ᠪᠦᠬᠦ ᠣᠷᠣᠨ ᠤ 《 ᠠᠷᠪᠠᠢ ᠶᠢᠨ ᠴᠢᠬᠢ ᠡᠪᠡᠰᠦᠨ ᠤ ᠦᠢᠯᠡᠳᠪᠦᠷᠢᠯᠡᠯ ᠵᠢᠴᠢ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ 》ᠠᠬᠤᠢ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ
ᠨᠡᠶᠢᠲᠡᠯᠡᠭᠰᠡᠨ ᠴᠠᠭ᠄
2023/10/23
         ᠪᠦᠬᠦ ᠣᠷᠣᠨ ᠤ 《 ᠠᠷᠪᠠᠢ ᠶᠢᠨ ᠴᠢᠬᠢ ᠡᠪᠡᠰᠦᠨ ᠤ ᠦᠢᠯᠡᠳᠪᠦᠷᠢᠯᠡᠯ ᠵᠢᠴᠢ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ 》ᠠᠬᠤᠢ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ            ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂  ᠰᠢᠮᠡᠳᠡᠢ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠤᠪᠴᠢᠶ᠎ᠠ ᠠᠴᠠ ᠬᠠᠮᠲᠤᠷᠠᠨ ᠡᠷᠬᠢᠯᠡᠭᠰᠡᠨ 《 ᠠᠷᠪᠠᠢ  ᠶᠢᠨ ᠴᠢᠬᠢ ᠡᠪᠡᠰᠦᠨ ᠤ ᠦᠢᠯᠡᠳᠪᠦᠷᠢᠯᠡᠯ ᠵᠢᠴᠢ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ 》 ᠠᠬᠤᠢ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠰᠢᠦᠸᠠᠢ ᠴᠦᠨ ᠬᠤᠷᠠᠯ ᠳᠤ  ᠣᠷᠣᠯᠴᠠᠭᠰᠠᠨ ᠪᠠᠶᠢᠨ᠎ᠠ᠃            ᠬᠤᠷᠠᠯ ᠳᠤ ᠣᠷᠣᠯᠴᠠᠭᠰᠠᠳ ᠪᠣᠳᠠᠲᠠᠢ ᠭᠠᠵᠠᠷ ᠲᠤ ᠨᠢ ᠲᠣᠭᠤᠷᠢᠨ ᠦᠵᠡᠵᠦ᠂ ᠠᠷᠪᠠᠢ ᠶᠢᠨ ᠴᠢᠬᠢ ᠡᠪᠡᠰᠦᠨ ᠤ ᠦᠢᠯᠡᠳᠪᠦᠷᠢᠯᠡᠯ ᠪᠣᠯᠤᠨ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ  ᠢᠳᠡᠰᠢᠨ ᠬᠤᠨᠢ ᠲᠡᠵᠢᠭᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠮᠡᠷᠭᠡᠵᠢᠯᠲᠡᠳ ᠠᠴᠠ ᠠᠷᠪᠠᠢ ᠶᠢᠨ ᠴᠢᠬᠢ ᠡᠪᠡᠰᠦᠨ  ᠤ ᠦᠢᠯᠡᠳᠪᠦᠷᠢᠯᠡᠯ ᠪᠣᠯᠤᠨ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠲᠤᠬᠠᠢ ᠶᠠᠷᠢᠯᠴᠠᠭ᠎ᠠ ᠥᠷᠨᠢᠭᠦᠯᠦᠭᠰᠡᠨ ᠪᠥᠭᠡᠳ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠢ᠃          ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠣᠯᠠᠨ ᠡᠰᠢᠴᠢᠯᠡᠭᠰᠡᠨ ᠬᠥᠭᠵᠢᠯᠲᠡ ᠶᠢᠨ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠣᠳᠣᠬᠢᠴᠢᠯᠠᠭᠰᠠᠨ ᠲᠠᠷᠢᠶᠠᠯᠠᠩ ᠢ ᠪᠦᠲᠦᠭᠡᠨ ᠪᠠᠶᠢᠭᠤᠯᠬᠤ ᠪᠠᠷ ᠴᠢᠭᠯᠡᠯ ᠪᠣᠯᠭᠠᠬᠤ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠲᠥᠷᠥᠯ ᠵᠦᠢᠯ ᠢᠶᠠᠷ ᠲᠤᠯᠭᠠᠭᠤᠷᠢᠯᠠᠬᠤ ᠪᠠᠷ ᠳᠠᠮᠵᠢᠨ᠂  ᠪᠦᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃           ᠬᠤᠰᠢᠭᠤ ᠳᠡᠳ᠋ ᠳᠠᠷᠤᠭ᠎ᠠ ᠵᠠᠩ ᠰᠢᠶᠠᠩ᠂ ᠠᠷᠪᠠᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠳᠥᠷᠪᠡᠳ ᠬᠤᠰᠢᠭᠤᠨ ᠤ ᠰᠢᠨᠵᠢᠯᠡᠬᠦ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ᠂ ᠲᠤᠰᠬᠠᠢ ᠮᠡᠷᠭᠡᠵᠢᠯᠲᠡᠳ᠂ ᠲᠠᠷᠢᠶᠠᠯᠠᠩ ᠮᠡᠷᠭᠡᠵᠢᠯ ᠤᠨ  ᠠᠵᠢᠯᠲᠠᠳ ᠵᠢᠴᠢ ᠠᠵᠤ ᠠᠬᠤᠶᠢᠯᠠᠯ ᠤᠨ ᠲᠥᠯᠥᠭᠡᠯᠡᠭᠴᠢᠳ  ᠬᠤᠷᠠᠯ ᠳᠤ ᠣᠷᠣᠯᠴᠠᠪᠠ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠮᠦᠰᠢᠶᠡ    ᠦ᠋  ᠵᠢᠶᠠ  ᠯᠢᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2