ᠪᠦᠬᠦ ᠣᠷᠣᠨ ᠤ 《 ᠠᠷᠪᠠᠢ ᠪᠤᠭᠤᠳᠠᠢ ᠶᠢᠨ ᠴᠢᠬᠢ ᠡᠪᠡᠰᠦᠨ ᠤ ᠦᠢᠯᠡᠳᠪᠦᠷᠢᠯᠡᠯ ᠵᠢᠴᠢ ᠲᠠᠷᠢᠵᠤ ᠲᠡᠵᠢᠭᠡᠬᠦ ᠶᠢ ᠨᠢᠭᠡ | ᠴᠣᠭᠴᠠᠵᠢᠭᠤᠯᠬᠤ 》 ᠲᠤᠬᠠᠢ ᠶᠢᠨ ᠲᠠᠯᠠᠪᠠᠢ ᠶᠢᠨ ᠦᠵᠡᠵᠦ ᠲᠤᠷᠰᠢᠯᠭ᠎ᠠ ᠰᠣᠯᠢᠯᠴᠠᠬᠤ ᠬᠤᠷᠠᠯ ᠳᠥᠷᠪᠡᠳ | ᠬᠤᠰᠢᠭᠤᠨ ᠳᠤ ᠬᠤᠷᠠᠯᠳᠤᠪᠠ | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠰᠠᠳ ᠳᠠᠬᠢ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ | ᠰᠢᠰᠲ᠋ᠧᠮᠵᠢ ᠶᠢᠨ ᠬᠠᠪᠰᠤᠷᠤᠨ ᠲᠡᠳᠬᠦᠬᠦ ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠪᠠᠶᠢᠭᠠᠯᠢ ᠶᠢᠨ ᠬᠠᠳᠤᠯᠠᠩ | ᠪᠡᠯᠴᠢᠭᠡᠷ ᠮᠠᠭᠤᠵᠢᠷᠠᠬᠤ᠂ ᠭᠠᠩ ᠬᠠᠭᠰᠠᠷᠭᠠᠨ᠂ ᠦᠶᠡᠷ ᠤᠰᠤᠲᠤᠯ᠂ ᠳᠣᠣᠷ᠎ᠠ ᠳᠤᠯᠠᠭᠠᠨ ᠵᠡᠷᠭᠡ ᠪᠠᠶᠢᠭᠠᠯᠢ ᠶᠢᠨ ᠭᠠᠮᠰᠢᠭ | ᠣᠯᠠᠨᠲᠠ ᠡᠭᠦᠰᠬᠦ᠂ ᠲᠡᠵᠢᠭᠡᠯ ᠡᠪᠡᠰᠦ ᠪᠣᠷᠳᠤᠭ᠎ᠠ ᠳᠤᠲᠠᠭᠳᠠᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ | ᠲᠤᠰᠠᠳᠠ᠂ 10 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ᠂ ᠥᠪᠥᠷ ᠮᠣᠩᠭᠤᠯ ᠤᠨ ᠰᠢᠮᠦ᠋ ᠲᠠᠢ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠤᠪᠴᠢᠶᠠᠨ ᠠᠴᠠ ᠬᠠᠮᠲᠤᠷᠠᠨ ᠡᠷᠬᠢᠯᠡᠭᠰᠡᠨ 《 ᠠᠷᠪᠠᠢ ᠴᠢᠬᠢ ᠡᠪᠡᠰᠦᠨ ᠤ ᠦᠢᠯᠡᠳᠪᠦᠷᠢᠯᠡᠯ | ᠵᠢᠴᠢ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ 》 ᠣᠳᠣᠬᠢ ᠲᠠᠯᠠᠪᠠᠢ ᠶᠢᠨ ᠦᠵᠡᠵᠦ ᠰᠤᠷᠤᠯᠴᠠᠬᠤ | ᠰᠣᠯᠢᠯᠴᠠᠭᠠᠨ ᠤ ᠬᠤᠷᠠᠯ ᠢ ᠳᠥᠷᠪᠡᠳ ᠬᠤᠰᠢᠭᠤᠨ ᠳᠤ ᠬᠤᠷᠠᠯᠳᠤᠭᠤᠯᠪᠠ᠃ | | | | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠵᠠᠩ ᠰᠢᠦᠸᠠᠢ ᠴᠦᠨ ᠲᠣᠭᠤᠷᠢᠨ ᠦᠵᠡᠬᠦ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ᠥᠪᠥᠷ | ᠮᠣᠩᠭᠤᠯ ᠤᠨ ᠰᠢᠮᠣᠤ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠ ᠠᠮᠢ ᠠᠬᠤᠢ ᠶᠢᠨ ᠣᠶᠤᠨᠴᠢ | ᠮᠠᠯᠵᠢᠯ ᠤᠨ ᠲᠠᠯᠠᠪᠠᠢ ︱ ᠢᠯᠢ ᠡᠷᠡᠭᠦᠯ ᠴᠢᠭᠢᠷᠠᠭ ᠤᠨ ᠬᠥᠨᠳᠡᠢ ᠳᠤ ᠲᠤᠬᠠᠢ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ | ᠂ ᠠᠷᠪᠠᠢ ᠡᠪᠡᠰᠦᠨ ᠤ ᠦᠢᠯᠡᠳᠪᠦᠷᠢᠯᠡᠯ ᠪᠠ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠠᠵᠢᠯᠯᠠᠭ᠎ᠠ ᠵᠢᠴᠢ ᠠᠷᠪᠠᠶᠢᠢ ᠶᠢᠨ | ᠴᠢᠬᠢ ᠡᠪᠡᠰᠦᠨ ᠤ ᠦᠢᠯᠡᠳᠪᠦᠷᠢᠯᠡᠯ ᠪᠠ ᠮᠢᠬᠠᠨ ᠤ ᠬᠤᠨᠢ ᠲᠡᠵᠢᠭᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠤᠰᠬᠠᠢ | ᠮᠡᠷᠭᠡᠵᠢᠯᠲᠡᠳ ᠠᠷᠪᠠᠢ ᠡᠪᠡᠰᠦᠨ ᠤ ᠦᠢᠯᠡᠳᠪᠦᠷᠢᠯᠡᠯ ᠵᠢᠴᠢ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠤᠯᠲᠠ ᠶᠢᠨ | ᠲᠤᠬᠠᠢ ᠶᠠᠷᠢᠯᠴᠠᠭ᠎ᠠ ᠬᠢᠭᠰᠡᠨ ᠪᠥᠭᠡᠳ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠢ᠃ | | | | | 《 ᠲᠠᠷᠢᠶᠠᠯᠠᠩ ᠢᠶᠠᠷ ᠮᠠᠯ ᠠᠵᠤ ᠠᠬᠤᠢ ᠶᠢ ᠲᠡᠵᠢᠭᠡᠵᠦ᠂ ᠮᠠᠯ ᠠᠵᠤ ᠠᠬᠤᠢ ᠪᠠᠷ ᠲᠠᠷᠢᠶᠠᠯᠠᠩ ᠢ ᠠᠬᠢᠭᠤᠯᠬᠤ | 》 ᠣᠷᠴᠢᠯ ᠠᠵᠤ ᠠᠬᠤᠢ ᠪᠣᠯ ᠣᠳᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠵᠠᠭᠪᠤᠷ | ᠪᠣᠯᠤᠨ᠎ᠠ᠃ ᠣᠶᠢᠷ᠎ᠠ ᠶᠢᠨ ᠵᠢᠯ ᠳᠤ᠂ ᠳᠥᠷᠪᠡᠳ ᠬᠤᠰᠢᠭᠤ ᠣᠯᠠᠨ ᠡᠰᠢᠴᠢᠯᠡᠭᠰᠡᠨ ᠬᠥᠭᠵᠢᠯᠲᠡ ᠶᠢᠨ ᠵᠠᠮ ᠢ ᠢᠳᠡᠪᠬᠢᠲᠡᠢ | ᠰᠦᠪᠡᠭᠴᠢᠯᠡᠵᠦ᠂ ᠣᠳᠣᠬᠢᠴᠢᠯᠠᠭᠰᠠᠨ ᠣᠷᠴᠢᠯᠲᠠ ᠶᠢᠨ ᠲᠠᠷᠢᠶᠠᠯᠠᠩ ᠢ ᠪᠦᠲᠦᠭᠡᠨ ᠪᠠᠶᠢᠭᠤᠯᠬᠤ ᠪᠠᠷ ᠴᠢᠭᠯᠡᠯ ᠪᠣᠯᠭᠠᠬᠤ ᠶᠢ | ᠪᠠᠷᠢᠮᠲᠠᠯᠠᠨ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠲᠥᠷᠥᠯ ᠵᠦᠢᠯ ᠢᠶᠠᠷ ᠲᠤᠯᠭᠠᠭᠤᠷᠢᠯᠠᠬᠤ ᠪᠠᠷ ᠳᠠᠮᠵᠢᠨ᠂ | ᠣᠷᠴᠢᠯᠲᠠ ᠶᠢᠨ ᠲᠠᠷᠢᠶᠠᠯᠠᠩ ᠢ ᠬᠦᠴᠦᠯᠡᠨ ᠪᠠᠶᠢᠭᠤᠯᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠲᠡᠢ 《 ᠡᠬᠢ ᠡᠭᠦᠰᠦᠯ 》 ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠠᠩ ᠰᠢᠶᠠᠩ᠂ ᠠᠷᠪᠠᠢ ᠶᠢ ᠨᠣᠬᠠᠢ ᠶᠢᠨ ᠬᠤᠰᠢᠭᠤ ᠶᠢᠨ | ᠠᠵᠤ ᠦᠢᠯᠡᠰ ᠤᠨ ᠮᠡᠷᠭᠡᠵᠢᠯ ᠤᠨ ᠰᠢᠰᠲ᠋ᠧᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠳᠥᠷᠪᠡᠳ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠠᠶᠠᠨᠨᠠᠭᠤᠷ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠵᠢᠱᠢᠶ᠎ᠡ ᠦᠵᠡᠭᠦᠯᠬᠦ ᠰᠢᠶᠠᠩ ᠤ | ᠬᠠᠮᠢᠶ᠎ᠠ ᠪᠦᠬᠦᠢ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠵᠢᠴᠢ ᠠᠵᠤ | ᠠᠬᠤᠶᠢᠯᠠᠯ ᠤᠨ ᠲᠥᠯᠥᠭᠡᠯᠡᠭᠴᠢᠳ ᠲᠣᠭᠤᠷᠢᠨ ᠦᠵᠡᠬᠦ ᠬᠤᠷᠠᠯ ᠳᠤ ᠣᠷᠣᠯᠴᠠᠪᠠ᠃ | ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |