ᠳ᠋ᠦᠩ ᠪᠠ ᠬᠤᠤ ᠰᠢᠶᠠᠩ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠥᠪᠯᠡᠷᠡᠩᠭᠦᠢ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/10/24
ᠳ᠋ᠦᠩ ᠪᠠ ᠬᠤᠤ ᠰᠢᠶᠠᠩ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠥᠪᠯᠡᠷᠡᠩᠭᠦᠢ ᠰᠤᠷᠤᠯᠴᠠᠯᠭ᠎ᠠ ᠶᠢᠨ ᠬᠤᠷᠠᠯ ᠬᠢᠪᠡ           ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 《 ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ 》 ᠶᠡᠷᠦᠩᠬᠡᠢ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠶᠢᠨ ᠲᠤᠰᠠᠳᠠ᠂ 10 ᠰᠠᠷ᠎ᠠ ᠶᠢᠨ 19 ᠤ ᠦᠳᠡ ᠶᠢᠨ ᠬᠤᠶᠢᠨ᠎ᠠ᠂ ᠳ᠋ᠦᠩ ᠪᠠ ᠬᠤᠤ ᠰᠢᠶᠠᠩ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠡᠭᠦᠷ ᠭᠤᠣᠯ ᠰᠡᠳᠦᠪᠲᠦ ᠬᠥᠮᠦᠵᠢᠯ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠢᠵᠦ᠂ ᠬᠥᠳᠡᠭᠡ ᠠᠶᠢᠯ ᠤᠨ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠣᠷᠣᠯᠴᠠᠵᠠᠢ᠃
C:\Users\q\Desktop\10 月- 苏木\10.21.png
           ᠬᠤᠷᠠᠯ ᠳᠡᠭᠡᠷ᠎ᠡ᠂ ᠳ᠋ᠦᠩ ᠪᠠ ᠬᠤᠤ ᠰᠢᠶᠠᠩ ᠤᠨ ᠳᠡᠳ᠋ ᠰᠢᠶᠠᠩ ᠤᠨ ᠳᠠᠷᠤᠭ᠎ᠠ ᠵᠢᠦᠢ ᠴᠧᠨ ᠲᠢ᠂ ᠰᠦᠨ ᠱᠣᠣ ᠫᠢᠨ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠳᠡᠭᠡᠷ᠎ᠡ ᠥᠷᠭᠡᠨ ᠣᠯᠠᠨ ᠺᠠᠳ᠋ᠷ ᠣᠯᠠᠨ ᠲᠦᠮᠡᠨ ᠢ ᠪᠠᠲᠤ ᠴᠡᠭᠡᠵᠢᠯᠡᠵᠦ ᠪᠠᠶᠢᠬᠤ ᠪᠠᠷ ᠱᠠᠭᠠᠷᠳᠠᠭᠰᠠᠨ 《 ᠲᠠᠪᠤᠨ ᠦᠭᠡ 》 ᠶᠢ ᠤᠳᠤᠷᠢᠳᠤᠨ ᠰᠤᠷᠬᠤ ᠶᠢᠨ ᠬᠠᠮᠲᠤ᠂ 《 ᠰᠢ ᠶᠢᠨ ᠫᠢᠩ ᠤᠨ ᠵᠣᠬᠢᠶᠠᠯ ᠤᠨ ᠲᠡᠭᠦᠪᠦᠷᠢ 》 ᠶᠢᠨ ᠬᠤᠶᠠᠳᠤᠭᠠᠷ ᠪᠣᠳᠢ ᠶᠢᠨ ᠬᠠᠮᠢᠶ᠎ᠠ ᠪᠦᠬᠦᠢ ᠠᠭᠤᠯᠭ᠎ᠠ ᠶᠢ ᠲᠥᠪᠯᠡᠷᠡᠭᠦᠯᠦᠨ ᠰᠤᠷᠤᠯ᠎ᠠ᠃ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ 《 ᠬᠤᠶᠠᠷ ᠢ ᠬᠠᠮᠠᠭᠠᠯᠠᠬᠤ 》 ᠶᠢ ᠲᠦᠷᠦᠭᠦᠯᠡᠨ ᠪᠡᠶᠡᠯᠡᠭᠦᠯᠬᠦ ᠵᠡᠷᠭᠡ ᠴᠢᠬᠤᠯᠠ ᠠᠭᠤᠯᠭ᠎ᠠ ᠶᠢ ᠤᠭ ᠳᠡᠪᠲᠡᠷ ᠲᠡᠭᠡᠨ ᠦᠭᠡ ᠳᠠᠷᠠᠭᠠᠯᠠᠨ ᠰᠤᠷᠤᠯᠴᠠᠪᠠ᠃            ᠨᠠᠮ ᠤᠨ ᠭᠡᠰᠢᠭᠦᠨ ᠺᠠᠳ᠋ᠷ ᠤᠨ ᠨᠠᠮᠴᠢ ᠴᠢᠨᠠᠷ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠳᠤᠮᠳᠠ ᠰᠤᠷᠤᠯᠭ᠎ᠠ ᠶᠢᠨ ᠬᠢᠷᠢ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠬᠡᠰᠡᠭ ᠬᠤᠭᠤᠴᠠᠭ᠎ᠠ ᠳᠠᠷᠠᠭᠠᠯᠠᠨ ᠭᠦᠨᠵᠡᠭᠡᠢ ᠲᠥᠷᠥᠭᠳᠡᠯ ᠲᠠᠢ ᠪᠣᠯᠤᠭᠰᠠᠨ ᠪᠠᠶᠢᠨ᠎ᠠ᠃ ᠳ᠋ᠦ᠋ᠩ ᠪᠠ ᠬᠤᠣ ᠰᠢᠶᠠᠩ ᠤᠨ ᠵᠠᠯᠠᠭᠤᠴᠤᠳ ᠤᠨ ᠬᠤᠰᠢᠭᠤᠴᠢ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠬᠤᠪᠢᠶᠠᠷᠢ ᠠᠩᠭᠢ ᠶᠢᠨ ᠭᠡᠰᠢᠭᠦᠨ ᠵᠣᠣ ᠶᠠ ᠨᠠᠨ ᠳ᠋ᠦ᠋ᠩ ᠱᠢ ᠵᠢᠶᠧ ᠲᠤᠰ ᠠᠵᠢᠯ ᠤᠨ ᠰᠣᠯᠢᠯᠴᠠᠭ᠎ᠠ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠲᠣᠬᠢᠶᠠᠯ ᠪᠣᠯᠭᠠᠵᠤ᠂ ᠲᠥᠪᠯᠡᠷᠡᠭᠦᠯᠦᠨ ᠰᠤᠷᠤᠯᠴᠠᠬᠤ ᠪᠠ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠵᠤ᠂ ᠤᠯᠤᠰ ᠲᠥᠷᠥ ᠶᠢᠨ ᠰᠤᠷᠤᠯᠴᠠᠯᠭ᠎ᠠ ᠪᠠ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢ ᠤᠶᠠᠯᠳᠤᠭᠤᠯᠵᠤ᠂ ᠦᠨᠡᠨᠬᠦ ᠰᠤᠷᠤᠯᠴᠠᠬᠤ᠂ ᠣᠶᠢᠯᠠᠭᠠᠬᠤ᠂ ᠯᠠᠪᠳᠠᠭᠤᠨ ᠪᠣᠳᠠᠲᠠᠢ ᠬᠢᠬᠦ ᠬᠡᠷᠡᠭᠲᠡᠢ ᠭᠡᠵᠦ ᠢᠯᠡᠷᠬᠡᠶᠢᠯᠡᠪᠡ᠃            ᠳᠠᠷᠠᠭ᠎ᠠ ᠠᠯᠬᠤᠮ ᠳᠤ᠂ ᠳ᠋ᠦᠩ ᠪᠠ ᠬᠤᠤ ᠰᠢᠶᠠᠩ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠷᠭᠦᠯᠵᠢᠯᠡᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠰᠤᠷᠤᠯᠴᠠᠬᠤ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠭᠤᠣᠯ ᠰᠡᠳᠦᠪᠲᠦ ᠬᠥᠮᠦᠵᠢᠯ ᠢ ᠪᠣᠳᠠᠲᠠᠢ ᠳᠤ ᠭᠦᠨᠵᠡᠭᠡᠶᠢᠷᠡᠭᠦᠯᠦᠨ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ   ᠬᠢᠲᠠᠤᠨ  ᠰᠦᠯᠵᠢᠶ᠎ᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ  ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2