ᠵᠦᠩ ᠵᠢᠩ ᠭᠦᠸᠧ ᠰᠢᠨ ᠰᠢᠨᠵᠢᠯᠡᠭᠡ ᠮᠡᠷᠭᠡᠵᠢᠯ ᠤᠨ ᠪᠡᠯᠡ ᠡᠵᠡᠮᠳᠡᠯ ᠤᠨ ᠪᠦᠯᠦᠭᠯᠡᠯ ᠮᠠᠨ ᠤ ᠬᠤᠰᠢᠭᠤᠨ ᠳᠤ ᠢᠷᠡᠵᠦ | ᠠᠵᠢᠯ ᠪᠠᠶᠢᠴᠠᠭᠠᠨ ᠰᠤᠳᠤᠯᠤᠯᠲᠠ ᠬᠢᠭᠰᠡᠨ | | 10 ᠰᠠᠷ᠎ᠠ ᠶᠢᠨ 18 — 19 ᠤ ᠡᠳᠦᠷ᠂ ᠵᠦᠩ ᠵᠢᠩ ᠭᠦᠸᠧ ᠰᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢ ᠣᠷᠣᠭᠤᠯᠤᠯᠲᠠ ᠶᠢ ᠡᠷᠬᠡᠰᠢᠶᠡᠬᠦ ᠪᠦᠯᠦᠭᠯᠡᠯ ᠤᠨ ᠪᠡᠯᠡ ᠣᠷᠣᠭᠤᠯᠤᠯᠲᠠ ᠶᠢᠨ ᠵᠥᠪᠯᠡᠯ ᠤᠨ ᠭᠦᠢᠴᠡᠳᠬᠡᠬᠦ | ᠲᠡᠷᠢᠭᠦᠯᠡᠭᠴᠢ ᠵᠠᠩ ᠮᠢᠨ ᠵᠢᠶᠧ ᠪᠦᠯᠬᠦᠮ ᠳᠠᠭᠠᠭᠤᠯᠤᠨ ᠮᠠᠨ ᠤ ᠬᠤᠰᠢᠭᠤᠨ ᠤ ᠶᠡᠭᠡ ᠭᠤᠪᠢ ᠲᠠᠷᠢᠶᠠᠯᠠᠩ ᠮᠠᠯ ᠠᠵᠤ | ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠢ ᠨᠦᠸᠧ ᠬᠤᠨᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠨᠳᠦᠰᠦᠲᠡᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ ᠸᠠᠩ ᠨᠣᠶᠠᠨ ᠤ | ᠣᠷᠳᠣᠨ᠂ ᠭᠡᠭᠡᠨᠲᠠᠯ᠎ᠠ ᠮᠠᠯ ᠲᠠᠷᠢᠶᠠᠯᠠᠩ ᠤᠨ ᠠᠵᠤ ᠦᠢᠯᠡᠰ᠂ ᠰᠣᠶᠣᠯ ᠵᠤᠭᠠᠴᠠᠯ ᠵᠡᠷᠭᠡ ᠪᠠᠶᠢᠳᠠᠯ ᠢ ᠪᠠᠶᠢᠴᠠᠭᠠᠨ | ᠰᠤᠳᠤᠯᠵᠤ᠂ ᠪᠠᠰᠠ ᠶᠠᠷᠢᠯᠴᠠᠨ ᠰᠠᠨᠠᠯ ᠢᠶᠠᠨ ᠰᠣᠯᠢᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠳᠠᠷᠤᠭ᠎ᠠ ᠢᠦᠢ ᠳ᠋ᠠᠢ | ᠴᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | | ᠰᠠᠭᠤᠳᠠᠯ ᠤᠨ ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠳᠠᠷᠠᠭ᠎ᠠ ᠠᠯᠬᠤᠮ ᠤᠨ ᠲᠥᠰᠥᠪ ᠤᠨ | ᠵᠣᠯᠭᠠᠯᠲᠠ ᠶᠢ ᠬᠡᠷᠡᠭᠵᠢᠭᠦᠯᠵᠦ᠂ ᠲᠥᠰᠦᠯ ᠬᠡᠷᠡᠭᠵᠢᠭᠦᠯᠬᠦ ᠶᠢ ᠠᠬᠢᠭᠤᠯᠵᠤ᠂ ᠡᠷᠲᠡᠬᠡᠨ ᠰᠠᠭᠤᠷᠢᠰᠢᠭᠠᠳ ᠦᠷ᠎ᠡ ᠪᠦᠲᠦᠮᠵᠢ | ᠣᠯᠬᠤ ᠶᠢ ᠠᠬᠢᠭᠤᠯᠵᠠᠢ᠃ | | | | | | ᠵᠠᠩ ᠮᠢᠨ ᠵᠢᠶᠧ ᠢᠯᠡᠷᠬᠡᠶᠢᠯᠡᠭᠰᠡᠨ ᠨᠢ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠨ | ᠳᠥᠷᠪᠡᠳ ᠬᠤᠰᠢᠭᠤᠨ ᠤ ᠰᠣᠶᠣᠯ ᠤᠨ ᠵᠤᠭᠠᠴᠠᠯ᠂ ᠠᠵᠤ ᠦᠢᠯᠡᠰ ᠤᠨ ᠬᠥᠭᠵᠢᠯᠲᠡ ᠳᠤ ᠪᠦᠷᠢᠨ ᠰᠢᠨ᠎ᠡ ᠣᠶᠢᠯᠠᠭᠠᠯᠲᠠ | ᠲᠠᠢ ᠪᠣᠯᠵᠤ᠂ ᠳᠠᠷᠠᠭᠠᠴᠢ ᠶᠢᠨ ᠠᠯᠬᠤᠮ ᠤᠨ ᠪᠦᠯᠦᠭᠯᠡᠯ ᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ | ᠂ ᠳᠥᠷᠪᠡᠳ ᠬᠤᠰᠢᠭᠤ ᠲᠠᠢ ᠨᠡᠪᠲᠡᠷᠡᠯᠴᠡᠭᠡ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠬᠤᠷᠰᠢᠯ ᠢᠶᠠᠨ ᠣᠯᠵᠤ᠂ ᠨᠡᠩ ᠥᠨᠳᠥᠷ ᠳᠡᠰ ᠳᠠᠪᠬᠤᠷᠭ᠎ᠠ᠂ ᠨᠡᠩ ᠥᠷᠭᠡᠨ ᠬᠦᠷᠢᠶ᠎ᠡ | ᠬᠡᠪᠴᠢᠶᠡᠨ ᠳᠤ ᠪᠣᠳᠠᠲᠠᠢ ᠬᠠᠮᠲᠤᠷᠠᠯᠴᠠᠭ᠎ᠠ ᠥᠷᠨᠢᠭᠦᠯᠵᠦ᠂ ᠳᠥᠷᠪᠡᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠳᠡᠮᠵᠢᠨ᠎ᠡ ᠭᠡᠵᠡᠢ᠃ | | | | | | ᠢᠦᠢ ᠳ᠋ᠠᠢ ᠴᠢᠩ ᠬᠡᠯᠡᠬᠦ ᠳᠡᠭᠡᠨ᠂ ᠳᠥᠷᠪᠡᠳ ᠬᠤᠰᠢᠭᠤ ᠨᠢ ᠥᠪᠡᠷᠮᠢᠴᠡ ᠣᠨᠴᠠᠯᠢᠭ ᠲᠠᠢ ᠵᠤᠭᠠᠴᠠᠯ ᠤᠨ ᠡᠬᠢ | ᠪᠠᠶᠠᠯᠢᠭ ᠲᠠᠢ ᠪᠥᠭᠡᠳ ᠪᠠᠰᠠ ᠴᠤ ᠪᠦᠬᠦ ᠤᠯᠤᠰ ᠤᠨ ᠰᠢᠯᠢᠳᠡᠭ ᠦᠬᠡᠷ ᠬᠤᠨᠢᠨ ᠮᠢᠬᠠᠨ ᠤ ᠴᠢᠬᠤᠯᠠ ᠦᠢᠯᠡᠳᠪᠦᠷᠢᠯᠡᠯ ᠤᠨ | ᠰᠠᠭᠤᠷᠢᠨ ᠪᠠᠶᠢᠵᠤ᠂ ᠬᠤᠷᠰᠢᠭᠰᠠᠨ ᠠᠵᠤ ᠦᠢᠯᠡᠰ ᠤᠨ ᠳᠠᠯᠳᠠ ᠬᠦᠴᠦᠨ ᠶᠡᠭᠡ ᠪᠠᠶᠢᠳᠠᠭ᠃ ᠠᠵᠤ ᠠᠬᠤᠶᠢᠯᠠᠯ ᠮᠠᠨ ᠤ | ᠬᠤᠰᠢᠭᠤᠨ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠤᠭᠲᠤᠵᠤ᠂ ᠳᠠᠷᠦ᠋ᠢᠬᠠᠨ ᠲᠤᠰᠬᠠᠢ ᠪᠦᠯᠬᠦᠮ | ᠪᠠᠶᠢᠭᠤᠯᠤᠨ ᠵᠣᠯᠭᠠᠯᠴᠠᠭᠤᠯᠵᠤ᠂ ᠡᠷᠲᠡᠬᠡᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠬᠤ ᠪᠠᠷ ᠴᠢᠷᠮᠠᠶᠢᠵᠤ᠂ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠬᠤᠰᠢᠭᠤᠨ ᠤ ᠤᠳᠤᠷᠢᠳᠤᠯᠭ᠎ᠠ ᠵᠠᠩ ᠰᠢᠶᠠᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |