᠯ ᠢ ᠪᠦᠬᠦᠯᠢ ᠴᠤᠭᠴᠠ ᠪᠠᠷ ᠠᠬᠢᠭᠤᠯᠵᠦ᠂ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠠᠵᠢᠯ ᠤᠨ ᠬᠦᠨᠵᠡᠬᠡᠶᠢᠷᠡᠬᠦᠯᠦᠯᠳᠠ ᠶᠢ ᠡᠷᠡᠰ | ᠭᠤᠶᠢᠪᠢᠰᠢ ᠦᠭᠡᠢ ᠠᠬᠢᠭᠤᠯᠤᠨ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠠ | ᠳᠤ ᠡᠷᠡᠰ ᠴᠢᠩᠭ᠎ᠠ ᠰᠠᠬᠢᠯᠭ᠎ᠠ ᠪᠠᠳᠦ ᠶᠢᠨ ᠪᠠᠳᠤᠯᠠᠭ᠎ᠠ ᠬᠠᠩᠭᠠᠪᠠ᠃ | ︵ᠨᠢᠬᠡ︶ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ | ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ᠂ ︽ᠬᠤᠶᠠᠷ ᠢ ᠬᠦᠷᠢᠶᠡᠯᠡᠬᠦ︾ ᠡᠬᠦᠷᠬᠡ | ᠬᠠᠷᠢᠭᠤᠴᠠᠯᠭ᠎ᠠ ᠶᠢ ᠰᠢᠳᠤᠷᠭᠤ ᠪᠠᠷ ᠪᠠᠶᠠᠯᠡᠬᠦᠯᠪᠡ᠃ | ᠰᠢᠨ᠎ᠡ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ | ᠤᠳᠤᠷᠢᠳᠬᠤ ᠪᠠᠭ ᠠᠴᠠ ᠲᠠᠭᠠᠭᠤᠯᠤᠨ ᠨᠠᠮ ᠤᠨ ᠤᠨᠤᠯ ᠱᠤᠭᠤᠮ ᠴᠢᠭᠯᠡᠯᠳᠠ ᠪᠤᠳᠤᠯᠭ᠎ᠠ ᠶᠢ ᠰᠤᠷᠤᠯᠴᠠᠨ | ᠲᠤᠭᠤᠰᠢᠯᠠᠭᠤᠯᠵᠦ᠂ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ᠂ ᠤᠨᠤᠯ | ᠰᠤᠷᠤᠯᠴᠠᠬᠤ ᠭᠤᠤᠯ ᠲᠤᠭᠤᠶᠢᠯᠠᠩ ᠤᠨ ᠬᠤᠷᠠᠯ᠂ ᠨᠠᠮ ᠤᠨ ᠡᠬᠦᠷ ᠤᠨ ᠬᠤᠷᠠᠯ᠂ ᠲᠦᠪᠯᠡᠷᠡᠬᠦᠯᠦᠨ | ᠪᠤᠯᠪᠠᠰᠤᠷᠠᠭᠤᠯᠬᠤ ᠬᠤᠷᠠᠯ᠂ ᠲᠤᠰᠬᠠᠢ ᠰᠡᠳᠦᠪᠳᠦ ᠬᠤᠷᠠᠯ ᠵᠡᠷᠬᠡ ᠪᠠᠷ ᠲᠠᠮᠵᠢᠨ᠂ ᠪᠦᠬᠦ ᠬᠤᠰᠢᠭᠤᠨ ᠤ ᠰᠠᠬᠢᠯᠭ᠎ᠠ | ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠠᠳ ᠢ ᠵᠤᠬᠢᠶᠠᠨ ᠪᠠᠶᠢᠭᠤᠯᠤᠨ᠂ ᠰᠢ ᠶᠢᠨ ᠫᠢᠩ ᠤᠨ ᠰᠢᠨ᠎ᠡ | ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ | ᠠᠷᠪᠠ ᠶᠢᠰᠦᠳᠦᠬᠡᠷ ᠶᠡᠭᠡ ᠬᠤᠷᠠᠯ ᠵᠢᠴᠢ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠰᠤᠷᠤᠯᠴᠠᠭᠤᠯᠤᠨ ᠲᠤᠭᠤᠰᠢᠯᠠᠭᠤᠯᠵᠦ᠂ ᠭᠤᠤᠯ ᠠᠭᠤᠯᠭ᠎ᠠ ᠬᠢᠬᠡᠳ ᠵᠤᠷᠢᠭ ᠰᠠᠨᠠᠭᠠᠨ ᠤ ᠪᠤᠳᠠᠳᠦ ᠴᠢᠨᠠᠷ ᠢ ᠪᠦᠬᠦ | ᠲᠠᠯ᠎ᠠ ᠪᠠᠷ ᠤᠨᠤᠪᠴᠢᠳᠠᠢ ᠤᠶᠢᠯᠠᠭᠠᠨ ᠲᠠᠨᠢᠵᠦ᠂ ᠤᠯᠤᠰ ᠲᠦᠷᠦ ᠶᠢᠨ ᠤᠨᠤᠯ ᠢᠶᠠᠷ ᠲᠠᠷᠢᠬᠢ ᠲᠤᠯᠤᠭᠠᠢ ᠪᠠᠨ | ᠵᠡᠪᠰᠡᠭᠯᠡᠬᠦ᠂ ᠵᠢᠯᠤᠭᠤᠳᠤᠨ ᠦᠢᠯᠡᠳᠦᠯᠬᠡᠵᠢᠬᠦᠯᠬᠦ ᠪᠠ ᠠᠵᠢᠯ ᠢᠶᠠᠨ ᠠᠬᠢᠭᠤᠯᠬᠤ ᠶᠢ ᠪᠠᠶᠠᠯᠡᠬᠦᠯᠦᠨ᠂ ᠤᠨᠴᠠ | ᠴᠤᠯᠭᠤᠷᠠᠭᠰᠠᠨ ᠤᠯᠤᠰ ᠲᠦᠷᠦ ᠶᠢᠨ ᠴᠢᠳᠠᠪᠤᠷᠢ ᠪᠠ ᠪᠤᠳᠠᠳᠦ ᠤᠶᠢᠯᠠ ᠠᠵᠢᠯᠯᠠᠭ᠎ᠠ ᠪᠠᠷ ᠢᠶᠠᠨ ︽ᠬᠤᠶᠠᠷ ᠢ | ᠬᠦᠷᠢᠶᠠᠯᠡᠬᠦ︾ ᠶᠢ ᠦᠢᠯᠡᠳᠦᠯᠬᠡᠵᠢᠬᠦᠯᠪᠡ᠃ | ᠬᠤᠰᠢᠭᠤ ᠨᠠᠮ ᠤᠨ ᠬᠤᠷᠢᠶ᠎ᠠ ᠯᠤᠭ᠎ᠠ ᠬᠠᠮᠵᠢᠯᠴᠠᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠪᠡ᠃ ᠨᠠᠮ ᠤᠨ | ᠬᠤᠷᠢᠶ᠎ᠠ ︵ᠨᠠᠮ ᠤᠨ ᠵᠤᠬᠢᠶᠠᠨ ᠪᠠᠶᠢᠭᠤᠯᠤᠯᠳᠠ︶ ᠶᠢᠨ ᠭᠤᠤᠯ ᠬᠠᠷᠢᠭᠤᠴᠠᠯᠭ᠎ᠠ᠂ ᠰᠠᠬᠢᠯᠭ᠎ᠠ ᠪᠠᠳᠦ ᠪᠠᠶᠢᠴᠠᠭᠠᠬᠤ | ᠬᠤᠷᠢᠶᠠᠨ ᠤ ᠬᠢᠨᠠᠯᠳᠠ ᠶᠢᠨ ᠬᠠᠷᠢᠭᠤᠴᠠᠯᠭ᠎ᠠ᠂ ᠱᠦᠵᠢ ᠶᠢᠨ ︽ᠨᠢᠬᠡᠳᠦᠬᠡᠷ ᠬᠠᠷᠢᠭᠤᠴᠠᠯᠭᠠᠳᠦ ᠬᠦᠮᠦᠨ ᠤ | ᠬᠠᠷᠢᠭᠤᠴᠠᠯᠭ᠎ᠠ︾᠂ ᠤᠳᠤᠷᠢᠳᠬᠤ ᠪᠠᠭ ᠤᠨ ︽ᠨᠢᠬᠡ ᠠᠵᠢᠯ ᠤᠨ ᠪᠠᠶᠢᠷᠢ ᠳᠠᠬᠢ ᠬᠤᠤᠰ ᠬᠠᠷᠢᠭᠤᠴᠠᠯᠭ᠎ᠠ︾ ᠶᠢ | ᠬᠠᠮᠳᠤᠳᠬᠠᠨ ᠪᠦᠬᠦᠯᠢ ᠴᠤᠭᠴᠠ ᠳᠤᠨᠢ ᠬᠢᠨᠠᠪᠠ᠃ ᠪᠦᠬᠦ ᠬᠤᠰᠢᠭᠤᠨ ᠤ ᠨᠠᠮ ᠢ ᠬᠠᠮᠢᠶᠠᠷᠴᠦ ᠨᠠᠮ ᠢ ᠵᠠᠰᠠᠬᠤ ᠪᠦᠬᠦ | ᠲᠠᠯ᠎ᠠ ᠶᠢᠨ ᠴᠢᠨᠠᠷᠳᠠᠢ ᠠᠰᠠᠭᠤᠳᠠᠯ ᠪᠠ ᠴᠢᠬᠤᠯᠠ ᠶᠡᠭᠡ ᠬᠡᠷᠡᠭ ᠶᠠᠪᠤᠳᠠᠯ ᠳᠤ ᠬᠠᠨᠳᠤᠭᠤᠯᠤᠨ᠂ ᠬᠦᠨᠵᠡᠬᠡᠢ | ᠰᠤᠳᠤᠯᠤᠨ ᠪᠦᠬᠦ ᠲᠠᠯ᠎ᠠ ᠶᠢ ᠪᠤᠳᠤᠯᠬᠢᠯᠠᠵᠦ᠂ ᠬᠤᠰᠢᠭᠤ ᠨᠠᠮ ᠤᠨ ᠬᠤᠷᠢᠶ᠎ᠠ ᠳᠤ ᠪᠦᠬᠦ ᠬᠤᠰᠢᠭᠤᠨ ᠤ ᠤᠯᠤᠰ | ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠬᠦᠯᠬᠦ ᠶᠢᠨ ᠬᠠᠮᠳᠦ ᠠᠷᠭ᠎ᠠ ᠪᠤᠳᠤᠯᠭ᠎ᠠ | ᠰᠠᠨᠠᠯ ᠵᠦᠪᠯᠡᠯᠬᠡ ᠲᠤᠷᠠᠳᠤᠨ᠂ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠤᠭᠳᠠᠭᠠᠵᠦ᠂ ᠬᠤᠰᠢᠭᠤ ᠨᠠᠮ ᠤᠨ | ᠬᠤᠷᠢᠶ᠎ᠠ ᠶᠢ ᠬᠠᠪᠰᠤᠷᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠦᠨᠵᠡᠬᠡᠢ ᠠᠬᠢᠭᠤᠯᠪᠠ᠃ ᠲᠠᠪᠤᠨ ᠵᠢᠯ | ᠤᠨ ᠲᠤᠷᠰᠢ᠂ ︽ᠬᠤᠶᠠᠷ ᠬᠠᠷᠢᠭᠤᠴᠠᠯᠭ᠎ᠠ︾ ᠶᠢ ᠪᠤᠳᠠᠳᠠᠶᠢᠵᠢᠭᠤᠯᠤᠭᠰᠠᠨ ᠦᠭᠡᠢ 113 ᠨᠠᠮ ᠤᠨ ᠬᠡᠰᠢᠬᠦᠨ | ᠺᠠᠳ᠋ᠷᠴᠤᠳ ᠠᠴᠠ ᠬᠠᠷᠢᠭᠤᠴᠠᠯᠭ᠎ᠠ ᠨᠡᠬᠡᠮᠵᠢᠯᠡᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠲᠠᠮᠵᠢᠨ᠂ ︽ᠬᠤᠶᠠᠷ | ᠬᠠᠷᠢᠭᠤᠴᠠᠯᠭ᠎ᠠ︾ ᠶᠢᠨ ᠨᠠᠶᠢᠳᠠᠪᠤᠷᠢᠵᠢᠭᠤᠯᠤᠯᠳᠠ ᠶᠢ ᠪᠤᠳᠠᠳᠠᠶᠢᠵᠢᠭᠤᠯᠪᠠ᠃ ᠢᠯᠵᠢᠷᠡᠯ ᠢ ᠡᠰᠡᠷᠬᠦᠴᠡᠬᠦ ᠲᠤᠭᠤᠶᠢᠯᠠᠩ | ᠤᠨ ᠲᠠᠭᠠᠭᠤᠯᠤᠭᠴᠢ ᠦᠢᠯᠡᠳᠦᠯ ᠢ ᠬᠦᠢᠴᠡᠳ ᠪᠠᠳᠠᠷᠠᠭᠤᠯᠵᠦ᠂ ᠢᠯᠵᠢᠷᠡᠯ ᠢ ᠡᠰᠡᠷᠬᠦᠴᠡᠬᠦ ᠠᠵᠢᠯ ᠢ ᠲᠠᠰᠤᠷᠠᠯᠳᠠ | ᠦᠭᠡᠢ ᠵᠤᠬᠢᠶᠠᠨ ᠪᠠᠶᠢᠭᠤᠯᠤᠨ ᠵᠤᠬᠢᠴᠠᠭᠤᠯᠵᠦ᠂ ᠠᠵᠢᠯ ᠤᠨ ᠲᠦᠷᠢᠮ ᠢ ᠤᠯᠠᠮ ᠨᠢᠬᠡ ᠠᠯᠬᠤᠮ ᠲᠦᠷᠢᠮᠵᠢᠬᠦᠯᠦᠨ᠂ | ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠪᠠ᠃ ᠲᠠᠪᠤᠨ ᠵᠢᠯ ᠤᠨ ᠲᠤᠷᠰᠢ᠂ ᠬᠠᠤᠯᠢ ᠶᠢᠨ ᠪᠠᠶᠢᠭᠤᠯᠭ᠎ᠠ ᠠᠴᠠ | ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠳᠤ 98 ᠬᠤᠪᠢ ᠠᠰᠠᠭᠤᠳᠠᠯ ᠤᠨ ᠰᠦᠪᠡᠭᠴᠢ | ᠬᠠᠩᠭᠠᠨ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠠᠴᠠ ᠪᠠᠶᠢᠴᠠᠭᠠᠬᠤ ᠪᠠᠶᠢᠭᠤᠯᠭ᠎ᠠ ᠳᠤ 7 | ᠬᠢᠨᠠᠨ ᠪᠠᠶᠢᠴᠠᠭᠠᠯᠳᠠ ᠶᠢᠨ ᠬᠡᠷᠡᠭ ᠲᠠᠰᠤᠯᠤᠨ ᠬᠦᠷᠬᠡᠵᠦ᠂ ᠢᠯᠵᠢᠷᠡᠯ ᠢ ᠡᠰᠡᠷᠬᠦᠴᠡᠬᠦ ᠠᠵᠢᠯ ᠢ ᠤᠯᠠᠮ | ᠡᠷᠴᠢᠮᠵᠢᠬᠦᠯᠪᠠ᠃ | ᠤᠯᠤᠰ ᠲᠦᠷᠦ ᠶᠢᠨ ᠬᠢᠨᠠᠯᠳᠠ ᠶᠢ ᠪᠤᠳᠠᠳᠠᠢ ᠠᠳᠬᠤᠪᠠ᠃ ︽ᠨᠠᠷᠢᠯᠢᠭ ᠤᠨᠤᠪᠴᠢᠳᠠᠢ ᠪᠠᠷ ᠬᠢᠨᠠᠬᠤ ᠤᠨ︾ ᠤ | ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠬᠦᠯᠵᠦ᠂ ︽ᠲᠦᠷᠪᠡᠳ ᠬᠤᠰᠢᠭᠤᠨ ᠤ ᠰᠠᠬᠢᠯᠭ᠎ᠠ ᠪᠠᠳᠦ | ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠤᠨ ᠤᠯᠤᠰ ᠲᠦᠷᠦ ᠶᠢᠨ ᠬᠢᠨᠠᠯᠳᠠ ᠶᠢᠨ ᠲᠠᠩᠰᠠ︾ ᠶᠢ ᠲᠤᠭᠳᠠᠭᠠᠬᠤ | ᠶᠢᠨ ᠬᠠᠮᠳᠦ ᠴᠠᠭ ᠦᠷᠬᠦᠯᠵᠢ ᠰᠢᠨᠡᠳᠬᠡᠨ᠂ ᠠᠳᠠᠯᠢ ᠱᠠᠳᠤᠨ ᠤ ᠨᠠᠮ ᠤᠨ ᠬᠤᠷᠢᠶ᠎ᠠ ᠪᠠ ᠡᠯ᠎ᠡ ᠭᠠᠵᠠᠷ ᠤᠨ ᠡᠯ᠎ᠡ | ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ ᠤᠨ ᠵᠤᠬᠢᠶᠠᠨ ᠪᠠᠶᠢᠭᠤᠯᠤᠯᠳᠠ︶ ᠶᠢ ᠱᠠᠯᠠᠪᠳᠠᠭᠤᠯᠤᠨ᠂ ︽ | ᠬᠦᠮᠦᠨ᠂ ᠡᠷᠬᠡ᠂ ᠤᠴᠢᠷ ᠶᠠᠪᠤᠳᠠᠯ︾ ᠢ ᠬᠢᠨᠠᠮᠠᠭᠠᠢ ᠰᠢᠯᠤᠭᠤᠳᠬᠠᠬᠤ᠂ ᠨᠠᠮ ᠤᠨ ᠵᠤᠬᠢᠶᠠᠨ ᠪᠠᠶᠢᠭᠤᠯᠤᠯᠳᠠ ᠶᠢ | ᠨᠠᠷᠢᠯᠢᠭᠵᠢᠭᠤᠯᠤᠨ ᠬᠡᠮᠵᠢᠶᠠᠯᠡᠬᠦ᠂ ᠲᠡᠷᠢᠬᠦᠨ ᠬᠠᠷᠢᠭᠤᠴᠠᠯᠭᠠᠳᠦ ᠬᠦᠮᠦᠨ ᠪᠠ ᠬᠤᠪᠢᠶᠠᠷᠢᠯᠠᠨ ᠬᠠᠮᠢᠶᠠᠷᠬᠤ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠲᠠᠩᠰᠠᠯᠠᠬᠤ ᠵᠡᠷᠬᠡ ᠶᠢᠨ ᠲᠤᠭᠤᠷᠢᠨ ᠳᠤ᠂ ᠨᠠᠮ ᠤᠨ ᠲᠦᠪ ᠬᠤᠷᠢᠶᠠᠨ ᠤ | ᠴᠢᠬᠤᠯᠠ ᠶᠡᠭᠡ ᠰᠢᠢᠳᠪᠦᠷᠢᠳᠦ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠡᠷᠢᠶ᠎ᠠ᠂ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ | ᠳᠠᠬᠢ ᠬᠢᠨᠠᠯᠳᠠ ᠪᠠᠶᠢᠴᠠᠭᠠᠯᠳᠠ ᠶᠢ ᠪᠤᠳᠠᠳᠠᠶᠢᠴᠢᠯᠠᠨ ᠰᠠᠶᠢᠳᠦᠷ ᠠᠳᠬᠤᠵᠦ᠂ ᠬᠢᠨᠠᠯᠳᠠ ᠶᠢ ᠪᠠᠶᠢᠩᠭᠤᠵᠢᠭᠤᠯᠵᠦ | ᠦᠷ᠎ᠡ ᠪᠦᠳᠦᠮᠵᠢ ᠶᠢ ᠨᠡᠮᠡᠭᠳᠡᠬᠦᠯᠪᠡ᠃ ︽ᠠᠳᠠᠯᠢ ᠱᠠᠳᠤᠨ ᠤ ᠬᠢᠨᠠᠯᠳᠠ ᠶᠢᠨ ᠠᠵᠢᠯ ᠢ ᠤᠯᠠᠮ ᠴᠢᠨᠠᠭᠰᠢᠳᠠ | ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠲᠤᠭᠳᠠᠭᠠᠵᠦ᠂ ᠠᠳᠠᠯᠢ ᠱᠠᠳᠤᠨ ᠤ ᠬᠢᠨᠠᠯᠳᠠ ᠶᠢᠨ | ᠪᠤᠳᠠᠳᠠᠶᠢᠵᠢᠭᠤᠯᠤᠯᠳᠠ᠂ ᠲᠦᠷᠢᠮᠵᠢᠬᠦᠯᠦᠯᠳᠠ ᠪᠠ ᠵᠢᠷᠤᠮᠵᠢᠭᠤᠯᠤᠯ ᠢ ᠠᠬᠢᠭᠤᠯᠪᠠ᠃ ᠲᠠᠪᠤᠨ ᠵᠢᠯ ᠤᠨ ᠲᠤᠷᠰᠢ᠂ | ᠪᠦᠬᠦ ᠬᠤᠰᠢᠭᠤᠨ ᠳᠤ ᠤᠯᠤᠰ ᠲᠦᠷᠦ ᠶᠢᠨ ᠰᠠᠬᠢᠯᠭ᠎ᠠ ᠪᠠᠳᠦ ᠶᠢ ᠵᠦᠷᠢᠴᠡᠭᠰᠡᠨ 7 ᠶᠠᠪᠤᠳᠠᠯ ᠢ ᠬᠡᠷᠡᠭ ᠪᠤᠯᠭᠠᠨ | ᠲᠡᠩᠰᠠᠯᠠᠨ ᠪᠠᠶᠢᠴᠠᠭᠠᠨ ᠢᠯᠡᠷᠡᠬᠦᠯᠵᠦ᠂ 7 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠢᠳᠬᠡᠯ ᠦᠵᠡᠬᠦᠯᠪᠠ᠃ | ︽ᠢᠯᠵᠢᠷᠠᠬᠤ ᠠᠴᠠ ᠠᠶᠤᠬᠤ᠂ ᠢᠯᠵᠢᠷᠠᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ︾ ᠪᠠᠶᠢᠳᠠᠯ ᠢ | ᠪᠦᠬᠦᠯᠢ ᠴᠤᠭᠴᠠ ᠪᠠᠷ ᠠᠬᠢᠭᠤᠯᠵᠦ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ ᠲᠤᠶᠢᠯᠪᠤᠷᠢᠳᠠᠢ ᠢᠯᠠᠯᠳᠠ ᠶᠢ | ᠲᠠᠰᠤᠷᠠᠯᠳᠠ ᠦᠭᠡᠢ ᠪᠠᠳᠤᠳᠬᠠᠪᠠ᠃ | ᠬᠡᠷᠡᠭ ᠶᠠᠪᠤᠳᠠᠯ ᠢ ᠪᠠᠭ᠎ᠠ ᠠᠴᠠ ᠨᠢ ᠰᠡᠷᠬᠡᠶᠢᠯᠡᠨ ᠡᠷᠳᠡ ᠠᠴᠠ ᠨᠢ ᠠᠳᠬᠤᠬᠤ ᠶᠢ ᠪᠠᠷᠢᠮᠳᠠᠯᠠᠨ᠎ᠠ᠃ ᠰᠠᠬᠢᠯᠭ᠎ᠠ ᠪᠡᠳᠦ | ᠪᠠ ᠲᠦᠷᠢᠮ ᠲᠤᠭᠳᠠᠭᠠᠯ ᠢ ᠢᠮᠠᠭᠳᠠ ᠡᠮᠦᠨ᠎ᠡ ᠪᠠᠨ ᠲᠠᠯᠪᠢᠨ᠂ ᠨᠠᠮ ᠤᠨ ᠺᠠᠳ᠋ᠷᠴᠤᠳ ᠲᠤ ᠤᠷᠤᠰᠢᠵᠦ ᠮᠡᠳᠡᠬᠦ | ᠠᠰᠠᠭᠤᠳᠠᠯ ᠢ ᠡᠷᠳᠡ ᠠᠴᠠ ᠨᠢ ᠢᠯᠡᠷᠡᠬᠦᠯᠵᠦ ᠡᠷᠳ᠋ᠨ ᠠᠴᠠ ᠨᠢ ᠰᠠᠨᠠᠭᠤᠯᠤᠨ ᠡᠷᠳᠡ ᠠᠴᠠ ᠨᠢ ᠵᠠᠯᠠᠷᠠᠭᠤᠯᠵᠦ᠂ | ᠪᠠᠭ᠎ᠠ ᠠᠰᠠᠭᠤᠳᠠᠯ ᠨᠢ ᠶᠡᠭᠡ ᠬᠡᠷᠡᠭ ᠶᠠᠪᠤᠳᠠᠯ ᠪᠤᠯᠬᠤ ᠶᠢ ᠪᠦᠳᠦᠮᠵᠢᠳᠠᠢ ᠬᠤᠷᠢᠭᠯᠠᠪᠠ᠃ ᠲᠠᠪᠤᠨ ᠵᠢᠯ ᠤᠨ ᠲᠤᠷᠰᠢ᠂ | 56 ᠬᠦᠮᠦᠨ ᠲᠠᠢ ᠶᠠᠷᠢᠯᠴᠠᠨ ᠠᠰᠠᠭᠤᠨ ᠯᠠᠪᠯᠠᠵᠦ᠂ 649 ᠨᠠᠮ ᠤᠨ ᠬᠡᠰᠢᠬᠦᠨ ᠺᠠᠳ᠋ᠷᠴᠤᠳ ᠢ ᠰᠢᠬᠦᠮᠵᠢᠯᠡᠨ | ᠬᠦᠮᠦᠵᠢᠬᠦᠯᠵᠦ᠂ 81 ᠬᠦᠮᠦᠨ ᠳᠤ ᠰᠡᠷᠡᠮᠵᠢ ᠦᠭᠴᠦ᠂ 244 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ | ᠬᠦᠩᠭᠡᠨ ᠰᠢᠳᠬᠡᠯ ᠦᠵᠡᠬᠦᠯᠪᠡ᠃ ᠡᠬᠦᠨ ᠤ ᠬᠠᠮᠳᠦ᠂ 2 ᠪᠤᠳᠠᠳᠦ ᠪᠤᠰᠦ ᠵᠠᠭᠠᠯᠳᠤᠯᠭ᠎ᠠ ᠶᠢ ᠴᠠᠭᠠᠳᠬᠠᠵᠦ᠂ ᠨᠠᠮ | ᠤᠨ ᠬᠡᠰᠢᠬᠦᠨ ᠺᠠᠳ᠋ᠷᠴᠤᠳ ᠤᠨ ᠢᠳᠠᠪᠬᠢᠵᠢᠯ ᠢ ᠬᠠᠮᠤᠭ ᠤᠨ ᠲᠡᠬᠡᠳᠦ ᠬᠡᠮᠵᠢᠶ᠎ᠠ ᠪᠠᠷ ᠬᠠᠮᠠᠭᠠᠯᠠᠨ ᠤᠷᠮᠠᠰᠢᠭᠤᠯᠪᠠ᠃ | ︽ᠲᠦᠷᠪᠡᠨ ᠵᠤᠶᠢᠯ ᠤᠨ ᠬᠡᠯᠪᠡᠷᠢ︾ ᠶᠢ ᠨᠠᠷᠢᠨ ᠤᠨᠤᠴᠢᠳᠠᠢ ᠶᠠᠪᠤᠭᠳᠠᠭᠤᠯᠪᠠ᠃ ᠬᠢᠨᠠᠯᠳᠠ ᠶᠢᠨ ᠠᠵᠢᠯ ᠤᠨ | ᠤᠯᠤᠰ ᠲᠦᠷᠦ ᠶᠢᠨ ᠪᠦᠳᠦᠮᠵᠢ᠂ ᠰᠠᠬᠢᠯᠭ᠎ᠠ ᠪᠠᠳᠦ ᠶᠢᠨ ᠪᠦᠳᠦᠮᠵᠢ ᠪᠠ ᠨᠡᠶᠢᠬᠡᠮ ᠨᠠᠶᠢᠳᠠ ᠶᠢᠨ ᠪᠦᠳᠦᠮᠵᠢ ᠶᠢ | ᠬᠠᠮᠤᠭ ᠤᠨ ᠶᠡᠭᠡ ᠬᠡᠮᠵᠢᠶ᠎ᠠ ᠪᠠᠷ ᠬᠦᠴᠦᠯᠡᠨ ᠪᠠᠶᠠᠯᠡᠬᠦᠯᠪᠡ᠃ ᠵᠠᠯᠬᠠᠭᠠᠯ ᠰᠢᠳᠬᠡᠯ ᠤᠨ ︽ᠲᠦᠷᠪᠡᠨ ᠵᠤᠶᠢᠯ ᠤᠨ | ᠬᠡᠯᠪᠡᠷᠢ︾ ᠶᠢ ᠬᠡᠷᠡᠭᠵᠢᠬᠦᠯᠵᠦ ᠪᠠᠶᠢᠭᠠᠳ ᠨᠠᠶᠢᠳᠠ 1539 ᠨᠠᠮ ᠤᠨ ᠬᠡᠰᠢᠬᠦᠨ ᠺᠠᠳ᠋ᠷᠴᠤᠳ ᠲᠤ ᠰᠢᠳᠬᠡᠯ | ᠦᠵᠡᠬᠦᠯᠦᠨ᠂ ᠡᠬᠦᠨ ᠤ ᠲᠤᠳᠤᠷ᠎ᠠ᠂ ᠨᠢᠬᠡᠳᠦᠬᠡᠷ ᠵᠤᠶᠢᠯ ᠤᠨ ᠬᠡᠯᠪᠡᠷᠢ ᠶᠢ ᠬᠡᠷᠡᠭᠯᠡᠭᠰᠡᠨ ᠨᠢ 1771 ᠬᠦᠮᠦᠨ | ᠤᠳᠠᠭ᠎ᠠ᠂ 76.1% ᠡᠵᠡᠯᠡᠵᠦ᠂ ᠬᠤᠶᠠᠳᠤᠭᠠᠷ ᠵᠤᠶᠢᠯ ᠤᠨ ᠬᠡᠯᠪᠡᠷᠢ ᠶᠢ ᠬᠡᠷᠡᠭᠯᠡᠭᠰᠡᠨ ᠨᠢ 301 ᠬᠦᠮᠦᠨ | ᠤᠳᠠᠭ᠎ᠠ᠂ 19.6% ᠶᠢ ᠡᠵᠡᠯᠡᠨ᠂ ᠭᠤᠷᠪᠠᠳᠤᠭᠠᠷ ᠵᠤᠶᠢᠯ ᠤᠨ ᠬᠡᠯᠪᠡᠷᠢ ᠶᠢ ᠬᠡᠷᠡᠭᠯᠡᠭᠰᠡᠨ ᠨᠢ 36 ᠬᠦᠮᠦᠨ | ᠤᠳᠠᠭ᠎ᠠ᠂ 2.3% ᠶᠢ ᠡᠵᠡᠯᠡᠨ᠂ ᠲᠦᠷᠪᠡᠳᠦᠬᠡᠷ ᠵᠤᠶᠢᠯ ᠤᠨ ᠬᠡᠯᠪᠡᠷᠢ ᠶᠢ ᠬᠡᠷᠡᠭᠯᠡᠭᠰᠡᠨ ᠨᠢ 31 ᠬᠦᠮᠦᠨ ᠤᠳᠠᠭ᠎ᠠ | ᠂ 2% ᠶᠢ ᠡᠵᠡᠯᠡᠪᠡ᠃ | ᠢᠯᠵᠢᠷᠡᠯ ᠢ ᠵᠠᠯᠬᠠᠭᠠᠬᠤ ᠲᠡᠷᠤᠮᠳᠠᠳᠦ ᠬᠠᠨᠳᠤᠰᠢ ᠶᠢ ᠪᠠᠷᠢᠮᠳᠠᠯᠠᠪᠠ᠃ ᠬᠠᠳᠠᠭᠠᠯᠠᠭᠳᠠᠬᠤ ᠬᠡᠮᠵᠢᠶ᠎ᠠ ᠶᠢ ᠬᠠᠰᠤᠵᠦ᠂ | ᠨᠡᠮᠡᠭᠳᠡᠬᠦ ᠬᠡᠮᠵᠢᠶ᠎ᠠ ᠶᠢ ᠬᠤᠷᠢᠭᠯᠠᠬᠤ ᠶᠢ ᠭᠤᠤᠯᠳᠠᠯᠭ᠎ᠠ ᠲᠠᠢ ᠲᠤᠪᠤᠶᠢᠯᠭᠠᠨ᠂ ᠰᠠᠬᠢᠯᠭ᠎ᠠ ᠲᠦᠷᠢᠮ ᠢ ᠵᠦᠷᠢᠴᠡᠭᠰᠡᠨ | ᠨᠢᠬᠡ ᠶᠢ ᠢᠯᠡᠷᠡᠬᠦᠯᠪᠡᠯ ᠨᠢᠬᠡ ᠶᠢ ᠰᠢᠢᠳᠬᠡᠵᠦ᠂ ᠤᠭᠳᠦ ᠢᠯᠳᠡᠷ ᠬᠠᠶᠠᠬᠤ ᠦᠭᠡᠢ᠃ ︽ᠬᠡᠷᠡᠭ ᠶᠠᠪᠤᠳᠠᠯ ᠢ | ᠦᠨᠳᠦᠷ ᠪᠦᠳᠦᠮᠵᠢᠳᠠᠢ ᠪᠠᠷ ᠡᠷᠬᠢᠯᠡᠬᠦ ᠤᠨ︾ ᠤ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠬᠦᠯᠦᠨ᠂ ᠬᠡᠷᠡᠭ ᠶᠠᠪᠤᠳᠠᠯ | ᠢ ᠪᠠᠶᠢᠴᠠᠭᠠᠨ ᠰᠢᠢᠳᠬᠡᠬᠦ ᠶᠠᠰᠦ ᠴᠢᠨᠠᠷ ᠢ ᠪᠦᠬᠦ ᠲᠠᠯ᠎ᠠ ᠪᠠᠷ ᠲᠡᠬᠡᠭᠰᠢᠯᠡᠬᠦᠯᠪᠠ᠃ ᠲᠠᠪᠤᠨ ᠵᠢᠯ ᠤᠨ ᠲᠤᠷᠰᠢ᠂ | ᠨᠠᠶᠢᠳᠠ 761 ᠬᠡᠷᠡᠭ ᠰᠦᠪᠡᠭᠴᠢ ᠶᠢ ᠰᠢᠢᠳᠪᠦᠷᠢᠯᠡᠵᠦ᠂ 325 ᠶᠢ ᠨᠢ ᠬᠡᠷᠡᠭ ᠪᠤᠯᠭᠠᠨ ᠲᠠᠩᠰᠠᠯᠠᠵᠦ᠂ 327 | ᠬᠦᠮᠦᠨ ᠶᠢ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠳᠬᠡᠯ ᠦᠵᠡᠬᠦᠯᠦᠨ᠂ 650 ᠬᠦᠮᠦᠨ ᠳᠤ | ᠵᠤᠬᠢᠶᠠᠨ ᠪᠠᠶᠢᠭᠤᠯᠤᠯᠳᠠ ᠶᠢᠨ ᠰᠢᠳᠬᠡᠯ ᠦᠭᠴᠦ᠂ 10 ᠬᠦᠮᠦᠨ ᠳᠤ ᠦᠯᠡᠳᠡᠬᠡᠬᠦ ᠠᠷᠭ᠎ᠠ ᠬᠡᠯᠪᠡᠷᠢ ᠶᠢ ᠠᠪᠴᠦ᠂ | 7 ᠬᠦᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠦᠷᠬᠡᠨ᠂ ᠬᠦᠴᠦᠷᠬᠡᠭ ᠶᠡᠭᠡ ᠬᠡᠯᠮᠡᠭᠳᠡᠬᠦᠯᠦᠯ ᠤᠨ ᠬᠦᠴᠦᠨ | ᠢ ᠪᠤᠢ ᠪᠤᠯᠭᠠᠵᠦ᠂ ︽ᠢᠯᠵᠢᠷᠡᠬᠤ ᠠᠴᠠ ᠠᠶᠤᠬᠤ︾ ᠶᠢᠨ ᠤᠷᠢᠳᠠᠯ ᠢ ᠪᠠᠶᠠᠯᠡᠬᠦᠯᠪᠠ᠃ | ᠬᠡᠷᠡᠭ ᠶᠠᠪᠤᠳᠠᠯ ᠢᠶᠠᠷ ᠦᠬᠡᠷᠡᠴᠢᠯᠡᠯᠳᠠ ᠶᠢ ᠠᠬᠢᠭᠤᠯᠬᠤ ᠶᠢ ᠬᠦᠨᠵᠡᠬᠡᠶᠢᠷᠡᠬᠦᠯᠦᠨ ᠪᠠᠶᠠᠯᠡᠬᠦᠯᠪᠡ᠃ ︽ᠬᠡᠷᠡᠭ | ᠶᠠᠪᠤᠳᠠᠯ ᠢᠶᠠᠷ ᠦᠬᠡᠷᠡᠴᠢᠯᠡᠯᠳᠠ ᠶᠢ ᠠᠬᠢᠭᠤᠯᠬᠤ ᠵᠠᠰᠠᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠨ | ᠂ ᠬᠡᠷᠡᠭ ᠪᠤᠯᠭᠠᠨ ᠢ ᠳ᠋ᠦᠩᠨᠠᠵᠦ᠂ ᠬᠡᠷᠡᠭ ᠪᠤᠯᠭᠠᠨ ᠳᠤ ᠰᠡᠷᠡᠮᠵᠢᠬᠦᠯᠦᠯ ᠦᠭᠴᠦ᠂ ᠬᠡᠷᠡᠭ ᠪᠤᠯᠭᠠᠨ ᠢ ᠬᠠᠯᠠᠨ ᠵᠠᠰᠠᠬᠤ | ᠶᠢ ᠪᠠᠷᠢᠮᠳᠠᠯᠠᠨ᠂ ᠬᠡᠷᠡᠭ ᠶᠠᠪᠤᠳᠠᠯ ᠢᠶᠠᠷ ᠦᠬᠡᠷᠡᠴᠢᠯᠡᠯᠳᠠ ᠶᠢ ᠠᠬᠢᠭᠤᠯᠬᠤ ᠶᠢ ᠲᠦᠷᠢᠮᠵᠢᠬᠦᠯᠵᠦ ᠪᠠᠶᠢᠩᠭᠤᠵᠢᠭᠤᠯᠪᠠ᠃ | 98 ᠬᠤᠪᠢ ᠰᠠᠬᠢᠯᠭ᠎ᠠ ᠪᠠᠳᠦ ᠶᠢᠨ ᠪᠠᠶᠢᠴᠠᠭᠠᠯᠳᠠ ᠶᠢᠨ ᠰᠠᠨᠠᠭᠤᠯᠭ᠎ᠠ ᠪᠠ 37 ᠬᠤᠪᠢ ᠬᠢᠨᠠᠨ ᠪᠠᠶᠢᠴᠠᠭᠠᠬᠤ | ᠰᠠᠨᠠᠭᠤᠯᠭ᠎ᠠ ᠪᠠᠭᠤᠯᠭᠠᠵᠦ᠂ ᠰᠠᠨᠠᠯ ᠵᠦᠪᠯᠡᠯᠬᠡ ᠵᠢᠴᠢ ᠰᠢᠢᠳᠪᠦᠷᠢᠯᠡᠬᠦ ᠠᠷᠭ᠎ᠠ ᠲᠦᠰᠦᠯ ᠢ ᠴᠠᠭ ᠲᠤᠬᠠᠢ ᠳᠤᠨᠢ | ᠲᠤᠷᠠᠳᠤᠨ ᠭᠠᠷᠭᠠᠵᠦ᠂ ᠡᠬᠦᠨ ᠤ ᠲᠠᠭᠠᠤ ᠰᠠᠨᠠᠭᠤᠯᠭ᠎ᠠ ᠶᠢᠨ ᠪᠢᠴᠢᠭ ᠢ ᠬᠡᠷᠡᠭᠵᠢᠬᠦᠯᠦᠭᠰᠡᠨ ᠪᠠᠶᠢᠳᠠᠯ ᠤᠨ ᠪᠦᠬᠦ | ᠶᠠᠪᠤᠴᠠ ᠶᠢ ᠮᠦᠷᠳᠡᠨ ᠱᠠᠯᠠᠪᠳᠠᠭᠤᠯᠵᠦ᠂ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠵᠠᠰᠠᠯᠳᠠ | ᠨᠠᠶᠢᠳᠠᠪᠤᠷᠢᠵᠢᠭᠤᠯᠤᠯᠳᠠ ᠶᠢ ᠰᠠᠶᠢᠳᠦᠷ ᠠᠳᠬᠤᠬᠤ᠂ ᠲᠦᠷᠢᠮ ᠲᠤᠭᠳᠠᠭᠠᠯ ᠤᠨ ᠰᠤᠭᠤᠭ ᠬᠡᠮ ᠢ ᠪᠦᠭᠯᠡᠬᠦ ᠵᠢᠴᠢ | ᠬᠠᠮᠢᠶᠠᠷᠤᠯᠳᠠ ᠶᠢᠨ ᠲᠤᠳᠠᠭᠤᠳᠠᠯ ᠢᠶᠠᠨ ᠨᠦᠬᠦᠪᠦᠷᠢᠯᠡᠬᠦ ᠶᠢ ᠨᠢ ᠠᠬᠢᠭᠤᠯᠵᠦ᠂ ︽ᠢᠯᠵᠢᠷᠡᠵᠦ ᠪᠤᠯᠬᠤ ᠦᠭᠡᠢ︾ | ᠶᠢᠨ ᠵᠠᠩᠭᠢᠯᠠᠭ᠎ᠠ ᠶᠢ ᠨᠠᠷᠢᠯᠢᠭᠵᠢᠭᠤᠯᠪᠠ᠃ | ᠰᠡᠷᠡᠮᠵᠢᠯᠡᠨ ᠬᠦᠮᠦᠵᠢᠬᠦᠯᠬᠦ ᠪᠠ ᠴᠢᠬᠡᠴᠢ ᠵᠠᠰᠠᠭ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠪᠠ᠃ ᠪᠦᠬᠦ | ᠬᠤᠰᠢᠭᠤᠨ ᠤ ᠤᠳᠤᠷᠢᠳᠬᠤ ᠺᠠᠳ᠋ᠷᠴᠤᠳ ᠤᠨ ᠬᠤᠷᠠᠯ ᠢ ᠡᠷᠬᠢᠯᠡᠬᠦ᠂ ︽ᠤᠮᠠᠷᠠᠳᠦ ᠶᠢᠨ ᠬᠤᠰᠢᠭᠤᠴᠢ ᠨᠠᠮ ᠤᠨ | ᠪᠠᠶᠢᠭᠤᠯᠤᠯᠳᠠ ᠶᠢᠨ ᠰᠢᠭᠤᠳ ᠨᠡᠪᠳᠡᠷᠡᠬᠦᠯᠬᠡ︾ ᠶᠢ ᠠᠰᠢᠭᠯᠠᠬᠤ ᠵᠡᠷᠬᠡ ᠬᠡᠯᠪᠡᠷᠢ ᠪᠠᠷ ᠲᠠᠮᠵᠢᠨ 60 ᠢᠯᠡᠬᠦᠦ | ᠤᠳᠠᠭᠠᠨ ᠤ ᠲᠦᠪᠯᠡᠷᠡᠬᠦᠯᠦᠨ ᠰᠡᠷᠡᠮᠵᠢᠬᠦᠯᠬᠦ ᠬᠦᠮᠦᠵᠢᠯ ᠦᠷᠨᠢᠬᠦᠯᠵᠦ᠂ ᠡᠯ᠎ᠡ ᠬᠤᠰᠢᠭᠤᠨ ᠤ ᠰᠢᠭᠤᠳ ᠬᠠᠷᠢᠶ᠎ᠠ | ᠠᠯᠪᠠᠨ ᠪᠠᠶᠢᠭᠤᠯᠭ᠎ᠠ ᠳᠤ ᠬᠦᠨᠵᠡᠬᠡᠶᠢᠷᠡᠨ 11 ᠤᠳᠠᠭᠠᠨ ᠤ ᠴᠢᠬᠡᠴᠢ ᠵᠠᠰᠠᠭ ᠤᠨ ᠲᠤᠭᠤᠷᠢᠨ ᠲᠠᠶᠢᠯᠪᠤᠷᠢᠯᠠᠯᠳᠠ | ᠦᠷᠨᠢᠬᠦᠯᠦᠨ᠂ 20 ᠤᠳᠠᠭᠠᠨ ᠤ ᠴᠢᠬᠡᠴᠢ ᠵᠠᠰᠠᠭ ᠤᠨ ᠤᠷᠠᠨ ᠰᠠᠶᠢᠬᠠᠨ ᠤ ᠲᠤᠭᠯᠠᠯᠳᠠ ᠶᠠᠪᠤᠭᠳᠠᠭᠤᠯᠵᠦ᠂ ᠡᠯ᠎ᠡ | ᠭᠠᠵᠠᠷ ᠤᠷᠤᠨ ᠡᠯ᠎ᠡ ᠰᠠᠯᠠᠭ᠎ᠠ ᠮᠦᠴᠢᠷ ᠢ ᠱᠠᠯᠠᠪᠳᠠᠭᠤᠯᠤᠨ᠂ ᠲᠤᠬᠠᠢ ᠶᠢᠨ ᠭᠠᠵᠠᠷ ᠪᠤᠯᠤᠨ ᠠᠵᠢᠯ ᠲᠦᠷᠦᠯ ᠤᠨ | ᠪᠤᠳᠠᠳᠠᠢ ᠲᠠᠢ ᠪᠠᠨ ᠤᠶᠠᠯᠳᠤᠭᠤᠯᠵᠦ ᠪᠠᠶᠢᠭᠠᠳ ᠴᠢᠬᠡᠴᠢ ᠵᠠᠰᠠᠭ ᠤᠨ ᠰᠡᠷᠡᠮᠵᠢᠬᠦᠯᠦᠯ ᠬᠦᠮᠦᠵᠢᠯ ᠢ ᠬᠦᠨᠵᠡᠬᠡᠢ | ᠦᠷᠨᠢᠬᠦᠯᠵᠦ᠂ ᠨᠠᠮ ᠤᠨ ᠬᠡᠰᠢᠬᠦᠨ ᠺᠠᠳ᠋ᠷᠴᠤᠳ ᠢ ᠲᠠᠭᠠᠭᠤᠯᠤᠨ ᠰᠠᠬᠢᠯᠭ᠎ᠠ ᠪᠠᠳᠦ ᠪᠠᠷ ᠪᠠᠶ᠎ᠠ ᠪᠠᠨ ᠴᠢᠩᠭ᠎ᠠ | ᠱᠠᠭᠠᠷᠳᠠᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠳᠤᠯᠠᠪᠠ᠃ ᠤᠯᠠᠭᠠᠨᠬᠤᠸᠠ ᠪᠠᠯᠭᠠᠰᠤᠨ ᠤ | ᠤᠯᠠᠭᠠᠨᠬᠤᠸᠠ ᠴᠡᠴᠡᠷᠯᠢᠭ ᠪᠤᠯᠤᠨ ᠱᠧᠨ ᠵᠧᠦ ᠠᠭᠤᠳᠠᠮ ᠲᠠᠯᠠᠪᠠᠢ ᠶᠢᠨ ᠴᠢᠬᠡᠴᠢ ᠵᠠᠰᠠᠭ ᠤᠨ ᠰᠤᠶᠤᠯ ᠤᠨ ᠬᠤᠩᠭᠢᠯ | ᠂ ᠳ᠋ᠦᠩ ᠪᠠ ᠬᠤᠤ ᠰᠢᠶᠠᠩ ᠤᠨ ᠴᠢᠬᠡᠴᠢ ᠵᠠᠰᠠᠭ ᠤᠨ ᠰᠤᠶᠤᠯ ᠤᠨ ᠰᠠᠭᠤᠷᠢᠨ᠂ ᠬᠤᠰᠢᠭᠤᠨ ᠤ ᠴᠢᠬᠡᠴᠢ ᠵᠠᠰᠠᠭ | ᠤᠨ ᠬᠦᠮᠦᠵᠢᠯ ᠤᠨ ᠬᠠᠮᠢᠶᠠᠷᠤᠯᠳᠠ ᠶᠢᠨ ᠲᠦᠪ ᠵᠡᠷᠬᠡ ᠶᠢ ᠪᠠᠶᠢᠭᠤᠯᠤᠨ ᠲᠠᠭᠤᠰᠬᠠᠵᠦ᠂ ᠴᠢᠬᠡᠴᠢ ᠵᠠᠰᠠᠭ ᠤᠨ | ᠲᠠᠶᠢᠯᠪᠤᠷᠢᠯᠠᠯ᠂ ᠴᠢᠬᠡᠴᠢ ᠵᠠᠰᠠᠭ ᠤᠨ ᠤᠷᠠᠨ ᠪᠢᠴᠢᠯᠬᠡ ᠶᠢᠨ ᠦᠵᠡᠬᠦᠯᠦᠯᠬᠡ ᠵᠡᠷᠬᠡ ᠶᠢ ᠶᠠᠪᠤᠭᠳᠠᠭᠤᠯᠵᠦ᠂ ︽ | ᠢᠯᠵᠢᠷᠡᠬᠤ ᠶᠢ ᠪᠤᠳᠤᠬᠤ ᠦᠭᠡᠢ︾ ᠶᠢᠨ ᠦᠨᠳᠦᠰᠦ ᠶᠢ ᠬᠦᠨᠵᠡᠬᠡᠶᠢᠷᠡᠬᠦᠯᠪᠡ᠃ | ︵ᠭᠤᠷᠪᠠ︶ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠦ ᠶᠢ ᠴᠢᠩᠭᠠᠯᠠᠨ᠂ ᠰᠤᠷᠳᠠᠯ ᠤᠨ ᠪᠠᠶᠢᠭᠤᠯᠤᠯᠳᠠ ᠶᠢᠨ | ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠪᠡ | ᠲᠦᠪ ᠤᠨ ᠨᠠᠢᠮᠠᠨ ᠵᠤᠶᠢᠯ ᠤᠨ ᠲᠤᠭᠳᠠᠭᠠᠯ ᠤᠨ ᠵᠤᠷᠢᠭ ᠰᠠᠨᠠᠭ᠎ᠠ ᠶᠢ ᠬᠦᠨᠵᠡᠬᠡᠢ ᠨᠠᠶᠢᠳᠠᠪᠤᠷᠢᠵᠢᠭᠤᠯᠪᠠ᠃ | ᠬᠠᠭᠤᠴᠢᠨ ᠠᠰᠠᠭᠤᠳᠠᠯ ᠳᠤ ᠲᠦᠪᠯᠡᠷᠡᠬᠦᠯᠦᠨ ᠰᠢᠨ᠎ᠡ ᠪᠠᠶᠢᠳᠠᠯ ᠢ ᠠᠩᠬᠠᠷᠴᠦ᠂ ᠵᠠᠩᠭᠢᠯᠠᠭ᠎ᠠ ᠶᠢᠨ ᠴᠦᠬᠡᠨ ᠲᠤᠭ᠎ᠠ | ᠳᠤ ᠰᠠᠨᠠᠭᠠᠰᠢᠷᠠᠨ᠂ ᠭᠤᠤᠯᠳᠠᠯᠭ᠎ᠠ ᠲᠠᠢ ᠵᠤᠶᠢᠯᠡᠰ ᠪᠠ ᠪᠠᠭᠤᠷᠠᠢ ᠭᠤᠭᠴᠤᠭ᠎ᠠ ᠶᠢ ᠠᠩᠬᠠᠷᠴᠦ᠂ ᠬᠢᠨᠠᠯᠳᠠ ᠵᠠᠰᠠᠯᠳᠠ | ᠶᠢ ᠪᠠᠷᠢᠮᠳᠠᠯᠠᠨ ᠠᠳᠬᠤᠪᠠ᠃ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠠᠴᠠ ᠵᠦᠷᠢᠴᠡᠭᠰᠡᠨ ᠨᠠᠶᠢᠳᠠ | 18 ᠬᠡᠷᠡᠭ ᠢ ᠪᠠᠶᠢᠴᠠᠭᠠᠨ ᠢᠯᠡᠷᠡᠬᠦᠯᠵᠦ᠂ 19 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠳᠬᠡᠯ ᠦᠭᠴᠦ᠂ | 2 ᠬᠦᠮᠦᠨ ᠳᠤ ᠵᠤᠬᠢᠶᠠᠨ ᠪᠠᠶᠢᠭᠤᠯᠤᠯᠳᠠ ᠠᠴᠠ ᠰᠢᠢᠳᠪᠦᠷᠢ ᠦᠭᠴᠦ᠂ 18 ᠬᠡᠷᠡᠭ ᠤᠨ 21 ᠬᠦᠮᠦᠨ ᠢ | ᠮᠡᠳᠡᠬᠡᠯᠡᠵᠦ ᠢᠯᠡ ᠪᠤᠯᠭᠠᠪᠠ᠃ ᠰᠤᠷᠳᠠᠯ ᠤᠨ ᠲᠠᠯ᠎ᠠ ᠤᠨ 56 ᠠᠰᠠᠭᠤᠳᠠᠯ ᠰᠦᠪᠡᠭᠴᠢ ᠶᠢ ᠢᠯᠡᠷᠡᠬᠦᠯᠦᠨ᠂ 112 | ᠬᠦᠮᠦᠨ ᠳᠤ ᠰᠢᠳᠬᠡᠯ ᠦᠭᠪᠠ᠃ | ᠬᠡᠯᠪᠡᠷᠢᠴᠢ ᠦᠵᠡᠯ᠂ ᠨᠤᠶᠠᠨᠴᠢ ᠦᠵᠡᠯ ᠤᠨ ᠠᠰᠠᠭᠤᠳᠠᠯ ᠢ ᠴᠢᠩᠭ᠎ᠠ ᠰᠢᠢᠳᠪᠦᠷᠢᠯᠡᠪᠡ᠃ ᠪᠦᠬᠦ ᠲᠠᠯ᠎ᠠ ᠪᠠᠷ | ᠮᠦᠷᠳᠡᠨ ᠪᠠᠶᠢᠴᠠᠭᠠᠬᠤ᠂ ᠭᠤᠤᠯᠳᠠᠯᠭ᠎ᠠ ᠲᠠᠢ ᠱᠠᠭᠠᠷᠳᠠᠨ ᠪᠠᠶᠢᠴᠠᠭᠠᠬᠤ᠂ ᠬᠡᠨᠡᠳᠡᠬᠦᠯᠦᠨ ᠰᠤᠭᠤᠯᠤᠨ ᠪᠠᠶᠢᠴᠠᠭᠠᠬᠤ | ᠵᠡᠷᠬᠡ ᠠᠷᠭ᠎ᠠ ᠬᠡᠯᠪᠡᠷᠢ ᠪᠠᠷ ᠭᠤᠤᠯ ᠴᠤᠭᠴᠠᠳᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ᠂ ᠠᠵᠢᠯ | ᠲᠦᠷᠦᠯ ᠳᠠᠬᠢ ᠬᠢᠨᠠᠯᠳᠠ ᠶᠢ ᠪᠤᠳᠠᠳᠠᠶᠢᠵᠢᠭᠤᠯᠤᠭᠰᠠᠨ ᠦᠭᠡᠢ ᠵᠢᠴᠢ ᠺᠠᠳ᠋ᠷ ᠠᠵᠢᠯᠳᠠᠳ ᠤᠨ ᠠᠵᠢᠯ ᠤᠨ ᠰᠤᠷᠳᠠᠯ | ᠴᠢᠩᠭ᠎ᠠ ᠪᠤᠰᠦ ᠵᠡᠷᠬᠡ ᠪᠠᠶᠢᠳᠠᠯ ᠢ ᠪᠠᠶᠢᠴᠠᠭᠠᠨ ᠴᠢᠩᠭᠠᠳᠬᠠᠵᠦ᠂ ᠬᠡᠯᠪᠡᠷᠢᠴᠢ ᠦᠵᠡᠯ ᠪᠠ ᠨᠤᠶᠠᠨᠴᠢ ᠦᠵᠡᠯ ᠢ | ᠬᠦᠴᠦᠯᠠᠨ ᠴᠡᠭᠴᠡᠯᠡᠪᠡ᠃ ᠬᠠᠮᠢᠶ᠎ᠠ ᠪᠦᠬᠦᠢ 180 ᠠᠰᠭᠤᠳᠠᠯ ᠰᠦᠪᠡᠭᠴᠢ ᠶᠢ ᠢᠯᠡᠷᠡᠬᠦᠯᠦᠨ ᠰᠢᠢᠳᠪᠦᠷᠢᠯᠡᠵᠦ᠂ | 94 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 108 ᠬᠦᠮᠦᠨ ᠪᠠ | 18 ᠨᠠᠮ ᠤᠨ ᠵᠤᠬᠢᠶᠠᠨ ᠪᠠᠶᠢᠭᠤᠯᠤᠯᠳᠠ ᠢ ᠵᠤᠬᠢᠶᠠᠨ ᠪᠠᠶᠢᠭᠤᠯᠤᠨ ᠰᠢᠢᠳᠬᠡᠵᠦ᠂ 55 ᠬᠡᠷᠡᠭ ᠶᠠᠪᠤᠳᠠᠯ ᠤᠨ 88 | ᠬᠦᠮᠦᠨ᠂ 10 ᠨᠠᠮ ᠤᠨ ᠵᠤᠬᠢᠶᠠᠨ ᠪᠠᠶᠢᠭᠤᠯᠤᠯᠳᠠ ᠶᠢ ᠮᠡᠳᠡᠬᠡᠯᠡᠨ ᠢᠯᠡᠷᠬᠡᠶᠢᠯᠡᠪᠡ᠃ | ︵ᠲᠦᠷᠪᠡ︶ ᠲᠤᠬᠠᠢ ᠲᠦᠷᠦᠯ ᠤᠨ ᠵᠠᠰᠠᠯᠳᠠ ᠶᠢ ᠬᠦᠨᠵᠡᠬᠡᠢ ᠠᠬᠢᠭᠤᠯᠵᠦ᠂ ᠤᠯᠠᠨ ᠲᠦᠮᠡᠨ ᠤ ᠲᠡᠷᠬᠡᠳᠡᠬᠢ | ᠢᠯᠵᠢᠷᠠᠯ ᠪᠠ ᠲᠦᠪ ᠪᠤᠰᠦ ᠰᠤᠷᠳᠠᠯ ᠢ ᠡᠷᠡᠰ ᠴᠢᠩᠭ᠎ᠠ ᠵᠠᠯᠬᠠᠭᠠᠨ ᠰᠢᠢᠳᠪᠦᠷᠢᠯᠡᠪᠡ | ︽ᠦᠩᠭᠡᠷᠡᠬᠦ ᠭᠠᠯᠠᠭᠤᠨ ᠤ ᠦᠳᠦ ᠶᠢ ᠨᠢ ᠦᠭᠳᠡᠬᠡᠬᠦ︾ ᠮᠡᠳᠦ ᠶᠢᠨ ᠢᠯᠵᠢᠷᠡᠯ ᠤᠨ ᠠᠰᠠᠭᠤᠳᠠᠯ ᠢ | ᠲᠦᠪᠯᠡᠷᠡᠬᠦᠯᠦᠨ ᠴᠡᠭᠴᠡᠯᠡᠪᠡ᠃ ᠨᠠᠶᠢᠳᠠ 12 ᠬᠡᠷᠡᠭ ᠢ ᠢᠯᠡᠷᠡᠬᠦᠯᠵᠦ᠂ ᠪᠦᠬᠦᠨ ᠢ ᠨᠢ ᠬᠡᠷᠡᠭ ᠪᠤᠯᠭᠠᠨ ᠲᠠᠩᠰᠠᠯᠠᠨ | ᠰᠢᠢᠳᠪᠦᠷᠢᠯᠡᠵᠦ᠂ 12 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 6 | ᠬᠡᠷᠡᠭ ᠤᠨ 6 ᠬᠦᠮᠦᠨ ᠢ ᠮᠡᠳᠡᠬᠡᠯᠡᠨ ᠢᠯᠡᠷᠬᠡᠶᠢᠯᠡᠵᠦ᠂ 10.4 ᠲᠦᠮᠡᠨ ᠲᠦᠬᠦᠷᠢᠭ ᠢ ᠨᠡᠬᠡᠮᠵᠢᠯᠡᠨ ᠲᠤᠰᠢᠶᠠᠯᠭᠠᠵᠦ᠂ | 7.3 ᠢᠯᠡᠬᠦᠦ ᠲᠦᠮᠡᠨ ᠲᠦᠬᠦᠷᠢᠭ ᠢ ᠪᠤᠴᠠᠭᠠᠯᠭᠠᠨ᠂ 3500 ᠮᠤ᠋ ᠪᠡᠯᠴᠢᠬᠡᠷ ᠢ ᠡᠬᠡᠬᠦᠯᠦᠨ ᠰᠢᠢᠳᠪᠦᠷᠢᠯᠡᠪᠡ᠃ | ᠶᠠᠳᠠᠭᠤ ᠶᠢ ᠲᠡᠳᠬᠦᠬᠦ ᠬᠦᠷᠢᠶ᠎ᠠ ᠴᠠᠷ᠎ᠠ ᠳᠠᠬᠢ ᠢᠯᠵᠢᠷᠡᠯ ᠪᠠ ᠰᠤᠷᠳᠠᠯ ᠤᠨ ᠠᠰᠠᠭᠤᠳᠠᠯ ᠤᠨ ᠲᠤᠰᠬᠠᠢ | ᠴᠡᠭᠴᠡᠯᠡᠯᠳᠠ ᠶᠢ ᠬᠦᠨᠵᠡᠬᠡᠶᠢᠷᠡᠬᠦᠯᠪᠠ᠃ ᠨᠠᠶᠢᠳᠠ 140 ᠠᠰᠠᠭᠤᠳᠠᠯ ᠰᠦᠪᠡᠭᠴᠢ ᠶᠢ ᠰᠢᠢᠳᠪᠦᠷᠢᠯᠡᠨ᠂ 43 ᠬᠡᠷᠡᠭ | ᠢ ᠲᠠᠩᠰᠠᠯᠠᠨ ᠰᠢᠢᠳᠪᠦᠷᠢᠯᠡᠵᠦ᠂ 46 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ | ᠦᠭᠴᠦ᠂ 96 ᠬᠦᠮᠦᠨ ᠢ ᠵᠤᠬᠢᠶᠠᠨ ᠪᠠᠶᠢᠭᠤᠯᠵᠦ ᠰᠢᠢᠳᠬᠡᠵᠦ᠂ 46 ᠬᠡᠷᠡᠭ ᠤᠨ 81 ᠬᠦᠮᠦᠨ ᠢ ᠮᠡᠳᠡᠬᠡᠯᠡᠵᠦ | ᠢᠯᠡ ᠪᠤᠯᠭᠠᠪᠠ᠃ ᠲᠦᠪ ᠤᠨ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ | ᠶᠢᠨ ᠰᠢᠯᠵᠢᠬᠦᠯᠦᠨ ᠲᠤᠰᠢᠶᠠᠭᠰᠠᠨ 20 ᠠᠰᠠᠭᠤᠳᠠᠯ ᠤᠨ ᠰᠦᠪᠡᠭᠴᠢ ᠠᠴᠠ 2 ᠢ ᠨᠢ ᠬᠡᠷᠡᠭ ᠪᠤᠯᠭᠠᠨ ᠲᠠᠩᠰᠠᠯᠠᠨ | ᠰᠢᠢᠳᠪᠦᠷᠢᠯᠡᠵᠦ᠂ 2 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 8 | ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠢᠳᠬᠡᠪᠡ᠃ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ | ᠲᠤᠭᠤᠶᠢᠯᠠᠩ ᠤᠨ ᠲᠤᠰᠢᠶᠠᠭᠰᠠᠨ 3 ᠠᠰᠠᠭᠤᠳᠠᠯ ᠤᠨ ᠰᠦᠪᠡᠭᠴᠢ ᠠᠴᠠ 3 ᠶᠢ ᠨᠢ ᠰᠢᠢᠳᠪᠦᠷᠢᠯᠡᠨ ᠲᠠᠭᠤᠰᠬᠠᠵᠦ᠂ | 1 ᠬᠦᠮᠦᠨ ᠳᠤ ᠰᠢᠢᠳᠬᠡᠯ ᠦᠭᠪᠡ᠃ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠬᠡᠢ ᠦᠷᠨᠢᠬᠦᠯᠪᠡ᠃ ᠨᠠᠶᠢᠳᠠ | 55 ᠠᠰᠠᠭᠤᠳᠠᠯ ᠰᠦᠪᠡᠭᠴᠢ ᠶᠢ ᠰᠢᠢᠳᠪᠦᠷᠢᠯᠡᠨ᠂ 25 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ | ᠶᠠᠪᠤᠳᠠᠯ ᠤᠨ ᠰᠢᠢᠳᠬᠡᠯ ᠦᠭᠴᠦ᠂ 6 ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠢᠳᠬᠡᠪᠡ᠃ ᠲᠦᠪ ᠤᠨ | ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠤᠰᠢᠶᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠳᠤ | ᠬᠤᠯᠪᠤᠭᠳᠠᠬᠤ 21 ᠠᠰᠠᠭᠤᠳᠠᠯ ᠤᠨ ᠰᠦᠪᠡᠭᠴᠢ ᠠᠴᠠ 11 ᠶᠢ ᠨᠢ ᠬᠡᠷᠡᠭ ᠪᠤᠯᠭᠠᠨ ᠲᠠᠩᠰᠠᠯᠠᠵᠦ ᠰᠢᠢᠳᠪᠦᠷᠢᠯᠡᠨ᠂ | 11 ᠬᠦᠮᠦᠨ ᠳᠤ ᠨᠠᠮ ᠤᠨ ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 1 ᠬᠦᠮᠦᠨ ᠢ | ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠪᠡ᠃ | ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠲᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠢ ᠡᠷᠡᠰ | ᠴᠢᠩᠭ᠎ᠠ ᠴᠡᠭᠴᠡᠯᠡᠨ ᠵᠠᠰᠠᠪᠠ᠃ 18 ᠤᠳᠠᠭᠠᠨ ᠤ ᠲᠤᠰᠬᠠᠢ ᠲᠦᠷᠦᠯ ᠤᠨ ᠰᠢᠮᠳᠠᠭᠤᠯᠤᠨ ᠪᠠᠶᠢᠴᠠᠭᠠᠯᠳᠠ | ᠦᠷᠨᠢᠬᠦᠯᠦᠨ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠴᠠᠭᠳᠠᠭ᠎ᠠ ᠯᠤᠭ᠎ᠠ 139 ᠬᠦᠮᠦᠨ | ᠤᠳᠠᠭ᠎ᠠ ᠶᠠᠷᠢᠯᠴᠠᠨ᠂ 2 ᠠᠰᠠᠭᠤᠳᠠᠯ ᠢ ᠢᠯᠡᠷᠡᠬᠦᠯᠵᠦ᠂ ᠪᠦᠬᠦᠨ ᠢ ᠨᠢ ᠰᠢᠮᠳᠠᠭᠤᠯᠤᠨ ᠵᠠᠰᠠᠵᠦ ᠲᠠᠭᠤᠰᠬᠠᠪᠠ᠃ | ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠲᠤᠰᠢᠶᠠᠨ | ᠰᠢᠯᠵᠢᠬᠦᠯᠦᠭᠰᠡᠨ 19 ᠠᠰᠠᠭᠤᠳᠠᠯ ᠤᠨ ᠰᠦᠪᠡᠭᠴᠢ ᠠᠴᠠ 15 ᠶᠢ ᠨᠢ ᠬᠡᠷᠡᠭ ᠪᠤᠯᠭᠠᠨ ᠲᠠᠩᠰᠠᠯᠠᠵᠦ ᠰᠢᠢᠳᠪᠦᠷᠢᠯᠡᠨ | ᠂ 4 ᠶᠢ ᠨᠢ ᠬᠡᠷᠡᠭ ᠪᠤᠯᠭᠠᠨ ᠲᠠᠩᠰᠠᠯᠠᠨ ᠰᠢᠢᠳᠪᠦᠷᠢᠯᠡᠵᠦ ᠲᠠᠭᠤᠰᠬᠠᠨ᠂ 5 ᠬᠦᠮᠦᠨ ᠳᠤ ᠨᠠᠮ ᠤᠨ ᠰᠠᠬᠢᠯᠭ᠎ᠠ ᠪᠠᠳᠦ | ᠵᠠᠰᠠᠭ ᠤᠨ ᠶᠠᠪᠤᠳᠠᠯ ᠤᠨ ᠰᠢᠢᠳᠬᠡᠯ ᠦᠭᠴᠦ᠂ 1 ᠬᠦᠮᠦᠨ ᠳᠤ ᠵᠤᠬᠢᠶᠠᠨ ᠪᠠᠶᠢᠭᠤᠯᠤᠯᠳᠠ ᠠᠴᠠ ᠰᠢᠢᠳᠪᠦᠷᠢ | ᠦᠭᠪᠡ᠃ | ᠨᠡᠬᠦᠷᠡᠰᠦᠨ ᠤ ᠬᠡᠪᠴᠢᠶᠠᠨ ᠳᠠᠬᠢ ᠬᠠᠤᠯᠢ ᠲᠦᠷᠢᠮ ᠢ ᠵᠦᠷᠢᠴᠡᠭᠰᠡᠨ ᠲᠤᠰᠬᠠᠢ ᠴᠡᠭᠴᠡᠯᠳᠠ ᠶᠢ ᠰᠠᠶᠢᠳᠦᠷ | ᠠᠳᠬᠤᠪᠠ᠃ ᠭᠤᠤᠯ ᠡᠬᠦᠷᠬᠡ ᠬᠠᠷᠢᠭᠤᠴᠠᠯᠭᠠᠳᠦ ᠰᠠᠯᠠᠭ᠎ᠠ ᠮᠦᠴᠢᠷ ᠲᠤ 19 ᠤᠳᠠᠭᠠᠨ ᠤ ᠪᠠᠶᠢᠴᠠᠭᠠᠯᠳᠠ | ᠦᠷᠨᠢᠬᠦᠯᠵᠦ᠂ ᠨᠡᠬᠦᠷᠡᠰᠦᠨ ᠳᠤ ᠬᠤᠯᠪᠤᠭᠳᠠᠭᠰᠠᠨ 5 ᠬᠡᠷᠡᠭ ᠶᠠᠪᠤᠳᠠᠯ ᠢ ᠡᠷᠬᠢᠯᠡᠨ᠂ 1 ᠶᠢ ᠨᠢ ᠬᠡᠷᠡᠭ ᠪᠤᠯᠭᠠᠨ | ᠲᠠᠩᠰᠠᠯᠠᠨ ᠲᠠᠭᠤᠰᠬᠠᠵᠦ᠂ 2 ᠬᠦᠮᠦᠨ ᠳᠤ ᠵᠠᠰᠠᠭ ᠤᠨ ᠶᠠᠪᠤᠳᠠᠯ ᠤᠨ ᠰᠢᠳᠬᠡᠯ ᠦᠭᠴᠦ᠂ 10 ᠬᠦᠮᠦᠨ ᠢ | ᠵᠤᠬᠢᠶᠠᠨ ᠪᠠᠶᠢᠭᠤᠯᠤᠯᠳᠠ ᠠᠴᠠ ᠰᠢᠳᠬᠡᠯ ᠦᠭᠪᠡ᠃ | ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠰᠢᠰᠲ᠋ᠧᠮ ᠲᠠᠬᠢ ᠢᠯᠵᠢᠷᠠᠯ ᠤᠨ ᠠᠰᠠᠭᠤᠳᠠᠯ ᠤᠨ ᠲᠤᠰᠬᠠᠢ | ᠴᠡᠭᠴᠡᠯᠡᠯᠳᠠ ᠶᠢ ᠦᠷᠨᠢᠬᠦᠯᠪᠠ᠃ ᠬᠤᠰᠢᠭᠤᠨ ᠤ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠠᠯᠪᠠᠨ ᠬᠡᠷ ᠢ | ᠱᠠᠯᠠᠪᠳᠠᠭᠤᠯᠤᠨ᠂ ᠪᠤᠰᠤᠳ ᠭᠠᠵᠠᠷ ᠪᠦᠳᠦᠬᠡᠨ ᠪᠠᠶᠢᠭᠤᠯᠤᠭᠠᠳ ᠲᠤᠳᠠᠭᠤ ᠲᠤᠰᠢᠶᠠᠭᠰᠠᠨ ᠰᠦᠢᠳᠬᠡᠯ ᠳᠠᠬᠢ 102 | ᠲᠦᠷᠦᠯ ᠵᠤᠶᠢᠯ ᠳᠤ ᠨᠡᠬᠡᠮᠵᠢᠯᠠᠨ ᠲᠤᠰᠢᠶᠠᠯᠭᠠᠬᠤ ᠮᠡᠳᠡᠭᠳᠡᠯ ᠪᠠᠭᠤᠯᠭᠠᠵᠦ᠂ ᠬᠤᠷᠠᠮᠳᠤᠭᠤᠯᠤᠯ ᠢᠶᠠᠷ 5466.46 | ᠲᠦᠮᠡᠨ ᠲᠦᠬᠦᠷᠢᠭ ᠢ ᠨᠡᠬᠡᠮᠵᠢᠯᠡᠨ ᠲᠤᠰᠢᠶᠠᠯᠭᠠᠪᠠ᠃ 2 ᠠᠰᠠᠭᠤᠳᠠᠯ ᠰᠦᠪᠡᠭᠴᠢ ᠶᠢ ᠢᠯᠡᠷᠡᠬᠦᠯᠵᠦ᠂ 2 ᠶᠢ ᠨᠢ | ᠬᠡᠷᠡᠭ ᠪᠤᠯᠭᠠᠨ ᠲᠠᠩᠰᠠᠯᠠᠨ ᠰᠢᠢᠳᠪᠦᠷᠢᠯᠡᠵᠦ᠂ 2 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠢᠳᠬᠡᠯ ᠦᠭᠴᠦ᠂ | 3 ᠬᠦᠮᠦᠨ ᠢ ᠵᠤᠬᠢᠶᠠᠨ ᠪᠠᠶᠢᠭᠤᠯᠤᠯᠳᠠ ᠠᠴᠠ ᠰᠢᠳᠬᠡᠯ ᠦᠭᠪᠡ᠃ | ᠰᠤᠷᠭᠠᠨ ᠬᠦᠮᠦᠵᠢᠯ᠂ ᠡᠮ ᠡᠮᠨᠡᠯᠬᠡ ᠶᠢᠨ ᠰᠢᠰᠲ᠋ᠧᠮ ᠲᠠᠬᠢ ᠢᠯᠵᠢᠷᠡᠯ ᠪᠠ ᠰᠤᠷᠳᠠᠯ ᠤᠨ ᠠᠰᠠᠭᠤᠳᠠᠯ ᠢ ᠴᠢᠩᠭ᠎ᠠ | ᠪᠠᠶᠢᠴᠠᠭᠠᠪᠠ᠃ ᠰᠤᠷᠭᠠᠨ ᠬᠦᠮᠦᠵᠢᠯ ᠤᠨ ᠬᠡᠪᠴᠢᠶᠠᠨ ᠳᠤ᠂ ᠪᠦᠬᠦ ᠬᠤᠰᠢᠭᠤᠨ ᠤ 12 ᠲᠤᠮᠳᠠᠳᠦ ᠪᠠᠭ᠎ᠠ | ᠰᠤᠷᠭᠠᠭᠤᠯᠢ ᠶᠢᠨ ᠬᠢᠴᠢᠶᠠᠯ ᠤᠨ ᠲᠠᠷᠠᠭᠠᠬᠢ ᠦᠢᠯᠡᠴᠢᠯᠡᠬᠡᠨ ᠤ ᠠᠵᠢᠯ ᠢ ᠦᠨᠡᠨᠬᠦ ᠰᠠᠶᠢᠳᠦᠷ ᠬᠢᠬᠦ ᠶᠢ ᠠᠬᠢᠭᠤᠯᠵᠦ᠂ | ᠬᠤᠰᠢᠭᠤᠨ ᠤ ᠰᠤᠷᠭᠠᠨ ᠬᠦᠮᠦᠵᠢᠯ ᠪᠠᠶ᠎ᠠ ᠲᠠᠮᠢᠷ ᠤᠨ ᠲᠤᠪᠴᠢᠶ᠎ᠠ ᠶᠢ ᠱᠠᠯᠠᠪᠳᠠᠭᠤᠯᠤᠨ᠂ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠳᠤᠨ ᠳᠠᠬᠢ ᠮᠡᠳᠡᠯᠬᠡ ᠶᠢᠨ ᠲᠦᠷᠦᠯ ᠨᠦᠬᠦᠬᠦ ᠰᠤᠷᠭᠠᠭᠤᠯᠢ ᠶᠢᠨ ᠭᠠᠳᠠᠨᠠᠬᠢ 17 | ᠪᠤᠯᠪᠠᠰᠤᠷᠠᠯ ᠤᠨ ᠪᠠᠶᠢᠭᠤᠯᠤᠮᠵᠢ ᠶᠢ ᠪᠦᠬᠦᠨ ᠢ ᠵᠤᠭᠰᠤᠭᠠᠯᠭᠠᠪᠠ᠃ ᠡᠮ ᠡᠮᠨᠡᠯᠬᠡ ᠶᠢᠨ ᠰᠢᠰᠲ᠋ᠧᠮ ᠤᠨ ᠲᠠᠯ᠎ᠠ ᠪᠠᠷ | ᠢᠯᠡᠷᠡᠬᠦᠯᠦᠭᠰᠡᠨ 116 ᠠᠰᠠᠭᠤᠳᠠᠯ ᠢ ᠪᠦᠬᠦᠨ ᠢ ᠨᠢ ᠵᠠᠰᠠᠨ ᠴᠡᠭᠴᠡᠯᠡᠵᠦ ᠲᠠᠭᠤᠰᠬᠠᠨ᠂ ᠬᠤᠯᠪᠤᠭᠳᠠᠭᠰᠠᠨ | ᠪᠠᠶᠢᠭᠤᠯᠭ᠎ᠠ ᠨᠢᠬᠡᠴᠡ᠂ ᠬᠦᠮᠦᠨ ᠠᠴᠠ 116.22 ᠲᠦᠮᠡᠨ ᠲᠦᠬᠦᠷᠢᠭ ᠢ ᠨᠢ ᠤᠬᠠᠮᠰᠠᠷ ᠠᠴᠠ ᠪᠠᠨ ᠪᠤᠴᠠᠭᠠᠵᠦ᠂ | 6.43 ᠲᠦᠮᠡᠨ ᠲᠦᠬᠦᠷᠢᠭ ᠲᠤᠷᠭᠤᠭᠠᠨ᠂ 3 ᠡᠮ ᠡᠮᠨᠡᠯᠬᠡ ᠶᠢᠨ ᠪᠠᠶᠢᠭᠤᠯᠤᠮᠵᠢ ᠶᠢ ᠨᠡᠶᠢᠬᠡᠮ ᠨᠠᠶᠢᠳᠠ ᠳᠤ | ᠲᠤᠩᠬᠠᠯᠠᠨ ᠮᠡᠳᠡᠬᠦᠯᠪᠡ᠃ | ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠬᠦᠯᠬᠦ ᠲᠤᠰᠬᠠᠢ ᠴᠡᠭᠴᠡᠯᠡᠯᠳᠠ ᠶᠢ ᠪᠤᠳᠠᠳᠠᠢ ᠦᠷᠨᠢᠬᠦᠯᠪᠡ᠃ | ᠲᠤᠰᠬᠠᠢ ᠬᠢᠨᠠᠨ ᠪᠠᠶᠢᠴᠠᠭᠠᠯᠳᠠ 8 ᠤᠳᠠᠭ᠎ᠠ ᠶᠠᠪᠤᠭᠳᠠᠭᠤᠯᠵᠦ᠂ 13 ᠠᠰᠠᠭᠤᠳᠠᠯ ᠢ ᠢᠯᠡᠷᠡᠬᠦᠯᠦᠨ᠂ ᠪᠦᠬᠦᠨ ᠢ ᠨᠢ | ᠵᠠᠰᠠᠨ ᠰᠠᠶᠢᠵᠢᠷᠠᠭᠤᠯᠵᠦ ᠲᠠᠭᠤᠰᠬᠠᠪᠠ᠃ 3 ᠤᠳᠠᠭᠠᠨ ᠲᠤᠬᠠᠢ ᠶᠢᠨ ᠭᠠᠵᠠᠷ ᠤᠨ ᠰᠤᠳᠤᠯᠤᠨ ᠪᠠᠶᠢᠴᠠᠭᠠᠯᠳᠠ ᠬᠢᠵᠦ | ᠂ 11 ᠠᠰᠠᠭᠤᠳᠠᠯ ᠢ ᠢᠯᠡᠷᠡᠬᠦᠯᠤᠨ᠂ ᠲᠤᠰᠬᠠᠢ ᠮᠡᠳᠡᠬᠡᠨ ᠤ ᠮᠠᠶ᠋ᠢᠭ ᠢᠶᠠᠷ ᠬᠤᠰᠢᠭᠤ ᠨᠠᠮ ᠤᠨ ᠬᠤᠷᠢᠶ᠎ᠠ ᠪᠤᠯᠤᠨ | ᠵᠠᠰᠠᠭ ᠤᠨ ᠤᠷᠳᠤᠨ ᠳᠤ ᠬᠠᠷᠢᠭᠤ ᠲᠤᠰᠬᠠᠬᠤ ᠶᠢᠨ ᠬᠠᠮᠳᠦ ᠰᠠᠨᠠᠯ ᠲᠤᠷᠠᠳᠤᠯᠭ᠎ᠠ 3 ᠤᠳᠠᠭ᠎ᠠ ᠲᠡᠪᠰᠢᠬᠦᠯᠪᠡ᠃ 6 | ᠠᠰᠠᠭᠤᠳᠠᠯ ᠰᠦᠪᠡᠭᠴᠢ ᠶᠢ ᠡᠷᠬᠢᠯᠡᠵᠦ᠂ 1 ᠶᠢ ᠬᠡᠷᠡᠭ ᠪᠤᠯᠭᠠᠨ ᠲᠠᠩᠰᠠᠯᠠᠨ᠂ 1 ᠬᠦᠮᠦᠨ ᠳᠤ ᠵᠠᠰᠠᠭ ᠤᠨ ᠶᠠᠪᠤᠳᠠᠯ | ᠤᠨ ᠰᠢᠳᠬᠡᠯ ᠦᠭᠴᠦ᠂ 8 ᠬᠦᠮᠦᠨ ᠳᠤ ᠵᠤᠬᠢᠶᠠᠨ ᠪᠠᠶᠢᠭᠤᠯᠤᠯᠳᠠ ᠠᠴᠠ ᠰᠢᠳᠬᠡᠯ ᠦᠭᠪᠡ᠃ | ᠤᠳᠤᠷᠢᠳᠬᠤ ᠺᠠᠳ᠋ᠷ ᠤᠨ ᠬᠠᠨᠢ ᠨᠦᠬᠦᠷ᠂ ᠦᠷ᠎ᠡ ᠬᠡᠤᠬᠡᠳ ᠵᠢᠴᠢ ᠬᠡᠤᠬᠡᠳ ᠤᠨ ᠬᠢᠨᠢ ᠬᠠᠨᠢ ᠨᠦᠬᠦᠷ ᠤᠨ | ᠬᠤᠳᠠᠯᠳᠤᠭ᠎ᠠ ᠡᠵᠡᠩᠨᠡᠵᠦ ᠠᠵᠦ ᠠᠬᠤᠶᠢᠯᠠᠯ ᠡᠷᠬᠢᠯᠡᠬᠦ ᠲᠤᠰᠬᠠᠢ ᠴᠡᠭᠴᠡᠯᠡᠯᠳᠠ ᠶᠢ ᠰᠠᠶᠢᠳᠦᠷ ᠠᠳᠬᠤᠪᠠ᠃ ᠸᠢᠴᠡᠲ | ᠲᠡᠪᠴᠡᠩ ᠲᠡᠬᠡᠷ᠎ᠡ ᠠᠯᠪᠠᠨ ᠮᠡᠳᠡᠭᠡ ᠨᠠᠶᠢᠳᠡᠯᠡᠬᠦ ᠪᠠᠷ ᠲᠡᠮᠵᠢᠨ ᠨᠡᠶᠢᠬᠡᠮ ᠨᠠᠶᠢᠳᠠ ᠠᠴᠠ ᠠᠰᠠᠠᠭᠤᠳᠠᠯ ᠤᠨ ᠰᠦᠪᠡᠭᠴᠢ | ᠴᠤᠭᠯᠠᠭᠤᠯᠵᠦ᠂ 13 ᠰᠤᠮᠤ ᠰᠢᠶᠠᠩ ᠪᠠᠯᠭᠠᠰᠦ᠂ 73 ᠰᠠᠯᠠᠭ᠎ᠠ ᠮᠦᠴᠢᠷ ᠤᠨ ᠲᠡᠳ᠋ ᠰᠠᠯᠠᠭᠠᠨ ᠲᠡᠰ ᠠᠴᠠ | ᠲᠡᠭᠡᠭᠰᠢᠬᠢ ᠤᠳᠤᠷᠢᠳᠬᠤ ᠺᠠᠳ᠋ᠷ ᠢ ᠱᠠᠯᠠᠪᠳᠠᠭᠤᠯᠤᠨ ᠲᠤᠰ ᠪᠠᠶ᠎ᠠ ᠶᠢᠨ ᠪᠠᠶᠢᠴᠠᠭᠠᠯᠳᠠ ᠦᠷᠨᠢᠬᠦᠯᠵᠦ᠂ ᠬᠠᠨᠢ ᠨᠦᠬᠦᠷ | ᠂ ᠦᠷ᠎ᠡ ᠬᠡᠣᠬᠡᠳ ᠵᠢᠴᠢ ᠦᠷ᠎ᠡ ᠬᠡᠤᠬᠡᠳ ᠤᠨ ᠬᠢᠨᠢ ᠬᠠᠨᠢ ᠨᠦᠬᠦᠷ ᠬᠤᠳᠠᠯᠳᠤᠭ᠎ᠠ ᠡᠵᠡᠩᠨᠡᠵᠦ ᠠᠵᠦ ᠠᠬᠤᠶᠢᠯᠠᠯ | ᠡᠷᠬᠢᠯᠡᠭᠰᠡᠨ ᠪᠠᠶᠢᠳᠠᠯ ᠲᠠᠢ 41 ᠬᠦᠮᠦᠨ ᠤᠬᠠᠮᠰᠠᠷ ᠠᠴᠠ ᠪᠠᠨ ᠲᠡᠭᠡᠭᠰᠢ ᠮᠡᠳᠡᠬᠦᠯᠵᠦ᠂ ᠤᠳᠤᠬᠠᠨ ᠳᠤ ᠡᠳᠡᠬᠡᠷ | ᠮᠡᠳᠡᠬᠦᠯᠦᠭᠰᠡᠨ ᠪᠠᠶᠢᠳᠠᠯ ᠳᠤ ᠬᠢᠨᠠᠨ ᠬᠠᠷᠭᠤᠯᠤᠯᠳᠠ ᠬᠢᠵᠦ ᠪᠤᠢ᠃ | ᠦᠨᠳᠦᠰᠦᠨ ᠱᠠᠳᠤᠨ ᠤ ᠤᠯᠤᠰ ᠲᠦᠷᠦ ᠶᠢᠨ ᠠᠮᠢ ᠠᠬᠤᠢ ᠶᠢᠨ ︽ᠲᠦᠷᠪᠡᠨ ᠠᠷᠭ᠎ᠠ ᠠᠪᠴᠢᠯ︾ ᠢ ᠰᠠᠶᠢᠳᠦᠷ | ᠬᠡᠷᠡᠭᠵᠢᠬᠦᠯᠪᠡ᠃ ᠲᠦᠷᠪᠡᠳ ᠬᠤᠰᠢᠭᠤᠨ ᠤ ︽ᠭᠤᠷᠪᠠᠨ ᠠᠵᠢᠯ︾ ᠢ ᠢᠯᠡ ᠪᠤᠯᠭᠠᠬᠤ ᠬᠢᠨᠠᠯᠳᠠ ᠶᠢᠨ | ᠲᠡᠪᠴᠡᠩ ᠢᠶᠠᠷ ᠲᠠᠮᠵᠢᠨ ᠨᠠᠶᠢᠳᠠ 690 ᠢᠯᠡᠬᠦᠦ ᠲᠦᠮᠡᠨ ᠰᠤᠷᠠᠭ ᠵᠠᠩᠭᠢ ᠶᠢ ᠰᠦᠯᠵᠢᠶ᠎ᠠ ᠪᠠᠷ ᠨᠠᠶᠢᠳᠠᠯᠠᠪᠠ᠃ | ᠲᠠᠪᠤᠨ ᠵᠢᠯ ᠤᠨ ᠲᠤᠷᠰᠢ᠂ 28 ᠠᠰᠠᠭᠤᠳᠠᠯ ᠤᠨ ᠰᠦᠪᠡᠭᠴᠢ ᠶᠢ ᠢᠯᠡᠷᠡᠬᠦᠯᠵᠦ᠂ 9 ᠶᠢ ᠨᠢ ᠬᠡᠷᠡᠭ ᠪᠤᠯᠭᠠᠨ | ᠲᠠᠩᠰᠠᠯᠠᠵᠦ᠂ 14 ᠬᠦᠮᠦᠨ ᠳᠤ ᠨᠠᠮ ᠤᠨ ᠰᠠᠬᠢᠯᠭ᠎ᠠ ᠪᠠᠳᠦ ᠶᠢᠨ ᠰᠢᠳᠬᠡᠯ ᠦᠵᠡᠬᠦᠯᠦᠨ᠂ 12 ᠬᠦᠮᠦᠨ 8 | ᠨᠢᠬᠡᠴᠡ ᠳᠤ ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠵᠦ᠂ 7 ᠬᠦᠮᠦᠨ 10 ᠨᠢᠬᠡᠴᠡ ᠶᠢ ᠮᠡᠳᠡᠬᠡᠯᠡᠵᠦ ᠢᠯᠡ | ᠨᠠᠶᠢᠳᠠᠯᠠᠪᠠ᠃ 95 ᠡᠬᠡᠯᠵᠢ 213 ᠬᠦᠮᠦᠨ ᠤᠳᠠᠭ᠎ᠠ ᠶᠢᠨ ︽ᠠᠷᠠᠳ ᠲᠦᠮᠡᠨ ᠲᠡᠭᠡᠭᠰᠢ ᠵᠠᠭᠠᠯᠳᠦᠵᠦ ᠪᠠᠶᠢᠭᠰᠠᠨ | ᠠᠴᠠ ᠺᠠᠳ᠋ᠷ ᠠᠵᠢᠯᠳᠠᠳ ᠲᠤᠷᠤᠭᠰᠢ ᠰᠤᠷᠪᠤᠯᠵᠢᠯᠠᠬᠤ︾ ᠠᠵᠢᠯᠯᠠᠭ᠎ᠠ ᠦᠷᠨᠢᠬᠦᠯᠵᠦ᠂ 203 ᠤᠯᠠᠨ ᠲᠦᠮᠡᠨ ᠢ | ᠬᠦᠯᠢᠶᠠᠨ ᠠᠪᠴᠦ᠂ 95 ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠮᠦᠷᠳᠡᠨ ᠪᠠᠶᠢᠴᠠᠭᠠᠵᠦ᠂ 94 ᠶᠢ ᠨᠢ | ᠰᠢᠢᠳᠪᠦᠷᠢᠯᠡᠪᠡ᠃ ᠦᠨᠳᠦᠰᠦᠨ ᠱᠠᠳᠤᠨ ᠤ ︽ᠪᠢᠴᠢᠯ ᠢᠯᠵᠢᠷᠡᠯ︾ ᠢ ᠠᠷᠢᠯᠭᠠᠬᠤ ᠠᠵᠢᠯᠯᠠᠭ᠎ᠠ ᠳᠠᠬᠢ 43 | ᠵᠠᠭᠠᠯᠳᠤᠯᠭ᠎ᠠ ᠶᠢ ᠡᠷᠬᠢᠯᠡᠵᠦ᠂ 10 ᠶᠢ ᠨᠢ ᠬᠡᠷᠡᠭ ᠪᠤᠯᠭᠠᠨ ᠲᠠᠩᠰᠠᠯᠠᠵᠦ᠂ 12 ᠬᠦᠮᠦᠨ ᠳᠤ ᠨᠠᠮ ᠤᠨ ᠰᠠᠬᠢᠯᠭ᠎ᠠ | ᠪᠠᠳᠦ ᠵᠠᠰᠠᠭ ᠤᠨ ᠶᠠᠪᠤᠳᠠᠯ ᠤᠨ ᠰᠢᠳᠬᠡᠯ ᠦᠭᠴᠦ᠂ 2 ᠬᠦᠮᠦᠨ ᠳᠤ ᠵᠤᠬᠢᠶᠠᠨ ᠪᠠᠶᠢᠭᠤᠯᠤᠯᠳᠠ ᠠᠴᠠ ᠰᠢᠳᠬᠡᠯ | ᠦᠭᠴᠦ᠂ ᠤᠳᠤᠬᠠᠨ ᠳᠤ ᠶᠠᠭ 1 ᠬᠡᠷᠡᠭ ᠢ ᠰᠢᠢᠳᠪᠦᠷᠢᠯᠡᠵᠦ ᠪᠤᠢ᠃ 2017 ᠤᠨ ᠠᠴᠠ 2019 ᠤᠨ | ᠬᠦᠷᠳᠡᠯᠡᠬᠢ ᠭᠤᠷᠪᠠᠨ ᠵᠢᠯ ᠳᠤ᠂ 5018 ᠬᠦᠮᠦᠨ ᠢ ︽ᠠᠷᠢᠭᠤᠨ ᠴᠢᠬᠡᠴᠢ ᠺᠠᠳ᠋ᠷ︾᠂ 742 ᠬᠦᠮᠦᠨ ᠢ | ᠦᠯᠢᠬᠡᠷ ᠵᠢᠱᠢᠶᠡᠴᠢ ᠺᠠᠳ᠋ᠷ ᠢᠶᠠᠷ ᠰᠤᠩᠭᠤᠨ ᠦᠨᠡᠯᠡᠵᠦ᠂ 2020 ᠤᠨ ᠤ ︽ᠠᠷᠢᠭᠤᠨ ᠴᠢᠬᠡᠴᠢ ᠺᠠᠳ᠋ᠷ︾ ᠤᠨ | ᠦᠨᠡᠯᠡᠯᠳᠠ ᠶᠢᠨ ᠠᠵᠢᠯ ᠶᠠᠭ ᠶᠠᠪᠤᠭᠳᠠᠵᠦ ᠪᠤᠢ᠃ | ︵ᠲᠠᠪᠤ︶ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠲᠤᠭᠤᠷᠢᠨ ᠪᠠᠶᠢᠴᠠᠭᠠᠬᠤ ︽ᠬᠤᠷᠴᠠ ᠰᠠᠯᠡᠮ᠎ᠡ︾ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃ | ᠲᠦᠷᠪᠡᠳ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠪᠠᠶᠢᠭᠤᠯᠤᠮᠵᠢ 2017 ᠤᠨ ᠤ 6 | ᠰᠠᠷ᠎ᠠ ᠠᠴᠠ ᠪᠠᠶᠢᠭᠤᠯᠤᠭᠳᠠᠭᠰᠠᠨ ᠠᠴᠠ ᠨᠠᠰᠢ᠂ ᠠᠷᠭ᠎ᠠ ᠮᠠᠶ᠋ᠢᠭ ᠢᠶᠠᠨ ᠲᠠᠰᠤᠷᠠᠯᠳᠠ ᠦᠭᠡᠢ ᠰᠢᠨᠡᠳᠬᠡᠵᠦ᠂ | ᠭᠤᠤᠯᠳᠠᠯᠭ᠎ᠠ ᠲᠠᠢ ᠬᠦᠮᠦᠨ᠂ ᠬᠡᠷᠡᠭ᠂ ᠠᠰᠠᠭᠤᠳᠠᠯ ᠢ ᠠᠩᠬᠠᠷᠴᠦ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ | ᠶᠢᠨ ︽ᠲᠤᠳᠤᠳᠬᠠᠬᠤ ᠰᠢᠯ︾ ᠪᠠ ︽ᠬᠡᠷᠡᠯᠳᠦᠬᠦᠯᠦᠭᠴᠢ ᠳ᠋ᠧᠩ︾ ᠤᠨ ᠦᠢᠯᠡᠳᠦᠯ ᠢ ᠬᠦᠢᠴᠡᠳ ᠪᠠᠳᠠᠷᠠᠭᠤᠯᠪᠠ᠃ | ᠨᠠᠶᠢᠳᠠ ᠠᠷᠪᠠᠨ ᠨᠢᠬᠡᠨ ᠡᠬᠡᠯᠵᠢ ᠶᠢᠨ ᠡᠩ ᠤᠨ ᠲᠤᠭᠤᠷᠢᠨ ᠪᠠᠶᠢᠴᠠᠭᠠᠯᠳᠠ ᠪᠠ ᠭᠤᠷᠪᠠᠨ ᠡᠬᠡᠯᠵᠢ ᠶᠢᠨ ᠲᠤᠰᠬᠠᠢ | ᠲᠤᠭᠤᠷᠢᠨ ᠪᠠᠶᠢᠴᠠᠭᠠᠯᠳᠠ ᠶᠢᠨ ᠠᠵᠢᠯ ᠢ ᠦᠷᠨᠢᠬᠦᠯᠵᠦ᠂ 48 ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ | ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠪᠠ 13 ᠰᠤᠮᠤ ᠰᠢᠶᠠᠩ ᠪᠠᠯᠭᠠᠰᠦ ᠵᠢᠴᠢ ᠬᠠᠷᠢᠶ᠎ᠠ ᠪᠠᠶᠢᠬᠤ 135 | ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤᠨ ᠨᠠᠮ ᠤᠨ ᠵᠤᠬᠢᠶᠠᠨ ᠪᠠᠶᠢᠭᠤᠯᠤᠯᠳᠠ ᠶᠢ ᠬᠠᠮᠤᠷᠤᠨ᠂ ᠠᠷᠪᠠᠨ | ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ︽ᠪᠦᠬᠦᠨ ᠢ ᠪᠦᠷᠬᠦᠬᠦᠯᠬᠦ︾ ᠡᠬᠦᠷᠬᠡ ᠶᠢ | ᠴᠦᠮ ᠪᠠᠶᠠᠯᠡᠬᠦᠯᠦᠨ ᠲᠠᠭᠤᠰᠬᠠᠪᠠ᠃ ᠨᠠᠶᠢᠳᠠ 944 ᠠᠰᠠᠭᠤᠳᠠᠯ ᠢ ᠢᠯᠡᠷᠡᠬᠦᠯᠦᠨ᠂ ᠡᠬᠦᠨ ᠳᠤ 144 ᠶᠢ ᠨᠢ | ᠲᠡᠷᠡ ᠲᠠᠷᠤᠶᠢᠬᠠᠨ ᠬᠡᠷᠡᠭᠵᠢᠬᠦᠯᠦᠨ ᠵᠠᠰᠠᠵᠦ᠂ ᠲᠤᠭᠤᠷᠢᠨ ᠪᠠᠶᠢᠴᠠᠭᠠᠭᠳᠠᠭᠰᠠᠨ ᠨᠢᠬᠡᠴᠡ ᠶᠢᠨ 847 ᠠᠰᠠᠭᠤᠳᠠᠯ ᠢ | ᠬᠠᠯᠠᠨ ᠰᠠᠶᠢᠵᠢᠷᠠᠭᠤᠯᠵᠦ᠂ ᠬᠠᠯᠠᠨ ᠰᠠᠶᠢᠵᠢᠷᠠᠭᠤᠯᠬᠤ ᠨᠤᠷᠮ᠎ᠡ 85.2% ᠳᠤ ᠬᠦᠷᠴᠦ᠂ ᠲᠤᠭᠤᠷᠢᠨ | ᠪᠠᠶᠢᠴᠠᠭᠠᠭᠳᠠᠭᠰᠠᠨ ᠨᠢᠬᠡᠴᠡ ᠳᠤ 227 ᠲᠦᠷᠢᠮ ᠲᠤᠭᠳᠠᠭᠠᠯ ᠪᠠᠶᠢᠭᠤᠯᠬᠤ ᠶᠢ ᠠᠬᠢᠭᠤᠯᠪᠠ᠃ ᠬᠠᠮᠢᠶ᠎ᠠ ᠪᠦᠬᠦᠢ | ᠨᠢᠬᠡᠴᠡ ᠳᠤ 99 ᠠᠰᠠᠭᠤᠳᠠᠯ ᠤᠨ ᠰᠦᠪᠡᠭᠴᠢ ᠰᠢᠯᠵᠢᠬᠦᠯᠦᠨ ᠲᠤᠰᠢᠶᠠᠵᠦ᠂ 90 ᠶᠢ ᠨᠢ ᠰᠢᠢᠳᠪᠦᠷᠢᠯᠡᠨ | ᠲᠠᠭᠤᠰᠬᠠᠵᠦ᠂ ᠰᠢᠢᠳᠪᠦᠷᠢᠯᠡᠨ ᠲᠠᠭᠤᠰᠬᠠᠬᠤ ᠨᠤᠷᠮ᠎ᠠ 91% ᠳᠤ ᠬᠦᠷᠴᠦ᠂ 22 ᠬᠦᠮᠦᠨ ᠳᠤ ᠨᠠᠮ ᠤᠨ | ᠰᠠᠬᠢᠯᠭ᠎ᠠ ᠪᠠᠳᠦ ᠵᠠᠰᠠᠭ ᠤᠨ ᠶᠠᠪᠤᠳᠠᠯ ᠤᠨ ᠰᠢᠳᠬᠡᠯ ᠦᠭᠪᠡ᠃ ᠲᠤᠭᠤᠷᠢᠨ ᠪᠠᠶᠢᠴᠠᠭᠠᠯᠳᠠ ᠶᠢᠨ ︽ᠡᠷᠬᠢᠵᠦ | ᠬᠠᠷᠠᠬᠤ︾ ᠶᠢ ᠴᠠᠭ ᠲᠤᠬᠠᠢ ᠳᠤᠨᠢ ᠦᠷᠨᠢᠬᠦᠯᠵᠦ᠂ ᠬᠠᠯᠠᠨ ᠵᠠᠰᠠᠯᠳᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠢᠨᠠᠬᠤ ᠪᠠᠷ ᠪᠠᠷᠠᠬᠤ ᠦᠭᠡᠢ ᠰᠢᠨ᠎ᠡ ᠠᠰᠠᠭᠤᠳᠠᠯ ᠢ ᠬᠦᠴᠦᠯᠠᠨ ᠢᠯᠡᠷᠡᠬᠦᠯᠵᠦ᠂ ᠲᠤᠭᠤᠷᠢᠨ ᠪᠠᠶᠢᠴᠠᠭᠠᠯᠳᠠ ᠨᠢ ᠲᠦᠷ | ᠵᠠᠭᠤᠷ᠎ᠠ ᠶᠢᠨ ᠯᠡ ᠶᠠᠪᠤᠳᠠᠯ ᠤᠭᠳᠦ ᠪᠢᠰᠢ ᠬᠡᠰᠡᠨ ᠰᠤᠷᠠᠭ ᠲᠤᠬᠢᠶ᠎ᠠ ᠶᠢ ᠲᠡᠮᠵᠢᠭᠤᠯᠪᠠ᠃ ᠭᠤᠷᠪᠠᠳᠤᠭᠠᠷ ᠡᠬᠡᠯᠵᠢ | ᠶᠢᠨ ᠡᠩ ᠤᠨ ᠲᠤᠭᠤᠷᠢᠨ ᠪᠠᠶᠢᠴᠠᠭᠠᠯᠳᠠ ᠠᠴᠠ ᠡᠬᠢᠯᠡᠨ᠂ ᠪᠦᠬᠦ ᠬᠤᠰᠢᠭᠤᠨ ᠤ ᠡᠯ᠎ᠡ ᠲᠤᠭᠤᠷᠢᠨ ᠪᠠᠶᠢᠴᠠᠭᠠᠭᠳᠠᠬᠤ | ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠨᠢ ᠲᠤᠭᠤᠷᠢᠨ ᠪᠠᠶᠢᠴᠠᠭᠠᠬᠤ ᠲᠤᠭᠤᠶᠢᠯᠠᠩ ᠢ ᠪᠠᠶᠢᠭᠤᠯᠭ᠎ᠠ | ᠨᠢᠬᠡᠴᠡ ᠳᠤ ᠨᠢ ᠬᠦᠷᠴᠦ ᠲᠤᠭᠤᠷᠢᠨ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠠᠵᠦ᠂ ᠪᠦᠬᠦ ᠬᠤᠰᠢᠭᠤᠨ ᠤ | ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠬᠠᠮᠰᠠᠷ ᠪᠠ | ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠬᠤ ᠦᠵᠡᠯᠳᠠ ᠨᠡᠶᠢᠳᠡᠮ ᠲᠡᠬᠡᠭᠰᠢᠯᠡᠵᠦ᠂ ᠠᠷᠪᠠᠨ | ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ ᠨᠢ ︽ᠠᠰᠠᠭᠤᠳᠠᠯ ᠢ ᠢᠯᠡᠷᠡᠬᠦᠯᠵᠦ᠂ ᠬᠡᠯᠮᠡᠭᠳᠡᠯ ᠢ | ᠪᠤᠢ ᠪᠤᠯᠭᠠᠬᠤ᠂ ᠦᠬᠡᠷᠡᠴᠢᠯᠡᠯᠳᠠ ᠶᠢ ᠶᠠᠪᠤᠭᠳᠠᠭᠤᠯᠵᠦ᠂ ᠬᠦᠭᠵᠢᠯᠳᠠ ᠶᠢ ᠠᠬᠢᠭᠤᠯᠬᠤ︾ ᠲᠤᠭᠤᠷᠢᠨ ᠪᠠᠶᠢᠴᠠᠭᠠᠯᠳᠠ | ᠶᠢᠨ ᠠᠵᠢᠯ ᠤᠨ ᠲᠤᠭᠳᠠᠴᠠ ᠶᠢ ᠦᠨᠡᠨᠬᠦ ᠪᠠᠶᠠᠯᠡᠬᠦᠯᠪᠡ᠃ | ︵ᠵᠢᠷᠭᠤᠭ᠎ᠠ︶ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠠ ᠶᠢ | ᠦᠷᠬᠦᠯᠵᠢᠯᠡᠨ ᠬᠦᠨᠵᠡᠬᠡᠶᠢᠷᠡᠬᠦᠯᠵᠦ᠂ ᠨᠠᠮ ᠠᠴᠠ ᠨᠢᠬᠡᠳᠦᠯᠳᠠᠢ ᠤᠳᠤᠷᠢᠳᠬᠤ᠂ ᠪᠦᠬᠦᠨ ᠢ ᠬᠠᠮᠤᠷᠬᠤ᠂ ᠡᠷᠬᠡ | ᠰᠦᠷᠳᠦ ᠪᠦᠳᠦᠮᠵᠢᠳᠠᠢ ᠬᠢᠨᠠᠯᠳᠠ ᠶᠢᠨ ᠰᠢᠰᠲ᠋ᠧᠮ ᠢ ᠠᠬᠢᠭᠤᠯᠤᠨ ᠪᠦᠷᠢᠳᠦᠬᠦᠯᠦᠨ᠎ᠡ᠃ | ᠤᠯᠤᠰ ᠤᠨ ᠬᠢᠨᠠᠯᠳᠠ ᠶᠢᠨ ᠪᠠᠶᠢᠭᠤᠯᠤᠯ ᠦᠬᠡᠷᠡᠴᠢᠯᠡᠯᠳᠠ ᠶᠢ ᠬᠦᠨᠵᠡᠬᠡᠢ ᠠᠬᠢᠭᠤᠯᠤᠨ᠎ᠠ᠃ 2017 ᠤᠨ ᠤ 12 | ᠰᠠᠷ᠎ᠠ ᠶᠢᠨ 15 ᠤ ᠡᠳᠦᠷ᠂ ᠲᠦᠷᠪᠡᠳ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠵᠢᠩᠬᠢᠨᠢ ᠪᠠᠷ ᠫᠠᠶᠢᠰᠠ | ᠡᠯᠬᠦᠭᠳᠡᠨ ᠪᠠᠶᠢᠭᠤᠯᠤᠭᠳᠠᠪᠠ᠃ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ ᠪᠠᠶᠢᠭᠤᠯᠤᠭᠳᠠᠭᠰᠠᠨ ᠠᠴᠠ ᠨᠠᠰᠢ᠂ | ᠨᠠᠮ ᠤᠨ ᠢᠯᠵᠢᠷᠡᠯ ᠢ ᠡᠰᠡᠷᠬᠦᠴᠡᠬᠦ ᠠᠵᠢᠯ ᠳᠠᠬᠢ ᠲᠦᠪᠯᠡᠷᠡᠭᠰᠡᠨ ᠨᠢᠬᠡᠳᠦᠯᠳᠠᠢ ᠤᠳᠤᠷᠢᠳᠤᠯᠭ᠎ᠠ ᠶᠢ ᠢᠮᠠᠭᠳᠠ | ᠪᠠᠷᠢᠮᠳᠠᠯᠠᠨ᠂ ᠬᠢᠨᠠᠨ ᠪᠠᠶᠢᠴᠠᠭᠠᠬᠤ ᠡᠬᠦᠷᠬᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠡᠷᠡᠭᠵᠢᠬᠦᠯᠵᠦ᠂ ᠪᠦᠬᠦ | ᠬᠤᠰᠢᠭᠤᠨ ᠤ ᠬᠢᠨᠠᠨ ᠪᠠᠶᠢᠴᠠᠭᠠᠬᠤ ᠪᠠᠶᠢᠭᠤᠯᠤᠯ ᠲᠤᠭᠳᠠᠴᠠ ᠶᠢᠨ ᠦᠬᠡᠷᠡᠴᠢᠯᠡᠯᠳᠠ ᠶᠢᠨ ᠠᠵᠢᠯ ᠢᠯᠡᠳᠳᠠ | ᠠᠮᠵᠢᠯᠳᠠ ᠶᠢ ᠤᠯᠪᠠ᠃ 14361 ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠭᠠᠵᠠᠷ ᠢ ᠡᠵᠡᠯᠡᠨ᠂ ᠶᠡᠷᠦᠩᠭᠡᠢ | ᠪᠠᠷᠢᠯᠭ᠎ᠠ ᠶᠢᠨ ᠲᠠᠯᠠᠪᠠᠢ ᠨᠢ 3228 ᠲᠡᠭᠰᠢ ᠲᠦᠷᠪᠡᠯᠵᠢᠨ ᠮᠧᠲᠷ᠂ 5 ᠡᠳᠡᠬᠡᠳ ᠢ ᠦᠯᠡᠳᠡᠬᠡᠨ ᠰᠢᠢᠳᠪᠦᠷᠢᠯᠡᠵᠦ | ᠪᠤᠯᠬᠤ ᠠᠷᠢᠭᠤᠨ ᠴᠢᠬᠡᠴᠢ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠲᠦᠪ ᠨᠢ ᠨᠠᠶᠢᠳᠠ 12 ᠬᠡᠷᠡᠭ ᠤᠨ 34 | ᠬᠦᠮᠦᠨ ᠢ ᠦᠯᠡᠳᠡᠬᠡᠨ ᠰᠢᠢᠳᠪᠦᠷᠢᠯᠡᠪᠡ᠃ | ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠦᠬᠡᠷᠡᠴᠢᠯᠡᠯᠳᠠ ᠶᠢ ᠲᠠᠰᠤᠷᠠᠯᠳᠠ ᠦᠭᠡᠢ ᠠᠬᠢᠭᠤᠯᠪᠠ᠃ ᠪᠦᠬᠦ | ᠬᠤᠰᠢᠭᠤᠨ ᠳᠤ ᠨᠠᠶᠢᠳᠠ 15 ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠢ ᠲᠤᠮᠢᠯᠠᠨ | ᠰᠠᠭᠤᠯᠭᠠᠵᠦ᠂ 75 ᠰᠠᠯᠠᠭ᠎ᠠ ᠮᠦᠴᠢᠷ ᠢ ᠬᠠᠮᠤᠷᠪᠠ᠃ ︽ᠲᠦᠷᠪᠡᠳ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ | ᠬᠢᠨᠠᠨ ᠪᠠᠶᠢᠴᠠᠭᠠᠬᠤ ᠵᠦᠪᠯᠡᠯ ᠤᠨ ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠠᠵᠢᠯ ᠢ ᠴᠢᠩᠭᠠᠳᠬᠠᠬᠤ ᠲᠤᠬᠠᠢ | ᠬᠡᠷᠡᠭᠵᠢᠬᠦᠯᠬᠦ ᠰᠠᠨᠠᠯ︾ ᠢ ᠲᠤᠭᠳᠠᠭᠠᠵᠦ᠂ ︽ᠠᠯᠪᠠᠨ ᠬᠡᠷ ᠲᠤᠭᠤᠶᠢᠯᠠᠩ︾ ᠬᠠᠮᠳᠤᠷᠠᠨ ᠬᠢᠨᠠᠬᠤ ᠪᠠ ︽ᠠᠯᠪᠠᠨ ᠬᠡᠷ | ᠲᠤᠭᠤᠶᠢᠯᠠᠩ ᠭᠠᠵᠠᠷ ᠤᠷᠤᠨ︾ ᠬᠠᠮᠳᠤᠷᠠᠨ ᠬᠡᠷᠡᠭ ᠡᠷᠬᠢᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ | ᠤᠨ ᠬᠠᠮᠳᠤᠷᠠᠯ ᠤᠨ ᠬᠦᠴᠦᠨ ᠢ ᠪᠤᠢ ᠪᠤᠯᠭᠠᠨ ᠠᠬᠢᠭᠤᠯᠵᠦ᠂ ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠬᠢᠨᠠᠯᠳᠠ | ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃ | ︵ᠲᠤᠯᠤᠭ᠎ᠠ︶ ᠺᠠᠳ᠋ᠷ ᠠᠵᠢᠯᠳᠠᠳ ᠤᠨ ᠡᠩᠨᠡᠬᠡᠨ ᠤ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠵᠦ᠂ | ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠤᠨ ᠲᠡᠮᠤᠷ ᠴᠡᠷᠢᠭ ᠢ ᠬᠦᠴᠦᠯᠠᠨ ᠬᠦᠮᠦᠵᠢᠬᠦᠯᠪᠠ᠃ | ᠤᠳᠤᠷᠢᠳᠬᠤ ᠪᠠᠭ ᠤᠨ ᠪᠠᠶᠢᠭᠤᠯᠤᠯᠳᠠ ᠶᠢ ᠴᠢᠩᠭᠠᠳᠬᠠᠪᠠ᠃ ︽ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ | ᠪᠠᠶᠢᠩᠭᠤ ᠶᠢᠨ ᠬᠤᠷᠢᠶᠠᠨ ᠤ ᠤᠯᠤᠰ ᠲᠦᠷᠦ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ | ᠰᠠᠨᠠᠯ︾᠂ ︽ᠲᠦᠷᠪᠡᠳ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠪᠠᠶᠢᠩᠭᠤ ᠶᠢᠨ ᠬᠤᠷᠢᠶᠠᠨ ᠤ ᠠᠯᠪᠠᠨ | ᠬᠡᠷᠡᠭ ᠵᠦᠪᠯᠡᠨ ᠰᠢᠢᠳᠪᠦᠷᠢᠯᠡᠬᠦ ᠲᠦᠷᠢᠮ︾ ᠵᠡᠷᠬᠡ ᠲᠦᠷᠢᠮ ᠢ ᠲᠤᠭᠳᠠᠭᠠᠵᠦ᠂ ᠠᠷᠠᠳᠴᠢᠯᠠᠯ ᠲᠦᠪᠯᠡᠷᠡᠯ ᠢ ᠤᠯᠠᠮ | ᠨᠢᠬᠡ ᠠᠯᠬᠤᠮ ᠪᠤᠳᠠᠳᠠᠶᠢᠵᠢᠭᠤᠯᠵᠦ ᠲᠦᠷᠢᠮᠵᠢᠬᠦᠯᠦᠨ᠂ ᠤᠳᠤᠷᠢᠳᠬᠤ ᠪᠠᠭ ᠤᠨ ᠨᠢᠭᠳᠠᠷᠠᠯ ᠤᠨ ᠬᠦᠴᠦᠨ ᠢ ᠤᠯᠠᠮ | ᠨᠢᠬᠡ ᠠᠯᠬᠤᠮ ᠡᠷᠴᠢᠮᠵᠢᠬᠦᠯᠪᠡ᠃ ᠦᠨᠳᠦᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠲᠠᠯᠪᠢᠨ᠂ ᠤᠳᠤᠷᠢᠳᠬᠤ ᠪᠠᠭ | ᠠᠴᠠ ᠲᠦᠪ ᠤᠨ ᠨᠠᠢᠮᠠᠨ ᠵᠤᠶᠢᠯ ᠤᠨ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠬᠦᠴᠦᠨ ᠪᠦᠬᠦ ᠵᠤᠷᠢᠭ ᠢᠶᠠᠷ ᠬᠡᠯᠪᠡᠷᠢᠴᠢ ᠦᠵᠡᠯ᠂ ᠨᠤᠶᠠᠨᠴᠢ ᠦᠵᠡᠯ ᠢ | ᠡᠰᠡᠷᠬᠦᠴᠡᠵᠦ᠂ ᠡᠯ᠎ᠡ ᠲᠠᠯ᠎ᠠ ᠶᠢᠨ ᠬᠢᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠦᠨᠡᠨᠴᠢ | ᠰᠢᠳᠤᠷᠭᠤ ᠡᠬᠦᠷᠬᠡᠯᠡᠵᠦ ᠬᠠᠷᠢᠭᠤᠴᠠᠬᠤ ᠰᠠᠶᠢᠨ ᠰᠠᠶᠢᠬᠠᠨ ᠲᠦᠷᠢ ᠲᠦᠷᠬᠦ ᠶᠢ ᠲᠠᠭᠠᠭᠤᠯᠤᠨ ᠪᠤᠢ ᠪᠤᠯᠭᠠᠪᠠ᠃ | ᠺᠠᠳ᠋ᠷ ᠠᠵᠢᠯᠳᠠᠳ ᠤᠨ ᠡᠩᠨᠡᠬᠡᠨ ᠤ ᠴᠢᠳᠠᠪᠤᠷᠢ ᠪᠤᠯᠪᠠᠰᠤᠷᠠᠯ ᠢ ᠦᠷᠬᠦᠯᠵᠢᠯᠡᠨ ᠲᠡᠬᠡᠭᠰᠢᠯᠡᠬᠦᠯᠪᠡ᠃ ︽ᠰᠠᠬᠢᠯᠭ᠎ᠠ | ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠠᠳ ᠤᠨ ᠡᠩᠨᠡᠬᠡᠨ ᠤ ᠪᠠᠶᠢᠭᠤᠯᠤᠯᠳᠠ ᠶᠢᠨ ᠤᠨ︾᠂ ︽ | ᠴᠢᠳᠠᠪᠤᠷᠢ ᠪᠤᠯᠪᠠᠰᠤᠷᠠᠯ ᠢ ᠲᠡᠬᠡᠭᠰᠢᠯᠡᠬᠦᠯᠬᠦ ᠤᠨ︾᠂ ︽ᠴᠢᠳᠠᠪᠤᠷᠢ ᠬᠡᠪ ᠪᠤᠯᠪᠠᠰᠤᠷᠠᠯ ᠢ ᠪᠠᠬᠢᠵᠢᠬᠦᠯᠬᠦ ᠤᠨ︾ | ᠵᠡᠷᠬᠡ ᠠᠵᠢᠯᠯᠠᠭ᠎ᠠ ᠶᠢ ᠤᠷᠢᠳ ᠬᠤᠵᠢᠳ ᠦᠷᠨᠢᠬᠦᠯᠦᠨ᠂ ᠠᠵᠢᠯ ᠲᠦᠷᠦᠯ ᠤᠨ ᠤᠶᠤᠨ ᠤ ᠰᠤᠷᠢᠯᠳᠠ᠂ ᠠᠵᠢᠯ | ᠲᠦᠷᠦᠯ ᠤᠨ ᠪᠤᠯᠪᠠᠰᠤᠷᠠᠯ᠂ ︽ᠶᠠᠷᠢᠯᠴᠠᠬᠤ᠂ ᠲᠡᠮᠳᠡᠭᠯᠡᠬᠦ᠂ ᠬᠡᠷᠡᠴᠢ ᠠᠪᠬᠤ︾ ᠭᠤᠷᠪᠠᠨ ᠵᠤᠶᠢᠯ ᠤᠨ ᠮᠡᠷᠬᠡᠵᠢᠯ ᠤᠨ | ᠠᠵᠢᠯᠳᠠᠨ ᠪᠤᠯᠪᠠᠰᠤᠷᠠᠭᠤᠯᠬᠤ ᠵᠡᠷᠬᠡ ᠠᠵᠢᠯᠯᠠᠭ᠎ᠠ ᠶᠢ ᠪᠠᠶᠢᠩᠭᠤ ᠶᠠᠪᠤᠭᠳᠠᠭᠤᠯᠵᠦ᠂ ᠲᠡᠬᠡᠷ᠎ᠡ ᠱᠠᠳᠤᠨ ᠠᠴᠠ | ᠡᠷᠬᠢᠯᠡᠭᠰᠡᠨ ᠡᠯ᠎ᠡ ᠵᠤᠶᠢᠯ ᠤᠨ ᠠᠵᠢᠯ ᠲᠦᠷᠦᠯ ᠤᠨ ᠪᠤᠯᠪᠠᠰᠤᠷᠠᠯ ᠳᠤ ᠢᠳᠡᠪᠬᠢᠳᠠᠢ ᠤᠷᠤᠯᠴᠠᠵᠦ᠂ ᠲᠤᠰᠬᠠᠢ | ᠮᠡᠷᠬᠡᠵᠢᠯ ᠤᠨ ᠠᠵᠢᠯᠳᠠᠳ ᠢ ᠤᠷᠢᠵᠦ ᠪᠦᠬᠦ ᠰᠠᠬᠢᠯᠭ᠎ᠠ ᠪᠠᠳᠦ ᠶᠢᠨ ᠠᠵᠢᠯᠳᠠᠳ ᠲᠤ ᠲᠤᠰᠬᠠᠢ ᠰᠡᠳᠦᠪᠳᠦ | ᠲᠠᠪᠳᠠᠯᠭ᠎ᠠ ᠬᠢᠯᠬᠡᠵᠦ᠂ ︽ᠠᠬᠠᠮᠠᠳ ᠠᠵᠢᠯᠳᠠᠳ ᠢᠶᠠᠷ ᠰᠢᠨ᠎ᠡ ᠠᠵᠢᠯᠳᠠᠳ ᠢ ᠲᠠᠭᠠᠭᠤᠯᠬᠤ᠂ ᠠᠵᠢᠯᠯᠠᠬᠤ ᠪᠠᠷ | ᠲᠠᠮᠵᠢᠨ ᠪᠤᠯᠪᠠᠰᠤᠷᠠᠬᠤ︾ ᠶᠢ ᠠᠩᠬᠠᠷᠤᠨ᠂ ᠺᠠᠳ᠋ᠷ ᠤᠨ ᠡᠩᠨᠡᠬᠡᠨ ᠤ ᠶᠡᠷᠦᠩᠭᠡᠶᠢᠯᠡᠭᠰᠡᠨ ᠬᠡᠪ ᠪᠤᠯᠪᠠᠰᠤᠷᠠᠯ ᠪᠠ | ᠲᠤᠰᠬᠠᠢ ᠮᠡᠷᠬᠡᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠲᠠᠪᠤᠨ ᠵᠢᠯ ᠤᠨ ᠲᠤᠷᠰᠢ᠂ ᠪᠦᠬᠦ | ᠬᠡᠰᠢᠬᠦᠳ ᠢ 62 ᠤᠳᠠᠭ᠎ᠠ ᠲᠦᠪᠯᠡᠷᠡᠬᠦᠯᠦᠨ ᠪᠤᠯᠪᠠᠰᠤᠷᠠᠭᠤᠯᠵᠦ᠂ 39 ᠬᠦᠮᠦᠨ ᠢ ᠲᠡᠬᠡᠷ᠎ᠡ ᠱᠠᠳᠤᠨ ᠤ ᠰᠠᠬᠢᠯᠭ᠎ᠠ | ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠤᠯᠪᠠᠰᠤᠷᠠᠯ ᠪᠠ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ | ᠤᠷᠤᠯᠴᠠᠭᠤᠯᠤᠨ᠂ ᠲᠤᠭᠤᠶᠢᠯᠠᠩ ᠠᠴᠠ 200 ᠢᠯᠡᠬᠦᠦ ᠬᠦᠮᠦᠨ ᠰᠤᠩᠭᠤᠨ ᠲᠤᠰᠬᠠᠢ ᠬᠡᠷᠡᠭ ᠤᠨ ᠪᠠᠶᠢᠴᠠᠭᠠᠯᠳᠠ | ᠳᠤ ᠤᠷᠤᠯᠴᠠᠭᠤᠯᠵᠦ᠂ ︽2 + 2︾ ᠴᠢᠨᠠᠷ ᠰᠠᠶᠢᠳᠠᠢ ᠲᠤᠰᠬᠠᠶᠢᠵᠢᠭᠰᠠᠨ ᠬᠡᠷᠡᠭ ᠡᠷᠬᠢᠯᠡᠬᠦ 5 ᠴᠢᠳᠠᠪᠤᠷᠢᠳᠠᠨ | ᠰᠤᠩᠭᠤᠨ᠂ ︽ᠲᠦᠭ ᠲᠦᠮᠡᠨ ᠴᠢᠳᠠᠪᠤᠷᠢᠳᠠᠨ ᠤ ᠢᠨᠵᠧᠨᠧᠷᠢᠩ︾ ᠤᠨ 128 ᠬᠦᠮᠦᠨ ᠢ ᠦᠨᠡᠯᠡᠨ ᠭᠠᠷᠭᠠᠵᠦ᠂ | ᠪᠦᠬᠦ ᠬᠤᠰᠢᠭᠤᠨ ᠤ ᠬᠡᠪᠴᠢᠶᠠᠨ ᠳᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ 32 ᠠᠵᠢᠯᠳᠠᠨ ᠢ ᠢᠯᠠ | ᠪᠠᠷ ᠰᠤᠩᠭᠤᠨ ᠬᠡᠷᠡᠭᠯᠡᠪᠡ᠃ | ᠲᠤᠳᠤᠭᠠᠳᠤᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠪᠠ᠃ ︽ᠵᠢᠷᠭᠤᠭᠠᠨ ᠬᠠᠮᠢᠶᠠᠷᠤᠯᠳᠠ ᠶᠢ ᠬᠡᠷᠡᠭᠵᠢᠬᠦᠯᠬᠦ᠂ | ᠵᠠᠩᠭᠢᠯᠠᠭ᠎ᠠ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ | ᠲᠤᠭᠳᠠᠭᠠᠵᠦ᠂ ᠠᠯᠪᠠᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠲᠤ ︽ᠵᠢᠷᠭᠤᠭᠠᠨ ᠬᠠᠮᠢᠶᠠᠷᠤᠯᠳᠠ︾ ᠶᠢᠨ | ᠪᠠᠶᠢᠳᠠᠯ ᠳᠤ ᠲᠤᠭᠳᠠᠮᠠᠯ ᠪᠤᠰᠦ ᠬᠤᠭᠤᠴᠠᠭ᠎ᠠ ᠲᠠᠢ ᠪᠠᠷ ᠬᠢᠨᠠᠯᠳᠠ ᠪᠠᠶᠢᠴᠠᠭᠠᠯᠳᠠ ᠬᠢᠵᠦ᠂ ᠠᠵᠢᠯ ᠤᠨ ᠰᠢᠨᠵᠢ ᠴᠢᠨᠠᠷ | ᠢ ᠦᠨᠡᠨᠬᠦ ᠲᠡᠭᠡᠭᠰᠢᠯᠡᠬᠦᠯᠪᠡ᠃ ᠡᠬᠦᠨ ᠤ ᠬᠠᠮᠳᠦ᠂ ᠲᠤᠰ ᠪᠠᠶ᠎ᠠ ᠶᠢᠨ ᠰᠠᠬᠢᠯᠭ᠎ᠠ ᠪᠠᠳᠦ ᠶᠢᠨ ᠰᠤᠷᠳᠠᠯ ᠤᠨ | ᠪᠠᠶᠢᠭᠤᠯᠤᠯᠳᠠ ᠶᠢ ᠴᠢᠩᠭ᠎ᠠ ᠬᠠᠮᠢᠶᠠᠷᠤᠨ ᠠᠳᠬᠤᠵᠦ᠂ ᠪᠦᠬᠦ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ | ᠪᠠᠶᠢᠴᠠᠭᠠᠬᠤ ᠠᠯᠪᠠᠨ ᠪᠠᠶᠢᠭᠤᠯᠭ᠎ᠠ ᠶᠢᠨ ᠰᠠᠯᠠᠭᠠᠨ ᠲᠡᠰ ᠤᠨ ᠤᠳᠤᠷᠢᠳᠬᠤ ᠺᠠᠳ᠋ᠷᠴᠤᠳ ᠲᠤ ᠬᠠᠮᠳᠦ ᠶᠢᠨ ᠠᠷᠢᠭᠤᠨ | ᠴᠢᠬᠡᠴᠢ ᠶᠢᠨ ᠶᠠᠷᠢᠯᠴᠠᠭ᠎ᠠ ᠦᠷᠨᠢᠬᠦᠯᠦᠨ᠂ ᠬᠤᠪᠢᠶᠠᠷᠢᠯᠠᠨ ᠬᠠᠮᠢᠶᠠᠷᠬᠤ ᠪᠠᠶᠢᠩᠭᠤ ᠶᠢᠨ ᠬᠡᠰᠢᠬᠦᠨ ᠠᠴᠠ ᠲᠠᠭᠠᠭᠤᠯᠤᠨ | ᠠᠯᠪᠠᠨ ᠪᠠᠶᠢᠭᠤᠯᠭ᠎ᠠ ᠶᠢᠨ ᠰᠠᠯᠠᠭ᠎ᠠ ᠲᠠᠰᠤᠭ ᠪᠠ ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠰᠠᠬᠢᠯᠭ᠎ᠠ ᠪᠠᠳᠦ | ᠰᠤᠷᠳᠠᠯ ᠤᠨ ᠲᠠᠯ᠎ᠠ ᠪᠠᠷ ᠬᠢᠨᠠᠯᠳᠠ ᠪᠠᠶᠢᠴᠠᠭᠠᠯᠳᠠ ᠬᠢᠵᠦ᠂ ᠡᠬᠦᠷᠬᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ | ᠦᠭᠡᠢ 3 ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠶᠠᠷᠢᠯᠴᠠᠭ᠎ᠠ ᠦᠷᠨᠢᠬᠦᠯᠵᠦ᠂ ᠪᠠᠶᠢᠭᠤᠯᠭ᠎ᠠ | ᠶᠢᠨ ᠦᠪᠡᠷ ᠤᠨ ᠲᠡᠷᠬᠡᠳᠡᠬᠢ ᠬᠠᠮᠢᠶᠠᠷᠤᠯᠳᠠ ᠪᠠᠨ ᠴᠢᠩᠭᠠᠳᠬᠠᠪᠠ᠃ | ︵ᠨᠠᠢᠮᠠ︶ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ | ᠵᠢᠱᠢᠶ᠎ᠠ ᠦᠵᠡᠬᠦᠯᠬᠦ ᠤᠯᠤᠰ ᠲᠦᠷᠦ ᠶᠢᠨ ᠠᠯᠪᠠᠨ ᠪᠠᠶᠢᠭᠤᠯᠭ᠎ᠠ ᠶᠢ ᠦᠨᠡᠨᠬᠦ ᠪᠠᠶᠢᠭᠤᠯᠪᠠ᠃ | ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠪᠠ᠃ ᠠᠩᠬᠠᠳᠤᠭᠠᠷ ᠬᠤᠭᠤᠴᠠᠭᠠᠨ | ᠤ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠤᠯᠤᠨ ᠠᠯᠪᠠᠨ ᠪᠠᠶᠢᠭᠤᠯᠭ᠎ᠠ ᠶᠢᠨ ᠰᠠᠬᠢᠯᠭ᠎ᠠ ᠪᠠᠳᠦ ᠪᠠᠶᠢᠴᠠᠭᠠᠬᠤ | ᠬᠤᠷᠢᠶ᠎ᠠ ᠶᠢ ᠪᠠᠶᠢᠭᠤᠯᠵᠦ᠂ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠤᠷ᠎ᠠ 4 ᠨᠠᠮ ᠤᠨ ᠡᠬᠦᠷ | ᠪᠠᠶᠢᠭᠤᠯᠤᠨ᠂ ᠠᠯᠪᠠᠨ ᠪᠠᠶᠢᠭᠤᠯᠭ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠯᠳᠤᠭᠠᠨ ᠤ ᠪᠠᠬᠢᠯᠡᠯᠳᠠ ᠶᠢᠨ | ᠦᠢᠯᠡᠳᠦᠯ ᠢ ᠬᠦᠢᠴᠡᠳ ᠪᠠᠳᠠᠷᠠᠭᠤᠯᠪᠠ᠃ ︽ᠭᠤᠷᠪᠠᠨ ᠬᠤᠷᠠᠯ ᠨᠢᠬᠡ ᠬᠢᠴᠢᠶᠠᠯ︾᠂ ᠠᠷᠠᠳᠴᠢᠯᠠᠭᠰᠠᠨ ᠠᠮᠢᠳᠤᠷᠠᠯ | ᠤᠨ ᠬᠤᠷᠠᠯ᠂ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠵᠡᠷᠬᠡ ᠲᠦᠷᠢᠮ ᠲᠤᠭᠳᠠᠭᠠᠯ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠲᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠤᠨ ᠬᠠᠨᠳᠤᠯᠭᠠᠳᠦ | ᠴᠢᠨᠠᠷ ᠪᠠ ᠪᠤᠳᠠᠳᠠᠢ ᠦᠷ᠎ᠡ ᠪᠦᠳᠦᠮᠵᠢᠳᠦ ᠴᠢᠨᠠᠷ ᠢ ᠦᠨᠡᠨᠬᠦ ᠲᠡᠭᠡᠭᠰᠢᠯᠡᠬᠦᠯᠪᠡ᠃ ᠡᠯ᠎ᠡ ᠨᠠᠮ ᠤᠨ ᠡᠬᠦᠷ ᠤᠨ ᠱᠦᠵᠢ | ᠪᠤᠯ ᠨᠠᠮ ᠤᠨ ᠪᠠᠶᠢᠭᠤᠯᠤᠯᠳᠠ ᠶᠢᠨ ᠠᠵᠢᠯ ᠤᠨ ᠨᠢᠬᠡᠳᠦᠬᠡᠷ ᠬᠠᠷᠢᠭᠤᠴᠠᠬᠤ ᠬᠦᠮᠦᠨ ᠬᠡᠰᠡᠨ ᠢ ᠲᠤᠳᠤᠷᠬᠠᠶᠢᠯᠠᠵᠦ᠂ | ᠨᠠᠮ ᠤᠨ ᠡᠬᠦᠷ ᠤᠨ ᠵᠢᠯ ᠤᠨ ᠰᠤᠷᠤᠯᠴᠠᠬᠤ ᠲᠦᠯᠦᠪᠵᠢᠬᠦᠯᠬᠡ ᠶᠢ ᠬᠠᠷᠢᠭᠤᠴᠠᠨ ᠨᠠᠶᠢᠷᠠᠭᠤᠯᠵᠦ᠂ ᠨᠠᠮ ᠤᠨ | ᠬᠡᠰᠢᠬᠦᠨ ᠢ ᠲᠤᠭᠳᠠᠮᠠᠯ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠤᠨ ᠲᠦᠪᠯᠡᠷᠡᠬᠦᠯᠦᠨ ᠰᠤᠷᠤᠯᠴᠠᠭᠤᠯᠵᠦ᠂ ᠨᠠᠮ | ᠤᠨ ᠲᠤᠳᠤᠭᠠᠳᠤᠬᠢ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠨᠢ ᠠᠴᠢᠶᠠᠯᠠᠪᠤᠷᠢ ᠲᠠᠢ᠂ ᠶᠠᠰᠦ ᠴᠢᠨᠠᠷ ᠲᠠᠢ ᠪᠠᠶᠢᠬᠤ | ᠶᠢ ᠪᠠᠶᠠᠯᠠᠬᠦᠯᠦᠨ᠂ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢᠶᠠᠷ ᠤᠳᠤᠷᠢᠳᠤᠮᠵᠢ ᠪᠤᠯᠭᠠᠨ | ᠴᠢᠩᠭᠠᠳᠬᠠᠵᠦ᠂ ᠵᠢᠱᠢᠶ᠎ᠠ ᠦᠵᠡᠬᠦᠯᠬᠦ ᠤᠯᠤᠰ ᠲᠦᠷᠦ ᠶᠢᠨ ᠠᠯᠪᠠᠨ ᠪᠠᠶᠢᠭᠤᠯᠭ᠎ᠠ ᠶᠢᠨ ᠪᠠᠶᠢᠭᠤᠯᠤᠯᠳᠠ ᠶᠢ | ᠴᠢᠩᠭᠠᠳᠬᠠᠪᠠ᠃ | ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠢᠳᠡᠪᠬᠢᠳᠠᠢ ᠦᠷᠨᠢᠬᠦᠯᠪᠠ᠃ ︽ᠬᠤᠶᠠᠷ ᠢ ᠰᠤᠷᠤᠯᠴᠠᠵᠦ ᠬᠢᠷᠢ | ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠭ᠎ᠠ ᠬᠦᠮᠦᠵᠢᠯ ᠢ ᠪᠤᠳᠠᠳᠠᠢ ᠦᠷᠨᠢᠬᠦᠯᠵᠦ᠂ ︽ᠤᠭ | ᠵᠤᠷᠢᠯᠳᠠ ᠪᠠᠨ ᠦᠯᠦ ᠮᠡᠷᠳᠡᠨ᠂ ᠡᠬᠦᠷᠬᠡ ᠬᠠᠷᠢᠭᠤᠴᠠᠯᠭ᠎ᠠ ᠪᠠᠨ ᠪᠠᠳᠦ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ | ᠢ ᠪᠠᠶᠢᠩᠭᠤᠵᠢᠭᠤᠯᠬᠤ ᠶᠢ ᠢᠳᠡᠪᠬᠢᠳᠠᠢ ᠠᠬᠢᠭᠤᠯᠵᠦ᠂ ᠨᠠᠮ ᠤᠨ ᠲᠡᠤᠬᠡ ᠰᠤᠷᠤᠯᠴᠠᠯᠭ᠎ᠠ ᠶᠢᠨ ᠬᠦᠮᠦᠵᠢᠯ ᠢ | ᠬᠦᠨᠵᠡᠬᠡᠢ ᠦᠷᠨᠢᠬᠦᠯᠬᠦ ᠶᠢᠨ ᠬᠠᠮᠳᠦ ᠰᠤᠷᠤᠯᠴᠠᠯᠭ᠎ᠠ ᠶᠢᠨ ᠦᠷ᠎ᠡ ᠪᠦᠳᠦᠮᠵᠢ ᠶᠢ ᠤᠯᠠᠮ ᠨᠢᠬᠡ ᠠᠯᠬᠤᠮ | ᠪᠠᠬᠢᠵᠢᠬᠦᠯᠦᠨ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠲᠤᠳᠤᠷ᠎ᠠ ᠨᠠᠮ ᠤᠨ ᠤᠨᠤᠯ ᠱᠤᠭᠤᠮ᠂ | ᠴᠢᠭᠯᠡᠯᠳᠠ᠂ ᠠᠷᠭ᠎ᠠ ᠪᠤᠳᠤᠯᠭ᠎ᠠ ᠶᠢ ᠤᠯᠠᠮ ᠨᠢᠬᠡ ᠠᠯᠬᠤᠮ ᠡᠷᠴᠢᠮᠵᠢᠬᠦᠯᠵᠦ᠂ ᠺᠠᠳ᠋ᠷ ᠠᠵᠢᠯᠳᠠᠳ ᠢ ᠪᠠᠶᠢᠷᠢ | ᠴᠢᠭᠯᠡᠯᠳᠠ ᠪᠠᠨ ᠪᠠᠳᠤᠳᠬᠠᠬᠤ᠂ ᠤᠯᠤᠰ ᠲᠦᠷᠦ ᠶᠢᠨ ᠵᠤᠭᠰᠤᠴᠠ ᠪᠠᠨ ᠪᠠᠷᠢᠮᠳᠠᠯᠠᠬᠤ᠂ ᠦᠨᠳᠦᠰᠦᠨ ᠵᠤᠷᠢᠯᠳᠠ ᠶᠢᠨ | ᠦᠵᠡᠯᠳᠠ ᠶᠢ ᠪᠤᠢ ᠪᠤᠯᠭᠠᠬᠤ ᠵᠡᠷᠬᠡ ᠲᠠᠯ᠎ᠠ ᠪᠠᠷ ᠵᠢᠱᠢᠶ᠎ᠠ ᠦᠵᠡᠬᠦᠯᠬᠦ ᠲᠠᠭᠠᠭᠤᠯᠤᠭᠴᠢ ᠪᠤᠯᠭᠠᠪᠠ᠃ | ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠡᠯ᠎ᠡ ᠱᠠᠳᠤᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠪᠠ ᠺᠠᠳ᠋ᠷ ᠠᠵᠢᠯᠳᠠᠳ ᠰᠤᠷᠤᠯᠴᠠᠨ ᠰᠡᠳᠬᠢᠬᠦ ᠶᠢᠨ ᠲᠤᠮᠳᠠ ᠤᠶᠢᠯᠡᠳᠦᠯᠬᠡᠵᠢᠬᠦᠯᠦᠨ | ᠤᠶᠢᠯᠠᠭᠠᠬᠤ ᠶᠢ ᠪᠠᠷᠢᠮᠳᠠᠯᠠᠨ᠂ ᠰᠢᠨ᠎ᠡ ᠴᠠᠭ ᠦᠶ᠎ᠠ ᠶᠢᠨ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ | ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠤᠮᠳᠠ ᠬᠦᠨᠵᠡᠬᠡᠢ ᠰᠡᠷᠡᠵᠦ ᠮᠡᠳᠡᠭᠰᠡᠨ ᠨᠢ᠄ ᠨᠢᠬᠡ᠂ ᠡᠷᠬᠡᠪᠰᠢ | ︽ᠦᠨᠡᠨ ᠶᠤᠰᠦ ᠶᠢ ᠪᠠᠷᠢᠮᠳᠠᠯᠠᠨ ᠬᠦᠰᠡᠯ ᠮᠦᠷᠦᠬᠡᠳᠦᠯ ᠢᠶᠠᠨ ᠰᠠᠬᠢᠬᠤ᠂ ᠤᠭ ᠵᠤᠷᠢᠯᠳᠠ ᠪᠠᠨ | ᠤᠶᠢᠯᠡᠳᠦᠯᠬᠡᠵᠢᠬᠦᠯᠦᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ᠂ ᠦᠷᠡᠭᠳᠡᠯ ᠠᠴᠠ ᠠᠶᠤᠬᠤ ᠦᠭᠡᠢ | ᠡᠷᠡᠮᠡᠬᠡᠶᠢᠯᠡᠨ ᠤᠷᠤᠭᠰᠢᠯᠠᠬᠤ᠂ ᠨᠠᠮ ᠳᠠᠭᠠᠨ ᠰᠢᠳᠤᠷᠭᠤ ᠪᠠᠶᠢᠵᠦ ᠠᠷᠠᠳ ᠲᠦᠮᠡᠨ ᠳᠤ ᠤᠰᠤᠯᠳᠠᠬᠤ ᠦᠭᠡᠢ︾ ᠬᠡᠬᠦ | ᠨᠠᠮ ᠪᠠᠶᠢᠭᠤᠯᠤᠭᠳᠠᠭᠰᠠᠨ ᠠᠭᠤᠤ ᠶᠡᠭᠡ ᠵᠤᠷᠢᠭ ᠰᠠᠨᠠᠭ᠎ᠠ ᠪᠠᠷ ᠤᠳᠤᠷᠢᠳᠤᠮᠵᠢ ᠪᠤᠯᠭᠠᠨ᠂ ᠤᠯᠤᠰ ᠲᠦᠷᠦ ᠶᠢᠨ | ᠦᠨᠳᠦᠷ ᠵᠤᠭᠰᠤᠴᠠ ᠠᠴᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠵᠦ᠂ ᠲᠦᠪ ᠤᠨ ᠴᠢᠬᠤᠯᠠ | ᠶᠡᠭᠡ ᠰᠢᠢᠳᠪᠦᠷᠢᠳᠦ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠡᠷᠢᠶ᠎ᠠ᠂ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ | ᠲᠤᠭᠤᠷᠢᠨ ᠳᠤ᠂ ᠨᠠᠷᠢᠯᠢᠭ ᠤᠨᠤᠴᠢᠳᠠᠢ ᠪᠠᠷ ᠤᠬᠠᠮᠰᠠᠷ ᠠᠴᠠ ᠪᠠᠨ᠂ ᠮᠦᠷᠳᠡᠨ ᠬᠢᠨᠠᠵᠦ᠂ ᠲᠦᠪ ᠤᠨ | ᠰᠢᠢᠳᠪᠦᠷᠢᠳᠦ ᠪᠠᠶᠢᠷᠢᠯᠠᠭᠤᠯᠤᠯᠳᠠ ᠬᠠᠮᠢᠭ᠎ᠠ ᠤᠴᠢᠪᠠᠯ ᠬᠢᠨᠠᠯᠳᠠ ᠪᠠᠶᠢᠴᠠᠭᠠᠯᠳᠠ ᠲᠠᠷᠤᠢ ᠬᠠᠮᠢᠭ᠎ᠠ ᠲᠠᠭᠠᠵᠦ ᠤᠴᠢᠬᠤ | ᠶᠢ ᠪᠠᠶᠠᠯᠡᠬᠦᠯᠦᠨ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠬᠡᠨ ᠤᠯᠠᠨ | ᠨᠠᠮ ᠤᠨ ᠬᠡᠰᠢᠬᠦᠨ ᠺᠠᠳ᠋ᠷᠴᠤᠳ ᠢ ᠱᠠᠯᠠᠪᠳᠠᠭᠤᠯᠤᠨ ︽ᠬᠤᠶᠠᠷ ᠢ ᠬᠦᠷᠢᠶᠠᠯᠠᠬᠦ︾ ᠤᠯᠤᠰ ᠲᠦᠷᠦ ᠶᠢᠨ ᠤᠬᠠᠮᠰᠠᠷ ᠢ | ᠨᠢ ᠲᠠᠰᠤᠷᠠᠯᠳᠠ ᠦᠭᠡᠢ ᠲᠡᠬᠡᠭᠰᠢᠯᠡᠬᠦᠯᠬᠦ ᠬᠡᠷᠡᠭᠳᠠᠢ᠃ ᠬᠤᠶᠠᠷ᠂ ᠡᠷᠬᠡᠪᠰᠢ ᠴᠠᠭ ᠢᠮᠠᠭᠳᠠ ᠠᠷᠠᠳ ᠲᠦᠮᠡᠨ ᠡᠷᠬᠢᠮ | ᠲᠡᠬᠡᠳᠦ ᠪᠠᠶᠢᠬᠤ ᠰᠡᠳᠬᠢᠯᠬᠡ ᠶᠢ ᠡᠪᠦᠷᠯᠡᠨ᠂ ︽ᠲᠦᠷᠦ ᠬᠦᠷᠦᠨ ᠪᠤᠯ ᠲᠠᠷᠤᠢ ᠠᠷᠠᠳ ᠲᠦᠮᠡᠨ᠂ ᠠᠷᠠᠳ ᠲᠦᠮᠡᠨ | ᠪᠤᠯ ᠲᠠᠷᠤᠢ ᠲᠦᠷᠦ ᠬᠦᠷᠦᠨ︾ ᠪᠤᠯᠬᠤ ᠶᠢ ᠪᠠᠳᠦ ᠪᠠᠷᠢᠮᠳᠠᠯᠠᠵᠦ᠂ ︽ᠲᠦᠪ ᠬᠤᠷᠢᠶᠠᠨ ᠳᠤ ᠬᠢᠨᠠᠯᠳᠠ ᠶᠢ ᠰᠠᠶᠢᠳᠦᠷ | ᠬᠢᠵᠦ ᠦᠭᠬᠦ ᠨᠢ ᠲᠠᠷᠤᠢ ᠠᠷᠠᠳ ᠲᠦᠮᠡᠨ ᠳᠤ ᠤᠶᠢᠯᠠᠴᠢᠯᠠᠵᠦ ᠪᠤᠢ︾ ᠬᠡᠬᠦ ᠤᠶᠢᠯᠠᠭᠠᠭᠳᠠᠬᠤᠨ ᠢ ᠬᠦᠨᠵᠡᠬᠡᠢ | ᠤᠶᠢᠯᠠᠭᠠᠵᠦ᠂ ᠤᠯᠠᠨ ᠲᠦᠮᠡᠨ ᠤ ᠲᠡᠷᠬᠡᠳᠡᠬᠢ ᠠᠰᠢᠭ ᠲᠤᠰᠠ ᠶᠢ ᠨᠢ ᠬᠤᠬᠢᠷᠠᠭᠤᠯᠤᠭᠰᠠᠨ ᠬᠦᠮᠦᠨ ᠪᠠ ᠬᠡᠷᠡᠭ | ᠶᠠᠪᠤᠳᠠᠯ ᠢ ᠬᠤᠷᠢᠭᠯᠠᠨ᠂ ᠰᠠᠬᠢᠯᠭ᠎ᠠ ᠪᠠᠳᠦ ᠶᠢ ᠬᠡᠷᠡᠭᠵᠢᠬᠦᠯᠵᠦ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ | ᠨᠡᠮᠡᠭᠳᠡᠬᠦᠯᠬᠦ ᠪᠠᠷ ᠲᠠᠮᠵᠢᠨ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ | ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠤᠨ ᠦᠨᠳᠦᠰᠦᠨ ᠱᠠᠳᠤᠨ ᠤ ᠵᠠᠰᠠᠯᠳᠠ ᠶᠢᠨ ᠴᠢᠳᠠᠪᠤᠷᠢ ᠪᠠ | ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠲᠡᠬᠡᠭᠰᠢᠯᠡᠬᠦᠯᠬᠦ ᠶᠢ ᠠᠬᠢᠭᠤᠯᠵᠦ᠂ ᠠᠷᠠᠳ | ᠲᠦᠮᠡᠨ ᠳᠤ ᠰᠠᠭᠤᠷᠢᠯᠠᠬᠤ ᠦᠩᠭᠡ ᠶᠢ ᠨᠡᠮᠡᠷᠢᠯᠡᠬᠦ ᠬᠡᠷᠡᠭᠳᠠᠢ᠃ ᠭᠤᠷᠪᠠ᠂ ᠡᠷᠬᠡᠪᠰᠢ ᠦᠩᠭᠡᠨ ᠲᠠᠯ᠎ᠠ ᠶᠢ ᠨᠢ ᠵᠠᠰᠠᠬᠤ | ᠪᠠ ᠦᠨᠳᠦᠰᠦ ᠰᠤᠷᠪᠤᠯᠵᠢ ᠠᠴᠠ ᠨᠢ ᠵᠠᠰᠠᠬᠤ᠂ ᠵᠠᠯᠬᠠᠭᠠᠨ ᠰᠢᠢᠳᠬᠡᠬᠦ ᠪᠠ ᠤᠷᠢᠳᠴᠢᠯᠠᠨ ᠰᠡᠷᠬᠡᠶᠢᠯᠡᠬᠦ ᠶᠢᠨ | ᠬᠤᠪᠢᠰᠤᠩᠭᠤᠢ ᠬᠠᠷᠢᠴᠠᠭ᠎ᠠ ᠶᠢ ᠤᠨᠤᠪᠴᠢᠳᠠᠢ ᠡᠵᠡᠮᠰᠢᠵᠦ᠂ ᠡᠬᠦᠨ ᠤ ᠲᠠᠭᠠᠤ ᠨᠠᠮ ᠤᠨ ᠰᠤᠷᠳᠠᠯ ᠴᠢᠬᠡᠴᠢ ᠵᠠᠰᠠᠭ | ᠤᠨ ᠪᠠᠶᠢᠭᠤᠯᠤᠯᠳᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ︽ᠢᠯᠵᠢᠷᠠᠬᠤ ᠠᠴᠠ ᠠᠶᠤᠬᠤ᠂ ᠢᠯᠵᠢᠷᠠᠵᠦ | ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ︾ ᠶᠢ ᠪᠦᠬᠦᠯᠢ ᠴᠤᠭᠴᠠ ᠳᠤ ᠨᠢ ᠠᠬᠢᠭᠤᠯᠬᠤ ᠶᠢ ᠪᠠᠶᠢᠯᠳᠤᠬᠤ | ᠪᠤᠳᠤᠯᠭ᠎ᠠ ᠶᠢᠨ ᠬᠠᠷᠠᠯᠳᠠ ᠪᠠᠨ ᠪᠤᠯᠭᠠᠨ᠂ ᠡᠷᠬᠢᠯᠡᠬᠦ᠂ ᠦᠬᠡᠷᠡᠴᠢᠯᠡᠬᠦ ᠪᠠ ᠵᠠᠰᠠᠬᠤ ᠶᠢ ᠠᠭᠤᠰᠤᠯᠴᠠᠭᠤᠯᠤᠨ | ᠬᠠᠮᠳᠤᠳᠬᠠᠬᠤ ᠶᠢ ᠠᠬᠢᠭᠤᠯᠵᠦ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠢ ᠬᠦᠮᠦᠵᠢᠬᠦᠯᠦᠨ ᠲᠠᠭᠠᠭᠤᠯᠵᠦ | ᠤᠯᠤᠰ ᠲᠦᠷᠦ ᠶᠢᠨ ᠤᠶᠢᠯᠠᠭᠠᠯᠠᠯᠳᠠ ᠶᠢ ᠨᠢ ᠲᠡᠬᠡᠭᠰᠢᠯᠡᠬᠦᠯᠦᠨ᠂ ᠶᠤᠰᠦ ᠰᠤᠷᠳᠠᠬᠤᠨ ᠢ ᠡᠷᠬᠢᠮᠯᠡᠬᠦ ᠪᠠ ᠲᠦᠷᠢᠮ | ᠲᠤᠭᠳᠠᠭᠠᠯ ᠢ ᠵᠢᠷᠤᠮᠯᠠᠬᠤ ᠶᠢ ᠬᠠᠷᠢᠯᠴᠠᠨ ᠤᠶᠠᠯᠳᠤᠭᠤᠯᠵᠦ᠂ ᠢᠯᠵᠢᠷᠠᠬᠤ ᠠᠴᠠ ᠠᠶᠤᠬᠤ ᠠᠴᠠ ᠢᠯᠵᠢᠷᠠᠵᠦ ᠪᠤᠯᠬᠤ | ᠦᠭᠡᠢ ᠠᠴᠠ ᠲᠠᠬᠢᠨ ᠢᠯᠵᠢᠷᠠᠬᠤ ᠶᠢ ᠪᠤᠳᠤᠬᠤ ᠦᠭᠡᠢ ᠪᠠᠶᠢᠬᠤ ᠦᠨᠳᠦᠰᠦᠨ ᠬᠤᠪᠢᠷᠠᠯᠳᠠ ᠶᠢ ᠪᠠᠶᠠᠯᠡᠬᠦᠯᠬᠦ ᠬᠡᠷᠡᠭᠳᠠᠢ | ᠃ ᠲᠦᠷᠪᠡ᠂ ᠡᠷᠬᠡᠪᠰᠢ ᠲᠤᠰ ᠪᠠᠶ᠎ᠠ ᠶᠢᠨ ᠪᠠᠶᠢᠭᠤᠯᠤᠯᠳᠠ ᠪᠠᠷ ᠦᠨᠳᠦᠰᠦᠨ ᠪᠠᠳᠤᠯᠠᠭ᠎ᠠ ᠪᠤᠯᠭᠠᠵᠦ᠂ ᠤᠯᠤᠰ ᠲᠦᠷᠦ | ᠶᠢᠨ ᠵᠤᠭᠰᠤᠴᠠ ᠪᠠᠨ ᠡᠷᠡᠰ ᠬᠠᠳᠠᠭᠤ ᠪᠠᠷᠢᠮᠳᠠᠯᠠᠨ᠂ ᠬᠠᠤᠯᠢ ᠲᠦᠷᠢᠮ ᠢ ᠠᠵᠢᠯ ᠲᠦᠷᠦᠯ ᠤᠨ ᠲᠤᠮᠳᠠ | ᠠᠭᠤᠰᠤᠯᠴᠠᠭᠤᠯᠬᠤ ᠴᠢᠳᠠᠮᠵᠢ ᠶᠢ ᠬᠦᠮᠦᠵᠢᠬᠦᠯᠵᠦ᠂ ᠴᠢᠩᠭ᠎ᠠ ᠪᠤᠳᠠᠳᠠᠢ ᠠᠵᠢᠯ ᠤᠨ ᠰᠤᠷᠳᠠᠯ ᠢ ᠪᠤᠯᠪᠠᠰᠤᠷᠠᠭᠤᠯᠤᠨ᠂ | ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠤᠨ ᠱᠠᠳᠤᠴᠢ | ᠴᠢᠨᠠᠷᠳᠠᠢ ᠤᠨᠴᠠᠯᠢᠭ ᠵᠢᠮ᠎ᠡ ᠶᠤᠰᠦ ᠶᠢ ᠤᠨᠤᠴᠢᠳᠠᠢ ᠡᠵᠡᠮᠰᠢᠵᠦ᠂ ᠬᠢᠨᠠᠯᠳᠠ ᠶᠢᠨ ᠬᠢᠷᠢ ᠲᠦᠪᠰᠢᠨ ᠪᠠ ᠵᠠᠰᠠᠯᠳᠠ | ᠶᠢᠨ ᠴᠢᠳᠠᠪᠤᠷᠢ ᠪᠠᠨ ᠲᠠᠰᠤᠷᠠᠯᠳᠠ ᠦᠭᠡᠢ ᠲᠡᠬᠡᠭᠰᠢᠯᠡᠬᠦᠯᠬᠦ ᠬᠡᠷᠡᠭᠳᠠᠢ᠃ ᠡᠳᠡᠬᠡᠷ ᠠᠮᠵᠢᠯᠳᠠ ᠲᠠᠢ ᠲᠤᠷᠰᠢᠯᠭ᠎ᠠ ᠤᠳ | ᠢ ᠪᠢᠳᠠᠨ ᠤ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠪᠦᠬᠦ ᠺᠠᠳ᠋ᠷ ᠠᠵᠢᠯᠳᠠᠨ ᠬᠦᠢᠴᠡᠳ ᠲᠠᠨᠢᠵᠦ | ᠴᠢᠩᠭ᠎ᠠ ᠡᠵᠡᠮᠰᠢᠨ ᠤᠷᠳᠦ ᠬᠤᠭᠤᠴᠠᠭ᠎ᠠ ᠪᠠᠷ ᠪᠡᠷᠢᠮᠳᠠᠯᠠᠬᠤ ᠬᠡᠷᠡᠭᠳᠠᠢ᠃ | ᠦᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠬᠢᠴᠡᠬᠦᠯᠪᠡᠯ ᠤᠯᠤᠭᠰᠠᠨ ᠠᠮᠵᠢᠯᠳᠠ ᠬᠢᠯᠪᠡᠷ ᠪᠤᠰᠦ ᠪᠠᠶᠢᠵᠦ | ᠡᠳᠡᠬᠡᠷ ᠦᠷ᠎ᠡ ᠪᠦᠳᠦᠮᠵᠢ ᠢ ᠤᠯᠤᠭᠰᠠᠨ ᠨᠢ ᠬᠤᠳᠠ ᠶᠢᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠠ ᠬᠤᠰᠢᠭᠤ | ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢ ᠠᠪᠤᠭᠰᠠᠨ ᠤ | ᠦᠷ᠎ᠡ ᠳ᠋ᠦᠩ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠡᠳᠬᠢᠯ ᠬᠦᠴᠦᠨ | ᠢᠶᠠᠨ ᠬᠠᠮᠳᠤᠳᠬᠠᠨ ᠵᠡᠷᠬᠡ ᠳᠤᠨᠢ ᠠᠳᠬᠤᠵᠦ ᠬᠠᠮᠳᠦ ᠳᠤᠨᠢ ᠬᠠᠮᠢᠶᠠᠷᠤᠭᠰᠠᠨ ᠤ ᠦᠷ᠎ᠡ ᠳ᠋ᠦᠩ᠂ ᠪᠦᠬᠦ ᠰᠠᠬᠢᠯᠭ᠎ᠠ | ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠠᠳ ᠤᠨ ᠦᠨᠡᠨ ᠢ ᠡᠷᠢᠨ ᠪᠤᠳᠠᠳᠠᠢ ᠶᠢ ᠡᠷᠬᠢᠮᠯᠡᠵᠦ᠂ | ᠭᠤᠶᠠᠴᠢ ᠦᠭᠡᠢ ᠵᠢᠳᠬᠦᠭᠰᠡᠨ ᠤ ᠦᠷ᠎ᠡ ᠳ᠋ᠦᠩ ᠪᠤᠯᠤᠨ᠎ᠠ᠃ ᠠᠳᠠ ᠪᠢ ᠲᠤᠮᠳᠠᠳᠦ ᠤᠯᠤᠰ ᠤᠨ ᠡᠪ ᠬᠠᠮᠳᠦ ᠨᠠᠮ | ᠤᠨ ᠲᠦᠷᠪᠡᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠶᠢ | ᠲᠦᠯᠦᠬᠡᠯᠡᠨ᠂ ᠰᠠᠬᠢᠯᠭ᠎ᠠ ᠪᠠᠳᠦ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠯᠠᠮᠵᠢᠯᠠᠵᠦ ᠲᠡᠮᠵᠢᠭᠰᠡᠨ ᠦᠷᠬᠡᠨ | ᠤᠯᠠᠨ ᠨᠠᠮ ᠤᠨ ᠬᠡᠰᠢᠬᠦᠨ ᠤᠳᠤᠷᠢᠳᠬᠤ ᠺᠠᠳ᠋ᠷ ᠪᠤᠯᠤᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ | ᠰᠡᠳᠬᠢᠯ ᠤᠨ ᠲᠡᠯᠡᠷᠬᠠᠯ ᠢᠶᠠᠨ ᠲᠡᠪᠰᠢᠬᠦᠯᠦᠶ᠎ᠠ︕ | ᠤᠯᠤᠭᠰᠠᠨ ᠠᠮᠵᠢᠯᠳᠠ ᠪᠠᠨ ᠨᠤᠳᠠᠯᠠᠬᠤ ᠶᠢᠨ ᠲᠠᠭᠠᠤ᠂ ᠪᠢᠳᠠ ᠡᠷᠬᠡᠪᠰᠢ ᠪᠦᠬᠦ ᠬᠤᠰᠢᠭᠤᠨ ᠤ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠤᠨ ᠬᠠᠨᠳᠤᠰᠢ ᠮᠦᠨ ᠬᠦ | ᠪᠤᠳᠤᠯᠢᠶᠠᠨᠳᠠᠢ᠂ ᠬᠠᠳᠠᠭᠠᠯᠠᠭᠳᠠᠬᠤ ᠬᠡᠮᠵᠢᠶ᠎ᠠ ᠶᠢ ᠬᠠᠰᠤᠵᠦ᠂ ᠨᠡᠮᠡᠭᠳᠡᠬᠦ ᠬᠡᠮᠵᠢᠶ᠎ᠠ ᠶᠢ ᠬᠤᠷᠢᠭᠯᠠᠬᠤ ᠶᠢᠨ ᠡᠬᠦᠷᠬᠡ | ᠮᠦᠨ ᠬᠦ ᠬᠦᠨᠳᠦ ᠪᠠᠶᠢᠭᠰᠠᠭᠠᠷ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠡᠬᠦᠷᠬᠡ ᠬᠦᠨᠳᠦ ᠵᠠᠮ | ᠬᠤᠯᠠ ᠪᠠᠶᠢᠭ᠎ᠠ ᠪᠠᠨ ᠰᠡᠷᠬᠡᠭ ᠢᠶᠠᠷ ᠲᠠᠨᠢᠵᠦ ᠤᠯᠬᠤ ᠬᠡᠷᠡᠭᠳᠠᠢ᠃ ᠭᠤᠤᠯ ᠢᠯᠡᠷᠡᠯ ᠨᠢ᠄ ᠨᠢᠬᠡ ᠬᠡᠰᠡᠭ ᠭᠠᠵᠠᠷ | ᠤᠷᠤᠨ ᠪᠠ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ ᠤᠨ ᠵᠤᠬᠢᠶᠠᠨ ᠪᠠᠶᠢᠭᠤᠯᠤᠯᠳᠠ︶ ᠶᠢᠨ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠡᠬᠦᠷᠬᠡ ᠬᠠᠷᠢᠭᠤᠴᠠᠯᠭ᠎ᠠ ᠬᠦᠢᠴᠡᠳ ᠪᠤᠰᠦ᠂ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠢᠶᠠᠷ ᠲᠤᠳᠠᠮᠠᠭ︔ ᠵᠠᠷᠢᠮ ᠨᠠᠮ | ᠤᠨ ᠬᠡᠰᠢᠬᠦᠳ ᠠᠵᠢᠯ ᠤᠨ ᠲᠤᠮᠳᠠ ᠪᠠᠨ ᠬᠠᠷᠢᠭᠤᠴᠠᠯᠭ᠎ᠠ ᠡᠬᠦᠷᠬᠡᠯᠡᠬᠦ ᠠᠴᠠ ᠠᠶᠤᠵᠦ᠂ ᠰᠢᠨ᠎ᠡ ᠶᠢ ᠡᠬᠦᠳᠬᠦ ᠦᠭᠡᠢ | ᠂ ᠪᠠᠰᠠ ᠰᠠᠶᠢᠳᠦᠷ ᠬᠢᠬᠦ ᠦᠭᠡᠢ᠂ ᠤᠳᠠᠭᠠᠨ ᠬᠢᠬᠦ᠂ ᠲᠤᠷ᠎ᠠ ᠪᠠᠷ ᠬᠢᠬᠦ᠂ ᠬᠠᠭᠤᠷᠮᠠᠭ ᠢᠶᠠᠷ ᠬᠢᠬᠦ ᠵᠡᠷᠬᠡ ᠠᠰᠠᠭᠤᠳᠠᠯ | ᠤᠷᠤᠰᠢᠵᠦ ᠪᠤᠢ︔ ᠤᠨᠴᠠ ᠵᠠᠷᠢᠮ ᠨᠠᠮ ᠤᠨ ᠬᠡᠰᠢᠬᠦᠨ ᠺᠠᠳ᠋ᠷᠴᠤᠳ ᠤᠨ ᠦᠨᠳᠦᠰᠦᠨ ᠵᠤᠷᠢᠯᠳᠠ ᠶᠢᠨ ᠦᠵᠡᠯ | ᠤᠬᠠᠮᠰᠠᠷ ᠲᠤᠤᠷ᠎ᠠ᠂ ᠡᠷᠬᠡ ᠪᠠᠨ ᠲᠤᠷ᠎ᠠ ᠪᠠᠷ ᠠᠰᠢᠭᠯᠠᠨ᠂ ᠤᠯᠠᠨ ᠲᠦᠮᠡᠨ ᠤ ᠲᠡᠷᠬᠡᠳᠡᠬᠢ ᠲᠦᠪ ᠪᠤᠰᠦ ᠰᠤᠷᠳᠠᠯ | ᠪᠠ ᠢᠯᠵᠢᠷᠠᠯ ᠤᠨ ᠠᠰᠠᠭᠤᠳᠠᠯ ᠢᠯᠡᠷᠡᠵᠦ ᠪᠠᠶᠢᠬᠤ ᠶᠢ ᠤᠯᠵᠦ ᠦᠵᠡᠬᠦ ᠦᠭᠡᠢ︔ ︽ᠭᠤᠷᠪᠠᠨ ᠦᠭᠡᠢ︾ | ᠲᠤᠭᠳᠠᠴᠠ ᠶᠢ ᠪᠦᠬᠦᠯᠢ ᠴᠤᠭᠴᠠ ᠳᠤᠨᠢ ᠠᠬᠢᠭᠤᠯᠬᠤ ᠲᠠᠯ᠎ᠠ ᠪᠠᠷ ᠲᠡᠩᠴᠡᠬᠦᠷᠢ ᠦᠭᠡᠢ᠂ ᠬᠡᠷᠡᠭ ᠶᠠᠪᠤᠳᠠᠯ ᠢᠶᠠᠷ | ᠦᠬᠡᠷᠡᠴᠢᠯᠡᠯᠳᠠ ᠶᠢ ᠠᠬᠢᠭᠤᠯᠬᠤ ᠠᠵᠢᠯ ᠪᠤᠳᠠᠳᠠᠢ ᠪᠤᠰᠦ︔ ᠵᠠᠷᠢᠮ ᠰᠠᠬᠢᠯᠭ᠎ᠠ ᠪᠠᠳᠦ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠠᠵᠢᠯᠳᠠᠳ ᠤᠨ ᠴᠢᠳᠠᠪᠤᠷᠢ ᠬᠡᠪ ᠰᠤᠷᠳᠠᠯ ᠵᠢᠴᠢ ᠠᠵᠢᠯ ᠲᠦᠷᠦᠯ ᠤᠨ ᠬᠢᠷᠢ ᠲᠦᠪᠰᠢᠨ ᠨᠢ | ᠰᠢᠨ᠎ᠡ ᠪᠠᠶᠢᠳᠠᠯ ᠰᠢᠨ᠎ᠡ ᠡᠬᠦᠷᠬᠡ ᠰᠢᠨ᠎ᠡ ᠱᠠᠭᠠᠷᠳᠠᠯᠭ᠎ᠠ ᠳᠤ ᠬᠠᠷᠠᠬᠠᠨ ᠨᠡᠶᠢᠴᠡᠬᠦ ᠦᠭᠡᠢ ᠵᠡᠷᠬᠡ᠃ ᠡᠳᠡᠬᠡᠷ | ᠠᠰᠠᠭᠤᠳᠠᠯ ᠤᠳ ᠢ ᠪᠢᠳᠠ ᠡᠷᠬᠡᠪᠰᠢ ᠲᠡᠬᠡᠳᠦ ᠬᠡᠮᠵᠢᠶ᠎ᠠ ᠪᠠᠷ ᠴᠢᠬᠤᠯᠠᠴᠢᠯᠠᠨ᠂ ᠨᠠᠷᠢᠨ ᠬᠢᠨᠠᠮᠠᠭᠠᠢ ᠪᠠᠷ ᠰᠢᠢᠳᠪᠦᠷᠢᠯᠡᠬᠦ | ᠬᠡᠷᠡᠭᠳᠠᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ | ᠬᠤᠶᠢᠰᠢᠲᠠ ᠶᠢᠨ ᠲᠠᠪᠤᠨ ᠵᠢᠯ ᠪᠤᠯ ︽ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠶᠢ | ᠲᠤᠭᠤᠰᠢᠯᠠᠭᠤᠯᠵᠤ᠂ ᠨᠡᠶᠢᠭᠡᠮ ᠵᠢᠷᠤᠮᠲᠤ ᠤᠳᠤᠬᠢᠴᠢᠯᠠᠯᠲᠠ ᠶᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ ᠰᠢᠨ᠎ᠡ | ᠠᠶᠠᠯᠠᠯ ᠢ ᠡᠬᠢᠯᠡᠭᠦᠯᠬᠦ ᠴᠢᠬᠤᠯᠠ ᠴᠠᠭ ᠦᠶ᠎ᠡ ᠮᠦᠨ᠃ ᠰᠢᠨ᠎ᠠ ᠪᠠᠶᠢᠳᠠᠯ᠂ ᠰᠢᠨ᠎ᠠ ᠡᠭᠦᠷᠭᠡ᠂ ᠰᠢᠨ᠎ᠠ ᠱᠠᠭᠠᠷᠳᠠᠯᠭ᠎ᠠ | ᠶᠢᠨ ᠡᠮᠤᠨ᠎ᠡ᠂ ᠪᠦᠬᠦ ᠬᠤᠰᠢᠭᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ | ᠮᠦᠴᠢᠷ ᠨᠢ ᠰᠢᠨ᠎ᠠ ᠴᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨᠲ᠋ᠤᠰᠢᠶᠠᠯ | ᠬᠠᠷᠢᠭᠤᠴᠠᠯᠭ᠎ᠠ ᠪᠠᠨ ᠬᠦᠨᠵᠡᠭᠡᠢ ᠡᠵᠡᠮᠳᠡᠨ᠂ ᠪᠦᠬᠦ ᠲᠠᠯ᠎ᠠ ᠪᠠᠷ ᠲᠦᠪ ᠴᠢᠩᠭ᠎ᠠ ᠨᠠᠮ ᠢ ᠵᠠᠰᠠᠬᠤ ᠰᠠᠶᠢᠨ ᠪᠠᠶᠢᠳᠠᠯ ᠢ | ᠡᠷᠡᠰ ᠬᠠᠮᠠᠭᠠᠯᠠᠵᠤ᠂ ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠨ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷᠯᠢᠭ ᠭᠦᠭᠵᠢᠯᠲᠡ ᠪᠠ ᠨᠠᠮ ᠤᠨ ᠰᠤᠷᠲᠠᠯ ᠴᠢᠭᠡᠴᠢ ᠵᠠᠰᠠᠭ ᠤᠨ | ᠪᠦᠳᠤᠭᠡᠨ ᠪᠠᠶᠢᠭᠤᠯᠤᠯᠲᠠ᠂ ᠢᠯᠵᠡᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠲᠦᠯᠬᠢᠨ ᠠᠬᠢᠭᠤᠯᠤᠨ᠎ᠠ᠃ ᠶᠡᠷᠤᠩᠬᠡᠢ ᠱᠠᠭᠠᠷᠲᠠᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ | ᠠᠷᠪᠡ ᠶᠢᠰᠤᠳᠤᠭᠡᠷ ᠶᠡᠭᠡ ᠬᠤᠷᠠᠯ ᠪᠤᠯᠤᠨ ᠠᠷᠪᠠ ᠶᠢᠰᠤᠳᠤᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠲᠦᠷᠪᠡᠳᠤᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠦᠪ | ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠤᠠᠯᠠᠭᠠᠨᠴᠠᠪ ᠬᠤᠲᠠ ᠪᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠡᠯ᠎ᠡ ᠵᠦᠢᠯ ᠤᠨ | ᠰᠢᠢᠳᠪᠤᠷᠢᠲᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢ | ᠴᠢᠩᠭᠠᠳᠬᠠᠨ᠂ ︽ᠳᠦᠷᠪᠡᠨ ᠢᠲᠡᠭᠡᠯ︾ ᠢ ᠪᠠᠳᠤᠳᠬᠠᠵᠤ᠂ ︽ᠬᠤᠶᠠᠷ ᠢ ᠬᠦᠷᠢᠶᠠᠯᠠᠬᠦ︾ ᠶᠢ ᠪᠡᠶᠡᠯᠡᠭᠦᠯᠦᠨ᠂ | ᠲᠤᠭᠲᠠᠭᠤᠨ ᠢᠶᠠᠷ ᠬᠦᠭᠵᠢᠬᠦ ᠠᠵᠢᠯ ᠤᠨ ᠪᠠᠶᠢᠳᠠᠯ ᠢ ᠪᠠᠷᠢᠮᠲᠠᠯᠠᠵᠤ᠂ ᠴᠢᠨᠠᠷᠯᠢᠭ ᠬᠦᠭᠵᠢᠬᠦ ᠪᠠᠷ ᠭᠤᠤᠯ ᠰᠡᠳᠤᠪ | ᠪᠤᠯᠭᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠡᠷᠡᠯ ᠢ ᠡᠰᠡᠷᠭᠦᠴᠡᠬᠦ ᠲᠡᠮᠡᠴᠡᠯ ᠢ | ᠭᠤᠶᠢᠪᠢᠰᠢ ᠦᠭᠡᠢ ᠲᠦᠯᠬᠢᠨ ᠠᠬᠢᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠲᠤ ᠪᠠᠶᠢᠷᠢᠯᠠᠭᠤᠯᠤᠯᠲᠠ ᠶᠢ | ᠲᠦᠯᠬᠢᠨ ᠤᠷᠤᠭᠰᠢᠯᠠᠭᠤᠯᠬᠤ ᠶᠢ ᠪᠦᠳᠤᠮᠵᠢᠲᠠᠢ ᠬᠡᠷᠡᠭᠵᠢᠭᠦᠯᠤᠨ᠂ ᠦᠨᠳᠤᠷ ᠪᠤᠯᠪᠠᠰᠤᠷᠠᠯᠲᠤ᠂ ᠲᠤᠰᠬᠠᠶᠢᠵᠢᠭᠰᠠᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠲᠠᠨ ᠤ ᠡᠩᠨᠡᠭᠡ ᠶᠢ ᠪᠠᠶᠢᠭᠤᠯᠵᠤ᠂ ᠪᠦᠬᠦ | ᠬᠤᠰᠢᠭᠤᠨ ᠤ ︽ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠶᠢ ᠠᠮᠵᠢᠯᠲᠠ ᠲᠠᠢ | ᠲᠤᠭᠤᠰᠢᠯᠠᠭᠤᠯᠬᠤ ᠶᠢ ᠡᠷᠡᠰ ᠴᠢᠩᠭ᠎ᠠ ᠪᠠᠳᠤᠯᠠᠬᠤ ᠪᠤᠯᠤᠨ᠎ᠠ᠃ ᠡᠨᠡᠬᠦ ᠶᠡᠷᠤᠩᠬᠡᠢ ᠱᠠᠭᠠᠷᠳᠠᠯᠭ᠎ᠠ ᠶᠢᠨ ᠬᠦᠷᠢᠶᠡᠨ ᠳᠤ᠂ | ᠲᠤᠤᠷᠠᠬᠢ ᠨᠠᠢᠮᠠᠨ ᠲᠠᠯ᠎ᠠ ᠤᠨ ᠠᠵᠢᠯ ᠢ ᠴᠢᠩᠭ᠎ᠠ ᠠᠳᠬᠤᠬᠤ ᠴᠢᠬᠤᠯᠠ ᠲᠠᠢ᠃ | ︵ᠨᠢᠭᠡ︶ ︽ᠬᠤᠶᠠᠷ ᠢ ᠬᠦᠷᠢᠶᠡᠯᠡᠬᠦ︾ ᠤᠯᠤᠰ ᠲᠦᠷᠦ ᠶᠢᠨ ᠡᠭᠦᠷᠭᠡ ᠶᠢ ᠡᠷᠡᠰ ᠦᠢᠯᠡᠳᠤᠯᠭᠡᠵᠢᠭᠦᠯᠤᠨ᠂ | ᠤᠯᠤᠰ ᠲᠦᠷᠦ ᠤᠨ ᠡᠷᠴᠢᠮᠲᠠᠢ ᠬᠢᠨᠠᠯᠲᠠ ᠶᠢᠨ ᠲᠤᠤᠷ᠎ᠠ ︽ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠯᠡᠭᠡ︾ | ᠶᠢ ᠠᠮᠵᠢᠯᠲᠠ ᠲᠠᠢ ᠬᠡᠷᠡᠭᠵᠢᠭᠦᠯᠦᠨ᠎ᠡ᠃ | ᠤᠯᠤᠰ ᠲᠦᠷᠦ ᠦᠵᠡᠯ ᠰᠠᠨᠠᠭᠠᠨ ᠤ ᠤᠳᠤᠷᠢᠳᠤᠮᠵᠢ ᠶᠢ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ | ᠶᠡᠷᠤᠩᠬᠡᠢ ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠦᠭᠦᠯᠡᠮᠵᠢ ᠶᠢ ᠪᠦᠷᠢᠮᠰᠤᠨ | ᠤᠶᠢᠯᠠᠭᠠᠵᠦ᠂ ᠲᠦᠪ ᠠᠴᠠ ᠦᠪᠤᠷ ᠮᠤᠩᠭᠤᠯ ᠳᠤ ᠬᠠᠨᠳᠤᠭᠤᠯᠤᠭᠰᠠᠨ ︽ᠬᠤᠶᠠᠷ ᠬᠠᠯᠬᠠᠪᠴᠢ︾ ︽ᠬᠤᠶᠠᠷ | ᠰᠠᠭᠤᠷᠢᠨ ᠭᠠᠵᠠᠷ︾ ︽ᠨᠢᠭᠡ ᠪᠠᠬᠢᠯᠠᠯᠲᠠ︾ ᠶᠢᠨ ᠬᠦᠭᠵᠢᠯᠲᠡ ᠶᠢᠨ ᠪᠠᠶᠢᠷᠢᠰᠢᠯ ᠢ ᠴᠢᠩᠭ᠎ᠠ ᠠᠳᠬᠤᠨ᠂ ᠪᠦᠬᠦ | ᠬᠤᠰᠢᠭᠤᠨ ᠤ ᠬᠦᠭᠵᠢᠯᠲᠡ ᠶᠢᠨ ᠶᠡᠭᠡ ᠲᠠᠯ᠎ᠠ ᠶᠢᠨ ᠲᠤᠭᠤᠷᠢᠨ ᠳᠤ ᠵᠢᠯᠤᠭᠤᠳᠤᠨ ᠵᠢᠳᠬᠦᠬᠦ ᠤᠶᠢᠯᠡᠳᠤᠯ ᠢᠶᠠᠨ | ᠭᠦᠢᠴᠡᠳ ᠪᠠᠳᠠᠷᠠᠭᠤᠯᠤᠨ᠎ᠠ᠃ | ᠤᠯᠤᠰ ᠲᠦᠷᠦ ᠶᠢᠨ ᠬᠢᠨᠠᠯᠳᠠ ᠶᠢ ᠦᠷᠬᠦᠯᠵᠢ ᠢᠮᠠᠭᠲᠠ ᠳᠤᠪᠤᠶᠢᠯᠭᠠᠨ᠎ᠠ᠃ ᠤᠯᠤᠰ ᠲᠦᠷᠦ ᠤᠨ ᠬᠢᠨᠠᠯᠳᠠ ᠶᠢ | ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠶᠡᠷᠤᠩᠬᠡᠢ ᠱᠦᠵᠢ ᠶᠢᠨ ᠴᠢᠬᠤᠯᠠ ᠶᠠᠷᠢᠶ᠎ᠠ ᠪᠠ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ᠂ ᠨᠠᠮ ᠤᠨ ᠲᠦᠪ ᠬᠤᠷᠢᠶᠠᠨ ᠤ ᠴᠢᠬᠤᠯᠠ ᠰᠢᠢᠳᠪᠦᠷᠢᠲᠤ ᠪᠠᠶᠢᠷᠢᠯᠠᠭᠤᠯᠤᠯᠲᠠ᠂ | ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ | ᠲᠤᠭᠤᠰᠢᠯᠠᠭᠤᠯᠤᠭᠰᠠᠨ ᠪᠠᠶᠢᠳᠠᠯ ᠤᠨ ᠬᠢᠨᠠᠯᠳᠠ᠂ ᠪᠤᠳᠠᠲᠠᠢ ᠤᠶᠢᠯᠠ ᠠᠵᠢᠯᠯᠠᠭ᠎ᠠ ᠪᠠᠷ ︽ᠬᠤᠶᠠᠷ ᠢ ᠬᠦᠷᠢᠶᠡᠯᠡᠬᠦ︾ | ᠶᠢ ᠴᠢᠩᠭᠠᠳᠬᠠᠨ᠎ᠠ᠃ ᠰᠠᠬᠢᠯᠭ᠎ᠠ ᠪᠡᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠬᠢᠨᠠᠯᠳᠠ ᠶᠢ | ᠲᠡᠷᠢᠭᠦᠨ ᠪᠠᠶᠢᠷᠢᠨ ᠳᠤ ᠲᠠᠯᠪᠢᠵᠦ᠂ ᠡᠳᠤᠷ ᠲᠤᠲᠤᠮ ᠤᠨ ᠬᠢᠨᠠᠯᠳᠠ᠂ ᠤᠨᠤᠪᠴᠢᠲᠠᠢ ᠬᠢᠨᠠᠯᠲᠠ ᠶᠢ | ᠭᠦᠨᠵᠡᠭᠡᠶᠢᠷᠡᠭᠦᠯᠦᠨ᠂ ᠨᠠᠮ ᠤᠨ ᠵᠤᠬᠢᠶᠠᠨ ᠪᠠᠶᠢᠭᠤᠯᠤᠯᠲᠠ ᠠᠴᠠ ᠨᠠᠮ ᠨᠢ ᠨᠠᠮ ᠢᠶᠠᠨ ᠬᠠᠮᠢᠶᠠᠷᠴᠤ᠂ ᠨᠠᠮ ᠢ ᠴᠢᠩᠭ᠎ᠠ | ᠵᠠᠰᠠᠬᠤ ᠭᠤᠤᠯ ᠴᠤᠭᠴᠠᠲᠤ ᠬᠠᠷᠢᠭᠤᠴᠠᠯᠭ᠎ᠠ ᠪᠠ ᠱᠦᠵᠢ ᠶᠢᠨ ᠨᠢᠭᠡᠳᠤᠭᠡᠷ ᠬᠠᠷᠢᠭᠤᠴᠠᠯᠭ᠎ᠠ ᠶᠢ ᠲᠤᠶᠢᠯᠪᠤᠷᠢᠲᠠᠢ | ᠴᠢᠩᠭ᠎ᠠ ᠠᠳᠬᠤᠨ᠂ ᠭᠤᠤᠯᠳᠠᠯᠠᠭ᠎ᠠ ᠲᠠᠢ ᠠᠵᠢᠯ ᠤᠨ ᠬᠡᠷᠡᠭᠵᠢᠭᠦᠯᠦᠭᠰᠡᠨ ᠪᠠᠶᠢᠳᠠᠯ᠂ ᠴᠢᠬᠤᠯᠠ ᠠᠵᠢᠯ ᠤᠨ ᠪᠠᠶᠢᠷᠢ | ᠪᠠ ᠭᠤᠭᠴᠤᠭ᠎ᠠ ᠵᠢᠴᠢ ᠬᠠᠷᠢᠭᠤᠴᠠᠯᠭᠠᠲᠤ ᠬᠦᠮᠤᠨ ᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠡᠯ᠎ᠡ ᠲᠦᠷᠦᠯ ᠤᠨ | ᠠᠵᠢᠯ ᠤᠨ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠤᠨ᠎ᠠ᠃ | ︽ᠵᠠᠩᠭᠢᠯᠭ᠎ᠠ ᠶᠢᠨ ᠴᠦᠭᠡᠨ ᠲᠤᠭ᠎ᠠ︾ ᠳᠤ ᠴᠢᠩᠭ᠎ᠠ ᠬᠢᠨᠠᠯᠲᠠ ᠲᠠᠯᠪᠢᠨ᠎ᠠ᠃ ︽ᠭᠤᠤᠯ ᠤᠳᠤᠷᠢᠳᠤᠯᠭ᠎ᠠ︾ | ᠪᠠ ᠠᠳᠠᠯᠢ ᠲᠡᠰ ᠤᠨ ᠬᠢᠨᠠᠯᠲᠠ ᠶᠢᠨ ᠬᠦᠴᠢᠷ ᠲᠦᠪᠡᠭᠲᠠᠢ ᠪᠠᠶᠢᠬᠤ ᠠᠰᠠᠭᠤᠳᠠᠯ ᠢ ᠰᠢᠪᠲᠤᠯᠵᠤ᠂ ᠤᠳᠤᠷᠢᠳᠬᠤ | ᠪᠠᠭ ᠵᠢᠴᠢ ᠢᠯᠠᠩᠭᠤᠶ᠎ᠠ ︽ᠭᠤᠤᠯ ᠤᠳᠤᠷᠢᠳᠤᠯᠭ᠎ᠠ︾ ᠳᠤ ᠴᠢᠩᠭ᠎ᠠ ᠬᠢᠨᠠᠯᠳᠠ ᠲᠠᠯᠪᠢᠨ᠂ ᠬᠢᠨᠠᠯᠳᠠ ᠶᠢᠨ ᠳᠦᠷᠢᠮ | ᠲᠤᠭᠲᠠᠭᠠᠯ ᠢ ᠲᠡᠭᠦᠯᠳᠡᠷᠵᠢᠭᠦᠯᠦᠨ᠎ᠡ᠃ | ︵ᠬᠤᠶᠠᠷ︶ ᠢᠯᠵᠢᠷᠡᠯ ᠢ ᠡᠰᠡᠷᠭᠦᠴᠡᠬᠦ ᠲᠡᠮᠡᠴᠡᠯ ᠢᠶᠠᠷ ᠦᠩᠭᠡᠨ ᠲᠠᠯ᠎ᠠ ᠪᠠ ᠤᠭ ᠦᠨᠳᠤᠰᠤ ᠶᠢ ᠵᠡᠷᠭᠡᠪᠡᠷ | ᠵᠠᠰᠠᠵᠤ᠂ ᠢᠯᠵᠡᠷᠡᠬᠦ ᠠᠴᠠ ᠠᠶᠤᠬᠤ᠂ ᠢᠯᠵᠡᠷᠡᠵᠤ ᠪᠤᠯᠬᠤ ᠦᠭᠡᠢ᠂ ᠢᠯᠵᠡᠷᠡᠬᠦ ᠶᠢ ᠪᠤᠳᠤᠬᠤ ᠦᠭᠡᠢ ᠪᠠᠶᠢᠬᠤ ᠶᠢ | ᠲᠦᠯᠬᠢᠨ ᠠᠬᠢᠭᠤᠯᠤᠨ᠎ᠠ᠃ | ᠢᠯᠵᠡᠷᠡᠯ ᠢ ᠵᠠᠯᠬᠠᠭᠠᠨ ᠰᠢᠳᠭᠡᠬᠦ ᠬᠦᠴᠤᠯᠡᠴᠡ ᠶᠢ ᠬᠤᠪᠢᠷᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ | ᠬᠤᠷᠢᠵᠦ ᠬᠠᠰᠢᠬᠤ ᠭᠠᠵᠠᠷ ᠦᠭᠡᠢ ᠪᠦᠬᠦᠨ ᠢ ᠬᠠᠮᠤᠷᠤᠨ᠂ ᠦᠨᠳᠤᠷ ᠰᠢᠬᠠᠯᠲᠠ ᠶᠢ ᠴᠢᠩᠭ᠎ᠠ ᠪᠠᠷᠢᠮᠲᠠᠯᠠᠵᠤ᠂ ᠪᠦᠬᠦ | ᠬᠤᠰᠢᠭᠤᠨ ᠤ ︽ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠳᠠᠬᠢ ᠲᠦᠷᠦ ᠶᠢᠨ ᠪᠤᠳᠤᠯᠭ᠎ᠠ | ᠶᠢᠨ ᠲᠡᠮᠵᠢᠯᠭᠡ ᠶᠢᠨ ᠬᠦᠴᠤᠯᠡᠴᠡ ᠶᠡᠭᠡ᠂ ᠪᠡᠯᠡ ᠤᠷᠤᠭᠤᠯᠤᠯᠲᠠ ᠨᠢᠭᠲᠠᠷᠠᠭᠰᠠᠨ᠂ ᠡᠬᠡ ᠪᠠᠶᠠᠯᠢᠭ ᠡᠳ᠋ ᠮᠦᠩᠭᠦ | ᠲᠦᠪᠯᠡᠷᠡᠩᠭᠦᠢ ᠭᠤᠤᠯᠳᠠᠯᠠᠭ᠎ᠠ ᠲᠠᠢ ᠬᠦᠷᠢᠶ᠎ᠡ ᠴᠠᠷ᠎ᠠ ᠪᠠ ᠴᠢᠬᠤᠯᠠ ᠭᠤᠭᠴᠤᠭ᠎ᠠ ᠶᠢ ᠴᠢᠩᠭ᠎ᠠ ᠰᠠᠬᠢᠵᠤ᠂ ᠬᠡᠭᠡᠯᠢ | ᠢᠳᠡᠵᠤ ᠬᠠᠭ᠋ᠤᠤᠯᠢ ᠲᠦᠯᠬᠢᠭᠰᠡᠨ ᠬᠤᠶᠠᠷ ᠲᠠᠯ᠎ᠠ ᠶᠢ ᠴᠤᠭ ᠲᠤ ᠨᠢ ᠪᠠᠶᠢᠴᠠᠭᠠᠵᠤ᠂ ᠤᠯᠤᠰ ᠲᠦᠷᠦ ᠶᠢᠨ | ᠠᠰᠠᠭᠤᠳᠠᠯ ᠪᠠ ᠠᠵᠤ ᠠᠬᠤᠢ ᠶᠢᠨ ᠭᠡᠷᠡᠭ ᠬᠤᠯᠢᠯᠳᠤᠭᠰᠠᠨ ᠢᠯᠵᠢᠷᠡᠯ ᠤᠨ ᠭᠡᠷᠡᠭ ᠢ ᠭᠤᠤᠯᠳᠠᠯᠠᠭ᠎ᠠ ᠲᠠᠢ | ᠪᠠᠶᠢᠴᠠᠭᠠᠨ ᠰᠢᠢᠳᠭᠡᠨ᠎ᠡ᠃ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠭᠡᠷᠡᠭ ᠰᠢᠢᠳᠪᠦᠷᠢᠯᠡᠬᠦ ᠰᠠᠬᠢᠯᠭ᠎ᠠ ᠪᠠᠲᠤ | ᠶᠢ ᠴᠢᠩᠭ᠎ᠠ ᠰᠠᠬᠢᠨ᠂ ᠬᠡᠷᠡᠭ ᠰᠢᠢᠳᠪᠦᠷᠢᠯᠡᠬᠦ ᠠᠯᠬᠤᠮ ᠳᠠᠷᠠᠭ᠎ᠠ ᠶᠢ ᠲᠡᠭᠦᠯᠳᠡᠷᠵᠢᠭᠦᠯᠵᠤ᠂ ᠬᠡᠷᠡᠭ ᠰᠢᠭᠦᠨ | ᠲᠠᠰᠤᠯᠠᠬᠤ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠦᠨᠡᠨ ᠪᠤᠳᠠᠳᠠᠢ ᠭᠦᠨ ᠭᠦᠨᠵᠡᠭᠡᠢ ᠪᠠᠷ ᠬᠡᠷᠡᠭ ᠰᠢᠢᠳᠪᠦᠷᠢᠯᠡᠨ᠂ ᠦᠭᠡᠷᠡᠴᠢᠯᠡᠯᠡᠲᠡ ᠶᠢ ᠠᠬᠢᠭᠤᠯᠤᠨ᠎ᠠ᠃ | ︽ᠰᠢᠢᠳᠭᠡᠬᠦ᠂ ᠵᠠᠰᠠᠬᠤ᠂ ᠰᠡᠷᠭᠡᠶᠢᠯᠡᠬᠦ︾ ᠶᠢᠨ ᠬᠤᠪᠢᠰᠤᠩᠭᠤᠢ ᠨᠢᠭᠡᠳᠤᠮᠡᠯ ᠬᠠᠷᠢᠴᠠᠭ᠎ᠠ ᠶᠢ ᠡᠵᠡᠮᠳᠡᠨ᠂ ᠢᠯᠵᠢᠷᠡᠯ | ᠢ ᠡᠷᠡᠰ ᠰᠢᠢᠳᠭᠡᠵᠤ᠂ ᠳᠦᠷᠢᠮ ᠲᠤᠭᠲᠠᠭᠠᠯ ᠢ ᠡᠷᠡᠰ ᠴᠢᠩᠭᠠᠯᠠᠨ᠂ ᠬᠠᠮᠢᠶᠠᠷᠤᠯᠲᠠ ᠶᠢ ᠡᠷᠡᠰ ᠪᠠᠷᠢᠮᠲᠠᠯᠠᠵᠤ᠂ | ᠰᠡᠷᠡᠮᠵᠢᠯᠡᠯ ᠬᠦᠮᠤᠵᠢᠯ ᠢ ᠡᠷᠡᠰ ᠡᠷᠴᠢᠮᠵᠢᠬᠦᠯᠬᠦ ᠶᠢ ᠬᠠᠷᠢᠯᠴᠠᠨ ᠤᠶᠠᠯᠳᠤᠭᠤᠯᠤᠨ᠂ ᠭᠡᠷᠡᠭ ᠳᠠᠩᠰᠠᠯᠠᠬᠤ ᠪᠠ ᠡᠮᠤᠨᠡᠬᠢ | ᠠᠵᠢᠯ ᠤᠨ ᠪᠡᠯᠡᠳᠭᠡᠯ᠂ ᠭᠡᠷᠡᠭ ᠰᠢᠢᠳᠭᠡᠬᠦ ᠪᠠ ᠨᠠᠵᠠᠭᠠᠢ ᠨᠦᠯᠦᠭᠡ ᠶᠢ ᠦᠭᠡᠶᠢᠰᠭᠡᠬᠦ᠂ ᠬᠡᠷᠡᠭ ᠳᠠᠭᠤᠰᠬᠠᠬᠤ ᠪᠠ | ᠱᠠᠯᠠᠪᠳᠠᠭᠤᠯᠤᠨ ᠴᠡᠭᠴᠡᠯᠡᠬᠦ ᠶᠢ ᠴᠦᠮ ᠵᠡᠷᠭᠡ ᠬᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠠᠨᠠᠭᠤᠯᠤᠮᠵᠢ ᠶᠢᠨ ᠬᠠᠭᠤᠳᠠᠰᠤ ᠶᠢ ᠰᠠᠶᠢᠳᠤᠷ ᠬᠡᠷᠡᠭᠯᠡᠨ᠂ ᠭᠡᠷᠡᠭ ᠤᠨ ᠲᠤᠬᠠᠢ ᠶᠢᠨ ᠭᠠᠵᠠᠷ ᠤᠨ ᠰᠠᠯᠠᠭ᠎ᠠ ᠮᠦᠴᠢᠷ | ᠢ ᠲᠤᠭᠲᠠᠭᠠᠯ ᠲᠦᠷᠢᠮ ᠢᠶᠠᠷ ᠡᠮᠵᠡᠭ ᠲᠠᠯ᠎ᠠ ᠪᠠᠨ ᠨᠦᠬᠦᠬᠦ ᠶᠢ ᠱᠠᠭᠠᠷᠳᠠᠵᠤ᠂ ᠬᠠᠮᠢᠶᠠᠷᠤᠯᠲᠠ ᠪᠠᠨ ᠴᠢᠩᠭᠠᠳᠬᠠᠨ᠂ | ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠨ᠎ᠡ᠃ | ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠡᠷᠡᠮᠵᠢᠯᠡᠭᠦᠯᠬᠦ ᠬᠦᠮᠤᠵᠢᠯ ᠢ | ᠪᠠᠶᠢᠩᠭᠤᠵᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠲᠠᠶᠢᠯᠪᠤᠷᠢᠯᠠᠨ᠂ ᠤᠷᠴᠢᠨ ᠲᠤᠭᠤᠷᠢᠨ ᠤ | ᠭᠡᠷᠡᠭ ᠤᠴᠢᠷ ᠢᠶᠠᠷ ᠤᠷᠴᠢᠨ ᠲᠤᠭᠤᠷᠢᠨ ᠤ ᠬᠦᠮᠤᠰ ᠢ ᠬᠦᠮᠤᠵᠢᠭᠦᠯᠤᠨ᠂ ᠺᠠᠳ᠋ᠷ ᠠᠵᠢᠯᠲᠠᠨ ᠤ ᠬᠠᠤᠯᠢ ᠲᠦᠷᠢᠮ ᠢ | ᠰᠠᠬᠢᠬᠤ ᠤᠬᠠᠮᠰᠠᠷ ᠢ ᠳᠡᠭᠡᠭᠰᠢᠯᠡᠭᠦᠯᠵᠤ᠂ ᠱᠠᠮᠰᠢᠬᠤ ᠶᠢ ᠲᠡᠪᠴᠢᠵᠤ ᠢᠯᠵᠡᠷᠡᠯ ᠢ ᠰᠡᠷᠭᠡᠶᠢᠯᠡᠬᠦ ᠴᠢᠳᠠᠪᠤᠷᠢ ᠪᠠᠨ | ᠳᠡᠭᠡᠭᠰᠢᠯᠡᠬᠦᠯᠦᠨ᠎ᠡ᠃ ︽ᠦᠨᠳᠤᠰᠤᠨ ᠱᠠᠳᠤᠨ ᠤ ᠠᠷᠢᠭᠤᠨ ᠴᠢᠭᠡᠴᠢ ᠺᠠᠳ᠋ᠷ ᠤᠨ ᠵᠢᠱᠢᠶᠡᠴᠢ︾ ᠵᠡᠷᠭᠡ ᠴᠢᠭᠡᠴᠢ | ᠵᠠᠰᠠᠭ ᠤᠨ ᠨᠡᠶᠢᠲᠡᠯᠢᠭ ᠵᠢᠱᠢᠶ᠎ᠡ ᠶᠢᠨ ᠤᠬᠠᠭᠤᠯᠤᠯ ᠤᠨ ᠬᠦᠴᠤᠯᠡᠴᠡ ᠶᠢ ᠨᠡᠮᠡᠭᠳᠡᠭᠦᠯᠤᠨ᠂ ᠬᠤᠰᠢᠭᠤᠨ ᠤ ᠪᠠᠶᠢᠳᠠᠯ | ᠲᠠᠢ ᠪᠠᠨ ᠤᠶᠠᠯᠳᠤᠭᠤᠯᠵᠦ᠂ ᠡᠯ᠎ᠡ ᠲᠦᠷᠦᠯ ᠤᠨ ᠴᠢᠭᠡᠴᠢ ᠵᠠᠰᠠᠭ ᠤᠨ ᠬᠦᠭ ᠠᠶᠠᠰ ᠲᠠᠢ ᠰᠤᠶᠤᠯ ᠤᠨ | ᠬᠦᠳᠡᠯᠭᠡᠭᠡᠨ ᠢ ᠡᠷᠬᠢᠯᠡᠨ᠂ ᠦᠨᠳᠤᠰᠤᠨ ᠱᠠᠳᠣᠨ ᠤ ᠠᠷᠢᠭᠤᠨ ᠴᠢᠭᠡᠴᠢ ᠰᠤᠶᠤᠯ ᠤᠨ ᠪᠠᠶᠢᠭᠤᠯᠤᠯᠲᠠ ᠶᠢ | ᠦᠷᠬᠦᠯᠵᠢᠯᠡᠭᠦᠯᠵᠤ᠂ ᠶᠤᠰᠤ ᠰᠤᠷᠲᠠᠬᠤᠨ ᠢ ᠳᠡᠭᠡᠳᠤᠯᠡᠵᠤ ᠠᠷᠢᠭᠤᠨ ᠴᠢᠭᠡᠴᠢ ᠶᠢ ᠪᠠᠷᠢᠮᠳᠠᠯᠠᠬᠤ ᠨᠠᠶᠢᠭᠡᠮ ᠤᠨ | ᠠᠭᠤᠷ ᠠᠮᠢᠰᠬᠤᠯ ᠢ ᠪᠤᠢ ᠪᠤᠯᠭᠠᠨ᠎ᠠ᠃ | ︵ᠭᠤᠷᠪᠠ︶ ︽ᠳᠦᠷᠪᠡᠨ ᠰᠤᠷᠲᠠᠯ︾ ᠤᠨ ᠭᠡᠮ ᠰᠤᠭᠤᠭ ᠢ ᠰᠢᠨᠲᠠᠷᠠᠰᠢ ᠦᠭᠡᠢ ᠵᠠᠰᠠᠵᠤ᠂ ᠦᠨᠡᠨ ᠠᠴᠠ | ᠵᠦᠪ ᠢ ᠡᠷᠢᠨ᠂ ᠠᠷᠢᠭᠤᠨ ᠴᠢᠭᠡᠴᠢ ᠰᠢᠨ᠎ᠡ ᠤᠪᠤᠷ ᠰᠤᠷᠲᠠᠯ ᠢ ᠦᠨᠢᠳᠡ ᠪᠠᠷᠢᠮᠲᠠᠯᠠᠨ᠎ᠠ᠃ | ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ᠎ᠠ᠃ | ᠳᠦᠷᠢᠮ ᠠᠴᠠ ᠵᠦᠷᠢᠴᠡᠨ ᠪᠡᠯᠡᠭ ᠰᠠᠯᠳᠠ᠂ ᠬᠤᠪᠤᠷ ᠴᠤᠬᠠᠭ ᠨᠤᠲᠤᠭ ᠤᠨ ᠭᠠᠷᠤᠯᠲᠠ ᠶᠢ ᠬᠦᠷᠭᠡᠵᠤ ᠲᠤᠰᠤᠬᠤ᠂ | ᠠᠯᠪᠠᠨ ᠤ ᠵᠠᠷᠤᠳᠠᠯ ᠢᠶᠠᠷ ᠢᠳᠠᠵᠤ ᠤᠤᠭᠤᠨ᠂ ᠵᠤᠭᠠᠴᠠᠨ ᠲᠤᠭᠤᠷᠢᠵᠤ᠂ ᠳᠦᠷᠢᠮ ᠵᠦᠷᠢᠴᠡᠨ ᠭᠡᠷᠡᠯᠡᠯᠲᠡ ᠪᠠ | ᠤᠷᠤᠰᠢᠭᠤᠯᠤᠯᠭ᠎ᠠ ᠶᠢᠨ ᠶᠠᠪᠤᠳᠠᠯ ᠡᠷᠬᠢᠯᠡᠬᠦ ᠶᠢ ᠴᠢᠩᠭ᠎ᠠ ᠠᠩᠬᠠᠷᠴᠤ᠂ ᠬᠤᠪᠢ ᠶᠢᠨ ᠲᠡᠷᠭᠡ ᠶᠢ ᠠᠯᠪᠠᠨ ᠠᠴᠠ | ᠲᠡᠵᠢᠭᠡᠬᠦ᠂ ᠱᠠᠩᠨᠠᠯ ᠨᠦᠬᠦᠪᠤᠷᠢ ᠲᠤᠷ᠎ᠠ ᠪᠠᠷ ᠢᠶᠠᠨ ᠲᠠᠷᠬᠠᠭᠠᠬᠤ ᠵᠡᠷᠭᠡ ᠨᠢᠭᠤᠭᠳᠠᠮᠠᠯ ᠠᠰᠠᠭᠤᠳᠠᠯ ᠢ ᠢᠯᠡᠷᠡᠭᠦᠯᠦᠨ᠂ | ᠢᠯᠡ ᠲᠠᠯᠲᠠ ᠪᠠᠷ ᠬᠢᠨᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠵᠤ᠂ ᠲᠦᠪ ᠤᠨ ᠨᠠᠢᠮᠠᠨ ᠵᠤᠷᠪᠤᠰ ᠲᠤᠭᠲᠠᠭᠠᠯ | ᠤᠨ ᠵᠤᠷᠢᠭ ᠰᠠᠨᠠᠭ᠎ᠠ ᠶᠢ ᠭᠦᠨᠵᠡᠭᠡᠢ ᠡᠷᠴᠢᠮᠵᠢᠭᠦᠯᠦᠨ᠎ᠡ᠃ | ᠭᠡᠯᠪᠡᠷᠢᠴᠢ ᠦᠵᠡᠯ᠂ ᠨᠤᠶᠠᠨᠴᠢ ᠰᠤᠷᠲᠠᠯ ᠢ ᠦᠷᠬᠦᠯᠵᠢᠯᠡᠨ ᠴᠡᠭᠴᠡᠯᠡᠨ ᠵᠠᠰᠠᠨ᠎ᠠ᠃ ᠨᠠᠮ ᠤᠨ ᠲᠦᠪ | ᠬᠤᠷᠢᠶᠠᠨ ᠤ ᠰᠢᠢᠳᠪᠤᠷᠢᠲᠤ ᠪᠤᠳᠤᠯᠭ᠎ᠠ ᠶᠢ ᠲᠤᠭᠤᠰᠢᠯᠠᠭᠤᠯᠬᠤ ᠳᠤ ᠰᠤᠩᠭᠤᠯᠲᠠ ᠬᠢᠵᠤ᠂ ᠬᠤᠪᠢᠷᠠᠯᠲᠠ ᠭᠠᠷᠭᠠᠨ᠂ | ᠬᠦᠩᠭᠡᠪᠴᠢᠯᠡᠵᠤ ᠤᠮᠳᠤᠭᠠᠶᠢᠯᠠᠬᠤ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠭᠡᠨ᠎ᠡ᠃ ᠨᠠᠮ ᠤᠨ ᠭᠡᠰᠢᠭᠦᠨ | ᠺᠠᠳ᠋ᠷ ᠠᠵᠢᠯᠲᠠᠨ ᠠᠴᠠ ᠡᠬᠢᠯᠡᠨ ᠰᠠᠨᠠᠭᠠᠨ ᠲᠠᠪᠠ ᠪᠠᠷ ᠵᠠᠷᠯᠢᠭ ᠪᠠᠭᠤᠯᠭᠠᠨ᠂ ᠠᠰᠠᠭᠤᠳᠠᠯ ᠡᠷᠢᠬᠦ ᠠᠴᠠ ᠰᠢᠢᠳᠪᠦᠷᠢᠯᠡᠬᠦ | ᠦᠭᠡᠢ᠂ ᠨᠡᠷ᠎ᠡ ᠨᠢᠭᠤᠷ ᠭᠠᠪᠢᠶ᠎ᠠ ᠵᠢᠳᠬᠦᠯ ᠬᠦᠭᠡᠭᠡᠴᠡᠯᠳᠡᠬᠦ ᠵᠡᠷᠭᠡ ᠠᠰᠠᠭᠤᠳᠠᠯ ᠢ ᠭᠤᠤᠯᠳᠠᠯᠠᠭ᠎ᠠ ᠲᠠᠢ ᠴᠡᠭᠴᠡᠯᠡᠵᠤ᠂ | ︽ ᠳᠦᠷᠪᠡᠨ ᠰᠤᠷᠲᠠᠯ︾ ᠤᠨ ᠨᠤᠴᠢᠲᠠᠢ ᠠᠰᠠᠭᠤᠳᠠᠯ ᠢ ᠵᠠᠯᠠᠷᠠᠭᠤᠯᠤᠨ᠂ ᠰᠢᠨ᠎ᠡ ᠠᠭᠤᠷ ᠠᠮᠢᠰᠬᠤᠯ ᠢ ᠪᠤᠢ | ᠪᠤᠯᠭᠠᠵᠤ᠂ ᠨᠠᠮ ᠤᠨ ᠭᠡᠰᠢᠬᠦᠨ ᠤᠳᠤᠷᠢᠳᠬᠤ ᠺᠠᠳ᠋ᠷ ᠤᠨ ᠨᠠᠮᠴᠢ ᠴᠢᠨᠠᠷ ᠤᠨ ᠪᠤᠯᠪᠠᠰᠤᠷᠠᠯ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠳᠦᠷᠪᠡ︶ ᠠᠷᠠᠳ ᠲᠦᠮᠡᠨ ᠤ ᠬᠠᠵᠠᠭᠤ ᠬᠠᠪᠢ ᠳᠠᠬᠢ ᠨᠠᠵᠠᠭᠠᠢ ᠰᠤᠷᠲᠠᠯ ᠪᠠ ᠢᠯᠵᠡᠷᠡᠯ ᠤᠨ ᠠᠰᠠᠭᠤᠳᠠᠯ | ᠢ ᠦᠷᠬᠦᠯᠵᠢᠯᠡᠨ ᠴᠡᠭᠴᠡᠯᠡᠵᠤ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠴᠢᠨᠠᠷ ᠢ ᠠᠬᠢᠭᠤᠯᠤᠨ᠂ ᠠᠷᠠᠳ | ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ᠲᠤᠰᠬᠠᠢ ᠲᠦᠷᠦᠯ ᠤᠨ ᠴᠡᠭᠴᠡᠯᠡᠯᠲᠡ ᠶᠢ ᠦᠷᠬᠦᠯᠵᠢᠯᠡᠨ ᠠᠬᠢᠭᠤᠯᠤᠨ᠎ᠠ᠃ ᠡᠯ᠎ᠡ ᠲᠦᠷᠦᠯ ᠤᠨ ᠠᠷᠠᠳ | ᠲᠤ ᠠᠰᠢᠭᠲᠠᠢ᠂ ᠠᠷᠠᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠵᠤ᠂ ᠠᠷᠠᠳ ᠲᠦᠮᠠᠨ ᠤ ᠲᠤᠰᠬᠠᠵᠤ ᠪᠠᠶᠢᠭ᠎ᠠ ᠠᠰᠠᠭᠤᠳᠠᠯ ᠢ ᠲᠦᠪᠯᠡᠷᠡᠭᠦᠯᠦᠨ ᠵᠠᠰᠠᠨ᠎ᠠ᠃ ᠲᠤᠰᠬᠠᠢ | ᠲᠦᠷᠦᠯ ᠤᠨ ᠬᠢᠨᠠᠯᠲᠠ᠂ ᠤᠨᠤᠪᠴᠢᠲᠠᠢ ᠬᠢᠨᠠᠯᠲᠠ ᠶᠢ ᠲᠤᠪᠤᠶᠢᠯᠭᠠᠵᠤ᠂ ᠶᠠᠳᠠᠭᠤ ᠶᠢ ᠳᠡᠳᠬᠦᠬᠦ ᠬᠦᠷᠢᠶ᠎ᠡ ᠬᠡᠪᠴᠢᠶᠡᠨ | ᠤ ᠢᠯᠵᠡᠷᠡᠯ ᠪᠠ ᠰᠤᠷᠲᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠶᠠᠳᠠᠭᠤ ᠶᠢ ᠲᠡᠳᠭᠦᠬᠦ ᠪᠤᠭᠤᠮᠲᠠ | ᠰᠢᠪᠳᠤᠯᠠᠬᠤ ᠠᠵᠢᠯ ᠤᠨ ᠦᠷ᠎ᠡ ᠪᠦᠳᠤᠮᠵᠢ ᠶᠢ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠲᠠᠢ ᠪᠦᠳᠤᠮᠵᠢᠲᠠᠢ ᠵᠠᠯᠭᠠᠨ᠂ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠳᠤ ᠡᠷᠡᠰ ᠴᠢᠩᠭ᠎ᠠ | ᠰᠠᠬᠢᠯᠭ᠎ᠠ ᠪᠠᠲᠤ ᠶᠢᠨ ᠪᠠᠳᠤᠯᠠᠭ᠎ᠠ ᠬᠠᠩᠭᠠᠨ᠎ᠠ᠃ ᠰᠤᠷᠭᠠᠨ ᠬᠦᠮᠤᠵᠢᠯ ᠡᠮ ᠡᠮᠨᠡᠯᠭᠡ᠂ ᠨᠠᠰᠤᠵᠢᠯ ᠤᠨ ᠳᠡᠳᠬᠦᠪᠤᠷᠢ | ᠨᠠᠶᠢᠭᠡᠮ ᠤᠨ ᠳᠠᠭᠠᠳᠬᠠᠯ᠂ ᠢᠳᠡᠭᠡᠨ ᠤᠮᠳᠠᠭᠠᠨ ᠡᠮ ᠲᠡᠩ ᠤᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ | ᠤᠨ ᠬᠦᠷᠢᠶ᠎ᠡ ᠬᠡᠪᠴᠢᠶᠠᠨ ᠤ ᠢᠯᠵᠢᠷᠠᠯ ᠢ ᠴᠢᠩᠭ᠎ᠠ ᠴᠡᠭᠴᠡᠯᠡᠵᠤ᠂ ︽ᠨᠦᠮᠦᠷᠭᠡ ᠶᠢ ᠨᠢ ᠬᠠᠭᠤᠯᠤᠨ ᠰᠦᠯᠪᠡᠭᠡ ᠶᠢ | ᠨᠢ ᠲᠠᠰᠤᠯᠠᠬᠤ︾ ᠪᠠᠶᠢᠩᠭᠤ ᠶᠢᠨ ᠲᠤᠭᠲᠠᠯᠴᠠᠭ᠎ᠠ ᠶᠢ ᠪᠠᠶᠢᠭᠤᠯᠵᠤ ᠲᠡᠭᠦᠯᠳᠡᠷᠵᠢᠭᠦᠯᠤᠨ᠂ ᠬᠠᠷ᠎ᠠ ᠪᠦᠯᠦᠭᠲᠡᠨ ᠢ | ᠱᠦᠭᠦᠷᠳᠡᠨ ᠬᠠᠷᠬᠢᠰ ᠬᠦᠴᠤᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ᠎ᠠ᠃ | ᠦᠨᠳᠤᠰᠤᠨ ᠱᠠᠳᠤᠨ ᠤ ᠤᠯᠤᠰ ᠲᠦᠷᠦ ᠶᠢᠨ ᠤᠷᠴᠢᠨ ᠠᠬᠤᠢ ᠶᠢ ᠦᠷᠬᠦᠯᠵᠢᠯᠡᠨ ᠴᠡᠪᠡᠷᠰᠢᠭᠦᠯᠦᠨ᠎ᠡ᠃ | ︽ᠭᠤᠷᠪᠠ ᠶᠢ ᠢᠯᠡ ᠨᠡᠶᠢᠲᠡᠯᠡᠬᠦ︾ ᠳᠤ ᠴᠢᠩᠭ᠎ᠠ ᠬᠢᠨᠠᠯᠲᠠ ᠲᠠᠯᠪᠢᠵᠤ᠂ ︽ᠳᠡᠭᠡᠭᠰᠢ ᠶᠠᠪᠤᠵᠤ ᠵᠠᠬᠢᠳᠠᠯ | ᠰᠤᠷᠪᠤᠯᠵᠢᠯᠠᠯ ᠬᠢᠬᠦ ᠶᠢ ᠬᠤᠪᠢᠷᠠᠭᠤᠯᠤᠨ ᠦᠨᠳᠤᠰᠤᠨ ᠱᠠᠳᠤᠨ ᠳᠤ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ | ᠪᠤᠯᠭᠠᠬᠤ︾ ᠬᠦᠳᠡᠯᠭᠡᠭᠡᠨ ᠢ ᠴᠢᠩᠭᠠᠳᠬᠠᠵᠤ᠂ ︽ᠠᠷᠢᠭᠤᠨ ᠴᠢᠭᠡᠴᠢ ᠺᠠᠳ᠋ᠷ︾᠂ ︽ᠲᠦᠪ ᠭᠤᠤᠯᠴᠢ ᠭᠠᠴᠠᠭ᠎ᠠ | ᠲᠤᠰᠬᠤᠨ︾ ᠢ ᠰᠤᠩᠭᠤᠨ ᠬᠦᠬᠢᠭᠦᠯᠬᠦ ᠬᠦᠳᠡᠯᠭᠡᠭᠡᠨ ᠢ ᠭᠦᠨᠵᠡᠭᠡᠢ ᠦᠷᠨᠢᠭᠦᠯᠦᠨ᠎ᠡ᠃ | ︵ᠲᠠᠪᠤ︶ ᠤᠯᠤᠰ ᠲᠦᠷᠦ ᠶᠢᠨ ᠲᠤᠭᠤᠷᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠪᠠ ᠦᠷ᠎ᠡ ᠪᠦᠳᠤᠮᠵᠢ ᠶᠢᠨ ᠠᠰᠢᠭᠯᠠᠯᠲᠠ ᠶᠢ ᠬᠦᠨᠵᠡᠭᠡᠶᠢᠷᠡᠭᠦᠯᠦᠨ᠎ᠡ᠃ | ᠲᠤᠭᠤᠷᠢᠨ ᠦᠵᠡᠵᠤ ᠲᠤᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠠᠳᠤᠲᠠᠢ ᠡᠵᠡᠮᠳᠡᠵᠤ᠂ | ᠱᠠᠭᠠᠷᠳᠠᠯᠭ᠎ᠠ ᠶᠤᠰᠤ ᠪᠠᠷ ᠤᠨᠤᠪᠴᠢᠲᠠᠢ ᠲᠤᠭᠤᠰᠢᠯᠠᠭᠤᠯᠤᠨ᠎ᠠ᠃ ᠬᠡᠪ ᠤᠨ ᠪᠠᠶᠢᠳᠠᠯ ᠠᠴᠠ ᠡᠬᠢ ᠠᠪᠴᠤ᠂ ᠲᠤᠰᠬᠠᠢ | ᠲᠦᠷᠦᠯ ᠤᠨ ᠲᠤᠭᠤᠷᠢᠨ ᠪᠠᠶᠢᠴᠠᠭᠠᠯᠲᠠ᠂ ᠠᠮᠢᠳᠤᠯᠢᠭ ᠲᠤᠭᠤᠷᠢᠨ ᠪᠠᠶᠢᠴᠠᠭᠠᠯᠲᠠ᠂ ᠡᠷᠬᠢᠵᠤ ᠬᠠᠷᠠᠬᠤ ᠶᠢ | ᠬᠠᠨᠳᠤᠯᠭ᠎ᠠ ᠲᠠᠢ ᠦᠷᠨᠢᠭᠦᠯᠵᠤ᠂ ᠠᠷᠪᠠᠨ ᠲᠦᠷᠪᠡᠳᠤᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ | ᠲᠤᠭᠤᠷᠢᠨ ᠪᠠᠶᠢᠴᠠᠭᠠᠯᠲᠠ ᠪᠠᠷ ᠪᠦᠭᠦᠲᠡ ᠶᠢ ᠪᠦᠷᠬᠦᠬᠦ ᠡᠭᠦᠷᠭᠡ ᠶᠢ ᠴᠢᠨᠠᠷᠯᠢᠭ ᠪᠡᠶᠡᠯᠡᠭᠦᠯᠦᠨ᠎ᠡ᠃ ᠲᠤᠭᠤᠷᠢᠨ | ᠪᠠᠶᠢᠴᠠᠭᠠᠯᠲᠠ ᠶᠢᠨ ᠠᠵᠢᠯ ᠤᠨ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ | ᠤᠷᠤᠭᠤ ᠭᠦᠨᠵᠡᠭᠡᠶᠢᠷᠡᠬᠦ ᠶᠢ ᠦᠷᠬᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠡᠴᠤᠰ | ᠤᠨ ᠱᠤᠭᠤᠮ︾ ᠢ ᠦᠷᠬᠦᠯᠵᠢᠯᠡᠬᠦᠯᠦᠨ᠎ᠡ᠃ ᠲᠤᠭᠤᠷᠢᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ | ᠶᠢ ᠨᠢᠭᠡᠳᠭᠡᠨ ᠲᠦᠯᠦᠪᠯᠡᠬᠦ ᠶᠢ ᠠᠬᠢᠭᠤᠯᠵᠤ᠂ ᠵᠤᠬᠢᠶᠠᠨ ᠪᠠᠶᠢᠭᠤᠯᠬᠤ᠂ ᠤᠬᠠᠭᠤᠯᠬᠤ᠂ ᠤᠯᠤᠰ ᠲᠦᠷᠦ ᠬᠠᠤᠯᠢ | ᠴᠠᠭᠠᠵᠠ᠂ ᠬᠢᠨᠠᠨ ᠪᠤᠳᠤᠬᠤ᠂ ᠤᠯᠠᠨ ᠲᠦᠮᠡᠨ᠂ ᠶᠠᠷᠢᠶ᠎ᠠ ᠬᠡᠯᠡᠯᠴᠡᠭᠡ ᠵᠡᠷᠭᠡ ᠬᠡᠯᠪᠡᠷᠢ ᠶᠢᠨ ᠬᠢᠨᠠᠯᠲᠠ ᠲᠠᠢ | ᠬᠠᠮᠵᠢᠯᠴᠠᠬᠤ ᠶᠢ ᠴᠢᠩᠭᠠᠳᠬᠠᠨ᠂ ᠦᠨᠳᠤᠷ ᠪᠦᠳᠤᠮᠵᠢᠲᠤ ᠬᠢᠨᠠᠯᠲᠠ ᠶᠢᠨ ᠠᠵᠢᠯ ᠤᠨ ᠲᠤᠭᠲᠠᠯᠴᠠᠭ᠎ᠠ ᠶᠢ ᠪᠤᠢ | ᠪᠤᠯᠬᠤ ᠶᠢ ᠠᠬᠢᠭᠤᠯᠤᠨ᠂ ᠬᠢᠨᠠᠯᠲᠠ ᠶᠢᠨ ᠬᠠᠮᠲᠤ ᠶᠢᠨ ᠬᠦᠴᠤᠨ ᠢ ᠪᠦᠳᠤᠭᠡᠨᠡ᠃ ᠴᠡᠭᠴᠡᠯᠡᠨ ᠵᠠᠰᠠᠬᠤ ᠶᠢ | ᠲᠤᠭᠤᠰᠢᠯᠠᠭᠤᠯᠵᠤ᠂ ᠴᠡᠭᠴᠡᠯᠡᠨ ᠵᠠᠰᠠᠬᠤ ᠡᠭᠦᠷᠭᠡ ᠬᠠᠷᠢᠭᠤᠴᠠᠯᠭ᠎ᠠ ᠶᠢᠨ ᠲᠤᠭᠲᠠᠯᠴᠠᠭ᠎ᠠ᠂ ᠱᠠᠯᠠᠪᠲᠠᠭᠤᠯᠬᠤ | ᠲᠤᠭᠲᠠᠯᠴᠠᠭ᠎ᠠ ᠂ ᠦᠨᠡᠯᠡᠨ ᠵᠢᠱᠢᠬᠦ ᠲᠤᠭᠲᠠᠯᠴᠠᠭ᠎ᠠ ᠶᠢ ᠲᠡᠭᠦᠯᠲᠡᠷᠵᠢᠭᠦᠯᠦᠨ᠂ ᠪᠦᠳᠤᠮᠵᠢᠲᠠᠢ ᠪᠠᠷ ᠨᠦᠬᠦᠪᠦᠷᠢᠯᠡᠬᠦ | ᠨᠢᠭᠡᠳᠤᠮᠡᠯ ᠬᠢᠨᠠᠯᠲᠠ ᠶᠢᠨ ᠴᠡᠭᠴᠡᠯᠡᠨ ᠵᠠᠰᠠᠬᠤ ᠬᠡᠯᠬᠢᠶᠡᠰᠤ ᠶᠢ ᠪᠦᠷᠢᠯᠳᠤᠭᠦᠯᠦᠨ᠎ᠡ᠃ | ︵ᠵᠢᠷᠭᠤᠭ᠎ᠠ︶ ᠡᠯ᠎ᠡ ᠲᠦᠷᠦᠯ ᠤᠨ ᠬᠢᠨᠠᠯᠲᠠ ᠶᠢᠨ ᠠᠭᠤᠰᠤᠯᠴᠠᠨ ᠨᠢᠭᠡᠳᠭᠡᠬᠦ ᠶᠢ ᠲᠦᠯᠬᠢᠨ ᠠᠬᠢᠭᠤᠯᠵᠤ᠂ | ᠬᠢᠨᠠᠨ ᠵᠠᠰᠠᠬᠤ ᠴᠢᠳᠠᠮᠵᠢ ᠶᠢ ᠦᠨᠡᠨᠬᠦ ᠳᠡᠭᠡᠭᠰᠢᠯᠡᠬᠦᠯᠦᠨ᠎ᠡ᠃ | ᠡᠯ᠎ᠡ ᠲᠦᠷᠦᠯ ᠤᠨ ᠬᠢᠨᠠᠯᠲᠠ ᠶᠢᠨ ᠠᠭᠤᠰᠤᠯᠴᠠᠨ ᠨᠢᠭᠡᠳᠭᠡᠬᠦ ᠶᠢ ᠠᠬᠢᠭᠤᠯᠤᠨ᠎ᠠ ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ ᠡᠭᠦᠷᠭᠡ ᠶᠢᠨ ᠬᠢᠨᠠᠯᠲᠠ ᠶᠢ ᠠᠬᠢᠭᠤᠯᠬᠤ ᠴᠢᠳᠠᠮᠵᠢ ᠶᠢ ᠲᠠᠰᠤᠷᠠᠯᠲᠠ | ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠲᠤᠮᠢᠯᠠᠨ ᠰᠠᠭᠤᠯᠭᠠᠬᠤ | ᠬᠢᠨᠠᠯᠲᠠ᠂ ᠲᠤᠭᠤᠷᠢᠨ ᠪᠠᠶᠢᠴᠠᠭᠠᠬᠤ ᠬᠢᠨᠠᠯᠲᠠ ᠶᠢᠨ ᠠᠭᠤᠰᠤᠯᠴᠠᠨ ᠨᠢᠭᠡᠳᠬᠦ ᠶᠢ ᠠᠬᠢᠭᠤᠯᠤᠨ᠎ᠠ᠃ ᠡᠳᠤᠷ ᠲᠤᠲᠤᠮ | ᠤᠨ ᠬᠢᠨᠠᠯᠲᠠ ᠶᠢ ᠬᠦᠨᠵᠡᠭᠡᠢ ᠲᠤᠭᠤᠰᠢᠯᠠᠭᠤᠯᠵᠤ᠂ ᠲᠤᠭᠤᠷᠢᠨ ᠠᠰᠠᠭᠤᠬᠤ᠂ ᠪᠠᠶᠢᠴᠠᠭᠠᠨ ᠰᠤᠳᠤᠯᠠᠬᠤ᠂ ᠬᠢᠨᠠᠨ | ᠪᠠᠶᠢᠴᠠᠭᠠᠬᠤ᠂ ᠰᠠᠳᠬᠢᠯ ᠰᠠᠨᠠᠭ᠎ᠠ ᠪᠠᠨ ᠰᠤᠯᠢᠯᠴᠠᠬᠤ ᠵᠡᠷᠭᠡ ᠶᠢ ᠤᠶᠠᠯᠳᠤᠭᠤᠯᠤᠨ᠂ ᠺᠠᠳ᠋ᠷ ᠠᠵᠢᠯᠲᠠᠨ ᠢᠶᠠᠷ ᠬᠢᠨᠠᠯᠲᠠ | ᠶᠢ ᠮᠡᠳᠡᠷᠡᠭᠦᠯᠵᠤ᠂ ᠬᠢᠨᠠᠯᠳᠠ ᠳᠤ ᠲᠡᠰᠴᠦ᠂ ᠤᠯᠠᠨ ᠲᠦᠮᠡᠨ ᠳᠤ ᠬᠢᠨᠠᠯᠲᠠ ᠶᠢ ᠮᠠᠳᠠᠭᠦᠯᠵᠤ᠂ ᠬᠢᠨᠠᠯᠲᠠ ᠳᠤ | ᠤᠷᠤᠯᠴᠠᠭᠤᠯᠤᠨ᠎ᠠ᠃ | ᠺᠠᠳ᠋ᠷ ᠠᠵᠢᠯᠲᠠᠨ ᠤ ᠬᠠᠷᠢᠭᠤᠴᠠᠯᠭ᠎ᠠ ᠪᠠᠨ ᠡᠭᠦᠷᠭᠡᠯᠡᠬᠦ ᠶᠢ ᠵᠤᠷᠢᠭᠵᠢᠭᠤᠯᠤᠨ᠎ᠠ᠃ ᠴᠢᠩᠭ᠎ᠠ ᠬᠠᠮᠢᠶᠠᠷᠤᠯᠲᠠ ᠪᠠ | ᠬᠠᠶᠢᠷ᠎ᠠ ᠬᠠᠯᠠᠮᠵᠢ ᠶᠢ ᠤᠶᠠᠯᠳᠤᠭᠤᠯᠤᠨ᠂ ︽ᠲᠦᠷᠪᠡᠨ ᠲᠦᠯᠦᠪ︾ ᠢ ᠭᠦᠨᠵᠡᠭᠡᠢ ᠬᠡᠷᠡᠭᠵᠢᠭᠦᠯᠦᠨ᠂ ︽ᠭᠤᠷᠪᠠᠨ | ᠲᠦᠷᠦᠯ ᠵᠦᠢᠯ ᠢ ᠢᠯᠭᠠᠬᠤ︾ ᠶᠢ ᠪᠠᠷᠢᠮᠲᠠᠯᠠᠵᠤ᠂ ᠡᠷᠲᠡ ᠮᠡᠳᠡᠨ ᠡᠷᠲᠡ ᠰᠠᠨᠠᠭᠤᠯᠵᠤ᠂ ᠠᠯᠳᠠᠭ᠎ᠠ ᠪᠤᠷᠤᠭᠤ ᠶᠢ ᠨᠢ | ᠵᠠᠯᠠᠷᠠᠭᠤᠯᠤᠨ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ ᠭᠠᠷᠬᠤ ᠵᠠᠮ ᠢ ᠨᠢ ᠵᠢᠭᠠᠵᠤ ᠦᠭᠭᠦᠨ᠎ᠡ᠃ ᠨᠠᠮ ᠤᠨ | ᠭᠡᠰᠢᠭᠦᠨ ᠤ ᠡᠷᠬᠡ ᠠᠰᠢᠭ ᠢ ᠪᠠᠳᠤᠯᠠᠬᠤ ᠵᠤᠷᠪᠤᠰ ᠢ ᠡᠷᠡᠰ ᠭᠦᠢᠴᠡᠳᠭᠡᠨ᠂ ᠨᠠᠮ ᠤᠨ ᠭᠡᠰᠢᠭᠦᠨ ᠤ ᠡᠷᠬᠡ ᠠᠰᠢᠭ ᠢ | ᠪᠠᠳᠤᠯᠠᠬᠤ ᠠᠵᠢᠯᠯᠠᠭ᠎ᠠ ᠶᠢ ᠲᠤᠭᠤᠰᠢᠯᠠᠭᠤᠯᠬᠤ ᠶᠢ ᠱᠠᠯᠠᠪᠳᠠᠭᠤᠯᠵᠤ᠂ ᠪᠤᠳᠠᠳᠦ ᠪᠤᠰᠤ ᠵᠠᠭᠠᠯᠳᠤᠯᠭ᠎ᠠ ᠳᠤ | ᠬᠤᠯᠪᠤᠭᠳᠠᠭᠰᠠᠨ ᠺᠠᠳ᠋ᠷ ᠠᠵᠢᠯᠲᠠᠨ ᠳᠤ ᠦᠨᠡᠨ ᠵᠦᠪ ᠢ ᠨᠢ ᠤᠯᠭᠤᠨ ᠦᠭᠴᠤ᠂ ᠬᠢᠯᠢᠰᠳᠡᠭᠦᠯᠵᠤ ᠬᠤᠤᠷᠯᠠᠬᠤ | ᠠᠵᠢᠯᠯᠠᠭ᠎ᠠ ᠶᠢ ᠴᠢᠩᠭ᠎ᠠ ᠰᠢᠢᠳᠭᠡᠨ᠂ ᠺᠠᠳ᠋ᠷ ᠠᠵᠢᠯᠲᠠᠨ ᠤ ᠠᠵᠢᠯ ᠤᠨ ᠤᠷᠮ᠎ᠠ ᠵᠤᠷᠢᠭ ᠢ ᠭᠦᠭᠵᠢᠭᠦᠯᠦᠨ᠎ᠡ᠃ | ᠰᠠᠬᠢᠯᠭ᠎ᠠ ᠪᠠᠲᠤ ᠪᠠᠶᠢᠴᠠᠭᠠᠬᠤ ᠪᠠᠶᠢᠴᠠᠭᠠᠯᠲᠠ ᠶᠢᠨ ᠭᠡᠷᠡᠴᠢ ᠪᠠᠷᠢᠮᠲᠠ ᠶᠢ ᠤᠨᠤᠪᠴᠢᠲᠠᠢ ᠡᠵᠡᠮᠰᠢᠵᠤ᠂ | ᠬᠠᠷᠢᠭᠤᠴᠠᠯᠭ᠎ᠠ ᠨᠡᠭᠡᠮᠵᠢᠯᠡᠬᠦ ᠬᠤᠷᠴᠠ ᠵᠡᠪᠰᠡᠭ ᠢ ᠲᠦᠷᠢᠮᠵᠢᠭᠦᠯᠤᠨ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠ | ᠰᠢᠳᠬᠡᠯ ᠤᠯᠤᠭᠰᠠᠨ ᠺᠠᠳ᠋ᠷ ᠠᠵᠢᠯᠲᠠᠨ ᠢ ᠮᠦᠷᠳᠡᠨ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ᠎ᠠ᠃ | ︵ᠲᠤᠯᠤᠭ᠎ᠠ︶ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠤᠨ | ᠂ ᠬᠢᠨᠠᠯᠲᠠ ᠶᠢᠨ ᠰᠢᠰᠲ᠋ᠧᠮ ᠤᠨ ᠳᠠᠪᠠᠭᠤᠯᠢᠭ ᠲᠠᠯ᠎ᠠ ᠶᠢ ᠨᠡᠩ ᠰᠠᠶᠢᠨ ᠵᠠᠰᠠᠨ ᠴᠡᠭᠴᠡᠯᠡᠬᠦ ᠴᠢᠳᠠᠮᠵᠢ ᠪᠤᠯᠭᠠᠨ | ᠬᠤᠪᠢᠷᠠᠭᠤᠯᠬᠤ ᠶᠢ ᠠᠬᠢᠭᠤᠯᠤᠨ᠎ᠠ᠃ | ᠬᠢᠨᠠᠨ ᠪᠠᠶᠢᠴᠠᠭᠠᠯᠲᠠ᠂ ᠰᠢᠭᠦᠨ ᠲᠤᠳᠤᠯᠠᠯᠲᠠ ᠵᠡᠷᠭᠡ ᠴᠢᠬᠤᠯᠠ ᠭᠤᠭᠴᠤᠭ᠎ᠠ ᠶᠢᠨ ᠲᠤᠭᠤᠷᠢᠨ ᠳᠤ᠂ ᠰᠤᠮᠤ | ᠰᠢᠶᠠᠩ ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠲᠤᠮᠢᠯᠠᠨ ᠰᠠᠭᠤᠯᠭᠠᠭᠰᠠᠨ ᠰᠠᠬᠢᠯᠭ᠎ᠠ ᠪᠠᠲᠤ | ᠪᠠᠶᠢᠴᠠᠭᠠᠬᠤ ᠲᠤᠭᠤᠶᠢᠯᠠᠩ ᠢ ᠤᠳᠤᠷᠢᠳᠬᠤ ᠪᠠ ᠵᠢᠯᠤᠭᠤᠳᠬᠤ ᠪᠠᠨ ᠴᠢᠩᠭᠠᠳᠬᠠᠨ᠂ ᠰᠠᠬᠢᠯᠭ᠎ᠠ ᠪᠠᠲᠤ ᠪᠠᠶᠢᠴᠠᠭᠠᠬᠤ | ᠠᠵᠢᠯ ᠤᠨ ᠬᠤᠤᠰ ᠤᠳᠤᠷᠢᠳᠤᠯᠭ᠎ᠠ ᠶᠢᠨ ᠳᠦᠷᠢᠮ ᠤᠨ ᠰᠢᠰᠲ᠋ᠧᠮᠵᠢᠭᠦᠯᠤᠨ ᠳᠦᠷᠢᠮᠵᠢᠭᠦᠯᠬᠦ ᠶᠢ ᠠᠬᠢᠭᠤᠯᠤᠨ᠎ᠠ᠃ ︽ | ᠠᠯᠪᠠᠨ ᠭᠡᠷ ᠲᠤᠭᠤᠶᠢᠯᠠᠩ︾ ᠤᠨ ᠬᠤᠯᠪᠤᠭᠠᠯᠠᠨ ᠬᠢᠨᠠᠯᠲᠠ ᠬᠢᠬᠦ᠂ ︽ᠠᠯᠪᠠᠨ ᠭᠡᠷ ᠲᠤᠭᠤᠶᠢᠯᠠᠩ ᠭᠠᠵᠠᠷ ᠤᠷᠤᠨ︾ | ᠬᠠᠮᠳᠤᠷᠠᠨ ᠬᠡᠷᠡᠭ ᠡᠷᠬᠢᠯᠡᠬᠦ ᠲᠤᠭᠲᠠᠯᠴᠠᠭ᠎ᠠ ᠶᠢᠨ ᠠᠵᠢᠯᠳᠠᠨ ᠤ ᠬᠦᠴᠤᠨ ᠤ ᠲᠤᠬᠢᠷᠠᠭᠤᠯᠤᠯᠲᠠ ᠶᠢ ᠠᠬᠢᠭᠤᠯᠵᠤ᠂ | ᠠᠵᠢᠯ ᠤᠨ ᠨᠢᠭᠡᠳᠤᠭᠦᠯᠬᠦ ᠬᠦᠴᠤᠨ ᠢ ᠪᠠᠶᠢᠭᠤᠯᠤᠨ ᠪᠦᠷᠢᠨᠰᠢᠭᠦᠯᠦᠨ᠎ᠡ᠃ ᠬᠠᠤᠯᠢ ᠶᠢᠨ ᠰᠠᠯᠠᠭ᠎ᠠ ᠮᠦᠴᠢᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠪᠠᠶᠢᠭᠤᠯᠭ᠎ᠠ ᠲᠠᠢ ᠠᠪᠴᠠᠯᠳᠤᠬᠤ ᠲᠤᠭᠲᠠᠯᠴᠠᠭ᠎ᠠ ᠶᠢ ᠴᠢᠩᠭᠠᠳᠬᠠᠨ᠂ | ᠤᠶᠤᠨᠴᠢ ᠠᠬᠤᠢ ᠲᠤᠭᠠᠨ ᠤ ᠰᠤᠷᠠᠭ ᠵᠠᠩᠭᠢ ᠶᠢᠨ ᠬᠠᠶᠢᠯᠲᠠ᠂ ᠰᠦᠪᠡᠭᠴᠢ ᠰᠢᠯᠵᠢᠭᠦᠯᠦᠨ ᠬᠦᠷᠭᠡᠬᠦ᠂ ᠬᠡᠷᠡᠭ ᠢ | ᠤᠷᠢᠳᠴᠢᠯᠠᠨ ᠰᠢᠬᠦᠭᠦ ᠵᠡᠷᠭᠡ ᠲᠠᠯ᠎ᠠ ᠪᠠᠷ ᠬᠢ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ᠬᠢᠨᠠᠨ ᠪᠠᠶᠢᠴᠠᠭᠠᠬᠤ | ᠵᠦᠪᠯᠡᠯ ᠤᠨ ᠲᠤᠰᠬᠠᠢ ᠲᠦᠷᠦᠯ ᠤᠨ ᠠᠵᠢᠯ ᠤᠨ ᠮᠡᠳᠡᠭᠦᠯᠦᠯᠲᠡ ᠪᠠᠨ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠤᠯᠢ ᠳᠦᠷᠢᠮ ᠤᠨ ᠶᠤᠰᠤᠭᠠᠷ᠂ ᠠᠯᠬᠤᠮ | ᠳᠠᠷᠠᠭ᠎ᠠ ᠲᠠᠢ ᠮᠡᠳᠡᠭᠦᠯᠦᠯᠲᠡ ᠬᠢᠨ᠎ᠠ᠃ | ︵ᠨᠠᠢᠮᠠ︶ ᠬᠤᠪᠢ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠦᠨᠡᠨᠴᠢ | ᠰᠢᠳᠤᠷᠭᠤ ᠡᠭᠦᠷᠭᠡᠯᠡᠯ ᠲᠠᠢ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠲᠡᠮᠤᠷ ᠠᠷᠮᠢ ᠶᠢ ᠲᠠᠪᠲᠠᠨ | ᠪᠤᠯᠪᠠᠰᠤᠷᠠᠭᠤᠯᠤᠨ᠎ᠠ᠃ | ᠪᠠᠶᠢᠭᠤᠯᠭ᠎ᠠ ᠶᠢᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ | ᠶᠢ ᠲᠡᠷᠢᠭᠦᠨ ᠪᠠᠶᠢᠷᠢᠨ ᠳᠤ ᠲᠠᠯᠪᠢᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠵᠦᠪᠯᠡᠯ ᠤᠨ ᠤᠳᠤᠷᠢᠳᠤᠨ ᠵᠢᠱᠢᠶ᠎ᠡ ᠦᠵᠡᠭᠦᠯᠬᠦ ᠤᠶᠢᠯᠡᠳᠤᠯ ᠢ ᠪᠦᠷᠢᠮᠤᠰᠤᠨ ᠪᠠᠳᠠᠷᠠᠭᠤᠯᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠶᠢᠯᠠᠭᠠᠬᠤ ᠴᠢᠳᠠᠪᠤᠷᠢ᠂ ᠭᠦᠢᠴᠡᠳᠭᠡᠬᠦ ᠴᠢᠳᠠᠪᠤᠷᠢ ᠶᠢ ᠲᠤᠯᠤᠭᠠᠶᠢᠯᠠᠨ | ᠳᠡᠭᠡᠭᠰᠢᠯᠡᠭᠦᠯᠦᠨ᠎ᠡ᠃ ᠪᠠᠶᠢᠭᠤᠯᠤᠮᠵᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ | ᠳᠡᠭᠡᠭᠰᠢᠯᠡᠬᠦᠯᠵᠤ᠂ ᠰᠢᠨ᠎ᠡ ᠭᠦᠭᠵᠢᠯᠲᠡ ᠶᠢᠨ ᠶᠠᠪᠤᠴᠠ ᠶᠢ ᠡᠵᠡᠮᠳᠡᠨ᠂ ᠰᠢᠨ᠎ᠡ ᠭᠦᠭᠵᠢᠯᠲᠡ ᠶᠢᠨ ᠦᠢᠯᠠᠭᠠᠯᠲᠠ ᠶᠢ | ᠲᠤᠭᠤᠰᠢᠯᠠᠭᠤᠯᠵᠤ᠂ ᠰᠢᠨ᠎ᠡ ᠭᠦᠭᠵᠢᠯᠲᠡ ᠶᠢᠨ ᠪᠠᠶᠢᠷᠢᠯᠠᠯ ᠢ ᠪᠦᠷᠢᠯᠳᠤᠭᠦᠯᠤᠨ ᠪᠠᠶᠢᠭᠤᠯᠵᠤ᠂ ᠡᠯ᠎ᠡ ᠲᠦᠷᠦᠯ ᠤᠨ | ᠠᠵᠢᠯ ᠢ ᠨᠠᠮ ᠤᠨ ᠲᠦᠪ ᠬᠤᠷᠢᠶᠠᠨ ᠤ ᠰᠢᠢᠳᠪᠤᠷᠢᠲᠤ ᠪᠠᠶᠢᠷᠢᠯᠠᠭᠤᠯᠤᠯᠲᠠ ᠲᠠᠢ ᠤᠷᠭᠠᠨᠢᠭ ᠢᠶᠠᠷ ᠤᠶᠠᠯᠳᠤᠭᠤᠯᠬᠤ | ᠶᠢ ᠪᠠᠳᠤᠯᠠᠨ᠎ᠠ᠃ | ᠡᠩᠨᠡᠭᠡᠨ ᠤ ᠲᠤᠰᠬᠠᠵᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠰᠢᠨ᠎ᠡ ᠲᠤᠭᠲᠠᠯᠴᠠᠭ᠎ᠠ ᠶᠢ | ᠢᠳᠡᠪᠬᠢᠲᠠᠢ ᠰᠦᠪᠡᠭᠴᠢᠯᠡᠵᠤ᠂ ᠪᠦᠬᠦ ᠭᠡᠰᠢᠭᠦᠳ ᠤᠨ ᠪᠤᠯᠪᠠᠰᠤᠷᠠᠯ ᠢ ᠪᠦᠬᠦ ᠲᠠᠯ᠎ᠠ ᠪᠠᠷ ᠦᠷᠨᠢᠭᠦᠯᠤᠨ᠂ | ᠲᠤᠬᠠᠶᠢᠯᠠᠭᠰᠠᠨ ᠠᠵᠢᠯ ᠤᠨ ᠪᠤᠯᠪᠠᠰᠤᠷᠠᠯ ᠵᠡᠷᠭᠡ ᠬᠦᠳᠡᠯᠭᠡᠭᠡᠨ ᠪᠠ ᠪᠤᠳᠠᠲᠠᠢ ᠳᠤ ᠰᠤᠷᠢᠯᠲᠠ ᠬᠢᠭᠦ ᠶᠢ | ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠵᠤᠬᠢᠶᠠᠨ ᠪᠠᠶᠢᠭᠤᠯᠤᠨ᠂ ᠲᠤᠰᠬᠠᠢ | ᠬᠡᠷᠡᠭ ᠤᠨ ᠦᠢᠯᠡᠳᠤᠯᠭᠡ ᠳᠤ ᠢᠳᠡᠪᠬᠢᠲᠠᠢ ᠤᠷᠤᠯᠴᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠬᠠᠤᠯᠢ ᠳᠦᠷᠢᠮ ᠤᠨ ᠦᠵᠡᠯᠲᠡ᠂ ᠤᠶᠢᠯᠠᠭᠠᠬᠲᠠᠭᠤᠨ᠂ ᠬᠡᠪ ᠪᠤᠯᠪᠠᠰᠤᠷᠠᠯ ᠢ ᠲᠠᠰᠤᠷᠠᠯᠲᠠ ᠦᠭᠡᠢ | ᠳᠡᠭᠡᠭᠰᠢᠯᠡᠬᠦᠯᠵᠤ᠂ ᠺᠠᠳ᠋ᠷ ᠤᠨ ᠡᠩᠨᠡᠭᠡᠨ ᠤ ᠪᠦᠬᠦᠯᠢ ᠴᠤᠭᠴᠠ ᠶᠢᠨ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ | ᠪᠠ ᠲᠤᠰᠬᠠᠶᠢᠵᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠲᠤᠰ ᠪᠡᠶ᠎ᠡ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ ᠬᠢᠨᠠᠨ ᠬᠠᠮᠢᠶᠠᠷᠤᠯᠲᠠ ᠬᠠᠤᠯᠢ | ᠬᠡᠷᠡᠭᠵᠢᠭᠦᠯᠬᠦ ᠠᠵᠢᠯ ᠤᠨ ᠲᠦᠷᠢᠮ ᠲᠤᠭᠲᠠᠭᠠᠯ ᠢ ᠬᠢᠨᠠᠮᠠᠭᠠᠢ ᠬᠡᠷᠡᠭᠵᠢᠬᠦᠯᠵᠤ᠂ ᠪᠡᠶ᠎ᠡ ᠪᠠᠨ ᠪᠠᠷᠢᠬᠤ ᠪᠠ ᠬᠢᠨᠠᠨ | ᠬᠠᠮᠢᠶᠠᠷᠤᠯᠲᠠ ᠶᠢ ᠦᠪᠡᠷ ᠤᠨ ᠤᠬᠠᠮᠰᠠᠷ ᠠᠴᠠ ᠪᠠᠨ ᠲᠦᠪ ᠬᠢᠨᠠᠮᠠᠭᠠᠢ ᠬᠦᠯᠢᠶᠡᠨ ᠠᠪᠤᠨ᠎ᠠ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠬᠦᠯᠬᠦ ᠶᠢᠨ ᠲᠤᠮᠲᠠ ᠬᠡᠷᠡᠭ | ᠶᠠᠪᠤᠳᠠᠯ ᠢ ᠰᠢᠢᠳᠪᠤᠷᠢᠯᠡᠬᠦ ᠳᠡᠭᠡᠨ ᠬᠤᠪᠢ ᠪᠠᠨ ᠪᠤᠳᠤᠬᠤ᠂ ᠬᠡᠷᠡᠭ ᠶᠠᠪᠤᠳᠠᠯ ᠢ ᠲᠠᠷᠤᠬᠤ ᠪᠤᠶᠤ ᠦᠭᠡᠶᠢᠰᠬᠡᠬᠦ᠂ | ᠰᠤᠷᠠᠭ ᠴᠢᠮᠡᠭᠡ ᠵᠠᠳᠠᠷᠠᠭᠤᠯᠬᠤ ᠵᠡᠷᠭᠡ ᠠᠰᠠᠭᠤᠳᠠᠯ ᠢ ᠴᠢᠩᠭ᠎ᠠ ᠪᠠᠷ ᠰᠢᠢᠳᠪᠤᠷᠢᠯᠡᠵᠤ᠂ ᠭᠡᠷ ᠤᠨ ᠬᠦᠮᠤᠰ ᠪᠠ | ᠰᠠᠳᠤᠨ ᠲᠦᠷᠦᠯ ᠨᠢ ᠰᠠᠬᠢᠯᠭ᠎ᠠ ᠪᠡᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠨᠡᠷ᠎ᠡ ᠨᠦᠯᠦᠭᠡ ᠶᠢ | ᠠᠰᠢᠭᠯᠠᠵᠤ ᠬᠤᠪᠢ ᠪᠠᠨ ᠪᠤᠳᠤᠬᠤ᠂ ᠢᠯᠵᠡᠷᠡᠨ ᠲᠤᠷᠤᠶᠢᠲᠠᠬᠤ ᠶᠢ ᠴᠢᠩᠭ᠎ᠠ ᠬᠤᠷᠢᠭᠯᠠᠨ᠂ ᠦᠪᠡᠷ ᠤᠨ ᠤᠷᠴᠢᠨ | ᠲᠤᠭᠤᠷᠢᠨ ᠤ ᠶᠠᠪᠤᠳᠠᠯ ᠢ ᠴᠢᠩᠭ᠎ᠠ ᠬᠠᠮᠢᠶᠠᠷᠤᠨ᠂ ᠨᠠᠮ ᠪᠠ ᠠᠷᠠᠳ ᠲᠦᠮᠡᠨ ᠤ ᠦᠭᠭᠦᠭᠰᠡᠨ ᠡᠷᠭᠡ ᠶᠢ ᠢᠯᠵᠡᠷᠡᠨ | ᠳᠤᠷᠤᠶᠢᠲᠠᠬᠤ ᠪᠠ ᠭᠤᠲᠤᠭᠠᠵᠤ ᠪᠤᠯᠬᠤ ᠦᠭᠡᠢ᠃ ᠲᠡᠮᠤᠷ ᠮᠡᠲᠤ ᠪᠡᠲᠤ ᠴᠢᠩᠭ᠎ᠠ ᠰᠠᠬᠢᠯᠭ᠎ᠠ ᠪᠠᠲᠤ ᠤᠪᠤᠷ ᠰᠤᠷᠲᠠᠯ | ᠢᠶᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠠᠷᠮᠢ ᠶᠢ ᠪᠤᠯᠪᠠᠰᠤᠷᠠᠭᠤᠯᠤᠨ ᠭᠠᠷᠭᠠᠨ᠎ᠠ᠃ | ᠡᠯ᠎ᠡ ᠲᠦᠯᠦᠭᠡᠯᠡᠭᠴᠢᠳ᠂ ᠨᠦᠭᠦᠳ ᠡ᠄ ᠰᠢᠨ᠎ᠡ ᠡᠬᠢᠯᠡᠯᠲᠡ ᠶᠢᠨ ᠴᠢᠭ ᠳᠡᠭᠡᠷ᠎ᠡ ᠵᠤᠭᠰᠤᠵᠤ᠂ ᠰᠢᠨ᠎ᠡ ᠠᠶᠠᠨ | ᠳᠠᠶᠢᠨ ᠳᠤ ᠮᠤᠷᠳᠠᠬᠤ ᠳᠠᠭᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠡᠭᠦᠷᠭᠡ ᠬᠦᠨᠲᠤ᠂ | ᠬᠠᠷᠢᠭᠤᠴᠠᠯᠭ᠎ᠠ ᠦᠩᠭᠡ ᠭᠡᠷᠡᠯ ᠲᠠᠢ ᠶᠤᠮ᠃ ᠪᠢᠳᠡᠨ ᠰᠢ ᠶᠢᠨ ᠫᠢᠩ ᠶᠡᠷᠦᠩᠭᠡᠢ ᠱᠦᠵᠢ ᠪᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶᠠᠨ ᠤ ᠲᠤᠭᠤᠷᠢᠨ ᠳᠤ ᠤᠯᠠᠮ ᠨᠢᠭᠲᠠᠷᠠᠨ ᠪᠦᠯᠬᠦᠮᠲᠡᠨ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ ᠦᠨᠡᠨᠴᠢ | ᠰᠢᠳᠤᠷᠭᠤ ᠪᠠᠷ ᠲᠤᠰᠢᠶᠠᠯ ᠢᠶᠠᠨ ᠭᠦᠢᠴᠡᠳᠭᠡᠵᠤ᠂ ᠴᠢᠩᠭ᠎ᠠ ᠠᠳᠬᠤᠵᠤ ᠰᠢᠷᠭᠠᠭᠤ ᠠᠵᠢᠯᠯᠠᠨ᠂ ᠵᠤᠷᠢᠭᠲᠠᠢ | ᠡᠭᠦᠷᠭᠡᠯᠡᠨ᠂ ᠵᠢᠳᠬᠦᠨ ᠴᠢᠷᠮᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠴᠢᠨᠰᠠᠭ᠎ᠠ ᠲᠠᠢ ᠭᠦᠭᠵᠢᠯᠲᠡ ᠶᠢ ᠲᠦᠯᠬᠢᠨ ᠠᠬᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ | ᠪᠠ ᠢᠯᠵᠢᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠲᠦᠷᠰᠤ ᠪᠠᠶᠢᠳᠠᠯ ᠢ ᠲᠠᠰᠤᠷᠠᠯᠲᠠ ᠦᠭᠡᠢ ᠡᠭᠦᠳᠴᠤ᠂ ︽ | ᠠᠷᠪᠠᠨ ᠳᠦᠷᠪᠡᠳᠤᠭᠡᠷ ᠲᠠᠪᠤᠨ ᠵᠢᠯ ᠤᠨ ᠲᠦᠯᠤᠪᠵᠢᠭᠦᠯᠦᠭᠡ︾ ᠶᠢ ᠪᠦᠬᠦ ᠲᠠᠯ᠎ᠠ ᠪᠠᠷ ᠪᠠᠶᠡᠯᠡᠭᠦᠯᠬᠦ ᠳᠤ ᠪᠠᠲᠤ | ᠴᠢᠩᠭ᠎ᠠ ᠰᠠᠬᠢᠯᠭ᠎ᠠ ᠳᠦᠷᠢᠮ ᠤᠨ ᠪᠠᠳᠤᠯᠠᠭ᠎ᠠ ᠶᠢ ᠬᠠᠩᠭᠠᠰᠤᠭᠠᠢ︕ | ᠢᠷᠡᠯᠳᠡ᠄ ᠳᠦᠷᠪᠡᠳ ᠬᠤᠰᠢᠭᠤᠨ ᠤ ᠵᠠᠰᠠᠭ ᠤᠨ ᠣᠷᠳᠤᠨ | ᠳᠡᠪᠰᠢᠭᠦᠯᠦᠭᠴᠢ᠄ ᠬᠠᠶᠢᠷ᠎ᠠ | |