ᠪᠥᠬᠦ ᠬᠤᠲᠠ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠰᠠᠭᠤᠳᠠᠯ ᠤᠨ ᠬᠤᠷᠠᠯ | ᠬᠤᠷᠠᠯᠳᠤᠭᠰᠠᠨ | 10 ᠳ᠋ᠤᠭᠠᠷ ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠶᠢᠨ ᠬᠢᠯᠢ ᠬᠢᠵᠠᠭᠠᠷ ᠣᠷᠣᠨ ᠢ | ᠬᠥᠭᠵᠢᠭᠦᠯᠵᠦ ᠠᠷᠠᠳ ᠢ ᠪᠠᠶᠠᠵᠢᠭᠤᠯᠬᠤ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠠᠵᠢᠯ ᠤᠨ ᠶᠠᠷᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠵᠤ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠥ ᠮᠠᠨ | ᠪᠢᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ | ᠬᠡᠯᠲᠡᠰ ᠤᠨ ᠡᠷᠬᠢᠯᠡᠭᠴᠢ ᠰᠠᠷᠠᠨ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠮᠠᠨ ᠤ ᠬᠤᠰᠢᠭᠤᠨ ᠤ ᠬᠢᠯᠢ ᠬᠢᠵᠠᠭᠠᠷ ᠢ ᠰᠠᠬᠢᠨ ᠬᠠᠮᠠᠭᠠᠯᠠᠵᠤ ᠬᠢᠯᠢ ᠬᠢᠵᠠᠭᠠᠷ ᠢᠶᠠᠨ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠲᠠᠢ ᠬᠡᠷᠬᠢᠨ ᠣᠷᠭᠠᠨᠢᠭ ᠢᠶᠠᠷ | ᠤᠶᠠᠯᠳᠤᠭᠤᠯᠬᠤ ᠶᠢ ᠰᠤᠳᠤᠯᠤᠨ ᠶᠠᠷᠢᠯᠴᠠᠭᠰᠠᠨ ᠪᠠᠶᠢᠨ᠎ᠠ᠃ | ᠬᠤᠷᠠᠯ ᠠᠴᠠ᠂ ᠡᠯ᠎ᠡ ᠪᠠᠶᠢᠭᠤᠯᠤᠯᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ | ᠵᠢᠯᠣᠭᠤᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ | ᠴᠣᠭᠴᠠᠯᠠᠬᠤ ᠭᠤᠣᠯ ᠱᠤᠭᠤᠮ ᠤᠨ ᠲᠣᠭᠤᠷᠢᠨ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠣᠨᠴᠠᠯᠢᠭᠲᠤ ᠠᠵᠤ ᠦᠢᠯᠡᠰ ᠤᠨ ᠲᠥᠷᠥᠯ ᠵᠦᠢᠯ ᠢ ᠠᠷᠭ᠎ᠠ ᠰᠦᠪᠡᠭᠴᠢᠯᠡᠨ ᠬᠡᠷᠡᠭᠵᠢᠭᠦᠯᠵᠦ᠂ | ᠠᠵᠤ ᠦᠢᠯᠡᠰ ᠤᠨ ᠬᠦᠭᠵᠢᠭᠦᠯᠦᠯᠲᠡ ᠶᠢ ᠴᠢᠷᠮᠠᠶᠢᠨ ᠪᠡᠶᠡᠯᠡᠭᠦᠯᠬᠦ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠨ᠂ ᠰᠢᠯᠢᠳᠡᠭ ᠴᠢᠳᠠᠪᠤᠷᠢᠲᠠᠨ ᠢ ᠬᠥᠳᠡᠭᠡ | ᠲᠣᠰᠬᠤᠨ ᠤ ᠵᠠᠰᠠᠯᠲᠠ ᠳᠤ ᠣᠷᠣᠯᠴᠠᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢᠶᠠᠷ ᠬᠢᠯᠢ | ᠬᠢᠵᠠᠭᠠᠷ ᠢᠶᠠᠨ ᠮᠠᠨᠳᠤᠭᠤᠯᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ | ᠬᠠᠮᠲᠤᠪᠠᠷ ᠪᠠᠶᠠᠵᠢᠬᠤ ᠶᠢ ᠴᠢᠷᠮᠠᠶᠢᠨ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠰᠡᠨ | ᠪᠠᠶᠢᠨ᠎ᠠ᠃ | ᠬᠤᠰᠢᠭᠤᠨ ᠤ ᠤᠳᠤᠷᠢᠳᠤᠯᠭ᠎ᠠ ᠵᠠᠩ ᠵᠢᠶᠦ᠋ᠨ᠂ ᠰᠡᠴᠡᠩᠭᠤᠸ᠎ᠠ ᠵᠢᠴᠢ ᠬᠡᠰᠡᠭ ᠰᠤᠮᠤ ᠪᠣᠯᠤᠨ | ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠢᠦᠢ ᠶᠤᠸᠠᠢ ᠳ᠋ᠦᠩ ᠵᠢᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |