ᠲᠦᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠬᠤᠶᠠᠷ︶ | ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ | — 2022 ᠤᠨ ᠤ 1 ᠰᠠᠷ᠎ᠠ 6 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠲᠡᠬᠡᠷ᠎ᠡ | ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠰᠢᠭᠤᠨ ᠲᠠᠷᠤᠭ᠎ᠠ | ᠰᠦᠯᠳᠠ | | ᠡᠯ᠎ᠡ ᠲᠦᠯᠦᠭᠡᠯᠡᠭᠴᠢᠳ ᠡ᠄ | ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ | ᠬᠡᠰᠢᠭᠦᠨ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠡᠷᠬᠢᠴᠡᠭᠦᠯᠦᠯ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠲᠦᠷᠪᠡᠨ ᠵᠢᠯ ᠤᠨ ᠲᠤᠰᠢᠶᠠᠯ ᠤᠨ | ᠬᠤᠭᠤᠴᠠᠭᠠᠨ ᠳᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠬᠤᠰᠢᠭᠤ ᠨᠠᠮ | ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠵᠢᠴᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ᠂ | ᠲᠠᠪᠤᠳᠤᠭᠠᠷ ᠪᠦᠬᠦᠳᠡ ᠬᠤᠷᠠᠯ ᠪᠤᠯᠤᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠠᠬᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ᠴᠢᠨᠡᠭᠡᠯᠢᠭ ᠨᠡᠶᠢᠭᠡᠮ ᠢ | ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ | ᠪᠦᠯᠬᠦᠮᠳᠡᠭᠦᠯᠦᠨ ᠲᠠᠶᠢᠴᠢᠯᠠᠵᠤ᠂ ᠡᠷᠡᠰ ᠵᠤᠷᠢᠭᠯᠠᠨ ᠵᠢᠳᠭᠦᠨ ᠴᠢᠷᠮᠠᠶᠢᠵᠤ᠂ ᠬᠦᠴᠢᠷ ᠪᠡᠷᠬᠡ ᠶᠢ ᠲᠤᠭᠤᠯᠤᠨ᠂ | ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠪᠠ ᠬᠢᠵᠢᠭ ᠢ ᠰᠡᠷᠬᠡᠶᠢᠯᠡᠨ ᠡᠵᠡᠮᠳᠡᠬᠦ ᠵᠡᠷᠭᠡ | ᠲᠠᠶᠢᠯᠠᠯᠳᠤᠭᠠᠨ ᠰᠢᠯᠭᠠᠯᠳᠠ ᠳᠤ ᠴᠢᠬᠤᠯᠠ ᠶᠡᠭᠡ ᠠᠮᠵᠢᠯᠳᠠ ᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ | ᠤᠨ ᠡᠯ᠎ᠡ ᠠᠵᠢᠯ ᠦᠢᠯᠡᠰ ᠤᠨ ᠬᠦᠭᠵᠢᠯᠳᠡ ᠶᠢᠨ ᠰᠢᠨ᠎ᠠ ᠱᠠᠳᠤᠨ ᠳᠤ ᠭᠠᠷᠪᠠ᠃ | 2021 ᠤᠨ ᠳᠤ᠂ ᠲᠦᠰᠦᠪᠯᠡᠯ ᠢᠶᠠᠷ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 63 | ᠳ᠋ᠦᠩᠰᠢᠭᠤᠷ ᠲᠦᠬᠦᠷᠢᠭ ᠲᠤ ᠬᠦᠷᠴᠦ᠂ 2017 ᠤᠨ ᠤ 1.2 ᠲᠠᠬᠢᠨ ᠪᠠᠶᠢᠵᠤ᠂ ᠵᠢᠯ ᠳᠤ ᠲᠤᠮᠳᠠᠴᠢ ᠪᠠᠷ 4. | 7% ᠨᠡᠮᠡᠭᠳᠡᠪᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠨᠢ 24 ᠳ᠋ᠦᠩᠰᠢᠭᠤᠷ ᠲᠦᠭᠦᠷᠢᠭ ᠲᠤ | ᠬᠦᠷᠴᠦ᠂ 2017 ᠤᠨ ᠤ 1.6 ᠲᠠᠬᠢᠨ ᠪᠠᠶᠢᠵᠤ᠂ ᠵᠢᠯ ᠳᠤ ᠲᠤᠮᠳᠠᠴᠢ ᠪᠠᠷ 4% ᠨᠡᠮᠡᠭᠳᠡᠪᠡ︔ ᠤᠯᠠᠨ | ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠨᠢ 2.1 ᠳ᠋ᠦᠩᠰᠢᠭᠤᠷ ᠲᠦᠭᠦᠷᠢᠭ ᠲᠤ ᠬᠦᠷᠴᠦ᠂ | 2017 ᠤᠨ ᠤ 2.1 ᠲᠠᠬᠢᠨ ᠪᠠᠶᠢᠵᠤ᠂ ᠵᠢᠯ ᠳᠤ ᠲᠤᠮᠳᠠᠴᠢ ᠪᠠᠷ 18.7% ᠨᠡᠮᠡᠭᠳᠡᠪᠡ︔ ᠨᠡᠶᠢᠬᠡᠮ ᠤᠨ | ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ 17.39 ᠳ᠋ᠦᠩᠰᠢᠭᠤᠷ | ᠲᠦᠬᠦᠷᠢᠭ ᠲᠤ ᠬᠦᠷᠴᠦ᠂ 2017 ᠤᠨ ᠤ 1.1 ᠲᠠᠬᠢᠨ ᠪᠠᠶᠢᠵᠦ᠂ ᠵᠢᠯ ᠳᠤ ᠲᠤᠮᠳᠠᠴᠢ ᠪᠠᠷ 2.3% ᠪᠠᠷ | ᠨᠡᠡᠮᠭᠳᠡᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠠᠵᠦ ᠪᠤᠯᠬᠤᠶᠢᠴᠠ | ᠤᠷᠤᠯᠭ᠎ᠠ ᠨᠢ 32786 ᠲᠦᠭᠦᠷᠢᠭ᠂ 2017 ᠤᠨ ᠤ 1.2 ᠲᠠᠬᠢᠨ ᠪᠠᠶᠢᠵᠤ᠂ ᠵᠢᠯ ᠳᠤ ᠲᠤᠮᠳᠠᠴᠢ ᠪᠠᠷ 5. | 1% ᠨᠡᠮᠡᠭᠳᠡᠪᠡ︔ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠨᠢ 14207 | ᠲᠦᠭᠦᠷᠢᠭ᠂ 2017 ᠤᠨ ᠤ 1.4 ᠲᠠᠬᠢᠨ ᠪᠠᠶᠢᠵᠤ᠂ ᠵᠢᠯ ᠳᠤ ᠲᠤᠮᠳᠠᠴᠢ ᠪᠠᠷ 9.3% ᠨᠡᠮᠡᠭᠳᠡᠪᠡ︔ | ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠦᠳᠦᠴᠡ ᠶᠢᠨ ᠬᠠᠷᠢᠴᠠᠯ ᠢ 27᠄ 33.6᠄ 39.4 | ᠪᠠᠶᠢᠭᠰᠠᠨ ᠠᠴᠠ 29.8᠄ 31.7᠄ 38.5 ᠪᠤᠯᠭᠠᠨ ᠲᠤᠬᠢᠷᠠᠭᠤᠯᠵᠤ᠂ ᠠᠵᠤ ᠦᠢᠯᠡᠰ ᠤᠨ ᠪᠦᠳᠦᠴᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠪᠡ᠃ | ︵ᠨᠢᠬᠡ︶ ᠭᠤᠷᠪᠠᠨ ᠶᠡᠭᠡ ᠪᠠᠬᠢᠯᠡᠯᠳᠡ ᠶᠢᠨ ᠲᠠᠶᠢᠯᠠᠯᠳᠤᠭᠠᠨ ᠳᠤ ᠲᠦᠪᠯᠡᠷᠡᠬᠦᠯᠵᠦ᠂ ᠴᠢᠨᠡᠭᠡᠯᠢᠭ ᠨᠡᠶᠢᠭᠡᠮ ᠢ | ᠲᠤᠭᠳᠠᠭᠰᠠᠨ ᠬᠤᠭᠤᠴᠠᠭᠠᠨ ᠳᠤ ᠪᠠᠶᠢᠭᠤᠯᠪᠠ᠃ | ᠰᠠᠭᠤᠷᠢ ᠪᠠᠨ ᠪᠠᠬᠢᠵᠢᠭᠦᠯᠵᠤ᠂ ᠲᠤᠳᠠᠭᠤᠳᠠᠯ ᠢᠶᠠᠨ ᠨᠦᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠬᠦᠯᠬᠦ ᠶᠢ | ᠪᠠᠷᠢᠮᠳᠠᠯᠠᠵᠤ᠂ ᠭᠤᠷᠪᠠᠨ ᠶᠡᠭᠡ ᠪᠠᠬᠢᠯᠡᠯᠳᠡ ᠶᠢᠨ ᠲᠠᠶᠢᠯᠠᠯᠳᠤᠭᠠᠨ ᠳᠤ ᠰᠢᠢᠳᠪᠦᠷᠢᠳᠦ ᠴᠢᠨᠠᠷᠳᠠᠢ ᠠᠮᠵᠢᠯᠳᠠ ᠤᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠪᠠᠳᠤ | ᠪᠠᠬᠢ ᠰᠠᠭᠤᠷᠢ ᠲᠠᠯᠪᠢᠪᠠ᠃ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠳᠤ ᠪᠦᠬᠦ ᠲᠠᠯ᠎ᠠ ᠶᠢᠨ | ᠠᠮᠵᠢᠯᠳᠠ ᠤᠯᠪᠠ᠃ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠶᠢ ᠤᠯᠤᠰ ᠲᠦᠷᠦ ᠶᠢᠨ ᠲᠡᠷᠢᠭᠦᠨ | ᠡᠭᠦᠷᠭᠡ ᠪᠠ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠭᠠᠨ᠂ ᠶᠠᠳᠠᠭᠤ ᠠᠴᠠ ᠠᠩᠭᠢᠵᠢᠷᠠᠭᠤᠯᠤᠨ | ᠪᠤᠭᠤᠮᠳᠠ ᠰᠢᠪᠳᠤᠯᠬᠤ ᠪᠠᠷ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠶᠢ ᠬᠠᠮᠤᠷᠴᠦ᠂ ︽ᠬᠤᠶᠠᠷ | ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠬᠠᠷᠠᠯᠳᠠ ᠳᠤ ᠲᠦᠪᠯᠡᠷᠡᠭᠦᠯᠦᠨ ᠬᠦᠴᠦᠯᠡᠵᠤ᠂ 7.8 | ᠳ᠋ᠦᠩᠰᠢᠭᠤᠷ ᠲᠦᠭᠦᠷᠢᠭ ᠤᠨ ᠪᠠᠯᠠ ᠮᠦᠩᠭᠦ ᠶᠢ ᠨᠡᠶᠢᠳᠬᠡᠨ᠂ ᠠᠵᠤ ᠦᠢᠯᠡᠰ᠂ ᠠᠵᠢᠯ ᠤᠯᠭᠤᠯᠳᠠ᠂ ᠡᠷᠡᠭᠦᠯ | ᠴᠢᠬᠢᠷᠠᠭ᠂ ᠰᠤᠷᠭᠠᠨ ᠬᠦᠮᠦᠵᠢᠯ᠂ ᠤᠷᠤᠨ ᠰᠠᠭᠤᠴᠠ ᠶᠢᠨ ᠪᠠᠳᠤᠯᠠᠭ᠎ᠠ᠂ ᠤᠰᠦ ᠤᠮᠳᠠ ᠶᠢᠨ ᠠᠮᠤᠷ ᠲᠦᠪᠰᠢᠨ᠂ | ᠬᠡᠷᠡᠭᠯᠡᠭᠡ ᠪᠠᠷ ᠶᠠᠳᠠᠭᠤ ᠶᠢ ᠲᠡᠳᠬᠦᠬᠦ ᠵᠡᠷᠭᠡ ᠡᠯ᠎ᠡ ᠵᠤᠶᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠤᠨᠤᠪᠴᠢᠳᠠᠢ ᠪᠠᠷ ᠨᠠᠶᠢᠳᠠᠪᠤᠷᠢᠵᠢᠭᠤᠯᠤᠨ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠨᠢ ᠬᠠᠮᠵᠢᠯᠴᠠᠨ | ᠲᠡᠳᠬᠦᠬᠦ᠂ ᠰᠢᠨ ᠰᠢᠩ ᠵᠢᠢ ᠬᠤᠸᠠ ᠪᠦᠯᠦᠭᠯᠡᠯ — ᠲᠦᠪ ᠤᠨ ᠠᠵᠤ ᠠᠬᠤᠶᠢᠯᠠᠯ ᠤᠨ ᠲᠤᠭᠳᠠᠭᠰᠠᠨ ᠴᠡᠭ ᠲᠤ | ᠬᠠᠪᠰᠤᠷᠤᠨ ᠲᠡᠳᠬᠦᠬᠦ ᠵᠡᠷᠬᠡ ᠶᠢ ᠪᠦᠬᠦ ᠬᠦᠴᠦᠨ ᠢᠶᠠᠷ ᠲᠤᠰᠠᠯᠠᠵᠦ᠂ ᠤᠳᠤ ᠶᠢᠨ ᠪᠠᠷᠢᠮᠵᠢᠶᠠᠨ ᠳᠠᠬᠢ 8118 | ᠡᠷᠦᠭᠡ ᠶᠢᠨ 18975 ᠶᠠᠳᠠᠭᠤ ᠬᠦᠴᠢᠷᠳᠡᠯᠳᠠᠢ ᠬᠦᠮᠦᠰ ᠢ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠵᠤ᠂ ︽ᠬᠦᠮᠦᠨ ᠨᠢ ᠶᠠᠳᠠᠭᠤ ᠠᠴᠠ ᠠᠩᠭᠢᠵᠢᠷᠠᠬᠤ᠂ ᠲᠤᠰᠬᠤᠨ ᠨᠢ ᠶᠠᠳᠠᠭᠤ ᠠᠴᠠ ᠮᠤᠯᠳᠤᠷᠠᠬᠤ᠂ | ᠬᠤᠰᠢᠭᠤ ᠨᠢ ᠶᠠᠳᠠᠭᠤ ᠮᠠᠯᠠᠭᠠᠢ ᠪᠠᠨ ᠲᠠᠶᠠᠭᠳᠠᠬᠤ︾ ᠬᠠᠷᠠᠯᠳᠠ ᠶᠢ ᠴᠢᠨᠠᠷ ᠰᠠᠶᠢᠳᠠᠢ ᠪᠠᠷ ᠪᠡᠶᠡᠯᠡᠭᠦᠯᠦᠨ᠂ ︽ᠪᠦᠬᠦ | ᠤᠯᠤᠰ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠤᠯᠳᠠ ᠶᠢᠨ ᠲᠡᠷᠢᠭᠦᠨ ᠤ ᠨᠢᠬᠡᠴᠡ︾ ᠬᠡᠬᠦ | ᠢᠷᠡᠭᠤ ᠠᠯᠳᠠᠷᠳᠦ ᠴᠤᠯᠠ ᠶᠢ ᠤᠯᠪᠠ᠃ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠦᠷ᠎ᠡ | ᠪᠦᠳᠦᠮᠵᠢ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢ ᠲᠠᠢ ᠵᠤᠯᠭᠠᠯᠳᠤᠭᠤᠯᠬᠤ ᠡᠯ᠎ᠡ | ᠵᠤᠶᠢᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠤᠨ ᠦᠷᠬᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠳᠦᠮᠵᠢ ᠶᠢ ᠤᠯᠠᠮ ᠨᠢᠬᠡ ᠠᠯᠬᠤᠮ ᠪᠠᠬᠢᠵᠢᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠠᠶᠢᠨ | ᠰᠠᠶᠢᠬᠠᠨ ᠡᠬᠢᠯᠡᠯᠳᠠ ᠶᠢ ᠪᠤᠢ ᠪᠤᠯᠭᠠᠪᠠ᠃ ᠪᠤᠬᠢᠷᠳᠤᠯ ᠢ ᠰᠡᠷᠭᠡᠶᠢᠯᠡᠨ ᠵᠠᠰᠠᠬᠤ ᠢᠯᠡᠳᠳᠡ ᠦᠷ᠎ᠡ ᠪᠦᠳᠦᠮᠵᠢ ᠶᠢ | ᠤᠯᠪᠠ᠃ ︽ᠬᠦᠬᠡ ᠠᠭᠤᠯᠠ ᠬᠦᠬᠡᠮᠳᠤᠭ᠌ ᠤᠰᠤ ᠪᠤᠯ ᠠᠯᠳᠠ ᠮᠦᠩᠭᠦᠨ ᠠᠭᠤᠯᠠ︾ ᠬᠡᠬᠦ ᠤᠶᠢᠯᠠᠭᠠᠭᠳᠠᠬᠤᠨ ᠢ | ᠪᠠᠬᠢᠵᠢᠭᠦᠯᠦᠨ᠂ ᠤᠯᠤᠰ ᠤᠨ ᠠᠮᠢ ᠠᠬᠤᠢ ᠶᠢᠨ ᠭᠤᠤᠯ ᠴᠤᠭᠴᠠᠳᠤ ᠴᠢᠳᠠᠮᠵᠢ ᠶᠢᠨ ᠤᠷᠤᠨ ᠢ ᠲᠤᠭᠳᠠᠭᠠᠬᠤ ᠪᠠᠷ | ᠵᠤᠭᠰᠤᠯᠳᠠ ᠪᠤᠯᠭᠠᠨ᠂ ᠲᠠᠯ᠎ᠠ ᠨᠤᠳᠤᠭ ᠤᠨ ᠠᠮᠢ ᠠᠬᠤᠢ ᠶᠢ ᠰᠡᠷᠬᠦᠬᠡᠨ ᠵᠠᠰᠠᠬᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠵᠡᠷᠭᠡ ᠠᠮᠢ ᠠᠬᠤᠢ ᠶᠢᠨ ᠪᠠᠶᠢᠭᠤᠯᠤᠯᠳᠠ ᠶᠢᠨ ᠭᠤᠤᠯᠳᠠᠯᠭᠠᠳᠤ ᠢᠨᠵᠧᠨᠧᠷᠢᠩ ᠢ | ᠬᠦᠴᠦᠯᠡᠨ ᠬᠡᠷᠡᠭᠵᠢᠭᠦᠯᠵᠤ᠂ ᠨᠤᠳᠤᠭ ᠪᠡᠯᠴᠢᠬᠡᠷ ᠤᠢ ᠰᠢᠭᠤᠢ ᠶᠢ ᠡᠪᠳᠡᠭᠰᠡᠨ ᠬᠠᠤᠯᠢ ᠲᠦᠷᠢᠮ ᠤᠨ ᠪᠤᠰᠦ | ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠬᠦᠨᠵᠡᠬᠡᠢ ᠠᠬᠢᠭᠤᠯᠪᠠ᠃ ︽ᠭᠤᠤᠯ ᠮᠦᠷᠡᠨ ᠤ | ᠲᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠭᠤᠷᠬᠠᠢ ᠶᠢᠨ ᠤᠷᠴᠢᠨ ᠲᠤᠭᠤᠷᠢᠨ ᠢ | ᠵᠠᠰᠠᠬᠤ᠂ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ᠂ ᠠᠵᠤ ᠦᠢᠯᠡᠳᠪᠦᠷᠢᠯᠡᠯ ᠤᠨ ᠬᠠᠶᠠᠭᠳᠠᠮᠠᠯ ᠪᠤᠳᠠᠰ ᠢ | ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠢᠯᠭᠤᠭᠰᠠᠨ ᠠᠮᠵᠢᠯᠳᠠ ᠶᠢ ᠤᠯᠵᠦ᠂ ᠵᠢᠯ ᠤᠨ ᠲᠤᠮᠳᠠᠴᠢ ᠴᠡᠯᠮᠡᠭ ᠡᠳᠦᠷ | ᠤᠨ ᠲᠤᠭ᠎ᠠ ᠨᠢ 349 ᠡᠳᠦᠷ ᠲᠤ ᠬᠦᠷᠴᠦ᠂ ᠲᠠᠯ᠎ᠠ ᠨᠤᠳᠤᠭ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠨᠢ | 2017 ᠤᠨ ᠤ ᠡᠴᠦᠰ ᠲᠠᠢ ᠠᠳᠠᠯᠢᠳᠬᠠᠪᠠᠯ 11% ᠪᠠᠷ ᠲᠡᠬᠡᠭᠰᠢᠯᠡᠵᠦ᠂ ᠪᠠᠶᠢᠭᠠᠯᠢᠯᠢᠭ ᠰᠠᠶᠢᠬᠠᠨ ᠤᠷᠴᠢᠨ | ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠲᠦᠭᠰᠢᠭᠦᠷᠢ ᠠᠴᠠ ᠰᠡᠷᠬᠡᠶᠢᠯᠡᠨ ᠡᠵᠡᠮᠳᠡᠬᠦ ᠶᠢ | ᠪᠦᠳᠦᠮᠵᠢᠳᠠᠢ ᠪᠤᠳᠠᠳᠠᠶᠢᠵᠢᠭᠤᠯᠪᠠ᠃ ᠦᠷᠢ ᠦᠭᠴᠡᠭᠡ ᠶᠢ ᠰᠢᠢᠳᠪᠦᠷᠢᠯᠡᠬᠦ ᠶᠢ ᠢᠳᠡᠪᠬᠢᠳᠠᠢ ᠲᠤᠭᠳᠠᠭᠤᠨ ᠢᠶᠠᠷ | ᠶᠠᠪᠤᠭᠳᠠᠭᠤᠯᠵᠤ᠂ ᠦᠪ ᠬᠦᠷᠦᠩᠭᠡ ᠪᠠᠷ ᠪᠠᠷᠢᠴᠠᠭᠠᠯᠠᠨ ᠤᠷᠤᠯᠠᠭᠤᠯᠬᠤ᠂ ᠭᠠᠵᠠᠷ ᠰᠢᠷᠤᠢ ᠶᠢᠨ ᠡᠷᠬᠡ ᠶᠢ | ᠰᠢᠯᠵᠢᠬᠦᠯᠬᠦ ᠵᠡᠷᠭᠡ ᠶᠡᠷᠦᠩᠭᠡᠶᠢᠯᠡᠭᠰᠡᠨ ᠴᠢᠨᠠᠷᠳᠠᠢ ᠠᠷᠭ᠎ᠠ ᠬᠡᠮᠵᠢᠶ᠎ᠡ ᠶᠢ ᠠᠪᠴᠦ᠂ ᠪᠠᠴᠢᠮ ᠴᠢᠨᠠᠷᠳᠠᠢ ᠦᠷᠢ | ᠦᠭᠴᠡᠭᠡ ᠶᠢ ᠱᠠᠳᠤᠴᠢᠯᠠᠨ ᠠᠷᠢᠯᠭᠠᠬᠤ ᠡᠬᠦᠷᠬᠡ ᠶᠢ ᠭᠦᠢᠴᠡᠳᠬᠡᠪᠡ᠃ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ | ᠲᠦᠷᠢᠮ ᠲᠤᠭᠳᠠᠴᠠ ᠶᠢᠨ ᠦᠭᠡᠷᠡᠴᠢᠯᠡᠯᠳᠡ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠬᠦ᠂ ᠭᠠᠮᠰᠢᠭ ᠢ ᠪᠠᠭᠠᠰᠬᠠᠨ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠪᠤᠷᠠᠨ ᠲᠤᠰᠠᠯᠠᠬᠤ ᠴᠢᠳᠠᠮᠵᠢ ᠶᠢ ᠶᠡᠬᠡᠪᠡᠷ ᠲᠡᠭᠡᠭᠰᠢᠯᠡᠭᠦᠯᠪᠡ᠃ ᠴᠢᠬᠤᠯᠠ | ᠬᠦᠷᠢᠶ᠎ᠡ ᠬᠡᠪᠴᠢᠶᠡᠨ ᠤ ᠲᠡᠤᠬᠡ ᠶᠢᠨ ᠦᠯᠡᠳᠡᠭᠳᠡᠯ ᠠᠰᠠᠭᠤᠳᠠᠯ ᠪᠤᠯᠤᠨ ᠵᠠᠬᠢᠳᠠᠯ ᠰᠤᠷᠪᠤᠯᠵᠢᠯᠠᠯ ᠤᠨ | ᠴᠤᠭᠯᠠᠭᠤᠯᠤᠭᠰᠨ ᠬᠡᠷᠡᠭ ᠤᠴᠢᠷ ᠢ ᠪᠦᠳᠦᠮᠵᠢᠳᠠᠢ ᠰᠢᠢᠳᠪᠦᠷᠢᠯᠡᠨ᠂ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠠᠶᠢᠯᠠᠯᠳᠤᠭᠠᠨ ᠠᠮᠵᠢᠯᠳᠠ ᠲᠠᠢ ᠪᠠᠷ ᠲᠡᠭᠦᠰᠴᠦ᠂ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ | ᠵᠢᠷᠤᠮ ᠢ ᠦᠷᠬᠦᠯᠵᠢᠯᠡᠨ ᠪᠠᠳᠤᠯᠠᠪᠠ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠭᠠᠨ ᠲᠡᠰ ᠲᠡᠪᠰᠢᠬᠦᠯᠬᠦ ᠳᠤ ᠲᠦᠪᠯᠡᠷᠡᠬᠦᠯᠵᠦ᠂ ᠬᠡᠯᠬᠢᠶᠠᠰᠦ | ᠪᠠᠨ ᠪᠠᠬᠢᠵᠢᠭᠦᠯᠵᠤ᠂ ᠬᠦᠭᠵᠢᠯᠳᠠ ᠶᠢᠨ ᠬᠦᠳᠡᠯᠬᠡᠭᠴᠢ ᠬᠦᠴᠦᠨ ᠢ ᠤᠯᠠᠮ ᠡᠷᠴᠢᠮᠵᠢᠬᠦᠯᠪᠠ᠃ | ᠬᠦᠭᠵᠢᠯᠳᠡ ᠶᠢ ᠲᠡᠷᠢᠬᠦᠨ ᠴᠢᠬᠤᠯᠠ ᠡᠭᠦᠷᠭᠡ ᠪᠤᠯᠭᠠᠬᠤ ᠶᠢ ᠢᠮᠠᠭᠳᠠ ᠪᠠᠷᠢᠮᠳᠠᠯᠠᠨ᠂ ᠠᠵᠤ ᠦᠢᠯᠡᠰ ᠤᠨ | ᠪᠦᠳᠦᠴᠨ ᠶᠢᠨ ᠲᠤᠬᠢᠷᠠᠭᠤᠯᠤᠯᠳᠠ ᠶᠢ ᠬᠦᠴᠦᠯᠡᠨ ᠰᠢᠯᠢᠳᠡᠭᠵᠢᠭᠦᠯᠦᠨ᠂ ᠤᠯᠠᠮᠵᠢᠯᠠᠯᠳᠤ ᠠᠵᠤ ᠦᠢᠯᠡᠰ ᠤᠨ ᠬᠡᠯᠪᠡᠷᠢ | ᠶᠢ ᠬᠤᠪᠢᠷᠭᠠᠨ ᠲᠡᠰ ᠲᠡᠪᠰᠢᠭᠦᠯᠵᠤ᠂ ᠰᠢᠨ᠎ᠡ ᠮᠠᠶ᠋ᠢᠭ ᠤᠨ ᠠᠵᠤ ᠦᠢᠯᠡᠰ ᠦᠳᠳᠡᠷ ᠲᠦᠷᠬᠡᠨ ᠬᠦᠭᠵᠢᠪᠡ᠃ᠮᠠᠯᠵᠢᠯ | ᠲᠠᠷᠢᠶᠠᠯᠠᠩ ᠤᠨ ᠦᠢᠯᠡᠰ ᠤᠨ ᠴᠢᠨᠠᠷ ᠪᠠ ᠦᠷ᠎ᠡ ᠠᠰᠢᠭ ᠢ ᠲᠡᠭᠡᠭᠰᠢᠯᠡᠭᠦᠯᠪᠡ᠃ ᠤᠳᠤᠬᠢᠴᠢᠯᠠᠭᠰᠠᠨ ᠮᠠᠯᠵᠢᠯ | ᠲᠠᠷᠢᠶᠠᠯᠠᠩ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠵᠤ᠂ ᠠᠵᠤ | ᠦᠢᠯᠡᠰᠵᠢᠭᠦᠯᠦᠭᠰᠡᠨ᠂ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠬᠢᠷᠢ ᠲᠦᠪᠰᠢᠨ ᠢ ᠲᠠᠰᠤᠷᠠᠯᠳᠠ ᠦᠭᠡᠢ | ᠲᠡᠭᠡᠭᠰᠢᠯᠡᠭᠦᠯᠪᠡ᠃ ᠲᠠᠷᠢᠮᠠᠯ ᠤᠨ ᠵᠦᠢᠯᠡᠰ ᠢ ᠲᠠᠷᠢᠬᠤ ᠲᠠᠯᠠᠪᠠᠢ 188 ᠲᠦᠮᠡᠨ ᠮᠦ ᠳᠤ ᠬᠦᠷᠴᠦ᠂ 27.9 | ᠲᠦᠮᠡᠨ ᠮᠦ ᠶᠢᠨ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠢ ᠪᠠᠶᠢᠭᠤᠯᠤᠨ᠂ ᠠᠮᠤ ᠪᠤᠳᠠᠭᠠᠨ ᠤ ᠭᠠᠷᠤᠯᠳᠠ ᠵᠢᠯ ᠳᠤ | ᠲᠤᠮᠳᠠᠴᠢ ᠪᠠᠷ 5 ᠳ᠋ᠦᠩᠰᠢᠭᠤᠷ ᠵᠢᠩ ᠬᠦᠷᠪᠡ᠃ ᠲᠦᠮᠦᠰᠦ᠂ ᠬᠤᠨᠢᠨ ᠮᠢᠬ᠎ᠠ ᠪᠠᠷ ᠭᠤᠤᠯᠯᠠᠭᠰᠠᠨ ᠠᠵᠤ ᠦᠢᠯᠡᠰ | ᠢ ᠬᠦᠴᠦᠯᠡᠨ ᠬᠦᠭᠵᠢᠭᠦᠯᠵᠤ᠂ ᠲᠦᠮᠦᠰᠦ ᠲᠠᠷᠢᠬᠤ ᠲᠠᠯᠠᠪᠠᠢ ᠶᠢ 51 ᠲᠦᠮᠡᠨ ᠮᠦ ᠶᠢᠨ ᠤᠷᠴᠢᠮ ᠳᠤ | ᠲᠤᠭᠳᠠᠪᠤᠷᠢᠵᠢᠭᠤᠯᠤᠨ᠂ 6 ᠵᠤᠶᠢᠯ ᠤᠨ ᠲᠦᠮᠦᠰᠦᠨ ᠤ ᠰᠢᠨ᠎ᠡ ᠪᠦᠳᠦᠭᠡᠭᠳᠡᠭᠦᠨ ᠢ ᠲᠠᠩᠰᠠᠯᠠᠵᠦ᠂ ᠰᠢᠯᠢᠳᠡᠭ ᠦᠷ᠎ᠡ | ᠶᠢᠨ ᠪᠦᠷᠬᠦᠴᠡ ᠶᠢᠨ ᠨᠤᠷᠮ᠎ᠠ ᠨᠢ 90% ᠠᠴᠠ ᠲᠡᠭᠡᠭᠰᠢ ᠬᠦᠷᠴᠦ᠂ ᠤᠯᠤᠰ ᠤᠨ ᠲᠡᠰ ᠤᠨ ᠲᠦᠮᠦᠰᠦᠨ ᠤ | ᠰᠢᠯᠢᠳᠡᠭ ᠦᠷ᠎ᠡ ᠶᠢ ᠪᠤᠶᠢᠵᠢᠭᠤᠯᠬᠤ ᠰᠠᠭᠤᠷᠢᠨ ᠭᠠᠵᠠᠷ ᠢ ᠠᠮᠵᠢᠯᠳᠠ ᠲᠠᠢ ᠪᠠᠶᠢᠭᠤᠯᠪᠠ᠃ ᠮᠠᠯ ᠲᠡᠵᠢᠭᠡᠵᠤ | ᠪᠤᠷᠤᠯᠠᠭᠤᠯᠬᠤ ᠬᠤᠶᠠᠷ ᠲᠠᠯ᠎ᠠ ᠪᠠᠷ ᠲᠡᠭᠡᠭᠰᠢᠯᠡᠯᠳᠡ ᠲᠠᠢ ᠪᠤᠯᠵᠤ᠂ ᠮᠠᠯ ᠢ 260 ᠲᠦᠮᠡ ᠳᠤ ᠲᠤᠭᠳᠠᠪᠤᠷᠢᠵᠢᠭᠤᠯᠤᠨ | ᠲᠡᠵᠢᠬᠡᠵᠦ᠂ ᠵᠢᠯ ᠳᠤ 130 ᠲᠦᠮᠡᠨ ᠬᠤᠨᠢ᠂ 2 ᠲᠦᠮᠡᠨ ᠦᠬᠡᠷ ᠰᠢᠢᠳᠪᠦᠷᠢᠯᠡᠨ ᠪᠤᠷᠤᠯᠠᠭᠤᠯᠪᠠ᠃ ︽ᠳ᠋ᠦ᠋ ᠮᠧᠩ | ︾ ᠬᠤᠨᠢᠨ ᠤ ᠭᠠᠵᠠᠷ ᠤᠷᠤᠨ ᠤ ᠪᠠᠷᠢᠮᠵᠢᠶ᠎ᠠ ᠨᠢ ᠦᠪᠡᠷᠳᠡᠭᠡᠨ ᠵᠠᠰᠠᠬᠤ ᠤᠷᠤᠨ ᠤ ᠦᠨᠡᠯᠡᠨ ᠬᠢᠨᠠᠯᠳᠠ ᠶᠢ | ᠦᠩᠭᠡᠷᠡᠭᠡᠵᠤ᠂ ᠵᠢᠯ ᠳᠤ ᠲᠤᠮᠳᠠᠴᠢ ᠪᠠᠷ 35 ᠲᠦᠮᠡᠨ ᠬᠤᠨᠢᠨ ᠤ ᠡᠭᠦᠯᠳᠡᠷ ᠢ ᠰᠠᠶᠢᠵᠢᠷᠠᠭᠤᠯᠪᠠ᠃ ᠵᠦᠩ ᠵᠢᠶᠠ᠂ | ᠰᠢᠨ ᠢᠦᠢ᠂ ᠰᠠᠢ ᠨᠥᠸᠧ ᠤᠨ ᠦᠪᠡᠷ ᠢ ᠪᠠᠨ ᠲᠠᠭᠠᠭᠠᠭᠰᠠᠨ ᠲᠠᠷᠢᠮᠠᠯ ᠦᠢᠯᠡᠰ ᠤᠨ ᠰᠢᠨ᠎ᠡ ᠶᠢ ᠡᠭᠦᠳᠬᠦ ᠬᠢᠷᠢ | ᠲᠦᠪᠰᠢᠨ ᠲᠠᠰᠤᠷᠠᠯᠳᠠ ᠦᠭᠡᠢ ᠲᠡᠭᠡᠭᠰᠢᠯᠡᠨ᠂ ᠢ ᠮᠢᠩ ᠲᠦᠮᠦᠰᠦᠨ ᠤ ᠨᠠᠷᠢᠯᠢᠭ ᠴᠠᠷᠳᠠᠭᠤᠯ ᠢ ᠪᠤᠯᠪᠠᠰᠤᠷᠠᠭᠤᠯᠬᠤ᠂ | ᠬᠤᠨᠢ ᠦᠬᠡᠷ ᠢ ᠨᠢᠳᠤᠯᠠᠨ ᠪᠤᠯᠪᠠᠰᠤᠷᠠᠭᠤᠯᠬᠤ᠂ ᠢᠳᠡᠰᠢᠨ ᠬᠤᠨᠢ ᠶᠢ ᠪᠤᠷᠳᠤᠬᠤ ᠲᠠᠯᠠᠪᠤᠷ ᠪᠠ ᠠᠮᠢᠳᠤ ᠮᠠᠯ ᠤᠨ | ᠠᠷᠠᠯᠵᠢᠶᠠᠨ ᠤ ᠵᠠᠬ᠎ᠠ ᠲᠡᠯᠭᠡᠭᠦᠷ ᠵᠡᠷᠭᠡ ᠨᠢᠬᠡᠨ ᠪᠦᠯᠦᠭ ᠮᠠᠯᠵᠢᠯ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠨ ᠤ | ᠲᠦᠷᠦᠯ ᠵᠦᠢᠯ ᠢ ᠵᠠᠯᠭᠠᠯᠳᠤᠭ᠎ᠠ ᠪᠠᠷ ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠠᠷᠢᠮᠠᠯ ᠢ | ᠰᠤᠳᠤᠯᠤᠨ ᠬᠦᠭᠵᠢᠭᠦᠯᠬᠦ᠂ ᠦᠢᠯᠡᠳᠪᠦᠷᠢᠯᠡᠨ ᠪᠤᠯᠪᠠᠰᠤᠷᠠᠭᠤᠯᠬᠤ᠂ ᠵᠠᠬ᠎ᠠ ᠲᠡᠯᠭᠡᠭᠦᠷ ᠤᠨ ᠪᠤᠷᠤᠯᠠᠭᠤᠯᠤᠨ | ᠬᠤᠳᠠᠯᠳᠤᠬᠤ ᠴᠢᠳᠠᠪᠤᠷᠢ ᠶᠢ ᠲᠤᠭᠳᠠᠭᠤᠨ ᠢᠶᠠᠷ ᠲᠡᠭᠡᠭᠰᠢᠯᠡᠭᠦᠯᠪᠡ᠃ ᠠᠵᠦ ᠦᠢᠯᠡᠳᠪᠦᠷᠢ ᠶᠢᠨ ᠪᠦᠳᠦᠴᠡ ᠶᠢ | ᠬᠤᠪᠢᠷᠠᠭᠤᠯᠤᠨ ᠲᠡᠰ ᠲᠡᠪᠰᠢᠬᠦᠯᠪᠡ᠃ ᠠᠵᠦ ᠤᠶᠢᠯᠡᠳᠪᠦᠷᠢ ᠶᠢᠨ ᠠᠵᠦ ᠠᠬᠤᠢ ᠶᠢ ᠤᠯᠠᠮᠵᠢᠯᠠᠯᠳᠦ ᠠᠵᠦ | ᠦᠢᠯᠡᠳᠪᠦᠷᠢᠵᠢᠯᠳᠠ ᠠᠴᠠ ᠰᠢᠨ᠎ᠡ ᠮᠠᠶ᠋ᠢᠭ ᠤᠨ ᠠᠵᠦ ᠦᠢᠯᠡᠳᠪᠦᠷᠢᠵᠢᠯᠳᠠ ᠶᠢᠨ ᠵᠠᠮ ᠢᠶᠠᠷ ᠵᠠᠮᠨᠠᠭᠤᠯᠵᠦ᠂ ᠴᠡᠪᠠᠷ | ᠡᠨᠧᠷᠬᠢ ᠪᠠᠷ ᠭᠤᠤᠯᠯᠠᠭᠰᠠᠨ᠂ ᠬᠢᠮᠢ ᠶᠢᠨ ᠦᠢᠯᠡᠳᠪᠦᠷᠢ ᠵᠢᠴᠢ ᠠᠭᠤᠷᠬᠠᠢ ᠶᠢᠨ ᠪᠦᠳᠦᠬᠡᠭᠳᠡᠬᠦᠨ ᠢ ᠰᠢᠯᠢᠨ | ᠰᠤᠩᠭᠤᠬᠤ ᠪᠠᠷ ᠲᠤᠰᠠᠯᠠᠮᠵᠢ ᠪᠤᠯᠭᠠᠭᠰᠠᠨ ᠠᠵᠦ ᠦᠢᠯᠡᠳᠪᠦᠷᠢ ᠶᠢᠨ ᠬᠦᠭᠵᠢᠯᠳᠠ ᠶᠢᠨ ᠲᠤᠭᠳᠠᠴᠠ ᠶᠢ ᠠᠩᠬ᠎ᠠ | ᠠᠯᠬᠤᠮ ᠪᠦᠷᠢᠯᠳᠦᠬᠦᠯᠪᠠ᠃ ᠴᠡᠪᠠᠷ ᠡᠨᠧᠷᠬᠢ ᠶᠢᠨ ᠦᠢᠯᠡᠰ ᠦᠳᠳᠡᠷ ᠲᠦᠷᠬᠡᠨ ᠬᠦᠭᠵᠢᠵᠦ᠂ ᠤᠯᠤᠰ ᠤᠨ | ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠰᠠᠯᠬᠢ ᠴᠠᠬᠢᠯᠭᠠᠨ ᠤ ᠰᠠᠭᠤᠷᠢᠨ ᠭᠠᠵᠠᠷ ᠤᠨ ᠵᠢᠱᠢᠶ᠎ᠠ | ᠦᠵᠡᠬᠦᠯᠬᠦ ᠲᠦᠷᠦᠯ ᠵᠤᠶᠢᠯ ᠢ ᠡᠬᠢᠯᠡᠬᠦᠯᠦᠨ ᠪᠠᠶᠢᠭᠤᠯᠵᠦ᠂ ᠰᠠᠯᠬᠢ ᠬᠡᠷᠡᠯ ᠴᠠᠬᠢᠯᠭᠠᠨ ᠤ ᠮᠠᠰᠢᠨ ᠪᠠᠭᠳᠠᠭᠠᠮᠵᠢ ᠶᠢᠨ | ᠬᠡᠮᠵᠢᠶ᠎ᠠ 159 ᠲᠦᠮᠡᠨ ᠺᠢᠯᠤᠸᠠᠲ ᠲᠤ ᠬᠦᠷᠴᠦ᠂ ᠮᠢᠩᠭᠠᠨ ᠲᠦᠮᠡᠨ ᠺᠢᠯᠤᠸᠠᠲ ᠲᠠᠰ ᠤᠨ ᠴᠡᠪᠠᠷ ᠡᠨᠧᠷᠬᠢ ᠶᠢᠨ | ᠭᠠᠷᠭᠠᠯᠳᠠ ᠶᠢᠨ ᠰᠠᠭᠤᠷᠢᠨ ᠭᠠᠵᠠᠷ ᠢ ᠪᠠᠶᠢᠭᠤᠯᠬᠤ ᠳᠤ ᠪᠠᠳᠦ ᠪᠠᠬᠢ ᠰᠠᠭᠤᠷᠢ ᠲᠠᠯᠪᠢᠪᠠ᠃ ᠠᠵᠤ ᠦᠢᠯᠡᠳᠪᠦᠷᠢ | ᠶᠢᠨ ᠲᠤᠭᠤᠷᠢᠭ ᠤᠨ ᠦᠨᠳᠦᠰᠦᠨ ᠲᠦᠬᠦᠭᠡᠷᠦᠮᠵᠢ ᠶᠢ ᠠᠭᠠᠵᠢᠮ ᠢᠶᠠᠷ ᠲᠡᠭᠦᠯᠳᠡᠷᠵᠢᠭᠦᠯᠵᠤ᠂ ︽ᠨᠢᠭᠡ ᠤᠷᠤᠨ | ᠭᠤᠷᠪᠠᠨ ᠲᠤᠭᠤᠷᠢᠭ︾ ᠤᠨ ᠤᠷᠤᠨ ᠵᠠᠢ ᠶᠢᠨ ᠪᠠᠶᠢᠷᠢᠯᠠᠭᠤᠯᠤᠯᠳᠠ ᠦᠨᠳᠦᠰᠦᠨ ᠳᠡᠭᠡᠨ ᠪᠦᠷᠢᠯᠳᠦᠪᠡ᠃ ᠶᠦᠩ | ᠾᠧ ᠹᠯᠤᠷᠳᠦ ᠬᠢᠮᠢ ᠶᠢᠨ ᠦᠢᠯᠡᠳᠪᠦᠷᠢ ᠶᠢᠨ 10 ᠪᠦᠳᠦᠭᠡᠭᠳᠡᠭᠦᠨ ᠢ ᠠᠰᠢᠭᠯᠠᠯᠳᠠ ᠳᠤ ᠤᠷᠤᠭᠤᠯᠤᠨ᠂ | ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ ᠨᠡᠭᠡᠭᠡᠨ ᠪᠤᠯᠪᠠᠰᠤᠷᠠᠭᠤᠯᠬᠤ ᠶᠢ ᠠᠭᠠᠵᠢᠮ ᠢᠶᠠᠷ ᠦᠨᠳᠦᠷ ᠲᠡᠰ ᠲᠤ | ᠤᠷᠤᠭᠤᠯᠪᠠ᠃ ᠵᠢᠩ ᠰᠢᠨ᠂ ᠯᠢᠦᠢ ᠰᠢᠶᠦ᠋ᠨ ᠬᠤᠸᠠᠨ᠂ ᠰᠢ ᠷᠦᠢ ᠵᠡᠷᠭᠡ ᠰᠢᠨ᠎ᠡ ᠪᠠᠷ ᠬᠦᠭᠵᠢᠭᠰᠡᠨ ᠲᠤᠮᠳᠠ | ᠪᠠᠭ᠎ᠠ ᠠᠵᠤ ᠠᠬᠤᠶᠢᠯᠠᠯ ᠠᠭᠠᠵᠢᠮ ᠢᠶᠠᠷ ᠬᠦᠴᠦᠷᠭᠡᠭᠵᠢᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ | ᠰᠠᠶᠢᠳᠠᠢ ᠬᠦᠭᠵᠢᠯᠳᠡ ᠳᠤ ᠰᠢᠨ᠎ᠡ ᠬᠦᠴᠦᠨ ᠨᠡᠮᠡᠷᠢᠯᠡᠪᠡ᠃ ᠦᠢᠯᠡᠴᠢᠯᠡᠬᠡᠨ ᠤ ᠠᠵᠦ ᠦᠢᠯᠡᠰ ᠢ ᠦᠷᠨᠢᠨ | ᠬᠦᠭᠵᠢᠭᠦᠯᠪᠡ᠃ ᠰᠤᠶᠤᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠡᠯᠧᠺᠲᠷᠤᠨ ᠬᠤᠳᠠᠯᠳᠤᠭ᠎ᠠ | ᠵᠡᠷᠭᠡ ᠦᠢᠯᠡᠴᠢᠯᠡᠬᠡᠨ ᠤ ᠠᠵᠢᠯ ᠦᠢᠯᠡᠰ ᠡᠷᠴᠢᠮᠳᠠᠢ ᠬᠦᠭᠵᠢᠵᠦ᠂ ᠠᠭᠠᠵᠢᠮ ᠢᠶᠠᠷ ᠠᠵᠤ ᠦᠢᠯᠡᠰ ᠤᠨ ᠬᠦᠭᠵᠢᠯᠳᠡ | ᠶᠢᠨ ᠬᠦᠳᠡᠯᠭᠡᠭᠦᠷ ᠪᠤᠯᠪᠠ᠃ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠂ ᠭᠡᠭᠡᠨᠳᠠᠯ᠎ᠠ ᠦᠵᠡᠮᠵᠢ ᠶᠢᠨ ᠤᠷᠤᠨ ᠢ ᠵᠡᠷᠬᠡ ᠲᠡᠭᠡᠭᠰᠢᠯᠡᠭᠦᠯᠦᠨ ᠵᠠᠰᠠᠵᠤ᠂ ᠬᠤᠪᠢᠯᠭᠠᠨ ᠵᠠᠪᠢ | ᠶᠢᠨ ᠲᠠᠭᠤᠯᠠᠯ ᠤᠨ ᠶᠡᠷᠦᠩᠭᠡᠢ ᠴᠤᠭᠴᠠ᠂ ᠬᠤᠩᠭᠤᠷ ᠤᠨ ᠤᠨᠴᠠᠯᠢᠭᠳᠤ ᠪᠠᠯᠭᠠᠰᠤ᠂ ᠤᠯᠤᠰ ᠤᠨ ᠲᠡᠰ ᠤᠨ ᠭᠠᠵᠠᠷ | ᠰᠢᠨᠵᠢᠯᠡᠭᠡᠨ ᠤ ᠬᠦᠷᠢᠶᠠᠯᠠᠩ ᠵᠡᠷᠭᠡ ᠨᠢᠬᠡᠨ ᠰᠢᠷᠢᠰ ᠴᠢᠬᠤᠯᠠ ᠰᠤᠶᠤᠯ ᠵᠢᠭᠤᠯᠴᠢᠯᠠᠯ ᠤᠨ ᠲᠦᠷᠦᠯ ᠵᠦᠢᠯ ᠢ | ᠤᠷᠤᠭᠰᠢᠳᠠᠢ ᠶᠠᠪᠤᠭᠳᠠᠭᠤᠯᠪᠡ᠃ ᠵᠢᠭᠤᠯᠴᠢᠯᠠᠯ ᠤᠨ ᠨᠠᠭᠠᠳᠤᠮ ᠤᠨ ᠬᠤᠷᠠᠯ᠂ ᠲᠠᠭᠤᠤ ᠬᠦᠭᠵᠢᠮ ᠤᠨ ᠨᠠᠶᠢᠷ᠂ | ᠠᠮᠳᠡᠳᠦ ᠢᠳᠡᠭᠡᠨ ᠤ ᠨᠠᠶᠢᠷ᠂ ᠨᠢᠰᠬᠡᠯᠳᠠ ᠶᠢᠨ ᠬᠤᠷᠠᠯ᠂ ᠲᠡᠷᠭᠡᠨ ᠤ ᠴᠡᠩᠭᠡᠭᠦᠨ ᠵᠡᠷᠭᠡ ᠨᠢᠭᠡ ᠪᠦᠯᠦᠭ ᠰᠤᠶᠤᠯ | ᠵᠢᠭᠤᠯᠴᠢᠯᠠᠯ ᠤᠨ ᠤᠷᠤᠯᠳᠤᠭᠠᠨ ᠤ ᠬᠦᠳᠡᠯᠭᠡᠭᠡᠨ ᠢ ᠠᠮᠵᠢᠯᠳᠠ ᠲᠠᠢ ᠶᠠᠪᠤᠭᠳᠠᠭᠤᠯᠵᠤ᠂ ᠵᠢᠭᠤᠯᠴᠢᠯᠠᠭᠰᠠᠳ ᠤᠨ | ᠲᠤᠭ᠎ᠠ ᠪᠠ ᠵᠢᠭᠤᠯᠴᠢᠯᠠᠯ ᠤᠨ ᠤᠷᠤᠯᠭ᠎ᠠ ᠨᠢ 2017 ᠤᠨ ᠤ ᠡᠴᠦᠰ ᠲᠠᠢ ᠠᠳᠠᠯᠢᠳᠬᠠᠪᠠᠯ᠂ ᠲᠤᠰ ᠲᠤᠰ 18. | 5% ᠪᠠ 29.4% ᠨᠡᠮᠡᠭᠳᠡᠪᠡ᠃ ᠭᠥᠸᠧ ᠲᠤᠩ ᠡᠳ᠋ ᠪᠠᠷᠠᠭ᠎ᠠ ᠶᠢᠨ ᠭᠦᠢᠯᠭᠡᠭᠡᠨ ᠤ ᠲᠤᠭᠤᠷᠢᠭ ᠨᠢ | ᠬᠤᠳᠠᠯᠳᠤᠭ᠎ᠠ ᠤᠷᠢᠬᠤ ᠨᠦᠬᠦᠴᠡᠯ ᠢ ᠪᠦᠷᠢᠯᠳᠦᠭᠦᠯᠪᠡ᠃ ᠱᠠᠩᠬᠠᠢ ᠶᠢᠨ ᠹᠦ᠋ ᠵᠢᠶᠠ ᠴᠢᠯᠦᠬᠡᠳᠦ ᠲᠡᠯᠬᠡᠬᠦᠷ ᠢ ᠮᠠᠨ ᠤ | ᠬᠤᠰᠢᠭᠤᠨ ᠳᠤ ᠠᠮᠵᠢᠯᠳᠠ ᠲᠠᠢ ᠤᠷᠢᠨ ᠤᠷᠤᠭᠤᠯᠪᠠ᠃ ᠤᠯᠤᠰ ᠤᠨ ᠲᠡᠰ ᠤᠨ ᠡᠯᠧᠺᠲᠷᠤᠨ ᠬᠤᠳᠠᠯᠳᠤᠭ᠎ᠠ ᠶᠢ | ᠬᠦᠳᠡᠭᠡ ᠲᠤᠰᠬᠤᠨ ᠳᠤ ᠤᠷᠤᠭᠤᠯᠬᠤ ᠵᠢᠱᠢᠶᠡᠴᠢ ᠲᠦᠷᠦᠯ ᠵᠦᠢᠯ ᠤᠨ ᠦᠷ᠎ᠡ ᠪᠦᠳᠦᠮᠵᠢ ᠨᠢ ᠢᠯᠡᠳᠳᠡ ᠪᠠᠶᠢᠵᠦ᠂ | ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠪᠦᠷᠬᠦᠴᠡ ᠶᠢᠨ ᠨᠤᠷᠮ᠎ᠠ ᠨᠢ 91.7% ᠳᠤ ᠬᠦᠷᠴᠦ᠂ | ᠡᠯᠧᠺᠲᠷᠤᠨ ᠬᠤᠳᠠᠯᠳᠤᠭ᠎ᠠ ᠶᠢᠨ ᠠᠷᠠᠯᠵᠢᠶᠠᠨ ᠤ ᠲᠤᠭ᠎ᠠ ᠨᠢ 18.6 ᠳ᠋ᠦᠩᠰᠢᠭᠤᠷ ᠲᠦᠬᠦᠷᠢᠭ ᠲᠤ ᠬᠦᠷᠪᠡ᠃ | ᠭᠠᠳᠠᠭᠠᠳᠤ ᠠᠷᠠᠯᠵᠢᠶᠠᠨ ᠤ ᠤᠷᠤᠭᠤᠯᠵᠤ ᠭᠠᠷᠭᠠᠬᠤ ᠲᠤᠭ᠎ᠠ ᠨᠢ 8118.7 ᠲᠦᠮᠡᠨ ᠳ᠋ᠤᠯᠯᠠᠷ ᠲᠤ ᠬᠦᠷᠪᠡ᠃ | ︵ᠭᠤᠷᠪᠠ︶ ᠬᠤᠳᠠ ᠬᠦᠳᠡᠭᠡ ᠶᠢᠨ ᠬᠠᠮ ᠬᠦᠭᠵᠢᠯᠳᠠ ᠳᠤ ᠲᠦᠪᠯᠡᠷᠡᠬᠦᠯᠵᠦ᠂ ᠨᠢᠭᠡᠳᠦᠯᠳᠠᠢ ᠲᠦᠯᠦᠪᠵᠢᠭᠦᠯᠦᠨ | ᠠᠵᠢᠯᠯᠠᠵᠦ᠂ ᠬᠦᠮᠦᠨ ᠰᠠᠭᠤᠬᠤ ᠤᠷᠴᠢᠨ ᠠᠬᠤᠢ ᠶᠢ ᠦᠷᠬᠦᠯᠵᠢᠯᠡᠨ ᠰᠠᠶᠢᠵᠢᠷᠠᠭᠤᠯᠪᠠ᠃ | ᠬᠠᠮᠳᠤ ᠪᠠᠷ ᠪᠠᠶᠢᠭᠤᠯᠬᠤ ᠬᠠᠮᠳᠦ ᠪᠠᠷ ᠡᠳ᠋ᠯᠡᠬᠦ ᠪᠠ ᠬᠠᠮᠳᠤ ᠪᠠᠷ ᠵᠠᠰᠠᠬᠤ ᠶᠢ ᠪᠠᠷᠢᠮᠳᠠᠯᠠᠨ᠂ ᠰᠠᠭᠤᠷᠢ ᠲᠦᠬᠦᠭᠡᠷᠦᠮᠵᠢ | ᠶᠢᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠬᠤᠳᠠ ᠬᠦᠳᠡᠭᠡ ᠶᠢᠨ ᠲᠦᠷᠰᠦ ᠪᠠᠶᠢᠳᠠᠯ ᠴᠤ᠋ ᠰᠢᠨ᠎ᠡ ᠬᠤᠪᠢᠷᠠᠯᠳᠠ | ᠲᠠᠢ ᠪᠤᠯᠪᠠ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠶᠡᠷᠦᠩᠬᠡᠢ ᠲᠦᠯᠦᠪᠯᠡᠭᠡ ᠶᠢ ᠨᠠᠶᠢᠷᠠᠭᠤᠯᠬᠤ | ᠠᠵᠢᠯ ᠡᠮᠬᠢ ᠲᠠᠷᠠᠭᠠᠯᠠᠯ ᠲᠠᠢ ᠶᠠᠪᠤᠭᠳᠠᠪᠠ᠃ ᠬᠤᠳᠠ ᠪᠠᠯᠭᠠᠰᠤᠨ ᠤ ᠭᠤᠤᠯ ᠲᠤᠭᠤᠷᠢᠭ ᠤᠨ ᠲᠠᠯᠠᠪᠠᠢ 19.8 | ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠬᠤᠳᠠ ᠶᠢᠨ ᠲᠤᠭᠤᠷᠢᠭ ᠤᠨ ᠲᠦᠯᠦᠪ ᠢ ᠲᠠᠰᠤᠷᠠᠯᠳᠠ ᠦᠭᠡᠢ | ᠦᠷᠬᠡᠳᠬᠡᠨ᠂ ᠰᠢᠨ᠎ᠡ ᠲᠤᠭᠤᠷᠢᠭ ᠤᠨ ᠲᠦᠪᠯᠡᠷᠡᠬᠦ ᠨᠦᠯᠦᠭᠡᠯᠡᠯ ᠨᠢ ᠲᠤᠪᠤᠶᠢᠵᠤ᠂ ᠬᠤᠳᠠ ᠪᠠᠯᠭᠠᠰᠦᠵᠢᠯᠳᠠ ᠶᠢᠨ | ᠨᠤᠷᠮ᠎ᠠ ᠨᠢ 41.9% ᠪᠠᠶᠢᠭᠰᠠᠨ ᠠᠴᠠ 58.9% ᠪᠤᠯᠵᠤ ᠲᠡᠭᠡᠭᠰᠢᠯᠡᠪᠡ᠃ ᠲᠠᠢ ᠾᠧ᠂ ᠪᠢ ᠱᠧᠩ ᠶᠤᠸᠠᠨ | ᠵᠡᠷᠭᠡ ᠨᠢᠭᠡ ᠪᠦᠯᠦᠭ ᠦᠨᠳᠦᠷ ᠲᠡᠰ ᠤᠨ ᠰᠠᠭᠤᠭᠠᠯᠢ ᠠᠷᠠᠳ ᠤᠨ ᠬᠤᠷᠢᠶᠠᠯᠠᠯ ᠢ ᠪᠠᠶᠢᠭᠤᠯᠵᠤ᠂ ᠰᠢᠨ᠎ᠡ ᠨᠡᠮᠡᠭᠳᠡᠭᠰᠡᠨ | ᠪᠠᠷᠢᠯᠭ᠎ᠠ ᠶᠢᠨ ᠲᠠᠯᠠᠪᠠᠢ ᠨᠢ 66.7 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠪᠡ᠃ ᠸᠠᠩ ᠹᠦ᠋ ᠵᠠᠮ᠂ ᠵᠢᠶᠧ | ᠹᠠᠩ ᠵᠠᠮ ᠵᠡᠷᠭᠡ 5 ᠵᠠᠮ ᠱᠤᠭᠤᠮ ᠵᠢᠴᠢ ᠬᠤᠭᠤᠯᠠᠢ ᠲᠤᠤᠷ ᠢ ᠵᠠᠰᠠᠨ ᠪᠠᠶᠢᠭᠤᠯᠬᠤ ᠢᠨᠵᠧᠨᠧᠷᠢᠩ ᠢ ᠭᠦᠢᠴᠡᠳᠬᠡᠵᠤ | ᠂ ᠠᠷᠠᠳ ᠤᠨ ᠠᠮᠢᠳᠤᠷᠠᠯ ᠤᠨ ᠬᠤᠷᠢᠶᠠᠯᠠᠯ ᠤᠨ ᠦᠶᠡᠷ ᠲᠠᠳᠠᠷᠠᠭᠤᠯᠬᠤ ᠢᠨᠵᠧᠨᠧᠷᠢᠩ᠂ ᠬᠠᠭᠤᠴᠢᠨ ᠪᠠᠭ᠎ᠠ | ᠬᠤᠷᠢᠶᠠᠯᠠᠯ ᠲᠤᠭᠤᠷᠢᠭ ᠢ ᠵᠠᠰᠠᠬᠤ ᠢᠨᠵᠧᠨᠧᠷᠢᠩ᠂ ᠺᠠᠩ ᠯᠧ ᠭᠤᠷᠪᠠᠳᠤᠭᠠᠷ ᠬᠤᠭᠤᠴᠠᠭᠠᠨ ᠤ ᠤᠰᠤᠨ ᠬᠤᠭᠤᠯᠠᠢ | ᠶᠢ ᠲᠤᠤᠷᠵᠢᠭᠤᠯᠬᠤ ᠢᠨᠵᠧᠨᠧᠷᠢᠩ ᠵᠡᠷᠭᠡ ᠨᠢᠭᠡ ᠪᠦᠯᠦᠭ ᠬᠤᠳᠠ ᠪᠠᠯᠭᠠᠰᠤᠨ ᠤ ᠵᠠᠰᠠᠭ ᠤᠨ ᠶᠠᠪᠤᠳᠠᠯ ᠤᠨ ᠲᠦᠷᠦᠯ | ᠵᠦᠢᠯ ᠢ ᠶᠠᠪᠤᠭᠳᠠᠭᠤᠯᠤᠨ᠂ ᠬᠤᠳᠠ ᠪᠠᠯᠭᠠᠰᠤᠨ ᠤ ᠬᠤᠭ ᠨᠤᠪᠰᠢ ᠶᠢ ᠰᠢᠢᠳᠪᠦᠷᠢᠯᠡᠬᠦ ᠨᠤᠷᠮ᠎ᠠ᠂ ᠪᠤᠵᠠᠷ ᠤᠰᠤ ᠶᠢ | ᠴᠤᠭᠯᠠᠭᠤᠯᠬᠤ ᠨᠤᠷᠮ᠎ᠠ᠂ ᠲᠦᠪᠯᠡᠷᠡᠭᠦᠯᠦᠨ ᠢᠯᠴᠢ ᠬᠠᠩᠭᠠᠬᠤ ᠶᠢ ᠲᠦᠬᠡᠮᠡᠯᠵᠢᠭᠦᠯᠬᠦ ᠨᠤᠷᠮ᠎ᠠ ᠪᠠ ᠪᠠᠶᠢᠭᠤᠯᠤᠭᠰᠠᠨ | ᠲᠤᠭᠤᠷᠢᠭ ᠤᠨ ᠨᠤᠭᠤᠭᠠᠷᠠᠭᠤᠯᠤᠯᠳᠠ ᠶᠢᠨ ᠨᠤᠷᠮ᠎ᠠ ᠨᠢ ᠲᠤᠰ ᠲᠤᠰ 98.9 %᠂ 92%᠂ 75% ᠪᠤᠯᠤᠨ | 32.5% ᠳᠤ ᠬᠦᠷᠴᠦ᠂ ᠬᠤᠳᠠ ᠪᠠᠯᠭᠠᠰᠤᠨ ᠤ ᠰᠠᠭᠤᠬᠤ ᠳᠤ ᠲᠤᠬᠢᠷᠠᠮᠵᠢᠳᠠᠢ ᠤᠷᠴᠢᠨ ᠲᠤᠭᠤᠷᠢᠨ ᠤ ᠶᠠᠰᠦ | ᠴᠢᠨᠠᠷ ᠢᠯᠡᠳᠳᠡ ᠲᠡᠭᠡᠭᠰᠢᠯᠡᠪᠡ᠃ 1.5 ᠲᠦᠮᠡ ᠢᠯᠡᠬᠦᠦ ᠮᠠᠯᠴᠢᠨ ᠲᠠᠷᠢᠶᠠᠴᠢᠨ ᠡᠷᠦᠬᠡ ᠳᠤ ᠰᠠᠭᠤᠬᠤ ᠬᠡᠷ | ᠵᠠᠰᠠᠨ ᠪᠠᠷᠢᠵᠦ᠂ 5005 ᠡᠷᠡᠬᠦᠯ ᠬᠠᠮᠠᠭᠠᠯᠠᠯ ᠤᠨ ᠵᠤᠷᠯᠤᠩ ᠪᠠᠶᠢᠭᠤᠯᠤᠨ᠂ ᠤᠨᠳᠤᠤ ᠭᠠᠵᠠᠷ ᠨᠡᠬᠦᠯᠬᠡᠨ | ᠬᠦᠭᠵᠢᠬᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ 5602 ᠮᠤ᠋ ᠲᠠᠷᠢᠶᠠᠨ ᠭᠠᠵᠠᠷ ᠢ ᠰᠡᠷᠬᠦᠬᠡᠨ | ᠬᠠᠭᠠᠯᠪᠤᠷᠢᠯᠠᠵᠦ᠂ ᠮᠠᠯᠴᠢᠨ ᠲᠠᠷᠢᠶᠠᠴᠢᠳ ᠤᠨ ᠤᠷᠤᠰᠢᠨ ᠠᠮᠢᠳᠤᠷᠠᠬᠤ ᠤᠷᠴᠢᠨ ᠠᠬᠤᠢ ᠮᠡᠳᠡᠭᠳᠡᠮ᠎ᠡ ᠰᠠᠶᠢᠵᠢᠷᠠᠪᠠ᠃ | 720 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠵᠠᠰᠠᠨ ᠪᠠᠶᠢᠭᠤᠯᠵᠦ᠂ ᠤᠯᠠᠭᠠᠨᠬᠤᠸᠠ ᠠᠴᠠ ᠠᠶᠢᠷᠠᠭ ᠰᠦᠮ᠎ᠡ | ᠬᠦᠷᠳᠡᠯᠡᠬᠢ ᠵᠠᠮ᠂ ᠤᠯᠤᠰ ᠤᠨ 335 ᠱᠤᠭᠤᠮ ᠤᠨ ᠬᠤᠸᠠᠩ ᠵᠢᠶᠠ ᠲᠠᠨ ᠠᠴᠠ ᠰᠡᠭᠦᠵᠢ ᠬᠦᠷᠳᠡᠯᠡᠭᠢ ᠵᠠᠮ᠂ | ᠤᠯᠤᠰ ᠤᠨ 331 ᠱᠤᠭᠤᠮ ᠤᠨ ᠠᠶᠢᠷᠠᠭ ᠰᠦᠮ᠎ᠡ ᠠᠴᠠ ᠬᠤᠸᠠ ᠤᠪᠤᠭ᠎ᠠ ᠬᠦᠷᠳᠡᠯᠡᠬᠢ ᠬᠤᠶᠠᠳᠤᠭᠠᠷ ᠲᠡᠰ ᠤᠨ | ᠵᠠᠰᠠᠮᠠᠯ ᠵᠠᠮ ᠵᠢᠴᠢ ᠬᠡᠬᠡᠨᠳᠡᠯᠡ ᠠᠴᠠ ᠬᠤᠩᠭᠤᠷ ᠬᠦᠷᠬᠦ ᠵᠠᠰᠠᠮᠠᠯ ᠵᠠᠮ ᠳᠤ ᠲᠡᠷᠭᠡ ᠨᠡᠪᠳᠡᠷᠡᠬᠦᠯᠵᠦ᠂ ᠪᠦᠬᠦ ᠰᠤᠮᠤ | ᠰᠢᠶᠠᠩ ᠪᠠᠯᠭᠠᠰᠤᠨ ᠳᠤ ᠭᠤᠷᠪᠠᠳᠤᠭᠠᠷ ᠲᠡᠰ ᠤᠨ ᠵᠠᠮ ᠨᠡᠪᠳᠡᠷᠡᠬᠦ ᠶᠢ ᠪᠡᠶᠡᠯᠡᠭᠦᠯᠦᠨ᠂ ᠭᠠᠴᠠᠭ᠎ᠠ ᠲᠤᠰᠬᠤᠨ ᠤ ᠵᠠᠮ | ᠢ ᠬᠠᠳᠠᠭᠤᠷᠠᠭᠤᠯᠤᠨ ᠠᠶᠠᠨᠴᠢᠳ ᠤᠨ ᠡᠭᠡᠯᠵᠢᠨ ᠲᠡᠷᠭᠡ ᠶᠢ ᠨᠡᠪᠳᠡᠷᠡᠭᠦᠯᠵᠤ᠂ ᠦᠪᠡᠷᠳᠡᠭᠡᠨ ᠵᠠᠰᠠᠬᠤ ᠤᠷᠤᠨ ᠤ ︽ | ᠬᠦᠳᠡᠭᠡ ᠲᠤᠰᠬᠤᠨ ᠤ ᠵᠠᠮ ᠢ ᠰᠠᠶᠢᠳᠦᠷ ᠪᠠᠶᠢᠭᠤᠯᠬᠤ᠂ ᠰᠠᠶᠢᠳᠦᠷ ᠬᠠᠮᠢᠶᠠᠷᠬᠤ᠂ ᠰᠠᠶᠢᠳᠦᠷ ᠬᠠᠮᠠᠭᠠᠯᠠᠬᠤ᠂ | ᠰᠠᠶᠢᠳᠦᠷ ᠠᠰᠢᠭᠯᠠᠬᠤ ᠵᠡᠷᠬᠡ ᠲᠦᠷᠪᠡᠨ ᠰᠠᠶᠢᠨ︾ ᠵᠢᠱᠢᠶᠡᠴᠢ ᠬᠤᠰᠢᠭᠤ ᠶᠢ ᠠᠮᠵᠢᠯᠳᠠ ᠲᠠᠢ ᠪᠠᠷ ᠪᠠᠶᠢᠭᠤᠯᠪᠠ᠃ | 628 ᠤᠰᠦ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ ᠶᠠᠪᠤᠭᠳᠠᠭᠤᠯᠵᠤ᠂ ᠮᠠᠯᠵᠢᠬᠤ ᠤᠷᠤᠨ ᠳᠤ | 2620 ᠬᠤᠳᠳᠤᠭ ᠮᠠᠯᠳᠠᠨ᠂ 5730 ᠢᠵᠢ ᠲᠦᠪᠯᠡᠷᠡᠭᠦᠯᠦᠭᠰᠡᠨ ᠪᠠ ᠡᠷᠦᠭᠡ ᠳᠤ ᠬᠡᠷᠡᠭᠯᠡᠬᠦ ᠤᠰᠤ | ᠠᠷᠢᠭᠤᠳᠬᠠᠬᠤ ᠲᠦᠬᠦᠭᠡᠷᠦᠮᠵᠢ ᠶᠢ ᠤᠭᠰᠠᠷᠴᠦ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ | ᠲᠦᠪᠰᠢᠨ ᠤ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠪᠡ᠃ ᠬᠤᠩᠭᠤᠷ ᠤᠰᠤᠨ ᠴᠦᠬᠦᠷᠦᠮ ᠤᠨ ᠶᠡᠷᠦᠩᠭᠡᠢ | ᠢᠵᠧᠨᠧᠷᠢᠩ ᠤᠨ 73% ᠢ ᠭᠦᠢᠴᠡᠳᠬᠡᠵᠤ᠂10 ᠺᠢᠯᠤᠸᠤᠯᠲ ᠵᠢᠴᠢ ᠡᠭᠦᠨ ᠠᠴᠠ ᠲᠤᠷᠤᠭᠰᠢᠬᠢ 1900 | ᠢᠯᠡᠬᠦᠦ ᠺᠢᠯᠤᠮᠧᠲᠷ ᠤᠨ ᠲᠦᠬᠦᠷ ᠴᠠᠬᠢᠯᠭᠠᠨ ᠵᠠᠮ ᠱᠤᠭᠤᠮ ᠢ ᠪᠠᠶᠢᠭᠤᠯᠤᠨ᠂ ᠴᠠᠬᠢᠯᠭᠠᠨ ᠲᠤᠤᠷ ᠤᠨ ᠪᠦᠳᠦᠴᠡ ᠶᠢ | ᠲᠠᠰᠤᠷᠠᠯᠳᠠ ᠦᠭᠡᠢ ᠰᠢᠯᠢᠳᠡᠭᠵᠢᠭᠦᠯᠵᠤ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠲᠤᠮᠳᠠ | ᠴᠠᠬᠢᠯᠭᠠᠨ ᠬᠡᠷᠡᠭᠯᠡᠬᠦ ᠳᠤ ᠪᠦᠳᠦᠮᠵᠢᠳᠠᠢ ᠪᠠᠳᠤᠯᠠᠭ᠎ᠠ ᠬᠠᠩᠭᠠᠪᠠ᠃ | ︵ᠲᠦᠷᠪᠡ︶ ᠪᠦᠬᠦ ᠲᠠᠯ᠎ᠠ ᠪᠠᠷ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤ ᠲᠦᠪᠯᠡᠷᠡᠬᠦᠯᠵᠦ᠂ ᠦᠷ᠎ᠡ ᠪᠦᠳᠦᠮᠵᠢ | ᠶᠢ ᠲᠡᠭᠡᠭᠰᠢᠯᠡᠭᠦᠯᠵᠤ᠂ ᠠᠮᠢᠵᠢᠷᠠᠯ ᠤᠨ ᠬᠦᠴᠦᠨ ᠢ ᠬᠦᠭᠵᠢᠭᠡᠪᠡ᠃ | ᠵᠠᠰᠠᠭ ᠤᠨ ᠤᠷᠳᠤᠨ ᠤ ᠪᠠᠶᠢᠭᠤᠯᠤᠮᠵᠢ᠂ ᠰᠤᠮᠤ ᠰᠢᠶᠠᠩ ᠪᠠᠯᠭᠠᠰᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ | ᠭᠦᠢᠴᠡᠳᠬᠡᠪᠡ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠠᠯ ᠤᠨ ᠡᠷᠭᠡ ᠶᠢᠨ ᠲᠦᠷᠢᠮ ᠪᠠ | ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠪᠠ᠃ ᠬᠤᠳᠠᠯᠳᠤᠭᠠᠴᠢᠳ ᠢ ᠤᠷᠢᠨ ᠪᠡᠯᠡ ᠤᠷᠤᠭᠤᠯᠬᠤ ᠠᠵᠢᠯ ᠢ | ᠲᠠᠰᠤᠷᠠᠯᠳᠠ ᠦᠭᠡᠢ ᠴᠢᠩᠭᠠᠳᠬᠠᠨ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠦᠷᠬᠦᠯᠵᠢᠯᠡᠨ | ᠰᠢᠯᠢᠳᠡᠭᠵᠢᠭᠦᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ | ᠠᠬᠢᠭᠤᠯᠵᠤ᠂ ︽ᠮᠦᠩᠭᠡ ᠰᠤᠪᠠᠭ ᠲᠠᠬᠢ ᠲᠦᠷᠪᠡᠨ ᠠᠯᠪᠠᠯᠠᠬᠤ︾ ᠠᠵᠢᠯ ᠤᠨ ᠬᠤᠷᠠᠯ ᠢ ᠪᠦᠬᠦ ᠲᠠᠯ᠎ᠠ ᠪᠠᠷ | ᠶᠠᠪᠤᠭᠳᠠᠭᠤᠯᠤᠨ᠂ ︽ᠢᠨᠲ᠋ᠧᠷᠨᠧᠲ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠰᠢᠰᠲ᠋ᠧᠮ ᠤᠨ ᠪᠠᠶᠢᠭᠤᠯᠤᠯᠳᠠ ᠶᠢ ᠨᠡᠩ ᠲᠡᠭᠦᠯᠳᠡᠷᠵᠢᠭᠦᠯᠵᠤ᠂ ︽ᠬᠡᠷᠡᠴᠢ ᠦᠨᠡᠮᠯᠡᠯ ᠢ ᠰᠠᠯᠭᠠᠬᠤ︾ | ᠦᠭᠡᠷᠡᠴᠢᠯᠡᠯᠳᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠡᠷᠡᠴᠢᠯᠡᠬᠦ ᠬᠡᠷᠡᠭ ᠤᠴᠢᠷ ᠪᠤᠯᠤᠨ | ᠬᠠᠮᠤᠷᠤᠭᠳᠠᠭᠰᠠᠨ ᠠᠵᠤ ᠠᠬᠤᠶᠢᠯᠠᠯ ᠤᠨ ᠵᠦᠪᠰᠢᠶᠡᠷᠡᠭᠳᠡᠬᠦ ᠬᠡᠷᠡᠭ ᠶᠠᠪᠤᠳᠠᠯ ᠳᠤ ᠠᠮᠠᠯᠠᠬᠤ ᠲᠦᠷᠢᠮ ᠢ | ᠬᠡᠷᠡᠭᠵᠢᠭᠦᠯᠪᠡ᠃ ᠠᠵᠤ ᠠᠬᠤᠶᠢᠯᠠᠯ ᠢ ᠨᠡᠬᠡᠬᠡᠨ ᠡᠷᠬᠢᠯᠡᠬᠦ ᠴᠠᠭ ᠪᠠ ᠦᠯᠦ ᠬᠦᠳᠡᠯᠬᠦ ᠡᠳ᠋ ᠬᠦᠷᠦᠩᠭᠡ ᠶᠢ | ᠲᠠᠩᠰᠠᠯᠠᠬᠤ ᠬᠤᠭᠤᠴᠠᠭ᠎ᠠ ᠶᠢ ᠲᠤᠰ ᠲᠤᠰ 1 ᠠᠵᠢᠯ ᠤᠨ ᠡᠳᠦᠷ᠂ 5 ᠠᠵᠢᠯ ᠤᠨ ᠡᠳᠦᠷ ᠪᠤᠯᠭᠠᠨ ᠪᠤᠭᠤᠨᠢᠰᠬᠠᠵᠦ | ᠂ ᠪᠠᠷᠢᠴᠠᠭᠠᠯᠬᠤ ᠪᠠ ᠲᠠᠩᠰᠠ ᠠᠴᠠ ᠬᠠᠰᠤᠬᠤ᠂ ᠤᠷᠢᠳᠴᠢᠯᠠᠨ ᠮᠡᠳᠡᠭᠡᠯᠡᠬᠦ ᠶᠢ ᠲᠠᠩᠰᠠᠯᠠᠬᠤ᠂ ᠪᠠᠶᠢᠴᠠᠭᠠᠨ | ᠪᠢᠳᠡᠭᠦᠮᠵᠢᠯᠡᠬᠦ ᠶᠢ ᠲᠠᠩᠰᠠᠯᠠᠬᠤ ᠶᠢ ᠲᠤᠬᠠᠢ ᠶᠢᠨ ᠡᠳᠦᠷ ᠲᠤᠨᠢ ᠲᠠᠭᠤᠰᠬᠠᠬᠤ ᠪᠤᠯᠭᠠᠪᠠ᠃ ᠵᠠᠬ᠎ᠠ ᠲᠡᠯᠭᠡᠭᠦᠷ ᠤᠨ | ᠬᠦᠢᠯᠬᠡᠬᠡᠨ ᠤ ᠬᠦᠷᠢᠶ᠎ᠡ ᠬᠡᠪᠴᠢᠶ᠎ᠡ ᠶᠢ ᠴᠡᠭᠴᠡᠯᠡᠨ ᠵᠠᠰᠠᠬᠤ ᠠᠵᠢᠯ ᠢ ᠪᠤᠳᠠᠳᠠᠢ ᠶᠠᠪᠤᠭᠳᠠᠭᠤᠯᠵᠤ᠂ ᠵᠠᠬ᠎ᠠ ᠲᠡᠯᠭᠡᠭᠦᠷ | ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠦᠭᠵᠢᠭᠡᠨ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ | 5820 ᠭᠤᠤᠯ ᠪᠡᠶᠠᠳᠦ ᠰᠢᠨ᠎ᠡ ᠪᠠᠷ ᠨᠡᠮᠡᠭᠳᠡᠵᠤ᠂ ᠶᠡᠷᠦᠩᠭᠡᠢ ᠲᠤᠭ᠎ᠠ ᠨᠢ 13053 ᠡᠷᠦᠭᠡ ᠬᠦᠷᠪᠡ᠃ ᠲᠠᠸᠠᠷ | ᠤᠨ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ 904 ᠵᠦᠢᠯ ᠳᠤ ᠲᠠᠸᠠᠷ ᠤᠨ | ᠲᠡᠮᠳᠡᠭ ᠲᠠᠩᠰᠠᠯᠠᠨ᠂ 2 ᠵᠦᠢᠯ ᠳᠤ ᠭᠠᠵᠠᠷ ᠤᠷᠤᠨ ᠢ ᠲᠦᠯᠦᠭᠡᠯᠡᠬᠦ ᠬᠡᠷᠡᠴᠢ ᠲᠠᠢ ᠲᠠᠸᠠᠷ ᠤᠨ ᠲᠡᠮᠳᠡᠭ ᠲᠠᠩᠰᠠᠯᠠᠪᠠ | ᠃ | ︵ᠲᠠᠪᠤ︶ ᠠᠷᠠᠳ ᠲᠦᠮᠡᠨ ᠢ ᠲᠡᠬᠡᠳᠦᠯᠡᠬᠦ ᠤᠶᠢᠯᠠᠭᠠᠭᠳᠠᠬᠤᠨ ᠳᠤ ᠲᠦᠪᠯᠡᠷᠡᠬᠦᠯᠵᠦ᠂ ᠬᠠᠮᠳᠦ ᠪᠠᠷ ᠪᠠᠶᠢᠭᠤᠯᠵᠦ | ᠬᠠᠮᠳᠦ ᠪᠠᠷ ᠡᠳ᠋ᠯᠡᠨ᠂ ᠠᠷᠠᠳ ᠲᠦᠮᠡᠨ ᠤ ᠠᠵᠠ ᠵᠢᠷᠭᠠᠯ ᠢ ᠢᠯᠡᠳᠳᠠ ᠨᠡᠮᠡᠭᠳᠡᠬᠦᠯᠪᠠ᠃ | ᠨᠡᠶᠢᠬᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠪᠠ᠃ ᠵᠢᠯ ᠪᠦᠷᠢ 80% | ᠠᠴᠠ ᠲᠡᠬᠡᠰᠢᠬᠢ ᠡᠳ᠋ ᠤᠨ ᠵᠠᠰᠠᠭ ᠤᠨ ᠬᠦᠴᠦᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠬᠡᠷ᠎ᠡ ᠬᠡᠷᠡᠭᠯᠡᠪᠡ᠃ | ᠬᠤᠳᠠ ᠪᠠᠯᠭᠠᠰᠤᠨ ᠤ ᠠᠵᠢᠯᠳᠠᠳ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ | ᠂ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠬᠤ ᠬᠦᠮᠦᠨ ᠤ ᠲᠤᠭ᠎ᠠ ᠲᠤᠰᠪᠤᠷᠢ 56813᠂ 169423 ᠳᠤ | ᠬᠦᠷᠴᠦ᠂ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠵᠢᠴᠢ ᠡᠯ᠎ᠡ ᠵᠤᠶᠢᠯ ᠤᠨ ᠨᠡᠶᠢᠬᠡᠮ | ᠤᠨ ᠲᠤᠰᠠᠯᠠᠮᠵᠢ ᠶᠢᠨ ᠮᠦᠩᠭᠦ 8.45 ᠳ᠋ᠦᠩᠰᠢᠭᠤᠷ ᠲᠦᠬᠦᠷᠢᠭ ᠲᠤ ᠬᠦᠷᠴᠦ᠂ 4 ᠲᠦᠮᠡ ᠢᠯᠡᠬᠦᠦ | ᠬᠦᠴᠢᠷᠳᠠᠯᠳᠠᠢ ᠠᠷᠠᠳ ᠲᠦᠮᠡᠨ ᠳᠤ ᠠᠰᠢᠭ ᠬᠦᠷᠳᠡᠬᠡᠨ᠂ ᠪᠠᠳᠤᠯᠠᠭ᠎ᠠ ᠶᠢᠨ ᠲᠦᠪᠰᠢᠨ ᠶᠡᠭᠡ ᠬᠡᠮᠵᠢᠶ᠎ᠠ ᠪᠠᠷ | ᠲᠡᠬᠡᠭᠰᠢᠯᠡᠪᠡ᠃ ᠰᠤᠷᠭᠠᠨ ᠬᠦᠮᠦᠵᠢᠯ ᠤᠨ ᠤᠷᠴᠢᠨ ᠠᠬᠤᠢ ᠶᠢ ᠦᠷᠬᠦᠯᠵᠢᠯᠡᠨ ᠰᠢᠯᠢᠳᠡᠭᠵᠢᠬᠦᠯᠪᠠ᠃ ᠤᠯᠤᠰ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠬᠦᠭᠵᠢᠯᠳᠠ ᠶᠢᠨ ᠬᠢᠨᠠᠨ ᠰᠢᠯᠭᠠᠯᠳᠠ ᠶᠢ ᠠᠮᠵᠢᠯᠳᠠ | ᠲᠠᠢ ᠦᠩᠭᠡᠷᠡᠬᠡᠵᠦ᠂ ᠲᠤᠷᠰᠢᠯᠳᠠ ᠶᠢᠨ ᠲᠤᠮᠳᠠᠳᠦ ᠰᠤᠷᠭᠠᠭᠤᠯᠢ᠂ ᠨᠠᠨ ᠬᠤᠤ ᠬᠡᠤᠬᠡᠳ ᠤᠨ ᠴᠡᠴᠡᠷᠯᠢᠭ᠂ | ᠬᠤᠩᠭᠤᠷ ᠰᠤᠷᠭᠠᠭᠤᠯᠢ ᠶᠢᠨ ᠪᠠᠶᠢᠷᠢ ᠶᠢᠨ ᠠᠰᠠᠷ ᠵᠡᠷᠬᠡ ᠨᠢᠬᠡᠨ ᠪᠦᠯᠦᠭ ᠰᠤᠷᠭᠠᠨ ᠬᠦᠮᠦᠵᠢᠯ ᠤᠨ ᠰᠠᠭᠤᠷᠢ | ᠲᠦᠬᠦᠬᠡᠷᠦᠮᠵᠢ ᠶᠢᠨ ᠲᠦᠷᠦᠯ ᠵᠤᠶᠢᠯ ᠢ ᠲᠠᠭᠤᠰᠬᠠᠵᠦ᠂ ᠵᠢᠭᠠᠨ ᠰᠤᠷᠭᠠᠯᠳᠠ ᠶᠢᠨ ᠪᠠᠶᠡᠳᠦ ᠲᠦᠬᠦᠬᠡᠷᠦᠮᠵᠢ ᠶᠢᠨ | ᠨᠦᠬᠦᠴᠡᠯ ᠢᠯᠡᠳᠳᠠ ᠰᠠᠶᠢᠵᠢᠷᠠᠪᠠ᠃ ᠪᠡᠬᠡᠵᠢᠩ ᠤᠨ ᠺᠤᠸᠠᠨ ᠭᠤᠤ ᠰᠤᠷᠭᠠᠨ ᠬᠦᠮᠦᠵᠢᠯ ᠤᠨ ᠪᠦᠯᠦᠭᠯᠡᠯ ᠤᠨ | ᠵᠢᠭᠠᠨ ᠰᠤᠷᠭᠠᠬᠤ ᠠᠷᠭ᠎ᠠ ᠮᠠᠶ᠋ᠢᠭ ᠢ ᠠᠮᠵᠢᠯᠳᠠ ᠲᠠᠢ ᠤᠷᠢᠨ ᠤᠷᠤᠭᠤᠯᠵᠦ᠂ ᠵᠢᠭᠠᠨ ᠰᠤᠷᠭᠠᠯᠳᠠ ᠶᠢᠨ ᠶᠠᠰᠦ ᠴᠢᠨᠠᠷ | ᠮᠡᠳᠡᠭᠳᠡᠮ᠎ᠡ ᠲᠡᠭᠡᠭᠰᠢᠯᠡᠵᠦ᠂ ᠲᠤᠮᠳᠠᠳᠦ ᠰᠤᠷᠭᠠᠭᠤᠯᠢ ᠶᠢᠨ ᠲᠡᠬᠦᠰᠬᠦ ᠰᠢᠯᠭᠠᠯᠳᠠ ᠶᠢᠨ ᠬᠢᠷᠢ ᠪᠦᠳᠦᠮᠵᠢ ᠪᠦᠬᠦ | ᠬᠤᠳᠠ ᠶᠢᠨ ᠡᠮᠦᠨ᠎ᠡ ᠡᠩᠨᠡᠬᠡᠨ ᠳᠤ ᠤᠷᠤᠪᠠ᠃ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ | ᠲᠦᠬᠡᠮᠡᠯᠵᠢᠬᠦᠯᠬᠦ ᠠᠵᠢᠯ ᠢ ᠪᠤᠳᠠᠳᠠᠢ ᠰᠠᠶᠢᠳᠦᠷ ᠬᠢᠵᠦ᠂ ᠪᠦᠬᠦ ᠬᠤᠰᠢᠭᠤᠨ ᠤ ᠦᠨᠳᠦᠰᠦᠳᠡᠨ ᠤ ᠦᠬᠡ ᠬᠡᠯᠡ ᠪᠠᠷ | ᠬᠢᠴᠢᠶᠠᠯᠯᠡᠬᠦ ᠰᠤᠷᠭᠠᠭᠤᠯᠢ ᠶᠢᠨ ᠭᠤᠷᠪᠠᠨ ᠲᠦᠷᠦᠯ ᠤᠨ ᠬᠢᠴᠢᠶᠠᠯ ᠳᠤ ᠨᠢᠬᠡᠳᠦᠯᠳᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠪᠠᠶᠠᠯᠡᠬᠦᠯᠪᠠ᠃ ᠰᠤᠷᠬᠤ ᠨᠠᠰᠤᠨ ᠠᠴᠠ ᠡᠮᠦᠨᠡᠬᠢ ᠬᠡᠤᠬᠡᠳ ᠤᠳ ᠤᠨ | ᠰᠤᠷᠭᠠᠭᠤᠯᠢ ᠳᠤ ᠤᠷᠤᠬᠤ ᠨᠤᠷᠮ᠎ᠡ 95% ᠠᠴᠠ ᠲᠡᠬᠡᠭᠰᠢ ᠬᠦᠷᠴᠦ᠂ ᠠᠯᠪᠠᠨ ᠵᠢᠷᠤᠮ ᠤᠨ ᠰᠤᠷᠭᠠᠨ ᠬᠦᠮᠦᠵᠢᠯ | ᠤᠨ ᠱᠠᠳᠤᠨ ᠳᠠᠬᠢ ᠰᠤᠷᠤᠯᠭ᠎ᠠ ᠠᠴᠠ ᠲᠤᠷᠭᠤᠨ ᠵᠤᠭᠰᠤᠬᠤ ᠦᠵᠡᠭᠳᠡᠯ ᠢ ᠬᠢᠵᠠᠭᠠᠷᠯᠠᠵᠦ᠂ ᠰᠠᠭᠤᠬᠤ ᠵᠤᠬᠢᠰᠳᠠᠢ | ᠬᠡᠤᠬᠡᠳ ᠪᠠᠭᠠᠴᠤᠳ ᠤᠨ ᠰᠤᠷᠭᠠᠭᠤᠯᠢ ᠳᠤ ᠰᠠᠭᠤᠬᠤ ᠶᠢ ᠪᠠᠳᠤᠯᠠᠪᠠ᠃ ᠬᠦᠯ ᠪᠦᠮᠪᠦᠬᠡᠨ ᠲᠠᠯᠠᠪᠤᠷ᠂ | ᠨᠠᠰᠤᠳᠠᠶᠢᠴᠤᠳ ᠤᠨ ᠬᠦᠳᠡᠯᠬᠡᠬᠡᠨ ᠤ ᠲᠦᠪ ᠵᠠᠷᠬᠡ ᠨᠢᠬᠡ ᠪᠦᠯᠦᠭ ᠲᠠᠮᠢᠷ ᠤᠨ ᠲᠠᠯᠠᠪᠤᠷ ᠤᠷᠳᠤᠨ ᠪᠠᠶᠢᠭᠤᠯᠵᠦ᠂ | ᠪᠦᠬᠦ ᠬᠤᠰᠢᠭᠤᠨ ᠤ ᠬᠦᠮᠦᠨ ᠲᠤᠮᠳᠠᠴᠢ ᠶᠢᠨ ᠲᠠᠮᠢᠷ ᠤᠨ ᠬᠦᠳᠡᠯᠬᠡᠬᠡᠨ ᠤ ᠲᠠᠯᠠᠪᠠᠢ 2.54 ᠲᠡᠭᠰᠢ ᠲᠦᠷᠪᠡᠯᠵᠢᠨ | ᠮᠧᠲᠷ ᠲᠤ ᠬᠦᠷᠴᠦ᠂ ᠪᠦᠬᠦ ᠠᠷᠠᠳ ᠢᠶᠠᠷ ᠢᠶᠠᠨ ᠪᠠᠶ᠎ᠠ ᠪᠠᠨ ᠲᠠᠪᠳᠡᠨ ᠪᠤᠯᠪᠠᠰᠤᠷᠠᠭᠤᠯᠬᠤ ᠠᠵᠢᠯᠯᠠᠭ᠎ᠠ ᠶᠢ ᠦᠷᠨᠢᠨ | ᠬᠦᠭᠵᠢᠬᠦᠯᠪᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠳᠠ ᠦᠭᠡᠢ | ᠲᠡᠬᠡᠭᠰᠢᠯᠡᠬᠦᠯᠪᠡ᠃ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠨᠢ ︽ᠬᠤᠶᠠᠳᠤᠭᠠᠷ ᠵᠡᠷᠬᠡ ᠶᠢᠨ ᠬᠦᠬᠡ | ᠲᠡᠰ ᠤᠨ ᠡᠮᠨᠡᠯᠬᠡ ᠶᠢᠨ ᠬᠤᠷᠢᠶ᠎ᠠ︾ ᠪᠤᠯᠤᠨ ᠲᠡᠪᠰᠢᠵᠦ᠂ ᠮᠤᠩᠭᠤᠯ ᠬᠢᠳᠠᠳ ᠡᠮᠨᠡᠯᠬᠡ ᠶᠢᠨ ᠬᠤᠷᠢᠶ᠎ᠠ ᠶᠢ | ᠪᠠᠶᠢᠭᠤᠯᠤᠨ ᠲᠠᠭᠤᠰᠬᠠᠵᠦ ᠠᠰᠢᠭᠯᠠᠯᠳᠠ ᠳᠤ ᠤᠷᠤᠭᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ | ᠦᠬᠡᠷᠡᠴᠢᠯᠡᠯᠳᠠ ᠶᠢ ᠲᠤᠭᠳᠠᠭᠤᠨ ᠢᠶᠠᠷ ᠠᠬᠢᠭᠤᠯᠵᠦ᠂ ᠡᠯ᠎ᠡ ᠱᠠᠳᠤᠨ ᠤ ᠡᠯ᠎ᠡ ᠵᠤᠶᠢᠯ ᠤᠨ 232 ᠡᠮ ᠡᠮᠴᠢᠯᠡᠭᠡ | ᠶᠢᠨ ᠪᠠᠶᠢᠭᠤᠯᠤᠮᠵᠢ ᠲᠠᠢ ᠪᠤᠯᠵᠦ᠂ ᠬᠤᠰᠢᠭᠤᠨ ᠤ ᠬᠦᠳᠡᠭᠡ ᠲᠤᠰᠬᠤᠨ ᠤ ᠭᠤᠷᠪᠠᠳᠤᠭᠠᠷ ᠲᠡᠰ ᠤᠨ ᠡᠮ ᠡᠮᠨᠡᠯᠬᠡ | ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠨᠡᠩ ᠲᠡᠬᠦᠯᠳᠡᠷᠵᠢᠨ᠂ ︽ᠦᠪᠡᠷᠳᠡᠬᠡᠨ ᠵᠠᠰᠠᠬᠤ ᠤᠷᠤᠨ ᠤ | ᠡᠷᠡᠬᠦᠯ ᠬᠠᠮᠠᠭᠠᠯᠠᠯ ᠤᠨ ᠬᠤᠰᠢᠭᠤ ᠰᠢᠶᠠᠨ︾ ᠢ ᠠᠮᠵᠢᠯᠳᠠᠢ ᠴᠤᠭᠴᠠᠯᠠᠨ ᠪᠠᠶᠢᠭᠤᠯᠪᠠ᠃ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠯᠠᠵᠦ᠂ ᠬᠢᠵᠢᠭ ᠢ ᠰᠡᠷᠬᠡᠶᠢᠯᠡᠨ | ᠡᠵᠡᠮᠳᠡᠬᠦ ᠨᠠᠷᠢᠯᠢᠭᠵᠢᠭᠰᠠᠨ᠂ ᠪᠠᠶᠢᠩᠭᠤᠵᠢᠭᠰᠠᠨ ᠰᠢᠰᠲ᠋ᠧᠮ ᠢ ᠪᠦᠬᠦ ᠤᠷᠤᠨ ᠬᠡᠪᠴᠢᠶᠠᠳᠠᠢ ᠴᠤᠭᠴᠠᠯᠠᠨ ᠪᠠᠶᠢᠭᠤᠯᠵᠦ᠂ | ᠬᠢᠵᠢᠭ ᠢ ᠰᠡᠷᠬᠡᠶᠢᠯᠡᠨ ᠡᠵᠡᠮᠳᠡᠬᠦ ᠴᠢᠳᠠᠪᠤᠷᠢᠳᠠᠨ ᠤ ᠡᠩᠨᠡᠭᠡ ᠲᠠᠰᠤᠷᠠᠯᠳᠠ ᠦᠭᠡᠢ ᠪᠤᠵᠠᠭᠠᠶᠢᠷᠠᠨ᠂ ᠪᠦᠬᠡᠮ ᠬᠦᠴᠢᠯ | ᠤᠨ ᠪᠠᠶᠢᠴᠠᠭᠠᠯᠳᠠ ᠬᠢᠬᠦ ᠴᠢᠳᠠᠪᠤᠷᠢ ᠮᠡᠳᠡᠭᠳᠡᠮ᠎ᠡ ᠲᠡᠬᠡᠭᠰᠢᠯᠡᠵᠦ᠂ ᠡᠯ᠎ᠡ ᠵᠤᠶᠢᠯ ᠤᠨ ᠰᠡᠷᠬᠡᠶᠢᠯᠡᠨ ᠡᠵᠡᠮᠳᠡᠬᠦ ᠠᠷᠭ᠎ᠠ | ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ | ᠬᠢᠬᠦ ᠵᠤᠬᠢᠰᠳᠠᠢ ᠬᠦᠮᠦᠰ ᠲᠤ ᠴᠦᠮ ᠲᠠᠷᠢᠯᠭ᠎ᠠ ᠲᠠᠷᠢᠪᠠ᠃ ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ | ᠬᠢᠷᠢ ᠲᠦᠪᠰᠢᠨ ᠢ ᠢᠯᠡᠳᠳᠡ ᠲᠡᠬᠡᠭᠰᠢᠯᠡᠬᠦᠯᠪᠡ᠃ 61 ᠰᠤᠶᠤᠯ ᠤᠨ ᠠᠭᠤᠳᠠᠮ ᠲᠠᠯᠠᠪᠠᠢ᠂ ᠰᠤᠮᠤ ᠰᠢᠶᠠᠩ | ᠪᠠᠯᠭᠠᠰᠤᠨ ᠤ 16 ᠰᠤᠶᠤᠯ ᠤᠨ ᠦᠷᠳᠡᠭᠡ ᠪᠠ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤ 136 ᠰᠤᠶᠤᠯ | ᠤᠨ ᠦᠷᠦᠬᠡ ᠪᠠᠶᠢᠭᠤᠯᠤᠨ᠂ ᠷᠠᠳᠢᠤ᠋ ᠲᠧᠯᠸᠢᠰ ᠤᠨ ᠰᠤᠷᠠᠭ ᠵᠠᠩᠭᠢ ᠶᠢᠨ ᠲᠤᠬᠢᠶ᠎ᠠ ᠶᠢ ᠦᠨᠳᠦᠰᠦᠨ ᠳᠡᠭᠡᠨ ᠪᠦᠬᠦᠨ | ᠢ ᠪᠦᠷᠬᠦᠬᠦᠯᠵᠦ᠂ ᠦᠨᠳᠦᠰᠦᠨ ᠱᠠᠳᠤᠨ ᠤ ᠰᠤᠶᠤᠯ ᠤᠨ ᠰᠠᠭᠤᠷᠢᠨ ᠪᠠ ᠤᠯᠠᠨ ᠨᠠᠶᠢᠳᠠ ᠶᠢᠨ ᠦᠢᠯᠡᠴᠢᠯᠡᠬᠡᠨ ᠤ | ᠬᠢᠷᠢ ᠲᠦᠪᠰᠢᠨ ᠤᠯᠠᠮ ᠨᠢᠬᠡ ᠠᠯᠬᠤᠮ ᠲᠡᠭᠡᠭᠰᠢᠯᠡᠪᠡ᠃ ᠤᠯᠠᠭᠠᠨᠮᠦ᠋ᠴᠢᠷ ᠤᠨ ︽ᠬᠤᠪᠢᠰᠬᠠᠯᠳᠦ | ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭ︾ ᠤᠨ ᠰᠢᠯᠢᠳᠡᠭ ᠤᠯᠠᠮᠵᠢᠯᠠᠯ ᠢ ᠶᠡᠬᠡᠪᠡᠷ ᠤᠯᠠᠮᠵᠢᠯᠠᠨ᠂ ︽ | ᠲᠦᠬᠢᠮ᠎ᠠ ᠡᠵᠢ︾᠂ ︽ᠬᠤᠪᠢᠯᠭᠠᠨ ᠵᠡᠪᠢ ᠠᠮᠤᠭᠤᠯᠠᠩ︾ ᠵᠡᠷᠬᠡ ᠨᠢᠬᠡᠨ ᠪᠦᠯᠦᠭ ᠰᠢᠯᠢᠳᠡᠭ ᠲᠤᠭᠯᠠᠯᠳᠠ ᠵᠦᠴᠦᠬᠡ | ᠵᠤᠬᠢᠶᠠᠨ ᠨᠠᠶᠢᠷᠠᠭᠤᠯᠵᠦ᠂ ᠪᠦᠬᠦ ᠤᠷᠤᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠳᠬ᠎ᠠ ᠤᠷᠠᠯᠢᠭ | ᠤᠨ ᠠᠯᠳᠠᠨ ᠮᠧᠳᠠᠯ ᠢ ᠬᠦᠷᠳᠡᠪᠡ᠃ ᠤᠯᠠᠭᠠᠨᠮᠦ᠋ᠴᠢᠷ ᠤᠨ ᠲᠤᠭᠯᠠᠯᠳᠠ ᠶᠢᠨ ᠲᠢᠩᠭᠢᠮ ᠪᠤᠯᠤᠨ ᠵᠢᠭᠤᠯᠴᠢᠯᠠᠯ ᠤᠨ | ᠦᠢᠯᠡᠴᠢᠯᠡᠬᠡᠨ ᠤ ᠲᠦᠪ ᠢ ᠪᠠᠶᠢᠭᠤᠯᠤᠨ ᠲᠠᠭᠤᠰᠬᠠᠵᠦ ᠠᠰᠢᠭᠯᠠᠯᠳᠠ ᠳᠤ ᠤᠷᠤᠭᠤᠯᠪᠠ᠃ ︽ᠭᠤᠷᠪᠠᠨ ᠮᠢᠩᠭᠠᠨ | ᠦᠨᠦᠴᠢᠨ ᠬᠡᠤᠬᠡᠳ ᠢ ᠦᠪᠦᠷ ᠮᠤᠩᠭᠤᠯ ᠳᠤ ᠬᠦᠷᠬᠡᠭᠰᠡᠨ︾ ᠦᠯᠢᠬᠡᠷ ᠢ ᠦᠷᠬᠦᠯᠵᠢᠯᠡᠨ ᠤᠯᠠᠮᠵᠢᠯᠠᠨ ᠶᠠᠷᠢᠵᠦ᠂ ︽ | ᠲᠠᠯ᠎ᠠ ᠨᠤᠳᠤᠭ ᠤᠨ ᠡᠵᠢ︾ ᠲᠦᠬᠢᠮ᠎ᠡ ᠨᠠᠰᠤᠳᠠᠨ ︽ᠠᠷᠠᠳ ᠤᠨ ᠵᠢᠱᠢᠶᠡᠴᠢ︾ ᠬᠡᠬᠦ ᠤᠯᠤᠰ ᠤᠨ ᠢᠷᠡᠭᠤ ᠠᠯᠳᠠᠷ | ᠪᠠ ︽ᠱᠠᠩᠬᠠᠢ ᠬᠤᠳᠠ ᠶᠢᠨ ᠢᠷᠡᠭᠤ ᠠᠯᠳᠠᠷᠳᠠᠢ ᠠᠷᠠᠳ︾ ᠬᠡᠬᠦ ᠴᠤᠯᠠ ᠶᠢ ᠬᠦᠷᠳᠡᠪᠡ᠃ ᠮᠠᠨ ᠤ | ᠬᠤᠰᠢᠭᠤᠨ ᠳᠤ ᠰᠡᠬᠦᠳᠡᠷᠯᠠᠨ ᠰᠢᠩᠭᠡᠭᠡᠭᠰᠡᠨ ︽ᠤᠯᠤᠰ ᠤᠨ ᠬᠡᠤᠬᠡᠳ︾ ᠲᠧᠯᠸᠢᠰ ᠵᠦᠴᠦᠬᠡ ᠨᠢ ᠲᠦᠪ ᠤᠨ | ᠷᠠᠳᠢᠤ᠋ ᠲᠧᠯᠸᠢᠰ ᠢᠶᠠᠷ ᠨᠡᠪᠳᠡᠷᠡᠪᠡ᠃ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠬᠦᠮᠦᠵᠢᠯ ᠪᠠ ᠬᠦᠳᠡᠯᠬᠡᠬᠡᠨ | ᠢ ᠬᠦᠨᠵᠡᠬᠡᠢ ᠦᠷᠨᠢᠬᠦᠯᠦᠨ᠂ ᠦᠨᠳᠦᠰᠦᠳᠡᠨ ᠤ ᠱᠠᠰᠢᠨ ᠰᠤᠷᠳᠠᠬᠤᠨ ᠤ ᠬᠦᠷᠢᠶ᠎ᠠ ᠴᠠᠷ᠎ᠠ ᠶᠢᠨ ᠡᠶ᠎ᠡ ᠵᠤᠬᠢᠴᠠᠩᠭᠤᠢ | ᠪᠠᠶᠢᠳᠠᠯ ᠢ ᠦᠷᠬᠦᠯᠵᠢᠯᠡᠨ ᠪᠠᠬᠢᠵᠢᠬᠦᠯᠪᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠪᠠᠳᠤᠯᠠᠭ᠎ᠠ ᠶᠢᠨ | ᠰᠢᠰᠲ᠋ᠧᠮ ᠢ ᠲᠠᠰᠤᠷᠠᠯᠳᠠ ᠦᠭᠡᠢ ᠲᠡᠬᠦᠯᠳᠡᠷᠵᠢᠬᠦᠯᠵᠦ᠂ ᠬᠤᠶᠠᠷ ᠢ ᠬᠦᠷᠢᠶᠠᠯᠡᠬᠦ ᠠᠵᠢᠯ ᠢ ᠦᠷᠬᠦᠯᠵᠢᠯᠡᠨ ᠰᠢᠨ᠎ᠡ | ᠡᠬᠦᠳᠦᠯᠳᠠ ᠲᠠᠢ ᠶᠠᠪᠤᠭᠤᠳᠠᠭᠤᠯᠵᠦ᠂ ᠵᠢᠷᠭᠤᠭᠠᠨ ᠵᠢᠯ ᠲᠠᠷᠠᠭᠠᠯᠠᠨ ︽ᠦᠪᠡᠷᠳᠡᠬᠡᠨ ᠵᠠᠰᠠᠬᠤ ᠤᠷᠤᠨ ᠤ ᠬᠤᠶᠠᠷ ᠢ | ᠬᠦᠷᠢᠶᠠᠯᠠᠬᠦ ᠵᠢᠱᠢᠶ᠎ᠠ ᠦᠵᠡᠬᠦᠯᠬᠦ ᠬᠤᠳᠠ ᠪᠠᠯᠭᠠᠰᠦ︾ ᠬᠡᠬᠦ ᠴᠤᠯᠠ ᠶᠢ ᠬᠦᠷᠳᠡᠪᠡ᠃ ᠲᠤᠯᠤᠳᠤᠭᠠᠷ ᠤᠳᠠᠭᠠᠨ ᠤ | ᠪᠦᠬᠦ ᠤᠯᠤᠰ ᠤᠨ ᠬᠦᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢ ᠲᠡᠬᠦᠰ ᠠᠮᠵᠢᠯᠳᠠ ᠲᠠᠢ ᠪᠠᠶᠡᠯᠡᠬᠦᠯᠪᠠ᠃ ᠭᠠᠵᠠᠷ | ᠤᠷᠤᠨ ᠤ ᠤᠶᠢᠯᠠᠯᠭ᠎ᠠ ᠪᠠ ᠤᠨ ᠤ ᠲᠠᠶᠢᠯᠪᠤᠷᠢ ᠨᠢ ᠪᠦᠬᠦ ᠤᠯᠤᠰ ᠤᠨ ︽ᠬᠤᠶᠠᠷ ᠢ ᠪᠦᠷᠢᠳᠦᠬᠦᠯᠬᠦ︾ ᠬᠠᠷᠠᠯᠳᠠ | ᠶᠢ ᠪᠠᠶᠠᠯᠡᠬᠦᠯᠪᠠ᠃ | ︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠳᠤ ᠲᠦᠪᠯᠡᠷᠡᠬᠦᠯᠵᠦ᠂ ᠡᠬᠦᠷᠬᠡ | ᠬᠠᠷᠢᠭᠤᠴᠠᠯᠭ᠎ᠠ ᠪᠠᠷ ᠦᠨᠡᠨᠴᠢ ᠰᠢᠳᠤᠷᠭᠤ ᠪᠠᠷ ᠬᠦᠢᠴᠡᠳᠬᠡᠨ᠂ ᠵᠠᠰᠠᠭ ᠪᠠᠷᠢᠬᠤ ᠴᠢᠳᠠᠪᠤᠷᠢ ᠶᠢ ᠮᠡᠳᠡᠭᠳᠡᠮ᠎ᠡ | ᠲᠡᠭᠡᠭᠰᠢᠯᠡᠬᠦᠯᠪᠠ᠃ | ︽ᠤᠭ ᠵᠤᠷᠢᠯᠳᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠦ ᠴᠡᠬᠡᠵᠢᠯᠡᠬᠦ︾ ᠭᠤᠤᠯ ᠰᠡᠳᠦᠪᠳᠦ | ᠬᠦᠮᠦᠵᠢᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠬᠢᠨᠠᠮᠠᠭᠠᠢ ᠦᠷᠨᠢᠬᠦᠯᠦᠨ᠂ ︽ | ᠲᠦᠷᠪᠡᠨ ᠤᠬᠠᠮᠰᠠᠷ︾ ᠢ ᠲᠠᠰᠤᠷᠠᠯᠳᠠ ᠦᠭᠡᠢ ᠲᠡᠬᠡᠭᠰᠢᠯᠡᠬᠦᠯᠦᠨ᠂ ︽ᠲᠦᠷᠪᠡᠨ ᠢᠳᠡᠬᠡᠯ︾ ᠢᠶᠠᠨ ᠪᠠᠳᠤᠳᠬᠠᠵᠦ᠂ | ︽ᠬᠤᠶᠠᠷ ᠢ ᠲᠤᠭᠳᠠᠭᠠᠬᠤ︾ ᠶᠢ ᠬᠦᠷᠢᠶᠠᠯᠠᠨ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠪᠡ᠃ ᠵᠠᠰᠠᠭ ᠤᠨ | ᠤᠷᠳᠤᠨ ᠤ ᠴᠡᠭᠴᠡᠯᠳᠠ ᠶᠢᠨ ᠴᠢᠳᠠᠮᠵᠢ ᠪᠠ ᠠᠵᠢᠯ ᠤᠨ ᠪᠦᠳᠦᠮᠵᠢ ᠶᠢ ᠦᠷᠬᠦᠯᠵᠢᠯᠡᠨ ᠲᠡᠬᠡᠭᠰᠢᠯᠡᠬᠦᠯᠦᠨ᠂ ᠶᠡᠭᠡ | ᠲᠠᠶᠢᠯᠠᠯᠳᠤᠭᠠᠨ ᠶᠡᠭᠡ ᠰᠢᠯᠭᠠᠯᠳᠠ ᠶᠢ ᠦᠩᠭᠡᠷᠡᠬᠡᠨ ᠬᠦᠴᠦᠷᠬᠡᠭᠵᠢᠪᠠ᠃ ᠬᠠᠤᠯᠢ ᠶᠤᠰᠦ ᠪᠠᠷ ᠠᠷᠭ᠎ᠠ ᠪᠤᠳᠤᠯᠭ᠎ᠠ | ᠬᠡᠷᠡᠭᠵᠢᠬᠦᠯᠬᠦ ᠪᠠ ᠬᠠᠤᠯᠢ ᠶᠤᠰᠤᠭᠠᠷ ᠵᠠᠰᠠᠭ ᠪᠠᠷᠢᠬᠤ ᠶᠢ ᠪᠠᠷᠢᠮᠳᠠᠯᠠᠨ᠂ ︽ᠲᠤᠯᠤᠳᠤᠭᠠᠷ ᠲᠠᠪᠤᠨ ᠵᠢᠯ︾ ᠤᠨ | ᠬᠠᠤᠯᠢ ᠶᠢᠨ ᠲᠦᠬᠡᠮᠡᠯᠵᠢᠬᠦᠯᠦᠯᠳᠠ ᠶᠢᠨ ᠠᠵᠢᠯ ᠲᠡᠬᠦᠰ ᠠᠮᠵᠢᠯᠳᠠ ᠲᠠᠢ ᠦᠨᠳᠦᠷᠯᠡᠪᠡ᠃ ᠬᠤᠰᠢᠭᠤᠨ ᠤ ᠠᠷᠠᠳ | ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ | ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠡᠯ᠎ᠡ ᠡᠳᠡᠬᠡᠳ ᠤᠨ ᠬᠢᠨ ᠤ ᠰᠠᠨᠠᠯ | ᠰᠠᠨᠠᠭᠤᠯᠭ᠎ᠠ ᠶᠢ ᠦᠷᠬᠡᠨ ᠢᠶᠠᠷ ᠰᠤᠨᠤᠰᠤᠨ᠂ 282 ᠬᠤᠪᠢ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠶᠠᠷᠢᠯᠴᠠᠭᠠᠨ ᠤ ᠲᠦᠰᠦᠯ ᠪᠠ 315 ᠬᠤᠪᠢ ᠤᠯᠤᠰ ᠲᠦᠷᠦ ᠶᠢᠨ ᠵᠦᠪᠯᠡᠯᠬᠡᠨ ᠤ ᠰᠠᠨᠠᠯ ᠲᠤᠷᠠᠳᠤᠯᠭ᠎ᠠ ᠶᠢ | ᠬᠦᠢᠴᠡᠳᠬᠡᠨ ᠰᠢᠢᠳᠪᠦᠷᠢᠯᠡᠵᠦ᠂ ᠬᠠᠨᠤᠮᠵᠢᠳᠠᠢ ᠨᠤᠷᠮ᠎ᠠ ᠴᠦᠮ 100% ᠳᠤ ᠬᠦᠷᠪᠡ᠃ ᠲᠦᠪ ᠤᠨ ᠨᠠᠢᠮᠠᠨ | ᠵᠤᠶᠢᠯ ᠤᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠪᠢᠯᠠᠨ ᠭᠠᠮᠨᠠᠬᠤ ᠦᠵᠡᠯ | ᠪᠤᠳᠤᠯᠭ᠎ᠠ ᠶᠢ ᠪᠠᠬᠢᠵᠢᠬᠦᠯᠵᠦ᠂ ᠡᠩ ᠤᠨ ᠴᠢᠨᠠᠷᠳᠠᠢ ᠵᠠᠷᠤᠯᠭ᠎ᠠ ᠪᠠ ︽ᠭᠤᠷᠪᠠᠨ ᠠᠯᠪᠠᠨ︾ ᠤ ᠵᠠᠷᠤᠳᠠᠯ ᠪᠦᠬᠦᠨ | ᠢᠶᠠᠷ ᠢᠶᠠᠨ ᠪᠠᠭᠠᠰᠪᠠ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠬᠦᠴᠡᠬᠦ | ᠲᠡᠮᠡᠴᠡᠯ ᠢ ᠦᠷᠬᠡᠨ ᠢᠶᠠᠷ ᠠᠬᠢᠭᠤᠯᠤᠨ᠂ ︽ᠲᠦᠷᠪᠡᠨ ᠰᠤᠷᠳᠠᠯ︾ ᠤᠨ ᠠᠰᠠᠭᠤᠳᠠᠯ ᠢ ᠦᠷᠬᠦᠯᠵᠢᠯᠡᠨ ᠵᠠᠯᠠᠷᠠᠭᠤᠯᠵᠦ | ᠂ ᠰᠤᠷᠳᠠᠯ ᠤᠨ ᠠᠰᠠᠭᠤᠳᠠᠯ ᠢ ᠬᠦᠨᠵᠡᠬᠡᠢ ᠴᠡᠭᠴᠡᠯᠡᠨ ᠵᠠᠰᠠᠪᠠ᠃ ᠡᠬᠦᠨ ᠤ ᠬᠠᠮᠳᠦ᠂ ᠠᠵᠢᠯᠴᠢᠨ ᠤ ᠡᠪᠯᠡᠯ᠂ ᠡᠪ | ᠬᠠᠮᠳᠦ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠰᠢᠨᠵᠢᠯᠡᠭᠡ ᠤᠬᠠᠭᠠᠨ ᠲᠧᠭᠨᠢᠭ ᠮᠡᠷᠬᠡᠵᠢᠯ | ᠤᠨ ᠨᠡᠶᠢᠬᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠵᠡᠮᠳᠡᠭᠴᠤᠳ ᠤᠨ ᠬᠤᠯᠪᠤᠭ᠎ᠠ ᠵᠡᠷᠬᠡ ᠪᠦᠯᠬᠦᠮ ᠵᠤᠬᠢᠶᠠᠨ ᠪᠠᠶᠢᠭᠤᠯᠤᠯᠳᠠ ᠶᠢᠨ ᠠᠵᠢᠯ ᠰᠢᠨ᠎ᠡ ᠠᠬᠢᠴᠠ ᠶᠢ ᠤᠯᠵᠦ᠂ | ᠪᠦᠷᠢᠳᠬᠡᠨ ᠪᠠᠶᠢᠴᠠᠭᠠᠬᠤ᠂ ᠬᠠᠩᠭᠠᠨ ᠪᠤᠷᠤᠯᠠᠭᠤᠯᠬᠤ᠂ ᠴᠠᠭ ᠠᠭᠤᠷ᠂ ᠭᠠᠵᠠᠷ ᠬᠦᠳᠡᠯᠦᠯᠳᠠ᠂ ᠭᠠᠳᠠᠭᠠᠳᠦ ᠶᠠᠪᠤᠳᠠᠯ | ᠂ ᠲᠠᠩᠰᠠ ᠡᠪᠬᠡᠮᠡᠯ ᠵᠡᠷᠬᠡ ᠠᠵᠢᠯ ᠪᠠ ᠬᠤᠶᠢᠴᠢ ᠦᠶ᠎ᠠ ᠶᠢᠨ ᠬᠢᠨ ᠢᠶᠠᠨ ᠬᠠᠯᠠᠮᠵᠢᠯᠠᠬᠤ᠂ ᠨᠠᠰᠤᠵᠢᠯ ᠵᠡᠷᠬᠡ ᠦᠢᠯᠡᠰ | ᠰᠢᠨ᠎ᠡ ᠲᠠᠪᠰᠢᠯᠳᠠ ᠶᠢ ᠤᠯᠪᠠ᠃ | ᠡᠯ᠎ᠡ ᠲᠦᠯᠦᠬᠡᠯᠡᠭᠴᠢᠳ ᠡ᠄ ᠲᠦᠷᠪᠡᠨ ᠵᠢᠯ ᠤᠨ ᠰᠢᠷᠭᠠᠭᠤ ᠬᠦᠳᠡᠯᠮᠦᠷᠢ ᠪᠠᠷ ᠲᠦᠷᠪᠡᠨ ᠵᠢᠯ ᠤᠨ ᠠᠮᠵᠢᠯᠳᠠ | ᠪᠦᠳᠦᠮᠵᠢ ᠰᠤᠯᠢᠵᠦ᠂ ᠡᠷᠡᠮᠡᠬᠡᠶᠢᠯᠡᠨ ᠤᠷᠤᠭᠰᠢᠯᠠᠬᠤ ᠡᠷᠴᠢ ᠵᠤᠷᠢᠭ ᠰᠡᠳᠬᠢᠯ ᠳᠤ ᠬᠠᠳᠠᠩᠰᠢᠨ᠂ ᠬᠦᠭᠵᠢᠯᠳᠠ ᠶᠢᠨ | ᠪᠦᠳᠦᠮᠵᠢ ᠬᠦᠮᠦᠨ ᠠᠷᠠᠳ ᠢ ᠵᠤᠷᠢᠭᠵᠢᠭᠤᠯᠤᠨ᠎ᠠ᠃ ᠪᠢᠳᠠ ᠠᠵᠦ ᠠᠬᠤᠢ ᠮᠠᠭᠤᠳᠠᠬᠤ ᠲᠠᠷᠤᠭᠠᠰᠦ ᠶᠢᠨ ᠲᠤᠤᠷ᠎ᠠ᠂ | ᠦᠨᠡᠨ ᠢ ᠠᠳᠬᠤᠵᠦ ᠪᠤᠳᠠᠳᠠᠴᠢᠯᠠᠨ ᠠᠵᠢᠯᠯᠠᠬᠤ ᠪᠠᠷ ᠲᠤᠭᠳᠠᠪᠤᠷᠢᠳᠠᠢ ᠬᠦᠭᠵᠢᠯᠳᠠ ᠶᠢ ᠪᠠᠳᠤᠯᠠᠵᠦ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠲᠠᠶᠢᠯᠠᠯᠳᠤᠭᠠᠨ ᠲᠤᠮᠳᠠ ᠬᠦᠴᠦᠨ ᠴᠢᠳᠠᠯ ᠢᠶᠠᠨ | ᠬᠠᠷᠠᠮ ᠦᠭᠡᠢ ᠵᠤᠷᠢᠭᠤᠯᠤᠨ ᠬᠤᠪᠢ ᠨᠡᠮᠡᠷᠢ ᠡᠷᠬᠦᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠲᠤᠮᠳᠠ ᠬᠠᠳᠠᠭᠤᠵᠢᠯᠳᠠᠢ ᠴᠢᠷᠮᠠᠶᠢᠯᠭ᠎ᠠ ᠪᠠᠷ ᠢᠶᠠᠨ ᠰᠢᠨ᠎ᠡ ᠠᠮᠵᠢᠯᠳᠠ ᠶᠢ ᠪᠦᠳᠦᠬᠡᠭᠰᠡᠨ ᠪᠠᠶᠢᠨ᠎ᠠ᠃ ᠲᠤᠰ | ᠬᠤᠭᠤᠴᠠᠭᠠᠨ ᠤ ᠵᠠᠰᠠᠭ ᠤᠨ ᠤᠷᠳᠤᠨ ᠤ ᠤᠯᠤᠭᠰᠠᠨ ᠠᠮᠵᠢᠯᠳᠠ ᠪᠤᠯ ᠰᠢ ᠶᠢᠨ ᠫᠢᠩ ᠤᠨ ᠰᠢᠨ᠎ᠡ ᠴᠠᠭ ᠦᠶ᠎ᠠ | ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠰᠠᠨ ᠤ | ᠦᠷ᠎ᠡ ᠳ᠋ᠦᠩ᠂ ᠲᠡᠬᠡᠷ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ | ᠬᠤᠷᠢᠶᠠᠨ ᠤ ᠵᠦᠪ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠬᠡᠨ ᠤ ᠪᠦᠳᠦᠮᠵᠢᠳᠠᠢ ᠬᠢᠨᠠᠯᠳᠠ ᠪᠠ | ᠬᠦᠴᠦᠳᠠᠢ ᠲᠡᠮᠵᠢᠯᠬᠡ ᠶᠢᠨ ᠦᠷ᠎ᠡ ᠳ᠋ᠦᠩ᠂ ᠦᠩᠭᠡᠷᠡᠭᠰᠡᠨ ᠬᠤᠭᠤᠴᠠᠭᠠᠨ ᠤ ᠤᠳᠤᠷᠢᠳᠬᠤ ᠪᠠᠭ ᠵᠢᠴᠢ ᠲᠡᠬᠦᠨ ᠤ | ᠬᠡᠰᠢᠬᠦᠨ ᠰᠠᠯᠠᠭ᠎ᠠ ᠮᠦᠴᠢᠷ ᠤᠨ ᠦᠨᠡᠨ ᠠᠴᠠ ᠡᠷᠢᠨ ᠪᠤᠳᠠᠳᠠᠶᠢᠴᠢᠯᠠᠨ ᠠᠵᠢᠯᠯᠠᠵᠦ᠂ ᠰᠢᠭᠤᠷᠬᠠᠢ ᠲᠡᠮᠡᠴᠡᠨ | ᠠᠵᠢᠯᠯᠠᠭᠰᠠᠨ ᠤ ᠦᠷ᠎ᠡ ᠳ᠋ᠦᠩ᠂ ᠨᠡᠩ ᠴᠤ ᠪᠦᠬᠦ ᠬᠤᠰᠢᠭᠤᠨ ᠤ ᠦᠷᠬᠡᠨ ᠤᠯᠠᠨ ᠺᠠᠳ᠋ᠷ ᠤᠯᠠᠨ ᠲᠦᠮᠡᠨ ᠤ | ᠪᠦᠯᠬᠦᠮᠳᠡᠨ ᠴᠢᠷᠮᠠᠶᠢᠵᠦ ᠠᠵᠢᠯᠯᠠᠭᠰᠠᠨ ᠤ ᠦᠷ᠎ᠡ ᠳ᠋ᠦᠩ᠂ ᠮᠦᠨ ᠴᠤ ᠡᠯ᠎ᠡ ᠲᠦᠯᠦᠬᠡᠯᠡᠭᠴᠢᠳ ᠤᠨ ᠬᠦᠴᠦ | ᠬᠦᠯᠦᠰᠦ ᠴᠢᠷᠮᠠᠶᠢᠯᠭ᠎ᠠ ᠲᠡᠮᠵᠢᠯᠬᠡ ᠶᠢ ᠬᠠᠷᠠᠭᠤᠯᠵᠦ ᠪᠤᠢ᠃ ᠠᠳᠠ ᠪᠢ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠢ ᠲᠦᠯᠦᠬᠡᠯᠡᠨ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠠ ᠳᠤ | ᠰᠢᠷᠭᠠᠭᠤ ᠴᠢᠷᠮᠠᠶᠢᠯᠭ᠎ᠠ ᠭᠠᠷᠭᠠᠵᠦ ᠬᠤᠪᠢ ᠨᠡᠮᠡᠷᠢ ᠡᠷᠬᠦᠭᠰᠡᠨ ᠡᠯ᠎ᠡ ᠱᠠᠳᠤᠨ ᠤ ᠤᠳᠤᠷᠢᠳᠤᠯᠭ᠎ᠠ᠂ ᠡᠯ᠎ᠡ ᠨᠦᠬᠦᠳ᠂ | ᠡᠯ᠎ᠡ ᠡᠳᠡᠬᠡᠳ ᠤᠨ ᠬᠢᠨ ᠳᠤ ᠡᠷᠬᠢᠮ ᠲᠡᠬᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠲᠡᠪᠰᠢᠬᠦᠯᠦᠶ᠎ᠠ︕ | ᠤᠯᠤᠭᠰᠠᠨ ᠠᠮᠵᠢᠯᠳᠠ ᠪᠠᠨ ᠳ᠋ᠦᠩᠨᠡᠬᠦ ᠶᠢᠨ ᠬᠠᠮᠳᠦ᠂ ᠪᠢᠳᠠᠨ ᠤ ᠠᠵᠢᠯ ᠨᠢ ᠲᠡᠬᠡᠷ᠎ᠡ ᠱᠠᠳᠤᠨ ᠤ ᠱᠠᠭᠠᠷᠳᠠᠯᠭ᠎ᠠ ᠪᠠ | ᠤᠯᠠᠨ ᠲᠦᠮᠡᠨ ᠤ ᠬᠦᠰᠡᠯ ᠡᠷᠡᠮᠡᠯᠵᠡᠯ ᠯᠦᠭᠡ ᠵᠤᠬᠢᠬᠤ ᠬᠡᠮᠵᠢᠶᠠᠨ ᠤ ᠵᠦᠷᠢᠶ᠎ᠠ ᠤᠷᠤᠰᠢᠵᠦ᠂ ᠮᠠᠨ ᠤ ᠬᠤᠰᠢᠭᠤᠨ ᠤ | ᠠᠵᠦ ᠠᠬᠤᠢ ᠶᠢᠨ ᠬᠦᠭᠵᠢᠯᠳᠠ ᠳᠤ ᠮᠦᠨ ᠬᠦ ᠪᠠᠭ᠎ᠠ ᠪᠤᠰᠦ ᠬᠦᠴᠢᠷᠳᠠᠯ ᠪᠠ ᠠᠰᠠᠭᠤᠳᠠᠯ ᠤᠷᠤᠰᠢᠵᠦ ᠪᠠᠶᠢᠬᠤ︔ | ᠠᠵᠦ ᠦᠢᠯᠡᠰ ᠤᠨ ᠬᠦᠭᠵᠢᠯᠳᠠ ᠶᠢᠨ ᠪᠦᠬᠦᠯᠢ ᠴᠤᠭᠴᠠᠳᠦ ᠬᠢᠷᠢ ᠲᠦᠪᠰᠢᠨ ᠦᠨᠳᠦᠷ ᠪᠤᠰᠦ︔ ᠠᠵᠦ ᠠᠬᠤᠢ ᠶᠢᠨ | ᠶᠡᠷᠦᠩᠭᠡᠢ ᠬᠡᠮᠵᠢᠶ᠎ᠠ ᠪᠠᠭ᠎ᠠ︔ ᠨᠢᠬᠡᠳᠦᠬᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ ᠬᠠᠮ ᠬᠦᠭᠵᠢᠯᠳᠠ | ᠳᠤ ᠮᠦᠨ ᠯᠠ ᠲᠤᠳᠠᠭᠤᠳᠠᠯ ᠲᠠᠢ︔ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠡᠬᠦᠷᠬᠡ ᠬᠦᠨᠳᠦ ᠪᠡᠷᠬᠡ | ︔ ᠤᠳᠤᠬᠢᠴᠢᠯᠠᠭᠰᠠᠨ ᠮᠠᠯ ᠲᠠᠷᠢᠶᠠᠯᠠᠩ ᠤᠨ ᠡᠵᠡᠩᠨᠡᠯᠳᠠ ᠶᠢᠨ ᠰᠢᠰᠲ᠋ᠧᠮ ᠪᠦᠷᠢᠨ ᠲᠡᠬᠦᠯᠳᠡᠷ ᠪᠤᠰᠦ︔ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠨᠠᠷᠡᠳᠦ ᠲᠡᠮᠳᠡᠭ ᠢ ᠪᠠᠶᠢᠭᠤᠯᠬᠤ ᠤᠬᠠᠮᠰᠠᠷ ᠲᠤᠤᠷ᠎ᠠ︔ ᠤᠯᠠᠨ ᠨᠠᠶᠢᠳᠠ ᠶᠢᠨ | ᠦᠢᠯᠡᠴᠢᠯᠡᠬᠡᠨ ᠤ ᠪᠠᠳᠤᠯᠠᠭ᠎ᠠ ᠶᠢᠨ ᠬᠢᠷᠢ ᠲᠦᠪᠰᠢᠨ ᠪᠤᠯᠤᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠯᠤᠭ᠎ᠠ | ᠵᠦᠷᠢᠶ᠎ᠠ ᠲᠠᠢ ᠪᠠᠶᠢᠬᠤ︔ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠬᠦᠷᠬᠡ ᠮᠦᠨ ᠬᠦ ᠬᠦᠨᠳᠦ ᠪᠠᠶᠢᠭᠰᠠᠭᠠᠷ︔ | ᠡᠬᠢ ᠰᠤᠷᠪᠤᠯᠵᠢ ᠶᠢᠨ ᠬᠢᠵᠠᠭᠠᠷᠯᠠᠯ ᠲᠤᠪᠤᠶᠢᠬᠤ ᠪᠠᠶᠢᠳᠠᠯ ᠲᠤᠤᠷ᠎ᠠ᠂ ᠪᠦᠬᠦ ᠠᠷᠠᠳ ᠤᠨ ᠤᠰᠦ ᠠᠷᠪᠢᠯᠠᠬᠤ ᠤᠬᠠᠮᠰᠠᠷ | ᠪᠠ ᠲᠤᠭᠳᠠᠴᠠ ᠦᠨᠡᠨᠬᠦ ᠪᠦᠷᠢᠳᠦᠬᠡᠳᠦᠢ ᠵᠡᠷᠬᠡ ᠠᠰᠠᠭᠤᠳᠠᠯ ᠤᠳ ᠢ ᠰᠡᠷᠬᠡᠭ ᠢᠶᠠᠷ ᠲᠠᠨᠢᠵᠦ ᠤᠯᠤᠯ᠎ᠠ᠃ ᠡᠬᠦᠨ ᠳᠤ | ᠪᠢᠳᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠲᠡᠬᠡᠳᠦ ᠬᠡᠮᠵᠢᠶᠠᠨ ᠤ ᠬᠠᠷᠢᠭᠤᠴᠠᠯᠭᠠᠳᠦ | ᠤᠪᠤᠷ ᠪᠠ ᠰᠢᠨᠵᠢᠯᠡᠬᠦ ᠤᠬᠠᠭᠠᠨᠴᠢ ᠬᠦᠴᠦᠳᠠᠢ ᠠᠷᠭ᠎ᠠ ᠬᠡᠮᠵᠢᠶ᠎ᠠ ᠪᠠᠷ ᠦᠨᠡᠨᠬᠦ ᠰᠢᠢᠳᠪᠦᠷᠢᠯᠡᠬᠦ ᠬᠡᠷᠡᠭᠳᠠᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠶᠡᠷᠦᠩᠭᠡᠢ ᠬᠠᠷᠠᠯᠳᠠ ᠪᠠ ᠠᠵᠢᠯ ᠤᠨ ᠭᠤᠤᠯᠳᠠᠯᠭ᠎ᠠ | ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠪᠡᠳ ᠬᠤᠰᠢᠭᠤᠨ ᠤ ᠠᠷᠪᠠᠨ ᠲᠦᠷᠪᠡᠳᠦᠬᠡᠷ ᠤᠳᠠᠭᠠᠨ ᠤ | ᠲᠦᠯᠦᠬᠡᠯᠡᠭᠴᠢᠳ ᠤᠨ ᠬᠤᠷᠠᠯ ᠤᠨ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢᠨ ᠶᠤᠰᠤᠭᠠᠷ᠂ ᠰᠢᠨ᠎ᠡ ᠡᠷᠡᠨ ᠤ | ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠰᠡᠳᠬᠢᠴᠠ᠄ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ | ᠵᠢᠷᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ | ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠ | ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠠᠬᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ | ᠬᠦᠭᠵᠢᠯᠳᠠ ᠶᠢᠨ ᠱᠠᠳᠤᠨ ᠳᠤ ᠪᠠᠶᠢᠷᠢᠯᠠᠨ᠂ ᠰᠢᠨ᠎ᠡ ᠬᠦᠭᠵᠢᠯᠳᠠ ᠶᠢᠨ ᠤᠶᠢᠯᠠᠭᠠᠭᠳᠠᠬᠤᠨ ᠢ ᠲᠤᠭᠤᠰᠢᠯᠠᠭᠤᠯᠵᠦ᠂ | ᠰᠢᠨ᠎ᠡ ᠬᠦᠭᠵᠢᠯᠳᠠ ᠶᠢᠨ ᠪᠦᠳᠦᠴᠡ ᠳᠤ ᠠᠭᠤᠰᠤᠯᠴᠠᠨ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠬᠠᠷᠠᠯᠳᠠ ᠪᠠᠨ ᠪᠤᠯᠭᠠᠵᠦ᠂ ᠠᠮᠢ | ᠠᠬᠤᠢ ᠶᠢ ᠲᠡᠷᠢᠬᠦᠨ ᠪᠠᠶᠢᠷᠢᠨ ᠳᠤ ᠲᠠᠯᠪᠢᠵᠦ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ | ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠦ᠂ ︽ᠦᠨᠳᠦᠰᠦᠳᠡᠨ ᠨᠦᠭᠦᠳ | ᠪᠦᠯᠬᠦᠮᠳᠡᠯ ᠲᠠᠢ᠂ ᠠᠮᠢ ᠠᠬᠤᠢ ᠶᠢᠨ ᠪᠤᠯᠪᠠᠰᠤᠨ᠂ ᠪᠠᠶᠢᠭᠠᠯᠢᠯᠢᠭ ᠰᠢᠨ᠎ᠡ ᠡᠬᠦᠳᠦᠯᠳᠠ ᠲᠠᠢ᠂ ᠠᠮᠤᠭᠤᠯᠠᠩ | ᠲᠤᠭᠳᠠᠭᠤᠨ᠂ ᠡᠶ᠎ᠡ ᠵᠤᠬᠢᠴᠠᠩᠭᠤᠢ ᠠᠵᠠ ᠵᠢᠷᠭᠠᠯᠳᠠᠢ᠂ ᠲᠦᠪ ᠰᠢᠯᠤᠭᠤᠨ︾ ᠴᠤ᠋ ᠰᠢᠨ᠎ᠡ ᠲᠦᠷᠪᠡᠳ ᠢ ᠪᠠᠶᠢᠭᠤᠯᠤᠨ | ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠲᠦᠷᠪᠡᠳ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ | ᠬᠠᠭᠤᠳᠠᠰᠦ ᠶᠢ ᠪᠢᠴᠢᠭᠯᠡᠨ᠎ᠡ᠃ | ᠭᠤᠤᠯ ᠲᠡᠮᠡᠴᠡᠬᠦ ᠬᠠᠷᠠᠯᠳᠠ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ ᠵᠢᠯ ᠳᠤ ᠲᠤᠮᠳᠠᠴᠢ | ᠪᠠᠷ 7% ᠤᠷᠴᠢᠮ ᠨᠡᠮᠡᠭᠳᠡᠬᠦᠯᠵᠦ᠂ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢ ᠵᠢᠯ ᠳᠤ | ᠲᠤᠮᠳᠠᠴᠢ ᠪᠠᠷ 5% ᠤᠷᠴᠢᠮ ᠨᠡᠮᠡᠭᠳᠡᠬᠦᠯᠦᠨ᠂ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ ᠵᠢᠯ ᠳᠤ | ᠲᠤᠮᠳᠠᠴᠢ ᠪᠠᠷ 16% ᠤᠷᠴᠢᠮ ᠨᠡᠮᠡᠭᠳᠡᠬᠦᠯᠵᠦ᠂ ᠬᠡᠪᠴᠢᠶᠠᠵᠢᠯ ᠠᠴᠠ ᠲᠡᠬᠡᠭᠰᠢᠬᠢ ᠠᠵᠦ ᠦᠢᠯᠡᠳᠪᠦᠷᠢ ᠶᠢᠨ | ᠨᠡᠮᠡᠭᠳᠡᠯ ᠦᠷᠳᠡᠭ ᠢ ᠵᠢᠯ ᠳᠤ ᠲᠤᠮᠳᠠᠴᠢ ᠪᠠᠷ 6% ᠤᠷᠴᠢᠮ ᠨᠡᠮᠡᠭᠳᠡᠬᠦᠯᠦᠨ᠂ ᠨᠡᠶᠢᠬᠡᠮ ᠤᠨ ᠬᠡᠷᠡᠭᠯᠡᠬᠡᠨ ᠤ ᠪᠤᠳᠠᠰ | ᠤᠨ ᠵᠢᠵᠢᠭᠯᠡᠨ ᠪᠤᠷᠤᠭᠤᠯᠤᠯᠳᠠ ᠶᠢᠨ ᠶᠡᠷᠦᠩᠭᠡᠢ ᠦᠷᠳᠡᠭ ᠢ ᠵᠢᠯ ᠳᠤ ᠲᠤᠮᠳᠠᠴᠢ ᠪᠠᠷ 6.3% ᠤᠷᠴᠢᠮ | ᠨᠡᠮᠡᠭᠳᠡᠬᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠪᠤᠯᠤᠨ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ | ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ ᠵᠢᠯ ᠳᠤ ᠲᠤᠮᠳᠠᠴᠢ ᠪᠠᠷ ᠲᠤᠰᠪᠤᠷᠢ 6% ᠪᠠ 8.7% ᠤᠷᠴᠢᠮ | ᠨᠡᠮᠡᠭᠳᠡᠬᠦᠯᠦᠨ᠂ ᠡᠨᠧᠷᠬᠢ ᠬᠤᠷᠤᠭᠳᠠᠭᠤᠯᠬᠤ ᠬᠡᠮᠵᠢᠶ᠎ᠠ ᠶᠢ ᠲᠤᠭᠳᠠᠭᠠᠭᠰᠠᠨ ᠬᠠᠷᠠᠯᠳᠠ ᠶᠢᠨ ᠲᠤᠳᠤᠷ᠎ᠠ ᠪᠠᠶᠢᠯᠭᠠᠨ᠎ᠠ᠃ | ᠲᠡᠬᠡᠷ᠎ᠡ ᠶᠠᠷᠢᠭᠰᠠᠨ ᠬᠠᠷᠠᠯᠳᠠ ᠶᠢᠨ ᠲᠤᠭᠤᠷᠢᠨ ᠳᠤ᠂ ᠢᠷᠡᠬᠦ ᠲᠠᠪᠤᠨ ᠵᠢᠯ ᠳᠤ ᠪᠢᠳᠠ ᠲᠤᠤᠷᠠᠬᠢ ᠵᠢᠷᠭᠤᠭᠠᠨ ᠲᠠᠯ᠎ᠠ | ᠶᠢᠨ ᠠᠵᠢᠯ ᠢ ᠭᠤᠤᠯᠳᠠᠯᠭ᠎ᠠ ᠲᠠᠢ ᠬᠢᠨ᠎ᠡ᠄ | ︵ᠨᠢᠬᠡ︶ ᠪᠤᠬᠢᠷᠳᠤᠯ ᠦᠭᠡᠢ ᠬᠦᠭᠵᠢᠯᠳᠠ ᠶᠢᠨ ᠵᠠᠮ ᠢ ᠪᠠᠷᠢᠮᠳᠠᠯᠠᠵᠦ᠂ ᠦᠵᠡᠰᠬᠦᠯᠠᠩᠳᠦ ᠰᠠᠶᠢᠬᠠᠨ ᠠᠮᠢ ᠠᠬᠤᠢ | ᠶᠢᠨ ᠭᠤᠶᠢᠳᠠ ᠵᠢᠷᠤᠭ ᠢ ᠵᠢᠷᠤᠭᠯᠠᠨ᠎ᠠ᠃ | ︽ᠬᠦᠬᠡ ᠠᠭᠤᠯᠠ ᠬᠦᠬᠡᠮᠳᠦᠭ ᠤᠰᠦ ᠪᠤᠯ ᠲᠠᠷᠤᠢ ᠠᠯᠳᠠ ᠮᠦᠩᠭᠦᠨ ᠠᠭᠤᠯᠠ︾ ᠬᠡᠬᠦ ᠤᠶᠢᠯᠠᠭᠠᠭᠳᠠᠬᠤᠨ ᠢ | ᠪᠠᠷᠢᠮᠳᠠᠯᠠᠨ᠂ ︽ᠠᠮᠢ ᠠᠬᠤᠢ ᠶᠢᠨ ᠪᠤᠯᠪᠠᠰᠤᠨ︾ ᠲᠦᠷᠪᠡᠳ ᠢ ᠪᠦᠳᠦᠬᠡᠨ ᠪᠠᠶᠢᠭᠤᠯᠬᠤ ᠲᠠᠢ ᠨᠢᠭᠳᠠ | ᠤᠶᠠᠯᠳᠤᠭᠤᠯᠵᠦ᠂ ᠠᠭᠤᠯᠠ ᠤᠰᠦ ᠤᠢ ᠰᠢᠭᠤᠢ ᠲᠠᠷᠢᠶᠠᠨ ᠭᠠᠵᠠᠷ ᠭᠤᠤᠯ ᠮᠦᠷᠡᠨ ᠡᠪᠡᠰᠦ ᠪᠡᠯᠴᠢᠬᠡᠷ ᠬᠦᠷᠦᠰᠦ | ᠰᠢᠷᠤᠢ ᠶᠢᠨ ᠰᠢᠰᠲ᠋ᠧᠮ ᠤᠨ ᠵᠠᠰᠠᠯᠳᠠ ᠶᠢ ᠨᠢᠬᠡᠳᠦᠯᠳᠠᠢ ᠲᠦᠯᠦᠪᠵᠢᠬᠦᠯᠦᠨ᠂ ᠬᠦᠬᠡ ᠲᠡᠭᠷᠢ ᠬᠦᠬᠡᠮᠳᠦᠭ ᠤᠰᠦ | ᠬᠦᠷᠦᠰᠦ ᠰᠢᠷᠤᠢ ᠪᠠᠨ ᠬᠠᠮᠠᠭᠠᠯᠠᠬᠤ ᠲᠠᠶᠢᠯᠠᠯᠳᠤᠭᠠᠨ ᠢ ᠰᠠᠶᠢᠳᠦᠷ ᠬᠢᠵᠦ᠂ ᠦᠪᠡᠷᠳᠡᠬᠡᠨ ᠵᠠᠰᠠᠬᠤ ᠤᠷᠤᠨ ᠤ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠦᠯᠠᠴᠠ ᠪᠠᠨ ᠨᠡᠮᠡᠭᠳᠡᠬᠦᠯᠦᠨ᠎ᠡ᠃ ᠠᠭᠠᠷ ᠮᠠᠨᠳᠠᠯ ᠤᠨ | ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ ᠦᠷᠬᠦᠯᠵᠢᠯᠡᠨ ᠠᠬᠢᠭᠤᠯᠵᠦ᠂ ᠴᠠᠪᠠᠷ ᠡᠨᠧᠷᠬᠢ ᠪᠠᠷ ᠤᠷᠤᠯᠠᠭᠤᠯᠬᠤ | ᠢᠨᠵᠧᠨᠧᠷᠢᠩ ᠢ ᠢᠳᠠᠪᠬᠢᠳᠠᠢ ᠲᠡᠯᠬᠡᠷᠡᠬᠦᠯᠵᠦ᠂ ᠬᠤᠳᠠ ᠪᠠᠯᠭᠠᠰᠤᠨ ᠤ ᠤᠶᠢᠷ᠎ᠠ ᠬᠠᠪᠢ ᠳᠠᠬᠢ ᠪᠤᠷᠦ ᠨᠡᠬᠦᠷᠡᠰᠦ | ᠰᠢᠳᠠᠭᠠᠬᠤ ᠶᠢ ᠴᠡᠭᠴᠡᠯᠡᠨ ᠵᠠᠰᠠᠬᠤ ᠬᠦᠴᠦᠯᠡᠴᠠ ᠪᠠᠨ ᠨᠡᠮᠡᠭᠳᠡᠬᠦᠯᠦᠨ᠂ ︽ᠨᠡᠬᠦᠷᠡᠰᠦ ᠶᠢ ᠬᠡᠢ ᠪᠠᠷ ᠤᠷᠤᠯᠠᠭᠤᠯᠬᠤ︾ | ᠂ ︽ᠨᠡᠬᠦᠷᠡᠰᠦ ᠶᠢ ᠴᠠᠬᠢᠯᠭᠠᠨ ᠢᠶᠠᠷ ᠤᠷᠤᠯᠠᠭᠤᠯᠬᠤ︾ ᠵᠡᠷᠬᠡ ᠴᠡᠪᠠᠷ ᠡᠨᠧᠷᠬᠢ ᠪᠠᠷ ᠤᠷᠤᠯᠠᠭᠤᠯᠬᠤ ᠶᠢ ᠶᠡᠬᠡᠪᠡᠷ | ᠠᠬᠢᠭᠤᠯᠤᠨ᠎ᠠ᠃ ᠨᠡᠬᠦᠷᠡᠰᠦ ᠰᠢᠳᠠᠭᠠᠬᠤ ᠵᠤᠤᠬ᠎ᠠ ᠶᠢ ᠴᠡᠭᠴᠡᠯᠡᠨ ᠵᠠᠰᠠᠬᠤ ᠠᠵᠢᠯ ᠢ ᠬᠦᠨᠵᠡᠬᠡᠢ ᠦᠷᠨᠢᠬᠦᠯᠦᠨ᠂ 35 | ᠲᠤᠨ ᠠᠴᠠ ᠲᠤᠷᠤᠭᠰᠢᠬᠢ ᠪᠠᠭ᠎ᠠ ᠬᠡᠯᠪᠡᠷᠢ ᠶᠢᠨ ᠢᠯᠴᠢ ᠬᠠᠩᠭᠠᠬᠤ ᠵᠤᠤᠬ᠎ᠠ ᠶᠢ ᠬᠠᠰᠤᠵᠦ᠂ ᠢᠯᠴᠢ ᠴᠠᠬᠢᠯᠭᠠᠨ ᠢ | ᠲᠦᠪᠯᠡᠷᠡᠬᠦᠯᠦᠨ ᠭᠠᠷᠭᠠᠵᠦ ᠢᠯᠴᠢ ᠬᠠᠩᠭᠠᠬᠤ ᠶᠢ ᠰᠦᠪᠡᠭᠴᠢᠯᠡᠨ ᠠᠬᠢᠭᠤᠯᠤᠨ᠎ᠠ᠃ ᠲᠠᠷᠢᠶᠠᠯᠠᠩ ᠤᠨ ᠲᠠᠯ᠎ᠠ ᠶᠢᠨ | ᠪᠤᠬᠢᠷᠳᠤᠯ ᠢ ᠰᠡᠷᠬᠡᠶᠢᠯᠡᠨ ᠵᠠᠰᠠᠬᠤ ᠪᠠᠨ ᠡᠷᠴᠢᠮᠵᠢᠬᠦᠯᠦᠨ᠂ ᠪᠠᠷᠢᠯᠭ᠎ᠠ ᠪᠠ ᠠᠭᠤᠷᠬᠠᠢ ᠶᠢᠨ ᠦᠢᠯᠡᠰ ᠵᠡᠷᠬᠡ ᠬᠦᠷᠢᠶ᠎ᠠ | ᠬᠡᠪᠴᠢᠶᠠᠨ ᠳᠠᠬᠢ ᠲᠤᠭᠤᠰᠦ ᠰᠢᠷᠤᠢ ᠲᠡᠭᠳᠡᠬᠦ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠦ᠂ ᠨᠡᠬᠦᠷᠡᠰᠦ | ᠪᠤᠷᠤᠯᠠᠭᠤᠯᠬᠤ ᠵᠢᠴᠢ ᠬᠠᠳᠠᠭᠠᠯᠠᠬᠤ ᠲᠠᠯᠠᠪᠤᠷ ᠢ ᠲᠤᠰᠬᠠᠶᠢᠯᠠᠨ ᠴᠡᠭᠴᠡᠯᠡᠨ ᠵᠠᠰᠠᠬᠤ ᠶᠢ ᠠᠬᠢᠭᠤᠯᠤᠨ᠎ᠠ᠃ 2026 | ᠤᠨ ᠪᠤᠯᠬᠤ ᠳᠤ᠂ ᠪᠦᠬᠦ ᠬᠤᠰᠢᠭᠤᠨ ᠤ ᠴᠡᠯᠮᠡᠭ ᠡᠳᠦᠷ ᠤᠨ ᠲᠤᠭᠠᠨ ᠤ ᠬᠠᠷᠢᠴᠠᠯ ᠢ 95% ᠠᠴᠠ ᠲᠡᠬᠡᠭᠰᠢ | ᠪᠠᠶᠢᠯᠭᠠᠬᠤ ᠶᠢ ᠪᠠᠷᠢᠮᠳᠠᠯᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠴᠢᠩᠳᠠᠯᠠᠨ᠎ᠠ᠃ | ᠤᠰᠤᠨ ᠤ ᠡᠬᠢ ᠪᠠᠶᠠᠯᠢᠭ ᠤᠨ ᠬᠤᠷᠤᠭᠳᠠᠯ ᠢ ᠡᠷᠬᠡᠪᠰᠢ ᠴᠢᠩᠭ᠎ᠠ ᠬᠢᠵᠠᠭᠠᠷᠯᠠᠬᠤ ᠶᠢ ᠪᠠᠷᠢᠮᠳᠠᠯᠠᠨ᠂ ᠤᠰᠤᠨ ᠤ | ᠬᠡᠮᠵᠢᠶ᠎ᠠ ᠪᠠᠷ ᠶᠠᠪᠤᠳᠠᠯ ᠬᠢᠵᠦ᠂ ᠤᠰᠤᠨ ᠤ ᠡᠬᠢ ᠪᠠᠶᠠᠯᠢᠭ ᠢ ᠰᠢᠯᠢᠳᠡᠭᠵᠢᠬᠦᠯᠦᠨ ᠲᠤᠬᠢᠷᠠᠭᠤᠯᠬᠤ ᠪᠠ ᠪᠦᠳᠦᠮᠵᠢᠳᠠᠢ | ᠠᠰᠢᠭᠯᠠᠬᠤ ᠶᠢ ᠲᠠᠰᠤᠷᠠᠯᠳᠠ ᠦᠭᠡᠢ ᠠᠬᠢᠭᠤᠯᠤᠨ᠂ ᠪᠦᠬᠦ ᠨᠡᠶᠢᠬᠡᠮ ᠢᠶᠠᠷ ᠢᠶᠠᠨ ᠤᠰᠦ ᠠᠷᠪᠢᠯᠠᠬᠤ ᠬᠦᠳᠡᠯᠬᠡᠬᠡᠨ | ᠦᠷᠨᠢᠬᠦᠯᠦᠨ᠎ᠡ᠃ ︽ᠭᠤᠤᠯ ᠮᠦᠷᠡᠨ ᠤ ᠲᠠᠷᠤᠭ᠎ᠠ︾ ᠶᠢᠨ ᠲᠦᠷᠢᠮ ᠢ ᠬᠦᠵᠡᠬᠡᠢ ᠨᠠᠶᠢᠳᠠᠪᠤᠷᠢᠵᠢᠭᠤᠯᠵᠦ᠂ ᠲᠤᠮᠳᠠ | ᠪᠠᠭ᠎ᠠ ᠰᠡᠪᠠ ᠭᠠᠵᠠᠷ ᠤᠨ ᠵᠠᠰᠠᠯᠳᠠ ᠶᠢᠨ ᠢᠨᠵᠧᠨᠧᠷᠢᠩ ᠢ ᠬᠡᠷᠡᠭᠵᠢᠬᠦᠯᠦᠨ᠂ ᠭᠤᠤᠯ ᠮᠦᠷᠡᠨ ᠤ ᠤᠷᠴᠢᠨ ᠠᠬᠤᠢ ᠶᠢ | ᠰᠠᠶᠢᠵᠢᠷᠠᠭᠤᠯᠤᠨ᠎ᠠ᠃ ᠬᠤᠩᠭᠤᠷ ᠤᠰᠤᠨ ᠴᠦᠬᠦᠷᠦᠮ ᠢ ᠲᠦᠷᠬᠡᠳᠬᠡᠨ ᠪᠠᠶᠢᠭᠤᠯᠵᠦ᠂ ︽ᠬᠤᠩᠭᠤᠷ ᠤᠨ ᠤᠰᠦ ᠶᠢ | ᠤᠯᠠᠭᠠᠨᠬᠤᠸᠠ ᠳᠤ ᠲᠠᠳᠠᠬᠤ︾ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠪᠤᠷᠤᠭᠠᠨ ᠤ ᠤᠰᠤᠨ ᠳᠠᠬᠢ | ᠪᠤᠬᠢᠷᠳᠤᠯ ᠢ ᠢᠯᠭᠠᠷᠠᠭᠤᠯᠬᠤ᠂ ᠬᠤᠷ᠎ᠠ ᠲᠤᠨᠳᠠᠰᠦ ᠶᠢ ᠬᠤᠷᠢᠶᠠᠨ ᠴᠤᠭᠯᠠᠭᠤᠯᠬᠤ ᠢᠨᠵᠧᠨᠧᠷᠢᠩ ᠢ ᠲᠦᠷᠬᠡᠳᠬᠡᠨ | ᠬᠡᠷᠡᠭᠵᠢᠬᠦᠯᠵᠦ᠂ ᠴᠡᠪᠡᠷᠵᠢᠬᠦᠯᠦᠭᠰᠡᠨ ᠤᠰᠦ ᠶᠢ ᠲᠠᠬᠢᠨ ᠬᠡᠷᠡᠭᠯᠡᠬᠦ ᠰᠠᠭᠤᠷᠢ ᠲᠦᠬᠦᠬᠡᠷᠦᠮᠵᠢ ᠶᠢ ᠪᠦᠳᠦᠬᠡᠨ | ᠪᠠᠶᠢᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠤᠰᠤᠨ ᠤ ᠡᠬᠢ ᠪᠠᠶᠠᠯᠢᠭ ᠢ ᠡᠷᠬᠢᠯᠳᠦᠬᠦᠯᠦᠨ ᠠᠰᠢᠭᠯᠠᠬᠤ ᠨᠤᠷᠮ᠎ᠠ | ᠶᠢ ᠲᠡᠬᠡᠭᠰᠢᠯᠡᠬᠦᠯᠦᠨ᠎ᠡ᠃ ᠭᠠᠵᠠᠷ ᠲᠤᠤᠷᠠᠬᠢ ᠤᠰᠦ ᠶᠢ ᠲᠠᠳᠠᠨ ᠬᠡᠷᠡᠭᠯᠡᠬᠦ ᠲᠤᠬᠠᠢ ︽ᠬᠤᠤᠰ ᠬᠢᠵᠠᠭᠠᠷᠯᠠᠬᠤ︾ | ᠲᠦᠷᠢᠮ ᠢ ᠴᠢᠩᠭᠠᠳᠬᠠᠨ᠂ ᠤᠰᠦ ᠬᠡᠷᠡᠭᠯᠡᠬᠦ ᠵᠦᠪᠰᠢᠶᠡᠷᠡᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠎ᠠ᠃ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠭᠡᠢ ᠦᠬᠡᠷᠡᠴᠢᠯᠡᠯᠳᠠ ᠶᠢ ᠬᠦᠨᠵᠡᠬᠡᠶᠢᠷᠡᠬᠦᠯᠦᠨ᠂ ᠤᠰᠤᠨ | ᠤ ᠲᠡᠭᠳᠡᠷᠯᠢᠭ ᠦᠨ᠎ᠡ ᠶᠢᠨ ᠲᠦᠷᠢᠮ ᠢ ᠬᠡᠷᠡᠭᠵᠢᠬᠦᠯᠵᠦ᠂ ᠲᠠᠷᠢᠶᠠᠯᠠᠩ ᠤᠨ ᠲᠤᠰᠤᠯᠭᠠᠨ ᠤᠰᠤᠯᠠᠬᠤ ᠳᠤ ᠬᠡᠷᠡᠭᠯᠡᠬᠦ | ᠤᠰᠤᠨ ᠤ ᠶᠡᠷᠦᠩᠭᠡᠢ ᠬᠡᠮᠵᠢᠶ᠎ᠠ ᠶᠢ ᠴᠢᠩᠭ᠎ᠠ ᠬᠢᠵᠠᠭᠠᠷᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ | ᠪᠠᠶᠢᠭᠤᠯᠬᠤ᠂ ᠬᠠᠮᠠᠭᠠᠯᠠᠬᠤ ᠪᠠ ᠬᠢᠨᠠᠨ ᠬᠠᠮᠢᠶᠠᠷᠬᠤ ᠬᠦᠴᠦᠯᠠᠴᠠ ᠪᠠᠨ ᠨᠡᠮᠡᠭᠳᠡᠬᠦᠯᠵᠦ᠂ ᠤᠰᠦ ᠬᠠᠩᠭᠠᠬᠤ ᠤᠰᠦ | ᠤᠤᠭᠤᠬᠤ ᠲᠠᠯ᠎ᠠ ᠶᠢᠨ ᠠᠮᠤᠷ ᠲᠦᠪᠰᠢᠨ ᠢ ᠪᠠᠳᠤᠯᠠᠨ᠎ᠠ᠃ ᠨᠤᠳᠤᠭ ᠪᠡᠯᠴᠢᠬᠡᠷ ᠠᠮᠢ ᠠᠬᠤᠢ ᠶᠢᠨ ᠬᠠᠮᠠᠭᠠᠯᠠᠯᠳᠠ ᠶᠢ | ᠴᠢᠩᠭᠠᠳᠬᠠᠨ᠎ᠠ᠃ ᠤᠢ ᠰᠢᠭᠤᠢ᠂ ᠨᠤᠳᠤᠭ ᠪᠡᠯᠴᠢᠬᠡᠷ ᠤᠨ ᠠᠮᠢ ᠠᠬᠤᠢ ᠶᠢ ᠰᠡᠷᠬᠦᠬᠡᠨ ᠬᠠᠮᠠᠭᠠᠯᠠᠬᠤ ᠢᠨᠵᠧᠨᠧᠷᠢᠩ | ᠢ ᠬᠦᠨᠵᠡᠬᠡᠢ ᠦᠷᠨᠢᠬᠦᠯᠦᠨ᠂ ᠭᠤᠷᠪᠠᠳᠤᠭᠠᠷ ᠡᠬᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ | ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠪᠠᠯᠴᠢᠬᠡᠷᠯᠡᠬᠦᠯᠬᠦ ᠶᠢ | ᠴᠠᠭᠠᠵᠠᠯᠠᠬᠤ ᠪᠠ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠳᠤᠭ | ᠪᠡᠯᠴᠢᠬᠡᠷ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠬᠢᠵᠢᠬᠦᠯᠦᠨ᠎ᠡ᠃ ᠠᠭᠤᠷᠬᠠᠢ ᠶᠢᠨ ᠭᠠᠵᠠᠷ | ᠰᠢᠨᠵᠢᠯᠡᠬᠡᠨ ᠤ ᠤᠷᠴᠢᠨ ᠲᠤᠭᠤᠷᠢᠨ ᠤ ᠬᠠᠮᠠᠭᠠᠯᠠᠯᠳᠠ ᠪᠠ ᠰᠡᠷᠬᠦᠬᠡᠨ ᠵᠠᠰᠠᠯᠳᠠ ᠶᠢ ᠴᠢᠩᠭᠠᠳᠬᠠᠵᠦ᠂ ᠪᠠᠶᠢᠭᠠᠯᠢᠯᠢᠭ | ᠠᠭᠤᠷᠬᠠᠢ ᠶᠢ ᠴᠤᠭᠴᠠᠯᠠᠨ ᠪᠠᠶᠢᠭᠤᠯᠤᠨ᠎ᠠ᠃ ᠤᠢ ᠰᠢᠭᠤᠢ ᠨᠤᠳᠤᠭ ᠪᠡᠯᠴᠢᠬᠡᠷ ᠤᠨ ᠤᠷᠳᠦ ᠬᠤᠭᠤᠴᠠᠭᠠᠨ ᠤ | ᠲᠤᠭᠳᠠᠴᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠡᠯᠡᠰᠦᠨ ᠴᠦᠯᠡᠷᠭᠡᠭᠵᠢᠯ ᠢ ᠵᠠᠰᠠᠬᠤ᠂ ᠭᠤᠷᠪᠠᠨ ᠤᠮᠠᠷᠠᠳᠦ ᠶᠢᠨ | ᠬᠠᠮᠠᠭᠠᠯᠠᠯᠳᠠ ᠶᠢᠨ ᠤᠢ ᠶᠢᠨ ᠮᠠᠭᠤᠳᠠᠯ ᠢ ᠵᠠᠰᠠᠬᠤ ᠵᠡᠷᠬᠡ ᠠᠮᠢ ᠠᠬᠤᠢ ᠶᠢᠨ ᠪᠠᠶᠢᠭᠤᠯᠤᠯᠳᠠ ᠶᠢᠨ ᠢᠨᠵᠧᠨᠧᠷᠢᠩ ᠢ | ᠬᠡᠷᠡᠭᠵᠢᠬᠦᠯᠦᠨ᠎ᠡ᠃ 2026 ᠤᠨ ᠪᠤᠯᠬᠤ ᠳᠤ ᠲᠠᠯ᠎ᠠ ᠨᠤᠳᠤᠭ ᠤᠨ ᠤᠷᠭᠤᠮᠠᠯ ᠤᠨ ᠬᠤᠴᠢᠯᠭ᠎ᠠ ᠶᠢᠨ ᠨᠤᠷᠮ᠎ᠡ ᠶᠢ | 30% ᠠᠴᠠ ᠲᠡᠭᠡᠭᠰᠢ ᠪᠠᠶᠢᠯᠭᠠᠨ᠎ᠠ᠃ ᠬᠦᠷᠦᠰᠦ ᠰᠢᠷᠤᠢ ᠶᠢᠨ ᠪᠤᠬᠢᠷᠳᠤᠯ ᠢ ᠵᠠᠰᠠᠬᠤ ᠬᠦᠴᠦᠯᠠᠴᠠ ᠶᠢ | ᠨᠡᠮᠡᠭᠳᠡᠬᠦᠯᠦᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ | ᠲᠠᠷᠢᠶᠠᠨ ᠭᠠᠵᠠᠷ᠂ ᠤᠢ ᠰᠢᠭᠤᠢ ᠨᠤᠳᠤᠭ ᠪᠠᠯᠴᠢᠬᠡᠷ ᠢ ᠬᠠᠤᠯᠢ ᠪᠤᠰᠦ ᠪᠠᠷ ᠡᠵᠡᠯᠡᠨ ᠪᠠᠷᠢᠯᠭ᠎ᠠ ᠪᠠᠷᠢᠬᠤ ᠠᠵᠢᠯᠯᠯᠠᠭ᠎ᠠ | ᠶᠢ ᠴᠢᠩᠭ᠎ᠠ ᠴᠠᠭᠠᠵᠠᠯᠠᠨ᠎ᠠ᠃ ᠲᠠᠷᠢᠶᠠᠯᠠᠩ ᠤᠨ ᠪᠤᠬᠢᠷᠳᠤᠯ ᠢ ᠵᠠᠰᠠᠬᠤ ᠠᠵᠢᠯ ᠢ ᠡᠷᠴᠢᠮᠵᠢᠬᠦᠯᠵᠦ᠂ ᠲᠠᠷᠢᠶᠠᠨ ᠡᠮ ᠢ | ᠪᠠᠭᠠᠰᠬᠠᠨ ᠤᠷᠭᠠᠨᠢᠭ ᠪᠤᠷᠳᠤᠭᠤᠷ ᠬᠡᠷᠡᠭᠯᠡᠬᠦ ᠶᠢ ᠲᠦᠬᠡᠮᠡᠯᠵᠢᠬᠦᠯᠵᠦ᠂ ᠭᠠᠵᠠᠷ ᠲᠤᠤᠷᠠᠬᠢ ᠰᠤᠯᠢᠶᠤᠤ ᠪᠦᠷᠬᠦᠪᠴᠢ ᠶᠢ | ᠬᠤᠷᠢᠶᠠᠨ ᠠᠪᠬᠤ ᠠᠵᠢᠯᠯᠠᠭ᠎ᠠ ᠶᠢ ᠴᠢᠩᠭᠠᠳᠬᠠᠨ᠂ ᠲᠠᠷᠢᠶᠠᠨ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ | ᠶᠢ ᠢᠳᠠᠪᠬᠢᠳᠠᠢ ᠠᠬᠢᠭᠤᠯᠵᠦ᠂ 2026 ᠤᠨ ᠪᠤᠯᠬᠤ ᠳᠤ᠂ ᠡᠰᠢ ᠰᠦᠷᠡᠯ ᠢ ᠶᠡᠷᠦᠩᠭᠡᠶᠢᠯᠡᠨ ᠠᠰᠢᠭᠯᠠᠬᠤ ᠨᠤᠷᠮ᠎ᠠ | ᠶᠢ 95% ᠠᠴᠠ ᠲᠡᠬᠡᠭᠰᠢ ᠪᠠᠶᠢᠯᠭᠠᠨ᠎ᠠ᠃ | ︵ᠬᠤᠶᠠᠷ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠠᠮ ᠢ ᠪᠠᠷᠢᠮᠳᠠᠯᠠᠨ᠂ ᠰᠠᠭᠤᠵᠦ ᠠᠮᠢᠳᠤᠷᠠᠬᠤ | ᠳᠤ ᠵᠤᠬᠢᠴᠠᠭᠰᠠᠨ ᠦᠵᠡᠰᠬᠦᠯᠡᠩᠳᠦ ᠰᠠᠶᠢᠬᠠᠨ ᠠᠮᠢ ᠠᠬᠤᠢ ᠶᠢᠨ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠤᠨ᠎ᠠ᠃ | | ᠮᠠᠯᠵᠢᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠢ ᠤᠷᠢᠳᠠᠪᠠᠷ ᠬᠦᠭᠵᠢᠬᠦᠯᠬᠦ ᠶᠢ ᠪᠠᠷᠢᠮᠳᠠᠯᠠᠵᠦ᠂ ᠶᠠᠳᠠᠭᠤ | ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠵᠦ᠂ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠮᠠᠯᠵᠢᠯ ᠲᠠᠷᠢᠶᠠᠯᠠᠩ ᠤᠨ ᠦᠨᠳᠦᠷ | ᠴᠢᠨᠠᠷ ᠴᠢᠨᠰᠠᠭ᠎ᠠ ᠲᠠᠢ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠵᠦ ᠠᠵᠢᠯᠯᠠᠬᠤ ᠳᠤ ᠲᠤᠬᠢᠷᠠᠮᠵᠢᠳᠠᠢ᠂ ᠮᠠᠯᠴᠢᠨ | ᠲᠠᠷᠢᠶᠠᠴᠢᠳ ᠤᠨ ᠡᠯᠪᠡᠭ ᠲᠠᠩᠰᠤᠭ ᠠᠮᠢᠳᠤᠷᠠᠯ ᠢ ᠠᠬᠢᠭᠤᠯᠤᠨ᠎ᠠ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠲᠦᠷᠪᠡ ᠶᠢ | ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠭᠢᠵᠢᠷᠠᠭᠤᠯᠤᠨ | ᠪᠤᠭᠤᠮᠳᠠ ᠰᠢᠪᠳᠤᠯᠬᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠬᠦ ᠤᠷᠳᠦ ᠬᠤᠭᠤᠴᠠᠭᠠᠨ ᠤ ᠲᠤᠭᠳᠠᠴᠠ ᠶᠢ | ᠪᠠᠶᠢᠭᠤᠯᠤᠨ ᠪᠦᠷᠢᠨᠰᠢᠬᠦᠯᠵᠦ᠂ ︽ᠭᠤᠷᠪᠠ ᠭᠤᠷᠪᠠ ᠶᠢᠨ ᠲᠦᠷᠢᠮ︾ ᠢ ᠰᠢᠯᠭᠠᠨ ᠬᠢᠨᠠᠵᠦ ᠶᠠᠳᠠᠭᠤ ᠶᠢ ᠲᠡᠳᠬᠦᠬᠦ | ᠠᠵᠢᠯ ᠤᠨ ᠬᠡᠯᠪᠡᠷᠢ ᠶᠢ ᠬᠦᠨᠵᠡᠬᠡᠢ ᠠᠬᠢᠭᠤᠯᠤᠨ᠂ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ᠂ ᠲᠠᠬᠢᠨ ᠶᠠᠳᠠᠭᠤ | ᠪᠤᠯᠬᠤ ᠠᠴᠠ ᠰᠡᠷᠬᠡᠶᠢᠯᠡᠬᠦ ᠬᠦᠳᠡᠯᠦᠩᠭᠦᠢ ᠰᠢᠯᠭᠠᠨ ᠬᠡᠮᠵᠢᠯᠳᠠ ᠪᠠ ᠲᠡᠳᠬᠦᠯᠳᠠ ᠶᠢ ᠦᠷᠬᠦᠯᠵᠢᠯᠡᠨ ᠴᠢᠩᠭᠠᠳᠬᠠᠵᠦ᠂ | ᠤᠨᠳᠤᠤ ᠭᠠᠵᠠᠷ ᠲᠤ ᠨᠡᠬᠦᠯᠬᠡᠭᠰᠡᠨ ᠤ ᠲᠠᠷᠠᠭᠠᠬᠢ ᠲᠡᠮᠵᠢᠯᠬᠡ ᠪᠠ ᠠᠵᠦ ᠦᠢᠯᠡᠰ ᠢᠶᠠᠷ ᠠᠵᠢᠯ ᠤᠯᠭᠤᠨ ᠶᠠᠳᠠᠭᠤ ᠶᠢ | ᠲᠡᠳᠬᠦᠬᠦ ᠠᠵᠢᠯ ᠢ ᠨᠢᠬᠡᠳᠦᠯᠵᠢᠬᠦᠯᠦᠨ ᠰᠠᠶᠢᠳᠦᠷ ᠬᠢᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠬᠦ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ | ᠪᠦᠳᠦᠮᠵᠢᠳᠠᠢ ᠵᠤᠯᠭᠠᠭᠤᠯᠬᠤ ᠶᠢ ᠠᠬᠢᠭᠤᠯᠤᠨ᠎ᠠ᠃ ᠬᠤᠸᠠᠢ ᠷᠧᠦ ᠲᠤᠭᠤᠷᠢᠭ᠂ ᠰᠢᠨ ᠰᠢᠩ ᠵᠢᠢ ᠬᠤᠸᠠ ᠪᠦᠯᠦᠭᠯᠡᠯ | ᠯᠦᠭᠡ ᠶᠢᠨ ᠬᠠᠮᠳᠤᠷᠠᠯᠴᠠᠭ᠎ᠠ ᠪᠠᠨ ᠦᠷᠬᠦᠯᠵᠢᠯᠡᠨ ᠬᠦᠨᠵᠡᠬᠡᠶᠢᠷᠡᠬᠦᠯᠵᠦ᠂ ᠲᠦᠷᠦᠯ ᠵᠤᠶᠢᠯ ᠢ ᠲᠦᠯᠦᠪᠵᠢᠬᠦᠯᠦᠨ | ᠨᠠᠶᠢᠷᠠᠭᠤᠯᠬᠤ᠂ ᠬᠤᠳᠠᠯᠳᠤᠭᠠᠴᠢᠨ ᠤᠷᠢᠵᠦ ᠪᠠᠯᠠ ᠤᠷᠤᠭᠤᠯᠬᠤ᠂ ᠠᠵᠦ ᠦᠢᠯᠡᠰ ᠢ ᠲᠡᠰ ᠲᠠᠪᠰᠢᠬᠦᠯᠬᠦ᠂ | ᠴᠢᠳᠠᠪᠤᠷᠢᠳᠠᠨ ᠤ ᠰᠤᠯᠢᠯᠴᠠᠭ᠎ᠠ ᠬᠢᠬᠦ᠂ ᠰᠢᠨᠵᠢᠯᠡᠭᠡ ᠮᠡᠷᠬᠡᠵᠢᠯ ᠢᠶᠠᠷ ᠲᠤᠯᠭᠠᠭᠤᠷᠢᠯᠠᠬᠤ ᠵᠡᠷᠬᠡ ᠬᠦᠷᠢᠶ᠎ᠠ ᠴᠡᠷ᠎ᠠ ᠳᠠᠬᠢ | ᠬᠠᠮᠵᠢᠯᠴᠠᠭ᠎ᠠ ᠪᠠᠨ ᠴᠢᠩᠭᠠᠳᠬᠠᠨ᠂ ᠶᠠᠳᠠᠭᠤ ᠶᠢ ᠲᠡᠳᠬᠦᠨ ᠬᠠᠮᠳᠤᠷᠠᠯᠴᠠᠬᠤ ᠦᠷ᠎ᠡ ᠪᠦᠳᠦᠮᠵᠢ ᠶᠢ | ᠲᠡᠬᠡᠭᠰᠢᠯᠡᠬᠦᠯᠦᠨ᠎ᠡ᠃ ᠶᠠᠳᠠᠭᠤ ᠶᠢ ᠲᠡᠳᠬᠦᠨ ᠪᠡᠯᠡ ᠤᠷᠤᠭᠤᠯᠬᠤ ᠺᠤᠮᠫᠠᠨᠢ ᠶᠢᠨ ᠦᠢᠯᠡᠳᠦᠯ ᠢ ᠬᠦᠢᠴᠡᠳ | ᠪᠠᠳᠠᠷᠠᠭᠤᠯᠵᠦ᠂ ᠶᠠᠳᠠᠭᠤ ᠶᠢ ᠲᠡᠳᠬᠦᠬᠦ ᠡᠳ᠋ ᠬᠦᠷᠦᠩᠭᠡ ᠶᠢ ᠡᠵᠡᠩᠨᠡᠨ ᠬᠠᠮᠢᠶᠠᠷᠬᠤ᠂ ᠬᠠᠮᠠᠭᠠᠯᠠᠬᠤ ᠪᠠ ᠬᠢᠨᠠᠬᠤ ᠶᠢ | ᠡᠷᠴᠢᠮᠵᠢᠬᠦᠯᠦᠨ᠂ ᠭᠠᠴᠠᠭ᠎ᠠ ᠲᠤᠰᠬᠤᠨ ᠤ ᠬᠠᠮᠳᠦ ᠨᠢᠬᠡᠴᠡ ᠪᠠ ᠮᠠᠯᠴᠢᠨ ᠲᠠᠷᠢᠶᠠᠴᠢᠳ ᠤᠨ ᠠᠰᠢᠭ ᠲᠤᠰᠠ ᠶᠢ | ᠦᠨᠡᠨᠬᠦ ᠪᠠᠳᠤᠯᠠᠨ᠎ᠠ᠃ ᠬᠦᠳᠡᠭᠡ ᠲᠤᠰᠬᠤᠨ ᠤ ᠬᠦᠮᠦᠨ ᠰᠠᠭᠤᠬᠤ ᠤᠷᠴᠢᠨ ᠲᠤᠭᠤᠷᠢᠨ ᠢ ᠦᠷᠬᠦᠯᠵᠢᠯᠡᠨ | ᠰᠠᠶᠢᠵᠢᠷᠠᠭᠤᠯᠵᠦ᠂ ᠬᠠᠭᠤᠴᠢᠷᠠᠵᠦ ᠡᠪᠳᠡᠷᠡᠭᠰᠡᠨ᠂ ᠨᠤᠷᠠᠵᠦ ᠮᠠᠭᠤᠳᠠᠭᠰᠠᠨ ᠬᠦᠷᠢᠶ᠎ᠠ ᠬᠠᠰᠢᠶ᠎ᠠ ᠶᠢ ᠪᠦᠬᠦ ᠲᠠᠯ᠎ᠠ ᠪᠠᠷ | ᠴᠡᠪᠡᠷᠯᠡᠨ᠂ ᠰᠠᠭᠤᠵᠦ ᠠᠮᠢᠳᠤᠷᠠᠬᠤ ᠳᠤ ᠵᠤᠬᠢᠴᠠᠭᠰᠠᠨ ᠦᠵᠡᠰᠬᠦᠯᠡᠩᠳᠦ ᠰᠠᠶᠢᠬᠠᠨ ᠠᠮᠢ ᠠᠬᠤᠢ ᠶᠢᠨ ᠬᠦᠳᠡᠭᠡ | ᠲᠤᠰᠬᠤᠨ ᠢ ᠴᠤᠭᠴᠠᠯᠠᠨ ᠪᠠᠶᠢᠭᠤᠯᠤᠨ᠎ᠠ᠃ | ᠤᠳᠤᠬᠢᠴᠢᠯᠠᠭᠰᠠᠨ ᠮᠠᠯᠵᠢᠯ ᠲᠠᠷᠢᠶᠠᠯᠠᠩ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠮᠠᠯᠵᠢᠯ ᠲᠠᠷᠢᠶᠠᠯᠠᠩ ᠤᠨ | ᠤᠶᠢᠯᠡᠰᠵᠢᠭᠰᠡᠨ ᠬᠠᠮᠳᠤᠷᠠᠯ ᠤᠨ ᠴᠤᠭᠴᠠ ᠶᠢ ᠪᠠᠶᠢᠭᠤᠯᠤᠨ ᠴᠢᠩᠭᠠᠳᠬᠠᠵᠦ᠂ ᠰᠢᠨ᠎ᠡ ᠮᠠᠶ᠋ᠢᠭ ᠤᠨ ᠮᠠᠯᠵᠢᠯ | ᠲᠠᠷᠢᠶᠠᠯᠠᠩ ᠤᠨ ᠡᠵᠩᠨᠡᠭᠴᠢ ᠪᠠ ᠤᠶᠢᠯᠡᠴᠢᠯᠡᠬᠦ ᠴᠤᠭᠴᠠ ᠶᠢ ᠬᠦᠮᠦᠵᠢᠬᠦᠯᠦᠨ ᠪᠤᠵᠠᠭᠠᠶᠢᠷᠠᠭᠤᠯᠵᠦ᠂ ᠲᠦᠮᠦᠰᠦ᠂ | ᠢᠳᠠᠰᠢᠨ ᠬᠤᠨᠢ᠂ ᠮᠢᠬᠠᠨ ᠤ ᠦᠬᠡᠷ ᠤᠨ ᠠᠵᠦ ᠤᠶᠢᠯᠡᠰ ᠤᠨ ᠲᠤᠭᠤᠷᠢᠭ ᠢ ᠲᠦᠯᠦᠪᠵᠢᠬᠦᠯᠦᠨ ᠪᠠᠶᠢᠭᠤᠯᠵᠦ᠂ ︽ | ᠠᠵᠦ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠬᠡᠬᠦ ᠮᠡᠳᠦ ᠶᠢᠨ ᠤᠯᠠᠨ ᠵᠤᠶᠢᠯ ᠤᠨ | ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠡᠷᠡᠭᠵᠢᠬᠦᠯᠦᠨ᠂ ᠤᠨᠴᠠᠯᠢᠭ ᠲᠤᠪᠤᠶᠢᠮ᠎ᠡ᠂ ᠰᠠᠭᠤᠷᠢ ᠪᠠᠬᠢ᠂ ᠲᠡᠮᠳᠡᠭ | ᠲᠤᠳᠤᠷᠬᠠᠢ ᠨᠢᠬᠡ ᠪᠦᠯᠦᠭ ᠰᠢᠨ᠎ᠡ ᠴᠠᠭ ᠦᠶ᠎ᠠ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠦ | ᠤᠶᠢᠯᠡᠰ ᠤᠨ ᠬᠦᠭᠵᠢᠯᠳᠠ ᠶᠢᠨ ᠬᠡᠯᠪᠡᠷᠢ ᠶᠢ ᠪᠤᠢ ᠪᠤᠯᠭᠠᠨ᠎ᠠ᠃ ᠲᠦᠮᠦᠰᠦᠨ ᠤ ᠠᠵᠦ ᠤᠶᠢᠯᠡᠰ ᠢ ᠶᠡᠬᠡᠪᠡᠷ | ᠬᠦᠭᠵᠢᠬᠦᠯᠦᠨ᠂ ᠵᠦᠩ ᠵᠢᠶᠠ᠂ ᠰᠢᠨ ᠢᠦᠢ ᠵᠡᠷᠬᠡ ᠬᠦᠳᠦᠴᠢ ᠠᠵᠦ ᠠᠬᠤᠶᠢᠯᠠᠯ ᠳᠤ ᠲᠦᠰᠢᠭᠯᠡᠨ᠂ ᠤᠯᠤᠰ ᠤᠨ | ᠲᠡᠰ ᠤᠨ ᠲᠦᠮᠦᠰᠦᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠬᠤ ᠲᠦᠷᠦᠯ ᠵᠤᠶᠢᠯ ᠢ ᠲᠦᠷᠬᠡᠳᠬᠡᠨ | ᠠᠬᠢᠭᠤᠯᠵᠦ᠂ ᠲᠦᠮᠦᠰᠦ ᠲᠠᠷᠢᠬᠤ ᠦᠢᠯᠡᠰ ᠤᠨ ᠦᠪᠡᠷᠳᠡᠬᠡᠨ ᠰᠢᠨ᠎ᠡ ᠶᠢ ᠡᠬᠦᠳᠬᠦ ᠬᠢᠷᠢ ᠲᠦᠪᠰᠢᠨ ᠢ ᠲᠠᠰᠤᠷᠠᠯᠳᠠ | ᠦᠭᠡᠢ ᠲᠡᠬᠡᠭᠰᠢᠯᠡᠬᠦᠯᠦᠨ᠂ ᠲᠦᠮᠦᠰᠦᠨ ᠦᠷ᠎ᠡ ᠶᠢᠨ ᠰᠠᠭᠤᠷᠢᠨ ᠭᠠᠵᠠᠷ ᠢ 24 ᠲᠦᠮᠡᠨ ᠮᠤ᠋ ᠳᠤ | ᠲᠤᠭᠳᠠᠪᠤᠷᠢᠵᠢᠭᠤᠯᠵᠦ᠂ ᠲᠠᠷᠢᠬᠤ ᠲᠠᠯᠠᠪᠠᠢ ᠶᠢ 60 ᠲᠦᠮᠡᠨ ᠮᠤ᠋ ᠠᠴᠠ ᠲᠡᠬᠡᠭᠰᠢ ᠲᠤᠭᠳᠠᠪᠤᠷᠢᠵᠢᠭᠤᠯᠤᠨ᠂ ︽ | ᠭᠤᠷᠪᠠᠨ ᠲᠦᠪ᠂ ᠭᠤᠷᠪᠠᠨ ᠲᠤᠭᠤᠷᠢᠭ᠂ ᠬᠤᠶᠠᠷ ᠪᠦᠰᠠ᠂ ᠨᠢᠬᠡ ᠲᠡᠪᠴᠡᠩ︾ ᠤᠨ ᠠᠵᠦ ᠦᠢᠯᠡᠰ ᠤᠨ | ᠲᠤᠭᠤᠷᠢᠭ ᠢ ᠬᠦᠴᠦᠯᠡᠨ ᠪᠠᠶᠢᠭᠤᠯᠤᠨ᠎ᠠ᠃ ᠢᠳᠠᠰᠢᠨ ᠬᠤᠨᠢ᠂ ᠮᠢᠬᠠᠨ ᠤ ᠦᠬᠡᠷ ᠤᠨ ᠦᠢᠯᠡᠰ ᠢ ᠶᠡᠬᠡᠪᠡᠷ | ᠬᠦᠭᠵᠢᠬᠦᠯᠵᠦ᠂ ᠰᠠᠢ ᠨᠥᠸᠧ᠂ ᠶᠡᠭᠡ ᠭᠤᠪᠢ ᠵᠡᠷᠬᠡ ᠬᠦᠳᠦᠴᠢ ᠠᠵᠦ ᠠᠬᠤᠶᠢᠯᠠᠯ ᠳᠤ ᠲᠦᠰᠢᠭᠯᠡᠨ᠂ ︽ | ᠬᠠᠰᠢᠶᠠᠯᠠᠵᠦ ᠲᠡᠵᠢᠬᠡᠬᠦ᠂ ᠴᠦᠬᠡᠨ ᠲᠠᠵᠢᠬᠡᠵᠦ ᠨᠠᠷᠢᠯᠢᠭ ᠲᠡᠵᠢᠬᠡᠬᠦ︾ ᠪᠠᠷ ᠤᠳᠤᠷᠢᠳᠤᠮᠵᠢ ᠪᠤᠯᠭᠠᠨ᠂ 2026 ᠤᠨ | ᠪᠤᠯᠬᠤ ᠳᠤ ᠠᠯᠠᠰᠢᠨ ᠳᠤ ᠵᠠᠷᠤᠬᠤ ᠬᠤᠨᠢ ᠶᠢ 130 ᠲᠦᠮᠡ᠂ ᠦᠬᠡᠷ ᠢ 10 ᠲᠦᠮᠡ ᠳᠤ ᠲᠤᠭᠳᠠᠪᠤᠷᠢᠵᠢᠭᠤᠯᠵᠦ᠂ | ᠤᠯᠤᠰ ᠤᠨ ᠴᠢᠬᠤᠯᠠ ᠪᠤᠯᠬᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠢ ᠬᠦᠴᠦᠯᠡᠨ | ᠪᠠᠶᠢᠭᠤᠯᠤᠨ᠎ᠠ᠃ ᠲᠠᠷᠢᠶᠠᠨ ᠭᠠᠵᠠᠷ ᠤᠰᠤᠨ ᠠᠰᠢᠭᠯᠠᠯᠳᠠ᠂ ᠬᠤᠷᠤᠭ᠎ᠠ ᠰᠠᠷᠠᠪᠴᠢ ᠶᠢᠨ ᠲᠤᠨᠤᠭ ᠲᠦᠬᠦᠬᠡᠷᠦᠮᠵᠢ᠂ | ᠰᠢᠨᠵᠢᠯᠡᠬᠦ ᠮᠡᠷᠬᠡᠵᠢᠯ ᠤᠨ ᠦᠢᠯᠡᠴᠢᠯᠡᠭᠡ ᠵᠡᠷᠬᠡ ᠰᠠᠭᠤᠷᠢ ᠨᠦᠬᠦᠴᠡᠯ ᠢ ᠰᠠᠶᠢᠵᠢᠷᠠᠭᠤᠯᠵᠦ᠂ ᠨᠡᠶᠢᠬᠡᠮᠴᠢᠯᠡᠭᠰᠡᠨ | ᠦᠢᠯᠡᠴᠢᠯᠡᠭᠡ᠂ ᠪᠠᠷᠢᠮᠵᠢᠶᠠᠵᠢᠭᠰᠡᠨ ᠲᠠᠷᠢᠮᠠᠯ᠂ ᠡᠷᠴᠢᠮᠵᠢᠬᠦᠯᠦᠭᠰᠡᠨ ᠲᠠᠵᠢᠬᠡᠪᠦᠷᠢ ᠵᠡᠷᠬᠡ ᠰᠢᠨ᠎ᠡ ᠮᠠᠶ᠋ᠢᠭ ᠤᠨ | ᠲᠠᠵᠢᠬᠡᠨ ᠪᠤᠶᠢᠵᠢᠭᠤᠯᠬᠤ ᠠᠷᠭ᠎ᠠ ᠬᠡᠯᠪᠡᠷᠢ ᠶᠢ ᠲᠦᠬᠡᠮᠡᠯᠵᠢᠬᠦᠯᠦᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ | ᠲᠤᠭᠳᠠᠭᠤᠨ ᠨᠡᠮᠡᠭᠳᠡᠯ ᠳᠤ ᠬᠦᠴᠦᠳᠠᠢ ᠪᠠᠳᠤᠯᠠᠭ᠎ᠠ ᠬᠠᠩᠭᠠᠨ᠎ᠠ᠃ ᠶᠠᠰᠦ ᠴᠢᠨᠠᠷ ᠤᠨ ᠬᠦᠴᠦᠷᠬᠡᠭ ᠬᠤᠰᠢᠭᠤ | ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠦᠨ᠂ ᠨᠡᠷᠡᠳᠦ ᠲᠡᠮᠳᠡᠭ ᠢ ᠴᠤᠭᠴᠠᠯᠠᠨ ᠪᠠᠶᠢᠭᠤᠯᠬᠤ ᠬᠦᠴᠦᠯᠡᠴᠡ | ᠪᠠᠨ ᠲᠦᠷᠬᠡᠳᠬᠡᠵᠦ᠂ ᠵᠦᠩ ᠵᠢᠶᠠ ᠲᠦᠮᠦᠰᠦ᠂ ᠲᠦᠷᠪᠡᠳ ᠬᠤᠨᠢ᠂ ᠲᠦᠷᠪᠡᠳ ᠭᠤᠪᠢ ᠶᠢᠨ ᠬᠤᠨᠢ ᠵᠡᠷᠬᠡ | ᠨᠡᠷᠡᠳᠦ ᠲᠡᠮᠳᠡᠭ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠲᠦᠷᠪᠡᠳ ᠤᠨ ᠬᠡᠪᠴᠢᠶᠠᠨ ᠳᠠᠬᠢ ᠤᠯᠠᠨ ᠨᠠᠶᠢᠳᠠ | ᠶᠢᠨ ᠨᠡᠷᠡᠳᠦ ᠲᠡᠮᠳᠡᠭ ᠢ ᠬᠦᠴᠦᠯᠠᠨ ᠪᠠᠶᠢᠭᠤᠯᠵᠦ᠂ ᠮᠠᠯ ᠲᠠᠷᠢᠶᠠᠯᠠᠩ ᠤᠨ ᠰᠢᠯᠢᠳᠡᠭ ᠪᠦᠳᠦᠭᠡᠭᠳᠡᠬᠦᠨ ᠢ ᠨᠡᠩ | ᠦᠷᠬᠡᠨ ᠵᠠᠬ᠎ᠠ ᠲᠡᠯᠬᠡᠬᠦᠷ ᠲᠤ ᠤᠷᠤᠭᠤᠯᠤᠨ᠎ᠠ᠃ | ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠵᠠᠮ ᠢ ᠪᠠᠷᠢᠮᠳᠠᠯᠠᠨ᠂ ᠤᠳᠤᠬᠢᠴᠢᠯᠠᠭᠰᠠᠨ ᠠᠵᠦ | ᠦᠢᠯᠡᠰ ᠤᠨ ᠰᠢᠨ᠎ᠡ ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃ | ᠪᠤᠬᠢᠷᠳᠤᠯ ᠦᠭᠡᠢ ᠬᠦᠭᠵᠢᠯᠳᠠ ᠶᠢᠨ ᠤᠶᠢᠯᠠᠭᠠᠭᠳᠠᠬᠤᠨ ᠢ ᠪᠠᠳᠦ ᠪᠠᠬᠢ ᠪᠤᠢ ᠪᠤᠯᠭᠠᠵᠦ᠂ ︽ᠪᠠᠶᠢᠭᠠᠯᠢᠯᠢᠭ ᠰᠢᠨ᠎ᠡ | ᠡᠬᠦᠳᠦᠯᠳᠠ ᠲᠠᠢ︾ ᠲᠦᠷᠪᠡᠳ ᠢ ᠪᠦᠳᠦᠬᠡᠨ ᠪᠠᠶᠢᠭᠤᠯᠬᠤ ᠶᠢᠨ ᠲᠤᠭᠤᠷᠢᠨ ᠳᠤ᠂ ᠤᠯᠠᠮᠵᠢᠯᠠᠯᠳᠦ ᠠᠵᠦ ᠦᠢᠯᠡᠰ ᠢ | ᠪᠠᠬᠢᠵᠢᠬᠦᠯᠦᠨ ᠲᠡᠭᠡᠭᠰᠢᠯᠡᠬᠦᠯᠵᠦ᠂ ᠰᠢᠨ᠎ᠡ ᠪᠠᠷ ᠬᠦᠭᠵᠢᠭᠰᠡᠨ ᠠᠵᠦ ᠦᠢᠯᠡᠰ ᠪᠠ ᠤᠳᠤᠬᠢᠴᠢᠯᠠᠭᠰᠠᠨ ᠤᠶᠢᠯᠡᠴᠢᠯᠡᠬᠡᠨ | ᠤ ᠤᠶᠢᠯᠡᠰ ᠢ ᠪᠤᠵᠠᠭᠠᠶᠢᠷᠠᠭᠤᠯᠤᠨ᠂ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠠ ᠳᠤ ᠪᠡᠳᠦ ᠪᠠᠬᠢ | ᠲᠤᠯᠭᠠᠭᠤᠷᠢᠯᠠᠬᠤ ᠤᠶᠢᠯᠡᠳᠦᠯ ᠢ ᠬᠠᠩᠭᠠᠨ᠎ᠠ᠃ | ᠠᠵᠦ ᠦᠢᠯᠡᠳᠪᠦᠷᠢ ᠶᠢᠨ ᠠᠵᠦ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ︽ᠨᠡᠬᠦᠷᠡᠰᠦᠳᠦ᠋ᠷᠦᠭᠴᠢ ᠶᠢ | ᠲᠤᠭᠳᠠᠪᠤᠷᠢᠵᠢᠭᠤᠯᠬᠤ᠂ ᠨᠡᠬᠦᠷᠡᠰᠦᠳᠦ᠋ᠷᠦᠭᠴᠢ ᠶᠢ ᠰᠠᠭᠠᠷᠠᠮᠠᠭᠵᠢᠭᠤᠯᠬᠤ︾ ᠬᠠᠷᠠᠯᠳᠠ ᠳᠤ ᠲᠦᠪᠯᠡᠷᠡᠬᠦᠯᠦᠨ᠂ ᠰᠠᠯᠬᠢ | ᠬᠡᠷᠡᠯ ᠴᠠᠬᠢᠯᠭᠠᠨ ᠤ ᠲᠦᠷᠦᠯ ᠵᠤᠶᠢᠯ ᠤᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠪᠤᠬᠢᠷᠳᠤᠯ ᠦᠭᠡᠢ | ᠴᠡᠪᠡᠷ ᠡᠨᠧᠷᠬᠢ ᠶᠢᠨ ᠠᠵᠦ ᠠᠬᠤᠢ ᠶᠢ ᠶᠡᠬᠡᠪᠡᠷ ᠭᠦᠭᠵᠢᠬᠦᠯᠵᠦ᠂ ᠦᠪᠦᠷ ᠮᠤᠩᠭᠤᠯ ᠤᠨ ᠲᠤᠮᠳᠠ ᠬᠡᠰᠡᠭ ᠤᠨ | ᠤᠷᠤᠨ ᠤ ᠴᠢᠬᠤᠯᠠ ᠪᠤᠯᠬᠤ ᠨᠡᠬᠦᠷᠡᠰᠦᠳᠦ᠋ᠷᠦᠭᠴᠢ ᠶᠢᠨ ᠬᠤᠷᠠᠮᠳᠤᠯ ᠤᠨ ᠰᠠᠭᠤᠷᠢᠨ ᠭᠠᠵᠠᠷ ᠢ ᠬᠦᠴᠦᠯᠠᠨ | ᠪᠠᠶᠢᠭᠤᠯᠵᠦ᠂ ᠤᠯᠤᠰ ᠤᠨ ᠴᠢᠬᠤᠯᠠ ᠪᠦᠬᠦᠢ ᠴᠠᠪᠠᠷ ᠡᠨᠧᠷᠬᠢ ᠭᠠᠷᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ | ᠡᠬᠦᠳᠦᠨ ᠪᠠᠶᠢᠭᠤᠯᠤᠨ᠎ᠠ᠃ ᠬᠦᠬᠡᠮᠦ᠋ᠷᠡᠨ ᠤ ᠭᠤᠷᠪᠠᠨ ᠬᠠᠪᠴᠢᠯ ᠤᠨ ︽ᠴᠠᠬᠢᠯᠭᠠᠨ ᠲᠤᠤᠷ ᠤᠨ ᠬᠠᠳᠠᠭᠠᠯᠠᠭᠳᠠᠴᠠ︾ | ᠶᠢᠨ ᠵᠢᠱᠢᠶ᠎ᠠ ᠦᠵᠡᠬᠦᠯᠬᠦ ᠲᠦᠷᠦᠯ ᠵᠤᠶᠢᠯ ᠪᠠ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ | ᠰᠠᠯᠬᠢ ᠴᠠᠬᠢᠯᠭᠠᠨ ᠤ ᠰᠠᠭᠤᠷᠢᠨ ᠭᠠᠵᠠᠷ ᠤᠨ ᠠᠩᠬᠠᠳᠤᠭᠠᠷ ᠬᠤᠭᠤᠴᠠᠭᠠᠨ ᠤ ᠲᠦᠷᠦᠯ ᠵᠤᠶᠢᠯ ᠵᠢᠴᠢ ᠭᠠᠳᠠᠭᠰᠢ | ᠬᠦᠷᠬᠡᠬᠦ ᠬᠤᠭᠤᠯᠠᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠦ᠂ ᠡᠷᠳᠡ ᠠᠰᠢᠭᠯᠠᠯᠳᠠ ᠳᠤ | ᠤᠷᠤᠭᠤᠯᠬᠤ ᠶᠢ ᠪᠠᠳᠤᠯᠠᠨ᠎ᠠ᠃ ᠴᠡᠪᠠᠷ ᠡᠨᠧᠷᠬᠢ ᠶᠢᠨ ᠬᠦᠷᠢᠶ᠎ᠠ ᠬᠡᠪᠴᠢᠶᠠᠨ ᠳᠠᠬᠢ ᠲᠡᠬᠡᠳᠦ ᠲᠤᠤᠷᠠᠳᠦ ᠤᠷᠤᠰᠬᠠᠯ | ᠤᠨ ᠠᠵᠦ ᠦᠢᠯᠡᠰ ᠤᠨ ᠬᠦᠭᠵᠢᠯᠳᠠ ᠶᠢ ᠶᠡᠬᠡᠪᠡᠷ ᠠᠬᠢᠭᠤᠯᠵᠦ᠂ ᠲᠡᠷᠢᠬᠦᠨ ᠤ ᠬᠠᠳᠠᠭᠠᠯᠠᠮᠵᠢ ᠵᠡᠷᠬᠡ ᠬᠠᠮᠢᠶ᠎ᠠ ᠪᠦᠬᠦᠢ | ᠠᠵᠦ ᠦᠢᠯᠡᠰ ᠢ ᠢᠳᠠᠪᠬᠢᠳᠠᠢ ᠲᠠᠳᠠᠨ ᠤᠷᠤᠭᠤᠯᠵᠦ᠂ ᠴᠠᠪᠠᠷ ᠡᠨᠧᠷᠬᠢ ᠶᠢᠨ ᠠᠵᠦ ᠤᠶᠢᠯᠡᠰ ᠤᠨ ᠬᠡᠯᠬᠢᠶᠡᠰᠦ ᠶᠢ | ᠲᠠᠰᠤᠷᠠᠯᠳᠠ ᠦᠭᠡᠢ ᠤᠷᠳᠤᠳᠬᠠᠨ᠎ᠠ᠃ ᠶᠥᠩ ᠾᠧ ᠹᠯᠤᠷᠳᠦ ᠬᠢᠮᠢ ᠶᠢᠨ ᠠᠵᠦ ᠦᠢᠯᠡᠰ ᠤᠨ ᠬᠡᠯᠬᠢᠶ᠎ᠠ ᠶᠢ | ᠲᠦᠷᠬᠡᠳᠬᠡᠨ ᠰᠢᠯᠤᠭᠤᠳᠬᠠᠵᠦ᠂ ᠰᠢᠨ᠎ᠡ ᠪᠠᠷ ᠨᠡᠮᠡᠭᠰᠡᠨ ᠪᠤᠶᠤ ᠮᠡᠷᠬᠡᠵᠢᠯ ᠰᠠᠶᠢᠵᠢᠷᠠᠭᠤᠯᠤᠭᠰᠠᠨ ᠹᠯᠤᠷ ᠤᠨ | ᠪᠦᠬᠡᠮᠨᠡᠷᠡᠯ᠂ ᠰᠢᠨ᠎ᠡ ᠮᠠᠶ᠋ᠢᠭ ᠤᠨ ᠬᠦᠷᠦᠬᠡᠬᠦ ᠡᠳ᠋ ᠵᠡᠷᠬᠡ ᠪᠦᠳᠦᠬᠡᠭᠳᠡᠬᠦᠨ ᠢ ᠠᠭᠠᠵᠢᠮ ᠢᠶᠠᠷ ᠠᠰᠢᠭᠯᠠᠯᠳᠠ ᠳᠤ | ᠤᠷᠤᠭᠤᠯᠬᠤ ᠶᠢ ᠪᠠᠳᠤᠯᠠᠨ᠂ ᠠᠵᠦ ᠲᠦᠷᠦᠯ ᠤᠨ ᠬᠦᠭᠵᠢᠯᠳᠠ ᠶᠢᠨ ᠲᠠᠭᠠᠭᠤᠯᠤᠭᠴᠢ ᠪᠤᠯᠬᠤ ᠲᠡᠬᠡᠳᠦ ᠲᠦᠷᠦᠯ ᠤᠨ | ᠹᠯᠤᠷ ᠤᠨ ᠪᠦᠳᠦᠬᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠬᠦᠴᠦᠯᠠᠨ ᠪᠠᠶᠢᠭᠤᠯᠤᠨ᠎ᠠ᠃ ᠪᠤᠶᠢᠨ ᠰᠦᠮ᠎ᠡ | ᠶᠢᠨ ᠵᠠᠰ ᠤᠨ ᠤᠶᠢᠯᠡᠰ ᠵᠡᠷᠬᠡ ᠬᠠᠳᠠᠭᠠᠯᠠᠭᠳᠠᠴᠠ ᠲᠠᠢ ᠠᠵᠦ ᠠᠬᠤᠶᠢᠯᠠᠯ ᠢ ᠰᠡᠷᠬᠦᠬᠡᠨ ᠬᠦᠭᠵᠢᠬᠦᠯᠬᠦ ᠠᠵᠢᠯ ᠢ | ᠲᠦᠷᠬᠡᠳᠬᠡᠨ ᠠᠬᠢᠭᠤᠯᠤᠨ᠎ᠠ᠃ ᠮᠠᠯ ᠲᠠᠷᠢᠶᠠᠯᠠᠩ ᠤᠨ ᠦᠢᠯᠡᠰ ᠤᠨ ᠬᠡᠯᠬᠢᠶᠡᠰᠦ ᠶᠢ ᠦᠷᠬᠡᠳᠬᠡᠨ᠂ ᠢ ᠮᠢᠩ | ᠲᠦᠮᠦᠰᠦᠨ ᠴᠠᠷᠳᠠᠭᠤᠯ ᠵᠢᠴᠢ ᠭᠤᠤᠯ ᠢᠳᠡᠬᠡᠨ ᠢ ᠪᠤᠯᠪᠠᠰᠤᠷᠠᠭᠤᠯᠬᠤ ᠲᠦᠷᠦᠯ ᠵᠤᠶᠢᠯ ᠢ ᠲᠠᠭᠤᠰᠬᠠᠵᠦ᠂ ᠮᠠᠯ | ᠲᠠᠷᠢᠶᠠᠯᠠᠩ ᠤᠨ ᠠᠰᠢᠭ ᠰᠢᠮ᠎ᠡ ᠢ ᠨᠠᠷᠢᠯᠢᠭᠵᠢᠭᠤᠯᠤᠨ ᠪᠤᠯᠪᠠᠰᠤᠷᠠᠭᠤᠯᠬᠤ ᠠᠵᠦ ᠠᠬᠤᠶᠢᠯᠠᠯ ᠢ ᠦᠷᠬᠦᠯᠵᠢᠯᠡᠨ | ᠲᠠᠳᠠᠨ ᠤᠷᠤᠭᠤᠯᠵᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠦ ᠤᠶᠢᠯᠡᠰ ᠤᠨ | ᠨᠢᠭᠳᠠᠷᠠᠭᠰᠠᠨ ᠤᠷᠤᠨ ᠢ ᠬᠦᠴᠦᠯᠠᠨ ᠪᠠᠶᠢᠭᠤᠯᠤᠨ᠎ᠠ᠃ | ᠤᠳᠤᠬᠢᠴᠢᠯᠠᠭᠰᠠᠨ ᠤᠶᠢᠯᠡᠴᠢᠯᠡᠬᠡᠨ ᠤ ᠦᠢᠯᠡᠰ ᠢ ᠲᠦᠷᠬᠡᠳᠬᠡᠨ ᠬᠦᠭᠵᠢᠬᠦᠯᠦᠨ᠎ᠡ᠃ ᠰᠤᠶᠤᠯ ᠵᠢᠭᠤᠯᠴᠢᠯᠠᠯ ᠪᠠ | ᠲᠠᠸᠠᠷ ᠤᠨ ᠠᠷᠠᠯᠵᠢᠶᠠᠨ ᠤ ᠬᠦᠢᠯᠬᠡᠬᠡᠨ ᠤ ᠠᠵᠦ ᠤᠶᠢᠯᠡᠰ ᠤᠨ ᠬᠦᠭᠵᠢᠯᠳᠠ ᠶᠢ ᠪᠦᠬᠦ ᠬᠦᠴᠦᠨ ᠢᠶᠠᠷ ᠠᠬᠢᠭᠤᠯᠵᠦ᠂ | ᠡᠯᠧᠺᠲᠷᠤᠨ ᠬᠤᠳᠠᠯᠳᠤᠭ᠎ᠠ᠂ ᠮᠦᠩᠭᠦᠨ ᠬᠦᠢᠯᠬᠡᠬᠡ ᠵᠡᠷᠬᠡ ᠰᠢᠨ᠎ᠡ ᠪᠠᠷ ᠮᠠᠨᠳᠤᠭᠰᠠᠨ ᠠᠵᠦ ᠦᠢᠯᠡᠰ ᠢ ᠬᠦᠴᠦᠯᠠᠨ | ᠪᠤᠵᠠᠭᠠᠶᠢᠷᠠᠭᠤᠯᠵᠦ᠂ ᠦᠢᠯᠡᠴᠢᠯᠡᠬᠡᠨ ᠤ ᠦᠢᠯᠡᠰ ᠤᠨ ᠲᠤᠭᠳᠠᠪᠤᠷᠢᠳᠠᠢ ᠬᠦᠭᠵᠢᠯᠳᠠ ᠶᠢ ᠠᠬᠢᠭᠤᠯᠤᠨ᠎ᠠ᠃ | ᠵᠢᠭᠤᠯᠴᠢᠯᠠᠯ ᠤᠨ ᠦᠢᠯᠡᠰ ᠢ ᠬᠦᠴᠦᠷᠬᠡᠭᠵᠢᠬᠦᠯᠦᠨ ᠪᠤᠵᠠᠭᠠᠶᠢᠷᠠᠭᠤᠯᠤᠨ᠎ᠠ᠃ᠪᠦᠬᠦ ᠤᠷᠤᠨ ᠬᠡᠪᠴᠢᠶᠠᠨ ᠤ | ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠤᠨ ᠭᠦᠭᠵᠢᠯᠳᠠ ᠶᠢᠨ ᠤᠶᠢᠯᠠᠭᠠᠭᠳᠠᠬᠤᠨ ᠢ ᠪᠠᠷᠢᠮᠳᠠᠯᠠᠵᠦ᠂ | ︽ᠭᠤᠷᠪᠠᠨ ᠭᠤᠯᠳᠦ ᠲᠠᠪᠤᠨ ᠬᠦᠨᠳᠡᠯᠡᠨ︾ ᠵᠠᠮ ᠬᠠᠷᠢᠯᠴᠠᠭᠠᠨ ᠤ ᠲᠤᠤᠷ ᠱᠤᠭᠤᠮ ᠲᠤ ᠲᠦᠰᠢᠭᠯᠡᠨ᠂ | ᠭᠤᠷᠪᠠᠨ ᠵᠢᠭᠤᠯᠴᠢᠯᠠᠯ ᠤᠨ ᠱᠤᠭᠤᠮ ᠢ ᠨᠠᠷᠢᠯᠢᠭᠵᠢᠭᠤᠯᠤᠨ ᠲᠦᠯᠦᠪᠯᠡᠵᠦ᠂ ᠨᠤᠮᠤᠭᠠᠨ ᠠᠭᠤᠯᠠ᠂ ᠭᠠᠵᠠᠷ | ᠰᠢᠨᠵᠢᠯᠡᠬᠡᠨ ᠤ ᠬᠦᠷᠢᠶᠠᠯᠠᠩ ᠤᠨ ᠮᠦᠸᠧᠽᠢ᠂ ᠸᠠᠩ ᠤᠨ ᠤᠷᠳᠤᠨ᠂ ᠲᠤᠤᠷᠠᠢ ᠶᠢᠨ ᠤᠢ ᠵᠡᠷᠬᠡ ᠲᠦᠷᠪᠡᠨ ᠶᠡᠭᠡ | ᠦᠵᠡᠮᠵᠢ ᠶᠢᠨ ᠤᠷᠤᠨ ᠢ ᠲᠦᠷᠬᠡᠳᠬᠡᠨ ᠪᠠᠶᠢᠭᠤᠯᠵᠦ᠂ ᠬᠡᠬᠡᠨᠳᠡᠯᠡ ᠦᠵᠡᠮᠵᠢ ᠶᠢᠨ ᠤᠷᠤᠨ᠂ ᠰᠢᠷᠡᠮᠦ᠋ᠷᠡᠨ | ᠵᠢᠭᠤᠯᠴᠢᠯᠠᠯ ᠤᠨ ᠤᠷᠤᠨ ᠤ ᠰᠠᠭᠤᠷᠢ ᠲᠦᠬᠦᠬᠡᠷᠦᠮᠵᠢ ᠶᠢ ᠦᠷᠬᠦᠯᠵᠢᠯᠡᠨ ᠰᠠᠶᠢᠵᠢᠷᠠᠭᠤᠯᠵᠦ᠂ ᠵᠢᠭᠤᠯᠴᠢᠯᠠᠯ ᠤᠨ | ᠨᠠᠭᠠᠳᠤᠮ ᠵᠡᠷᠬᠡ ᠡᠯ᠎ᠡ ᠵᠤᠶᠢᠯ ᠤᠨ ᠵᠢᠭᠤᠯᠴᠢᠯᠠᠯ ᠤᠨ ᠪᠠᠶᠠᠷ ᠲᠤᠷᠠᠰᠬᠠᠯ ᠤᠨ ᠬᠦᠳᠡᠯᠬᠡᠬᠡᠨ ᠢ ᠰᠠᠶᠢᠳᠦᠷ | ᠦᠷᠨᠢᠬᠦᠯᠦᠨ᠂ ᠨᠡᠩ ᠤᠯᠠᠨ ᠦᠨᠳᠦᠷ ᠲᠡᠰ ᠤᠨ ᠵᠢᠭᠤᠯᠴᠢᠯᠠᠯ ᠤᠨ ᠰᠢᠨ᠎ᠡ ᠪᠦᠳᠦᠬᠡᠭᠳᠡᠬᠦᠨ ᠢ ᠰᠦᠪᠡᠭᠴᠢᠯᠡᠨ | ᠨᠡᠬᠡᠬᠡᠵᠦ᠂ ᠲᠠᠯ᠎ᠠ ᠨᠤᠳᠤᠭ ᠤᠨ ᠠᠮᠢ ᠠᠬᠤᠢ ᠶᠢᠨ ᠵᠢᠭᠤᠯᠴᠢᠯᠠᠯ᠂ ᠰᠢᠨᠵᠢᠯᠡᠬᠦ ᠤᠬᠠᠭᠠᠨ ᠢ ᠲᠦᠬᠡᠮᠡᠯᠵᠢᠬᠦᠯᠦᠨ | ᠨᠢᠭᠤᠴᠠ ᠶᠢ ᠬᠠᠶᠢᠬᠤ ᠵᠢᠭᠤᠯᠴᠢᠯᠠᠯ ᠪᠤᠯᠤᠨ ᠠᠵᠦ ᠦᠢᠯᠡᠳᠪᠦᠷᠢ ᠶᠢᠨ ᠵᠢᠭᠤᠯᠴᠢᠯᠠᠯ ᠵᠡᠷᠬᠡ ᠵᠢᠭᠤᠯᠴᠢᠯᠠᠯ ᠤᠨ | ᠡᠯᠧᠮᠧᠨ᠋ᠲ ᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠂ ᠤᠷᠤᠨ ᠤ ᠲᠦᠪ ᠠᠴᠠ ᠬᠠᠮᠤᠭ ᠤᠶᠢᠷ᠎ᠠ ᠮᠦᠷᠳᠡᠬᠡᠨ ᠪᠦᠬᠦ | ᠤᠯᠤᠰ ᠢ ᠬᠠᠮᠤᠷᠤᠭᠰᠠᠨ ᠰᠡᠯᠡᠬᠦᠴᠡᠵᠦ ᠠᠮᠠᠷᠠᠬᠤ ᠵᠢᠭᠤᠯᠴᠢᠯᠠᠯ ᠤᠨ ᠭᠠᠵᠠᠷ ᠢ ᠬᠦᠴᠦᠯᠠᠨ ᠪᠠᠶᠢᠭᠤᠯᠵᠦ᠂ | ᠦᠪᠡᠷᠳᠡᠬᠡᠨ ᠵᠠᠰᠠᠬᠤ ᠤᠷᠤᠨ ᠤ ᠬᠡᠪᠴᠢᠶᠠᠳᠠᠢ ᠵᠢᠭᠤᠯᠴᠢᠯᠠᠯ ᠤᠨ ᠵᠢᠱᠢᠶ᠎ᠠ ᠦᠵᠡᠬᠦᠯᠬᠦ ᠬᠤᠰᠢᠭᠤ ᠶᠢ ᠴᠤᠭᠴᠠᠯᠠᠨ | ᠪᠠᠶᠢᠭᠤᠯᠤᠨ᠎ᠠ᠃ 2026 ᠤᠨ ᠪᠤᠯᠬᠤ ᠳᠤ᠂ ᠵᠢᠯ ᠳᠤ 200 ᠲᠦᠮᠡᠨ ᠵᠢᠭᠤᠯᠴᠢᠯᠠᠭᠰᠠᠳ ᠢ ᠬᠦᠯᠢᠶᠠᠨ | ᠵᠤᠴᠢᠯᠠᠵᠦ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ ᠶᠢ 26 ᠳ᠋ᠦᠩᠰᠢᠭᠤᠷ ᠠᠴᠠ ᠲᠠᠪᠠᠭᠤᠯᠤᠨ᠂ 6 ᠲᠦᠮᠡᠨ | ᠬᠦᠮᠦᠨ ᠢ ᠲᠠᠶᠢᠴᠢᠯᠠᠨ ᠠᠵᠢᠯ ᠤᠯᠭᠤᠬᠤ ᠪᠠᠷ ᠴᠢᠷᠮᠠᠶᠢᠨ᠎ᠠ᠃ ᠲᠠᠸᠠᠷ ᠤᠨ ᠠᠷᠠᠯᠵᠢᠶᠠᠨ ᠤ ᠬᠦᠢᠯᠬᠡᠬᠡᠨ ᠤ ᠠᠵᠦ | ᠤᠶᠢᠯᠡᠰ ᠤᠨ ᠬᠦᠭᠵᠢᠯᠳᠠ ᠶᠢ ᠲᠦᠷᠬᠡᠳᠬᠡᠨ ᠠᠬᠢᠭᠤᠯᠤᠨ᠎ᠠ᠃ ᠲᠠᠸᠠᠷ ᠤᠨ ᠠᠷᠠᠯᠵᠢᠶᠠᠨ ᠤ ᠬᠦᠢᠯᠬᠡᠬᠡ ᠶᠢᠨ | ᠪᠦᠳᠦᠴᠡ ᠶᠢ ᠲᠠᠰᠤᠷᠠᠯᠳᠠ ᠦᠭᠡᠢ ᠰᠢᠯᠢᠳᠡᠭᠵᠢᠬᠦᠯᠦᠨ᠂ ᠭᠤᠤᠯ ᠴᠤᠭᠴᠠ ᠨᠢ ᠤᠯᠠᠨ ᠲᠠᠯᠠᠳᠦ ᠪᠠ | ᠪᠠᠶᠢᠷᠢᠯᠠᠭᠤᠯᠤᠯᠳᠠ ᠨᠢ ᠵᠦᠢ ᠵᠤᠬᠢᠰᠳᠠᠢ ᠤᠳᠤᠬᠢᠴᠢᠯᠠᠭᠰᠠᠨ ᠲᠠᠸᠠᠷ ᠤᠨ ᠠᠷᠠᠯᠵᠢᠶᠠᠨ ᠤ ᠬᠦᠢᠯᠬᠡᠬᠡᠨ ᠤ ᠬᠦᠭᠵᠢᠯᠳᠠ | ᠶᠢᠨ ᠪᠦᠳᠦᠴᠡ ᠶᠢ ᠪᠦᠷᠢᠯᠳᠦᠬᠦᠯᠦᠨ᠎ᠡ᠃ ᠡᠯᠧᠺᠲᠷᠤᠨ ᠬᠤᠳᠠᠯᠳᠤᠭᠠᠨ ᠤ ᠨᠠᠶᠢᠳᠠ ᠶᠢᠨ ᠦᠢᠯᠡᠴᠢᠯᠡᠬᠡᠨ ᠤ | ᠰᠢᠰᠲ᠋ᠧᠮ ᠢ ᠦᠷᠬᠦᠯᠵᠢᠯᠡᠨ ᠲᠡᠬᠦᠯᠳᠡᠷᠵᠢᠬᠦᠯᠵᠦ᠂ ᠡᠯᠧᠺᠲᠷᠤᠨ ᠬᠤᠳᠠᠯᠳᠤᠭᠠᠨ ᠤ ᠬᠠᠩᠭᠠᠯᠭ᠎ᠠ ᠶᠢᠨ ᠬᠡᠯᠬᠢᠶ᠎ᠠ ᠶᠢ | ᠪᠤᠵᠠᠭᠠᠶᠢᠷᠠᠭᠤᠯᠤᠨ᠂ ᠤᠶᠢᠯᠠᠳᠪᠦᠷᠢᠯᠡᠯ ᠪᠤᠷᠤᠯᠠᠭᠤᠯᠭ᠎ᠠ ᠶᠢᠨ ᠵᠠᠯᠭᠠᠯᠳᠤᠯᠤᠯ ᠢ ᠠᠬᠢᠭᠤᠯᠤᠨ᠎ᠠ᠃ ᠭᠥᠸᠧ ᠲᠥᠩ ᠡᠳ᠋ | ᠪᠤᠳᠠᠰ ᠤᠨ ᠬᠦᠢᠯᠬᠡᠬᠡᠨ ᠤ ᠲᠤᠭᠤᠷᠢᠭ ᠤᠨ ᠠᠵᠢᠯ ᠲᠦᠷᠦᠯ ᠤᠨ ᠪᠠᠶᠢᠷᠢᠯᠠᠭᠤᠯᠤᠯᠳᠠ ᠪᠠ ᠦᠢᠯᠡᠴᠢᠯᠡᠬᠡᠨ ᠤ | ᠴᠢᠳᠠᠮᠵᠢ ᠶᠢ ᠲᠦᠷᠬᠡᠳᠬᠡᠨ ᠰᠠᠶᠢᠵᠢᠷᠠᠭᠤᠯᠵᠦ᠂ ᠡᠳ᠋ ᠪᠤᠳᠠᠰ ᠤᠨ ᠬᠦᠢᠯᠬᠡᠬᠡ ᠶᠢᠨ ᠰᠤᠷᠠᠭ ᠵᠠᠩᠭᠢᠴᠢᠯᠠᠭᠰᠠᠨ᠂ | ᠤᠶᠤᠨᠴᠢᠯᠠᠭᠰᠠᠨ᠂ ᠪᠠᠷᠢᠮᠵᠢᠶᠠᠵᠢᠭᠰᠠᠨ ᠬᠢᠷᠢ ᠲᠦᠪᠰᠢᠨ ᠢ ᠲᠡᠬᠡᠭᠰᠢᠯᠡᠬᠦᠯᠦᠨ᠎ᠡ᠃ ᠵᠢᠩ ᠰᠢᠨ᠂ ᠯᠢᠦᠢ ᠰᠢᠶᠦ᠋ᠨ | ᠬᠤᠸᠠᠨ ᠵᠡᠷᠬᠡ ᠠᠵᠦ ᠠᠬᠤᠶᠢᠯᠠᠯ ᠳᠤ ᠲᠦᠰᠢᠭᠯᠡᠨ᠂ ᠮᠠᠯ ᠲᠠᠷᠢᠶᠠᠯᠠᠩ ᠤᠨ ᠪᠦᠳᠦᠬᠡᠭᠳᠡᠬᠦᠨ ᠤ ᠬᠦᠢᠯᠬᠡᠬᠡᠨ ᠤ | ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠦ᠂ ︽ᠪᠦᠳᠦᠬᠡᠭᠳᠡᠬᠦᠨ + ᠪᠤᠷᠤᠭᠤᠯᠤᠯᠳᠠ︾ ᠶᠢ ᠨᠢᠬᠡ | ᠰᠢᠰᠲ᠋ᠧᠮᠴᠢᠯᠡᠭᠰᠡᠨ ᠡᠵᠡᠩᠨᠡᠯᠳᠠ ᠶᠢᠨ ᠮᠠᠯ ᠲᠠᠷᠢᠶᠠᠯᠠᠩ ᠤᠨ ᠪᠦᠳᠦᠬᠡᠭᠳᠡᠬᠦᠨ ᠤ ᠬᠦᠢᠯᠬᠡᠬᠡ ᠶᠢᠨ ᠠᠵᠦ ᠠᠬᠤᠶᠢᠯᠠᠯ ᠢ | ᠪᠠᠶᠢᠭᠤᠯᠤᠨ᠂ ᠮᠠᠯᠵᠢᠬᠤ ᠲᠠᠷᠢᠶᠠᠯᠠᠩ ᠦᠢᠯᠡᠰ ᠤᠨ ᠦᠪᠡᠰᠦᠪᠡᠨ ᠡᠵᠡᠩᠨᠡᠬᠦ ᠬᠢᠷᠢ ᠲᠦᠪᠰᠢᠨ ᠢ ᠲᠡᠬᠡᠭᠰᠢᠯᠡᠬᠦᠯᠦᠨ᠎ᠡ᠃ | 2026 ᠤᠨ ᠪᠤᠯᠬᠤ ᠳᠤ᠂ ᠲᠠᠸᠠᠷ ᠤᠨ ᠠᠷᠠᠯᠵᠢᠶᠠᠨ ᠤ ᠬᠦᠢᠯᠬᠡᠬᠡᠨ ᠤ ᠬᠡᠪᠴᠢᠶᠠᠨ ᠳᠤ 5 ᠠᠴᠠ ᠲᠡᠬᠡᠭᠰᠢ ᠠᠵᠦ | ᠠᠬᠤᠶᠢᠯᠠᠯ ᠨᠡᠮᠡᠭᠳᠡᠬᠦᠯᠵᠦ᠂ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠭᠤᠯᠤᠯᠳᠠ ᠶᠢᠨ ᠶᠡᠷᠦᠩᠭᠡᠢ ᠲᠤᠭ᠎ᠠ ᠶᠢ 19. | 5 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠴᠢᠷᠮᠠᠶᠢᠨ᠎ᠠ᠃ ᠭᠠᠳᠠᠭᠠᠳᠦ ᠠᠷᠠᠯᠵᠢᠶᠠᠨ ᠤ ᠦᠪᠡᠷ ᠤᠨ ᠭᠠᠷᠭᠠᠯᠳᠠ | ᠶᠢ ᠰᠠᠶᠢᠳᠦᠷ ᠬᠢᠵᠦ᠂ ᠭᠠᠳᠠᠭᠠᠳᠦ ᠠᠷᠠᠯᠵᠢᠶᠠᠨ ᠤ ᠭᠠᠳᠠᠭᠰᠢ ᠭᠠᠷᠭᠠᠬᠤ ᠵᠠᠬ᠎ᠠ ᠲᠡᠯᠬᠡᠬᠦᠷ ᠪᠠ ᠬᠦᠷᠢᠶ᠎ᠠ ᠬᠡᠪᠴᠢᠶ᠎ᠠ | ᠶᠢ ᠦᠷᠬᠡᠳᠬᠡᠨ᠂ ᠨᠡᠩ ᠤᠯᠠᠨ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠢ ᠵᠢᠯᠤᠭᠤᠳᠤᠨ ᠤᠯᠠᠨ ᠤᠯᠤᠰ ᠤᠨ | ᠭᠠᠳᠠᠭᠠᠳᠦ ᠵᠠᠬ᠎ᠠ ᠲᠡᠯᠬᠡᠬᠦᠷ ᠲᠤ ᠭᠠᠷᠭᠠᠨ᠎ᠠ᠃ᠮᠦᠩᠭᠦᠨ ᠬᠦᠢᠯᠬᠡᠬᠡᠨ ᠤ ᠦᠢᠯᠡᠰ ᠤᠨ ᠦᠢᠯᠡᠴᠢᠯᠡᠬᠡᠨ ᠤ ᠬᠢᠷᠢ | ᠲᠦᠪᠰᠢᠨ ᠢ ᠪᠦᠬᠦ ᠬᠦᠴᠦᠨ ᠢᠶᠠᠷ ᠲᠡᠬᠡᠭᠰᠢᠯᠡᠬᠦᠯᠦᠨ᠎ᠡ᠃ ᠮᠦᠩᠭᠦᠨ ᠬᠦᠢᠯᠬᠡᠬᠡᠨ ᠤ ᠲᠦᠭᠰᠢᠬᠦᠷᠢ ᠶᠢ ᠰᠡᠷᠬᠡᠶᠢᠯᠡᠨ | ᠡᠵᠡᠮᠳᠡᠬᠦ᠂ ᠮᠦᠩᠭᠦᠨ ᠬᠦᠢᠯᠬᠡᠬᠡᠨ ᠤ ᠦᠬᠡᠷᠡᠴᠢᠯᠡᠯᠳᠠ ᠶᠢ ᠬᠦᠨᠵᠡᠬᠡᠶᠢᠷᠡᠬᠦᠯᠬᠦ᠂ ᠮᠦᠩᠭᠦᠨ ᠬᠦᠢᠯᠬᠡᠬᠡᠨ ᠤ ᠬᠢᠨᠠᠨ | ᠬᠠᠮᠢᠶᠠᠷᠤᠯᠳᠠ ᠶᠢ ᠴᠢᠩᠭᠠᠳᠬᠠᠬᠤ ᠵᠡᠷᠬᠡ ᠠᠷᠭ᠎ᠠ ᠬᠡᠮᠵᠢᠶ᠎ᠠ ᠪᠠᠷ ᠭᠠᠷᠳᠠᠴᠠ ᠪᠤᠯᠭᠠᠨ᠂ ᠤᠳᠦ ᠪᠠᠶᠢᠭ᠎ᠠ ᠮᠦᠩᠭᠦᠨ | ᠬᠦᠢᠯᠬᠡᠬᠡᠨ ᠤ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠮᠦᠩᠭᠦᠨ ᠬᠦᠢᠯᠬᠡᠬᠡ ᠠᠴᠠ ᠪᠤᠳᠠᠳᠦ | ᠠᠵᠦ ᠠᠬᠤᠢ ᠶᠢ ᠲᠡᠮᠵᠢᠬᠦ ᠪᠦᠳᠦᠮᠵᠢᠳᠠᠢ ᠲᠤᠭᠳᠠᠴᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠂ ᠲᠦᠬᠡᠮᠡᠯ | ᠬᠠᠷᠠᠭᠠᠯᠵᠠᠯᠳᠦ ᠮᠦᠩᠭᠦᠨ ᠬᠦᠢᠯᠬᠡᠬᠡ᠂ ᠪᠠᠶᠢᠭᠠᠯᠢᠯᠢᠭ ᠮᠦᠩᠭᠦᠨ ᠬᠦᠢᠯᠬᠡᠬᠡ ᠶᠢ ᠢᠳᠠᠪᠬᠢᠳᠠᠢ ᠭᠦᠭᠵᠢᠬᠦᠯᠦᠨ᠎ᠡ᠃ | ᠬᠡᠪ ᠤᠨ ᠪᠤᠰᠦ ᠡᠳ᠋ ᠬᠦᠷᠦᠩᠭᠡ ᠶᠢ ᠰᠠᠶᠢᠳᠦᠷ ᠰᠢᠢᠳᠪᠦᠷᠢᠯᠡᠵᠦ᠂ ᠠᠷᠠᠳ ᠤᠨ ᠲᠤᠮᠳᠠᠬᠢ ᠵᠢᠬᠡᠯᠡᠯᠬᠡ ᠶᠢ ᠬᠠᠤᠯᠢ | ᠶᠤᠰᠤᠭᠠᠷ ᠲᠦᠷᠢᠮᠵᠢᠬᠦᠯᠦᠨ᠂ ᠬᠠᠤᠯᠢ ᠪᠤᠰᠦ ᠪᠠᠷ ᠬᠦᠷᠦᠩᠭᠡ ᠴᠤᠭᠯᠠᠭᠤᠯᠬᠤ ᠶᠢ ᠰᠡᠷᠬᠡᠶᠢᠯᠡᠨ ᠬᠤᠷᠢᠭᠯᠠᠬᠤ ᠠᠵᠢᠯ ᠢ | ᠡᠮᠬᠢ ᠵᠢᠷᠤᠮ ᠲᠠᠢ ᠠᠬᠢᠭᠤᠯᠵᠦ᠂ ᠮᠦᠩᠭᠦᠨ ᠬᠦᠢᠯᠬᠡᠬᠡᠨ ᠤ ᠰᠢᠰᠲ᠋ᠧᠮ ᠤᠨ ᠴᠢᠨᠠᠷ ᠲᠠᠢ ᠲᠦᠭᠰᠢᠬᠦᠷᠢ ᠭᠠᠷᠬᠤ | ᠦᠭᠡᠢ ᠪᠠᠶᠢᠬᠤ ᠬᠤᠷᠢᠭ᠎ᠠ ᠱᠤᠭᠤᠮ ᠢ ᠰᠠᠶᠢᠳᠦᠷ ᠰᠠᠬᠢᠨ᠎ᠠ᠃ | ︵ᠲᠦᠷᠪᠡ︶ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠵᠠᠮ ᠢ ᠪᠠᠷᠢᠮᠳᠠᠯᠠᠨ᠂ ᠬᠤᠳᠠ ᠬᠦᠳᠡᠭᠡ ᠶᠢᠨ | ᠬᠠᠮ ᠬᠦᠭᠵᠢᠯᠳᠠ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠬᠦᠮᠦᠨ ᠢᠶᠠᠷ ᠦᠨᠳᠦᠰᠦ ᠪᠤᠯᠭᠠᠬᠤ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠲᠦᠯᠦᠪᠵᠢᠬᠦᠯᠦᠨ | ᠨᠢᠬᠡᠳᠦᠯᠵᠢᠬᠦᠯᠵᠦ᠂ ᠬᠦᠭᠵᠢᠯᠳᠠ ᠶᠢᠨ ᠪᠠᠶᠢᠷᠢᠯᠠᠭᠤᠯᠤᠯᠳᠠ ᠶᠢ ᠲᠠᠰᠤᠷᠠᠯᠳᠠ ᠦᠭᠡᠢ ᠰᠢᠯᠢᠳᠡᠭᠵᠢᠬᠦᠯᠦᠨ᠂ ᠬᠤᠳᠠ | ᠪᠠᠯᠭᠠᠰᠤᠨ ᠤ ᠦᠢᠯᠡᠴᠢᠯᠡᠬᠡᠨ ᠤ ᠴᠢᠳᠠᠮᠵᠢ ᠶᠢ ᠲᠡᠬᠦᠯᠳᠡᠷᠵᠢᠬᠦᠯᠬᠦ ᠪᠠᠷ ᠭᠤᠤᠯᠳᠠᠯᠭ᠎ᠠ ᠪᠤᠯᠭᠠᠵᠦ᠂ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠤᠷᠴᠢᠮ ᠲᠤᠭᠤᠷᠢᠨ ᠤ ᠲᠠᠭᠠᠭᠠᠴᠠ ᠶᠢᠨ | ᠴᠢᠳᠠᠮᠵᠢ ᠶᠢ ᠲᠡᠬᠡᠭᠰᠢᠯᠡᠬᠦᠯᠦᠨ᠎ᠡ᠃ | ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠴᠢᠨᠠᠷ ᠢ ᠲᠡᠬᠡᠭᠰᠢᠯᠡᠬᠦᠯᠦᠨ᠎ᠡ᠃ ᠤᠯᠤᠰ ᠤᠨ ᠭᠠᠵᠠᠷ | ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠬᠡ ᠪᠠ ᠡᠯ᠎ᠡ ᠵᠤᠶᠢᠯ ᠤᠨ ᠲᠤᠰᠬᠠᠢ ᠲᠦᠯᠦᠪᠵᠢᠬᠦᠯᠬᠡ ᠶᠢ ᠰᠢᠨᠵᠢᠯᠡᠬᠦ | ᠤᠬᠠᠭᠠᠨᠴᠢ ᠪᠠᠷ ᠵᠤᠭᠯᠭᠠᠯᠳᠤᠭᠤᠯᠬᠤ ᠶᠢ ᠦᠨᠳᠦᠷ ᠪᠠᠷᠢᠮᠵᠢᠶ᠎ᠠ ᠪᠠᠷ ᠠᠬᠢᠭᠤᠯᠵᠦ᠂ ᠤᠷᠤᠨ ᠵᠠᠢ ᠶᠢᠨ | ᠪᠠᠶᠢᠷᠢᠯᠠᠭᠤᠯᠤᠯᠳᠠ ᠶᠢ ᠲᠠᠰᠤᠷᠠᠯᠳᠠ ᠦᠭᠡᠢ ᠰᠢᠯᠢᠳᠡᠭᠵᠢᠬᠦᠯᠦᠨ᠂ ᠬᠤᠳᠠ ᠪᠠᠯᠭᠠᠰᠤᠨ ᠤ ᠴᠢᠳᠠᠮᠵᠢ ᠶᠢ | ᠲᠡᠬᠦᠯᠳᠡᠷᠵᠢᠬᠦᠯᠵᠦ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠬᠦᠭᠵᠢᠯᠳᠠ ᠶᠢᠨ ᠴᠢᠨᠠᠷ ᠴᠢᠨᠰᠠᠭ᠎ᠠ ᠶᠢ | ᠦᠨᠡᠨᠬᠦ ᠲᠡᠬᠡᠭᠰᠢᠯᠡᠬᠦᠯᠦᠨ᠎ᠡ᠃ 15.6 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ ᠤᠰᠤᠨ ᠤ ᠡᠬᠢ | ᠰᠤᠷᠪᠤᠯᠵᠢ ᠶᠢ ᠲᠡᠬᠡᠭᠰᠢᠯᠡᠬᠦᠯᠬᠦ᠂ ᠢᠯᠴᠢ ᠬᠠᠩᠭᠠᠬᠤ ᠬᠤᠭᠤᠯᠠᠢ ᠲᠤᠤᠷ ᠢ ᠰᠢᠨᠡᠳᠬᠡᠬᠦ᠂ ᠪᠤᠷᠤᠭᠠᠨ ᠤ ᠤᠰᠤᠨ ᠳᠠᠬᠢ | ᠪᠤᠬᠢᠷᠳᠤᠯ ᠢ ᠢᠯᠭᠠᠷᠠᠭᠤᠯᠬᠤ ᠪᠠ ᠬᠤᠳᠠ ᠪᠠᠯᠭᠠᠰᠤᠨ ᠤ ᠵᠠᠮ ᠬᠠᠷᠢᠯᠴᠠᠭ᠎ᠠ ᠵᠡᠷᠬᠡ 10 ᠭᠤᠤᠯᠳᠠᠯᠭ᠎ᠠ ᠲᠠᠢ | ᠢᠨᠵᠧᠨᠧᠷᠢᠩ ᠢ ᠲᠠᠭᠤᠰᠬᠠᠨ᠎ᠠ᠃ 13.5 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ ᠲᠠᠢ ᠾᠧ | ᠬᠤᠷᠢᠶᠠᠯᠠᠯ ᠤᠨ ᠢᠦᠢ ᠱᠦ᠂ ᠾᠧ ᠶᠤᠸᠠᠨ ᠵᠡᠷᠬᠡ 4 ᠭᠤᠶᠢᠳᠠ ᠰᠠᠶᠢᠬᠠᠨ ᠰᠠᠭᠤᠭᠠᠯᠢ ᠲᠤᠭᠤᠷᠢᠭ ᠢ ᠭᠤᠤᠯᠳᠠᠯᠭ᠎ᠠ | ᠲᠠᠢ ᠪᠠᠶᠢᠭᠤᠯᠤᠨ᠂ ᠪᠠᠷᠢᠯᠭ᠎ᠠ ᠶᠢᠨ ᠲᠠᠯᠠᠪᠠᠢ ᠶᠢ 80 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠵᠦ | ᠪᠠᠶᠢᠭᠤᠯᠤᠨ᠎ᠠ᠃ ᠪᠤᠷᠦ ᠲᠤᠭᠤᠷᠢᠭ᠂ ᠬᠠᠭᠤᠴᠢᠨ ᠲᠤᠭᠤᠷᠢᠭ ᠢ ᠰᠢᠨᠡᠴᠢᠯᠡᠬᠦ ᠢᠨᠵᠧᠨᠧᠷᠢᠩ ᠢ ᠪᠤᠳᠠᠳᠠᠢ ᠠᠬᠢᠭᠤᠯᠵᠦ᠂ | ᠬᠡᠷ ᠬᠦᠷᠦᠩᠭᠡ ᠶᠢᠨ ᠲᠦᠷᠦᠯ ᠵᠤᠶᠢᠯ ᠤᠨ ᠦᠯᠡᠳᠡᠭᠳᠡᠯ ᠠᠰᠠᠭᠤᠳᠠᠯ ᠢ ᠦᠷᠬᠦᠯᠵᠢᠯᠡᠨ ᠰᠢᠢᠳᠪᠦᠷᠢᠯᠡᠨ᠎ᠡ᠃ ᠤᠯᠠᠨ | ᠨᠠᠶᠢᠳᠠ ᠶᠢᠨ ᠲᠡᠷᠬᠡ ᠵᠤᠭᠰᠤᠭᠠᠬᠤ ᠲᠠᠯᠠᠪᠤᠷ᠂ ᠴᠠᠬᠢᠯᠭᠠᠨ ᠴᠡᠨᠡᠭᠯᠡᠬᠦ ᠵᠡᠯ᠎ᠡ᠂ ᠰᠠᠭᠠᠳ ᠦᠭᠡᠢ ᠲᠤᠨᠤᠭᠯᠠᠯ ᠵᠡᠷᠬᠡ | ᠲᠦᠬᠦᠷᠵᠢᠭᠰᠡᠨ ᠪᠦᠳᠦᠬᠡᠨ ᠪᠠᠶᠢᠭᠤᠯᠤᠯᠳᠠ ᠶᠢ ᠦᠷᠬᠡᠳᠬᠡᠨ᠎ᠡ᠃ ᠦᠪᠡᠷᠳᠡᠬᠡᠨ ᠵᠠᠰᠠᠬᠤ ᠤᠷᠤᠨ ᠤ ᠲᠡᠰ ᠤᠨ ᠤᠢ | ᠰᠢᠭᠤᠢ ᠶᠢᠨ ᠬᠤᠰᠢᠭᠤ ᠰᠢᠶᠠᠨ ᠢ ᠪᠠᠶᠢᠭᠤᠯᠬᠤ ᠪᠠᠷ ᠬᠠᠷᠠᠯᠳᠠ ᠪᠠᠨ ᠪᠤᠯᠭᠠᠵᠦ᠂ ᠡᠯ᠎ᠡ ᠵᠤᠶᠢᠯ ᠤᠨ ᠬᠠᠷᠮᠠᠨ | ᠴᠡᠴᠡᠷᠯᠢᠭ᠂ ᠵᠠᠬᠡᠯᠢ ᠭᠤᠳᠤᠮᠵᠢᠨ ᠤ ᠨᠤᠭᠤᠭᠠᠷᠠᠭᠤᠯᠤᠯᠳᠠ ᠶᠢ ᠪᠦᠳᠦᠬᠡᠨ ᠪᠠᠶᠢᠭᠤᠯᠬᠤ ᠠᠯᠬᠤᠮ ᠢᠶᠠᠨ ᠲᠦᠷᠬᠡᠳᠬᠡᠨ | ᠂ ︽300 ᠮᠧᠲᠷ ᠲᠤᠳᠤᠷ᠎ᠠ ᠨᠤᠭᠤᠭᠠᠷᠠᠭᠤᠯᠤᠯᠳᠠ ᠬᠠᠷᠠᠭᠳᠠᠬᠤ᠂ 500 ᠮᠧᠲᠷ ᠲᠤᠳᠤᠷ᠎ᠠ ᠴᠡᠴᠡᠷᠯᠢᠭ | ᠬᠠᠷᠠᠭᠳᠠᠬᠤ︾ ᠶᠢ ᠴᠢᠷᠮᠠᠶᠢᠨ ᠪᠠᠶᠠᠯᠡᠬᠦᠯᠵᠦ᠂ ᠬᠤᠳᠠ ᠪᠠᠯᠭᠠᠰᠤᠨ ᠤ ᠲᠦᠷᠢ ᠲᠦᠷᠬᠦ ᠪᠠ ᠰᠠᠭᠤᠬᠤ ᠤᠷᠴᠢᠨ | ᠠᠬᠤᠢ ᠶᠢ ᠬᠦᠴᠦᠯᠠᠨ ᠰᠠᠶᠢᠵᠢᠷᠠᠭᠤᠯᠤᠨ᠎ᠠ᠃ | ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠮᠠᠯ ᠵᠠᠮ ᠤᠨ ᠲᠤᠤᠷ | ᠰᠦᠯᠵᠢᠶᠠᠨ ᠤ ᠪᠦᠬᠦᠶᠢᠯᠠ ᠴᠤᠭᠴᠠᠳᠦ ᠦᠢᠯᠡᠴᠢᠯᠡᠬᠡᠨ ᠤ ᠴᠢᠳᠠᠮᠵᠢ ᠶᠢ ᠲᠡᠬᠡᠭᠰᠢᠯᠡᠬᠦᠯᠵᠦ᠂ 1400 ᠺᠢᠯᠤᠮᠧᠲᠷ | ᠤᠨ ᠵᠠᠰᠠᠮᠠᠯ ᠵᠠᠮ ᠢ ᠰᠢᠨ᠎ᠡ ᠪᠠᠷ ᠵᠠᠰᠠᠨ ᠪᠠᠶᠢᠭᠤᠯᠤᠨ᠎ᠠ᠃ ᠵᠢᠭᠤᠯᠴᠢᠯᠠᠯ ᠤᠨ ᠵᠠᠮ ᠱᠤᠭᠤᠮ᠂ ᠡᠬᠢ ᠪᠠᠶᠠᠯᠢᠭ ᠤᠨ | ᠵᠠᠮ ᠱᠤᠭᠤᠮ ᠪᠠ ᠠᠵᠦ ᠤᠶᠢᠯᠡᠰ ᠤᠨ ᠵᠠᠮ ᠱᠤᠭᠤᠮ ᠤᠨ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂ | ᠤᠯᠠᠭᠠᠨᠬᠤᠸᠠ ᠪᠠᠯᠭᠠᠰᠤ ᠠᠴᠠ ᠬᠦᠬᠡᠬᠤᠳᠠ ᠬᠦᠷᠬᠦ ᠦᠨᠳᠦᠷ ᠬᠤᠷᠳᠤᠴᠠᠳᠦ ᠵᠠᠰᠠᠮᠠᠯ ᠵᠠᠮ ᠤᠨ ᠬᠢᠷᠢ ᠲᠦᠪᠰᠢᠨ ᠢ | ᠤᠯᠬᠤ ᠪᠠᠷ ᠴᠢᠷᠮᠠᠶᠢᠨ᠂ ᠡᠷᠢᠶᠠᠨ ᠬᠤᠳᠠ᠂ ᠵᠢᠨᠢᠩ ᠬᠦᠷᠬᠦ ᠨᠢᠬᠡᠳᠦᠬᠡᠷ ᠲᠠᠰ ᠤᠨ ᠵᠠᠰᠠᠮᠠᠯ ᠵᠠᠮ ᠤᠨ ᠪᠠᠷᠢᠮᠵᠢᠶ᠎ᠠ ᠳᠤ | ᠬᠦᠷᠬᠡᠵᠦ᠂ ᠬᠤᠳᠠ ᠬᠦᠳᠡᠭᠡ ᠶᠢᠨ ᠵᠠᠮ ᠬᠠᠷᠢᠯᠴᠠᠭ᠎ᠠ ᠲᠡᠬᠡᠬᠡᠪᠦᠷᠢ ᠶᠢ ᠨᠢᠬᠡ ᠴᠤᠭᠴᠠᠵᠢᠭᠤᠯᠤᠨ ᠬᠦᠭᠵᠢᠬᠦᠯᠬᠦ ᠶᠢ | ᠪᠠᠶᠠᠯᠡᠬᠦᠯᠦᠨ᠂ ᠤᠯᠠᠨ ᠲᠦᠮᠡᠨ ᠤ ᠭᠠᠳᠠᠭᠰᠢ ᠭᠠᠷᠬᠤ ᠳᠤ ᠨᠡᠩ ᠲᠦᠬᠦᠮ ᠲᠦᠳᠠ ᠶᠢ ᠠᠪᠴᠢᠷᠠᠨ᠎ᠠ᠃ ᠨᠠᠶᠢᠳᠠᠮ | ᠬᠡᠷᠡᠭᠯᠡᠬᠦ ᠨᠢᠰᠬᠡᠯ ᠤᠨ ᠲᠠᠯᠠᠪᠤᠷ ᠤᠨ ᠲᠦᠷᠦᠯ ᠵᠤᠶᠢᠯ ᠢ ᠲᠦᠷᠬᠡᠳᠬᠡᠨ ᠠᠬᠢᠭᠤᠯᠵᠦ᠂ ᠠᠭᠠᠷ ᠤᠨ ᠠᠶᠠᠯᠠᠯ ᠤᠨ | ᠬᠤᠭᠤᠰᠤᠨ ᠢ ᠨᠦᠬᠦᠪᠦᠷᠢᠯᠡᠨ᠎ᠡ᠃ 35 ᠺᠢᠯᠤᠸᠠᠲ ᠵᠢᠴᠢ ᠲᠡᠬᠦᠨ ᠠᠴᠠ ᠲᠡᠬᠡᠭᠰᠢᠬᠢ ᠴᠠᠬᠢᠯᠭᠠᠨ ᠬᠤᠪᠢᠰᠬᠠᠭᠤᠷ ᠤᠨ | ᠦᠷᠳᠡᠭᠡ 6 ᠶᠢ ᠰᠢᠨ᠎ᠡ ᠪᠠᠷ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠲᠤᠤᠷ ᠰᠦᠯᠵᠢᠶ᠎ᠠ᠂ ᠬᠤᠳᠠ | ᠪᠠᠯᠭᠠᠰᠤᠨ ᠤ ᠲᠤᠤᠷ ᠢ ᠰᠢᠨᠡᠳᠬᠡᠨ ᠬᠠᠯᠠᠬᠤ ᠢᠨᠵᠧᠨᠧᠷᠢᠩ ᠢ ᠬᠡᠷᠡᠭᠵᠢᠬᠦᠯᠦᠨ᠂ ᠴᠠᠬᠢᠯᠭᠠᠨ ᠬᠠᠩᠭᠠᠵᠦ ᠭᠠᠷᠭᠠᠬᠤ | ᠶᠢᠨ ᠨᠠᠶᠢᠳᠠᠪᠤᠷᠢᠳᠦ ᠴᠢᠨᠠᠷ ᠪᠠ ᠲᠤᠭᠳᠠᠪᠤᠷᠢᠳᠦ ᠴᠢᠨᠠᠷ ᠢ ᠲᠡᠬᠡᠭᠰᠢᠯᠡᠬᠦᠯᠦᠨ᠎ᠡ᠃ ᠬᠦᠮᠦᠨ ᠠᠮᠢᠳᠠᠨ ᠤ ᠤᠤᠭᠤᠬᠤ | ᠤᠰᠦ ᠶᠢ ᠪᠠᠳᠤᠯᠠᠬᠤ ᠴᠢᠳᠠᠮᠵᠢ ᠶᠢ ᠪᠠᠬᠢᠵᠢᠬᠦᠯᠦᠨ ᠲᠡᠬᠡᠭᠰᠢᠯᠡᠬᠦᠯᠵᠦ᠂ ᠭᠤᠷᠪᠠᠨ ᠵᠢᠯ ᠤᠨ ᠬᠤᠭᠤᠴᠠᠭᠠᠨ ᠲᠤᠳᠤᠷ᠎ᠠ | ᠮᠠᠯᠵᠢᠬᠤ ᠤᠷᠤᠨ ᠤ ᠬᠤᠯᠠ ᠠᠴᠠ ᠤᠰᠦ ᠲᠠᠳᠠᠬᠤ ᠠᠰᠠᠭᠤᠳᠠᠯ ᠢ ᠰᠢᠢᠳᠪᠦᠷᠢᠯᠡᠨ᠎ᠡ᠃ 5G ᠶᠢᠨ ᠰᠠᠭᠤᠷᠢ | ᠲᠦᠬᠦᠬᠡᠷᠦᠮᠵᠢ ᠶᠢᠨ ᠪᠠᠶᠢᠭᠤᠯᠤᠯᠳᠠ ᠶᠢ ᠲᠡᠬᠦᠯᠳᠡᠷᠵᠢᠬᠦᠯᠵᠦ᠂ ᠲᠤᠤᠷ ᠰᠦᠯᠵᠢᠶᠠᠨ ᠤ ᠬᠠᠮᠤᠷᠬᠤ ᠨᠤᠷᠮ᠎ᠡ ᠶᠢ | ᠲᠡᠬᠡᠭᠰᠢᠯᠡᠬᠦᠯᠦᠨ᠎ᠡ᠃ | ︵ᠲᠠᠪᠤ︶ ᠦᠬᠡᠷᠡᠴᠢᠯᠡᠯᠳᠠ ᠡᠬᠦᠳᠦᠯᠳᠠ ᠶᠢᠨ ᠵᠠᠮ ᠢ ᠪᠠᠷᠢᠮᠳᠠᠯᠠᠨ᠂ ᠬᠤᠳᠠᠯᠳᠤᠭ᠎ᠠ ᠡᠵᠡᠩᠨᠡᠬᠦ ᠤᠷᠴᠢᠨ ᠢ | ᠦᠷᠬᠦᠯᠵᠢᠯᠡᠨ ᠰᠠᠶᠢᠵᠢᠷᠠᠭᠤᠯᠤᠨ᠎ᠠ᠃ | ᠦᠬᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ᠂ ᠵᠠᠩᠭᠢᠯᠭ᠎ᠠ | ᠭᠤᠭᠴᠤᠭ᠎ᠠ ᠶᠢᠨ ᠦᠬᠡᠷᠡᠴᠢᠯᠡᠯᠳᠠ ᠶᠢᠨ ᠰᠢᠨ᠎ᠡ ᠰᠢᠪᠳᠤᠯᠤᠯᠳᠠ ᠶᠢ ᠬᠦᠴᠦᠯᠠᠨ ᠠᠬᠢᠭᠤᠯᠵᠦ᠂ ᠲᠦᠷᠢᠮ ᠤᠨ | ᠲᠠᠪᠠᠭᠤᠯᠢᠭ ᠢ ᠵᠠᠰᠠᠯᠳᠠ ᠶᠢᠨ ᠪᠦᠳᠦᠮᠵᠢ ᠪᠤᠯᠭᠠᠨ ᠰᠢᠯᠵᠢᠬᠦᠯᠬᠦ ᠶᠢ ᠠᠬᠢᠭᠤᠯᠤᠨ᠂ ᠠᠵᠦ ᠠᠬᠤᠢ ᠶᠢᠨ ᠴᠢᠨᠠᠷ | ᠰᠠᠶᠢᠳᠠᠢ ᠬᠦᠭᠵᠢᠯᠳᠠ ᠶᠢ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠳᠠᠬᠢ | ᠦᠬᠡᠷᠡᠴᠢᠯᠡᠯᠳᠠ ᠶᠢ ᠬᠦᠨᠵᠡᠬᠡᠶᠢᠷᠡᠬᠦᠯᠦᠨ᠎ᠡ᠃ ᠡᠳ᠋ ᠤᠨ ᠵᠠᠰᠠᠭ ᠤᠨ ᠭᠠᠶᠢᠯᠢ ᠶᠢᠨ ᠲᠦᠷᠢᠮ ᠤᠨ ᠦᠬᠡᠷᠡᠴᠢᠯᠡᠯᠳᠠ ᠶᠢ | ᠬᠦᠨᠵᠡᠬᠡᠢ ᠠᠬᠢᠭᠤᠯᠵᠦ᠂ ᠲᠦᠰᠦᠪ ᠤᠨ ᠬᠠᠮᠢᠶᠠᠷᠤᠯᠳᠠ ᠶᠢᠨ ᠲᠦᠷᠢᠮ ᠢ ᠲᠡᠬᠦᠯᠳᠡᠷᠵᠢᠬᠦᠯᠦᠨ᠎ᠠ᠃ ᠲᠠᠷᠢᠶᠠᠯᠠᠬᠤ | ᠤᠷᠤᠨ ᠤ ᠭᠠᠵᠠᠷ ᠰᠢᠷᠤᠢ ᠶᠢᠨ ︽ᠭᠤᠷᠪᠠᠨ ᠡᠷᠬᠡ ᠶᠢ ᠬᠤᠪᠢᠶᠠᠷᠢᠯᠠᠬᠤ︾ ᠦᠬᠡᠷᠡᠴᠢᠯᠡᠯᠳᠠ ᠶᠢ ᠲᠠᠰᠤᠷᠠᠯᠳᠠ | ᠦᠭᠡᠢ ᠬᠦᠨᠵᠡᠬᠡᠶᠢᠷᠡᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠶᠢᠨ ᠰᠢᠨ᠎ᠡ ᠬᠦᠳᠡᠯᠬᠡᠭᠴᠢ ᠬᠦᠴᠦᠨ | ᠢ ᠪᠤᠵᠠᠭᠠᠶᠢᠷᠠᠭᠤᠯᠤᠨ᠎ᠠ᠃ ᠦᠢᠯᠡᠰ ᠪᠤᠰᠬᠠᠨ ᠠᠵᠢᠯ ᠤᠯᠭᠤᠬᠤ᠂ ᠡᠮ ᠡᠮᠨᠡᠯᠬᠡ ᠡᠷᠡᠬᠦᠯ ᠬᠠᠮᠠᠭᠠᠯᠠᠯ᠂ ᠰᠤᠷᠭᠠᠨ | ᠬᠦᠮᠦᠵᠢᠯ ᠪᠠᠶ᠎ᠠ ᠲᠠᠮᠢᠷ ᠵᠡᠷᠬᠡ ᠠᠷᠠᠳ ᠤᠨ ᠠᠮᠢᠳᠤᠷᠠᠯ ᠤᠨ ᠬᠡᠪᠴᠢᠶᠠᠨ ᠳᠠᠬᠢ ᠦᠬᠡᠷᠡᠴᠢᠯᠡᠯᠳᠠ ᠶᠢ ᠨᠢᠬᠡᠳᠦᠯᠳᠠᠢ | ᠲᠦᠯᠦᠪᠵᠢᠬᠦᠯᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠤᠨ᠎ᠠ᠃ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢᠨ ᠲᠦᠷᠦᠯ ᠵᠤᠶᠢᠯ ᠢ ᠬᠢᠨᠠᠨ ᠵᠦᠪᠰᠢᠶᠡᠷᠡᠬᠦ ᠦᠬᠡᠷᠡᠴᠢᠯᠡᠯᠳᠠ ᠶᠢ ᠦᠷᠬᠦᠯᠵᠢᠯᠡᠨ | ᠬᠦᠨᠵᠡᠬᠡᠶᠢᠷᠡᠬᠦᠯᠵᠦ᠂ ᠰᠠᠯᠠᠭ᠎ᠠ ᠮᠦᠴᠢᠷ ᠤᠳ ᠬᠠᠮᠳᠤᠷᠠᠭᠰᠠᠨ ︽ᠬᠤᠶᠠᠷ ᠢ ᠲᠤᠬᠢᠶᠠᠯᠳᠤᠭᠤᠯᠬᠤ᠂ ᠨᠢᠬᠡ ᠶᠢ | ᠨᠠᠶᠢᠳᠠᠯᠠᠬᠦ︾ ᠬᠢᠨᠠᠯᠳᠠ ᠶᠢᠨ ᠪᠦᠳᠦᠮᠵᠢ ᠶᠢ ᠲᠠᠰᠤᠷᠠᠯᠳᠠ ᠦᠭᠡᠢ ᠲᠡᠬᠡᠭᠰᠢᠯᠡᠬᠦᠯᠦᠨ᠎ᠡ᠃ ᠲᠡᠷᠢᠬᠦᠨ ᠤ ᠬᠤᠳᠠᠯᠳᠤᠭ᠎ᠠ | ᠡᠷᠬᠢᠯᠡᠬᠦ ᠤᠷᠴᠢᠨ ᠠᠬᠤᠢ ᠶᠢ ᠡᠬᠦᠳᠦᠨ ᠪᠠᠶᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠦᠬᠡᠷᠡᠴᠢᠯᠡᠯᠳᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ︽ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠬᠦᠨᠵᠡᠬᠡᠢ ᠠᠬᠢᠭᠤᠯᠤᠨ᠂ ︽ᠮᠦᠩᠭᠡ ᠰᠤᠪᠠᠭ ᠲᠠᠬᠢ ᠲᠦᠷᠪᠡᠨ ᠠᠯᠪᠠᠯᠠᠬᠤ︾ ᠠᠵᠢᠯ ᠤᠨ | ᠬᠦᠴᠦᠯᠡᠴᠡ ᠶᠢ ᠡᠷᠴᠢᠮᠵᠢᠬᠦᠯᠵᠦ᠂ ᠬᠢᠨᠠᠨ ᠵᠦᠪᠰᠢᠶᠡᠷᠡᠬᠦ ᠬᠡᠷᠡᠭ ᠤᠴᠢᠷ ᠢ ᠴᠤᠮᠬᠠᠳᠬᠠᠨ᠂ ᠬᠡᠷᠡᠭ ᠡᠷᠬᠢᠯᠡᠬᠦ | ᠠᠯᠬᠤᠮ ᠲᠠᠷᠠᠭ᠎ᠠ ᠶᠢ ᠰᠢᠯᠢᠳᠡᠭᠵᠢᠬᠦᠯᠵᠦ᠂ ᠬᠡᠷᠡᠭ ᠰᠢᠢᠳᠪᠦᠷᠢᠯᠬᠦ ᠴᠠᠭ ᠬᠤᠭᠤᠴᠠᠭ᠎ᠠ ᠶᠢ ᠪᠤᠭᠤᠨᠢᠰᠬᠠᠨᠡ᠃ ᠵᠠᠰᠠᠭ | ᠤᠨ ᠤᠷᠳᠤᠨ ᠠᠵᠦ ᠠᠬᠤᠶᠢᠯᠠᠯ ᠤᠨ ᠬᠠᠷᠢᠯᠴᠠᠨ ᠨᠡᠪᠳᠡᠷᠡᠯᠴᠡᠨ ᠤᠶᠢᠯᠠᠭᠠᠯᠴᠠᠬᠤ ᠨᠡᠩ ᠲᠦᠷᠢᠮᠵᠢᠭᠰᠡᠨ ᠲᠤᠭᠳᠠᠴᠠ | ᠶᠢ ᠪᠠᠶᠢᠭᠤᠯᠤᠨ ᠪᠦᠷᠢᠨᠰᠢᠬᠦᠯᠵᠦ᠂ ᠠᠵᠦ ᠠᠬᠤᠶᠢᠯᠠᠯ ᠤᠨ ᠬᠠᠷᠢᠭᠤ ᠲᠤᠰᠬᠠᠬᠤ ᠪᠠ ᠠᠰᠠᠭᠤᠳᠠᠯ ᠢ ᠰᠢᠳᠪᠦᠷᠢᠯᠡᠬᠦ | ᠠᠷᠭ᠎ᠠ ᠵᠠᠮ ᠢ ᠰᠢᠯᠤᠭᠤᠳᠬᠠᠨ᠂ ᠠᠵᠦ ᠠᠬᠤᠶᠢᠯᠠᠯ ᠤᠨ ᠬᠦᠴᠢᠷ ᠠᠰᠠᠭᠤᠳᠠᠯ ᠢ ᠴᠠᠭ ᠲᠤᠨᠢ ᠰᠢᠢᠳᠪᠦᠷᠢᠯᠡᠵᠦ᠂ | ᠤᠯᠠᠨ ᠲᠦᠮᠡᠨ ᠪᠠ ᠠᠵᠦ ᠠᠬᠤᠶᠢᠯᠠᠯ ᠳᠤ ᠵᠠᠰᠠᠭ ᠤᠨ ᠤᠷᠳᠤᠨ ᠤ ᠦᠢᠯᠡᠴᠢᠯᠡᠭᠡ ᠶᠢᠨ ᠪᠦᠳᠦᠮᠵᠢᠳᠠᠢ ᠮᠦᠷᠳᠡᠬᠡᠨ | ᠲᠦᠬᠦᠮ ᠲᠦᠳᠠ ᠠᠪᠴᠢᠷᠠᠬᠤ ᠶᠢ ᠦᠨᠡᠨᠬᠦ ᠮᠠᠳᠡᠷᠡᠬᠦᠯᠦᠨᠡ᠃ ᠬᠤᠳᠠᠯᠳᠤᠭᠠᠴᠢᠠ ᠤᠷᠢᠵᠦ ᠪᠡᠯᠡ ᠤᠷᠤᠭᠤᠯᠬᠤ ᠶᠢ | ᠪᠦᠬᠦ ᠬᠦᠴᠦ ᠪᠠᠷ ᠰᠠᠶᠢᠳᠦᠷ ᠠᠳᠬᠤᠨ᠎ᠠ᠃ ᠲᠦᠮᠦᠰᠦ᠂ ᠢᠳᠡᠰᠢᠨ ᠦᠬᠡᠷ ᠬᠤᠨᠢ᠂ ᠵᠢᠭᠤᠯᠴᠢᠯᠠᠯ ᠵᠡᠷᠬᠡ | ᠦᠪᠡᠷᠮᠢᠴᠠ ᠤᠨᠴᠠᠯᠢᠭ ᠲᠠᠢ ᠠᠵᠦ ᠦᠢᠯᠡᠰ ᠲᠤ ᠰᠠᠭᠤᠷᠢᠯᠠᠨ᠂ ᠬᠡᠯᠬᠢᠶᠠᠰᠦ ᠶᠢ ᠤᠷᠳᠤᠳᠬᠠᠬᠤ᠂ | ᠬᠦᠴᠦᠷᠬᠡᠭᠵᠢᠬᠦᠯᠬᠦ ᠪᠠ ᠨᠦᠬᠦᠪᠦᠷᠢᠯᠡᠬᠦ ᠶᠢᠨ ᠲᠤᠭᠤᠷᠢᠨ ᠳᠤ ︽ᠦᠨᠳᠦᠷ ᠴᠢᠨᠠᠷ ᠴᠢᠨᠰᠠᠭ᠎ᠠ ᠲᠠᠢ ᠪᠠᠷ | ᠬᠤᠳᠠᠯᠳᠤᠭᠠᠴᠢᠨ ᠤᠷᠢᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠠᠵᠦ ᠦᠢᠯᠡᠰ ᠢ ᠴᠢᠨᠠᠷ ᠰᠠᠶᠢᠳᠠᠢ | ᠬᠦᠭᠵᠢᠬᠦᠯᠬᠦ ᠨᠢᠬᠡ ᠪᠦᠯᠦᠭ ᠲᠤᠮᠦ ᠲᠦᠷᠦᠯ ᠵᠤᠶᠢᠯ᠂ ᠰᠠᠶᠢᠨ ᠲᠦᠷᠦᠯ ᠵᠤᠶᠢᠯ ᠢ ᠲᠠᠳᠠᠨ ᠤᠷᠤᠭᠤᠯᠤᠨ᠎ᠠ᠃ | ᠲᠦᠷᠦᠯ ᠵᠤᠶᠢᠯ ᠢ ᠰᠤᠷᠠᠭ ᠵᠠᠩᠭᠢᠵᠢᠭᠤᠯᠤᠨ ᠬᠠᠮᠢᠶᠠᠷᠬᠤ ᠲᠡᠪᠴᠡᠩ ᠢ ᠪᠠᠶᠢᠭᠤᠯᠵᠦ᠂ ᠬᠤᠳᠠᠯᠳᠤᠭᠠᠴᠢᠨ ᠤᠷᠢᠬᠤ | ᠲᠦᠷᠦᠯ ᠵᠤᠶᠢᠯ ᠢ ᠮᠦᠷᠳᠡᠬᠦ ᠦᠢᠯᠡᠴᠢᠯᠡᠭᠡ ᠶᠢ ᠴᠢᠩᠭᠠᠳᠬᠠᠨ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ | ᠨᠡᠬᠡᠬᠡᠨ ᠡᠷᠬᠢᠯᠡᠬᠦ ᠡᠮᠬᠢ ᠲᠠᠷᠠᠭᠠᠯᠠᠯ ᠢ ᠰᠢᠯᠢᠳᠡᠭᠵᠢᠬᠦᠯᠵᠦ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ | ᠶᠢ ᠴᠢᠩᠭᠠᠳᠬᠠᠨ᠂ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠮ ᠢ ᠪᠠᠷᠢᠮᠳᠠᠯᠠᠨ᠂ ᠴᠢᠨᠠᠷ ᠰᠠᠶᠢᠳᠠᠢ ᠠᠵᠠ | ᠵᠢᠷᠭᠠᠯᠳᠦ ᠠᠮᠢᠳᠤᠷᠠᠯ ᠢ ᠬᠠᠮᠳᠦ ᠪᠠᠷ ᠡᠳᠡᠯᠡᠬᠦᠯᠦᠨ᠎ᠡ᠃ | ᠠᠷᠠᠳ ᠢᠶᠠᠷ ᠦᠨᠳᠦᠰᠦ ᠪᠤᠯᠭᠠᠬᠤ ᠬᠦᠭᠵᠢᠯᠳᠠ ᠶᠢᠨ ᠰᠡᠳᠬᠢᠴᠠ ᠶᠢ ᠪᠠᠷᠢᠮᠳᠠᠯᠠᠵᠦ᠂ ︽ᠡᠶ᠎ᠡ ᠵᠤᠬᠢᠴᠠᠩᠭᠤᠢ ᠠᠵᠠ | ᠵᠢᠷᠭᠠᠯ ᠲᠠᠢ︾ ᠲᠦᠷᠪᠡᠳ ᠢ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠨᠡᠶᠢᠬᠡᠮ ᠤᠨ ᠦᠢᠯᠡᠰ ᠪᠠ ᠠᠷᠠᠳ | ᠤᠨ ᠠᠮᠢᠳᠤᠷᠠᠯ ᠤᠨ ᠬᠦᠷᠢᠶ᠎ᠠ ᠬᠡᠪᠴᠢᠶᠠᠨ ᠳᠠᠬᠢ ᠪᠠᠯᠠ ᠤᠷᠤᠭᠤᠯᠤᠯᠳᠠ ᠪᠠᠨ ᠨᠡᠮᠡᠭᠳᠡᠬᠦᠯᠦᠨ᠂ ᠠᠷᠠᠳ ᠲᠦᠮᠡᠨ ᠳᠤ | ᠬᠦᠭᠵᠢᠯᠳᠠ ᠶᠢᠨ ᠦᠷ᠎ᠡ ᠪᠦᠳᠦᠮᠵᠢ ᠶᠢ ᠬᠤᠪᠢᠶᠠᠯᠴᠠᠵᠦ᠂ ᠵᠤᠯ ᠵᠢᠷᠭᠠᠯᠳᠦ ᠠᠮᠢᠳᠤᠷᠠᠯ ᠢ ᠬᠠᠮᠳᠦ ᠪᠠᠷ ᠴᠤᠭᠴᠠᠯᠠᠨ | ᠪᠠᠶᠢᠭᠤᠯᠤᠨ᠎ᠠ᠃ | ᠨᠡᠶᠢᠬᠡᠮ ᠤᠨ ᠪᠠᠳᠤᠯᠠᠭ᠎ᠠ ᠶᠢᠨ ᠬᠦᠴᠦᠨ ᠢ ᠴᠢᠩᠭᠠᠳᠬᠠᠨ᠎ᠠ᠃ ᠠᠵᠢᠯ ᠤᠯᠭᠤᠯᠳᠠ ᠶᠢ ᠲᠠᠷᠢᠬᠦᠨ ᠳᠤ ᠲᠠᠯᠪᠢᠬᠤ | ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠤᠮᠳᠠ ᠠᠵᠢᠯ | ᠤᠯᠭᠤᠯᠳᠠ ᠶᠢ ᠲᠠᠷᠢᠬᠦᠨ ᠳᠤ ᠲᠠᠯᠪᠢᠬᠤ ᠤᠳᠤᠷᠢᠳᠤᠮᠵᠢ ᠶᠢ ᠡᠷᠴᠢᠮᠵᠢᠬᠦᠯᠵᠦ᠂ ᠠᠵᠢᠯ ᠤᠯᠭᠤᠯᠳᠠ ᠶᠢᠨ ᠬᠡᠪᠴᠢᠶ᠎ᠠ | ᠶᠢ ᠦᠷᠬᠡᠳᠬᠡᠵᠦ᠂ ᠬᠤᠳᠠ ᠪᠠᠯᠭᠠᠰᠤᠨ ᠤ ᠠᠵᠢᠯ ᠠᠯᠳᠠᠬᠤ ᠨᠤᠷᠮ᠎ᠠ ᠶᠢ 4% ᠲᠤᠳᠤᠷ᠎ᠠ ᠬᠢᠵᠠᠭᠠᠷᠯᠠᠨ᠎ᠠ᠃ | ᠬᠦᠯᠦᠰᠦᠨ ᠠᠵᠢᠯᠳᠠᠳ ᠤᠨ ᠬᠦᠯᠦᠰᠦ ᠬᠠᠷᠠᠮᠵᠢ ᠶᠢ ᠨᠢ ᠲᠤᠳᠠᠵᠦ ᠪᠠᠶᠢᠭ᠎ᠠ ᠶᠢ ᠰᠢᠢᠳᠪᠦᠷᠢᠯᠡᠬᠦ ᠬᠦᠴᠦᠯᠡᠴᠠ ᠪᠠᠨ | ᠨᠡᠮᠡᠭᠳᠡᠬᠦᠯᠦᠨ᠂ ᠬᠠᠤᠯᠢ ᠶᠤᠰᠤᠨ ᠤ ᠡᠷᠬᠡ ᠠᠰᠢᠭ ᠢ ᠨᠢ ᠪᠠᠳᠤᠯᠠᠨ᠎ᠠ᠃ ᠨᠡᠶᠢᠬᠡᠮ ᠤᠨ ᠪᠠᠳᠤᠯᠠᠭ᠎ᠠ ᠶᠢᠨ ᠬᠢᠷᠢ | ᠲᠦᠪᠰᠢᠨ ᠢ ᠲᠡᠬᠡᠭᠰᠢᠯᠡᠬᠦᠯᠵᠦ᠂ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠪᠠ ᠪᠦᠬᠦ | ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ ᠲᠦᠷᠢᠮ ᠢ ᠦᠷᠬᠦᠯᠵᠢᠯᠡᠨ ᠠᠬᠢᠭᠤᠯᠵᠦ᠂ ᠤᠯᠠᠨ ᠲᠠᠯᠠᠳᠦ ᠨᠡᠶᠢᠬᠡᠮ | ᠤᠨ ᠪᠠᠳᠤᠯᠠᠭ᠎ᠠ ᠶᠢᠨ ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃ ᠨᠡᠶᠢᠬᠡᠮ ᠤᠨ ᠲᠤᠰᠠᠯᠠᠮᠵᠢ ᠶᠢᠨ ᠰᠢᠰᠲ᠋ᠧᠮ ᠢ | ᠲᠡᠬᠦᠯᠳᠡᠷᠵᠢᠬᠦᠯᠵᠦ᠂ ᠲᠤᠤᠷ᠎ᠠ ᠤᠷᠤᠯᠭ᠎ᠠ ᠲᠠᠢ ᠬᠦᠮᠦᠰ ᠢ ᠬᠢᠨᠠᠨ ᠪᠠᠶᠢᠴᠠᠭᠠᠬᠤ ᠲᠤᠭᠳᠠᠴᠠ ᠶᠢ ᠪᠠᠶᠢᠭᠤᠯᠤᠨ᠂ | ᠲᠦᠷ ᠴᠠᠭ ᠤᠨ ᠠᠪᠤᠷᠠᠯᠳᠠ ᠶᠢᠨ ᠬᠦᠴᠦᠯᠠᠴᠠ ᠶᠢ ᠨᠡᠮᠡᠭᠳᠡᠬᠦᠯᠵᠦ᠂ ᠬᠤᠳᠠ ᠬᠦᠳᠡᠭᠡ ᠶᠢᠨ ᠬᠦᠴᠢᠷᠳᠠᠯᠳᠠᠢ | ᠰᠠᠭᠤᠭᠠᠯᠢ ᠠᠷᠠᠳ ᠤᠨ ᠠᠮᠢᠳᠤᠷᠠᠯ ᠢ ᠰᠠᠶᠢᠳᠦᠷ ᠪᠠᠳᠤᠯᠠᠨ᠎ᠠ᠃ ᠨᠠᠰᠤᠳᠠᠶᠢᠴᠤᠳ ᠢ ᠬᠠᠷᠠᠭᠠᠯᠵᠠᠬᠤ ᠬᠦᠷᠢᠶᠠᠯᠠᠩ | ᠪᠤᠯᠤᠨ ᠬᠠᠷᠢᠯᠴᠠᠨ ᠲᠤᠰᠠᠯᠠᠯᠴᠠᠬᠤ ᠵᠢᠷᠭᠠᠯᠠᠩᠳᠦ ᠬᠦᠷᠢᠶᠠᠯᠠᠩ ᠤᠨ ᠰᠠᠭᠤᠷᠢ ᠲᠦᠬᠦᠬᠡᠷᠦᠮᠵᠢ ᠶᠢ ᠪᠠᠶᠢᠭᠤᠯᠬᠤ ᠪᠠᠨ | ᠲᠠᠰᠤᠷᠠᠯᠳᠠ ᠦᠭᠡᠢ ᠲᠡᠬᠦᠯᠳᠡᠷᠵᠢᠬᠦᠯᠵᠦ᠂ ᠨᠠᠰᠤᠳᠠᠶᠢᠴᠤᠳ ᠢ ᠬᠠᠷᠠᠭᠠᠯᠵᠠᠬᠤ ᠶᠠᠰᠦ ᠴᠢᠨᠠᠷ ᠪᠠ ᠬᠢᠷᠢ ᠲᠦᠪᠰᠢᠨ ᠢ | ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠭᠠᠯ ᠤᠷᠤᠰᠢᠭᠤᠯᠭ᠎ᠠ ᠪᠠ ᠰᠢᠷᠤᠢ ᠤᠷᠤᠰᠢᠭᠤᠯᠭ᠎ᠠ ᠶᠢᠨ ᠦᠬᠡᠷᠡᠴᠢᠯᠡᠯᠳᠠ | ᠶᠢ ᠲᠤᠭᠳᠠᠭᠠᠬᠤ ᠠᠵᠢᠯ ᠢ ᠰᠠᠶᠢᠳᠦᠷ ᠬᠢᠵᠦ᠂ ᠤᠷᠤᠰᠢᠭᠤᠯᠭ᠎ᠠ ᠶᠢᠨ ᠭᠠᠵᠠᠷ ᠪᠠ ᠭᠠᠴᠠᠭ᠎ᠠ ᠲᠤᠰᠬᠤᠨ ᠤ ᠲᠡᠰ ᠤᠨ | ᠨᠠᠶᠢᠳᠠ ᠶᠢᠨ ᠠᠰᠠᠷᠠᠮᠵᠢᠳᠦ ᠪᠤᠩᠬᠤᠨ ᠢ ᠪᠠᠶᠢᠭᠤᠯᠬᠤ ᠶᠢ ᠲᠦᠷᠬᠡᠳᠬᠡᠨ ᠠᠬᠢᠭᠤᠯᠵᠦ᠂ ᠤᠷᠤᠰᠢᠭᠤᠯᠭ᠎ᠠ ᠶᠢᠨ | ᠦᠬᠡᠷᠡᠴᠢᠯᠡᠯᠳᠠ ᠶᠢ ᠪᠦᠬᠦ ᠲᠠᠯ᠎ᠠ ᠪᠠᠷ ᠠᠬᠢᠭᠤᠯᠤᠨ᠎ᠠ᠃ | ᠰᠤᠷᠭᠠᠨ ᠬᠦᠮᠦᠵᠢᠯ ᠤᠨ ᠦᠢᠯᠡᠰ ᠢ ᠲᠡᠷᠢᠬᠦᠨ ᠳᠤ ᠬᠦᠭᠵᠢᠬᠦᠯᠦᠨ᠎ᠡ᠃ ᠶᠤᠰᠦ ᠰᠤᠷᠳᠠᠬᠤᠨ ᠢᠶᠠᠷ ᠬᠦᠮᠦᠨ ᠢ | ᠬᠦᠮᠦᠵᠢᠬᠦᠯᠬᠦ ᠶᠢ ᠪᠠᠷᠢᠮᠳᠠᠯᠠᠨ᠂ ᠰᠤᠷᠭᠠᠭᠤᠯᠢ ᠶᠢᠨ ᠬᠡᠤᠬᠡᠳ ᠬᠦᠮᠦᠵᠢᠬᠦᠯᠬᠦ ᠬᠢᠷᠢ ᠲᠦᠪᠰᠢᠨ ᠢ ᠦᠨᠡᠨᠬᠦ | ᠲᠡᠬᠡᠭᠰᠢᠯᠡᠬᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠨ᠎ᠡ᠃ ︽ᠬᠤᠤᠰ | ᠬᠦᠩᠬᠡᠯᠡᠬᠦ︾ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠰᠤᠷᠭᠠᠭᠤᠯᠢ ᠶᠢᠨ ᠭᠠᠳᠠᠨᠠᠬᠢ | ᠪᠤᠯᠪᠠᠰᠤᠷᠠᠯ ᠢ ᠦᠷᠬᠦᠯᠵᠢᠯᠡᠨ ᠲᠦᠷᠢᠮᠵᠢᠬᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ | ᠰᠤᠷᠤᠭᠴᠢᠳ ᠤᠨ ᠲᠠᠰᠬᠠᠯ ᠬᠢᠬᠦ ᠬᠡᠳᠦ ᠬᠦᠨᠳᠦ ᠲᠠᠷᠤᠭᠠᠰᠦ ᠪᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ | ᠲᠠᠷᠤᠭᠠᠰᠦ ᠶᠢ ᠪᠦᠳᠦᠮᠵᠢᠳᠠᠢ ᠬᠦᠩᠭᠡᠯᠡᠨ᠎ᠡ᠃ ᠰᠤᠷᠭᠠᠭᠭᠤᠯᠢ ᠠᠴᠠ ᠲᠤᠷᠭᠤᠨ ᠵᠤᠭᠰᠤᠬᠤ ᠶᠢ ᠬᠤᠷᠢᠭᠯᠠᠵᠦ | ᠰᠤᠷᠤᠯᠭ᠎ᠠ ᠶᠢ ᠪᠠᠳᠤᠯᠠᠬᠤ ᠨᠠᠷᠢᠨ ᠲᠦᠷᠢᠮ ᠢ ᠲᠡᠬᠦᠯᠳᠡᠷᠵᠢᠬᠦᠯᠦᠨ᠎ᠠ᠃ ᠦᠨᠳᠦᠷ ᠲᠤᠮᠳᠠᠳᠦ ᠰᠤᠷᠭᠠᠭᠤᠯᠢ ᠶᠢᠨ | ᠰᠤᠷᠭᠠᠨ ᠬᠦᠮᠦᠵᠢᠯ ᠤᠨ ᠰᠢᠯᠢᠳᠡᠭ ᠦᠪᠡᠷᠮᠢᠴᠡ ᠬᠦᠭᠵᠢᠯᠳᠠ ᠶᠢ ᠠᠬᠢᠭᠤᠯᠤᠨ᠂ ᠲᠤᠰᠬᠠᠢ ᠮᠡᠷᠬᠡᠵᠢᠯ ᠤᠨ ᠰᠤᠷᠭᠠᠨ | ᠬᠦᠮᠦᠵᠢᠯ ᠤᠨ ᠴᠢᠨᠠᠷ ᠢ ᠲᠡᠬᠡᠭᠰᠢᠯᠡᠬᠦᠯᠦᠨ ᠴᠢᠳᠠᠪᠤᠷᠢᠳᠠᠨ ᠢ ᠬᠦᠮᠦᠵᠢᠬᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠦ᠂ | ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠲᠦᠷᠢᠮᠵᠢᠬᠦᠯᠦᠨ᠂ ᠡᠯ᠎ᠡ ᠵᠤᠶᠢᠯ ᠤᠨ ᠰᠤᠷᠭᠠᠨ | ᠬᠦᠮᠦᠵᠢᠯ ᠤᠨ ᠲᠡᠩᠴᠡᠬᠦᠷᠢᠳᠠᠢ ᠬᠦᠭᠵᠢᠬᠦ ᠶᠢ ᠠᠬᠢᠭᠤᠯᠤᠨ᠎ᠠ᠃ ︽ ᠬᠤᠰᠢᠭᠤ ᠰᠢᠶᠠᠨ ᠠᠴᠠ ᠬᠠᠮᠢᠶᠠᠷᠤᠨ᠂ | ᠰᠤᠷᠭᠠᠭᠤᠯᠢ ᠠᠴᠠ ᠤᠷᠢᠨ ᠬᠡᠷᠡᠭᠯᠡᠬᠦ︾ ᠦᠬᠡᠷᠡᠴᠢᠯᠡᠯᠳᠠ ᠶᠢ ᠠᠬᠢᠭᠤᠯᠵᠦ᠂ ᠪᠠᠭᠰᠢ ᠨᠠᠷ ᠤᠨ ᠡᠩᠨᠡᠬᠡᠨ ᠤ ᠡᠬᠢ | ᠪᠠᠶᠠᠯᠢᠭ ᠢ ᠰᠢᠯᠢᠳᠡᠭᠵᠢᠬᠦᠯᠦᠨ᠂ ᠲᠤᠳᠤᠭᠠᠳᠦ ᠬᠦᠳᠡᠯᠬᠡᠭᠴᠢ ᠬᠦᠴᠦᠨ ᠢ ᠨᠢ ᠨᠡᠮᠡᠭᠳᠡᠬᠦᠯᠵᠦ᠂ ᠪᠠᠭᠰᠢ ᠶᠢᠨ | ᠬᠦᠯᠦᠰᠦ ᠬᠠᠷᠠᠮᠵᠢ ᠶᠢ ᠲᠡᠬᠡᠭᠰᠢᠯᠡᠬᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ | ᠰᠤᠷᠭᠠᠨ ᠬᠦᠮᠦᠵᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ ᠨᠢᠬᠡᠳᠦᠯᠳᠠᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠦᠨᠵᠡᠬᠡᠶᠢᠷᠡᠬᠦᠯᠦᠨ ᠬᠡᠷᠡᠭᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠠᠯ ᠢ | ᠰᠠᠶᠢᠳᠦᠷ ᠤᠷᠤᠵᠦ᠂ ᠵᠠᠯᠠᠭᠤᠴᠤᠳ ᠪᠠᠭᠠᠴᠤᠳ ᠢ ᠵᠢᠯᠤᠭᠤᠳᠤᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ | ᠴᠤᠭᠴᠠ ᠶᠢᠨ ᠦᠵᠡᠯ ᠤᠬᠠᠮᠰᠠᠷ ᠢ ᠪᠠᠬᠢᠵᠢᠬᠦᠯᠦᠨ᠎ᠡ᠃ ᠰᠤᠷᠭᠠᠭᠤᠯᠢ ᠵᠢᠴᠢ ᠤᠶᠢᠷ᠎ᠠ ᠬᠠᠪᠢ ᠳᠠᠬᠢ ᠠᠮᠤᠷ | ᠲᠦᠪᠰᠢᠨ ᠢ ᠪᠠᠳᠤᠯᠠᠵᠦ᠂ ᠰᠤᠷᠭᠠᠭᠤᠯᠢ ᠶᠢᠨ ᠶᠡᠷᠦᠳᠠ ᠶᠢᠨ ᠵᠢᠭᠠᠨ ᠰᠤᠷᠭᠠᠬᠤ ᠡᠮᠬᠢ ᠲᠢᠭᠯᠢᠮ ᠢ ᠦᠨᠡᠨᠬᠦ | ᠬᠠᠮᠠᠭᠠᠯᠠᠨ᠎ᠠ᠃ | ᠡᠷᠡᠬᠦᠯ ᠬᠠᠮᠠᠭᠠᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠡᠮ ᠡᠮᠨᠡᠯᠬᠡ ᠶᠢᠨ ᠦᠢᠯᠡᠴᠢᠯᠡᠬᠡᠨ ᠤ ᠤᠷᠳᠦ | ᠬᠤᠭᠤᠴᠠᠭᠠᠨ ᠤ ᠲᠤᠭᠳᠠᠴᠠ ᠶᠢ ᠦᠷᠬᠦᠯᠵᠢᠯᠡᠨ ᠰᠠᠶᠢᠵᠢᠷᠠᠭᠤᠯᠵᠦ᠂ ᠬᠤᠰᠢᠭᠤ ᠱᠠᠳᠤᠨ ᠤ ᠡᠮ ᠡᠮᠨᠡᠯᠭᠡ ᠶᠢᠨ | ᠪᠠᠶᠢᠭᠤᠯᠤᠮᠵᠢ ᠪᠤᠯᠤᠨ ᠦᠨᠳᠦᠰᠦᠨ ᠱᠠᠳᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠬᠢ ᠪᠠᠶᠠᠯᠢᠭ ᠢ | ᠨᠡᠶᠢᠳᠬᠡᠵᠦ᠂ ᠡᠮ ᠡᠮᠨᠡᠯᠬᠡ ᠶᠢᠨ ᠬᠠᠮᠳᠦ ᠶᠢᠨ ᠴᠤᠭᠴᠠ ᠶᠢᠨ ᠪᠠᠶᠢᠭᠤᠯᠤᠯᠳᠠ ᠶᠢ ᠬᠦᠴᠦᠯᠠᠨ ᠠᠬᠢᠭᠤᠯᠤᠨ᠎ᠠ᠃ ᠡᠮ | ᠡᠮᠨᠡᠯᠬᠡ ᠶᠢᠨ ᠠᠵᠢᠯᠳᠠᠨ ᠢ ᠤᠷᠢᠨ ᠬᠡᠷᠡᠭᠯᠡᠬᠦ ᠪᠠ ᠪᠤᠯᠪᠠᠰᠤᠷᠠᠯ ᠤᠨ ᠬᠦᠴᠦᠯᠡᠴᠡ ᠶᠢ ᠶᠡᠬᠡᠰᠬᠡᠵᠦ᠂ ᠠᠵᠢᠯ ᠲᠦᠷᠦᠯ | ᠢᠶᠠᠷ ᠨᠢ ᠬᠠᠪᠰᠤᠷᠤᠨ ᠲᠡᠳᠬᠦᠬᠦ ᠡᠮᠨᠡᠯᠬᠡ ᠶᠢᠨ ᠬᠤᠷᠢᠶ᠎ᠠ ᠯᠤᠭ᠎ᠠ ᠬᠠᠮᠵᠢᠯᠴᠠᠨ ᠰᠤᠯᠢᠯᠴᠠᠬᠤ ᠶᠢ ᠴᠢᠩᠭᠠᠳᠬᠠᠨ᠂ ᠡᠮ | ᠡᠮᠨᠡᠯᠬᠡ ᠶᠢᠨ ᠮᠡᠷᠬᠡᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠲᠡᠬᠡᠭᠰᠢᠯᠡᠬᠦᠯᠦᠨ᠎ᠡ᠃ ᠡᠬᠡ ᠤᠷᠤᠨᠴᠢ ᠡᠷᠡᠬᠦᠯ | ᠬᠠᠮᠠᠭᠠᠯᠠᠯ ᠤᠨ ᠬᠦᠳᠡᠯᠬᠡᠬᠡᠨ ᠢ ᠦᠷᠬᠡᠨ ᠢᠶᠠᠷ ᠶᠠᠪᠤᠭᠳᠠᠭᠤᠯᠵᠦ᠂ ᠡᠯ᠎ᠡ ᠵᠤᠶᠢᠯ ᠤᠨ ᠡᠪᠡᠳᠴᠢᠨ ᠬᠢᠵᠢᠭ ᠢ | ᠰᠡᠷᠬᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠤᠯᠤᠰ ᠤᠨ ᠡᠷᠡᠬᠦᠯ ᠬᠠᠮᠠᠭᠠᠯᠠᠯ ᠤᠨ ᠬᠤᠳᠠ | ᠪᠠᠯᠭᠠᠰᠦ ᠶᠢ ᠴᠢᠷᠮᠠᠶᠢᠨ ᠪᠠᠶᠢᠭᠤᠯᠤᠨ᠎ᠠ᠃ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠤᠨ | ᠬᠠᠮᠢᠶᠠᠷᠤᠯᠳᠠ ᠶᠢᠨ ᠰᠢᠰᠲ᠋ᠧᠮ ᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ | ᠂ ᠬᠤᠯᠤᠭᠠᠨ᠎ᠠ ᠶᠢᠨ ᠬᠢᠵᠢᠭ ᠵᠡᠷᠬᠡ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠨᠠᠷᠢᠯᠢᠭ ᠤᠨᠤᠴᠢᠳᠠᠢ | ᠪᠠᠶᠢᠩᠭᠤᠵᠢᠭᠤᠯᠤᠨ ᠠᠳᠬᠤᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠠᠰ ᠤᠨ ᠪᠠᠶ᠎ᠠ ᠶᠢᠨ | ᠡᠷᠡᠬᠦᠯ ᠴᠢᠬᠢᠷᠠᠭ ᠢ ᠪᠦᠬᠦ ᠬᠦᠴᠦᠨ ᠢᠶᠠᠷ ᠬᠠᠮᠠᠭᠠᠯᠠᠨ᠎ᠠ᠃ ᠮᠤᠩᠭᠤᠯ ᠬᠢᠳᠠᠳ ᠡᠮ ᠡᠮᠨᠡᠯᠬᠡ ᠶᠢᠨ ᠦᠢᠯᠡᠰ ᠤᠨ | ᠬᠦᠭᠵᠢᠯᠳᠠ ᠶᠢ ᠲᠦᠷᠬᠡᠳᠬᠡᠨ ᠠᠬᠢᠭᠤᠯᠵᠦ᠂ ᠮᠤᠩᠭᠤᠯ ᠬᠢᠳᠠᠳ ᠡᠮ ᠡᠮᠨᠡᠯᠬᠡ ᠶᠢᠨ ᠪᠠᠶᠢᠭᠤᠯᠤᠯᠳᠠ ᠶᠢᠨ ᠦᠷ᠎ᠡ | ᠪᠦᠳᠦᠮᠵᠢ ᠶᠢ ᠪᠠᠬᠢᠵᠢᠬᠦᠯᠦᠨ᠂ ᠬᠤᠰᠢᠭᠤᠨ ᠤ ᠮᠤᠩᠭᠤᠯ ᠬᠢᠳᠠᠳ ᠡᠮᠨᠡᠯᠬᠡ ᠶᠢᠨ ᠬᠤᠷᠢᠶ᠎ᠠ ᠶᠢ ᠬᠤᠶᠠᠳᠤᠭᠠᠷ ᠬᠦᠬᠡ | ᠲᠡᠰ ᠤᠨ ᠲᠦᠪᠰᠢᠨ ᠳᠤ ᠬᠦᠷᠬᠡᠬᠦ ᠪᠠᠷ ᠴᠢᠷᠮᠠᠶᠢᠨ᠎ᠠ᠃ ᠭᠤᠷᠪᠠᠨ ᠬᠡᠤᠬᠡᠳ ᠠᠪᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠬᠦᠮᠦᠨ ᠠᠮᠠ ᠶᠢᠨ ᠤᠷᠳᠦ ᠬᠤᠭᠤᠴᠠᠭ᠎ᠠ ᠪᠠᠷ ᠲᠡᠩᠴᠡᠬᠦᠷᠢᠳᠠᠢ ᠦᠰᠬᠦ ᠶᠢ ᠠᠬᠢᠭᠤᠯᠤᠨ᠎ᠠ᠃ | | ᠰᠤᠶᠤᠯ ᠤᠨ ᠦᠢᠯᠡᠰ ᠢ ᠲᠠᠰᠤᠷᠠᠯᠳᠠ ᠦᠭᠡᠢ ᠬᠦᠭᠵᠢᠬᠡᠨ᠎ᠡ᠃ ᠦᠪᠡᠷᠮᠢᠴᠠ ᠤᠨᠴᠠᠯᠢᠭ ᠲᠠᠢ ᠰᠤᠶᠤᠯ ᠤᠨ ᠡᠬᠢ | ᠪᠠᠶᠠᠯᠢᠭ ᠢ ᠬᠦᠨᠵᠡᠬᠡᠶᠢᠷᠡᠬᠦᠯᠦᠨ ᠠᠭᠤᠳᠠᠯᠵᠦ᠂ ᠦᠪᠡᠷᠮᠢᠴᠠ ᠤᠨᠴᠠᠯᠢᠭ ᠲᠠᠢ ᠰᠤᠶᠤᠯ ᠤᠨ ᠨᠡᠷᠡᠳᠦ ᠲᠡᠮᠳᠡᠭ ᠢ ᠪᠤᠢ | ᠪᠤᠯᠭᠠᠨ᠎ᠠ᠃ ᠬᠤᠪᠢᠰᠬᠠᠯ ᠤᠨ ᠦᠯᠡᠳᠡᠭᠳᠡᠯ ᠪᠠᠭᠤᠷᠢ᠂ ᠡᠷᠳᠡᠨ ᠤ ᠲᠤᠰᠬᠤᠨ ᠬᠤᠳᠠ᠂ ᠡᠷᠳᠡᠨ ᠤ ᠪᠠᠷᠢᠯᠭ᠎ᠠ ᠵᠡᠷᠬᠡ | ᠶᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠦᠨ᠂ ᠰᠤᠶᠤᠯ ᠤᠨ ᠰᠢᠨ᠎ᠡ ᠡᠬᠦᠳᠦᠯᠳᠠ ᠶᠢᠨ ᠲᠦᠰᠦᠪᠯᠡᠯ᠂ ᠪᠠᠶᠠᠷ | ᠲᠤᠷᠠᠰᠬᠠᠯ ᠤᠨ ᠡᠳᠦᠷ ᠤᠨ ᠦᠵᠡᠬᠦᠯᠦᠯᠬᠡ ᠵᠡᠷᠬᠡ ᠰᠢᠨ᠎ᠡ ᠪᠠᠷ ᠮᠠᠨᠳᠤᠭᠰᠠᠨ ᠰᠤᠶᠤᠯ ᠤᠨ ᠠᠵᠦ ᠦᠢᠯᠡᠰ ᠢ ᠶᠡᠬᠡᠪᠡᠷ | ᠬᠦᠭᠵᠢᠬᠦᠯᠵᠦ᠂ ᠲᠠᠯ᠎ᠠ ᠨᠤᠳᠤᠭ ᠤᠨ ᠦᠪᠡᠷᠮᠢᠴᠠ ᠤᠨᠴᠠᠯᠢᠭ ᠲᠠᠢ ᠰᠤᠶᠤᠯ ᠤᠨ ᠡᠬᠦᠳᠦᠯᠳᠠ ᠶᠢᠨ ᠪᠦᠳᠦᠭᠡᠭᠳᠡᠬᠦᠨ | ᠢ ᠨᠡᠩ ᠤᠯᠠᠨ ᠡᠬᠦᠳᠦᠨ᠎ᠡ᠃ ︽ᠲᠠᠷᠢᠶᠠᠴᠢᠨ ᠤ ᠡᠯᠪᠡᠭ ᠬᠤᠷᠢᠶᠠᠯᠳᠠ ᠶᠢᠨ ᠡᠳᠦᠷ︾ ᠢ ᠲᠤᠷᠠᠰᠬᠠᠬᠤ ᠬᠦᠳᠡᠯᠬᠡᠬᠡᠨ | ᠢ ᠲᠦᠯᠦᠪᠵᠢᠬᠦᠯᠦᠨ ᠦᠷᠨᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠡ ᠲᠦᠷᠢ ᠲᠦᠷᠬᠦ | ᠶᠢ ᠬᠠᠷᠠᠭᠤᠯᠤᠨ᠎ᠠ᠃ ︽ᠤᠯᠠᠭᠠᠨᠮᠦ᠋ᠴᠢᠷ︾ ᠤᠨ ᠵᠤᠷᠢᠭ ᠰᠠᠨᠠᠭ᠎ᠠ ᠶᠢ ᠶᠡᠬᠡᠪᠡᠷ ᠤᠯᠠᠮᠵᠢᠯᠠᠨ ᠪᠠᠳᠠᠷᠠᠭᠤᠯᠵᠦ᠂ ᠨᠡᠩ | ᠤᠯᠠᠨ ᠰᠢᠯᠢᠳᠡᠭ ᠪᠦᠳᠦᠬᠡᠯ ᠢ ᠨᠠᠶᠢᠷᠠᠭᠤᠯᠤᠨ ᠪᠦᠳᠦᠬᠡᠵᠦ᠂ ᠤᠳᠬ᠎ᠠ ᠤᠷᠠᠯᠢᠭ ᠤᠨ ᠰᠢᠨ᠎ᠡ ᠡᠬᠦᠳᠦᠯᠳᠠ ᠶᠢ | ᠠᠬᠢᠭᠤᠯᠤᠨ᠎ᠠ᠃ ᠬᠠᠮ ᠵᠠᠭᠤᠴᠢᠯᠠᠭᠤᠷ ᠤᠨ ᠲᠦᠪ ᠢ ᠠᠰᠢᠭᠯᠠᠵᠦ᠂ ᠤᠯᠠᠨ ᠲᠦᠮᠡᠨ ᠢ ᠲᠠᠶᠢᠴᠢᠯᠠᠬᠤ ᠪᠠ ᠤᠯᠠᠨ | ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠲᠠᠰᠤᠷᠠᠯᠳᠠ ᠦᠭᠡᠢ ᠲᠡᠬᠡᠭᠰᠢᠯᠡᠬᠦᠯᠦᠨ᠎ᠡ᠃ ᠦᠨᠳᠦᠰᠦᠨ ᠱᠠᠳᠤᠨ ᠤ | ᠰᠤᠶᠤᠯ ᠤᠨ ᠰᠠᠭᠤᠷᠢᠨ ᠤ ᠦᠢᠯᠡᠳᠦᠯ ᠢ ᠪᠠᠳᠠᠷᠠᠭᠤᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠤᠨ᠂ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠳᠠ ᠪᠠᠯᠭᠠᠰᠦ ᠶᠢ ᠴᠤᠭᠴᠠᠯᠠᠨ | ᠪᠠᠶᠢᠭᠤᠯᠤᠨ᠎ᠠ᠃ | ᠨᠡᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠵᠠᠰᠠᠭ ᠤᠨ ᠤᠷᠳᠤᠨ ᠤ | ᠦᠷᠢ ᠦᠭᠴᠡᠭᠡ ᠶᠢᠨ ᠠᠰᠠᠭᠤᠳᠠᠯ ᠢ ᠰᠢᠢᠳᠪᠦᠷᠢᠯᠡᠬᠦ ᠠᠵᠢᠯ ᠢ ᠰᠠᠶᠢᠳᠦᠷ ᠬᠢᠵᠦ᠂ ᠠᠷᠠᠳ ᠠᠴᠠ ᠡᠵᠡᠩᠨᠡᠭᠰᠡᠨ | ᠲᠤᠮᠳᠠ ᠪᠠᠭ᠎ᠠ ᠠᠵᠦ ᠠᠬᠤᠶᠢᠯᠠᠯ ᠳᠤ ᠦᠷᠢᠳᠦᠬᠦ ᠶᠢ ᠰᠡᠷᠬᠡᠶᠢᠯᠡᠬᠦ ᠤᠷᠳᠦ ᠬᠤᠭᠤᠴᠠᠭᠠᠨ ᠤ ᠲᠤᠭᠳᠠᠴᠠ ᠶᠢ | ᠪᠠᠶᠢᠭᠤᠯᠤᠨ᠎ᠠ᠃ ︽ᠠᠮᠤᠭᠤᠯᠠᠩ ᠲᠤᠭᠳᠠᠭᠤᠨ︾ ᠲᠦᠷᠪᠡᠳ ᠢ ᠪᠠᠶᠢᠭᠤᠯᠬᠤ ᠶᠢᠨ ᠲᠤᠭᠤᠷᠢᠨ ᠳᠤ᠂ ᠤᠯᠠᠨ | ᠲᠦᠮᠡᠨ ᠤ ᠬᠠᠤᠯᠢ ᠶᠤᠰᠤᠨ ᠳᠤ ᠨᠠᠶᠢᠴᠡᠭᠰᠡᠨ ᠬᠦᠰᠡᠯ ᠱᠠᠭᠠᠷᠳᠠᠯᠭ᠎ᠠ ᠶᠢ ᠢᠳᠠᠪᠬᠢᠳᠠᠢ ᠰᠢᠢᠳᠪᠦᠷᠢᠯᠡᠨ᠂ ᠵᠠᠬᠢᠳᠠᠯ | ᠰᠤᠷᠪᠤᠯᠵᠢᠯᠠᠯ ᠤᠨ ᠮᠠᠷᠭᠤᠯᠳᠤᠭᠠᠨ ᠢ ᠪᠦᠳᠦᠮᠵᠢᠳᠠᠢ ᠰᠡᠷᠬᠡᠶᠢᠯᠡᠨ ᠠᠷᠢᠯᠭᠠᠨ᠎ᠠ᠃ ᠠᠶᠤᠯᠬᠦᠢ ᠦᠢᠯᠡᠳᠪᠦᠷᠢᠯᠡᠬᠦ | ᠬᠠᠷᠢᠭᠤᠴᠠᠯᠭᠠᠳᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠦᠷᠢᠯᠡᠯ ᠤᠨ ᠲᠤᠰᠬᠠᠢ | ᠴᠡᠭᠴᠡᠯᠳᠠ ᠶᠢᠨ ᠬᠦᠳᠡᠯᠬᠡᠬᠡᠨ ᠢ ᠬᠦᠨᠵᠡᠬᠡᠶᠢᠷᠡᠬᠦᠯᠦᠨ᠎ᠡ᠃ ᠢᠳᠠᠬᠡᠨ ᠤᠮᠳᠠᠭᠠᠨ ᠡᠮ ᠡᠮᠨᠡᠯᠬᠡ ᠶᠢᠨ ︽ᠲᠦᠷᠪᠡᠨ | ᠬᠠᠮᠤᠭ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠬᠤᠳᠠ ᠶᠢᠨ ᠤᠯᠤᠰ ᠤᠨ ᠢᠳᠡᠬᠡᠨ | ᠤᠮᠳᠠᠭᠠᠨ ᠤ ᠠᠶᠤᠯᠬᠦᠢ ᠶᠢᠨ ᠵᠢᠱᠢᠶ᠎ᠠ ᠦᠵᠡᠬᠦᠯᠬᠦ ᠬᠤᠳᠠ ᠪᠠᠯᠭᠠᠰᠤ ᠪᠠᠶᠢᠭᠤᠯᠬᠤ ᠲᠠᠢ ᠢᠳᠡᠪᠬᠢᠳᠠᠢ ᠬᠠᠮᠵᠢᠯᠴᠠᠨ᠎ᠠ᠃ | ᠭᠠᠯ ᠤᠨᠳᠠᠷᠠᠭᠠᠬᠤ ᠲᠤᠰᠬᠠᠢ ᠡᠩᠨᠡᠬᠡᠨ ᠤ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠪᠠᠴᠢᠮ ᠪᠠᠶᠢᠳᠠᠯ ᠢ | ᠠᠷᠭᠠᠴᠠᠭᠠᠨ ᠲᠤᠰᠯᠠᠬᠤ ᠰᠢᠰᠲ᠋ᠧᠮ ᠪᠠ ᠲᠤᠭᠳᠠᠴᠠ ᠶᠢᠨ ᠪᠠᠶᠢᠭᠤᠯᠤᠯᠳᠠ ᠢ ᠤᠯᠠᠮ ᠨᠢᠬᠡ ᠠᠯᠬᠤᠮ | ᠲᠡᠬᠦᠯᠳᠡᠷᠵᠢᠬᠦᠯᠦᠨ᠎ᠡ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠦᠳᠡᠯᠬᠡᠬᠡᠨ ᠢ ᠪᠠᠶᠢᠩᠭᠤᠵᠢᠭᠤᠯᠵᠦ᠂ | ᠬᠠᠤᠯᠢ ᠶᠢ ᠵᠦᠷᠢᠴᠡᠬᠦ ᠡᠯ᠎ᠡ ᠵᠤᠶᠢᠯ ᠤᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠤᠯᠤᠰ ᠤᠨ ᠪᠠᠳᠤᠯᠠᠨ | ᠬᠠᠮᠠᠭᠠᠯᠠᠯᠳᠠ ᠪᠠ ᠴᠡᠷᠢᠭ ᠠᠩᠭᠢ ᠶᠢᠨ ᠤᠳᠤᠬᠢᠴᠢᠯᠠᠭᠰᠠᠨ ᠪᠦᠳᠦᠬᠡᠨ ᠪᠠᠶᠢᠭᠤᠯᠤᠯᠳᠠ ᠶᠢ ᠲᠠᠮᠵᠢᠵᠦ᠂ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠬᠦᠮᠦᠵᠢᠯ᠂ ᠬᠤᠶᠠᠷ ᠢ ᠬᠦᠷᠢᠶᠠᠯᠠᠨ ᠬᠠᠮᠳᠦ ᠳᠤᠨᠢ ᠪᠠᠶᠢᠭᠤᠯᠬᠤ ᠪᠠ | ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠠᠵᠢᠯ ᠢ ᠴᠢᠩᠭᠠᠳᠬᠠᠨ᠎ᠠ᠃ ᠴᠡᠷᠢᠭ ᠠᠴᠠ ᠬᠠᠯᠠᠭᠳᠠᠭᠰᠠᠳ ᠲᠤ | ᠦᠢᠯᠡᠴᠢᠯᠡᠬᠦ ᠰᠢᠰᠲ᠋ᠧᠮ ᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠂ ᠴᠡᠷᠢᠭ ᠠᠴᠠ ᠬᠠᠯᠠᠭᠳᠠᠭᠰᠠᠳ ᠤᠨ ᠬᠠᠤᠯᠢ | ᠶᠤᠰᠤᠨ ᠤ ᠡᠷᠬᠡ ᠠᠰᠢᠭ ᠢ ᠦᠨᠡᠨᠬᠦ ᠪᠠᠳᠤᠯᠠᠵᠦ᠂ ︽ᠪᠦᠬᠦ ᠤᠯᠤᠰ ᠤᠨ ᠬᠤᠶᠠᠷ ᠢ ᠬᠦᠷᠢᠶᠠᠯᠡᠬᠦ ᠵᠢᠱᠢᠶᠡᠴᠢ | ᠬᠤᠰᠢᠭᠤ︾ ᠶᠢ ᠴᠢᠷᠮᠠᠶᠢᠨ ᠪᠠᠶᠢᠭᠤᠯᠤᠨ᠎ᠠ᠃ ︽ᠦᠨᠳᠦᠰᠦᠳᠡᠨ ᠨᠦᠭᠦᠳ ᠪᠦᠯᠬᠦᠮᠳᠡᠯ ᠲᠠᠢ︾ ᠲᠦᠷᠪᠡᠳ ᠢ | ᠪᠠᠶᠢᠭᠤᠯᠬᠤ ᠲᠤᠭᠤᠷᠢᠨ ᠳᠤ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ | ᠪᠠᠬᠢᠵᠢᠬᠦᠯᠬᠦ ᠪᠠᠷ ᠭᠤᠤᠯ ᠱᠤᠭᠤᠮ ᠪᠤᠯᠭᠠᠨ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠠᠵᠢᠯ ᠢ ᠰᠠᠶᠢᠳᠦᠷ | ᠬᠢᠵᠦ᠂ ᠬᠢᠯᠢ ᠤᠷᠤᠨ ᠢ ᠬᠦᠭᠵᠢᠬᠦᠯᠦᠨ ᠠᠷᠠᠳ ᠢ ᠴᠢᠨᠡᠬᠡᠯᠢᠭᠵᠢᠬᠦᠯᠬᠦ ᠠᠵᠢᠯᠯᠠᠭ᠎ᠠ ᠶᠢ ᠪᠤᠳᠠᠳᠠᠢ ᠠᠬᠢᠭᠤᠯᠤᠨ᠂ | ᠦᠨᠳᠦᠰᠦᠳᠡᠨ ᠬᠤᠭᠤᠷᠤᠨᠳᠤᠬᠢ ᠰᠤᠯᠢᠯᠴᠠᠭ᠎ᠠ ᠤᠶᠢᠯᠠᠭᠠᠯᠴᠠᠭ᠎ᠠ ᠶᠢ ᠠᠬᠢᠭᠤᠯᠤᠨ᠎ᠠ᠃ ᠡᠬᠦᠨ ᠤ ᠬᠠᠮᠳᠦ᠂ ᠠᠬᠠᠮᠠᠳ | ᠺᠠᠳ᠋ᠷᠴᠤᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠤᠳ ᠤᠨ | ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠰᠢᠨᠵᠢᠯᠡᠭᠡ ᠤᠬᠠᠭᠠᠨ | ᠲᠧᠭᠨᠢᠭ ᠮᠡᠷᠬᠡᠵᠢᠯ ᠤᠨ ᠨᠡᠶᠢᠬᠡᠮᠯᠢᠭ ᠵᠡᠷᠬᠡ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠴᠢᠬᠤᠯᠠᠴᠢᠯᠠᠨ | ᠪᠠᠳᠠᠷᠠᠭᠤᠯᠵᠦ᠂ ᠲᠤᠭ᠎ᠠ ᠪᠦᠷᠢᠳᠬᠡᠯ᠂ ᠬᠢᠨᠠᠨ ᠪᠤᠳᠤᠯᠳᠠ᠂ ᠬᠠᠩᠭᠠᠨ ᠪᠤᠷᠤᠭᠤᠯᠤᠯᠭᠠ᠂ ᠲᠠᠩᠰᠠ ᠡᠪᠬᠡᠮᠡᠯ᠂ | ᠤᠯᠠᠭᠠᠨ ᠵᠠᠭᠠᠯᠠᠮᠠᠶᠢᠳᠠᠨ ᠤ ᠨᠡᠶᠢᠬᠡᠮᠯᠢᠭ᠂ ᠵᠡᠮᠳᠡᠭᠴᠤᠳ ᠤᠨ ᠬᠤᠯᠪᠤᠭ᠎ᠠ᠂ ᠬᠤᠶᠢᠴᠢ ᠦᠶ᠎ᠠ ᠶᠢᠨ ᠬᠢᠨ ᠢᠶᠠᠨ | ᠬᠠᠯᠠᠮᠵᠢᠯᠠᠬᠤ ᠵᠡᠷᠬᠡ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠨ᠎ᠡ᠃ | ᠭᠤᠷᠪᠠ᠂ 2022 ᠤᠨ ᠤ ᠭᠤᠤᠯ ᠠᠵᠢᠯ ᠤᠨ ᠡᠬᠦᠷᠬᠡ | 2022 ᠤᠨ ᠪᠤᠯ ︽ᠠᠷᠪᠠᠨ ᠳᠦᠷᠪᠡᠳᠤᠭᠡᠷ ᠲᠠᠪᠤᠨ︾ ᠵᠢᠯ ᠤᠨ ᠲᠦᠯᠦᠪᠯᠡᠭᠡ ᠶᠢᠨ ᠤᠷᠢᠳᠤᠬᠢ ᠶᠢ | ᠵᠠᠯᠭᠠᠮᠵᠢᠯᠠᠵᠤ ᠬᠤᠶᠢᠰᠢᠬᠢ ᠶᠢ ᠬᠦᠭᠵᠢᠬᠦᠯᠬᠦ ᠵᠢᠯ᠂ ᠮᠦᠨ ᠴᠤ ᠰᠢᠨ᠎ᠡ ᠨᠢᠭᠡ ᠬᠤᠭᠤᠴᠠᠭᠠᠨ ᠤ ᠬᠤᠰᠢᠭᠤ ᠵᠠᠰᠠᠭ | ᠤᠨ ᠤᠷᠳᠤᠨ ᠤ ᠠᠵᠢᠯ ᠢ ᠡᠬᠢᠯᠡᠬᠦᠯᠬᠦ ᠵᠢᠯ ᠪᠠᠶᠢᠵᠦ᠂ ᠠᠭᠤᠯᠭ᠎ᠠ ᠴᠢᠬᠤᠯᠠ ᠡᠭᠦᠷᠭᠡ ᠬᠦᠨᠲᠤ᠂ ᠪᠢᠳᠠ ᠡᠷᠬᠡᠪᠰᠢ | ᠪᠠᠶᠢᠯᠳᠤᠬᠤ ᠪᠤᠳᠤᠯᠭ᠎ᠠ ᠶᠢᠨ ᠲᠤᠭᠲᠠᠴᠠ ᠪᠠ ᠠᠵᠢᠯ ᠬᠢᠬᠦ ᠰᠢᠨᠲᠠᠷᠠᠰᠢ ᠦᠭᠡᠢ ᠵᠤᠷᠢᠭ ᠢᠶᠠᠷ ᠤᠷᠤᠭᠰᠢᠯᠠᠨ | ᠴᠢᠷᠮᠠᠶᠢᠵᠦ ᠡᠷᠡᠮᠡᠬᠡᠶᠢᠯᠡᠨ ᠵᠢᠳᠬᠦᠵᠦ᠂ ᠮᠠᠨ ᠤ ᠬᠤᠰᠢᠭᠤᠨ ᠤ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠠᠢ᠃ ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ | ᠬᠦᠭᠵᠢᠯᠲᠡ ᠶᠢᠨ ᠲᠦᠯᠦᠪᠵᠢᠭᠦᠯᠦᠭᠰᠡᠨ ᠭᠤᠤᠯ ᠬᠠᠷᠠᠯᠲᠠ᠄ ᠭᠠᠵᠠᠷ ᠤᠷᠤᠨ ᠤ ᠤᠶᠢᠯᠡᠳᠪᠤᠷᠢᠯᠡᠯ ᠤᠨ ᠶᠡᠷᠤᠩᠬᠡᠢ | ᠦᠷᠲᠡᠭ ᠢ 6% ᠪᠠᠷ ᠨᠡᠮᠡᠭᠳᠡᠬᠦᠯᠦᠨ᠂ ᠲᠤᠭᠲᠠᠮᠠᠯ ᠡᠳ᠋ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ | 60% ᠳᠤ ᠬᠦᠷᠬᠡᠵᠦ᠂ ᠬᠡᠪᠴᠢᠶᠠᠵᠢᠯ ᠠᠴᠠ ᠲᠡᠬᠡᠭᠰᠢᠬᠢ ᠠᠵᠤ ᠤᠶᠢᠯᠡᠳᠪᠤᠷᠢ ᠠᠵᠤ ᠠᠬᠤᠶᠢᠯᠠᠯ ᠤᠨ ᠨᠡᠮᠡᠭᠳᠡᠯ | ᠦᠷᠳᠡᠭ ᠢ 6% ᠪᠠᠷ ᠨᠡᠮᠡᠭᠳᠡᠬᠦᠯᠦᠨ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢ 5% ᠪᠠᠷ | ᠨᠡᠮᠡᠭᠳᠡᠬᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠠᠷᠤᠩᠭᠡᠢ ᠦᠷᠳᠡᠭ ᠢ 4% ᠪᠠᠷ | ᠨᠡᠮᠡᠭᠳᠡᠬᠦᠯᠦᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠤᠨ ᠲᠤᠮᠳᠠᠴᠢ ᠶᠢᠨ ᠡᠵᠡᠮᠳᠡᠵᠤ ᠪᠤᠯᠬᠤᠶᠢᠴᠠ | ᠤᠷᠤᠯᠭ᠎ᠠ ᠶᠢ ᠲᠤᠰ ᠲᠤᠰ 5.5% ᠪᠠ 8.2% ᠪᠠᠷ ᠨᠡᠮᠡᠭᠳᠡᠬᠦᠯᠵᠦ᠂ ᠬᠤᠲᠠ ᠪᠠᠯᠭᠠᠰᠤᠨ ᠤ ᠲᠠᠩᠰᠠᠯᠠᠭᠰᠠᠨ | ᠠᠵᠢᠯ ᠠᠯᠳᠠᠭᠰᠠᠳ ᠤᠨ ᠨᠤᠷᠮ᠎ᠠ ᠶᠢ 4% ᠳᠤᠳᠤᠷ᠎ᠠ ᠬᠢᠵᠠᠭᠠᠷᠯᠠᠨ᠂ ᠡᠨᠧᠷᠭᠢ ᠶᠢᠨ ᠬᠤᠷᠤᠭᠳᠠᠯ ︵ᠬᠤᠤᠰ | ᠡᠵᠡᠮᠰᠢᠯ︶ ᠢ ᠬᠠᠷᠠᠯᠲᠠ ᠶᠢᠨ ᠬᠡᠪᠴᠢᠶ᠎ᠡ ᠳᠤᠳᠤᠷ᠎ᠠ ᠪᠠᠶᠢᠯᠭᠠᠨ᠎ᠠ᠃ | ᠳᠡᠭᠡᠷᠡᠬᠢ ᠬᠠᠷᠠᠯᠲᠠ ᠡᠭᠦᠷᠭᠡ ᠶᠢᠨ ᠲᠤᠭᠤᠷᠢᠨ ᠳᠤ᠂ ᠵᠢᠷᠭᠤᠭᠠᠨ ᠲᠠᠯ᠎ᠠ ᠶᠢᠨ ᠠᠵᠢᠯ ᠢ ᠭᠤᠤᠯᠴᠢᠯᠠᠨ ᠠᠳᠬᠤᠬᠤ | ᠬᠡᠷᠡᠭᠳᠠᠢ᠄ | ︵ᠨᠢᠬᠡ︶ ᠪᠤᠬᠢᠷᠳᠤᠯ ᠦᠭᠡᠢ ᠪᠠᠶᠢᠳᠠᠯ ᠢ ᠤᠷᠢᠳᠴᠢᠯᠠᠨ ᠬᠡᠷᠡᠭᠵᠢᠬᠦᠯᠵᠦ᠂ ᠦᠷ᠎ᠡ ᠪᠦᠳᠦᠮᠵᠢ ᠶᠢ ᠪᠠᠬᠢᠵᠢᠬᠦᠯᠦᠨ᠂ | ᠠᠮᠢ ᠠᠬᠤᠢ ᠶᠢ ᠬᠠᠮᠠᠭᠠᠯᠠᠯᠳᠠ ᠶᠢᠨ ᠰᠢᠨ᠎ᠡ ᠬᠢᠷᠢ ᠪᠦᠳᠦᠮᠵᠢ ᠶᠢ ᠲᠠᠬᠢᠨᠳᠠ ᠴᠤᠭᠴᠠᠯᠠᠨ᠎ᠠ᠃ | ︽ᠭᠤᠷᠪᠠᠨ ᠱᠤᠭᠤᠮ ᠨᠢᠭᠡ ᠲᠤᠳᠤᠷᠬᠠᠢ ᠳᠠᠩᠰᠠ︾ ᠶᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ | ᠴᠢᠬᠤᠯᠠ ᠭᠠᠷᠳᠠᠴᠠ ᠪᠤᠯᠭᠠᠬᠤ ᠶᠢ ᠪᠠᠷᠢᠮᠲᠠᠯᠠᠨ᠂ ᠪᠤᠬᠢᠷᠳᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠲᠡᠪᠢᠰᠭᠡᠷ ᠦᠩᠭᠡ ᠶᠢ ᠲᠤᠳᠤᠳᠬᠠᠨ᠎ᠠ᠃ ᠠᠵᠤ ᠤᠶᠢᠯᠡᠳᠪᠤᠷᠢ | ᠶᠢᠨ ᠬᠠᠶᠠᠭᠳᠠᠮᠠᠯ ᠬᠡᠢ᠂ ᠪᠠᠷᠢᠯᠭ᠎ᠠ ᠶᠢᠨ ᠲᠤᠭᠤᠰᠤ ᠵᠡᠷᠭᠡ ᠠᠭᠠᠷ ᠤᠨ ᠪᠤᠬᠢᠷᠳᠤᠯ ᠤᠨ ᠡᠭᠦᠰᠪᠤᠷᠢ ᠶᠢᠨ | ᠬᠠᠮᠢᠶᠠᠷᠤᠯᠲᠠ ᠶᠢ ᠴᠢᠩᠭᠠᠳᠬᠠᠨ᠂ ᠴᠡᠪᠡᠷ ᠠᠭᠠᠷ ᠢ ᠪᠦᠬᠦ ᠬᠦᠴᠦ ᠪᠠᠷ ᠪᠠᠳᠤᠯᠠᠨ᠎ᠠ᠃ ᠤᠰᠦ ᠬᠡᠷᠡᠭᠯᠡᠬᠦ ᠳᠤ ᠬᠢᠨᠠᠨ | ᠵᠦᠪᠰᠢᠶᠡᠷᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠲᠠᠷᠢᠶᠠᠯᠠᠩ ᠤᠨ ᠤᠰᠤᠯᠠᠯᠳᠠ | ᠶᠢᠨ ᠮᠠᠰᠢᠨ ᠬᠤᠳᠳᠤᠭ ᠲᠤ ᠴᠦᠮ ᠤᠶᠤᠨᠯᠢᠭ ᠬᠡᠮᠵᠢᠯᠲᠡ ᠶᠢᠨ ᠲᠦᠭᠦᠭᠡᠷᠤᠮᠵᠢ ᠶᠢ ᠤᠭᠰᠠᠷᠠᠨ᠎ᠠ᠃ ᠠᠵᠦ | ᠦᠢᠯᠡᠳᠪᠦᠷᠢ ᠶᠢᠨ ᠤᠰᠦ ᠠᠷᠪᠢᠯᠠᠬᠤ ᠬᠠᠮᠢᠶᠠᠷᠤᠯᠳᠠ ᠶᠢ ᠴᠢᠩᠭᠠᠳᠬᠠᠨ᠂ ᠤᠰᠤ ᠶᠡᠭᠡ ᠵᠠᠷᠤᠴᠠᠭᠤᠯᠬᠤ ᠰᠢᠨ᠎ᠡ | ᠲᠦᠷᠦᠯ ᠵᠦᠢᠯ ᠤᠨ ᠪᠠᠶᠢᠭᠤᠯᠤᠯᠲᠠ ᠶᠢ ᠡᠷᠡᠰ ᠴᠠᠭᠠᠵᠠᠯᠠᠨ᠎ᠠ᠃ ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ | ᠪᠠᠶᠢᠩᠭᠤᠵᠢᠯᠲᠠ ᠶᠢ ᠲᠤᠭᠤᠰᠢᠯᠠᠭᠤᠯᠵᠤ᠂ ᠬᠠᠳᠤᠨ ᠭᠤᠤᠯ ᠤᠨ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠳᠠᠢ ᠬᠦᠭᠵᠢᠯᠲᠡ ᠶᠢ ᠪᠠᠳᠤᠲᠠᠢ ᠲᠦᠯᠬᠢᠨ ᠠᠬᠢᠭᠤᠯᠵᠤ᠂ ᠲᠠᠪᠤᠨ ᠬᠠᠨ ᠭᠤᠤᠯ ᠤᠨ ᠤᠷᠤᠰᠬᠠᠯ ᠤᠨ | ᠡᠷᠭᠢ ᠶᠢᠨ ᠵᠠᠰᠠᠯᠲᠠ ᠶᠢ 20 ᠺᠢᠯᠤᠮᠧᠲᠷ ᠪᠠᠶᠡᠯᠡᠭᠦᠯᠦᠨ᠎ᠡ᠃ ᠬᠦᠷᠤᠰᠤ ᠰᠢᠷᠤᠢ ᠶᠢᠨ ᠪᠤᠬᠢᠷᠳᠤᠯ ᠤᠨ ᠶᠡᠷᠤᠩᠭᠡᠢ | ᠰᠡᠷᠭᠡᠶᠢᠯᠡᠨ ᠵᠠᠰᠠᠯᠲᠠ ᠶᠢ ᠴᠢᠩᠭᠠᠳᠬᠠᠨ᠂ ᠲᠠᠷᠢᠶᠠᠯᠠᠬᠤ ᠤᠷᠤᠨ ᠤ ᠪᠤᠬᠢᠷᠳᠤᠯ ᠤᠨ ᠶᠡᠷᠤᠩᠭᠡᠢ ᠬᠠᠮᠢᠶᠠᠷᠤᠯᠲᠠ ᠶᠢ | ᠢᠳᠡᠪᠬᠢᠲᠠᠢ ᠠᠬᠢᠭᠤᠯᠤᠨ᠎ᠠ᠃ ᠠᠭᠤᠷᠬᠠᠢ ᠶᠢᠨ ᠤᠷᠴᠢᠨ ᠲᠤᠭᠤᠷᠢᠨ ᠤ ᠰᠡᠷᠭᠦᠭᠡᠯᠲᠡ ᠶᠢ ᠦᠷᠬᠦᠯᠵᠢᠯᠡᠨ ᠠᠬᠢᠭᠤᠯᠵᠤ | ᠂ ᠠᠭᠤᠷᠬᠠᠢ ᠶᠢᠨ ᠠᠵᠤ ᠠᠬᠤᠢ ᠶᠢ ᠢᠳᠡᠪᠬᠢᠲᠠᠢ ᠵᠢᠯᠤᠭᠤᠳᠤᠨ ᠪᠤᠬᠢᠷᠳᠤᠯ ᠦᠭᠡᠢ ᠠᠭᠤᠷᠬᠠᠢ ᠶᠢ ᠪᠠᠶᠢᠭᠤᠯᠤᠨ᠎ᠠ᠃ | ᠲᠠᠯ᠎ᠠ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠂ ᠪᠡᠯᠴᠢᠭᠡᠷᠯᠡᠬᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠲᠤᠭᠲᠠᠭᠠᠯ ᠢ ᠡᠷᠡᠰ ᠬᠡᠷᠡᠭᠵᠢᠭᠦᠯᠵᠤ᠂ ᠠᠮᠢ ᠠᠬᠤᠢ ᠶᠢᠨ | ᠪᠠᠶᠢᠭᠤᠯᠤᠯᠲᠠ ᠶᠢᠨ ᠪᠦᠳᠤᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠢ ᠰᠢᠭᠤᠢ ᠶᠢᠨ ᠭᠠᠯ | ᠤᠨ ᠠᠶᠤᠯ᠂ ᠬᠤᠷᠤᠬᠠᠢ ᠰᠢᠪᠠᠵᠢ ᠬᠤᠯᠤᠭᠠᠨ᠎ᠠ ᠶᠢᠨ ᠬᠦᠨᠤᠭᠡᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ | ᠭᠠᠵᠠᠷ ᠰᠢᠷᠤᠢ ᠶᠢ ᠨᠤᠭᠤᠭᠠᠷᠠᠭᠤᠯᠬᠤ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠤᠶᠢᠵᠢᠭᠤᠯᠤᠨ ᠨᠦᠬᠦᠪᠦᠷᠢᠯᠡᠬᠦ | 4 ᠲᠦᠮᠡᠨ ᠮᠤ᠋᠂ ᠤᠢ ᠰᠢᠭᠤᠢ ᠶᠢᠨ ᠳᠠᠭᠠᠳᠬᠠᠯ ᠤᠨ ᠤᠷᠭᠤᠮᠠᠯ ᠤᠨ ᠬᠤᠴᠢᠯᠭ᠎ᠠ ᠶᠢ ᠰᠡᠷᠬᠦᠬᠡᠬᠦ 4 ᠲᠦᠮᠡᠨ ᠮᠤ᠋᠂ | ᠠᠭᠤᠯᠠ ᠶᠢ ᠪᠢᠳᠠᠬᠦᠮᠵᠢᠯᠡᠨ ᠤᠶᠢᠵᠢᠭᠤᠯᠬᠤ 1 ᠲᠦᠮᠡᠨ ᠮᠤ᠋᠂ ᠰᠠᠶᠢᠨ ᠲᠤᠷ᠎ᠠ ᠠᠴᠠ ᠪᠠᠨ ᠮᠤᠲᠤ ᠵᠠᠶᠢᠯᠠᠬᠤ | 1000 ᠮᠤ᠋᠂ ᠬᠦᠳᠡᠭᠡ ᠲᠤᠰᠬᠤᠨ ᠢ ᠭᠤᠶᠤᠯᠢᠭᠵᠢᠭᠤᠯᠤᠨ ᠨᠤᠭᠤᠭᠠᠷᠠᠭᠤᠯᠬᠤ 500 ᠮᠤ᠋ ᠪᠠ ᠬᠦᠮᠤᠨ ᠤ ᠬᠦᠴᠦ | ᠪᠠᠷ ᠲᠠᠷᠢᠬᠤ 200 ᠮᠤ᠋ ᠶᠢᠨ ᠡᠬᠦᠷᠬᠡ ᠶᠢ ᠪᠡᠶᠡᠯᠡᠭᠦᠯᠦᠨ᠎ᠠ᠃ | ︵ᠬᠤᠶᠠᠷ︶ ᠶᠠᠰᠦ ᠴᠢᠨᠠᠷ ᠢ ᠲᠡᠬᠡᠭᠰᠢᠯᠡᠬᠦᠯᠦᠨ ᠦᠷ᠎ᠡ ᠪᠦᠳᠦᠮᠵᠢ ᠶᠢ ᠲᠡᠬᠡᠭᠰᠢᠯᠡᠬᠦᠯᠬᠦ ᠶᠢ ᠪᠠᠶᠢᠷᠢᠯᠠᠨ᠂ ᠬᠡᠪᠴᠢᠶ᠎ᠠ | ᠪᠠᠨ ᠦᠷᠬᠡᠳᠬᠡᠵᠦ᠂ ᠠᠵᠦ ᠤᠶᠢᠯᠡᠰ ᠤᠨ ᠬᠦᠭᠵᠢᠯᠳᠠ ᠳᠤ ᠰᠢᠨ᠎ᠡ ᠬᠦᠳᠡᠯᠬᠡᠭᠴᠢ ᠬᠦᠴᠦᠨ ᠢ ᠨᠡᠮᠡᠷᠢᠯᠡᠨ᠎ᠡ᠃ | ᠮᠠᠯᠵᠢᠬᠤ ᠲᠠᠷᠢᠶᠠᠯᠠᠬᠤ ᠤᠶᠢᠯᠡᠰ ᠢ ᠲᠤᠭᠲᠠᠭᠤᠨ ᠢᠶᠠᠷ ᠬᠦᠭᠵᠢᠬᠦᠯᠦᠨ᠎ᠡ᠃ ᠭᠠᠵᠠᠷ ᠬᠠᠭᠠᠯᠪᠤᠷᠢᠯᠠᠯᠲᠠ ᠶᠢᠨ ᠤᠯᠠᠭᠠᠨ | ᠱᠤᠭᠤᠮ ᠢ ᠪᠠᠲᠤ ᠰᠠᠬᠢᠵᠤ᠂ ︽ᠠᠮᠤ ᠪᠤᠳᠠᠭ᠎ᠠ ᠶᠢ ᠭᠠᠵᠠᠷ ᠲᠤ ᠬᠠᠳᠠᠭᠠᠯᠠᠨ᠂ ᠠᠮᠤ ᠪᠤᠳᠠᠭ᠎ᠠ ᠶᠢ ᠮᠡᠷᠭᠡᠵᠢᠯ ᠠᠴᠠ | ᠤᠯᠬᠤ︾ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠠᠷᠢᠮᠠᠯ ᠤᠨ ᠶᠡᠷᠦᠩᠭᠡᠢ ᠲᠠᠷᠢᠬᠤ | ᠲᠠᠯᠠᠪᠠᠢ ᠶᠢ 185 ᠲᠦᠮᠡᠨ ᠮᠤ᠋ ᠳᠤ ᠲᠤᠭᠳᠠᠪᠤᠷᠢᠵᠢᠭᠤᠯᠵᠦ᠂ ᠦᠨᠳᠤᠷ ᠪᠠᠷᠢᠮᠵᠢᠶᠠᠳᠦ ᠲᠠᠷᠢᠶᠠᠨ ᠭᠠᠵᠠᠷ ᠢ 3.8 | ᠲᠦᠮᠡᠨ ᠮᠤ᠋ ᠪᠠᠶᠢᠭᠤᠯᠤᠨ᠎ᠠ᠃ ᠲᠦᠮᠤᠰᠤ᠂ ᠮᠢᠬᠠᠨ ᠤ ᠦᠬᠡᠷ ᠬᠤᠨᠢᠨ ᠤ ᠤᠨᠴᠠᠯᠢᠭᠲᠤ ᠭᠤᠤᠯᠯᠭᠴᠢ ᠠᠵᠤ | ᠤᠶᠢᠯᠡᠰ ᠢ ᠬᠦᠭᠵᠢᠭᠦᠯᠦᠨ᠂ ᠪᠤᠬᠢᠷᠳᠤᠯ ᠦᠭᠡᠢ ᠤᠷᠭᠠᠨᠢᠭ ᠭᠠᠵᠠᠷ ᠵᠦᠢ ᠶᠢᠨ ᠰᠢᠨᠵᠢ ᠲᠡᠮᠳᠡᠭᠲᠤ ᠪᠦᠳᠤᠭᠡᠭᠳᠡᠭᠦᠨ ᠢ | ᠶᠡᠬᠡᠪᠡᠷ ᠬᠦᠭᠵᠢᠬᠦᠯᠵᠦ᠂ ᠮᠠᠯ ᠲᠠᠷᠢᠶᠠᠯᠠᠩ ᠤᠨ ᠪᠦᠳᠤᠭᠡᠭᠳᠡᠭᠦᠨ ᠢ ᠤᠯᠠᠨ ᠡᠰᠢᠵᠢᠬᠦᠯᠵᠦ ᠨᠡᠬᠡᠬᠡᠭᠰᠡᠨ᠂ ᠤᠯᠠᠨ | ᠭᠤᠭᠴᠤᠭ᠎ᠠ ᠶᠢ ᠦᠷᠳᠡᠭᠵᠢᠬᠦᠯᠦᠨ ᠪᠠᠶᠢᠭᠤᠯᠤᠭᠰᠠᠨ ᠠᠵᠦ ᠦᠢᠯᠡᠰ ᠤᠨ ᠪᠦᠳᠦᠴᠡ ᠶᠢ ᠪᠦᠷᠢᠯᠳᠤᠭᠦᠯᠦᠨ᠎ᠡ᠃ | ᠰᠠᠶᠢᠨ ᠡᠭᠦᠯᠳᠡᠷ ᠤᠨ ᠲᠦᠮᠤᠰᠤᠨ ᠤ ᠨᠦᠬᠦᠪᠤᠷᠢ ᠶᠢ ᠬᠡᠷᠡᠭᠵᠢᠭᠦᠯᠬᠦ ᠬᠦᠴᠤᠯᠡᠴᠡ ᠶᠢ ᠦᠷᠬᠦᠯᠵᠢᠯᠡᠨ ᠴᠢᠩᠭᠠᠳᠬᠠᠨ᠂ | ᠦᠷ᠎ᠡ ᠶᠢᠨ ᠲᠦᠮᠦᠰᠤ᠂ ᠲᠠᠸᠠᠷ ᠤᠨ ᠲᠦᠮᠦᠰᠤ ᠪᠤᠯᠤᠨ ᠪᠤᠯᠪᠠᠰᠤᠷᠠᠭᠤᠯᠤᠯᠲᠠ ᠶᠢᠨ ᠲᠦᠮᠦᠰᠦ ᠶᠢ | ᠪᠠᠷᠢᠮᠵᠢᠶᠠᠵᠢᠭᠤᠯᠤᠨ ᠬᠡᠪᠴᠢᠶᠠᠵᠢᠬᠦᠯᠦᠭᠰᠡᠨ ᠲᠠᠷᠢᠮᠠᠯ ᠤᠨ ᠰᠠᠭᠤᠷᠢᠨ ᠭᠠᠵᠠᠷ ᠢ ᠲᠦᠷᠬᠡᠳᠬᠡᠨ ᠪᠠᠶᠢᠭᠤᠯᠵᠦ᠂ | ᠲᠦᠮᠦᠰᠦ ᠲᠠᠷᠢᠬᠤ ᠲᠠᠯᠠᠪᠠᠢ ᠶᠢ 60 ᠲᠦᠮᠡᠨ ᠮᠤ᠋ ᠳᠤ ᠬᠦᠷᠬᠡᠨ᠎ᠡ᠃ 5400 ᠲᠦᠬᠦᠷᠢᠭ ᠤᠨ ᠪᠠᠯᠠ ᠤᠷᠤᠭᠤᠯᠤᠨ | ᠂ ᠲᠠᠷᠢᠶᠠᠯᠠᠩ ᠤᠨ ᠪᠦᠳᠦᠬᠡᠭᠳᠡᠬᠦᠨ ᠤ ᠬᠠᠳᠠᠭᠠᠯᠠᠭᠳᠠᠴᠠ ᠶᠢᠨ ᠬᠦᠢᠯᠬᠡᠬᠡᠨ ᠤ ᠰᠠᠭᠤᠷᠢ ᠲᠦᠬᠦᠬᠡᠷᠦᠮᠵᠢ ᠶᠢᠨ | ᠲᠦᠷᠦᠯ ᠵᠤᠶᠢᠯ ᠢ ᠲᠠᠭᠤᠰᠬᠠᠨ᠎ᠠ᠃ ᠰᠠᠢ ᠨᠥᠸᠧ ᠳ᠋ᠦ᠋ ᠮᠧᠩ ᠢᠳᠠᠰᠢᠨ ᠬᠤᠨᠢᠨ ᠤ ᠲᠦᠷᠦᠯ ᠤᠨ ᠲᠠᠪᠠᠭᠤᠯᠢᠭ ᠢ | ᠬᠦᠢᠴᠡᠳ ᠪᠠᠳᠠᠷᠠᠭᠤᠯᠤᠨ᠂ ᠳ᠋ᠦ᠋ ᠮᠧᠩ ᠮᠢᠬᠠᠨ ᠤ ᠬᠤᠨᠢᠨ ᠤ ᠰᠢᠨ᠎ᠡ ᠪᠦᠳᠤᠭᠡᠭᠳᠡᠭᠦᠨ ᠨᠢ ᠤᠯᠤᠰ ᠤᠨ ᠬᠢᠨᠠᠨ | ᠲᠤᠭᠲᠠᠭᠠᠯᠲᠠ ᠶᠢ ᠦᠩᠭᠡᠷᠡᠬᠡᠬᠦ ᠶᠢ ᠠᠬᠢᠭᠤᠯᠤᠨ᠂ ᠳ᠋ᠦ᠋ ᠮᠧᠩ ᠮᠢᠬᠠᠨ ᠤ ᠬᠤᠨᠢᠨ ᠤ ᠵᠢᠯ ᠤᠨ ᠪᠤᠷᠤᠯᠠᠭᠤᠯᠤᠯᠲᠠ | ᠶᠢᠨ ᠲᠤᠭ᠎ᠠ ᠶᠢ 80 ᠲᠦᠮᠡᠨ ᠠᠴᠠ ᠳᠡᠭᠡᠭᠰᠢ ᠭᠠᠷᠭᠠᠬᠤ ᠪᠠᠷ ᠴᠢᠷᠮᠠᠶᠢᠨ᠎ᠠ᠃ ᠮᠢᠬᠠᠨ ᠤ ᠦᠬᠡᠷ ᠤᠨ ᠲᠤᠭ᠎ᠠ | ᠲᠤᠯᠤᠭᠠᠢ ᠶᠢ ᠦᠷᠬᠦᠯᠵᠢᠯᠡᠨ ᠨᠡᠮᠡᠭᠳᠡᠬᠦᠯᠦᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠤᠮᠵᠢ ᠶᠢ | ᠨᠡᠮᠡᠭᠳᠡᠭᠦᠯᠵᠤ᠂ ᠶᠡᠭᠡ ᠭᠤᠪᠢ ᠮᠢᠬᠠᠨ ᠤ ᠦᠬᠡᠷ ᠤᠨ ᠺᠤᠮᠫᠠᠨᠢ ᠳᠤ ᠲᠦᠰᠢᠭᠯᠡᠨ᠂ ᠲᠦᠮᠡᠨ ᠮᠢᠬᠠᠨ ᠤ ᠦᠬᠡᠷ | ᠲᠡᠵᠢᠬᠡᠬᠦ ᠲᠦᠷᠦᠯ ᠵᠤᠶᠢᠯ ᠢ ᠠᠬᠢᠭᠤᠯᠤᠨ᠂ ᠵᠢᠯ ᠤᠨ ᠲᠤᠳᠤᠷ᠎ᠠ 1 ᠲᠦᠮᠡᠨ ᠰᠢᠯᠢᠳᠡᠭ ᠡᠭᠦᠯᠳᠡᠷ ᠤᠨ ᠠᠩᠭᠢᠰ | ᠦᠨᠢᠶ᠎ᠡ ᠬᠤᠲᠠᠯᠳᠤᠨ ᠤᠷᠤᠭᠤᠯᠵᠤ᠂ ᠮᠢᠬᠠᠨ ᠤ ᠦᠬᠡᠷ ᠲᠠᠵᠢᠬᠡᠬᠦ ᠬᠡᠪᠴᠢᠶ᠎ᠠ ᠶᠢ ᠦᠷᠬᠡᠳᠬᠡᠬᠦ ᠶᠢ ᠠᠬᠢᠭᠤᠯᠤᠨ᠎ᠠ᠃ | ᠭᠠᠵᠠᠷ ᠵᠦᠢ ᠶᠢᠨ ᠰᠢᠨᠵᠢ ᠳᠡᠮᠳᠡᠭ ᠢ ᠲᠠᠩᠰᠠᠯᠠᠨ ᠬᠠᠮᠠᠭᠠᠯᠠᠬᠤ ᠢᠨᠵᠧᠨᠧᠷᠢᠩ ᠢ ᠲᠦᠷᠬᠡᠳᠬᠡᠨ ᠬᠡᠷᠡᠭᠵᠢᠭᠦᠯᠵᠤ᠂ | ᠪᠠᠶᠢᠭᠠᠯᠢᠯᠢᠭ ᠢᠳᠡᠭᠡᠨ᠂ ᠤᠷᠭᠠᠨᠢᠭ ᠲᠠᠷᠢᠶᠠᠯᠠᠩ ᠤᠨ ᠪᠦᠳᠤᠭᠡᠭᠳᠡᠭᠦᠨ ᠢ 2 —3 ᠲᠦᠷᠦᠯ ᠢ ᠰᠢᠨ᠎ᠡ ᠪᠠᠷ ᠨᠡᠮᠡᠨ᠎ᠡ᠃ | | ᠠᠵᠤ ᠤᠶᠢᠯᠡᠳᠪᠤᠷᠢ ᠶᠢᠨ ᠠᠵᠤ ᠠᠬᠤᠢ ᠶᠢᠨ ᠪᠤᠬᠢᠷᠳᠤᠯ ᠦᠭᠡᠢ ᠰᠢᠯᠵᠢᠯᠲᠡ ᠶᠢ ᠠᠬᠢᠭᠤᠯᠤᠨ᠎ᠠ᠃ ᠴᠡᠪᠡᠷ ᠡᠨᠧᠷᠭᠢ | ᠶᠢᠨ ᠬᠦᠭᠵᠢᠯᠲᠡ ᠶᠢ ᠬᠦᠴᠤᠯᠡᠨ ᠬᠦᠭᠵᠢᠭᠦᠯᠵᠤ᠂ ᠬᠦᠬᠡ ᠮᠦᠷᠡᠨ ᠤ ᠭᠤᠷᠪᠠᠨ ᠬᠠᠪᠴᠢᠯ ᠤᠨ ᠵᠢᠱᠢᠶ᠎ᠡ ᠦᠵᠡᠭᠦᠯᠬᠦ | ᠲᠦᠷᠦᠯ ᠵᠦᠢᠯ ᠤᠨ ᠬᠤᠶᠠᠳᠤᠭᠠᠷ᠂ ᠭᠤᠷᠪᠠᠳᠤᠭᠠᠷ ᠬᠤᠭᠤᠴᠠᠭ᠎ᠠ ᠪᠤᠯᠤᠨ ᠤᠯᠤᠰ ᠤᠨ ᠴᠠᠬᠢᠯᠭᠠᠨ ᠬᠦᠴᠦᠨ ᠤ | ᠪᠠᠯᠠ ᠤᠷᠤᠭᠤᠯᠤᠯᠳᠠ ᠶᠢᠨ ᠠᠩᠬᠠᠳᠤᠭᠠᠷ ᠬᠤᠭᠤᠴᠠᠭᠠᠨ ᠤ ᠲᠦᠷᠦᠯ ᠵᠤᠶᠢᠯ ᠤᠨ ᠪᠦᠳᠤᠭᠡᠨ ᠪᠠᠶᠢᠭᠤᠯᠤᠯᠲᠠ ᠶᠢᠨ | ᠠᠬᠢᠴᠠ ᠶᠢ ᠲᠦᠯᠬᠢᠨ ᠠᠬᠢᠭᠤᠯᠵᠤ᠂ ᠵᠢᠯ ᠲᠤᠳᠤᠷ᠎ᠠ᠂ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠴᠢᠷᠮᠠᠶᠢᠨ | ᠪᠡᠶᠡᠯᠡᠭᠦᠯᠦᠨ᠎ᠡ᠃ ᠴᠠᠪᠠᠷ ᠡᠨᠧᠷᠬᠢ ᠶᠢ ᠢᠯᠴᠢ ᠴᠠᠬᠢᠯᠭᠠᠨ ᠲᠠᠢ ᠬᠤᠤᠰᠯᠠᠭᠤᠯᠵᠦ᠂ ᠲᠦᠪᠯᠡᠷᠡᠬᠦᠯᠦᠨ ᠢᠯᠴᠢ | ᠬᠠᠩᠭᠠᠬᠤ ᠲᠦᠷᠦᠯ ᠵᠤᠶᠢᠯ ᠢ ᠡᠬᠢᠯᠡᠬᠦᠯᠦᠨ ᠪᠠᠶᠢᠭᠤᠯᠬᠤ ᠶᠢ ᠲᠦᠷᠬᠡᠳᠬᠡᠨ᠂ ᠪᠤᠬᠢᠷᠳᠤᠯ ᠦᠭᠡᠢ ᠡᠨᠧᠷᠭᠢ ᠶᠢᠨ | ᠬᠡᠷᠡᠭᠯᠡᠯᠲᠡ ᠪᠠ ᠠᠵᠦ ᠦᠢᠯᠡᠰ ᠤᠨ ᠬᠦᠭᠵᠢᠯᠳᠠ ᠶᠢᠨ ᠬᠠᠮ ᠠᠭᠤᠰᠤᠯᠴᠠᠯ ᠢ ᠪᠠᠶᠠᠯᠡᠬᠦᠯᠦᠨ᠎ᠡ᠃ ᠠᠵᠤ | ᠤᠶᠢᠯᠡᠳᠪᠤᠷᠢ ᠶᠢᠨ ᠬᠦᠷᠢᠶᠡᠯᠡᠩ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ | ᠬᠦᠷᠢᠶᠡᠯᠡᠩ ᠤᠨ ᠳᠠᠭᠠᠭᠠᠴᠠ ᠶᠢ ᠨᠡᠮᠡᠭᠳᠡᠭᠦᠯᠦᠨ᠎ᠡ᠃ 2.28 ᠳ᠋ᠦᠩᠰᠢᠭᠤᠷ ᠲᠦᠬᠦᠷᠢᠭ ᠤᠨ ᠪᠡᠯᠠ ᠤᠷᠤᠭᠤᠯᠵᠦ᠂ | ᠶᠥᠩ ᠾᠧ ᠹᠯᠤᠷ ᠤᠨ ᠬᠢᠮᠢ ᠶᠢᠨ ᠤᠶᠢᠯᠡᠳᠪᠤᠷᠢ ᠶᠢᠨ ᠰᠢᠨ᠎ᠡ ᠨᠡᠮᠡᠭᠰᠡᠨ ᠲᠦᠷᠦᠯ ᠵᠦᠢᠯ ᠤᠨ ᠪᠠᠶᠢᠭᠤᠯᠤᠯᠲᠠ ᠶᠢ | ᠦᠷᠬᠦᠯᠵᠢᠯᠡᠨ ᠠᠬᠢᠭᠤᠯᠵᠤ᠂ ᠳᠦᠷᠪᠡᠨ ᠹᠯᠦᠷᠲᠤ ᠡᠲ᠋ᠧᠨ ᠵᠡᠷᠭᠡ ᠳᠦᠷᠪᠡᠨ ᠪᠦᠳᠤᠭᠡᠭᠳᠡᠭᠦᠨ ᠤ ᠤᠶᠢᠯᠡᠳᠪᠤᠷᠢᠯᠡᠵᠤ | ᠡᠬᠢᠯᠡᠬᠦ ᠶᠢ ᠪᠠᠳᠤᠯᠠᠠ᠂ ᠹᠯᠦᠷ ᠤᠨ ᠬᠢᠮᠢ ᠶᠢᠨ ᠠᠵᠤ ᠤᠶᠢᠯᠡᠳᠪᠤᠷᠢ ᠶᠢᠨ ᠤᠶᠢᠯᠡᠰ ᠤᠨ ᠦᠨᠳᠤᠷ ᠬᠡᠮᠵᠢᠶᠡᠨ ᠤ | ᠡᠨᠧᠷᠭᠢ ᠠᠷᠪᠢᠯᠠᠬᠤ ᠬᠠᠨᠳᠤᠯᠭ᠎ᠠ ᠲᠠᠢ ᠬᠦᠭᠵᠢᠯᠲᠡ ᠶᠢᠨ ᠠᠯᠬᠤᠮ ᠢ ᠲᠦᠷᠭᠡᠳᠭᠡᠨ᠎ᠡ᠃ ᠮᠠᠯ ᠲᠠᠷᠢᠶᠠᠯᠠᠩ ᠤᠨ | ᠪᠦᠳᠦᠬᠡᠭᠳᠡᠬᠦᠨ ᠢ ᠶᠡᠷᠦᠩᠬᠡᠶᠢᠯᠡᠨ ᠨᠡᠬᠡᠬᠡᠨ ᠠᠰᠢᠭᠯᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠢ ᠮᠢᠨ | ᠲᠦᠮᠦᠰᠦᠨ ᠴᠠᠷᠳᠠᠭᠤᠯ ᠢ ᠪᠤᠯᠪᠠᠰᠤᠷᠠᠭᠤᠯᠬᠤ ᠲᠦᠷᠦᠯ ᠵᠤᠶᠢᠯ ᠳᠤ ᠨᠠᠶᠢᠳᠠᠨ᠂ ᠲᠦᠮᠦᠰᠦ ᠪᠠᠷ ᠭᠤᠤᠯ ᠢᠳᠡᠬᠡᠨ | ᠪᠤᠯᠭᠠᠬᠤ ᠲᠦᠷᠦᠯ ᠵᠤᠶᠢᠯ ᠢ ᠶᠡᠬᠡᠪᠡᠷ ᠨᠡᠬᠡᠬᠡᠨ ᠬᠦᠭᠵᠢᠬᠦᠯᠦᠨ᠎ᠡ᠃ ᠵᠢᠯ ᠲᠤᠳᠤᠷ᠎ᠠ 50 ᠲᠦᠮᠡᠨ ᠬᠤᠨᠢ᠂ 2 | ᠲᠦᠮᠡᠨ ᠦᠬᠡᠷ ᠨᠢᠳᠤᠯᠤᠨ ᠪᠤᠷᠤᠯᠠᠭᠤᠯᠬᠤ ᠲᠦᠷᠦᠯ ᠵᠤᠶᠢᠯ ᠢ ᠲᠠᠭᠤᠰᠬᠠᠵᠦ᠂ ᠮᠠᠯ ᠲᠠᠷᠢᠶᠠᠯᠠᠩ ᠤᠨ ᠠᠰᠢᠭ ᠰᠢᠮ᠎ᠡ | ᠶᠢᠨ ᠨᠡᠮᠡᠭᠳᠡᠯ ᠦᠷᠳᠡᠭ ᠢ ᠲᠠᠰᠤᠷᠠᠯᠳᠠ ᠦᠭᠡᠢ ᠲᠡᠬᠡᠭᠰᠢᠯᠡᠬᠦᠯᠦᠨ᠎ᠡ᠃ | ᠤᠷᠤᠨ ᠬᠡᠪᠴᠢᠶᠡᠨ ᠤ ᠵᠢᠭᠤᠯᠴᠢᠯᠠᠯ ᠢ ᠶᠡᠬᠡᠪᠡᠷ ᠬᠦᠭᠵᠢᠭᠦᠯᠦᠨ᠎ᠡ᠃ ᠦᠪᠡᠷᠳᠡᠬᠡᠨ ᠵᠠᠰᠠᠬᠤ ᠤᠷᠤᠨ ᠤ ᠲᠡᠰ ᠤᠨ | ᠬᠡᠪᠴᠢᠶᠡᠨ ᠤ ᠵᠢᠭᠤᠯᠴᠢᠯᠠᠯ ᠤᠨ ᠵᠢᠱᠢᠶᠡᠴᠢ ᠬᠤᠰᠢᠭᠤ ᠶᠢ ᠪᠦᠳᠤᠭᠡᠨ ᠪᠠᠶᠢᠭᠤᠯᠬᠤ ᠶᠢ ᠪᠠᠷᠢᠮᠲᠠᠯᠠᠬᠤ ᠲᠠᠰᠢᠷᠠᠮ ᠢᠶᠠᠷ | ᠂ ᠵᠢᠭᠤᠯᠴᠢᠯᠠᠯ ᠤᠨ ᠤᠷᠤᠨ ᠤ ᠦᠪᠡᠷᠮᠢᠴᠡ ᠤᠨᠴᠠᠯᠢᠭ ᠢ ᠴᠢᠩᠭ᠎ᠠ ᠠᠳᠬᠤᠨ᠂ ᠵᠢᠭᠤᠯᠴᠢᠯᠠᠯ ᠤᠨ ᠪᠡᠯᠡ | ᠤᠷᠤᠭᠤᠯᠤᠯᠲᠠ ᠶᠢᠨ ᠺᠤᠮᠫᠠᠨᠢ ᠶᠢᠨ ᠤᠶᠢᠯᠡᠳᠤᠯ ᠢ ᠪᠦᠷᠢᠮᠤᠰᠤᠨ ᠪᠠᠳᠠᠷᠠᠭᠤᠯᠵᠤ᠂ ᠰᠢᠯᠢᠳᠡᠭ ᠠᠵᠤ ᠠᠬᠤᠶᠢᠯᠠᠯ ᠢ | ᠢᠳᠡᠪᠬᠢᠲᠠᠢ ᠤᠷᠤᠭᠤᠯᠤᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠡᠵᠡᠩᠨᠡᠵᠤ᠂ ᠡᠵᠡᠩᠨᠡᠨ ᠪᠤᠷᠤᠯᠠᠭᠤᠯᠤᠯᠲᠠ | ᠶᠢᠨ ᠰᠢᠨᠡᠴᠢᠯᠡᠯᠲᠡ ᠶᠢ ᠰᠠᠶᠢᠲᠤᠷ ᠬᠢᠵᠤ᠂ ᠰᠢᠯᠢᠳᠡᠭ ᠡᠬᠢ ᠪᠠᠶᠠᠯᠢᠭ ᠢ ᠲᠠᠪᠠᠭᠤᠯᠢᠭ ᠠᠵᠤ ᠤᠶᠢᠯᠡᠰ ᠪᠤᠯᠭᠠᠬᠤ ᠶᠢ | ᠠᠬᠢᠭᠤᠯᠤᠨ᠎ᠠ᠃ ᠭᠡᠭᠡᠨᠲᠠᠯ᠎ᠠ ᠶᠢᠨ 5A ᠲᠡᠰ ᠤᠨ ᠵᠢᠭᠤᠯᠴᠢᠯᠠᠯ ᠤᠨ ᠤᠷᠤᠨ ᠪᠠᠶᠢᠭᠤᠯᠬᠤ ᠶᠢ ᠲᠦᠯᠬᠢᠨ ᠠᠬᠢᠭᠤᠯᠵᠤ | ᠂ ᠸᠠᠩ ᠤᠨ ᠤᠷᠳᠤᠨ ᠤ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠲᠠ ᠶᠢ ᠡᠮᠬᠢ ᠴᠡᠭᠴᠡᠲᠠᠢ | ᠠᠬᠢᠭᠤᠯᠤᠨ᠂ ᠨᠤᠮᠤᠭᠠᠨ ᠠᠭᠤᠯᠠ ᠪᠤᠯᠤᠨ ᠲᠤᠤᠷᠠᠢ ᠤᠢ ᠶᠢᠨ ᠨᠡᠭᠡᠭᠡᠯᠲᠡ ᠬᠠᠮᠠᠭᠠᠯᠠᠯᠲᠠ ᠶᠢᠨ ᠪᠠᠶᠢᠭᠤᠯᠤᠯᠲᠠ᠂ | ᠠᠮᠢ ᠠᠬᠤᠢ ᠶᠢᠨ ᠰᠤᠶᠤᠯ ᠵᠢᠭᠤᠯᠴᠢᠯᠠᠯ ᠤᠨ ᠭᠤᠤᠯ ᠵᠢᠭᠤᠯᠴᠢᠯᠠᠯ ᠤᠨ ᠤᠷᠤᠨ ᠢ ᠠᠯᠬᠤᠮ ᠳᠠᠷᠠᠭ᠎ᠠ ᠲᠠᠢ | ᠴᠤᠭᠴᠠᠯᠠᠵᠤ᠂ ᠰᠠᠶᠢᠨ ᠡᠬᠢ ᠪᠠᠶᠠᠯᠢᠭ ᠢ ᠰᠠᠶᠢᠬᠠᠨ ᠦᠵᠡᠮᠵᠢ ᠪᠤᠯᠭᠠᠬᠤ ᠪᠠᠷ ᠬᠦᠴᠤᠯᠡᠨ ᠴᠢᠷᠮᠠᠶᠢᠨ᠎ᠠ᠃ | ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠭᠡᠨ᠂ ᠦᠨᠳᠤᠷ ᠪᠤᠯᠪᠠᠰᠤᠷᠠᠯ ᠲᠠᠢ | ᠬᠦᠳᠤᠴᠢ ᠶᠢᠨ ᠡᠩᠨᠡᠭᠡ ᠶᠢ ᠬᠦᠮᠦᠵᠢᠭᠦᠯᠦᠨ᠂ ᠳᠦᠷᠪᠡᠳ ᠬᠤᠰᠢᠭᠤᠨ ᠤ ᠰᠤᠶᠤᠯ ᠵᠢᠭᠤᠯᠴᠢᠯᠠᠯ ᠤᠨ ᠦᠯᠢᠭᠡᠷ ᠢ | ᠰᠠᠶᠢᠬᠠᠨ ᠤᠯᠠᠮᠵᠢᠯᠡᠨᠡ᠃ ᠵᠢᠭᠤᠯᠴᠢᠯᠠᠯ ᠤᠨ ᠨᠠᠭᠠᠳᠤᠮ ᠤᠨ ᠬᠤᠷᠠᠯ᠂ ᠲᠠᠯ᠎ᠠ ᠨᠤᠳᠤᠭ ᠤᠨ ᠲᠠᠭᠤᠤ ᠬᠦᠭᠵᠢᠮ ᠤᠨ | ᠨᠠᠶᠢᠷ᠂ ᠵᠦᠯᠬᠡ ᠶᠢᠨ ᠨᠠᠶᠢᠷ᠂ ᠠᠮᠲᠠᠲᠤ ᠢᠳᠡᠭᠡᠨ ᠤ ᠪᠠᠶᠠᠷ᠂ ᠮᠦᠩᠭᠦᠨ ᠡᠪᠤᠯ ᠤᠨ ᠴᠡᠩᠭᠡᠬᠦᠨ ᠵᠡᠷᠭᠡ ᠰᠤᠶᠤᠯ | ᠵᠢᠭᠤᠯᠴᠢᠯᠠᠯ ᠤᠨ ᠪᠠᠶᠠᠷ ᠤᠨ ᠬᠦᠳᠡᠯᠭᠡᠭᠡᠨ ᠢ ᠦᠷᠬᠦᠯᠵᠢᠡᠯᠡᠨ ᠡᠷᠬᠢᠯᠡᠨ᠎ᠡ᠃ ᠠᠶᠢᠯ ᠭᠡᠷ ᠤᠨ ᠬᠤᠨᠤᠭᠯᠠᠯ ᠶᠢᠨ | ᠤᠶᠢᠯᠡᠰ ᠢ ᠢᠳᠡᠪᠬᠢᠲᠠᠢ ᠬᠦᠭᠵᠢᠭᠦᠯᠦᠨ᠂ 2— 3 ᠰᠢᠯᠢᠳᠡᠭ ᠠᠶᠢᠯ ᠭᠡᠷ ᠤᠨ ᠬᠤᠨᠤᠭᠯᠠᠯ ᠢ ᠲᠤᠬᠠᠢ ᠶᠢᠨ | ᠭᠠᠵᠠᠷ ᠲᠤᠨᠢ ᠲᠤᠬᠢᠷᠠᠭᠤᠯᠤᠨ ᠪᠠᠶᠢᠭᠤᠯᠵᠤ᠂ ᠮᠠᠯᠴᠢᠨ ᠲᠠᠷᠢᠶᠠᠴᠢᠨ ᠳᠤ ᠵᠢᠭᠤᠯᠴᠢᠯᠠᠯ ᠤᠨ ᠬᠦᠭᠵᠢᠯᠲᠡ ᠶᠢᠨ ᠴᠡᠪᠡᠷ | ᠠᠰᠢᠭ ᠢ ᠬᠤᠪᠢᠶᠠᠯᠴᠠᠨ᠎ᠠ᠃ ᠪᠦᠬᠦ ᠵᠢᠯ ᠳᠤ 135 ᠲᠦᠮᠡᠨ ᠵᠢᠭᠤᠯᠴᠢᠯᠠᠭᠰᠠᠳ ᠢ ᠬᠦᠯᠢᠶᠠᠨ ᠵᠤᠴᠢᠯᠠᠵᠦ᠂ | ᠵᠢᠭᠤᠯᠴᠢᠯᠠᠯ ᠤᠨ ᠶᠡᠷᠤᠩᠬᠡᠶᠢᠯᠡᠭᠰᠡᠨ ᠤᠷᠤᠯᠭ᠎ᠠ ᠶᠢ 12.9 ᠳ᠋ᠦᠩᠰᠢᠭᠤᠷ ᠲᠦᠬᠦᠷᠢᠭ ᠲᠤ ᠬᠦᠷᠬᠡᠨ᠎ᠡ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠤᠶᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠭᠥᠸᠧ ᠲᠥᠩ | ᠡᠳ᠋ ᠪᠠᠷᠠᠭᠠᠨ ᠤ ᠬᠦᠢᠯᠬᠡᠬᠡ ᠶᠢᠨ ᠬᠦᠷᠢᠶᠡᠯᠡᠩ ᠤᠨ ᠢᠵᠢ ᠪᠦᠷᠢᠳᠦᠭᠰᠡᠨ ᠲᠦᠬᠦᠭᠡᠷᠤᠮᠵᠢ ᠶᠢᠨ ᠪᠠᠶᠢᠭᠤᠯᠤᠯᠲᠠ ᠶᠢ | ᠦᠷᠬᠦᠯᠵᠢᠯᠡᠨ ᠲᠡᠭᠦᠯᠳᠡᠷᠵᠢᠭᠦᠯᠤᠨ᠂ ᠬᠦᠷᠢᠶ᠎ᠡ ᠴᠡᠷ᠎ᠠ ᠲᠤᠲᠤᠷᠠᠬᠢ ᠵᠦᠭᠡᠭᠡᠪᠤᠷᠢᠯᠡᠯᠲᠡ ᠶᠢᠨ ᠠᠵᠤ ᠠᠬᠤᠶᠢᠯᠠᠯ ᠢ | ᠬᠦᠷᠢᠶᠡᠯᠡᠩ ᠵᠦᠭ ᠴᠤᠭᠯᠠᠷᠠᠬᠤ ᠶᠢ ᠵᠢᠯᠤᠭᠤᠳᠤᠨ᠎ᠠ᠃ ᠠᠷᠠᠳ ᠲᠤ ᠠᠰᠢᠭ ᠬᠦᠷᠳᠡᠬᠡᠬᠦ ᠬᠦᠷᠢᠶᠠᠯᠠᠩ ᠲᠤᠭᠤᠷᠢᠭ ᠢ | ᠪᠠᠶᠢᠭᠤᠯᠬᠤ ᠪᠠᠨ ᠲᠦᠷᠭᠡᠳᠭᠡᠨ᠂ ᠵᠢᠯ ᠤᠨ ᠲᠤᠳᠤᠷ᠎ᠠ ᠬᠡᠷᠡᠭᠯᠡᠯᠲᠡ ᠳᠤ ᠤᠷᠤᠬᠤ ᠶᠢ ᠪᠠᠳᠤᠯᠠᠨ᠎ᠠ᠃ ᠬᠦᠢᠲᠡᠨ | ᠬᠡᠯᠬᠢᠶᠡᠨ ᠤ ᠵᠦᠭᠡᠭᠡᠪᠤᠷᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠂ ᠮᠠᠯ ᠲᠠᠷᠢᠶᠠᠯᠠᠩ ᠤᠨ | ᠪᠦᠳᠤᠭᠡᠭᠳᠡᠭᠦᠨ ᠤ ᠭᠦᠢᠯᠭᠡᠭᠡ ᠶᠢᠨ ᠠᠵᠤ ᠠᠬᠤᠶᠢᠯᠠᠯ᠂ ᠡᠯᠧᠺᠲᠷᠤᠨ ᠬᠤᠳᠠᠯᠳᠤᠭ᠎ᠠ᠂ ᠪᠦᠭᠡᠮ ᠪᠤᠷᠤᠯᠠᠭᠤᠯᠤᠯᠲᠠ | ᠶᠢᠨ ᠵᠠᠬ᠎ᠠ ᠲᠡᠯᠬᠡᠬᠦᠷ ᠪᠤᠯᠤᠨ ᠭᠠᠵᠠᠷ ᠤᠷᠤᠨ ᠤ ᠤᠨᠴᠠᠯᠢᠭᠲᠤ ᠠᠵᠤ ᠤᠶᠢᠯᠡᠰ ᠤᠨ ᠤᠨᠤᠪᠴᠢᠲᠠᠢ ᠵᠤᠯᠭᠠᠯᠲᠠ ᠶᠢ | ᠲᠠᠮᠵᠢᠵᠦ᠂ ᠮᠠᠯ ᠲᠠᠷᠢᠶᠠᠯᠠᠩ ᠤᠨ ᠪᠦᠳᠤᠭᠡᠭᠳᠡᠭᠦᠨ ᠤ ᠵᠦᠭᠡᠭᠡᠪᠦᠷᠢᠯᠡᠨ ᠭᠠᠷᠴᠤ᠂ ᠬᠤᠳᠠᠯᠳᠤᠵᠤ ᠲᠡᠶᠢᠯᠬᠦ ᠶᠢ | ᠪᠠᠳᠤᠯᠠᠨ᠎ᠠ᠃ ᠦᠨ᠎ᠡ ᠬᠠᠶᠠᠯᠴᠠᠨ ᠬᠤᠳᠠᠯᠳᠤᠬᠤ᠂ ᠲᠠᠬᠢᠨ ᠨᠢᠬᠡᠳᠬᠡᠬᠦ ᠵᠡᠷᠬᠡ ᠬᠡᠯᠪᠡᠷᠢ ᠪᠠᠷ ᠱᠧᠨ ᠵᠧᠦ ᠭᠥᠸᠧ ᠵᠢᠢ | ᠪᠠᠭᠤᠳᠠᠯ᠂ ᠬᠤᠸᠠ ᠹᠧᠩ ᠬᠤᠳᠠᠯᠳᠤᠭᠠᠨ ᠤ ᠠᠰᠠᠷ ᠵᠡᠷᠭᠡ ᠰᠤᠯᠠ ᠰᠡᠯᠡᠭᠦᠦ ᠠᠵᠤ ᠠᠬᠤᠶᠢᠯᠡᠯ ᠢ ᠡᠷᠲᠡᠭᠡᠨ | ᠡᠵᠡᠩᠨᠡᠯᠲᠡ ᠳᠤ ᠤᠷᠤᠭᠤᠯᠵᠤ᠂ ᠠᠵᠤ ᠠᠬᠤᠶᠢᠯᠠᠯ ᠤᠨ ᠪᠡᠯᠡ ᠮᠦᠩᠭᠦ ᠶᠢᠨ ᠬᠠᠳᠠᠭᠠᠯᠠᠮᠵᠢ ᠶᠢ ᠠᠮᠢᠯᠢᠭᠵᠢᠭᠤᠯᠤᠨᠠ᠃ | | ︵ᠭᠤᠷᠪᠠ︶ ᠮᠠᠯᠴᠢᠨ ᠲᠠᠷᠢᠶᠠᠴᠢᠳ ᠢ ᠴᠢᠨᠡᠬᠡᠯᠢᠭᠵᠢᠬᠦᠯᠬᠦ ᠳᠤ ᠰᠠᠭᠤᠷᠢᠯᠠᠨ ᠲᠦᠯᠦᠪᠵᠢᠬᠦᠯᠦᠨ ᠲᠠᠭᠠᠭᠤᠯᠵᠦ᠂ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠲᠠᠬᠢᠨᠳᠠ ᠰᠢᠨ᠎ᠡ ᠦᠯᠢᠬᠡᠷ ᠵᠢᠱᠢᠶ᠎ᠠ ᠦᠵᠡᠬᠦᠯᠦᠨ᠎ᠡ᠃ | ᠬᠦᠳᠡᠭᠡ ᠲᠤᠰᠬᠤᠨ ᠤ ᠰᠡᠷᠭᠦᠨ ᠮᠠᠨᠳᠤᠯᠲᠠ ᠶᠢ ᠵᠢᠷᠤᠭᠯᠠᠨ ᠲᠦᠰᠦᠪᠯᠡᠬᠦ ᠠᠵᠢᠯ ᠢ ᠳᠦᠷᠭᠡᠳᠭᠡᠨ᠂ ᠮᠠᠯᠵᠢᠬᠤ | ᠲᠠᠷᠢᠶᠠᠯᠠᠬᠤ ᠤᠷᠤᠨ ᠤ ᠴᠡᠴᠡᠭᠯᠡᠨ ᠬᠦᠭᠵᠢᠬᠦ ᠰᠢᠨ᠎ᠡ ᠪᠠᠶᠢᠷᠢᠯᠠᠯ ᠢ ᠲᠦᠯᠬᠢᠨ ᠠᠬᠢᠭᠤᠯᠤᠨ᠎ᠠ᠃ ᠲᠠᠬᠢᠨ ᠶᠠᠳᠠᠭᠤᠷᠬᠤ | ᠶᠢ ᠰᠡᠷᠭᠡᠶᠢᠯᠡᠬᠦ ᠬᠦᠡᠯᠦᠩᠭᠦᠢ ᠬᠢᠨᠠᠯᠲᠠ ᠪᠠ ᠶᠠᠳᠠᠭᠤ ᠶᠢ ᠳᠡᠳᠭᠦᠬᠦ ᠲᠤᠭᠲᠠᠯᠴᠠᠭ᠎ᠠ ᠶᠢ ᠲᠡᠭᠦᠯᠳᠡᠷᠵᠢᠭᠦᠯᠤᠨ᠂ | ᠰᠤᠷᠭᠠᠨ ᠬᠦᠮᠦᠵᠢᠯ᠂ ᠡᠮ ᠡᠮᠨᠡᠯᠬᠡ᠂ ᠤᠷᠤᠨ ᠰᠠᠭᠤᠴᠠ᠂ ᠤᠰᠦ ᠤᠮᠳᠠ ᠵᠡᠷᠬᠡ ᠡᠯ᠎ᠡ ᠵᠤᠶᠢᠯ ᠤᠨ ᠠᠷᠠᠳ ᠤᠨ | ᠠᠮᠢᠳᠤᠷᠠᠯ ᠤᠨ ᠪᠠᠳᠤᠯᠠᠭ᠎ᠠ ᠶᠢ ᠦᠷᠬᠦᠯᠵᠢᠯᠡᠨ ᠰᠠᠶᠢᠳᠦᠷ ᠠᠳᠬᠤᠵᠦ᠂ ᠶᠡᠭᠡ ᠬᠡᠪᠴᠢᠶᠡᠨ ᠤ ᠲᠠᠬᠢᠨ ᠶᠠᠳᠠᠭᠤᠷᠠᠯ ᠢ | ᠡᠭᠦᠰᠬᠡᠬᠦ ᠦᠭᠡᠢ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠵᠤ ᠤᠶᠢᠯᠡᠰ ᠤᠨ ᠬᠦᠭᠵᠢᠯᠲᠡ ᠶᠢᠨ ᠴᠢᠳᠠᠮᠵᠢ ᠶᠢ | ᠤᠯᠠᠮ ᠨᠢᠭᠡ ᠠᠯᠬᠤᠮ ᠴᠢᠩᠭᠠᠳᠬᠠᠨ᠂ ᠮᠢᠬᠠᠨ ᠤ ᠦᠬᠡᠷ ᠬᠤᠨᠢ᠂ ᠲᠦᠮᠦᠰᠤ ᠪᠤᠯᠤᠨ ᠵᠢᠭᠤᠯᠴᠢᠯᠠᠯ ᠵᠡᠷᠭᠡ | ᠭᠤᠤᠯᠳᠠᠯᠭ᠎ᠠ ᠲᠠᠢ ᠦᠪᠡᠷᠮᠢᠴᠡ ᠠᠵᠤ ᠤᠶᠢᠯᠡᠰ ᠢ ᠬᠦᠴᠤᠷᠬᠡᠭᠵᠢᠭᠦᠯᠬᠦ ᠪᠠ ᠲᠤᠰᠬᠤᠨ ᠤ ᠲᠡᠰ ᠤᠨ ᠴᠢᠬᠤᠯᠠ | ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠤᠨ᠂ 4.3 ᠳ᠋ᠦᠩᠰᠢᠭᠤᠷ ᠲᠦᠭᠦᠷᠢᠭ ᠢ | ᠨᠢᠭᠡᠳᠭᠡᠨ᠂ 62 ᠲᠦᠷᠦᠯ ᠵᠦᠢᠯ ᠢ ᠲᠤᠭᠤᠰᠢᠯᠠᠭᠤᠯᠵᠤ᠂ ᠶᠠᠳᠠᠭᠤ ᠶᠢ ᠳᠡᠳᠭᠦᠭᠦ ᠪᠤᠭᠤᠮᠲᠠ ᠰᠢᠪᠲᠤᠯᠤᠯᠲᠠ ᠶᠢᠨ | ᠦᠷ᠎ᠡ ᠪᠦᠳᠤᠮᠵᠢ ᠶᠢ ᠬᠦᠳᠡᠭᠡ ᠲᠤᠰᠬᠤᠨ ᠤ ᠰᠡᠷᠭᠦᠨ ᠬᠦᠭᠵᠢᠯᠲᠡ ᠲᠠᠢ ᠠᠰᠢᠭᠲᠠᠢ ᠵᠤᠯᠭᠠᠬᠤ ᠶᠢ ᠪᠦᠬᠦ ᠬᠦᠴᠤ | ᠪᠠᠷ ᠲᠦᠯᠬᠢᠨ ᠠᠬᠢᠭᠤᠯᠵᠤ ᠪᠠᠳᠤᠲᠠᠢ ᠭᠦᠨᠵᠡᠭᠡᠶᠢᠷᠡᠬᠦᠯᠦᠨᠡ᠃ ᠬᠦᠳᠡᠭᠡ ᠲᠤᠰᠬᠤᠨ ᠤ ᠴᠡᠭᠴᠡᠯᠡᠯᠳᠠ ᠶᠢ | ᠲᠦᠷᠢᠮᠵᠢᠬᠦᠯᠵᠦ᠂ ᠦᠪᠡᠷᠳᠡᠬᠡᠨ ᠵᠠᠰᠠᠬᠤ᠂ ᠬᠠᠤᠯᠢ ᠪᠠᠷ ᠵᠠᠰᠠᠬᠤ ᠪᠠ ᠶᠤᠰᠦ ᠰᠤᠷᠳᠠᠬᠤᠨ ᠢᠶᠠᠷ ᠵᠠᠰᠠᠬᠤ ᠶᠢ | ᠤᠶᠠᠯᠳᠤᠭᠤᠯᠤᠭᠰᠠᠨ ᠬᠦᠳᠡᠭᠡ ᠲᠤᠰᠬᠤᠨ ᠤ ᠴᠡᠭᠴᠡᠯᠡᠯᠳᠠ ᠶᠢᠨ ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃ | ᠤᠷᠤᠰᠢᠨ ᠠᠮᠢᠳᠤᠷᠠᠬᠤ ᠲᠤᠭᠤᠷᠢᠨ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠠᠮᠢᠳᠤᠷᠠᠬᠤ ᠤᠷᠴᠢᠨ ᠲᠤᠭᠤᠷᠢᠨ ᠤ ᠴᠡᠭᠴᠡᠯᠡᠯᠲᠡ ᠶᠢ ᠦᠷᠬᠦᠯᠵᠢᠯᠡᠨ ᠦᠷᠨᠢᠭᠦᠯᠵᠤ᠂ ᠤᠰᠤ ᠴᠠᠬᠢᠯᠭᠠᠨ ᠵᠠᠮ | ᠰᠦᠯᠵᠢᠶ᠎ᠡ ᠵᠡᠷᠭᠡ ᠰᠠᠭᠤᠷᠢ ᠲᠦᠬᠦᠭᠡᠷᠤᠮᠵᠢ ᠶᠢ ᠲᠡᠭᠦᠯᠳᠡᠷᠵᠢᠭᠦᠯᠤᠨ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠴᠢᠲᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠦ᠂ ᠠᠵᠦ ᠦᠢᠯᠡᠰ ᠪᠠ | ᠴᠢᠳᠠᠪᠤᠷᠢᠲᠠᠨ ᠤ ᠭᠤᠤᠯ ᠡᠯᠧᠮᠧᠨ᠋ᠲ ᠤᠨ ᠬᠦᠳᠡᠭᠡ ᠲᠤᠰᠬᠤᠨ ᠤᠷᠤᠭᠤ ᠴᠤᠭᠯᠠᠷᠠᠬᠤ ᠶᠢ ᠳᠦᠷᠭᠡᠳᠭᠡᠵᠤ᠂ ᠰᠤᠮᠤ | ᠰᠢᠶᠠᠩ ᠪᠠᠯᠭᠠᠰᠤ ᠪᠤᠯᠭᠠᠨ ᠳᠤ 3 —5 ᠬᠦᠳᠡᠭᠡ ᠲᠤᠰᠬᠤᠨ ᠤ ᠰᠡᠷᠭᠦᠨ ᠮᠠᠨᠳᠤᠯᠲᠠ ᠶᠢᠨ ᠦᠯᠢᠭᠡᠷ ᠵᠢᠱᠢᠶᠡᠴᠢ | ᠲᠤᠰᠬᠤᠨ ᠪᠠᠶᠢᠭᠤᠯᠬᠤ ᠪᠠᠷ ᠴᠢᠷᠮᠠᠶᠢᠨ᠎ᠠ᠃ | ︵ᠲᠦᠷᠪᠡ︶ ᠨᠢᠬᠡᠳᠦᠯᠳᠠᠢ ᠲᠦᠯᠦᠪᠵᠢᠬᠦᠯᠦᠨ ᠬᠦᠭᠵᠢᠬᠦᠯᠬᠦ ᠳᠤ ᠰᠠᠭᠤᠷᠢᠯᠠᠨ᠂ ᠰᠠᠭᠤᠷᠢ ᠪᠠᠨ ᠪᠠᠬᠢᠵᠢᠬᠦᠯᠵᠦ᠂ | ᠬᠤᠳᠠ ᠪᠠᠯᠭᠠᠰᠤᠨ ᠤ ᠶᠠᠰᠦ ᠴᠢᠨᠠᠷ ᠢ ᠤᠯᠠᠮ ᠨᠢᠬᠡ ᠠᠯᠬᠤᠮ ᠲᠡᠬᠡᠭᠰᠢᠯᠡᠬᠦᠯᠦᠨ᠎ᠡ᠃ | ᠬᠤᠳᠠ ᠪᠠᠯᠭᠠᠰᠦ ᠶᠢ ᠰᠢᠨᠡᠳᠬᠡᠬᠦ ᠠᠵᠢᠯᠯᠯᠠᠭ᠎ᠠ ᠶᠢ ᠲᠦᠷᠬᠡᠳᠬᠡᠨ ᠬᠡᠷᠡᠭᠵᠢᠬᠦᠯᠦᠨ᠎ᠠ᠃ ᠭᠡᠷ ᠪᠠᠶᠢᠰᠢᠩ ᠤᠨ | ᠢᠨᠵᠧᠨᠧᠷᠢᠩ ᠤᠨ ᠪᠠᠯᠠ ᠤᠷᠤᠭᠤᠯᠤᠯᠲᠠ ᠶᠢᠨ ᠬᠦᠴᠤᠯᠡᠴᠡ ᠶᠢ ᠴᠢᠩᠭᠠᠳᠬᠠᠨ᠂ 3.2 ᠳ᠋ᠦᠩᠰᠢᠭᠤᠷ ᠤᠨ ᠪᠡᠯᠡ | ᠤᠷᠤᠭᠤᠯᠤᠯᠲᠠ ᠪᠠᠷ ᠪᠢ ᠱᠧᠩ ᠶᠤᠸᠠᠨ ᠪᠠᠷᠠᠭᠤᠨ ᠲᠤᠭᠤᠷᠢᠭ᠂ ᠲᠠᠢ ᠾᠧ ᠬᠤᠸᠠ ᠶᠤᠸᠠᠨ ᠢᠦᠢ ᠱᠦ ᠵᠡᠷᠭᠡ | ᠰᠠᠭᠤᠭᠠᠯᠢ ᠠᠷᠠᠳ ᠤᠨ ᠲᠤᠭᠤᠷᠢᠭ ᠤᠨ ᠪᠦᠳᠤᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠪᠡᠶᠡᠯᠡᠬᠦᠯᠵᠤ᠂ ᠰᠢᠨ᠎ᠡ | ᠨᠡᠮᠡᠭᠳᠡᠬᠦ ᠪᠠᠷᠢᠯᠭ᠎ᠠ ᠶᠢᠨ ᠲᠠᠯᠠᠪᠠᠢ ᠶᠢ 16 ᠲᠦᠮᠡᠨ ᠳᠡᠭᠰᠢ ᠳᠦᠷᠪᠡᠯᠵᠢᠨ ᠮᠧᠲᠷ ᠲᠤ ᠬᠦᠷᠬᠡᠨ᠎ᠡ᠃ ᠬᠠᠤᠯᠢ ᠪᠤᠰᠤ | ᠪᠠᠷᠢᠯᠭ᠎ᠠ ᠪᠠ ᠲᠦᠷᠢᠮ ᠠᠴᠠ ᠵᠦᠷᠢᠴᠡᠭᠰᠡᠨ ᠬᠢᠨᠠᠨ ᠵᠦᠪᠰᠢᠶᠡᠷᠡᠯ ᠤᠨ ᠲᠤᠰᠬᠠᠢ ᠲᠦᠷᠦᠯ ᠤᠨ ᠴᠡᠭᠴᠡᠯᠡᠨ | ᠪᠠᠶᠢᠴᠠᠭᠠᠬᠤ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠵᠤ᠂ ᠪᠠᠷᠢᠯᠭ᠎ᠠ ᠶᠢᠨ ᠠᠮᠤᠷ ᠲᠦᠪᠰᠢᠨ ᠤ ᠬᠤᠷᠢᠭ᠎ᠠ | ᠱᠤᠭᠤᠮ ᠢ ᠰᠠᠬᠢᠨ᠎ᠠ᠃ ᠬᠤᠲᠠ ᠶᠢᠨ ᠵᠠᠬᠢᠷᠭᠠᠨ ᠤ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠤ᠂ 6700 ᠲᠦᠮᠡᠨ ᠲᠦᠬᠦᠷᠢᠭ ᠤᠨ ᠪᠠᠯᠡ ᠤᠷᠤᠭᠤᠯᠤᠨ ᠸᠧᠢᠵᠢᠩ ᠵᠠᠮ᠂ | ᠵᠧᠩ ᠪᠧᠢ ᠵᠠᠮ᠂ ᠭᠤᠸᠠᠩ ᠮᠢᠩ ᠵᠠᠮ ᠵᠡᠷᠭᠡ ᠵᠠᠮ ᠬᠠᠷᠢᠯᠴᠠᠭ᠎ᠠ ᠵᠢᠴᠢ ᠢᠵᠢ ᠪᠦᠷᠢᠳᠦᠭᠰᠡᠨ ᠬᠤᠭᠤᠯᠠᠢ ᠲᠤᠤᠷ ᠤᠨ | ᠪᠠᠷᠢᠯᠭ᠎ᠠ ᠶᠢ ᠠᠯᠬᠤᠮ ᠬᠤᠪᠢᠶᠠᠨ ᠭᠦᠢᠴᠡᠳᠭᠡᠨ᠎ᠡ᠃ 8800 ᠲᠦᠮᠡᠨ ᠲᠦᠬᠦᠷᠢᠭ ᠤᠨ ᠪᠠᠯᠡ ᠤᠷᠤᠭᠤᠯᠤᠨ᠂ | ᠤᠯᠠᠭᠠᠨᠬᠤᠸᠠ ᠪᠠᠯᠭᠠᠰᠤᠨ ᠤ ᠤᠰᠤᠨ ᠤ ᠡᠬᠢ ᠪᠠᠶᠠᠯᠢᠭ ᠢ ᠡᠷᠴᠢᠮᠵᠢᠬᠦᠯᠬᠦ ᠲᠦᠷᠦᠯ ᠵᠤᠶᠢᠯ ᠢ ᠡᠬᠢᠯᠡᠬᠦᠯᠵᠦ᠂ ᠤᠰᠦ | ᠬᠠᠩᠭᠠᠬᠤ ᠪᠠᠳᠤᠯᠠᠭ᠎ᠠ ᠶᠢᠨ ᠴᠢᠳᠠᠮᠵᠢ ᠶᠢ ᠲᠡᠬᠡᠭᠰᠢᠯᠡᠬᠦᠯᠦᠨ᠂ ᠤᠰᠤᠨ ᠤ ᠲᠡᠭᠳᠡᠷᠯᠢᠭ ᠦᠨ᠎ᠡ ᠶᠢ ᠬᠡᠷᠡᠭᠵᠢᠬᠦᠯᠦᠨ᠂ | ᠰᠠᠭᠤᠭᠠᠯᠢ ᠠᠷᠠᠳ ᠤᠨ ᠤᠰᠦ ᠠᠷᠪᠢᠯᠠᠬᠤ ᠶᠢ ᠠᠬᠢᠭᠤᠯᠤᠨ᠎ᠠ᠃ ᠤᠶᠤᠨᠯᠢᠭ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ᠬᠤᠲᠠ | ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠳᠠᠯ ᠠᠬᠤᠢ | ᠶᠢᠨ ᠬᠠᠮᠢᠶᠠᠷᠤᠯᠲᠠ ᠶᠢᠨ ᠵᠦᠪᠯᠡᠯ ᠢ ᠲᠦᠷᠬᠡᠳᠬᠡᠨ ᠪᠠᠶᠢᠭᠤᠯᠵᠤ᠂ ᠠᠳᠠᠯ ᠠᠬᠤᠢ ᠶᠢᠨ ᠤᠶᠢᠯᠡᠴᠢᠯᠡᠬᠦ ᠲᠦᠪᠰᠢᠨ ᠢ | ᠦᠨᠡᠨᠬᠦ ᠳᠡᠭᠡᠭᠰᠢᠯᠡᠬᠦᠯᠦᠨ᠎ᠡ᠃ ᠬᠤᠭ ᠨᠤᠪᠰᠢ ᠶᠢ ᠠᠩᠬᠢᠯᠠᠬᠤ ᠠᠵᠢᠯ ᠢ ᠠᠯᠬᠤᠮ ᠳᠠᠷᠠᠭ᠎ᠠ ᠲᠠᠢ ᠠᠬᠢᠭᠤᠯᠤᠨ᠂ | ᠬᠤᠭ ᠨᠤᠪᠰᠢ ᠶᠢ ᠵᠠᠳᠠᠷᠠᠭᠤᠯᠤᠨ ᠬᠡᠶᠢᠵᠢᠬᠦᠯᠬᠦ 1.4 ᠲᠦᠬᠦᠷᠢᠭ ᠤᠨ ᠪᠠᠯᠠ ᠤᠷᠤᠭᠤᠯᠤᠭᠰᠠᠨ ᠲᠦᠷᠦᠯ ᠵᠤᠶᠢᠯ ᠢ | ᠪᠠᠶᠢᠭᠤᠯᠤᠨ ᠲᠠᠭᠤᠰᠬᠠᠵᠦ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠂ ᠠᠮᠢᠳᠤᠷᠠᠯ ᠤᠨ ᠬᠤᠭ ᠨᠤᠪᠰᠢ ᠶᠢᠨ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠳᠡᠰ ᠤᠨ ᠴᠡᠴᠡᠷᠯᠢᠭ ᠤᠨ | ᠬᠤᠲᠠ ᠪᠠᠯᠭᠠᠰᠦ ᠶᠢ ᠪᠦᠳᠤᠭᠡᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠮᠤᠳᠤᠨ ᠰᠡᠭᠦᠳᠡᠷᠲᠤ ᠳᠡᠷᠭᠡᠨ ᠤ | ᠵᠤᠭᠰᠤᠭᠠᠯ᠂ ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠂ ᠤᠯᠠᠭᠠᠨᠬᠤᠸᠠ ᠪᠠᠯᠭᠠᠰᠤᠨ ᠤ ᠪᠠᠷᠠᠭᠤᠨ ᠡᠭᠦᠳᠡᠨ ᠤ | ᠨᠤᠭᠤᠭᠠᠷᠠᠭᠤᠯᠤᠯᠲᠠ ᠶᠢᠨ ᠤᠶᠢᠯᠡᠳᠤᠯ ᠢ ᠦᠭᠡᠷᠡᠴᠢᠯᠡᠨ ᠳᠡᠭᠡᠭᠰᠢᠯᠡᠭᠦᠯᠵᠤ᠂ ᠰᠢᠨ᠎ᠡ ᠬᠠᠭᠤᠴᠢᠨ 4 ᠵᠤᠷᠪᠤᠰ ᠵᠠᠮ | ᠤᠨ ᠨᠤᠭᠤᠭᠠᠷᠠᠭᠤᠯᠤᠯᠲᠠ ᠶᠢᠨ ᠠᠵᠢᠯ ᠵᠢᠴᠢ ᠵᠠᠮ ᠲᠠᠭᠠᠤ ᠳᠠᠬᠢ ᠮᠤᠳᠤᠨ ᠤ ᠦᠭᠡᠷᠡᠴᠢᠯᠡᠯᠲᠡ ᠶᠢᠨ ᠠᠵᠢᠯ ᠢ | ᠭᠦᠢᠴᠡᠳᠭᠡᠨ᠂ ᠬᠤᠲᠠ ᠪᠠᠯᠭᠠᠰᠤᠨ ᠤ ᠮᠤᠳᠤᠨ ᠰᠡᠭᠦᠳᠡᠷ ᠤᠨ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠵᠤ᠂ ᠠᠮᠢ ᠠᠬᠤᠢ ᠶᠢᠨ ᠤᠷᠤᠨ ᠰᠠᠭᠤᠴᠠ ᠶᠢᠨ ᠲᠦᠪᠰᠢᠨ ᠢ ᠬᠦᠴᠤᠯᠡᠨ ᠳᠡᠭᠡᠭᠰᠢᠯᠡᠬᠦᠯᠦᠨ᠎ᠡ᠃ | ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ︽ᠵᠠᠮ ᠤᠨ | ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ | ᠵᠠᠮ ᠤᠨ ᠴᠢᠨᠠᠷ᠂ ᠲᠡᠷᠭᠡ ᠨᠠᠪᠲᠡᠷᠡᠬᠦ ᠴᠢᠳᠠᠮᠵᠢ ᠢ ᠳᠡᠭᠡᠭᠰᠢᠯᠡᠭᠦᠯᠦᠨ᠎ᠡ᠃ ᠤᠯᠤᠰ ᠤᠨ ᠵᠠᠮ ᠤᠨ 335 ᠳ᠋ᠤᠭᠠᠷ | ᠱᠤᠭᠤᠮ ᠳᠠᠬᠢ ᠰᠠᠨ ᠶᠤᠸᠠᠨ ᠵᠢᠩ ᠠᠴᠠ ᠰᠢᠶᠣᠣ ᠳ᠋ᠦᠩ ᠶᠢᠩ ᠬᠦᠷᠬᠦ 36 ᠺᠢᠯᠤᠮᠧᠲᠷ ᠤᠨ ᠨᠢᠭᠡᠳᠤᠭᠡᠷ ᠳᠡᠰ ᠤᠨ | ᠦᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ᠵᠢᠯ ᠤᠨ ᠲᠤᠲᠤᠷ᠎ᠠ ᠳᠡᠷᠭᠡ | ᠨᠡᠪᠲᠡᠷᠡᠭᠦᠯᠬᠦ ᠪᠠᠷ ᠴᠢᠷᠮᠡᠶᠢᠨ᠎ᠠ᠃ ᠤᠯᠠᠭᠠᠨᠬᠤᠸᠠ ᠠᠴᠠ ᠠᠶᠢᠷᠠᠭ ᠰᠦᠮ᠎ᠡ ᠬᠦᠷᠬᠦ ᠵᠠᠮ ᠢ ᠲᠦᠰᠦᠪᠯᠡᠨ ᠪᠠᠶᠢᠭᠤᠯᠵᠦ᠂ | ᠵᠢᠯ ᠤᠨ ᠳᠤᠲᠤᠷ᠎ᠠ ᠤᠯᠠᠭᠠᠨᠬᠤᠸᠠ — ᠠᠶᠢᠷᠠᠭ ᠰᠦᠮ᠎ᠡ ᠠᠴᠠ ᠨᠤᠮᠤᠭᠠᠨ ᠤ ᠲᠤᠤᠷᠠᠢ ᠶᠢᠨ ᠤᠢ ᠬᠦᠷᠬᠦ 12. | 6 ᠺᠢᠯᠦᠮᠧᠲᠷ ᠤᠨ ᠵᠠᠰᠠᠮᠠᠯ ᠵᠠᠮ ᠤᠨ ᠢᠨᠵᠧᠨᠧᠷᠢᠩ ᠢ ᠬᠦᠢᠴᠡᠳᠬᠡᠬᠦ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ | ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠲᠠᠢ ᠳᠡᠭᠡᠭᠰᠢᠯᠡᠬᠦᠯᠬᠦ ᠢᠨᠵᠧᠨᠧᠷᠢᠩ ᠢ ᠦᠷᠭᠦᠯᠵᠢᠯᠡᠨ | ᠲᠤᠭᠤᠰᠢᠯᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠦᠷᠭᠦᠯᠵᠢᠯᠡᠨ | ᠪᠠᠳᠤᠯᠠᠨ᠎ᠠ᠃ ᠬᠤᠩᠭᠤᠷ ᠤᠰᠤᠨ ᠴᠦᠬᠦᠷᠤᠮ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠂ ᠵᠢᠯ ᠤᠨ | ᠳᠤᠲᠤᠷ᠎ᠠ ᠳᠠᠭᠤᠰᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠲᠤᠭᠤᠷᠢᠨ ᠤ ᠴᠡᠭᠴᠡᠯᠡᠯᠲᠡ ᠶᠢ | ᠳᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠪᠤᠳᠠᠲᠠᠶᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ | ᠤ ︽ᠵᠤᠷᠯᠤᠩ ᠤᠨ ᠰᠢᠨᠡᠴᠢᠯᠡᠯᠲᠡ︾ ᠶᠢᠨ ᠪᠠᠶᠢᠭᠤᠯᠤᠯᠲᠠ᠂ ᠠᠮᠢᠳᠤᠷᠠᠯ ᠤᠨ ᠬᠤᠭ ᠨᠤᠪᠰᠢ ᠶᠢᠨ ᠴᠡᠪᠡᠷᠯᠡᠯᠲᠡ᠂ | ᠪᠤᠬᠢᠷ ᠤᠰᠤ ᠶᠢ ᠰᠢᠳᠪᠤᠷᠢᠯᠡᠬᠦ ᠪᠠ ᠲᠡᠵᠢᠭᠡᠪᠤᠷᠢ ᠲᠠᠷᠢᠮᠠᠯ ᠤᠨ ᠤᠶᠢᠯᠡᠰ ᠤᠨ ᠬᠠᠶᠠᠭᠳᠠᠮᠠᠯ ᠪᠤᠳᠠᠰ ᠤᠨ ᠳᠠᠬᠢᠨ | ᠬᠡᠷᠡᠭᠯᠡᠯᠲᠡ ᠶᠢ ᠭᠠᠵᠠᠷ ᠤᠷᠤᠨ ᠲᠠᠢ ᠨᠢ ᠲᠤᠬᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ | ᠠᠮᠢᠳᠤᠷᠠᠬᠤ ᠳᠤ ᠲᠤᠬᠢᠲᠠᠢ ᠤᠷᠴᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ︵ᠲᠠᠪᠤ︶ ᠠᠷᠠᠳ ᠢ ᠬᠠᠷᠠᠭᠠᠯᠵᠠᠨ ᠬᠠᠮᠳᠦ ᠪᠠᠷ ᠡᠳ᠋ᠯᠡᠬᠦᠯᠵᠦ᠂ ᠪᠠᠳᠤᠯᠠᠭ᠎ᠠ ᠶᠢᠨ ᠴᠢᠳᠠᠪᠤᠷᠢ ᠪᠠ ᠦᠢᠯᠡᠴᠢᠯᠡᠬᠡᠨ ᠤ | ᠶᠠᠰᠦ ᠴᠢᠨᠠᠷ ᠢ ᠲᠡᠬᠡᠭᠰᠢᠯᠡᠬᠦᠯᠦᠨ᠂ ᠠᠷᠠᠳ ᠤᠨ ᠠᠵᠨ ᠪᠤᠶᠠᠨ ᠢ ᠨᠡᠮᠡᠭᠳᠡᠬᠦᠯᠦᠨ᠎ᠡ᠃ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠦ᠂ ᠪᠤᠳᠠᠳᠦ ᠤᠴᠢᠷ ᠤᠨ ᠨᠠᠶᠢᠳᠠᠪᠤᠷᠢᠵᠢᠭᠤᠯᠤᠯᠳᠠ ᠶᠢ | ᠠᠬᠢᠭᠤᠯᠤᠨ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠠᠬᠨ ᠠᠮᠢᠳᠤᠷᠠᠯ ᠤᠨ | ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠨ᠎ᠠ᠃ ᠨᠡᠶᠢᠭᠡᠮ ᠤᠨ ᠪᠠᠳᠤᠯᠭ᠎ᠠ ᠶᠢᠨ ᠲᠦᠪᠰᠢᠨ ᠢ ᠦᠷᠬᠦᠯᠵᠢᠯᠡᠨ | ᠳᠡᠭᠡᠭᠰᠢᠯᠡᠭᠦᠯᠦᠨ᠎ᠡ᠃ ᠠᠵᠢᠯ ᠠᠯᠳᠠᠭᠰᠠᠳ ᠤᠨ ᠲᠠᠭᠠᠳᠬᠠᠯ ᠢᠶᠠᠷ ᠠᠵᠢᠯ ᠤᠨ ᠪᠠᠶᠢᠷᠢ ᠶᠢᠨ ᠲᠤᠭᠲᠠᠪᠤᠷᠢᠲᠠᠢ | ᠪᠠᠶᠢᠯᠭᠠᠬᠤ ᠬᠦᠴᠤᠯᠡᠴᠡ ᠶᠢ ᠨᠡᠮᠡᠭᠳᠡᠬᠦᠯᠦᠨ᠂ ᠭᠤᠤᠯᠳᠠᠯᠭ᠎ᠠ ᠲᠠᠢ ᠡᠩᠨᠡᠭᠡ ᠶᠢᠨ ᠠᠵᠢᠯ ᠤᠯᠭᠤᠯᠲᠠ ᠪᠠ ᠭᠠᠳᠠᠭᠰᠢ | ᠭᠠᠷᠴᠤ ᠠᠵᠢᠯ ᠬᠢᠬᠦ ᠤᠶᠢᠯᠡᠴᠢᠯᠡᠭᠡ ᠶᠢ ᠰᠠᠶᠢᠲᠤᠷ ᠪᠠᠳᠤᠯᠠᠨ᠎ᠠ᠃ ᠨᠠᠰᠤᠵᠢᠯ ᠤᠨ ᠦᠨᠳᠤᠰᠤᠨ ᠳᠠᠭᠠᠳᠬᠠᠯ ᠪᠠ | ᠦᠨᠳᠤᠰᠤᠨ ᠡᠮᠨᠡᠯᠭᠡ ᠶᠢᠨ ᠲᠠᠭᠠᠳᠬᠠᠯ ᠤᠨ ᠪᠠᠳᠤᠯᠠᠬᠤ ᠶᠤᠰᠤᠲᠠᠢ ᠶᠢ ᠨᠢ ᠴᠦᠮ ᠪᠠᠳᠤᠯᠠᠵᠤ᠂ ᠬᠠᠤᠯᠢ ᠶᠢᠨ | ᠲᠤᠳᠤᠷᠠᠬᠢ ᠬᠦᠮᠤᠰ ᠴᠦᠮ ᠪᠦᠷᠬᠦᠭᠳᠡᠬᠦ ᠶᠢ ᠪᠡᠶᠡᠯᠡᠭᠦᠯᠦᠨ᠎ᠡ᠃ ᠡᠯ᠎ᠡ ᠲᠦᠷᠦᠯ ᠤᠨ ᠨᠡᠶᠢᠭᠡᠮ ᠤᠨ ᠬᠠᠪᠰᠤᠷᠤᠮᠵᠢ | ᠶᠢᠨ ᠳᠦᠷᠢᠮ ᠤᠨ ᠡᠮᠬᠢᠳᠭᠡᠨ ᠵᠠᠯᠭᠠᠬᠤ ᠶᠢ ᠴᠢᠩᠭᠠᠳᠬᠠᠨ᠂ ᠬᠦᠴᠢᠷᠳᠡᠯ ᠲᠠᠢ ᠬᠦᠮᠤᠰ ᠤᠨ ᠦᠨᠳᠤᠰᠤᠨ | ᠠᠮᠢᠳᠤᠷᠠᠯ ᠤᠨ ᠬᠡᠷᠡᠭᠴᠡᠭᠡ ᠶᠢ ᠭᠤᠤᠯᠳᠠᠯᠭ᠎ᠠ ᠲᠠᠢ ᠪᠠᠳᠤᠯᠠᠨ᠎ᠠ᠃ ︽ᠬᠦᠳᠡᠭᠡ ᠲᠤᠰᠬᠤᠨ ᠤ ᠠᠵᠢᠯᠴᠢᠨ ᠤ ᠴᠠᠯᠢᠩ | ᠬᠦᠯᠤᠰᠤ ᠶᠢ ᠲᠤᠭᠠᠴᠠᠬᠤ ᠶᠢ ᠪᠠᠳᠤᠯᠠᠬᠤ ᠵᠤᠷᠪᠤᠰ︾ ᠢ ᠡᠷᠡᠰ ᠬᠡᠷᠡᠭᠵᠢᠭᠦᠯᠤᠨ᠂ ᠬᠦᠳᠡᠭᠡ ᠲᠤᠰᠬᠤᠨ ᠤ ᠠᠵᠢᠯᠴᠢᠨ | ᠤ ᠬᠠᠤᠯᠢ ᠶᠤᠰᠤᠨ ᠤ ᠡᠷᠬᠡ ᠠᠰᠢᠭ ᠢ ᠪᠦᠬᠦ ᠬᠦᠴᠤ ᠪᠠᠷ ᠪᠠᠳᠤᠯᠠᠨ᠎ᠠ᠃ ᠤᠷᠤᠰᠢᠭᠤᠯᠤᠯᠭ᠎ᠠ ᠶᠢᠨ ᠦᠭᠡᠷᠡᠴᠢᠯᠡᠯᠲᠡ | ᠪᠤᠯᠤᠨ ᠨᠠᠰᠤᠵᠢᠯ ᠤᠨ ᠤᠶᠢᠯᠡᠴᠢᠯᠡᠭᠡ ᠶᠢᠨ ᠴᠢᠨᠠᠷᠯᠢᠭ ᠬᠦᠭᠵᠢᠯᠲᠡ ᠶᠢ ᠠᠬᠢᠭᠤᠯᠤᠨ᠎ᠠ᠃ ᠬᠤᠶᠠᠷ ᠢ ᠬᠦᠷᠢᠶᠡᠯᠡᠬᠦ | ᠠᠵᠢᠯ ᠢ ᠭᠦᠨᠵᠡᠭᠡᠢ ᠦᠷᠨᠢᠭᠦᠯᠤᠨ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠤᠨ ᠪᠠᠳᠤᠯᠠᠭ᠎ᠠ ᠶᠢ | ᠴᠢᠩᠭᠠᠳᠬᠠᠨ᠂ ᠠᠮᠤᠷᠵᠢᠭᠤᠯᠤᠨ ᠲᠤᠬᠤᠨᠢᠭᠤᠯᠬᠤ ᠠᠵᠢᠯ ᠢ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ ᠰᠠᠶᠢᠨ | ᠲᠤᠷᠠᠴᠤᠳ ᠤᠨ ᠦᠢᠯᠡᠴᠢᠯᠡᠭᠡ᠂ ᠨᠠᠶᠢᠳᠠ ᠶᠢᠨ ᠠᠰᠠᠷᠠᠮᠵᠢᠳᠦ ᠨᠢᠬᠦᠯᠡᠰᠦᠩᠭᠦᠢ ᠦᠢᠯᠡᠰ ᠢ ᠪᠦᠬᠦ ᠲᠠᠯ᠎ᠠ ᠪᠠᠷ | ᠬᠦᠭᠵᠢᠬᠦᠯᠦᠨ᠎ᠡ᠃ ᠨᠡᠶᠢᠭᠡᠮ ᠤᠨ ᠠᠵᠢᠯ ᠤᠶᠢᠯᠡᠰ ᠢ ᠶᠡᠬᠡᠪᠡᠷ ᠬᠦᠭᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ | ᠤᠨ ᠤᠶᠢᠯᠡᠴᠢᠯᠡᠭᠡᠨ ᠤ ᠲᠦᠪᠰᠢᠨ ᠢ ᠳᠡᠭᠡᠭᠰᠢᠯᠡᠬᠦᠯᠦᠨ᠂ ᠤᠯᠠᠨ ᠲᠦᠮᠡᠨ ᠤ ᠡᠷᠡᠭᠦᠯ ᠰᠠᠷᠠᠭᠤᠯ ᠡᠩᠭᠡ ᠲᠠᠶᠢᠪᠤᠩ ᠢ | ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠤᠨ ᠪᠠᠶᠢᠳᠠᠯ ᠢ ᠤᠨᠤᠪᠴᠢᠲᠠᠢ ᠰᠡᠷᠭᠡᠶᠢᠯᠡᠨ ᠡᠵᠡᠮᠳᠡᠬᠦ | ᠶᠢ ᠪᠠᠶᠢᠩᠭᠤᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠴᠠᠭ ᠤᠨ ᠪᠠᠶᠢᠳᠠᠯ ᠢᠶᠠᠷ ᠬᠦᠳᠡᠯᠦᠩᠭᠦᠢ ᠲᠤᠬᠢᠷᠠᠭᠤᠯᠤᠨ᠎ᠠ᠃ | ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠲᠠᠷᠢᠯᠭ᠎ᠠ ᠲᠠᠷᠢᠬᠤ ᠶᠢ ᠪᠦᠬᠦ ᠲᠠᠯ᠎ᠠ | ᠪᠠᠷ ᠲᠦᠯᠬᠢᠨ ᠠᠬᠢᠭᠤᠯᠵᠤ᠂ ᠪᠦᠬᠦ ᠠᠷᠠᠳ ᠤᠨ ᠳᠠᠷᠬᠠᠯᠠᠭ᠎ᠠ ᠶᠢᠨ ᠬᠠᠯᠬᠠᠪᠴᠢ ᠶᠢ ᠪᠠᠶᠢᠭᠤᠯᠤᠨ᠎ᠠ᠃ ᠪᠠᠶᠠᠨᠴᠤᠭᠲᠤ | ᠶᠢᠨ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠴᠢᠭ ᠤᠨ ᠲᠤᠷᠰᠢᠯᠲᠠ ᠶᠢᠨ ᠭᠡᠷ᠂ ᠬᠤᠶᠠᠳᠤᠭᠠᠷ ᠨᠡᠶᠢᠭᠡᠮ | ᠲᠤᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠦᠪ ᠤᠨ ᠪᠠᠶᠢᠭᠤᠯᠤᠯᠲᠠ ᠶᠢ ᠵᠢᠯ ᠲᠤᠲᠤᠷ᠎ᠠ | ᠪᠠᠶᠡᠯᠡᠭᠦᠯᠵᠤ᠂ ᠬᠤᠯᠤᠭᠠᠨ᠎ᠠ ᠶᠢᠨ ᠬᠢᠵᠡᠭ ᠢ ᠬᠢᠨᠠᠨ ᠰᠢᠯᠭᠠᠵᠤ ᠰᠡᠷᠭᠡᠶᠢᠯᠡᠨ ᠡᠵᠡᠮᠳᠡᠬᠦ ᠪᠠ ᠡᠮ ᠡᠮᠨᠡᠯᠭᠡ ᠡᠷᠭᠦᠯ | ᠬᠠᠮᠠᠭᠠᠯᠠᠯ ᠤᠨ ᠤᠶᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠡᠮ ᠡᠮᠨᠡᠯᠬᠡ ᠶᠢᠨ ᠪᠠᠶᠢᠭᠤᠯᠤᠮᠵᠢ ᠶᠢᠨ | ᠴᠢᠳᠠᠪᠤᠷᠢᠳᠠᠨ ᠤ ᠡᠩᠨᠡᠭᠡ ᠶᠢ ᠲᠡᠬᠦᠯᠳᠡᠷᠵᠢᠬᠦᠯᠵᠦ᠂ ᠬᠤᠰᠢᠭᠤᠨ ᠤ ᠬᠡᠪᠴᠢᠶᠠᠨ ᠤ ᠡᠮ ᠡᠮᠨᠡᠯᠬᠡ ᠶᠢᠨ ᠬᠠᠮᠳᠦ ᠶᠢᠨ | ᠴᠤᠭᠴᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠤᠷᠭᠠᠨ ᠬᠦᠮᠤᠵᠢᠯ ᠤᠨ ᠤᠶᠢᠯᠡᠰ | ᠢ ᠲᠦᠷᠬᠡᠳᠬᠡᠨ ᠬᠦᠭᠵᠢᠬᠦᠯᠵᠤ᠂ ᠰᠤᠷᠭᠠᠭᠤᠯᠢ ᠡᠵᠡᠩᠨᠡᠬᠦ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ | ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠪᠠᠭᠤᠷᠠᠢ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠲᠦᠷᠦᠯ ᠵᠦᠢᠯ ᠢ ᠦᠷᠬᠦᠯᠵᠢᠯᠡᠨ ᠬᠡᠷᠡᠭᠵᠢᠭᠦᠯᠤᠨ᠂ ᠠᠵᠢᠯ ᠮᠡᠷᠭᠡᠵᠢᠯ ᠤᠨ ᠳᠡᠭᠡᠲᠤ ᠵᠡᠷᠭᠡ ᠶᠢᠨ | ᠲᠤᠮᠳᠠᠳᠤ ᠰᠤᠷᠭᠠᠭᠤᠯᠢ᠂ ᠱᠠᠩ ᠳ᠋ᠧ ᠬᠡᠤᠬᠡᠳ ᠤᠨ ᠴᠡᠴᠡᠷᠯᠢᠭ ᠢ ᠵᠢᠯ ᠤᠨ ᠲᠤᠲᠤᠷ᠎ᠠ ᠬᠡᠷᠡᠭᠯᠡᠯᠲᠡ ᠳᠤ ᠤᠷᠤᠭᠤᠯᠬᠤ | ᠪᠠᠷ ᠪᠠᠳᠤᠯᠠᠨ᠎ᠠ᠃ ᠰᠤᠶᠤᠯ ᠤᠨ ᠤᠶᠢᠯᠡᠰ ᠢ ᠲᠠᠰᠤᠷᠠᠯᠲᠠ ᠦᠭᠡᠢ ᠴᠡᠴᠡᠭᠯᠡᠭᠦᠯᠦᠨ᠂ ᠪᠤᠳᠠᠰ ᠤᠨ ᠪᠤᠰᠤ ᠰᠤᠶᠤᠯ | ᠤᠨ ᠦᠪ ᠤᠨ ᠵᠠᠯᠭᠠᠮᠵᠢᠯᠠᠯ ᠤᠨ ᠬᠠᠮᠠᠭᠠᠯᠠᠯᠲᠠ ᠶᠢ ᠦᠷᠭᠦᠯᠵᠢᠯᠡᠨ ᠰᠠᠶᠢᠳᠤᠷ ᠬᠢᠵᠤ᠂ ᠨᠡᠩ ᠤᠯᠠᠨ ᠠᠷᠠᠳ ᠢ | ᠤᠯᠠᠮᠵᠢᠯᠠᠯᠲᠤ ᠰᠤᠶᠤᠯ ᠳᠤ ᠲᠤᠷ᠎ᠠ ᠰᠤᠨᠢᠷᠬᠠᠯ ᠲᠠᠢ ᠪᠤᠯᠭᠠᠨ᠎ᠠ᠃ ᠠᠷᠠᠳ ᠳᠤ ᠠᠰᠢᠭᠲᠠᠢ ᠲᠤᠭᠯᠠᠯᠲᠠ ᠶᠢᠨ | ᠬᠦᠳᠡᠯᠭᠡᠭᠡᠨ ᠢ ᠦᠷᠭᠦᠯᠵᠢᠯᠡᠨ ᠦᠷᠨᠢᠭᠦᠯᠵᠤ᠂ ᠰᠤᠩᠭᠤᠳᠠᠭ ᠰᠠᠶᠢᠬᠠᠨ ᠵᠦᠴᠤᠭᠡ ᠲᠤᠭᠯᠠᠯᠲᠠ ᠶᠢ ᠨᠠᠶᠢᠷᠠᠭᠤᠯᠤᠨ | ᠵᠤᠬᠢᠶᠠᠨ᠎ᠠ᠃ ᠪᠦᠬᠦ ᠠᠷᠠᠳ ᠢᠶᠠᠷ ᠢᠶᠠᠨ ᠨᠤᠮ ᠤᠩᠰᠢᠬᠤ ᠬᠦᠳᠡᠯᠭᠡᠭᠡᠨ ᠢ ᠦᠷᠬᠦᠯᠵᠢᠯᠡᠨ ᠠᠬᠢᠭᠤᠯᠵᠤ᠂ ᠨᠤᠮ | ᠪᠢᠴᠢᠭ ᠤᠨ ᠲᠤᠭᠠᠲᠤ ᠬᠦᠮᠦᠷᠭᠡ ᠶᠢᠨ ᠪᠠᠶᠢᠭᠤᠯᠤᠯᠲᠠ ᠶᠢ ᠡᠬᠢᠯᠡᠭᠦᠯᠦᠨ᠎ᠡ᠃ ᠤᠯᠠᠨ ᠲᠦᠷᠦᠯ ᠤᠨ ᠰᠤᠶᠤᠯ ᠤᠨ | ᠬᠦᠳᠡᠯᠭᠡᠭᠡᠨ ᠢ ᠢᠳᠡᠪᠬᠢᠲᠠᠢ ᠦᠷᠨᠢᠬᠦᠯᠦᠨ᠂ ᠤᠯᠠᠨ ᠲᠦᠮᠡᠨ ᠤ ᠴᠢᠨᠠᠷᠳᠠᠢ ᠪᠤᠯᠪᠠᠰᠤᠨ ᠤ ᠪᠠᠶᠢᠭᠤᠯᠤᠯᠳᠠ ᠶᠢ | ᠴᠢᠩᠭᠠᠳᠬᠠᠵᠦ᠂ ᠰᠢᠨ᠎ᠡ ᠴᠠᠭ ᠦᠶ᠎ᠠ ᠶᠢᠨ ᠪᠤᠯᠪᠠᠰᠤᠨ ᠤ ᠦᠢᠯᠡᠳᠦᠯᠬᠡ ᠶᠢᠨ ᠲᠦᠪ ᠤᠨ ᠪᠦᠳᠦᠬᠡᠨ ᠪᠠᠶᠢᠭᠤᠯᠤᠯᠳᠠ | ᠶᠢ ᠠᠬᠢᠭᠤᠯᠤᠨ᠎ᠠ᠃ ᠨᠡᠶᠢᠭᠡᠮ ᠤᠨ ᠴᠡᠭᠴᠡᠯᠡᠯᠲᠡ ᠶᠢ ᠰᠢᠨᠡᠴᠢᠯᠡᠨ ᠴᠢᠩᠭᠠᠳᠬᠠᠨ᠎ᠠ᠃ ᠬᠠᠳᠠᠭᠠᠯᠠᠮᠵᠢ ᠶᠢ ᠦᠭᠡᠶᠢᠰᠬᠡᠬᠦ | ᠪᠠ ᠨᠡᠮᠡᠭᠳᠡᠯ ᠢ ᠡᠵᠡᠮᠳᠡᠵᠤ᠂ ᠤᠯᠠᠨ ᠬᠦᠮᠤᠨ ᠲᠠᠢ ᠬᠤᠯᠪᠤᠭᠳᠠᠭᠰᠠᠨ ᠬᠠᠤᠯᠢ ᠪᠤᠰᠤ ᠪᠠᠷ ᠬᠦᠷᠤᠩᠭᠡ | ᠴᠤᠭᠯᠠᠭᠤᠯᠬᠤ᠂ ᠪᠠᠭ᠎ᠠ ᠲᠤᠭᠠᠨ ᠤ ᠵᠢᠭᠡᠯᠡᠯᠭᠡ ᠶᠢᠨ ᠬᠤᠭᠤᠴᠠᠭ᠎ᠠ ᠬᠡᠳᠤᠷᠡᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠨ | ᠠᠷᠢᠯᠭᠠᠨ᠎ᠠ᠃ ᠠᠶᠤᠯᠭᠦᠢ ᠤᠶᠢᠯᠡᠳᠪᠤᠷᠢᠯᠡᠯ ᠤᠨ ᠡᠭᠦᠷᠭᠡᠯᠡᠯ ᠢ ᠡᠷᠡᠰ ᠲᠤᠭᠤᠰᠢᠯᠠᠭᠤᠯᠤᠨ᠂ ᠠᠶᠤᠯᠭᠦᠢ | ᠤᠶᠢᠯᠡᠳᠪᠤᠷᠢᠯᠡᠯ ᠤᠨ ᠲᠤᠰᠬᠠᠢ ᠰᠡᠳᠤᠪᠳᠤ ᠴᠡᠭᠴᠡᠯᠡᠯᠲᠡ ᠶᠢᠨ ᠭᠤᠷᠪᠠᠨ ᠵᠢᠯ ᠤᠨ ᠬᠦᠳᠡᠯᠭᠡᠭᠡᠨ ᠢ ᠭᠦᠨᠵᠡᠭᠡᠢ | ᠦᠷᠨᠢᠭᠦᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠠᠩᠬᠠᠳᠤᠭᠠᠷ ᠤᠳᠠᠭᠠᠨ ᠤ ᠪᠦᠬᠦ | ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠤᠩᠬᠡᠶᠢᠯᠡᠭᠰᠡᠨ ᠲᠦᠭᠰᠢᠭᠦᠷᠢ ᠶᠢ ᠪᠦᠷᠢᠳᠭᠡᠬᠦ ᠠᠵᠢᠯ ᠢ ᠭᠦᠨᠵᠡᠭᠡᠢ | ᠲᠤᠭᠤᠰᠢᠯᠠᠭᠤᠯᠤᠨ᠂ ᠡᠯ᠎ᠡ ᠲᠦᠷᠦᠯ ᠤᠨ ᠪᠠᠴᠢᠮ ᠢ ᠠᠷᠭᠠᠴᠠᠭᠠᠬᠤ ᠪᠡᠯᠡᠳᠭᠡᠯ ᠲᠦᠰᠤᠯ ᠢ ᠲᠠᠰᠤᠷᠠᠯᠲᠠ ᠦᠭᠡᠢ | ᠲᠡᠭᠦᠯᠳᠡᠷᠵᠢᠭᠦᠯᠵᠤ᠂ ᠠᠶᠤᠯ ᠠᠴᠠ ᠠᠪᠤᠷᠠᠵᠤ ᠪᠠᠴᠢᠮ ᠢ ᠠᠷᠭᠠᠴᠠᠭᠠᠬᠤ ᠰᠤᠷᠢᠯᠲᠠ ᠶᠢ ᠴᠢᠩᠭᠠᠳᠬᠠᠨ᠂ ᠡᠳ᠋ ᠪᠤᠳᠠᠰ | ᠤᠨ ᠨᠦᠬᠡᠴᠡ ᠶᠢ ᠪᠠᠳᠤᠯᠠᠵᠦ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠶᠡᠷᠤᠩᠬᠡᠶᠢᠯᠡᠭᠰᠡᠨ ᠰᠡᠷᠭᠡᠶᠢᠯᠡᠬᠦ ᠴᠢᠳᠠᠮᠵᠢ | ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ︽ᠠᠷᠠᠳ ᠲᠦᠮᠡᠨ ᠢᠶᠠᠷ ᠬᠢᠨᠠᠯᠳᠠ ᠪᠤᠯᠭᠠᠬᠤ︾ ᠢᠨᠵᠧᠨᠧᠷᠢᠩ ᠢ | ᠠᠬᠢᠭᠤᠯᠵᠤ᠂ ᠬᠠᠤᠯᠢ ᠪᠤᠰᠤ ᠶᠠᠯᠠᠲᠤ ᠠᠵᠢᠯᠯᠭ᠎ᠠ ᠳᠤ ᠴᠢᠩᠭ᠎ᠠ ᠴᠤᠬᠢᠯᠲᠠ ᠦᠭᠴᠦ᠂ ᠬᠠᠤᠯᠢ ᠬᠡᠷᠡᠭᠵᠢᠬᠦᠯᠬᠦ ᠴᠢᠨᠠᠷ | ᠴᠢᠨᠰᠠᠭ᠎ᠠ ᠶᠢ ᠦᠨᠡᠨᠬᠦ ᠲᠡᠬᠡᠭᠰᠢᠯᠡᠬᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ | ᠪᠠᠷᠢᠮᠲᠠᠯᠠᠨ ᠬᠦᠭᠵᠢᠭᠦᠯᠵᠤ᠂ ᠵᠠᠬᠢᠲᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠳᠦᠷᠭᠡᠳᠭᠡᠨ ᠰᠢᠢᠳᠪᠦᠷᠢᠯᠡᠵᠦ᠂ | ᠵᠠᠬᠢᠳᠡᠯ ᠰᠤᠷᠪᠤᠯᠵᠢᠯᠠᠯ ᠤᠨ ᠲᠤᠭᠲᠠᠭᠤᠨ ᠢ ᠪᠠᠳᠤᠯᠠᠬᠤ ᠠᠵᠢᠯ ᠢ ᠯᠠᠪᠳᠠᠭᠤᠨ ᠢᠶᠠᠷ ᠰᠠᠶᠢᠳᠤᠷ ᠬᠢᠨ᠎ᠡ᠃ | ᠦᠨᠳᠤᠰᠤᠳᠡᠨ ᠤ ᠪᠦᠯᠬᠦᠮᠳᠡᠯ ᠲᠡᠪᠰᠢᠯᠳᠠ ᠶᠢᠨ ᠪᠠᠶᠢᠭᠤᠯᠤᠯᠲᠠ ᠶᠢ ᠭᠦᠨᠵᠡᠭᠡᠢ ᠦᠷᠨᠢᠭᠦᠯᠵᠤ᠂ ᠱᠠᠰᠢᠨ ᠰᠤᠷᠲᠠᠬᠤᠨ | ᠤ ᠶᠠᠪᠤᠳᠠᠯ ᠢ ᠬᠠᠤᠯᠢ ᠪᠠᠷ ᠬᠠᠮᠢᠶᠠᠷᠤᠨ᠎ᠠ᠃ ᠤᠯᠤᠰ ᠤᠨ ᠪᠠᠳᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠤᠳᠤᠬᠢᠴᠢᠯᠠᠯᠲᠠ ᠶᠢᠨ ᠪᠠᠶᠢᠭᠤᠯᠤᠯᠲᠠ ᠶᠢ ᠳᠡᠳᠬᠦᠵᠤ᠂ ᠬᠢᠯᠢ ᠬᠢᠵᠠᠭᠠᠷ ᠢ ᠬᠦᠭᠵᠢᠭᠦᠯᠵᠤ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠯᠠᠪᠳᠠᠭᠤᠨ ᠪᠠᠳᠤᠲᠠᠢ ᠠᠬᠢᠭᠤᠯᠤᠨ᠎ᠠ᠃ | ︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠬᠦ | ᠴᠢᠳᠠᠪᠤᠷᠢ ᠶᠢ ᠨᠡᠮᠡᠭᠳᠡᠬᠦᠯᠦᠨ᠂ ᠵᠠᠰᠠᠭ ᠤᠨ ᠤᠷᠳᠤᠨ ᠤ ᠪᠦᠳᠤᠮᠵᠢ ᠶᠢ ᠦᠨᠡᠨᠬᠦ ᠳᠡᠭᠡᠭᠰᠢᠯᠡᠭᠦᠯᠦᠨ᠎ᠡ᠃ | ᠤᠯᠤᠰ ᠲᠦᠷᠦ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠤᠯᠤᠰ ᠲᠦᠷᠦ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠳᠤᠳᠠᠢ | ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢ ᠦᠨᠡᠨᠬᠦ ᠴᠢᠩᠭᠠᠳᠬᠠᠨ᠂ ︽ᠳᠦᠷᠪᠡᠨ ᠢᠳᠡᠭᠡᠯ︾ ᠢᠶᠠᠨ | ᠪᠠᠳᠤᠳᠬᠠᠵᠤ᠂ ︽ᠬᠤᠶᠠᠷ ᠢ ᠲᠤᠭᠳᠠᠭᠠᠬᠤ︾ ᠶᠢ ᠬᠦᠷᠢᠶᠠᠯᠠᠨ᠂ ︽ᠬᠤᠶᠠᠷ ᠢ ᠬᠠᠮᠠᠭᠠᠯᠠᠬᠤ︾ ᠶᠢ | ᠪᠠᠶᠠᠯᠡᠬᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠶᠢᠯᠭᠠᠬᠤ ᠴᠢᠳᠠᠪᠤᠷᠢ᠂ ᠭᠦᠢᠴᠡᠳᠭᠡᠬᠦ ᠴᠢᠳᠠᠪᠤᠷᠢ | ᠪᠠᠨ ᠲᠠᠰᠤᠷᠠᠯᠲᠠ ᠦᠭᠡᠢ ᠳᠡᠭᠡᠭᠰᠢᠯᠡᠬᠦᠯᠵᠤ᠂ ᠦᠵᠡᠯ ᠰᠠᠨᠠᠭ᠎ᠠ᠂ ᠤᠯᠤᠰ ᠲᠦᠷᠦ᠂ ᠤᠶᠢᠯᠠ ᠠᠵᠢᠯᠯᠠᠭ᠎ᠠ ᠪᠠᠨ ᠰᠢ | ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠳᠡᠭᠡᠲᠤ ᠬᠡᠮᠵᠢᠶ᠎ᠡ ᠪᠠᠷ ᠨᠢᠬᠡᠳᠦᠬᠦᠯᠬᠦ | ᠶᠢ ᠪᠠᠷᠢᠮᠲᠠᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠡᠭᠦᠷᠭᠡᠯᠡᠯ ᠤᠨ ᠲᠦᠷᠢᠮ ᠢ ᠡᠷᠡᠰ | ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠴᠠᠷ᠎ᠠ ᠶᠢᠨ ᠡᠷᠬᠡᠪᠰᠢ ᠠᠮᠤᠷ ᠲᠦᠪᠰᠢᠨ | ᠪᠠᠶᠢᠬᠤ ᠢ ᠪᠠᠲᠤ ᠴᠢᠩᠭ᠎ᠠ ᠠᠷᠭ᠎ᠠ ᠠᠪᠴᠢᠯ ᠢᠶᠠᠷ ᠪᠠᠳᠤᠯᠠᠨ᠎ᠠ᠃ | ᠠᠵᠢᠯ ᠤᠨ ᠬᠡᠪ ᠰᠤᠷᠳᠠᠯ ᠢ ᠬᠦᠴᠤᠯᠡᠨ ᠰᠠᠶᠢᠵᠢᠷᠠᠭᠤᠯᠤᠨ᠎ᠠ᠃ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ | ᠤᠨ ᠪᠦᠳᠤᠮᠵᠢ ᠶᠢ ᠦᠷᠬᠦᠯᠵᠢᠯᠡᠨ ᠪᠠᠳᠤᠳᠬᠠᠵᠤ᠂ ︽ᠤᠯᠠᠨ ᠲᠦᠮᠡᠨ ᠳᠤ ᠪᠤᠳᠠᠳᠠᠢ ᠠᠵᠢᠯ ᠬᠢᠬᠦ︾ | ᠤᠶᠢᠯᠡᠳᠤᠯᠭᠡ ᠶᠢᠨ ᠬᠦᠳᠡᠯᠭᠡᠭᠡᠨ ᠢ ᠭᠦᠨᠵᠡᠭᠡᠶᠢᠷᠡᠭᠦᠯᠤᠨ᠂ ᠠᠭᠤᠤ ᠶᠡᠭᠡ ᠨᠠᠮ ᠪᠠᠶᠢᠭᠤᠯᠤᠭᠳᠠᠭᠰᠠᠨ ᠵᠤᠷᠢᠭ ᠰᠠᠨᠠᠭ᠎ᠠ | ᠶᠢ ᠬᠦᠴᠤᠯᠡᠨ ᠪᠠᠳᠠᠷᠠᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠦᠷᠬᠦᠯᠵᠢᠯᠡᠨ | ᠭᠦᠨᠵᠡᠭᠡᠢ ᠠᠬᠢᠭᠤᠯᠵᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ︾ ᠬᠢᠨᠠᠨ ᠬᠠᠮᠢᠶᠠᠷᠤᠯᠲᠠ ᠶᠢᠨ | ᠬᠡᠯᠪᠡᠷᠢ ᠶᠢ ᠦᠨᠡᠨᠬᠦ ᠰᠠᠶᠢᠳᠤᠷ ᠬᠡᠷᠡᠭᠯᠡᠵᠤ᠂ ᠵᠠᠰᠠᠭ ᠤᠨ ᠤᠷᠳᠤᠨ ᠤ ᠴᠡᠭᠴᠡᠯᠡᠨ ᠰᠠᠶᠢᠵᠢᠷᠠᠭᠤᠯᠬᠤ ᠴᠢᠳᠠᠮᠵᠢ ᠪᠠ | ᠲᠦᠪᠰᠢᠨ ᠢ ᠳᠡᠭᠡᠭᠰᠢᠯᠡᠬᠦᠯᠦᠨ᠎ᠡ᠃ ᠲᠦᠪ ᠭᠤᠤᠯᠴᠢ ᠪᠠᠷ ᠦᠷᠢᠰᠦᠯᠳᠦᠬᠦ ᠬᠢᠨᠠᠨ ᠪᠠᠶᠢᠴᠠᠭᠠᠯᠳᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠦ᠂ ᠬᠤᠳᠠᠯᠳᠤᠭ᠎ᠠ ᠡᠵᠩᠨᠡᠬᠦ ᠤᠷᠴᠢᠨ ᠢ ᠦᠷᠬᠦᠯᠵᠢᠯᠡᠨ ᠰᠢᠯᠢᠳᠡᠭᠵᠢᠭᠦᠯᠦᠨ᠂ ᠵᠠᠰᠠᠭ | ᠤᠨ ᠶᠠᠪᠤᠳᠠᠯ ᠤᠨ ᠤᠶᠢᠯᠡᠴᠢᠯᠡᠭᠡᠨ ᠤ ᠪᠦᠳᠤᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠠᠨ ᠨᠡᠶᠢᠲᠡ ᠶᠢᠨ | ᠤᠶᠢᠯᠡᠴᠢᠯᠡᠭᠡ ᠪᠠ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠢᠰᠲ᠋ᠧᠮ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ | ᠃ | ᠬᠠᠤᠯᠢ ᠶᠤᠰᠤᠨ ᠤ ᠵᠠᠰᠠᠭ ᠵᠠᠬᠢᠷᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ | ᠬᠢᠨᠠᠯᠲᠠ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠶᠢᠨ ᠳᠤᠷ᠎ᠠ | ᠠᠴᠠ ᠪᠠᠨ ᠬᠦᠯᠢᠶᠡᠨ ᠠᠪᠴᠤ᠂ ᠨᠡᠶᠢᠭᠡᠮ ᠤᠨ ᠬᠢᠨᠠᠯᠲᠠ ᠪᠤᠯᠤᠨ ᠶᠡᠷᠢᠶ᠎ᠡ ᠬᠡᠯᠡᠯᠴᠡᠭᠡᠨ ᠤ ᠬᠢᠨᠠᠯᠲᠠ ᠶᠢ ᠦᠷᠭᠡᠨ | ᠬᠡᠪᠴᠢᠶ᠎ᠡ ᠲᠠᠢ ᠬᠦᠯᠢᠶᠡᠨ ᠠᠪᠴᠤ᠂ ᠬᠢᠨᠠᠨ ᠪᠤᠳᠤᠯᠲᠠ ᠶᠢᠨ ᠬᠢᠨᠠᠯᠲᠠ ᠪᠠ ᠲᠤᠭ᠎ᠠ ᠪᠦᠷᠢᠳᠭᠡᠯ ᠤᠨ ᠬᠢᠨᠠᠯᠲᠠ ᠶᠢ | ᠴᠢᠩᠭᠠᠳᠬᠠᠨ᠂ ᠡᠷᠭᠡ ᠲᠤᠰᠢᠶᠠᠯ ᠢ ᠢᠯᠠ ᠬᠡᠷᠡᠭᠵᠢᠬᠦᠯᠦᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠶᠢ | ᠲᠦᠬᠡᠮᠡᠯᠵᠢᠬᠦᠯᠬᠦ ᠠᠵᠢᠯ ᠢ ᠭᠦᠨᠵᠡᠭᠡᠢ ᠦᠷᠨᠢᠭᠦᠯᠵᠤ᠂ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠬᠤᠰᠢᠭᠤᠨ ᠤ ᠰᠢᠨ᠎ᠡ | ᠪᠠᠶᠢᠳᠠᠯ ᠢ ᠡᠭᠦᠳᠤᠨ᠎ᠡ᠃ | ᠠᠷᠢᠭᠤᠨ ᠴᠢᠭᠡᠴᠢ ᠲᠦᠪ ᠭᠤᠤᠯᠴᠢ ᠶᠢ ᠢᠮᠠᠭᠲᠠ ᠪᠠᠷᠢᠮᠳᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠤᠯ ᠡᠭᠦᠷᠭᠡ ᠶᠢ ᠬᠢᠨᠠᠮᠠᠭᠠᠢ ᠲᠤᠭᠤᠰᠢᠯᠠᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠲᠠᠯ | ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠦᠨᠵᠡᠬᠡᠢ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ | ᠪᠦᠳᠤᠭᠡᠨ ᠪᠠᠶᠢᠭᠤᠯᠤᠯᠲᠠ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠡᠷᠭᠡ ᠭᠤᠤᠯᠳᠠᠯᠭ᠎ᠠ ᠲᠠᠢ ᠬᠦᠷᠢᠶ᠎ᠡ | ᠴᠠᠷ᠎ᠠ ᠶᠢ ᠳᠤᠪᠤᠶᠢᠯᠭᠠᠨ ᠠᠳᠬᠤᠵᠤ᠂ ᠴᠢᠭᠡᠴᠢ ᠵᠠᠰᠠᠭ ᠤᠨ ᠲᠦᠭᠰᠢᠭᠦᠷᠢ ᠶᠢᠨ ᠰᠡᠷᠭᠡᠶᠢᠯᠡᠯᠲᠡ ᠶᠢ | ᠭᠦᠨᠵᠡᠭᠡᠶᠢᠷᠡᠭᠦᠯᠦᠨ᠂ ᠡᠷᠭᠡ ᠲᠤᠰᠢᠶᠠᠯ ᠤᠨ ᠬᠡᠷᠡᠭᠯᠡᠯᠲᠡ ᠶᠢ ᠳᠦᠷᠢᠮᠵᠢᠭᠦᠯᠦᠨ ᠬᠢᠵᠠᠭᠠᠷᠯᠠᠨ᠎ᠠ᠃ ᠲᠦᠪ ᠬᠤᠷᠢᠶᠠᠨ ᠤ | ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠦᠯᠲᠡ ᠶᠢᠨ ᠳᠦᠷᠢᠮ ᠢ ᠡᠷᠡᠰ | ᠨᠠᠶᠢᠳᠠᠪᠤᠷᠢᠵᠢᠭᠤᠯᠤᠨ᠂ ᠴᠢᠭᠡᠴᠢ ᠵᠠᠰᠠᠭ ᠤᠨ ᠲᠦᠭᠰᠢᠭᠦᠷᠢ ᠶᠢ ᠭᠦᠨᠵᠡᠭᠡᠢ ᠪᠠᠶᠢᠴᠠᠭᠠᠨ ᠵᠠᠯᠠᠷᠠᠭᠤᠯᠵᠤ᠂ ᠴᠢᠩᠭ᠎ᠠ | ᠰᠡᠷᠡᠮᠵᠢᠯᠡᠬᠦᠯᠬᠦ ᠬᠦᠮᠤᠵᠢᠯ ᠢ ᠴᠢᠩᠭᠠᠳᠬᠠᠨ᠂ ᠠᠷᠠᠳ ᠤᠨ ᠲᠦᠯᠦᠭᠡ ᠪᠤᠳᠠᠳᠤ ᠠᠵᠢᠯᠯᠠᠭ᠎ᠠ ᠶᠢ ᠡᠷᠬᠢᠮᠯᠡᠬᠦ ᠠᠷᠢᠭᠤᠨ | ᠴᠢᠭᠡᠴᠢ ᠤᠯᠤᠰ ᠲᠦᠷᠦ ᠶᠢᠨ ᠮᠦᠨ ᠴᠢᠨᠠᠷ ᠢ ᠮᠦᠩᠭᠡ ᠬᠠᠳᠠᠭᠠᠯᠠᠨ᠎ᠠ᠃ | ᠡᠯ᠎ᠡ ᠲᠦᠯᠦᠭᠡᠯᠡᠭᠴᠢᠳ ᠡ᠂ ᠰᠢᠨ᠎ᠡ ᠠᠶᠠᠨ ᠵᠠᠮ ᠳᠤ ᠰᠢᠨ᠎ᠡ ᠠᠵᠠ ᠲᠤᠬᠢᠶᠠᠯ ᠢ ᠤᠯᠭᠤᠵᠦ᠂ ᠰᠢᠨ᠎ᠡ ᠡᠬᠦᠷᠬᠡ | ᠬᠠᠷᠢᠭᠤᠴᠠᠯᠭ᠎ᠠ ᠨᠢ ᠰᠢᠨ᠎ᠡ ᠦᠢᠯᠠ ᠠᠵᠢᠯᠯᠠᠭ᠎ᠠ ᠶᠢ ᠬᠦᠯᠢᠶᠠᠵᠦ ᠪᠤᠢ᠃ ᠪᠢᠳᠡ ᠬᠠᠮᠳᠦ ᠪᠠᠷ ᠢᠶᠠᠨ ᠰᠢ ᠶᠢᠨ ᠫᠢᠩ | ᠨᠦᠬᠦᠷ ᠪᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠤ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ | ᠲᠠᠭᠠᠭᠤᠯᠵᠤ᠂ ᠢᠳᠡᠷᠭᠦᠨ ᠠᠯᠬᠤᠭ᠎ᠠ ᠪᠠᠷ ᠰᠢᠨ᠎ᠡ ᠠᠶᠠᠨ ᠳᠤ ᠮᠤᠷᠳᠠᠨ᠂ ᠰᠢᠨ᠎ᠡ ᠡᠭᠦᠷᠭᠡ ᠶᠢ ᠰᠢᠭᠤᠷᠬᠠᠢ | ᠡᠬᠦᠷᠬᠡᠯᠡᠵᠦ᠂ ᠳᠦᠷᠪᠡᠳ ᠬᠤᠰᠢᠭᠤᠨ ᠤ ᠰᠢᠨ᠎ᠡ ᠴᠠᠭ ᠡᠷᠡᠨ ᠤ ᠰᠢᠨ᠎ᠡ ᠴᠢᠨᠠᠷ ᠰᠠᠶᠢᠳᠠᠢ ᠬᠦᠭᠵᠢᠯᠳᠠ ᠶᠢᠨ | ᠬᠠᠭᠤᠳᠠᠰᠤ ᠶᠢ ᠪᠢᠴᠢᠭᠯᠡᠨ᠂ ᠰᠢᠯᠢᠳᠡᠭ ᠬᠢᠷᠢ ᠪᠦᠳᠤᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ | ᠲᠠᠢ ᠬᠤᠷᠠᠯᠳᠤᠬᠤ ᠶᠢ ᠪᠠᠶᠠᠷᠯᠠᠨ ᠤᠭᠳᠤᠵᠠᠭᠠᠶ᠎ᠠ︕ | ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠣᠷᠳᠤᠨ | ᠳᠡᠪᠰᠢᠭᠦᠯᠦᠭᠴᠢ᠄ ᠬᠠᠶᠢᠷ᠎ᠠ |