ᠮᠠᠨ ᠤ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠠᠶᠢᠯ ᠡᠷᠦᠬᠡ ᠳᠤ ᠣᠷᠣᠭᠤᠯᠬᠤ ᠠᠵᠢᠯᠯᠠᠭᠠᠨ ᠤ | ᠡᠬᠢᠯᠡᠯᠲᠡ ᠶᠢᠨ ᠶᠣᠰᠣᠯᠠᠯ ᠶᠠᠪᠤᠭᠳᠠᠭᠤᠯᠤᠭᠰᠠᠨ | ᠣᠶᠢᠷ᠎ᠠ ᠳᠤ᠂ ᠬᠤᠰᠢᠭᠤ ᠬᠥᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶᠠᠨ ᠠᠴᠠ ᠭᠤᠣᠯᠯᠠᠨ ᠡᠷᠬᠢᠯᠡᠭᠰᠡᠨ 《 ᠨᠡᠶᠢᠭᠡᠮ ᠤᠨ ᠪᠠᠲᠤᠯᠠᠪᠤᠷᠢ ᠶᠢᠨ ᠦᠢᠯᠡᠴᠢᠯᠡᠭᠡ ᠶᠢ ᠲᠦᠮᠡᠨ | ᠡᠷᠦᠬᠡ ᠳᠤ ᠬᠦᠷᠭᠡᠬᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ ᠰᠠᠶᠢᠨ ᠰᠠᠶᠢᠬᠠᠨ ᠢ ᠡᠳ᠋ᠯᠡᠬᠦ 》 | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠰᠠᠷ ᠰᠣᠶᠣᠯ ᠤᠨ ᠠᠭᠤᠳᠠᠮ ᠲᠠᠯᠠᠪᠠᠢ ᠳᠤ ᠶᠠᠪᠤᠭᠳᠠᠭᠰᠠᠨ ᠪᠠᠶᠢᠨ᠎ᠠ | ᠃ | ᠠᠵᠢᠯᠯᠠᠭ᠎ᠠ ᠨᠢ᠂《 ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠳᠦᠷᠢᠮ 》 ᠢ | ᠤᠬᠠᠭᠤᠯᠤᠨ ᠲᠤᠤᠱᠯᠠᠭᠤᠯᠤᠨ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠨᠡᠶᠢᠭᠡᠮ ᠤᠨ ᠳᠠᠭᠠᠳᠬᠠᠯ ᠤᠨ | ᠲᠥᠷᠥ ᠶᠢᠨ ᠪᠣᠳᠣᠯᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠷᠭ᠎ᠠ ᠠᠪᠴᠠᠯ ᠢ ᠭᠦᠨᠵᠡᠭᠡᠢ | ᠤᠬᠠᠭᠤᠯᠵᠤ᠂ ᠨᠡᠶᠢᠭᠡᠮ ᠤᠨ ᠣᠯᠠᠨ ᠨᠡᠶᠢᠲᠡ ᠶᠢᠨ ᠬᠠᠤᠯᠢ ᠶᠣᠰᠣᠭᠠᠷ ᠨᠡᠶᠢᠭᠡᠮ ᠤᠨ ᠪᠠᠲᠤᠯᠠᠭ᠎ᠠ ᠶᠢᠨ ᠡᠭᠦᠷᠭᠡ ᠪᠠᠨ | ᠭᠦᠢᠴᠡᠳᠬᠡᠬᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠵᠢᠯ ᠶᠠᠪᠤᠳᠠᠯ ᠭᠦᠢᠴᠡᠳᠬᠡᠬᠦ ᠳᠤᠮᠳᠠ | ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠠᠷᠠᠳ ᠲᠤ ᠳᠥᠭᠦᠮ᠂ | ᠲᠤᠰᠠᠲᠠᠢ᠂ ᠰᠡᠳᠬᠢᠯ ᠲᠠᠭᠠᠲᠠᠢ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠪᠥᠬᠦ ᠬᠦᠴᠦᠨ ᠢᠶᠠᠷ ᠪᠣᠢ | ᠪᠣᠯᠭᠠᠬᠤ ᠪᠠᠷ ᠦᠷᠨᠢᠬᠦᠯᠦᠭᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠢᠦᠢ ᡁᠢ ᠹᠠᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |