ᠲᠦᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠬᠤᠶᠠᠷ︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2023 ᠤᠨ ᠤ 2 ᠰᠠᠷ᠎ᠠ ᠶᠢᠨ 2 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ | ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ ᠰᠦᠯᠳᠠ | ᠲᠥᠯᠥᠭᠡᠯᠡᠭᠴᠢᠳ ᠡ᠄ | | | ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠳᠤᠷᠠᠳᠬᠤ | ᠪᠣᠯᠪᠠᠤ᠃ | | | | | | ᠨᠢᠭᠡ᠂ 2022 ᠣᠨ ᠤ ᠠᠵᠢᠯ ᠤᠨ ᠡᠷᠭᠢᠴᠡᠭᠦᠯᠦᠯ | | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ | ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠥᠬᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠲᠠᠶᠢᠴᠢᠯᠠᠵᠦ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠨ᠂ ᠬᠦᠴᠢᠷ ᠢ ᠰᠦᠷᠦᠨ | ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠲᠣᠭᠲᠠᠭᠤᠨ ᠤ ᠳᠤᠮᠳᠠ ᠬᠦᠭᠵᠢᠨ᠂ ᠡᠯ᠎ᠡ ᠲᠥᠷᠥᠯ ᠤᠨ | ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠪᠠ᠃ | 2022 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 71.8 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 2.8% ᠪᠠᠷ ᠦᠰᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ 66.2 % ᠲᠤ ᠬᠦᠷᠴᠦ᠂ ᠪᠦᠬᠦ ᠬᠤᠲᠠ ᠶᠢᠨ ᠲᠡᠷᠢᠭᠦᠨ ᠳᠤ ᠣᠷᠣᠪᠠ︔ ᠡᠩ ᠤᠨ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 2.62 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 22% ᠢᠶᠠᠷ ᠦᠰᠴᠦ᠂ ᠪᠦᠬᠦ ᠬᠤᠳᠠ ᠶᠢᠨ ᠭᠤᠷᠪᠠᠳᠤᠭᠠᠷ ᠲᠤ ᠤᠷᠤᠪᠠ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 14.2 ᠳ᠋ᠦᠩᠰᠢᠭᠤᠷ ᠲᠦᠬᠦᠷᠢᠭ ᠪᠠᠶᠠᠯᠡᠬᠦᠯᠵᠦ᠂ ᠨᠢᠳᠤᠨᠤᠨ ᠤ ᠬᠢ ᠠᠴᠠ | ᠵᠠᠭᠤᠨ ᠤ 11.6 ᠴᠡᠭ ᠦᠰᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠬᠡᠮᠵᠢᠶ᠎ᠡ 17.02 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠲᠦᠷᠪᠡᠳᠦᠬᠡᠷ ᠲᠤ ᠤᠷᠤᠪᠠ︔ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤᠶᠢᠴᠠ ᠣᠷᠣᠯᠭ᠎ᠠ ᠲᠤᠰᠪᠤᠷᠢ 34811 | ᠲᠥᠭᠦᠷᠢᠭ᠂ 15657 ᠲᠥᠭᠦᠷᠢᠭ ᠲᠤ ᠬᠦᠷᠴᠦ᠂ ᠲᠤᠰ ᠲᠤᠰ 3.7 % ᠪᠠ 8.1% ᠪᠠᠷ ᠦᠰᠪᠡ᠃ | ᠡᠨᠧᠷᠭᠢ ᠠᠷᠪᠢᠯᠠᠨ ᠪᠣᠬᠢᠷᠲᠤᠯ ᠢ ᠪᠠᠭᠠᠰᠬᠠᠬᠤ ᠪᠠ ᠣᠷᠴᠢᠨ ᠠᠬᠤᠢ ᠶᠢᠨ ᠶᠠᠰᠤ ᠴᠢᠨᠠᠷ ᠤᠨ ᠭᠦᠢᠴᠡᠳᠬᠡᠯ ᠲᠤᠭ᠎ᠠ ᠨᠢ | ᠴᠥᠮ ᠬᠢᠵᠠᠭᠠᠷᠯᠠᠬᠤ ᠬᠠᠷᠠᠯᠲᠠ ᠶᠢᠨ ᠳᠣᠲᠣᠷ᠎ᠠ ᠪᠠᠶᠢᠨ᠎ᠠ᠃ | ᠵᠢᠯ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠨ᠂ ᠠᠵᠤ ᠠᠬᠤᠢ ᠶᠢᠨ ᠪᠣᠳᠠᠲᠤ | ᠬᠦᠴᠦᠨ ᠰᠢᠨ᠎ᠡ ᠳᠡᠭᠲᠡᠷ ᠲᠤ ᠭᠠᠷᠪᠠ᠃ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠢ ᠯᠠᠪᠳᠠᠭᠤᠨ ᠢᠶᠠᠷ ᠠᠬᠢᠭᠤᠯᠪᠠ᠃ ᠲᠠᠷᠢᠮᠠᠯ ᠤᠨ ᠦᠢᠯᠡᠰ | ᠲᠣᠭᠲᠠᠭᠤᠨ ᠤ ᠳᠤᠮᠳᠠ ᠬᠦᠭᠵᠢᠵᠦ᠂ ᠠᠮᠤ ᠪᠤᠳᠠᠭᠠᠨ ᠤ ᠲᠠᠷᠢᠮᠠᠯ ᠤᠨ ᠶᠡᠷᠦᠩᠬᠡᠶ ᠲᠠᠯᠠᠪᠠᠶ 132.5 ᠲᠦᠮᠡᠨ | ᠮᠥ ᠳᠤ ᠬᠦᠷᠴᠦ᠂ ᠤᠨᠠᠯᠲᠠ ᠨᠢ 4.5 ᠳ᠋ᠦᠩᠰᠢᠭᠤᠷ ᠵᠢᠩ ᠳᠤ ᠬᠦᠷᠴᠦ᠂ 3.8 ᠲᠦᠮᠡᠨ ᠮᠥ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ | ᠵᠦᠩ ᠵᠢᠶᠠ 7 ᠨᠤᠮᠧᠷᠳᠦ᠂ ᠰᠢᠨ ᠢᠦᠶ 1 ᠨᠤᠮᠧᠷᠳᠦ ᠵᠡᠷᠭᠡ 4 ᠲᠦᠮᠦᠰᠦᠨ ᠤ ᠰᠢᠨ᠎ᠡ ᠲᠥᠷᠥᠯ ᠵᠤᠶᠢᠯ ᠢ 12 | ᠲᠦᠮᠡᠨ ᠮᠥ ᠲᠦᠬᠡᠮᠡᠯᠵᠢᠬᠦᠯᠦᠨ ᠲᠠᠷᠢᠪᠠ᠃ ᠪᠥᠬᠦ ᠬᠤᠲᠠ ᠶᠢᠨ ᠨᠣᠬᠠᠶ ᠶᠢᠨ ᠬᠤᠰᠢᠭᠤ ᠶᠢᠨ ᠠᠵᠤ ᠦᠢᠯᠡᠰ ᠢ ᠲᠡᠰ | ᠲᠡᠪᠰᠢᠬᠦᠯᠬᠦ ᠪᠠ ᠬᠦᠬᠡ ᠨᠣᠭᠤᠭ᠎ᠠ ᠶᠢ ᠪᠡᠭᠡᠵᠢᠩ ᠳᠤ ᠲᠡᠬᠡᠬᠡᠪᠦᠷᠢᠯᠡᠬᠦ ᠠᠵᠢᠯᠯᠠᠭ᠎ᠠ ᠶᠢ ᠢᠳᠡᠪᠬᠢᠲᠡᠶ ᠴᠤᠤᠷᠢᠶᠠᠲᠤᠨ | ᠳᠠᠭᠠᠵᠤ᠂ 20 ᠲᠦᠮᠡᠨ ᠮᠥ ᠨᠣᠬᠠᠶ ᠶᠢᠨ ᠬᠤᠰᠢᠭᠤ᠂ 4.2 ᠲᠦᠮᠡᠨ ᠮᠥ ᠯᠠᠩᠭᠤᠸᠠ ᠳᠠᠷᠢᠪᠠ᠃ ᠮᠠᠯ ᠠᠵᠤ | ᠠᠬᠤᠢ ᠢᠯᠡᠳᠲᠡ ᠦᠷ᠎ᠡ ᠪᠦᠲᠦᠮᠵᠢ ᠣᠯᠵᠤ᠂ ᠮᠠᠯ ᠤᠨ ᠭᠠᠷᠭᠠᠯᠳᠠ 146 ᠲᠦᠮᠡᠨ ᠲᠤᠯᠤᠭᠠᠢ ᠳᠤ ᠬᠦᠷᠴᠦ᠂ | ᠮᠢᠬᠠᠨ ᠤ ᠭᠠᠷᠤᠯᠲᠠ 3.8 ᠲᠦᠮᠡᠨ ᠲᠣᠨ ᠳᠤ ᠬᠦᠷᠪᠡ᠃ ᠢᠳᠡᠰᠢᠨ ᠬᠤᠨᠢ ᠪᠣᠷᠳᠣᠨ ᠲᠠᠷᠭᠤᠯᠠᠭᠤᠯᠬᠤ ᠡᠷᠴᠢᠮ ᠢ | ᠲᠠᠰᠤᠷᠠᠯᠲᠠ ᠤᠢᠭᠡᠢ ᠨᠡᠮᠡᠭᠳᠡᠭᠦᠯᠵᠦ᠂ 20 ᠲᠦᠮᠡᠨ ᠲᠤᠯᠤᠭᠠᠢ ᠶᠢᠨ ᠬᠡᠪᠴᠢᠶ᠎ᠠ ᠪᠦᠬᠦᠢ ᠪᠣᠷᠳᠣᠨ ᠲᠠᠷᠭᠤᠯᠠᠭᠤᠯᠬᠤ | ᠲᠠᠯᠠᠪᠠᠶ 1 ᠶᠢ ᠪᠠᠶᠢᠭᠤᠯᠤᠨ᠂ 10 ᠲᠦᠮᠡᠨ ᠲᠤᠯᠤᠭᠠᠢ ᠵᠢᠴᠢ ᠲᠡᠭᠦᠨ ᠠᠴᠠ ᠳᠣᠷᠣᠭᠰᠢᠬᠢ ᠬᠡᠪᠴᠢᠶ᠎ᠠ ᠲᠠᠢ | ᠪᠣᠷᠳᠣᠨ ᠲᠠᠷᠭᠤᠯᠠᠭᠤᠯᠬᠤ ᠲᠠᠯᠠᠪᠠᠶ 6 ᠶᠢ ᠪᠠᠶᠢᠭᠤᠯᠵᠤ᠂ ᠵᠢᠯ ᠤᠨ ᠪᠣᠷᠳᠣᠨ ᠲᠠᠷᠭᠤᠯᠠᠭᠤᠯᠬᠤ ᠴᠢᠳᠠᠪᠤᠷᠢ ᠶᠢ 50 | ᠲᠦᠮᠡᠨ ᠲᠣᠯᠣᠭᠠᠶ ᠳᠤ ᠬᠦᠷᠦᠭᠦᠯᠵᠦ᠂ ᠳᠥᠷᠪᠡᠨ ᠤᠯᠠᠷᠢᠯ ᠳᠤ ᠲᠡᠩᠴᠡᠭᠦᠷᠢᠲᠡᠶ ᠪᠣᠷᠣᠯᠠᠭᠤᠯᠬᠤ ᠶᠢ ᠪᠠᠶᠠᠯᠡᠬᠦᠯᠪᠠ᠃ | ᠳ᠋ᠦ᠋ ᠮᠧᠩ ᠬᠤᠨᠢᠨ ᠤ ᠦᠷᠡᠵᠢᠯᠲᠡ ᠶᠢ ᠬᠦᠴᠦᠯᠡᠨ ᠠᠬᠢᠭᠤᠯᠵᠤ᠂ ᠡᠭᠦᠯᠳᠡᠷ ᠪᠤᠶᠢᠵᠢᠭᠤᠯᠬᠤ ᠬᠤᠯᠪᠣᠭᠠᠲᠤ | ᠴᠣᠭᠴᠠ ᠨᠢ ᠪᠥᠬᠦ ᠵᠢᠯ ᠳᠤ 10725 ᠡᠮ᠎ᠡ ᠬᠤᠨᠢ᠂ 3467 ᠬᠤᠴᠠ ᠶᠢᠨ ᠡᠬᠦᠯᠳᠡᠷ ᠰᠠᠶᠢᠵᠢᠷᠠᠭᠤᠯᠵᠦ᠂ | ᠢᠳᠡᠰᠢᠨ ᠬᠤᠨᠢᠨ ᠤ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 40% ᠳᠤ ᠬᠥᠷᠪᠡ᠃ ᠲᠠᠪᠤᠨ ᠬᠠᠨ ᠭᠤᠤᠯ᠂ | ᠲᠢᠶᠠᠨ ᠭᠠᠨ ᠾᠧ ᠭᠤᠤᠯ ᠰᠠᠪᠠ ᠭᠠᠵᠠᠷ ᠤᠨ ᠡᠯᠪᠡᠭ ᠪᠠᠶᠠᠯᠢᠭ ᠡᠪᠡᠰᠦ ᠪᠣᠷᠳᠣᠭᠠᠨ ᠤ ᠡᠬᠢ ᠪᠠᠶᠠᠯᠢᠭ ᠲᠤ | ᠲᠦᠰᠢᠭᠯᠡᠨ ᠪᠥᠬᠦ ᠲᠣᠰᠬᠤᠨ ᠤ ᠢᠳᠡᠰᠢᠨ ᠦᠬᠡᠷ ᠤᠨ ᠠᠵᠤ ᠦᠢᠯᠡᠰ ᠢ ᠠᠬᠢᠭᠤᠯᠵᠤ᠂ ᠠᠩᠭᠢᠰ ᠦᠬᠡᠷ ᠢ | ᠬᠡᠪᠴᠢᠶᠠᠵᠢᠬᠦᠯᠦᠨ ᠲᠡᠵᠢᠬᠡᠬᠦ 5 ᠲᠣᠭᠤᠷᠢᠭ ᠢ ᠪᠠᠶᠢᠭᠤᠯᠵᠤ᠂ ᠢᠳᠡᠰᠢᠨ ᠦᠬᠡᠷ ᠤᠨ ᠲᠤᠭ᠎ᠠ 7 ᠲᠦᠮᠡ ᠳᠤ ᠬᠥᠷᠪᠡ | ᠃ ᠦᠷ᠎ᠡ ᠶᠢᠨ ᠦᠢᠯᠡᠰ ᠤᠨ ᠰᠢᠨᠵᠢᠯᠡᠭᠡ ᠮᠡᠷᠭᠡᠵᠢᠯ ᠲᠠᠰᠤᠷᠠᠯᠲᠠ ᠥᠬᠡᠶ ᠰᠢᠪᠲᠤᠯᠤᠯᠲᠠ ᠶᠢ ᠤᠯᠵᠦ᠂ | ᠲᠥᠮᠥᠰᠥ ᠶᠢᠨ ᠪᠡᠶ᠎ᠡ ᠪᠠᠨ ᠳᠠᠭᠠᠭᠠᠭᠰᠠᠨ 5 ᠰᠢᠨ᠎ᠡ ᠲᠦᠷᠦᠯ ᠨᠢ ᠤᠯᠤᠰ ᠤᠨ ᠬᠥᠳᠡᠭᠡ ᠠᠵᠤ ᠠᠬᠤᠶ ᠬᠥᠳᠡᠭᠡ | ᠲᠣᠰᠬᠤᠨ ᠤ ᠶᠠᠮᠤᠨ ᠤ ᠳᠡᠩᠰᠡᠯᠡᠯᠲᠡ ᠶᠢ ᠳᠡᠮᠵᠢᠨ᠂ ᠪᠥᠬᠦ ᠣᠷᠣᠨ ᠤ ᠴᠠᠷᠳᠠᠭᠤᠯ ᠤᠨ ᠠᠭᠤᠯᠤᠭᠳᠠᠴᠠ ᠪᠠᠷ | ᠬᠠᠮᠤᠭ ᠤᠨ ᠥᠨᠳᠥᠷ ᠲᠥᠮᠥᠰᠥ ᠶᠢᠨ 2 ᠡᠭᠦᠯᠳᠡᠷ ᠢ ᠰᠣᠩᠭᠤᠨ ᠪᠤᠶᠢᠵᠢᠭᠤᠯᠪᠠ᠃ ᠰᠠᠢ ᠨᠥᠸᠧ ᠺᠣᠮᠫᠠᠨᠢ | ᠤᠯᠤᠰ ᠤᠨ ᠦᠷ᠎ᠡ ᠶᠢᠨ ᠦᠢᠯᠡᠰ ᠤᠨ ᠠᠵᠤ ᠠᠬᠤᠶᠢᠯᠠᠯ ᠢᠶᠠᠷ ᠰᠣᠩᠭᠤᠭᠳᠠᠵᠤ᠂ 2022 - 2035 ᠣᠨ ᠤ | ᠤᠯᠤᠰ ᠤᠨ ᠤᠳᠤᠮᠯᠠᠯ ᠢ ᠰᠠᠶᠢᠵᠢᠷᠠᠭᠤᠯᠬᠤ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠲᠦᠷᠦᠯ ᠵᠦᠢᠯ ᠢ | ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ︽ᠳ᠋ᠦ᠋ ᠮᠧᠩ ᠬᠤᠨᠢ︾ ᠨᠢ ᠤᠯᠤᠰ ᠤᠨ ᠰᠢᠨ᠎ᠡ ᠡᠭᠦᠯᠳᠡᠷ ᠤᠨ | ᠲᠦᠷᠦᠯ ᠵᠤᠶᠢᠯ ᠢᠶᠠᠷ ᠮᠠᠭᠠᠳᠯᠠᠨ ᠲᠤᠭᠳᠠᠭᠠᠭᠳᠠᠵᠦ᠂ ᠪᠥᠬᠦ ᠬᠤᠲᠠ ᠶᠢᠨ ᠢᠳᠡᠰᠢᠨ ᠬᠤᠨᠢᠨ ᠤ ᠥᠪᠡᠷ ᠤᠨ | ᠡᠭᠦᠯᠳᠡᠷ ᠪᠠᠶᠢᠬᠤ ᠥᠬᠡᠶ ᠪᠠᠶᠢᠳᠠᠯ ᠳᠤ ᠰᠢᠪᠲᠤᠯᠤᠯᠲᠠ ᠭᠠᠷᠭᠠᠪᠠ᠃ ᠵᠦᠩ ᠵᠢᠶᠠ᠂ ᠰᠠᠢ ᠨᠦᠸᠧ ᠵᠡᠷᠬᠡ ᠲᠦᠷᠦᠯ | ᠤᠳ ᠨᠢ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠢᠨᠵᠧᠨᠧᠷᠢᠩ ᠤᠨ ᠲᠦᠷᠦᠯ ᠵᠦᠢᠯ ᠢᠶᠠᠷ | ᠠᠮᠵᠢᠯᠳᠠ ᠲᠠᠢ ᠵᠢᠭᠰᠠᠭᠳᠠᠨ ᠨᠡᠷᠡᠯᠡᠭᠳᠡᠵᠦ᠂ ᠪᠦᠬᠦ ᠣᠷᠣᠨ ᠤ ᠴᠤᠷ ᠤᠨ ᠭᠠᠭᠴᠠ ᠬᠤᠶᠠᠷ ᠠᠵᠤ ᠠᠬᠤᠶᠢᠯᠠᠯ | ᠵᠡᠷᠭᠡᠪᠡᠷ ᠵᠢᠭᠰᠠᠭᠠᠯᠲᠠ ᠳᠤ ᠤᠷᠤᠭᠰᠠᠨ ᠬᠤᠰᠢᠭᠤ ᠰᠢᠶᠠᠨ ᠪᠤᠯᠪᠠ᠃ ᠨᠡᠷᠡᠲᠦ ᠲᠡᠮᠳᠡᠭᠲᠦ ᠶᠢᠨ ᠦᠷ᠎ᠡ ᠠᠰᠢᠭ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠬᠢᠷᠲᠤᠯ ᠦᠭᠡᠢ 6 ᠪᠦᠲᠦᠭᠡᠭᠳᠡᠬᠦᠨ ᠢ ᠰᠢᠨ᠎ᠡ ᠪᠠᠷ ᠭᠡᠷᠡᠴᠢᠯᠡᠵᠦ᠂ ᠪᠣᠬᠢᠷᠲᠤᠯ | ᠦᠭᠡᠢ ᠢᠳᠡᠭᠡᠨ ᠪᠠ ᠣᠷᠭᠠᠨᠢᠭ ᠪᠦᠲᠦᠭᠡᠭᠳᠡᠬᠦᠨ ᠢ 31 ᠳᠤ ᠬᠦᠷᠬᠡᠪᠡ᠃ ︽ᠤᠯᠠᠭᠠᠨ ᠬᠠᠯᠢᠰᠤᠳᠦ ᠪᠣᠭᠤᠳᠠᠶ ᠶᠢᠨ | ᠭᠤᠯᠢᠷ︾᠂ ︽ᠳ᠋ᠦ᠋ ᠮᠧᠩ ᠬᠤᠨᠢᠨ ᠮᠢᠬ᠎ᠠ︾ ᠪᠠ ︽ᠭᠤᠪᠢ ᠶᠢᠨ ᠬᠤᠨᠢᠨ ᠮᠢᠬ᠎ᠠ︾ ᠨᠢ ᠥᠪᠡᠷᠲᠡᠭᠡᠨ ᠵᠠᠰᠠᠬᠤ | ᠣᠷᠣᠨ ᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠣᠯᠵᠤ᠂ ᠵᠥᠩ | ᠵᠢᠶᠠ᠂ ᠰᠢᠨ ᠢᠦᠶ᠂ ᠵᠢᠩ ᠰᠢᠨ᠂ ᠰᠠᠶ ᠨᠥᠸᠧ ᠵᠡᠷᠭᠡ 4 ᠠᠵᠤ ᠠᠬᠤᠶᠢᠯᠠᠯ ᠨᠢ ︽ᠦᠨᠤᠷ ᠠᠮᠳᠠᠳᠦ ᠤᠯᠠᠭᠠᠨᠴᠠᠪ | ︾ ᠤᠨ ᠨᠠᠷᠠᠲᠤ ᠲᠡᠮᠳᠡᠭ ᠤᠨ ᠡᠷᠬᠡ ᠣᠯᠭᠤᠯᠲᠠ ᠶᠢ ᠭᠥᠷᠳᠡᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ᠂ ᠰᠢᠨ᠎ᠡ ᠠᠵᠤ | ᠠᠬᠤᠢ ᠶᠢᠨ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠦᠷᠬᠡᠳᠬᠡᠨ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ 24 ᠪᠣᠯᠪᠠ᠃ ᠪᠥᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠲᠠᠩ ᠭᠠᠭᠴᠠ ᠬᠠᠭᠤᠷᠠᠶ | ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠤᠯᠤᠰ ᠤᠨ ᠴᠠᠬᠢᠯᠭᠠᠨ ᠤ ᠪᠠᠯᠠ | ᠣᠷᠣᠭᠤᠯᠤᠯᠲᠠ ᠶᠢᠨ 600 ᠲᠦᠮᠡᠨ ᠺᠢᠯᠤᠸᠠᠲ ᠤᠨ ᠵᠢᠱᠢᠶ᠎ᠡ ᠦᠵᠡᠭᠦᠯᠬᠦ ᠲᠥᠷᠥᠯ ᠵᠤᠶᠢᠯ ᠳᠤ ᠨᠡᠶᠢᠲᠡ 16.5 | ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ ᠪᠥᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ | ᠬᠦᠬᠡᠮᠦ᠋ᠷᠡᠨ ᠤ ᠭᠤᠷᠪᠠᠨ ᠬᠠᠪᠴᠢᠯ ᠤᠨ ︽ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠥᠭᠡᠴᠡ︾ ᠶᠢᠨ | ᠵᠢᠱᠢᠶ᠎ᠡ ᠦᠵᠡᠭᠦᠯᠬᠦ ᠲᠥᠷᠥᠯ ᠵᠤᠶᠢᠯ ᠳᠤ 43.5 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠦ᠂ 50 ᠲᠦᠮᠡᠨ | ᠺᠢᠯᠤᠸᠠᠲ ᠤᠨ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ ᠴᠡᠪᠡᠷ ᠡᠨᠧᠷᠭᠢ ᠶᠢᠨ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠪᠡ᠃ ᠶᠦᠩ ᠾᠧ ᠹᠯᠤᠷᠳᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠪᠠᠷ | ᠨᠡᠮᠡᠭᠳᠡᠭᠦᠯᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠨ | ᠂ ᠳᠥᠷᠪᠡᠨ ᠹᠯᠣᠷᠲᠤ ᠡᠲ᠋ᠧᠨ᠂ ᠵᠢᠷᠭᠤᠭᠠᠨ ᠹᠯᠣᠷᠲᠤ ᠫᠷᠣᠫᠧᠨ ᠵᠡᠷᠭᠡ ᠰᠢᠨ᠎ᠡ ᠦᠢᠯᠡᠳᠬᠦᠨ ᠢ ᠠᠰᠢᠭᠯᠠᠯᠳᠠ ᠳᠤ | ᠣᠷᠣᠭᠤᠯᠵᠤ᠂ ᠣᠯᠠᠨ ᠤᠯᠤᠰ ᠤᠨ ᠬᠢᠮᠢ ᠶᠢᠨ ᠵᠡᠪᠰᠡᠭ ᠢ ᠴᠠᠭᠠᠵᠠᠯᠠᠬᠤ ᠵᠣᠬᠢᠶᠠᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠤᠷ ᠤᠨ ᠲᠤᠭᠤᠷᠢᠨ ᠪᠠᠶᠢᠴᠠᠭᠠᠯᠳᠠ ᠶᠢ ᠠᠮᠵᠢᠯᠳᠠ ᠲᠠᠢ ᠦᠩᠭᠡᠷᠡᠪᠡ᠃ 100 ᠲᠦᠮᠡᠨ ᠢᠳᠡᠰᠢᠨ ᠬᠤᠨᠢ 2 | ᠲᠦᠮᠡᠨ ᠢᠳᠡᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠤᠶᠢᠯ ᠪᠠ ᠢ ᠮᠢᠩ ᠲᠥᠮᠥᠰᠥ ᠶᠢᠨ ᠵᠢᠯ ᠳᠤ ᠨᠠᠷᠢᠯᠢᠭ | ᠴᠠᠷᠳᠠᠭᠤᠯ 1 ᠲᠦᠮᠡᠨ ᠲᠣᠨ᠂ ᠤᠭᠤᠷᠠᠭ 900 ᠲᠣᠨ ᠦᠢᠯᠡᠳᠪᠦᠷᠢᠯᠡᠬᠦ ᠲᠥᠷᠥᠯ ᠵᠤᠶᠢᠯ ᠢ ᠲᠤᠷᠰᠢᠨ | ᠤᠶᠢᠯᠡᠳᠪᠦᠷᠢᠯᠡᠯ ᠳᠤ ᠣᠷᠣᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ | ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠦᠷᠬᠡᠳᠬᠡᠪᠡ᠃ | ᠦᠢᠯᠡᠴᠢᠯᠡᠭᠡᠨ ᠤ ᠦᠢᠯᠡᠰ ᠢ ᠤᠯᠠᠨ ᠡᠰᠢᠵᠢᠬᠦᠯᠦᠨ ᠬᠦᠭᠵᠢᠬᠦᠯᠪᠡ᠃ ︽ᠦᠵᠡᠰᠬᠦᠯᠡᠩᠲᠦ ᠰᠠᠶᠢᠬᠠᠨ ᠳᠥᠷᠪᠡᠳ᠂ | ᠣᠷᠣᠨ ᠤ ᠲᠥᠪ ᠤᠨ ᠠᠷᠤ ᠴᠡᠴᠡᠷᠯᠢᠭ︾ ᠬᠡᠬᠦ ᠵᠢᠭᠤᠯᠴᠢᠯᠠᠯ ᠤᠨ ᠨᠡᠷᠡᠲᠦ ᠲᠡᠮᠳᠡᠭ ᠢ ᠪᠦᠬᠦ ᠬᠦᠴᠦᠨ ᠢᠶᠠᠷ | ᠡᠭᠦᠳᠴᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠪᠠ ᠵᠢᠭᠤᠯᠴᠢᠯᠠᠯ ᠤᠨ ᠦᠢᠯᠡᠳᠬᠦᠨ ᠤ | ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠬᠦᠯᠳᠡᠷᠵᠢᠬᠦᠯᠪᠠ᠃ ᠨᠤᠮᠤᠭᠠᠨ ᠠᠭᠤᠯᠠ ᠶᠢᠨ ᠲᠦᠷᠦᠯ ᠵᠦᠢᠯ ᠢ | ᠲᠣᠭᠲᠠᠭᠰᠠᠨ ᠬᠤᠭᠤᠴᠠᠭᠠᠨ ᠳᠤ ᠰᠠᠭᠤᠷᠢ ᠲᠠᠯᠪᠢᠨ ᠡᠬᠢᠯᠡᠬᠦᠯᠵᠦ᠂ ᠤᠯᠤᠰ ᠤᠨ ᠭᠠᠵᠠᠷ ᠰᠢᠨᠵᠢᠯᠡᠭᠡᠨ ᠤ | ᠬᠦᠷᠢᠶᠠᠯᠠᠩ ᠤᠨ ᠮᠦᠽᠧᠢ ᠶᠢᠨ ᠨᠡᠬᠡᠬᠡᠯᠳᠡ ᠬᠢᠬᠦ ᠨᠥᠬᠦᠴᠡᠯ ᠢ ᠪᠦᠷᠢᠯᠳᠦᠭᠦᠯᠪᠡ᠃ ᠠᠷᠠᠳ ᠤᠨ ᠬᠤᠨᠤᠭ ᠪᠠᠭᠤᠴᠠ | ᠶᠢᠨ ᠲᠡᠰ ᠳᠡᠪᠰᠢᠬᠦ ᠶᠢ ᠯᠠᠪᠳᠠᠭᠤᠨ ᠠᠬᠢᠭᠤᠯᠵᠤ᠂ ᠳᠣᠷᠵᠢ ᠮᠠᠯᠵᠢᠬᠤ ᠡᠷᠦᠬᠡ ᠵᠡᠷᠭᠡ 6 ᠬᠤᠨᠤᠭ ᠪᠠᠭᠤᠴᠠ ᠶᠢᠨ | ᠥᠭᠡᠷᠡᠴᠢᠯᠡᠯᠲᠡ ᠶᠢ ᠪᠡᠶᠡᠯᠡᠬᠦᠯᠪᠠ᠃ ᠵᠢᠭᠤᠯᠴᠢᠯᠠᠯ ᠤᠨ ᠵᠠᠮ ᠱᠤᠭᠤᠮ ᠳᠠᠭᠠᠤ ᠶᠢᠨ ᠠᠮᠢ ᠠᠬᠤᠶ ᠣᠷᠴᠢᠨ | ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ G209 ᠶᠢᠨ ᠲᠧᠦ ᠬᠤᠤ ᠠᠴᠠ ᠤᠯᠠᠭᠠᠨᠬᠤᠸᠠ ᠪᠠᠯᠭᠠᠰᠤ | ᠬᠥᠷᠬᠦ ᠬᠡᠰᠡᠭ ᠤᠨ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠪᠡ᠃ ᠪᠦᠬᠦ ᠵᠢᠯ ᠳᠤ 90 ᠲᠦᠮᠡ | ᠭᠠᠷᠤᠢ ᠵᠢᠭᠤᠯᠴᠢᠯᠠᠭᠰᠠᠳ ᠢ ᠬᠦᠯᠢᠶᠡᠨ ᠵᠤᠴᠢᠯᠠᠵᠦ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 8.6 ᠳ᠋ᠦᠩᠰᠢᠭᠤᠷ | ᠲᠥᠭᠦᠷᠢᠭ ᠲᠤ ᠬᠦᠷᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ | ᠲᠥᠪ ᠨᠢ ᠨᠡᠶᠢᠲᠡ 94 ᠠᠵᠤ ᠠᠬᠤᠶᠢᠯᠠᠯ ᠳᠤ ᠣᠷᠣᠵᠤ ᠰᠠᠭᠤᠨ᠂ 486 ᠲᠦᠮᠡᠨ ᠬᠤᠪᠢ ᠲᠦᠷᠭᠡᠨ | ᠭᠤᠪᠢᠭᠤᠯᠭ᠎ᠠ ᠶᠢ ᠭᠥᠯᠢᠶᠡᠨ ᠠᠪᠴᠤ ᠲᠠᠷᠬᠠᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ | ᠲᠤᠭ᠎ᠠ 7.9 ᠳ᠋ᠦᠩᠰᠢᠭᠤᠷ ᠲᠥᠭᠦᠷᠢᠭ ᠲᠤ ᠬᠥᠷᠪᠡ᠃ ᠭᠠᠳᠠᠭᠠᠳᠤ ᠠᠷᠠᠯᠵᠢᠶ᠎ᠠ ᠶᠢ ᠢᠳᠡᠪᠬᠢᠲᠡᠢ ᠠᠬᠢᠭᠤᠯᠵᠤ᠂ | 5000 ᠲᠦᠮᠡᠨ ᠳ᠋ᠣᠯᠯᠠᠷ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠪᠡ᠃ | ᠵᠢᠯ ᠲᠤᠷᠰᠢ᠂ ᠪᠢᠳᠡ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠡᠷᠭᠡᠶᠢᠯᠡᠨ ᠵᠠᠰᠠᠬᠤ ᠶᠢ ᠠᠳᠬᠤᠵᠤ᠂ ᠠᠮᠢ | ᠠᠬᠤᠢ ᠣᠷᠴᠢᠨ ᠲᠣᠭᠤᠷᠢᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ᠲᠤᠰᠢᠶᠠᠭᠰᠠᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ | ᠬᠡᠷᠡᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ᠬᠤᠰᠢᠭᠤ ᠰᠢᠶᠠᠨ ᠤ ᠬᠡᠪᠴᠢᠶᠡᠨ ᠤ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠵᠤ ᠬᠢᠨᠠᠨ ᠬᠡᠮᠵᠢᠬᠦ ᠠᠵᠢᠯ ᠤᠨ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠪᠦᠬᠦ ᠬᠤᠲᠠ ᠶᠢᠨ ᠨᠢᠭᠡᠳᠦᠭᠡᠷ ᠲᠤ ᠣᠷᠣᠪᠠ᠃ | ᠨᠡᠭᠦᠷᠡᠰᠦ ᠶᠢ ᠰᠤᠯᠠ ᠰᠢᠳᠠᠭᠠᠬᠤ ᠶᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠰᠢ ᠰᠦᠷᠡᠯ | ᠰᠢᠲᠠᠭᠠᠬᠤ ᠶᠢ ᠴᠠᠭᠠᠵᠠᠯᠠᠬᠤ ᠪᠠ ᠬᠤᠭ ᠲᠣᠭᠤᠰᠣ ᠶᠢ ᠴᠠᠪᠡᠷᠯᠡᠨ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠳᠬᠠᠵᠤ᠂ ᠠᠭᠠᠷ ᠤᠨ ᠴᠡᠪᠡᠷᠴᠠ ᠶᠢᠨ ᠨᠣᠷᠮ᠎ᠠ 94.7% ᠳᠤ ᠬᠦᠷᠪᠡ᠃ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢ ᠯᠠᠪᠳᠠᠭᠤᠨ ᠠᠬᠢᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ | ᠪᠢᠲᠡᠭᠦᠮᠵᠢᠯᠡᠬᠦ ᠢᠨᠵᠧᠨᠧᠷᠢᠩ ᠢ ᠪᠠᠶᠡᠯᠡᠬᠦᠯᠵᠦ᠂ ᠰᠠᠭᠤᠭᠠᠯᠢ ᠠᠷᠠᠳ ᠤᠨ ᠤᠰᠦ ᠤᠮᠳᠠ ᠶᠢᠨ ᠠᠮᠤᠷ ᠲᠦᠪᠰᠢᠨ ᠢ | ᠪᠠᠳᠤᠯᠠᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠦᠨ᠂ ᠤᠰᠤᠯᠠᠯᠲᠠ ᠶᠢᠨ ᠮᠠᠰᠢᠨ ᠬᠤᠳᠳᠤᠭ ᠤᠨ ᠣᠶᠤᠨᠴᠢ | ᠬᠡᠮᠵᠢᠯᠲᠡ ᠶᠢᠨ ᠪᠡᠯᠡᠳᠬᠡᠮᠵᠢ ᠶᠢ 4016 ᠢᠵᠢ ᠤᠭᠰᠠᠷᠠᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ | ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠦᠨᠳᠦᠰᠦᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 150 ᠲᠦᠮᠡᠨ ᠮᠥ ᠨᠤᠲᠤᠭ ᠪᠡᠯᠴᠢᠭᠡᠷ ᠤᠨ | ᠳᠠᠭᠠᠳᠬᠠᠯ᠂ 1 ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠬᠦᠬᠡᠯᠳᠠ ᠪᠠ 6419 ᠮᠥ ᠡᠵᠡᠭᠦᠶ | ᠨᠦᠬᠡ ᠶᠢ ᠵᠠᠰᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ 29.7% ᠳᠤ ᠬᠥᠷᠪᠡ᠃ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ | ᠵᠠᠰᠠᠬᠤ ᠬᠦᠳᠡᠯᠬᠡᠬᠡᠨ ᠢ ᠭᠦᠨᠵᠡᠭᠡᠶ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠦᠬᠦᠨ ᠢ ᠲᠣᠭᠲᠠᠭᠰᠠᠨ | ᠬᠤᠭᠤᠴᠠᠭᠠᠨ ᠳᠤ ᠪᠡᠶᠡᠯᠡᠬᠦᠯᠪᠠ᠃ ᠪᠤᠶᠢᠨ ᠰᠦᠮ᠎ᠡ ᠶᠢᠨ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ 0.9 ᠲᠡᠭᠰᠢ ᠳᠥᠷᠪᠡᠯᠵᠢᠨ | ᠺᠢᠯᠤᠮᠧᠲᠷ ᠤᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠵᠦ᠂ ᠮᠡᠳᠡᠭᠳᠡᠮ᠎ᠡ ᠦᠷ᠎ᠡ ᠪᠦᠲᠦᠮᠵᠢ | ᠣᠯᠪᠠ᠃ ᠮᠠᠯ ᠵᠢᠭᠦᠷᠲᠡᠨ ᠤ ᠢᠯᠭᠠᠳᠠᠰᠦ ᠶᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠲᠠᠷᠢᠶᠠᠯᠠᠩ ᠤᠨ ᠬᠠᠶᠠᠭᠳᠠᠮᠠᠯ | ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ ᠲᠣᠰ ᠲᠣᠰ 90%᠂ 80%᠂ 85% ᠳᠤ ᠬᠦᠷᠬᠡᠵᠦ᠂ ᠲᠠᠷᠢᠶᠠᠯᠠᠩ ᠤᠨ ᠪᠣᠬᠢᠷᠲᠤᠯ ᠢ ᠪᠦᠲᠦᠮᠵᠢᠲᠡᠶ | ᠰᠡᠷᠭᠡᠶᠢᠯᠡᠨ ᠡᠵᠡᠮᠳᠡᠪᠡ᠃ | ᠵᠢᠯ ᠲᠤᠷᠰᠢ᠂ ᠪᠢᠳᠡ ᠡᠷᠡᠰ ᠭᠤᠶᠢᠪᠢᠰᠢ ᠦᠭᠡᠢ ᠪᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ︽ᠳᠥᠷᠪᠡ ᠶᠢ | ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠷ᠎ᠡ ᠪᠦᠳᠦᠮᠵᠢ ᠶᠢ ᠪᠠᠬᠢᠵᠢᠬᠦᠯᠦᠨ | ᠠᠬᠢᠭᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠣᠳᠠᠲᠤ ᠦᠷ᠎ᠡ ᠪᠦᠲᠦᠮᠵᠢ ᠲᠠᠢ | ᠪᠣᠯᠭᠠᠬᠤ ᠶᠢ ᠲᠦᠯᠬᠢᠨ ᠠᠬᠢᠭᠤᠯᠪᠠ᠃ ᠪᠥᠬᠦ ᠵᠢᠯ ᠳᠤ 3648 ᠵᠤᠷᠪᠤᠰ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ | ᠠᠪᠴᠦ᠂ ︽ᠲᠠᠪᠤ ᠶᠢ ᠨᠦᠬᠦᠪᠦᠷᠢᠯᠡᠬᠦ︾ ᠠᠷᠭ᠎ᠠ ᠬᠡᠮᠵᠢᠶ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠂ ᠭᠠᠩ | ᠤᠨ ᠪᠠᠶᠢᠳᠠᠯ ᠪᠠ ᠬᠢᠵᠢᠭ ᠤᠨ ᠪᠠᠶᠢᠳᠠᠯ ᠠᠴᠠ ᠪᠣᠯᠤᠭᠰᠠᠨ ᠳᠠᠬᠢᠨ ᠶᠠᠳᠠᠭᠤᠷᠠᠬᠤ ᠲᠦᠭᠰᠢᠭᠦᠷᠢ ᠶᠢ ᠠᠷᠢᠯᠭᠠᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠴᠥᠮ 1.8 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠨ᠂ ︽ᠬᠤᠶᠠᠷ ᠢ | ᠥᠨᠳᠥᠷ ᠪᠠᠶᠢᠯᠭᠠᠬᠤ︾ ᠬᠠᠷᠠᠯᠲᠠ ᠶᠢ ᠪᠡᠶᠠᠯᠡᠬᠦᠯᠪᠠ᠃ 3.93 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | 37 ᠠᠵᠤ ᠦᠢᠯᠡᠰ ᠤᠨ ᠲᠥᠷᠦᠯ ᠵᠦᠢᠯ ᠪᠠ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠢᠭᠤᠯᠤᠯᠲᠠ ᠶᠢᠨ 44 ᠲᠥᠷᠦᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠂ ᠥᠪᠡᠷᠲᠡᠭᠡᠨ ᠵᠠᠰᠠᠬᠤ ᠣᠷᠣᠨ ᠢ | ᠲᠥᠯᠥᠭᠡᠯᠡᠨ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠬᠢᠨᠠᠨ ᠰᠢᠯᠭᠠᠯᠲᠠ ᠶᠢ ᠦᠩᠭᠡᠷᠡᠬᠡᠨ ︽ | ᠰᠠᠶᠢᠨ︾ ᠳᠡᠰ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠪᠠᠷ ᠵᠢᠭᠰᠠᠭᠳᠠᠪᠠ᠃ 63 ᠡᠷᠦᠬᠡ ᠶᠢᠨ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠵᠠᠰᠠᠵᠤ᠂ ᠤᠰᠤ ᠪᠠᠷ ᠴᠡᠪᠡᠷᠯᠡᠬᠦ 754 ᠵᠣᠷᠯᠣᠩ ᠢ ᠰᠢᠨ᠎ᠡ ᠪᠠᠷ ᠪᠠᠶᠢᠭᠤᠯᠤᠨ᠂ ᠬᠤᠭ | ᠨᠣᠪᠰᠢ ᠰᠢᠳᠠᠭᠠᠨ ᠰᠢᠢᠳᠪᠦᠷᠢᠯᠡᠬᠦ ᠨᠡᠬᠦᠳᠡᠯ ᠲᠡᠷᠭᠡ 1 ᠶᠢ ᠬᠤᠳᠠᠯᠳᠤᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠲᠣᠣᠷᠵᠢᠭᠤᠯᠤᠭᠰᠠᠨ ᠬᠠᠮᠢᠶᠠᠷᠤᠯᠲᠠ ᠪᠠᠷ | ᠲᠦᠰᠢᠭ ᠪᠣᠯᠭᠠᠵᠤ᠂ ︽ᠨᠢᠭᠡ ᠬᠡᠷ᠎ᠡ ᠳᠥᠷᠪᠡᠨ ᠬᠤᠷᠠᠯ︾ ᠢᠶᠠᠷ ᠬᠦᠴᠦᠯᠡᠬᠦ ᠴᠡᠭ ᠪᠤᠯᠭᠠᠨ᠂ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ ᠪᠠ ᠮᠣᠷᠠᠯ ᠢᠶᠠᠷ ᠵᠠᠰᠠᠬᠤ ᠵᠡᠷᠬᠡ ︽ᠭᠤᠷᠪᠠᠨ ᠵᠠᠰᠠᠬᠤ ᠶᠢ ᠨᠢᠬᠡ ᠤᠶᠠᠯᠳᠤᠭᠤᠯᠤᠭᠰᠠᠨ︾ | ᠬᠥᠳᠡᠭᠡ ᠲᠣᠰᠬᠤᠨ ᠢ ᠰᠠᠶᠢᠲᠤᠷ ᠵᠠᠰᠠᠬᠤ ᠪᠦᠳᠦᠴᠡ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠬᠥᠳᠡᠭᠡ | ᠲᠣᠰᠬᠤᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ | ᠵᠢᠯ ᠲᠤᠷᠰᠢ᠂ ᠪᠢᠳᠡ ᠰᠠᠭᠤᠷᠢ ᠶᠢ ᠲᠣᠭᠲᠠᠭᠤᠨ ᠪᠠᠶᠢᠯᠭᠠᠬᠤ ᠶᠢ ᠨᠢᠭᠡᠳᠦᠯᠲᠡᠶ ᠲᠥᠯᠥᠪᠵᠢᠭᠦᠯᠦᠨ᠂ ᠬᠤᠲᠠ | ᠬᠥᠳᠡᠭᠡ ᠶᠢᠨ ᠳᠦᠷᠰᠦ ᠪᠠᠶᠢᠳᠠᠯ ᠰᠢᠨ᠎ᠡ ᠬᠤᠪᠢᠷᠠᠯᠲᠠ ᠭᠠᠷᠪᠠ᠃ | ᠬᠤᠲᠠ ᠪᠠᠯᠭᠠᠰᠤᠨ ᠤ ᠴᠢᠳᠠᠮᠵᠢ ᠡᠳᠦᠷ ᠢᠷᠡᠬᠦᠶ᠎ᠡ ᠲᠡᠬᠦᠯᠳᠡᠷᠵᠢᠪᠠ᠃ ᠬᠤᠲᠠ ᠪᠠᠯᠭᠠᠰᠤᠨ ᠤ ᠳᠤᠲᠠᠭᠤᠳᠠᠯ ᠤᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠤᠨ᠂ ᠨᠡᠶᠢᠲᠡ 1.26 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠸᠧᠢᠢᠵᠢᠩ ᠵᠠᠮ ᠵᠢᠴᠢ ᠢᠵᠢ ᠪᠥᠷᠢᠳᠦᠭᠰᠡᠨ ᠬᠤᠭᠤᠯᠠᠶ ᠲᠤᠤᠷ ᠤᠨ ᠲᠥᠷᠥᠯ ᠵᠤᠶᠢᠯ ᠪᠠ ᠬᠤᠲᠠ ᠪᠠᠯᠭᠠᠰᠤᠨ ᠤ | ᠤᠰᠤ ᠬᠠᠩᠭᠠᠬᠤ ᠦᠢᠯᠡᠳᠪᠦᠷᠢ ᠵᠢᠴᠢ ᠬᠤᠭᠤᠯᠠᠶ ᠲᠤᠤᠷ ᠤᠨ ᠲᠥᠷᠥᠯ ᠵᠤᠶᠢᠯ ᠢ ᠪᠡᠶᠡᠯᠡᠭᠦᠯᠵᠦ᠂ 9.29 ᠲᠦᠮᠡᠨ | ᠲᠡᠭᠰᠢ ᠳᠥᠷᠪᠡᠯᠵᠢᠨ ᠮᠧᠲᠷ ᠤᠨ ᠶᠠᠪᠠᠭᠠᠨ ᠬᠥᠮᠦᠨ ᠤ ᠵᠠᠮ ᠳᠡᠪᠢᠰᠴᠦ᠂ ᠠᠭᠤᠳᠠᠮ ᠲᠠᠯᠠᠪᠠᠶ ᠶᠢᠨ 1846 ᠳ᠋ᠧᠩ ᠢ | ᠰᠣᠯᠢᠵᠤ᠂ ᠡᠯ᠎ᠡ ᠲᠥᠷᠥᠯ ᠤᠨ ᠬᠤᠭ ᠨᠣᠪᠰᠢ ᠶᠢᠨ 1010 ᠬᠠᠶᠢᠷᠴᠠᠭ᠂ ᠴᠠᠬᠢᠯᠭᠠᠨ ᠬᠥᠳᠡᠯᠭᠡᠭᠦᠷᠲᠦ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ 180 ᠲᠡᠷᠭᠡ ᠲᠣᠬᠢᠷᠠᠭᠤᠯᠵᠤ᠂ 3781 ᠲᠡᠷᠭᠡᠨ ᠵᠣᠭᠰᠣᠭᠠᠯ ᠢ ᠵᠠᠭᠠᠭᠯᠠᠨ | ᠲᠣᠭᠲᠠᠭᠠᠵᠤ᠂ 2.7 ᠺᠢᠯᠣᠮᠧᠲᠷ ᠤᠨ ᠵᠠᠮ ᠢ ᠲᠤᠰᠠᠭᠠᠷᠯᠠᠬᠤ ᠬᠡᠷᠡᠰᠬᠡ ᠨᠡᠮᠡᠨ ᠤᠭᠰᠠᠷᠠᠵᠤ᠂ ᠪᠦᠬᠦ ᠬᠤᠳᠠ ᠳᠠᠭᠠᠨ | ᠦᠵᠦᠬᠦᠷᠯᠡᠭᠰᠡᠨ ᠰᠢᠯᠢᠳᠡᠭ ᠬᠢᠷᠢ ᠪᠦᠳᠦᠮᠵᠢ ᠪᠠᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ | ᠴᠤᠭᠴᠠᠯᠠᠨ ᠪᠠᠶᠢᠭᠤᠯᠪᠠ᠃ 1.23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠠᠢ ᠾᠧ ᠬᠤᠸᠠ ᠶᠤᠸᠠᠨ | ᠬᠤᠷᠢᠶᠠᠯᠠᠯ ᠤᠨ ᠲᠠᠭᠳᠦ ᠰᠠᠭᠤᠴᠠ᠂ ᠪᠢ ᠱᠧᠩ ᠶᠤᠸᠠᠨ ᠪᠠᠷᠠᠭᠤᠨ ᠲᠣᠭᠤᠷᠢᠭ ᠵᠡᠷᠭᠡ ᠬᠤᠷᠢᠶᠠᠯᠠᠯ ᠢ ᠪᠦᠲᠦᠭᠡᠨ | ᠪᠠᠶᠢᠭᠤᠯᠵᠤ᠂ 9 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢ ᠲᠠᠭᠤᠰᠬᠠᠪᠠ᠃ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ 381 ᠡᠷᠦᠬᠡ ᠰᠠᠭᠤᠭᠠᠯᠢ ᠠᠷᠠᠳ | ᠤᠨ ᠰᠠᠭᠤᠬᠤ ᠤᠷᠴᠢᠨ ᠲᠤᠭᠤᠷᠢᠨ ᠢᠯᠡᠳᠳᠠ ᠰᠠᠶᠢᠵᠢᠷᠠᠪᠠ᠃ ︽ᠭᠠᠷᠳᠠᠨ ᠬᠦᠢᠴᠡᠳᠬᠡᠬᠦ ᠳᠤ ᠬᠦᠴᠢᠷᠲᠡᠶ︾ | ᠠᠰᠠᠭᠤᠳᠠᠯ ᠢ ᠢᠳᠡᠪᠬᠢᠲᠡᠶ ᠰᠢᠢᠳᠪᠦᠷᠢᠯᠡᠨ᠂ ᠨᠡᠶᠢᠲᠡ 70 ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠤᠶᠢᠯ | ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠠᠩᠰᠠᠯᠠᠬᠤ 8079 ᠢᠵᠢ ᠶᠢ ᠪᠡᠶᠡᠯᠡᠭᠦᠯᠵᠦ᠂ | ᠳᠠᠩᠰᠠᠯᠠᠬᠤ ᠨᠣᠷᠮ᠎ᠠ 83% ᠳᠤ ᠬᠥᠷᠪᠡ᠃ ᠵᠡᠭᠡᠯᠢ ᠭᠤᠳᠤᠮᠵᠢ ᠶᠢ ᠨᠤᠭᠤᠭᠠᠷᠠᠭᠤᠯᠵᠦ᠂ ᠴᠡᠴᠡᠷᠯᠢᠭ ᠢ ᠰᠢᠨᠡᠳᠬᠡᠨ | ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠪᠠᠶᠢᠭᠤᠯᠵᠦ ᠲᠠᠭᠤᠰᠬᠠᠭᠰᠠᠨ ᠲᠣᠭᠤᠷᠢᠭ ᠤᠨ | ᠨᠤᠭᠤᠭᠠᠷᠠᠭᠤᠯᠤᠯᠳᠠ ᠶᠢᠨ ᠲᠠᠯᠠᠪᠠᠶ 508 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠨᠤᠭᠤᠭᠠᠷᠠᠭᠤᠯᠤᠯᠳᠠ ᠶᠢᠨ ᠨᠣᠷᠮ᠎ᠠ 32.5% ᠳᠤ ᠬᠦᠷᠴᠦ᠂ ᠬᠥᠮᠦᠨ ᠳᠤᠮᠳᠠᠴᠢ ᠶᠢᠨ ᠨᠤᠭᠤᠭᠠᠷᠠᠭᠤᠯᠤᠯᠳᠠ ᠶᠢᠨ | ᠲᠠᠯᠠᠪᠠᠶ 14.2 ᠲᠡᠭᠰᠢ ᠳᠥᠷᠪᠡᠯᠵᠢᠨ ᠮᠧᠲᠷ ᠲᠤ ᠬᠦᠷᠪᠡ᠃ | ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠰᠢᠯᠢᠳᠡᠭᠵᠢᠪᠡ᠃ 42 ᠮᠠᠰᠢᠨ ᠬᠤᠳᠳᠤᠭ ᠢ ᠰᠢᠨ᠎ᠡ ᠪᠠᠷ ᠮᠠᠯᠲᠠᠵᠤ᠂ | ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠬᠥᠯᠳᠡᠬᠦ ᠶᠢ ᠰᠡᠷᠭᠡᠶᠢᠯᠡᠬᠦ 108 ᠢᠨᠵᠧᠨᠧᠷᠢᠩ᠂ ᠲᠥᠪᠯᠡᠷᠡᠭᠦᠯᠦᠨ ᠤᠰᠤ | ᠬᠠᠩᠭᠠᠬᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ 189 ᠢᠨᠵᠧᠨᠧᠷᠢᠩ ᠢ ᠪᠡᠶᠡᠯᠡᠭᠦᠯᠵᠦ᠂ ᠮᠠᠯᠴᠢᠨ | ᠲᠠᠷᠢᠶᠠᠴᠢᠨ ᠤ ᠤᠤᠭᠤᠬᠤ ᠤᠰᠤ ᠨᠠᠩ ᠠᠮᠤᠷ ᠲᠦᠪᠰᠢᠨ ᠪᠣᠯᠪᠠ᠃ ᠤᠯᠤᠰ ᠤᠨ ᠵᠠᠮ ᠤᠨ 335 ᠳ᠋ᠤᠭᠠᠷ | ᠱᠤᠭᠤᠮ ᠤᠨ ᠵᠠᠰᠠᠮᠠᠯ ᠵᠠᠮ ᠤᠨ ᠬᠥᠬᠡᠪᠦᠷ ᠠᠴᠠ ᠤᠯᠠᠭᠠᠨᠬᠤᠸᠠ ᠬᠦᠷᠬᠦ ︵ᠳᠥᠷᠪᠡᠳ ᠬᠤᠰᠢᠭᠤᠨ ᠤ ᠬᠡᠰᠡᠭ︶ | ᠨᠢᠭᠡᠳᠦᠭᠡᠷ ᠳᠡᠰ ᠤᠨ ᠬᠤᠣᠰ ᠵᠤᠷᠪᠤᠰ ᠵᠠᠰᠠᠮᠠᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠠᠶᠢᠭᠤᠯᠵᠤ᠂ | ᠭᠡᠭᠡᠨᠲᠠᠯ᠎ᠠ ᠠᠴᠠ ᠬᠤᠩᠭᠤᠷ ᠰᠤᠮᠤ ᠬᠦᠷᠬᠦ ᠭᠤᠷᠪᠠᠳᠤᠭᠠᠷ ᠳᠡᠰ ᠤᠨ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠤᠨ | ᠲᠠᠭᠤᠰᠬᠠᠵᠦ ᠲᠡᠷᠭᠡ ᠨᠡᠪᠳᠡᠷᠡᠬᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ | ᠦᠵᠡᠬᠦᠯᠪᠠ᠃ ᠬᠤᠩᠭᠤᠷ ᠠᠴᠠ ᠵᠠᠩᠭᠠᠨ ᠬᠦᠷᠬᠦ 110 ᠺᠢᠯᠤᠸᠤᠯᠲ II ᠤᠨ ᠪᠤᠴᠠᠯᠲᠠ ᠶᠢᠨ ᠱᠤᠭᠤᠮ ᠤᠨ | ᠢᠨᠵᠧᠨᠧᠷᠢᠩ ᠢ ᠬᠡᠷᠡᠭᠵᠢᠭᠦᠯᠵᠦ᠂ 110 ᠺᠢᠯᠤᠸᠤᠯᠲ ᠤᠨ ᠬᠦᠨᠳᠠᠢ ᠱᠤᠭᠤᠮ ᠢ 60 ᠺᠢᠯᠣᠮᠧᠲᠷ ᠰᠢᠨ᠎ᠡ ᠪᠠᠷ | ᠪᠠᠶᠢᠭᠤᠯᠵᠦ᠂ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠬᠦᠨᠳᠡᠢ ᠱᠤᠭᠤᠮ ᠢ 890 ᠺᠢᠯᠤᠮᠧᠲᠷ | ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠨᠠᠩ ᠪᠠᠲᠤᠯᠠᠭ᠎ᠠ ᠲᠠᠢ ᠪᠣᠯᠭᠠᠪᠠ᠃ 858 | ᠮᠠᠯᠴᠢᠨ ᠡᠷᠦᠬᠡ ᠳᠤ ᠲᠣᠣᠷᠴᠢᠯᠠᠭᠰᠠᠨ ᠴᠠᠬᠢᠯᠭᠠᠨ ᠨᠡᠪᠲᠡᠷᠡᠭᠦᠯᠵᠦ᠂ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠨᠡᠩ ᠳᠥᠭᠦᠮ ᠦᠵᠡᠭᠦᠯᠪᠡ᠃ 5G ᠶᠢᠨ ᠰᠠᠭᠤᠷᠢ ᠥᠷᠲᠡᠭᠡ ᠶᠢ 85 ᠰᠠᠤᠷᠢ ᠪᠣᠯᠭᠠᠵᠤ᠂ ᠬᠤᠲᠠ | ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠳᠤ 5G ᠶᠢᠨ ᠰᠤᠷᠠᠭ ᠳᠣᠬᠢᠶ᠎ᠠ᠂ ᠭᠡᠷᠡᠯ ᠰᠢᠷᠬᠡᠭ ᠤᠨ ᠴᠠᠬᠢᠮ | ᠬᠤᠯᠪᠤᠭ᠎ᠠ ᠶᠢ ᠪᠦᠬᠦᠨ ᠢ ᠪᠦᠷᠬᠦᠭᠦᠯᠬᠦ ᠶᠢ ᠪᠡᠶᠡᠯᠡᠬᠦᠯᠪᠠ᠃ | ᠵᠢᠯ ᠲᠤᠷᠰᠢ᠂ ᠪᠢᠳᠡ ᠰᠢᠨ᠎ᠡ ᠬᠤᠪᠢᠷᠠᠯᠲᠠ ᠶᠢ ᠡᠷᠢᠯᠬᠢᠯᠡᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠰᠢᠨ᠎ᠡ ᠦᠷ᠎ᠡ ᠪᠦᠲᠦᠮᠵᠢ ᠤᠯᠪᠠ᠃ | ︽ᠲᠠᠪᠤ ᠶᠢ ᠪᠠᠶᠢᠴᠠᠭᠠᠨ ᠢᠯᠡᠷᠡᠬᠦᠯᠬᠦ︾ ᠠᠵᠢᠯᠯᠠᠭ᠎ᠠ ᠶᠢ ᠥᠨᠳᠥᠷ ᠪᠦᠲᠦᠮᠵᠢᠲᠡᠢ ᠠᠬᠢᠭᠤᠯᠵᠤ᠂ ᠵᠥᠪᠰᠢᠶᠡᠷᠡᠬᠦ ᠶᠢ | ᠬᠦᠯᠢᠶᠡᠵᠦ ᠪᠠᠶᠢᠭ᠎ᠠ ᠲᠥᠷᠦᠯ ᠵᠦᠢᠯ ᠤᠨ ᠭᠠᠷ ᠭᠦᠢᠴᠡᠳᠬᠡᠯ ᠢ ᠪᠦᠬᠦᠨ ᠢ ᠬᠢᠵᠦ ᠳᠠᠭᠤᠰᠬᠠᠨ᠂ ᠵᠥᠪᠰᠢᠶᠡᠷᠡᠭᠰᠡᠨ | ᠪᠣᠯᠪᠠᠴᠤ ᠰᠢᠢᠳᠪᠦᠷᠢᠯᠡᠳᠦᠢ 107 ᠾᠧᠺᠲ᠋ᠠᠷ ᠭᠠᠵᠠᠷ ᠰᠢᠷᠣᠢ ᠶᠢᠨ ᠠᠰᠠᠭᠤᠳᠠᠯ ᠢ ᠰᠢᠢᠳᠪᠦᠷᠢᠯᠡᠵᠦ᠂ 1754 | ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠬᠤᠷᠢᠶᠠᠨ ᠠᠪᠴᠤ᠂ ᠵᠢᠶᠠ ᠬᠤᠢ ᠴᠠᠬᠢᠭᠤᠷ ᠤᠨ | ᠦᠢᠯᠡᠰ ᠤᠨ ᠺᠣᠮᠫᠠᠨᠢ ᠶᠢᠨ ᠳᠠᠬᠢᠨ ᠴᠡᠭᠴᠡᠯᠡᠯᠲᠡ ᠪᠣᠳᠠᠲᠤ ᠠᠬᠢᠯᠲᠠ ᠲᠠᠢ ᠪᠣᠯᠪᠠ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠦᠢᠯᠡᠴᠢᠯᠡᠬᠡᠨ ᠤ | 315 ᠵᠤᠶᠢᠯᠠᠰ ᠢ ᠡᠮᠬᠢᠯᠡᠨ ᠳᠢᠭᠯᠡᠵᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ 576 ᠬᠡᠷᠡᠭ ᠢ | ᠰᠢᠢᠳᠪᠦᠷᠢᠯᠡᠨ᠂ 118 ᠬᠡᠷᠡᠭ ᠢ ᠴᠦᠮ ᠨᠢᠭᠡ ᠯᠡ ᠤᠳᠠᠭ᠎ᠠ ᠳᠤ ᠬᠦᠢᠴᠡᠳᠬᠡᠪᠡ᠃ ︽ᠲᠠᠪᠤ ᠶᠢ ᠬᠠᠰᠤᠵᠤ | ᠨᠢᠭᠡ ᠶᠢ ᠰᠢᠯᠢᠳᠡᠭᠵᠢᠭᠦᠯᠬᠦ︾ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠲᠠᠷᠠᠭᠠᠯᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ 2716 ᠲᠦᠮᠡᠨ ᠲᠥᠭᠦᠷᠢᠭ ᠤᠨ ᠭᠠᠶᠢᠯᠢ ᠶᠢ ᠪᠠᠷᠢᠴᠠᠭᠠᠯᠠᠨ ᠪᠤᠴᠠᠭᠠᠵᠦ᠂ ︽ | ᠵᠢᠷᠭᠤᠭᠠᠨ ᠭᠠᠶᠢᠯᠢ ᠬᠤᠶᠠᠷ ᠰᠦᠢᠳᠬᠡᠯ︾ ᠤᠨ ᠬᠠᠭᠠᠰ ᠢ ᠬᠠᠰᠤᠨ 2726 ᠲᠦᠮᠡᠨ ᠲᠥᠭᠦᠷᠢᠭ ᠲᠠᠳᠠᠪᠤᠷᠢᠯᠠᠪᠠ᠃ | ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ | ᠠᠮᠵᠢᠯᠲᠠ ᠲᠠᠢ ᠳᠠᠭᠤᠰᠬᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ︽ | ᠳᠥᠷᠪᠡᠳ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠲᠦᠷ ᠬᠡᠷᠡᠭᠵᠢᠭᠦᠯᠬᠦ ᠲᠣᠭᠲᠠᠭᠠᠯ︾᠂ ︽ᠳᠥᠷᠪᠡᠳ ᠬᠤᠰᠢᠭᠤᠨ ᠤ 2022 ᠣᠨ ᠤ ᠠᠵᠤ | ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠶᠢᠨ ᠬᠤᠪᠢᠶᠠᠷᠢᠯᠠᠯ︾ ᠢ ᠲᠣᠭᠲᠠᠭᠠᠨ | ᠨᠡᠶᠢᠲᠡᠯᠡᠵᠦ᠂ 69 ᠲᠦᠷᠦᠯ ᠵᠤᠶᠢᠯ ᠤᠨ ᠭᠡᠷ᠎ᠡ ᠲᠣᠭᠲᠠᠵᠤ᠂ ᠵᠥᠪᠳᠡᠯᠴᠡᠬᠡᠷ ᠤᠨ ᠶᠡᠷᠦᠩᠬᠡᠶ ᠪᠠᠯᠠ ᠣᠷᠣᠭᠤᠯᠤᠯᠲᠠ᠂ | ᠲᠦᠷᠦᠯ ᠵᠤᠶᠢᠯ ᠢ ᠡᠬᠢᠯᠡᠬᠦᠯᠦᠭᠰᠡᠨ ᠨᠤᠷᠮ᠎ᠠ ᠪᠠ ᠨᠠᠶᠢᠳᠠᠪᠤᠷᠢᠵᠢᠭᠰᠠᠨ ᠪᠡᠯᠡ ᠮᠦᠩᠭᠦ ᠨᠢ ᠴᠥᠮ ᠪᠥᠬᠦ ᠬᠤᠲᠠ ᠶᠢᠨ | ᠲᠡᠷᠢᠭᠦᠨ ᠳᠤ ᠣᠷᠣᠪᠠ᠃ | ᠵᠢᠯ ᠲᠤᠷᠰᠢ᠂ ᠪᠢᠳᠡ ᠪᠦᠬᠦ ᠬᠦᠴᠦᠨ ᠢᠶᠠᠷ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠰᠢᠨ᠎ᠡ ᠲᠦᠪᠰᠢᠨ ᠳᠤ ᠬᠦᠷᠭᠡᠪᠡ᠃ | ᠨᠡᠶᠢᠭᠡᠮ ᠤᠨ ᠪᠠᠲᠤᠯᠠᠭ᠎ᠠ ᠡᠳᠦᠷ ᠢᠷᠡᠬᠦᠶ᠎ᠡ ᠪᠦᠷᠢᠨᠰᠢᠪᠡ᠃ 82% ᠠᠴᠠ ᠳᠡᠭᠡᠭᠰᠢᠬᠢ ᠡᠳ᠋ ᠤᠨ ᠵᠠᠰᠠᠭ ᠤᠨ | ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠬᠦ ᠶᠢ ᠪᠠᠷᠢᠮᠲᠠᠯᠠᠵᠤ᠂ ᠪᠥᠬᠦ ᠵᠢᠯ ᠳᠤ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠶᠢ ᠠᠰᠠᠷᠠᠨ ᠲᠡᠵᠢᠭᠡᠬᠦ᠂ ᠲᠦᠷ ᠴᠠᠭ | ᠠᠪᠤᠷᠠᠨ ᠲᠤᠰᠠᠯᠠᠬᠤ ᠵᠡᠷᠭᠡ ᠡᠯ᠎ᠡ ᠲᠥᠷᠥᠯ ᠤᠨ ᠨᠥᠬᠦᠪᠥᠷᠢ ᠪᠠᠯᠠ ᠮᠥᠩᠭᠦ ᠶᠢ 1.62 ᠳ᠋ᠦᠩᠰᠢᠭᠤᠷ ᠲᠥᠭᠦᠷᠢᠭ | ᠲᠠᠷᠬᠠᠭᠠᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠢᠷᠢ ᠲᠦᠪᠰᠢᠨ ᠲᠤᠭᠳᠠᠭᠤᠨ ᠢᠶᠠᠷ ᠲᠡᠬᠡᠭᠰᠢᠯᠡᠪᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ | ᠲᠤᠭ᠎ᠠ 14.5 ᠲᠦᠮᠡᠨ ᠬᠦᠮᠦᠨ ᠳᠤ ᠬᠦᠷᠴᠦ᠂ ᠪᠥᠬᠦ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ 1. | 06 ᠳ᠋ᠦᠩᠰᠢᠭᠤᠷ ᠲᠥᠭᠦᠷᠢᠭ ᠲᠤᠰᠢᠶᠠᠪᠠ᠃ ᠬᠤᠲᠠ ᠪᠠᠯᠭᠠᠰᠤᠨ ᠤ 1372 ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 3.99% ᠶᠢᠨ ᠳᠣᠲᠣᠷ᠎ᠠ ᠬᠢᠵᠠᠭᠠᠷᠯᠠᠪᠠ᠃ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ 6 ᠥᠷᠲᠡᠭᠡ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ | ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ 2 ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ᠂ | ᠴᠠᠩ ᠱᠧᠤ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠠᠰᠤᠵᠢᠯ ᠤᠨ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠣᠷᠣᠰᠢᠭᠤᠯᠭ᠎ᠠ ᠶᠢᠨ ᠭᠠᠵᠠᠷ ᠢ | ᠪᠠᠶᠢᠭᠤᠯᠵᠤ ᠲᠠᠭᠤᠰᠬᠠᠨ ᠠᠰᠢᠭᠯᠠᠯᠲᠠ ᠳᠤ ᠤᠷᠤᠭᠤᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠰᠢᠨ᠎ᠡ ᠱᠠᠳᠤᠨ | ᠳᠤ ᠤᠷᠤᠪᠠ᠃ ᠲᠠᠷᠠᠬᠠᠶ ᠪᠤᠲᠠᠷᠬᠠᠶ ᠳᠤᠷ᠎ᠠ ᠪᠠᠷ ᠪᠤᠯᠠᠰᠢᠯᠠᠵᠤ ᠣᠷᠣᠰᠢᠭᠤᠯᠬᠤ ᠶᠢ ᠵᠠᠰᠠᠬᠤ ᠠᠵᠢᠯ ᠢ ᠢᠳᠡᠪᠬᠢᠲᠡᠶ | ᠠᠬᠢᠭᠤᠯᠵᠤ᠂ ︽ᠭᠤᠷᠪᠠᠨ ᠵᠠᠮ ᠳᠠᠭᠠᠤ ᠲᠤᠯᠤᠭᠠᠨ ᠲᠣᠭᠤᠷᠢᠭ︾ ᠤᠨ ᠬᠡᠪᠴᠢᠶᠡᠨ ᠳᠠᠬᠢ 1612 ᠣᠩᠭᠤᠨ ᠤ | ᠭᠠᠵᠠᠷ ᠢ ᠴᠡᠭᠴᠡᠯᠡᠨ ᠵᠠᠰᠠᠪᠠ᠃ ᠴᠡᠷᠢᠭ ᠤᠨ ᠠᠯᠪᠠᠨ ᠠᠴᠠ ᠪᠠᠭᠤᠭᠰᠠᠳ ᠲᠤ ᠬᠠᠷᠠᠭᠠᠯᠵᠠᠯ ᠦᠵᠡᠬᠦᠯᠦᠨ ᠦᠨᠡᠮᠯᠡᠯ | ᠣᠯᠭᠤᠬᠤ ᠠᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠠᠵᠢᠯ ᠢ ᠭᠦᠨᠵᠡᠭᠡᠢ ᠦᠷᠨᠢᠬᠦᠯᠦᠨ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠪᠡ᠃ | ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠰᠤᠷᠭᠠᠨ ᠬᠥᠮᠦᠵᠢᠯ ᠪᠡᠶ᠎ᠡ ᠲᠠᠮᠢᠷ ᠤᠨ ᠦᠢᠯᠡᠰ | ᠦᠳᠲᠡᠷ ᠲᠦᠷᠭᠡᠨ ᠬᠦᠭᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ | ᠵᠠᠬᠢᠷᠤᠯ ᠢ ᠰᠣᠩᠭᠤᠨ ᠤᠷᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠨᠳᠦᠷ ᠲᠤᠮᠳᠠᠳᠦ ᠶᠢᠨ ᠤᠯᠤᠰ | ᠤᠨ ᠰᠢᠯᠭᠠᠯᠲᠠ ᠶᠢᠨ ᠡᠯ᠎ᠡ ᠲᠥᠷᠥᠯ ᠤᠨ ᠵᠢᠩᠬᠢᠨᠢ ᠠᠩᠭᠢ ᠳᠤ ᠤᠷᠤᠭᠰᠠᠨ ᠨᠣᠷᠮ᠎ᠠ 54.7% ᠳᠤ ᠬᠦᠷᠴᠦ᠂ | ᠨᠢᠳᠤᠨᠤᠨ ᠤ ᠬᠢ ᠠᠴᠠ 3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠦᠬᠦ ᠬᠤᠳᠠ ᠶᠢᠨ ᠬᠤᠰᠢᠭᠤ ᠰᠢᠶᠠᠨ ᠤ | ᠬᠤᠶᠠᠳᠤᠭᠠᠷ ᠨᠠᠷᠠ ᠳᠤ ᠤᠷᠤᠵᠦ᠂ ᠠᠩᠬ᠎ᠠ ᠵᠡᠷᠬᠡ ᠶᠢᠨ ᠲᠤᠮᠳᠠᠳᠦ ᠰᠤᠷᠭᠠᠭᠤᠯᠢ ᠲᠡᠬᠦᠰᠬᠦ ᠰᠢᠯᠭᠠᠯᠳᠠ ᠶᠢᠨ | ᠶᠡᠷᠦᠩᠬᠡᠶ ᠬᠤᠪᠢ ᠨᠢ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠬᠤᠶᠠᠳᠤᠭᠠᠷ ᠲᠤ ᠣᠷᠣᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠪᠠ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤ ᠦᠶ᠎ᠡ ᠳᠠᠬᠢ ᠰᠤᠷᠭᠠᠭᠤᠯᠢ ᠳᠤ ᠪᠠᠨ ᠪᠠᠶᠢᠬᠤ ᠰᠤᠷᠤᠭᠴᠢ ᠶᠢᠨ ᠡᠵᠡᠯᠡᠬᠦ ᠬᠠᠷᠢᠴᠠᠯ ᠢ 13.9% ᠳᠤ ᠴᠢᠩᠭ᠎ᠠ | ᠵᠢᠷᠤᠮᠵᠢᠭᠤᠯᠤᠨ᠂ ᠵᠦᠶ ᠵᠣᠬᠢᠰᠲᠠᠶ ᠪᠦᠲᠦᠴᠡ ᠶᠢ ᠪᠠᠲᠤᠯᠠᠪᠠ᠃ ᠱᠠᠩ ᠳ᠋ᠧ ᠦᠨᠳᠦᠰᠦᠲᠡᠨ ᠤ ᠬᠡᠦᠬᠡᠳ ᠤᠨ | ᠴᠡᠴᠡᠷᠯᠢᠭ ᠪᠤᠯᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠠᠰᠠᠷ ᠢ ᠪᠠᠶᠢᠭᠤᠯᠤᠨ | ᠲᠠᠭᠤᠰᠬᠠᠵᠦ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ | ᠪᠠᠶᠢᠷᠢ ᠶᠢᠨ ᠭᠡᠷ ᠢ ᠥᠭᠡᠷᠡᠴᠢᠯᠡᠨ ᠰᠢᠨᠡᠳᠬᠡᠵᠦ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠨᠠᠩ | ᠲᠡᠭᠦᠯᠳᠡᠷᠵᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨᠴᠢ ᠪᠠᠷ ᠪᠡᠶ᠎ᠡ | ᠪᠠᠨ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾ ᠤᠨ ᠠᠵᠢᠯᠯᠠᠭ᠎ᠠ ᠶᠢ ᠲᠠᠭᠠᠭᠠᠴᠢᠯᠠᠨ ᠡᠷᠭᠢᠯᠡᠵᠦ᠂ ᠪᠥᠬᠦ | ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠠᠵᠢᠯᠯᠠᠭ᠎ᠠ ᠶᠢ ᠬᠠᠯᠠᠭᠤᠨ ᠥᠷᠨᠢᠯᠲᠡ ᠲᠠᠢ ᠪᠤᠯᠭᠠᠪᠠ᠃ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠡᠷᠴᠢᠮᠲᠡᠶ ᠪᠠᠶᠢᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠡᠷᠡᠭᠲᠡᠶ ᠶᠢᠨ ᠳᠤᠭᠤᠶᠢᠯᠠᠩ ︽ᠬᠤᠲᠠ ᠶᠢᠨ ᠳᠠᠷᠤᠭ᠎ᠠ ᠬᠤᠨᠳᠠᠭᠠᠲᠤ︾ | ᠤᠷᠤᠯᠳᠤᠭᠠᠨ ᠳᠤ ᠮᠠᠩᠯᠠᠶᠢᠯᠠᠪᠠ᠃ ᠡᠮᠴᠢᠯᠡᠭᠡᠨ ᠤ ᠠᠵᠢᠯ ᠦᠢᠯᠡᠰ ᠢ ᠭᠦᠨᠵᠡᠭᠡᠢ ᠠᠬᠢᠭᠤᠯᠵᠤ᠂ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠠᠯᠠᠭ᠎ᠠ ᠵᠢᠴᠢ ᠬᠠᠯᠠᠭᠤᠷᠠᠯ ᠤᠨ ᠡᠭᠦᠳᠡᠨ ᠡᠮᠨᠡᠯᠭᠡ ᠶᠢ | ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠠᠭᠤᠰᠬᠠᠵᠦ ᠠᠰᠢᠭᠯᠠᠯᠲᠠ ᠳᠤ ᠣᠷᠣᠭᠤᠯᠤᠨ᠂ ᠬᠦᠯᠢᠶᠡᠨ ᠠᠪᠴᠤ | ᠡᠮᠨᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠦᠪᠡᠷᠮᠢᠴᠠ | ᠣᠨᠴᠠᠯᠢᠭᠲᠤ ᠡᠮᠨᠡᠨ ᠵᠠᠰᠠᠬᠤ ᠲᠥᠪ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠰᠠᠯᠠᠭ᠎ᠠ ᠪᠤᠯᠤᠨ ᠠᠵᠢᠯ | ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠢᠯᠡᠳᠦᠯᠬᠡ ᠶᠢᠨ ᠵᠢᠭᠠᠨ ᠰᠤᠷᠭᠠᠯᠲᠠ ᠶᠢᠨ | ᠰᠠᠭᠤᠷᠢᠨ ᠭᠠᠵᠠᠷ ᠢ ᠫᠠᠶᠢᠰᠠ ᠡᠯᠭᠦᠨ ᠪᠠᠶᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠦᠪᠡᠷᠮᠢᠴᠠ ᠣᠨᠴᠠᠯᠢᠭᠲᠤ | ᠦᠢᠯᠡᠴᠢᠯᠡᠬᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠵᠡᠬᠦᠦ ᠲᠠᠷᠢᠬᠤ | ᠶᠣᠰᠣᠲᠠᠶ ᠶᠢ ᠨᠢ ᠪᠦᠬᠦᠨ ᠢ ᠲᠠᠷᠢᠭᠤᠯᠬᠤ︾ ᠬᠠᠷᠠᠯᠲᠠ ᠡᠭᠦᠷᠭᠡ ᠶᠢ ᠪᠡᠶᠡᠯᠡᠭᠦᠯᠵᠦ᠂ ᠮᠠᠯᠴᠢᠨ ᠲᠠᠷᠢᠶᠠᠴᠢᠳ ᠲᠤ | ᠬᠢᠵᠢᠭ ᠢ ᠰᠡᠷᠬᠡᠶᠢᠯᠡᠬᠦ ᠡᠮ 5 ᠲᠦᠮᠡᠨ ᠬᠤᠪᠢ ᠲᠠᠷᠬᠠᠭᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠱᠠᠳᠤᠴᠢ ᠴᠢᠨᠠᠷᠳᠠᠢ ᠦᠷ᠎ᠡ ᠪᠦᠳᠦᠮᠵᠢ ᠤᠯᠪᠠ᠃ ᠬᠤᠩᠭᠤᠷ ᠤᠨ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ ᠲᠠᠰᠤᠭ᠂ ᠪᠠᠶᠠᠨᠴᠣᠭᠲᠤ ᠪᠠᠯᠭᠠᠰᠤᠨ ᠤ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠵᠡᠮᠳᠡᠬᠦ ᠴᠢᠳᠠᠮᠵᠢ ᠤᠯᠠᠮ ᠨᠢᠬᠡ ᠠᠯᠬᠤᠮ ᠲᠡᠬᠡᠭᠰᠢᠯᠡᠪᠡ᠃ ᠰᠣᠶᠣᠯ ᠤᠨ ᠦᠢᠯᠡᠰ ᠴᠡᠴᠡᠭᠯᠡᠨ | ᠬᠥᠭᠵᠢᠵᠦ᠂ ᠬᠤᠷᠢᠳᠤᠭᠠᠷ ᠶᠡᠭᠡ ᠬᠤᠷᠠᠯ ᠢ ᠤᠭᠲᠤᠬᠤ ᠰᠢᠷᠢᠰ ᠰᠣᠶᠣᠯ ᠤᠨ ᠠᠵᠢᠯᠯᠠᠭ᠎ᠠ ᠶᠢ 21 ᠤᠳᠠᠭ᠎ᠠ | ᠡᠷᠬᠢᠯᠡᠪᠡ᠃ ᠬᠥᠳᠡᠭᠡ ᠪᠠᠭᠤᠵᠤ ᠲᠣᠭᠯᠠᠯᠲᠠ ᠭᠠᠷᠭᠠᠬᠤ ᠠᠵᠢᠯᠯᠠᠭ᠎ᠠ ᠶᠢ 94 ᠤᠳᠠᠭ᠎ᠠ ᠵᠣᠬᠢᠶᠠᠨ ᠪᠠᠶᠢᠭᠤᠯᠵᠤ᠂ 3. | 6 ᠲᠦᠮᠡᠨ ᠦᠵᠡᠭᠴᠢᠳ ᠲᠤ ᠠᠰᠢᠭ ᠬᠦᠷᠲᠡᠭᠡᠪᠡ᠃ ᠤᠯᠠᠭᠠᠨᠮᠥ᠋ᠴᠢᠷ ᠤᠨ ᠬᠥᠳᠡᠭᠡ ᠪᠠᠭᠤᠵᠤ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢ 80 ᠲᠠᠯᠠᠪᠤᠷ ᠤᠳᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ | ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ 7 ᠲᠣᠮᠣ ᠱᠠᠩᠨᠠᠯ ᠢ ᠬᠦᠷᠲᠡᠪᠡ᠃ ᠣᠶᠤᠨᠴᠢᠯᠠᠭᠰᠠᠨ ᠣᠯᠠᠨ | ᠨᠡᠶᠢᠲᠡ ᠶᠢᠨ ᠨᠣᠮ ᠤᠨ ᠰᠠᠩ ᠠᠰᠢᠭᠯᠠᠯᠲᠠ ᠳᠤ ᠣᠷᠣᠵᠤ᠂ ᠪᠦᠬᠦ ᠵᠢᠯ ᠳᠤ 2 ᠲᠦᠮᠡᠨ ᠤᠩᠰᠢᠭᠴᠢ ᠶᠢ ᠬᠦᠯᠢᠶᠡᠨ | ᠠᠪᠤᠪᠠ᠃ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠠᠮᠤᠷ ᠲᠦᠪᠰᠢᠨ ᠬᠥᠭᠵᠢᠯᠲᠡ ᠶᠢ | ᠡᠯ᠎ᠡ ᠬᠦᠷᠢᠶ᠎ᠠ ᠪᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠬᠢᠵᠠᠭᠠᠷ | ᠱᠤᠭᠤᠮ ᠢ ᠪᠠᠲᠤ ᠰᠠᠬᠢᠵᠤ᠂ ᠤᠯᠤᠰ ᠲᠦᠷᠦ᠂ ᠠᠵᠤ ᠠᠬᠤᠢ᠂ ᠨᠡᠶᠢᠭᠡᠮ ᠵᠡᠷᠭᠡ ᠭᠤᠣᠯᠳᠠᠯᠭ᠎ᠠ ᠲᠠᠢ ᠬᠦᠷᠢᠶᠡᠨ ᠳᠤ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠦᠭᠰᠡᠨ ᠦᠭᠡᠢ᠃ ᠥᠷᠢ ᠥᠭᠴᠡᠭᠡ ᠶᠢ ᠠᠷᠢᠯᠭᠠᠬᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠥᠷᠢ ᠥᠭᠴᠡᠭᠡ ᠶᠢ ᠠᠷᠢᠯᠭᠠᠬᠤ ᠠᠵᠢᠯ ᠢ ᠲᠦᠷᠭᠡᠳᠬᠡᠨ ᠠᠬᠢᠭᠤᠯᠵᠤ᠂ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠬᠠᠷᠠᠯᠲᠠ ᠡᠭᠦᠷᠭᠡ ᠪᠠᠨ ᠪᠡᠶᠡᠯᠡᠬᠦᠯᠪᠠ᠃ ᠤᠳᠤᠷᠢᠳᠤᠯᠭ᠎ᠠ | ᠠᠴᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠪᠠ ᠲᠦᠷᠦᠭᠦᠯᠡᠨ ᠵᠠᠬᠢᠳᠠᠯ | ᠰᠤᠷᠪᠤᠯᠵᠢᠯᠠᠯ ᠢ ᠬᠦᠯᠢᠶᠠᠨ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠵᠠᠬᠢᠳᠠᠯ | ᠰᠤᠷᠪᠤᠯᠵᠢᠯᠠᠯ ᠤᠨ ᠬᠡᠷᠡᠭ ᠢ ᠯᠠᠪᠳᠠᠭᠤᠨ ᠢᠶᠠᠷ ᠰᠢᠢᠳᠪᠦᠷᠢᠯᠡᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠶᠢ ᠬᠦᠴᠦᠲᠡᠢ ᠬᠠᠮᠠᠭᠠᠯᠠᠪᠠ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭᠠᠨ ᠤ ︽ᠰᠡᠭᠦᠯ ᠬᠤᠷᠢᠶᠠᠬᠤ ᠳᠠᠶᠢᠯᠠᠯᠳᠤᠭᠠᠨ︾ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠤᠷ | ᠲᠦᠪᠰᠢᠨ ᠤ ᠬᠡᠮ ᠰᠣᠭᠤᠭ ᠤᠨ ᠠᠰᠠᠭᠤᠳᠠᠯ ᠢ ᠨᠡᠶᠢᠲᠡ 2910 ᠵᠤᠷᠪᠤᠰ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠵᠤ᠂ ᠵᠠᠰᠠᠭ ᠵᠠᠬᠢᠷᠭᠠᠨ ᠤ 12 ᠬᠡᠷᠡᠭ ᠢ ᠬᠡᠷᠡᠭ ᠪᠣᠯᠭᠠᠨ ᠳᠡᠩᠰᠡᠯᠡᠵᠦ᠂ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠢᠯᠡᠳᠲᠡ ᠰᠠᠶᠢᠵᠢᠷᠠᠪᠠ᠃ ᠰᠤᠷᠭᠠᠨ ᠬᠥᠮᠦᠵᠢᠯ ᠤᠨ ᠰᠢᠰᠲ᠋ᠧᠮ ᠤᠨ ᠸᠢᠳᠢᠣ᠋ ᠶᠢᠨ | ᠡᠮᠦᠨ᠎ᠡ ᠬᠡᠰᠡᠭ ᠢ ᠴᠥᠮ ᠳᠣᠲᠣᠭᠠᠳᠤ ᠶᠢ ᠬᠠᠮᠠᠭᠠᠯᠠᠬᠤ ᠬᠢᠨᠠᠨ ᠡᠵᠡᠮᠳᠡᠬᠦ ᠰᠢᠰᠲ᠋ᠧᠮ ᠳᠤ ᠵᠠᠯᠭᠠᠨ ᠣᠷᠣᠭᠤᠯᠵᠤ᠂ ︽ | ᠢᠯᠡ ᠰᠠᠷᠠᠭᠤᠯ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠪᠠ᠃ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠭᠤᠷᠪᠠ ᠶᠢ ᠪᠠᠶᠢᠴᠠᠭᠠᠵᠤ ᠨᠢᠭᠡ ᠶᠢ | ᠡᠵᠡᠮᠳᠡᠬᠦ︾᠂ ︽ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ︾ ᠵᠡᠷᠭᠡ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠪᠥᠬᠦ ᠵᠢᠯ ᠳᠤ ᠡᠯ᠎ᠡ ᠲᠥᠷᠥᠯ ᠤᠨ ᠡᠷᠡᠭᠦᠦ ᠶᠢᠨ ᠬᠡᠷᠡᠭ ᠢ 264 ᠢᠯᠡᠷᠡᠭᠦᠯᠪᠡ᠃ | ᠵᠢᠯ ᠲᠤᠷᠰᠢ᠂ ᠪᠢᠳᠡ ᠤᠭ ᠵᠤᠷᠢᠯᠳᠠ ᠪᠠᠨ ᠪᠠᠲᠤ ᠰᠠᠬᠢᠨ ᠰᠤᠷᠲᠠᠯ ᠢᠶᠠᠨ ᠬᠤᠪᠢᠷᠠᠭᠤᠯᠵᠤ᠂ ᠵᠠᠰᠠᠭ ᠤᠨ ᠣᠷᠳᠣᠨ ᠤ | ᠪᠠᠶᠢᠭᠤᠯᠤᠯᠲᠠ ᠳᠤ ᠰᠢᠨ᠎ᠡ ᠳᠦᠷᠢ ᠲᠥᠷᠬᠦ ᠢᠯᠡᠷᠡᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠪᠡ᠃ ᠪᠥᠬᠦ ᠬᠤᠰᠢᠭᠤᠨ ᠤ | ᠵᠠᠰᠠᠭ ᠤᠨ ᠣᠷᠳᠣᠨ ᠤ ᠰᠢᠰᠲ᠋ᠧᠮ ᠤᠨ ︽ᠨᠡᠶᠢᠳᠡᠯᠡᠬᠦ ᠢᠯᠡᠷᠬᠡᠶᠢᠯᠡᠬᠦ ᠠᠳᠠᠯᠢᠳᠬᠠᠬᠤ︾ ᠲᠡᠷᠢᠭᠦᠨ ᠤ ᠬᠢ ᠶᠢ | ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢ ᠬᠥᠲᠥᠯᠦᠨ | ᠵᠢᠯᠣᠭᠤᠳᠴᠤ᠂ ᠨᠠᠮ ᠤᠨ ᠪᠠᠶᠢᠭᠤᠯᠤᠯᠲᠠ ᠶᠢᠨ ᠬᠢᠷᠢ ᠲᠦᠪᠰᠢᠨ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ | ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠥᠪ ᠤᠨ | ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠯᠵᠢᠷᠡᠯ ᠢ ᠰᠡᠷᠭᠡᠶᠢᠯᠡᠵᠦ᠂ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ ᠺᠠᠳ᠋ᠷ ᠤᠨ | ᠰᠤᠷᠲᠠᠯ ᠦᠷᠭᠦᠯᠵᠢᠯᠡᠨ ᠰᠠᠶᠢᠵᠢᠷᠠᠪᠠ᠃ ᠠᠷᠠᠳᠴᠢᠯᠠᠯ ᠲᠥᠪᠯᠡᠷᠡᠯ ᠤᠨ ᠶᠣᠰᠣ ᠪᠠ ︽ᠭᠤᠷᠪᠠᠨ ᠴᠢᠬᠤᠯᠠ ᠨᠢᠭᠡ | ᠶᠡᠭᠡ︾ ᠰᠢᠢᠳᠪᠦᠷᠢᠲᠦ ᠪᠣᠳᠣᠯᠭ᠎ᠠ ᠶᠢᠨ ᠵᠣᠬᠢᠴᠠᠮᠵᠢ ᠶᠢ ᠴᠢᠩᠭ᠎ᠠ ᠬᠡᠷᠡᠭᠵᠢᠭᠦᠯᠵᠦ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ | ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 62 ᠬᠤᠪᠢ ᠠᠷᠠᠳ ᠤᠨ ᠲᠥᠯᠥᠭᠡᠯᠡᠭᠴᠢᠳ ᠤᠨ | ᠰᠠᠨᠠᠯ ᠰᠠᠨᠠᠭᠤᠯᠭ᠎ᠠ᠂ 86 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠭᠦᠢᠴᠡᠳᠬᠡᠨ᠂ ᠬᠠᠨᠤᠮᠵᠢᠲᠠᠢ ᠨᠣᠷᠮ᠎ᠠ 100% ᠳᠤ ᠬᠥᠷᠪᠡ᠃ ᠠᠷᠠᠳ ᠲᠦᠮᠡᠨ ᠳᠤ ᠦᠢᠯᠡᠴᠢᠯᠡᠬᠦ | ᠤᠬᠠᠮᠰᠠᠷ ᠢᠶᠠᠨ ᠴᠢᠩᠭᠠᠳᠬᠠᠵᠤ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ ᠰᠦᠯᠵᠢᠶ᠎ᠡ + ᠱᠠᠭᠠᠷᠳᠠᠨ | ᠪᠠᠶᠢᠴᠠᠭᠠᠯᠲᠠ︾ ᠶᠢᠨ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ | ᠬᠦᠷᠴᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠣᠯᠠᠨ ᠲᠦᠮᠡᠨ ᠤ | ᠬᠠᠨᠤᠮᠵᠢ ᠶᠢᠨ ᠨᠣᠷᠮ᠎ᠠ 98% ᠠᠴᠠ ᠳᠡᠭᠡᠭᠰᠢ ᠪᠠᠶᠢᠬᠤ ᠶᠢ ᠪᠠᠲᠤᠯᠠᠪᠠ᠃ | ᠡᠭᠦᠨ ᠤ ᠬᠠᠮᠲᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ᠂ ᠲᠠᠩᠰᠠ | ᠡᠪᠬᠡᠮᠡᠯ᠂ ᠲᠡᠦᠬᠡ ᠣᠶᠢᠯᠠᠯᠭ᠎ᠠ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ | ᠴᠢᠩᠭᠠᠳᠬᠠᠨ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ᠂ | ᠤᠯᠠᠭᠠᠨ ᠵᠠᠭᠠᠯᠮᠠᠶᠢᠲᠠᠨ᠂ ᠨᠢᠭᠦᠯᠡᠰᠦᠩᠭᠦᠶ ᠵᠡᠷᠭᠡ ᠦᠢᠯᠡᠰ ᠪᠥᠬᠦ ᠲᠠᠯ᠎ᠠ ᠪᠠᠷ ᠬᠥᠭᠵᠢᠪᠡ᠃ | ᠲᠥᠯᠥᠭᠡᠯᠡᠭᠴᠢᠳ ᠡ᠂ 2022 ᠣᠨ ᠪᠣᠯ ᠲᠤᠶᠢᠯ ᠤᠨ ᠣᠨᠴᠠᠭᠠᠢ᠂ ᠥᠷᠢᠰᠥᠯᠳᠦᠭᠡᠨ ᠶᠡᠬᠡᠲᠡᠢ᠂ ᠬᠢᠯᠪᠠᠷ ᠪᠤᠰᠤ | ᠨᠢᠭᠡ ᠵᠢᠯ ᠪᠣᠯᠤᠨ᠎ᠠ᠃ ᠣᠯᠠᠨ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠯᠠᠪᠳᠠᠭᠤᠨ ᠲᠣᠭᠲᠠᠭᠤᠨ ᠢᠶᠠᠷ ᠠᠷᠭᠠᠴᠠᠭᠠᠨ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ | ᠡᠵᠡᠮᠳᠡᠵᠦ᠂ ᠬᠢᠵᠢᠭ ᠤᠨ ᠪᠠᠶᠢᠳᠠᠯ ᠤᠨ ᠳᠠᠬᠢᠨ ᠳᠠᠪᠲᠠᠨ ᠲᠠᠭᠠᠷᠢᠯᠲᠠ ᠶᠢ ᠳᠠᠭᠠᠭᠠᠵᠤ ᠭᠠᠷᠪᠠ᠃ ᠬᠡᠳᠦᠨ ᠠᠷᠪᠠᠨ | ᠵᠢᠯ ᠳᠤ ᠲᠣᠬᠢᠶᠠᠯᠳᠤᠭ᠎ᠠ ᠥᠬᠡᠶ ᠭᠠᠩ ᠬᠠᠭᠰᠠᠷᠠᠭᠠᠨ ᠤ ᠡᠮᠦᠨ᠎ᠡ᠂ ᠪᠢᠳᠡ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠴᠠᠭ ᠦᠶ᠎ᠡ ᠶᠢᠨ ᠪᠡᠷᠬᠡ ᠪᠠᠷᠳᠠᠭ᠎ᠠ ᠶᠢ ᠬᠠᠮᠲᠤ ᠪᠠᠷ ᠲᠤᠭᠤᠯᠤᠨ᠂ ᠦᠨᠡᠨ ᠬᠦ ᠠᠳᠬᠤᠨ ᠪᠣᠳᠠᠲᠠᠶ | ᠠᠵᠢᠯᠯᠠᠨ ᠠᠷᠭ᠎ᠠ ᠬᠡᠮᠵᠢᠶ᠎ᠡ ᠠᠪᠴᠤ᠂ ᠦᠢᠯᠡᠴᠢᠯᠡᠭᠡ ᠪᠠᠨ ᠰᠢᠯᠢᠳᠡᠭᠵᠢᠭᠦᠯᠦᠨ᠂ ᠮᠠᠯᠴᠢᠨ ᠲᠠᠷᠢᠶᠠᠴᠢᠨ ᠤ | ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃ ᠵᠢᠱᠢᠯᠳᠠ ᠠᠴᠠ ᠳᠠᠪᠠᠭᠰᠠᠨ ᠠᠵᠤ ᠠᠬᠤᠢ ᠪᠠᠭᠤᠷᠠᠬᠤ | ᠳᠠᠷᠤᠯᠲᠠ ᠶᠢᠨ ᠡᠮᠦᠨ᠎ᠡ᠂ ᠪᠢᠳᠡ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠲᠤᠬᠢᠷᠠᠭᠤᠯᠤᠯᠲᠠ ᠶᠢ ᠠᠳᠬᠤᠨ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ | ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ | ᠲᠥᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠵᠦ ᠬᠦᠴᠦᠲᠡᠢ ᠲᠡᠮᠵᠢᠭᠰᠡᠨ ᠤ ᠦᠷ᠎ᠡ ᠳ᠋ᠦᠩ᠂ ᠮᠦᠨ ᠴᠤ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠬᠦᠴᠢᠷ ᠪᠡᠷᠬᠡ ᠶᠢ | ᠢᠯᠠᠨ ᠳᠠᠪᠠᠭᠰᠠᠨ ᠤ ᠦᠷ᠎ᠡ ᠳ᠋ᠦᠩ ᠮᠥᠨ᠃ ᠠᠳᠡ ᠪᠢ ᠵᠠᠰᠠᠭ ᠤᠨ ᠣᠷᠳᠣᠨ ᠤ ᠡᠮᠦᠨ᠎ᠡ ᠠᠴᠠ ᠪᠥᠬᠦ | ᠬᠤᠰᠢᠭᠤᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ | ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ᠂ ᠠᠵᠢᠯ ᠠᠴᠠ ᠪᠠᠨ | ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠰᠢᠭᠤᠨ ᠳᠤ ᠰᠠᠭᠤᠭ᠎ᠠ ᠴᠡᠷᠢᠭ ᠠᠩᠭᠢ᠂ | ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ | ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠬᠢᠵᠢᠭ ᠢ ᠰᠡᠷᠭᠡᠶᠢᠯᠡᠨ ᠬᠢᠵᠢᠭ ᠲᠠᠢ | ᠲᠡᠮᠡᠴᠡᠬᠦ ᠡᠮᠦᠨ᠎ᠡ ᠹᠷᠣᠨᠲ ᠲᠤ ᠣᠷᠣᠯᠴᠠᠵᠤ ᠪᠠᠶᠢᠭ᠎ᠠ ᠥᠷᠭᠡᠨ ᠣᠯᠠᠨ ᠡᠮᠴᠢ ᠰᠤᠪᠢᠯᠠᠭᠴᠢ᠂ ᠨᠡᠶᠢᠭᠡᠮ | ᠲᠣᠭᠤᠷᠢᠭ ᠤᠨ ᠠᠵᠢᠯᠲᠠᠨ᠂ ᠰᠠᠶᠢᠨ ᠳᠤᠷᠠᠴᠤᠳ᠂ ᠬᠢᠵᠢᠭ ᠢ ᠰᠡᠷᠭᠡᠶᠢᠯᠡᠨ ᠬᠢᠵᠢᠭ ᠲᠠᠢ ᠲᠡᠮᠡᠴᠡᠬᠦ ᠠᠵᠢᠯ ᠳᠤ | ᠢᠳᠡᠪᠬᠢᠲᠡᠶ ᠣᠷᠣᠯᠴᠠᠭᠰᠠᠨ ᠪᠠ ᠬᠠᠮᠵᠢᠯᠴᠠᠭᠰᠠᠨ ᠥᠷᠭᠡᠨ ᠣᠯᠠᠨ ᠰᠠᠭᠤᠭᠠᠯᠢ ᠠᠷᠠᠳ᠂ ᠳᠥᠷᠪᠡᠳ ᠬᠤᠰᠢᠭᠤᠨ ᠤ | ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠵᠢᠯ ᠲᠤᠷᠰᠢᠬᠢ ᠠᠵᠢᠯ ᠤᠨ ᠲᠤᠮᠳᠠ ᠪᠢᠳᠡ᠄ ᠡᠷᠬᠡᠪᠰᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ | ᠡᠷᠬᠢᠮᠯᠡᠬᠦ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ | ᠂ ︽ᠬᠤᠶᠠᠷ ᠢ ᠬᠠᠮᠠᠭᠠᠯᠠᠬᠤ︾ ᠶᠢ ᠪᠠᠶᠡᠯᠡᠬᠦᠯᠦᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠡᠯ᠎ᠡ | ᠬᠦᠷᠢᠶᠡᠨ ᠳᠤ ᠲᠤᠭᠤᠰᠢᠯᠠᠭᠤᠯᠬᠤ ᠬᠡᠷᠡᠭᠲᠡᠶ᠃ ᠡᠷᠬᠡᠪᠰᠢ ᠭᠤᠤᠯᠳᠠᠯᠭ᠎ᠠ ᠲᠠᠢ ᠠᠵᠢᠯ ᠢ ᠠᠳᠬᠤᠵᠤ᠂ ᠬᠤᠰᠢᠭᠤ | ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠤᠨ᠂ | ᠪᠣᠳᠠᠲᠤ ᠴᠣᠭᠴᠠᠲᠤ ᠠᠵᠤ ᠠᠬᠤᠶ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠳᠣᠪᠤᠶᠢᠯᠭᠠᠨ ᠠᠳᠬᠤᠵᠤ᠂ | ᠭᠤᠤᠯᠳᠠᠯᠭ᠎ᠠ ᠲᠠᠢ ᠰᠢᠪᠲᠤᠯᠤᠯᠲᠠ ᠪᠠᠷ ᠪᠥᠬᠦ ᠲᠠᠯ᠎ᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠶ᠃ ᠡᠷᠬᠡᠪᠰᠢ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠥᠪ | ᠣᠨᠣᠪᠴᠢᠲᠠᠢ ᠤᠯᠤᠰ ᠲᠦᠷᠦ ᠶᠢᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ | ᠪᠣᠳᠠᠲᠠᠢ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠵᠠᠰᠠᠭ ᠤᠨ ᠣᠷᠳᠣᠨ ᠤ | ᠠᠵᠢᠯ ᠳᠠᠬᠢ ᠬᠠᠮᠤᠭ ᠤᠨ ᠶᠡᠭᠡ ᠢᠲᠡᠭᠡᠯ ᠳᠡᠮᠵᠢᠯᠭᠡ ᠶᠢ ᠤᠯᠬᠤ ᠬᠡᠷᠡᠭᠲᠡᠢ᠃ ᠡᠷᠬᠡᠪᠰᠢ ᠪᠣᠳᠠᠲᠠᠢ ᠠᠵᠢᠯᠯᠠᠵᠤ | ᠪᠣᠳᠠᠲᠠᠢ ᠠᠮᠵᠢᠯᠲᠠ ᠤᠯᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ ᠠᠬᠢᠭᠤᠯᠵᠤ᠂ | ᠪᠣᠳᠠᠲᠠᠢ ᠠᠵᠢᠯᠯᠠᠬᠤ ᠶᠢ ᠡᠷᠬᠢᠮᠯᠡᠬᠦ᠂ ᠪᠣᠳᠠᠲᠠᠢ ᠠᠮᠵᠢᠯᠲᠠ ᠶᠢ ᠴᠢᠬᠤᠯᠠᠴᠢᠯᠠᠬᠤ ᠪᠠ ᠬᠤᠳᠠᠯ ᠬᠠᠭᠤᠷᠮᠠᠭ ᠢ ᠦᠯᠦ | ᠡᠷᠬᠢᠮᠯᠡᠬᠦ ᠶᠢ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ ᠪᠣᠯᠭᠠᠬᠤ ᠬᠡᠷᠡᠭᠲᠡᠢ ᠵᠡᠷᠬᠡ | ᠶᠢ ᠬᠦᠨᠵᠡᠬᠡᠢ ᠤᠶᠢᠯᠠᠭᠠᠵᠦ ᠮᠡᠳᠡᠯ᠎ᠡ᠃ ᠡᠳᠡᠭᠡᠷ ᠲᠤᠷᠰᠢᠯᠭ᠎ᠠ ᠰᠡᠩᠬᠡᠷᠡᠭᠦᠯᠦᠯ ᠢ ᠪᠢᠳᠡ ᠬᠤᠪᠢ ᠳᠠᠬᠢᠨ ᠨᠠᠨᠳᠢᠩᠨᠠᠵᠤ᠂ | ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ | ᠲᠥᠯᠥᠭᠡᠯᠡᠭᠴᠢᠳ ᠡ︕ ᠠᠮᠤᠷ ᠲᠣᠭᠲᠠᠭᠤᠨ ᠤ ᠲᠤᠮᠳᠠ ᠴᠦ ᠠᠶᠤᠯ ᠵᠤᠪᠠᠯᠠᠩ ᠢ ᠦᠯᠦ ᠮᠠᠷᠳᠠᠨᠠᠮ᠃ ᠤᠯᠤᠭᠰᠠᠨ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠰᠡᠷᠭᠡᠭ ᠢᠶᠠᠷ ᠲᠠᠨᠢᠵᠤ ᠣᠯᠪᠠ᠃ | ᠡᠭᠦᠨ ᠤ ᠭᠤᠣᠯ ᠢᠯᠡᠷᠡᠯ ᠭᠡᠪᠡᠯ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ | ᠯᠡ ᠲᠤᠪᠤᠶᠢᠮ᠎ᠠ ᠪᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠠ ᠪᠠᠭ᠎ᠠ᠂ ᠬᠥᠭᠵᠢᠯᠲᠡ ᠶᠢᠨ ᠰᠠᠭᠤᠷᠢ ᠶᠢ ᠤᠯᠠᠮ | ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠣᠪᠤᠶᠢᠮ᠎ᠠ ᠪᠠᠶᠢᠵᠤ᠂ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠬᠤᠲᠠ | ᠬᠥᠳᠡᠭᠡ ᠶᠢᠨ ᠰᠠᠭᠤᠷᠢ ᠲᠥᠬᠦᠭᠡᠷᠦᠮᠵᠢ ᠨᠡᠯᠢᠶᠡᠳ ᠪᠠᠭᠤᠷᠠᠢ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠮᠢ ᠠᠬᠤᠶ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ | ᠬᠤᠯᠠ ᠪᠠᠶᠢᠵᠤ᠂ ᠤᠰᠤᠨ ᠤ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠬᠠᠲᠠᠭᠤ ᠬᠢᠵᠠᠭᠠᠷᠯᠠᠯ ᠲᠠᠰᠤᠷᠠᠯᠲᠠ | ᠥᠬᠡᠶ ᠨᠡᠮᠡᠭᠳᠡᠵᠦ ᠪᠠᠶᠢᠨ᠎ᠠ︔ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠦᠬᠡᠳ | ᠰᠠᠭᠠᠲᠠᠭᠤᠯᠬᠤ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠮᠦᠨ ᠬᠦ ᠳᠤᠲᠠᠭᠤᠳᠠᠯ ᠲᠠᠢ ᠪᠠᠶᠢᠵᠤ᠂ | ᠠᠷᠠᠳ ᠤᠯᠠᠨ ᠤ ᠴᠥᠭᠡᠨ ᠪᠤᠰᠤ ᠪᠠᠴᠢᠮ᠂ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠᠲᠠᠢ᠂ ᠵᠠᠰᠠᠭ ᠤᠨ | ᠣᠷᠳᠣᠨ ᠤ ᠰᠢᠰᠲ᠋ᠧᠮ ᠤᠨ ᠰᠤᠷᠲᠠᠯ ᠤᠨ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ | ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠡᠭᠦᠨ ᠢ ᠪᠢᠳᠡ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ | ᠪᠦᠲᠦᠮᠵᠢᠲᠡᠢ ᠠᠷᠭ᠎ᠠ ᠬᠡᠮᠵᠢᠶ᠎ᠠ ᠠᠪᠴᠤ ᠪᠠᠶᠢᠭᠠᠳ ᠦᠨᠡᠨ ᠬᠦ ᠰᠠᠶᠢᠵᠢᠷᠠᠭᠤᠯᠬᠤ ᠬᠡᠷᠡᠭᠳᠠᠢ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠨᠠᠮ ᠤᠨ ᠬᠤᠷᠢᠳᠤᠭᠠᠷ ᠶᠡᠭᠡ ᠬᠤᠷᠠᠯ ᠲᠡᠭᠡᠷ᠎ᠡ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠤᠨ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠤ᠂ ᠪᠢᠳᠡᠨ ᠤ ᠠᠵᠢᠯ ᠢᠶᠠᠨ ᠰᠠᠶᠢᠲᠤᠷ | ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ 2023 ᠣᠨ ᠪᠣᠯ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ᠂ ᠮᠦᠨ ᠴᠦ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠤᠯᠤᠨ᠎ᠠ᠂ ᠰᠢᠨ᠎ᠡ ᠡᠬᠢᠯᠡᠯᠳᠡ | ᠶᠢᠨ ᠴᠡᠭ ᠲᠤ᠂ ᠰᠢᠨ᠎ᠡ ᠠᠶᠠᠨ ᠳᠤ ᠮᠣᠷᠳᠠᠬᠤ ᠳᠤ ᠪᠢᠳᠡ ᠡᠷᠬᠡᠪᠰᠢ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ | ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠵᠣᠷᠢᠭᠲᠠᠶ ᠪᠠᠷ ᠠᠵᠢᠯᠯᠠᠨ᠂ ᠨᠠᠩ ᠭᠠᠷᠮᠠᠭᠠᠶ ᠠᠵᠢᠯ ᠤᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠨ᠎ᠡ᠃ | ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ | ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠶ ᠦᠢᠯᠡᠴᠢᠯᠡᠨ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠭᠦᠯᠦᠨ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ | ᠨᠡᠮᠡᠭᠳᠡᠭᠦᠯᠦᠨ᠂ ᠲᠣᠭᠲᠠᠭᠤᠨ ᠢᠶᠠᠷ ᠬᠦᠭᠵᠢᠭᠦᠯᠬᠦ᠂ ᠲᠣᠭᠲᠠᠭᠤᠨ ᠢᠶᠠᠷ ᠠᠵᠢᠯ ᠤᠯᠭᠤᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠰᠠᠶᠢᠳᠤᠷ ᠬᠢᠵᠤ᠂ ᠲᠦᠷᠭᠡᠨ ᠪᠦᠭᠡᠳ ᠰᠢᠯᠢᠳᠡᠭ ᠢᠶᠠᠷ ᠯᠠᠪᠳᠠᠭᠤᠨ ᠤᠷᠤᠭᠰᠢᠯᠠᠨ᠂ | ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ︽ᠳᠥᠷᠪᠡᠨ ᠶᠡᠭᠡ ᠭᠤᠤᠯᠯᠠᠬᠤ | ᠠᠵᠤ ᠦᠢᠯᠡᠰ︾ ᠢ ᠬᠥᠭᠵᠢᠭᠦᠯᠬᠦ ᠪᠠᠷ ︽ᠵᠠᠭᠤᠨ ᠳ᠋ᠦᠩᠰᠢᠭᠤᠷ ᠤᠨ ᠲᠡᠰ ᠤᠨ ᠲᠠᠪᠤᠨ ᠠᠵᠤ ᠦᠢᠯᠡᠰ ᠤᠨ | ᠪᠥᠭᠡᠮᠨᠡᠷᠡᠯ︾ ᠢ ᠳᠥᠯᠭᠢᠨ ᠠᠬᠢᠭᠤᠯᠬᠤ ᠪᠠᠷ ᠭᠠᠷᠳᠠᠴᠠ ᠪᠤᠯᠭᠠᠵᠤ᠂ ︽ᠵᠢᠷᠭᠤᠭᠠᠨ ᠴᠤ᠋ ᠰᠢᠨ᠎ᠡ ᠲᠦᠷᠪᠡᠳ︾ | ᠢ ᠪᠦᠬᠦ ᠲᠠᠯ᠎ᠠ ᠪᠠᠷ ᠪᠠᠶᠢᠭᠤᠯᠤᠨ᠂ ᠠᠮᠢ ᠠᠬᠤᠶ ᠶᠢ ᠲᠡᠷᠢᠭᠦᠨ ᠪᠠᠶᠢᠷᠢᠨ ᠳᠤ ᠲᠠᠯᠪᠢᠬᠤ ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ | ᠪᠠᠷᠢᠮᠳᠠᠯᠠᠨ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠶ | ᠨᠡᠮᠡᠭᠳᠡᠯ ᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠳᠥᠷᠪᠡᠳ | ᠬᠤᠰᠢᠭᠤᠨ ᠤ ᠨᠡᠩ ᠶᠡᠭᠡ ᠬᠤᠪᠢ ᠨᠡᠮᠡᠷᠢ ᠶᠢ ᠦᠵᠡᠭᠦᠯᠦᠨ᠎ᠡ᠃ 2023 ᠣᠨ ᠤ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠶᠢᠨ ᠨᠡᠮᠡᠭᠳᠡᠯ ᠤᠨ ᠬᠤᠷᠳᠤᠴᠠ ᠶᠢ 6.5% ᠣᠷᠴᠢᠮ ᠪᠤᠯᠭᠠᠨ᠎ᠠ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 11% ᠣᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠪᠦᠬᠦ ᠲᠤᠭ᠎ᠠ ᠶᠢ 5% ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠤᠰᠪᠤᠷᠢ 6%᠂ 9% ᠣᠷᠴᠢᠮ | ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠲᠥᠷᠥᠯ ᠵᠦᠢᠯ᠂ ᠣᠷᠴᠢᠨ ᠲᠣᠭᠤᠷᠢᠨ ᠢ ᠪᠦᠬᠦ ᠬᠦᠴᠦᠨ ᠢᠶᠠᠷ ᠬᠦᠴᠦᠷᠭᠡᠭᠵᠢᠭᠦᠯᠦᠨ ᠰᠢᠯᠢᠳᠡᠭᠵᠢᠭᠦᠯᠵᠤ | ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠨ᠎ᠡ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠶᠠᠰᠤ ᠴᠢᠨᠠᠷ ᠪᠠ ᠦᠷ᠎ᠡ | ᠠᠰᠢᠭ ᠤᠨ ᠲᠡᠭᠡᠭᠰᠢᠯᠡᠭᠦᠯᠦᠯᠳᠡ ᠶᠢ ᠪᠥᠬᠦ ᠬᠦᠴᠦᠨ ᠢᠶᠠᠷ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠪᠠᠷᠢᠮᠳᠠᠯᠠᠨ᠂ ᠠᠵᠤ | ᠠᠬᠤᠶ ᠶᠢᠨ ᠲᠠᠪᠠᠯᠳᠠ ᠲᠠᠢ ᠬᠦᠭᠵᠢᠯᠳᠠ ᠶᠢ ᠪᠡᠶᠡᠯᠡᠭᠦᠯᠦᠨ᠎ᠡ᠃ | ᠲᠥᠷᠥᠯ ᠵᠦᠢᠯ ᠤᠨ ᠰᠢᠪᠲᠤᠯᠤᠯᠲᠠ ᠶᠢᠨ ᠴᠡᠭ ᠢ ᠰᠠᠶᠢᠳᠦᠷ ᠠᠳᠬᠤᠵᠤ᠂ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠯᠢᠪᠠ ᠶᠢ ᠲᠥᠷᠥᠯ ᠵᠦᠢᠯ ᠢᠶᠠᠷ ᠭᠤᠣᠯᠳᠠᠭᠤᠯᠵᠤ᠂ ᠠᠵᠤ | ᠦᠢᠯᠡᠰ ᠤᠨ ᠳᠡᠰ ᠳᠠᠪᠰᠢᠯᠲᠠ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠴᠢᠬᠤᠯᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠨ᠂ ᠪᠦᠬᠦ ᠵᠢᠯ ᠳᠤ 18 ᠴᠢᠬᠤᠯᠠ ᠲᠥᠷᠥᠯ ᠵᠦᠢᠯ ᠢ ᠬᠡᠷᠡᠭᠵᠢᠭᠦᠯᠵᠤ᠂ | ᠨᠡᠶᠢᠲᠡ 231.6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃ ᠬᠤᠰᠢᠭᠤ ᠱᠠᠲᠤᠨ ᠤ ᠤᠳᠤᠷᠢᠳᠤᠯᠭ᠎ᠠ | ᠠᠴᠠ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠲᠦᠷᠢᠮ ᠢ ᠪᠠᠷᠢᠮᠲᠠᠯᠠᠵᠤ᠂ ᠲᠤᠰᠬᠠᠶ | ᠠᠩᠭᠢ ᠠᠴᠠ ᠠᠬᠢᠭᠤᠯᠤᠨ᠂ ᠱᠠᠲᠤ ᠬᠤᠪᠢᠶᠠᠨ ᠬᠠᠷᠢᠭᠤᠴᠠᠵᠤ᠂ ᠣᠨᠣᠪᠴᠢᠲᠠᠶ ᠪᠠᠷ ᠦᠢᠯᠡᠴᠢᠯᠡᠨ᠂ ᠲᠥᠷᠥᠯ ᠵᠦᠢᠯ | ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠷᠭᠡᠳᠬᠡᠵᠦ᠂ ᠨᠢᠬᠡᠳᠦᠬᠡᠷ ᠤᠯᠠᠷᠢᠯ ᠳᠤ ᠤᠷᠤᠭᠰᠢᠳᠠᠢ | ᠡᠬᠢᠯᠡᠬᠦᠯᠬᠦ᠂ ᠬᠤᠶᠠᠳᠤᠭᠠᠷ ᠤᠯᠠᠷᠢᠯ ᠳᠤ ᠬᠠᠭᠠᠰ ᠲᠤᠭ᠎ᠠ ᠠᠴᠠ ᠲᠠᠪᠠᠭᠤᠯᠬᠤ᠂ ᠭᠤᠷᠪᠠᠳᠤᠭᠠᠷ ᠤᠯᠠᠷᠢᠯ ᠳᠤ ᠢᠳᠡ | ᠬᠦᠭ ᠲᠠᠢ ᠠᠵᠢᠯᠯᠠᠬᠤ᠂ ᠲᠦᠷᠪᠡᠳᠦᠬᠡᠷ ᠤᠯᠠᠷᠢᠯ ᠳᠤ ᠦᠷ᠎ᠡ ᠪᠦᠳᠦᠮᠵᠢ ᠰᠠᠶᠢᠳᠠᠢ ᠪᠠᠶᠢᠬᠤ ᠶᠢ ᠪᠠᠳᠤᠯᠠᠨ᠎ᠠ᠃ ᠪᠡᠯᠡ | ᠮᠦᠩᠭᠦᠨ ᠤ ᠬᠠᠩᠭᠠᠯᠳᠠ ᠶᠢᠨ ᠠᠷᠭ᠎ᠠ ᠵᠠᠮ ᠢ ᠦᠷᠬᠡᠳᠬᠡᠨ᠂ ᠡᠯ᠎ᠡ ᠵᠤᠶᠢᠯ ᠤᠨ ᠵᠢᠬᠡᠯᠡᠯᠬᠡ ᠶᠢᠨ ᠲᠡᠮᠳᠡᠭ ᠪᠠ ᠲᠦᠪ | ᠤᠨ ᠲᠦᠰᠦᠪ ᠤᠨ ᠲᠤᠳᠤᠷᠠᠬᠢ ᠪᠡᠯᠡ ᠮᠦᠩᠭᠦ ᠶᠢ ᠢᠳᠡᠪᠬᠢᠳᠠᠢ ᠴᠢᠷᠮᠠᠶᠢᠨ ᠤᠯᠤᠨ᠎ᠠ᠃ ᠲᠦᠷᠦᠯ ᠵᠤᠶᠢᠯ ᠤᠨ | ᠲᠦᠯᠦᠪᠵᠢᠬᠦᠯᠬᠡ ᠶᠢ ᠦᠷᠬᠦᠯᠵᠢᠯᠡᠨ ᠰᠠᠶᠢᠳᠦᠷ ᠠᠳᠬᠤᠵᠦ᠂ ᠲᠦᠷᠦᠯ ᠵᠤᠶᠢᠯ ᠢ ᠬᠡᠪᠰᠢᠯ ᠪᠠ | ᠨᠠᠶᠢᠳᠠᠪᠤᠷᠢᠵᠢᠭᠤᠯᠤᠯᠳᠠ ᠶᠢ ᠲᠡᠬᠡᠭᠰᠢᠯᠡᠬᠦᠯᠦᠨ᠎ᠡ᠃ | ᠠᠷᠠᠯᠵᠢᠶᠠᠴᠢᠨ ᠤᠷᠢᠬᠤ ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠷᠠᠮᠳᠤᠭᠤᠯᠤᠨ᠎ᠠ᠃ ︽ᠨᠤᠳᠤᠭ ᠪᠤᠴᠠᠬᠤ ᠶᠢ ᠵᠤᠷᠢᠭᠵᠢᠭᠤᠯᠤᠨ᠂ ᠬᠡᠷ ᠤᠷᠤᠨ ᠢᠶᠠᠨ ᠪᠠᠶᠢᠭᠤᠯᠬᠤ︾ ᠠᠵᠢᠯᠯᠠᠭ᠎ᠠ | ᠶᠢ ᠰᠢᠨ᠎ᠡ ᠪᠠᠷ ᠡᠬᠦᠳᠦᠨ ᠦᠷᠨᠢᠬᠦᠯᠵᠦ᠂ ︽ᠭᠠᠷᠴᠦ ᠶᠠᠪᠤᠬᠤ ᠪᠠ ᠤᠷᠢᠵᠦ ᠤᠷᠤᠭᠤᠯᠬᠤ︾ ᠶᠢ ᠪᠠᠷᠢᠮᠳᠠᠯᠠᠨ᠂ | ᠰᠦᠯᠵᠢᠶᠠᠨ ᠲᠤᠳᠤᠷ᠎ᠠ ᠭᠠᠳᠠᠨᠠᠬᠢ ᠤᠯᠠᠨ ᠵᠤᠶᠢᠯ ᠤᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠬᠤ ᠶᠢᠨ ᠰᠢᠨ᠎ᠡ | ᠰᠢᠪᠳᠤᠯᠤᠯᠳᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃ ᠦᠬᠡᠷ ᠬᠤᠨᠢ ᠨᠢᠳᠦᠯᠵᠦ ᠡᠳ᠋ᠰᠢᠬᠦᠯᠬᠦ᠂ | ᠬᠦᠢᠳᠡᠨ ᠬᠡᠯᠬᠢᠶᠡᠰᠦ ᠶᠢᠨ ᠬᠦᠢᠯᠬᠡᠬᠡ᠂ ᠲᠦᠮᠦᠰᠦ ᠨᠠᠷᠢᠯᠢᠭᠵᠢᠭᠤᠯᠤᠨ ᠪᠤᠯᠪᠠᠰᠤᠷᠠᠭᠤᠯᠬᠤ᠂ ᠵᠢᠭᠤᠯᠴᠢᠯᠠᠯ ᠵᠡᠷᠬᠡ | ᠲᠦᠬᠦᠷ ᠠᠵᠦ ᠦᠢᠯᠡᠰ ᠤᠨ ᠲᠤᠭᠤᠷᠢᠨ ᠳᠤ᠂ ᠪᠡᠭᠡᠵᠢᠩ ᠲᠢᠶᠠᠨᠵᠢᠨ ᠾᠧᠪᠧᠶ ᠳᠤ ᠬᠦᠨᠵᠡᠭᠡᠶᠢᠷᠡᠨ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ᠂ ᠬᠥᠬᠡᠮᠥ᠋ᠷᠡᠨ ᠤ ᠭᠤᠷᠪᠠᠯᠵᠢᠨ ᠬᠤᠶᠢᠭ ᠬᠦᠷᠳᠡᠯ᠎ᠡ ᠦᠷᠬᠡᠳᠬᠡᠵᠦ᠂ ᠤᠯᠤᠰ | ᠠᠯᠤᠰᠯᠠᠭᠰᠠᠨ ᠨᠡᠷᠡᠳᠦ ᠠᠵᠦ ᠠᠬᠤᠶᠢᠯᠠᠯ᠂ ᠤᠯᠤᠰ ᠤᠨ ᠲᠤᠳᠤᠭᠠᠳᠦ ᠶᠢᠨ 500 ᠬᠦᠴᠦᠷᠬᠡᠭ ᠠᠵᠦ ᠠᠬᠤᠶᠢᠯᠠᠯ᠂ | ᠲᠤᠮᠤ ᠬᠡᠯᠪᠡᠷᠢ ᠶᠢᠨ ᠠᠵᠦ ᠠᠬᠤᠶᠢᠯᠠᠯ ᠪᠠ ᠤᠷᠤᠨ ᠤ ᠲᠤᠳᠤᠨ᠎ᠠ ᠭᠠᠳᠠᠨᠠᠬᠢ ᠠᠵᠦ ᠠᠬᠤᠶᠢᠯᠠᠯ ᠤᠳ ᠲᠤ | ᠴᠢᠭᠯᠡᠬᠦᠯᠦᠨ᠂ ᠪᠡᠯᠡ ᠤᠷᠤᠭᠤᠯᠤᠯᠳᠠ ᠶᠡᠭᠡ᠂ ᠦᠢᠯᠡᠳᠬᠦᠨ ᠤ ᠦᠷᠳᠡᠭ ᠦᠨᠳᠦᠷ᠂ ᠭᠠᠶᠢᠯᠢ ᠶᠢᠨ ᠤᠷᠤᠯᠭ᠎ᠠ ᠶᠢᠨ | ᠬᠤᠪᠢ ᠨᠡᠮᠡᠷᠢ ᠶᠡᠭᠡ᠂ ᠨᠡᠶᠢᠬᠡᠮ ᠤᠨ ᠦᠷ᠎ᠡ ᠠᠰᠢᠭ ᠦᠨᠳᠦᠷ᠂ ᠤᠷᠴᠢᠨ ᠠᠬᠤᠢ ᠳᠤ ᠡᠬᠡᠯᠢᠳᠠᠢ ᠲᠦᠷᠦᠯ ᠵᠤᠶᠢᠯ ᠢ | ᠤᠷᠢᠨ ᠤᠷᠤᠭᠤᠯᠵᠦ ᠨᠠᠶᠢᠳᠠᠪᠤᠷᠢᠵᠢᠭᠤᠯᠤᠨ᠎ᠠ᠃ ᠨᠡᠩ ᠤᠯᠠᠨ ᠠᠵᠦ ᠠᠬᠤᠶᠢᠯᠠᠯ ᠤᠨ ︽ᠠᠮᠢᠵᠢᠷᠠᠯ ᠤᠨ ᠤᠰᠦ︾ | ᠪᠠᠷ ᠠᠵᠦ ᠠᠬᠤᠢ ᠶᠢᠨ ︽ᠲᠠᠷᠢᠶ᠎ᠠ︾ ᠶᠢ ᠤᠰᠤᠯᠠᠵᠦ᠂ ᠠᠵᠦ ᠠᠬᠤᠶᠢᠯᠠᠯ ᠨᠢ ᠴᠢᠨᠠᠬᠡᠯᠢᠭᠵᠢᠭᠰᠡᠨ᠂ ᠪᠦᠬᠦ ᠬᠤᠰᠢᠭᠤ | ᠪᠠᠷ ᠢᠶᠠᠨ ᠬᠦᠭᠵᠢᠭᠰᠡᠨ᠂ ᠠᠷᠠᠳ ᠲᠦᠮᠡᠨ ᠠᠰᠢᠭ ᠬᠦᠷᠳᠡᠭᠰᠡᠨ ᠬᠠᠮᠤᠭ ᠤᠨ ᠦᠨᠳᠦᠷ ᠦᠷ᠎ᠡ ᠪᠦᠳᠦᠮᠵᠢ ᠳᠤ | ᠬᠦᠷᠦᠨ᠎ᠡ᠃ | ᠦᠢᠯᠡᠴᠢᠯᠡᠭᠡᠨ ᠤ ᠨᠠᠶᠢᠳᠠᠪᠤᠷᠢᠵᠢᠭᠤᠯᠤᠯᠳᠠ ᠶᠢ ᠠᠳᠬᠤᠵᠤ᠂ ᠬᠤᠳᠠᠯᠳᠤᠭ᠎ᠠ ᠡᠵᠡᠩᠨᠡᠬᠦ ᠪᠣᠳᠠᠲᠤ ᠬᠦᠴᠦᠨ ᠢ | ᠨᠡᠮᠡᠭᠳᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠦᠷᠬᠦᠯᠵᠢᠯᠡᠨ ᠲᠡᠬᠡᠭᠰᠢᠯᠡᠬᠦᠯᠵᠦ | ᠂ ᠭᠠᠶᠢᠯᠢ ᠶᠢ ᠬᠦᠩᠭᠡᠯᠡᠵᠦ ᠵᠠᠷᠤᠳᠠᠯ ᠢ ᠪᠠᠭᠠᠰᠬᠠᠬᠤ ᠰᠢᠨ᠎ᠡ ᠲᠦᠷᠦ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠠᠵᠦ ᠠᠬᠤᠶᠢᠯᠠᠯ ᠳᠤ ᠠᠰᠢᠭ ᠬᠦᠷᠳᠡᠬᠡᠬᠦ ᠲᠦᠷᠦ ᠶᠢᠨ ᠪᠤᠳᠤᠯᠭ᠎ᠠ ᠶᠢ ᠨᠠᠷᠢᠯᠢᠭ | ᠤᠨᠤᠴᠢᠳᠠᠢ ᠠᠬᠢᠭᠤᠯᠵᠦ᠂ ᠠᠵᠦ ᠠᠬᠤᠶᠢᠯᠠᠯ ᠤᠨ ᠱᠠᠭᠠᠷᠳᠠᠯᠭ᠎ᠠ ᠲᠠᠢ ᠦᠶ᠎ᠠ ᠳᠤ ᠱᠠᠭᠠᠷᠳᠠᠯᠭ᠎ᠠ ᠶᠢ ᠨᠢ ᠬᠠᠩᠭᠠᠨ᠎ᠠ᠃ | ︽ᠲᠠᠪᠤ ᠶᠢ ᠬᠠᠰᠤᠵᠦ ᠨᠢᠬᠡ ᠶᠢ ᠰᠢᠯᠢᠳᠡᠭᠵᠢᠬᠦᠯᠬᠦ︾ ᠶᠢ ᠬᠦᠨᠵᠡᠬᠡᠢ ᠦᠷᠨᠢᠬᠦᠯᠦᠨ᠂ ︽ᠨᠢᠭᠡ ᠴᠣᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾᠂ ︽ᠨᠢᠬᠡ ᠰᠦᠯᠵᠢᠶ᠎ᠠ ᠪᠠᠷ ᠪᠦᠬᠦᠨ ᠢ ᠰᠢᠢᠳᠪᠦᠷᠢᠯᠡᠬᠦ︾ ᠶᠢ | ᠡᠷᠴᠢᠮᠵᠢᠬᠦᠯᠵᠦ᠂ ︽ᠨᠢᠬᠡ ᠤᠴᠢᠷ ᠢ ᠨᠢᠬᠡ ᠯᠡ ᠲᠡᠬᠡᠷ᠎ᠡ ᠬᠦᠢᠴᠡᠳᠬᠡᠬᠦ︾ ᠶᠢ ᠠᠬᠢᠭᠤᠯᠤᠨ᠂ ᠤᠷᠤᠨ ᠬᠤᠳᠠ ᠳᠤ | ᠲᠡᠷᠢᠬᠦᠯᠡᠭᠰᠡᠨ ︽ᠲᠦᠷᠪᠡᠳ ᠬᠤᠰᠢᠭᠤᠨ ᠤ ᠦᠷ᠎ᠡ ᠪᠦᠳᠦᠮᠵᠢ︾ ᠶᠢ ᠪᠤᠢ ᠪᠤᠯᠭᠠᠨ᠎ᠠ᠃ ᠤᠯᠤᠰ ᠤᠨ | ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ | ᠦᠮᠴᠢᠯᠡᠯᠳᠦ ᠠᠵᠤ ᠠᠬᠤᠶᠢᠯᠠᠯ ᠤᠨ ᠴᠢᠰᠤ ᠪᠦᠲᠦᠭᠡᠬᠦ ᠴᠢᠳᠠᠮᠵᠢ ᠶᠢ ᠴᠢᠩᠭᠠᠳᠬᠠᠨ᠂ ᠤᠯᠤᠰ ᠤᠨ ᠦᠮᠴᠢᠯᠡᠯᠳᠦ | ᠠᠵᠤ ᠠᠬᠤᠶᠢᠯᠠᠯ ᠢ ᠡᠵᠡᠩᠨᠡᠯᠲᠡ ᠲᠠᠢ᠂ ᠣᠷᠣᠯᠭ᠎ᠠ ᠲᠠᠢ᠂ ᠠᠰᠢᠭ ᠬᠤᠨᠵᠢᠪᠣᠷᠢ ᠲᠠᠢ ᠪᠣᠯᠭᠠᠨ᠎ᠠ᠃ ᠤᠳᠤᠷᠢᠳᠬᠤ | ᠺᠠᠳ᠋ᠷ ᠠᠴᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ ᠳᠦᠷᠢᠮ ᠢ ᠪᠠᠶᠢᠭᠤᠯᠤᠨ᠂ | ᠲᠠᠭᠠᠭᠠᠴᠢᠯᠠᠭᠰᠠᠨ ᠠᠵᠦ ᠠᠬᠤᠶᠢᠯᠠᠯ ᠨᠢᠬᠡᠪᠦᠷᠢ ᠳᠤ ᠦᠢᠯᠡᠴᠢᠯᠡᠭᠡ ᠬᠠᠩᠭᠠᠵᠦ᠂ ᠵᠠᠬ᠎ᠠ ᠲᠡᠯᠬᠡᠬᠦᠷ ᠤᠨ ᠭᠤᠤᠯ | ᠴᠤᠭᠴᠠ ᠶᠢᠨ ᠪᠡᠯᠡ ᠮᠦᠩᠭᠦ ᠬᠤᠷᠠᠯᠳᠤᠭᠤᠯᠬᠤ ᠳᠤ ᠬᠦᠴᠢᠷ᠂ ᠠᠵᠢᠯᠴᠢᠨ ᠬᠦᠯᠦᠰᠦᠯᠡᠬᠦ ᠳᠤ ᠬᠦᠴᠢᠷ ᠵᠡᠷᠬᠡ | ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠠᠷᠠᠯᠵᠢᠶᠠᠴᠢᠨ ᠤ ᠳᠣᠲᠣᠨᠣ ᠴᠢᠬᠡᠴᠢ | ᠬᠠᠷᠢᠴᠠᠭ᠎ᠠ ᠶᠢ ᠪᠤᠢ ᠪᠣᠯᠭᠠᠵᠤ᠂ ᠠᠵᠦ ᠠᠬᠤᠶᠢᠯᠠᠯᠳᠠᠨ ᠢ ᠬᠦᠨᠳᠦᠳᠬᠡᠨ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠠᠵᠤ ᠠᠬᠤᠢ ᠶᠢᠨ ᠬᠥᠭᠵᠢᠯᠲᠡ ᠶᠢᠨ ︽ᠠᠯᠲᠠᠨ ᠲᠦᠯᠬᠢᠭᠦᠷ︾ ᠪᠣᠯᠭᠠᠨ᠎ᠠ᠃ | ᠬᠡᠷᠡᠭᠯᠡᠭᠡ ᠶᠢᠨ ᠬᠦᠴᠦᠯᠡᠬᠦ ᠴᠡᠭ ᠢ ᠣᠨᠣᠪᠴᠢᠲᠠᠶ ᠠᠳᠬᠤᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ | ᠪᠠᠳᠠᠷᠠᠭᠤᠯᠤᠨ᠎ᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠶᠠᠪᠤᠳᠠᠯ ᠢ ᠠᠵᠤ | ᠠᠬᠤᠶ ᠶᠢᠨ ᠲᠣᠭᠲᠠᠭᠤᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ | ᠠᠷᠭ᠎ᠠ ᠬᠡᠮᠵᠢᠶ᠎ᠡ ᠪᠣᠯᠭᠠᠨ᠎ᠠ᠃ ᠰᠤᠶᠤᠯ ᠵᠢᠭᠤᠯᠴᠢᠯᠠᠯ ᠤᠨ ᠬᠡᠷᠡᠭᠯᠡᠬᠡᠨ ᠤ ᠵᠠᠬ᠎ᠠ ᠲᠡᠯᠬᠡᠬᠦᠷ ᠤᠨ ᠲᠦᠷᠭᠡᠨ | ᠲᠡᠬᠡᠭᠰᠢᠯᠡᠯᠳᠠ ᠶᠢ ᠠᠬᠢᠭᠤᠯᠤᠨ᠂ ᠵᠢᠭᠤᠯᠴᠢᠯᠠᠯ ᠤᠨ ᠢᠳᠡ ᠤᠯᠠᠷᠢᠯ ᠢ ᠵᠠᠪᠳᠤᠵᠤ᠂ ᠭᠤᠤᠯᠳᠠᠯᠭ᠎ᠠ ᠲᠠᠢ | ᠦᠵᠡᠮᠵᠢ ᠶᠢᠨ ᠣᠷᠣᠨ᠂ ᠦᠵᠡᠮᠵᠢ ᠶᠢᠨ ᠴᠡᠭ ᠲᠤ ᠰᠢᠰᠲ᠋ᠧᠮᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ | ᠤᠷᠤᠯᠳᠤᠭᠠᠨ ᠢ ᠲᠥᠰᠦᠪᠯᠡᠨ ᠡᠷᠬᠢᠯᠡᠵᠦ᠂ ᠵᠢᠯ ᠪᠦᠬᠦᠨ ᠢᠶᠠᠷ ᠢᠶᠠᠨ ᠦᠷᠬᠦᠯᠵᠢᠯᠡᠭᠰᠡᠨ ᠠᠵᠢᠯᠯᠠᠭ᠎ᠠ ᠲᠠᠢ ᠪᠠᠶᠢᠬᠤ ᠶᠢ | ᠪᠠᠶᠠᠯᠡᠬᠦᠯᠦᠨ᠎ᠡ᠃ ᠵᠦᠢ ᠵᠣᠬᠢᠰᠲᠠᠢ ᠣᠷᠣᠨ ᠰᠠᠭᠤᠴᠠ ᠶᠢᠨ ᠬᠡᠷᠡᠭᠯᠡᠭᠡ ᠶᠢ ᠬᠦᠳᠦᠯᠦᠨ ᠵᠢᠯᠣᠭᠤᠳᠴᠤ᠂ ᠭᠡᠷ | ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠲᠣᠭᠲᠠᠭᠤᠨ ᠬᠥᠭᠵᠢᠯᠲᠡ ᠶᠢ | ᠠᠬᠢᠭᠤᠯᠤᠨ᠎ᠠ᠃ ᠬᠤᠲᠠ ᠬᠥᠳᠡᠭᠡ ᠶᠢᠨ ᠬᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠪᠦᠲᠦᠮᠵᠢᠲᠡᠶ ᠬᠥᠭᠵᠢᠭᠡᠨ᠎ᠡ᠃ ᠬᠤᠳᠠᠯᠳᠤᠭᠠᠨ ᠤ ᠲᠣᠣᠷ ᠴᠡᠭ ᠤᠨ | ᠡᠵᠡᠩᠨᠡᠯᠲᠡ ᠶᠢᠨ ᠬᠡᠯᠪᠡᠷᠢ ᠶᠢᠨ ᠴᠤᠭᠯᠠᠷᠠᠯ ᠢ ᠠᠬᠢᠭᠤᠯᠵᠤ᠂ ᠪᠠᠯᠭᠠᠰᠤᠨ ᠤ ᠲᠤᠭᠤᠷᠢᠭ ᠤᠨ ᠠᠮᠲᠠᠲᠤ ᠢᠳᠡᠭᠡᠨ ᠤ | ᠵᠡᠭᠡᠯᠢ᠂ ᠬᠤᠳᠠᠯᠳᠤᠭᠠᠨ ᠤ ᠵᠡᠭᠡᠯᠢ ᠶᠢ ᠲᠡᠰ ᠲᠡᠪᠰᠢᠬᠦᠯᠦᠨ ᠪᠠᠶᠢᠭᠤᠯᠵᠦ᠂ ᠬᠡᠷᠡᠭᠯᠡᠭᠡ ᠳᠤ ᠨᠡᠩ ᠶᠡᠭᠡ ᠰᠠᠳᠠᠯᠳᠠ | ᠦᠭᠴᠦ᠂ ᠬᠦᠮᠦᠰ ᠤᠨ ᠠᠮᠢᠳᠤᠷᠠᠯ ᠤᠨ ᠤᠷᠮ᠎ᠠ ᠵᠤᠷᠢᠭ ᠢ ᠤᠯᠠᠮ ᠬᠦᠭᠵᠢᠬᠡᠨ᠎ᠡ᠃ | ︵ᠬᠤᠶᠠᠷ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠦᠲᠦᠴᠡ ᠶᠢ ᠰᠢᠯᠢᠳᠡᠭᠵᠢᠭᠦᠯᠵᠦ᠂ | ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠦᠢᠯᠡᠰ ᠤᠨ ᠰᠢᠰᠲ᠋ᠧᠮ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ | ᠪᠦᠬᠦ ᠬᠤᠰᠢᠭᠤᠨ ᠤ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠪᠦᠲᠦᠴᠡ ᠶᠢᠨ ᠲᠣᠬᠢᠷᠠᠭᠤᠯᠤᠯᠲᠠ ᠪᠠ | ᠬᠡᠯᠪᠡᠷᠢ ᠶᠢᠨ ᠬᠤᠪᠢᠷᠠᠭᠤᠯᠤᠯᠲᠠ ᠶᠢ ᠢᠮᠠᠭᠳᠠ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠶᠢ ᠪᠦᠬᠦ ᠬᠦᠴᠦᠨ | ᠢᠶᠠᠷ ᠪᠠᠬᠢᠵᠢᠬᠦᠯᠦᠨ᠂ ︽ᠵᠠᠭᠤᠨ ᠳ᠋ᠦᠩᠰᠢᠭᠤᠷ ᠤᠨ ᠲᠡᠰ ᠤᠨ ᠲᠠᠪᠤᠨ ᠠᠵᠦ ᠠᠬᠤᠶᠢᠯᠠᠯ ᠤᠨ ᠪᠦᠬᠡᠮᠨᠡᠷᠡᠯ︾ ᠤᠨ | ᠬᠠᠷᠠᠯᠳᠠ ᠶᠢ ᠪᠠᠶᠡᠯᠡᠬᠦᠯᠬᠦ ᠪᠠᠷ ᠴᠢᠷᠮᠠᠶᠢᠨ ᠤᠷᠤᠭᠰᠢᠯᠠᠨ᠎ᠠ᠃ | ᠤᠳᠤᠬᠢᠴᠢᠯᠠᠭᠰᠠᠨ ᠮᠠᠯᠵᠢᠯ ᠲᠠᠷᠢᠶᠠᠯᠠᠩ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠬᠦᠴᠦᠲᠡᠶ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ᠂ | ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ | ᠳᠤᠷ᠎ᠠ ᠪᠠᠷ ᠡᠵᠡᠯᠡᠵᠦ ᠭᠡᠷ ᠪᠠᠶᠢᠰᠢᠩ ᠪᠠᠷᠢᠬᠤ ᠶᠢ ᠴᠢᠩᠭ᠎ᠠ ᠬᠢᠵᠠᠭᠠᠷᠯᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ | ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ | ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ 1 ᠲᠦᠮᠡᠨ ᠮᠦ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠮᠠᠯ ᠲᠠᠷᠢᠶᠠᠯᠠᠩ | ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠬᠠᠩᠭᠠᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ | ᠂ ᠠᠮᠤ ᠪᠤᠳᠠᠭᠠᠨ ᠤ ᠤᠨᠠᠯᠲᠠ ᠶᠢ 5 ᠳ᠋ᠦᠩᠰᠢᠭᠤᠷ ᠵᠢᠩ ᠳᠤ ᠬᠦᠷᠬᠡᠵᠦ᠂ ᠮᠢᠬᠠᠨ ᠤ ᠲᠥᠷᠥᠯ ᠤᠨ ᠭᠠᠷᠤᠯᠲᠠ ᠶᠢ 4 | ᠲᠦᠮᠡᠨ ᠲᠣᠨ ᠠᠴᠠ ᠲᠡᠭᠡᠭᠰᠢᠬᠢ ᠳᠤ ᠲᠣᠭᠲᠠᠪᠤᠷᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠥᠮᠥᠰᠥ ᠡᠳ᠋ᠰᠢᠭᠦᠯᠬᠦ ᠲᠤᠰᠬᠠᠶ ᠬᠡᠷᠡᠭᠯᠡᠭᠡᠨ ᠤ ᠬᠡᠯᠪᠡᠷᠢ᠂ | ᠭᠠᠩ ᠢ ᠡᠰᠡᠷᠭᠦᠴᠡᠬᠦ ᠴᠢᠨᠠᠷ ᠰᠠᠶᠢᠲᠠᠶ ᠰᠢᠨ᠎ᠡ ᠰᠣᠷᠭᠤᠭ ᠢᠳᠡᠭᠡᠨ ᠤ ᠬᠡᠯᠪᠡᠷᠢ ᠶᠢᠨ ᠰᠢᠨ᠎ᠡ ᠡᠭᠦᠯᠳᠡᠷ 5 ᠶᠢ | ᠪᠤᠶᠢᠵᠢᠭᠤᠯᠵᠤ᠂ ᠢᠳᠡᠰᠢᠨ ᠬᠤᠨᠢᠨ ᠤ ᠰᠢᠨ᠎ᠡ ᠡᠬᠦᠯᠳᠡᠷ 1᠂ ᠰᠢᠨ᠎ᠡ ᠡᠬᠦᠯᠳᠡᠷ ᠤᠨ ᠰᠢᠰᠲ᠋ᠧᠮ 5 ᠶᠢ | ᠪᠤᠶᠢᠵᠢᠭᠤᠯᠤᠨ᠎ᠠ᠃ 15 ᠲᠦᠮᠡᠨ ᠮᠥ ᠲᠥᠮᠥᠰᠥ ᠳᠠᠷᠢᠬᠤ᠂ 25 ᠲᠦᠮᠡᠨ ᠮᠥ ᠡᠳ᠋ᠰᠢᠭᠦᠯᠬᠦ ᠲᠤᠰᠬᠠᠶ ᠬᠡᠷᠡᠭᠯᠡᠭᠡᠨ ᠤ | ᠲᠥᠮᠥᠰᠥ ᠳᠠᠷᠢᠬᠤ᠂ 20 ᠲᠦᠮᠡᠨ ᠮᠥ ᠲᠠᠸᠠᠷ ᠤᠨ ᠲᠥᠮᠥᠰᠥ ᠳᠠᠷᠢᠬᠤ ᠭᠤᠷᠪᠠᠨ ᠶᠡᠭᠡ ᠲᠠᠷᠢᠮᠠᠯ ᠤᠨ ᠰᠠᠭᠤᠷᠢᠨ | ᠭᠠᠵᠠᠷ ᠢ ᠪᠠᠶᠢᠭᠤᠯᠵᠦ᠂ ᠲᠦᠮᠦᠰᠦ ᠲᠠᠷᠢᠬᠤ ᠲᠠᠯᠠᠪᠠᠢ ᠶᠢ 60 ᠲᠦᠮᠡᠨ ᠮᠤ᠋ ᠳᠤ ᠲᠤᠭᠳᠠᠪᠤᠷᠢᠵᠢᠭᠤᠯᠤᠨ᠂ | ᠲᠦᠮᠦᠰᠤᠨ ᠤ ᠪᠦᠬᠦ ᠠᠵᠦ ᠦᠢᠯᠡᠰ ᠤᠨ ᠬᠡᠯᠬᠢᠶ᠎ᠠ ᠶᠢ ᠬᠦᠭᠵᠢᠬᠦᠯᠵᠦ᠂ ᠤᠨᠠᠯᠳᠠ ᠪᠠ ᠦᠷᠳᠡᠭ ᠤᠨ ᠬᠤᠤᠰ | ᠨᠡᠮᠡᠭᠳᠡᠯ ᠤᠨ ᠰᠢᠪᠳᠤᠯᠤᠯᠳᠠ ᠶᠢ ᠪᠠᠶᠠᠯᠡᠬᠦᠯᠦᠨ᠎ᠡ᠃ ︽ᠳ᠋ᠦ᠋ ᠮᠧᠩ ᠢᠳᠡᠰᠢᠨ ᠬᠤᠨᠢᠨ ᠤ ᠰᠢᠨ᠎ᠡ ᠡᠬᠦᠯᠳᠡᠷ︾ ᠢᠶᠠᠷ | ᠭᠤᠤᠯᠯᠠᠭᠰᠠᠨ ᠪᠦᠬᠦ ᠤᠯᠤᠰ ᠤᠨ ᠬᠠᠮᠤᠭ ᠶᠡᠭᠡ ᠰᠢᠯᠢᠳᠡᠭ ᠡᠬᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠵᠦ᠂ ᠳ᠋ᠦ᠋ ᠮᠧᠩ ᠢᠳᠡᠰᠢᠨ ᠬᠤᠨᠢ ᠶᠢ ᠡᠭᠦᠯᠳᠡᠷ ᠪᠤᠶᠢᠵᠢᠭᠤᠯᠬᠤ ᠬᠤᠯᠪᠣᠭᠠᠲᠤ ᠴᠣᠭᠴᠠ ᠶᠢᠨ | ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠳ᠋ᠦ᠋ ᠮᠧᠩ ᠢᠳᠡᠰᠢᠨ ᠬᠤᠨᠢ ᠶᠢ ᠵᠢᠯ ᠳᠤ 80 ᠲᠦᠮᠡ ᠠᠴᠠ | ᠳᠡᠭᠡᠭᠰᠢ ᠪᠤᠷᠤᠯᠠᠭᠤᠯᠵᠦ᠂ ᠪᠦᠬᠦ ᠬᠤᠰᠢᠭᠤᠨ ᠤ ᠢᠳᠡᠰᠢᠨ ᠬᠤᠨᠢ ᠶᠢ 150 ᠲᠦᠮᠡᠨ ᠲᠤᠯᠤᠭᠠᠢ ᠪᠤᠷᠤᠯᠠᠭᠤᠯᠤᠨ | ᠭᠠᠷᠭᠠᠵᠦ᠂ ︽ᠦᠪᠡᠰᠦᠪᠡᠨ ᠲᠡᠵᠢᠬᠡᠨ ᠦᠪᠡᠰᠦᠪᠡᠨ ᠪᠤᠷᠤᠯᠠᠭᠤᠯᠬᠤ︾ ᠶᠢ ᠨᠢᠬᠡ ᠴᠤᠭᠴᠠᠵᠢᠭᠤᠯᠤᠭᠰᠠᠨ ᠢᠳᠡᠰᠢᠨ | ᠬᠤᠨᠢᠨ ᠤ ᠪᠦᠬᠦ ᠠᠵᠦ ᠠᠬᠤᠢ ᠶᠢᠨ ᠬᠡᠯᠬᠢᠶ᠎ᠠ ᠶᠢᠨ ᠬᠦᠭᠵᠢᠯᠳᠠ ᠶᠢᠨ ᠬᠡᠯᠪᠡᠷᠢ ᠶᠢ ᠪᠠᠶᠢᠭᠤᠯᠤᠨ᠂ ᠴᠢᠨᠠᠷ ᠪᠠ | ᠦᠷᠳᠡᠭ ᠤᠨ ᠬᠤᠤᠰ ᠲᠡᠬᠡᠭᠰᠢᠯᠡᠯᠳᠠ ᠶᠢ ᠪᠠᠶᠡᠯᠡᠬᠦᠯᠦᠨ᠎ᠡ᠃ ᠣᠲᠣ ᠦᠶ᠎ᠡ ᠶᠢᠨ ᠢᠳᠡᠰᠢᠨ ᠦᠬᠡᠷ ᠤᠨ ᠠᠵᠤ | ᠦᠢᠯᠡᠰ ᠤᠨ ᠪᠤᠶᠢᠵᠢᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠳᠡᠰᠢᠨ ᠦᠬᠡᠷ ᠤᠨ ᠰᠦᠷᠦᠭ ᠢ ᠥᠷᠭᠡᠳᠬᠡᠨ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠠᠬᠢᠭᠤᠯᠤᠨ᠂ ᠠᠩᠭᠢᠰ ᠢᠳᠡᠰᠢᠨ ᠦᠬᠡᠷ ᠤᠨ ᠪᠠᠷᠢᠮᠵᠢᠶᠠᠵᠢᠭᠰᠠᠨ | ᠲᠡᠵᠢᠭᠡᠨ ᠦᠷᠡᠵᠢᠭᠦᠯᠬᠦ ᠲᠣᠭᠤᠷᠢᠭ 1 ᠶᠢ ᠰᠢᠨ᠎ᠡ ᠪᠠᠷ ᠨᠡᠮᠡᠭᠳᠡᠭᠦᠯᠵᠦ᠂ ᠢᠳᠡᠰᠢᠨ ᠦᠬᠡᠷ ᠲᠡᠵᠢᠭᠡᠨ ᠦᠷᠡᠵᠢᠭᠦᠯᠬᠦ | ᠬᠡᠪᠴᠢᠶ᠎ᠡ ᠶᠢ 10 ᠲᠦᠮᠡᠨ ᠲᠣᠯᠣᠭᠠᠶ ᠳᠤ ᠬᠦᠷᠦᠭᠦᠯᠦᠨ᠎ᠡ᠃ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ | ᠥᠭᠡᠷᠡᠴᠢᠯᠡᠬᠦ︾ ᠶᠢ ᠯᠠᠪᠳᠠᠭᠤᠨ ᠠᠬᠢᠭᠤᠯᠵᠤ᠂ 5 ᠲᠦᠮᠡᠨ ᠮᠤ᠋ ᠨᠣᠭᠤᠭᠠᠨ ᠳᠠᠷᠤᠰᠢ ᠶᠢᠨ ᠡᠷᠳᠡᠨᠢ ᠰᠢᠰᠢ᠂ 3.6 | ᠲᠦᠮᠡᠨ ᠮᠤ᠋ ᠲᠡᠵᠢᠭᠡᠯ ᠪᠣᠷᠳᠣᠭᠠᠨ ᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠨ᠂ ︽ᠠᠮᠤ ᠪᠤᠳᠠᠭ᠎ᠠ | ᠠᠷᠪᠢᠯᠠᠬᠤ ᠬᠡᠯᠪᠡᠷᠢ︾ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠨ᠎ᠠ᠃ ᠰᠦ ᠰᠠᠭᠠᠯᠢ ᠶᠢᠨ | ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠣᠮᠣᠭᠠᠨ ᠤ ᠲᠡᠮᠡᠭᠡᠨ ᠤ ᠠᠵᠤ ᠦᠢᠯᠡᠰ ᠢ ᠬᠥᠭᠵᠢᠭᠦᠯᠬᠦ | ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠢᠯ ᠳᠤ 1800 ᠲᠣᠨ ᠢᠩᠭᠡᠨ ᠰᠦ ᠦᠢᠯᠡᠳᠪᠦᠷᠢᠯᠡᠨ᠎ᠡ᠃ | ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠶ ᠶᠢᠨ ᠲᠡᠮᠳᠡᠭᠲᠦ | ᠪᠦᠲᠦᠭᠡᠭᠳᠡᠬᠦᠨ ᠤ ᠭᠡᠷᠡᠴᠢᠯᠡᠯ ᠢ ᠴᠢᠩᠭᠠᠳᠬᠠᠵᠤ᠂ ᠪᠣᠬᠢᠷᠲᠤᠯ ᠥᠬᠡᠶ ᠢᠳᠡᠭᠡᠨ 5᠂ ᠣᠷᠭᠠᠨᠢᠭ ᠲᠠᠷᠢᠶᠠᠯᠠᠩ ᠤᠨ | ᠪᠦᠲᠦᠭᠡᠭᠳᠡᠬᠦᠨ 2᠂ ᠰᠢᠨ᠎ᠡ ᠪᠠᠷ ᠭᠡᠷᠡᠴᠢᠯᠡᠭᠰᠡᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ 3 ᠶᠢ ᠨᠡᠮᠡᠭᠳᠡᠭᠦᠯᠵᠦ᠂ ︽ᠳᠥᠷᠪᠡᠳ ᠬᠤᠰᠢᠭᠤᠨ ᠤ ᠨᠠᠷᠠᠲᠤ ᠲᠡᠮᠳᠡᠭᠲᠦ︾ ᠶᠢ ᠣᠷᠣᠨ ᠤ | ᠳᠣᠲᠣᠷ᠎ᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠳᠣᠲᠣᠭᠠᠳᠤ ᠳᠤ ᠠᠯᠳᠠᠷᠰᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠬᠦᠴᠦᠯᠡᠨ | ᠠᠬᠢᠭᠤᠯᠤᠨ᠎ᠠ᠃ ᠤᠯᠤᠰ ᠤᠨ ᠠᠮᠢ ᠠᠬᠤᠶ ᠶᠢᠨ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠷᠢ | ᠲᠣᠭᠲᠠᠭᠠᠯᠲᠠ ᠳᠤ ᠰᠠᠭᠤᠷᠢᠯᠠᠨ᠂ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠠᠬᠢᠯᠭᠠᠨ ᠤ ᠪᠠᠯᠠ | ᠣᠷᠣᠭᠤᠯᠤᠯᠲᠠ ᠶᠢᠨ 600 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂ ᠭᠤᠷᠪᠠᠨ ᠬᠠᠪᠴᠢᠯ ᠤᠨ ︽ | ᠴᠠᠬᠢᠯᠭᠠᠨ ᠤ ᠰᠤᠷᠪᠤᠯᠵᠢ ᠶᠢᠨ ᠲᠤᠤᠷ ᠳᠠᠭᠠᠭᠠᠴᠠ ᠨᠥᠭᠡᠴᠡ︾ ᠶᠢᠨ 200 ᠲᠦᠮᠡᠨ ᠺᠢᠯᠤᠸᠠᠲ ᠤᠨ ᠰᠠᠯᠬᠢᠨ | ᠬᠦᠴᠦᠨ ᠤ ᠴᠠᠬᠢᠯᠭᠠᠨ ᠤ ᠲᠥᠷᠥᠯ ᠵᠦᠢᠯ ᠪᠣᠯᠤᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 100 | ᠲᠦᠮᠡᠨ ᠺᠢᠯᠤᠸᠠᠲ ᠤᠨ ᠰᠠᠯᠬᠢᠨ ᠬᠦᠴᠦᠨ ᠤ ᠨᠥᠭᠡᠴᠡ ᠶᠢᠨ ᠲᠥᠷᠥᠯ ᠵᠦᠢᠯ ᠢ ᠪᠥᠬᠦ ᠬᠤᠷᠳᠤᠴᠠ ᠪᠠᠷ ᠠᠬᠢᠭᠤᠯᠵᠦ | ᠂ ᠴᠠᠬᠢᠯᠭᠠᠨ ᠬᠦᠷᠬᠡᠬᠦ 2 ᠢᠨᠵᠧᠨᠧᠷᠢᠩ ᠢ ᠲᠦᠷᠬᠡᠳᠬᠡᠨ ᠪᠠᠶᠢᠭᠤᠯᠵᠦ᠂ ᠮᠠᠰᠢᠨ ᠴᠤᠭᠴᠠᠯᠠᠪᠤᠷᠢ ᠶᠢᠨ ᠶᠡᠷᠦᠩᠭᠡᠢ | ᠪᠠᠭᠳᠠᠭᠠᠮᠵᠢ ᠶᠢᠨ ᠬᠡᠮᠵᠢᠶ᠎ᠠ ᠶᠢ 529 ᠲᠦᠮᠡᠨ ᠺᠢᠯᠤᠸᠠᠲ ᠲᠤ ᠬᠦᠷᠬᠡᠵᠦ᠂ ᠴᠡᠪᠡᠷ ᠡᠨᠧᠷᠬᠢ ᠶᠢᠨ ᠦᠷᠳᠡᠭ ᠢ | 100 ᠳ᠋ᠦᠩᠰᠢᠭᠤᠷ ᠲᠡᠰ ᠤᠨ ᠬᠡᠮᠵᠢᠶ᠎ᠠ ᠬᠦᠷᠬᠡᠬᠦ ᠠᠯᠬᠤᠮ ᠢᠶᠠᠨ ᠡᠬᠢᠯᠡᠬᠦᠯᠦᠨ᠎ᠡ᠃ ᠠᠵᠤ ᠦᠢᠯᠡᠰ ᠤᠨ | ᠬᠦᠷᠢᠶᠡᠯᠡᠩ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ 3000 ᠲᠣᠨ ᠪᠣᠬᠢᠷ ᠤᠰᠤ ᠰᠢᠢᠳᠪᠦᠷᠢᠯᠡᠬᠦ᠂ | 310 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠶ᠂ ᠵᠠᠮ | ᠬᠤᠭᠤᠯᠠᠶ ᠶᠢᠨ ᠲᠤᠤᠷ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠤᠰᠬᠠᠶ | ᠲᠤᠰᠢᠶᠠᠯᠲᠤ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠤᠨ᠎ᠠ᠃ ᠹᠯᠣᠷ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠡᠨᠧᠷᠭᠢ ᠠᠷᠪᠢᠯᠠᠬᠤ ᠴᠢᠭᠯᠡᠯ ᠲᠡᠰᠢ ᠬᠥᠭᠵᠢᠬᠦ ᠠᠯᠬᠤᠴᠠ ᠶᠢ ᠲᠦᠷᠭᠡᠳᠬᠡᠨ | ᠠᠬᠢᠭᠤᠯᠵᠤ᠂ ᠶᠥᠩ ᠾᠧ ᠹᠯᠣᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ | ᠨᠢᠭᠡ ᠠᠯᠬᠤᠮ ᠦᠷᠭᠡᠳᠬᠡᠨ᠂ ᠵᠢᠯ ᠳᠤ 0.8 ᠲᠦᠮᠡᠨ ᠲᠣᠨ ᠬᠡᠯᠪᠠᠶᠢᠭᠦᠦ ᠹᠯᠣᠷᠲᠤ ᠡᠲ᠋ᠧᠨ᠂ 1 ᠲᠦᠮᠡᠨ ᠲᠣᠨ | ᠪᠦᠷᠢᠨ ᠹᠯᠣᠷᠲᠤ ᠾᠤᠺᠷᠤᠨ᠂ 6 ᠲᠦᠮᠡᠨ ᠲᠣᠨ ᠬᠠᠶᠠᠭᠳᠠᠮᠠᠯ ᠳᠠᠪᠤᠰᠤ ᠶᠢ ᠦᠢᠯᠡᠳᠪᠦᠷᠢᠯᠡᠬᠦ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠵᠢᠶᠠ ᠬᠤᠢ ᠴᠠᠬᠢᠭᠤᠷ ᠤᠨ ᠦᠢᠯᠡᠰ ᠢ ᠲᠠᠬᠢᠨ | ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠦ᠂ ᠵᠢᠯ ᠤᠨ ᠲᠤᠳᠤᠷ᠎ᠠ ᠦᠢᠯᠡᠳᠪᠦᠷᠢᠯᠡᠯ ᠢ ᠡᠬᠢᠯᠡᠬᠦᠯᠦᠨ᠎ᠡ᠃ | ᠴᠢᠶᠠᠨ ᠯᠧᠢ ᠺᠣᠮᠫᠠᠨᠢ ᠶᠢᠨ ᠪᠣᠷᠵᠢᠨ ᠴᠢᠯᠠᠭᠤᠨ ᠤ ᠰᠢᠨ᠎ᠡ ᠬᠡᠯᠪᠡᠷᠢ ᠶᠢᠨ ᠬᠥᠩᠭᠡᠨ ᠴᠢᠨᠠᠷᠲᠠᠢ ᠬᠠᠨ᠎ᠠ ᠶᠢᠨ | ᠬᠠᠪᠲᠠᠰᠤ ᠶᠢᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ | ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ ᠮᠠᠯ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ | ᠬᠡᠯᠬᠢᠶ᠎ᠡ ᠶᠢ ᠭᠦᠨᠵᠡᠭᠡᠶ ᠨᠠᠷᠢᠯᠢᠭ ᠬᠢᠵᠦ᠂ 1 ᠲᠦᠮᠡᠨ ᠲᠣᠨ ᠤ ᠬᠤᠪᠢᠷᠠᠮᠠᠯ ᠴᠠᠷᠳᠠᠭᠤᠯ᠂ 1 ᠲᠦᠮᠡᠨ ᠲᠣᠨ ᠤ | ᠪᠦᠷᠢᠨ ᠨᠤᠨᠲᠠᠭ᠂ ᠴᠠᠭᠠᠨ ᠢᠳᠡᠭᠡ ᠪᠣᠯᠪᠠᠰᠤᠷᠠᠭᠤᠯᠬᠤ ᠪᠠ ᠮᠠᠯ ᠲᠠᠷᠢᠶᠠᠯᠠᠩ ᠤᠨ ᠪᠦᠲᠦᠭᠡᠭᠳᠡᠬᠦᠨ ᠢ ᠬᠥᠯᠳᠡᠭᠡᠬᠦ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠢᠮᠵᠢᠶᠠᠵᠢᠭᠤᠯᠤᠭᠰᠠᠨ᠂ | ᠬᠡᠪᠴᠢᠶᠡᠵᠢᠭᠦᠯᠦᠭᠰᠡᠨ ᠦᠢᠯᠡᠳᠪᠦᠷᠢᠯᠡᠯ ᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠬᠡᠪᠴᠢᠶᠡᠵᠢᠯ ᠠᠴᠠ ᠳᠡᠭᠡᠭᠰᠢᠬᠢ | ᠨᠢᠭᠡᠳᠦᠯᠲᠡᠢ ᠲᠦᠯᠦᠪᠵᠢᠭᠦᠯᠬᠦ ᠶᠢ ᠢᠳᠡᠪᠬᠢᠲᠡᠢ ᠬᠦᠭᠵᠢᠬᠦᠯᠦᠨ᠂ ᠵᠢᠯ ᠤᠨ ᠳᠣᠲᠣᠷ᠎ᠠ ᠬᠡᠪᠴᠢᠶᠡᠵᠢᠯ ᠠᠴᠠ | ᠳᠡᠭᠡᠭᠰᠢᠬᠢ 2 — 3 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠦᠢᠯᠡᠳᠬᠦᠨ ᠤ ᠥᠷᠲᠡᠭ ᠢ 50 | ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ | ᠳᠠᠮᠵᠢᠨ ᠪᠤᠶᠢᠨ ᠰᠦᠮ᠎ᠡ ᠶᠢᠨ ᠵᠡᠰ ᠤᠨ ᠦᠢᠯᠡᠰ ᠤᠨ ᠲᠥᠷᠥᠯ ᠵᠦᠢᠯ ᠤᠨ ᠳᠠᠬᠢᠨ ᠴᠡᠭᠴᠡᠯᠡᠬᠦ ᠠᠵᠢᠯ ᠢ ᠠᠬᠢᠭᠤᠯᠵᠤ | ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠨ᠎ᠡ᠃ | ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠬᠦᠴᠦ ᠪᠠᠨ ᠲᠥᠪᠯᠡᠷᠡᠭᠦᠯᠦᠨ ᠠᠬᠢᠭᠤᠯᠤᠨ᠎ᠠ᠃ | ︽ᠠᠮᠢ ᠠᠬᠤᠶ ᠶᠢᠨ ᠵᠢᠭᠤᠯᠴᠢᠯᠠᠯ︾ ᠤᠨ ᠪᠦᠲᠦᠭᠡᠨ ᠪᠠᠶᠢᠭᠤᠯᠤᠯᠲᠠ ᠪᠠᠷ ᠭᠤᠤᠯ ᠱᠤᠭᠤᠮ ᠪᠣᠯᠭᠠᠵᠤ᠂ | ᠵᠢᠭᠤᠯᠴᠢᠯᠠᠯ ᠤᠨ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠬᠥᠭᠵᠢᠯᠲᠡ ᠶᠢᠨ | ᠴᠢᠳᠠᠪᠤᠷᠢ ᠶᠢ ᠨᠡᠮᠡᠭᠳᠡᠭᠦᠯᠦᠨ᠎ᠡ᠃ ᠭᠡᠭᠡᠨᠲᠠᠯ᠎ᠠ ᠵᠢᠭᠤᠯᠴᠢᠯᠠᠯ ᠤᠨ ᠲᠥᠪ ᠤᠨ ᠡᠵᠡᠩᠨᠡᠯᠲᠡ ᠶᠢᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ 5A ᠲᠡᠰ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ | ᠰᠠᠭᠤᠷᠢ ᠠᠵᠢᠯ ᠢ ᠲᠡᠭᠦᠯᠳᠡᠷᠵᠢᠭᠦᠯᠦᠨ᠎ᠡ᠃ ᠨᠤᠮᠤᠭᠠᠨ ᠠᠭᠤᠯᠠ ᠶᠢᠨ ᠦᠵᠡᠮᠵᠢ ᠶᠢᠨ ᠣᠷᠣᠨ᠂ ᠸᠠᠩ ᠤᠨ ᠣᠷᠳᠣᠨ᠂ | ᠲᠤᠤᠷᠠᠶ ᠶᠢᠨ ᠣᠶ ᠶᠢᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠨᠢᠭᠡᠳᠦᠯᠲᠡᠶ | ᠲᠥᠯᠥᠪᠯᠡᠨ ᠰᠠᠶᠢᠲᠤᠷ ᠬᠢᠵᠦ᠂ ᠵᠢᠭᠤᠯᠴᠢᠯᠠᠯ ᠤᠨ ᠬᠦᠭᠵᠢᠯᠳᠠ ᠶᠢᠨ ᠰᠢᠨ᠎ᠡ ᠬᠢᠯᠠᠰ ᠴᠢᠭ ᠢ ᠪᠤᠢ ᠪᠤᠯᠭᠠᠨ᠎ᠠ᠃ | ᠦᠳᠡ ᠳᠤᠮᠳᠠ ᠶᠢᠨ ᠬᠤᠶᠠᠳᠤᠭᠠᠷ ᠬᠤᠭᠤᠴᠠᠭᠠᠨ ᠤ ᠣᠭᠲᠠᠷᠭᠤᠶ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠤ | ᠲᠥᠪ ᠤᠨ ᠲᠥᠷᠥᠯ ᠵᠦᠢᠯ᠂ ᠰᠢᠮᠢᠨ ᠭᠤᠤᠯ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ ᠳᠤ | ᠲᠦᠰᠢᠭᠯᠡᠨ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠦᠵᠢᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠣᠷᠣᠨ ᠨᠤᠲᠤᠭ ᠤᠨ ᠣᠨᠴᠠᠯᠢᠭᠲᠤ ᠡᠬᠢ | ᠪᠠᠶᠠᠯᠢᠭ ᠢ ᠠᠰᠢᠭᠯᠠ᠂ ᠪᠠᠶᠢᠷᠢᠰᠢᠯ ᠨᠢ ᠵᠦᠢ ᠵᠣᠬᠢᠰᠲᠠᠢ᠂ ᠰᠣᠶᠣᠯ ᠨᠢ ᠣᠯᠠᠨ ᠡᠰᠢᠵᠢᠭᠰᠡᠨ᠂ ᠬᠠᠮᠢᠶᠠᠷᠤᠯᠲᠠ ᠨᠢ | ᠵᠢᠷᠤᠮᠵᠢᠭᠰᠠᠨ ᠠᠷᠠᠳ ᠤᠨ ᠰᠠᠭᠤᠴᠠ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠵᠤ᠂ ︽ | ᠲᠣᠭᠤᠷᠢᠨ ᠵᠤᠭᠠᠴᠠᠬᠤ᠂ ᠵᠠᠩ ᠦᠢᠯᠡ ᠶᠢᠨ ᠵᠢᠭᠤᠯᠴᠢᠯᠠᠯ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠭᠤᠯᠴᠢᠯᠠᠯ︾ | ᠢ ᠨᠢᠭᠡ ᠴᠣᠭᠴᠠᠵᠢᠭᠤᠯᠤᠭᠰᠠᠨ ᠲᠡᠭᠡᠳᠦ ᠲᠡᠰ ᠤᠨ ᠠᠷᠠᠳ ᠤᠨ ᠰᠠᠭᠤᠴᠠ ᠶᠢᠨ ᠭᠡᠷ ᠢ 10 ᠠᠴᠠ ᠳᠡᠭᠡᠭᠰᠢ | ᠪᠠᠶᠢᠭᠤᠯᠤᠨ᠎ᠠ᠃ ᠡᠯ᠎ᠡ ᠦᠵᠡᠮᠵᠢ ᠶᠢᠨ ᠣᠷᠣᠨ ᠵᠢᠴᠢ ᠡᠷᠭᠢᠨ ᠲᠣᠭᠤᠷᠢᠨ ᠤ ᠵᠠᠮ ᠤᠨ ᠵᠣᠷᠯᠣᠩ᠂ ᠢᠯᠭᠠᠬᠤ ᠲᠡᠮᠳᠡᠭ | ᠂ ᠲᠡᠷᠭᠡᠨ ᠵᠣᠭᠰᠣᠭᠠᠯ ᠵᠡᠷᠭᠡ ᠲᠥᠬᠦᠷ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠣᠯᠠᠨ ᠨᠡᠶᠢᠲᠡ ᠶᠢᠨ | ᠰᠠᠭᠤᠷᠢ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ | ᠵᠤᠭᠠᠴᠠᠭᠰᠠᠳ ᠢ 110 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠶᠡᠷᠦᠩᠬᠡᠢ ᠣᠷᠣᠯᠭ᠎ᠠ ᠶᠢ 10.5 | ᠳ᠋ᠦᠩᠰᠢᠭᠤᠷ ᠲᠥᠭᠦᠷᠢᠭ ᠲᠤ ᠬᠦᠷᠬᠡᠨ᠎ᠡ᠃ ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ | ᠵᠤᠭᠠᠴᠠᠯ ᠤᠨ ᠨᠠᠭᠠᠳᠤᠮ ᠤᠨ ᠶᠡᠭᠡ ᠬᠤᠷᠠᠯ ᠢ ᠪᠦᠬᠦ ᠬᠦᠴᠦᠨ ᠢᠶᠠᠷ ᠭᠤᠶᠤᠴᠢᠯᠠᠨ ᠡᠷᠬᠢᠯᠡᠵᠦ᠂ ᠳᠠᠭᠤᠤ | ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠦᠷᠭᠦᠯᠵᠢᠯᠡᠨ ᠰᠠᠶᠢᠲᠤᠷ ᠶᠠᠪᠤᠭᠳᠠᠭᠤᠯᠤᠨ᠂ ᠰᠠᠨᠰᠠᠷ ᠠᠶᠠᠯᠠᠯ ᠤᠨ ᠬᠠᠮᠢᠶ᠎ᠠ ᠪᠦᠬᠦᠢ ᠰᠦᠯᠵᠢᠶᠠᠨ ᠤᠳᠦ ᠶᠢᠨ | ᠵᠤᠭᠠᠴᠠᠯ ᠤᠨ ᠭᠠᠵᠠᠷ ᠢ ᠰᠦᠪᠡᠭᠴᠢᠯᠡᠨ ᠪᠠᠶᠢᠭᠤᠯᠵᠦ᠂ ︽ᠦᠵᠡᠰᠬᠦᠯᠡᠩᠳᠦ ᠲᠦᠷᠪᠡᠳ ᠬᠤᠰᠢᠭᠤ᠂ ᠤᠷᠤᠨ ᠤ | ᠲᠦᠪ ᠤᠨ ᠠᠷᠦ ᠴᠡᠴᠡᠷᠯᠢᠭ︾ ᠨᠡᠷᠡᠳᠦ ᠲᠡᠮᠳᠡᠭ ᠤᠨ ᠠᠯᠳᠠᠷᠰᠢᠯ ᠢ ᠤᠯᠠᠮ ᠴᠢᠨᠠᠭᠰᠢᠳᠠ ᠦᠷᠬᠡᠳᠬᠡᠵᠦ᠂ | ᠲᠦᠷᠪᠡᠳ ᠬᠤᠰᠢᠭᠤ ᠶᠢ ᠬᠦᠮᠦᠨ ᠪᠦᠬᠦᠳᠠ ᠶᠢᠨ ᠵᠢᠭᠤᠯᠴᠢᠯᠠᠯ ᠤᠨ ᠬᠦᠰᠡᠯ ᠮᠦᠷᠦᠬᠡᠳᠦᠯ ᠤᠨ ᠤᠷᠤᠨ ᠪᠤᠯᠭᠠᠨ᠎ᠠ᠃ | | ᠠᠷᠠᠯᠵᠢᠶ᠎ᠠ ᠬᠤᠳᠠᠯᠳᠤᠭ᠎ᠠ ᠮᠥᠩᠭᠦᠨ ᠭᠦᠢᠯᠭᠡᠭᠡᠨ ᠤ ᠠᠵᠤ ᠦᠢᠯᠡᠰ ᠤᠨ ᠶᠠᠰᠤ ᠴᠢᠨᠠᠷ ᠢ ᠲᠡᠭᠡᠭᠰᠢᠯᠡᠭᠦᠯᠬᠦ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠲᠠᠸᠠᠷ ᠤᠨ ᠠᠷᠠᠯᠵᠢᠶᠠᠨ ᠤ ᠬᠦᠢᠯᠬᠡᠬᠡᠨ ᠤ ᠠᠮᠢᠵᠢᠷᠠᠯ ᠤᠨ ᠬᠦᠴᠦᠨ ᠢ | ᠬᠦᠭᠵᠢᠬᠡᠵᠦ᠂ ᠮᠠᠯᠵᠢᠬᠤ ᠲᠠᠷᠢᠶᠠᠯᠠᠬᠤ ᠤᠷᠤᠨ ᠤ ᠲᠦᠷᠬᠡᠨ ᠭᠤᠪᠢᠭᠤᠯᠭ᠎ᠠ ᠶᠢᠨ ᠬᠦᠢᠯᠬᠡᠬᠡᠨ ᠤ ᠰᠦᠯᠵᠢᠶ᠎ᠠ ᠶᠢ | ᠰᠢᠯᠢᠳᠡᠭᠵᠢᠬᠦᠯᠦᠨ᠂ ᠬᠤᠳᠠ ᠬᠦᠳᠡᠭᠡ ᠶᠢᠨ ᠬᠡᠯᠬᠢᠶ᠎ᠠ ᠶᠢᠨ ᠬᠦᠢᠯᠬᠡᠬᠡᠨ ᠤ ᠰᠢᠰᠲ᠋ᠧᠮ ᠢ ᠪᠠᠶᠢᠭᠤᠯᠬᠤ ᠶᠢ | ᠠᠬᠢᠭᠤᠯᠤᠨ᠎ᠠ᠃ ᠭᠥᠸᠧ ᠲᠥᠩ ᠡᠳ᠋ ᠪᠠᠷᠠᠭᠠᠨ ᠤ ᠬᠦᠢᠯᠬᠡᠬᠡᠨ ᠤ ᠬᠦᠷᠢᠶᠠᠯᠠᠩ ᠢ ᠠᠰᠢᠭᠯᠠᠯᠳᠠ ᠳᠤ ᠤᠷᠤᠭᠤᠯᠬᠤ | ᠪᠠᠷ ᠲᠦᠷᠬᠡᠳᠬᠡᠨ᠂ ᠦᠨᠳᠦᠷ ᠪᠦᠳᠦᠮᠵᠢᠳᠠᠢ ᠬᠦᠢᠯᠬᠡᠬᠡᠨ ᠤ ᠰᠢᠰᠲ᠋ᠧᠮ ᠢ ᠪᠠᠶᠢᠭᠤᠯᠵᠦ᠂ ᠲᠠᠸᠠᠷ ᠤᠨ ᠬᠦᠢᠯᠬᠡᠬᠡᠨ ᠤ | ᠦᠪᠡᠷ ᠤᠨ ᠦᠷᠳᠡᠭ ᠢ ᠪᠠᠭᠤᠷᠠᠭᠤᠯᠤᠨ᠂ ᠦᠪᠡᠷᠳᠡᠭᠡᠨ ᠵᠠᠰᠠᠬᠤ ᠤᠷᠤᠨ ᠤ ᠬᠤᠰᠢᠭᠤ ᠰᠢᠶᠠᠨ ᠤ ᠲᠡᠰ ᠤᠨ | ᠠᠷᠠᠯᠵᠢᠶ᠎ᠠ ᠬᠤᠳᠠᠯᠳᠤᠭᠠᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢᠨ ᠵᠢᠱᠢᠶᠡᠴᠢ ᠬᠤᠰᠢᠭᠤ ᠰᠢᠶᠡᠨ | ᠪᠤᠯᠭᠠᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠭᠤᠤᠯ ᠴᠤᠭᠴᠠ ᠶᠢ ᠤᠯᠠᠮ ᠨᠢᠬᠡ ᠠᠯᠬᠤᠮ | ᠬᠦᠴᠦᠷᠬᠡᠭᠵᠢᠬᠦᠯᠦᠨ᠂ ᠮᠠᠯ ᠲᠠᠷᠢᠶᠠᠯᠠᠩ ᠤᠨ ᠪᠦᠳᠦᠬᠡᠭᠳᠡᠬᠦᠨ ᠤ ᠰᠦᠯᠵᠢᠶᠠᠨ ᠲᠡᠬᠡᠷ᠎ᠡ ᠪᠤᠷᠤᠯᠠᠭᠤᠯᠬᠤ ᠶᠢ | ᠲᠠᠭᠠᠭᠤᠯᠤᠨ᠂ ᠲᠤᠰ ᠭᠠᠵᠠᠷ ᠤᠷᠤᠨ ᠤ ᠰᠦᠯᠵᠢᠶᠠᠨ ᠴᠤᠤᠳᠠᠨ ᠢ ᠶᠡᠬᠡᠪᠡᠷ ᠬᠦᠮᠦᠵᠢᠬᠦᠯᠵᠦ᠂ ᠤᠷᠤᠯᠭ᠎ᠠ ᠶᠢᠨ | ᠨᠡᠮᠡᠭᠳᠡᠯ ᠤᠨ ᠠᠷᠭ᠎ᠠ ᠵᠠᠮ ᠢ ᠦᠷᠬᠡᠳᠬᠡᠨ᠎ᠡ᠃ ᠨᠡᠩ ᠤᠯᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠤᠯᠠᠨ | ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ᠂ ᠭᠠᠳᠠᠭᠠᠳᠤ | ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠲᠤᠭ᠎ᠠ ᠶᠢ 7000 ᠲᠦᠮᠡᠨ ᠳ᠋ᠣᠯᠯᠠᠷ ᠲᠠᠪᠠᠭᠤᠯᠤᠨ᠎ᠠ᠃ ︽ᠵᠠᠰᠠᠭ | ᠤᠨ ᠤᠷᠳᠤᠨ᠂ ᠮᠥᠩᠭᠦᠨ ᠭᠦᠢᠯᠭᠡᠭᠡ᠂ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ᠂ | ᠮᠥᠩᠭᠦᠨ ᠭᠦᠢᠯᠭᠡᠭᠡᠨ ᠤ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ᠂ ᠮᠦᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠰᠢᠭᠦᠷᠭᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠭᠠᠨ ᠬᠢᠨᠠᠵᠤ ᠦᠨᠡᠯᠡᠬᠦ ᠶᠢ | ᠴᠢᠩᠭᠠᠳᠬᠠᠨ᠂ ᠨᠠᠩ ᠣᠯᠠᠨ ᠮᠥᠩᠭᠦᠨ ᠭᠦᠢᠯᠭᠡᠭᠡᠨ ᠤ ᠬᠥᠷᠥᠩᠭᠡ ᠶᠢ ᠪᠥᠬᠦ ᠣᠷᠣᠨ ᠪᠦᠰᠡ ᠶᠢᠨ ᠵᠢᠭᠤᠯᠴᠢᠯᠠᠯ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭᠠᠳᠤ ᠬᠦᠷᠢᠶ᠎ᠡ ᠬᠡᠪᠴᠢᠶᠡᠨ ᠳᠤ | ᠣᠷᠣᠭᠤᠯᠬᠤ ᠶᠢ ᠳᠠᠶᠢᠴᠢᠯᠠᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠦ ᠠᠬᠤᠢ ᠶᠢᠨ ᠨᠠᠶᠢᠳᠠᠮ | ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠪᠦᠬᠦ ᠬᠤᠰᠢᠭᠤᠨ ᠤ ᠠᠵᠦ ᠦᠢᠯᠡᠰ ᠤᠨ ᠰᠠᠭᠤᠷᠢ | ᠪᠠᠶᠢᠳᠠᠯ ᠢ ᠮᠦᠷᠳᠡᠨ ᠪᠠᠶᠢᠴᠠᠭᠠᠵᠦ᠂ ᠰᠢᠨᠵᠢᠯᠡᠬᠦ ᠤᠬᠠᠭᠠᠨᠴᠢ ᠰᠢᠢᠳᠪᠦᠷᠢ ᠭᠠᠷᠭᠠᠬᠤ ᠳᠤ ᠨᠠᠶᠢᠳᠠᠪᠤᠷᠢᠳᠠᠢ | ᠲᠤᠯᠭᠠᠭᠤᠷᠢᠯᠠᠬᠤ ᠬᠦᠴᠦᠨ ᠢ ᠬᠠᠩᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ | ᠲᠣᠳᠣᠷᠬᠠᠶ ᠤᠶᠢᠯᠠᠭᠠᠨ᠂ ᠡᠷᠡᠭᠦᠯ ᠪᠤᠰᠤ ᠡᠳ᠋ ᠬᠥᠷᠥᠩᠭᠡ ᠶᠢ ᠲᠣᠬᠢᠲᠠᠶ ᠪᠦᠭᠡᠳ ᠡᠮᠬᠢ ᠵᠢᠷᠤᠮ ᠲᠠᠢ | ᠰᠢᠢᠳᠪᠦᠷᠢᠯᠡᠵᠤ᠂ ᠰᠢᠰᠲ᠋ᠧᠮᠳᠤ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠥᠬᠡᠶ | ᠪᠠᠶᠢᠬᠤ ᠶᠢ ᠦᠨᠡᠨ ᠬᠦ ᠪᠠᠲᠤᠯᠠᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠠᠤᠯᠢ ᠪᠤᠰᠤ ᠪᠠᠷ ᠪᠠᠯᠠ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠪᠠ ᠢᠲᠡᠭᠡᠮᠵᠢ ᠠᠯᠳᠠᠬᠤ | ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ︽ᠵᠣᠭᠤᠰᠣᠨ ᠴᠦᠩᠬᠦ︾ ᠶᠢ | ᠪᠥᠬᠦ ᠬᠦᠴᠦᠨ ᠢᠶᠠᠷ ᠰᠠᠶᠢᠲᠤᠷ ᠰᠠᠬᠢᠨ ᠬᠠᠮᠠᠭᠠᠯᠠᠨ᠎ᠠ᠃ | ︵ᠭᠤᠷᠪᠠ︶ ᠰᠠᠭᠤᠷᠢ ᠶᠢ ᠪᠠᠲᠤᠳᠬᠠᠵᠤ᠂ ᠳᠤᠲᠠᠭᠤᠳᠠᠯ ᠢ ᠨᠦᠬᠦᠪᠦᠷᠢᠯᠡᠬᠦ ᠶᠢ ᠰᠢᠨᠳᠠᠷᠠᠰᠢ ᠦᠭᠡᠢ ᠪᠠᠷᠢᠮᠳᠠᠯᠠᠨ᠂ | ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠬᠤ ᠠᠯᠬᠤᠴᠠ ᠶᠢ ᠲᠠᠰᠤᠷᠠᠯᠲᠠ ᠥᠬᠡᠶ ᠲᠦᠷᠭᠡᠳᠬᠡᠨ᠎ᠡ᠃ | ᠬᠤᠲᠠ ᠪᠠᠯᠭᠠᠰᠤ ᠶᠢᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠵᠤ᠂ ᠬᠥᠳᠡᠭᠡ ᠲᠣᠰᠬᠤᠨ ᠤ ᠠᠮᠢᠳᠤᠷᠠᠯ ᠢ ᠨᠠᠩ | ᠪᠠᠶᠠᠨ ᠴᠢᠨᠡᠭᠡᠯᠢᠭ ᠬᠥᠭᠵᠢᠭᠦᠯᠬᠦ ᠬᠠᠷᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠬᠤᠲᠠ ᠬᠥᠳᠡᠭᠡ ᠠᠭᠤᠰᠤᠯᠴᠠᠭᠰᠠᠨ᠂ ᠣᠷᠣᠨ ᠪᠦᠰᠡ ᠵᠣᠬᠢᠴᠠᠩᠭᠤᠶ | ᠬᠥᠭᠵᠢᠭᠰᠡᠨ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠢ ᠪᠠᠷ | ᠠᠬᠢᠭᠤᠯᠤᠨ᠎ᠠ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠰᠢᠯᠢᠳᠡᠭᠵᠢᠭᠦᠯᠵᠦ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ | ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ | ᠬᠡᠮᠵᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ | ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠦᠪᠡᠷᠳᠡᠬᠡᠨ ᠵᠠᠰᠠᠬᠤ ᠤᠷᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠤᠰᠢᠭᠤᠴᠢ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠠᠵᠠ | ᠲᠣᠬᠢᠶᠠᠯ ᠪᠣᠯᠭᠠᠵᠤ᠂ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ ᠶᠢ ᠭᠦᠨᠵᠡᠭᠡᠶ ᠠᠬᠢᠭᠤᠯᠵᠤ᠂ ︽ | ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠵᠣᠬᠢᠶᠠᠨ ᠪᠠᠶᠢᠭᠤᠯᠵᠤ᠂ ᠠᠵᠤ ᠦᠢᠯᠡᠰ ᠤᠨ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠳᠠᠷᠢᠵᠤ ᠲᠡᠵᠢᠭᠡᠬᠦ ᠬᠡᠪᠴᠢᠶ᠎ᠡ ᠪᠠ ᠲᠣᠰᠬᠤᠨ ᠤ ᠬᠠᠮᠲᠤ ᠶᠢᠨ ᠠᠵᠤ ᠠᠬᠤᠶ ᠶᠢᠨ | ᠬᠡᠪᠴᠢᠶ᠎ᠡ ᠶᠢ ᠪᠤᠵᠠᠭᠠᠶᠢᠷᠠᠭᠤᠯᠤᠨ᠂ ᠵᠢᠯ ᠤᠨ ᠳᠣᠲᠣᠷ᠎ᠠ ᠡᠯ᠎ᠡ ᠱᠠᠲᠤᠨ ᠤ ᠡᠯ᠎ᠡ ᠲᠥᠷᠥᠯ ᠤᠨ ᠪᠠᠯᠠ ᠮᠥᠩᠭᠦ ᠶᠢ 3. | 09 ᠳ᠋ᠦᠩᠰᠢᠭᠤᠷ ᠲᠥᠭᠦᠷᠢᠭ ᠣᠷᠣᠭᠤᠯᠬᠤ ᠪᠠᠷ ᠲᠥᠯᠥᠪᠯᠡᠵᠦ᠂ ᠠᠵᠤ ᠦᠢᠯᠡᠰ ᠤᠨ ᠬᠥᠭᠵᠢᠯᠲᠡ᠂ ᠰᠠᠭᠤᠷᠢ | ᠲᠥᠬᠦᠭᠡᠷᠦᠮᠵᠢ ᠵᠡᠷᠭᠡ ᠬᠦᠷᠢᠶ᠎ᠡ ᠬᠡᠪᠴᠢᠶᠡᠨ ᠤ 23 ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠣᠯᠠᠨ ᠲᠦᠮᠡᠨ ᠳᠤ ᠲᠣᠭᠲᠠᠭᠤᠨ ᠢᠶᠠᠷ ᠠᠵᠢᠯ ᠤᠯᠭᠤᠨ᠂ ᠦᠷᠭᠦᠯᠵᠢᠯᠡᠨ ᠣᠷᠣᠯᠭ᠎ᠠ ᠪᠠᠨ | ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠤᠭ ᠨᠣᠪᠰᠢ᠂ | ᠪᠣᠬᠢᠷ ᠤᠰᠤ᠂ ᠵᠣᠷᠯᠣᠩ ᠵᠡᠷᠭᠡ ︽ᠭᠤᠷᠪᠠᠨ ᠶᠡᠭᠡ ᠬᠤᠪᠢᠰᠬᠠᠯ︾ ᠢ ᠭᠦᠨᠵᠡᠭᠡᠢ ᠦᠷᠨᠢᠭᠦᠯᠦᠨ᠂ 3 ᠵᠢᠵᠢᠭ | ᠬᠡᠯᠪᠡᠷᠢ ᠶᠢᠨ ᠬᠤᠭ ᠨᠣᠪᠰᠢ ᠰᠢᠲᠠᠭᠠᠬᠤ ᠥᠷᠲᠡᠭᠡ ᠶᠢ ᠪᠠᠶᠢᠭᠤᠯᠵᠤ᠂ ᠬᠤᠭ ᠨᠣᠪᠰᠢ ᠰᠢᠲᠠᠭᠠᠬᠤ ᠨᠣᠷᠮ᠎ᠠ ᠶᠢ | 100% ᠳᠤ ᠬᠦᠷᠭᠡᠨ᠎ᠡ᠃ 5 ᠰᠤᠮᠤ ᠰᠢᠶᠠᠩ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ | ᠲᠥᠷᠥᠯ ᠵᠦᠢᠯ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ 626 ᠶᠢ | ᠦᠬᠡᠷᠡᠴᠢᠯᠡᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ | ᠂ ᠬᠥᠳᠡᠭᠡ ᠲᠣᠰᠬᠤᠨ ᠤ ᠴᠢᠳᠠᠪᠤᠷᠢᠲᠠᠨ ᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠨᠢᠭᠡᠳᠦᠭᠡᠷ ᠡᠬᠢ ᠪᠠᠶᠠᠯᠢᠭ ᠪᠣᠯᠭᠠᠵᠤ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ | 1000 ᠬᠥᠮᠦᠨ ᠠᠴᠠ ᠳᠡᠭᠡᠭᠰᠢ ᠬᠥᠮᠦᠵᠢᠭᠦᠯᠦᠨ᠎ᠡ᠃ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ | ᠠᠵᠢᠯ ᠢ ᠰᠠᠶᠢᠲᠤᠷ ᠠᠳᠬᠤᠵᠤ᠂ ᠡᠯ᠎ᠡ ᠲᠥᠷᠥᠯ ᠤᠨ ᠦᠵᠡᠭᠦᠯᠦᠯᠭᠡ᠂ ᠪᠥᠬᠦ ᠠᠷᠠᠳ ᠤᠨ ᠤᠩᠰᠢᠯᠭ᠎ᠠ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠠᠵᠢᠯᠯᠠᠭ᠎ᠠ ᠶᠢ ᠣᠯᠠᠨ ᠬᠡᠯᠪᠡᠷᠢ ᠪᠠᠷ ᠦᠷᠨᠢᠭᠦᠯᠦᠨ | ᠂ ᠨᠠᠮ ᠤᠨ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠤᠨ᠎ᠠ᠃ ᠬᠥᠳᠡᠭᠡ | ᠲᠣᠰᠬᠤᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ︽ᠨᠢᠬᠡ ᠬᠡᠷ᠎ᠡ ᠲᠦᠷᠪᠡᠨ ᠬᠤᠷᠠᠯ︾ ᠢ ᠲᠡᠭᠦᠯᠳᠡᠷᠵᠢᠭᠦᠯᠦᠨ᠂ | ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠨ᠎ᠠ᠃ ᠲᠣᠰᠬᠤᠨ ᠳᠤ | ᠰᠠᠭᠤᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠶᠢᠴᠢᠨ ᠪᠠᠬᠢᠯᠡᠯᠲᠡ ᠶᠢᠨ ᠦᠢᠯᠡᠳᠦᠯ ᠢ ᠴᠢᠩᠭᠠᠳᠬᠠᠵᠤ᠂ ᠬᠥᠳᠡᠭᠡ ᠲᠣᠰᠬᠤᠨ ᠢ ᠨᠠᠩ ᠠᠮᠢᠵᠢᠷᠠᠯ ᠤᠨ | ᠬᠦᠴᠦᠨ ᠲᠠᠢ᠂ ᠠᠵᠤ ᠦᠢᠯᠡᠰ ᠢ ᠨᠠᠩ ᠬᠥᠭᠵᠢᠯᠲᠡ ᠲᠠᠢ᠂ ᠲᠣᠰᠬᠤᠨ ᠤ ᠠᠷᠠᠳ ᠢ ᠨᠠᠩ ᠡᠷᠡᠮᠡᠯᠵᠡᠯ ᠲᠠᠢ | ᠪᠣᠯᠭᠠᠨ᠎ᠠ᠃ | ᠭᠤᠤᠯᠳᠠᠯᠭ᠎ᠠ ᠶᠢ ᠳᠣᠪᠤᠶᠢᠯᠭᠠᠵᠤ᠂ ᠥᠨᠳᠥᠷ ᠪᠠᠷᠢᠮᠵᠢᠶ᠎ᠠ ᠪᠠᠷ ᠬᠤᠲᠠ ᠪᠠᠯᠭᠠᠰᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠤᠲᠠ | ᠪᠠᠯᠭᠠᠰᠤ ᠶᠢᠨ ᠨᠠᠷᠢᠯᠢᠬᠵᠢᠭᠤᠯᠤᠭᠰᠠᠨ ᠪᠦᠲᠦᠭᠡᠨ ᠪᠠᠶᠢᠭᠤᠯᠤᠯᠲᠠ᠂ ᠣᠶᠤᠨᠴᠢᠯᠠᠭᠰᠠᠨ ᠬᠠᠮᠢᠶᠠᠷᠤᠯᠲᠠ ᠶᠢ ᠲᠦᠯᠬᠢᠨ | ᠠᠬᠢᠭᠤᠯᠵᠤ᠂ ︽ᠨᠡᠩ ᠦᠵᠡᠰᠬᠦᠯᠡᠩᠳᠦ ᠰᠠᠶᠢᠬᠠᠨ᠂ ᠴᠢᠳᠠᠮᠵᠢ ᠨᠢ ᠨᠡᠩ ᠲᠡᠬᠦᠯᠳᠡᠷ᠂ ᠲᠦᠬᠦᠬᠡᠷᠦᠮᠵᠢ ᠨᠢ ᠨᠡᠩ | ᠪᠦᠷᠢᠨ︾ ᠬᠤᠲᠠ ᠪᠠᠯᠭᠠᠰᠤ ᠶᠢ ᠪᠣᠶ ᠪᠤᠯᠭᠠᠨ᠎ᠠ᠃ ᠣᠳᠣᠨ ᠲᠡᠰ ᠤᠨ ᠪᠠᠭᠤᠳᠠᠯ ᠤᠨ ᠪᠠᠶᠢᠭᠤᠯᠤᠯᠳᠠ ᠶᠢ ᠪᠦᠬᠦ | ᠬᠦᠴᠦᠨ ᠢᠶᠠᠷ ᠠᠬᠢᠭᠤᠯᠤᠨ᠂ ᠪᠦᠬᠦ ᠬᠤᠰᠢᠭᠤᠨ ᠤ ᠲᠤᠮᠤ ᠬᠡᠯᠪᠡᠷᠢ ᠶᠢᠨ ᠬᠦᠳᠡᠯᠬᠡᠬᠡᠨ ᠳᠤ ᠦᠢᠯᠡᠴᠢᠯᠡᠭᠡ | ᠬᠠᠩᠭᠠᠬᠤ ᠴᠢᠳᠠᠪᠦᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠭᠠᠳᠠᠭᠠᠳᠦ ᠨᠡᠬᠡᠬᠡᠯᠳᠠ ᠶᠢᠨ ᠬᠢᠷᠢ ᠬᠡᠮᠵᠢᠶ᠎ᠠ ᠶᠢ | ᠦᠷᠬᠡᠳᠬᠡᠨ᠎ᠡ᠃ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠵᠧᠩ ᠪᠧᠶ ᠵᠠᠮ᠂ ᠭᠤᠸᠠᠩ ᠮᠢᠩ ᠵᠠᠮ ᠱᠤᠭᠤᠮ ᠵᠢᠴᠢ ᠢᠵᠢ ᠪᠦᠷᠢᠳᠦᠭᠦᠯᠬᠦ ᠬᠤᠭᠤᠯᠠᠶ | ᠲᠣᠣᠷ ᠤᠨ ᠪᠠᠷᠢᠯᠭ᠎ᠠ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠳᠦᠷ ᠪᠦᠷᠢ ᠶᠢᠨ 1.5 ᠲᠦᠮᠡᠨ ᠲᠣᠨ | ᠰᠢᠢᠳᠪᠦᠷᠢᠯᠡᠬᠦ ᠶᠢ ᠥᠭᠡᠷᠡᠴᠢᠯᠡᠨ ᠥᠷᠭᠡᠳᠬᠡᠵᠦ ᠦᠷᠭᠦᠯᠵᠢᠯᠡᠨ ᠪᠠᠶᠢᠭᠤᠯᠬᠤ ᠪᠠᠷᠢᠯᠭ᠎ᠠ᠂ ᠪᠠᠶᠢᠭᠠᠯᠢ ᠶᠢᠨ ᠰᠢᠲᠠᠮᠠᠬᠠᠶ | ᠬᠡᠢ ᠶᠢᠨ ᠬᠤᠭᠤᠯᠠᠶ ᠲᠣᠣᠷ ᠵᠢᠴᠢ ᠲᠠᠯᠠᠪᠤᠷ ᠥᠷᠲᠡᠭᠡ ᠶᠢᠨ ᠬᠡᠢ ᠬᠠᠩᠭᠠᠬᠤ ᠪᠠᠷᠢᠯᠭ᠎ᠠ ᠵᠡᠷᠭᠡ ᠬᠤᠲᠠ ᠶᠢᠨ | ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠮ ᠡᠵᠡᠯᠡᠨ ᠡᠵᠡᠩᠨᠡᠬᠦ᠂ | ᠳᠤᠷ᠎ᠠ ᠪᠠᠷ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ᠬᠤᠲᠠ ᠳᠠᠬᠢ ᠲᠣᠰᠬᠤᠨ ᠤ | ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 15 ᠺᠢᠯᠤᠮᠧᠲᠷ ᠤᠨ ᠨᠡᠭᠦᠳᠡᠯ ᠠᠷᠠᠳ ᠤᠨ | ᠲᠣᠰᠬᠤᠨ ᠤ ᠪᠣᠬᠢᠷ ᠤᠰᠤᠨ ᠤ ᠬᠤᠭᠤᠯᠠᠶ ᠲᠣᠣᠷ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠬᠤᠲᠠ ᠪᠠᠯᠭᠠᠰᠤᠨ ᠤ ᠤᠰᠤ ᠪᠠᠷ ᠴᠡᠪᠡᠷᠰᠢᠭᠦᠯᠬᠦ ᠵᠣᠷᠯᠣᠩ 5 ᠶᠢ ᠰᠢᠨ᠎ᠡ ᠪᠠᠷ ᠪᠠᠶᠢᠭᠤᠯᠵᠦ᠂ | ᠰᠠᠭᠤᠭᠠᠯᠢ ᠠᠷᠠᠳ ᠤᠨ ᠵᠤᠷᠯᠤᠩ ᠤᠨ ᠤᠷᠴᠢᠨ ᠪᠠᠶᠢᠳᠠᠯ ᠢ ᠤᠯᠠᠮ ᠨᠢᠬᠡ ᠠᠯᠬᠤᠮ ᠰᠠᠶᠢᠵᠢᠷᠠᠭᠤᠯᠤᠨ᠎ᠠ᠃ ᠠᠳᠠᠯ | ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠠᠨ ᠲᠡᠬᠡᠭᠰᠢᠯᠡᠬᠦᠯᠵᠦ᠂ ᠠᠳᠠᠯ ᠠᠬᠤᠢ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ︽ᠤᠳᠤᠨ | ᠲᠡᠰ ᠤᠨ ᠪᠤᠯᠪᠠᠰᠤᠨ ᠬᠤᠷᠢᠶᠠᠯᠠᠯ︾ ᠢ ᠪᠠᠶᠢᠭᠤᠯᠬᠤ ᠶᠢ ᠠᠬᠢᠭᠤᠯᠤᠨ᠂ ᠰᠢᠨ᠎ᠡ ᠪᠠᠶᠢᠭᠤᠯᠤᠭᠰᠠᠨ ᠬᠤᠷᠢᠶᠠᠯᠠᠯ ᠤᠨ | ᠲᠤᠰᠬᠠᠶᠢᠯᠠᠭᠰᠠᠨ ᠠᠳᠠᠯ ᠠᠬᠤᠢ ᠶᠢᠨ ᠬᠠᠮᠢᠶᠠᠷᠤᠯᠳᠠ ᠦᠢᠯᠡᠴᠢᠯᠡᠭᠡ ᠶᠢᠨ ᠪᠦᠷᠬᠦᠴᠠ ᠶᠢ 100% ᠳᠤ ᠬᠦᠷᠬᠡᠨ᠎ᠡ᠃ | ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠨᠤᠭᠤᠭᠠᠷᠠᠭᠤᠯᠤᠯᠳᠠ ᠶᠢᠨ ᠲᠠᠯᠠᠪᠠᠢ ᠶᠢ ᠳᠡᠭᠡᠭᠰᠢᠯᠡᠭᠦᠯᠵᠦ᠂ ᠪᠡᠶ᠎ᠡ | ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠴᠡᠴᠡᠷᠯᠢᠭᠵᠢᠭᠰᠡᠨ ᠰᠢᠶᠠᠨ ᠤ ᠬᠤᠲᠠ ᠶᠢ ᠪᠦᠬᠦ ᠬᠦᠴᠦᠨ ᠢᠶᠠᠷ ᠪᠠᠶᠢᠭᠤᠯᠤᠨ᠎ᠠ᠃ ᠭᠡᠷ ᠪᠠᠶᠢᠰᠢᠩ | ᠭᠠᠵᠠᠷ ᠰᠢᠷᠣᠢ ᠶᠢᠨ ᠬᠦᠷᠦᠩᠭᠡ ᠶᠢᠨ ︽ᠭᠤᠷᠪᠠᠨ ᠬᠦᠴᠢᠷᠳᠡᠯ︾ ᠤᠨ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠤᠯᠠᠨ ᠲᠦᠮᠡᠨ ᠤ ᠬᠠᠯᠠᠮᠵᠢᠯᠠᠬᠤ ᠪᠣᠳᠠᠲᠤ ᠶᠠᠪᠤᠳᠠᠯ ᠢ ᠰᠠᠶᠢᠲᠤᠷ | ᠬᠢᠨ᠎ᠡ᠃ | ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠤᠳᠠ ᠬᠦᠳᠡᠭᠡ ᠶᠢᠨ ᠠᠭᠤᠰᠤᠯᠴᠠᠯ ᠢ ᠦᠨᠳᠦᠷ ᠲᠦᠪᠰᠢᠨ | ᠢᠶᠠᠷ ᠠᠬᠢᠭᠤᠯᠤᠨ᠎ᠠ᠃ ᠬᠤᠳᠠ ᠬᠦᠳᠡᠭᠡ ᠶᠢᠨ ᠠᠭᠤᠰᠤᠯᠴᠠᠯ ᠬᠦᠭᠵᠢᠯᠳᠠ ᠶᠢ ᠪᠠᠷᠢᠮᠳᠠᠯᠠᠨ᠂ ᠬᠤᠳᠠ ᠬᠦᠳᠡᠭᠡ ᠶᠢᠨ | ᠭᠠᠵᠠᠷ ᠵᠦᠢ ᠶᠢᠨ ᠪᠠᠶᠢᠷᠢᠰᠢᠯ ᠢ ᠰᠢᠯᠢᠳᠡᠭᠵᠢᠬᠦᠯᠵᠦ᠂ ᠪᠦᠳᠦᠴᠨ ᠨᠢ ᠲᠤᠬᠢᠷᠠᠮᠵᠢᠳᠠᠢ ᠴᠢᠳᠠᠮᠵᠢ ᠨᠢ ᠬᠠᠷᠢᠯᠴᠠᠨ | ᠨᠦᠬᠦᠪᠦᠷᠢᠯᠡᠬᠦ ᠬᠤᠳᠠ ᠪᠠᠯᠭᠠᠰᠦ ᠲᠤᠰᠬᠤᠨ ᠤ ᠰᠢᠰᠲ᠋ᠧᠮ ᠢ ᠪᠠᠶᠢᠭᠤᠯᠵᠦ᠂ ᠤᠯᠠᠨ ᠲᠠᠯ᠎ᠠ ᠪᠠᠷ ᠬᠦᠭᠵᠢᠭᠰᠡᠨ | ᠪᠦᠳᠦᠴᠠ ᠶᠢᠨ ᠪᠠᠶᠢᠷᠢᠰᠢᠯ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ ᠵᠠᠮ ᠬᠠᠷᠢᠯᠴᠠᠭᠠᠨ ᠤ ᠲᠤᠭᠳᠠᠴᠠ ᠶᠢ | ᠲᠡᠬᠦᠯᠳᠡᠷᠵᠢᠬᠦᠯᠦᠨ᠂ ᠤᠯᠤᠰ ᠤᠨ ᠵᠠᠮ ᠤᠨ 335 ᠳ᠋ᠤᠭᠠᠷ ᠱᠤᠭᠤᠮ ᠤᠨ ᠵᠠᠰᠠᠮᠠᠯ ᠵᠠᠮ ᠤᠨ ᠬᠥᠬᠡᠪᠦᠷ ᠠᠴᠠ | ᠤᠯᠠᠭᠠᠨᠬᠤᠸᠠ ᠬᠦᠷᠬᠦ ᠨᠢᠭᠡᠳᠦᠭᠡᠷ ᠳᠡᠰ ᠤᠨ ᠬᠤᠣᠰ ᠱᠤᠭᠤᠮ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠭᠤᠯᠠ ᠭᠠᠴᠠᠭ᠎ᠠ ᠠᠴᠠ ᠡᠷᠳᠡᠨᠢᠴᠣᠭᠲᠤ ᠬᠦᠷᠬᠦ 39 | ᠺᠢᠯᠤᠮᠧᠲᠷ ᠤᠨ ᠬᠥᠪᠡᠭᠡ ᠵᠠᠬ᠎ᠠ ᠬᠦᠷᠬᠦ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠬᠦᠯᠦᠨ᠂ ᠬᠤᠳᠠ ᠬᠦᠳᠡᠭᠡ ᠶᠢᠨ | ᠵᠠᠰᠠᠮᠠᠯ ᠵᠠᠮ ᠤᠨ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠪᠠᠯᠠ ᠮᠥᠩᠭᠦ ᠣᠯᠬᠤ ᠪᠠᠷ ᠢᠳᠡᠪᠬᠢᠯᠡᠨ᠂ ᠬᠤᠩᠭᠤᠷ ᠤᠰᠤᠨ ᠴᠥᠭᠦᠷᠥᠮ ᠤᠨ ᠪᠠᠷᠢᠯᠭ᠎ᠠ ᠶᠢ ᠳᠠᠭᠤᠰᠬᠠᠬᠤ ᠪᠠᠷ | ᠴᠢᠷᠮᠠᠶᠢᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠶᠢ ᠦᠷᠭᠦᠯᠵᠢᠯᠡᠨ | ᠠᠬᠢᠭᠤᠯᠵᠤ᠂ ᠺᠧ ᠮᠧᠢ ᠶᠢᠨ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠥᠷᠲᠡᠭᠡ 1 ᠶᠢ ᠰᠢᠨ᠎ᠡ ᠪᠠᠷ | ᠪᠠᠶᠢᠭᠤᠯᠤᠨ᠂ 16.2 ᠺᠢᠯᠤᠮᠧᠲᠷ ᠤᠨ ᠴᠠᠬᠢᠯᠭᠠᠨ ᠬᠦᠷᠭᠡᠬᠦ ᠰᠤᠭᠤᠮ᠂ 232.5 ᠺᠢᠯᠤᠮᠧᠲᠷ ᠤᠨ ᠴᠠᠬᠢᠯᠭᠠᠨ | ᠬᠦᠷᠭᠡᠬᠦ ᠱᠤᠭᠤᠮ᠂ 166 ᠴᠠᠬᠢᠯᠭᠠᠨ ᠬᠦᠴᠦᠳᠡᠯ ᠬᠤᠪᠢᠰᠬᠠᠬᠤ ᠮᠠᠰᠢᠨ ᠢ ᠦᠭᠡᠷᠡᠴᠢᠯᠡᠨ᠂ 84 ᠮᠠᠯᠵᠢᠬᠤ | ᠡᠷᠦᠭᠡ ᠳᠤ ᠴᠠᠬᠢᠯᠭᠠᠨ ᠨᠡᠪᠳᠡᠷᠡᠬᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠶᠢ | ᠪᠠᠳᠤᠯᠠᠨ᠎ᠠ᠃ 5G ᠴᠢᠮᠡᠭᠡ ᠬᠤᠯᠪᠣᠭᠠᠨ ᠤ ᠰᠠᠭᠤᠷᠢ ᠥᠷᠲᠡᠭᠡ 30 ᠶᠢ ᠰᠢᠨ᠎ᠡ ᠪᠠᠷ ᠪᠠᠶᠢᠭᠤᠯᠵᠤ᠂ 5G | ᠳᠣᠬᠢᠶ᠎ᠠ ᠶᠢᠨ ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠦᠬᠦ ᠬᠤᠰᠢᠭᠤᠨ ᠤ | ᠰᠦᠯᠵᠢᠶᠠᠨ ᠤ ᠦᠢᠯᠡᠴᠢᠯᠡᠭᠡ ᠶᠢᠨ ᠲᠦᠬᠦᠮ ᠲᠦᠳᠠ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ︵ᠲᠦᠷᠪᠡ︶ ᠪᠣᠬᠢᠷᠲᠤᠯ ᠢ ᠪᠠᠶᠢᠩᠭᠤ ᠪᠥᠭᠡᠳ ᠪᠦᠲᠦᠮᠵᠢᠲᠡᠶ ᠵᠠᠰᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠤᠯᠤᠰ ᠤᠨ ᠠᠮᠢ | ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ | ᠠᠬᠢᠭᠤᠯᠤᠨ᠎ᠠ᠃ | ᠣᠯᠠᠨ ᠲᠠᠯ᠎ᠠ ᠪᠠᠷ ᠬᠦᠴᠦᠯᠡᠵᠦ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠠᠮᠢ ᠠᠬᠤᠢ ᠶᠢ ᠲᠠᠷᠢᠬᠦᠨ | ᠳᠤ ᠲᠠᠯᠪᠢᠬᠤ ᠶᠢ ᠪᠠᠷᠢᠮᠳᠠᠯᠠᠨ᠂ ᠠᠮᠢ ᠠᠬᠤᠢ ᠶᠢᠨ ᠰᠢᠰᠲ᠋ᠧᠮ ᠢ ᠰᠡᠷᠭᠦᠬᠡᠬᠦ ᠶᠢ ᠴᠢᠩᠭᠠᠳᠬᠠᠨ᠎ᠠ᠃ ᠨᠤᠲᠤᠭ | ᠪᠡᠯᠴᠢᠭᠡᠷ ᠤᠨ ᠣᠶᠢᠲᠤ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠭᠤᠷᠪᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ ᠨᠥᠬᠦᠪᠥᠷᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ | ᠨᠤᠲᠤᠭ ᠪᠡᠯᠴᠢᠭᠡᠷ ᠢ ᠬᠠᠤᠯᠢ ᠪᠤᠰᠤ ᠪᠠᠷ ᠲᠠᠲᠠᠪᠤᠷᠢᠯᠠᠨ ᠡᠵᠡᠯᠡᠵᠦ ᠬᠡᠷᠡᠭᠯᠡᠬᠦ᠂ ᠬᠠᠤᠯᠢ ᠪᠤᠰᠤ ᠪᠠᠷ ᠬᠠᠭᠠᠯᠪᠤᠷᠢᠯᠠᠬᠤ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠣᠶ ᠰᠢᠭᠤᠶ ᠡᠪᠡᠰᠦ ᠪᠡᠯᠴᠢᠭᠡᠷ ᠤᠨ ᠲᠠᠷᠤᠭ᠎ᠠ ᠶᠢᠨ | ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ | ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ 2.8 ᠲᠦᠮᠡᠨ ᠮᠥ ᠣᠶ ᠰᠢᠭᠤᠶ ᠤᠷᠭᠤᠮᠠᠯ ᠤᠨ ᠬᠤᠴᠢᠯᠭ᠎ᠠ ᠶᠢ | ᠰᠡᠷᠭᠦᠭᠡᠬᠦ᠂ 1 ᠲᠦᠮᠡᠨ ᠮᠥ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ 1 ᠲᠦᠮᠡᠨ ᠮᠥ | ᠨᠤᠲᠤᠭ ᠪᠡᠯᠴᠢᠭᠡᠷ ᠢ ᠬᠠᠭᠠᠯᠪᠤᠷᠢᠯᠠᠬᠤ ᠥᠬᠡᠶ ᠪᠠᠷ ᠨᠥᠬᠦᠵᠦ ᠳᠠᠷᠢᠬᠤ᠂ 4 ᠲᠦᠮᠡᠨ ᠮᠥ ᠨᠠᠶᠢᠯᠵᠠᠭᠤᠷ ᠬᠠᠷᠭᠠᠨ᠎ᠠ | ᠨᠥᠬᠦᠵᠦ ᠳᠠᠷᠢᠬᠤ ᠶᠢ ᠪᠡᠶᠡᠯᠡᠭᠦᠯᠦᠨ᠎ᠡ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ | ᠰᠡᠷᠭᠦᠭᠡᠨ ᠵᠠᠰᠠᠬᠤ ᠶᠢ ᠠᠬᠢᠭᠤᠯᠵᠤ᠂ 0.6 ᠲᠡᠭᠰᠢ ᠳᠥᠷᠪᠡᠯᠵᠢᠨ ᠺᠢᠯᠣᠮᠧᠲᠷ ᠤᠨ ᠵᠠᠰᠠᠯᠲᠠ ᠶᠢᠨ ᠲᠠᠯᠠᠪᠠᠶ ᠶᠢ | ᠪᠡᠶᠡᠯᠡᠭᠦᠯᠦᠨ᠂ ᠠᠭᠯᠠᠭ ᠠᠭᠤᠯᠠ ᠶᠢ ᠳᠠᠬᠢᠨᠲᠠ ᠨᠣᠭᠤᠭᠠᠷᠠᠭᠤᠯᠤᠨ᠎ᠠ᠃ | ᠣᠯᠠᠨ ᠠᠷᠭ᠎ᠠ ᠪᠣᠳᠣᠯᠭ᠎ᠠ ᠶᠢ ᠵᠡᠷᠭᠡ ᠪᠠᠷ ᠬᠡᠷᠡᠭᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ | ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠮᠦᠷᠳᠡᠭᠡᠨ ᠡᠮᠬᠢ | ᠵᠢᠷᠤᠮ ᠲᠠᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ | ᠰᠠᠶᠢᠲᠤᠷ ᠬᠢᠵᠦ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠡᠵᠡᠮᠳᠡᠬᠦ᠂ ᠬᠤᠬᠢᠷᠠᠯ ᠢ ᠳᠥᠯᠥᠬᠦ᠂ | ᠬᠠᠷᠢᠭᠤᠴᠠᠯᠭ᠎ᠠ ᠨᠡᠬᠡᠮᠵᠢᠯᠡᠬᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠬᠠᠷᠢᠶᠠᠲᠤ ᠣᠷᠣᠨ ᠤ ᠲᠣᠭᠤᠰᠣ ᠳᠡᠭᠳᠡᠬᠦ᠂ ᠡᠰᠢ ᠰᠦᠷᠡᠯ ᠰᠢᠲᠠᠭᠠᠬᠤ᠂ ᠣᠲᠤᠭ᠎ᠠ | ᠭᠠᠳᠠᠭᠰᠢᠯᠠᠭᠤᠯᠬᠤ ᠵᠡᠷᠭᠡ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠴᠢᠨᠠᠷ ᠰᠠᠶᠢᠲᠠᠶ | ᠡᠳᠦᠷ ᠤᠨ ᠲᠤᠭ᠎ᠠ ᠶᠢᠨ ᠨᠣᠷᠮ᠎ᠠ ᠶᠢ 95% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠭᠤᠤᠯ ᠮᠦᠷᠡᠨ ᠤ | ᠲᠠᠷᠤᠭ᠎ᠠ ᠶᠢᠨ ᠲᠦᠷᠢᠮ ᠢ ᠪᠤᠳᠠᠳᠠᠢ ᠠᠬᠢᠭᠤᠯᠵᠦ᠂ ᠭᠤᠤᠯ ᠮᠦᠷᠡᠨ ᠢ ᠴᠡᠭᠴᠡᠯᠡᠨ ᠵᠠᠰᠠᠬᠤ ᠠᠵᠢᠯ ᠢ ᠤᠯᠠᠮ ᠨᠢᠬᠡ | ᠠᠯᠬᠤᠮ ᠴᠢᠩᠭᠠᠳᠬᠠᠨ᠂ ᠬᠤᠳᠠ ᠬᠦᠳᠡᠭᠡ ᠶᠢᠨ ᠠᠮᠢᠳᠤᠷᠠᠯ ᠤᠨ ᠪᠤᠵᠠᠷ ᠤᠰᠦ ᠶᠢ ᠰᠢᠢᠳᠪᠦᠷᠢᠯᠡᠬᠦ ᠴᠢᠳᠠᠪᠤᠷᠢ ᠶᠢ | ᠪᠦᠬᠦ ᠲᠠᠯ᠎ᠠ ᠪᠠᠷ ᠲᠡᠬᠡᠭᠰᠢᠯᠡᠬᠦᠯᠵᠦ᠂ ᠤᠰᠤᠨ ᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠡᠨ | ᠰᠠᠶᠢᠵᠢᠷᠠᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ | ᠴᠢᠩᠭᠠᠳᠬᠠᠵᠤ᠂ ᠬᠤᠭ ᠨᠤᠪᠰᠢ ᠶᠢ ᠲᠦᠷᠦᠯ ᠬᠤᠪᠢᠶᠠᠨ ᠠᠩᠭᠢᠯᠠᠬᠤ ᠶᠢ ᠪᠦᠳᠦᠮᠵᠢᠳᠠᠢ ᠠᠬᠢᠭᠤᠯᠵᠦ᠂ ᠬᠤᠭ | ᠨᠤᠪᠰᠢ ᠶᠢ ᠵᠠᠳᠠᠷᠠᠭᠤᠯᠤᠨ ᠰᠢᠢᠳᠪᠦᠷᠢᠯᠡᠬᠦ ᠲᠦᠷᠦᠯ ᠵᠤᠶᠢᠯ ᠢ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ | ᠬᠥᠷᠥᠰᠥ ᠰᠢᠷᠣᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠪᠠᠲᠤ ᠴᠤᠭᠴᠠᠯᠠᠨ᠎ᠠ᠃ ᠲᠠᠷᠢᠶᠠᠯᠠᠩ ᠤᠨ | ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠬᠦᠴᠦᠯᠠᠴᠠ ᠶᠢ ᠨᠡᠮᠡᠭᠳᠡᠬᠦᠯᠦᠨ᠂ ᠬᠦᠳᠡᠭᠡ ᠲᠤᠰᠬᠤᠨ ᠤ ᠲᠦᠷᠢ | ᠲᠦᠷᠬᠦ ᠶᠢ ᠰᠢᠨᠡᠳᠬᠡᠨ ᠵᠠᠰᠠᠨ᠎ᠠ᠃ | ᠣᠯᠠᠨ ᠵᠠᠮ ᠢᠶᠠᠷ ᠵᠡᠷᠭᠡ ᠪᠠᠷ ᠤᠷᠤᠭᠰᠢᠯᠠᠵᠤ᠂ ᠳᠤᠤᠷ᠎ᠠ ᠨᠡᠭᠦᠷᠡᠰᠦᠲᠥ᠋ᠷᠥᠭᠴᠢᠲᠦ ᠡᠷᠭᠢᠯᠲᠡ ᠳᠤ ᠬᠦᠴᠦ ᠨᠡᠮᠡᠷᠢᠯᠡᠨ᠎ᠡ᠃ | ᠤᠯᠤᠰ ᠤᠨ ︽ᠨᠡᠭᠦᠷᠡᠰᠦᠲᠥ᠋ᠷᠥᠭᠴᠢ ᠶᠢ ᠲᠤᠭᠳᠠᠪᠤᠷᠢᠵᠢᠭᠤᠯᠬᠤ︾ ᠪᠠᠶᠢᠯᠳᠤᠬᠤ ᠪᠤᠳᠤᠯᠭ᠎ᠠ ᠶᠢ ᠢᠳᠠᠪᠬᠢᠳᠠᠢ | ᠨᠠᠶᠢᠳᠠᠪᠤᠷᠢᠵᠢᠭᠤᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠰᠢᠰᠲ᠋ᠧᠮ ᠲᠠᠢ ᠠᠬᠢᠭᠤᠯᠤᠨ᠎ᠠ᠃ ᠡᠨᠧᠷᠬᠢ | ᠠᠷᠪᠢᠯᠠᠨ ᠬᠤᠷᠤᠭᠳᠠᠯ ᠢ ᠪᠠᠭᠠᠰᠬᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠴᠡᠪᠡᠷ ᠡᠨᠧᠷᠬᠢ ᠪᠠᠷ ᠲᠤᠯᠠᠭᠠᠯᠠᠬᠤ ᠶᠢ | ᠢᠳᠡᠪᠬᠢᠳᠠᠢ ᠲᠦᠬᠡᠮᠡᠯᠵᠢᠬᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠦᠨ᠎ᠡ᠃ ︽ | ᠲᠠᠪᠤ ᠶᠢ ᠦᠨᠳᠦᠰᠦᠨ ᠠᠴᠠ ᠨᠢ ᠰᠢᠢᠳᠪᠦᠷᠢᠯᠡᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ ᠭᠠᠵᠠᠷ ᠰᠢᠷᠣᠶ ᠶᠢ ᠰᠢᠢᠳᠪᠦᠷᠢᠯᠡᠨ᠂ ᠦᠢᠯᠡᠳᠪᠦᠷᠢᠯᠡᠯ ᠵᠣᠭᠰᠣᠭᠰᠠᠨ ᠪᠠ ᠬᠠᠭᠠᠰ ᠵᠣᠭᠰᠣᠭᠰᠠᠨ | ᠠᠵᠤ ᠠᠬᠤᠶᠢᠯᠠᠯ ᠢ ᠠᠮᠢᠳᠤᠯᠢᠭᠵᠢᠭᠤᠯᠤᠨ ᠴᠡᠪᠡᠷᠯᠡᠵᠦ᠂ ᠬᠦᠷᠢᠶᠡᠯᠡᠩ ᠲᠣᠭᠤᠷᠢᠭ ᠤᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠰᠢᠯᠢᠳᠡᠭᠵᠢᠭᠦᠯᠵᠦ᠂ 1840 | ᠮᠥ ᠲᠠᠷᠢᠶᠠᠨ ᠭᠠᠵᠠᠷ ᠤᠨ ᠨᠥᠭᠡᠴᠡ ᠬᠥᠮᠥᠷᠭᠡ ᠳᠤ ᠨᠥᠬᠦᠪᠥᠷᠢᠯᠡᠬᠦ ᠲᠥᠷᠥᠯ ᠵᠦᠢᠯ ᠪᠠ 300 ᠮᠥ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠤᠨ | ᠳᠠᠭᠠᠭᠠᠴᠠ ᠶᠢᠨ ᠴᠢᠳᠠᠪᠤᠷᠢ ᠶᠢᠨ ᠬᠢᠵᠠᠭᠠᠷᠯᠠᠯ ᠢ ᠴᠢᠩᠭᠠᠳᠬᠠᠨ᠂ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠢ | ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ | ᠴᠢᠩᠭᠠᠳᠬᠠᠵᠤ᠂ ᠦᠷ᠎ᠡ ᠬᠤᠶᠢᠴᠢᠰ ᠲᠠᠭᠠᠨ ᠤᠰᠤᠨ ᠤ ᠡᠬᠢ ᠪᠠᠶᠠᠯᠢᠭ ᠢ ᠭᠦᠢᠴᠡᠳ ᠦᠯᠡᠳᠡᠭᠡᠨ᠎ᠡ᠃ | ︵ᠲᠠᠪᠤ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠨ | ᠂ ᠠᠵᠠ ᠵᠢᠷᠭᠠᠯ ᠢ ᠨᠡᠮᠡᠭᠳᠡᠭᠦᠯᠵᠤ᠂ ᠠᠷᠠᠳ ᠣᠯᠠᠨ ᠤ ᠵᠣᠯ ᠵᠢᠷᠭᠠᠯ ᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ | ᠬᠡᠮᠵᠢᠶ᠎ᠡ ᠠᠪᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ | ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠦᠨᠡᠨ ᠬᠦ ᠤᠯᠠᠨ ᠲᠦᠮᠡᠨ ᠳᠤ ᠲᠠᠭᠠᠰᠢᠶᠠᠭᠳᠠᠭᠰᠠᠨ | ᠢᠨᠵᠧᠨᠧᠷᠢᠩ ᠪᠣᠯᠭᠠᠨ ᠪᠦᠲᠦᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ᠂ | ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠬᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ | ᠪᠣᠯᠭᠠᠨ᠎ᠠ᠃ | ᠲᠡᠩᠴᠡᠭᠦᠷᠢᠲᠡᠢ ᠲᠦᠭᠡᠮᠡᠯ ᠠᠰᠢᠭ ᠬᠦᠷᠲᠡᠭᠡᠬᠦ ᠶᠢ ᠴᠢᠬᠤᠯᠠᠴᠢᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ | ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ᠂ ᠣᠷᠣᠨ ᠰᠠᠭᠤᠴᠠ ᠵᠡᠷᠭᠡ | ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠣᠨ ᠵᠢᠯ ᠤᠨ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠠᠬᠢᠭᠤᠯᠵᠤ᠂ ᠤᠯᠠᠨ ᠲᠦᠮᠡᠨ ᠤ | ᠬᠦᠰᠡᠯ ᠡᠷᠡᠮᠡᠯᠵᠡᠯ ᠢ ᠵᠠᠰᠠᠭ ᠤᠨ ᠤᠷᠳᠤᠨ ᠠᠴᠠ ᠬᠦᠴᠦᠯᠡᠨ ᠬᠦᠢᠴᠡᠳᠬᠡᠵᠦ᠂ ᠤᠯᠠᠨ ᠲᠦᠮᠡᠨ ᠤ ᠬᠠᠨᠤᠮᠵᠢ ᠶᠢᠨ | ᠬᠡᠮᠵᠢᠶ᠎ᠠ ᠶᠢ ᠲᠡᠬᠡᠭᠰᠢᠯᠡᠬᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ | ᠥᠨᠳᠥᠷ ᠨᠠᠰᠤᠲᠠᠶ ᠪᠠ ᠵᠡᠮᠳᠡᠭᠴᠦᠳ ᠵᠡᠷᠭᠡ ᠤᠨᠴᠠᠭᠠᠢ ᠬᠥᠮᠦᠰ ᠤᠨ ᠠᠮᠢᠳᠤᠷᠠᠯ ᠢ ᠪᠠᠲᠤᠯᠠᠬᠤ ᠠᠵᠢᠯ ᠢ ᠬᠢᠨᠠᠮᠠᠭᠠᠶ | ᠰᠠᠶᠢᠲᠤᠷ ᠠᠳᠬᠤᠵᠤ᠂ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ ᠵᠡᠷᠭᠡ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ᠂ ᠣᠯᠠᠨ | ᠨᠡᠶᠢᠲᠡ ᠶᠢᠨ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠤ᠂ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠳᠣᠲᠣᠨ᠎ᠠ ᠭᠠᠳᠠᠨᠠᠬᠢ ᠠᠵᠤ ᠠᠬᠤᠶᠢᠯᠠᠯ ᠲᠠᠢ ᠢᠳᠡᠪᠬᠢᠲᠡᠢ | ᠬᠠᠷᠢᠯᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠠᠵᠢᠯᠯᠠᠭ᠎ᠠ ᠶᠢ ᠥᠷᠨᠢᠭᠦᠯᠦᠨ᠂ | ᠬᠤᠲᠠ ᠪᠠᠯᠭᠠᠰᠤᠨ ᠤ 2100 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠳ ᠤᠨ ᠨᠣᠷᠮ᠎ᠠ ᠶᠢ | 4% ᠶᠢᠨ ᠳᠣᠲᠣᠷ᠎ᠠ ᠪᠠᠶᠢᠯᠭᠠᠨ᠎ᠠ᠃ ᠲᠠᠭᠠᠳᠬᠠᠯ ᠳᠤ ᠤᠷᠤᠯᠴᠠᠬᠤ ᠬᠡᠪᠴᠢᠶ᠎ᠠ ᠶᠢ ᠪᠤᠳᠠᠳᠠᠢ ᠦᠷᠬᠡᠳᠬᠡᠨ᠂ | ᠭᠤᠤᠯᠳᠠᠯᠭ᠎ᠠ ᠲᠠᠢ ᠬᠦᠮᠦᠰ ᠤᠨ ᠪᠠᠳᠤᠯᠠᠬᠤ ᠴᠢᠬᠤᠯᠠᠳᠠᠢ ᠶᠢ ᠨᠢ ᠪᠦᠬᠦᠨ ᠢ ᠪᠠᠳᠤᠯᠠᠨ᠎ᠠ᠃ ᠪᠡᠭᠡᠵᠢᠩ ᠤᠨ ᠵᠣᠯ | ᠵᠢᠷᠭᠠᠯᠲᠤ ᠰᠤᠪᠢᠯᠠᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠲᠥᠷᠥᠯ ᠵᠦᠢᠯ ᠢ ᠤᠷᠤᠭᠰᠢᠲᠠᠶ | ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠬᠠᠷᠢᠯᠴᠠᠨ ᠬᠠᠪᠰᠤᠷᠤᠯᠴᠠᠬᠤ 2 ᠵᠣᠯ ᠵᠢᠷᠭᠠᠯ ᠤᠨ | ᠬᠦᠷᠢᠶᠡᠯᠡᠩ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠂ ᠨᠠᠰᠤᠵᠢᠯ ᠤᠨ ᠦᠢᠯᠡᠴᠢᠯᠡᠭᠡᠨ ᠤ | ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠᠨ ᠬᠡᠦᠬᠡᠳ ᠠᠪᠴᠤ ᠪᠣᠯᠬᠤ | ᠲᠥᠷᠥ ᠶᠢᠨ ᠪᠣᠳᠣᠯᠭ᠎ᠠ ᠶᠢᠨ ᠲᠥᠬᠦᠷ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠬᠡᠦᠬᠡᠳ | ᠰᠠᠭᠠᠲᠠᠭᠤᠯᠬᠤ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ | ᠯᠠᠪᠳᠠᠭᠤᠨ ᠠᠬᠢᠭᠤᠯᠵᠤ᠂ ᠳᠤᠷ᠎ᠠ ᠪᠠᠷ ᠣᠷᠣᠰᠢᠭᠤᠯᠬᠤ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠰᠢᠭᠤ | ᠲᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠩᠭᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ | ᠲᠣᠰᠬᠤᠨ ᠤ ᠲᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠩᠭᠤᠨ ᠤ ᠲᠥᠯᠥᠪᠵᠢᠭᠦᠯᠭᠡ ᠶᠢ ᠪᠡᠶᠡᠯᠡᠭᠦᠯᠦᠨ᠎ᠡ᠃ | ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ | ᠰᠡᠷᠭᠡᠶᠢᠯᠡᠯᠲᠡ ᠶᠢ ᠪᠠᠬᠢᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠢᠳᠡᠰᠢᠨ ᠬᠤᠨᠢ ᠦᠬᠡᠷ | ᠬᠠᠰᠢᠶᠠᠯᠠᠨ ᠲᠡᠵᠢᠬᠡᠬᠦ ᠶᠢ ᠶᠡᠬᠡᠪᠡᠷ ᠬᠦᠭᠵᠢᠬᠦᠯᠦᠨ᠂ ᠲᠡᠮᠡᠭᠡ ᠲᠡᠵᠢᠬᠡᠬᠦ᠂ ᠵᠢᠭᠤᠯᠴᠢᠯᠠᠯ ᠤᠨ ᠠᠷᠠᠳ ᠤᠨ ᠰᠠᠭᠤᠴᠠ | ᠵᠡᠷᠬᠡ ᠤᠨᠴᠠᠯᠢᠭᠳᠦ ᠠᠵᠦ ᠦᠢᠯᠡᠰ ᠤᠨ ᠬᠦᠭᠵᠢᠯᠳᠠ ᠶᠢ ᠠᠬᠢᠭᠤᠯᠵᠦ᠂ ᠬᠢᠯᠢ ᠶᠢᠨ ᠠᠷᠠᠳ ᠤᠨ ᠪᠠᠲᠤᠯᠠᠭ᠎ᠠ ᠶᠢᠨ | ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠬᠢᠯᠢ ᠶᠢᠨ ᠠᠷᠠᠳ ᠢ ᠠᠮᠤᠷ ᠲᠠᠶᠢᠪᠤᠩ | ᠪᠠᠶᠢᠯᠭᠠᠵᠤ᠂ ᠰᠠᠬᠢᠨ ᠬᠠᠮᠠᠭᠠᠯᠠᠵᠤ ᠴᠢᠨᠡᠭᠡᠯᠢᠭᠵᠢᠭᠦᠯᠦᠨ᠎ᠡ᠃ | ᠭᠤᠤᠯᠳᠠᠯᠭ᠎ᠠ ᠲᠠᠢ ᠬᠠᠷᠠᠭᠠᠯᠵᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠶᠡᠭᠡ ᠡᠷᠴᠢᠮ ᠢᠶᠠᠷ ᠰᠤᠷᠭᠠᠨ | ᠬᠥᠮᠦᠵᠢᠯ᠂ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ | ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ | ᠬᠠᠷᠠᠭᠠᠯᠵᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ︽ᠬᠤᠶᠠᠷ ᠢ ᠲᠦᠭᠡᠮᠡᠯᠵᠢᠭᠦᠯᠬᠦ︾ ᠬᠢᠨᠠᠨ ᠵᠢᠯᠣᠭᠤᠳᠴᠤ ᠦᠨᠡᠯᠡᠨ ᠵᠢᠱᠢᠬᠦ ᠪᠠ | ᠰᠢᠯᠭᠠᠨ ᠠᠪᠬᠤ ᠳᠤ ᠤᠷᠤᠭᠰᠢᠲᠠᠶ ᠪᠠᠲᠤᠯᠠᠭᠳᠠᠬᠤ ᠶᠢ ᠦᠨᠡᠨᠬᠦ ᠪᠠᠲᠤᠯᠠᠨ᠎ᠠ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠥᠪᠡᠷᠮᠢᠴᠡ ᠣᠨᠴᠠᠯᠢᠭ ᠲᠠᠢ ᠬᠥᠭᠵᠢᠯᠲᠡ ᠶᠢ | ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ | ᠬᠥᠮᠦᠵᠢᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠬᠥᠭᠵᠢᠬᠦ ᠶᠢ ᠠᠬᠢᠭᠤᠯᠤᠨ᠎ᠠ᠃ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠥᠭᠡᠷᠡᠴᠢᠯᠡᠯᠲᠡ ᠶᠢ ᠠᠬᠢᠭᠤᠯᠤᠨ᠂ ᠪᠠᠭᠰᠢ ᠶᠢᠨ ᠠᠵᠢᠯ ᠬᠢᠵᠦ ᠤᠶᠢᠯᠠᠰ ᠪᠦᠳᠦᠬᠡᠬᠦ ᠠᠮᠢᠵᠢᠷᠠᠯ ᠤᠨ ᠬᠦᠴᠦᠨ ᠢ | ᠤᠷᠮᠠᠰᠢᠭᠤᠯᠵᠦ᠂ ᠦᠨᠳᠦᠷ ᠬᠢᠷᠢ ᠲᠦᠪᠰᠢᠨ ᠲᠠᠢ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠪᠡᠭᠡᠵᠢᠩ ᠥᠪᠥᠷ | ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠬᠤ ᠲᠠᠪᠴᠠᠩ ᠢ ᠰᠠᠶᠢᠲᠤᠷ ᠬᠡᠷᠡᠭᠯᠡᠨ᠂ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠭᠥᠷᠳᠡᠬᠦ ᠶᠢ ᠠᠬᠢᠭᠤᠯᠤᠨ᠎ᠠ᠃ | ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ᠡᠮᠴᠢᠯᠡᠭᠡᠨ ᠤ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠳᠣᠭᠢᠷᠠᠭᠤᠯᠵᠤ᠂ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠡᠮᠨᠡᠯᠭᠡ ᠶᠢᠨ | ᠠᠵᠢᠯᠲᠠᠨ ᠢ ᠤᠷᠢᠨ ᠬᠡᠷᠡᠭᠯᠡᠬᠦ ᠪᠠ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠬᠤᠰᠢᠭᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠡᠪᠡᠳᠴᠢᠲᠡᠨ ᠢ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ | ᠦᠢᠯᠡᠴᠢᠯᠡᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ︽ᠬᠥᠬᠡᠭᠴᠢᠨ ᠲᠥᠷᠥᠯ ᠤᠨ ᠬᠥᠬᠡᠭᠴᠢᠨ | ᠬᠠᠮᠢᠶᠠᠷᠤᠯᠲᠠ︾ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠡᠯ᠎ᠡ | ᠲᠥᠷᠥᠯ ᠤᠨ ᠡᠮᠨᠡᠨ ᠵᠠᠰᠠᠬᠤ ᠡᠮ ᠪᠠ ᠡᠮᠴᠢᠯᠡᠭᠡᠨ ᠤ ᠲᠥᠬᠦᠭᠡᠷᠦᠮᠵᠢ ᠶᠢ ᠪᠡᠯᠡᠳᠬᠡᠨ ᠪᠦᠷᠢᠳᠦᠭᠦᠯᠵᠦ᠂ | ᠨᠠᠰᠤᠲᠠᠶᠢᠴᠤᠳ ᠪᠣᠯᠤᠨ ᠬᠡᠦᠬᠡᠳ ᠤᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ ᠲᠡᠭᠡᠭᠰᠢᠯᠡᠭᠦᠯᠦᠨ᠂ ᠡᠷᠡᠭᠦᠯ | ᠮᠡᠨᠳᠦ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ | ᠴᠤᠭᠴᠠᠯᠠᠨ᠎ᠠ᠃ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠤ᠂ ᠡᠯ᠎ᠡ ᠲᠥᠷᠥᠯ ᠤᠨ ᠬᠦᠨᠳᠦ ᠶᠡᠭᠡ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠪᠠᠴᠢᠮ ᠠᠷᠭᠠᠴᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ︽ᠡᠷᠡᠭᠦᠯ ᠡᠩᠬᠡ ᠲᠦᠷᠪᠡᠳ ᠬᠤᠰᠢᠭᠤ︾ | ᠶᠢᠨ ᠠᠵᠢᠯᠯᠠᠭ᠎ᠠ ᠶᠢ ᠥᠷᠭᠡᠨ ᠢᠶᠠᠷ ᠦᠷᠨᠢᠭᠦᠯᠦᠨ᠂ ᠡᠮᠡᠭᠲᠡᠶᠢᠴᠦᠳ ᠤᠨ ︽ᠬᠤᠶᠠᠷ ᠥᠮᠡᠨ︾ ᠢ ᠦᠨ᠎ᠡ | ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠪᠠ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ | ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠥᠬᠦ ᠠᠷᠠᠳ ᠤᠨ ᠡᠷᠡᠭᠦᠯ ᠡᠩᠬᠡ ᠶᠢᠨ ᠬᠡᠪ ᠴᠢᠨᠠᠷ ᠢ | ᠴᠢᠷᠮᠠᠶᠢᠨ ᠳᠡᠭᠡᠭᠰᠢᠯᠡᠭᠦᠯᠦᠨ᠎ᠡ᠃ | ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠠᠷ ᠨᠡᠶᠢᠭᠡᠮ ᠤᠨ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ | ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠠᠶᠤᠯᠬᠦᠢ ᠦᠢᠯᠡᠳᠪᠦᠷᠢᠯᠡᠯ ᠤᠨ ᠲᠣᠭᠤᠷᠢᠨ | ᠪᠠᠶᠢᠴᠠᠭᠠᠵᠤ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠲᠠᠰ | ᠬᠤᠪᠢᠶᠠᠨ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ | ᠰᠡᠷᠭᠡᠶᠢᠯᠡᠬᠦ ᠲᠣᠭᠲᠠᠴᠠ ᠶᠢ ᠪᠦᠷᠢᠨᠰᠢᠬᠦᠯᠥᠨ᠂ ᠪᠥᠬᠦ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠤᠯᠪᠠᠰᠤᠷᠠᠯ ᠢ | ᠳᠡᠯᠭᠡᠷᠡᠭᠦᠯᠵᠦ᠂ ᠬᠠᠤᠯᠢ ᠪᠤᠰᠤ᠂ ᠬᠠᠤᠯᠢ ᠠᠴᠠ ᠵᠥᠷᠢᠴᠡᠨ ᠦᠢᠯᠡᠳᠪᠦᠷᠢᠯᠡᠵᠤ ᠡᠵᠡᠩᠨᠡᠬᠦ ᠦᠢᠯᠡ ᠠᠵᠢᠯᠯᠠᠭ᠎ᠠ ᠳᠤ | ᠡᠷᠡᠰ ᠴᠣᠬᠢᠯᠲᠠ ᠥᠭᠴᠦ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠨ᠎ᠠ᠃ ᠢᠳᠡᠭᠡᠨ ᠪᠠ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠬᠦᠴᠦᠯᠡᠴᠡ ᠶᠢ ᠦᠷᠭᠦᠯᠵᠢᠯᠡᠨ | ᠴᠢᠩᠭᠠᠳᠬᠠᠵᠤ᠂ ᠪᠦᠬᠦ ᠬᠤᠲᠠ ᠶᠢᠨ ᠤᠯᠤᠰ ᠤᠨ ᠲᠡᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ | ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠪᠡᠷᠳᠡᠬᠡᠨ ᠵᠠᠰᠠᠬᠤ ᠤᠷᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢ ᠦᠷᠭᠦᠯᠵᠢᠯᠡᠨ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠂ ᠬᠤᠶᠠᠷ ᠢ ᠬᠦᠷᠢᠶᠡᠯᠡᠬᠦ ᠡᠭᠦᠳᠦᠨ ᠪᠠᠶᠢᠭᠤᠯᠤᠯᠲᠠ ᠶᠢᠨ ᠦᠷ᠎ᠡ ᠪᠦᠳᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠤᠯᠤᠰ ᠤᠨ ᠬᠤᠶᠠᠷ ᠢ ᠬᠦᠷᠢᠶᠠᠯᠡᠬᠦ ᠵᠢᠱᠢᠶᠡᠴᠢ ᠬᠤᠰᠢᠭᠤ ᠶᠢ ᠪᠠᠶᠢᠭᠤᠯᠤᠨ | ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠠᠬᠢᠭᠤᠯᠤᠨ᠎ᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ | ᠳᠠᠷᠠᠭᠠᠯᠠᠨ ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠭᠦᠯᠵᠦ᠂ ︽ᠢᠯᠡ ᠰᠠᠷᠠᠭᠤᠯ ᠢᠨᠵᠧᠨᠧᠷᠢᠩ︾᠂ ︽ᠬᠢᠨᠠᠭᠤᠷ ᠲᠣᠣᠷ ᠤᠨ ᠢᠨᠵᠧᠨᠧᠷᠢᠩ︾ ᠵᠡᠷᠭᠡ | ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠠᠮᠤᠷ ᠠᠮᠤᠭᠤᠯᠠᠩ ᠳᠥᠷᠪᠡᠳ ᠬᠤᠰᠢᠭᠤ︾ ᠶᠢ ᠨᠠᠩ ᠥᠨᠳᠥᠷ | ᠲᠦᠪᠰᠢᠨ ᠳᠤ ᠬᠦᠷᠬᠦ ᠶᠢ ᠠᠬᠢᠭᠤᠯᠤᠨ᠎ᠠ᠃ | ︵ᠵᠢᠷᠭᠤᠭ᠎ᠠ︶ ᠰᠤᠷᠲᠠᠯ ᠢ ᠴᠢᠩᠭ᠎ᠠ ᠪᠣᠳᠠᠲᠠᠢ ᠪᠠᠷ ᠰᠠᠶᠢᠵᠢᠷᠠᠭᠤᠯᠵᠤ᠂ ᠡᠭᠦᠷᠭᠡᠯᠡᠯ ᠢᠶᠠᠨ ᠴᠢᠩᠭᠠᠳᠬᠠᠨ᠂ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠴᠤ᠋ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠵᠦ᠂ ᠰᠢᠨ᠎ᠡ ᠴᠠᠭ ᠦᠶ᠎ᠠ ᠳᠤ ᠬᠤᠪᠢ ᠨᠡᠮᠡᠷᠢ ᠦᠵᠡᠬᠦᠯᠬᠦ ᠳᠤ ᠡᠷᠬᠡᠪᠰᠢ | ᠦᠨᠡᠨ ᠠᠴᠠ ᠵᠦᠪ ᠢ ᠡᠷᠢᠨ ᠪᠤᠳᠠᠳᠠᠶᠢᠴᠢᠯᠠᠨ ᠠᠵᠢᠯᠯᠠᠵᠦ᠂ ᠠᠵᠢᠯ ᠦᠢᠯᠡᠰ ᠢᠶᠠᠨ ᠲᠡᠬᠡᠳᠦᠯᠠᠨ᠂ ᠵᠤᠷᠢᠭᠳᠠᠢ ᠪᠠᠷ | ᠡᠬᠦᠷᠬᠡᠯᠡᠨ ᠬᠠᠷᠢᠭᠤᠴᠠᠵᠦ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢᠨ ᠬᠢᠷᠢ ᠲᠦᠪᠰᠢᠨ ᠢ | ᠪᠦᠬᠦ ᠲᠠᠯ᠎ᠠ ᠪᠠᠷ ᠲᠡᠬᠡᠭᠰᠢᠯᠡᠬᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠢ ᠡᠬᠦᠳᠦᠨ ᠪᠠᠶᠢᠭᠤᠯᠬᠤ | ᠬᠡᠷᠡᠭᠳᠠᠢ᠃ | ᠨᠠᠮ ᠲᠠᠭᠠᠨ ᠦᠨᠡᠨᠴᠢ ᠰᠢᠳᠤᠷᠭᠤ ᠡᠬᠦᠷᠬᠡ ᠬᠠᠷᠢᠭᠤᠴᠠᠯᠭ᠎ᠠ ᠲᠠᠢ ᠵᠠᠰᠠᠭ ᠢ ᠪᠦᠬᠦ ᠲᠠᠯ᠎ᠠ ᠪᠠᠷ ᠴᠤᠭᠴᠠᠯᠠᠨ | ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ | ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ | ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠬᠡ ᠪᠠᠨ | ᠵᠢᠯᠤᠭᠤᠳᠤᠭᠤᠯᠵᠦ ᠠᠵᠢᠯ ᠢᠶᠠᠨ ᠠᠬᠢᠭᠤᠯᠤᠨ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ | ᠪᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠦ᠂ ᠨᠠᠮ ᠪᠠᠶᠢᠭᠤᠯᠤᠭᠳᠠᠭᠰᠠᠨ ᠠᠭᠤᠤ ᠶᠡᠭᠡ ᠵᠤᠷᠢᠭ ᠰᠠᠨᠠᠭ᠎ᠠ ᠶᠢ ᠤᠬᠠᠮᠰᠠᠷ | ᠠᠴᠠ ᠪᠠᠨ ᠪᠡᠳᠡᠷᠠᠭᠤᠯᠤᠨ᠂ ︽ᠲᠦᠷᠪᠡᠨ ᠤᠬᠠᠮᠰᠠᠷ︾ ᠢ ᠨᠡᠮᠡᠭᠳᠡᠬᠦᠯᠵᠦ ︽ᠲᠦᠷᠪᠡᠨ ᠢᠳᠡᠬᠡᠯ︾ ᠢᠶᠠᠨ | ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠠᠶᠠᠯᠠᠬᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠦᠢᠯᠠᠭᠠᠬᠤ ᠴᠢᠳᠠᠪᠤᠷᠢ᠂ ᠬᠡᠷᠡᠭᠵᠢᠬᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠦᠬᠦ ᠲᠠᠯ᠎ᠠ ᠪᠠᠷ ᠪᠠᠶᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ | ᠥᠷᠨᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ | ᠬᠤᠲᠠ ᠶᠢᠨ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ | ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢᠨ | ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠠᠬᠢᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢ ᠴᠢᠨᠠᠷ ᠰᠠᠶᠢᠲᠠᠶ ᠭᠦᠢᠴᠡᠳᠬᠡᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ | ᠬᠢᠨᠠᠯᠲᠠ ᠶᠢ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ ᠪᠠ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠵᠦ᠂ ᠬᠢᠨᠠᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠨ᠂ ᠵᠠᠰᠠᠭ ᠤᠨ | ᠣᠷᠳᠣᠨ ᠤ ᠡᠷᠬᠡ ᠶᠢᠨ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠪᠠᠲᠤᠯᠠᠨ᠎ᠠ᠃ | ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ | ᠪᠠᠶᠢᠭᠤᠯᠤᠨ᠎ᠠ᠃ ᠣᠯᠠᠨ ᠲᠦᠮᠡᠨ ᠤ ᠪᠤᠳᠤᠯ ᠢᠯᠡᠷᠡᠯ ᠢ ᠠᠵᠢᠯ ᠤᠨ ︽ᠵᠦᠭᠯᠡᠭᠦᠷ︾ ᠢᠶᠠᠨ ᠪᠣᠯᠭᠠᠵᠤ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠨᠢᠭᠡ | ᠰᠦᠯᠵᠢᠶ᠎ᠡ ᠪᠠᠷ ᠨᠡᠶᠢᠳᠡᠮ ᠬᠡᠷᠡᠭᠯᠡᠬᠦ︾᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾᠂ ︽ᠨᠢᠭᠡ | ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠬᠠᠮᠵᠢᠯᠴᠠᠨ ᠬᠥᠭᠵᠢᠭᠦᠯᠵᠦ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠬᠤ︾᠂ ︽12345︾ ᠠᠷᠠᠳ ᠲᠤ ᠳᠥᠭᠦᠮ | ᠦᠵᠡᠭᠦᠯᠬᠦ ᠬᠠᠯᠠᠮᠰᠢᠯ ᠤᠲᠠᠰᠤ ᠵᠡᠷᠭᠡ ᠵᠠᠰᠠᠭ ᠪᠠ ᠠᠷᠠᠳ ᠤᠨ ᠬᠠᠷᠢᠯᠴᠠᠨ ᠬᠥᠳᠡᠯᠦᠯᠴᠡᠬᠦ ᠲᠠᠪᠴᠠᠩ ᠤᠨ | ᠬᠦᠢᠴᠡᠳᠬᠡᠬᠦ ᠠᠵᠢᠯ ᠢ ᠰᠠᠶᠢᠲᠤᠷ ᠬᠢᠵᠦ᠂ ︽ᠮᠥᠩᠬᠡ ᠰᠤᠪᠠᠭ︾᠂ ︽ᠥᠪᠥᠷ ᠮᠣᠩᠭᠤᠯ ᠤᠨ ᠠᠵᠤ | ᠠᠬᠤᠶᠢᠯᠠᠯ ᠳᠤ ᠨᠡᠪᠲᠡᠷᠡᠬᠦ︾ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠷᠠᠳ ᠤᠨ ᠰᠠᠨᠠᠭ᠎ᠠ ᠶᠢ | ᠤᠶᠢᠯᠠᠭᠠᠨ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠢᠳᠡᠪᠬᠢᠳᠠᠢ ᠰᠢᠢᠳᠪᠦᠷᠢᠯᠡᠨ᠎ᠡ᠃ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠣᠳᠠᠲᠠᠢ ᠶᠢ ᠡᠷᠬᠢᠮᠯᠡᠬᠦ ᠵᠠᠰᠠᠭ ᠤᠨ ᠣᠷᠳᠣᠨ ᠢ ᠪᠦᠬᠦ ᠲᠠᠯ᠎ᠠ ᠪᠠᠷ | ᠪᠠᠶᠢᠭᠤᠯᠤᠨ᠎ᠠ᠃ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ᠦᠵᠡᠯ ᠰᠠᠨᠠᠭᠠᠨ ᠤ ᠤᠬᠠᠮᠰᠠᠷ ᠪᠠ ᠤᠯᠤᠰ ᠲᠥᠷᠥ ᠶᠢᠨ ᠪᠠᠷᠢᠮᠲᠠᠯᠠᠯ ᠪᠤᠯᠭᠠᠨ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠤ᠂ ︽ᠳᠥᠷᠪᠡᠨ ᠰᠤᠷᠲᠠᠯ | ︾ ᠢ ᠡᠷᠡᠰ ᠭᠤᠶᠢᠪᠢᠰᠢ ᠥᠬᠡᠶ ᠵᠠᠯᠠᠷᠠᠭᠤᠯᠤᠨ᠂ ᠰᠢᠨ᠎ᠡ ᠰᠤᠷᠲᠠᠯ ᠢ ᠪᠣᠶ ᠪᠣᠯᠭᠠᠵᠤ᠂ ᠰᠤᠷᠲᠠᠯ ᠢᠶᠠᠨ | ᠬᠤᠪᠢᠷᠠᠭᠤᠯᠤᠨ᠎ᠠ᠃ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠵᠥᠪ ᠴᠢᠭᠯᠡᠯ ᠢᠶᠠᠷ ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ | ᠲᠣᠭᠲᠠᠴᠠ ᠶᠢ ᠬᠡᠷᠡᠭᠵᠢᠭᠦᠯᠦᠨ᠂ ᠪᠥᠬᠦ ᠬᠤᠰᠢᠭᠤᠨ ᠤ ᠺᠠᠳ᠋ᠷᠴᠤᠳ ᠤᠨ ︽ᠠᠵᠢᠯᠴᠢ ᠴᠢᠬᠡᠴᠢ︾ | ᠤᠬᠠᠮᠰᠠᠷ ᠢ ᠪᠣᠶ ᠪᠣᠯᠭᠠᠵᠤ᠂ ︽ᠬᠡᠪ ᠢᠶᠠᠨ ᠰᠠᠬᠢᠬᠤ︾ ᠶᠢ ᠲᠡᠪᠴᠢᠨ᠂ ︽ᠭᠠᠪᠰᠢᠭᠠᠶᠢᠯᠠᠭᠴᠢ︾ ᠪᠣᠯᠬᠤ ᠪᠠᠷ | ᠴᠢᠷᠮᠠᠶᠢᠵᠤ᠂ ᠡᠷᠡᠯᠭᠡᠭᠯᠡᠨ ᠤᠷᠤᠭᠰᠢᠯᠠᠬᠤ ᠪᠠᠶᠢᠳᠠᠯ ᠢ ᠪᠣᠶ ᠪᠣᠯᠭᠠᠬᠤ ᠶᠢ ᠳᠥᠯᠭᠢᠨ ᠠᠬᠢᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠭᠡ ᠠᠵᠢᠯ ᠤᠨ ᠪᠠᠶᠢᠷᠢ ᠳᠤ | ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ | ᠬᠦᠷᠢᠶ᠎ᠡ ᠴᠠᠷ᠎ᠠ ᠶᠢᠨ ᠬᠢᠨᠠᠯᠲᠠ ᠬᠠᠮᠢᠶᠠᠷᠤᠯᠲᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠴᠢᠬᠡᠴᠢ ᠵᠠᠰᠠᠭ ᠤᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠴᠢᠬᠡᠴᠢ | ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ | ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ | ᠪᠠᠭᠠᠰᠬᠠᠵᠤ᠂ ᠪᠡᠯᠡ ᠮᠦᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠨ᠎ᠡ᠃ | ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠬᠠᠳᠠᠨ ᠪᠠᠲᠤ ᠢᠲᠡᠭᠡᠯ ᠵᠣᠷᠢᠭ ᠪᠠ ᠥᠪᠡᠷ ᠢ ᠪᠠᠨ ᠦᠷᠡᠭᠳᠡᠭᠦᠯᠬᠦ ᠬᠠᠳᠠᠭᠤ ᠵᠣᠷᠢᠭ ᠢᠶᠠᠷ ᠳᠥᠷᠪᠡᠳ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠦᠢᠯᠡᠳᠦᠯᠭᠡᠵᠢᠭᠦᠯᠦᠶ᠎ᠡ︕ | | | ᠳᠡᠪᠰᠢᠭᠦᠯᠦᠭᠴᠢ ᠄ ᠲᠡᠷᠭᠡᠯ | |