ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ | ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠠᠩᠬᠠᠳᠤᠭᠠᠷ ᠤᠳᠠᠭᠠᠨ ᠤ | ᠪᠥᠬᠦᠳᠡ ᠬᠤᠷᠠᠯ ᠳᠡᠭᠡᠷᠡᠬᠢ ᠶᠠᠷᠢᠶ᠎ᠠ | | ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ | | ︵2023 ᠤᠨ ᠤ 1 ᠰᠠᠷ᠎ᠠ ᠶᠢᠨ 30 ᠤ ᠡᠳᠦᠷ︶ | | | | ᠭᠡᠰᠢᠭᠦᠳ ᠡ᠂ ᠨᠥᠬᠦᠳ ᠡ᠄ | | | | ᠲᠤᠰ ᠤᠳᠠᠭᠠᠨ ᠤ ᠬᠤᠷᠠᠯ ᠤᠨ ᠭᠤᠤᠯ ᠡᠭᠦᠷᠭᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ 2022 ᠣᠨ ᠤ ᠠᠵᠢᠯ ᠢ ᠮᠡᠳᠡᠭᠦᠯᠵᠦ᠂ ᠬᠤᠶᠢᠰᠢᠳᠠ ᠶᠢᠨ ᠠᠵᠤ ᠠᠬᠤᠶ ᠶᠢᠨ ᠠᠵᠢᠯ ᠢ | ᠳᠣᠭᠢᠷᠠᠭᠤᠯᠤᠨ ᠪᠠᠶᠢᠷᠢᠯᠠᠭᠤᠯᠬᠤ ᠪᠤᠯᠤᠨ᠎ᠠ᠃ | ᠡᠳᠦᠬᠡ ᠪᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠪᠥᠬᠦᠳᠡ ᠬᠤᠷᠠᠯ ᠳᠤ | ᠠᠵᠢᠯ ᠤᠨ ᠮᠡᠳᠡᠬᠦᠯᠦᠯᠳᠠ ᠬᠢᠶ᠎ᠡ᠃ | 2022 ᠣᠨ ᠳᠤ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠨᠠᠮ ᠤᠨ ᠬᠤᠷᠢᠳᠤᠭᠠᠷ ᠶᠡᠭᠡ ᠬᠤᠷᠠᠯ | ᠠᠮᠵᠢᠯᠲᠠ ᠲᠠᠢ ᠬᠤᠷᠠᠯᠳᠤᠵᠤ᠂ ᠬᠤᠷᠠᠯ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠪᠢᠳᠡᠨ ᠤ ᠬᠤᠶᠢᠰᠢᠳᠠ ᠶᠢᠨ ᠡᠯ᠎ᠡ ᠵᠦᠢᠯ ᠤᠨ ᠠᠵᠢᠯ ᠢᠶᠠᠨ | ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ | ᠪᠠᠶᠢᠨ᠎ᠠ᠃ | 2022 ᠣᠨ ᠪᠤᠯ ᠮᠥᠨ ᠴᠦ ᠮᠠᠨ ᠤ ᠬᠤᠰᠢᠭᠤᠨ ᠤ ᠬᠥᠭᠵᠢᠯᠲᠡ ᠶᠢᠨ ᠲᠡᠦᠬᠡᠨ ᠳᠡᠭᠡᠷᠡᠬᠢ ᠲᠤᠶᠢᠯ ᠤᠨ | ᠶᠡᠷᠦ ᠪᠤᠰᠤ ᠶᠢᠨ᠂ ᠲᠤᠶᠢᠯ ᠤᠨ ᠶᠡᠭᠡ ᠥᠷᠢᠰᠥᠯᠳᠦᠭᠡᠨ ᠲᠠᠢ᠂ ᠲᠤᠶᠢᠯ ᠤᠨ ᠬᠢᠯᠪᠠᠷ ᠪᠤᠰᠦ ᠨᠢᠭᠡ ᠵᠢᠯ ᠪᠤᠯᠤᠨ᠎ᠠ᠂ | ᠣᠯᠠᠨ ᠡᠭᠡᠯᠵᠢ ᠶᠢᠨ ᠬᠢᠵᠢᠭ ᠤᠨ ᠡᠮᠦᠨ᠎ᠡ᠂ ᠬᠦᠨᠳᠦ ᠨᠣᠴᠢᠲᠠᠶ ᠭᠠᠩ ᠬᠠᠭᠰᠠᠷᠠᠭᠠᠨ ᠤ ᠨᠥᠯᠥᠭᠡ ᠶᠢᠨ ᠡᠮᠦᠨ᠎ᠡ᠂ | ᠥᠭᠡᠷᠡᠴᠢᠯᠡᠯᠲᠡ ᠬᠥᠭᠵᠢᠯᠲᠡ ᠶᠢ ᠲᠤᠭᠳᠠᠪᠤᠷᠢᠵᠢᠭᠤᠯᠬᠤ ᠨᠦᠰᠡᠷ ᠬᠦᠨᠳᠦ ᠡᠭᠦᠷᠭᠡ ᠶᠢᠨ ᠡᠮᠦᠨ᠎ᠡ᠂ ᠪᠥᠬᠦ ᠬᠤᠰᠢᠭᠤ | ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠰᠤᠷᠤᠯᠴᠠᠵᠤ ᠤᠬᠠᠭᠤᠯᠤᠨ | ᠲᠤᠭᠤᠰᠢᠯᠠᠭᠤᠯᠬᠤ ᠪᠠᠷ ᠭᠤᠤᠯ ᠱᠤᠭᠤᠮ ᠢᠶᠠᠨ ᠪᠣᠯᠭᠠᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠲᠡᠶ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠬᠡᠷᠡᠭᠲᠡᠶ᠂ | ᠬᠥᠭᠵᠢᠭᠦᠯᠬᠦ ᠳᠤ ᠠᠮᠤᠷ ᠲᠦᠪᠰᠢᠨ ᠢ ᠡᠷᠬᠢᠮᠯᠡᠬᠦ ᠬᠡᠷᠡᠭᠳᠠᠢ︾ ᠬᠡᠬᠦ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ | ᠲᠤᠭᠤᠰᠢᠯᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠡᠳᠬᠢᠯ ᠨᠢᠬᠡᠳᠦᠨ ᠬᠦᠴᠦ ᠪᠠᠨ | ᠬᠠᠮᠳᠤᠳᠬᠠᠵᠦ᠂ ᠠᠵᠢᠯ ᠬᠢᠵᠦ ᠦᠢᠯᠡᠰ ᠪᠣᠰᠬᠠᠬᠤ ᠤᠷᠮ᠎ᠠ ᠵᠤᠷᠢᠭ ᠢ ᠶᠡᠭᠡ ᠪᠠᠷ ᠬᠦᠭᠵᠢᠭᠡᠵᠦ᠂ ᠴᠢᠬᠤᠯᠠ ᠶᠡᠭᠡ | ᠰᠢᠯᠭᠠᠯᠲᠠ ᠶᠢᠨ ᠳᠤᠮᠳᠠ ᠦᠨᠳᠦᠷ ᠪᠦᠳᠦᠮᠵᠢᠳᠠᠢ᠂ ᠵᠢᠱᠢᠯᠳᠠ ᠠᠴᠠ ᠲᠠᠪᠠᠭᠰᠠᠨ᠂ ᠠᠷᠠᠳ ᠲᠦᠮᠡᠨ ᠤ ᠰᠡᠳᠬᠢᠯ | ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | ᠵᠢᠯ ᠲᠤᠷᠰᠢ᠂ ᠪᠢᠳᠡ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠰᠡᠳᠬᠢᠯ | ᠵᠤᠷᠢᠭ ᠢᠶᠠᠨ ᠨᠢᠭᠡᠳᠬᠡᠨ᠂ ︽ᠬᠤᠶᠠᠷ ᠢ ᠬᠠᠮᠠᠭᠠᠯᠠᠬᠤ︾ ᠶᠢ ᠨᠠᠩ ᠪᠠᠲᠤᠳᠬᠠᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠦᠷᠦᠭᠦᠯᠡᠨ ᠰᠤᠷᠤᠯᠴᠠᠵᠤ ᠤᠬᠠᠭᠤᠯᠤᠨ ᠲᠤᠭᠤᠰᠢᠯᠠᠭᠤᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠦ ᠰᠤᠳᠤᠯᠤᠨ | ᠨᠠᠶᠢᠳᠠᠪᠤᠷᠢᠵᠢᠭᠤᠯᠬᠤ ᠶᠢ ᠪᠡᠶᠡᠯᠡᠬᠦᠯᠦᠨ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ | ᠨᠢᠭᠡᠳᠦᠯᠲᠡᠢ ᠪᠠᠶᠢᠬᠤ ᠶᠢ ᠪᠠᠷᠢᠮᠳᠠᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠡᠷᠴᠢ ᠵᠤᠷᠢᠭ ᠢᠶᠠᠨ ᠨᠢᠭᠲᠠᠷᠠᠭᠤᠯᠵᠤ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ | ᠳᠠᠭᠠᠭᠤᠯᠵᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠳᠦ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ | ᠦᠢᠯᠠᠭᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠵᠢᠯ ᠲᠤᠷᠰᠢ᠂ ᠪᠢᠳᠡ ᠠᠮᠢ ᠠᠬᠤᠶ ᠶᠢ ᠲᠡᠷᠢᠬᠦᠨ ᠪᠠᠶᠢᠷᠢᠨ ᠳᠤ ᠲᠠᠯᠪᠢᠬᠤ ᠪᠠ ᠪᠣᠬᠢᠷᠲᠤᠯ ᠥᠬᠡᠶ | ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠶ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠬᠡᠵᠢᠬᠦᠯᠦᠨ᠂ ᠬᠤᠰᠢᠭᠤᠨ ᠤ | ᠨᠤᠲᠤᠭ ᠳᠡᠪᠢᠰᠬᠡᠷ ᠤᠨ 44% ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ | ᠣᠷᠣᠭᠤᠯᠵᠤ ᠴᠢᠩᠭ᠎ᠠ ᠬᠠᠮᠢᠶᠠᠷᠤᠨ ᠡᠵᠡᠮᠳᠡᠵᠦ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠠᠴᠠ ᠲᠤᠰᠢᠶᠠᠭᠰᠠᠨ ᠬᠡᠷᠡᠭ ᠢ ᠥᠨᠳᠥᠷ ᠵᠣᠭᠰᠣᠴᠠ ᠠᠴᠠ ᠥᠨᠳᠥᠷ ᠪᠠᠷᠢᠮᠵᠢᠶ᠎ᠠ ᠪᠠᠷ | ᠴᠡᠭᠴᠡᠯᠡᠨ ᠰᠠᠶᠢᠵᠢᠷᠠᠭᠤᠯᠵᠤ᠂ ᠪᠤᠶᠢᠨ ᠰᠦᠮ᠎ᠡ ᠶᠢᠨ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ | ᠠᠬᠤᠶ ᠶᠢᠨ ᠵᠠᠰᠠᠯᠲᠠ ᠶᠢ ᠴᠢᠨᠠᠷ ᠰᠠᠶᠢᠲᠠᠶ ᠪᠡᠶᠡᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠶᠢ ᠴᠢᠩᠭᠠᠳᠬᠠᠵᠤ᠂ ᠤᠰᠤᠨ ᠰᠤᠷᠪᠤᠯᠵᠢ ᠶᠢᠨ ᠡᠬᠢ ᠶᠢ ᠪᠢᠲᠡᠭᠦᠮᠵᠢᠯᠡᠨ ᠬᠠᠮᠠᠭᠠᠯᠠᠬᠤ ᠪᠠ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠂ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢ 29.7% ᠳᠤ ᠬᠦᠷᠭᠡᠵᠦ᠂ ᠠᠭᠠᠷ ᠮᠠᠨᠳᠠᠯ ᠤᠨ ᠴᠢᠨᠠᠷ ᠴᠢᠨᠰᠠᠭ᠎ᠠ ᠶᠢᠨ ᠰᠢᠯᠢᠳᠡᠭ | ᠨᠣᠷᠮ᠎ᠠ ᠶᠢ 94.7% ᠳᠤ ᠬᠦᠷᠭᠡᠵᠦ᠂ ᠭᠠᠵᠠᠷ ᠳᠤᠤᠷᠠᠬᠢ ᠤᠰᠤᠨ ᠤ ᠴᠢᠨᠠᠷ ᠴᠢᠨᠰᠠᠭ᠎ᠠ ᠶᠢ ᠤᠯᠤᠰ ᠤᠨ | ᠤᠤᠭᠤᠬᠤ ᠤᠰᠤᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠲᠣᠭᠲᠠᠪᠤᠷᠢᠵᠢᠭᠤᠯᠪᠡ᠃ | ᠵᠢᠯ ᠲᠤᠷᠰᠢ᠂ ᠪᠢᠳᠡ ᠲᠡᠷᠢᠭᠦᠨ ᠳᠤ ᠣᠷᠣᠬᠤ ᠪᠠᠷ ᠴᠢᠷᠮᠠᠶᠢᠨ ᠵᠢᠳᠬᠦᠵᠦ᠂ ᠬᠠᠷᠢᠭᠤᠴᠠᠯᠭ᠎ᠠ ᠡᠭᠦᠷᠭᠡᠯᠡᠨ ᠵᠤᠷᠢᠭᠳᠠᠢ | ᠠᠵᠢᠯᠯᠠᠵᠦ᠂ ᠠᠵᠢᠯ ᠶᠠᠪᠤᠳᠠᠯ ᠡᠷᠬᠢᠯᠡᠬᠦ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠪᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠲᠦᠷᠦᠭᠦᠯᠡᠨ ︽ᠨᠠᠶᠢᠳᠠᠯᠠᠬᠦ ᠢᠯᠡᠷᠬᠡᠶᠢᠯᠡᠬᠦ ᠠᠳᠠᠯᠢᠳᠬᠠᠬᠤ︾ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠥᠷᠨᠢᠭᠦᠯᠵᠦ᠂ ︽ᠭᠤᠷᠪᠠᠨ | ᠣᠯᠠᠨ ᠭᠤᠷᠪᠠᠨ ᠴᠥᠭᠡᠨ ᠭᠤᠷᠪᠠᠨ ᠤᠳᠠᠭᠠᠨ ᠪᠠᠶᠢᠬᠤ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠤᠨ ᠦᠵᠡᠯ ᠰᠠᠨᠠᠭᠠᠨ ᠤ ᠬᠦᠯᠢᠶᠡᠰᠦᠯᠡᠯ ᠢ | ᠰᠢᠪᠲᠤᠯᠵᠤ᠂ ᠨᠠᠩ ᠣᠯᠠᠨ ᠴᠠᠭ ᠪᠠ ᠣᠶᠤᠨ ᠴᠢᠳᠠᠯ ᠢᠶᠠᠨ ᠰᠢᠪᠬᠠᠨ ᠬᠦᠭᠵᠢᠯᠳᠠ ᠪᠠ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠪᠥᠬᠦ ᠵᠢᠯ ᠳᠤ ᠡᠯ᠎ᠡ ᠵᠤᠶᠢᠯ ᠤᠨ ᠪᠠᠯᠠ ᠮᠥᠩᠭᠦ ᠪᠠ ᠲᠥᠷᠥᠯ ᠵᠤᠶᠢᠯ ᠤᠨ ᠪᠠᠯᠠ ᠮᠥᠩᠭᠦ ᠶᠢ ᠲᠣᠰ | ᠲᠣᠰ 11% ᠪᠠ 12% ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠯᠠ | ᠮᠥᠩᠭᠦ ᠲᠠᠢ ᠵᠤᠯᠭᠠᠯᠳᠤᠭᠤᠯᠤᠭᠰᠠᠨ ᠨᠢ ᠥᠩᠭᠡᠷᠡᠭᠰᠡᠨ ᠵᠢᠯ ᠤᠳ ᠠᠴᠠ ᠬᠠᠮᠤᠭ ᠤᠨ ᠥᠨᠳᠥᠷ ᠪᠠᠶᠢᠵᠤ᠂ ᠡᠯ᠎ᠡ | ᠵᠤᠶᠢᠯ ᠤᠨ ᠠᠵᠤ ᠠᠬᠤᠶ ᠶᠢᠨ ᠬᠦᠢᠴᠡᠳᠬᠡᠯ ᠲᠤᠭ᠎ᠠ ᠲᠣᠭᠲᠠᠭᠤᠨ ᠤ ᠳᠤᠮᠳᠠ ᠠᠬᠢᠯᠲᠠ ᠲᠠᠢ ᠪᠣᠯᠵᠣ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠬᠤᠷᠳᠤᠴᠠ ᠨᠢ ᠪᠦᠬᠦ ᠬᠤᠳᠠ ᠳᠤ ᠲᠡᠷᠢᠬᠦᠯᠡᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠶᠢ ᠬᠠᠰᠤᠵᠤ | ᠰᠦᠢᠳᠬᠡᠯ ᠢ ᠪᠠᠭᠤᠷᠠᠭᠤᠯᠬᠤ᠂ ᠬᠡᠷᠡᠭᠯᠡᠭᠡ ᠳᠤ ᠰᠡᠳᠡᠯᠳᠡ ᠦᠭᠬᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ︽ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠺᠠᠳ᠋ᠷ︾ ᠢ ᠨᠡᠷᠡᠶᠢᠳᠴᠦ᠂ ᠦᠨᠳᠦᠰᠦᠨ | ᠱᠠᠲᠤᠨ ᠤ ᠡᠮᠦᠨ᠎ᠡ ᠹᠷᠣᠨᠲ ᠤᠨ ᠺᠠᠳ᠋ᠷ ᠠᠵᠢᠯᠳᠠᠨ ᠢ ᠲᠤᠰᠢᠶᠠᠯ ᠲᠡᠪᠰᠢᠭᠤᠯᠤᠨ ᠬᠦᠨᠳᠦ ᠪᠠᠷ ᠬᠡᠷᠡᠭᠯᠡᠵᠦ᠂ ᠪᠥᠬᠦ | ᠬᠤᠰᠢᠭᠤ ᠢᠶᠠᠷ ᠢᠶᠠᠨ ᠠᠵᠢᠯ ᠶᠠᠪᠤᠳᠠᠯ ᠪᠣᠳᠣᠯᠬᠢᠯᠠᠬᠤ᠂ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠪᠦᠲᠦᠭᠡᠬᠦ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠵᠢᠯ ᠲᠤᠷᠰᠢ᠂ ᠪᠢᠳᠡ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠦᠴᠦᠨ | ᠪᠠ ᠡᠨᠧᠷᠭᠢ ᠬᠤᠷᠠᠮᠳᠤᠭᠤᠯᠤᠨ᠂ ᠬᠥᠭᠵᠢᠯᠲᠡ ᠶᠢᠨ ᠬᠥᠳᠡᠯᠭᠡᠬᠦ ᠬᠦᠴᠦᠨ ᠨᠠᠩ ᠴᠢᠩᠭᠠᠷᠠᠪᠠ᠃ ︽ᠳᠥᠷᠪᠡᠨ ᠶᠡᠭᠡ | ᠭᠤᠤᠯᠯᠠᠬᠤ ᠠᠵᠤ ᠦᠢᠯᠡᠰ︾ ᠤᠨ ᠲᠣᠭᠤᠷᠢᠨ ᠳᠤ᠂ ᠬᠡᠯᠬᠢᠶᠠᠰᠦ ᠶᠢ ᠦᠷᠬᠡᠳᠬᠡᠬᠦ ᠨᠦᠬᠦᠪᠦᠷᠢᠯᠡᠬᠦ ᠵᠢᠴᠢ | ᠬᠦᠴᠦᠷᠬᠡᠭᠵᠢᠬᠦᠯᠬᠦ ᠳᠤ ᠰᠠᠭᠤᠷᠢᠯᠠᠨ᠂ ᠵᠥᠩ ᠵᠢᠶᠠ᠂ ᠰᠠᠶ ᠨᠥᠸᠧ᠂ ᠶᠡᠭᠡ ᠭᠤᠪᠢ᠂ ᠰᠢᠨ ᠢᠦᠶ ᠵᠡᠷᠭᠡ | ᠬᠥᠲᠥᠴᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ | ᠤᠳᠤᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠦᠬᠡᠷ ᠬᠤᠨᠢᠨ ᠮᠢᠬ᠎ᠠ ᠶᠢ | ᠨᠢᠲᠤᠯᠵᠤ ᠡᠳ᠋ᠰᠢᠭᠦᠯᠬᠦ ᠲᠥᠷᠥᠯ ᠵᠤᠶᠢᠯ ᠢ ᠲᠤᠬᠠᠶ ᠶᠢᠨ ᠵᠢᠯ ᠳᠤ ᠠᠵᠢᠯ ᠡᠬᠢᠯᠡᠭᠦᠯᠵᠦ᠂ ᠲᠤᠬᠠᠶ ᠶᠢᠨ ᠵᠢᠯ ᠳᠤ ᠨᠢ | ᠠᠰᠢᠭᠯᠠᠯᠲᠠ ᠳᠤ ᠤᠷᠤᠭᠤᠯᠤᠨ᠂ ᠴᠢᠬᠤᠯᠠ ᠶᠡᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠬᠡᠪ | ᠳᠠᠭᠤᠷᠢᠶᠠᠯ ᠢ ᠪᠣᠶ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠢᠨᠵᠧᠨᠧᠷᠢᠩ ᠤᠨ ︽ᠫᠠᠶᠢᠰᠠ ᠡᠯᠬᠦᠬᠦ︾ ᠲᠥᠷᠥᠯ ᠵᠤᠶᠢᠯ ᠤᠨ | ᠠᠵᠤ ᠠᠬᠤᠶᠢᠯᠠᠯ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠵᠦᠩ ᠵᠢᠶᠠ ᠺᠣᠮᠫᠠᠨᠢ ᠨᠢ ᠪᠥᠬᠦ ᠣᠷᠣᠨ ᠤ | ᠴᠠᠷᠳᠠᠭᠤᠯ ᠤᠨ ᠠᠭᠤᠯᠤᠭᠳᠠᠴᠠ ᠪᠠᠷ ᠬᠠᠮᠤᠭ ᠤᠨ ᠥᠨᠳᠥᠷ ᠲᠥᠮᠥᠰᠥ ᠶᠢᠨ 2 ᠲᠥᠷᠥᠯ ᠵᠤᠶᠢᠯ ᠢ ᠪᠠᠶ᠎ᠠ ᠪᠠᠨ | ᠲᠠᠭᠠᠭᠠᠨ ᠪᠤᠶᠢᠵᠢᠭᠤᠯᠵᠤ᠂ ᠰᠠᠶ ᠨᠥᠸᠧ ᠺᠣᠮᠫᠠᠨᠢ ᠶᠢᠨ ︽ᠳ᠋ᠦ᠋ ᠮᠧᠩ ᠬᠤᠨᠢ︾ ᠶᠢᠨ ᠰᠢᠨ᠎ᠡ ᠲᠥᠷᠥᠯ ᠵᠤᠶᠢᠯ ᠨᠢ | ᠤᠯᠤᠰ ᠤᠨ ᠮᠠᠭᠠᠳᠯᠠᠨ ᠲᠤᠭᠳᠠᠭᠠᠯᠳᠠ ᠶᠢ ᠦᠩᠭᠡᠷᠡᠬᠡᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠡᠬᠦᠳᠦᠯᠳᠠ ᠪᠠᠷ | ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ | ᠪᠣᠯᠪᠠ᠃ ︽ᠦᠵᠡᠰᠬᠦᠯᠡᠩᠲᠦ ᠰᠠᠶᠢᠬᠠᠨ ᠳᠥᠷᠪᠡᠳ᠂ ᠣᠷᠣᠨ ᠤ ᠲᠥᠪ ᠤᠨ ᠠᠷᠤ ᠴᠡᠴᠡᠷᠯᠢᠭ︾ ᠬᠡᠬᠦ ᠨᠠᠷᠠᠲᠤ | ᠲᠡᠮᠳᠡᠭ ᠢ ᠪᠥᠬᠦ ᠲᠠᠯ᠎ᠠ ᠪᠠᠷ ᠡᠭᠦᠳᠴᠦ᠂ ᠭᠠᠵᠠᠷ ᠰᠢᠨᠵᠢᠯᠡᠭᠡᠨ ᠤ ᠬᠦᠷᠢᠶᠠᠯᠠᠩ ᠤᠨ ᠮᠦᠽᠧᠶ ᠶᠢ ᠠᠰᠢᠭᠯᠠᠯᠳᠠ ᠳᠤ | ᠤᠷᠤᠭᠤᠯᠬᠤ ᠨᠦᠬᠦᠴᠡᠯ ᠲᠠᠢ ᠪᠤᠯᠵᠦ᠂ ᠨᠤᠮᠤᠭᠠᠨ ᠠᠭᠤᠯᠠ ᠶᠢ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ | ᠲᠥᠷᠥᠯ ᠵᠤᠶᠢᠯ ᠢ ᠠᠵᠢᠯ ᠡᠬᠢᠯᠡᠭᠦᠯᠦᠨ ᠪᠠᠶᠢᠭᠤᠯᠵᠤ᠂ ᠪᠥᠬᠦ ᠣᠷᠣᠨ ᠤ ᠬᠡᠪᠴᠢᠶᠠᠨ ᠤ ᠵᠢᠭᠤᠯᠴᠢᠯᠠᠯ ᠤᠨ ᠴᠢᠨᠠᠷ | ᠰᠠᠶᠢᠲᠠᠶ ᠬᠥᠭᠵᠢᠯᠲᠡ ᠶᠢᠨ ᠠᠯᠬᠤᠴᠠ ᠢᠯᠡᠳᠲᠡ ᠲᠦᠷᠭᠡᠳᠪᠡ᠃ 320 ᠲᠦᠮᠡᠨ ᠺᠢᠯᠤᠸᠠᠲ ᠤᠨ ᠰᠠᠯᠬᠢᠨ | ᠬᠦᠴᠦᠨ ᠤ ᠭᠡᠷᠡᠯ ᠴᠠᠬᠢᠯᠭᠠᠨ ᠤ ᠲᠥᠷᠥᠯ ᠵᠦᠢᠯ ᠢ ᠪᠠᠶᠢᠭᠤᠯᠵᠤ᠂ ᠮᠢᠩᠭᠠᠨ ᠲᠦᠮᠡᠨ ᠺᠢᠯᠤᠸᠠᠲ ᠤᠨ ᠲᠡᠰ ᠤᠨ | ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠠᠩᠬ᠎ᠠ ᠠᠯᠬᠤᠮ ᠬᠡᠪᠴᠢᠶᠡᠵᠢᠭᠦᠯᠪᠡ᠃ ᠶᠦᠩ ᠾᠧ ᠹᠯᠣᠷ ᠬᠢᠮᠢ ᠶᠢᠨ | ᠠᠵᠤ ᠦᠢᠯᠡᠳᠪᠦᠷᠢ ᠶᠢᠨ ᠰᠢᠨ᠎ᠡ ᠪᠠᠷ ᠨᠡᠮᠡᠭᠳᠡᠭᠰᠡᠨ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ | ᠠᠰᠢᠭᠯᠠᠯᠲᠠ ᠳᠤ ᠣᠷᠣᠵᠤ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠲᠡᠬᠡᠳᠦ ᠲᠡᠰ ᠤᠨ ᠵᠠᠬ᠎ᠠ | ᠳᠡᠯᠭᠡᠭᠦᠷ ᠲᠤ ᠣᠷᠣᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 5000 ᠲᠦᠮᠡᠨ | ᠳ᠋ᠣᠯᠯᠠᠷ ᠲᠤ ᠬᠦᠷᠪᠡ᠃ ︽ᠲᠠᠪᠤ ᠶᠢ ᠢᠯᠡᠷᠡᠬᠦᠯᠬᠦ︾ ᠣᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ | ᠵᠢᠯ ᠲᠤᠷᠰᠢ᠂ ᠪᠢᠳᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ | ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠢᠶᠠᠷ ᠠᠬᠢᠭᠤᠯᠪᠠ᠃ ᠳᠥᠷᠪᠡᠳ ᠬᠤᠰᠢᠭᠤ ᠨᠢ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ | ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠬᠢᠨᠠᠨ ᠰᠢᠯᠭᠠᠯᠲᠠ ᠶᠢ ᠬᠦᠯᠢᠶᠠᠨ ᠠᠪᠬᠤ ᠵᠡᠷᠬᠡ | ᠭᠤᠷᠪᠠᠨ ᠰᠢᠯᠭᠠᠨ ᠬᠢᠨᠠᠯᠳᠠ ᠳᠤ ︽ᠰᠠᠶᠢᠨ︾ ᠳᠡᠰ ᠤᠯᠪᠠ᠃ 60 ᠵᠢᠯ ᠳᠤ ᠨᠢᠭᠡ ᠤᠳᠠᠭ᠎ᠠ ᠲᠣᠬᠢᠶᠠᠯᠳᠤᠬᠤ | ᠬᠦᠨᠳᠦ ᠶᠡᠭᠡ ᠭᠠᠩ ᠬᠠᠭᠰᠠᠷᠠᠭᠠᠨ ᠢ ᠪᠦᠲᠦᠮᠵᠢᠲᠡᠢ ᠠᠷᠭᠠᠴᠠᠵᠤ᠂ 11 ᠵᠤᠷᠪᠤᠰ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠶᠢ ᠲᠣᠭᠲᠠᠭᠠᠨ᠂ ᠬᠤᠲᠠ ᠶᠢᠨ ᠨᠠᠮ ᠤᠨ ᠬᠤᠷᠢᠶᠠᠨ ᠤ ︽ᠲᠠᠪᠤ ᠶᠢ ᠨᠥᠬᠦᠪᠥᠷᠢᠯᠡᠬᠦ︾ ᠲᠥᠷᠦ ᠶᠢᠨ | ᠪᠣᠳᠣᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠵᠦ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 1.5 ᠲᠦᠮᠡᠨ ᠲᠥᠭᠦᠷᠢᠭ ᠲᠤ ᠬᠦᠷᠴᠦ᠂ 8.1% ᠪᠠᠷ ᠦᠰᠪᠡ︔ ᠶᠠᠳᠠᠭᠤ ᠠᠴᠠ | ᠠᠩᠭᠢᠵᠢᠷᠠᠭᠤᠯᠬᠤ ᠵᠢᠴᠢ ᠬᠢᠨᠠᠨ ᠬᠡᠮᠵᠢᠯᠳᠠ ᠶᠢᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 1.8 ᠲᠦᠮᠡᠨ ᠲᠥᠭᠦᠷᠢᠭ ᠲᠤ ᠬᠦᠷᠴᠦ᠂ 9.4% ᠪᠠᠷ ᠨᠡᠮᠡᠭᠳᠡᠨ᠂ ︽ᠬᠤᠶᠠᠷ ᠢ ᠥᠨᠳᠥᠷ ᠪᠠᠶᠢᠯᠭᠠᠬᠤ︾ | ᠬᠠᠷᠠᠯᠲᠠ ᠶᠢ ᠪᠡᠶ᠋ᠯᠡᠬᠦᠯᠵᠦ᠂ ᠬᠡᠪᠴᠢᠶᠠᠳᠦ ᠴᠢᠨᠠᠷ ᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ | ᠱᠤᠭᠤᠮ ᠢ ᠪᠠᠳᠤᠯᠠᠨ ᠰᠠᠬᠢᠪᠠ᠃ ᠥᠨᠳᠥᠷ ᠪᠠᠷᠢᠮᠵᠢᠶᠠᠲᠤ ᠢᠳᠡᠰᠢᠨ ᠬᠤᠨᠢ ᠶᠢ ᠪᠣᠷᠳᠣᠨ ᠲᠠᠷᠭᠤᠯᠠᠭᠤᠯᠬᠤ ᠲᠠᠯᠠᠪᠠᠶ | 7 ᠰᠠᠭᠤᠷᠢ᠂ ᠢᠳᠡᠰᠢᠨ ᠦᠬᠡᠷ ᠢ ᠪᠠᠷᠢᠮᠵᠢᠶᠠᠵᠢᠭᠤᠯᠵᠦ ᠲᠡᠵᠢᠭᠡᠨ ᠦᠷᠡᠵᠢᠭᠦᠯᠬᠦ ᠲᠣᠭᠤᠷᠢᠭ 5 ᠰᠠᠭᠤᠷᠢ | ᠪᠠᠶᠢᠭᠤᠯᠵᠤ᠂ ᠬᠥᠳᠡᠭᠡ ᠲᠣᠰᠬᠤᠨ ᠤ ᠭᠤᠤᠯᠯᠠᠬᠤ ᠠᠵᠤ ᠦᠢᠯᠡᠰ ᠢ ᠪᠥᠬᠦ ᠬᠡᠯᠬᠢᠶ᠎ᠡ ᠪᠠᠷ ᠬᠥᠭᠵᠢᠭᠦᠯᠦᠨ᠂ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠷᠢᠭᠦᠨ ᠤ ᠵᠢᠱᠢᠶ᠎ᠡ ᠦᠵᠡᠭᠦᠯᠬᠦ ᠬᠤᠰᠢᠭᠤ ᠪᠠᠷ | ᠠᠮᠵᠢᠯᠲᠠ ᠲᠠᠢ ᠰᠣᠩᠭᠤᠭᠳᠠᠨ᠂ ᠤᠷᠤᠰᠢᠨ ᠠᠮᠢᠳᠤᠷᠠᠬᠤ ᠳᠤ ᠲᠤᠬᠢᠷᠠᠮᠵᠢᠳᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠳᠦᠬᠡᠨ ᠪᠠᠶᠢᠭᠤᠯᠬᠤ ᠳᠤ ᠪᠡᠳᠦ ᠪᠠᠬᠢ ᠰᠠᠭᠤᠷᠢ ᠲᠠᠯᠪᠢᠪᠠ᠃ | ᠵᠢᠯ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠲᠦᠭᠡᠮᠡᠯ ᠬᠦᠷᠲᠡᠭᠡᠮᠵᠢ ᠶᠢ ᠬᠠᠮᠲᠤ ᠪᠠᠷ | ᠡᠳ᠋ᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠪᠠ᠃ ᠪᠥᠬᠦ ᠵᠢᠯ ᠤᠨ | ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ 82% ᠠᠴᠠ ᠳᠡᠭᠡᠭᠰᠢᠬᠢ ᠶᠢ | ᠡᠵᠡᠯᠡᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠵᠤ᠂ ᠨᠠᠰᠤᠵᠢᠯ ᠤᠨ ᠦᠢᠯᠡᠴᠢᠯᠡᠭᠡ ᠶᠢ ᠨᠠᠩ | ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠨᠰᠢᠭᠦᠯᠪᠡ᠃ | ᠪᠦᠬᠦ ᠬᠤᠲᠠ ᠳᠤ ᠡᠩ ᠲᠡᠷᠢᠭᠦᠨ ᠳᠤ ᠨᠠᠮ ᠤᠨ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ | ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠰᠢᠯᠢᠳᠡᠭ ᠪᠠᠭᠰᠢ ᠠᠵᠢᠯᠲᠠᠨ ᠢ | ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ | ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠤᠯᠤᠰ ᠤᠨ ᠰᠢᠯᠭᠠᠯᠲᠠ ᠠᠴᠠ ᠵᠢᠩᠬᠢᠨᠢ | ᠠᠩᠭᠢ ᠳᠤ ᠳᠡᠪᠰᠢᠭᠰᠡᠨ ᠨᠣᠷᠮ᠎ᠠ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠰᠠᠳ ᠤᠨ ᠬᠢᠷᠢ | ᠪᠦᠲᠦᠮᠵᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠪᠠᠭ᠎ᠠ ᠰᠤᠷᠭᠠᠭᠤᠯᠢ ᠶᠢᠨ ᠣᠨ ᠤ ᠬᠡᠪ ᠪᠣᠯᠪᠠᠰᠤᠷᠠᠯ ᠢᠶᠠᠷ | ᠪᠥᠬᠦ ᠬᠤᠲᠠ ᠳᠤ ᠲᠡᠷᠢᠭᠦᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ | ᠳᠡᠭᠡᠭᠰᠢᠯᠡᠪᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠡᠷᠡᠭᠦᠯ ᠢᠶᠠᠷ ᠬᠥᠭᠵᠢᠵᠦ᠂ ᠤᠯᠤᠰ ᠤᠨ | ᠪᠠᠷᠢᠮᠵᠢᠶᠠᠲᠤ ᠰᠣᠯᠢᠯᠴᠠᠭᠠᠨ ᠤ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠣᠯᠠᠨ | ᠲᠥᠷᠥᠯ ᠤᠨ ᠡᠮᠴᠢᠯᠡᠭᠡᠨ ᠤ ᠮᠡᠷᠭᠡᠵᠢᠯ ᠪᠦᠬᠦ ᠬᠤᠲᠠ ᠶᠢᠨ ᠡᠯ᠎ᠡ ᠬᠤᠰᠢᠭᠤ ᠰᠢᠶᠠᠨ ᠳᠤ ᠲᠡᠷᠢᠭᠦᠯᠡᠵᠦ᠂ ︽ᠬᠦᠩᠭᠡᠨ | ᠡᠪᠡᠳᠴᠢᠳᠡᠨ ᠢ ᠲᠣᠰᠬᠤᠨ ᠳᠤ ᠨᠢ᠂ ᠬᠦᠨᠳᠦ ᠡᠪᠡᠳᠴᠢᠳᠡᠨ ᠢ ᠬᠤᠰᠢᠭᠤᠨ ᠳᠠᠭᠠᠨ ᠡᠮᠨᠡᠬᠦ︾ ᠪᠠᠶᠢᠳᠠᠯ ᠢ | ᠦᠨᠳᠦᠰᠦᠨ ᠳᠡᠭᠡᠨ ᠪᠡᠶᠡᠯᠡᠭᠦᠯᠪᠡ᠃ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠣᠯᠠᠨ ᠡᠭᠡᠯᠵᠢ ᠶᠢᠨ ᠬᠢᠵᠢᠭ ᠤᠨ | ᠪᠠᠶᠢᠳᠠᠯ ᠤᠨ ᠳᠠᠭᠠᠷᠢᠯᠲᠠ ᠶᠢ ᠠᠷᠭᠠᠴᠠᠨ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠲᠤᠰᠬᠠᠶᠢᠵᠢᠭᠰᠠᠨ ᠡᠩᠨᠡᠭᠡᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠬᠦᠮ ᠴᠠᠭ ᠬᠤᠭᠤᠴᠠᠭ᠎ᠠ ᠬᠠᠮᠤᠭ ᠤᠨ ᠣᠬᠤᠷ᠂ | ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠬᠠᠮᠤᠭ ᠤᠨ ᠪᠠᠭ᠎ᠠ ᠪᠠᠶᠢᠬᠤ ᠰᠢᠯᠢᠳᠡᠭ | ᠬᠢᠷᠢ ᠪᠦᠳᠦᠮᠵᠢ ᠤᠯᠪᠠ᠃ ᠡᠮ ᠲᠠᠩ ᠪᠠ ᠠᠪᠤᠷᠠᠨ ᠵᠠᠰᠠᠬᠤ ᠡᠬᠢ ᠪᠠᠶᠠᠯᠢᠭ ᠤᠨ ᠪᠡᠯᠡᠳᠬᠡᠯ ᠠᠵᠢᠯ ᠢ ᠡᠷᠲᠡᠬᠡᠨ | ᠪᠠᠶᠢᠷᠢᠯᠠᠭᠤᠯᠵᠤ᠂ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠳᠤ ︽ᠰᠡᠳᠬᠢᠯ ᠢ ᠳᠤᠯᠠᠭᠠᠴᠠᠭᠤᠯᠵᠤ ᠬᠢᠵᠢᠭ ᠢ | ᠰᠡᠷᠭᠡᠶᠢᠯᠡᠬᠦ︾ ᠡᠮ ᠢ 5 ᠲᠦᠮᠡᠨ ᠬᠤᠪᠢ ᠲᠦᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠲᠣᠭᠲᠠᠭᠤᠨ ᠢᠶᠠᠷ ᠡᠷᠬᠢᠯᠳᠦᠬᠦᠯᠪᠡ᠃ ᠬᠢᠯᠢ ᠬᠢᠵᠠᠭᠠᠷ ᠢ ᠰᠠᠬᠢᠬᠤ ᠴᠢᠳᠠᠪᠤᠷᠢ ᠪᠠᠨ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠡᠶ᠎ᠡ ᠵᠣᠬᠢᠴᠠᠩᠭᠤᠶ ᠪᠠᠶᠢᠳᠠᠯ ᠢ ᠬᠠᠮᠠᠭᠠᠯᠠᠪᠠ᠃ ︽ᠵᠠᠬᠢᠳᠠᠯ ᠰᠤᠷᠪᠤᠯᠵᠢᠯᠠᠯ ᠤᠨ ᠪᠡᠷᠬᠡ | ᠰᠡᠳᠦᠪ ᠢ ᠰᠢᠢᠳᠪᠦᠷᠢᠯᠡᠬᠦ ᠣᠨ︾ ᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠵᠢᠯ ᠤᠨ ᠵᠠᠬᠢᠳᠠᠯ | ᠰᠤᠷᠪᠤᠯᠵᠢᠯᠠᠯ ᠤᠨ ᠶᠡᠷᠦᠩᠬᠡᠶ ᠬᠡᠮᠵᠢᠶ᠎ᠡ 65% ᠪᠠᠷ ᠪᠠᠭᠤᠷᠠᠵᠤ᠂ ᠪᠡᠭᠡᠵᠢᠩ ᠳᠤ ᠣᠷᠣᠵᠤ ᠳᠡᠭᠡᠭᠰᠢ ᠰᠤᠷᠪᠤᠯᠵᠢᠯᠠᠬᠤ | ᠬᠥᠮᠦᠨ ᠥᠬᠡᠶ ᠪᠣᠯᠪᠠ᠃ ᠠᠶᠤᠯᠭᠦᠶ ᠦᠢᠯᠡᠳᠪᠦᠷᠢᠯᠡᠯ ᠤᠨ ᠠᠳᠡᠯ 35% ᠪᠠᠷ ᠪᠠᠭᠤᠷᠠᠵᠤ᠂ ᠪᠥᠬᠦ ᠬᠤᠰᠢᠭᠤᠨ ᠤ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢ ᠪᠠᠳᠤᠯᠠᠪᠠ᠃ ᠡᠷᠡᠭᠦᠦ ᠶᠢᠨ ᠬᠡᠷᠡᠭ 16. | 8% ᠪᠠᠷ ᠪᠠᠭᠤᠷᠠᠵᠤ᠂ ᠨᠡᠶᠢᠭᠡᠮ ᠤᠨ ᠠᠮᠤᠷ ᠲᠦᠪᠰᠢᠨ ᠨᠡᠩ ᠲᠣᠭᠲᠠᠪᠤᠷᠢᠵᠢᠨ ᠰᠠᠶᠢᠵᠢᠷᠠᠪᠠ᠃ ᠥᠪᠡᠷᠲᠡᠭᠡᠨ | ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ ᠠᠷᠠᠳ ᠤᠨ ᠲᠥᠯᠥᠭᠡ ᠪᠣᠳᠠᠲᠠᠶ ᠶᠠᠪᠤᠳᠠᠯ ᠢ | ᠴᠢᠨᠠᠷ ᠰᠠᠶᠢᠲᠠᠶ ᠬᠦᠢᠴᠡᠳᠬᠡᠨ᠂ ᠬᠤᠲᠠ ᠶᠢᠨ ᠶᠠᠪᠤᠳᠠᠯ ᠤᠨ ᠵᠠᠮ ᠤᠨ ᠬᠤᠭᠤᠯᠠᠶ ᠲᠤᠤᠷ᠂ ᠠᠮᠢᠳᠤᠷᠠᠯ ᠤᠨ ᠬᠤᠭ | ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠰᠠᠭᠤᠷᠢ | ᠪᠡᠯᠡᠳᠬᠡᠮᠵᠢ ᠶᠢᠨ ᠲᠥᠷᠥᠯ ᠵᠤᠶᠢᠯ ᠢ ᠬᠡᠷᠡᠭᠵᠢᠭᠦᠯᠵᠦ᠂ ᠣᠨᠴᠠ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠴᠠᠭ ᠲᠤᠬᠠᠶ ᠳᠤᠨᠢ | ᠲᠠᠷᠬᠠᠭᠠᠵᠤ᠂ ᠣᠯᠠᠨ ᠲᠦᠮᠡᠨ ᠢ ᠬᠠᠪᠰᠤᠷᠤᠨ ᠳᠤᠯᠠᠭᠠᠬᠠᠨ ᠡᠪᠦᠯᠵᠢᠭᠦᠯᠵᠦ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ | ᠵᠢᠯ ᠲᠤᠷᠰᠢ᠂ ᠪᠢᠳᠡ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠪᠠ ᠡᠯ᠎ᠡ ᠲᠠᠯ᠎ᠠ ᠶᠢ ᠵᠣᠬᠢᠴᠠᠭᠤᠯᠬᠤ ᠶᠢ | ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠨᠢ ᠲᠤᠰ ᠪᠠᠶ᠎ᠠ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ ᠪᠠ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠨᠠᠷᠢᠨ | ᠬᠢᠨᠠᠮᠠᠭᠠᠶ ᠲᠤᠭᠤᠰᠢᠯᠠᠭᠤᠯᠤᠨ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠲᠥᠷᠥᠯ ᠤᠨ ᠲᠣᠭᠲᠠᠭᠠᠯ ᠢ ᠤᠬᠠᠮᠰᠠᠷ ᠠᠴᠠ ᠪᠠᠨ ᠬᠡᠷᠡᠭᠵᠢᠭᠦᠯᠵᠦ᠂ | ᠳᠠᠭᠤᠷᠢᠶᠠᠯ ᠤᠨ ᠦᠢᠯᠡᠳᠦᠯ ᠶᠢ ᠪᠠᠳᠠᠷᠠᠭᠤᠯᠪᠠ᠃ ︽ᠲᠠᠪᠤ ᠶᠢ ᠬᠠᠮᠳᠤᠷᠠᠭᠤᠯᠤᠨ ᠵᠤᠬᠢᠴᠠᠭᠤᠯᠬᠤ᠂ ᠦᠨᠳᠦᠰᠦᠨ | ᠱᠠᠳᠦ ᠶᠢ ᠶᠡᠬᠡᠪᠡᠷ ᠠᠳᠬᠤᠬᠤ︾ ᠶᠢ ᠪᠠᠷᠢᠮᠳᠠᠯᠠᠨ᠂ ᠡᠯ᠎ᠡ ᠬᠦᠷᠢᠶ᠎ᠠ ᠴᠠᠷ᠎ᠠ ᠶᠢᠨ ᠨᠠᠮ ᠤᠨ ᠡᠬᠦᠷ ᠤᠨ ᠲᠡᠬᠡᠭᠰᠢᠯᠡᠯᠳᠠ | ᠶᠢ ᠠᠬᠢᠭᠤᠯᠪᠠ᠃ ᠬᠡᠷᠡᠯᠲᠤᠶᠠᠭᠠ ᠭᠠᠴᠠᠭᠠᠨ ᠤ ᠨᠠᠮ ᠤᠨ ᠡᠬᠦᠷ᠂ ᠬᠥᠩ ᠵᠢᠶ ᠲᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠭᠥᠸᠧ ᠵᠢᠶᠠᠨ ᠵᠢᠶᠦ᠋ᠨ᠂ ᠳ᠋ᠠ ᠾᠧᠢ ᠾᠧ ᠰᠢᠶᠠᠩ ᠤᠨ ᠲᠥᠬᠦᠮ ᠲᠣᠰᠬᠤᠨ ᠤ ᠨᠠᠮ ᠤᠨ | ᠡᠭᠦᠷ ᠤᠨ ᠱᠦᠵᠢ ᠬᠠᠨ ᠶᠥᠩ ᠬᠤᠩ ᠲᠣᠰ ᠲᠣᠰ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠲᠡᠷᠢᠭᠦᠨ ᠤ ᠬᠠᠮᠲᠤ ᠪᠠ | ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠢ ᠭᠥᠷᠳᠡᠪᠡ᠃ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ | ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠲᠤᠰᠬᠠᠶ ᠵᠠᠰᠠᠯᠲᠠ ᠶᠢ ᠭᠦᠨᠵᠡᠭᠡᠶ ᠠᠬᠢᠭᠤᠯᠵᠤ᠂ ᠣᠯᠠᠨ ᠲᠦᠮᠡᠨ ᠤ | ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ | ᠰᠢᠯᠢᠳᠡᠭ ᠨᠠᠮ ᠤᠨ ᠰᠤᠷᠲᠠᠯ ᠢᠶᠠᠷ ᠵᠠᠰᠠᠭ ᠤᠨ ᠰᠤᠷᠲᠠᠯ ᠢ ᠳᠠᠶᠢᠴᠢᠯᠠᠨ ᠠᠷᠠᠳ ᠤᠨ ᠰᠤᠷᠲᠠᠯ ᠢ ᠠᠬᠢᠭᠤᠯᠵᠤ᠂ | ᠰᠢᠨ᠎ᠡ ᠰᠤᠷᠲᠠᠯ ᠢ ᠪᠣᠶ ᠪᠤᠯᠭᠠᠪᠠ᠃ | ᠳᠡᠭᠡᠷᠡᠬᠢ ᠮᠡᠳᠡᠭᠦᠯᠦᠯᠲᠡ ᠳᠤ ᠨᠥᠬᠦᠳ ᠤᠳ ᠰᠠᠨᠠᠯ ᠲᠤᠷᠠᠳᠤᠯᠭ᠎ᠠ ᠢᠶᠠᠨ ᠳᠤᠷᠠᠳᠬᠤ ᠪᠣᠯᠪᠠᠤ᠃ | ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠭᠤᠷᠢᠨ ᠳᠤ᠂ ᠬᠤᠶᠢᠰᠢᠳᠠ ᠶᠢᠨ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠤᠤᠷ᠎ᠠ | ᠪᠢ ᠳᠥᠷᠪᠡᠨ ᠲᠠᠯ᠎ᠠ ᠶᠢᠨ ᠰᠠᠨᠠᠯ ᠢᠶᠠᠨ ᠶᠠᠷᠢᠶ᠎ᠠ᠃ | ᠨᠢᠭᠡ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ | ᠲᠠᠨᠢᠯᠳᠠ ᠪᠠᠨ ᠬᠤᠪᠢᠷᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠢᠲᠡᠭᠡᠯ | ᠵᠣᠷᠢᠭ ᠢᠶᠠᠨ ᠨᠡᠮᠡᠭᠳᠡᠭᠦᠯᠦᠨ᠎ᠡ᠃ | ᠳᠥᠷᠪᠡᠳ ᠬᠤᠰᠢᠭᠤᠨ ᠤ ᠬᠥᠭᠵᠢᠯᠲᠡ ᠶᠢᠨ ᠬᠠᠮᠤᠭ ᠤᠨ ᠶᠡᠭᠡ ᠢᠳᠡ ᠬᠦᠴᠦᠨ᠂ ᠬᠠᠮᠤᠭ ᠤᠨ ᠶᠡᠭᠡ | ᠳᠠᠪᠠᠭᠤᠯᠢᠭ ᠲᠠᠯ᠎ᠠ ᠨᠢ ᠡᠬᠢ ᠪᠠᠶᠠᠯᠢᠭ᠂ ᠲᠥᠷᠥ ᠶᠢᠨ ᠪᠣᠳᠣᠯᠭ᠎ᠠ ᠳᠤ ᠪᠤᠢ᠃ ᠲᠠᠷᠢᠶᠠᠨ ᠭᠠᠵᠠᠷ ᠤᠨ ᠲᠠᠯᠠᠪᠠᠢ ᠪᠦᠬᠦ | ᠬᠤᠲᠠ ᠶᠢᠨ 23% ᠶᠢ ᠡᠵᠡᠯᠡᠨ᠂ ᠬᠥᠮᠦᠨ ᠳᠤᠮᠳᠠᠴᠢ ᠶᠢᠨ ᠲᠠᠷᠢᠶᠠᠨ ᠭᠠᠵᠠᠷ ᠤᠨ ᠲᠠᠯᠠᠪᠠᠢ 12 ᠮᠦ ᠳᠤ ᠬᠦᠷᠴᠦ | ᠂ ᠪᠦᠬᠦ ᠬᠤᠲᠠ ᠶᠢᠨ ᠲᠡᠷᠢᠬᠦᠨ ᠳᠤ ᠤᠷᠤᠵᠦ᠂ ᠡᠪᠡᠰᠦ ᠪᠡᠯᠴᠢᠭᠡᠷ ᠤᠨ ᠲᠠᠯᠠᠪᠠᠶ ᠪᠦᠬᠦ ᠬᠤᠲᠠ ᠶᠢᠨ 60% ᠶᠢ | ᠡᠵᠡᠯᠡᠵᠦ᠂ ᠬᠥᠮᠦᠨ ᠳᠤᠮᠳᠠᠴᠢ ᠶᠢᠨ ᠪᠡᠯᠴᠢᠭᠡᠷ ᠤᠨ ᠲᠠᠯᠠᠪᠠᠶ 149 ᠮᠦ ᠳᠤ ᠬᠦᠷᠴᠦ᠂ ᠪᠦᠬᠦ ᠬᠤᠲᠠ ᠶᠢᠨ | ᠲᠡᠷᠢᠬᠦᠨ ᠳᠤ ᠣᠷᠣᠨ᠎ᠠ︔ ᠪᠥᠬᠦ ᠤᠯᠤᠰ ᠤᠨ ᠰᠠᠯᠬᠢᠨ ᠡᠨᠧᠷᠭᠢ ᠶᠢᠨ ᠡᠬᠢ ᠪᠠᠶᠠᠯᠢᠭ ᠤᠨ I ᠲᠠᠰ ᠤᠨ ᠭᠤᠤᠯ | ᠣᠷᠣᠨ ᠪᠣᠯᠤᠭᠰᠠᠨ ᠤ ᠬᠤᠪᠢ ᠳᠤ᠂ ᠰᠠᠯᠬᠢᠨ ᠬᠦᠴᠦᠨ ᠤ ᠬᠡᠷᠡᠯ ᠴᠠᠬᠢᠯᠭᠠᠨ ᠤ ᠡᠬᠢ ᠪᠠᠶᠠᠯᠢᠭ ᠡᠯᠪᠡᠭ ᠪᠠᠶᠢᠵᠤ᠂ | ᠰᠢᠨ᠎ᠡ ᠡᠨᠧᠷᠭᠢ ᠶᠢᠨ ᠲᠥᠯᠥᠪᠵᠢᠭᠦᠯᠭᠡ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ ᠪᠥᠬᠦ ᠬᠤᠲᠠ ᠶᠢᠨ | 54% ᠶᠢ ᠡᠵᠡᠯᠡᠵᠦ ᠪᠠᠶᠢᠨ᠎ᠠ︔ 40 ᠵᠤᠶᠢᠯ ᠤᠨ ᠠᠭᠤᠷᠬᠠᠶ ᠶᠢᠨ ᠲᠥᠷᠥᠯ ᠢ ᠢᠯᠡᠷᠡᠭᠦᠯᠦᠨ ᠬᠠᠶᠢᠨ ᠳᠣᠲᠣᠯᠠᠵᠤ᠂ | ᠠᠽᠢᠶ᠎ᠠ ᠲᠢᠪ ᠤᠨ ᠬᠠᠮᠤᠭ ᠤᠨ ᠲᠣᠮᠣ ᠲᠠᠩ ᠪᠡᠶᠡᠲᠦ ᠬᠠᠶᠢᠯᠤᠭᠤᠷ ᠵᠣᠩᠰᠢ ᠶᠢᠨ ᠠᠭᠤᠷᠬᠠᠶ ᠲᠠᠢ︔ ᠬᠢᠯᠢ ᠶᠢᠨ | ᠳᠣᠲᠣᠷ᠎ᠠ ᠲᠦᠷᠦᠯ ᠵᠦᠢᠯ ᠤᠯᠠᠨ ᠲᠠᠯ᠎ᠠ ᠭᠠᠵᠠᠷ ᠲᠠᠢ᠂ ᠪᠦᠬᠦ ᠣᠷᠣᠨ ᠳᠤ ᠠᠯᠳᠠᠷᠰᠢᠭᠰᠠᠨ ᠬᠡᠬᠡᠨᠳᠡᠯᠡ | ᠵᠤᠭᠠᠴᠠᠯ ᠤᠨ ᠦᠵᠡᠮᠵᠢ ᠶᠢᠨ ᠣᠷᠣᠨ ᠲᠠᠢ᠂ ᠪᠦᠬᠦ ᠤᠯᠤᠰ ᠲᠤ ᠠᠯᠳᠠᠷᠰᠢᠭᠰᠠᠨ ᠬᠤᠪᠢᠯᠭᠠᠨ ᠵᠠᠪᠢ ᠰᠢᠷᠢᠰ ᠨᠢᠰᠬᠦ | ᠣᠩᠭᠤᠴᠠ ᠶᠢᠨ ᠭᠤᠣᠯ ᠪᠠᠭᠤᠬᠤ ᠲᠠᠯᠠᠪᠤᠷ ᠲᠠᠢ᠂ ᠤᠯᠤᠰ ᠤᠨ ᠭᠠᠵᠠᠷ ᠰᠢᠨᠵᠢᠯᠡᠭᠡᠨ ᠤ ᠬᠦᠷᠢᠶᠠᠯᠠᠩ ᠤᠨ | ᠮᠦᠽᠧᠢ ᠲᠠᠢ᠂ ᠪᠠᠰᠠ ᠰᠢᠷᠠᠮᠥ᠋ᠷᠡᠨ ᠰᠦᠮ᠎ᠡ᠂ ᠨᠤᠮᠤᠭᠠᠨ ᠠᠭᠤᠯᠠ᠂ ᠲᠣᠣᠷᠠᠢ ᠶᠢᠨ ᠤᠢ ᠵᠡᠷᠭᠡ ᠨᠢᠭᠡ ᠪᠦᠯᠦᠭ | ᠵᠢᠭᠤᠯᠴᠢᠯᠠᠯ ᠤᠨ ᠡᠬᠢ ᠪᠠᠶᠠᠯᠢᠭ ᠲᠠᠢ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ | ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠪᠠ ᠠᠵᠠ ᠵᠠᠪᠰᠢᠶᠠᠨ | ᠲᠡᠪᠬᠤᠴᠠᠨ ᠲᠤᠬᠢᠶᠠᠯᠳᠤᠵᠦ ᠪᠤᠢ᠃ ᠡᠭᠦᠨ ᠤ ᠬᠠᠮᠲᠤ᠂ 2022 ᠣᠨ ᠳᠤ ᠮᠠᠨ ᠤ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 71.8 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ | ᠬᠤᠲᠠ ᠶᠢᠨ 8 ᠳ᠋ᠤᠭᠠᠷ ᠨᠡᠷᠡᠰ ᠲᠤ ᠤᠷᠤᠵᠦ᠂ ᠡᠨᠡ ᠨᠢ ᠮᠠᠨ ᠤ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ᠂ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ | ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠢᠯᠠᠩᠭᠤᠶ᠎ᠠ | ᠮᠠᠨ ᠤ ᠬᠤᠰᠢᠭᠤᠨ ᠤ ᠺᠠᠳ᠋ᠷᠴᠤᠳ ᠬᠥᠭᠵᠢᠯᠲᠡ ᠶᠢᠨ ᠦᠵᠡᠯ ᠰᠠᠨᠠᠭ᠎ᠠ᠂ ᠬᠥᠭᠵᠢᠯᠲᠡ ᠶᠢᠨ ᠤᠶᠢᠯᠠᠭᠠᠭᠳᠠᠬᠤᠨ ᠳᠤ | ᠮᠥᠨ ᠬᠦ ᠵᠠᠷᠢᠮ ᠠᠰᠠᠭᠤᠳᠠᠯ ᠣᠷᠣᠰᠢᠵᠤ ᠪᠠᠶᠢᠨ᠎ᠠ᠂ ᠰᠦᠨ ᠱᠤᠤ ᠴᠧᠩ ᠱᠦᠵᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠳᠤ ︽ᠳᠣᠯᠤᠭ᠎ᠠ ᠶᠢ ᠲᠠᠶᠠᠭᠳᠠᠬᠤ︾ ᠶᠢ ᠲᠣᠳᠣᠷᠬᠠᠶ ᠳᠤᠷᠠᠳᠤᠨ ᠭᠠᠷᠭᠠᠵᠦ᠂ ᠡᠨᠡ | ᠪᠣᠯ ᠪᠥᠬᠦ ᠣᠷᠣᠨ ᠤ ᠺᠠᠳ᠋ᠷᠴᠤᠳ ᠤᠨ ᠤᠪᠤᠷ ᠰᠤᠷᠲᠠᠯ ᠤᠨ ᠪᠠᠶᠢᠳᠠᠯ ᠳᠤ ᠥᠭᠭᠦᠭᠰᠡᠨ ᠨᠢᠭᠡᠨ ᠪᠤᠭᠤᠯᠳᠠ ︽ | ᠬᠠᠳᠠᠭᠤ ᠡᠮ︾ ᠪᠣᠯᠤᠨ᠎ᠠ᠃ ᠪᠢᠳᠡ ᠪᠥᠬᠦ ᠬᠤᠰᠢᠭᠤᠨ ᠳᠤ ︽ᠦᠵᠡᠯ ᠰᠠᠨᠠᠭᠠᠨ ᠤ ᠶᠡᠭᠡ ᠴᠢᠯᠥᠭᠡᠯᠡᠯᠲᠡ᠂ | ᠦᠵᠡᠯᠲᠡ ᠲᠠᠨᠢᠯᠳᠠ ᠶᠢᠨ ᠶᠡᠭᠡ ᠰᠢᠨᠡᠴᠢᠯᠡᠯᠲᠡ︾ ᠶᠢᠨ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠠᠵᠢᠯᠯᠠᠭ᠎ᠠ | ᠥᠷᠨᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠥᠯᠥᠭᠡᠯᠡᠨ ᠬᠠᠷᠰᠢᠯᠠᠵᠤ ᠪᠠᠶᠢᠭ᠎ᠠ ᠠᠯᠢᠪᠠ ᠦᠵᠡᠯ | ᠰᠠᠨᠠᠭ᠎ᠠ ᠣᠶᠢᠯᠠᠭᠠᠭᠳᠠᠬᠤᠨ ᠤ ᠬᠢᠵᠠᠭᠠᠷᠯᠠᠯ ᠢ ᠠᠷᠢᠯᠭᠠᠵᠤ᠂ ᠬᠦᠴᠦᠯᠡᠨ ᠴᠢᠷᠮᠠᠶᠢᠵᠤ ᠠᠮᠵᠢᠯᠲᠠ ᠪᠦᠲᠦᠮᠵᠢ ᠭᠠᠷᠭᠠᠬᠤ | ᠠᠯᠬᠤᠮ ᠢ ᠠᠯᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠶ᠃ | ᠨᠢᠭᠡ ᠳᠤ ︽ᠪᠢᠳᠡ ᠯᠠᠪᠲᠠᠢ ᠬᠢᠵᠦ ᠴᠢᠳᠠᠬᠤ ᠠᠤᠭ᠎ᠠ ᠰᠠᠨᠠᠭ᠎ᠠ ᠡᠷᠡᠯᠬᠡᠭ ᠵᠣᠷᠢᠭ︾ ᠢᠶᠠᠷ ︽ᠪᠢ | ᠬᠥᠮᠦᠨ ᠢ ᠬᠦᠷᠬᠦ ᠦᠭᠡᠢ︾ ᠭᠡᠬᠦ ᠪᠤᠳᠤᠯ ᠢ ᠠᠷᠢᠯᠭᠠᠨ᠎ᠠ᠃ ᠪᠢᠳᠡ ᠬᠢᠯᠢ ᠬᠢᠵᠠᠭᠠᠷ ᠲᠤ ᠪᠠᠶᠢᠷᠢᠯᠠᠵᠤ ᠪᠠᠶᠢᠭ᠎ᠠ | ᠪᠣᠯᠬᠤᠷ᠂ ᠵᠠᠷᠢᠮ ᠨᠠᠮ ᠤᠨ ᠭᠡᠰᠢᠭᠦᠨ ᠺᠠᠳ᠋ᠷᠴᠤᠳ ᠨᠢ ᠲᠦᠷᠪᠡᠳ ᠬᠤᠰᠢᠭᠤ ᠪᠤᠯ ᠲᠤᠳᠤᠭᠠᠳᠦ ᠬᠠᠭᠤᠷᠠᠢ ᠶᠢᠨ | ᠬᠤᠰᠢᠭᠤ ᠰᠢᠶᠠᠨ ᠪᠠᠶᠢᠵᠦ᠂ ᠬᠦᠭᠵᠢᠯᠳᠠ ᠶᠢᠨ ᠲᠠᠪᠠᠭᠤᠯᠢᠭ ᠦᠭᠡᠢ ᠬᠡᠵᠦ ᠦᠵᠡᠵᠡᠬᠡᠨ᠂ ᠬᠦᠮᠦᠨ ᠤ ᠡᠮᠦᠨ᠎ᠡ | ᠰᠢᠭᠤᠷᠬᠠᠶᠢᠯᠠᠵᠦ ᠲᠡᠷᠢᠬᠦᠨ ᠢ ᠡᠬᠦᠳᠬᠦ ᠡᠷᠴᠢ ᠵᠤᠷᠢᠭ ᠢᠶᠠᠷ ᠲᠤᠳᠠᠮᠠᠭ ᠪᠠᠶᠢᠳᠠᠭ᠃ ᠲᠡᠷᠢᠭᠦᠨ ᠤ ᠭᠠᠵᠠᠷ | ᠣᠷᠣᠨ ᠲᠠᠢ ᠬᠠᠷᠢᠴᠠᠭᠤᠯᠪᠠᠯ᠂ ᠦᠩᠭᠡᠨ ᠲᠠᠯ᠎ᠠ ᠠᠴᠠ ᠨᠢ ᠦᠵᠡᠪᠡᠯ ᠠᠵᠤ ᠠᠬᠤᠢ ᠶᠢᠨ ᠲᠤᠭ᠎ᠠ ᠪᠠᠷᠢᠮᠲᠠ ᠳᠤ | ᠵᠦᠷᠢᠶ᠎ᠠ ᠣᠷᠣᠰᠢᠵᠤ ᠪᠠᠶᠢᠭ᠎ᠠ ᠴᠦ᠂ ᠮᠥᠨ ᠴᠢᠨᠠᠷ ᠳᠡᠭᠡᠷ᠎ᠡ ᠪᠠᠨ ᠺᠠᠳ᠋ᠷ ᠠᠵᠢᠯᠳᠠᠳ ᠤᠨ ᠦᠵᠡᠯᠲᠡ ᠲᠠᠨᠢᠯᠳᠠ᠂ | ᠤᠶᠤᠨ ᠰᠠᠨᠠᠭᠠᠨ ᠤ ᠪᠠᠶᠢᠳᠠᠯ᠂ ᠴᠢᠳᠠᠪᠤᠷᠢ ᠰᠤᠷᠲᠠᠯ᠂ ᠬᠠᠷᠢᠭᠤᠴᠠᠯᠭ᠎ᠠ ᠡᠭᠦᠷᠭᠡᠯᠡᠯ ᠳᠤ ᠪᠤᠢ᠃ ᠮᠠᠨ ᠤ | ᠬᠤᠰᠢᠭᠤᠨ ᠤ ᠦᠷ᠎ᠡ ᠶᠢᠨ ᠲᠥᠮᠥᠰᠥ᠂ ᠡᠬᠦᠯᠳᠡᠷ ᠤᠨ ᠬᠤᠨᠢ ᠨᠢ 20 ᠭᠠᠷᠤᠶ ᠮᠤᠵᠢ ᠬᠤᠲᠠ ᠳᠤ | ᠪᠤᠷᠤᠯᠠᠭᠤᠯᠤᠭᠳᠠᠵᠦ᠂ ᠪᠥᠬᠦ ᠤᠯᠤᠰ ᠲᠤ ᠴᠢᠬᠤᠯᠠ ᠪᠠᠶᠢᠷᠢ ᠰᠠᠭᠤᠷᠢ ᠶᠢ ᠡᠵᠡᠯᠡᠨ᠂ ᠮᠠᠨ ᠤ ᠬᠤᠰᠢᠭᠤ ᠪᠣᠯ | ᠬᠤᠪᠢᠯᠭᠠᠨ ᠣᠩᠭᠤᠴᠠ ᠨᠢᠭᠡᠳᠦᠭᠡᠷ ᠨᠤᠮᠧᠷᠳᠦ ᠠᠴᠠ ᠠᠷᠪᠠᠨ ᠨᠢᠭᠡᠳᠦᠭᠡᠷ ᠨᠤᠮᠧᠷᠳᠦ ᠰᠠᠨᠰᠠᠷ ᠤᠨ ᠨᠢᠰᠬᠦ | ᠣᠩᠭᠤᠴᠠ ᠶᠢ ᠲᠤᠰᠤᠨ ᠠᠪᠤᠭᠰᠠᠨ ᠭᠠᠵᠠᠷ ᠪᠣᠯᠤᠨ᠎ᠠ᠂ ᠮᠠᠨ ᠤ ᠬᠤᠰᠢᠭᠤᠨ ᠳᠤ ᠠᠷᠠᠳ ᠤᠨ ᠵᠢᠱᠢᠶᠡᠴᠢ ︽ | ᠲᠦᠬᠦ᠋ᠢᠮ᠎ᠡ︾ ᠪᠣᠶ᠂ ᠡᠲᠡᠭᠡᠷ ᠢᠯᠡ ᠡᠬᠢ ᠪᠠᠶᠠᠯᠢᠭ ᠪᠠ ᠢᠯᠡ ᠪᠤᠰᠤ ︽ᠨᠠᠷᠠᠲᠤ ᠲᠡᠮᠳᠡᠭ︾ ᠨᠢ ᠴᠥᠮ ᠬᠤᠤᠰ | ᠥᠬᠡᠶ ᠮᠤᠨᠳᠠᠭ᠂ ᠬᠠᠭᠤᠯᠪᠤᠷᠢᠯᠠᠵᠤ ᠪᠣᠯᠤᠰᠢ ᠥᠬᠡᠶ ᠶᠤᠮ᠃ ᠣᠳᠣᠬᠠᠨ ᠳᠤ ᠳᠥᠷᠪᠡᠳ ᠬᠤᠰᠢᠭᠤ ᠴᠢᠨᠠᠷ ᠰᠠᠶᠢᠲᠠᠶ | ᠬᠥᠭᠵᠢᠯᠲᠡ ᠶᠢᠨ ᠪᠥᠬᠦ ᠲᠠᠯ᠎ᠠ ᠶᠢᠨ ᠡᠬᠢᠯᠡᠯᠲᠡ ᠶᠢᠨ ᠱᠠᠲᠤᠨ ᠳᠤ ᠤᠷᠤᠵᠦ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠣᠳᠣᠬᠢ ᠨᠠᠮᠵᠢᠭᠤᠨ ᠪᠠᠶᠢᠳᠠᠯ ᠠᠴᠠ ᠪᠠᠨ ᠵᠤᠷᠢᠭ ᠰᠦᠯᠳᠡ ᠪᠠᠨ ᠪᠠᠳᠠᠷᠠᠭᠤᠯᠤᠨ ᠠᠵᠢᠯᠯᠠᠵᠦ᠂ | ᠰᠢᠯᠢᠳᠡᠭ ᠢ ᠬᠠᠷᠢᠴᠠᠭᠤᠯᠵᠦ᠂ ᠬᠦᠴᠦᠷᠬᠡᠭ ᠲᠠᠢ ᠠᠳᠠᠯᠢᠳᠬᠠᠨ᠂ ᠬᠤᠷᠳᠤᠴᠠ ᠪᠠᠨ ᠮᠦᠷᠦᠶᠢᠴᠠᠵᠦ᠂ ᠬᠠᠨᠴᠤᠢ | ᠰᠢᠮᠠᠯᠠᠨ ᠴᠢᠷᠮᠠᠶᠢᠨ ᠠᠵᠢᠯᠠᠬᠤ ᠬᠡᠷᠡᠭᠳᠡᠢ᠃ ︽ᠪᠢᠳᠡ ᠯᠠᠪᠲᠠᠶ ᠬᠢᠵᠦ ᠴᠢᠳᠠᠬᠤ ᠠᠤᠭ᠎ᠠ ᠰᠠᠨᠠᠭ᠎ᠠ ᠡᠷᠡᠯᠬᠡᠭ ᠵᠣᠷᠢᠭ︾ | ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠣᠯᠭᠠᠨ ᠳᠤ ᠢᠮᠠᠭᠲᠠ ᠲᠤᠭᠤᠰᠢᠯᠠᠭᠤᠯᠤᠨ᠂ ᠦᠵᠡᠯ | ᠰᠠᠨᠠᠭᠠᠨ ᠤ ᠰᠢᠨ᠎ᠡ ᠰᠢᠪᠲᠤᠯᠤᠯᠲᠠ ᠶᠢ ᠲᠠᠰᠤᠷᠠᠯᠲᠠ ᠦᠭᠡᠢ ᠡᠷᠢᠯᠬᠢᠯᠠᠵᠦ᠂ ᠲᠡᠪᠡᠯᠳᠠ ᠲᠠᠢ ᠬᠥᠭᠵᠢᠯᠲᠡ ᠶᠢᠨ ᠰᠢᠨ᠎ᠡ | ᠠᠷᠭ᠎ᠠ ᠵᠠᠮ ᠢ ᠰᠦᠪᠡᠭᠴᠢᠯᠡᠨ᠂ ᠬᠦᠨᠳᠦ ᠲᠠᠷᠤᠭᠠᠰᠦ ᠶᠢᠨ ᠡᠮᠦᠨ᠎ᠡ ᠡᠷᠡᠮᠡᠬᠡᠶᠢᠯᠡᠨ ᠤᠷᠤᠰᠢᠯᠠᠵᠦ ᠂ ᠡᠯ᠎ᠡ | ᠲᠥᠷᠥᠯ ᠤᠨ ᠠᠵᠢᠯ ᠢ ᠪᠦᠬᠦ ᠬᠤᠲᠠ ᠶᠢᠨ ᠲᠡᠷᠢᠭᠦᠨ ᠤ ᠡᠩᠨᠡᠬᠡᠨ ᠳᠤ ᠤᠷᠤᠭᠤᠯᠬᠤ ᠪᠠᠷ ᠴᠢᠷᠮᠠᠶᠢᠬᠤ ᠬᠡᠷᠡᠭᠳᠠᠢ᠃ | ᠬᠤᠶᠠᠷ ᠲᠤ ︽ᠬᠥᠭᠡᠭᠡᠵᠦ ᠭᠦᠢᠴᠡᠨ ᠳᠠᠪᠠᠵᠤ ᠭᠠᠷᠬᠤ︾ ᠪᠠᠷ ︽ᠬᠥᠭᠵᠢᠭᠦᠯᠬᠦ ᠳᠤ ᠳᠡᠩᠳᠡᠭᠦᠦ | ᠶᠠᠭᠠᠷᠠᠬᠤ ᠬᠡᠷᠡᠭ ᠦᠭᠡᠶ︾ ᠭᠡᠰᠡᠨ ᠪᠣᠳᠣᠯ ᠢ ᠣᠷᠣᠯᠠᠭᠤᠯᠤᠨ᠎ᠠ᠃ ᠤᠯᠠᠮᠵᠢᠯᠠᠯᠲᠤ ᠦᠵᠡᠯᠲᠡ ᠶᠢᠨ ᠨᠥᠯᠥᠭᠡᠯᠡᠯ ᠢᠶᠠᠷ | ᠂ ᠮᠠᠨ ᠤ ᠬᠤᠰᠢᠭᠤᠨ ᠤ ᠵᠠᠷᠢᠮ ᠨᠠᠮ ᠤᠨ ᠬᠡᠰᠢᠬᠦᠨ ᠺᠠᠳ᠋ᠷᠴᠤᠳ ᠨᠢ ᠠᠮᠢᠳᠤᠷᠠᠯ ᠤᠨ ᠳᠤᠮᠳᠠ ᠪᠠᠨ ᠤᠳᠠᠭᠠᠯᠢᠭ | ᠪᠠᠶᠢᠳᠠᠯ ᠳᠤ ᠳᠠᠳᠴᠤ᠂ ᠵᠠᠷᠢᠮ ᠨᠠᠮ ᠤᠨ ᠭᠡᠰᠢᠭᠦᠨ ᠺᠠᠳ᠋ᠷᠴᠤᠳ ᠠᠵᠢᠯ ᠤᠨ ᠳᠤᠮᠳᠠ ᠪᠠᠨ ᠪᠠᠰᠠ ᠬᠤᠶᠢᠷᠭᠤᠰᠢᠬᠤ | ᠪᠤᠶᠤ ᠶᠠᠭᠠᠷᠠᠵᠤ ᠰᠠᠨᠳᠤᠷᠬᠤ ᠦᠭᠡᠢ ᠣᠪᠣᠷ ᠲᠠᠢ ᠪᠤᠯᠵᠤ᠂ ᠮᠠᠨ ᠤ ᠮᠠᠰᠢ ᠤᠯᠠᠨ ᠠᠵᠢᠯ ᠨᠢ ︽ᠤᠳᠠᠭᠠᠨ︾ | ᠪᠠᠶᠢᠬᠤ ᠠᠴᠠ ᠬᠤᠬᠢᠷᠠᠯ ᠤᠴᠠᠷᠠᠭᠰᠠᠨ ᠪᠠᠶᠢᠨ᠎ᠠ᠃ ᠮᠠᠨ ᠤ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ | ᠲᠥᠷᠥᠯ ᠵᠤᠶᠢᠯ ᠣᠯᠠᠨ᠂ ᠦᠪᠡᠷᠮᠢᠴᠠ ᠣᠨᠴᠠᠯᠢᠭ ᠢᠯᠡ ᠲᠣᠳᠣ ᠪᠠᠶᠢᠵᠦ᠂ ᠭᠡᠭᠡᠨᠲᠠᠯ᠎ᠠ ᠦᠵᠡᠮᠵᠢ ᠶᠢᠨ ᠣᠷᠣᠨ ᠨᠢ | 2001 ᠣᠨ ᠳᠤ ᠲᠠᠷᠤᠢ ᠪᠥᠬᠦ ᠤᠯᠤᠰ ᠤᠨ ᠠᠩᠬᠠᠨ ᠤ ᠪᠦᠯᠦᠭ ᠤᠨ 4A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠣᠯᠵᠣ᠂ 28 ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠨᠠᠭᠠᠳᠤᠮ ᠤᠨ ᠶᠡᠭᠡ ᠬᠤᠷᠠᠯ ᠢ ᠳᠠᠭᠠᠭᠠᠴᠢᠯᠠᠨ ᠡᠷᠭᠢᠯᠡᠵᠦ᠂ ᠪᠥᠬᠦ ᠣᠷᠣᠨ ᠳᠤ ᠬᠠᠮᠤᠭ ᠡᠷᠲᠡ ᠨᠡᠬᠡᠬᠡᠭᠳᠡᠵᠦ᠂ | ᠭᠠᠳᠠᠭᠠᠳᠤ ᠶᠢᠨ ᠵᠣᠴᠢᠳ ᠢ ᠬᠠᠮᠤᠭ ᠡᠷᠲᠡ ᠭᠥᠯᠢᠶᠡᠨ ᠠᠪᠤᠭᠰᠠᠨ ᠦᠵᠡᠮᠵᠢ ᠶᠢᠨ ᠣᠷᠣᠨ ᠪᠠᠶᠢᠭᠰᠠᠨ ᠠᠴᠠ | ᠬᠤᠵᠢᠮ ᠨᠢ ᠵᠤᠭᠰᠤᠩᠭᠤᠶᠢᠷᠠᠵᠦ᠂ ᠨᠠᠷᠠᠲᠤ ᠲᠡᠮᠳᠡᠭ ᠤᠨ ᠠᠯᠳᠠᠷᠰᠢᠯ ᠪᠠ ᠵᠠᠬ᠎ᠠ ᠳᠡᠯᠭᠡᠭᠦᠷ ᠤᠨ ᠨᠥᠯᠥᠭᠡᠯᠡᠬᠦ | ᠬᠦᠴᠦᠨ ᠨᠢ ᠵᠢᠯ ᠳᠠᠷᠠᠭᠠᠯᠠᠨ ᠪᠠᠭᠤᠷᠠᠪᠠ᠃ ᠡᠷᠭᠢᠨ ᠲᠣᠭᠤᠷᠢᠨ ᠤ ᠬᠤᠰᠢᠭᠤ ᠰᠢᠶᠠᠨ ᠲᠠᠢ ᠬᠠᠷᠢᠴᠠᠭᠤᠯᠪᠠᠯ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠬᠤᠩᠬᠤᠯ ᠤᠨ ᠭᠤᠤ︾᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ︽ᠤᠯᠠᠭᠠᠨᠬᠠᠳᠠ ᠭᠠᠯᠲᠤ ᠠᠭᠤᠯᠠ ᠶᠢᠨ ᠰᠦᠷᠦᠭᠵᠢᠯ︾᠂ ᠵᠦᠸᠧᠽᠢ ᠰᠢᠶᠠᠨ ᠤ ︽ᠯᠢᠨ | ᠬᠤ᠋ ᠡᠷᠳᠡᠨ ᠤ ᠴᠠᠶᠢᠵᠠ ᠵᠤᠭᠠᠴᠠᠯ︾ ᠵᠡᠷᠭᠡ ᠭᠠᠵᠠᠷ ᠨᠢ ᠨᠢᠭᠡᠨᠲᠡ ᠨᠡᠷᠡᠲᠦ ᠲᠡᠮᠳᠡᠭ ᠪᠤᠯᠤᠨ ᠪᠦᠷᠢᠳᠦᠵᠦ᠂ | ᠵᠢᠭᠤᠯᠴᠢᠯᠠᠯ ᠤᠨ ᠲᠥᠷᠥᠯ ᠵᠦᠢᠯ ᠤᠨ ᠡᠯᠪᠡᠭ ᠳᠡᠯᠪᠡᠭ ᠤᠨ ᠬᠡᠮᠵᠢᠶ᠎ᠡ ᠪᠠ ᠵᠢᠭᠤᠯᠴᠢᠯᠠᠭᠴᠢᠳ ᠢ ᠰᠡᠳᠬᠢᠯ ᠲᠠᠳᠠᠬᠤ | ᠬᠡᠮᠵᠢᠶ᠎ᠡ ᠪᠠᠷ ᠴᠥᠮ ᠪᠢᠳᠡᠨ ᠢ ᠠᠷᠤ ᠳᠠᠭᠠᠨ ᠤᠷᠬᠢᠳᠠᠭᠤᠯᠤᠭᠰᠠᠨ ᠪᠠᠶᠢᠨ᠎ᠠ᠃ ᠬᠡᠷᠪᠡ ᠪᠢᠳᠡ ᠪᠠᠰᠠ ᠯᠠ | ᠦᠪᠡᠷᠳᠡᠬᠡᠨ ᠰᠡᠳᠬᠢᠯ ᠬᠠᠨᠤᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠠᠯ᠎ᠠ ᠪᠠᠷ ᠡᠷᠡᠬᠡᠯᠵᠡᠨ ᠲᠠᠳᠠᠭᠠᠯᠵᠠᠵᠦ᠂ ᠠᠯᠲᠠᠨ ᠠᠶᠠᠭ᠎ᠠ ᠪᠠᠨ ᠪᠠᠷᠢᠵᠤ ᠪᠤᠳᠠᠭ᠎ᠠ ᠭᠤᠶᠤᠪᠠᠯ᠂ ᠡᠭᠦᠷᠢᠳᠡ ︽ᠬᠦᠮᠦᠨ | ᠠᠴᠠ ᠨᠢᠬᠡ ᠠᠯᠬᠤᠮ ᠤᠳᠠᠭᠠᠨ︾ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠪᠢᠳᠡ ︽ᠬᠦᠯᠢᠶᠡᠵᠦ︾ ᠳᠡᠶᠢᠯᠬᠦ | ᠥᠬᠡᠶ᠂ ᠨᠠᠩ ᠴᠤ ︽ᠤᠳᠠᠭᠠᠰᠢᠷᠠᠭᠤᠯᠵᠤ︾ ᠪᠣᠯᠬᠤ ᠥᠬᠡᠶ᠂ ᠵᠠᠪᠠᠯ ︽ᠬᠥᠭᠡᠭᠡᠵᠦ ᠬᠦᠢᠴᠡᠨ ᠳᠠᠪᠠᠵᠤ | ᠭᠠᠷᠬᠤ ᠪᠠᠷ ᠴᠢᠷᠮᠠᠶᠢᠬᠤ︾ ᠣᠶᠢᠯᠠᠭᠠᠭᠳᠠᠬᠤᠨ ᠢ ᠪᠣᠶ ᠪᠣᠯᠭᠠᠵᠤ᠂ ᠶᠡᠬᠡᠪᠡᠷ ᠠᠵᠢᠯᠯᠠᠨ ᠲᠦᠷᠭᠡᠨ ᠤᠷᠤᠭᠰᠢᠯᠠᠵᠤ᠂ | ᠥᠷᠯᠥᠭᠡ ᠦᠳᠡᠰᠢ ᠶᠢ ᠲᠡᠮᠡᠴᠡᠨ ᠵᠢᠳᠬᠦᠵᠦ᠂ ᠬᠤᠰᠢᠭᠤ ᠨᠠᠮ ᠤᠨ ᠬᠤᠷᠢᠶᠠᠨ ᠤ ᠳᠣᠭᠢᠷᠠᠭᠤᠯᠵᠤ | ᠪᠠᠶᠢᠷᠢᠯᠠᠭᠤᠯᠤᠭᠰᠠᠨ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠳᠠᠪᠠᠭᠤᠯᠤᠨ | ᠪᠡᠶᠡᠯᠡᠭᠦᠯᠬᠦ ᠬᠡᠷᠡᠭᠲᠡᠶ᠃ | ᠭᠤᠷᠪᠠ ᠳᠤ᠂ ︽ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ︾ ᠪᠠᠷ ︽ᠶᠠᠪᠤᠴᠠ ᠶᠢ | ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ ᠢ ᠬᠤᠪᠢᠷᠠᠭᠤᠯᠤᠨ᠎ᠠ᠃ | ᠴᠢᠩᠭ᠎ᠠ ᠠᠳᠬᠤᠬᠤ ᠦᠭᠡᠢ ᠪᠣᠯ ᠠᠳᠬᠤᠭᠰᠠᠨ ᠦᠭᠡᠢ ᠲᠠᠢ ᠠᠳᠠᠯᠢ ᠪᠠᠶᠢᠵᠦ᠂ ᠠᠳᠬᠤᠭᠰᠠᠨ ᠴᠤ ᠪᠣᠳᠠᠲᠠᠢ ᠪᠢᠰᠢ | ᠪᠣᠯ ᠲᠠᠯᠠᠭᠠᠷ ᠠᠳᠬᠤᠭᠰᠠᠨ ᠲᠠᠢ ᠠᠳᠠᠯᠢ ᠶᠤᠮ᠃ ᠵᠦᠪᠬᠡᠨ ᠶᠠᠷᠢᠵᠦ ᠬᠡᠯᠡᠬᠦ ᠳᠡᠭᠡᠨ ᠰᠠᠶᠢᠨ ᠯᠡ ᠪᠠᠶᠢᠵᠦ᠂ | ᠠᠵᠢᠯᠯᠠᠵᠦ ᠬᠢᠬᠦ ᠳᠡᠭᠡᠨ ︽ᠪᠠᠷᠰ ᠤᠨ ᠲᠣᠯᠣᠭᠠᠢ ᠪᠠᠷ ᠡᠬᠢᠯᠡᠬᠦᠯᠦᠬᠡᠳ ᠮᠣᠭᠠᠢ ᠶᠢᠨ ᠰᠡᠭᠦᠯ ᠢᠶᠠᠷ ᠲᠡᠬᠦᠰᠬᠡᠵᠦ︾ | ᠪᠣᠯᠬᠤ ᠦᠭᠡᠢ᠃ ᠮᠠᠨ ᠤ ᠬᠤᠰᠢᠭᠤᠨ ᠤ ᠮᠦᠽᠧᠶ᠂ ᠣᠷᠣᠰᠢᠭᠤᠯᠭ᠎ᠠ ᠶᠢᠨ ᠭᠠᠵᠠᠷ᠂ ᠠᠷᠠᠳ ᠲᠤ ᠠᠰᠢᠭ ᠬᠦᠷᠲᠡᠭᠡᠬᠦ | ᠬᠦᠷᠢᠶᠡᠯᠡᠩ ᠵᠡᠷᠭᠡ ᠲᠥᠷᠥᠯ ᠵᠤᠶᠢᠯ ᠢ ᠪᠥᠲᠥᠭᠡᠨ ᠪᠠᠶᠢᠭᠤᠯᠬᠤ ᠳᠠᠭᠠᠨ ᠨᠢᠭᠡ ᠯᠡ ᠬᠥᠭ ᠢᠶᠠᠷ ᠥᠨᠳᠥᠷ | ᠲᠦᠪᠰᠢᠨ ᠳᠤ ᠬᠥᠷᠬᠦ ᠶᠢ ᠬᠥᠭᠡᠭᠡᠴᠡᠯᠳᠦᠵᠦ᠂ ᠪᠥᠲᠥᠭᠡᠨ ᠪᠠᠶᠢᠭᠤᠯᠤᠭᠰᠠᠨ ᠤ ᠳᠠᠷᠠᠭ᠎ᠠ ᠬᠡᠨ ᠡᠵᠡᠩᠨᠡᠯᠲᠡ ᠬᠢᠬᠦ᠂ | ᠬᠡᠷᠬᠢᠨ ᠡᠵᠡᠩᠨᠡᠯᠲᠡ ᠪᠠᠨ ᠬᠠᠮᠢᠶᠠᠷᠬᠤ ᠥᠬᠡᠶ ᠵᠡᠷᠬᠡ ᠠᠴᠠ ᠪᠤᠯᠵᠦ᠂ ᠲᠥᠷᠥᠯ ᠵᠤᠶᠢᠯ ᠢ ᠪᠥᠲᠥᠭᠡᠨ | ᠪᠠᠶᠢᠭᠤᠯᠤᠭᠰᠠᠨ ᠤ ᠳᠠᠷᠠᠭ᠎ᠠ ᠬᠠᠮᠤᠭ ᠤᠨ ᠶᠡᠭᠡ ᠦᠷ᠎ᠡ ᠠᠰᠢᠭ ᠢ ᠴᠠᠭ ᠲᠤᠬᠠᠶ ᠳᠤᠨᠢ ᠭᠠᠷᠭᠠᠵᠤ ᠴᠢᠳᠠᠭᠰᠠᠨ ᠥᠬᠡᠶ᠃ | ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠲᠤᠭᠤᠰᠢᠲᠠᠢ ᠬᠢᠵᠦ᠂ ᠰᠠᠶᠢᠳᠦᠷ ᠬᠢᠬᠦ︾ ᠦᠷ᠎ᠡ | ᠳ᠋ᠦᠩ ᠤᠨ ᠤᠬᠠᠮᠰᠠᠷ᠂ ᠳᠠᠩᠰᠠ ᠲᠤᠰᠢᠶᠠᠬᠤ ᠤᠬᠠᠮᠰᠠᠷ ᠢ ᠪᠠᠲᠤ ᠪᠤᠢ ᠪᠣᠯᠭᠠᠵᠤ᠂ ᠬᠠᠷᠠᠯᠲᠠ ᠡᠭᠦᠷᠭᠡ ᠪᠦᠬᠦᠨ ᠢ | ᠴᠥᠮ ᠲᠤᠭᠤᠰᠢᠲᠠᠢ ᠨᠠᠶᠢᠳᠠᠪᠤᠷᠢᠵᠢᠭᠤᠯᠵᠤ᠂ ᠰᠠᠶᠢᠨ ᠢᠶᠠᠷ ᠡᠬᠢᠯᠡᠬᠦᠯᠦᠨ ᠰᠠᠶᠢᠨ ᠢᠶᠠᠷ ᠲᠡᠭᠦᠰᠬᠡᠬᠦ ᠶᠢ ᠦᠨᠡᠨ ᠬᠦ | ᠪᠠᠳᠤᠯᠠᠬᠤ ᠬᠡᠷᠡᠭᠲᠡᠢ᠃ | ᠳᠥᠷᠪᠡ ᠳᠤ᠂ ᠵᠣᠷᠢᠭᠲᠠᠶ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ︽ᠵᠣᠷ ᠥᠬᠡᠶ ᠪᠣᠯ ᠡᠮ | ᠥᠭᠬᠦ ᠵᠣᠷᠢᠭ ᠥᠬᠡᠶ︾ ᠠᠷᠭ᠎ᠠ ᠪᠠᠷᠢᠯ ᠢ ᠣᠷᠣᠯᠠᠭᠤᠯᠤᠨ᠎ᠠ᠃ ᠵᠠᠷᠢᠮ ᠺᠠᠳ᠋ᠷ ᠠᠵᠢᠯᠳᠠᠳ ᠠᠵᠢᠯ ᠢᠶᠠᠨ | ᠠᠬᠢᠭᠤᠯᠬᠤ ᠳᠤ ᠵᠥᠪᠬᠡᠨ ᠲᠡᠷᠡ ᠬᠡᠪ ᠢᠶᠠᠷ ᠨᠢ ᠬᠠᠭᠤᠯᠵᠤ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ᠂ ᠤᠴᠢᠷ | ᠶᠠᠪᠤᠳᠠᠯ ᠲᠣᠬᠢᠶᠠᠯᠳᠤᠭᠰᠠᠭᠠᠷ ᠯᠠ ᠡᠨᠡ ᠲᠡᠷᠡ ᠰᠢᠯᠲᠠᠭ ᠡᠷᠢᠵᠦ᠂ ᠨᠢᠭᠡ ᠤᠪᠤᠭ᠎ᠠ ᠬᠦᠴᠢᠷ ᠵᠤᠪᠠᠯᠠᠩ ᠢᠶᠠᠨ | ᠲᠤᠭᠠᠴᠠᠨ ᠲᠠᠲᠠᠭ ᠶᠠᠳᠠᠭ ᠭᠡᠵᠦ ᠯᠡ ᠪᠠᠶᠢᠳᠠᠭ᠃ ᠵᠢᠱᠢᠶᠡᠯᠡᠪᠡᠯ᠂ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢᠨ ᠶᠠᠪᠤᠴᠠ ᠳᠤ᠂ ᠵᠠᠷᠢᠮ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ᠂ ᠲᠣᠪᠴᠢ ᠲᠡᠮᠳᠡᠭᠯᠡᠯ | ᠠᠪᠬᠤ ᠶᠢ ᠯᠡ ᠮᠡᠳᠡᠵᠦ᠂ ᠬᠢᠨᠠᠨ ᠵᠥᠪᠰᠢᠶᠡᠷᠡᠬᠦ ᠵᠤᠶᠢᠯᠠᠰ ᠢ ᠤᠷᠢᠲᠠᠯ ᠨᠥᠬᠦᠴᠡᠯ ᠪᠣᠯᠭᠠᠵᠤ᠂ ᠡᠬᠢ ᠪᠠᠶᠠᠯᠢᠭ ᠢ | ᠪᠦᠷᠢᠯᠭᠡᠬᠦ ᠪᠠᠷ ᠪᠠᠷᠠᠬᠤ ᠥᠬᠡᠶ ᠬᠥᠭᠵᠢᠯᠲᠡ ᠶᠢ ᠴᠦ ᠤᠳᠠᠭᠠᠰᠢᠷᠠᠭᠤᠯᠵᠦ ᠪᠠᠶᠢᠨ᠎ᠠ᠃ ᠡᠨᠡ ᠵᠢᠯ ᠪᠢᠳᠡ ᠵᠢᠶᠠ ᠬᠤᠢ | ᠴᠠᠬᠢᠭᠤᠷ ᠤᠨ ᠦᠢᠯᠡᠰ ᠢ ᠲᠠᠬᠢᠨ ᠪᠠᠶᠢᠭᠤᠯᠬᠤ ᠶᠢ ᠠᠬᠢᠭᠤᠯᠬᠤ ᠪᠠᠷ ᠲᠤᠷᠰᠢᠯᠳᠠ ᠬᠢᠵᠦ᠂ ᠬᠥᠭᠵᠢᠭᠦᠯᠦᠯᠲᠡ | ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠴᠢᠨ ᠲᠤᠭᠤᠷᠢᠨ ᠤ ᠬᠠᠮᠠᠭᠠᠯᠠᠯᠲᠠ᠂ | ᠪᠠᠶᠢᠭᠠᠯᠢ ᠶᠢᠨ ᠡᠬᠢ ᠪᠠᠶᠠᠯᠢᠭ ᠵᠡᠷᠭᠡ ᠲᠦᠷᠦᠯ ᠵᠤᠶᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠢᠨᠠᠨ | ᠵᠥᠪᠰᠢᠶᠡᠷᠡᠬᠦ ᠨᠢᠬᠡᠴᠡ ᠤᠳ ᠳᠤᠲᠠᠭᠳᠠᠯ ᠢ ᠨᠢ ᠠᠭᠤᠴᠢᠯᠠᠨ ᠬᠦᠯᠢᠶᠠᠨ ᠠᠪᠴᠤ ᠰᠢᠢᠳᠪᠦᠷᠢᠯᠡᠬᠦ ᠪᠠ ᠤᠷᠢᠳ ᠢᠶᠠᠷ | ᠰᠢᠢᠳᠪᠦᠷᠢᠯᠡᠬᠦ ᠲᠣᠭᠲᠠᠴᠠ ᠶᠢ ᠪᠠᠷᠢᠮᠳᠠᠯᠠᠵᠦ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠵᠥᠷᠢᠴᠡᠬᠦ ᠦᠭᠡᠢ | ᠯᠡ ᠶᠤᠮ ᠪᠣᠯ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠲᠤᠷᠰᠢᠨ ᠠᠵᠢᠯᠯᠠᠵᠦ᠂ ︽ᠣᠶᠢᠯᠠᠭᠠᠬᠤ | ᠰᠡᠳᠬᠢᠬᠦᠢ︾ ᠶᠢ ᠲᠡᠷᠢᠭᠦᠨ ᠰᠣᠩᠭᠤᠯᠲᠠ᠂ ᠵᠠᠪᠠᠯ ᠰᠣᠩᠭᠤᠬᠤ ᠵᠦᠢᠯ ᠪᠣᠯᠭᠠᠵᠤ᠂ ᠠᠭᠤᠯᠠ ᠦᠵᠡᠪᠡᠯ ᠵᠠᠮ ᠨᠡᠬᠡᠬᠡᠨ | ᠂ ᠤᠰᠦ ᠦᠵᠡᠪᠡᠯ ᠬᠦᠬᠦᠷᠬᠡ ᠪᠠᠷᠢᠵᠦ᠂ ᠰᠢᠨ᠎ᠡ ᠤᠶᠢᠯᠠᠭᠠᠭᠳᠠᠬᠤᠨ᠂ ᠰᠢᠨ᠎ᠡ ᠰᠡᠳᠬᠢᠴᠠ ᠪᠠ ᠰᠢᠨ᠎ᠡ ᠠᠷᠭ᠎ᠠ ᠪᠠᠷ | ᠵᠦᠷᠢᠴᠠᠯ ᠠᠰᠠᠭᠤᠳᠠᠯ ᠢ ᠰᠢᠢᠳᠪᠦᠷᠢᠯᠡᠬᠦ ᠬᠡᠷᠡᠭᠳᠠᠢ᠃ | ᠲᠠᠪᠤ ᠳᠤ ᠪᠠᠶᠢᠯᠳᠤᠬᠤ ᠪᠤᠳᠤᠯᠭ᠎ᠠ ᠶᠢᠨ ᠬᠠᠷᠠᠴᠠ ᠪᠣᠯᠤᠨ ᠤᠷᠢᠳᠴᠢᠯᠠᠭᠰᠠᠨ ᠲᠥᠯᠥᠪᠵᠢᠭᠦᠯᠭᠡ ᠪᠠᠷ ︽ | ᠨᠢᠳᠤᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠢᠷᠡᠭᠡᠳᠦᠢ ᠶᠢ ᠬᠠᠷᠠᠬᠤ ᠦᠭᠡᠢ︾ ᠰᠡᠳᠬᠢᠴᠡ ᠶᠢ | ᠤᠷᠤᠯᠠᠭᠤᠯᠤᠨ᠎ᠠ᠃ ᠠᠭᠤᠷᠬᠠᠶ ᠴᠦ ᠨᠡᠬᠡᠬᠡᠯᠳᠠ ᠶᠢᠨ ᠠᠵᠢᠯ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠬᠦᠨᠳᠦ ᠨᠣᠴᠢᠲᠠᠶ ᠡᠪᠳᠡᠵᠦ᠂ ᠰᠢᠷᠬ᠎ᠠ ᠰᠣᠷᠪᠢ ᠪᠠᠷ ᠲᠦᠬᠦᠷᠦᠨ᠂ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠳᠤ ᠯᠤᠲᠤ ᠶᠡᠭᠡ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ | ᠬᠦᠴᠦ ᠣᠷᠣᠭᠤᠯᠤᠭᠰᠠᠨ ᠪᠠᠶᠢᠨ᠎ᠠ᠂ ᠭᠡᠪᠡᠴᠦ ᠠᠭᠤᠷᠬᠠᠶ ᠶᠢᠨ ᠠᠵᠤ ᠠᠬᠤᠶᠢᠯᠠᠯ ᠤᠨ ᠡᠳ᠋ ᠤᠨ ᠵᠠᠰᠠᠭ ᠤᠨ ᠭᠠᠶᠢᠯᠢ | ᠲᠠᠲᠠᠪᠤᠷᠢ ᠳᠤ ᠦᠵᠡᠭᠦᠯᠦᠭᠰᠡᠨ ᠬᠤᠪᠢ ᠨᠡᠮᠡᠷᠢ ᠨᠢ ᠲᠦᠢᠯ ᠤᠨ ᠪᠠᠭ᠎ᠠ᠂ ᠡᠨᠡ ᠪᠣᠯ ᠨᠢᠳᠦᠨ ᠡᠮᠦᠨᠡᠬᠢ ᠪᠠᠨ | ᠬᠠᠷᠠᠭᠠᠳ ᠠᠯᠤᠰ ᠬᠡᠲᠦ ᠶᠢ ᠥᠯᠥ ᠬᠠᠷᠠᠬᠤ ᠨᠡᠶᠢᠲᠡᠯᠢᠭ ᠠᠷᠭ᠎ᠠ ᠪᠠᠷᠢᠯ ᠪᠣᠯᠤᠨ᠎ᠠ᠃ ᠬᠤᠶᠢᠴᠢ ᠦᠶ᠎ᠡ ᠶᠢᠨ ᠬᠢᠨ | ᠳᠠᠭᠠᠨ ᠬᠦᠬᠡ ᠣᠭᠲᠠᠷᠭᠤᠢ᠂ ᠨᠣᠭᠤᠭᠠᠨ ᠲᠠᠯ᠎ᠠ᠂ ᠲᠤᠩᠭᠠᠯᠠᠭ ᠤᠰᠤ ᠦᠯᠡᠳᠡᠭᠡᠬᠦ ᠪᠣᠯ ᠪᠢᠳᠡᠨ ᠤ ᠵᠠᠶᠢᠯᠠᠭᠤᠯᠵᠤ | ᠪᠣᠯᠤᠰᠢ ᠦᠭᠡᠢ ᠬᠠᠷᠢᠭᠤᠴᠠᠯᠭ᠎ᠠ ᠮᠥᠨ᠂ ᠶᠠᠭᠠᠬᠢᠭᠰᠠᠨ ᠴᠤ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠨᠢᠭᠡ | ᠴᠠᠭ ᠤᠨ ᠬᠥᠭᠵᠢᠯᠲᠡ ᠶᠢ ᠰᠣᠯᠢᠵᠤ ᠠᠪᠴᠢᠷᠠᠵᠤ ᠪᠣᠯᠬᠤ ᠦᠭᠡᠢ᠃ ᠪᠦᠬᠦ ᠬᠤᠰᠢᠭᠤ ᠪᠠᠷ ᠢᠶᠠᠨ ᠶᠡᠭᠡ ᠲᠠᠯ᠎ᠠ ᠪᠦᠬᠦ | ᠲᠠᠯ᠎ᠠ ᠠᠴᠠ ᠭᠠᠷᠳᠠᠨ᠂ ᠪᠦᠬᠦ ᠬᠤᠰᠢᠭᠤᠨ ᠤ 21 ᠲᠦᠮᠡᠨ ᠠᠷᠠᠳ ᠲᠦᠮᠡᠨ ᠤ ᠦᠨᠳᠦᠰᠦᠨ ᠠᠰᠢᠭ ᠲᠤᠰᠠ ᠠᠴᠠ | ᠡᠭᠦᠰᠴᠦ᠂ ᠠᠰᠠᠭᠤᠳᠠᠯ ᠢ ᠪᠣᠳᠣᠯᠬᠢᠯᠠᠨ᠂ ᠤᠴᠢᠷ ᠶᠠᠪᠤᠳᠠᠯ ᠬᠢᠵᠦ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ | ᠠᠷᠠᠳ ᠲᠦᠮᠡᠨ ᠳᠤ ᠨᠢᠳᠤᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠠᠰᠢᠭ ᠲᠤᠰᠠ ᠬᠦᠷᠲᠡᠬᠦ ᠪᠣᠳᠠᠲᠤ | ᠶᠠᠪᠤᠳᠠᠯ ᠢ ᠬᠢᠵᠦ᠂ ᠬᠥᠭᠵᠢᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ᠃ | ᠵᠢᠷᠭᠤᠭ᠎ᠠ ᠳᠤ ︽ᠤᠷᠠᠨ ᠳᠠᠷᠬᠠᠨ ᠤ ᠵᠣᠷᠢᠭ ᠰᠠᠨᠠᠭ᠎ᠠ︾ ᠪᠠᠷ ︽ᠨᠠᠷᠢᠨ ᠵᠤᠶᠢᠯᠠᠰ ᠢ ᠡᠷᠬᠢᠮᠯᠡᠬᠦ ᠥᠬᠡᠶ᠂ | ᠪᠠᠷᠤᠭ ᠲᠥᠯᠥᠪ ᠪᠣᠯ ᠪᠣᠯᠴᠢᠬᠠᠨ᠎ᠠ︾ ᠭᠡᠬᠦ ᠰᠡᠳᠬᠢᠴᠡ ᠶᠢ ᠤᠷᠤᠯᠠᠭᠤᠯᠤᠨ᠎ᠠ᠃ ᠳᠥᠷᠪᠡᠳ ᠬᠤᠰᠢᠭᠤᠨ ᠤ ᠺᠠᠳ᠋ᠷ | ᠤᠯᠠᠨ ᠲᠦᠮᠡᠨ ᠦᠨᠡᠨᠴᠢ ᠬᠠᠯᠠᠭᠤᠮᠰᠤᠭ᠂ ᠪᠠᠭ᠎ᠠ ᠰᠠᠭ᠎ᠠ ᠶᠠᠪᠤᠳᠠᠯ ᠢ ᠬᠠᠶᠢᠬᠤᠷᠬᠤ ᠦᠭᠡᠢ ᠪᠠᠶᠢᠳᠠᠭ᠂ ᠡᠨᠡ ᠨᠢ | ᠨᠠᠶᠢᠵᠠᠯᠠᠨ ᠵᠤᠴᠢᠯᠠᠬᠤ ᠲᠠᠯ᠎ᠠ ᠪᠠᠷ ᠰᠠᠶᠢᠨ ᠤᠯᠠᠮᠵᠢᠯᠠᠯ ᠪᠣᠯᠪᠠᠴᠤ ᠠᠵᠢᠯ ᠬᠢᠵᠦ᠂ ᠬᠥᠭᠵᠢᠯᠲᠡ ᠶᠢ ᠠᠳᠬᠤᠬᠤ ᠲᠠᠯ᠎ᠠ | ᠪᠠᠷ ᠡᠶᠢᠮᠦᠷᠬᠦ ᠠᠯᠠᠩ ᠰᠠᠯᠠᠩ ᠪᠠᠶᠢᠵᠦ ᠪᠣᠯᠬᠤ ᠦᠭᠡᠢ ᠶᠤᠮ᠃ ᠮᠠᠨ ᠤ ᠬᠤᠰᠢᠭᠤᠨ ᠤ ᠦᠵᠡᠮᠵᠢ ᠶᠢᠨ ᠣᠷᠣᠨ | ᠵᠢᠭᠤᠯᠴᠢᠯᠠᠯ ᠤᠨ ᠴᠢᠭ ᠪᠠ ᠮᠠᠯᠴᠢᠨ ︵ᠲᠠᠷᠢᠶᠠᠴᠢᠨ︶ ᠠᠶᠢᠯ ᠤᠨ ᠬᠤᠭᠤᠯᠠᠨ ᠬᠡᠷ ᠡᠷᠬᠢᠯᠡᠵᠦ ᠪᠠᠶᠢᠭ᠎ᠠ ᠡᠷᠦᠬᠡ ᠨᠢ | 120 ᠭᠠᠷᠤᠢ ᠪᠠᠶᠢᠵᠤ᠂ ᠣᠯᠠᠩᠬᠢ ᠨᠢ ᠡᠮᠬᠢ ᠵᠠᠮᠪᠠᠷᠠᠭ᠎ᠠ ᠦᠭᠡᠢ ᠪᠤᠷᠦ ᠪᠦᠳᠦᠭᠦᠯᠢᠭ ᠡᠵᠡᠩᠨᠡᠵᠦ᠂ ᠬᠠᠩᠭᠠᠭᠰᠠᠨ | ᠬᠤᠭᠤᠯᠠ ᠪᠤᠳᠠᠭ᠎ᠠ᠂ ᠢᠳᠡᠭᠡᠨ ᠤ ᠵᠠᠭᠪᠤᠷ ᠨᠢ ᠴᠦᠮ ᠠᠳᠠᠯᠢᠬᠠᠨ ᠪᠠᠶᠢᠵᠦ᠂ ᠡᠷᠡᠭᠦᠯ ᠬᠠᠮᠠᠭᠠᠯᠠᠯ ᠤᠨ ᠨᠥᠬᠦᠴᠡᠯ | ᠪᠠᠷᠤᠭᠳᠠᠢ᠂ ᠢᠯᠠᠭ᠎ᠠ ᠪᠠᠲᠠᠭᠠᠨ᠎ᠠ ᠭᠠᠵᠠᠷ ᠰᠠᠢ ᠦᠭᠡᠢ ᠨᠢᠰᠴᠦ᠂ ᠬᠡᠷᠡᠭᠯᠡᠭᠡ ᠶᠢᠨ ᠵᠠᠷᠤᠳᠠᠯ ᠥᠨᠳᠥᠷ᠂ | ᠵᠢᠭᠤᠯᠴᠢᠯᠠᠭᠰᠠᠳ ᠤᠨ ᠪᠠᠶᠠᠴᠢᠯᠠᠨ ᠣᠶᠢᠯᠠᠭᠠᠯᠲᠠ ᠠᠨᠠᠢ᠂ ᠡᠨᠡ ᠪᠣᠯ ᠨᠡᠶᠢᠲᠡᠯᠢᠭ ︽ᠨᠢᠭᠡ ᠯᠡ ᠤᠳᠠᠭᠠᠨ ᠤ | ᠠᠷᠠᠯᠵᠢᠶ᠎ᠠ︾ ᠪᠣᠯᠤᠨ᠎ᠠ᠃ ᠵᠢᠭᠤᠯᠴᠢᠯᠠᠯ ᠤᠨ ᠦᠢᠯᠡᠰ ᠠᠴᠠ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ | ᠬᠦᠷᠲᠡᠯ᠎ᠡ᠂ ᠡᠷᠬᠡᠪᠰᠢ ᠵᠡᠷᠬᠡ ᠲᠡᠰ ᠢᠶᠠᠨ ᠳᠡᠪᠰᠢᠭᠦᠯᠵᠦ᠂ ᠨᠠᠷᠢᠨ ᠵᠦᠢᠯᠡᠰ ᠢ ᠰᠠᠶᠢᠲᠤᠷ ᠪᠣᠳᠣᠯᠬᠢᠯᠠᠨ᠂ | ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠨᠠᠷᠢᠯᠢᠭ ᠤᠨᠤᠴᠢᠳᠠᠢ ᠰᠠᠶᠢᠳᠦᠷ ᠬᠢᠵᠦ᠂ ᠬᠢᠵᠠᠭᠠᠷ ᠲᠠᠢ ᠡᠳ᠋ ᠤᠨ | ᠬᠦᠴᠦᠨ ᠢᠶᠠᠷ ᠪᠣᠳᠠᠲᠠᠢ ᠲᠠᠢ ᠨᠡᠶᠢᠴᠡᠬᠦ ᠦᠭᠡᠢ᠂ ᠶᠡᠭᠡ ᠶᠢ ᠰᠠᠨᠠᠭᠠᠰᠢᠷᠠᠭᠰᠠᠨ ︽ᠬᠡᠭᠡᠨᠴᠢᠷᠯᠡᠯ ᠤᠨ ᠡᠳ᠋ᠯᠡᠯ︾᠂ ︽ | ᠲᠡᠭᠡᠭᠡᠷ᠎ᠡ ᠪᠤᠯᠬᠤ ᠵᠤᠶᠢᠯᠡᠰ︾ ᠬᠢᠬᠦ ᠶᠢ ᠡᠷᠡᠰ ᠲᠡᠪᠴᠢᠵᠦ᠂ ᠠᠯᠢᠪᠠ ᠶᠠᠪᠤᠳᠠᠯ ᠢ ᠬᠢᠬᠦ ᠳᠡᠭᠡᠨ ᠶᠡᠭᠡ ᠪᠠᠷ ᠤᠷᠬᠢᠵᠦ᠂ | ᠪᠠᠷᠤᠭ ᠲᠦᠯᠦᠪ ᠪᠤᠯᠴᠢᠬᠠᠳᠠᠭ ᠵᠤᠷᠰᠢᠯ ᠢ ᠡᠷᠡᠰ ᠲᠠᠶᠠᠭᠳᠠᠨ᠂ ︽ᠤᠷᠠᠨ ᠳᠠᠷᠬᠠᠨ ᠤ ᠵᠣᠷᠢᠭ ᠰᠠᠨᠠᠭ᠎ᠠ︾ ᠶᠢ | ᠢᠯᠡᠭᠦᠬᠡᠨ ᠪᠠᠳᠠᠷᠠᠭᠤᠯᠵᠦ᠂ ᠨᠠᠷᠢᠯᠢᠭ ᠰᠠᠶᠢᠬᠠᠨ ᠢ ᠴᠣᠭᠴᠠᠯᠠᠬᠤ᠂ ᠢᠳᠡᠪᠬᠢᠯᠡᠨ ᠴᠢᠷᠮᠠᠶᠢᠬᠤ ᠳᠤᠮᠳᠠ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ | ᠲᠤᠯᠤᠭ᠎ᠠ ᠳᠤ ᠴᠤ᠋ ᠰᠢᠨ᠎ᠡ ᠵᠠᠬ᠎ᠠ ᠳᠡᠯᠭᠡᠭᠦᠷ ᠤᠨ ᠦᠵᠡᠯᠲᠡ ᠪᠠᠷ ︽ᠦᠢᠯᠡᠳᠪᠦᠷᠢᠯᠡᠯ ᠢ ᠴᠢᠬᠤᠯᠠᠴᠢᠯᠠᠵᠤ | ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠰᠢᠨᠡᠳᠬᠡᠨ᠎ᠡ᠃ ᠮᠠᠨ ᠤ ᠬᠤᠰᠢᠭᠤᠨ ᠤ ᠲᠥᠮᠥᠰᠥ᠂ ᠦᠬᠡᠷ | ᠬᠤᠨᠢᠨ ᠮᠢᠬᠠᠨ ᠤ ᠭᠠᠷᠤᠯᠲᠠ ᠥᠨᠳᠥᠷ ᠴᠢᠨᠠᠷ ᠰᠠᠶᠢᠨ ᠪᠠᠶᠢᠵᠦ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠵᠠᠬ᠎ᠠ ᠳᠡᠯᠭᠡᠭᠦᠷᠴᠢᠯᠡᠭᠰᠡᠨ᠂ ᠲᠥᠷᠥᠯ ᠲᠡᠮᠳᠡᠭᠵᠢᠭᠰᠡᠨ ᠪᠠ ᠳᠡᠭᠡᠳᠦ ᠲᠠᠰ ᠤᠨ | ᠬᠥᠭᠵᠢᠯᠲᠡ ᠶᠢ ᠶᠡᠬᠡᠪᠡᠷ ᠠᠬᠢᠭᠤᠯᠤᠭᠰᠠᠨ ᠪᠣᠯᠪᠠᠴᠤ᠂ ᠭᠠᠳᠠᠭᠠᠳᠤ ᠲᠤᠳᠤᠭᠠᠳᠦ ᠶᠢᠨ ᠳᠦᠷᠢ ᠲᠥᠷᠬᠦ ᠡᠰᠡᠬᠦᠯ᠎ᠡ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠯ᠎ᠠ ᠪᠠᠷ ᠬᠢ ᠵᠠᠬ᠎ᠠ ᠳᠡᠯᠭᠡᠭᠦᠷ ᠤᠨ | ᠪᠣᠷᠣᠯᠠᠭᠤᠯᠭ᠎ᠠ ᠶᠢᠨ ᠦᠵᠡᠯᠲᠡ ᠪᠠᠰᠠ ᠨᠡᠯᠢᠶᠡᠳ ᠬᠤᠴᠣᠷᠤᠩᠭᠤᠶ ᠪᠠᠶᠢᠵᠤ᠂ ︽ᠬᠡᠷᠡᠭᠯᠡᠭᠴᠢᠳ ᠢᠶᠠᠷ ᠭᠤᠤᠯ | ᠪᠣᠯᠭᠠᠬᠤ︾ ᠭᠦᠨᠴᠡ ᠪᠠ ᠡᠷᠴᠢᠮ ᠪᠠᠰᠠ ᠬᠦᠷᠦᠯᠴᠡᠬᠦ ᠥᠬᠡᠶ ᠪᠡᠶᠢᠨ᠎ᠡ᠃ ᠲᠥᠮᠥᠰᠥ᠂ ᠦᠬᠡᠷ ᠬᠤᠨᠢᠨ ᠮᠢᠬ᠎ᠠ ᠶᠢᠨ | ᠣᠯᠠᠩᠬᠢ ᠨᠢ ᠠᠩᠬᠠᠨ ᠤ ᠪᠦᠲᠦᠭᠡᠭᠳᠡᠬᠦᠨ ᠢᠶᠠᠷ ᠪᠣᠷᠣᠯᠠᠭᠤᠯᠤᠭᠳᠠᠵᠤ᠂ ᠨᠡᠮᠡᠯᠲᠡ ᠥᠷᠲᠡᠭ ᠨᠢ ᠥᠨᠳᠥᠷ ᠪᠢᠰᠢ | ᠪᠠᠶᠢᠵᠤ᠂ ᠨᠠᠩ ᠴᠤ ᠲᠥᠮᠥᠰᠥ ᠶᠢ ᠠᠯᠮᠤᠷᠠᠳ ᠤᠨ ᠦᠨ᠎ᠡ ᠳᠤ ᠬᠦᠷᠬᠡᠬᠦ ᠶᠢᠨ ᠠᠷᠭ᠎ᠠ ᠦᠭᠡᠢ ᠶᠤᠮ᠃ ᠪᠢᠳᠡ | ᠡᠷᠬᠡᠪᠰᠢ ᠴᠤ᠋ ᠰᠢᠨ᠎ᠡ ᠵᠠᠬ᠎ᠠ ᠳᠡᠯᠭᠡᠭᠦᠷ ᠤᠨ ᠦᠵᠡᠯᠲᠡ ᠶᠢ ᠪᠤᠢ ᠪᠣᠯᠭᠠᠵᠤ᠂ ᠲᠤᠰ ᠤᠳᠠᠭ᠎ᠠ ᠪᠢᠳᠠ ︽ᠠᠶᠢᠯ | ᠪᠤᠯᠭᠠᠨ ᠦᠬᠡᠷ ᠬᠤᠨᠢ ᠲᠡᠵᠢᠬᠡᠬᠦ᠂ ᠡᠷᠦᠬᠡ ᠪᠤᠯᠭᠠᠨ ᠡᠯᠧᠺᠲᠷᠤᠨ ᠬᠤᠳᠠᠯᠳᠤᠭ᠎ᠠ ᠡᠷᠬᠢᠯᠡᠬᠦ︾ ᠶᠢ ᠲᠤᠷᠠᠳᠤᠨ᠂ | ᠲᠠᠷᠤᠢ ᠬᠢᠯᠪᠠᠷᠬᠠᠨ ᠢᠷᠡᠬᠦ ᠵᠤᠭᠤᠰ ᠢ ᠠᠳᠬᠤᠬᠤ ᠪᠠᠷ ᠪᠠᠷᠠᠬᠤ ᠦᠭᠡᠢ ︽ᠨᠠᠷᠢᠨ ᠵᠣᠭᠤᠰ︾᠂ ︽ᠤᠳᠠᠭᠠᠨ | ᠵᠣᠭᠤᠰ︾ ᠢ ᠴᠤ ᠠᠳᠬᠤᠬᠤ ᠬᠡᠷᠡᠭᠲᠡᠢ᠂ ︽ᠢᠯᠡ ᠵᠣᠭᠤᠰ︾ ᠶᠡᠭᠡ ᠬᠤᠪᠢ ᠶᠢ ᠡᠵᠡᠯᠡᠨ᠂ ︽ᠢᠯᠡ ᠪᠤᠰᠤ | ᠵᠣᠭᠤᠰ︾ ᠢ ᠴᠤ ᠠᠷᠭ᠎ᠠ ᠰᠦᠪᠡᠭᠴᠢᠯᠡᠨ ᠪᠡᠯᠡᠨ ᠵᠣᠭᠤᠰ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠬᠡᠯᠬᠢᠶ᠎ᠡ ᠶᠢ ᠦᠷᠬᠡᠳᠬᠡᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠵᠦ᠂ ᠮᠠᠨ ᠤ | ᠦᠢᠯᠡᠳᠬᠦᠨ ᠢᠶᠠᠨ ᠢᠯᠡᠭᠦᠦ ᠦᠷᠳᠡᠭ ᠨᠡᠮᠡᠭᠳᠡᠭᠦᠯᠵᠦ᠂ ᠢᠯᠡᠭᠦᠦ ᠠᠰᠢᠭ ᠣᠯᠵᠠᠪᠤᠷᠢ ᠲᠠᠢ ᠪᠤᠯᠭᠠᠨ᠂ ᠠᠷᠠᠳ | ᠢᠷᠭᠡᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠳᠦᠮᠵᠢ ᠶᠢ ᠨᠡᠩ ᠢᠯᠡᠭᠦᠦ ᠡᠳ᠋ᠯᠡᠭᠦᠯᠬᠦ ᠬᠡᠷᠡᠭᠲᠡᠢ᠃ | ᠳᠡᠭᠡᠷᠡᠬᠢ ᠦᠵᠡᠯ ᠰᠠᠨᠠᠭ᠎ᠠ ᠦᠵᠡᠯᠲᠡ ᠲᠠᠨᠢᠯᠲᠠ ᠶᠢ ᠣᠯᠠᠨ ᠢᠶᠠᠷ ᠢᠶᠠᠨ ᠪᠠᠶ᠎ᠠ ᠳᠡᠭᠡᠨ ᠲᠤᠬᠤᠨ ᠠᠰᠢᠭᠯᠠᠵᠦ᠂ | ᠣᠨᠴᠠᠭᠠᠶᠢᠯᠠᠨ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠬᠡᠰᠢᠬᠦᠨ ᠨᠡᠷ | ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷ᠎ᠡ ᠭᠦᠨᠵᠡᠭᠡᠶ ᠬᠠᠷᠭᠤᠭᠤᠯᠤᠨ ᠪᠠᠶᠢᠴᠠᠭᠠᠵᠤ᠂ ᠯᠠᠪᠳᠠᠭᠤᠨ ᠪᠠᠲᠤᠲᠠᠶ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠵᠥᠪ ᠣᠨᠣᠪᠴᠢᠲᠠᠶ ᠬᠥᠭᠵᠢᠯᠲᠡ ᠶᠢᠨ ᠦᠵᠡᠯᠲᠡ᠂ | ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠶ ᠪᠣᠯᠭᠠᠵᠤ᠂ ᠪᠤᠳᠤᠯ ᠰᠡᠳᠬᠢᠯ ᠲᠤᠳᠤᠷᠠᠬᠢ ᠴᠠᠭ ᠦᠶ᠎ᠠ ᠲᠠᠢ | ᠲᠤᠬᠢᠷᠠᠬᠤ ᠦᠭᠡᠢ ᠬᠡᠷᠡᠭ ᠦᠭᠡᠢ ᠵᠤᠶᠢᠯᠡᠰ ᠢᠶᠠᠨ ᠡᠷᠳᠡᠬᠡᠨ ᠲᠠᠶᠠᠭᠳᠠᠨ᠂ ᠬᠥᠭᠵᠢᠯᠲᠡ ᠶᠢ ᠶᠡᠬᠡᠪᠡᠷ ᠠᠳᠬᠤᠬᠤ | ᠴᠤᠭ ᠰᠦᠯᠳᠡ ᠶᠢ ᠪᠥᠬᠦ ᠲᠠᠯ᠎ᠠ ᠪᠠᠷ ᠪᠠᠳᠠᠷᠠᠭᠤᠯᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ | ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ | ᠃ | ᠬᠤᠶᠠᠷ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠵᠠᠮ ᠢᠶᠠᠨ | ᠣᠨᠣᠪᠴᠢᠲᠠᠢ ᠡᠷᠢᠨ᠂ ᠰᠢᠪᠲᠤᠯᠤᠯᠲᠠ ᠶᠢ ᠡᠷᠢᠯᠬᠢᠯᠡᠵᠤ᠂ ᠣᠳᠣᠬᠢᠴᠢᠯᠠᠭᠰᠠᠨ ᠳᠥᠷᠪᠡᠳ ᠬᠤᠰᠢᠭᠤ ᠶᠢ ᠪᠦᠲᠦᠭᠡᠨ | ᠪᠠᠶᠢᠭᠤᠯᠬᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | 2023 ᠣᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠷᠢᠨ ᠪᠦᠲᠦᠨ᠂ ᠵᠦᠪ | ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ | ᠲᠦᠯᠦᠪᠵᠢᠭᠦᠯᠦᠨ᠂ ᠬᠥᠭᠵᠢᠯᠲᠡ ᠪᠠ ᠠᠮᠤᠷ ᠲᠦᠪᠰᠢᠨ ᠢ ᠴᠦ ᠨᠠᠩ ᠰᠠᠶᠢᠲᠤᠷ ᠨᠢᠭᠡᠳᠦᠯᠲᠡᠶ ᠲᠦᠯᠦᠪᠵᠢᠭᠦᠯᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ | ᠨᠡᠮᠡᠭᠳᠡᠭᠦᠯᠵᠤ᠂ ᠲᠣᠭᠲᠠᠭᠤᠨ ᠨᠡᠮᠡᠭᠳᠡᠯ ᠂ ᠲᠣᠭᠲᠠᠭᠤᠨ ᠠᠵᠢᠯ ᠣᠯᠭᠤᠯᠲᠠ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠲᠤᠪᠤᠶᠢᠯᠠᠭᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠂ | ᠯᠠᠪᠳᠠᠭᠤᠨ ᠮᠥᠷᠲᠡᠭᠡᠨ ᠲᠦᠷᠭᠡᠨ ᠤᠷᠤᠭᠰᠢᠯᠠᠬᠤ᠂ ᠯᠠᠪᠳᠠᠭᠤᠨ ᠮᠥᠷᠲᠡᠭᠡᠨ ᠰᠢᠯᠢᠳᠡᠭ ᠢᠶᠠᠷ ᠤᠷᠤᠭᠰᠢᠯᠠᠬᠤ ᠶᠢ | ᠪᠠᠷᠢᠮᠳᠠᠯᠠᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ︽ᠳᠥᠷᠪᠡᠨ ᠶᠡᠭᠡ | ᠭᠤᠤᠯᠯᠠᠬᠤ ᠠᠵᠤ ᠦᠢᠯᠡᠰ︾ ᠢ ᠬᠥᠭᠵᠢᠭᠦᠯᠬᠦ ᠪᠠᠷ ︽ᠵᠠᠭᠤᠨ ᠳ᠋ᠦᠩᠰᠢᠭᠤᠷ ᠤᠨ ᠲᠠᠰ ᠤᠨ ᠲᠠᠪᠤᠨ ᠠᠵᠤ ᠦᠢᠯᠡᠰ | ᠤᠨ ᠪᠥᠭᠡᠮᠨᠡᠷᠡᠯ︾ ᠢ ᠳᠥᠯᠭᠢᠨ ᠠᠬᠢᠭᠤᠯᠬᠤ ᠪᠠᠷ ᠭᠠᠷᠳᠠᠴᠠ ᠪᠤᠯᠭᠠᠨ᠂ ︽ᠵᠢᠷᠭᠤᠭᠠᠨ ᠴᠤ᠋ ᠰᠢᠨ᠎ᠡ ᠲᠦᠷᠪᠡᠳ︾ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ | ᠪᠠᠷᠢᠮᠳᠠᠯᠠᠨ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠶ | ᠨᠡᠮᠡᠭᠳᠡᠯ ᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ | ᠳᠥᠷᠪᠡᠳ ᠤᠨ ᠬᠤᠪᠢ ᠨᠡᠮᠡᠷᠢ ᠶᠢ ᠦᠵᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠡᠷᠬᠡᠪᠰᠢ ᠵᠠᠩᠭᠢᠯᠠᠭ᠎ᠠ ᠶᠢ ᠠᠳᠬᠤᠵᠤ᠂ ᠬᠦᠴᠦᠯᠡᠬᠦ ᠴᠡᠭ | ᠪᠠ ᠰᠢᠪᠲᠤᠯᠤᠯᠲᠠ ᠶᠢᠨ ᠴᠡᠭ ᠢ ᠣᠨᠣᠪᠴᠢᠲᠠᠢ ᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠣᠶᠤᠨ ᠴᠢᠳᠠᠯ ᠢᠶᠠᠨ ᠬᠠᠮᠳᠤᠳᠬᠠᠨ ᠰᠢᠪᠲᠤᠯᠤᠯᠲᠠ ᠭᠠᠷᠭᠠᠵᠤ᠂ ᠪᠣᠭᠤᠮᠲᠠ ᠰᠢᠪᠲᠤᠯᠤᠨ | ᠬᠥᠭᠵᠢᠯᠲᠡ ᠶᠢ ᠰᠦᠪᠡᠭᠴᠢᠯᠡᠵᠦ᠂ ᠳᠥᠷᠪᠡᠳ ᠬᠤᠰᠢᠭᠤᠨ ᠤ ᠪᠦᠬᠦ ᠬᠤᠲᠠ᠂ ᠪᠦᠬᠦ ᠣᠷᠣᠨ ᠤ ᠬᠥᠭᠵᠢᠯᠲᠡ ᠶᠢᠨ | ᠶᠡᠭᠡ ᠲᠠᠯ᠎ᠠ ᠳᠠᠬᠢ ᠬᠤᠪᠢ ᠵᠢᠩ ᠪᠠ ᠣᠷᠣᠨ ᠳᠠᠷᠠᠭᠠᠯᠠᠯ ᠢ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ | ︵ᠨᠢᠭᠡ︶ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠪᠢᠳᠡ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠬᠡᠪᠡᠷ ᠠᠳᠬᠤᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ | ᠪᠠᠲᠤ ᠪᠠᠬᠢ ᠪᠤᠢ ᠪᠣᠯᠭᠠᠵᠤ᠂ ᠪᠦᠬᠦ ᠬᠤᠰᠢᠭᠤᠨ ᠤ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠤᠨ | ᠬᠥᠭᠵᠢᠯᠲᠡ ᠶᠢᠨ ᠬᠦᠴᠦᠯᠡᠴᠡ ᠶᠢ ᠨᠡᠮᠡᠭᠳᠡᠭᠦᠯᠦᠨ᠂ ᠪᠦᠬᠦ ᠬᠤᠰᠢᠭᠤᠨ ᠤ ᠠᠵᠤ ᠦᠢᠯᠡᠰ ᠤᠨ ᠣᠳᠣᠬᠢ ᠪᠠᠶᠢᠳᠠᠯ ᠪᠠ | ᠬᠥᠭᠵᠢᠯᠲᠡ ᠪᠠᠨ ᠲᠦᠷᠭᠡᠳᠬᠡᠬᠦ ᠶᠡᠷᠦᠩᠬᠡᠢ ᠱᠠᠭᠠᠷᠳᠠᠯᠭ᠎ᠠ ᠶᠢ ᠪᠠᠷᠢᠮᠳᠠᠯᠠᠵᠤ᠂ 2023 ᠣᠨ ᠠᠴᠠ 2025 ᠣᠨ | ᠪᠣᠯᠲᠠᠯ᠎ᠠ᠂ ᠭᠤᠷᠪᠠᠨ ᠵᠢᠯ ᠤᠨ ᠬᠤᠭᠤᠴᠠᠭ᠎ᠠ ᠶᠢ ᠬᠡᠷᠡᠭᠰᠡᠵᠦ᠂ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ᠂ | ᠢᠳᠡᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ᠂ ᠵᠢᠭᠤᠯᠴᠢᠯᠠᠯ ᠤᠨ ᠦᠢᠯᠡᠰ ᠢᠶᠠᠷ ᠭᠤᠤᠯ ᠤᠳᠤᠷᠢᠳᠤᠮᠵᠢ | ᠪᠣᠯᠭᠠᠭᠰᠠᠨ ᠭᠤᠷᠪᠠᠳᠤᠭᠠᠷ ᠠᠵᠤ ᠦᠢᠯᠡᠰ ᠤᠨ ᠵᠠᠭᠤᠨ ᠳ᠋ᠦᠩᠰᠢᠭᠤᠷ ᠲᠠᠰ ᠤᠨ 3 ᠠᠵᠤ ᠦᠢᠯᠡᠰ ᠤᠨ | ᠪᠦᠬᠡᠮᠨᠡᠷᠡᠯ ᠢ ᠪᠠᠶᠢᠭᠤᠯᠤᠨ᠎ᠠ︔ 2023 ᠣᠨ ᠠᠴᠠ 2027 ᠣᠨ ᠪᠣᠯᠲᠠᠯ᠎ᠠ᠂ ᠲᠠᠪᠤᠨ ᠵᠢᠯ ᠤᠨ ᠬᠤᠭᠤᠴᠠᠭ᠎ᠠ ᠶᠢ | ᠬᠡᠷᠡᠭᠰᠡᠵᠦ᠂ ᠰᠢᠨ᠎ᠡ ᠡᠨᠧᠷᠭᠢ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠠᠭᠤᠨ ᠳ᠋ᠦᠩᠰᠢᠭᠤᠷ | ᠲᠠᠰ ᠤᠨ 2 ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠨ᠎ᠠ᠃ 2025 ᠣᠨ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠵᠠᠭᠤᠨ ᠳ᠋ᠦᠩᠰᠢᠭᠤᠷ ᠲᠥᠭᠦᠷᠢᠭ ᠢ ᠲᠠᠪᠠᠭᠤᠯᠵᠤ᠂ 2027 ᠣᠨ ᠳᠤ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 120 ᠳ᠋ᠦᠩᠰᠢᠭᠤᠷ ᠲᠥᠭᠦᠷᠢᠭ ᠢ ᠲᠠᠪᠠᠭᠤᠯᠤᠨ᠎ᠠ᠃ | ᠨᠢᠭᠡ ᠳᠤ᠂ ᠶᠡᠬᠡᠪᠡᠷ ᠠᠵᠢᠯᠯᠠᠵᠤ ᠲᠦᠷᠭᠡᠨ ᠰᠢᠨ᠎ᠡ ᠡᠨᠧᠷᠭᠢ ᠶᠢᠨ ᠰᠤᠷᠪᠤᠯᠵᠢ ᠲᠠᠢ ᠪᠣᠯᠭᠠᠨ᠎ᠠ᠃ ᠶᠡᠷᠦᠩᠬᠡᠶ ᠱᠦᠵᠢ | ᠰᠢ ᠶᠢᠨ ᠫᠢᠩ ᠤᠨ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠴᠡᠭᠡᠵᠢᠯᠡᠵᠤ᠂ ᠰᠢᠨ᠎ᠡ ᠡᠨᠧᠷᠭᠢ ᠶᠢᠨ ︽ᠶᠡᠬᠡᠪᠡᠷ ᠠᠵᠢᠯᠯᠠᠵᠤ | ᠲᠦᠷᠭᠡᠨ ᠬᠦᠭᠵᠢᠭᠦᠯᠬᠦ︾ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠨ᠂ ᠲᠥᠷᠥᠯ ᠵᠦᠢᠯ ᠤᠨ ᠭᠠᠵᠠᠷ ᠬᠡᠷᠡᠭᠯᠡᠬᠦ | ᠱᠠᠭᠠᠷᠳᠠᠯᠭ᠎ᠠ ᠶᠢ ᠪᠦᠬᠦ ᠬᠦᠴᠦᠨ ᠢᠶᠠᠷ ᠪᠠᠳᠤᠯᠠᠵᠤ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ᠂ | ᠬᠦᠬᠡᠮᠦ᠋ᠷᠡᠨ ᠤ ᠭᠤᠷᠪᠠᠨ ᠬᠠᠪᠴᠢᠯ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠲᠣᠮᠣ ᠬᠡᠯᠪᠡᠷᠢ ᠶᠢᠨ | ᠥᠩᠭᠡ ᠦᠵᠡᠮᠵᠢ ᠶᠢᠨ ᠰᠠᠭᠤᠷᠢᠨ ᠭᠠᠵᠠᠷ᠂ ᠴᠠᠬᠢᠯᠭᠠᠨ ᠬᠦᠷᠭᠡᠬᠦ ᠢᠨᠵᠧᠨᠧᠷᠢᠩ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠯᠠᠭᠠᠨᠪᠦ᠋ᠬᠡ ᠠᠴᠠ ᠪᠡᠭᠡᠵᠢᠩ ᠬᠦᠷᠬᠦ ᠴᠠᠬᠢᠯᠭᠠᠨ ᠬᠦᠷᠭᠡᠬᠦ ᠵᠠᠮ ᠢ | ᠠᠰᠢᠭᠯᠠᠵᠤ᠂ ᠰᠢᠨ᠎ᠡ ᠡᠨᠧᠷᠭᠢ ᠶᠢ ᠥᠨᠳᠥᠷ ᠲᠦᠪᠰᠢᠨ ᠢᠶᠠᠷ ᠰᠢᠩᠭᠡᠭᠡᠨ ᠠᠰᠢᠭᠯᠠᠬᠤ ᠶᠢ ᠪᠠᠳᠤᠯᠠᠨ᠂ ᠰᠢᠨ᠎ᠡ | ᠡᠨᠧᠷᠭᠢ ᠶᠢᠨ ᠰᠤᠷᠪᠤᠯᠵᠢ ᠲᠣᠨᠣᠭᠯᠠᠯ ᠦᠢᠯᠡᠳᠬᠦ ᠠᠵᠤ ᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ | ᠠᠵᠤ ᠦᠢᠯᠡᠰ ᠤᠨ ᠬᠡᠯᠬᠢᠶ᠎ᠡ ᠶᠢ ᠦᠷᠭᠡᠳᠬᠡᠨ᠂ ᠠᠵᠤ ᠦᠢᠯᠡᠰ ᠤᠨ ᠪᠦᠭᠡᠮᠨᠡᠷᠡᠯ ᠢ ᠪᠤᠵᠠᠭᠠᠶᠢᠷᠠᠭᠤᠯᠵᠤ᠂ ᠵᠢᠯ ᠤᠨ | ᠡᠴᠦᠰ ᠲᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢ 529 ᠲᠦᠮᠡᠨ ᠺᠢᠯᠤᠸᠠᠲ ᠲᠤ ᠬᠦᠷᠭᠡᠨ᠂ | 2027 ᠣᠨ ᠳᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢ 1000 ᠲᠦᠮᠡᠨ ᠺᠢᠯᠤᠸᠠᠲ | ᠲᠠᠪᠠᠭᠤᠯᠵᠤ᠂ ᠦᠢᠯᠡᠳᠬᠦᠨ ᠤ ᠥᠷᠲᠡᠭ ᠢ ᠵᠠᠭᠤᠨ ᠳ᠋ᠦᠩᠰᠢᠭᠤᠷ ᠲᠥᠭᠦᠷᠢᠭ ᠲᠠᠪᠠᠭᠤᠯᠤᠨ᠎ᠠ᠃ | ᠬᠤᠶᠠᠷ ᠲᠤ᠂ ᠬᠢᠮᠢ ᠶᠢᠨ ᠠᠵᠤ ᠦᠢᠯᠡᠳᠪᠦᠷᠢ ᠶᠢ ᠪᠦᠬᠦ ᠬᠦᠴᠦᠨ ᠢᠶᠠᠷ ᠠᠳᠬᠤᠨ᠎ᠠ᠃ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠪᠣᠯ ᠳᠥᠷᠪᠡᠳ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ | ᠰᠢᠨ᠎ᠡ ᠳᠠᠪᠠᠭᠤᠯᠢᠭ ᠢ ᠳᠠᠬᠢᠨ ᠦᠢᠯᠡᠳᠬᠦ ᠴᠢᠬᠤᠯᠠ ᠲᠤᠯᠭᠠᠭᠤᠷᠢᠯᠠᠯ ᠪᠣᠯᠤᠨ᠎ᠠ᠂ ᠬᠠᠶᠢᠯᠤᠭᠤᠷ ᠵᠣᠩᠰᠢ ᠶᠢᠨ | ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠶᠦᠩ ᠾᠧ ᠹᠯᠣᠷ ᠤᠨ ᠬᠢᠮᠢ ᠶᠢᠨ ᠠᠵᠤ ᠦᠢᠯᠡᠳᠪᠦᠷᠢ | ᠶᠢᠨ ᠺᠣᠮᠫᠠᠨᠢ ᠶᠢᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠵᠢᠷᠤᠭ ᠲᠥᠯᠥᠪᠯᠡᠭᠡ᠂ | ᠰᠤᠳᠤᠯᠤᠨ ᠨᠡᠭᠡᠭᠡᠯᠲᠡ᠂ ᠦᠢᠯᠡᠳᠪᠦᠷᠢᠯᠡᠯ ᠤᠨ ᠳᠠᠪᠠᠭᠤᠯᠢᠭ ᠢ ᠪᠠᠳᠠᠷᠠᠭᠤᠯᠤᠨ᠂ 2023 ᠣᠨ ᠠᠴᠠ 2025 ᠣᠨ | ᠪᠣᠯᠲᠠᠯ᠎ᠠ ᠳᠠᠬᠢᠨ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ | ᠹᠯᠣᠷ ᠤᠨ ᠰᠢᠨ᠎ᠡ ᠮᠠᠲ᠋ᠧᠷᠢᠶᠠᠯ ᠤᠨ ᠬᠡᠯᠬᠢᠶ᠎ᠡ ᠪᠠᠶᠢᠭᠤᠯᠬᠤ᠂ ᠦᠷᠭᠡᠳᠬᠡᠬᠦ ᠪᠠ ᠴᠢᠩᠭᠠᠷᠠᠭᠤᠯᠬᠤ ᠳᠡᠭᠡᠷ᠎ᠡ ᠬᠦᠴᠦᠯᠡᠨ᠂ | ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠰᠡᠭᠦᠯᠴᠢ ᠶᠢᠨ ᠦᠢᠯᠡᠳᠬᠦᠨ ᠢ ᠭᠤᠤᠯᠳᠠᠯᠭ᠎ᠠ ᠲᠠᠢ ᠬᠥᠭᠵᠢᠭᠦᠯᠵᠦ᠂ | ᠹᠯᠣᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ᠂ ᠦᠢᠯᠡᠳᠪᠦᠷᠢᠯᠡᠯ ᠤᠨ | ᠬᠡᠪᠴᠢᠶ᠎ᠡ᠂ ᠦᠢᠯᠡᠳᠬᠦᠨ ᠤ ᠵᠡᠷᠭᠡ ᠳᠡᠰ᠂ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠲᠠᠯ᠎ᠠ ᠪᠠᠷ ᠤᠯᠤᠰ ᠤᠨ | ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠭᠡᠨ᠂ ᠦᠢᠯᠡᠳᠬᠦᠨ ᠤ ᠥᠷᠲᠡᠭ ᠢ 60 ᠳ᠋ᠦᠩᠰᠢᠭᠤᠷ | ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠵᠢᠶᠠ ᠬᠤᠢ ᠴᠠᠬᠢᠭᠤᠷ ᠤᠨ ᠦᠢᠯᠡᠰ ᠤᠨ ᠳᠠᠬᠢᠨ ᠪᠠᠶᠢᠭᠤᠯᠬᠤ ᠶᠢ | ᠪᠡᠶᠡᠯᠡᠭᠦᠯᠵᠦ᠂ 5 ᠲᠦᠮᠡᠨ ᠲᠣᠨ ᠤ ᠠᠵᠤ ᠦᠢᠯᠡᠳᠪᠦᠷᠢ ᠶᠢᠨ ᠴᠠᠬᠢᠭᠤᠷ ᠤᠨ ᠲᠥᠷᠥᠯ ᠵᠦᠢᠯ ᠢ ᠠᠮᠢᠯᠠᠭᠤᠯᠤᠨ᠂ | ᠦᠢᠯᠡᠳᠪᠦᠷᠢᠯᠡᠯ ᠤᠨ ᠴᠢᠳᠠᠮᠵᠢ ᠶᠢ 25 ᠲᠦᠮᠡᠨ ᠲᠣᠨ ᠪᠣᠯᠭᠠᠨ ᠥᠷᠭᠡᠳᠬᠡᠵᠦ᠂ ᠦᠢᠯᠡᠳᠬᠦᠨ ᠤ ᠥᠷᠲᠡᠭ ᠢ 50 | ᠳ᠋ᠦᠩᠰᠢᠭᠤᠷ ᠲᠥᠭᠦᠷᠢᠭ ᠲᠤ ᠬᠦᠷᠭᠡᠨ᠎ᠡ᠃ 2027 ᠣᠨ ᠪᠣᠯᠬᠤ ᠳᠤ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠦᠢᠯᠡᠳᠬᠦᠨ ᠤ ᠥᠷᠲᠡᠭ ᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ᠭᠤᠷᠪᠠ ᠳᠤ᠂ ︽ᠲᠥᠮᠥᠰᠥ ᠶᠢᠨ ᠠᠵᠤ ᠦᠢᠯᠡᠰ︾ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠲᠥᠮᠥᠰᠥᠨ ᠤ | ᠠᠵᠤ ᠦᠢᠯᠡᠰ ᠢᠶᠠᠷ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ︽ᠰᠢᠵᠢᠷ ᠠᠯᠲᠠᠨ ᠠᠵᠤ | ᠦᠢᠯᠡᠰ︾ ᠪᠣᠯᠭᠠᠨ ᠠᠳᠬᠤᠵᠤ᠂ ᠤᠯᠤᠰ ᠤᠨ ᠲᠥᠮᠥᠰᠥᠨ ᠤ ᠣᠲᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ᠰᠠᠶᠢᠨ ᠡᠭᠦᠯᠳᠡᠷ ᠢ ᠳᠡᠯᠭᠡᠷᠡᠭᠦᠯᠬᠦ᠂ ᠭᠤᠤᠯ | ᠴᠣᠭᠴᠠ ᠶᠢ ᠪᠤᠶᠢᠵᠢᠭᠤᠯᠬᠤ᠂ ᠨᠠᠷᠢᠯᠢᠭ ᠡᠳ᠋ᠰᠢᠭᠦᠯᠬᠦ᠂ ᠨᠠᠷᠠᠲᠤ ᠲᠡᠮᠳᠡᠭ ᠢ ᠡᠭᠦᠳᠬᠦ ᠵᠢᠴᠢ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠷ᠎ᠡ ᠠᠴᠠ ᠲᠠᠸᠠᠷ | ᠬᠦᠷᠲᠡᠯᠡᠬᠢ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠲᠦᠴᠡ ᠶᠢ ᠡᠷᠡᠰ | ᠭᠤᠶᠢᠪᠢᠰᠢ ᠦᠭᠡᠢ ᠲᠣᠬᠢᠷᠠᠭᠤᠯᠤᠨ᠎ᠠ᠃ 2023 ᠣᠨ ᠳᠤ᠂ ᠲᠥᠮᠥᠰᠥ ᠳᠠᠷᠢᠬᠤ ᠲᠠᠯᠠᠪᠠᠶ ᠶᠢ 60 ᠲᠦᠮᠡᠨ | ᠮᠥ ᠳᠤ ᠲᠣᠭᠲᠠᠪᠤᠷᠢᠵᠢᠭᠤᠯᠵᠤ᠂ ᠡᠭᠦᠨ ᠳᠤ ᠦᠷ᠎ᠡ ᠶᠢᠨ ᠲᠥᠮᠥᠰᠥ 15 ᠲᠦᠮᠡᠨ ᠮᠥ᠂ ᠡᠳ᠋ᠰᠢᠭᠦᠯᠬᠦ ᠲᠤᠰᠬᠠᠶ | ᠬᠡᠷᠡᠭᠯᠡᠭᠡᠨ ᠤ ᠲᠥᠮᠥᠰᠥ 25 ᠲᠦᠮᠡᠨ ᠮᠥ᠂ ᠲᠠᠸᠠᠷ ᠤᠨ ᠲᠥᠮᠥᠰᠥ 20 ᠲᠦᠮᠡᠨ ᠮᠥ ᠪᠣᠶ᠃ ᠵᠦᠩ ᠵᠢᠶᠠ᠂ ᠰᠢᠨ | ᠢᠦᠢ ᠺᠣᠮᠫᠠᠨᠢ ᠶᠢᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠳᠠᠪᠠᠭᠤᠯᠢᠭ ᠢ ᠪᠠᠳᠠᠷᠠᠭᠤᠯᠤᠨ᠂ ᠦᠷ᠎ᠡ ᠶᠢᠨ | ᠲᠥᠮᠥᠰᠥ ᠪᠠ ᠡᠳ᠋ᠰᠢᠭᠦᠯᠬᠦ ᠲᠥᠮᠥᠰᠥ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠲᠠᠸᠠᠷ ᠤᠨ | ᠲᠥᠮᠥᠰᠥ ᠲᠠᠷᠢᠬᠤ ᠲᠠᠯᠠᠪᠠᠢ ᠶᠢ ᠵᠢᠯ ᠳᠠᠷᠠᠭᠠᠯᠠᠨ ᠪᠠᠭᠠᠰᠬᠠᠵᠤ᠂ ᠲᠥᠮᠥᠰᠥᠨ ᠤ ᠭᠠᠷᠤᠯᠲᠠ᠂ ᠦᠢᠯᠡᠳᠬᠦᠨ ᠤ | ᠥᠷᠲᠡᠭ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠵᠦ ᠬᠡᠯᠬᠢᠶ᠎ᠡ ᠶᠢ | ᠨᠥᠬᠦᠪᠥᠷᠢᠯᠡᠨ᠎ᠡ᠃ ᠢ ᠮᠢᠩ᠂ ᠰᠢᠨ ᠢᠦᠶ ᠵᠡᠷᠭᠡ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠭᠤᠤᠯ ᠢᠳᠡᠭᠡᠨ | ᠪᠣᠯᠭᠠᠬᠤ᠂ ᠨᠠᠷᠢᠯᠢᠭᠵᠢᠭᠤᠯᠤᠨ ᠭᠦᠨᠵᠡᠭᠡᠶᠢᠷᠡᠭᠦᠯᠬᠦ ᠪᠠᠷ ᠴᠢᠭᠯᠡᠯ ᠪᠣᠯᠭᠠᠨ ᠡᠳ᠋ᠰᠢᠭᠦᠯᠬᠦ ᠬᠡᠯᠬᠢᠶ᠎ᠡ ᠶᠢ ᠦᠷᠭᠡᠳᠬᠡᠵᠤ᠂ | ᠴᠠᠷᠳᠠᠭᠤᠯ᠂ ᠪᠦᠷᠢᠨ ᠨᠤᠨᠲᠠᠭ ᠵᠡᠷᠭᠡ ᠠᠩᠬᠠᠨ ᠤ ᠪᠦᠲᠦᠭᠡᠭᠳᠡᠬᠦᠨ ᠢ ᠬᠦᠴᠦᠷᠬᠡᠭᠵᠢᠭᠦᠯᠦᠭᠰᠡᠨ ᠰᠠᠭᠤᠷᠢᠨ ᠳᠡᠭᠡᠷ᠎ᠡ᠂ | ᠲᠥᠮᠥᠰᠥ ᠶᠢᠨ ᠢᠳᠡᠭᠡᠨ ᠤ ᠰᠢᠷᠬᠡᠭᠯᠢᠭ ᠡᠳ᠋᠂ ᠲᠥᠮᠥᠰᠥ ᠶᠢᠨ ᠤᠭᠤᠷᠠᠭ᠂ ᠲᠥᠮᠥᠰᠥ ᠶᠢᠨ ᠢᠯᠲᠠᠰᠤ ᠵᠡᠷᠭᠡ ᠭᠤᠤᠯ | ᠢᠳᠡᠭᠡᠨ ᠪᠣᠯᠭᠠᠭᠰᠠᠨ᠂ ᠰᠡᠯᠡᠭᠦᠴᠡᠯ ᠤᠨ ᠢᠳᠡᠭᠡᠨ ᠢ ᠶᠡᠬᠡᠪᠡᠷ ᠬᠥᠭᠵᠢᠭᠦᠯᠵᠦ᠂ ᠪᠦᠲᠦᠭᠡᠭᠳᠡᠬᠦᠨ ᠤ ᠨᠡᠮᠡᠯᠲᠡ | ᠥᠷᠲᠡᠭ ᠢ ᠳᠡᠭᠡᠭᠰᠢᠯᠡᠭᠦᠯᠦᠨ᠎ᠡ᠃ ᠶᠠᠰᠤ ᠴᠢᠨᠠᠷ ᠢ ᠵᠡᠷᠭᠡ ᠪᠠᠷ ᠠᠳᠬᠤᠨ ᠳᠡᠭᠡᠭᠰᠢᠯᠡᠭᠦᠯᠬᠦ ᠶᠢ ᠠᠬᠢᠭᠤᠯᠤᠨ᠎ᠠ᠃ ︽ | ᠲᠠᠪᠤ ᠶᠢ ᠨᠢᠭᠡᠳᠦᠯᠲᠡᠶ ᠪᠠᠶᠢᠯᠭᠠᠬᠤ︾ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠠᠭᠪᠤᠷ ᠢ ᠠᠬᠢᠭᠤᠯᠵᠤ᠂ ᠰᠢᠶᠠᠩ | ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠵᠠᠭᠠᠭ ᠢ ᠡᠪᠳᠡᠬᠦ ᠶᠢ ᠬᠠᠶᠢᠨ ᠰᠦᠪᠡᠭᠴᠢᠯᠡᠵᠦ᠂ | ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠤᠰᠬᠠᠶ | ᠠᠵᠢᠯ ᠤᠨ ᠬᠤᠷᠰᠢᠶ᠎ᠠ + ᠵᠠᠰᠠᠭ ᠵᠠᠬᠢᠷᠭᠠᠨ ᠤ ᠲᠣᠰᠬᠤᠨ + ᠲᠠᠷᠢᠶᠠᠯᠠᠬᠤ ᠡᠷᠦᠬᠡ ᠶᠢᠨ ᠠᠵᠤ ᠦᠢᠯᠡᠰ ᠤᠨ | ᠬᠤᠯᠪᠣᠭᠠᠲᠤ ᠴᠣᠭᠴᠠ ᠶᠢ ᠪᠤᠶ ᠪᠣᠯᠭᠠᠨ᠎ᠠ᠃ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ | ᠲᠥᠮᠥᠰᠥ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠬᠦ ᠰᠢᠰᠲ᠋ᠧᠮᠵᠢ ᠶᠢ ᠪᠠᠶᠢᠭᠤᠯᠵᠤ᠂ ᠤᠯᠤᠰ ᠤᠨ ᠭᠠᠵᠠᠷ | ᠵᠦᠶ ᠶᠢᠨ ᠲᠡᠮᠳᠡᠭ ᠲᠠᠢ ᠬᠠᠮᠠᠭᠠᠯᠠᠯᠲᠠ ᠶᠢᠨ ᠪᠦᠳᠦᠭᠡᠭᠳᠡᠭᠦᠨ ᠢ ᠮᠠᠭᠠᠳᠯᠠᠨ ᠲᠣᠭᠲᠠᠭᠠᠬᠤ ᠪᠠᠷ ᠴᠢᠷᠮᠠᠶᠢᠨ᠂ | ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠪᠣᠷᠣᠯᠠᠭᠤᠯᠬᠤ ᠠᠷᠭ᠎ᠠ ᠵᠠᠮ ᠢ ᠦᠷᠭᠡᠳᠬᠡᠨ᠂ ᠲᠥᠮᠥᠰᠥ ᠶᠢ ᠨᠡᠷ᠎ᠡ ᠨᠢᠳᠡᠷ ᠲᠡᠭᠡᠨ | ᠨᠡᠶᠢᠴᠡᠭᠰᠡᠨ ︽ᠴᠢᠨᠡᠭᠡᠯᠢᠭ ᠲᠥᠮᠥᠰᠥ︾ ᠪᠣᠯᠭᠠᠨ᠎ᠠ᠃ 2025 ᠣᠨ ᠪᠣᠯᠬᠤ ᠳᠤ ᠲᠥᠮᠥᠰᠥ ᠶᠢᠨ ᠠᠵᠤ ᠦᠢᠯᠡᠰ | ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ᠳᠥᠷᠪᠡ ᠳᠤ᠂ ᠣᠯᠠᠨ ᠲᠦᠮᠡᠨ ᠢ ᠬᠥᠲᠥᠯᠥᠨ ᠳᠠᠭᠠᠭᠤᠯᠵᠤ ᠴᠢᠨᠡᠬᠡᠯᠢᠭᠵᠢᠬᠦᠯᠦᠨ᠎ᠡ᠃ ᠢᠳᠡᠰᠢᠨ ᠬᠤᠨᠢᠨ ᠤ ᠠᠵᠤ | ᠦᠢᠯᠡᠰ ᠪᠣᠯ ᠳᠥᠷᠪᠡᠳ ᠬᠤᠰᠢᠭᠤᠨ ᠤ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠣᠯᠤᠨ᠎ᠠ᠂ ︽ᠡᠷᠦᠬᠡ ᠪᠣᠯᠭᠠᠨ | ᠦᠬᠡᠷ ᠬᠤᠨᠢ ᠲᠡᠵᠢᠭᠡᠬᠦ᠂ ᠡᠷᠦᠬᠡ ᠪᠣᠯᠭᠠᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ | ᠬᠦᠴᠦᠯᠡᠨ ᠦᠷᠨᠢᠭᠦᠯᠵᠤ᠂ ᠢᠳᠡᠰᠢᠨ ᠬᠤᠨᠢᠨ ᠤ ᠠᠵᠤ ᠦᠢᠯᠡᠰ ᠢᠶᠠᠷ ᠮᠠᠯᠴᠢᠨ ᠲᠠᠷᠢᠶᠠᠴᠢᠨ ᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠬᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠪᠠᠶᠢᠷᠢᠯᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ | ᠢᠳᠡᠰᠢᠨ ᠬᠤᠨᠢᠨ ᠤ ᠠᠵᠤ ᠦᠢᠯᠡᠰ ᠤᠨ ᠰᠠᠭᠤᠷᠢ᠂ ᠲᠡᠵᠢᠭᠡᠯ ᠡᠪᠡᠰᠦ ᠶᠢᠨ ᠡᠬᠢ ᠪᠠᠶᠠᠯᠢᠭ ᠢ ᠶᠡᠷᠦᠩᠬᠡᠶᠢᠯᠡᠨ | ᠪᠣᠳᠣᠯᠬᠢᠯᠠᠵᠤ᠂ ᠬᠠᠰᠢᠶᠠᠯᠠᠨ ᠲᠡᠵᠢᠭᠡᠬᠦ ᠶᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ | ᠦᠨᠳᠦᠰᠦᠨ ᠠᠷᠭ᠎ᠠ ᠵᠠᠮ ᠪᠤᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠰᠢᠨ ᠬᠤᠨᠢ ᠲᠡᠵᠢᠭᠡᠨ ᠦᠷᠡᠵᠢᠭᠦᠯᠬᠦ | ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠬᠤᠶᠢᠲᠤ ᠬᠡᠰᠡᠭ ᠤᠨ ᠮᠠᠯᠵᠢᠬᠤ ᠣᠷᠣᠨ ᠳᠤ ᠭᠤᠪᠢ ᠶᠢᠨ ᠬᠤᠨᠢ ᠶᠢ | ᠲᠤᠷᠪᠢᠵᠢᠭᠤᠯᠤᠨ ᠲᠠᠵᠢᠬᠡᠬᠦ ᠪᠠᠷ ᠭᠤᠤᠯ ᠪᠤᠯᠭᠠᠵᠤ᠂ ᠪᠤᠰᠤᠳ ᠭᠠᠵᠠᠷ ᠣᠷᠣᠨ ᠳᠤ ᠳ᠋ᠦ᠋ ᠮᠧᠩ ᠬᠤᠨᠢ ᠶᠢ ᠡᠭᠦᠯᠳᠡᠷ | ᠰᠠᠶᠢᠵᠢᠷᠠᠭᠤᠯᠵᠤ᠂ ᠵᠢᠯ ᠪᠦᠷᠢ ᠳᠤᠮᠳᠠᠴᠢ ᠪᠠᠷ 50 ᠲᠦᠮᠡᠨ ᠬᠤᠨᠢ ᠶᠢ ᠡᠭᠦᠯᠳᠡᠷ ᠰᠠᠶᠢᠵᠢᠷᠠᠭᠤᠯᠤᠨ᠂ 2025 | ᠣᠨ ᠳᠤ ᠢᠳᠡᠰᠢᠨ ᠬᠤᠨᠢ ᠶᠢ 260 ᠲᠦᠮᠡᠨ ᠲᠣᠯᠣᠭᠠᠶ ᠳᠤ ᠬᠦᠷᠦᠭᠦᠯᠦᠨ᠎ᠡ᠃ ᠰᠤᠮᠤ ᠰᠢᠶᠠᠩ ᠪᠠᠯᠭᠠᠰᠤ ᠶᠢᠨ | ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠣᠨ ᠵᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ | ᠢᠳᠡᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠦᠨᠡᠯᠡᠬᠦ᠂ ᠪᠣᠳᠠᠲᠠᠶ ᠬᠢᠬᠦ ᠶᠢ | ᠦᠨᠡᠯᠡᠬᠦ ᠪᠠᠷ ᠵᠦᠭᠯᠡᠭᠦᠷ ᠪᠤᠯᠭᠠᠨ᠎ᠠ᠃ ᠳᠠᠪᠠᠭᠤᠯᠢᠭ ᠲᠠᠯ᠎ᠠ ᠪᠠᠨ ᠪᠠᠳᠤᠯᠠᠵᠤ ᠰᠠᠭᠤᠷᠢᠨ ᠭᠠᠵᠠᠷ ᠢᠶᠠᠨ | ᠬᠦᠴᠦᠷᠭᠡᠭᠵᠢᠭᠦᠯᠦᠨ᠎ᠡ᠃ ᠰᠠᠢ ᠨᠥᠸᠧ ᠺᠣᠮᠫᠠᠨᠢ ᠳᠤ ᠲᠦᠰᠢᠭᠯᠡᠨ᠂ ᠪᠣᠬᠢᠷᠲᠤᠯ ᠦᠭᠡᠶ᠂ ᠠᠮᠢ ᠠᠬᠤᠶᠢᠴᠢ᠂ | ᠥᠨᠳᠥᠷ ᠪᠦᠲᠦᠮᠵᠢᠲᠡᠶ ᠣᠳᠣ ᠦᠶ᠎ᠡ ᠶᠢᠨ ᠢᠳᠡᠰᠢᠨ ᠬᠤᠨᠢᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ | ᠣᠷᠣᠨ ᠢ ᠪᠦᠲᠦᠭᠡᠨ ᠪᠠᠶᠢᠭᠤᠯᠬᠤ ᠳᠤ ᠰᠠᠭᠤᠷᠢᠯᠠᠨ᠂ ︽ᠳ᠋ᠦ᠋ ᠮᠧᠩ ᠢᠳᠡᠰᠢᠨ ᠬᠤᠨᠢᠨ ᠤ ᠰᠢᠨ᠎ᠡ ᠡᠭᠦᠯᠳᠡᠷ︾ ᠢᠶᠠᠷ | ᠭᠤᠣᠯ ᠪᠣᠯᠭᠠᠭᠰᠠᠨ ᠪᠦᠬᠦ ᠤᠯᠤᠰ ᠤᠨ ᠬᠠᠮᠤᠭ ᠶᠡᠭᠡ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠢ ᠡᠭᠦᠳᠦᠨ ᠪᠠᠶᠢᠭᠤᠯᠵᠤ᠂ ᠳ᠋ᠦ᠋ ᠮᠧᠩ ᠢᠳᠡᠰᠢᠨ ᠬᠤᠨᠢᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ | ᠦᠷᠭᠦᠯᠵᠢᠯᠡᠨ ᠥᠷᠭᠡᠳᠬᠡᠵᠦ᠂ ᠬᠤᠴᠠ ᠪᠠᠷ ᠭᠤᠤᠯᠯᠠᠭᠰᠠᠨ ᠳ᠋ᠦ᠋ ᠮᠧᠩ ᠢᠳᠡᠰᠢᠨ ᠬᠤᠨᠢᠨ ᠤ ᠦᠢᠯᠡᠳᠪᠦᠷᠢᠯᠡᠯ ᠤᠨ | ᠰᠢᠰᠲ᠋ᠧᠮᠵᠢ ᠶᠢ ᠪᠦᠬᠦ ᠲᠠᠯ᠎ᠠ ᠪᠠᠷ ᠳᠡᠯᠭᠡᠷᠡᠭᠦᠯᠦᠨ᠂ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠢᠳᠡᠰᠢᠨ | ᠬᠤᠨᠢᠨ ᠤ ᠠᠵᠤ ᠦᠢᠯᠡᠰ ᠤᠨ ᠪᠠᠷᠢᠮᠵᠢᠶᠠᠵᠢᠭᠰᠠᠨ᠂ ᠵᠢᠷᠤᠮᠵᠢᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ | ᠳᠠᠶᠢᠴᠢᠯᠠᠨ᠎ᠠ᠃ ᠨᠢᠮᠪᠠᠶᠢᠯᠠᠨ ᠰᠠᠶᠢᠵᠢᠷᠠᠭᠤᠯᠵᠤ ᠴᠢᠨᠠᠷ ᠢ ᠲᠡᠭᠡᠭᠰᠢᠯᠡᠭᠦᠯᠦᠨ᠎ᠡ᠃ ︽ᠳᠥᠷᠪᠡᠳ ᠬᠤᠨᠢ︾ ᠶᠢᠨ | ᠤᠯᠤᠰ ᠤᠨ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ ᠳᠡᠯᠭᠡᠷᠡᠭᠦᠯᠬᠦ ᠡᠷᠴᠢᠮ ᠢ | ᠴᠢᠩᠭᠠᠷᠠᠭᠤᠯᠵᠤ᠂ ᠢᠳᠡᠰᠢᠨ ᠬᠤᠨᠢ ᠶᠢ ᠲᠥᠪᠯᠡᠷᠡᠭᠦᠯᠦᠨ ᠪᠤᠷᠳᠤᠬᠤ ᠲᠠᠯᠠᠪᠠᠶ ᠪᠠ ᠦᠨᠳᠦᠰᠦᠲᠡᠨ ᠤ ᠠᠷᠠᠯᠵᠢᠶ᠎ᠠ ᠶᠢᠨ | ᠨᠢᠲᠤᠯᠵᠤ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ | ᠪᠠᠷᠢᠮᠵᠢᠶᠠᠵᠢᠭᠤᠯᠤᠨ ᠪᠤᠷᠳᠤᠬᠤ ᠮᠡᠷᠭᠡᠵᠢᠯ ᠢ ᠳᠡᠯᠭᠡᠷᠡᠭᠦᠯᠵᠦ᠂ ᠢᠳᠡᠰᠢᠨ ᠬᠤᠨᠢ ᠶᠢ ᠨᠠᠷᠢᠯᠢᠭᠵᠢᠭᠤᠯᠤᠨ ᠭᠦᠨᠵᠡᠭᠡᠶ | ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ︽ᠥᠪᠡᠰᠦᠪᠡᠨ ᠲᠡᠵᠢᠬᠡᠨ ᠥᠪᠡᠰᠦᠪᠡᠨ ᠪᠣᠷᠣᠯᠠᠭᠤᠯᠬᠤ︾ ᠶᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠪᠠᠶᠢᠭᠤᠯᠤᠨ᠎ᠠ᠃ ᠶᠠᠰᠤ | ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠥᠷᠪᠡᠳ ᠬᠤᠰᠢᠭᠤᠨ ᠤ ᠢᠳᠡᠰᠢᠨ ᠬᠤᠨᠢᠨ ᠤ ᠶᠠᠰᠤ | ᠴᠢᠨᠠᠷ ᠢ ᠬᠤᠪᠢᠷᠠᠭᠤᠯᠬᠤ ᠠᠯᠢᠪᠠ ᠮᠠᠭᠤ ᠠᠵᠢᠯᠯᠠᠭ᠎ᠠ ᠶᠢ ᠡᠷᠡᠰ ᠬᠤᠷᠢᠭᠯᠠᠨ᠎ᠠ᠃ 2025 ᠣᠨ ᠪᠣᠯᠬᠤ ᠳᠤ | ᠢᠳᠡᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠵᠠᠭᠤᠨ ᠳ᠋ᠦᠩᠰᠢᠭᠤᠷ | ᠲᠥᠭᠦᠷᠢᠭ ᠢ ᠳᠠᠪᠠᠭᠤᠯᠤᠨ᠎ᠠ᠃ | ᠲᠠᠪᠤ ᠳᠤ᠂ ᠵᠢᠭᠤᠯᠴᠢᠯᠠᠯ ᠢᠶᠠᠷ ᠭᠤᠷᠪᠠᠳᠤᠭᠠᠷ ᠠᠵᠤ ᠦᠢᠯᠡᠰ ᠢ ᠲᠠᠭᠠᠭᠤᠯᠤᠨ ᠬᠦᠭᠵᠢᠭᠦᠯᠦᠨ᠎ᠡ᠃ ᠳᠥᠷᠪᠡᠳ | ᠬᠤᠰᠢᠭᠤᠨ ᠤ ᠣᠨᠴᠠᠯᠢᠭ ᠪᠥᠬᠦᠶ ᠠᠭᠤᠯᠤᠭᠳᠠᠬᠤᠨ ᠲᠠᠢ ᠵᠢᠭᠤᠯᠴᠢᠯᠠᠯ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠬᠡᠷᠡᠭᠵᠢᠭᠦᠯᠬᠦ ᠰᠠᠨᠠᠯ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ ᠲᠠᠰ ᠢ ᠳᠡᠭᠡᠭᠰᠢᠯᠡᠭᠦᠯᠬᠦ | ᠂ ᠠᠮᠢᠵᠢᠷᠠᠯ ᠤᠨ ᠬᠦᠴᠦᠨ ᠢ ᠬᠥᠭᠵᠢᠭᠡᠬᠦ ᠳᠡᠭᠡᠷ᠎ᠡ ᠬᠦᠴᠦ ᠲᠠᠯᠪᠢᠵᠤ᠂ ᠵᠢᠭᠤᠯᠴᠢᠯᠠᠯ ᠤᠨ ᠦᠢᠯᠡᠰ ᠢᠶᠠᠷ | ᠤᠳᠤᠷᠢᠳᠤᠮᠵᠢ ᠪᠣᠯᠭᠠᠭᠰᠠᠨ ᠭᠤᠷᠪᠠᠳᠤᠭᠠᠷ ᠠᠵᠤ ᠦᠢᠯᠡᠰ ᠤᠨ ᠴᠢᠨᠠᠷ ᠰᠠᠶᠢᠲᠠᠶ᠂ ᠥᠨᠳᠥᠷ ᠦᠷ᠎ᠡ ᠠᠰᠢᠭ ᠲᠠᠢ | ᠬᠥᠭᠵᠢᠯᠲᠡ ᠶᠢ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠨᠤᠮᠤᠭᠠᠨ ᠠᠭᠤᠯᠠ ᠪᠠᠷ | ᠭᠤᠣᠯᠳᠠᠯᠭ᠎ᠠ ᠪᠣᠯᠭᠠᠭᠰᠠᠨ ᠲᠡᠮᠡᠭᠡᠨ ᠤ ᠵᠢᠵᠢᠭ ᠪᠠᠯᠭᠠᠰᠤ ᠪᠠ ᠬᠢᠯᠢ ᠶᠢᠨ ᠣᠨᠴᠠᠯᠢᠭᠲᠤ ᠵᠢᠵᠢᠭ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠳᠣᠨ ᠲᠡᠰ ᠤᠨ ᠪᠠᠭᠤᠳᠠᠯ ᠢ ᠡᠬᠢᠯᠡᠨ ᠪᠠᠶᠢᠭᠤᠯᠵᠤ᠂ | ᠭᠡᠭᠡᠨᠲᠠᠯ᠎ᠠ ᠶᠢᠨ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠭᠠᠵᠠᠷ ᠰᠢᠨᠵᠢᠯᠡᠭᠡᠨ ᠤ ᠬᠦᠷᠢᠶᠠᠯᠡᠩ | ᠤᠨ ᠮᠦᠽᠸᠢ ᠤᠨ 3A ᠲᠡᠰ ᠤᠨ ᠵᠢᠭᠤᠯᠴᠢᠯᠠᠯ ᠤᠨ ᠤᠷᠤᠨ ᠢ ᠡᠭᠦᠳᠦᠨ ᠪᠠᠶᠢᠭᠤᠯᠵᠤ᠂ ᠰᠢᠮᠢᠨ ᠭᠤᠣᠯ ᠤᠨ | ᠰᠣᠶᠣᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠂ | ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠤᠯᠠᠭᠠᠨᠬᠤᠸᠠ ᠪᠠᠯᠭᠠᠰᠤᠨ ᠤ ᠬᠤᠲᠠ ᠶᠢᠨ | ᠲᠣᠭᠤᠷᠢᠭ ᠲᠤ ᠵᠤᠭᠠᠴᠠᠭᠰᠠᠳ ᠤᠨ ᠲᠡᠷᠭᠡᠨ ᠵᠣᠭᠰᠣᠭᠠᠯ᠂ ᠵᠢᠭᠤᠯᠴᠢᠯᠠᠯ ᠤᠨ ᠨᠡᠶᠢᠲᠡ ᠶᠢᠨ ᠵᠣᠷᠯᠣᠩ ᠵᠡᠷᠭᠡ | ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ ᠪᠠᠶᠢᠭᠠᠯᠢᠯᠢᠭ ᠲᠠᠯ᠎ᠠ ᠨᠤᠲᠤᠭ᠂ ᠰᠢᠨᠵᠢᠯᠡᠨ | ᠰᠤᠳᠤᠯᠬᠤ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ ᠪᠡᠶᠡᠴᠢᠯᠡᠨ ᠣᠶᠢᠯᠠᠭᠠᠬᠤ ᠭᠤᠷᠪᠠᠨ ᠵᠤᠷᠪᠤᠰ ᠵᠢᠭᠤᠯᠴᠢᠯᠠᠯ ᠤᠨ | ᠱᠤᠭᠤᠮ ᠤᠨ ᠠᠭᠤᠯᠤᠭᠳᠠᠬᠤᠨ ᠢ ᠨᠠᠩ ᠪᠠᠶᠠᠯᠢᠭᠵᠢᠭᠤᠯᠤᠨ᠂ ᠣᠨᠴᠠᠯᠢᠭ ᠢ ᠨᠠᠩ ᠢᠯᠡ ᠲᠣᠳᠣ ᠪᠣᠯᠭᠠᠨ᠎ᠠ᠃ | ᠵᠢᠭᠤᠯᠴᠢᠯᠠᠯ ᠤᠨ ᠨᠡᠷᠡᠲᠦ ᠲᠡᠮᠳᠡᠭ ᠢ ᠪᠤᠢ ᠪᠣᠯᠭᠠᠨ᠎ᠠ᠃ ᠵᠤᠭᠠᠴᠠᠯ ᠤᠨ ᠨᠠᠭᠠᠳᠤᠮ᠂ ᠲᠠᠯ᠎ᠠ ᠨᠤᠲᠤᠭ ᠤᠨ ᠳᠠᠭᠤᠤ | ᠬᠥᠭᠵᠢᠮ ᠤᠨ ᠨᠠᠶᠢᠷ ᠡᠷᠭᠢᠯᠡᠬᠦ ᠪᠠᠷ ᠠᠵᠠ ᠲᠣᠬᠢᠶᠠᠯ ᠪᠤᠯᠭᠠᠨ᠂ ᠴᠢᠨᠠᠷ ᠰᠠᠶᠢᠲᠠᠶ ᠪᠡᠶ᠎ᠡ ᠲᠠᠮᠢᠷ ᠤᠨ ᠤᠷᠤᠯᠳᠤᠭᠠᠨ ᠪᠠ | ᠰᠣᠶᠣᠯ ᠤᠨ ᠠᠵᠢᠯᠯᠠᠭ᠎ᠠ ᠶᠢ ᠰᠡᠳᠦᠵᠦ᠂ ᠠᠮᠠᠷᠠᠯᠲᠠ ᠶᠢᠨ ᠡᠳᠦᠷ ᠤᠨ ᠠᠵᠤ ᠠᠬᠤᠶ ᠶᠢᠨ ᠦᠢᠯᠡᠳᠦᠯ ᠢ ᠲᠠᠰᠤᠷᠠᠯᠲᠠ | ᠥᠬᠡᠶ ᠦᠷᠭᠡᠳᠬᠡᠨ᠂ ︽ᠰᠠᠷ᠎ᠠ ᠰᠠᠷ᠎ᠠ ᠠᠵᠢᠯᠯᠠᠭ᠎ᠠ ᠲᠠᠢ᠂ ᠤᠯᠠᠷᠢᠯ ᠤᠯᠠᠷᠢᠯ ᠣᠨᠴᠠᠯᠢᠭ ᠲᠠᠢ᠂ ᠪᠥᠬᠦ ᠵᠢᠯ ᠳᠤ | ᠦᠷᠭᠦᠯᠵᠢᠯᠡᠬᠦ︾ ᠶᠢ ᠪᠡᠶᠡᠯᠡᠭᠦᠯᠦᠨ᠎ᠡ᠃ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠳᠥᠷᠪᠡᠳ ᠬᠤᠰᠢᠭᠤᠨ ᠤ ᠣᠷᠣᠨ ᠨᠤᠲᠤᠭ ᠤᠨ ᠣᠨᠴᠠᠯᠢᠭ ᠢ ᠢᠯᠡᠷᠡᠭᠦᠯᠬᠦ᠂ ᠳᠥᠷᠪᠡᠳ | ᠬᠤᠰᠢᠭᠤᠨ ᠤ ᠲᠡᠦᠬᠡ ᠰᠣᠶᠣᠯ ᠢ ᠪᠠᠳᠠᠷᠠᠭᠤᠯᠬᠤ ᠲᠠᠶᠢᠰᠠᠨ ᠤ ᠵᠦᠴᠦᠭᠡ ᠶᠢ ᠨᠢᠮᠪᠠᠢ ᠨᠠᠶᠢᠷᠠᠭᠤᠯᠤᠨ ᠵᠣᠬᠢᠶᠠᠵᠤ᠂ | ᠣᠷᠣᠨ ᠨᠤᠲᠤᠭ ᠤᠨ ᠥᠩᠭᠡ ᠪᠤᠳᠤᠭ ᠢᠶᠠᠷ ᠪᠠᠶᠠᠯᠢᠭ ᠵᠢᠭᠤᠯᠴᠢᠯᠠᠯ ᠤᠨ ᠲᠡᠮᠳᠡᠭ᠂ ᠵᠢᠭᠤᠯᠴᠢᠯᠠᠯ ᠤᠨ ᠳᠦᠷᠢ | ᠲᠥᠷᠬᠦ ᠪᠠ ᠵᠢᠭᠤᠯᠴᠢᠯᠠᠯ ᠤᠨ ᠦᠯᠢᠭᠡᠷ ᠢ ᠥᠷᠭᠡᠨ ᠢᠶᠠᠷ ᠳᠠᠮᠵᠢᠭᠤᠯᠵᠤ᠂ ︽ᠦᠵᠡᠰᠬᠦᠯᠡᠩᠲᠦ ᠰᠠᠶᠢᠬᠠᠨ ᠳᠥᠷᠪᠡᠳ᠂ | ᠣᠷᠣᠨ ᠤ ᠲᠥᠪ ᠤᠨ ᠠᠷᠤ ᠴᠡᠴᠡᠷᠯᠢᠭ︾ ᠭᠡᠬᠦ ᠵᠢᠭᠤᠯᠴᠢᠯᠠᠯ ᠤᠨ ᠲᠥᠷᠥᠯ ᠲᠡᠮᠳᠡᠭ ᠢ ᠪᠤᠢ ᠪᠣᠯᠭᠠᠨ᠎ᠠ᠃ | ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠤᠨ᠎ᠠ᠃ ︽ᠢᠳᠡᠵᠦ ᠬᠤᠨᠣᠬᠤ ᠶᠠᠪᠤᠬᠤ ᠵᠤᠭᠠᠴᠠᠬᠤ | ᠨᠠᠭᠠᠳᠬᠤ ᠪᠠ ᠬᠤᠳᠠᠯᠳᠤᠨ ᠠᠪᠬᠤ︾ ᠵᠢᠷᠭᠤᠭᠠᠨ ᠡᠯᠧᠮᠧᠨ᠋ᠲ ᠤᠨ ᠲᠣᠭᠤᠷᠢᠨ ᠳᠤ᠂ ᠵᠢᠭᠤᠯᠴᠢᠯᠠᠯ ᠤᠨ | ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠳᠥᠷᠪᠡᠳ ᠬᠤᠰᠢᠭᠤᠨ ᠤ ᠣᠨᠴᠠᠯᠢᠭ ᠪᠥᠬᠦᠶ ᠠᠮᠲᠠᠲᠤ | ᠢᠳᠡᠭᠡᠨ ᠤ ᠵᠡᠭᠡᠯᠢ᠂ ᠬᠤᠳᠠᠯᠳᠤᠭᠠᠨ ᠤ ᠵᠡᠭᠡᠯᠢ ᠶᠢ ᠪᠣᠶ ᠪᠣᠯᠭᠠᠵᠤ᠂ ᠮᠠᠯᠴᠢᠨ ᠠᠶᠢᠯ ᠤᠨ ᠴᠡᠩᠭᠡᠯ ᠤᠨ ᠴᠢᠨᠠᠷ | ᠴᠢᠨᠰᠠᠭ᠎ᠠ ᠶᠢ ᠲᠡᠭᠡᠭᠰᠢᠯᠡᠭᠦᠯᠦᠨ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠵᠡᠷᠭᠡ ᠬᠤᠯᠪᠣᠭᠳᠠᠯᠳᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ | ᠵᠢᠭᠤᠯᠴᠢᠯᠠᠯ ᠬᠢᠭᠡᠳ ᠰᠤᠳᠤᠯᠤᠨ ᠰᠤᠷᠤᠯᠴᠠᠬᠤ᠂ ᠪᠡᠶ᠎ᠡ ᠶᠢᠨ ᠲᠠᠮᠢᠷ᠂ ᠡᠷᠡᠭᠦᠯᠵᠢᠯ ᠰᠤᠪᠢᠯᠠᠯᠲᠠ ᠵᠡᠷᠭᠡ ᠠᠵᠤ | ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠪᠥᠬᠦ ᠣᠷᠣᠨ ᠪᠦᠰᠡ᠂ ᠪᠥᠬᠦ ᠤᠯᠠᠷᠢᠯ᠂ ᠪᠥᠬᠦ ᠦᠢᠯᠡᠰ | ᠤᠨ ᠵᠢᠭᠤᠯᠴᠢᠯᠠᠯ ᠢ ᠪᠡᠶᠡᠯᠡᠭᠦᠯᠵᠦ᠂ ᠭᠤᠷᠪᠠᠳᠤᠭᠠᠷ ᠠᠵᠤ ᠦᠢᠯᠡᠰ ᠤᠨ ︽ᠲᠦᠷᠭᠡᠨ ᠵᠠᠮ︾ ᠳᠤ ᠭᠠᠷᠬᠤ ᠶᠢ | ᠳᠠᠶᠢᠴᠢᠯᠠᠨ᠎ᠠ᠃ 2025 ᠣᠨ ᠪᠣᠯᠬᠤ ᠳᠤ ᠭᠤᠷᠪᠠᠳᠤᠭᠠᠷ ᠠᠵᠤ ᠦᠢᠯᠡᠰ ᠤᠨ ᠦᠢᠯᠡᠳᠬᠦᠨ ᠤ ᠥᠷᠲᠡᠭ ᠢ ᠵᠠᠭᠤᠨ | ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ᠲᠡᠬᠡᠷᠡᠬᠢ ᠬᠠᠷᠠᠯᠳᠠ ᠪᠤᠯ ᠮᠠᠨ ᠤ ᠬᠤᠰᠢᠭᠤᠨ ᠤ ᠬᠦᠭᠵᠢᠯᠳᠠ ᠶᠢᠨ ᠰᠠᠭᠤᠷᠢ ᠪᠠᠷ ᠦᠨᠳᠦᠰᠦ ᠪᠤᠯᠭᠠᠨ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠦ ᠠᠬᠤᠢ ᠶᠢᠨ | ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ᠰᠢᠷᠭᠠᠭᠤ ᠬᠠᠳᠠᠭᠤᠯᠵᠢᠳᠠᠢ ᠴᠢᠷᠮᠠᠶᠢᠯᠭ᠎ᠠ ᠪᠠᠷ ᠲᠠᠮᠵᠢᠨ ᠪᠠᠶᠠᠯᠡᠭᠳᠡᠬᠦ ᠨᠢ | ᠯᠠᠪᠳᠠᠢ ᠶᠤᠮ᠂ ᠪᠢᠳᠠ ᠡᠷᠬᠡᠪᠰᠢ ᠢᠳᠡᠬᠡᠯ ᠵᠤᠷᠢᠭ ᠢᠶᠠᠨ ᠪᠠᠳᠤᠳᠬᠠᠨ᠂ ᠢᠮᠠᠭᠳᠠ ᠴᠢᠩᠭ᠎ᠠ ᠪᠠᠷᠢᠮᠳᠠᠯᠠᠬᠤ ᠬᠡᠷᠡᠭᠳᠠᠢ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠡᠷᠬᠡᠪᠰᠢ ᠳᠣᠣᠷᠠᠬᠢ ᠬᠡᠳᠦᠨ ᠵᠦᠢᠯ ᠤᠨ ᠠᠵᠢᠯ ᠢ ᠰᠠᠶᠢᠲᠤᠷ | ᠠᠳᠬᠤᠬᠤ ᠬᠡᠷᠡᠭᠲᠡᠢ᠃ | ᠨᠢᠭᠡ ᠳᠤ᠂ ᠨᠠᠩ ᠶᠡᠭᠡ ᠡᠷᠴᠢᠮ ᠢᠶᠠᠷ ᠬᠤᠳᠠᠯᠳᠤᠭᠠᠴᠢᠨ ᠤᠷᠢᠵᠤ ᠪᠠᠯᠠ ᠤᠷᠤᠭᠤᠯᠤᠨ᠎ᠠ᠃ ︽ᠳᠥᠷᠪᠡᠨ ᠶᠡᠭᠡ | ᠭᠤᠤᠯᠯᠠᠬᠤ ᠠᠵᠤ ᠦᠢᠯᠡᠰ︾ ᠢ ᠬᠥᠭᠵᠢᠭᠦᠯᠬᠦ ᠲᠣᠭᠤᠷᠢᠨ ᠳᠤ᠂ ︽ᠵᠠᠭᠤᠨ ᠳ᠋ᠦᠩᠰᠢᠭᠤᠷ ᠤᠨ ᠲᠠᠰ ᠤᠨ ᠲᠠᠪᠤᠨ | ᠠᠵᠤ ᠦᠢᠯᠡᠰ ᠤᠨ ᠪᠦᠭᠡᠮᠨᠡᠷᠡᠯ︾ ᠢ ᠴᠤᠭᠴᠠᠯᠠᠵᠤ᠂ ︽ᠶᠡᠬᠡᠪᠡᠷ ᠬᠤᠳᠠᠯᠳᠤᠭᠠᠴᠢᠨ ᠤᠷᠢᠬᠤ︾ ᠶᠢ ᠪᠠᠷᠢᠮᠳᠠᠯᠠᠨ᠂ | ᠬᠤᠳᠠᠯᠳᠤᠭᠠᠴᠢᠨ ᠤᠷᠢᠬᠤ 9 ᠲᠤᠰᠬᠠᠶ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠠᠵᠢᠯ ᠲᠥᠷᠥᠯ ᠢᠶᠠᠷ ᠢᠶᠠᠨ | ᠬᠠᠮᠵᠢᠯᠴᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠥᠪᠡᠷᠲᠡᠭᠡᠨ ᠵᠠᠰᠠᠬᠤ ᠣᠷᠣᠨ ᠤ ᠲᠢᠩᠬᠢᠮ | ᠲᠣᠪᠴᠢᠶ᠎ᠠ ᠶᠢᠨ ᠬᠠᠪᠰᠤᠷᠤᠨ ᠲᠡᠳᠬᠦᠬᠦ ᠵᠡᠷᠭᠡ ᠲᠠᠪᠴᠠᠩ ᠤᠨ ᠡᠬᠢ ᠪᠠᠶᠠᠯᠢᠭ ᠢ ᠰᠠᠶᠢᠳᠤᠷ ᠠᠰᠢᠭᠯᠠᠨ᠂ ᠭᠠᠷᠮᠠᠭᠠᠢ | ᠴᠢᠳᠠᠪᠤᠷᠢᠳᠠᠳ ᠢ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠲᠤ | ᠪᠠᠶᠢᠩᠭᠤ ᠲᠤᠮᠢᠯᠠᠨ ᠤᠴᠢᠭᠤᠯᠵᠤ ᠬᠤᠳᠠᠯᠳᠤᠭᠠᠴᠢᠨ ᠤᠷᠢᠵᠤ ᠪᠡᠯᠡ ᠤᠷᠤᠭᠤᠯᠵᠤ᠂ ᠭᠤᠤᠯᠳᠠᠯᠭ᠎ᠠ ᠨᠢ ᠦᠬᠡᠷ | ᠬᠤᠨᠢᠨ ᠮᠢᠬ᠎ᠠ ᠨᠢᠳᠤᠯᠵᠤ ᠪᠣᠯᠪᠠᠰᠤᠷᠠᠭᠤᠯᠬᠤ᠂ ᠭᠦᠢᠳᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ | ᠭᠦᠢᠯᠭᠡᠭᠡ᠂ ᠲᠥᠮᠥᠰᠥ ᠶᠢ ᠨᠠᠷᠢᠯᠢᠭ ᠪᠣᠯᠪᠠᠰᠤᠷᠠᠭᠤᠯᠬᠤ᠂ ᠵᠢᠭᠤᠯᠴᠢᠯᠠᠯ ᠤᠨ ᠦᠢᠯᠡᠰ ᠵᠡᠷᠭᠡ ᠢᠵᠢ ᠪᠦᠷᠢᠳᠦᠭᠦᠯᠬᠦ | ᠠᠵᠤ ᠦᠢᠯᠡᠰ ᠲᠤ ᠬᠦᠴᠦ ᠲᠠᠯᠪᠢᠨ᠂ ᠰᠠᠨᠠᠮᠵᠢ ᠶᠢᠨ ᠴᠢᠨᠠᠷᠲᠠᠶ ᠲᠥᠷᠥᠯ ᠵᠦᠢᠯ ᠨᠢᠭᠡᠪᠦᠷᠢ ᠶᠢ ᠤᠷᠬᠢᠬᠤ ᠦᠭᠡᠢ | ᠪᠠᠶᠢᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠪᠦᠯᠬᠦᠮ ᠪᠠᠶᠢᠭᠤᠯᠬᠤ ᠮᠠᠶ᠋ᠢᠭ ᠤᠨ ᠪᠡᠯᠡ | ᠣᠷᠣᠭᠤᠯᠤᠯᠲᠠ᠂ ᠪᠦᠯᠦᠭᠯᠡᠬᠦ ᠮᠠᠶ᠋ᠢᠭ ᠤᠨ ᠬᠥᠭᠵᠢᠯᠲᠡ ᠶᠢ ᠲᠠᠳᠠᠨ ᠲᠦᠪᠯᠡᠷᠡᠭᠦᠯᠦᠨ᠎ᠡ᠃ | ᠬᠤᠶᠠᠷ ᠲᠤ᠂ ᠲᠥᠷᠥᠯ ᠵᠦᠢᠯ ᠤᠨ ᠪᠠᠯᠠ ᠮᠥᠩᠭᠦ ᠶᠢ ᠨᠠᠩ ᠲᠦᠷᠭᠡᠨ ᠲᠡᠮᠡᠴᠡᠨ ᠤᠯᠤᠨ᠎ᠠ᠃ ᠡᠨᠡ ᠵᠢᠯ᠂ | ᠲᠥᠪ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶ᠎ᠡ ᠶᠢ | ᠶᠡᠭᠡ ᠪᠠᠷ ᠨᠡᠮᠡᠭᠳᠡᠭᠦᠯᠵᠦ᠂ ᠡᠳ᠋ ᠤᠨ ᠵᠠᠰᠠᠭ ᠤᠨ ᠬᠦᠴᠦᠨ ᠢ ᠠᠬᠢᠭᠤᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ | ᠪᠠ ᠬᠥᠭᠵᠢᠭᠡᠳᠦᠶ ᠭᠠᠵᠠᠷ ᠣᠷᠣᠨ ᠲᠡᠶᠢᠰᠢ ᠨᠠᠩ ᠢᠯᠡᠭᠦᠦ ᠪᠠᠭᠤᠯᠭᠠᠨ᠂ ᠥᠪᠡᠷᠲᠡᠭᠡᠨ ᠵᠠᠰᠠᠬᠤ ᠣᠷᠣᠨ ᠤ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠯᠠ ᠮᠦᠩᠭᠦ ᠶᠢ ᠴᠢᠨᠠᠷ ᠰᠠᠶᠢᠳᠠᠢ ᠲᠦᠷᠦᠯ ᠵᠤᠶᠢᠯ ᠤᠷᠤᠭᠤ | ᠬᠠᠨᠳᠤᠭᠤᠯᠵᠦ᠂ ᠡᠲᠡᠭᠡᠷ ᠲᠥᠷᠥ ᠶᠢᠨ ᠪᠣᠳᠣᠯᠭ᠎ᠠ ᠪᠣᠯ ᠮᠠᠨ ᠤ ᠬᠥᠭᠵᠢᠯᠲᠡ ᠶᠢ ᠲᠦᠷᠭᠡᠳᠬᠡᠬᠦ ᠬᠦᠴᠦᠲᠡᠶ ᠠᠵᠠ | ᠲᠣᠬᠢᠶᠠᠯ ᠮᠥᠨ᠂ ᠬᠤᠰᠢᠭᠤ ᠱᠠᠲᠤᠨ ᠤ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠴᠢᠷᠮᠠᠶᠢᠵᠤ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ | ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ | ᠠᠵᠤ ᠠᠬᠤᠶ ᠶᠢᠨ ᠰᠠᠯᠠᠭ᠎ᠠ ᠮᠥᠴᠢᠷ ᠤᠨ ᠲᠥᠷᠥᠯ ᠵᠦᠢᠯ ᠤᠨ ᠪᠠᠯᠠ ᠮᠥᠩᠭᠦ ᠶᠢ 2022 ᠣᠨ ᠠᠴᠠ ᠳᠤᠤᠷ᠎ᠠ | ᠪᠠᠶᠢᠯᠭᠠᠵᠤ ᠪᠣᠯᠬᠤ ᠥᠬᠡᠶ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠠᠯᠠ ᠬᠤᠷᠠᠮᠳᠤᠭᠤᠯᠬᠤ ᠪᠠ ᠠᠰᠢᠭ ᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠲᠠᠢ ᠭᠦᠨᠵᠡᠭᠡᠶ ᠬᠠᠮᠲᠤᠷᠠᠯᠴᠠᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ | ᠲᠠᠶᠢᠴᠢᠯᠠᠨ᠂ ᠠᠷᠠᠳ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠲᠠᠶᠢᠴᠢᠯᠠᠨ᠎ᠠ᠃ | ᠭᠤᠷᠪᠠ ᠳᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠥᠪᠡᠷ ᠤᠨ ᠥᠷᠲᠡᠭ ᠢ ᠪᠠᠭᠤᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠶᠢ ᠬᠥᠩᠭᠡᠷᠡᠭᠦᠯᠵᠦ | ᠰᠦᠢᠳᠬᠡᠯ ᠢ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠳᠤ | ᠰᠠᠶᠢᠳᠤᠷ ᠦᠢᠯᠡᠴᠢᠯᠡᠵᠤ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠵᠠᠰᠠᠭ | ᠂ ᠪᠠᠩᠬᠢ᠂ ᠠᠵᠤ ᠠᠬᠤᠶᠢᠯᠠᠯ ᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ᠂ ᠮᠥᠩᠭᠦᠨ ᠭᠦᠢᠯᠭᠡᠭᠡᠨ ᠤ ᠪᠦᠳᠦᠭᠡᠭᠳᠡᠭᠦᠨ ᠪᠠ ᠦᠢᠯᠡᠴᠢᠯᠡᠭᠡ ᠳᠤ | ᠰᠢᠨ᠎ᠡ ᠶᠢ ᠡᠭᠦᠳᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠨᠣᠷᠮ᠎ᠠ ᠶᠢᠨ ᠬᠢᠷᠢ | ᠬᠡᠮᠵᠢᠶ᠎ᠡ ᠪᠠ ᠪᠠᠯᠠ ᠲᠣᠬᠢᠷᠠᠭᠤᠯᠭ᠎ᠠ ᠶᠢᠨ ᠬᠠᠮᠢᠶ᠎ᠠ ᠪᠥᠬᠦᠶ ᠵᠠᠷᠤᠳᠠᠯ ᠤᠨ ᠵᠠᠷᠤᠯᠭ᠎ᠠ ᠶᠢ ᠪᠠᠭᠤᠷᠠᠭᠤᠯᠤᠨ᠂ ᠠᠷᠠᠳ ᠤᠨ | ᠲᠤᠮᠳᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ | ᠲᠠᠲᠠᠬᠤ ᠪᠠ ᠵᠢᠭᠡᠯᠡᠯᠭᠡ ᠶᠢ ᠵᠣᠭᠰᠣᠭᠠᠬᠤ ᠠᠴᠠ ᠪᠣᠯᠵᠣ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ | ᠨᠦᠯᠦᠭᠡᠯᠡᠬᠦ ᠠᠴᠠ ᠵᠠᠶᠢᠯᠠᠰᠬᠢᠨ᠎ᠡ᠃ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠦᠨᠡᠮᠯᠡᠯ ᠪᠠ ᠭᠡᠷᠡᠴᠢ ᠶᠢ ᠰᠠᠯᠭᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠲᠠᠪᠤ ᠶᠢ ᠬᠠᠰᠤᠵᠤ ᠨᠢᠭᠡ ᠶᠢ ᠰᠢᠯᠢᠳᠡᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠦᠨ | ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠵᠤ᠂ ᠪᠥᠬᠦ ᠬᠤᠲᠠ ᠶᠢᠨ ᠬᠠᠮᠤᠭ ᠤᠨ | ᠰᠢᠯᠢᠳᠡᠭ ᠣᠷᠴᠢᠨ ᠲᠣᠭᠤᠷᠢᠨ ᠢ ᠪᠠᠶᠢᠭᠤᠯᠵᠦ᠂ ᠬᠠᠮᠤᠭ ᠤᠨ ᠲᠦᠷᠭᠡᠨ ᠦᠷ᠎ᠡ ᠪᠦᠳᠦᠮᠵᠢ ᠶᠢ ᠪᠤᠢ ᠪᠤᠯᠭᠠᠨ᠎ᠠ᠃ | ᠳᠥᠷᠪᠡ ᠳᠤ᠂ ᠨᠡᠩ ᠥᠨᠳᠥᠷ ᠪᠠᠷᠢᠮᠵᠢᠶ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠲᠤᠯᠭᠠᠭᠤᠷᠢᠯᠠᠯ ᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ | ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠤᠨ᠂ ᠵᠥᠩ ᠵᠢᠶᠠ᠂ ᠰᠠᠶ | ᠨᠥᠸᠧ᠂ ᠰᠢᠨ ᠢᠦᠶ᠂ ᠠ ᠡᠯ ᠭᠧ ᠵᠡᠷᠭᠡ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠳᠡᠮᠵᠢᠵᠦ᠂ ᠦᠷ᠎ᠡ ᠶᠢᠨ ᠦᠢᠯᠡᠰ᠂ ᠪᠢᠴᠢᠯ ᠵᠠᠮᠠᠭ ᠤᠨ ᠠᠮᠢᠳᠤ | ᠪᠣᠳᠠᠰ ᠤᠨ ᠬᠦᠷᠢᠶᠡᠨ ᠳᠤ ᠪᠥᠬᠦ ᠤᠯᠤᠰ ᠤᠨ ᠲᠡᠷᠢᠭᠦᠨ ᠤ ᠲᠠᠰ ᠢ ᠴᠢᠷᠮᠠᠶᠢᠨ ᠡᠭᠦᠳᠦᠨ᠎ᠡ᠃ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠪᠣᠯᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠲᠦᠰᠢᠭᠯᠡᠨ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ᠂ ᠲᠤᠰᠬᠠᠶ ᠮᠡᠷᠭᠡᠵᠢᠯᠲᠡᠨ ᠫᠷᠤᠹᠧᠰᠰᠤᠷ ᠯᠤᠭ᠎ᠠ ᠭᠦᠨᠵᠡᠭᠡᠶ ᠬᠠᠮᠵᠢᠯᠴᠠᠵᠤ᠂ | ᠮᠠᠯᠵᠢᠯ ᠲᠠᠷᠢᠶᠠᠯᠠᠩ ᠤᠨ ᠦᠢᠯᠡᠰ ᠤᠨ ᠮᠡᠷᠭᠡᠵᠢᠯ ᠤᠨ ᠰᠢᠨᠡᠴᠢᠯᠡᠯᠳᠡ ᠶᠢ ᠠᠬᠢᠭᠤᠯᠤᠨ᠎ᠠ᠃ ᠴᠢᠳᠠᠪᠤᠷᠢᠲᠠᠨ ᠢᠶᠠᠷ | ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠳᠠᠪᠤᠷᠢᠲᠠᠨ ᠤᠷᠢᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠴᠢᠳᠠᠪᠤᠷᠢᠲᠠᠨ ᠤ ᠦᠢᠯᠡᠴᠢᠯᠡᠭᠡᠨ ᠤ ᠵᠣᠬᠢᠴᠠᠮᠵᠢ ᠶᠢ ᠪᠦᠷᠢᠡᠰᠢᠬᠦᠯᠵᠤ᠂ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ | ᠵᠡᠷᠭᠡ ᠲᠠᠯ᠎ᠠ ᠪᠠᠷ ᠳᠤᠲᠠᠭᠳᠠᠵᠤ ᠪᠠᠢᠭ᠎ᠠ ᠴᠢᠳᠠᠪᠤᠷᠢᠲᠠᠨ ᠢ ᠥᠷᠭᠡᠨ ᠢᠶᠠᠷ ᠲᠡᠳᠡᠨ ᠤᠷᠤᠭᠤᠯᠤᠨ᠎ᠠ᠃ ᠨᠤᠲᠤᠭ ᠲᠠᠭᠠᠨ | ᠪᠤᠴᠠᠵᠤ ᠦᠢᠯᠡᠰ ᠪᠤᠰᠬᠠᠬᠤ ᠠᠵᠤ ᠠᠬᠤᠶᠢᠯᠠᠯᠲᠠᠨ ᠢ ᠴᠢᠬᠤᠯᠠᠴᠢᠯᠠᠨ ᠦᠵᠡᠵᠦ᠂ ᠬᠠᠶᠢᠷᠠᠯᠠᠨ ᠬᠠᠯᠠᠮᠵᠢᠯᠠᠵᠤ᠂ | ᠬᠦᠷᠦᠩᠭᠡ ᠶᠢᠨ ᠪᠤᠴᠠᠯᠲᠠ᠂ ᠴᠢᠳᠠᠪᠤᠷᠢᠲᠠᠨ ᠤ ᠨᠤᠲᠤᠭ ᠲᠠᠭᠠᠨ ᠪᠤᠴᠠᠬᠤ ᠶᠢ ᠵᠤᠷᠢᠭᠵᠢᠭᠤᠯᠵᠦ᠂ ᠨᠤᠲᠤᠭ ᠲᠠᠭᠠᠨ | ᠪᠤᠴᠠᠵᠤ ᠨᠤᠲᠤᠭ ᠤᠰᠤ ᠪᠠᠨ ᠬᠠᠮᠲᠤ ᠪᠠᠷ ᠪᠦᠳᠦᠭᠡᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠳᠠᠷᠠᠭᠤᠯᠤᠨ᠎ᠠ᠃ | ︵ᠬᠤᠶᠠᠷ︶ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠳᠤ ᠬᠦᠴᠦᠨ ᠢᠶᠠᠨ ᠲᠦᠪᠯᠡᠷᠡᠬᠦᠯᠦᠨ᠎ᠠ᠃ | ᠡᠨᠡ ᠵᠢᠯ ᠪᠢᠳᠡ 50 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 333 ᠳ᠋ᠦᠩᠰᠢᠭᠤᠷ ᠲᠥᠭᠦᠷᠢᠭ ᠪᠣᠯᠤᠨ᠎ᠠ᠃ ᠪᠢᠳᠡ ︽ᠲᠥᠷᠥᠯ ᠵᠦᠢᠯ ᠢᠶᠠᠷ ᠭᠤᠤᠯ ᠪᠣᠯᠭᠠᠬᠤ | ︾ ᠶᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠨ᠂ ᠲᠥᠷᠥᠯ ᠵᠦᠢᠯ | ᠢ ᠡᠷᠲᠡ ᠡᠬᠢᠯᠡᠭᠦᠯᠵᠦ᠂ ᠡᠷᠲᠡ ᠪᠠᠶᠢᠭᠤᠯᠵᠤ ᠳᠠᠭᠤᠰᠬᠠᠨ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠠᠳᠤᠯᠠᠨ᠎ᠠ᠃ | | ᠨᠢᠭᠡ ᠳᠤ᠂ ᠤᠳᠤᠷᠢᠳᠤᠯᠭ᠎ᠠ ᠠᠴᠠ ᠳᠠᠭᠠᠭᠠᠴᠢᠯᠠᠨ ᠬᠤᠯᠪᠣᠭᠠᠯᠠᠬᠤ ᠶᠢ ᠴᠢᠩᠭᠠᠳᠬᠠᠨ᠎ᠠ᠃ ᠬᠤᠰᠢᠭᠤ ᠱᠠᠲᠤᠨ ᠤ | ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠥᠷᠥᠯ | ᠵᠦᠢᠯ ᠤᠨ ᠠᠯᠪᠠᠨ ᠬᠡᠷ ᠪᠠᠶᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ ᠵᠢᠯᠤᠭᠤᠳᠤᠨ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠢ ᠴᠧᠩ ᠭᠤᠸᠠᠩ ᠬᠤᠶ | ᠨᠥᠬᠦᠷ ᠪᠣᠯᠤᠨ ᠵᠠᠩ ᠰᠢᠶᠠᠩ ᠨᠥᠬᠦᠷ ᠬᠠᠷᠢᠭᠤᠴᠠᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠢ ᠰᠦᠯᠳᠡ | ᠨᠥᠬᠦᠷ ᠪᠣᠯᠤᠨ ᠶᠠᠩ ᠯᠠᠶ ᠴᠢᠤᠸᠠᠨ ᠨᠥᠬᠦᠷ ᠬᠠᠷᠢᠭᠤᠴᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ ᠵᠠᠩ | ᠰᠢᠤᠸᠠᠢ ᠴᠦᠨ ᠨᠥᠬᠦᠷ ᠬᠠᠷᠢᠭᠤᠴᠠᠵᠤ᠂ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠠᠩ ᠯᠢᠦ | ᠨᠥᠬᠦᠷ ᠬᠠᠷᠢᠭᠤᠴᠠᠵᠤ᠂ ᠵᠢᠭᠤᠯᠴᠢᠯᠠᠯ ᠤᠨ ᠲᠥᠷᠥᠯ ᠵᠦᠢᠯ ᠢ ᠹᠠᠨ ᡁᠢ ᠯᠢᠶᠠᠩ ᠨᠥᠬᠦᠷ ᠬᠠᠷᠢᠭᠤᠴᠠᠵᠤ᠂ ᠪᠥᠬᠦ | ᠬᠦᠴᠦᠨ ᠢᠶᠠᠷ ᠢᠶᠠᠨ ᠲᠥᠷᠥᠯ ᠵᠦᠢᠯ ᠳᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ 4 ᠳ᠋ᠦ᠋ᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠤ | ᠳᠠᠭᠤᠰᠬᠠᠨ᠂ 5 ᠳ᠋ᠤᠭᠠᠷ ᠰᠠᠷ᠎ᠠ ᠶᠢᠨ ᠡᠬᠢ ᠪᠠᠷ ᠪᠦᠬᠦᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠠᠵᠤ | ᠠᠬᠤᠶ ᠶᠢᠨ ᠭᠦᠢᠴᠡᠳᠬᠡᠯ ᠲᠤᠭ᠎ᠠ ᠶᠢᠨ ᠰᠠᠶᠢᠨ ᠡᠬᠢᠯᠡᠯᠲᠡ ᠶᠢ ᠪᠡᠶᠡᠯᠡᠭᠦᠯᠦᠨ᠎ᠡ᠃ ᠬᠤᠰᠢᠭᠤ ᠱᠠᠲᠤᠨ ᠤ | ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠲᠥᠷᠥᠯ ᠵᠦᠢᠯ ᠤᠨ ᠲᠣᠭᠤᠷᠢᠨ ᠳᠤ ᠠᠯᠢᠪᠠ | ᠪᠦᠬᠦᠨ ᠢᠶᠠᠨ ᠰᠢᠯᠵᠢᠭᠦᠯᠦᠨ ᠲᠦᠪᠯᠡᠷᠡᠭᠦᠯᠵᠤ᠂ ᠡᠭᠦᠷᠭᠡ ᠬᠠᠷᠢᠭᠤᠴᠠᠯᠭ᠎ᠠ ᠪᠠᠨ ᠵᠤᠷᠢᠭᠳᠠᠢ ᠡᠭᠦᠷᠭᠡᠯᠡᠨ᠂ ᠲᠦᠷᠦᠯ | ᠵᠦᠢᠯ ᠢ ᠴᠢᠩᠭ᠎ᠠ ᠠᠳᠬᠤᠨ ᠡᠷᠡᠯᠭᠡᠭᠯᠡᠨ ᠤᠷᠤᠭᠰᠢᠯᠠᠬᠤ ᠰᠠᠶᠢᠨ ᠡᠬᠢᠯᠡᠯᠳᠡ ᠶᠢ ᠪᠤᠢ ᠪᠤᠯᠭᠠᠨ᠎ᠠ᠃ | ᠬᠤᠶᠠᠷ ᠲᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠣᠯᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠲᠥᠷᠥᠯ ᠵᠦᠢᠯ ᠲᠣᠭᠲᠠᠭᠠᠬᠤ᠂ ᠭᠠᠵᠠᠷ | ᠰᠢᠷᠣᠶ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠬᠢᠬᠦ ᠵᠡᠷᠭᠡ ᠭᠠᠷᠳᠠᠮ ᠤᠨ | ᠲᠣᠭᠤᠷᠢᠨ ᠳᠤ᠂ ᠣᠷᠣᠯᠠᠨ ᠭᠦᠢᠴᠡᠳᠬᠡᠵᠤ ᠬᠠᠪᠰᠤᠷᠤᠨ ᠭᠦᠢᠴᠡᠳᠬᠡᠬᠦ᠂ ᠲᠤᠰᠬᠠᠶ ᠬᠥᠮᠦᠨ ᠲᠤᠰᠬᠠᠶ ᠠᠩᠭᠢ | ᠳᠠᠭᠠᠵᠤ ᠦᠢᠯᠡᠴᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠲᠥᠷᠥᠯ ᠵᠦᠢᠯ ᠢ ᠲᠦᠷᠭᠡᠨ | ᠬᠢᠨᠠᠨ ᠵᠥᠪᠰᠢᠶᠡᠷᠡᠵᠦ ᠡᠷᠲᠡᠬᠡᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠦᠲᠦᠮᠵᠢᠲᠡᠶ | ᠪᠡᠯᠡ ᠣᠷᠣᠭᠤᠯᠤᠯᠲᠠ ᠶᠢ ᠲᠦᠷᠭᠡᠨ ᠪᠣᠶ ᠪᠤᠯᠭᠠᠨ᠎ᠠ᠃ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠪᠣᠯᠤᠨ ᠬᠠᠮᠢᠶ᠎ᠠ | ᠪᠥᠬᠦᠶ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠡᠮᠦᠨ᠎ᠡ ᠹᠷᠣᠨᠲ ᠲᠤ | ᠭᠦᠨᠵᠡᠭᠡᠶᠢᠷᠡᠨ᠂ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠤ᠂ ᠪᠥᠬᠦ ᠬᠦᠴᠦᠨ ᠢᠶᠠᠷ ᠢᠶᠠᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠴᠠᠭ ᠲᠡᠮᠡᠴᠡᠨ᠂ ᠠᠬᠢᠴᠠ ᠶᠢ ᠵᠠᠪᠳᠤᠨ᠂ ᠶᠠᠰᠤ ᠴᠢᠨᠠᠷ ᠢ ᠪᠠᠲᠤᠯᠠᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠎ᠡ᠃ | ᠭᠤᠷᠪᠠ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ︽ᠲᠠᠪᠤ ᠶᠢ ᠰᠠᠭᠤᠷᠢᠯᠠᠬᠤ︾ ᠠᠵᠢᠯᠯᠠᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠤᠨ᠂ ᠨᠢᠭᠡ ᠪᠦᠯᠦᠭ | ᠲᠡᠦᠬᠡ ᠶᠢᠨ ᠦᠯᠡᠳᠡᠭᠳᠡᠯ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠨ᠎ᠡ᠃ ᠬᠦᠷᠢᠶᠡᠯᠡᠩ ᠲᠣᠭᠤᠷᠢᠭ ᠤᠨ | ᠦᠢᠯᠡᠴᠢᠯᠡᠭᠡᠨ ᠤ ᠴᠢᠳᠠᠪᠬᠢ ᠪᠣᠯᠤᠨ ᠳᠠᠭᠠᠭᠠᠴᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠣᠬᠢᠷ | ᠤᠰᠤ ᠶᠢ ᠰᠢᠢᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠵᠡᠷᠭᠡ ᠲᠦᠷᠦᠯ ᠵᠦᠢᠯ ᠢ | ᠬᠡᠷᠡᠭᠵᠢᠭᠦᠯᠦᠨ᠂ ᠤᠰᠤ᠂ ᠴᠠᠬᠢᠯᠭᠠᠨ᠂ ᠵᠠᠮ᠂ ᠢᠯᠴᠢ ᠵᠡᠷᠭᠡ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠥᠷᠢᠯᠡᠵᠦ᠂ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠦᠷᠳᠡᠭ ᠪᠣᠯᠤᠨ ᠭᠠᠶᠢᠯᠢ ᠲᠠᠲᠠᠪᠤᠷᠢ ᠶᠢᠨ ᠬᠢᠨᠠᠨ | ᠰᠢᠯᠭᠠᠯᠲᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ | ᠭᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠭᠡᠳᠡᠷᠬᠦ ᠰᠢᠬᠠᠮᠳᠠᠭᠤᠯᠵᠤ᠂ ᠢᠮᠠᠬᠤ ᠭᠠᠵᠠᠷ ᠤᠨ ᠦᠷᠳᠡᠭ ᠢ ᠴᠤ | ᠬᠦᠢᠴᠡᠳ ᠪᠠᠳᠠᠷᠠᠭᠤᠯᠬᠤ ᠶᠢ ᠦᠨᠡᠨ ᠬᠦ ᠪᠡᠶᠡᠯᠡᠭᠦᠯᠦᠨ᠎ᠡ᠃ ᠬᠤᠳᠠ ᠬᠥᠳᠡᠭᠡ ᠶᠢᠨ ᠭᠠᠵᠠᠷ ᠰᠢᠷᠣᠢ ᠶᠢᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠶᠢ ᠶᠡᠭᠡ ᠪᠠᠷ ᠠᠬᠢᠭᠤᠯᠵᠤ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠂ | ᠰᠤᠯᠠ ᠪᠠᠶᠢᠭ᠎ᠠ ᠭᠠᠵᠠᠷ ᠰᠢᠷᠣᠢ ᠶᠢ ᠲᠠᠬᠢᠨ ᠠᠰᠢᠭᠯᠠᠵᠤ᠂ ᠵᠢᠶᠠ ᠬᠤᠢ ᠴᠠᠬᠢᠭᠤᠷ ᠤᠨ ᠦᠢᠯᠡᠰ ᠪᠣᠯᠤᠨ ᠪᠤᠶᠢᠨ | ᠰᠦᠮ᠎ᠡ ᠶᠢᠨ ᠵᠡᠰ ᠤᠨ ᠠᠭᠤᠷᠬᠠᠢ ᠶᠢ ᠲᠠᠬᠢᠨ ᠰᠡᠷᠭᠦᠭᠡᠬᠦ ᠶᠢ ᠭᠤᠣᠯᠳᠠᠯᠭ᠎ᠠ ᠲᠠᠢ ᠠᠬᠢᠭᠤᠯᠤᠨ᠂ ᠡᠬᠢ ᠪᠠᠶᠠᠯᠢᠭ ᠢ | ᠬᠠᠮᠤᠭ ᠤᠨ ᠶᠡᠭᠡ ᠪᠠᠷ ᠠᠰᠢᠭᠯᠠᠬᠤ ᠶᠢ ᠪᠡᠶᠡᠯᠡᠭᠦᠯᠦᠨ᠎ᠡ᠃ | ︵ᠭᠤᠷᠪᠠ︶ ᠬᠠᠷᠠᠯᠲᠠᠲᠤ ᠰᠢᠯᠭᠠᠨ ᠬᠢᠨᠠᠯᠳᠠ ᠶᠢ ᠴᠢᠩᠭᠠᠷᠠᠭᠤᠯᠤᠨ ᠪᠣᠳᠠᠲᠠᠶᠢᠵᠢᠭᠤᠯᠤᠨ᠎ᠠ᠃ | ᠨᠢᠭᠡ ᠳᠤ᠂ ᠬᠢᠨᠠᠨ ᠰᠢᠯᠭᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠎ᠠ᠃ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤᠮᠳᠠᠬᠢ ᠺᠠᠳ᠋ᠷ ᠢ ᠬᠢᠨᠠᠨ ᠰᠢᠯᠭᠠᠬᠤ ᠠᠵᠢᠯ ᠤᠨ ᠳᠣᠬᠢᠭᠤᠷ ᠦᠢᠯᠡᠳᠦᠯ ᠢ | ᠪᠠᠳᠠᠷᠠᠭᠤᠯᠵᠤ᠂ ᠪᠦᠬᠦ ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠣᠨ ᠵᠢᠯ | ᠤᠨ ᠬᠢᠨᠠᠨ ᠰᠢᠯᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ | ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠲᠠᠪᠤᠨ ᠶᠡᠭᠡ ᠡᠭᠦᠷᠭᠡ | ︾ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠰᠢᠯᠭᠠᠨ ᠦᠨᠡᠯᠡᠯᠲᠡ ᠶᠢ | ᠤᠳᠤᠷᠢᠳᠬᠤ ᠪᠠᠭ ᠵᠢᠴᠢ ᠤᠳᠤᠷᠢᠳᠬᠤ ᠺᠠᠳ᠋ᠷ ᠢ ᠬᠢᠨᠠᠨ ᠰᠢᠯᠭᠠᠬᠤ ᠬᠤᠪᠢ ᠤᠯᠬᠤ ᠲᠠᠢ ︽ᠬᠤᠯᠪᠣᠭᠳᠠᠭᠤᠯᠤᠨ᠎ᠠ︾ | ᠂ ᠬᠢᠨᠠᠨ ᠰᠢᠯᠭᠠᠬᠤ ᠠᠭᠤᠯᠭ᠎ᠠ ᠪᠠ ᠬᠤᠪᠢ ᠦᠭᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ | ᠵᠠᠷᠴᠢᠮ ᠳᠡᠭᠡᠷ᠎ᠡ ᠪᠠᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ 70% - 80% ᠶᠢ ᠡᠵᠡᠯᠡᠵᠤ᠂ | ᠡᠳ᠋ ᠤᠨ ᠵᠠᠰᠠᠭ᠂ ᠬᠦᠭᠵᠢᠭᠦᠯᠦᠯᠳᠡ ᠦᠭᠡᠷᠡᠴᠢᠯᠡᠯᠳᠡ᠂ ᠮᠠᠯ ᠲᠠᠷᠢᠶᠠᠯᠠᠩ᠂ ᠦᠢᠯᠡᠳᠪᠦᠷᠢ ᠮᠡᠳᠡᠭᠡ᠂ ᠰᠣᠶᠣᠯ | ᠵᠢᠭᠤᠯᠴᠢᠯᠠᠯ ᠵᠡᠷᠭᠡ ᠠᠵᠤ ᠠᠬᠤᠶ ᠶᠢᠨ ᠠᠵᠢᠯ ᠤᠨ ᠰᠠᠯᠠᠭ᠎ᠠ ᠮᠥᠴᠢᠷ ᠤᠳ 80 % ᠶᠢ ᠡᠵᠡᠯᠡᠵᠤ᠂ ᠰᠢᠯᠭᠠᠨ | ᠬᠢᠨᠠᠬᠤ ᠳᠤᠮᠳᠠᠬᠢ ︽ᠬᠠᠲᠠᠭᠤ ᠭᠦᠢᠴᠡᠳᠬᠡᠯ ᠲᠤᠭ᠎ᠠ︾ ᠶᠢᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ | ᠳᠣᠪᠤᠶᠢᠯᠭᠠᠨ᠎ᠠ᠃ | ᠬᠤᠶᠠᠷ ᠲᠤ᠂ ᠬᠢᠨᠠᠨ ᠰᠢᠯᠭᠠᠭᠰᠠᠨ ᠦᠷ᠎ᠡ ᠳ᠋ᠦᠩ ᠢ ᠣᠨᠣᠪᠴᠢᠲᠠᠢ ᠬᠡᠷᠡᠭᠯᠡᠨ᠎ᠡ᠃ ᠡᠩ ᠤᠨ ᠦᠶ᠎ᠡ ᠶᠢᠨ ᠬᠢᠨᠠᠨ | ᠰᠢᠯᠭᠠᠬᠤ᠂ ᠲᠤᠰᠬᠠᠶ ᠵᠦᠢᠯ ᠢᠶᠠᠷ ᠬᠢᠨᠠᠨ ᠰᠢᠯᠭᠠᠬᠤ᠂ ᠣᠨ ᠤ ᠬᠢᠨᠠᠨ ᠰᠢᠯᠭᠠᠭᠰᠠᠨ ᠦᠷ᠎ᠡ ᠳ᠋ᠦᠩ ᠢ ᠪᠦᠲᠦᠮᠵᠢᠲᠡᠶ | ᠨᠡᠪᠲᠡᠷᠡᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠤᠳᠤᠷᠢᠳᠬᠤ ᠪᠠᠭ ᠢ ᠦᠨᠡᠯᠡᠨ ᠲᠣᠭᠲᠠᠭᠠᠬᠤ᠂ ᠺᠠᠳ᠋ᠷ ᠢ | ᠬᠡᠷᠡᠭᠯᠡᠬᠦ ᠯᠦᠭᠡ ᠤᠶᠠᠯᠳᠤᠭᠤᠯᠤᠨ᠂ ᠢᠯᠡᠷᠡᠭᠦᠯᠬᠦ ᠴᠢᠳᠠᠪᠤᠷᠢ ᠰᠢᠯᠢᠳᠡᠭ᠂ ᠪᠣᠳᠠᠲᠤ ᠠᠮᠵᠢᠯᠲᠠ ᠪᠠᠷ ᠲᠣᠪᠤᠶᠢᠮ᠎ᠠ ᠶᠢ ᠨᠢ | ᠴᠠᠭ ᠲᠤᠬᠠᠶ ᠳᠤᠨᠢ ᠳᠡᠪᠰᠢᠭᠦᠯᠦᠨ ᠬᠡᠷᠡᠭᠯᠡᠵᠦ᠂ ᠬᠦᠬᠢᠭᠦᠯᠦᠨ ᠰᠠᠶᠢᠰᠢᠶᠠᠨ᠎ᠠ︔ ᠨᠠᠮ ᠵᠠᠰᠠᠭ ᠤᠨ ᠤᠳᠤᠷᠢᠳᠬᠤ | ᠪᠠᠭ ᠢ ᠬᠢᠨᠠᠨ ᠰᠢᠯᠭᠠᠬᠤ ᠠᠵᠢᠯ ᠤᠨ ᠡᠴᠦᠰ ᠤᠨ ᠪᠠᠶᠢᠷᠢ ᠳᠤ ᠪᠣᠯᠵᠣᠨ ᠶᠠᠷᠢᠯᠴᠠᠵᠤ ᠰᠡᠷᠡᠮᠵᠢᠯᠡᠭᠦᠯᠬᠦ ᠲᠦᠷᠢᠮ ᠢ | ᠪᠠᠶᠢᠭᠤᠯᠵᠤ᠂ ᠨᠡᠷᠡᠰ ᠤᠨ ᠵᠢᠭᠰᠠᠭᠠᠯᠲᠠ ᠶᠢᠨ ᠡᠴᠦᠰ ᠤᠨ ᠭᠤᠷᠪᠠ ᠳᠤ ᠵᠢᠭᠰᠠᠭᠠᠭᠳᠠᠭᠰᠠᠨ ᠤᠳᠤᠷᠢᠳᠬᠤ ᠪᠠᠭ ᠵᠢᠴᠢ | ᠲᠡᠭᠦᠨ ᠤ ᠭᠤᠣᠯ ᠬᠠᠷᠢᠭᠤᠴᠠᠯᠭᠠᠲᠠᠨ ᠢ ᠰᠠᠨᠠᠭᠤᠯᠤᠨ ᠶᠠᠷᠢᠯᠴᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ | ᠦᠭᠡᠷᠡᠴᠢᠯᠡᠭᠦᠯᠦᠨᠡ᠃ ᠬᠥᠭᠵᠢᠯᠲᠡ ᠶᠢ ᠠᠳᠬᠤᠬᠤ ᠳᠤ ᠰᠡᠳᠬᠢᠴᠡ ᠦᠭᠡᠶ᠂ ᠠᠷᠭ᠎ᠠ ᠬᠡᠮᠵᠢᠶ᠎ᠡ ᠦᠭᠡᠶ᠂ ᠠᠵᠢᠯ ᠨᠢ | ᠲᠣᠬᠢᠷᠠᠮᠵᠢ ᠦᠭᠡᠶ ᠪᠣᠯ᠂ ᠠᠵᠢᠯ ᠤᠨ ᠪᠠᠶᠢᠷᠢ ᠳᠤᠨᠢ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠡᠷᠡᠰ ᠢᠶᠠᠷ | ᠲᠣᠬᠢᠷᠠᠭᠤᠯᠤᠯᠲᠠ ᠬᠢᠨ᠎ᠡ︔ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠥᠭᠵᠢᠯᠲᠡ ᠶᠢ | ᠰᠠᠭᠠᠲᠠᠭᠠᠭᠰᠠᠨ ᠪᠠᠶᠢᠪᠠᠯ᠂ ᠲᠤᠰᠢᠶᠠᠯ ᠠᠴᠠ ᠨᠢ ᠪᠠᠭᠤᠯᠭᠠᠬᠤ ᠶᠣᠰᠣᠲᠠᠢ ᠶᠢ ᠨᠢ ᠡᠷᠡᠰ ᠪᠠᠭᠤᠯᠭᠠᠨ᠎ᠠ᠃ | ᠭᠤᠷᠪᠠ᠂ ᠬᠤᠳᠠ ᠬᠦᠳᠡᠭᠡ ᠶᠢᠨ ᠬᠦᠭᠵᠢᠯᠳᠠ ᠶᠢ ᠨᠢᠬᠡᠳᠦᠯᠳᠠᠢ ᠲᠦᠯᠦᠪᠵᠢᠬᠦᠯᠵᠦ᠂ ᠬᠤᠷᠢᠭ᠎ᠠ ᠱᠤᠭᠤᠮ ᠢᠶᠠᠨ | ᠰᠠᠬᠢᠨ᠂ ᠠᠵᠦ ᠦᠢᠯᠡᠰ ᠢ ᠠᠳᠬᠤᠵᠦ᠂ ᠪᠠᠳᠤᠯᠠᠭ᠎ᠠ ᠶᠢ ᠴᠢᠩᠭᠠᠳᠬᠠᠨ᠂ ᠮᠤᠨᠢ ᠠᠭᠤᠯᠠ ᠶᠢᠨ ᠠᠷᠦ ᠬᠤᠷᠮᠤᠢ ᠶᠢᠨ | ᠤᠷᠤᠰᠢᠨ ᠰᠠᠭᠤᠬᠤ ᠳᠤ ᠲᠤᠬᠢᠷᠠᠮᠵᠢᠳᠠᠢ ᠦᠪᠡᠷᠮᠢᠴᠠ ᠤᠨᠴᠠᠯᠢᠭᠳᠦ ᠪᠠᠯᠭᠠᠰᠦ ᠶᠢ ᠪᠦᠬᠦ ᠬᠦᠴᠦᠨ ᠢᠶᠠᠷ ᠡᠬᠦᠳᠦᠨ | ᠪᠠᠶᠢᠭᠤᠯᠤᠨ᠎ᠠ᠃ | ᠨᠢᠬᠡ ᠳᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠳᠦ | ᠰᠠᠬᠢᠨ᠎ᠠ᠃ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠶᠢ ᠬᠤᠷᠢᠭ᠎ᠠ ᠱᠤᠭᠤᠮ ᠤᠨ ᠡᠬᠦᠷᠬᠡ | ᠪᠠᠨ ᠪᠤᠯᠭᠠᠨ ᠪᠠᠷᠢᠮᠳᠠᠯᠠᠵᠦ᠂ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠬᠢᠨᠠᠨ ᠬᠡᠮᠵᠢᠯᠳᠠ ᠶᠢᠨ ᠲᠤᠭᠳᠠᠴᠠ ᠶᠢ ᠤᠯᠠᠮ | ᠨᠢᠬᠡ ᠠᠯᠬᠤᠮ ᠪᠦᠷᠢᠨᠰᠢᠬᠦᠯᠦᠨ ᠲᠡᠬᠦᠯᠳᠡᠷᠵᠢᠬᠦᠯᠵᠦ᠂ ᠰᠤᠮᠤ ᠰᠢᠶᠠᠩ ᠪᠠᠯᠭᠠᠰᠦ᠂ ᠭᠠᠴᠠᠭ᠎ᠠ ᠲᠤᠰᠬᠤᠨ᠂ ᠲᠤᠰᠬᠤᠨ | ᠳᠤ ᠰᠠᠭᠤᠬᠤ ᠠᠵᠢᠯ ᠤᠨ ᠠᠩᠭᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠳᠠᠳ ᠲᠠᠰᠤᠷᠠᠯᠳᠠ ᠦᠭᠡᠢ ᠮᠦᠷᠳᠡᠨ | ᠪᠠᠶᠢᠴᠠᠭᠠᠵᠦ ᠰᠤᠷᠪᠤᠯᠵᠢᠯᠠᠨ ᠠᠶᠢᠯᠴᠢᠯᠠᠬᠤ ᠶᠢ ᠪᠠᠶᠢᠩᠭᠤᠵᠢᠭᠤᠯᠤᠨ᠂ ᠮᠠᠯᠴᠢᠨ ᠲᠠᠷᠢᠶᠠᠴᠢᠳ ᠤᠨ ᠤᠷᠤᠯᠭ᠎ᠠ | ᠵᠠᠷᠤᠯᠭ᠎ᠠ᠂ ︽ᠭᠤᠷᠪᠠ ᠶᠢ ᠪᠠᠳᠤᠯᠠᠬᠤ︾ ᠪᠠ ᠤᠰᠦ ᠤᠮᠳᠠ ᠶᠢᠨ ᠠᠮᠤᠷ ᠲᠦᠪᠰᠢᠨ ᠵᠡᠷᠬᠡ ᠪᠠᠶᠢᠳᠠᠯ ᠳᠤ | ᠠᠩᠬᠠᠷᠤᠯ ᠢᠶᠠᠨ ᠲᠦᠪᠯᠡᠷᠡᠬᠦᠯᠵᠦ᠂ ᠡᠪᠡᠳᠴᠢᠨ᠂ ᠭᠠᠮᠰᠢᠭ᠂ ᠬᠢᠵᠢᠭ ᠵᠡᠷᠬᠡ ᠰᠢᠯᠳᠠᠭᠠᠨ ᠠᠴᠠ ᠶᠠᠳᠠᠭᠤᠷᠠᠬᠤ ᠪᠠ | ᠲᠠᠬᠢᠨ ᠶᠠᠳᠠᠭᠤᠷᠠᠬᠤ ᠪᠤᠯᠤᠯᠴᠠᠭ᠎ᠠ ᠲᠠᠢ ᠮᠠᠯᠴᠢᠨ ᠲᠠᠷᠢᠶᠠᠴᠢᠳ ᠢ ᠬᠢᠨᠠᠨ ᠬᠡᠮᠵᠢᠯᠳᠠ ᠶᠢᠨ ᠬᠡᠪᠴᠢᠶᠠᠨ ᠳᠤ | ᠤᠷᠤᠭᠤᠯᠤᠨ᠂ ︽ᠶᠠᠭᠤ ᠲᠤᠳᠠᠪᠠᠯ ᠶᠠᠭᠤ ᠶᠢ ᠨᠢ ᠨᠦᠬᠦᠪᠦᠷᠢᠯᠡᠬᠦ︾ ᠵᠠᠷᠴᠢᠮ ᠢ ᠲᠤᠪᠤᠶᠢᠯᠭᠠᠵᠦ᠂ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠠ ᠶᠢ ᠨᠠᠷᠢᠯᠢᠭ ᠤᠨᠤᠪᠴᠢᠳᠠᠢ ᠬᠡᠷᠡᠭᠵᠢᠬᠦᠯᠦᠨ᠂ ᠲᠤᠭᠳᠠᠭᠰᠠᠨ ᠬᠠᠷᠠᠯᠳᠠ ᠶᠢ ᠡᠷᠬᠡᠪᠰᠢ | ᠪᠠᠶᠠᠯᠡᠬᠦᠯᠬᠦ ᠶᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠦᠮᠦᠨ ᠰᠠᠭᠤᠬᠤ ᠤᠷᠴᠢᠨ ᠲᠤᠭᠤᠷᠢᠨ ᠢ | ᠴᠡᠭᠴᠡᠯᠡᠬᠦ᠂ ᠪᠤᠵᠠᠷ ᠤᠰᠦ ᠶᠢ ᠰᠢᠢᠳᠪᠦᠷᠢᠯᠡᠬᠦ᠂ ᠵᠤᠷᠯᠤᠩ ᠢ ᠵᠠᠰᠠᠬᠤ᠂ ᠬᠦᠷᠢᠶ᠎ᠠ ᠬᠠᠰᠢᠶ᠎ᠠ ᠶᠢ ᠭᠤᠶᠤᠯᠢᠭᠵᠢᠭᠤᠯᠤᠨ | ᠪᠠᠶᠢᠭᠤᠯᠬᠤ ᠵᠡᠷᠬᠡ ᠠᠵᠢᠯ ᠢ ᠪᠤᠳᠠᠳᠠᠢ ᠠᠳᠬᠤᠵᠦ᠂ ︽ᠨᠢᠬᠡ ᠬᠡᠷ᠎ᠡ ᠲᠦᠷᠪᠡᠨ ᠬᠤᠷᠠᠯ︾ ᠳᠤ ᠨᠠᠶᠢᠳᠠᠨ ᠮᠠᠯᠴᠢᠨ | ᠲᠠᠷᠢᠶᠠᠴᠢᠳ ᠤᠨ ᠬᠦᠳᠡᠭᠡ ᠲᠤᠰᠬᠤᠨ ᠢ ᠵᠠᠰᠠᠨ ᠪᠠᠶᠢᠭᠤᠯᠬᠤ ᠤᠬᠠᠮᠰᠠᠷ ᠪᠠ ᠢᠳᠡᠪᠬᠢᠵᠢᠯ ᠢ ᠲᠠᠰᠤᠷᠠᠯᠳᠠ ᠦᠭᠡᠢ | ᠬᠦᠭᠵᠢᠬᠡᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠬᠦᠴᠦᠨ ᠴᠢᠳᠠᠯ ᠢ ᠬᠤᠷᠠᠮᠳᠤᠭᠤᠯᠤᠨ᠎ᠠ᠃ | ᠢᠯᠠᠩᠭᠤᠶ᠎ᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ 21 ᠵᠢᠱᠢᠶᠡᠴᠢ ᠭᠠᠴᠠᠭ᠎ᠠ ᠲᠤᠰᠬᠤᠨ ᠨᠢ ᠠᠷᠭ᠎ᠠ | ᠪᠦᠬᠦᠨ ᠢ ᠰᠦᠪᠡᠭᠴᠢᠯᠡᠨ ᠲᠦᠷᠦᠯ ᠵᠤᠶᠢᠯ ᠤᠨ ᠪᠠᠯᠡ ᠮᠦᠩᠭᠦ ᠶᠢ ᠴᠢᠷᠮᠠᠶᠢᠨ ᠤᠯᠵᠦ᠂ ᠲᠡᠵᠢᠬᠡᠪᠦᠷᠢ ᠶᠢᠨ ᠠᠮᠢ | ᠠᠬᠤᠢ ᠶᠢᠨ ᠦᠷ᠎ᠡ ᠠᠰᠢᠭ ᠪᠠ ᠠᠵᠦ ᠠᠬᠤᠢ ᠶᠢᠨ ᠦᠷ᠎ᠡ ᠠᠰᠢᠭ ᠤᠨ ᠬᠤᠤᠰ ᠦᠷ᠎ᠡ ᠠᠰᠢᠭ ᠢ ᠪᠠᠶᠠᠯᠡᠬᠦᠯᠬᠦ ᠳᠤ | ᠰᠠᠭᠤᠷᠢ ᠲᠠᠯᠪᠢᠨ᠎ᠠ᠃ | ᠬᠤᠶᠠᠷ ᠲᠤ᠂ ᠬᠦᠳᠡᠭᠡ ᠲᠤᠰᠬᠤᠨ ᠤ ᠠᠵᠦ ᠤᠶᠢᠯᠠᠰ ᠤᠨ ᠬᠦᠭᠵᠢᠯᠳᠠ ᠶᠢᠨ ᠬᠦᠴᠦᠨ ᠢ ᠪᠦᠬᠦ ᠲᠠᠯ᠎ᠠ ᠪᠠᠷ | ᠬᠦᠭᠵᠢᠬᠡᠨ᠎ᠡ᠃ ᠤᠯᠤᠰ ᠤᠨ ᠴᠢᠬᠤᠯᠠ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠠᠶᠢᠯᠳᠤᠬᠤ ᠪᠤᠳᠤᠯᠭ᠎ᠠ ᠶᠢᠨ ᠵᠤᠭᠰᠤᠴᠠ ᠳᠤ ᠪᠠᠶᠢᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ | ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠬᠤ ᠶᠢ ᠵᠠᠩᠭᠢᠯᠠᠭ᠎ᠠ ᠶᠢᠨ ᠭᠠᠷᠳᠠᠴᠠ ᠪᠤᠯᠭᠠᠵᠤ᠂ ︽ᠠᠵᠦ | ᠦᠢᠯᠡᠰ ᠢ ᠪᠤᠵᠠᠭᠠᠶᠢᠷᠠᠭᠤᠯᠬᠤ᠂ ᠨᠡᠷᠡᠳᠦ ᠲᠡᠮᠳᠡᠭ ᠢ ᠬᠦᠴᠦᠷᠬᠡᠭᠵᠢᠬᠦᠯᠬᠦ︾ ᠶᠢᠨ ᠲᠤᠭᠤᠷᠢᠨ ᠳᠤ᠂ ︽ᠲᠤᠭ᠎ᠠ | ᠬᠡᠮᠵᠢᠶ᠎ᠡ ᠶᠢ ᠥᠷᠭᠡᠳᠬᠡᠬᠦ᠂ ᠭᠠᠷᠤᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠳᠤ ᠠᠩᠬᠠᠷᠤᠯ ᠢᠶᠠᠨ | ᠲᠦᠪᠯᠡᠷᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠬᠦᠴᠦᠯᠠᠴᠠ ᠶᠢ | ᠨᠡᠮᠡᠭᠳᠡᠬᠦᠯᠦᠨ᠂ ᠲᠠᠵᠢᠬᠡᠪᠦᠷᠢ ᠶᠢᠨ ᠪᠦᠳᠦᠴᠠ ᠶᠢᠨ ᠲᠤᠬᠢᠷᠠᠭᠤᠯᠤᠯᠳᠠ ᠶᠢᠨ ᠠᠯᠬᠤᠴᠠ ᠶᠢ ᠲᠦᠷᠬᠡᠳᠬᠡᠵᠦ᠂ | ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠳᠠᠷᠢᠵᠤ ᠲᠡᠵᠢᠭᠡᠬᠦ ᠬᠢᠷᠢ ᠲᠦᠪᠰᠢᠨ ᠢ ᠪᠦᠬᠦ ᠲᠠᠯ᠎ᠠ ᠪᠠᠷ | ᠲᠡᠭᠡᠭᠰᠢᠯᠡᠭᠦᠯᠦᠨ᠂ ᠨᠡᠩ ᠤᠯᠠᠨ ᠮᠠᠯᠴᠢᠨ ᠲᠠᠷᠢᠶᠠᠴᠢᠳ ᠢ ᠠᠵᠦ ᠦᠢᠯᠡᠰ ᠤᠨ ᠬᠡᠯᠬᠢᠶᠠᠨ ᠳᠤ ᠤᠷᠤᠯᠴᠠᠭᠤᠯᠵᠦ᠂ | ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠵᠦ ᠴᠢᠨᠡᠭᠡᠯᠢᠭᠵᠢᠬᠦ ᠶᠢᠨ ᠰᠠᠭᠤᠷᠢ ᠶᠢ ᠪᠠᠬᠢᠵᠢᠬᠦᠯᠦᠨ᠎ᠡ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠡᠯᠡ ᠮᠦᠩᠭᠦᠨ ᠤ ᠲᠦᠷᠦᠯ ᠵᠤᠶᠢᠯ ᠢ ᠬᠡᠷᠡᠭᠵᠢᠬᠦᠯᠬᠦ | ᠠᠬᠢᠴᠠ ᠲᠠᠢ ᠵᠤᠯᠭᠠᠯᠳᠤᠭᠤᠯᠤᠨ᠂ ᠲᠦᠮᠦᠰᠦ᠂ ᠦᠬᠡᠷ ᠬᠤᠨᠢᠨ ᠮᠢᠬ᠎ᠠ ᠡᠳ᠋ᠰᠢᠬᠦᠯᠦᠨ ᠪᠤᠯᠪᠠᠰᠤᠷᠠᠭᠤᠯᠬᠤ ᠪᠤᠳᠠᠳᠦ | ᠬᠦᠴᠦᠨ ᠪᠦᠬᠦᠢ ᠠᠵᠦ ᠠᠬᠤᠶᠢᠯᠠᠯ ᠢ ᠶᠡᠭᠡ ᠬᠡᠮᠵᠢᠶ᠎ᠠ ᠪᠠᠷ ᠤᠷᠢᠨ ᠤᠷᠤᠭᠤᠯᠵᠦ᠂ ᠮᠠᠯ ᠲᠠᠷᠢᠶᠠᠯᠠᠩ ᠤᠨ | ᠪᠦᠳᠦᠭᠳᠡᠬᠦᠨ ᠢ ᠡᠳ᠋ᠰᠢᠬᠦᠯᠦᠨ ᠪᠤᠯᠪᠠᠰᠤᠷᠠᠭᠤᠯᠬᠤ ᠠᠵᠦ ᠦᠢᠯᠡᠳᠪᠦᠷᠢ ᠶᠢᠨ ᠬᠦᠭᠵᠢᠨ ᠪᠤᠵᠠᠭᠠᠶᠢᠷᠠᠬᠤ ᠶᠢ | ᠲᠦᠷᠬᠡᠳᠬᠡᠨ᠂ ᠶᠡᠷᠦᠩᠬᠡᠶᠢᠯᠡᠭᠰᠡᠨ ᠦᠨ᠎ᠡ ᠦᠰᠭᠦ ᠴᠢᠳᠠᠮᠵᠢ ᠶᠢ ᠲᠡᠬᠡᠭᠰᠢᠯᠡᠬᠦᠯᠦᠨ᠎ᠡ᠃ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠪᠦᠲᠦᠮᠵᠢᠲᠡᠶ ᠬᠠᠩᠭᠠᠯᠭ᠎ᠠ ᠶᠢ ᠦᠷᠭᠡᠳᠬᠡᠨ᠂ ᠬᠡᠷᠡᠭᠯᠡᠭᠴᠢᠳ ᠲᠤ ᠣᠯᠠᠨ ᠶᠠᠩᠵᠤ ᠶᠢᠨ᠂ ᠴᠢᠨᠠᠷ ᠰᠠᠶᠢᠲᠠᠶ ᠮᠠᠯ | ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠨ᠎ᠠ᠃ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠨᠢ | ᠬᠠᠮᠵᠢᠯᠴᠠᠬᠤ ᠶᠢ ᠬᠦᠨᠵᠡᠭᠡᠶᠢᠷᠡᠭᠦᠯᠦᠨ᠂ ᠶᠠᠳᠠᠭᠤ ᠶᠢ ᠲᠡᠳᠬᠦᠬᠦ ᠪᠡᠯᠡ ᠮᠦᠩᠭᠦ ᠶᠢᠨ ᠲᠦᠷᠦᠯ ᠵᠦᠢᠯ ᠢ ᠰᠠᠶᠢᠳᠤᠷ | ᠬᠡᠷᠡᠭᠯᠡᠵᠤ᠂ ᠪᠦᠬᠦ ᠤᠯᠤᠰ ᠤᠨ ᠲᠤᠮᠤ ᠵᠠᠬ᠎ᠠ ᠲᠡᠯᠭᠡᠭᠦᠷ ᠤᠨ ᠵᠤᠯᠭᠠᠯᠳᠤᠭᠠ ᠶᠢ ᠲᠦᠷᠭᠡᠳᠬᠡᠨ᠂ ᠡᠯᠧᠺᠲᠷᠤᠨ | ᠬᠤᠳᠠᠯᠳᠤᠭᠠᠨ ᠤ ᠠᠵᠤ ᠦᠢᠯᠡᠰ ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠣᠷᠣᠨ ᠨᠤᠲᠤᠭ ᠤᠨ ︽ᠰᠦᠯᠵᠢᠶᠡᠨ | ᠴᠤᠤᠲᠠᠨ︾ ᠢ ᠬᠦᠮᠦᠵᠢᠬᠦᠯᠵᠦ᠂ ︽ᠡᠷᠦᠬᠡ ᠪᠣᠯᠭᠠᠨ ᠦᠬᠡᠷ ᠬᠤᠨᠢ ᠲᠡᠵᠢᠭᠡᠬᠦ᠂ ᠡᠷᠦᠬᠡ ᠪᠣᠯᠭᠠᠨ ᠡᠯᠧᠺᠲᠷᠤᠨ | ᠬᠤᠳᠠᠯᠳᠤᠭ᠎ᠠ ᠡᠷᠬᠢᠯᠡᠬᠦ︾ ᠶᠢ ᠪᠡᠶᠡᠯᠡᠬᠦᠯᠵᠦ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠤᠨ ᠠᠷᠭ᠎ᠠ | ᠵᠠᠮ ᠢ ᠦᠷᠬᠡᠳᠬᠡᠨ᠎ᠡ᠃ ︽ᠦᠨᠦᠷ ᠠᠮᠳᠠᠳᠤ ᠤᠯᠠᠭᠠᠨᠴᠠᠪ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭᠲᠦ ᠶᠢ ᠪᠣᠶ ᠪᠤᠯᠭᠠᠨ᠂ ᠲᠥᠮᠥᠰᠥ ᠶᠢᠨ ᠠᠵᠤ ᠠᠬᠤᠶᠢᠯᠠᠯ ᠤᠨ ᠭᠤᠤᠯ ᠢᠳᠡᠭᠡᠨ ᠤ ᠪᠦᠲᠦᠭᠡᠭᠳᠡᠬᠦᠨ ᠤ | ᠲᠠᠸᠠᠷ ᠤᠨ ᠲᠡᠮᠳᠡᠭ ᠢᠶᠠᠨ ᠳᠠᠩᠰᠠᠯᠠᠭᠤᠯᠬᠤ ᠶᠢ ᠳᠠᠮᠵᠢᠵᠤ᠂ ᠬᠡᠷ ᠪᠦᠯᠢ ᠶᠢᠨ ᠬᠡᠷᠡᠭᠯᠡᠭᠡᠨ ᠤ ᠱᠠᠭᠠᠷᠳᠠᠯᠭ᠎ᠠ ᠶᠢᠨ | ᠲᠣᠭᠤᠷᠢᠨ ᠳᠤ᠂ ᠦᠬᠡᠷ ᠬᠤᠨᠢᠨ ᠮᠢᠬ᠎ᠠ ᠶᠢᠨ ᠤᠷᠢᠳᠴᠢᠯᠠᠨ ᠦᠢᠯᠡᠳᠦᠭᠰᠡᠨ ᠪᠦᠲᠦᠭᠡᠭᠳᠡᠬᠦᠨ ᠢ ᠰᠤᠳᠤᠯᠤᠨ | ᠨᠡᠭᠡᠭᠡᠵᠦ᠂ ᠳᠥᠷᠪᠡᠳ ᠬᠤᠰᠢᠭᠤᠨ ᠤ ᠦᠬᠡᠷ ᠬᠤᠨᠢᠨ ᠮᠢᠬ᠎ᠠ ᠶᠢᠨ ᠪᠥᠬᠦ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ | ᠨᠣᠷᠮ᠎ᠠ ᠶᠢ ᠳᠡᠭᠡᠭᠰᠢᠯᠡᠭᠦᠯᠦᠨ᠎ᠡ᠃ | ᠭᠤᠷᠪᠠ ᠳᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ | ᠬᠠᠩᠭᠠᠨ ᠪᠠᠶᠠᠯᠡᠬᠦᠯᠦᠨ᠎ᠡ᠃ ᠠᠵᠢᠯ ᠤᠯᠭᠤᠯᠳᠠ ᠶᠢ ᠲᠠᠷᠢᠬᠦᠨ ᠳᠤ ᠲᠠᠯᠪᠢᠬᠤ ᠶᠢ ᠪᠠᠷᠢᠮᠳᠠᠯᠠᠨ᠂ ᠳᠤᠮᠳᠠ ᠪᠠᠭ᠎ᠠ | ᠠᠵᠤ ᠠᠬᠤᠶᠢᠯᠠᠯ᠂ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠲᠡᠳᠡᠨ ᠢ ᠡᠷᠡᠮᠡᠯᠵᠡᠯ ᠲᠠᠢ᠂ ᠣᠷᠣᠯᠭ᠎ᠠ ᠲᠠᠢ ᠪᠤᠯᠭᠠᠨ᠂ 2023 ᠣᠨ ᠳᠤ ᠲᠠᠬᠢᠨ 1400 ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠰᠢᠨ᠎ᠡ ᠪᠠᠷ ᠨᠡᠮᠡᠭᠳᠡᠭᠦᠯᠵᠦ᠂ 2100 ᠬᠥᠮᠦᠨ ᠤ ᠠᠵᠢᠯ ᠣᠯᠭᠤᠯᠲᠠ ᠶᠢ ᠰᠢᠢᠳᠪᠦᠷᠢᠯᠡᠨ᠎ᠡ᠃ | ᠣᠯᠠᠨ ᠲᠦᠮᠡᠨ ᠤ ᠪᠠᠴᠢᠮ ᠲᠤᠯᠭᠠᠮ᠎ᠠ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ ᠤᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠠᠵᠢᠯ ᠢ ᠢᠯᠡᠭᠦᠬᠡᠨ ᠬᠢᠵᠦ᠂ | ᠬᠤᠭᠤᠰᠣᠨ ᠭᠠᠪᠢᠶ᠎ᠠ ᠪᠠᠶᠢᠭᠤᠯᠬᠤ ᠥᠬᠡᠶ ᠪᠠᠶᠢᠵᠤ᠂ ᠬᠤᠲᠠ ᠪᠠᠯᠭᠠᠰᠤᠨ ᠤ ᠬᠠᠭᠤᠴᠢᠨ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠦᠬᠦᠪᠦᠷᠢᠯᠡᠨ᠂ ᠬᠡᠰᠡᠭ ᠵᠠᠮ ᠤᠨ ᠡᠪᠳᠡᠭᠳᠡᠯ | ᠬᠤᠲᠣᠭᠤᠷ ᠭᠠᠵᠠᠷ᠂ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠡᠮᠬᠢ ᠲᠢᠭᠯᠢᠮ ᠦᠭᠡᠢ ᠵᠡᠷᠭᠡ ᠠᠰᠠᠭᠤᠳᠠᠯ ᠢ | ᠰᠢᠢᠳᠪᠦᠷᠢᠯᠡᠵᠤ᠂ ᠬᠤᠳᠠ ᠪᠠᠯᠭᠠᠰᠤᠨ ᠤ ᠢᠯᠴᠢ ᠬᠠᠩᠭᠠᠬᠤ ᠪᠠ ᠤᠰᠤ ᠬᠠᠩᠭᠠᠬᠤ ᠵᠡᠷᠭᠡ ᠦᠢᠯᠡᠴᠢᠯᠡᠭᠡᠨ ᠤ | ᠴᠢᠳᠠᠮᠵᠢ ᠶᠢ ᠲᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠪᠤᠳᠠᠳᠤ ᠤᠴᠢᠷ ᠶᠠᠪᠤᠳᠠᠯ ᠢ ᠰᠠᠶᠢᠳᠤᠷ | ᠪᠡᠶᠡᠯᠡᠭᠦᠯᠦᠨ᠎ᠡ᠃ ᠮᠤᠨᠢ ᠠᠭᠤᠯᠠ ᠶᠢᠨ ᠠᠷᠤ ᠬᠤᠷᠮᠣᠶ ᠶᠢᠨ 10 ᠲᠦᠮᠡᠨ ᠬᠥᠮᠦᠨ ᠠᠮᠠ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠶ ᠵᠢᠵᠢᠭ ᠪᠠᠯᠭᠠᠰᠤ ᠶᠢ ᠴᠣᠭᠴᠠᠯᠠᠬᠤ ᠶᠢᠨ ᠲᠣᠭᠤᠷᠢᠨ ᠳᠤ᠂ ᠨᠠᠩ ᠶᠡᠭᠡ ᠡᠷᠴᠢᠮ᠂ ᠨᠠᠩ | ᠴᠢᠩᠭ᠎ᠠ ᠪᠠᠲᠤᠯᠠᠭ᠎ᠠ ᠪᠠᠷ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠦᠢᠯᠡᠰ ᠢ ᠰᠠᠶᠢᠲᠤᠷ ᠡᠷᠭᠢᠯᠡᠵᠦ᠂ ᠪᠠᠭᠰᠢ ᠨᠠᠷ ᠤᠨ ᠠᠮᠵᠢᠯᠳᠠ ᠪᠦᠳᠦᠮᠵᠢ ᠶᠢᠨ ᠴᠠᠯᠢᠩ ᠢ ᠪᠦᠬᠦ | ᠲᠠᠯ᠎ᠠ ᠪᠠᠷ ᠠᠬᠢᠭᠤᠯᠤᠨ᠂ ᠡᠮ ᠡᠮᠨᠡᠯᠭᠡ ᠪᠠ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠦᠷᠬᠦᠯᠵᠢᠯᠡᠨ | ᠲᠡᠭᠡᠭᠰᠢᠯᠡᠭᠦᠯᠵᠤ᠂ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠲᠡᠭᠦᠯᠳᠡᠷᠵᠢᠭᠦᠯᠦᠨ᠂ ᠨᠠᠩ ᠣᠯᠠᠨ ᠮᠠᠯᠴᠢᠨ ᠲᠠᠷᠢᠶᠠᠴᠢᠨ ᠢ ᠬᠤᠲᠠ ᠤᠷᠤᠭᠤᠯᠵᠤ᠂ ᠬᠦᠮᠦᠨ ᠠᠮᠠ ᠪᠠ ᠠᠵᠦ | ᠦᠢᠯᠡᠰ ᠲᠦᠪᠯᠡᠷᠡᠭᠰᠡᠨ ᠪᠠᠶᠢᠳᠠᠯ ᠢ ᠪᠦᠷᠢᠳᠦᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠠᠮᠵᠢᠯᠴᠠᠨ ᠬᠥᠭᠵᠢᠬᠦ ᠶᠢ ᠴᠢᠨᠠᠷ ᠰᠠᠶᠢᠲᠠᠶ ᠠᠬᠢᠭᠤᠯᠬᠤ | ᠪᠤᠯᠭᠠᠨ᠎ᠠ᠃ ᠣᠨᠴᠠᠭᠠᠢ ᠬᠦᠴᠢᠷᠳᠡᠯᠲᠡᠶ ᠬᠥᠮᠦᠰ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠦᠨᠡᠨ ᠬᠦ | ᠪᠠᠲᠤᠯᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠳᠤ ︽ᠪᠠᠲᠤᠯᠠᠬᠤ ᠶᠣᠰᠣᠲᠠᠶ ᠶᠢ ᠨᠢ | ᠪᠦᠬᠦᠨ ᠢ ᠪᠠᠲᠤᠯᠠᠬᠤ᠂ ᠠᠪᠤᠷᠠᠬᠤ ᠶᠣᠰᠣᠲᠠᠶ ᠶᠢ ᠨᠢ ᠪᠦᠬᠦᠨ ᠢ ᠠᠪᠤᠷᠠᠬᠤ᠂ ᠬᠠᠪᠰᠤᠷᠬᠤ ᠶᠣᠰᠣᠲᠠᠶ ᠶᠢ ᠨᠢ | ᠪᠦᠬᠦᠨ ᠢ ᠬᠠᠪᠰᠤᠷᠬᠤ︾ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠠᠩ ᠬᠠᠯᠠᠭᠤᠨ ᠳᠤᠯᠠᠭᠠᠨ | ᠨᠠᠩ ᠴᠢᠨᠠᠷ ᠴᠢᠨᠰᠠᠭ᠎ᠠ ᠲᠠᠢ ᠪᠤᠯᠭᠠᠨ᠎ᠠ᠃ | ᠲᠦᠷᠪᠡ᠂ ᠠᠬ᠎ᠠ ᠳᠡᠭᠦᠦ ᠮᠡᠲᠦ ᠳᠣᠲᠣᠨᠣ᠂ ᠰᠡᠳᠬᠢᠯ ᠬᠦᠴᠦᠨ ᠨᠢᠭᠡᠳᠠᠢ ᠪᠠᠶᠢᠬᠤ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ | ᠳᠥᠷᠪᠡᠳ ᠬᠤᠰᠢᠭᠤ ᠦᠨᠳᠦᠰᠦᠲᠡᠨ ᠤ ᠬᠢᠯᠢ ᠬᠢᠵᠠᠭᠠᠷ ᠣᠷᠣᠨ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠶᠢ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ | ᠪᠣᠳᠠᠲᠠᠶ ᠪᠥᠭᠡᠳ ᠲᠥᠷᠥᠭᠳᠡᠯ ᠲᠠᠢ ᠪᠠᠷ ᠪᠦᠲᠦᠮᠵᠢᠲᠡᠶ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ | ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ | ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠤᠭᠴᠠᠯᠠᠨ᠎ᠠ᠃ ᠭᠡ᠊᠂ ᠪᠤᠷᠤ ᠨᠦᠬᠦᠷ ᠪᠤᠯᠤᠨ | ᠰᠡᠴᠡᠩᠭᠤᠸ᠎ᠠ ᠨᠦᠬᠦᠷ ᠠᠴᠠ ᠦᠨᠳᠦᠰᠦᠳᠡᠨ ᠤ ᠠᠵᠢᠯ ᠢ ᠰᠠᠶᠢᠳᠤᠷ ᠬᠠᠷᠢᠭᠤᠴᠠᠵᠤ᠂ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ᠂ ᠪᠢᠳᠡ ᠰᠦᠨ ᠱᠤᠤ ᠴᠧᠩ | ᠱᠦᠵᠢ ᠶᠢᠨ ᠲᠠᠬᠢᠨ ᠳᠠᠪᠲᠠᠨ ᠴᠢᠬᠤᠯᠠᠴᠢᠯᠠᠭᠰᠠᠨ ᠲᠠᠪᠤᠨ ᠥᠭᠦᠯᠡᠪᠦᠷᠢ ᠶᠢ ᠪᠠᠲᠤ ᠡᠵᠡᠮᠳᠡᠵᠦ᠂ ᠭᠦᠨᠵᠡᠭᠡᠢ | ᠣᠶᠢᠯᠠᠭᠠᠬᠤ ᠬᠡᠷᠡᠭᠲᠡᠢ᠄ ᠥᠪᠥᠷ ᠮᠣᠩᠭᠤᠯ ᠣᠷᠣᠨ ᠪᠣᠯ ᠮᠠᠨ ᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ | ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠤᠨ᠎ᠠ︔ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠳᠣᠣᠷ᠎ᠠ | ᠪᠠᠶᠢᠭᠤᠯᠤᠭᠳᠠᠭᠰᠠᠨ ᠶᠤᠮ︔ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ | ᠢᠷᠡᠭᠰᠡᠨ ᠶᠤᠮ︔ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠠᠯᠳᠠᠭ᠎ᠠ ᠶᠢ ᠴᠥᠮ | ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠪᠠ︔ ᠥᠪᠥᠷ ᠮᠣᠩᠭᠤᠯ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠤ ᠵᠢᠱᠢᠶᠡᠴᠢ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠳᠠᠭ ᠶᠤᠮ᠃ | | ᠨᠢᠭᠡ ᠳᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠳᠡᠭᠡᠷ᠎ᠡ ᠬᠦᠴᠦ ᠲᠠᠯᠪᠢᠨ᠎ᠠ᠃ ᠦᠨᠳᠦᠰᠦᠲᠡᠨ ᠤ ᠠᠵᠢᠯ ᠢ | ᠰᠠᠶᠢᠲᠤᠷ ᠬᠢᠬᠦ ᠶᠢᠨ ᠬᠠᠮᠤᠭ ᠤᠨ ᠵᠠᠩᠭᠢᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠢᠵᠦ᠂ ᠬᠥᠮᠦᠰ ᠤᠨ | ᠰᠡᠳᠬᠢᠯ ᠢ ᠨᠢᠭᠲᠠᠷᠠᠭᠤᠯᠬᠤ ᠳᠤ ᠪᠤᠢ᠃ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠴᠡᠴᠡᠷᠯᠢᠭ᠂ | ᠦᠨᠳᠦᠰᠦᠲᠡᠨ ᠤ ᠪᠦᠯᠬᠦᠮᠳᠡᠯ ᠤᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢᠨ ᠦᠵᠡᠭᠦᠯᠦᠯᠭᠡ ᠪᠠ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ ᠠᠭᠤᠳᠠᠮ ᠲᠠᠯᠠᠪᠠᠢ ᠵᠡᠷᠭᠡ ᠤᠬᠠᠭᠤᠯᠭ᠎ᠠ ᠶᠢᠨ ᠰᠠᠭᠤᠷᠢᠨ ᠭᠠᠵᠠᠷ ᠲᠤ | ᠲᠦᠰᠢᠭᠯᠡᠨ᠂ ᠨᠠᠮ ᠤᠨ ᠭᠡᠰᠢᠭᠦᠨ ᠺᠠᠳ᠋ᠷ᠂ ᠪᠠᠭᠰᠢ ᠰᠤᠷᠤᠭᠴᠢ᠂ ᠡᠯ᠎ᠡ ᠦᠨᠳᠦᠰᠦᠲᠡᠨ ᠤ ᠣᠯᠠᠨ ᠲᠦᠮᠡᠨ ᠳᠤ | ᠨᠢᠭᠤᠷᠯᠡᠵᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ | ᠤᠬᠠᠭᠤᠯᠤᠨ ᠤᠶᠢᠯᠠᠭᠠᠭᠤᠯᠵᠦ᠂ ᠳᠥᠷᠪᠡᠳ ᠬᠤᠰᠢᠭᠤᠨ ᠤ ᠠᠵᠤ ᠠᠬᠤᠶ ᠨᠡᠶᠢᠭᠡᠮ ᠤᠨ ᠣᠯᠤᠭᠰᠠᠨ ᠯᠤᠲᠤ ᠶᠡᠭᠡ | ᠠᠮᠵᠢᠯᠲᠠ ᠪᠦᠲᠦᠮᠵᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠠᠴᠠ | ᠪᠣᠯᠤᠭᠰᠠᠨ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠷᠢᠯᠴᠠᠨ ᠬᠦᠨᠳᠦᠳᠬᠡᠬᠦ ᠠᠴᠠ ᠪᠤᠯᠤᠭᠰᠠᠨ ᠭᠡᠵᠤ ᠡᠯ᠎ᠡ | ᠦᠨᠳᠦᠰᠦᠳᠡᠨ ᠤ ᠤᠯᠠᠨ ᠲᠦᠮᠡᠨ ᠢᠶᠠᠷ ᠭᠦᠢᠴᠡᠳ ᠲᠠᠨᠢᠭᠤᠯᠤᠨ ᠤᠶᠢᠯᠠᠭᠠᠭᠤᠯᠵᠦ᠂ ᠨᠠᠩ ᠡᠷᠡᠰ ᠪᠠᠲᠤ ᠪᠠᠷ | ᠨᠠᠮ ᠤᠨ ᠦᠭᠡ ᠶᠢ ᠰᠤᠨᠤᠰᠴᠦ᠂ ᠨᠠᠮ ᠳᠠᠭᠠᠨ ᠲᠠᠯᠠᠷᠬᠠᠵᠤ᠂ ᠨᠠᠮ ᠢᠶᠠᠨ ᠳᠠᠭᠠᠵᠤ ᠶᠠᠪᠤᠨ᠎ᠠ᠃ | ᠬᠤᠶᠠᠷ ᠲᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠡᠭᠡᠷ᠎ᠡ ᠬᠦᠴᠦ ᠲᠠᠯᠪᠢᠨ᠎ᠠ᠃ ᠮᠠᠨ ᠤ ᠬᠤᠰᠢᠭᠤ ᠪᠤᠯ ᠡᠬᠡ | ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ 104 ᠺᠢᠯᠤᠮᠧᠲᠷ ᠤᠨ ᠬᠢᠯᠢ ᠶᠢᠨ ᠱᠤᠭᠤᠮ ᠲᠠᠢ ᠪᠠᠶᠢᠵᠤ᠂ | ᠠᠶᠤᠯ ᠲᠦᠭᠰᠢᠭᠦᠷᠢ ᠠᠴᠠ ᠰᠡᠷᠭᠡᠶᠢᠯᠡᠵᠤ᠂ ᠲᠤᠭᠳᠠᠭᠤᠨ ᠢ ᠪᠠᠳᠤᠯᠠᠬᠤ ᠨᠢ ᠲᠤᠶᠢᠯ ᠤᠨ ᠴᠢᠬᠤᠯᠠ ᠶᠤᠮ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ | ᠪᠣᠯᠤᠨ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠲᠤᠭ ᠲᠡᠮᠳᠡᠭ ᠲᠣᠳᠣᠷᠬᠠᠢ ᠪᠠᠷ ᠡᠯ᠎ᠡ ᠵᠦᠢᠯ ᠤᠨ | ᠪᠤᠷᠤᠭᠤ ᠦᠵᠡᠯᠲᠡ ᠶᠢ ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠭᠤᠣᠯ ᠰᠢᠵᠢᠮ ᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ | ᠰᠣᠶᠣᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ | ᠵᠡᠷᠭᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ | ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃ ᠦᠨᠳᠦᠰᠦᠲᠡᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠬᠠᠷᠢᠴᠠᠭ᠎ᠠ ᠶᠢ ᠵᠠᠪᠰᠠᠷᠳᠠᠭᠤᠯᠬᠤ᠂ ᠦᠨᠳᠦᠰᠦᠲᠡᠨ ᠤ ᠭᠠᠳᠠᠭᠤᠷᠴᠢᠯᠠᠯ ᠪᠠ ᠬᠤᠷᠣᠰᠤᠯ ᠢ | ᠥᠳᠥᠭᠡᠬᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠢ ᠬᠠᠭᠠᠴᠠᠭᠤᠯᠬᠤ ᠶᠠᠮᠠᠷᠪᠠ ᠭᠤᠷᠢᠳᠠᠯᠭ᠎ᠠ ᠶᠢᠨ | ᠪᠡᠶᠡᠯᠡᠭᠳᠡᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ | ᠭᠤᠷᠪᠠ ᠳᠤ᠂ ᠬᠢᠯᠢ ᠬᠢᠵᠠᠭᠠᠷ ᠢ ᠰᠠᠬᠢᠬᠤ ᠳᠡᠭᠡᠷ᠎ᠡ ᠬᠦᠴᠦ ᠲᠠᠯᠪᠢᠨ᠎ᠠ᠃ ᠪᠦᠬᠦ ᠤᠯᠤᠰ ᠤᠨ ᠬᠤᠶᠠᠷ ᠢ | ᠬᠦᠷᠢᠶᠡᠯᠡᠭᠰᠡᠨ ᠵᠢᠱᠢᠶᠡᠴᠢ ᠬᠤᠰᠢᠭᠤ ᠶᠢ ᠢᠳᠡᠪᠬᠢᠳᠠᠢ ᠪᠠᠶᠢᠭᠤᠯᠵᠤ᠂ ᠬᠢᠯᠢ ᠬᠢᠵᠠᠭᠠᠷ ᠢ ᠰᠠᠬᠢᠵᠤ ᠪᠠᠬᠢᠵᠢᠭᠦᠯᠬᠦ | ᠠᠵᠢᠯᠯᠠᠭ᠎ᠠ ᠶᠢ ᠶᠡᠭᠡ ᠪᠠᠷ ᠦᠷᠨᠢᠭᠦᠯᠦᠨ᠂ ᠦᠨᠳᠦᠰᠦᠲᠡᠨ ᠤ ᠬᠢᠯᠢ ᠬᠢᠵᠠᠭᠠᠷ ᠤᠨ ᠭᠠᠵᠠᠷ ᠣᠷᠣᠨ ᠤ ᠰᠠᠭᠤᠷᠢ | ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠤ᠂ ᠬᠢᠯᠢ ᠶᠢᠨ ᠮᠠᠯᠴᠢᠳ ᠤᠨ ᠬᠤᠯᠠ ᠠᠴᠠ ᠤᠰᠤ | ᠲᠠᠲᠠᠬᠤ᠂ ᠴᠢᠮᠡᠭᠡ ᠬᠤᠯᠪᠣᠭᠠᠨ ᠤ ᠳᠣᠬᠢᠶ᠎ᠠ ᠪᠠᠭᠤᠷᠠᠶ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠣᠶᠣᠯ ᠤᠨ ᠠᠵᠢᠯᠯᠠᠭᠠᠨ ᠤ ᠲᠠᠰᠤᠭ ᠤᠨ ᠪᠥᠲᠥᠭᠡᠨ | ᠪᠠᠶᠢᠭᠤᠯᠤᠯᠲᠠ ᠶᠢ ᠲᠡᠳᠬᠦᠨ ᠳᠡᠮᠵᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠎ᠡ᠃ | ᠢᠳᠡᠰᠢᠨ ᠬᠤᠨᠢ ᠦᠬᠡᠷ ᠢ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠲᠡᠮᠡᠭᠡ ᠲᠡᠵᠢᠭᠡᠨ ᠦᠷᠡᠵᠢᠭᠦᠯᠬᠦ᠂ | ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠵᠡᠷᠭᠡ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ ᠬᠢᠯᠢ ᠶᠢᠨ ᠠᠷᠠᠳ ᠤᠨ ᠨᠤᠳᠤᠭ ᠲᠠᠭᠠᠨ | ᠪᠤᠴᠠᠬᠤ ᠶᠢ ᠨᠢ ᠵᠤᠷᠢᠭᠵᠢᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠮᠤᠷ ᠬᠢᠯᠢ | ᠬᠢᠵᠠᠭᠠᠷ ᠢ ᠰᠠᠬᠢᠵᠤ᠂ ᠠᠳᠠᠯ ᠦᠢᠯᠡᠰ ᠢᠶᠠᠷ ᠬᠢᠯᠢ ᠬᠢᠵᠠᠭᠠᠷ ᠢ ᠬᠦᠭᠵᠢᠭᠦᠯᠦᠨ᠂ ᠬᠠᠮᠲᠤ ᠪᠠᠷ ᠪᠦᠯᠬᠦᠮᠳᠡᠨ ᠲᠡᠮᠡᠴᠡᠵᠦ | ᠂ ᠬᠠᠮᠲᠤ ᠪᠠᠷ ᠴᠡᠴᠡᠭᠯᠡᠨ ᠬᠦᠭᠵᠢᠨ᠎ᠡ᠃ | ᠲᠠᠪᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠪᠣᠳᠠᠲᠠᠶ᠂ | ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠨ᠎ᠠ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠣᠯ ᠮᠠᠨ ᠤ ᠠᠵᠤ ᠠᠬᠤᠢ ᠶᠢᠨ ᠠᠵᠢᠯ ᠢ ᠰᠠᠶᠢᠲᠤᠷ | ᠬᠢᠬᠦ ᠶᠢᠨ ᠦᠨᠳᠦᠰᠦᠨ ᠪᠠᠲᠤᠯᠠᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ᠂ | ᠠᠯᠬᠤᠮ ᠢᠶᠠᠨ ᠨᠢᠭᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠲᠥᠷᠥᠯ ᠤᠨ ᠠᠵᠢᠯ ᠡᠭᠦᠷᠭᠡ ᠪᠠᠨ | ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠳᠤᠯᠠᠨ᠎ᠠ᠃ | ᠨᠢᠭᠡ ᠳᠤ᠂ ᠤᠨᠤᠯ ᠢᠶᠠᠷ ᠵᠡᠪᠰᠡᠭᠯᠡᠬᠦ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷ | ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ | ᠠᠬᠢᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠠᠵᠢᠯ ᠤᠨ ᠲᠤᠬᠠᠶ ᠪᠠᠶᠢᠯᠳᠤᠬᠤ | ᠪᠣᠳᠣᠯᠭ᠎ᠠ ᠶᠢᠨ ᠪᠣᠳᠣᠯᠬᠢᠯᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠬᠥᠭᠵᠢᠯᠲᠡ ᠶᠢ ᠵᠥᠪᠯᠡᠬᠦ᠂ ᠬᠥᠭᠵᠢᠯᠲᠡ ᠶᠢ ᠡᠷᠢᠯᠬᠢᠯᠡᠬᠦ᠂ ᠬᠥᠭᠵᠢᠯᠲᠡ ᠶᠢ ᠠᠳᠬᠤᠬᠤ ᠴᠢᠳᠠᠪᠤᠷᠢ ᠪᠠᠨ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠰᠢᠷ ᠮᠡᠷᠭᠡᠵᠢᠯᠲᠡᠨ | ᠪᠣᠯᠬᠤ ᠪᠠᠷ ᠴᠢᠡᠮᠠᠶᠢᠨᠠ᠃ | ᠬᠤᠶᠠᠷ ᠲᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ ᠴᠢᠨᠠᠷ | ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠢᠯᠡ ᠪᠠᠷ ᠠᠳᠠᠯᠢᠳᠬᠠᠬᠤ︾ ᠲᠡᠷᠢᠭᠦᠨ ᠤ ᠬᠢ ᠶᠢ | ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠤᠨ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠠᠪᠰᠢᠬᠤ᠂ ᠪᠥᠬᠦ ᠲᠠᠯ᠎ᠠ ᠪᠠᠷ | ᠬᠠᠲᠠᠭᠤᠵᠢᠬᠤ ᠶᠢ ᠠᠬᠢᠭᠤᠯᠤᠨ᠎ᠠ᠃ ︽ᠬᠤᠰᠢᠭᠤᠴᠢ ᠭᠠᠯᠠᠭᠤ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠭᠠᠭᠤᠯᠤᠭᠴᠢ ᠶᠢ ᠰᠢᠯᠢᠳᠡᠭ ᠢ ᠨᠢ ᠰᠤᠩᠭᠤᠨ᠂ | ᠬᠦᠴᠦᠷᠬᠡᠭ ᠢ ᠨᠢ ᠲᠤᠬᠢᠷᠠᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ | ᠦᠷᠭᠦᠯᠵᠢᠯᠡᠨ ᠴᠡᠭᠴᠡᠯᠡᠵᠦ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠴᠤᠭᠴᠠᠯᠠᠨ᠎ᠠ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠪᠠᠶᠠᠵᠢᠯ ᠤᠨ | ᠳᠠᠭᠠᠭᠤᠯᠤᠭᠴᠢ᠂ ᠴᠢᠳᠠᠪᠤᠷᠢ ᠲᠠᠢ ᠲᠣᠮᠣ ᠡᠷᠦᠬᠡ ᠶᠢ ᠶᠡᠬᠡᠪᠡᠷ ᠬᠥᠮᠦᠵᠢᠭᠦᠯᠦᠨ᠂ ᠣᠨᠴᠠᠯᠢᠭᠲᠤ ᠠᠵᠤ ᠦᠢᠯᠡᠰ ᠢ | ᠳᠠᠶᠢᠴᠢᠯᠠᠨ ᠬᠥᠭᠵᠢᠭᠦᠯᠵᠦ᠂ ᠠᠮᠢ ᠠᠬᠤᠶ ᠶᠢ ᠬᠠᠮᠠᠭᠠᠯᠠᠨ᠂ ᠣᠷᠣᠯᠭ᠎ᠠ ᠪᠠᠨ ᠨᠡᠮᠡᠭᠳᠡᠭᠦᠯᠦᠨ ᠴᠢᠨᠡᠬᠡᠯᠢᠭᠵᠢᠵᠦ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠵᠦᠷᠢᠶᠡᠴᠢᠯᠡᠭᠰᠡᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠴᠢᠩᠭ᠎ᠠ ᠳᠣᠭᠢᠷᠠᠭᠤᠯᠤᠨ | ᠰᠠᠶᠢᠲᠤᠷ ᠬᠡᠷᠡᠭᠯᠡᠵᠦ᠂ ᠣᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ ᠬᠢᠯᠢ ᠬᠢᠵᠠᠭᠠᠷ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠤᠯᠪᠣᠭᠠᠯᠠᠨ ᠬᠢᠯᠢ | ᠬᠢᠵᠠᠭᠠᠷ ᠢ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠬᠤ ︽ | ᠬᠤᠰᠢᠭᠤᠴᠢ ᠴᠡᠷᠢᠭ︾ ᠪᠣᠯᠬᠤ ᠪᠠᠷ ᠴᠢᠷᠮᠠᠶᠢᠨ᠎ᠠ᠃ | ᠭᠤᠷᠪᠠ ᠳᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ | 12 ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ 8 ᠵᠦᠢᠯ ᠤᠨ ᠰᠠᠨᠠᠯ ᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠷᠢᠮ ᠺᠠᠳ᠋ᠷ ᠤᠨ ᠠᠵᠢᠯ ᠶᠠᠪᠤᠳᠠᠯ ᠢ ᠡᠭᠦᠷᠭᠡᠯᠡᠬᠦ ᠳᠤ | ᠵᠣᠷᠢᠭ ᠬᠦᠷᠬᠦ ᠦᠭᠡᠢ᠂ ᠠᠵᠢᠯ ᠶᠠᠪᠤᠳᠠᠯ ᠬᠢᠬᠦ ᠳᠤᠷ᠎ᠠ ᠦᠭᠡᠢ᠂ ᠠᠵᠢᠯ ᠶᠠᠪᠤᠳᠠᠯ ᠬᠢᠬᠦ ᠳᠡᠭᠡᠨ ᠴᠢᠳᠠᠮᠠᠭᠠᠢ ᠪᠢᠰᠢ᠂ | ᠠᠵᠢᠯ ᠶᠠᠪᠤᠳᠠᠯ ᠪᠦᠲᠦᠭᠡᠵᠦ ᠳᠡᠶᠢᠯᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠯᠢᠳᠡᠭ ᠢ ᠨᠢ | ᠳᠡᠪᠰᠢᠭᠦᠯᠵᠦ᠂ ᠰᠢᠭᠠᠷᠤ ᠶᠢ ᠨᠢ ᠰᠢᠭᠰᠢᠭᠳᠡᠭᠦᠯᠬᠦ ᠪᠠᠶᠢᠳᠠᠯ ᠢ ᠪᠦᠷᠢᠯᠳᠦᠭᠦᠯᠦᠨ᠎ᠡ᠃ ᠬᠥᠮᠦᠨ ᠰᠣᠩᠭᠤᠵᠤ ᠬᠥᠮᠦᠨ | ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠪᠠ ᠪᠣᠳᠠᠲᠤ ᠠᠮᠵᠢᠯᠲᠠ | ᠪᠦᠲᠦᠮᠵᠢ ᠶᠢ ᠨᠢ ᠦᠵᠡᠵᠦ ᠺᠠᠳ᠋ᠷ ᠢ ᠬᠡᠷᠡᠭᠯᠡᠨ᠂ ᠬᠢᠷᠢ ᠬᠡᠮ ᠢᠶᠠᠷ ᠨᠢ ᠢᠯᠭᠠᠬᠤ᠂ ᠲᠡᠩᠴᠡᠭᠦᠷᠢᠲᠡᠢ ᠪᠠᠷ | ᠬᠠᠷᠠᠭᠠᠯᠵᠠᠬᠤ ᠶᠢ ᠡᠷᠬᠢᠮᠯᠡᠬᠦ ᠦᠭᠡᠢ᠂ ᠲᠡᠳᠡᠭᠡᠷ ︽ᠲᠠᠩᠭᠠᠶᠢᠵᠤ ᠬᠡᠪᠲᠡᠭᠰᠡᠳ︾ ᠢ ᠶᠠᠭᠠᠬᠢᠭᠰᠠᠨ ᠴᠤ ᠬᠤᠭᠤᠰᠣᠨ | ᠣᠷᠣ ᠡᠵᠡᠯᠡᠭᠦᠯᠵᠦ᠂ ᠠᠵᠢᠯ ᠢ ᠨᠢ ᠰᠠᠭᠠᠲᠠᠭᠠᠭᠤᠯᠵᠤ᠂ ᠬᠥᠭᠵᠢᠯᠲᠡ ᠶᠢ ᠨᠢ ᠰᠠᠭᠠᠲᠠᠭᠠᠭᠤᠯᠵᠤ ᠪᠣᠯᠬᠤ ᠦᠭᠡᠢ᠃ ︽ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠺᠠᠳ᠋ᠷ︾ ᠢ ᠰᠢᠯᠭᠠᠷᠠᠭᠤᠯᠤᠨ ᠨᠡᠷᠡᠶᠢᠳᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠡᠨ ᠬᠦ ᠠᠵᠢᠯ ᠬᠢᠬᠦ᠂ ᠠᠵᠢᠯ ᠬᠢᠵᠦ ᠳᠡᠶᠢᠯᠬᠦ ᠺᠠᠳ᠋ᠷ ᠢ ᠴᠠᠭ | ᠲᠤᠬᠠᠶ ᠳᠤᠨᠢ ᠰᠣᠩᠭᠤᠨ ᠬᠡᠷᠡᠭᠯᠡᠵᠦ᠂ ︽ᠤᠴᠢᠷ ᠶᠠᠪᠤᠳᠠᠯ ᠢ ᠳᠠᠷᠦ᠋ᠢᠬᠠᠨ ᠭᠦᠢᠴᠡᠳᠬᠡᠵᠤ᠂ ᠬᠥᠮᠦᠨ ᠪᠦᠬᠦᠨ ᠠᠵᠢᠯ | ᠬᠢᠵᠤ᠂ ᠨᠢᠭᠡᠳ ᠨᠢᠭᠡ ᠪᠠᠷ ᠵᠣᠷᠢᠭᠲᠠᠶ ᠪᠠᠷ ᠡᠭᠦᠷᠭᠡᠯᠡᠬᠦ︾ ᠶᠢ ᠳᠥᠷᠪᠡᠳ ᠬᠤᠰᠢᠭᠤᠨ ᠤ ᠺᠠᠳ᠋ᠷᠴᠤᠳ ᠤᠨ ᠢᠯᠡ | ᠲᠣᠳᠣ ᠤᠨᠴᠠᠯᠢᠭ ᠪᠤᠯᠭᠠᠨ᠎ᠠ᠃ ᠠᠵᠢᠯ ᠦᠢᠯᠡᠰ ᠤᠨ ᠬᠥᠭᠵᠢᠯᠲᠡ ᠪᠠ ᠺᠠᠳ᠋ᠷᠴᠤᠳ ᠤᠨ ᠦᠰᠦᠨ ᠪᠤᠶᠢᠵᠢᠯᠲᠠ ᠶᠢᠨ | ᠲᠣᠭᠤᠷᠢᠨ ᠳᠤ᠂ ᠪᠣᠯᠪᠠᠰᠤᠷᠠᠯ ᠬᠥᠮᠦᠵᠢᠯ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ᠂ ᠠᠵᠢᠯ ᠤᠨ ᠪᠠᠶᠢᠷᠢ | ᠡᠭᠡᠯᠵᠢᠯᠡᠭᠦᠯᠦᠨ ᠳᠠᠪᠲᠠᠨ ᠪᠣᠯᠪᠠᠰᠤᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠺᠠᠳ᠋ᠷᠴᠤᠳ ᠤᠨ ᠮᠡᠳᠡᠯᠭᠡ ᠶᠢᠨ | ᠬᠤᠭᠤᠰᠣᠨ᠂ ᠲᠤᠷᠰᠢᠯᠭ᠎ᠠ ᠶᠢᠨ ᠪᠠᠯᠠᠢ ᠣᠷᠣᠨ ᠪᠠ ᠴᠢᠳᠠᠪᠤᠷᠢ ᠪᠠᠭᠤᠷᠠᠢ ᠲᠠᠯ᠎ᠠ ᠶᠢ ᠨᠦᠬᠦᠪᠦᠷᠢᠯᠡᠨ᠂ ᠲᠠᠷᠢᠬᠢ | ᠲᠣᠯᠣᠭᠠᠢ ᠪᠠᠨ ᠵᠡᠪᠰᠡᠭᠯᠡᠬᠦ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠪᠠᠨ ᠭᠠᠷᠭᠠᠨ᠎ᠠ᠃ | ᠲᠦᠷᠪᠡ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷ ᠤᠨ | ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠭᠠᠷᠢᠯᠳᠠ ᠶᠢᠨ ᠪᠦᠷᠢᠶ᠎ᠡ ᠶᠢ | ᠬᠠᠩᠭᠢᠨᠠᠭᠤᠯᠤᠨ᠂ ︽ᠲᠦᠷᠪᠡᠨ ᠰᠤᠷᠲᠠᠯ︾ ᠤᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠤᠨ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤ ᠪᠠᠷ ᠰᠠᠶᠢᠲᠤᠷ ᠬᠠᠮᠠᠭᠠᠯᠠᠨ᠎ᠠ᠃ | ᠬᠤᠷᠢᠭᠠᠲᠤ ᠣᠷᠣᠨ ᠪᠠᠶᠢᠬᠤ ᠦᠭᠡᠢ᠂ ᠪᠦᠬᠦᠨ ᠢ ᠬᠠᠮᠤᠷᠬᠤ᠂ ᠤᠬᠳᠤ ᠠᠭᠤᠴᠢᠯᠠᠬᠤ ᠦᠭᠡᠢ ᠪᠠᠶᠢᠬᠤ ᠶᠢ | ᠪᠠᠷᠢᠮᠲᠠᠯᠠᠵᠤ᠂ ᠺᠠᠳ᠋ᠷ ᠤᠨ ᠪᠡᠶ᠎ᠡ ᠳᠡᠭᠡᠷᠡᠬᠢ ᠠᠰᠠᠭᠤᠳᠠᠯ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠢ ᠬᠦᠴᠦᠯᠡᠨ | ᠰᠢᠢᠳᠪᠦᠷᠢᠯᠡᠵᠦ᠂ ᠺᠠᠳ᠋ᠷ ᠤᠨ ᠲᠥᠪ ᠭᠤᠣᠯᠴᠢ᠂ ᠤᠯᠤᠰ ᠲᠦᠷᠦ ᠬᠡᠪ ᠲᠦᠷᠢᠮ ᠲᠠᠢ ᠪᠠᠶᠢᠬᠤ ᠶᠢ ᠠᠬᠢᠭᠤᠯᠤᠨ᠎ᠠ᠃ | ︽ᠳᠡᠷᠭᠡᠳᠡᠬᠢ ᠬᠥᠮᠦᠰ ᠨᠢ ᠳᠡᠷᠭᠡᠳᠡᠬᠢ ᠶᠠᠪᠤᠳᠠᠯ ᠢᠶᠠᠨ ᠶᠠᠷᠢᠵᠤ᠂ ᠳᠡᠷᠭᠡᠳᠡᠬᠢ ᠶᠠᠪᠤᠳᠠᠯ ᠨᠢ ᠳᠡᠷᠭᠡᠳᠡᠬᠢ | ᠬᠥᠮᠦᠰ ᠢᠶᠠᠨ ᠬᠥᠮᠦᠵᠢᠭᠦᠯᠬᠦ︾ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠎ᠠ | ᠃ ᠡᠯ᠎ᠡ ᠲᠦᠷᠦᠯ ᠤᠨ ᠲᠤᠰᠬᠠᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠬᠦᠴᠦᠲᠡᠢ ᠪᠦᠭᠡᠳ | ᠪᠦᠲᠦᠮᠵᠢᠲᠡᠢ ᠠᠬᠢᠭᠤᠯᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ | ᠪᠠᠶᠢᠳᠠᠯ︾ ᠢ ᠰᠠᠶᠢᠲᠤᠷ ᠬᠡᠷᠡᠭᠯᠡᠨ᠂ ︽ᠨᠢᠭᠤᠷ ᠤᠯᠠᠶᠢᠯᠭᠠᠨ ᠬᠥᠯᠥᠰᠥ ᠭᠠᠷᠭᠠᠬᠤ︾ ᠶᠢ ᠬᠡᠪ ᠤᠨ ᠪᠠᠶᠢᠳᠠᠯ | ᠪᠤᠯᠭᠠᠨ᠎ᠠ᠃ ᠲᠣᠭᠤᠷᠢᠨ ᠪᠠᠶᠢᠴᠠᠭᠠᠬᠤ᠂ ᠰᠢᠪᠠᠳᠠᠨ ᠪᠠᠶᠢᠴᠠᠭᠠᠬᠤ᠂ ᠬᠢᠨᠠᠨ ᠪᠤᠳᠤᠬᠤ ︽ᠬᠤᠷᠴᠠ ᠰᠡᠯᠡᠮ᠎ᠡ︾ ᠶᠢ | ᠭᠠᠷᠭᠠᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠳᠤ ᠴᠥᠮ ᠬᠢᠨᠠᠯᠲᠠ ᠲᠠᠯᠪᠢᠵᠤ᠂ ᠬᠢᠨᠠᠨ ᠰᠢᠯᠭᠠᠵᠤ᠂ | ᠵᠠᠷᠯᠠᠨ ᠮᠡᠳᠡᠭᠳᠡᠨ᠎ᠡ᠃ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠶᠡᠬᠡᠪᠡᠷ | ᠴᠡᠭᠴᠡᠯᠡᠨ ᠵᠠᠰᠠᠵᠤ᠂ ᠬᠤᠰᠢᠭᠤ ᠱᠠᠲᠤᠨ ᠤ ᠤᠳᠤᠷᠢᠳᠤᠯᠭ᠎ᠠ ᠲᠦᠷᠦᠭᠦᠯᠡᠨ ᠬᠢᠵᠦ᠂ ᠠᠯᠢᠪᠠ ᠶᠠᠪᠤᠳᠠᠯ ᠢ ᠬᠡᠯᠡᠪᠡᠯ | ᠬᠢᠵᠦ᠂ ᠳᠠᠷᠦ᠋ᠢᠬᠠᠨ ᠬᠢᠵᠦ᠂ ᠰᠠᠶᠢᠲᠤᠷ ᠬᠢᠨ᠎ᠡ᠃ | ᠲᠠᠪᠤ ᠳᠤ᠂ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠳᠠᠷᠠᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠠᠤᠯᠢ | ᠲᠦᠷᠢᠮ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠨ᠎ᠠ᠃ ᠪᠦᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠶᠢ ᠭᠦᠨᠵᠡᠭᠡᠢ ᠠᠬᠢᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠲᠣᠰ ᠲᠣᠰ ᠤᠨ ᠬᠠᠷᠢᠯᠴᠠᠵᠤ ᠪᠠᠢᠭ᠎ᠠ ᠣᠯᠠᠨ ᠲᠦᠮᠡᠨ ᠢ | ᠨᠠᠮ ᠤᠨ ᠲᠣᠭᠤᠷᠢᠨ ᠳᠤ ᠨᠢᠭᠲᠠᠷᠠᠭᠤᠯᠤᠨ᠎ᠠ᠃ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠤᠯᠠᠮ ᠨᠢᠭᠡ | ᠠᠯᠬᠤᠮ ᠨᠢᠭᠲᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠨ᠂ ᠴᠡᠷᠢᠭ ᠠᠷᠠᠳ ᠤᠨ ᠭᠦᠨᠵᠡᠭᠡᠢ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠮᠤᠭ ᠤᠨ ᠥᠷᠭᠡᠨ | ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ ᠠᠮᠢ ᠨᠠᠰᠤ ᠶᠢ ᠳᠡᠭᠡᠳᠦᠯᠡᠬᠦ᠂ | ᠠᠮᠤᠷ ᠲᠦᠪᠰᠢᠨ ᠢᠶᠠᠷ ᠬᠥᠭᠵᠢᠬᠦ ᠤᠢᠢᠯᠠᠭᠠᠭᠳᠠᠬᠤᠨ ᠢ ᠪᠠᠲᠤ ᠪᠣᠯᠭᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠳᠠᠪᠬᠤᠷᠳᠠᠭᠰᠠᠨ | ᠵᠠᠬᠢᠳᠠᠯ ᠰᠤᠷᠪᠤᠯᠵᠢᠯᠠᠯ ᠢ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠰᠤᠷᠪᠤᠯᠵᠢᠯᠠᠯ ᠢ ᠭᠥᠯᠢᠶᠡᠨ ᠠᠪᠬᠤ᠂ | ᠳᠣᠷᠣᠭᠰᠢ ᠰᠤᠷᠪᠤᠯᠵᠢᠯᠠᠯ ᠬᠢᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠢᠭᠡ ᠬᠡᠷᠡᠭ ᠲᠤ ᠨᠢᠭᠡ | ᠲᠥᠷᠥ ᠶᠢᠨ ᠪᠣᠳᠣᠯᠭ᠎ᠠ ᠠᠪᠬᠤ︾ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠦ᠂ ᠬᠥᠳᠡᠯᠦᠩᠭᠦᠶ ᠪᠠᠷ | ᠦᠭᠡᠶᠢᠰᠬᠡᠬᠦ ᠶᠢ ᠪᠡᠶᠡᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠠᠮ ᠤᠨ | ᠲᠥᠷᠥ ᠪᠠᠷᠢᠬᠤ ᠣᠯᠠᠨ ᠲᠦᠮᠡᠨ ᠤ ᠰᠠᠭᠤᠷᠢ ᠶᠢ ᠪᠠᠬᠢᠵᠢᠭᠦᠯᠦᠨ᠎ᠡ᠃ | ᠨᠥᠬᠦᠳ ᠡ᠂ ᠰᠢᠨ᠎ᠡ ᠵᠢᠷᠤᠭ ᠲᠥᠯᠥᠪᠯᠡᠭᠡ ᠬᠥᠮᠦᠰ ᠢ ᠵᠣᠷᠢᠭᠵᠢᠭᠤᠯᠵᠤ᠂ ᠰᠢᠨ᠎ᠡ ᠡᠭᠦᠷᠭᠡ ᠬᠥᠮᠦᠰ ᠢ | ᠤᠷᠠᠮᠰᠢᠭᠤᠯᠵᠤ᠂ ᠡᠭᠦᠷᠭᠡ ᠬᠦᠨᠳᠦ ᠵᠠᠮ ᠬᠤᠯᠠ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠴᠠᠭ ᠦᠶ᠎ᠠ ᠶᠢ ᠲᠠᠭᠠᠨ | ᠤᠷᠤᠭᠰᠢᠯᠠᠬᠤ ᠣᠮᠤᠭ ᠵᠣᠷᠢᠭ ᠢ ᠡᠪᠦᠷᠯᠡᠨ᠂ ︽ᠶᠠᠪᠤᠳᠠᠯ ᠪᠣᠯᠭᠠᠨ ᠢ ᠲᠡᠷᠢᠭᠦᠨ ᠪᠠᠶᠢᠷᠢᠨ ᠳᠤ ᠲᠠᠯᠪᠢᠬᠤ︾ | ᠲᠡᠮᠡᠴᠡᠯ ᠤᠨ ᠵᠣᠷᠢᠭ ᠢ ᠬᠥᠭᠵᠢᠭᠡᠵᠦ᠂ ᠣᠳᠣᠬᠢᠴᠢᠯᠠᠭᠰᠠᠨ ᠳᠥᠷᠪᠡᠳ ᠬᠤᠰᠢᠭᠤ ᠶᠢ ᠪᠥᠲᠥᠭᠡᠨ ᠪᠠᠶᠢᠭᠤᠯᠬᠤ ᠳᠤ | ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︕ | | | ᠳᠡᠪᠰᠢᠭᠦᠯᠦᠭᠴᠢ ᠄ ᠲᠡᠷᠭᠡᠯ | | | | | |