ᠣᠯᠠᠨ ᠣᠯᠣᠰ ᠤᠨ ᠣᠯᠢᠮᠫᠢᠺ ᠤᠨ ᠺᠣᠮᠢᠰ ᠤᠨ ᠲᠡᠷᠢᠬᠦᠯᠡᠭᠴᠢ ᠲᠣᠮᠧᠰ ᠪᠠᠾᠧ ᠲᠦᠪ ᠤᠨ ᠷᠠᠳᠢᠣ᠋ ᠲᠧᠯᠸᠢᠰ ᠤᠨ ᠶᠡᠷᠣᠩᠬᠡᠢ ᠬᠤᠷᠢᠶᠠᠨ ᠤ ᠳᠠᠷᠤᠭ᠎ᠠ ᠪᠦᠬᠡᠳ ᠶᠡᠷᠣᠩᠬᠡᠢ ᠨᠠᠶᠢᠷᠠᠭᠤᠯᠣᠭᠴᠢ ᠱᠧᠨ ᠬᠠᠢ ᠰᠢᠶᠦ᠋ᠩ ᠳᠤ ᠪᠠᠶᠠᠷ ᠤᠨ ᠵᠠᠬᠢᠳᠠᠯ ᠢᠷᠡᠬᠦᠯᠵᠡᠢ
ᠨᠡᠶᠢᠲᠡᠯᠡᠭᠰᠡᠨ ᠴᠠᠭ᠄
2022/1/18
           ᠣᠯᠠᠨ ᠣᠯᠣᠰ ᠤᠨ ᠣᠯᠢᠮᠫᠢᠺ ᠤᠨ ᠺᠣᠮᠢᠰ ᠤᠨ ᠲᠡᠷᠢᠬᠦᠯᠡᠭᠴᠢ ᠲᠣᠮᠧᠰ ᠪᠠᠾᠧ ᠲᠦᠪ ᠤᠨ ᠷᠠᠳᠢᠣ᠋ ᠲᠧᠯᠸᠢᠰ ᠤᠨ ᠶᠡᠷᠣᠩᠬᠡᠢ ᠬᠤᠷᠢᠶᠠᠨ ᠤ ᠳᠠᠷᠤᠭ᠎ᠠ ᠪᠦᠬᠡᠳ ᠶᠡᠷᠣᠩᠬᠡᠢ ᠨᠠᠶᠢᠷᠠᠭᠤᠯᠣᠭᠴᠢ ᠱᠧᠨ ᠬᠠᠢ ᠰᠢᠶᠦ᠋ᠩ ᠳᠤ ᠪᠠᠶᠠᠷ ᠤᠨ ᠵᠠᠬᠢᠳᠠᠯ ᠢᠷᠡᠬᠦᠯᠵᠡᠢ    ᠪᠡᠬᠡᠵᠢᠩ ᠤᠨ ᠡᠪᠣᠯ ᠤᠨ ᠣᠯᠢᠮᠫᠢᠺ ᠤᠨ ᠴᠣᠭᠯᠠᠭᠠᠨ ᠪᠠ ᠳᠣᠮᠳᠠᠳᠣ ᠣᠯᠣᠰ ᠤᠨ ᠪᠠᠷᠰ ᠵᠢᠯ ᠤᠨ ᠴᠠᠭᠠᠨ ᠰᠠᠷ᠎ᠠ ᠬᠦᠷᠴᠣ ᠢᠷᠡᠬᠦ ᠳᠠᠰᠢᠷᠠᠮ ᠢᠶᠠᠷ᠂ ᠣᠯᠠᠨ ᠣᠯᠣᠰ ᠤᠨ ᠣᠯᠢᠮᠫᠢᠺ ᠤᠨ ᠺᠣᠮᠢᠰ ᠤᠨ ᠲᠡᠷᠢᠬᠦᠯᠡᠭᠴᠢ ᠲᠣᠮᠧᠰ ᠪᠠᠾᠧ ᠲᠦᠪ ᠤᠨ ᠷᠠᠳᠢᠣ᠋ ᠲᠧᠯᠸᠢᠰ ᠤᠨ ᠶᠡᠷᠣᠩᠬᠡᠢ ᠬᠤᠷᠢᠶᠠᠨ ᠤ ᠳᠠᠷᠤᠭ᠎ᠠ ᠪᠦᠬᠡᠳ ᠶᠡᠷᠣᠩᠬᠡᠢ ᠨᠠᠶᠢᠷᠠᠭᠤᠯᠣᠭᠴᠢ ᠱᠧᠨ ᠬᠠᠢ  ᠰᠢᠶᠦ᠋ᠩ ᠳᠤ ᠪᠠᠶᠠᠷ ᠤᠨ ᠵᠠᠬᠢᠳᠠᠯ ᠢᠷᠡᠬᠦᠯᠵᠦ᠂ ᠣᠯᠢᠮᠫᠢᠺ ᠤᠨ ᠬᠦᠳᠡᠯᠬᠡᠬᠡᠨ ᠢ ᠳᠡᠮᠵᠢᠵᠦ ᠪᠠᠶᠢᠭ᠎ᠠ ᠲᠦᠪ ᠤᠨ ᠷᠠᠳᠢᠣ᠋ ᠲᠧᠯᠸᠢᠰ ᠤᠨ ᠶᠡᠷᠣᠩᠬᠡᠢ‌ᠬᠤᠷᠢᠶᠠᠨ ᠳᠤ ᠳᠠᠯᠠᠷᠬᠠᠯᠵᠣ ᠪᠠᠶᠢᠬᠤ ᠪᠠᠨ ᠢᠯᠡᠷᠬᠡᠶᠢᠯᠡᠵᠦ᠂ ᠪᠡᠬᠡᠵᠢᠩ ᠤᠨ ᠡᠪᠣᠯ ᠤᠨ ᠣᠯᠢᠮᠫᠢᠺ ᠤᠨ ᠴᠣᠭᠯᠠᠭᠠᠨ ᠢ ᠠᠮᠦᠷ ᠲᠦᠪᠰᠢᠨ ᠠᠮᠵᠢᠯᠳᠠ ᠲᠠᠢ ᠡᠷᠬᠢᠯᠡᠬᠦ ᠶᠢ ᠬᠦᠰᠡᠭᠰᠡᠨ ᠤ ᠬᠠᠮᠳᠣ ᠶᠡᠷᠣᠩᠬᠡᠢ  ᠬᠤᠷᠢᠶᠠᠨ ᠤ ᠪᠦᠬᠦ ᠠᠵᠢᠯᠳᠠᠳ ᠤᠨ ᠰᠢᠨ᠎ᠡ ᠵᠢᠯ ᠳᠡᠭᠡᠨ ᠰᠢᠨ᠎ᠡ ᠠᠮᠵᠢᠯᠳᠠ ᠣᠯᠬᠤ ᠶᠢ ᠬᠦᠰᠡᠨ ᠵᠦᠩᠨᠡᠭᠰᠡᠨ ᠪᠠᠶᠢᠨ᠎ᠠ᠃                    ᠪᠠᠾᠧ ᠵᠢᠭᠠᠬᠤ ᠳᠠᠭᠠᠨ᠂ ᠣᠳᠣ ᠪᠡᠬᠡᠵᠢᠩ ᠤᠨ ᠡᠪᠣᠯ ᠤᠨ ᠣᠯᠢᠮᠫᠢᠺ ᠤᠨ ᠴᠣᠭᠯᠠᠭᠠᠨ ᠡᠬᠢᠯᠡᠬᠦ ᠪᠣᠯᠳᠠᠯ᠎ᠠ ᠰᠠᠷ᠎ᠠ ᠰᠢᠬᠠᠮ ᠤᠨ ᠬᠤᠭᠤᠴᠠᠭ᠎ᠠ ᠦᠯᠡᠳᠡᠬᠡᠳ ᠪᠠᠶᠢᠨ᠎ᠠ᠂  ᠪᠢᠳᠡ ᠲᠦᠪ ᠤᠨ ᠷᠠᠳᠢᠣ᠋ ᠲᠧᠯᠸᠢᠰ ᠤᠨ ᠶᠡᠷᠣᠩᠬᠡᠢ ᠬᠤᠷᠢᠶ᠎ᠠ  ᠲᠠᠢ ᠦᠷᠬᠦᠯᠵᠢᠯᠡᠨ ᠨᠢᠭᠳᠠ ᠬᠠᠮᠳᠣᠷᠠᠨ ᠠᠵᠢᠯᠯᠠᠵᠣ᠂  ᠬᠠᠮᠳᠣᠪᠡᠷ ᠣᠷᠣᠭᠰᠢᠯᠠᠨ᠂ ᠡᠨᠡ ᠣᠳᠠᠭᠠᠨ ᠤ ᠣᠯᠢᠮᠫᠢᠺ ᠤᠨ  ᠴᠣᠭᠯᠠᠭᠠᠨ ᠢ ᠠᠮᠦᠷ ᠲᠦᠪᠰᠢᠨ ᠠᠮᠵᠢᠯᠳᠠ ᠲᠠᠢ ᠡᠷᠬᠢᠯᠡᠬᠦ ᠬᠠᠷᠠᠯᠳᠠ ᠳᠠᠭᠠᠨ ᠬᠦᠷᠬᠦ ᠶᠢ ᠬᠦᠰᠡᠨ ᠬᠦᠯᠢᠶᠡᠵᠦ ᠪᠠᠶᠢᠨ᠎ᠠ ᠬᠡᠵᠡᠢ᠃                    ᠱᠧᠨ ᠬᠠᠢ ᠰᠢᠶᠦ᠋ᠩ ᠪᠠᠾᠧ ᠳᠤ ᠢᠯᠡᠬᠡᠭᠰᠡᠨ ᠵᠠᠬᠢᠳᠠᠯ ᠳᠠᠭᠠᠨ᠂ ᠣᠯᠠᠨ ᠣᠯᠣᠰ ᠤᠨ ᠣᠯᠢᠮᠫᠢᠺ ᠤᠨ ᠺᠣᠮᠢᠰ ‍ᠣᠨ‌‍ᠲ᠋ᠡᠮᠵᠢᠯᠬᠡ ᠪᠠᠷ ᠲᠦᠪ ᠤᠨ ᠷᠠᠳᠢᠣ᠋ ᠲᠧᠯᠸᠢᠰ ᠤᠨ ᠶᠡᠷᠣᠩᠬᠡᠢ ᠬᠤᠷᠢᠶ᠎ᠠ ᠣᠷᠣᠯᠳᠣᠭᠠᠨ ᠢ ᠳᠠᠮᠵᠢᠭᠤᠯᠣᠨ ᠨᠡᠪᠳᠡᠷᠡᠬᠦᠯᠬᠦ ᠡᠳᠡᠬᠡᠳ ᠪᠣᠯᠣᠭᠰᠠᠨ ᠤ ᠬᠤᠪᠢ ᠳᠤ ᠡᠪᠣᠯ ᠤᠨ ᠣᠯᠢᠮᠫᠢᠺ ᠤᠨ ᠦᠪᠡᠳᠡᠭᠰᠢ ᠴᠣᠭᠯᠠᠭᠠᠨ ᠢ ᠵᠢᠷᠣᠭᠯᠠᠨ ᠦᠵᠡᠬᠦᠯᠬᠦ ᠪᠡᠯᠡᠳᠬᠡᠯ‌ᠠᠵᠢᠯ ᠢᠶᠠᠨ ᠬᠦᠢᠴᠡᠳ ᠰᠠᠶᠢᠨ ᠬᠢᠵᠡᠢ᠃ ᠪᠢᠳᠡ ᠣᠯᠠᠨ ᠣᠯᠣᠰ ᠤᠨ ᠣᠯᠢᠮᠫᠢᠺ ᠤᠨ ᠺᠣᠮᠢᠰ  ᠲᠠᠢ ᠦᠷᠬᠦᠯᠵᠢᠯᠡᠨ ᠬᠠᠮᠳᠣ ᠶᠢᠨ ᠠᠵᠢᠯᠯᠠᠭ᠎ᠠ ᠪᠠᠨ ᠬᠦᠨᠵᠡᠬᠡᠶᠢᠷᠡᠬᠦᠯᠵᠦ᠂ ᠳᠡᠯᠡᠬᠡᠢ ᠳ᠋ᠠᠬᠢᠨ ᠳᠤ ᠪᠡᠬᠡᠵᠢᠩ ᠤᠨ ᠡᠪᠣᠯ ᠤᠨ ᠣᠯᠢᠮᠫᠢᠺ ᠤᠨ ᠦᠯᠢᠬᠡᠷ ᠢ ᠰᠠᠶᠢᠨ ᠶᠠᠷᠢᠵᠣ᠂ ᠣᠯᠢᠮᠫᠢᠺ ᠤᠨ ᠬᠦᠳᠡᠯᠬᠡᠬᠡᠨ ᠪᠠ ᠣᠯᠢᠮᠫᠢᠺ ᠤᠨ ᠵᠣᠷᠢᠭ ᠰᠠᠨᠠᠭ᠎ᠠ ᠶᠢ ᠨᠡᠩ ᠰᠠᠶᠢᠨ  ᠣᠯᠠᠮᠵᠢᠯᠠᠨ ᠳᠡᠯᠬᠡᠷᠡᠬᠦᠯᠬᠦ ᠳᠤ ᠳᠣᠰᠠ ᠳᠡᠮᠵᠢᠯᠬᠡ ᠦᠵᠡᠬᠦᠯᠬᠦ ᠳᠣᠷᠠᠳᠠᠢ ᠪᠠᠶᠢᠨ᠎ᠠ ᠭᠡᠵᠦ ᠢᠯᠡᠷᠬᠡᠶᠢᠯᠡᠵᠡᠢ᠃ᠢᠷᠡᠯᠳᠡ᠄ ᠠᠷᠠᠳ ᠤᠨ ᠰᠦᠯᠵᠢᠶ᠎ᠠᠳᠡᠪᠰᠢᠭᠦᠯᠦᠭᠴᠢ᠄ ᠬᠠᠶᠢᠷ᠎ᠠ
 
ᠢᠷᠡᠯᠲᠡ᠄ ᠠᠷᠠᠳ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2