ᠪᠠᠶᠠᠨᠴᠣᠭᠲᠤ ᠪᠠᠯᠭᠠᠰᠤ ᠬᠠᠷ᠎ᠠ ᠶᠢ ᠱᠦᠭᠦᠷᠳᠡᠨ ᠬᠠᠷᠭᠢᠰ ᠢ ᠴᠡᠪᠡᠷᠯᠡᠬᠦ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/10/24
ᠪᠠᠶᠠᠨᠴᠣᠭᠲᠤ ᠪᠠᠯᠭᠠᠰᠤ ᠬᠠᠷ᠎ᠠ ᠶᠢ ᠱᠦᠭᠦᠷᠳᠡᠨ ᠬᠠᠷᠭᠢᠰ ᠢ ᠴᠡᠪᠡᠷᠯᠡᠬᠦ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ                     10 ᠰᠠᠷ᠎ᠠ ᠶᠢᠨ 17 ᠤ ᠡᠳᠦᠷ᠂ ᠪᠠᠶᠠᠨᠴᠣᠭᠲᠤ ᠪᠠᠯᠭᠠᠰᠤ ᠠᠴᠠ ᠪᠦᠬᠦ ᠪᠠᠯᠭᠠᠰᠤ ᠶᠢᠨ ᠬᠡᠪᠴᠢᠶᠡᠨ ᠳᠤ ᠬᠠᠷ᠎ᠠ ᠪᠦᠯᠦᠭᠲᠡᠨ ᠢ ᠱᠦᠭᠦᠷᠳᠡᠨ ᠠᠷᠢᠯᠭᠠᠵᠤ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃             ᠡᠯ᠎ᠡ ᠭᠠᠴᠠᠭᠠᠨ ᠤ ᠪᠠᠬᠢᠯᠡᠯᠲᠡ ᠶᠢᠨ ᠭᠠᠵᠠᠷ ᠲᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠨ᠂ 《 ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ᠂ ᠬᠠᠮᠢᠶ᠎ᠠ ᠪᠦᠬᠦᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ 《 ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠶᠢ ᠰᠤᠷᠤᠯᠴᠠᠵᠤ᠂ ᠪᠠᠶ᠋ᠢᠩᠭᠤᠴᠢᠯᠠᠭᠰᠠᠨ ᠬᠠᠷ᠎ᠠ ᠪᠦᠯᠦᠭᠲᠡᠨ ᠢ ᠱᠦᠭᠦᠷᠳᠡᠨ ᠠᠷᠢᠯᠭᠠᠵᠤ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠬᠠᠮᠢᠶ᠎ᠠ ᠪᠥᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠭᠤᠯᠤᠨ᠂ ᠬᠠᠷ᠎ᠠ ᠬᠠᠷᠭᠢᠰ ᠬᠦᠴᠦᠨ ᠤ ᠬᠠᠤᠯᠢ ᠵᠥᠷᠢᠴᠡᠵᠦ ᠶᠠᠯ᠎ᠠ ᠬᠢᠭᠰᠡᠨ ᠢ ᠢᠯᠡᠴᠢᠯᠡᠨ ᠵᠠᠭᠠᠯᠳᠤᠭᠰᠠᠨ ᠰᠦᠪᠡᠭᠴᠢ ᠶᠢ ᠢᠳᠡᠪᠬᠢᠲᠡᠢ ᠢᠯᠡᠴᠢᠯᠡᠨ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠪᠠᠨ ᠵᠣᠷᠢᠭᠲᠠᠢ ᠪᠠᠷ ᠬᠠᠮᠠᠭᠠᠯᠠᠬᠤ ᠶᠢ ᠵᠣᠷᠢᠭᠵᠢᠭᠤᠯᠵᠤ᠂ ᠬᠠᠷ᠎ᠠ ᠬᠠᠷᠭᠢᠰ ᠬᠦᠴᠦᠨ ᠤ ᠲᠡᠮᠡᠴᠡᠯ ᠳᠤᠮᠳᠠ ᠤᠬᠠᠮᠰᠠᠷ‌‍ᠠ᠋ᠴᠠ ᠪᠠᠨ ᠣᠷᠣᠯᠴᠠᠵᠤ᠂ ᠬᠠᠷ᠎ᠠ ᠬᠠᠷᠭᠢᠰ ᠬᠦᠴᠦᠨ ᠳᠤ ᠡᠷᠡᠰ ᠴᠣᠬᠢᠯᠲᠠ ᠥᠭᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃             ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠮᠠᠯᠴᠢᠨ ᠲᠦᠮᠡᠨ ᠤ ᠪᠠᠶᠢᠩᠭᠤ ᠶᠢᠨ ᠴᠢᠨᠠᠷᠲᠠᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠥᠷᠨᠢᠭᠦᠯᠬᠦ ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠦᠨ᠂ ᠥᠷᠭᠡᠨ ᠣᠯᠠᠨ ᠰᠠᠭᠤᠭᠠᠯᠢ ᠠᠷᠠᠳ ᠲᠦᠮᠡᠨ ᠢ ᠤᠷᠢᠶᠠᠯᠠᠨ ᠪᠦᠬᠦ ᠠᠷᠠᠳ ᠢᠶᠠᠷ ᠢᠶᠠᠨ ᠣᠷᠣᠯᠴᠠᠭᠤᠯᠬᠤ ᠪᠠᠷ ᠳᠠᠮᠵᠢᠭᠤᠯᠤᠨ᠂ ᠬᠦᠷᠲᠡᠭᠡᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠢ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ ᠠᠭᠤᠷ ᠠᠮᠢᠰᠬᠤᠯ ᠢ ᠪᠣᠢ ᠪᠣᠯᠭᠠᠪᠠ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2