ᠮᠠᠨ ᠤ ᠬᠤᠰᠢᠭᠤ《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠤ ᠭᠤᠣᠯ ᠰᠡᠳᠦᠪᠲᠦ ᠬᠥᠮᠦᠵᠢᠯ ᠤᠨ ᠰᠠᠭᠤᠳᠠᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2023/10/25
       ᠮᠠᠨ ᠤ ᠬᠤᠰᠢᠭᠤ《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠤ ᠭᠤᠣᠯ ᠰᠡᠳᠦᠪᠲᠦ ᠬᠥᠮᠦᠵᠢᠯ ᠤᠨ ᠰᠠᠭᠤᠳᠠᠯ ᠤᠨ ᠬᠤᠷᠠᠯ ᠬᠢᠭᠰᠡᠨ           10 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ 《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠤ ᠭᠤᠣᠯ ᠰᠡᠳᠦᠪᠲᠦ ᠬᠥᠮᠦᠵᠢᠯ ᠤᠨ ᠶᠠᠷᠢᠯᠴᠠᠬᠤ ᠬᠤᠷᠠᠯ ᠢ  ᠡᠷᠬᠢᠯᠡᠵᠦ᠂ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠤᠨᠤᠰᠤᠭᠰᠠᠨ ᠪᠠᠶᠢᠨ᠎ᠠ᠃            ᠬᠤᠷᠠᠯ ᠳᠡᠭᠡᠷ᠎ᠡ᠂ 《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠠᠴᠠ ᠤᠷᠢᠳ ᠬᠤᠵᠢᠳ ᠶᠠᠷᠢᠶ᠎ᠠ ᠲᠠᠯᠪᠢᠵᠤ᠂ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ 《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠦᠢᠯᠡᠴᠢᠯᠡᠬᠦ ᠪᠠᠲᠤᠯᠠᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠢᠦᠢ ᠳ᠋ᠠᠢ ᠴᠢᠩ  ᠠᠴᠠ᠂ 《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠪᠣᠯ ᠣᠯᠠᠨ ᠲᠦᠮᠡᠨ ᠲᠠᠢ ᠬᠠᠷᠢᠯᠴᠠᠬᠤ ᠴᠢᠬᠤᠯᠠ ᠬᠥᠭᠦᠷᠭᠡ ᠬᠤᠯᠪᠣᠭᠠᠰᠤ ᠮᠥᠨ᠂  ᠡᠨᠡ ᠨᠢ ᠪᠦᠬᠦ ᠬᠤᠰᠢᠭᠤᠨ ᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠮᠠᠰᠢ ᠶᠡᠭᠡ ᠲᠤᠰᠠᠲᠠᠢ ᠶᠤᠮ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠳᠡᠭᠡᠷ ᠰᠠᠨᠠᠯ ᠢ ᠭᠦᠢᠴᠡᠳ ᠰᠢᠩᠭᠡᠭᠡᠵᠦ᠂ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ  ᠪᠦᠷᠢᠯᠳᠦᠬᠦᠯᠵᠦ᠂ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂  ᠭᠤᠣᠯ ᠰᠡᠳᠦᠪᠲᠦ ᠬᠥᠮᠦᠵᠢᠯ ᠤᠨ ᠰᠢᠨ᠎ᠡ ᠦᠯᠢᠭᠡᠷ ᠢ ᠶᠠᠷᠢᠵᠤ᠂  ᠦᠢᠯᠡᠳᠦᠯᠭᠡ ᠳᠤ ᠪᠡᠶ᠎ᠡ ᠪᠠᠷ ᠢᠶᠠᠨ ᠣᠷᠣᠯᠴᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠬᠡᠪ ᠳᠠᠭᠤᠷᠢᠶᠠᠯ ᠦᠵᠡᠭᠦᠯᠵᠦ᠂  ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠵᠤ ᠶᠠᠪᠤᠬᠤ ᠢᠲᠡᠭᠡᠯ ᠵᠣᠷᠢᠭ ᠪᠠ ᠬᠦᠴᠦᠨ ᠢ ᠨᠡᠮᠡᠭᠳᠡᠭᠦᠯᠵᠦ᠂ ᠭᠤᠣᠯ ᠰᠡᠳᠦᠪᠲᠦ ᠬᠥᠮᠦᠵᠢᠯ ᠤᠨ ᠨᠢᠭᠡᠨᠲᠡ ᠣᠯᠤᠭᠰᠠᠨ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠵᠦ᠂ ᠥᠷᠭᠡᠨ ᠣᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠰᠢᠨ᠎ᠡ ᠬᠤᠪᠢᠷᠠᠯᠲᠠ ᠶᠢ ᠦᠷᠭᠦᠯᠵᠢᠯᠡᠨ ᠬᠠᠷᠠᠭᠤᠯᠬᠤ ᠬᠡᠷᠡᠭᠲᠡᠢ  ᠭᠡᠰᠡᠨ ᠪᠠᠶᠢᠨ᠎ᠠ᠃          ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠲᠣᠭᠠᠨ ᠤ 《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠰᠠᠭᠤᠳᠠᠯ ᠤᠨ ᠬᠤᠷᠠᠯ ᠳᠤ ᠣᠷᠣᠯᠴᠠᠪᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ  ᠷᠧᠨ ᠫᠧᠩ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2