ᠵᠢᠢ ᠱᠧᠩ ᠲᠠᠢ ᠪᠠᠯᠭᠠᠰᠤ ᠤᠯᠤᠰ ᠤᠨ ᠪᠠᠶᠠᠷ ᠢ ᠤᠭᠲᠤᠨ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ | ᠪᠥᠬᠦ ᠪᠠᠯᠭᠠᠰᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠤᠯᠤᠰ ᠤᠨ ᠲᠤᠭ ᠤᠨ ᠤᠬᠠᠮᠰᠠᠷ | ᠪᠠ ᠤᠯᠤᠰ ᠤᠨ ᠣᠶᠢᠯᠠᠭᠠᠭᠳᠠᠬᠤᠨ ᠢ ᠳᠡᠭᠡᠭᠰᠢᠯᠡᠭᠦᠯᠵᠦ᠂ ᠡᠬᠡ ᠣᠷᠣᠨᠴᠢ ᠬᠠᠶᠢᠷ᠎ᠠ ᠰᠡᠳᠬᠢᠯᠭᠡ ᠶᠢ ᠬᠥᠭᠵᠢᠭᠡᠵᠦ᠂ | ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠢᠭᠲᠡᠷᠠᠭᠤᠯᠬᠤ ᠶᠢᠨ ᠲᠥᠯᠥᠭᠡ ᠂ 10 ᠰᠠᠷ᠎ᠠ ᠶᠢᠨ 1 ᠤ ᠡᠳᠦᠷ᠂ ᠵᠢᠢ | ᠱᠧᠩ ᠲᠠᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠲᠣᠰᠬᠤᠨ ᠤ ᠨᠠᠮ ᠤᠨ ᠡᠭᠦᠷ | ᠤᠯᠤᠰ ᠤᠨ ᠪᠠᠶᠠᠷ ᠢ ᠤᠭᠲᠤᠵᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ 13 ᠵᠠᠰᠠᠭ | ᠵᠠᠬᠢᠷᠭᠠᠨ ᠤ ᠲᠣᠰᠬᠤᠨ ᠵᠡᠷᠭᠡᠪᠡᠷ ᠶᠠᠪᠤᠭᠳᠠᠵᠤ᠂ ᠪᠠᠶᠢᠭᠤᠯᠤᠯᠭ᠎ᠠ ᠶᠢᠨ ᠺᠠᠳ᠋ᠷ ᠣᠷᠣᠯᠴᠠᠪᠠ᠃ | ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠵᠢᠱᠧᠩ ᠲᠠᠢ ᠪᠠᠯᠭᠠᠰᠤᠨ ᠤ ᠨᠠᠮ ᠤᠨ ᠭᠡᠰᠢᠭᠦᠨ | ᠺᠠᠳ᠋ᠷ ᠨᠠᠮ ᠤᠨ ᠰᠦᠯᠳᠡ ᠵᠡᠭᠦᠵᠦ᠂ ᠰᠦᠷ ᠵᠢᠪᠬᠤᠯᠠᠩᠲᠠᠢ ᠤᠯᠤᠰ ᠤᠨ ᠳᠠᠭᠤᠤ ᠶᠢᠨ ᠠᠶᠠᠰ ᠤᠨ ᠳᠤᠮᠳᠠ ᠲᠥᠪ | ᠬᠢᠴᠢᠶᠡᠩᠭᠦᠢ ᠵᠣᠭᠰᠣᠨ᠂ ᠨᠢᠳᠦ ᠲᠠᠯᠪᠢᠨ᠂ ᠤᠯᠤᠰ ᠤᠨ ᠳᠠᠭᠤᠤ ᠶᠢ ᠵᠡᠷᠭᠡᠪᠡᠷ ᠳᠠᠭᠤᠯᠠᠵᠤ᠂ ᠲᠠᠪᠤᠨ ᠣᠳᠣᠲᠤ | ᠤᠯᠠᠭᠠᠨ ᠲᠤᠭ ᠠᠯᠭᠤᠷᠬᠠᠨ ᠮᠠᠨᠳᠤᠬᠤ ᠶᠢᠨ ᠬᠠᠮᠲᠤ ᠠᠭᠤᠤ ᠶᠡᠭᠡ ᠡᠬᠡ ᠤᠯᠤᠰ ᠲᠠᠭᠠᠨ ᠬᠠᠮᠤᠭ ᠤᠨ ᠡᠷᠬᠢᠮ | ᠳᠡᠭᠡᠳᠦ ᠬᠦᠨᠳᠦᠳᠬᠡᠯ ᠪᠠ ᠬᠠᠮᠤᠭ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ᠡᠨᠡ ᠬᠣ ᠭᠱᠠᠨ᠎ᠠ ᠪᠦᠬᠦ | ᠬᠥᠮᠦᠰ ᠭᠦᠨ ᠬᠠᠯᠳᠠᠪᠤᠷᠢᠯᠠᠭᠳᠠᠭᠠᠳ ᠤᠷᠮ᠎ᠠ ᠵᠣᠷᠢᠭ ᠬᠥᠭᠵᠢᠵᠦ᠂ ᠭᠦᠨ ᠭᠦᠨᠵᠡᠭᠡᠢ ᠡᠬᠡ ᠣᠷᠣᠨᠴᠢ ᠬᠠᠶᠢᠷ᠎ᠠ | ᠰᠡᠳᠬᠢᠯᠭᠡ ᠶᠢ ᠬᠥᠭᠵᠢᠭᠡᠵᠦ ᠪᠠᠶᠢᠨ᠎ᠠ᠃ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠭᠡᠷᠡᠯ ᠰᠠᠴᠤᠷᠠᠩᠭᠤᠢ 74 ᠵᠢᠯ ᠢ ᠥᠩᠭᠡᠷᠡᠭᠡᠵᠦ᠂ | ᠨᠡᠶᠢᠭᠡᠮ ᠤᠨ ᠡᠯ᠎ᠡ ᠵᠦᠢᠯ ᠤᠨ ᠦᠢᠯᠡᠰ ᠥᠷᠨᠢᠭᠦᠨ ᠢᠶᠠᠷ ᠬᠥᠭᠵᠢᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠯᠢ ᠣᠯᠠᠨ ᠠᠭᠤᠤ ᠶᠡᠭᠡ | ᠠᠮᠵᠢᠯᠲᠠ ᠪᠦᠲᠦᠮᠵᠢ ᠶᠢ ᠣᠯᠪᠠ᠃ ᠠᠮᠵᠢᠯᠲᠠ ᠨᠢ ᠬᠥᠮᠦᠰ ᠤᠨ ᠰᠡᠳᠬᠢᠯ ᠢ ᠬᠥᠭᠵᠢᠭᠡᠨ ᠡᠭᠦᠷᠭᠡ ᠶᠢ ᠱᠠᠭᠠᠷᠳᠠᠨ | ᠤᠷᠤᠭᠰᠢᠯᠠᠵᠤ ᠪᠠᠶᠢᠨ᠎ᠠ᠃ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠡᠯ᠎ᠡ ᠲᠥᠷᠥᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ ᠥᠷᠨᠢᠭᠦᠯᠦᠨ᠂ 《 ᠠᠮᠵᠢᠯᠲᠠ | ᠪᠦᠲᠦᠮᠵᠢ ᠨᠢ ᠨᠠᠳᠠ ᠳᠤ ᠪᠠᠶᠢᠬᠤ ᠴᠢᠬᠤᠯᠠ ᠦᠭᠡᠢ᠂ ᠠᠮᠵᠢᠯᠲᠠ ᠪᠦᠲᠦᠮᠵᠢ ᠨᠢ ᠯᠠᠪᠲᠠᠢ ᠥᠪᠡᠷ ᠤᠨ ᠡᠭᠦᠷᠭᠡ | ᠬᠠᠷᠢᠭᠤᠴᠠᠯᠭ᠎ᠠ ᠡᠭᠦᠷᠭᠡ ᠲᠠᠢ ᠪᠠᠨ ᠪᠠᠶᠢᠬᠤ ᠶᠢ ᠢᠮᠠᠭᠲᠠ ᠪᠠᠷᠢᠮᠲᠠᠯᠠᠵᠤ᠂ ᠲᠥᠪ ᠭᠤᠣᠯᠴᠢ ᠪᠠᠷ ᠰᠢᠨ᠎ᠡ ᠶᠢ | ᠡᠭᠦᠳᠴᠦ᠂ ᠰᠢᠷᠭᠠᠭᠤ ᠠᠵᠢᠯᠯᠠᠵᠤ᠂ ᠰᠢᠨ᠎ᠡ ᠭᠠᠷᠢᠶᠠᠨ ᠱᠤᠭᠤᠵᠤ᠂ ᠰᠢᠨ᠎ᠡ ᠠᠮᠵᠢᠯᠲᠠ ᠪᠦᠲᠦᠮᠵᠢ ᠡᠭᠦᠳᠴᠦ᠂ | ᠰᠢᠨ᠎ᠡ ᠠᠶᠠᠨ ᠵᠠᠮ ᠳᠤ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠵᠢᠢ ᠱᠧᠩ ᠲᠠᠢ ᠪᠠᠯᠭᠠᠰᠤᠨ ᠤ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ | ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |