2 ᠨᠠᠰᠤᠨ ᠠᠴᠠ ᠳᠣᠷᠣᠭᠰᠢᠬᠢ ᠬᠡᠦᠬᠡᠳ ᠤᠨ ᠢᠩᠭᠢᠵᠦ ᠬᠢᠵᠤ ᠦᠭᠡᠢ︕ | 12 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠨᠢᠭᠡᠨ ︽ | 2ᠨᠠᠰᠤᠨ ᠠᠴᠠ ᠳᠣᠷᠣᠭᠰᠢᠬᠢ ᠬᠡᠦᠬᠡᠳ ᠲᠤ ᠡᠯ᠎ᠡ ᠵᠦᠢᠯ ᠤᠨ ᠳᠡᠯᠭᠡᠴᠡ ᠦᠵᠡᠬᠦᠯᠬᠦ ᠶᠢ ᠰᠠᠨᠠᠭᠠᠴᠢᠯᠠᠬᠤ ᠥᠬᠡᠶ︾ | ᠭᠡᠬᠦ ᠰᠡᠳᠦᠪ ᠢᠶᠠᠷ ᠪᠢᠴᠢᠯ ᠪᠯᠤᠭ ᠲᠤ ᠭᠠᠷᠤᠬᠰᠠᠨ ᠬᠠᠯᠠᠭᠤᠨ ᠬᠠᠶᠢᠯᠲᠠ ᠨᠡᠷᠡᠰ ᠤᠨ ᠵᠢᠭᠰᠠᠭᠠᠯᠲᠠ ᠳᠤ | ᠨᠢᠭᠡᠳᠦᠭᠡᠷ ᠲᠤ ᠣᠷᠣᠵᠤ᠂ ᠰᠦᠯᠵᠢᠶᠡᠴᠢᠳ ᠤᠨ ᠬᠠᠯᠠᠭᠤᠨ ᠶᠠᠷᠢᠯᠴᠠᠭ᠎ᠠ ᠶᠢ ᠡᠭᠦᠰᠭᠡᠵᠡᠶ᠃ | ᠤᠤᠯ ᠨᠢ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠮ᠎ᠡ | ᠲᠡᠵᠢᠭᠡᠯ ᠤᠨ ᠤᠬᠠᠭᠠᠨ ᠤ ᠲᠦᠷᠦᠭᠦᠦ ᠲᠤᠰᠬᠠᠶ ᠮᠡᠷᠭᠡᠵᠢᠯᠲᠡᠨ ᠵᠣᠣ ᠸᠧᠨ ᠬᠤᠸᠠ ᠤᠷᠴᠢᠮᠬᠠᠨ ᠬᠡᠯᠡᠬᠦ ᠳᠡᠭᠡᠨ᠄ 2 | ᠨᠠᠰᠤ ᠵᠢᠴᠢ ᠲᠡᠭᠦᠨ ᠠᠴᠠ ᠳᠣᠷᠣᠭᠰᠢᠬᠢ ᠨᠠᠰᠤᠨ ᠤ ᠬᠡᠦᠬᠡᠳ ᠲᠤ ᠴᠢᠭᠯᠡᠭᠦᠯᠦᠨ᠄ ᠨᠢᠭᠡ ᠳᠤ ᠡᠳᠦᠷ ᠪᠦᠷᠢ ᠬᠠᠷᠠᠵᠤ | ᠬᠠᠷᠠᠭᠠᠯᠵᠠᠭᠴᠢ ᠲᠠᠢ ᠪᠠᠨ ᠵᠦᠢᠯ ᠪᠦᠷᠢᠵᠢᠨ ᠬᠡᠯᠪᠡᠷᠢ ᠪᠠᠷ ᠬᠠᠮᠳᠤ ᠪᠠᠷ ᠲᠤᠬᠯᠠᠬᠤ ᠭᠡᠷᠡᠭᠳᠡᠢ᠃ ᠬᠤᠶᠠᠷ ᠲᠤ | ᠪᠡᠶ᠎ᠡ ᠪᠠᠨ ᠳᠠᠭᠠᠭᠠᠵᠤ ᠠᠯᠬᠤᠵᠤ ᠴᠢᠳᠠᠬᠤ ᠪᠢᠴᠢᠬᠠᠨ ᠬᠡᠦᠬᠡᠳ ᠡᠳᠦᠷ ᠪᠦᠷᠢ ᠨᠠᠭᠠᠳᠤ ᠵᠠᠬ᠎ᠠ ᠳᠠᠭᠠᠨ180 | ᠮᠢᠨᠦ᠋ᠲ ︵3 ᠴᠠᠭ︶ ᠤᠨ ᠪᠡᠶ᠎ᠡ ᠶᠢᠨ ᠬᠥᠳᠡᠯᠭᠡᠭᠡᠨ ᠬᠢᠬᠦ ᠬᠡᠷᠡᠭᠲᠡᠶ᠃ ᠭᠤᠷᠪᠠ ᠳᠤ ᠬᠢᠵᠠᠭᠠᠷᠯᠠᠬᠤ ᠴᠠᠭ ᠢ ᠨᠢ | ᠤᠳᠠᠭ᠎ᠠ ᠪᠦᠷᠢ1 ᠴᠠᠭ ᠠᠴᠠ ᠭᠡᠳᠦᠷᠡᠬᠦᠯᠵᠦ ᠪᠣᠯᠬᠤ ᠦᠭᠡᠢ᠃ ᠳᠥᠷᠪᠡ ᠳᠤ ᠡᠯ᠎ᠡ ᠵᠦᠢᠯ ᠤᠨ ᠳᠡᠯᠭᠡᠴᠡ | ᠦᠵᠡᠬᠦᠯᠬᠦ ᠶᠢ ᠰᠠᠨᠠᠭᠠᠴᠢᠯᠠᠬᠤ ᠦᠭᠡᠢ ᠬᠡᠪᠡ᠃ | ᠴᠥᠭᠡᠨ ᠪᠤᠰᠤ ᠰᠦᠯᠵᠢᠶᠡᠴᠢᠳ᠂ ᠬᠤᠶᠠᠷ ᠨᠠᠰᠤ ᠵᠢᠴᠢ ᠲᠡᠭᠦᠨ ᠠᠴᠠ ᠳᠣᠷᠣᠭᠰᠢᠬᠢ ᠨᠠᠰᠤᠨ ᠤ | ᠬᠡᠦᠬᠡᠳ ᠨᠢᠪᠡᠶᠡ ᠪᠠᠨ ᠳᠠᠭᠠᠭᠠᠬᠤ ᠴᠢᠳᠠᠪᠤᠷᠢ ᠥᠬᠡᠶ ᠪᠤᠯᠬᠤᠷ ᠴᠥᠮ ᠲᠣᠮᠣ ᠬᠥᠮᠦᠨ ᠤ ᠡᠵᠡᠮᠲᠡᠯ ᠳᠤ | ᠲᠦᠰᠢᠭᠯᠡᠳᠡᠭ᠂ ᠲᠡᠷᠡᠴᠢᠯᠡᠨ ᠪᠠᠭ᠎ᠠ ᠨᠠᠰᠤᠨ ᠤ ᠬᠡᠦᠬᠡᠳ ᠤᠨ ᠪᠤᠰᠤᠳ ᠢ ᠳᠠᠭᠤᠷᠢᠶᠠᠬᠤ ᠴᠢᠳᠠᠪᠤᠷᠢ ᠨᠢ ᠴᠢᠩᠭ᠎ᠠ | ᠪᠠᠶᠢᠳᠠᠭ ᠪᠤᠯᠬᠤᠷ ᠬᠡᠷᠪᠡ ᠬᠡᠷ ᠤᠨ ᠠᠬᠠᠮᠠᠳ ᠨᠢ ᠭᠠᠷ ᠤᠲᠠᠰᠤ ᠨᠠᠭᠠᠳᠤᠭᠠᠳ ᠪᠠᠶᠢᠪᠠᠯ ᠬᠡᠦᠬᠡᠳ ᠨᠥᠯᠥᠭᠡᠯᠡᠭᠳᠡᠬᠦ | ᠨᠢ ᠯᠠᠪᠲᠠᠶ ᠶᠤᠮ ᠬᠡᠵᠦ ᠦᠵᠡᠵᠦ ᠪᠤᠢ᠃ ᠭᠡᠪᠡᠴᠦ ᠪᠠᠰᠠᠴᠥ᠋ᠭᠡᠨ ᠪᠤᠰᠤ ᠰᠦᠯᠵᠢᠶᠡᠴᠢᠳ᠄ ᠶᠣᠰᠣ ᠤᠴᠢᠷ ᠢ ᠪᠦᠷ | ᠮᠡᠳᠡᠵᠦ ᠪᠠᠶᠢᠨ᠎ᠠ᠂ ᠭᠡᠪᠡᠴᠦ ᠪᠣᠳᠠᠲᠠᠶ ᠬᠢᠬᠦ ᠳᠤ ᠦᠨᠡᠬᠡᠷ ᠠᠮᠠᠷ ᠦᠭᠡᠢ ᠬᠡᠵᠡᠭᠡᠨ᠎ᠡ᠃ ᠪᠠᠭ᠎ᠠ ᠨᠠᠰᠤᠨ ᠤ ᠪᠢᠴᠢᠬᠠᠨ | ᠨᠠᠶᠢᠵᠠ ᠨᠠᠷ ᠴᠣᠪᠣᠭᠤ ᠳᠡᠭᠵᠢᠨ ᠬᠦᠳᠡᠯᠭᠡᠭᠡᠨ ᠶᠡᠬᠡᠳᠡᠢ ᠪᠠᠶᠢᠳᠠᠭ ᠪᠤᠯᠬᠤᠷ ᠪᠠᠭ᠎ᠠ ᠯᠠ ᠬᠠᠮᠢᠶᠠᠷᠬᠤ ᠦᠭᠡᠢ ᠪᠣᠯ | ᠠᠮᠠᠷᠬᠠᠨ ᠤᠴᠢᠷ ᠭᠠᠷᠴᠤ ᠮᠡᠳᠡᠨ᠎ᠡ᠃ ᠡᠶᠢᠮᠦ ᠠᠴᠠ ᠭᠡᠷ ᠤᠨ ᠠᠬᠠᠮᠠᠳ ᠨᠠᠷ ᠠᠮᠠᠷᠠᠬᠤ ᠴᠠᠭ ᠢᠶᠠᠨ ᠵᠠᠷᠤᠴᠠᠭᠤᠯᠤᠨ᠂ | ᠠᠯᠢ ᠴᠢᠳᠠᠬᠤ ᠪᠠᠷ ᠬᠡᠦᠬᠡᠳ ᠤᠨ ᠢᠶᠠᠨ ᠳᠡᠯᠭᠡᠴᠡ ᠦᠵᠡᠬᠦ ᠴᠠᠭ ᠢ ᠬᠢᠵᠠᠭᠠᠷᠯᠠᠵᠤ᠂ ᠲᠡᠳᠡᠨ ᠢ ᠭᠠᠳᠠᠨ᠎ᠠ ᠢᠯᠡᠭᠦᠬᠡᠨ | ᠲᠠᠭᠠᠭᠤᠯᠤᠨ ᠭᠠᠷᠴᠤ ᠬᠥᠳᠡᠯᠭᠡᠭᠡᠨ ᠬᠢᠬᠡᠷᠡᠢ᠃ | ᠲᠡᠭᠡᠪᠡᠯ ᠬᠡᠦᠬᠡᠳ ᠤᠨ ᠢᠶᠠᠨ ᠲᠧᠯᠸᠢᠰ ᠦᠵᠡᠬᠦ᠂ ᠭᠠᠷ ᠤᠲᠠᠰᠤ ᠦᠵᠡᠬᠦ ᠶᠢ ᠪᠦᠷᠢᠮᠦᠰᠦᠨ ᠬᠤᠷᠢᠭᠯᠠᠵᠤ | ᠳᠡᠶᠢᠯᠬᠦᠦᠭᠡᠢ ᠮᠦᠷᠳᠡᠭᠡᠨ ᠪᠠᠰᠠ ᠬᠡᠦᠬᠡᠳ ᠤᠨ ᠢᠶᠠᠨ ᠪᠤᠶᠢᠵᠢᠯᠲᠠ ᠳᠤ ᠨᠠᠵᠠᠭᠠᠢ ᠨᠥᠯᠥᠭᠡ ᠦᠵᠡᠭᠦᠯᠬᠦ ᠶᠢ ᠬᠦᠰᠡᠬᠦ | ᠦᠭᠡᠢ ᠬᠡᠬᠦ ᠡᠶᠢᠮᠦ ᠬᠤᠶᠠᠷ ᠠᠰᠠᠭᠤᠳᠠᠯ ᠪᠢᠳᠡᠨ ᠳᠤ ᠲᠤᠯᠭᠠᠷᠠᠯ᠎ᠠ᠂ ᠡᠨᠡ ᠬᠤᠶᠠᠷ ᠬᠦᠴᠢᠷ ᠠᠰᠠᠭᠤᠳᠠᠯ ᠢ ᠶᠠᠮᠠᠷ | ᠠᠷᠭ᠎ᠠ ᠪᠠᠷ ᠰᠢᠢᠳᠪᠦᠷᠢᠯᠡᠬᠦ ᠪᠣᠢ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠨᠡ ᠵᠢᠯ ᠤᠨ ᠨᠡᠶᠢᠲᠡᠯᠡᠭᠰᠡᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ ᠮᠠᠨ ᠤ ᠤᠯᠤᠰ ᠤᠨ ᠬᠡᠦᠬᠡᠳ ᠪᠠᠭᠠᠴᠤᠳ | ᠵᠠᠯᠠᠭᠤᠴᠤᠳ ᠤᠨ ᠣᠶᠢᠷ᠎ᠠ ᠬᠠᠷᠠᠭ᠎ᠠ ᠶᠢᠨ ᠶᠡᠷᠦᠩᠬᠡᠶ ᠨᠣᠷᠮ᠎ᠠ 52.7% ᠳᠤ ᠬᠦᠷᠴᠦ᠂ 10% ᠣᠷᠴᠢᠮ ᠤᠨ | ᠣᠶᠢᠷ᠎ᠠ ᠬᠠᠷᠠᠭ᠎ᠠ ᠲᠠᠢ ᠰᠤᠷᠤᠭᠴᠢᠳ ᠨᠢ ᠲᠡᠭᠡᠷ᠎ᠡ ᠬᠡᠮᠵᠢᠶᠡᠨ ᠤ ᠣᠶᠢᠷ᠎ᠠ ᠬᠠᠷᠠᠭ᠎ᠠ ᠲᠠᠢ ᠪᠣᠯᠵᠠᠶ᠃ 90% ᠶᠢᠨ | ᠬᠠᠷᠠᠭᠠᠨ ᠤ ᠠᠰᠠᠭᠤᠳᠠᠯ ᠢ ᠦᠨᠡᠨ ᠳᠡᠭᠡᠨ ᠰᠡᠷᠭᠡᠶᠢᠯᠡᠵᠦ ᠪᠤᠯᠬᠤ ᠪᠦᠭᠡᠳ ᠵᠠᠰᠠᠵᠤ ᠪᠤᠯᠬᠤ ᠶᠤᠮ ᠬᠡᠵᠦ ᠲᠤᠰᠬᠠᠶ | ᠮᠡᠷᠭᠡᠵᠢᠯᠲᠡᠨ ᠬᠡᠯᠡᠪᠡ᠃ | ᠢᠷᠡᠯᠳᠡ᠄ ᠠᠷᠠᠳ ᠤᠨ ᠰᠦᠯᠵᠢᠶ᠎ᠠ | ᠳᠡᠪᠰᠢᠭᠦᠯᠦᠭᠴᠢ᠄ ᠬᠠᠶᠢᠷ᠎ᠠ |