ᠴᠠᠭᠠᠨᠪᠤᠯᠠᠭ ᠰᠤᠮᠤ  ᠂ ᠦᠵᠡᠯ ᠤᠬᠠᠮᠰᠠᠷ ᠤᠨ ᠬᠡᠯᠪᠡᠷᠢ ᠶᠢᠨ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠬᠢᠭᠰᠡᠨ
ᠨᠡᠶᠢᠲᠡᠯᠡᠭᠰᠡᠨ ᠴᠠᠭ᠄
2023/10/24
  ᠴᠠᠭᠠᠨᠪᠤᠯᠠᠭ ᠰᠤᠮᠤ  ᠂ ᠦᠵᠡᠯ ᠤᠬᠠᠮᠰᠠᠷ ᠤᠨ ᠬᠡᠯᠪᠡᠷᠢ ᠶᠢᠨ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ  ᠬᠢᠭᠰᠡᠨ                 ᠨᠠᠮ ᠤᠨ ᠭᠡᠰᠢᠭᠦᠨ ᠺᠠᠳ᠋ᠷ ᠢ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠴᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠭᠤᠯᠵᠤ᠂ ᠨᠡᠶᠢᠲᠡᠯᠢᠭ ᠬᠡᠷᠡᠭ ᠤᠨ ᠰᠡᠷᠡᠮᠵᠢᠯᠡᠭᠦᠯᠦᠨ ᠬᠥᠮᠦᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠴᠠᠭᠠᠨᠪᠤᠯᠠᠭ ᠰᠤᠮᠤ ᠦᠵᠡᠯ ᠤᠬᠠᠮᠰᠠᠷ ᠤᠨ ᠬᠡᠯᠪᠡᠷᠢ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃         ᠬᠤᠷᠠᠯ ᠳᠤ ᠣᠷᠣᠯᠴᠠᠭᠰᠠᠨ ᠪᠦᠬᠦ ᠬᠥᠮᠦᠰ ᠦᠵᠡᠯ ᠤᠬᠠᠮᠰᠠᠷ ᠤᠨ ᠬᠡᠯᠪᠡᠷᠢ ᠶᠢᠨ ᠰᠡᠷᠡᠮᠵᠢ ᠶᠢᠨ ᠬᠥᠮᠦᠵᠢᠯ ᠤᠨ ᠹᠢᠯᠢᠮ 《 ᠶᠡᠷᠦᠩᠬᠡᠢ ᠨᠡᠭᠡᠭᠡᠯᠭᠡ 》 ᠶᠢ ᠲᠣᠭᠤᠷᠢᠨ ᠦᠵᠡᠵᠡᠢ᠃         ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠤᠨ 《 ᠠᠷᠢᠭᠤᠨ ᠴᠢᠬᠡᠴᠢ ᠪᠠᠷ ᠵᠠᠰᠠᠭ ᠪᠠᠷᠢᠬᠤ ᠠᠮᠠᠯᠠᠯᠲᠠ ᠶᠢᠨ ᠪᠢᠴᠢᠭ 》 ᠲᠣᠭᠲᠠᠭᠠᠵᠤ᠂ ᠨᠠᠮ ᠤᠨ ᠭᠡᠰᠢᠭᠦᠨ ᠺᠠᠳ᠋ᠷ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠭᠠᠯ ᠰᠡᠷᠭᠡᠶᠢᠯᠡᠬᠦ ᠬᠡᠷᠡᠮ ᠢ ᠪᠠᠲᠤ ᠪᠠᠬᠢ ᠴᠣᠭᠴᠠᠯᠠᠨ᠎ᠠ᠃         ᠬᠤᠷᠠᠯ ᠠᠴᠠ  ᠴᠢᠬᠤᠯᠠᠴᠢᠯᠠᠭᠰᠠᠨ ᠨᠢ᠂ ᠰᠤᠮᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠵᠥᠪ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠥᠴᠦᠬᠡᠨ ᠴᠦ ᠭᠤᠶᠢᠪᠢᠰᠢ ᠥᠬᠡᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ᠂ ᠠᠮᠢᠳᠤᠷᠠᠯ᠂ ᠰᠤᠷᠤᠯᠴᠠᠯᠭ᠎ᠠ ᠶᠢᠨ ᠳᠤᠮᠳᠠ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠮ ᠬᠠᠮᠢᠶᠠᠷᠬᠤ ᠦᠨᠳᠦᠰᠦᠨ ᠵᠠᠷᠴᠢᠮ ᠢ ᠪᠠᠷᠢᠮᠲᠠᠯᠠᠨ ᠂ ᠡᠯ᠎ᠡ ᠵᠦᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠡᠭᠠᠯ ᠤᠨ ᠭᠠᠵᠠᠷ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠦᠭᠡ ᠬᠡᠯᠡᠬᠦ ᠡᠷᠬᠡ ᠪᠠ ᠭᠤᠣᠯᠯᠠᠬᠤ ᠡᠷᠬᠡ ᠶᠢ ᠪᠠᠲᠤ ᠡᠵᠡᠮᠰᠢᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠡᠮᠡᠴᠡᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠤᠷᠲᠤ ᠬᠤᠭᠤᠴᠠᠭᠠᠲᠤ ᠴᠢᠨᠠᠷ ᠢ ᠭᠦᠢᠴᠡᠳ ᠲᠠᠨᠢᠵᠤ᠂ ᠲᠡᠮᠡᠴᠡᠯ ᠤᠨ ᠦᠵᠡᠯ ᠤᠬᠠᠮᠰᠠᠷ ᠪᠠ ᠲᠡᠮᠡᠴᠡᠯ ᠤᠨ ᠡᠷᠳᠡᠮ ᠴᠢᠳᠠᠪᠤᠷᠢ ᠪᠠᠨ ᠤᠬᠠᠮᠰᠠᠷ‌‍ᠠ᠋ᠴᠠ  ᠪᠠᠨ ᠴᠢᠩᠭᠠᠳᠬᠠᠵᠤ᠂ ᠭᠤᠣᠯ ᠤᠷᠤᠰᠬᠠᠯ ᠤᠨ ᠦᠵᠡᠯ ᠤᠬᠠᠮᠰᠠᠷ ᠤᠨ ᠬᠡᠯᠪᠡᠷᠢ ᠶᠢᠨ ᠭᠤᠣᠯᠯᠠᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠢᠶᠠᠷ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠤᠬᠠᠭᠤᠯᠭ᠎ᠠ ᠶᠢᠨ ᠠᠵᠢᠯ ᠤᠨ ᠰᠡᠳᠬᠢᠯ ᠢᠶᠠᠨ ᠨᠢᠭᠲᠡᠷᠠᠭᠤᠯᠤᠨ ᠬᠦᠴᠦᠨ ᠢᠶᠠᠨ ᠨᠢᠭᠲᠡᠷᠠᠭᠤᠯᠬᠤ᠂ ᠴᠡᠷᠢᠭ ᠤᠨ ᠣᠮᠤᠭ ᠵᠣᠷᠢᠭ ᠢ ᠵᠣᠷᠢᠭᠵᠢᠭᠤᠯᠬᠤ᠂ ᠭᠤᠣᠯ ᠬᠥᠭ ᠠᠶᠠᠰ ᠢ ᠮᠠᠨᠳᠤᠭᠤᠯᠬᠤ ᠶᠢᠨ ᠳᠤᠮᠳᠠᠬᠢ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ           ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠰᠣᠩᠭᠤᠨ ᠰᠢᠯᠵᠢᠭᠦᠯᠦᠭᠰᠡᠨ ᠰᠤᠷᠤᠭᠴᠢ ᠬᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2