ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠰᠢᠯᠢᠳᠡᠭ ᠡᠭᠦᠯᠳᠡᠷ ᠤᠨ ᠬᠤᠨᠢ | ᠳᠡᠯᠭᠡᠷᠡᠭᠦᠯᠬᠦ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ | ᠣᠶᠢᠷ᠎ᠠ ᠶᠢᠨ ᠡᠳᠦᠷ᠂ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠰᠢᠯᠢᠳᠡᠭ ᠡᠭᠦᠯᠳᠡᠷ ᠤᠨ ᠬᠤᠨᠢ ᠶᠢ ᠦᠵᠡᠵᠦ ᠳᠡᠯᠭᠡᠷᠡᠭᠦᠯᠬᠦ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ | ᠪᠠᠶᠢᠨ᠎ᠠ᠃ | ᠬᠤᠷᠠᠯ ᠳᠤ ᠣᠷᠣᠯᠴᠠᠭᠰᠠᠳ ᠤᠷᠢᠳ ᠬᠤᠵᠢᠳ ᠥᠪᠥᠷ ᠮᠣᠩᠭᠤᠯ ᠤᠨ ᠰᠡᠶᠢᠨᠦ᠋ᠣᠸ᠋ ᠡᠭᠦᠯᠳᠡᠷ ᠤᠨ | ᠬᠤᠨᠢ ᠶᠢᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠥᠪᠥᠷ ᠮᠣᠩᠭᠤᠯ ᠤᠨ ᠬᠠᠮᠲᠤᠪᠠᠷ | ᠪᠠᠶᠢᠭᠤᠯᠬᠤ ᠬᠦᠷᠢᠶᠡᠯᠡᠭ ᠂ ᠳ᠋ᠦ᠋ ᠮᠧᠩ ᠬᠤᠨᠢᠨ ᠤ ᠡᠭᠦᠯᠳᠡᠷ ᠢ ᠪᠤᠶᠢᠵᠢᠭᠤᠯᠬᠤ ᠲᠣᠭᠤᠷᠢᠭ ᠵᠡᠷᠭᠡ ᠭᠠᠵᠠᠷ | ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠠᠶᠢᠨ᠎ᠠ᠃ ᠬᠤᠷᠠᠯ ᠳᠡᠭᠡᠷ᠎ᠡ᠂ ᠪᠦᠬᠦ ᠬᠤᠲᠠ ᠶᠢᠨ | 10 ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠰᠠᠯᠠᠭ᠎ᠠ ᠮᠥᠴᠢᠷ ᠵᠢᠴᠢ | ᠬᠤᠲᠠ ᠶᠢᠨ ᠰᠢᠭᠤᠳ ᠬᠠᠷᠢᠶ᠎ᠠ ᠭᠤᠣᠯᠳᠠᠯᠭ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠡᠰ ᠳᠠᠷᠠᠭᠠᠯᠠᠨ | ᠣᠳᠣᠬᠠᠨ ᠤ ᠡᠭᠦᠯᠳᠡᠷ ᠰᠠᠶᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠭᠰᠡᠨ ᠦᠨᠳᠦᠰᠦᠨ ᠪᠠᠶᠢᠳᠠᠯ᠂ ᠣᠷᠣᠰᠢᠵᠤ | ᠪᠠᠶᠢᠭ᠎ᠠ ᠬᠦᠴᠢᠷᠳᠡᠯ ᠪᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠ | ᠰᠠᠨᠠᠭᠤᠯᠭ᠎ᠠ ᠳᠤ ᠭᠦᠨᠵᠡᠭᠡᠢ ᠰᠦᠪᠡᠭᠴᠢᠯᠡᠯᠲᠡ ᠬᠢᠭᠰᠡᠨ ᠪᠠᠶᠢᠨ᠎ᠠ ᠃ | ᠬᠤᠷᠠᠯ ᠠᠴᠠ᠂ ᠡᠯ᠎ᠡ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠪᠦᠬᠦ ᠠᠵᠤ ᠦᠢᠯᠡᠰ ᠤᠨ ᠬᠡᠯᠬᠢᠶ᠎ᠡ ᠶᠢᠨ ᠢᠳᠡᠰᠢᠨ ᠬᠤᠨᠢᠨ ᠤ ᠬᠥᠭᠵᠢᠯᠲᠡ ᠶᠢᠨ ᠵᠠᠭᠪᠤᠷ ᠢ ᠨᠡᠩ ᠭᠦᠨᠵᠡᠭᠡᠢ | ᠣᠶᠢᠯᠠᠭᠠᠭᠤᠯᠵᠤ᠂ ᠡᠯ᠎ᠡ ᠬᠤᠰᠢᠭᠤ ᠰᠢᠶᠠᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠢᠳᠡᠰᠢᠨ ᠬᠤᠨᠢᠨ ᠤ ᠠᠵᠤ ᠦᠢᠯᠡᠰ ᠢ | ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ᠂ ᠲᠠᠪᠤᠨ ᠶᠡᠭᠡ ᠡᠭᠦᠷᠭᠡ ᠶᠢ ᠪᠣᠳᠠᠲᠠᠢ ᠦᠷ᠎ᠡ ᠪᠦᠲᠦᠮᠵᠢ ᠲᠠᠢ | ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠢᠦᠢ ᡁᠢ ᠹᠠᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |