ᠵᠦᠩ ᠵᠢᠩ ᠭᠦᠸᠧ ᠰᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠯᠲᠠ ᠶᠢᠨ ᠪᠦᠯᠦᠭᠯᠡᠯ ᠮᠠᠨ ᠤ | ᠬᠤᠰᠢᠭᠤᠨ ᠳᠤ ᠢᠷᠡᠵᠦ ᠲᠤᠭᠤᠷᠢᠨ ᠪᠠᠶᠢᠴᠠᠭᠠᠯᠲᠠ ᠬᠢᠭᠰᠡᠨ | ᠣᠶᠢᠷ᠎ᠠ ᠳᠤ᠂ ᠵᠦᠩ ᠵᠢᠩ ᠭᠦᠸᠧ ᠰᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠯᠲᠠ ᠶᠢᠨ | ᠪᠦᠯᠦᠭᠯᠡᠯ ᠤᠨ ᠪᠡᠯᠡ ᠣᠷᠣᠭᠤᠯᠤᠯᠲᠠ ᠶᠢᠨ ᠵᠥᠪᠯᠡᠯ ᠤᠨ ᠭᠦᠢᠴᠡᠳᠬᠡᠬᠦ ᠲᠡᠷᠢᠭᠦᠯᠡᠭᠴᠢ ᠵᠠᠩ ᠮᠢᠨ ᠵᠢᠶᠧ ᠪᠦᠯᠬᠦᠮ | ᠳᠠᠭᠠᠭᠤᠯᠤᠨ ᠮᠠᠨ ᠤ ᠬᠤᠰᠢᠭᠤᠨ ᠳᠤ ᠪᠠᠶᠢᠴᠠᠭᠠᠯᠲᠠ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ | ᠴᠢᠩ ᠪᠠᠷ᠎ᠠ ᠪᠣᠯᠵᠤ ᠲᠤᠭᠤᠷᠢᠨ ᠪᠠᠶᠢᠴᠠᠭᠠᠭᠰᠠᠨ ᠪᠠᠶᠢᠨ᠎ᠠ ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠶᠡᠭᠡ ᠭᠤᠪᠢ ᠶᠢᠨ ᠲᠠᠷᠢᠶᠠᠯᠠᠩ ᠮᠠᠯ ᠠᠵᠤ | ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠰᠠᠶᠢᠢᠨᠤᠤ ᠡᠭᠦᠯᠳᠡᠷ ᠤᠨ ᠬᠤᠨᠢᠨ ᠤ | ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠨᠳᠦᠰᠦᠲᠡᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ | ᠸᠠᠩ ᠤᠨ ᠣᠷᠳᠣᠨ᠂ ᠭᠡᠭᠡᠨᠲᠠᠯ᠎ᠠ ᠵᠡᠷᠭᠡ ᠭᠠᠵᠠᠷ ᠢᠶᠠᠷ ᠭᠦᠨᠵᠡᠭᠡᠶᠢᠷᠡᠨ ᠲᠠᠷᠢᠵᠤ ᠲᠡᠵᠢᠭᠡᠬᠦ ᠠᠵᠤ ᠦᠢᠯᠡᠰ᠂ ᠰᠣᠶᠣᠯ | ᠵᠤᠭᠠᠴᠠᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠢᠭᠰᠡᠨ ᠪᠠᠶᠢᠨ᠎ᠠ ᠃ | ᠰᠠᠭᠤᠳᠠᠯ ᠤᠨ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠳᠠᠷᠠᠭ᠎ᠠ ᠠᠯᠬᠤᠮ ᠤᠨ ᠲᠥᠰᠥᠪ ᠢ ᠵᠣᠯᠭᠠᠭᠤᠯᠵᠤ᠂ | ᠲᠥᠰᠦᠯ ᠬᠡᠷᠡᠭᠵᠢᠭᠦᠯᠬᠦ ᠶᠢ ᠶᠠᠷᠢᠯᠴᠠᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠠᠬᠢᠭᠤᠯᠵᠤ᠂ᠬᠤᠰᠢᠭᠤᠨ ᠤ | ᠤᠳᠤᠷᠢᠳᠤᠯᠭ᠎ᠠ ᠵᠠᠩ ᠰᠢᠶᠠᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠬᠢᠵᠦ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |