ᠲᠦᠷᠪᠡᠳ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠮᠡᠳᠡᠬᠦᠯᠦᠯᠳᠠ — 2023 ᠤᠨ ᠤ 2 ᠰᠠᠷ᠎ᠠ ᠶᠢᠨ 2 ᠤ ᠡᠳᠦᠷ ᠤᠨ ᠲᠦᠷᠪᠡᠳ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠤᠳᠠᠭᠠᠨ ᠤ ᠬᠤᠷᠠᠯᠳᠤᠭᠠᠨ ᠲᠡᠬᠡᠷ᠎ᠡ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠬᠡ᠊ ᠪᠤᠷᠦ | | | | | ᠲᠦᠯᠦᠬᠡᠯᠡᠭᠴᠢᠳ ᠡ᠄ | | | | ᠪᠢ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ | ᠪᠠᠷ ᠶᠡᠭᠡ ᠬᠤᠷᠠᠯ ᠳᠤ ᠠᠵᠢᠯ ᠤᠨ ᠮᠡᠳᠡᠬᠦᠯᠦᠯᠳᠠ ᠬᠢᠶ᠎ᠠ᠂ ᠬᠢᠨᠠᠨ ᠵᠦᠪᠯᠡᠬᠦ ᠪᠤᠯᠪᠠᠤ᠃ | ᠦᠩᠭᠡᠷᠡᠭᠰᠡᠨ ᠨᠢᠬᠡ ᠵᠢᠯ ᠤᠨ ᠭᠤᠤᠯ ᠠᠵᠢᠯ | 2022 ᠤᠨ ᠳᠤ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ | ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ | ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠬᠡᠷᠡᠭᠵᠢᠬᠦᠯᠦᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ | ᠶᠢᠨ ᠫᠢᠩ ᠤᠨ ᠥᠪᠥᠷ ᠮᠣᠩᠭᠤᠯ ᠤᠨ ᠠᠵᠢᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ | ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠠᠭᠠᠵᠤ᠂ ︽ᠵᠢᠷᠭᠤᠭᠠᠨ ᠴᠤ᠋ ᠰᠢᠨ᠎ᠡ ᠲᠦᠷᠪᠡᠳ︾ ᠢ | ᠪᠠᠶᠢᠭᠤᠯᠬᠤ ᠶᠢᠨ ᠲᠤᠭᠤᠷᠢᠨ ᠳᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠠ ᠪᠦᠬᠦ | ᠲᠥᠯᠥᠭᠡᠯᠡᠭᠴᠢᠳ ᠯᠦᠭᠡ ᠪᠦᠯᠬᠦᠮᠳᠡᠨ ᠲᠦᠰᠢᠭᠯᠡᠵᠦ᠂ ᠨᠠᠮ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠂ ᠦᠨᠳᠦᠰᠦᠨ ᠬᠠᠤᠯᠢ ᠪᠠ ᠬᠠᠤᠯᠢ ᠴᠠᠭᠠᠵᠠ | ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ 2022 ᠣᠨ ᠤ ᠡᠯ᠎ᠡ ᠲᠥᠷᠥᠯ ᠤᠨ | ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠥᠬᠦ ᠵᠢᠯ ᠳᠤ ᠪᠠᠶᠢᠩᠭᠤ ᠶᠢᠨ ᠬᠤᠷᠢᠶᠠᠨ ᠤ ᠬᠤᠷᠠᠯ ᠢ 6 | ᠤᠳᠠᠭ᠎ᠠ᠂ ᠡᠷᠬᠢᠯᠡᠭᠴᠢᠳ ᠤᠨ ᠬᠤᠷᠠᠯ ᠢ 15 ᠤᠳᠠᠭ᠎ᠠ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ | ᠭᠤᠣᠯ ᠠᠵᠢᠯ ᠤᠨ ᠲᠣᠭᠤᠷᠢᠨ ᠳᠤ᠂ ︽ᠨᠢᠭᠡ ᠵᠠᠰᠠᠭ ᠨᠢᠭᠡ ᠵᠦᠪᠯᠡᠯ ᠬᠤᠶᠠᠷ ᠬᠤᠷᠢᠶ᠎ᠠ︾ ᠶᠢᠨ ᠲᠤᠰᠬᠠᠢ | ᠠᠵᠢᠯ ᠤᠨ ᠮᠡᠳᠡᠭᠦᠯᠦᠯᠲᠡ ᠶᠢ 11 ᠤᠳᠠᠭ᠎ᠠ ᠰᠤᠨᠤᠰᠤᠨ ᠵᠦᠪᠯᠡᠵᠦ᠂ 6 ᠰᠢᠢᠳᠪᠦᠷᠢ ᠲᠣᠭᠲᠠᠭᠠᠯ ᠭᠠᠷᠭᠠᠪᠠ᠃ | ᠨᠢᠭᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢ ᠪᠠᠳᠤᠳᠬᠠᠪᠠ | ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ | ᠤᠯᠤᠰ ᠲᠥᠷᠥ ᠶᠢᠨ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠳᠠᠬᠢ ᠡᠯ᠎ᠡ ᠲᠠᠯ᠎ᠠ ᠳᠤ ᠲᠤᠭᠤᠰᠢᠯᠠᠭᠤᠯᠬᠤ ᠶᠢ | ᠪᠠᠷᠢᠮᠳᠠᠯᠠᠨ᠂ ︽ᠬᠤᠶᠠᠷ ᠢ ᠪᠠᠳᠤᠯᠠᠬᠤ︾ ᠶᠢ ᠡᠷᠡᠰ ᠭᠤᠶᠢᠪᠢᠰᠢ ᠦᠭᠡᠢ ᠬᠠᠮᠠᠭᠠᠯᠠᠵᠦ᠂ ︽ᠳᠥᠷᠪᠡᠨ ᠤᠬᠠᠮᠰᠠᠷ︾ | ᠂ ︽ᠳᠥᠷᠪᠡᠨ ᠢᠲᠡᠭᠡᠯ︾ ᠪᠠ ︽ᠬᠤᠶᠠᠷ ᠢ ᠬᠠᠮᠠᠭᠠᠯᠠᠬᠤ︾ ᠶᠢᠨ ᠳᠠᠭᠠᠭᠤᠯᠤᠭᠴᠢ ᠪᠠ ᠦᠢᠯᠡᠳᠦᠯᠭᠡᠵᠢᠭᠦᠯᠦᠭᠴᠢ | ᠪᠣᠯᠪᠠ᠃ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠵᠠᠪᠠᠯ ᠰᠤᠷᠬᠤ | ᠬᠢᠴᠢᠶᠡᠯ ᠪᠣᠯᠭᠠᠵᠤ᠂ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠶᠢ 3 ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠨᠤᠲᠤᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠤᠯᠤᠰ ᠲᠥᠷᠥ ᠶᠢᠨ ᠲᠠᠷᠢᠬᠢ ᠲᠣᠯᠣᠭᠠᠢ ᠪᠠᠨ | ᠢᠮᠠᠭᠲᠠ ᠰᠡᠷᠭᠡᠭ ᠪᠠᠶᠢᠯᠭᠠᠵᠤ᠂ ᠴᠢᠬᠤᠯᠠ ᠶᠡᠭᠡ ᠬᠡᠷᠡᠭ ᠶᠠᠪᠤᠳᠠᠯ᠂ ᠭᠤᠣᠯᠳᠠᠯᠭ᠎ᠠ ᠲᠠᠢ ᠠᠵᠢᠯ ᠪᠠ ᠴᠢᠬᠤᠯᠠ | ᠠᠵᠢᠯᠯᠠᠭ᠎ᠠ ᠪᠠᠨ ᠴᠠᠭ ᠲᠤᠬᠠᠢ ᠳᠤᠨᠢ ᠬᠤᠰᠢᠭᠤ ᠨᠠᠮ ᠤᠨ ᠬᠤᠷᠢᠶᠠᠨ ᠠᠴᠠ ᠵᠢᠭᠠᠪᠤᠷᠢ ᠠᠪᠬᠤ ᠮᠡᠳᠡᠭᠦᠯᠦᠯᠲᠡ ᠶᠢᠨ | ᠳᠦᠷᠢᠮ ᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠥᠷᠥᠯ ᠤᠨ ᠠᠵᠢᠯ ᠢ | ᠤᠬᠠᠮᠰᠠᠷ ᠠᠴᠠ ᠪᠠᠨ ᠬᠤᠰᠢᠭᠤ ᠨᠠᠮ ᠤᠨ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ | ᠪᠠᠶᠢᠯᠭᠠᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠡᠭᠦᠷᠭᠡ | ᠲᠤᠰᠢᠶᠠᠯ ᠢᠶᠠᠨ ᠵᠥᠪ ᠭᠦᠢᠴᠡᠳᠬᠡᠬᠦ ᠪᠠ ᠪᠦᠲᠦᠮᠵᠢᠲᠡᠢ ᠭᠦᠢᠴᠡᠳᠬᠡᠬᠦ ᠪᠠᠷ ᠳᠠᠮᠵᠢᠨ᠂ ᠬᠤᠰᠢᠭᠤ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠪᠦᠬᠦ ᠬᠤᠰᠢᠭᠤᠨ ᠤ | ᠠᠷᠠᠳ ᠲᠦᠮᠡᠨ ᠤ ᠬᠦᠰᠡᠯ ᠪᠠ ᠠᠵᠢᠯᠯᠠᠭ᠎ᠠ ᠪᠣᠯᠭᠠᠨ ᠬᠤᠪᠢᠷᠠᠭᠤᠯᠪᠠ᠃ | ᠬᠤᠶᠠᠷ᠂ ᠴᠢᠬᠤᠯᠠ ᠶᠡᠭᠡ ᠵᠦᠢᠯᠡᠰ ᠢ ᠲᠣᠭᠲᠠᠭᠠᠬᠤ ᠡᠷᠬᠡ ᠪᠠ ᠠᠵᠢᠯᠲᠠᠨ ᠢ ᠲᠣᠮᠢᠯᠠᠵᠤ ᠪᠠᠭᠤᠯᠭᠠᠬᠤ | ᠡᠷᠬᠡ ᠪᠠᠨ ᠬᠠᠤᠯᠢ ᠶᠣᠰᠣᠭᠠᠷ ᠴᠢᠩᠭ᠎ᠠ ᠬᠡᠷᠡᠭᠵᠢᠬᠦᠯᠪᠠ | ᠪᠠᠶᠢᠩᠭᠤ ᠶᠢᠨ ᠬᠤᠷᠢᠶ᠎ᠠ ᠨᠢ ᠴᠢᠬᠤᠯᠠ ᠶᠡᠭᠡ ᠬᠡᠷᠡᠭ ᠶᠠᠪᠤᠳᠠᠯ ᠢ ᠬᠠᠤᠯᠢ ᠶᠣᠰᠣᠭᠠᠷ ᠶᠠᠷᠢᠯᠴᠠᠨ ᠲᠣᠭᠲᠠᠭᠠᠬᠤ ᠶᠢ | ᠤᠬᠠᠮᠰᠠᠷ ᠠᠴᠠ ᠪᠠᠨ ᠪᠠᠷᠢᠮᠲᠠᠯᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠶᠠᠷᠢᠯᠴᠠᠨ ᠲᠣᠭᠲᠠᠭᠠᠬᠤ ᠡᠷᠬᠡ ᠪᠠᠨ | ᠢᠳᠡᠪᠬᠢᠲᠡᠢ ᠪᠥᠭᠡᠳ ᠪᠦᠲᠦᠮᠵᠢᠲᠡᠢ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠲᠤᠰᠢᠶᠠᠭᠰᠠᠨ ᠴᠢᠬᠤᠯᠠ ᠶᠡᠭᠡ | ᠬᠡᠷᠡᠭ ᠶᠠᠪᠤᠳᠠᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠮᠠᠭᠠᠢ ᠬᠢᠨᠠᠨ ᠶᠠᠷᠢᠯᠴᠠᠵᠤ᠂ ᠬᠠᠤᠯᠢ ᠶᠣᠰᠣᠭᠠᠷ | ᠰᠢᠢᠳᠪᠦᠷᠢ ᠭᠠᠷᠭᠠᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠴᠢ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ | ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠥᠬᠦ ᠵᠢᠯ ᠳᠤ᠂ ᠬᠤᠰᠢᠭᠤ ᠨᠠᠮ ᠤᠨ ᠬᠤᠷᠢᠶᠠᠨ ᠠᠴᠠ | ᠲᠥᠯᠥᠭᠡᠯᠡᠭᠴᠢ ᠶᠢᠨ ᠪᠣᠯᠪᠠᠰᠤᠷᠠᠯ ᠬᠢᠬᠦ᠂ ᠲᠥᠪᠯᠡᠷᠡᠭᠦᠯᠦᠨ ᠪᠠᠶᠢᠴᠠᠭᠠᠨ ᠦᠵᠡᠬᠦ᠂ ᠡᠯ᠎ᠡ ᠲᠥᠷᠥᠯ ᠤᠨ ᠬᠤᠷᠠᠯ | ᠬᠤᠷᠠᠯᠳᠤᠭᠤᠯᠬᠤ ᠵᠡᠷᠭᠡ ᠴᠢᠬᠤᠯᠠ ᠶᠡᠭᠡ ᠬᠡᠷᠡᠭ ᠶᠠᠪᠤᠳᠠᠯ ᠤᠨ 13 ᠲᠥᠷᠥᠯ ᠤᠨ ᠵᠢᠭᠠᠪᠤᠷᠢ ᠠᠪᠤᠪᠠ᠃ | ᠠᠵᠢᠯᠲᠠᠨ ᠢ ᠲᠣᠮᠢᠯᠠᠵᠤ ᠪᠠᠭᠤᠯᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠮ ᠠᠴᠠ ᠺᠠᠳ᠋ᠷ ᠢ | ᠬᠠᠮᠢᠶᠠᠷᠬᠤ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠣᠮᠢᠯᠠᠵᠤ | ᠪᠠᠭᠤᠯᠭᠠᠬᠤ ᠡᠷᠬᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠂ 2022 ᠣᠨ ᠳᠤ ᠲᠥᠷᠥ ᠶᠢᠨ | ᠪᠠᠶᠢᠭᠤᠯᠭ᠎ᠠ ᠶᠢᠨ 47 ᠠᠵᠢᠯᠲᠠᠨ ᠲᠣᠮᠢᠯᠠᠵᠤ ᠪᠠᠭᠤᠯᠭᠠᠨ᠂ 32 ᠠᠷᠠᠳ ᠤᠨ ᠬᠠᠪᠰᠤᠷᠤᠨ ᠰᠢᠭᠦᠭᠴᠢ ᠶᠢ | ᠲᠤᠮᠢᠯᠠᠵᠦ᠂ ᠪᠦᠬᠦᠳᠠ ᠶᠢ ᠦᠨᠳᠦᠰᠦᠨ ᠬᠠᠤᠯᠢ ᠳᠤ ᠲᠠᠩᠭᠠᠷᠢᠭᠯᠠᠭᠤᠯᠵᠤ᠂ ᠲᠤᠰᠢᠶᠠᠯ ᠳᠤ ᠲᠣᠮᠢᠯᠠᠭᠳᠠᠭᠰᠠᠨ | ᠺᠠᠳ᠋ᠷ ᠤᠨ ᠦᠨᠳᠦᠰᠦᠨ ᠬᠠᠤᠯᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠠᠯᠪᠠᠨ ᠵᠠᠷᠤᠴᠠ ᠶᠢᠨ | ᠤᠬᠠᠮᠰᠠᠷ ᠢ ᠦᠨᠡᠨᠬᠦ ᠴᠢᠩᠭᠠᠳᠬᠠᠵᠤ᠂ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢᠨ ᠡᠷᠬᠡ | ᠰᠦᠷ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ | ᠭᠤᠷᠪᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢᠨ ᠪᠣᠳᠠᠲᠤ ᠦᠷ᠎ᠡ | ᠪᠦᠲᠦᠮᠵᠢ ᠶᠢ ᠨᠡᠮᠡᠭᠳᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠪᠠ | ︵ᠨᠢᠬᠡ︶ ᠡᠳ᠋ ᠤᠨ ᠵᠠᠰᠠᠭ ᠠᠵᠤ ᠠᠬᠤᠢ ᠶᠢᠨ ᠬᠦᠷᠢᠶᠡᠨ ᠳᠠᠬᠢ ᠬᠢᠨᠠᠯᠲᠠ ᠶᠢ ᠴᠢᠩᠭᠠᠳᠬᠠᠪᠠ᠃ ᠳᠥᠷᠪᠡᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠦᠯᠦᠪᠯᠡᠬᠡᠨ ᠤ ᠳᠡᠭᠡᠷ᠎ᠡ ᠬᠠᠭᠠᠰ ᠵᠢᠯ ᠳᠤ ᠭᠦᠢᠴᠡᠳᠬᠡᠭᠰᠡᠨ ᠪᠠᠶᠢᠳᠠᠯ ᠤᠨ ᠲᠤᠬᠠᠢ | ᠮᠡᠳᠡᠭᠦᠯᠦᠯᠲᠡ᠂ 2021 ᠣᠨ ᠤ ᠬᠤᠰᠢᠭᠤ ᠲᠤᠰ ᠱᠠᠲᠤᠨ ᠤ ᠲᠥᠰᠥᠪ ᠤᠨ ᠭᠦᠢᠴᠡᠳᠬᠡᠯ ᠵᠢᠴᠢ 2022 | ᠣᠨ ᠤ ᠲᠥᠰᠥᠪ ᠤᠨ ᠳᠡᠭᠡᠷ᠎ᠡ ᠬᠠᠭᠠᠰ ᠵᠢᠯ ᠳᠤ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ 2022 | ᠣᠨ ᠤ ᠬᠤᠰᠢᠭᠤ ᠲᠤᠰ ᠱᠠᠲᠤᠨ ᠤ ᠲᠥᠰᠥᠪ ᠢ ᠲᠣᠬᠢᠷᠠᠭᠤᠯᠤᠭᠰᠠᠨ ᠵᠦᠢᠯᠡᠰ ᠤᠨ ᠲᠤᠬᠠᠢ ᠮᠡᠳᠡᠭᠦᠯᠦᠯᠲᠡ᠂ | ᠬᠤᠰᠢᠭᠤ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ 2021 ᠣᠨ ᠤ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠵᠠᠰᠠᠭ ᠤᠨ | ᠣᠷᠳᠣᠨ ᠠᠴᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠠᠮᠢᠶᠠᠷᠬᠤ ᠪᠠᠶᠢᠳᠠᠯ ᠳᠤ ᠴᠢᠭᠯᠡᠭᠦᠯᠦᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ | ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ᠂ ᠪᠦᠬᠦ ᠲᠠᠯ᠎ᠠ ᠪᠠᠷ᠂ ᠪᠦᠲᠦᠮᠵᠢᠲᠡᠢ | ᠬᠦᠢᠴᠡᠳᠬᠡᠪᠡ᠃ | ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠦᠷᠢᠶᠡᠨ ᠳᠠᠬᠢ ᠬᠢᠨᠠᠯᠲᠠ ᠶᠢ ᠴᠢᠩᠭᠠᠳᠬᠠᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠮᠠᠨ ᠤ | ᠬᠤᠰᠢᠭᠤᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠪᠠ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠲᠥᠯᠥᠪᠵᠢᠭᠦᠯᠭᠡ ᠶᠢ ᠬᠡᠷᠡᠭᠵᠢᠭᠦᠯᠬᠦ ᠲᠠᠢ ᠨᠢᠭᠳᠠ | ᠤᠶᠠᠯᠳᠤᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠱᠠᠭᠠᠷᠳᠠᠨ᠂ ᠦᠨᠳᠦᠰᠦᠨ ᠬᠠᠤᠯᠢ ᠶᠢᠨ | ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠢ ᠪᠣᠳᠠᠲᠠᠢ ᠬᠢᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠤᠰᠢᠭᠤ ᠵᠠᠰᠠᠭ ᠤᠨ ᠣᠷᠳᠣᠨ ᠤ | ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠮᠥᠩᠭᠦᠨ ᠭᠦᠢᠯᠭᠡᠭᠡᠨ ᠤ | ᠰᠢᠭᠦᠨ ᠲᠠᠰᠤᠯᠤᠯᠲᠠ ᠶᠢᠨ ᠭᠦᠢᠴᠡᠳᠬᠡᠬᠦ ᠬᠡᠷᠡᠭ ᠲᠤ ᠬᠤᠯᠪᠣᠭᠳᠠᠭᠰᠠᠨ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ︽ᠪᠠᠶᠢᠴᠠᠭᠠᠬᠤ ᠪᠠᠶᠢᠭᠤᠯᠭ᠎ᠠ ᠠᠴᠠ | ᠬᠤᠪᠢᠯᠭᠠᠨ ᠵᠠᠪᠢ ᠶᠢᠨ ᠬᠡᠷ ᠤᠷᠤᠨ ᠢᠶᠠᠨ ᠬᠠᠮᠠᠭᠠᠯᠠᠬᠤ︾ ︽ᠨᠢᠭᠡ ᠬᠤᠷᠢᠶ᠎ᠠ ᠨᠢᠭᠡ ᠲᠡᠰ︾ ᠢ ᠴᠣᠭᠴᠠᠯᠠᠨ | ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ︽ᠪᠢᠴᠢᠭ | ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠭᠤᠯᠬᠤ᠂ ᠳᠠᠩᠰᠠᠯᠠᠭᠤᠯᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ | ᠵᠠᠯᠠᠷᠠᠭᠤᠯᠬᠤ︾ ᠵᠠᠷᠴᠢᠮ ᠶᠣᠰᠣᠭᠠᠷ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ | ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠳᠠᠩᠰᠠᠯᠠᠵᠤ ᠬᠢᠨᠠᠨ ᠪᠠᠶᠢᠴᠠᠭᠠᠬᠤ ᠬᠦᠷᠢᠶ᠎ᠡ | ᠬᠡᠪᠴᠢᠶ᠎ᠡ ᠶᠢ ᠦᠷᠬᠡᠳᠬᠡᠪᠡ᠃ ᠡᠨᠡ ᠵᠢᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠨ | ᠳᠠᠩᠰᠠᠯᠠᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠢᠭᠡᠳ ᠨᠢᠭᠡ ᠪᠠᠷ ᠬᠢᠨᠠᠨ ᠪᠠᠶᠢᠴᠠᠭᠠᠵᠦ᠂ | ᠡᠭᠦᠨ ᠳᠤ᠂ 2020 ᠣᠨ ᠤ 1 ᠬᠤᠪᠢ᠂ 2021 ᠣᠨ ᠤ 1 ᠬᠤᠪᠢ᠂ 2022 ᠣᠨ ᠤ 3 ᠬᠤᠪᠢ ᠪᠤᠯᠤᠨ᠎ᠠ | ᠃ | ︵ᠭᠤᠷᠪᠠ︶ ᠨᠡᠶᠢᠭᠡᠮ ᠤᠨ ᠠᠷᠠᠳ ᠤᠨ ᠠᠮᠢᠳᠤᠷᠠᠯ ᠤᠨ ᠬᠦᠷᠢᠶᠠᠨ ᠳᠠᠬᠢ ᠬᠢᠨᠠᠯᠲᠠ ᠶᠢ ᠴᠢᠩᠭᠠᠳᠬᠠᠪᠠ᠃ | ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠦᠭᠴᠦ ᠲᠠᠰᠤᠯᠬᠤ ᠲᠦᠷᠢᠮ ᠢ ᠬᠤᠰᠢᠭᠤ | ᠂ ᠰᠤᠮᠤ ᠰᠢᠶᠠᠩ ᠪᠠᠯᠭᠠᠰᠤ ᠬᠤᠶᠠᠷ ᠱᠠᠲᠤᠨ ᠳᠤ ᠨᠡᠶᠢᠳᠡᠮ ᠬᠡᠷᠡᠭᠵᠢᠭᠦᠯᠬᠦ ᠶᠢ ᠪᠠᠶᠠᠯᠡᠬᠦᠯᠪᠠ᠃ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠤᠳᠠᠭᠠᠨ ᠤ ᠬᠤᠷᠠᠯ ᠤᠨ ᠪᠢᠯᠧᠲ ᠥᠭᠬᠦ ᠪᠠᠷ ᠪᠠᠲᠤᠯᠠᠭᠰᠠᠨ ᠸᠧᠢᠢᠵᠢᠩ ᠵᠠᠮ ᠵᠢᠴᠢ ᠬᠤᠭᠤᠯᠠᠢ ᠲᠣᠣᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠲᠠ ᠪᠠᠯᠭᠠᠰᠤᠨ ᠤ ᠤᠰᠤ ᠬᠠᠩᠭᠠᠬᠤ ᠦᠢᠯᠡᠳᠪᠦᠷᠢ ᠵᠢᠴᠢ | ᠬᠤᠭᠤᠯᠠᠢ ᠲᠣᠣᠷ ᠤᠨ ᠲᠥᠷᠥᠯ ᠵᠦᠢᠯ ᠵᠡᠷᠬᠡ ᠠᠷᠠᠳ ᠤᠨ ᠠᠮᠢᠳᠤᠷᠠᠯ ᠤᠨ ᠲᠤᠬᠠᠢ 5 ᠲᠦᠷᠦᠯ ᠵᠤᠶᠢᠯ ᠳᠤ | ᠴᠢᠭᠯᠡᠬᠦᠯᠦᠨ᠂ ᠲᠦᠯᠦᠬᠡᠯᠡᠭᠴᠢᠳ ᠢ ᠵᠣᠬᠢᠶᠠᠨ ᠪᠠᠶᠢᠭᠤᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠵᠣᠬᠢᠰᠲᠠᠢ ᠰᠠᠨᠠᠯ ᠰᠠᠨᠠᠭᠤᠯᠭ᠎ᠠ | ᠳᠤᠷᠠᠳᠴᠤ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠲᠤᠰᠠᠯᠠᠨ | ᠠᠬᠢᠭᠤᠯᠪᠠ᠃ | ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠪᠠ ᠲᠠᠷᠢᠶᠠᠯᠠᠩ | ᠮᠠᠯ ᠠᠵᠤ ᠠᠬᠤᠢ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠬᠤ | ᠠᠵᠢᠯ ᠢ ᠥᠷᠨᠢᠭᠦᠯᠵᠦ᠂ ᠵᠠᠷᠢᠮ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ ᠤ ᠬᠤᠷᠰᠢᠶᠠᠵᠢᠯ ᠤᠨ | ᠬᠥᠭᠵᠢᠯᠲᠡ ᠨᠢ ᠬᠤᠶᠢᠷᠭᠤ᠂ ᠨᠥᠭᠡᠴᠡ ᠬᠦᠴᠦᠨ ᠨᠢ ᠬᠦᠷᠦᠯᠴᠡᠬᠦ ᠦᠭᠡᠢ ᠵᠡᠷᠬᠡ ᠠᠰᠠᠭᠤᠳᠠᠯ ᠳᠤ ᠴᠢᠭᠯᠡᠭᠦᠯᠦᠨ᠂ | ᠬᠠᠮᠲᠤ ᠶᠢᠨ ᠠᠵᠤ ᠠᠬᠤᠢ ᠶᠢᠨ ᠠᠰᠢᠭ ᠣᠯᠵᠠᠪᠤᠷᠢ ᠶᠢᠨ ᠪᠡᠯᠡ ᠮᠦᠩᠭᠦᠨ ᠤ ᠠᠰᠠᠭᠤᠳᠠᠯ ᠳᠤ ᠬᠢᠨᠠᠨ ᠵᠦᠪᠯᠡᠬᠦ | ᠰᠠᠨᠠᠯ ᠲᠤᠷᠠᠳᠤᠪᠠ᠃ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ | ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠬᠢᠨᠠᠨ ᠵᠥᠪᠯᠡᠭᠰᠡᠨ ᠰᠠᠨᠠᠯ ᠳᠤᠷᠠᠳᠴᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠪᠠᠭᠰᠢ ᠨᠠᠷ ᠤᠨ ᠡᠷᠲᠡ ᠣᠷᠣᠢ ᠶᠢᠨ ᠲᠠᠪᠳᠠᠯᠭ᠎ᠠ ᠶᠢᠨ | ᠨᠥᠬᠦᠪᠥᠷᠢ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠪᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠦᠲᠦᠴᠡ ᠶᠢ ᠰᠢᠯᠢᠳᠡᠭᠵᠢᠭᠦᠯᠬᠦ ᠪᠠ ᠪᠠᠶᠢᠷᠢᠰᠢᠭᠤᠯᠤᠯ ᠢ ᠵᠦᠢ ᠵᠣᠬᠢᠰᠲᠠᠢ ᠪᠠᠶᠢᠯᠭᠠᠬᠤ ᠶᠢ ᠠᠬᠢᠭᠤᠯᠵᠤ᠂ ᠪᠦᠬᠦ | ᠬᠤᠰᠢᠭᠤᠨ ᠤ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠬᠤ ᠨᠠᠰᠤᠨ ᠠᠴᠠ ᠡᠮᠦᠨᠡᠬᠢ ᠰᠤᠷᠤᠭᠴᠢ ᠶᠢᠨ ᠡᠵᠡᠯᠡᠬᠦ ᠬᠠᠷᠢᠴᠠᠯ | ᠨᠢ ᠴᠦᠮ ᠤᠯᠤᠰ ᠤᠨ ᠬᠠᠮᠢᠶ᠎ᠠ ᠪᠦᠬᠦᠢ ᠲᠤᠭᠳᠠᠭᠠᠯ ᠳᠤ ᠨᠡᠶᠢᠴᠡᠪᠡ᠃ | ︵ᠳᠥᠷᠪᠡ︶ ᠨᠡᠶᠢᠭᠡᠮ ᠤᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠦᠷᠢᠶᠠᠨ ᠳᠠᠬᠢ ᠬᠢᠨᠠᠯᠲᠠ ᠪᠠᠨ ᠴᠢᠩᠭᠠᠳᠬᠠᠪᠠ᠃ 5 ᠰᠠᠷ᠎ᠠ ᠳᠤ᠂ 4 ᠰᠤᠮᠤ ᠰᠢᠶᠠᠩ ᠪᠠᠯᠭᠠᠰᠤᠨ ᠤ ᠶᠠᠳᠠᠭᠤ ᠠᠴᠠ | ᠠᠩᠭᠢᠵᠢᠷᠠᠭᠤᠯᠬᠤ ᠳᠤ ᠪᠡᠷᠬᠡ ᠪᠤᠶᠤ ᠳᠠᠬᠢᠨ ᠶᠠᠳᠠᠭᠤᠷᠠᠭᠰᠠᠨ ᠡᠷᠦᠬᠡ᠂ ᠠᠮᠠᠷᠬᠠᠨ ᠶᠠᠳᠠᠭᠤᠷᠠᠬᠤ ᠡᠷᠦᠬᠡ ᠪᠠ | ᠭᠡᠨᠡᠳᠲᠡ ᠡᠬᠦᠰᠬᠦ ᠬᠡᠷᠡᠭ ᠠᠴᠠ ᠶᠠᠳᠠᠭᠤ ᠬᠦᠴᠢᠷᠳᠡᠯᠲᠡᠢ ᠡᠷᠦᠬᠡ ᠪᠤᠯᠬᠤ ︽ᠭᠤᠷᠪᠠᠨ ᠲᠥᠷᠥᠯ ᠤᠨ ᠬᠥᠮᠦᠨ︾ ᠤ | ᠨᠡᠶᠢᠭᠡᠮ ᠤᠨ ᠪᠠᠲᠤᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠬᠢᠵᠦ᠂ ᠰᠠᠭᠤᠳᠠᠯ ᠤᠨ ᠬᠤᠷᠠᠯ 4 ᠤᠳᠠᠭ᠎ᠠ ᠬᠤᠷᠠᠯᠳᠤᠭᠤᠯᠵᠤ᠂ 32 ᠡᠷᠦᠬᠡ ᠳᠤ ᠬᠦᠷᠴᠦ᠂ | ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠲᠥᠷᠥᠯ ᠤᠨ ᠬᠥᠮᠦᠨ︾ ᠤ ᠨᠡᠶᠢᠭᠡᠮ ᠤᠨ ᠪᠠᠲᠤᠯᠠᠭ᠎ᠠ ᠶᠢᠨ | ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠨᠠᠭᠤᠯᠭ᠎ᠠ | ᠳᠤᠷᠠᠳᠴᠤ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠬᠥᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠤᠯᠠᠭᠠᠨᠬᠤᠸᠠ ᠪᠠᠯᠭᠠᠰᠤᠨ ᠤ ᠭᠤᠣᠨᠢ ᠪᠡᠶ᠎ᠡ | ᠨᠠᠰᠤᠳᠠᠳ᠂ ᠵᠡᠮᠳᠡᠭᠴᠦᠳ᠂ ᠬᠦᠨᠳᠦ ᠶᠡᠭᠡ ᠡᠪᠡᠳᠴᠢᠲᠡᠨ ᠵᠡᠷᠭᠡ ᠬᠦᠴᠢᠷᠳᠡᠯᠲᠡᠢ ᠬᠥᠮᠦᠰ ᠤᠨ ᠨᠡᠶᠢᠭᠡᠮ ᠤᠨ | ᠪᠠᠲᠤᠯᠠᠭ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠦᠷᠨᠢᠬᠦᠯᠪᠠ᠃ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠦᠷ᠎ᠡ ᠪᠦᠳᠦᠮᠵᠢ ᠶᠢ ᠭᠦᠨᠵᠡᠭᠡᠢ ᠪᠠᠶᠢᠴᠠᠭᠠᠨ | ᠰᠤᠳᠤᠯᠵᠤ᠂ ᠬᠤᠲᠠ ᠪᠠᠯᠭᠠᠰᠤᠨ ᠤ ᠬᠠᠲᠠᠭᠤ ᠪᠡᠶᠡᠲᠦ ᠪᠣᠬᠢᠷᠲᠤᠯ ᠤᠨ ᠡᠬᠢ ᠰᠤᠷᠪᠤᠯᠵᠢ ᠶᠢ ᠦᠷᠭᠦᠯᠵᠢᠯᠡᠨ | ᠮᠥᠷᠳᠡᠨ ᠵᠠᠰᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠣᠷᠴᠢᠨ | ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ | ᠲᠤᠬᠠᠢ ᠮᠡᠳᠡᠭᠦᠯᠦᠯᠲᠡ ᠶᠢ ᠰᠣᠨᠣᠰᠴᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠪᠥᠬᠦ ᠲᠠᠯ᠎ᠠ | ᠪᠠᠷ ᠴᠢᠩᠭᠠᠳᠬᠠᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠪᠡ᠃ | ᠳᠥᠷᠪᠡ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠪᠠᠳᠤᠯᠠᠨ ᠦᠢᠯᠡᠴᠢᠯᠡᠵᠦ᠂ ᠲᠥᠯᠥᠭᠡᠯᠡᠭᠴᠢᠳ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ | ᠪᠠᠶᠢᠭᠤᠯᠪᠠ | ᠪᠠᠶᠢᠩᠭᠤ ᠶᠢᠨ ᠬᠤᠷᠢᠶ᠎ᠠ ᠨᠢ ᠲᠥᠯᠥᠭᠡᠯᠡᠭᠴᠢ ᠶᠢᠨ ᠡᠷᠬᠡ ᠶᠢ ᠬᠦᠨᠳᠦᠳᠬᠡᠬᠦ ᠪᠣᠯ ᠳᠠᠷᠤᠢ ᠠᠷᠠᠳ ᠲᠦᠮᠡᠨ ᠤ ᠡᠷᠬᠡ | ᠠᠰᠢᠭ ᠢ ᠬᠦᠨᠳᠦᠳᠬᠡᠬᠦ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠠᠲᠤᠯᠠᠬᠤ ᠪᠣᠯ ᠳᠠᠷᠤᠢ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠣᠶᠢᠯᠠᠭᠠᠭᠳᠠᠬᠤᠨ ᠢ | ᠪᠠᠲᠤᠯᠠᠵᠤ᠂ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠪᠥᠬᠦ ᠲᠥᠯᠥᠭᠡᠯᠡᠭᠴᠢᠳ ᠲᠤ | ᠲᠦᠰᠢᠭᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠪᠠ᠃ | ︵ᠨᠢᠭᠡ︶ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠤᠨ ᠠᠵᠢᠯᠯᠠᠭ᠎ᠠ ᠶᠢ | ᠲᠠᠰᠤᠷᠠᠯᠲᠠ ᠦᠭᠡᠢ ᠴᠢᠩᠭᠠᠳᠬᠠᠪᠠ᠃ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠨᠢ ︽ | ᠲᠥᠯᠥᠭᠡᠯᠡᠭᠴᠢ ᠶᠢᠨ ᠬᠠᠤᠯᠢ︾ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠲᠥᠯᠥᠭᠡᠯᠡᠭᠴᠢᠳ ᠲᠤ ᠦᠢᠯᠡᠴᠢᠯᠡᠬᠦ ᠶᠢ | ᠪᠠᠷᠢᠮᠲᠠᠯᠠᠨ᠂ ᠲᠥᠯᠥᠭᠡᠯᠡᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠡᠨᠡ ᠵᠢᠯ | ᠲᠤᠰᠬᠠᠢ ᠰᠡᠳᠦᠪ ᠬᠤᠪᠢᠶᠠᠵᠤ᠂ ᠪᠦᠯᠦᠭ ᠤᠳᠠᠭ᠎ᠠ ᠪᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠰᠢᠨ᠎ᠡ ᠲᠣᠮᠢᠯᠠᠭᠳᠠᠭᠰᠠᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ 360 ᠬᠥᠮᠦᠨ ᠤᠳᠠᠭ᠎ᠠ ᠶᠢᠨ ᠰᠤᠷᠤᠯᠴᠠᠯᠭ᠎ᠠ | ᠪᠣᠯᠪᠠᠰᠤᠷᠠᠯ ᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ︽ᠦᠨᠳᠦᠰᠦᠨ ᠬᠠᠤᠯᠢ︾ ︽ᠬᠢᠨᠠᠯᠲᠠ ᠲᠠᠯᠪᠢᠬᠤ ᠬᠠᠤᠯᠢ︾ ︽ | ᠲᠥᠯᠥᠭᠡᠯᠡᠭᠴᠢᠳ ᠤᠨ ᠬᠠᠤᠯᠢ︾ ︽ᠵᠣᠬᠢᠶᠠᠨ ᠪᠠᠶᠢᠭᠤᠯᠬᠤ ᠬᠠᠤᠯᠢ︾ ᠵᠡᠷᠭᠡ ᠬᠠᠤᠯᠢ ᠴᠠᠭᠠᠵᠠ ᠲᠦᠷᠢᠮ | ᠲᠣᠭᠲᠠᠭᠠᠯ ᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠦᠵᠡᠯ ᠤᠬᠠᠮᠰᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ︽ᠬᠤᠶᠠᠷ ᠲᠠᠯ᠎ᠠ ᠪᠠᠷ ᠢᠶᠠᠨ ᠬᠠᠷᠢᠯᠴᠠᠬᠤ︾ ᠲᠣᠭᠲᠠᠴᠠ ᠶᠢ ᠦᠷᠭᠦᠯᠵᠢᠯᠡᠨ ᠲᠦᠯᠬᠢᠨ | ᠠᠬᠢᠭᠤᠯᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠡᠰᠢᠬᠦᠨ ᠪᠣᠯᠤᠨ ᠲᠥᠯᠥᠭᠡᠯᠡᠭᠴᠢ᠂ ᠲᠥᠯᠥᠭᠡᠯᠡᠭᠴᠢ | ᠪᠣᠯᠤᠨ ᠤᠤᠯ ᠤᠨ ᠰᠤᠩᠭᠤᠭᠤᠯᠢ ᠶᠢᠨ ᠨᠢᠬᠡᠴᠡ ᠪᠤᠶᠤ ᠰᠣᠩᠭᠤᠭᠤᠯᠢ ᠶᠢᠨ ᠠᠷᠠᠳ ᠯᠤᠭ᠎ᠠ ᠶᠢᠨ ᠬᠠᠷᠢᠯᠴᠠᠭ᠎ᠠ ᠪᠠᠨ | ᠴᠢᠩᠭᠠᠳᠬᠠᠵᠤ᠂ ᠲᠥᠯᠥᠭᠡᠯᠡᠭᠴᠢ ᠤᠤᠯ ᠤᠨ ᠰᠤᠩᠭᠤᠭᠤᠯᠢ ᠶᠢᠨ ᠨᠢᠭᠡᠴᠡ ᠳᠡᠭᠡᠨ ᠲᠤᠰᠢᠶᠠᠯ ᠤᠨ ᠮᠡᠳᠡᠭᠦᠯᠦᠯᠲᠡ | ᠬᠢᠬᠦ ᠠᠵᠢᠯᠯᠠᠭ᠎ᠠ ᠶᠢ ᠦᠷᠨᠢᠬᠦᠯᠪᠠ᠃ ᠪᠠᠶᠢᠩᠭᠤ ᠶᠢᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ | ᠪᠠᠶᠢᠭᠤᠯᠤᠨ᠂ ᠴᠠᠭᠠᠨᠪᠤᠯᠠᠭ ᠰᠤᠮᠤ᠂ ᠳ᠋ᠠ ᠾᠧᠢ ᠾᠧ ᠰᠢᠶᠠᠨ ᠪᠠ ᠤᠯᠠᠭᠠᠨᠬᠤᠸᠠ ᠪᠠᠯᠭᠠᠰᠤᠨ ᠤ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠦᠬᠡ︾ ᠳᠤ ᠬᠦᠷᠴᠦ᠂ ᠦᠨᠳᠦᠰᠦᠲᠡᠨ ᠤ | ᠪᠦᠯᠬᠦᠮᠳᠡᠯ ᠲᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 3 | ᠤᠳᠠᠭ᠎ᠠ ᠦᠷᠨᠢᠬᠦᠯᠪᠠ᠃ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠦᠬᠡ︾ | ᠶᠢᠨ ᠠᠵᠢᠯᠯᠠᠭᠠᠨ ᠤ ᠬᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠦᠬᠦ | ᠬᠤᠰᠢᠭᠤᠨ ᠤ 65 ᠲᠥᠯᠥᠭᠡᠯᠡᠭᠴᠢ ᠶᠢᠨ ᠦᠷᠦᠬᠡ ᠶᠢ ᠵᠢᠭᠠᠨ ᠵᠢᠯᠣᠭᠤᠳᠴᠤ ᠳᠦᠷᠢᠮᠵᠢᠭᠰᠡᠨ ᠪᠠᠶᠢᠭᠤᠯᠤᠯᠲᠠ | ᠬᠢᠭᠰᠡᠨ ᠤ ᠬᠠᠮᠲᠤ᠂ 2 ᠲᠥᠯᠥᠭᠡᠯᠡᠭᠴᠢ ᠶᠢᠨ ᠦᠷᠦᠬᠡ ᠰᠢᠨ᠎ᠡ ᠪᠠᠷ ᠨᠡᠮᠡᠪᠡ᠃ ᠬᠤᠰᠢᠭᠤᠨ ᠳᠤ ᠰᠠᠭᠤᠭ᠎ᠠ ᠪᠦᠬᠦ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠪᠠ᠃ | ︵ᠬᠤᠶᠠᠷ︶ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠴᠢᠨᠠᠷ ᠰᠠᠶᠢᠲᠠᠢ ᠰᠠᠶᠢᠲᠤᠷ | ᠡᠷᠬᠢᠯᠡᠪᠡ᠃ ︽ᠠᠭᠤᠯᠭ᠎ᠠ ᠨᠢ ᠴᠢᠨᠠᠷ ᠰᠠᠶᠢᠲᠠᠢ᠂ ᠭᠦᠢᠴᠡᠳᠬᠡᠬᠦ ᠨᠢ ᠴᠢᠨᠠᠷ ᠰᠠᠶᠢᠲᠠᠢ︾ ᠪᠠᠶᠢᠬᠤ ᠱᠠᠭᠠᠷᠳᠠᠯᠭ᠎ᠠ | ᠶᠣᠰᠣᠭᠠᠷ᠂ ᠬᠡᠷᠡᠭ ᠤᠨ ᠡᠮᠦᠨ᠎ᠡ ᠪᠠᠶᠢᠴᠠᠭᠠᠨ ᠰᠤᠳᠤᠯᠵᠤ ᠨᠡᠪᠲᠡᠷᠡᠯᠴᠡᠬᠦ᠂ ᠣᠨᠣᠪᠴᠢᠲᠠᠢ ᠲᠥᠷᠥᠯ ᠬᠤᠪᠢᠶᠠᠨ | ᠲᠤᠰᠢᠶᠠᠨ ᠭᠦᠢᠴᠡᠳᠬᠡᠬᠦ᠂ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠬᠤ ᠵᠡᠷᠭᠡ | ᠲᠣᠭᠲᠠᠴᠠ ᠶᠢ ᠪᠠᠶᠢᠭᠤᠯᠤᠨ ᠪᠦᠷᠢᠨᠰᠢᠬᠦᠯᠪᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠴᠠᠭ ᠲᠤᠬᠠᠢ ᠳᠤᠨᠢ | ᠲᠤᠰᠢᠶᠠᠨ ᠰᠢᠢᠳᠪᠦᠷᠢᠯᠡᠭᠦᠯᠬᠦ ᠬᠤᠷᠠᠯ ᠬᠢᠵᠦ᠂ ᠬᠤᠷᠠᠯ ᠳᠡᠭᠡᠷ᠎ᠡ 62 ᠬᠤᠪᠢ ᠲᠥᠯᠥᠭᠡᠯᠡᠭᠴᠢᠳ ᠤᠨ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ᠂ | ᠰᠢᠢᠳᠪᠦᠷᠢᠯᠡᠵᠦ ᠳᠠᠭᠤᠰᠬᠠᠬᠤ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠵᠤ᠂ ᠬᠠᠤᠯᠢ ᠶᠣᠰᠣᠭᠠᠷ ᠳᠡᠰ ᠳᠠᠷᠠᠭᠠᠯᠠᠯ | ᠲᠠᠢ ᠰᠢᠢᠳᠪᠦᠷᠢᠯᠡᠬᠦ ᠶᠢ ᠱᠠᠭᠠᠷᠳᠠᠪᠠ᠃ ᠲᠥᠯᠥᠭᠡᠯᠡᠭᠴᠢᠳ ᠤᠨ ᠳᠤᠷᠠᠳᠤᠭᠰᠠᠨ ᠡᠯ᠎ᠡ ᠵᠦᠢᠯ ᠤᠨ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ ᠤᠳ ᠢ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠠᠴᠠ | ᠲᠡᠩᠰᠠᠯᠠᠨ ᠡᠮᠬᠢᠳᠬᠡᠵᠦ᠂ ᠲᠥᠷᠥᠯ ᠬᠤᠪᠢᠶᠠᠨ ᠬᠢᠨᠠᠨ ᠪᠠᠶᠢᠴᠠᠭᠠᠵᠤ᠂ ᠲᠥᠯᠥᠭᠡᠯᠡᠭᠴᠢᠳ ᠤᠨ ᠳᠤᠷᠠᠳᠤᠭᠰᠠᠨ 13 | ᠲᠥᠷᠥᠯ ᠤᠨ 62 ᠬᠤᠪᠢ ᠰᠠᠨᠠᠭᠤᠯᠭ᠎ᠠ ᠶᠢ ᠰᠢᠢᠳᠪᠦᠷᠢᠯᠡᠭᠰᠡᠨ ᠨᠣᠷᠮ᠎ᠠ ᠨᠢ 90.3% ᠳᠤ ᠬᠦᠷᠪᠡ᠃ | ︵ᠭᠤᠷᠪᠠ︶ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢᠳ ᠤᠨ ᠬᠦᠳᠡᠯᠬᠡᠬᠡᠨ ᠢ | ᠪᠠᠶᠠᠯᠢᠭᠵᠢᠭᠤᠯᠪᠠ᠃ 2022 ᠣᠨ ᠳᠤ᠂ ᠬᠤᠰᠢᠭᠤ ᠨᠠᠮ ᠤᠨ ᠬᠤᠷᠢᠶᠠᠨ ᠤ ︽ᠲᠦᠷᠪᠡᠳ ᠬᠤᠰᠢᠭᠤᠨ ᠤ ᠪᠦᠬᠦ | ᠬᠡᠪᠴᠢᠶᠡᠨ ᠳᠠᠬᠢ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠤᠨ ᠬᠠᠮᠢᠶ᠎ᠠ | ᠪᠦᠬᠦᠢ ᠠᠭᠤᠯᠭ᠎ᠠ ᠶᠢᠨ ᠲᠣᠭᠤᠷᠢᠨ ᠳᠤ᠂ ᠭᠤᠷᠪᠠᠨ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ᠂ ᠰᠢᠮᠢᠨ ᠭᠤᠣᠯ ᠰᠣᠶᠣᠯ ᠤᠨ ᠬᠦᠷᠢᠶᠡᠯᠡᠩ᠂ | ᠰᠢᠷᠠᠮᠦ᠋ᠷᠡᠨ ᠤ ᠳᠠᠶᠢᠯᠠᠯᠳᠤᠭᠠᠨ ᠤ ᠪᠠᠭᠤᠷᠢ᠂ ᠵᠢᠩᠵᠧᠦ ᠵᠠᠮ ᠤᠨ ᠡᠷᠲᠡᠨ ᠤ ᠬᠤᠲᠠ᠂ ᠭᠡᠭᠡᠨᠲᠠᠯ᠎ᠠ ᠶᠢᠨ ᠲᠠᠯ᠎ᠠ | ᠨᠤᠲᠤᠭ ᠤᠨ ᠵᠢᠭᠤᠯᠴᠢᠯᠠᠯ ᠤᠨ ᠲᠥᠪ᠂ ᠬᠤᠪᠢᠯᠭᠠᠨ ᠵᠠᠪᠢ ᠰᠠᠨᠰᠠᠷ ᠤᠨ ᠨᠢᠰᠬᠦ ᠤᠩᠭᠤᠴᠠ ᠶᠢᠨ ᠭᠠᠵᠠᠷᠳᠠᠬᠤ | ᠲᠠᠯᠠᠪᠠᠢ᠂ ᠳᠥᠷᠪᠡᠳ ᠬᠤᠰᠢᠭᠤᠨ ᠤ ᠤᠯᠤᠰ ᠤᠨ ᠭᠠᠵᠠᠷ ᠰᠢᠨᠵᠢᠯᠡᠭᠡᠨ ᠤ ᠬᠦᠷᠢᠶᠠᠯᠠᠩ᠂ ᠨᠤᠮᠤᠭᠠᠨ ᠠᠭᠤᠯᠠ᠂ | ᠳᠥᠷᠪᠡᠳ ᠬᠤᠰᠢᠭᠤᠨ ᠤ ᠲᠣᠣᠷᠠᠢ ᠶᠢᠨ ᠣᠢ ᠵᠡᠷᠭᠡ ᠭᠠᠵᠠᠷ ᠣᠷᠣᠨ ᠢᠶᠠᠷ ᠲᠥᠪᠯᠡᠷᠡᠭᠦᠯᠦᠨ ᠲᠤᠭᠤᠷᠢᠨ ᠦᠵᠡᠪᠡ᠃ | ᠡᠭᠦᠨ ᠤ ᠬᠠᠮᠲᠤ ᠵᠦᠩ ᠵᠢᠶᠠ ᠲᠠᠷᠢᠶᠠᠯᠠᠩ ᠤᠨ ᠲᠠᠯᠠᠪᠠᠢ᠂ ᠢᠳᠡᠰᠢᠨ ᠦᠬᠡᠷ ᠬᠤᠨᠢ ᠶᠢ ᠨᠢᠲᠤᠯᠵᠤ ᠡᠳ᠋ᠰᠢᠭᠦᠯᠬᠦ᠂ | ᠣᠷᠣᠰᠢᠭᠤᠯᠭ᠎ᠠ ᠶᠢᠨ ᠭᠠᠵᠠᠷ ᠵᠡᠷᠬᠡ ᠲᠥᠷᠥᠯ ᠵᠦᠢᠯ ᠳᠤ ᠲᠤᠭᠤᠷᠢᠨ ᠪᠠᠶᠢᠴᠠᠭᠠᠯᠲᠠ ᠬᠢᠪᠠ᠃ ᠲᠤᠭᠤᠷᠢᠨ ᠦᠵᠡᠬᠦ | ᠠᠵᠢᠯᠯᠠᠭ᠎ᠠ ᠪᠠᠷ ᠳᠠᠮᠵᠢᠨ ᠲᠥᠯᠥᠭᠡᠯᠡᠭᠴᠢᠳ ᠪᠦᠬᠦ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠵᠢᠴᠢ ᠪᠤᠰᠤᠳ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ | ᠳᠥᠷᠪᠡᠳ ᠬᠤᠰᠢᠭᠤᠨ ᠤ ᠬᠥᠭᠵᠢᠯᠲᠡ ᠬᠤᠪᠢᠷᠠᠯᠲᠠ ᠶᠢ ᠨᠡᠩ ᠭᠦᠨᠵᠡᠭᠡᠢ ᠣᠶᠢᠯᠠᠭᠠᠵᠤ ᠮᠡᠳᠡᠭᠰᠡᠨ ᠪᠥᠭᠡᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠵᠤᠬᠢᠰᠳᠠᠢ ᠰᠠᠨᠠᠯ | ᠵᠦᠪᠯᠡᠯᠬᠡ ᠳᠤᠷᠠᠳᠪᠠ᠃ | ᠲᠠᠪᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠪᠡ | ︵ᠨᠢᠭᠡ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠪᠠ᠃ ᠠᠷᠠᠳᠴᠢᠯᠠᠯ ᠲᠥᠪᠯᠡᠷᠡᠯ ᠤᠨ ᠶᠣᠰᠣ ᠶᠢ | ᠪᠠᠷᠢᠮᠲᠠᠯᠠᠨ᠂ ᠪᠠᠶᠢᠩᠭᠤ ᠶᠢᠨ ᠬᠤᠷᠢᠶ᠎ᠠ᠂ ᠡᠷᠬᠢᠯᠡᠭᠴᠢᠳ ᠤᠨ ᠬᠤᠷᠠᠯ ᠤᠨ ᠬᠡᠷᠡᠭ ᠵᠥᠪᠯᠡᠬᠦ ᠳᠦᠷᠢᠮ ᠢ | ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠳᠦᠷᠢᠮ | ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠨᠠᠨ ᠶᠠᠷᠢᠯᠴᠠᠭᠰᠠᠨ ᠰᠠᠨᠠᠯ ᠢ ᠰᠢᠢᠳᠪᠦᠷᠢᠯᠡᠬᠦ᠂ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠲᠣᠭᠲᠠᠭᠠᠯ ᠢ ᠲᠡᠭᠦᠯᠳᠡᠷᠵᠢᠭᠦᠯᠵᠦ᠂ ᠪᠠᠶᠢᠩᠭᠤ ᠶᠢᠨ | ᠬᠤᠷᠢᠶᠠᠨ ᠤ ᠠᠵᠢᠯ ᠤᠨ ᠭᠤᠣᠯᠳᠠᠯᠭ᠎ᠠ ᠵᠢᠴᠢ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠦᠵᠡᠬᠦ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠣᠨ ᠤ ᠲᠥᠯᠥᠪᠯᠡᠭᠡ ᠶᠢ ᠲᠣᠭᠲᠠᠭᠠᠵᠤ᠂ ᠪᠠᠶᠢᠩᠭᠤ ᠶᠢᠨ | ᠬᠤᠷᠢᠶ᠎ᠠ ᠪᠠ ᠪᠠᠶᠢᠭᠤᠯᠭ᠎ᠠ ᠶᠢᠨ ᠬᠠᠤᠯᠢ ᠶᠣᠰᠣᠭᠠᠷ ᠡᠮᠬᠢ ᠵᠢᠷᠤᠮ ᠲᠠᠢ᠂ ᠪᠣᠳᠠᠲᠤ ᠠᠵᠢᠯᠯᠠᠭ᠎ᠠ ᠶᠢ ᠡᠷᠬᠢᠮᠯᠡᠨ | ᠥᠨᠳᠥᠷ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠪᠠ᠃ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠴᠠᠭᠠᠨ ᠰᠤᠳᠤᠯᠤᠯᠲᠠ ᠪᠠ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ | ᠰᠠᠶᠢᠲᠤᠷ ᠬᠢᠪᠠ᠃ ︽ᠨᠢᠭᠡ ᠵᠠᠰᠠᠭ ᠨᠢᠭᠡ ᠵᠥᠪᠯᠡᠯ ᠬᠤᠶᠠᠷ ᠬᠤᠷᠢᠶ᠎ᠠ︾ ᠯᠤᠭ᠎ᠠ ᠶᠢᠨ ᠬᠠᠷᠢᠯᠴᠠᠬᠤ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠨᠡᠪᠲᠡᠷᠡᠯᠴᠡᠭᠡ ᠪᠠᠨ ᠴᠢᠩᠭᠠᠳᠬᠠᠵᠤ᠂ ᠬᠢᠨᠠᠯᠲᠠ | ᠲᠠᠯᠪᠢᠬᠤ ᠳᠤᠮᠳᠠ ᠳᠡᠮᠵᠢᠵᠦ᠂ ᠳᠡᠮᠵᠢᠯᠭᠡ ᠳᠤᠮᠳᠠ ᠬᠢᠨᠠᠯᠲᠠ ᠲᠠᠯᠪᠢᠬᠤ ᠶᠢ ᠪᠠᠶᠠᠯᠡᠬᠦᠯᠪᠠ᠃ | ︵ᠬᠤᠶᠠᠷ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠲᠥᠪᠯᠡᠷᠡᠩᠭᠦᠢ ᠰᠤᠷᠤᠯᠴᠠᠯᠭ᠎ᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠰᠢᠭᠤᠳ | ᠬᠠᠷᠢᠶ᠎ᠠ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠭᠠᠷᠠᠭ ᠪᠦᠷᠢ ᠲᠥᠪᠯᠡᠷᠡᠩᠭᠦᠢ ᠰᠤᠷᠤᠯᠴᠠᠬᠤ ᠶᠢ ᠪᠠᠷᠢᠮᠳᠠᠯᠠᠨ᠂ ᠦᠵᠡᠯ ᠤᠬᠠᠮᠰᠠᠷ ᠤᠨ | ᠬᠡᠯᠪᠡᠷᠢ ᠪᠠᠶᠢᠳᠠᠯ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠡᠳᠦᠷ ᠳᠣᠳᠣᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠤᠷᠤᠯᠴᠠᠵᠤ ᠪᠣᠯᠪᠠᠰᠤᠷᠠᠭᠤᠯᠬᠤ ᠪᠠ ᠴᠢᠳᠠᠪᠤᠷᠢ ᠶᠢ | ᠪᠣᠯᠪᠠᠰᠤᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠠᠮᠲᠤ ᠶᠢᠨ ᠰᠤᠷᠤᠯᠴᠠᠯᠭ᠎ᠠ ᠪᠠ ᠬᠤᠪᠢ | ᠬᠥᠮᠦᠨ ᠤ ᠥᠪᠡᠷ ᠢᠶᠠᠨ ᠰᠤᠷᠤᠯᠴᠠᠬᠤ ᠶᠢ ᠬᠠᠷᠢᠯᠴᠠᠨ ᠤᠶᠠᠯᠳᠤᠭᠤᠯᠬᠤ᠂ ᠣᠨᠣᠯ ᠤᠨ ᠰᠤᠷᠤᠯᠴᠠᠯᠭ᠎ᠠ ᠪᠠ ᠪᠣᠳᠠᠲᠠᠢ | ᠠᠵᠢᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠺᠠᠳ᠋ᠷᠴᠤᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠬᠦᠴᠦᠯᠡᠨ ᠲᠡᠬᠡᠭᠰᠢᠯᠡᠬᠦᠯᠪᠠ᠃ ︽ | ᠳᠥᠷᠪᠡᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠸᠢᠴᠠᠲ ᠲᠡᠪᠴᠡᠩ ᠢ | ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠭᠤᠣᠯ ᠪᠣᠯᠬᠤ ᠰᠣᠨᠢᠨ ᠮᠡᠳᠡᠭᠡᠨ ᠤ | ᠵᠠᠭᠤᠴᠢᠯᠠᠭᠤᠷ ᠲᠤ ᠲᠦᠰᠢᠭᠯᠡᠨ ᠪᠥᠬᠦ ᠲᠠᠯ᠎ᠠ ᠶᠢᠨ᠂ ᠣᠯᠠᠨ ᠬᠠᠷᠠᠭᠠᠰᠤ ᠠᠴᠠ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠢ ᠭᠦᠨ ᠳᠡᠰ ᠳᠠᠪᠬᠤᠷᠭ᠎ᠠ ᠲᠠᠢ ᠤᠬᠠᠭᠤᠯᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠪᠦᠲᠦᠮᠵᠢᠲᠡᠢ ᠠᠬᠢᠭᠤᠯᠬᠤ ᠳᠤ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠪᠠ᠃ | ︵ᠭᠤᠷᠪᠠ︶ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠢᠮᠠᠭᠲᠠ ᠨᠠᠶᠢᠳᠠᠪᠤᠷᠢᠵᠢᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ | ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠬᠡᠭᠰᠢᠯᠡᠬᠦᠯᠪᠠ᠃ ᠰᠡᠷᠡᠮᠵᠢᠯᠡᠭᠦᠯᠬᠦ | ᠬᠥᠮᠦᠵᠢᠯ ᠢ ᠴᠢᠩᠭ᠎ᠠ ᠨᠢᠮᠪᠠᠢ ᠥᠷᠨᠢᠭᠦᠯᠵᠦ᠂ ᠰᠥᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ | ᠨᠣᠴᠢᠲᠠᠢ ᠵᠥᠷᠢᠴᠡᠭᠰᠡᠨ ᠬᠡᠷᠡᠭ ᠲᠠᠢ ᠬᠤᠯᠪᠤᠭᠳᠠᠭᠤᠯᠤᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ | ᠠᠵᠢᠯ ᠳᠤ ᠲᠤᠰᠬᠠᠢ ᠴᠡᠭᠴᠡᠯᠡᠯᠲᠡ ᠬᠢᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠪᠠᠶᠢᠭᠤᠯᠭ᠎ᠠ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠵᠦ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ︽ᠳᠥᠷᠪᠡᠨ ᠵᠦᠢᠯ ᠤᠨ ᠬᠡᠯᠪᠡᠷᠢ︾ ᠠᠰᠢᠭᠯᠠᠨ᠂ ᠠᠷᠢᠭᠤᠨ ᠴᠢᠬᠡᠴᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢ ᠬᠦᠴᠦᠯᠡᠨ ᠪᠠᠶᠢᠭᠤᠯᠪᠠ᠃ ᠰᠢᠨ᠎ᠡ ᠰᠤᠷᠲᠠᠯ ᠲᠥᠪ | ᠰᠤᠷᠲᠠᠯ ᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠭᠦᠢᠴᠡᠳ ᠵᠣᠷᠢᠭᠵᠢᠭᠤᠯᠤᠨ᠂ ᠠᠵᠢᠯᠴᠢ | ᠪᠥᠭᠡᠳ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠪᠠ᠃ | ᠵᠢᠷᠭᠤᠭ᠎ᠠ᠂ ᠬᠠᠷᠢᠯᠴᠠᠨ ᠬᠠᠪᠰᠤᠷᠤᠯᠴᠠᠨ ᠬᠠᠮᠲᠤ ᠪᠠᠷ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ | ᠪᠦᠲᠦᠮᠵᠢᠲᠡᠢ ᠥᠷᠨᠢᠭᠦᠯᠪᠡ | ᠬᠤᠰᠢᠭᠤ ᠨᠠᠮ ᠤᠨ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ | ᠳᠡᠳ᠋ ᠡᠷᠬᠢᠯᠡᠭᠴᠢ ᠲᠣᠰᠪᠣᠷᠢ ᠳᠥᠷᠪᠡᠨ ᠰᠤᠮᠤ᠂ ᠪᠠᠯᠭᠠᠰᠤ ᠶᠢ ᠳᠠᠭᠠᠭᠠᠴᠢᠯᠠᠨ ᠲᠡᠳᠬᠦᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠭᠠᠴᠠᠭ᠎ᠠ ᠲᠣᠰᠬᠤᠨ ᠢ ᠳᠠᠭᠠᠭᠠᠴᠢᠯᠠᠨ ᠲᠡᠳᠬᠦᠵᠦ᠂ | ᠳᠡᠭᠡᠳᠦ ᠳᠣᠣᠷᠠᠲᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ︽ᠢᠯᠡ ᠲᠣᠳᠣ ᠪᠠᠷ ᠠᠳᠠᠯᠢᠳᠬᠠᠬᠤ︾ ᠶᠢᠨ ᠲᠡᠷᠢᠭᠦᠨ ᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠭᠠᠴᠠᠭᠠᠨ ᠤ | ᠠᠮᠠᠷᠬᠠᠨ ᠶᠠᠳᠠᠭᠤᠷᠠᠬᠤ ᠡᠷᠦᠬᠡ ᠳᠤ ᠬᠦᠨᠵᠡᠬᠡᠶᠢᠷᠡᠨ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠤᠨ᠂ ᠭᠠᠴᠠᠭᠠᠨ ᠳᠤ | ᠰᠢᠨ᠎ᠡ ᠬᠤᠳᠳᠤᠭ ᠮᠠᠯᠲᠠᠵᠤ᠂ ᠲᠤᠬᠠᠢ ᠶᠢᠨ ᠭᠠᠵᠠᠷ ᠤᠨ ᠬᠥᠮᠦᠨ ᠮᠠᠯ ᠤᠨ ᠤᠰᠤ ᠤᠮᠳᠠ ᠶᠢᠨ ᠬᠦᠴᠢᠷᠳᠡᠯ ᠢ | ᠦᠨᠡᠨ ᠬᠦ ᠰᠢᠢᠳᠪᠦᠷᠢᠯᠡᠪᠡ︔ ᠲᠠᠭᠠᠭᠠᠴᠢᠯᠠᠵᠦ ᠠᠪᠤᠭᠰᠠᠨ ᠰᠠᠭᠤᠭᠠᠯᠢ ᠲᠣᠭᠤᠷᠢᠭ ᠲᠤ ᠪᠦᠬᠡᠮ ᠬᠦᠴᠢᠯ ᠤᠨ | ᠪᠠᠶᠢᠴᠠᠭᠠᠯᠳᠠ ᠬᠢᠬᠦ ᠪᠠᠴᠢᠮ ᠰᠣᠷᠢᠯᠲᠠ ᠬᠢᠪᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠥᠪᠯᠡᠷᠡᠭᠦᠯᠦᠨ ᠲᠤᠰᠠᠭᠠᠷᠯᠠᠭᠰᠠᠨ ᠪᠠᠭᠤᠳᠠᠯ ᠤᠨ ᠦᠢᠯᠡᠴᠢᠯᠡᠭᠡ ᠪᠠᠲᠤᠯᠠᠭ᠎ᠠ ᠶᠢᠨ ᠬᠥᠮᠦᠰ ᠢ ᠲᠣᠬᠤᠨᠢᠭᠤᠯᠵᠤ᠂ | ᠬᠤᠲᠠ ᠪᠠᠯᠭᠠᠰᠤᠨ ᠤ ᠣᠷᠣᠵᠤ ᠭᠠᠷᠬᠤ ᠪᠤᠭᠤᠮᠳᠠ ᠶᠢᠨ ᠵᠢᠵᠢᠭᠦᠷᠯᠡᠨ ᠰᠠᠬᠢᠬᠤ ᠠᠵᠢᠯ ᠳᠤ ᠢᠳᠡᠪᠬᠢᠲᠡᠢ | ᠤᠷᠤᠯᠴᠠᠪᠠ︔ ᠨᠤᠲᠤᠭ ᠪᠤᠴᠠᠭᠰᠠᠨ 230 ᠬᠦᠮᠦᠨ ᠳᠤ ᠬᠡᠷ ᠲᠤ ᠨᠢ ᠤᠴᠢᠵᠦ ᠪᠦᠬᠡᠮ ᠬᠦᠴᠢᠯ ᠤᠨ | ᠪᠠᠶᠢᠴᠠᠭᠠᠯᠳᠠ ᠬᠢᠵᠦ ᠦᠭᠪᠡ᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠢ ᠵᠢᠯᠣᠭᠤᠳᠤᠨ᠂ ᠪᠦᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠳᠤᠮᠳᠠ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠬᠠᠮᠢᠶ᠎ᠠ ᠪᠦᠬᠦᠢ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠨᠡᠷᠡᠰ ︽ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ | ᠲᠡᠷᠢᠭᠦᠨ ᠤ ᠲᠥᠯᠥᠭᠡᠯᠡᠭᠴᠢ︾ ᠶᠢ ᠰᠣᠩᠭᠤᠨ ᠬᠥᠮᠦᠵᠢᠭᠦᠯᠵᠦ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ | ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠦᠴᠦᠨ ᠨᠡᠮᠡᠷᠢᠯᠡᠪᠡ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦ ᠲᠠᠯᠪᠢᠨ᠂ | ᠸᠠᠩ ᠹᠦ᠋ ᠬᠤᠷᠢᠶᠠᠯᠠᠯ ᠤᠨ ᠵᠡᠭᠦᠨ ᠲᠣᠭᠤᠷᠢᠭ ᠤᠨ ᠵᠠᠮ ᠱᠤᠭᠤᠮ ᠢ 450 ᠲᠡᠭᠰᠢ ᠳᠥᠷᠪᠡᠯᠵᠢᠨ ᠮᠧᠲᠷ | ᠬᠠᠲᠠᠭᠤᠷᠠᠭᠤᠯᠵᠤ᠂ 450 ᠲᠡᠭᠰᠢ ᠳᠥᠷᠪᠡᠯᠵᠢᠨ ᠮᠧᠲᠷ ᠴᠠᠷᠳᠠᠮᠠᠯ ᠵᠠᠮ ᠲᠠᠪᠢᠰᠤᠨ᠂ ᠪᠠᠷᠠᠭᠤᠨ ᠲᠣᠭᠤᠷᠢᠭ ᠲᠤ | 300 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠬᠠᠲᠠᠭᠤᠷᠠᠭᠤᠯᠪᠠ︔ ᠵᠠᠮ ᠬᠠᠷᠢᠯᠴᠠᠭᠠᠨ ᠤ | ᠪᠣᠯᠪᠠᠰᠤᠨ ᠦᠢᠯᠡ ᠠᠵᠢᠯᠯᠠᠭ᠎ᠠ ᠶᠢ ᠤᠬᠠᠭᠤᠯᠤᠨ ᠢᠳᠬᠠᠬᠤ ᠠᠵᠢᠯ ᠢ ᠢᠳᠡᠪᠬᠢᠲᠡᠢ ᠪᠠᠷ ᠦᠷᠨᠢᠬᠦᠯᠪᠠ᠃ ᠪᠦᠬᠦ | ᠬᠤᠰᠢᠭᠤᠨ ᠤ ᠭᠤᠣᠯ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠢᠵᠢᠭ ᠢ ᠰᠡᠷᠭᠡᠶᠢᠯᠡᠨ ᠡᠵᠡᠮᠳᠡᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠵᠡᠷᠭᠡ ᠲᠠᠯ᠎ᠠ ᠪᠠᠷ ᠯᠠᠪᠳᠠᠭᠤᠨ ᠪᠠᠲᠤᠲᠠᠢ ᠪᠦᠲᠦᠮᠵᠢᠲᠡᠢ ᠠᠵᠢᠯ ᠥᠷᠨᠢᠭᠦᠯᠪᠡ᠃ | ᠲᠥᠯᠥᠭᠡᠯᠡᠭᠴᠢᠳ ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠢᠭᠡ ᠵᠢᠯ ᠤᠨ ᠲᠤᠷᠰᠢ ᠳᠤ ᠣᠯᠤᠭᠰᠠᠨ ᠠᠮᠵᠢᠯᠲᠠ ᠪᠣᠯ ᠬᠤᠰᠢᠭᠤ ᠨᠠᠮ ᠤᠨ ᠬᠤᠷᠢᠶᠠᠨ ᠤ ᠵᠥᠪ | ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠲᠥᠯᠥᠭᠡᠯᠡᠭᠴᠢᠳ ᠪᠠ ᠪᠠᠶᠢᠩᠭᠤ ᠶᠢᠨ ᠬᠤᠷᠢᠶᠠᠨ ᠤ ᠪᠦᠷᠢᠯᠳᠦᠬᠦᠨ | ᠬᠡᠰᠢᠬᠦᠨ ᠨᠠᠷ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠪᠠᠶᠢᠵᠦ᠂ ︽ᠨᠢᠭᠡ ᠵᠠᠰᠠᠭ ᠨᠢᠬᠡ ᠵᠦᠪᠯᠡᠯ ᠬᠤᠶᠠᠷ | ᠬᠤᠷᠢᠶ᠎ᠠ︾ ᠶᠢᠨ ᠬᠠᠮᠲᠤ ᠪᠠᠷ ᠢᠳᠡᠪᠬᠢᠳᠠᠢ ᠠᠵᠢᠯᠯᠠᠬᠤ ᠪᠠᠷ ᠰᠠᠯᠤᠰᠢ ᠦᠭᠡᠢ ᠪᠠᠶᠢᠵᠦ᠂ ᠪᠦᠬᠦ ᠬᠤᠰᠢᠭᠤᠨ ᠤ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠡᠯ᠎ᠡ ᠦᠨᠳᠦᠰᠦᠲᠡᠨ ᠤ ᠠᠷᠠᠳ ᠲᠦᠮᠡᠨ ᠤ | ᠢᠲᠡᠭᠡᠯ᠂ ᠲᠡᠮᠵᠢᠯᠬᠡ ᠠᠴᠠ ᠰᠠᠯᠵᠤ ᠴᠢᠳᠠᠬᠤ ᠥᠬᠡᠢ ᠶᠤᠮ᠃ ᠠᠳᠠ ᠪᠢ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠥᠬᠦᠳ ᠪᠣᠯᠤᠨ | ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ | ᠤᠯᠤᠭᠰᠠᠨ ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠬᠤᠰᠢᠭᠤ ᠨᠠᠮ ᠤᠨ ᠬᠤᠷᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠰᠢᠨ᠎ᠡ ᠱᠠᠭᠠᠷᠳᠠᠯᠭ᠎ᠠ᠂ ᠰᠢᠨ᠎ᠡ ᠴᠠᠭ ᠦᠶ᠎ᠡ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠲᠠᠢ | ᠬᠠᠷᠢᠴᠠᠭᠤᠯᠪᠠᠯ᠂ ᠪᠠᠶᠢᠩᠭᠤ ᠶᠢᠨ ᠬᠤᠷᠢᠶᠠᠨ ᠤ ᠠᠵᠢᠯ ᠳᠤ ᠪᠠᠰᠠ ᠡᠳᠦᠢ ᠲᠡᠳᠦᠢ ᠵᠥᠷᠢᠶ᠎ᠡ ᠪᠠ ᠬᠦᠷᠦᠯᠴᠡᠬᠦ ᠥᠬᠡᠢ | ᠲᠠᠯ᠎ᠠ ᠣᠷᠣᠰᠢᠵᠤ ᠪᠠᠶᠢᠬᠤ ᠪᠠᠨ ᠰᠡᠷᠡᠵᠦ ᠮᠡᠳᠡᠯ᠎ᠡ᠂ ᠭᠤᠣᠯᠳᠠᠭᠤ᠄ ᠪᠥᠬᠦ ᠶᠠᠪᠤᠴᠠ ᠳᠠᠬᠢ ᠠᠷᠠᠳ ᠤᠨ | ᠠᠷᠠᠳᠴᠢᠯᠠᠯ ᠤᠨ ᠦᠢᠯᠡᠳᠦᠯᠭᠡ ᠶᠢ ᠴᠢᠨᠠᠭᠰᠢᠳᠠ ᠠᠬᠢᠭᠤᠯᠬᠤ ᠴᠢᠬᠤᠯᠠ ᠲᠠᠢ︔ ᠬᠢᠨᠠᠯᠲᠠ ᠲᠠᠯᠪᠢᠬᠤ ᠠᠵᠢᠯ ᠤᠨ | ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ | ᠲᠠᠢ︔ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠲᠠᠢ ᠬᠠᠷᠢᠯᠴᠠᠬᠤ᠂ ᠲᠥᠯᠥᠭᠡᠯᠡᠭᠴᠢᠳ ᠠᠷᠠᠳ ᠣᠯᠠᠨ ᠲᠠᠢ | ᠬᠠᠷᠢᠯᠴᠠᠬᠤ ᠭᠦᠨᠴᠡ ᠪᠠ ᠥᠷᠭᠡᠴᠡ ᠶᠢ ᠤᠯᠠᠮ ᠨᠢᠭᠡ ᠠᠯᠬᠤᠮ ᠥᠷᠭᠡᠳᠬᠡᠬᠦ ᠴᠢᠬᠤᠯᠠ ᠲᠠᠢ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠬᠡᠷᠡᠭ ᠵᠥᠪᠯᠡᠬᠦ ᠳᠦᠷᠢᠮ ᠢ | ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠ ᠲᠠᠢ ᠪᠠᠶᠢᠨ᠎ᠠ᠃ ᠪᠠᠶᠢᠩᠭᠤ ᠶᠢᠨ ᠬᠤᠷᠢᠶ᠎ᠠ ᠡᠳᠡᠭᠡᠷ | ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ | ᠦᠨᠡᠨ ᠬᠦ ᠬᠠᠯᠠᠨ ᠰᠠᠶᠢᠵᠢᠷᠠᠭᠤᠯᠬᠤ ᠪᠣᠯᠤᠨ᠎ᠠ᠃ | 2023 ᠣᠨ ᠤ ᠭᠤᠣᠯ ᠠᠵᠢᠯ | | | ᠲᠦᠯᠦᠭᠡᠯᠡᠭᠴᠢᠳ ᠡ᠂ ᠨᠠᠮ ᠤᠨ ᠬᠤᠷᠢᠳᠤᠭᠠᠷ ᠶᠡᠭᠡ ᠬᠤᠷᠠᠯ ᠨᠢ ᠨᠡᠶᠢᠭᠡᠮ ᠵᠢᠷᠤᠮ ᠤᠨ ᠤᠳᠤᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠬᠡᠨ ᠮᠠᠨᠳᠤᠯᠳᠠ | ᠶᠢ ᠪᠦᠬᠦ ᠲᠠᠯ᠎ᠠ ᠪᠠᠷ ᠠᠬᠢᠭᠤᠯᠬᠤ ᠳᠤ ᠪᠠᠶᠢᠷᠢᠯᠠᠭᠤᠯᠤᠯᠳᠠ ᠬᠢᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ | ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠠ ᠶᠢᠨ ᠤᠷᠤᠭᠰᠢᠯᠠᠬᠤ ᠴᠢᠭᠯᠡᠯ ᠢ ᠵᠢᠭᠠᠨ᠂ ᠠᠵᠢᠯᠯᠠᠬᠤ | ᠵᠢᠯᠤᠭᠤᠳᠤᠮᠵᠢ ᠪᠠᠨ ᠲᠤᠭᠳᠠᠭᠠᠭᠰᠠᠨ ᠶᠤᠮ᠃ ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠦᠬᠦᠳᠡ ᠬᠤᠷᠠᠯᠳᠤᠭᠠᠨ ᠳᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠤᠷᠢᠭ ᠰᠠᠨᠠᠭ᠎ᠠ ᠪᠠ ᠲᠦᠪ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠳᠠ ᠶᠢ ᠲᠤᠭᠤᠰᠢᠯᠠᠭᠤᠯᠬᠤ ᠵᠢᠴᠢ | ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶᠠᠨ ᠤ ᠠᠵᠢᠯ ᠳᠤ ᠲᠤᠷᠠᠳᠤᠭᠰᠠᠨ ᠲᠡᠮᠡᠴᠡᠬᠦ | ᠬᠠᠷᠠᠯᠳᠠ᠂ ᠭᠤᠤᠯ ᠡᠭᠦᠷᠭᠡ ᠪᠠ ᠪᠤᠳᠠᠳᠠᠢ ᠠᠷᠭ᠎ᠠ ᠪᠠᠷᠢᠯ ᠨᠢ ᠰᠢᠨ᠎ᠡ ᠴᠠᠭ ᠦᠶ᠎ᠡ ᠶᠢᠨ ᠲᠦᠷᠪᠡᠳ ᠬᠤᠰᠢᠭᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠬᠦ ᠳᠤ ᠤᠯᠠᠮ ᠰᠢᠨ᠎ᠡ ᠨᠡᠩ ᠦᠨᠳᠦᠷ | ᠱᠠᠭᠠᠷᠳᠠᠯᠭ᠎ᠠ ᠲᠤᠷᠠᠳᠤᠪᠠ᠃ 2023 ᠤᠨ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠳᠡ ᠶᠢᠨ ᠵᠢᠯ ᠪᠠᠶᠢᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠬᠤᠰᠢᠭᠤ ᠨᠠᠮ | ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠰᠢ ᠶᠢᠨ ᠫᠢᠩ ᠶᠡᠷᠦᠩᠭᠡᠢ ᠱᠦᠵᠢ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠲᠤᠭᠳᠠᠭᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ | ᠬᠦᠨᠵᠡᠭᠡᠢ ᠲᠤᠭᠤᠰᠢᠯᠠᠭᠤᠯᠤᠨ᠂ ᠠᠭᠤᠤ ᠶᠡᠭᠡ ᠨᠠᠮ ᠪᠠᠶᠢᠭᠤᠯᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠬᠤᠷᠢᠳᠤᠭᠠᠷ | ᠶᠡᠭᠡ ᠬᠤᠷᠠᠯ ᠤᠨ ᠵᠤᠷᠢᠭ ᠰᠠᠨᠠᠭ᠎ᠠ ᠪᠠ ᠲᠦᠪ ᠬᠤᠷᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ | ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ | ᠨᠢᠭᠡᠳᠦᠭᠦᠯᠦᠨ᠂ ᠪᠦᠬᠦᠶᠢᠯᠡ ᠶᠠᠪᠤᠴᠠ ᠳᠤ ᠠᠷᠠᠳ ᠲᠦᠮᠡᠨ ᠤ ᠠᠷᠠᠳᠴᠢᠯᠠᠯ ᠢ ᠲᠠᠰᠤᠷᠠᠯᠳᠠ ᠦᠭᠡᠢ ᠬᠦᠭᠵᠢᠭᠦᠯᠦᠨ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠡᠭᠦᠷᠭᠡ ᠬᠠᠷᠢᠭᠤᠴᠠᠯᠭ᠎ᠠ ᠶᠢ ᠪᠤᠳᠠᠳᠠᠢ | ᠶᠠᠪᠤᠭᠳᠠᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠪᠠ ᠬᠢᠷᠢ ᠲᠦᠪᠰᠢᠨ | ᠢ ᠬᠦᠴᠦᠯᠡᠨ ᠲᠡᠭᠡᠭᠰᠢᠯᠡᠭᠦᠯᠵᠤ᠂ ︽ᠭᠤᠷᠪᠠᠨ ᠡᠷᠬᠡᠪᠰᠢ︾ ᠶᠢ ᠪᠠᠳᠤ ᠴᠡᠭᠡᠵᠢᠯᠡᠨ᠂ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠨ ᠪᠦᠯᠬᠦᠮᠳᠠᠨ ᠲᠠᠮᠡᠴᠡᠵᠦ᠂ ᠪᠦᠬᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠴᠢᠷᠮᠠᠶᠢᠨ ᠪᠡᠶᠡᠯᠡᠭᠦᠯᠵᠤ᠂ ︽ᠵᠢᠷᠭᠤᠭᠠᠨ ᠴᠤ᠋ ᠰᠢᠨ᠎ᠡ ᠲᠦᠷᠪᠡᠳ︾ | ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦ ᠪᠠᠨ ᠡᠷᠭᠦᠨ᠎ᠡ᠃ | ᠰᠢᠨ᠎ᠡ ᠱᠠᠭᠠᠷᠳᠠᠯᠭ᠎ᠠ ᠶᠢᠨ ᠲᠤᠭᠤᠷᠢᠨ ᠳᠤ᠂ ᠨᠠᠮ ᠤᠨ ᠤᠳᠤᠷᠢᠳᠤᠯᠭ᠎ᠠ ᠶᠢ ᠪᠠᠳᠤ ᠴᠢᠩᠭ᠎ᠠ ᠰᠠᠬᠢᠨ᠎ᠠ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠪᠠᠶᠢᠭᠤᠯᠭ᠎ᠠ ᠶᠢᠨ ᠲᠤᠭᠳᠠᠴᠠ ᠶᠢ | ᠴᠢᠩᠭ᠎ᠠ ᠪᠠᠷᠢᠮᠳᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠳᠠᠯᠠᠬᠤ ᠶᠢ ᠲᠡᠷᠢᠬᠦᠨ ᠤ ᠤᠯᠤᠰ ᠲᠦᠷᠦ ᠶᠢᠨ ᠡᠭᠦᠷᠭᠡ ᠪᠤᠯᠭᠠᠵᠤ᠂ | ᠨᠠᠮ ᠤᠨ ᠤᠳᠤᠷᠢᠳᠤᠯᠭ᠎ᠠ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠶᠢᠯᠡ ᠲᠠᠯ᠎ᠠ | ᠳᠤ ᠲᠤᠭᠤᠰᠢᠯᠠᠭᠤᠯᠬᠤ ᠶᠢ ᠪᠠᠷᠢᠮᠳᠠᠯᠠᠨ᠂ ︽ᠬᠤᠶᠠᠷ ᠢ ᠲᠤᠭᠳᠠᠭᠠᠬᠤ︾ ᠵᠠᠩᠬᠢᠯᠭᠠᠳᠤ ᠤᠳᠬ᠎ᠠ ᠠᠭᠤᠯᠭ᠎ᠠ ᠶᠢ ᠨᠢ | ᠬᠦᠨᠵᠡᠭᠡᠢ ᠤᠶᠢᠯᠠᠭᠠᠵᠤ᠂ ︽ᠲᠦᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠨ᠂ ︽ᠲᠦᠷᠪᠡᠨ | ᠢᠳᠡᠭᠡᠯ︾ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠰᠢ ᠶᠢᠨ ᠫᠢᠩ ᠶᠡᠷᠦᠩᠭᠡᠢ | ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ | ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠶᠢᠯᠠᠭᠠᠨ᠂ ᠬᠦᠨᠵᠡᠭᠡᠢ ᠲᠤᠭᠤᠰᠢᠯᠠᠭᠤᠯᠵᠤ᠂ | ᠲᠤᠳᠤᠷᠬᠠᠢ ᠤᠬᠠᠨᠳᠠᠬᠤᠨ ᠢᠶᠠᠷ ᠤᠯᠤᠰ ᠲᠦᠷᠦ ᠶᠢᠨ ᠲᠤᠭᠳᠠᠴᠠ ᠪᠠᠨ ᠪᠠᠳᠤᠵᠢᠭᠤᠯᠤᠨ᠂ ᠦᠵᠡᠯ ᠰᠠᠨᠠᠭ᠎ᠠ ᠪᠠᠷ | ᠦᠢᠯᠡ ᠠᠵᠢᠯᠯᠠᠭ᠎ᠠ ᠪᠠᠨ ᠰᠠᠨᠠᠭᠠᠴᠢᠯᠠᠨ ᠵᠢᠯᠤᠭᠤᠳᠤᠭᠤᠯᠤᠨ᠎ᠠ᠃ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠠᠵᠢᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠭᠤᠤᠯ | ᠠᠵᠢᠯ ᠤᠨ ᠲᠤᠭᠤᠷᠢᠨ ᠳᠤ᠂ ᠴᠢᠬᠤᠯᠠ ᠡᠬᠦᠷᠭᠡ ᠶᠢᠨ ᠶᠠᠪᠤᠭᠳᠠᠭᠤᠯᠬᠤ ᠶᠢ ᠰᠠᠶᠢᠳᠦᠷ ᠠᠳᠬᠤᠨ᠎ᠠ᠃ ᠨᠠᠮ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠶᠢ ᠡᠭᠦᠷᠢᠳᠡ | ᠪᠠᠷᠢᠮᠳᠠᠯᠠᠨ᠂ ᠬᠤᠰᠢᠭᠤ ᠨᠠᠮ ᠤᠨ ᠬᠤᠷᠢᠶᠠᠨ ᠤ ᠵᠢᠭᠠᠪᠤᠷᠢᠯᠠᠨ ᠮᠡᠳᠡᠭᠦᠯᠬᠦ ᠲᠦᠷᠢᠮ ᠲᠤᠭᠳᠠᠭᠠᠯ ᠢ ᠴᠢᠩᠭ᠎ᠠ | ᠬᠡᠷᠡᠭᠵᠢᠭᠦᠯᠵᠤ᠂ ᠨᠠᠮ ᠠᠴᠠ ᠺᠠᠳ᠋ᠷᠴᠤᠳ ᠢ ᠬᠠᠮᠢᠶᠠᠷᠬᠤ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠠᠴᠠ ᠬᠠᠤᠯᠢ ᠶᠤᠰᠤᠭᠠᠷ ᠺᠠᠳ᠋ᠷᠴᠤᠳ ᠢ ᠲᠤᠮᠢᠯᠠᠨ ᠪᠠᠭᠤᠯᠭᠠᠬᠤ ᠶᠢ ᠨᠢᠭᠡᠳᠦᠭᠦᠯᠦᠨ ᠪᠠᠷᠢᠮᠳᠠᠯᠠᠵᠤ᠂ ᠨᠠᠮ ᠤᠨ | ᠵᠤᠷᠢᠯᠭ᠎ᠠ ᠨᠢ ᠬᠠᠤᠯᠢ ᠶᠤᠰᠤᠨ ᠤ ᠡᠮᠬᠢ ᠲᠠᠷᠠᠭᠠᠯᠠᠯ ᠢᠶᠠᠷ ᠤᠯᠤᠰ ᠤᠨ ᠵᠤᠷᠢᠭ ᠰᠠᠨᠠᠭ᠎ᠠ ᠪᠤᠯᠬᠤ ᠶᠢ ᠪᠠᠳᠤᠯᠠᠨ᠂ | ᠬᠤᠰᠢᠭᠤ ᠨᠠᠮ ᠤᠨ ᠬᠤᠷᠢᠶᠠᠨ ᠤ ᠲᠤᠮᠢᠯᠠᠬᠤ ᠬᠦᠮᠦᠰ ᠢ ᠴᠦ ᠬᠠᠤᠯᠢ ᠶᠤᠰᠤᠨ ᠤ ᠡᠮᠬᠢ ᠲᠠᠷᠠᠭᠠᠯᠠᠯ ᠢᠶᠠᠷ ᠤᠯᠤᠰ | ᠤᠨ ᠵᠠᠰᠠᠭ ᠤᠨ ᠡᠷᠬᠡᠳᠦ ᠪᠠᠶᠢᠭᠤᠯᠭ᠎ᠠ ᠶᠢᠨ ᠤᠳᠤᠷᠢᠳᠤᠯᠭ᠎ᠠ ᠪᠤᠯᠬᠤ ᠶᠢ ᠪᠠᠳᠤᠯᠠᠨ᠎ᠠ᠃ | ᠰᠢᠨ᠎ᠡ ᠬᠠᠷᠠᠯᠳᠠ ᠳᠤ ᠴᠢᠭᠯᠡᠬᠦᠯᠵᠦ᠂ ᠪᠦᠬᠦ ᠬᠤᠰᠢᠭᠤᠨ ᠤ ᠬᠦᠭᠵᠢᠯᠳᠡ ᠳᠤ ᠴᠦᠬᠦᠷᠠᠰᠢ ᠦᠭᠡᠢ ᠴᠢᠷᠮᠠᠶᠢᠨ | ᠲᠡᠮᠡᠴᠡᠨ᠎ᠡ | ᠪᠢᠳᠡ ᠡᠭᠦᠷᠢᠳᠡ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠢ ᠬᠠᠯᠠᠮᠵᠢᠯᠠᠨ ᠨᠠᠶᠢᠳᠠᠭᠰᠠᠨ | ᠨᠠᠶᠢᠳᠠᠯᠭ᠎ᠠ ᠶᠢ ᠪᠠᠳᠤ ᠴᠡᠭᠡᠵᠢᠯᠡᠵᠤ᠂ ᠰᠢ ᠶᠢᠨ ᠫᠢᠩ ᠶᠡᠷᠦᠩᠭᠡᠢ ᠱᠦᠵᠢ ᠠᠴᠠ ᠦᠪᠦᠷ ᠮᠤᠩᠭᠤᠯ ᠳᠤ | ᠲᠤᠭᠳᠠᠭᠠᠭᠰᠠᠨ ᠲᠠᠪᠤᠨ ᠶᠡᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ ᠪᠡᠶᠡᠯᠡᠭᠦᠯᠬᠦ ᠳᠤ ᠪᠠᠳᠤ ᠴᠢᠩᠭ᠎ᠠ ᠬᠠᠤᠯᠢ | ᠶᠤᠰᠤᠨ ᠤ ᠪᠠᠳᠤᠯᠠᠭ᠎ᠠ ᠬᠠᠩᠭᠠᠨ᠂ ᠬᠤᠰᠢᠭᠤ ᠨᠠᠮ ᠤᠨ ᠬᠤᠷᠢᠶᠠᠨ ᠤ ᠠᠷᠪᠠᠨ ᠲᠦᠷᠪᠡᠳᠦᠭᠡᠷ ᠬᠤᠭᠤᠴᠠᠭᠠᠨ ᠤ | ᠠᠷᠪᠠᠨ ᠬᠤᠶᠠᠳᠤᠭᠠᠷ ᠪᠦᠬᠦᠳᠠ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ ᠬᠠᠤᠯᠢ ᠪᠠᠷ ᠲᠤᠰᠢᠶᠠᠯ ᠬᠠᠷᠢᠭᠤᠴᠠᠯᠭ᠎ᠠ | ᠪᠠᠨ ᠡᠭᠦᠷᠭᠡᠯᠡᠵᠤ᠂ ᠪᠦᠬᠦ ᠬᠤᠰᠢᠭᠤᠨ ᠤ ︽ᠵᠢᠷᠭᠤᠭᠠᠨ ᠴᠤ᠋ ᠰᠢᠨ᠎ᠡ ᠲᠦᠷᠪᠡᠳ ᠬᠤᠰᠢᠭᠤ︾ ᠶᠢᠨ ᠬᠦᠭᠵᠢᠯᠳᠡ | ᠶᠢᠨ ᠲᠤᠭᠳᠠᠴᠠ ᠪᠠ ︽ᠲᠦᠷᠪᠡᠨ ᠶᠡᠭᠡ ᠭᠤᠤᠯᠯᠠᠬᠤ ᠠᠵᠤ ᠦᠢᠯᠡᠰ︾ ᠤᠨ ᠬᠠᠷᠠᠯᠳᠠ ᠶᠢᠨ ᠲᠤᠭᠤᠷᠢᠨ ᠳᠤ᠂ ︽ | ᠨᠢᠭᠡ ᠵᠠᠰᠠᠭ ᠨᠢᠭᠡ ᠵᠦᠪᠯᠡᠯ ᠬᠤᠶᠠᠷ ᠬᠤᠷᠢᠶ᠎ᠠ︾ ᠶᠢᠨ ᠬᠠᠤᠯᠢ ᠪᠠ ᠠᠵᠢᠯ ᠤᠨ ᠬᠢᠨᠠᠯᠳᠠ ᠶᠢ ᠪᠤᠳᠠᠳᠠᠶᠢᠴᠢᠯᠠᠨ | ᠴᠢᠩᠭᠠᠳᠬᠠᠵᠤ᠂ ᠨᠤᠳᠤᠭ ᠤᠷᠤᠨ ᠤ ᠪᠠ ᠤᠯᠤᠰ ᠤᠨ ᠡᠷᠬᠡᠳᠦ ᠪᠠᠶᠢᠭᠤᠯᠭ᠎ᠠ ᠶᠢᠨ ᠴᠢᠳᠠᠮᠵᠢᠳᠤ ᠦᠢᠯᠡᠳᠦᠯ ᠢ | ᠪᠠᠳᠠᠷᠠᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠶᠢᠨ ᠴᠢᠳᠠᠮᠵᠢ ᠶᠢ ᠢᠳᠡᠪᠬᠢᠳᠠᠢ ᠪᠠᠳᠠᠷᠠᠭᠤᠯᠵᠤ᠂ | ᠵᠦᠪ ᠤᠨᠤᠪᠴᠢᠳᠠᠢ᠂ ᠪᠦᠳᠦᠮᠵᠢᠳᠠᠢ᠂ ᠬᠠᠤᠯᠢ ᠶᠤᠰᠤᠭᠠᠷ ᠬᠢᠨᠠᠬᠤ ᠶᠢ ᠪᠠᠳᠤᠯᠠᠨ᠂ ᠭᠤᠤᠯ ᠴᠢᠬᠤᠯᠠ ᠠᠵᠢᠯ ᠳᠠᠭᠠᠨ | ᠰᠢᠪᠳᠤᠯᠤᠯᠳᠠ ᠲᠠᠢ ᠪᠤᠯᠬᠤ ᠶᠢ ᠲᠡᠮᠵᠢᠨ ᠠᠬᠢᠭᠤᠯᠤᠨ᠎ᠠ᠃ 2023 ᠤᠨ ᠤ ᠲᠦᠯᠦᠪᠯᠡᠭᠡ ᠪᠠ ᠲᠦᠰᠦᠪ ᠢ | ᠶᠠᠪᠤᠭᠳᠠᠭᠤᠯᠬᠤ᠂ ᠬᠢᠨᠠᠨ ᠪᠤᠳᠤᠬᠤ ᠵᠢᠴᠢ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ | ᠲᠤᠰᠬᠠᠢ ᠠᠵᠢᠯ ᠤᠨ ᠮᠡᠳᠡᠭᠦᠯᠦᠯᠳᠡ ᠶᠢ ᠰᠤᠨᠤᠰᠤᠨ ᠵᠦᠪᠯᠡᠵᠤ᠂ ᠬᠤᠰᠢᠭᠤ ᠲᠡᠰ ᠤᠨ ᠲᠦᠰᠦᠪ ᠤᠨ ᠭᠦᠢᠴᠡᠳᠬᠡᠯ᠂ | ᠲᠦᠰᠦᠪ ᠢ ᠲᠤᠬᠢᠷᠠᠭᠤᠯᠬᠤ ᠲᠦᠰᠦᠯ ᠢ ᠬᠢᠨᠠᠨ ᠵᠦᠪᠰᠢᠶᠡᠷᠡᠨ᠎ᠡ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ | ᠪᠠᠶᠢᠭᠤᠯᠤᠯᠳᠠ᠂ ᠬᠦᠳᠡᠭᠡ ᠲᠤᠰᠬᠤᠨ ᠤ ᠬᠦᠭᠵᠢᠭᠦᠯᠦᠯᠳᠡ ᠮᠠᠨᠳᠤᠯᠳᠠ᠂ ᠬᠦᠷᠢᠶ᠎ᠠ ᠬᠡᠪᠴᠢᠶᠠᠨ ᠤ ᠵᠢᠭᠤᠯᠴᠢᠯᠠᠯ᠂ | ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠨ ᠲᠦᠷᠦᠯ ᠵᠦᠢᠯ ᠤᠨ ᠪᠠᠶᠢᠭᠤᠯᠤᠯᠳᠠ᠂ ᠮᠠᠯᠵᠢᠯ ᠲᠠᠷᠢᠶᠠᠯᠠᠩ ᠤᠨ | ᠦᠢᠯᠡᠰ᠂ ᠰᠤᠷᠭᠠᠨ ᠬᠦᠮᠦᠵᠢᠯ ᠡᠮ ᠡᠮᠨᠡᠯᠬᠡ᠂ ᠢᠳᠡᠰᠢᠨ ᠬᠤᠨᠢ ᠦᠬᠡᠷ ᠤᠨ ᠰᠠᠭᠤᠷᠢᠨ ᠭᠠᠵᠠᠷ ᠤᠨ ᠪᠠᠶᠢᠭᠤᠯᠤᠯᠳᠠ | ᠵᠡᠷᠭᠡ ᠠᠵᠢᠯ ᠳᠤ ᠲᠤᠰᠬᠠᠢ ᠰᠡᠳᠦᠪᠳᠦ ᠪᠠᠶᠢᠴᠠᠭᠠᠯᠳᠠ ᠬᠢᠨ᠎ᠡ᠃ ᠬᠠᠤᠯᠢ ᠶᠢᠨ ᠲᠤᠭᠳᠠᠭᠠᠯ ᠢ ᠴᠢᠩᠭ᠎ᠠ ᠪᠠᠷᠢᠮᠳᠠᠯᠠᠵᠤ | ᠂ ᠬᠠᠤᠯᠢ ᠶᠤᠰᠤᠨ ᠤ ᠡᠭᠦᠷᠭᠡ ᠬᠠᠷᠢᠭᠤᠴᠠᠯᠭ᠎ᠠ ᠪᠠᠨ ᠲᠤᠪᠤᠶᠢᠯᠭᠠᠨ᠂ ᠲᠡᠭᠡᠷ᠎ᠡ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠭᠠᠯ ᠰᠡᠷᠭᠡᠶᠢᠯᠡᠬᠦ ᠬᠠᠤᠯᠢ᠂ ᠤᠯᠠᠭᠠᠨᠴᠠᠪ ᠬᠤᠳᠠ ᠶᠢᠨ ᠠᠳᠠᠯ ᠠᠬᠤᠢ | ᠶᠢ ᠬᠠᠮᠢᠶᠠᠷᠬᠤ ᠲᠦᠷᠢᠮ ᠲᠤᠭᠳᠠᠭᠠᠯ ᠵᠡᠷᠭᠡ ᠬᠠᠤᠯᠢ ᠲᠦᠷᠢᠮ ᠳᠤ ᠪᠠᠶᠢᠴᠠᠭᠠᠯᠳᠠ ᠬᠢᠬᠦ ᠳᠤ ᠬᠠᠮᠵᠢᠯᠴᠠᠨ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠨᠢ ᠪᠦᠳᠦᠮᠵᠢᠳᠠᠢ᠂ ᠴᠢᠨᠠᠷ ᠴᠢᠨᠰᠠᠭ᠎ᠠ ᠲᠠᠢ᠂ ᠡᠷᠬᠡ ᠰᠦᠷ | ᠲᠠᠢ ᠪᠠᠶᠢᠬᠤ ᠶᠢ ᠪᠠᠳᠤᠯᠠᠨ᠎ᠠ᠃ | ᠰᠢᠨ᠎ᠡ ᠠᠮᠵᠢᠯᠳᠠ ᠶᠢ ᠲᠠᠬᠢᠨ ᠡᠭᠦᠳᠴᠦ᠂ ᠠᠷᠠᠳ ᠤᠨ ᠠᠷᠠᠳᠴᠢᠯᠠᠯ ᠢ ᠪᠦᠬᠦᠶᠢᠯᠡ ᠶᠠᠪᠤᠴᠠ ᠳᠤ | ᠶᠠᠪᠤᠭᠳᠠᠭᠤᠯᠤᠨ᠎ᠠ | ᠪᠢᠳᠡ ᠡᠭᠦᠷᠢᠳᠡ ᠠᠷᠠᠳ ᠲᠦᠮᠡᠨ ᠲᠠᠢ ᠪᠠᠨ ᠰᠠᠨᠠᠭ᠎ᠠ ᠰᠡᠳᠬᠢᠯ ᠢᠶᠠᠨ ᠨᠢᠭᠡᠳᠬᠡᠨ᠂ ᠬᠦᠴᠢᠷ ᠵᠤᠪᠠᠯᠠᠩ ᠢᠶᠠᠨ | ᠬᠠᠮᠳᠤᠳᠬᠠᠵᠤ᠂ ᠠᠷᠠᠳ ᠤᠨ ᠰᠠᠨᠠᠭ᠎ᠠ ᠶᠢ ᠤᠶᠢᠯᠠᠭᠠᠨ ᠬᠠᠯᠠᠮᠵᠢᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ | ᠪᠠᠷᠢᠮᠳᠠᠯᠠᠨ᠂ ᠠᠷᠠᠳ ᠲᠦᠮᠡᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠮᠳᠠ | ᠤᠷᠤᠯᠴᠠᠬᠤ ᠬᠡᠮᠵᠢᠶ᠎ᠡ ᠶᠢ ᠲᠠᠰᠤᠷᠠᠯᠳᠠ ᠦᠭᠡᠢ ᠦᠷᠭᠡᠳᠬᠡᠵᠤ᠂ ᠠᠷᠠᠳ ᠲᠦᠮᠡᠨ ᠤ ᠬᠠᠤᠯᠢ ᠶᠤᠰᠤᠨ ᠤ ᠪᠠᠶᠢᠳᠠᠯ ᠢ | ᠮᠡᠳᠡᠬᠦ ᠡᠷᠭᠡ᠂ ᠤᠷᠤᠯᠴᠠᠬᠤ ᠡᠷᠭᠡ᠂ ᠢᠯᠡᠳᠬᠡᠬᠦ ᠡᠷᠭᠡ᠂ ᠬᠢᠨᠠᠬᠤ ᠡᠷᠭᠡ ᠶᠢ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠦᠬᠦᠶᠢᠯᠡ ᠶᠠᠪᠤᠴᠠ ᠳᠤ ᠢᠯᠡᠷᠡᠭᠦᠯᠦᠨ᠂ ᠠᠷᠠᠳ ᠤᠨ ᠠᠷᠠᠳᠴᠢᠯᠠᠯ ᠢ ᠪᠦᠬᠦᠶᠢᠯᠡ ᠶᠠᠪᠤᠴᠠ ᠳᠤ | ᠬᠦᠭᠵᠢᠭᠦᠯᠦᠨ᠎ᠡ᠃ ᠡᠯ᠎ᠡ ᠲᠦᠷᠦᠯ ᠤᠨ ᠠᠵᠢᠯ ᠤᠨ ᠲᠦᠷᠢᠮ ᠲᠤᠭᠳᠠᠭᠠᠯ ᠢ ᠤᠯᠠᠮ ᠴᠢᠨᠠᠭᠰᠢᠳᠠ ᠵᠠᠰᠠᠨ | ᠲᠡᠭᠦᠯᠳᠡᠷᠵᠢᠭᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠲᠤᠭᠳᠠᠭᠠᠯ ᠪᠠ ᠠᠵᠢᠯ ᠤᠨ | ᠤᠬᠠᠭᠤᠯᠭ᠎ᠠ ᠶᠢ ᠴᠢᠩᠭᠠᠳᠬᠠᠨ᠂ ᠬᠤᠰᠢᠭᠤ ᠰᠤᠮᠤ ᠰᠢᠶᠠᠩ ᠪᠠᠯᠭᠠᠰᠤᠨ ᠤ ᠬᠤᠶᠠᠷ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠦᠯᠦᠭᠡᠯᠡᠭᠴᠢᠳ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠦᠷ᠎ᠡ ᠪᠦᠳᠦᠮᠵᠢ ᠶᠢ ᠭᠦᠢᠴᠡᠳ ᠢᠯᠡᠷᠡᠭᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠠᠴᠠ ᠬᠠᠭᠤᠴᠢᠨ ᠰᠤᠩᠭᠤᠭᠤᠯᠢ ᠶᠢᠨ ᠤᠷᠤᠨ ᠤ ᠰᠤᠩᠭᠤᠭᠤᠯᠢ ᠶᠢᠨ ᠠᠷᠠᠳ ᠤᠨ ᠲᠤᠰᠢᠶᠠᠯ ᠦᠬᠦᠯᠡᠬᠦ | ᠬᠦᠳᠡᠯᠭᠡᠭᠡᠨ ᠢ ᠢᠳᠡᠪᠬᠢᠳᠠᠢ ᠶᠠᠪᠤᠭᠳᠠᠭᠤᠯᠵᠤ᠂ ᠲᠦᠯᠦᠭᠡᠯᠡᠭᠴᠢᠳ ᠤᠨ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ | ᠪᠠᠨ ᠭᠦᠢᠴᠡᠳᠬᠡᠬᠦ ᠪᠠ ᠰᠤᠩᠭᠤᠭᠤᠯᠢ ᠶᠢᠨ ᠠᠷᠠᠳ ᠤᠨ ᠬᠢᠨᠠᠯᠳᠠ ᠶᠢ ᠬᠦᠯᠢᠶᠡᠨ ᠠᠪᠬᠤ ᠰᠠᠨᠠᠭᠠᠴᠢᠯᠭᠠᠳᠤ ᠴᠢᠨᠠᠷ ᠢ | ᠴᠢᠩᠭᠠᠳᠬᠠᠨ᠎ᠠ᠃ ᠲᠦᠯᠦᠭᠡᠯᠡᠭᠴᠢᠳ ᠲᠤ ᠦᠢᠯᠡᠴᠢᠯᠡᠬᠦ ᠤᠬᠠᠮᠰᠠᠷ ᠢ ᠴᠢᠩᠭᠠᠳᠬᠠᠨ᠂ ︽ᠬᠠᠷᠢᠯᠴᠠᠨ ᠬᠠᠷᠢᠯᠴᠠᠬᠤ︾ | ᠲᠦᠷᠢᠮ ᠲᠤᠭᠳᠠᠭᠠᠯ ᠢ ᠬᠦᠨᠵᠡᠭᠡᠶᠢᠷᠡᠭᠦᠯᠵᠤ᠂ ᠲᠦᠯᠦᠭᠡᠯᠡᠭᠴᠢᠳ ᠤᠨ ᠪᠠᠶᠢᠩᠭᠤ ᠶᠢᠨ ᠬᠤᠷᠠᠯ ᠤᠨ ᠠᠵᠢᠯ ᠳᠤ | ᠤᠷᠤᠯᠴᠠᠬᠤ ᠬᠡᠮᠵᠢᠶ᠎ᠡ ᠶᠢ ᠨᠢ ᠦᠷᠭᠡᠳᠬᠡᠨ᠂ ᠲᠦᠯᠦᠭᠡᠯᠡᠭᠴᠢᠳ ᠢ ᠤᠷᠢᠨ ᠬᠤᠷᠠᠯ ᠳᠤ ᠤᠷᠤᠯᠴᠠᠬᠤ᠂ ᠬᠠᠤᠯᠢ | ᠬᠡᠷᠡᠭᠵᠢᠭᠦᠯᠬᠦ ᠪᠠᠶᠢᠴᠠᠭᠠᠯᠳᠠ᠂ ᠲᠤᠰᠬᠠᠢ ᠰᠡᠳᠦᠪᠳᠦ ᠪᠠᠶᠢᠴᠠᠭᠠᠯᠳᠠ ᠵᠡᠷᠭᠡ ᠠᠵᠢᠯᠯᠠᠭ᠎ᠠ ᠳᠤ ᠤᠷᠤᠯᠴᠠᠭᠤᠯᠵᠤ᠂ | ᠲᠦᠯᠦᠭᠡᠯᠡᠭᠴᠢᠳ ᠤᠨ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠨ ᠪᠠᠳᠤᠯᠠᠨ᠎ᠠ᠃ | ᠲᠦᠯᠦᠭᠡᠯᠡᠭᠴᠢᠳ ᠤᠨ ᠡᠭᠦᠷᠭᠡ ᠪᠠᠨ ᠭᠦᠢᠴᠡᠳᠬᠡᠬᠦ ᠵᠠᠮ ᠢ ᠦᠷᠭᠡᠳᠬᠡᠨ᠂ ᠲᠦᠯᠦᠭᠡᠯᠡᠭᠴᠢᠳ ᠢ ᠪᠦᠬᠦ ᠬᠤᠰᠢᠭᠤᠨ | ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠤᠭᠤᠷᠢᠨ ᠳᠤ ᠲᠦᠪᠯᠡᠷᠡᠭᠦᠯᠦᠨ ᠪᠠᠶᠢᠴᠠᠭᠠᠬᠤ ᠪᠠ ᠲᠤᠰᠬᠠᠢ | ᠰᠡᠳᠦᠪᠳᠦ ᠪᠠᠶᠢᠴᠠᠭᠠᠯᠳᠠ ᠬᠢᠬᠦ ᠶᠢ ᠵᠤᠬᠢᠶᠠᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ | ᠶᠠᠪᠤᠭᠳᠠᠭᠤᠯᠬᠤ ᠳᠤ ᠲᠦᠯᠦᠭᠡᠯᠡᠭᠴᠢᠳ ᠤᠨ ᠪᠢᠯᠧᠲ ᠪᠠᠷ ᠲᠤᠭᠳᠠᠭᠠᠬᠤ ᠠᠵᠢᠯ ᠢ ᠭᠦᠨᠵᠡᠭᠡᠶᠢᠷᠡᠭᠦᠯᠦᠨ | ᠶᠠᠪᠤᠭᠳᠠᠭᠤᠯᠤᠨ᠎ᠠ᠃ ︽ᠬᠤᠶᠠᠷ ᠴᠢᠨᠠᠷ ᠰᠠᠶᠢᠳᠠᠢ︾ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ | ᠲᠦᠯᠦᠭᠡᠯᠡᠭᠴᠢᠳ ᠤᠨ ᠰᠠᠨᠠᠯ ᠵᠦᠪᠯᠡᠭᠡ ᠪᠠᠨ ᠲᠤᠷᠠᠳᠬᠤ ᠠᠴᠠ ᠡᠮᠤᠨᠡᠬᠢ ᠵᠦᠪᠳᠡᠯᠴᠡᠨ ᠶᠠᠷᠢᠯᠴᠠᠬᠤ ᠲᠤᠭᠳᠠᠭᠠᠯ᠂ | ᠲᠦᠯᠦᠭᠡᠯᠡᠭᠴᠢᠳ ᠤᠨ ᠭᠤᠤᠯᠴᠢᠯᠠᠵᠤ ᠱᠠᠯᠠᠪᠳᠠᠭᠤᠯᠤᠨ ᠰᠢᠢᠳᠪᠦᠷᠢᠯᠡᠬᠦ ᠲᠤᠭᠳᠠᠭᠠᠯ ᠢ ᠲᠡᠭᠦᠯᠳᠡᠷᠵᠢᠭᠦᠯᠦᠨ᠂ ᠰᠠᠨᠠᠯ | ᠲᠤᠷᠠᠳᠤᠯᠭ᠎ᠠ ᠶᠢ ᠰᠢᠢᠳᠪᠦᠷᠢᠯᠡᠬᠦ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠭᠦᠯᠵᠤ᠂ | ᠲᠦᠯᠦᠭᠡᠯᠡᠭᠴᠢᠳ ᠤᠨ ᠰᠠᠨᠠᠯ ᠵᠦᠪᠯᠡᠯᠬᠡ ᠲᠤᠷᠠᠳᠬᠤ ᠪᠠ ᠰᠢᠢᠳᠪᠦᠷᠢᠯᠡᠬᠦ ᠶᠢ ᠠᠷᠠᠳ ᠤᠨ ᠠᠷᠠᠳᠴᠢᠯᠠᠯ ᠤᠨ | ᠪᠦᠬᠦᠶᠢᠯᠡ ᠶᠠᠪᠤᠴᠠ ᠶᠢᠨ ᠴᠢᠬᠤᠯᠠ ᠶᠠᠪᠤᠴᠠ ᠪᠤᠯᠭᠠᠨ᠂ ᠴᠢᠬᠤᠯᠠ ᠶᠡᠭᠡ ᠰᠢᠢᠳᠪᠦᠷᠢ ᠪᠤᠯᠭᠠᠨ ᠨᠢ ᠠᠷᠠᠳ ᠤᠨ | ᠬᠦᠰᠡᠨ ᠰᠠᠨᠠᠭᠰᠠᠨ ᠵᠦᠢᠯ ᠪᠠᠶᠢᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠠᠷᠠᠳ | ᠤᠨ ᠰᠠᠨᠠᠭ᠎ᠠ ᠳᠤ ᠨᠠᠶᠢᠴᠠᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠠᠷᠠᠭᠤᠯᠤᠨ ᠠᠷᠠᠳ ᠤᠯᠠᠨ ᠤ ᠡᠷᠬᠡ | ᠠᠰᠢᠭ ᠢ ᠪᠠᠳᠤᠯᠠᠵᠦ᠂ ᠠᠷᠠᠳ ᠤᠨ ᠪᠦᠳᠦᠭᠡᠯᠴᠢ ᠴᠢᠨᠠᠷ ᠢ ᠤᠷᠠᠮᠰᠢᠭᠤᠯᠤᠨ ᠵᠤᠷᠢᠭᠵᠢᠭᠤᠯᠤᠨ᠎ᠠ᠃ ︽ᠠᠷᠠᠳ ᠤᠨ | ᠲᠦᠯᠦᠭᠡᠯᠡᠭᠴᠢᠳ ᠤᠨ ᠦᠷᠦᠭᠡ︾ ᠶᠢᠨ ᠬᠦᠳᠡᠯᠭᠡᠭᠡᠨ ᠤ ᠬᠡᠯᠪᠡᠷᠢ ᠪᠠ ᠠᠭᠤᠯᠭ᠎ᠠ ᠶᠢ ᠲᠠᠰᠤᠷᠠᠯᠳᠠ ᠦᠭᠡᠢ | ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠲᠦᠯᠦᠭᠡᠯᠡᠭᠴᠢᠳ ᠤᠨ ᠪᠤᠯᠪᠠᠰᠤᠷᠠᠯ ᠤᠨ ᠬᠡᠯᠪᠡᠷᠢ ᠶᠢ ᠰᠢᠨᠡᠳᠬᠡᠵᠤ᠂ | ᠲᠦᠯᠦᠭᠡᠯᠡᠭᠴᠢᠳ ᠢ ᠬᠤᠭᠤᠴᠠᠭ᠎ᠠ ᠬᠤᠪᠢᠶᠠᠨ ᠪᠤᠯᠪᠠᠰᠤᠷᠠᠭᠤᠯᠤᠨ᠂ ᠲᠦᠯᠦᠭᠡᠯᠡᠭᠴᠢᠳ ᠤᠨ ᠡᠭᠦᠷᠭᠡ ᠬᠠᠷᠢᠭᠤᠴᠠᠯᠭ᠎ᠠ | ᠪᠠᠨ ᠭᠦᠢᠴᠡᠳᠬᠡᠬᠦ ᠴᠢᠳᠠᠪᠤᠷᠢ ᠶᠢ ᠪᠠᠳᠤᠵᠢᠭᠤᠯᠤᠨ᠎ᠠ᠃ ᠲᠡᠭᠡᠳᠣ ᠲᠤᠤᠷᠠᠳᠤ ᠱᠠᠳᠤᠨ ᠤ ᠬᠢ ᠬᠠᠷᠢᠯᠴᠠᠨ | ᠬᠠᠮᠵᠢᠯᠴᠠᠨ ᠪᠦᠬᠦ ᠬᠤᠰᠢᠭᠤᠨ ᠤ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ︽ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠪᠠᠶᠢᠭᠤᠯᠬᠤ︾ ᠬᠠᠮᠢᠶ᠎ᠠ ᠪᠦᠬᠦᠢ ᠭᠤᠤᠯ | ᠰᠡᠳᠦᠪᠳᠦ ᠬᠦᠳᠡᠯᠭᠡᠭᠡᠨ ᠢ ᠦᠷᠭᠦᠯᠵᠢᠯᠡᠨ ᠶᠠᠪᠤᠭᠳᠠᠭᠤᠯᠤᠨ᠎ᠠ᠃ | ᠰᠢᠨ᠎ᠡ ᠠᠶᠠᠨ ᠳᠤ ᠮᠤᠷᠳᠠᠵᠤ᠂ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠨ᠎ᠠ | ᠪᠢᠳᠡ ᠰᠠᠨᠠᠭᠠᠴᠢᠯᠠᠭ᠎ᠠ ᠠᠴᠠ ᠪᠠᠨ ︽ᠲᠦᠷᠪᠡᠨ ᠪᠠᠶᠢᠭᠤᠯᠭ᠎ᠠ ᠨᠢᠭᠡᠴᠡ︾ ᠶᠢᠨ ᠲᠤᠭᠳᠠᠴᠠ ᠶᠢᠨ ᠱᠠᠭᠠᠷᠳᠠᠯᠭ᠎ᠠ | ᠶᠤᠰᠤᠭᠠᠷ᠂ ᠪᠠᠶᠢᠩᠭᠤ ᠶᠢᠨ ᠬᠤᠷᠠᠯ ᠵᠢᠴᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠨᠠᠮ ᠢ ᠬᠠᠮᠢᠶᠠᠷᠴᠦ ᠨᠠᠮ ᠢ ᠵᠠᠰᠠᠬᠤ ᠭᠤᠤᠯᠳᠠᠯᠭᠠᠳᠤ ᠬᠠᠷᠢᠭᠤᠴᠠᠯᠭ᠎ᠠ ᠶᠢ ᠲᠤᠭᠤᠰᠢᠯᠠᠭᠤᠯᠤᠨ᠂ | ᠤᠯᠤᠰ ᠲᠦᠷᠦ ᠶᠢᠨ ᠵᠤᠭᠰᠤᠴᠠ ᠶᠢ ᠲᠡᠭᠡᠭᠰᠢᠯᠡᠭᠦᠯᠵᠤ᠂ ᠲᠤᠰ ᠪᠠᠶ᠎ᠠ ᠶᠢᠨ ᠲᠤᠶᠢᠯᠪᠤᠷᠢᠳᠠᠢ ᠬᠤᠪᠢᠰᠬᠠᠯᠳᠦ ᠵᠤᠷᠢᠭ | ᠰᠠᠨᠠᠭ᠎ᠠ ᠶᠢ ᠭᠦᠢᠴᠡᠳ ᠪᠠᠳᠠᠷᠠᠭᠤᠯᠤᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ | ᠬᠠᠷᠢᠭᠤᠴᠠᠯᠭᠠᠳᠤ ᠲᠦᠷᠢᠮ ᠢ ᠴᠢᠩᠭ᠎ᠠ ᠬᠡᠷᠡᠭᠵᠢᠭᠦᠯᠵᠤ᠂ ᠰᠤᠷᠳᠠᠯ ᠤᠨ ᠪᠠᠶᠢᠭᠤᠯᠤᠯᠳᠠ ᠶᠢ ᠬᠦᠨᠵᠡᠭᠡᠶᠢᠷᠡᠭᠦᠯᠦᠨ | ᠠᠬᠢᠭᠤᠯᠵᠤ᠂ ᠤᠪᠤᠷ ᠰᠤᠷᠳᠠᠯ ᠤᠨ ᠪᠠᠶᠢᠭᠤᠯᠤᠯᠳᠠ ᠶᠢᠨ ᠠᠵᠢᠯ ᠢ ᠤᠯᠠᠮ ᠴᠢᠨᠠᠭᠰᠢᠳᠠ ᠬᠦᠨᠵᠡᠬᠡᠶᠢᠷᠡᠬᠦᠯᠦᠨ | ᠲᠦᠯᠬᠢᠨ ᠠᠬᠢᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠨ᠂ ᠪᠠᠶᠢᠭᠤᠯᠭ᠎ᠠ ᠨᠢᠭᠡᠴᠡ | ᠶᠢᠨ ᠨᠠᠮ ᠤᠨ ᠪᠠᠶᠢᠭᠤᠯᠤᠯᠳᠠ ᠶᠢᠨ ᠤᠪᠤᠷ ᠰᠤᠷᠳᠠᠯ ᠢᠶᠠᠨ ᠬᠤᠪᠢᠷᠠᠭᠤᠯᠬᠤ ᠶᠢ ᠠᠬᠢᠭᠤᠯᠬᠤ ᠪᠠ ᠪᠦᠳᠦᠮᠵᠢ ᠪᠠᠨ | ᠲᠡᠭᠡᠭᠰᠢᠯᠡᠭᠦᠯᠬᠦ ᠶᠢ ᠠᠬᠢᠭᠤᠯᠵᠤ᠂ ᠲᠤᠰ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠤᠷᠤᠭᠰᠢᠯᠠᠨ | ᠪᠠᠳᠤᠵᠢᠭᠤᠯᠤᠨ᠎ᠠ᠃ ᠪᠠᠶᠢᠴᠠᠭᠠᠨ ᠰᠤᠳᠤᠯᠤᠯᠳᠠ ᠶᠢᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ᠬᠢᠨᠠᠬᠤ ᠪᠠ | ᠲᠦᠯᠦᠭᠡᠯᠡᠬᠦ ᠵᠡᠷᠭᠡ ᠪᠠᠶᠢᠴᠠᠭᠠᠨ ᠰᠤᠳᠤᠯᠤᠯᠳᠠ ᠶᠢᠨ ᠠᠵᠢᠯ ᠤᠨ ᠲᠤᠮᠳᠠ ᠪᠠᠨ ᠦᠨᠳᠦᠷ ᠦᠷ᠎ᠡ ᠪᠦᠳᠦᠮᠵᠢ | ᠤᠯᠤᠨ᠎ᠠ᠃ ᠢᠳᠡᠭᠡᠯ ᠵᠤᠷᠢᠭ ᠢᠶᠠᠨ ᠬᠦᠪᠴᠢᠯᠡᠵᠤ᠂ ᠠᠭᠤᠤ ᠶᠡᠭᠡ ᠨᠠᠮ ᠪᠠᠶᠢᠭᠤᠯᠬᠤ ᠵᠤᠷᠢᠭ ᠰᠠᠨᠠᠭ᠎ᠠ ᠶᠢ | ᠪᠠᠳᠠᠷᠠᠭᠤᠯᠵᠤ᠂ ᠤᠯᠤᠰ ᠲᠦᠷᠦ ᠶᠢᠨ ᠵᠤᠭᠰᠤᠴᠠ ᠪᠠᠳᠤ᠂ ᠠᠷᠠᠳ ᠲᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ | ᠲᠡᠭᠡᠳᠦᠯᠡᠬᠦ᠂ ᠠᠷᠠᠳᠴᠢᠯᠠᠯ ᠢ ᠪᠠᠳᠠᠷᠠᠭᠤᠯᠬᠤ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠡᠭᠦᠷᠭᠡᠯᠡᠬᠦ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠡᠩᠨᠡᠭᠡ ᠶᠢ ᠪᠠᠶᠢᠭᠤᠯᠤᠨ᠎ᠠ᠃ ᠪᠠᠶᠢᠭᠤᠯᠭ᠎ᠠ ᠶᠢᠨ ᠲᠤᠭᠠᠴᠢᠯᠠᠯᠳᠠ᠂ | ᠮᠡᠳᠡᠭᠡᠵᠢᠯᠡᠯᠳᠡ᠂ ᠤᠶᠤᠨᠴᠢᠯᠠᠯᠳᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠤᠭᠠᠴᠢᠯᠠᠯᠳᠠ ᠪᠠ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠬᠦᠨᠵᠡᠭᠡᠢ ᠵᠤᠬᠢᠴᠠᠯᠳᠤᠬᠤ ᠶᠢ ᠠᠬᠢᠭᠤᠯᠤᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠶᠢᠯᠡ ᠦᠷ᠎ᠡ ᠪᠦᠳᠦᠮᠵᠢ ᠶᠢ ᠤᠯᠠᠮ ᠨᠢᠭᠡ ᠠᠯᠬᠤᠮ | ᠲᠡᠭᠡᠭᠰᠢᠯᠡᠭᠦᠯᠦᠨ᠎ᠡ᠃ | ᠲᠦᠯᠦᠭᠡᠯᠡᠭᠴᠢᠳ ᠡ᠂ ᠠᠷᠠᠳ ᠤᠨ ᠬᠦᠰᠡᠯ ᠡᠷᠡᠮᠡᠯᠵᠡᠯ ᠨᠢ ᠪᠢᠳᠡᠨ ᠤ ᠴᠢᠷᠮᠠᠶᠢᠨ ᠵᠢᠳᠬᠦᠬᠦ ᠡᠷᠴᠢ | ᠵᠤᠷᠢᠭ ᠢ ᠬᠦᠭᠵᠢᠬᠡᠵᠦ᠂ ᠰᠢᠨ᠎ᠡ ᠴᠠᠭ ᠦᠶ᠎ᠡ ᠳᠤ ᠰᠢᠨ᠎ᠡ ᠠᠶᠠᠨ ᠵᠠᠮ ᠢᠶᠠᠨ ᠰᠦᠷ ᠲᠠᠯᠠᠶᠢᠴᠢᠳᠠᠢ ᠡᠬᠢᠯᠡᠭᠦᠯᠦᠨ᠎ᠡ᠃ | ᠪᠢᠳᠡ ᠬᠠᠮᠳᠦ ᠪᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠤᠯᠠᠮ ᠨᠢᠭᠳᠠᠷᠠᠨ ᠪᠦᠯᠬᠦᠮᠳᠠᠵᠦ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠡᠬᠦᠷᠬᠡᠯᠡᠨ᠂ ᠡᠷᠡᠮᠡᠬᠡᠶᠢᠯᠡᠨ ᠤᠷᠤᠭᠰᠢᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦᠷᠪᠡᠳ ᠬᠤᠰᠢᠭᠤᠨ ᠳᠠᠭᠠᠨ ᠬᠦᠨᠵᠡᠭᠡᠶᠢᠷᠡᠭᠦᠯᠦᠨ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠰᠤᠷᠤ ᠰᠢᠨ᠎ᠡ ᠬᠤᠪᠢᠷᠠᠯᠳᠠ ᠶᠢ | ᠪᠢᠴᠢᠭᠯᠡᠰᠦᠬᠡᠢ︕ | | | ᠳᠡᠪᠰᠢᠭᠦᠯᠦᠭᠴᠢ ᠄ ᠲᠡᠷᠭᠡᠯ | |