ᠵᠠᠩᠭᠠᠨ ᠰᠤᠮᠤ ᠺᠠᠳ᠋ᠷ ᠤᠨ ᠬᠤᠷᠠᠯ ᠬᠢᠭᠰᠡᠨ | | 10 ᠰᠠᠷ᠎ᠠ ᠶᠢᠨ 8 ᠡᠳᠦᠷ᠂ ᠵᠠᠩᠭᠠᠨ ᠰᠤᠮᠤ ᠨᠠᠮ ᠤᠨ ᠣᠯᠠᠨ ᠲᠦᠮᠡᠨ ᠳᠤ ᠦᠢᠯᠡᠴᠢᠯᠡᠬᠦ ᠲᠥᠪ ᠤᠨ | 1 ᠳ᠋ᠦ᠋ᠭᠡᠷ ᠳᠠᠪᠬᠤᠷᠯᠢᠭ ᠤᠨ ᠬᠤᠷᠠᠯ ᠤᠨ ᠭᠡᠷ ᠲᠤ ᠪᠦᠬᠦ ᠺᠠᠳ᠋ᠷᠴᠤᠳ ᠤᠨ ᠶᠡᠭᠡ ᠬᠤᠷᠠᠯ ᠬᠢᠵᠦ ᠂ ᠵᠠᠩᠭᠠᠨ | ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ ᠶᠢᠨ ᠪᠦᠬᠦ ᠺᠠᠳ᠋ᠷ᠂ ᠡᠯ᠎ᠡ | ᠭᠠᠴᠠᠭᠠᠨ ᠤ ᠨᠠᠮ ᠤᠨ ᠡᠭᠦᠷ ᠤᠨ ᠱᠦᠵᠢ᠂ ᠡᠯ᠎ᠡ ᠭᠠᠴᠠᠭᠠᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ | ᠬᠤᠷᠠᠯ ᠳᠤ ᠣᠷᠣᠯᠴᠠᠪᠠ᠃ | | | | | | ᠬᠤᠷᠠᠯ ᠠᠴᠠ ᠬᠤᠷᠰᠢᠭᠰᠠᠨ ᠡᠮ ᠡᠮᠨᠡᠯᠭᠡ ᠶᠢᠨ ᠲᠤᠰᠢᠶᠠᠯᠲᠠ᠂ ᠮᠠᠯ ᠤᠨ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ | ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠵᠡᠷᠭᠡ ᠣᠶᠢᠷ᠎ᠠ ᠶᠢᠨ ᠬᠤᠭᠤᠴᠠᠭᠠᠨ ᠳᠠᠬᠢ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | | | | | ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠪᠦᠬᠦ ᠠᠵᠢᠯᠲᠠᠳ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠭᠦᠨᠵᠡᠭᠡᠢ ᠪᠣᠳᠣᠯᠬᠢᠯᠠᠨ᠂ ᠬᠢᠨᠠᠮᠠᠭᠠᠢ ᠰᠤᠳᠤᠯᠵᠤ᠂ ᠠᠵᠢᠯ ᠤᠨ ᠭᠤᠣᠯᠳᠠᠯᠭ᠎ᠠ ᠪᠠᠨ | ᠣᠨᠣᠪᠴᠢᠲᠠᠢ ᠲᠣᠭᠲᠠᠭᠠᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠳᠤᠮᠳᠠ ᠪᠠᠨ ᠡᠯ᠎ᠡ | ᠵᠦᠢᠯ ᠤᠨ ᠠᠵᠢᠯ ᠤᠨ ᠡᠭᠦᠷᠭᠡ ᠪᠠᠨ ᠦᠨᠡᠨᠬᠦ ᠠᠳᠬᠤᠵᠤ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠦᠷ᠎ᠡ | ᠪᠦᠲᠦᠮᠵᠢ ᠭᠠᠷᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠪᠠ ᠣᠯᠵᠠ ᠣᠯᠬᠤ | ᠰᠡᠳᠬᠢᠯᠭᠡ ᠶᠢ ᠨᠡᠮᠡᠭᠳᠡᠭᠦᠯᠬᠦ ᠬᠡᠷᠡᠭᠲᠡᠢ᠃ | ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |