ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | | 10 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ | ᠶᠢᠨ ᠫᠢᠩ ᠤᠨ ᠵᠧᠵᠢᠶᠠᠩ ᠮᠣᠵᠢ ᠳᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ 9 ᠰᠠᠷ᠎ᠠ ᠶᠢᠨ 27 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠮᠡᠯ ᠹᠷᠣᠨᠲ᠂ ᠢᠯᠴᠢ ᠬᠠᠩᠭᠠᠯᠲᠠ ᠪᠣᠯᠤᠨ ᠥᠷᠢ ᠰᠢᠷᠢ ᠶᠢ | ᠠᠷᠢᠯᠭᠠᠬᠤ ᠠᠵᠢᠯ ᠢ ᠰᠤᠳᠤᠯᠪᠠ᠃ | | | | | ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ᠂ ᠵᠥᠪ ᠣᠨᠣᠪᠴᠢᠲᠠᠢ᠂ ᠪᠥᠬᠦ ᠲᠠᠯ᠎ᠠ ᠪᠠᠷ | ᠲᠤᠤᠱᠯᠠᠭᠤᠯᠤᠨ᠂ ᠳᠥᠷᠪᠡᠳ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠲᠥᠪ | ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ ᠣᠶᠢᠯᠠᠭᠠᠵᠤ᠂ ᠰᠠᠶᠢᠲᠤᠷ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ 《 ᠬᠤᠶᠠᠷ ᠢ ᠲᠣᠭᠲᠠᠭᠠᠬᠤ 》 ᠶᠢ ᠬᠦᠷᠢᠶᠡᠯᠡᠵᠦ᠂ 《 | ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠬᠡᠷᠡᠭᠲᠡᠢ ᠭᠡᠪᠡ᠃ ᠢᠯᠴᠢ ᠬᠠᠩᠭᠠᠬᠤ ᠠᠵᠢᠯ ᠨᠢ ᠦᠢ ᠲᠦᠮᠡᠨ ᠡᠷᠦᠬᠡ ᠳᠤ | ᠬᠤᠯᠪᠣᠭᠳᠠᠵᠤ᠂ ᠣᠯᠠᠨ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠢᠯᠴᠢ | ᠬᠠᠩᠭᠠᠬᠤ ᠠᠵᠤ ᠠᠬᠤᠶᠢᠯᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠰᠡᠯᠪᠢᠬᠦ ᠠᠵᠢᠯ ᠢ ᠬᠢᠨᠠᠮᠠᠭᠠᠢ ᠥᠷᠨᠢᠭᠦᠯᠵᠦ᠂ ᠨᠡᠭᠦᠷᠡᠰᠦ | ᠬᠠᠳᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠯᠴᠢ ᠬᠠᠩᠭᠠᠬᠤ ᠪᠠᠲᠤᠯᠠᠭ᠎ᠠ ᠶᠢᠨ ᠢᠳᠡᠪᠬᠢ | ᠴᠢᠨᠠᠷ ᠪᠠ ᠰᠠᠨᠠᠭᠠᠴᠢᠯᠠᠭᠠᠲᠤ ᠴᠢᠨᠠᠷ ᠢ ᠦᠨᠡᠨᠬᠦ ᠴᠢᠩᠭᠠᠳᠬᠠᠵᠤ᠂ ᠢᠯᠴᠢ ᠶᠢᠨ ᠢᠷᠡᠯᠲᠡ ᠶᠢᠨ ᠲᠣᠭᠲᠠᠭᠤᠨ ᠪᠠᠶᠢᠬᠤ᠂ | ᠲᠣᠭᠲᠠᠭᠰᠠᠨ ᠬᠤᠭᠤᠴᠠᠭᠠᠨ ᠳᠤ ᠢᠯᠴᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ | ᠪᠠᠨ ᠳᠡᠭᠡᠭᠰᠢᠯᠡᠭᠦᠯᠦᠨ᠂ ᠥᠷᠢ ᠥᠭᠴᠡᠭᠡ ᠶᠢ ᠠᠷᠢᠯᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠥᠷᠢ | ᠥᠭᠴᠡᠭᠡ ᠶᠢᠨ ᠲᠦᠭᠰᠢᠭᠦᠷᠢ ᠶᠢᠨ ᠬᠢᠵᠠᠭᠠᠷ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠳᠤᠨᠢ ᠰᠠᠶᠢᠲᠤᠷ ᠬᠡᠷᠡᠭᠯᠡᠵᠦ 《 ᠬᠠᠮ ᠨᠢᠳᠤᠷᠭ᠎ᠠ 》 ᠶᠢ ᠰᠠᠶᠢᠲᠤᠷ ᠠᠳᠬᠤᠵᠤ᠂ ᠵᠠᠰᠠᠭ ᠤᠨ | ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠨ᠎ᠡ ᠵᠠᠮ ᠢ ᠴᠢᠷᠮᠠᠶᠢᠨ | ᠨᠡᠭᠡᠭᠡᠬᠦ ᠬᠡᠷᠡᠭᠲᠡᠢ᠃ ᠡᠯ᠎ᠡ ᠲᠥᠷᠥᠯ ᠤᠨ ᠡᠬᠢ ᠪᠠᠶᠠᠯᠢᠭ ᠪᠣᠯᠤᠨ ᠣᠯᠠᠨ ᠢᠳᠡᠪᠬᠢ ᠬᠦᠴᠦᠨ ᠵᠦᠢᠯ ᠢ ᠳᠠᠶᠢᠴᠢᠯᠠᠬᠤ ᠶᠢ | ᠪᠠᠷᠢᠮᠲᠠᠯᠠᠨ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠵᠦ᠂ ᠴᠠᠭ ᠬᠤᠭᠤᠴᠠᠭ᠎ᠠ ᠶᠣᠰᠣᠭᠠᠷ ᠰᠢᠢᠳᠪᠦᠷᠢᠯᠡᠬᠦ ᠡᠭᠦᠷᠭᠡ | ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠯᠳᠤᠭᠠᠨ ᠢ ᠡᠷᠡᠰ | ᠢᠯᠠᠯᠲᠠ ᠣᠯᠬᠤ ᠬᠡᠷᠡᠭᠲᠡᠢ᠃ | | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠣᠯᠪᠣᠷᠣ᠂ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠴᠧᠩ ᠭᠤᠸᠠᠩ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠶᠠᠨ ᠬᠠᠮᠢᠶᠠᠷᠬᠤ | ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |