ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠥᠨᠢ ᠪᠠᠷ ᠪᠠᠶᠢᠴᠠᠭᠠᠬᠤ | ᠨᠢᠭᠡᠳᠦᠯᠲᠡᠶ ᠠᠵᠢᠯᠯᠠᠭ᠎ᠠ ᠦᠷᠨᠢᠭᠦᠯᠦᠭᠰᠡᠨ | ᠣᠶᠢᠷ᠎ᠠ ᠳᠤ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠥᠨᠢ ᠪᠠᠷ | ᠪᠠᠶᠢᠴᠠᠭᠠᠬᠤ ᠨᠢᠭᠡᠳᠦᠯᠲᠡᠶ ᠠᠵᠢᠯᠯᠠᠭ᠎ᠠ ᠥᠷᠨᠢᠭᠦᠯᠵᠦ᠂ ᠰᠣᠭᠲᠣᠭᠤ ᠪᠠᠷ ᠲᠡᠷᠭᠡ ᠵᠢᠯᠣᠭᠤᠳᠬᠤ᠂ ᠫᠠᠶᠢᠰᠠ | ᠦᠨᠡᠮᠯᠡᠯ ᠳᠤ ᠬᠤᠯᠪᠣᠭᠳᠠᠬᠤ᠂ ᠬᠡᠲᠦᠷᠡᠲᠡᠯ᠎ᠡ ᠠᠴᠢᠶᠠᠯᠠᠬᠤ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠦᠨᠪᠦᠷᠢᠯᠡᠵᠦ᠂ ᠵᠠᠮ | ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠭᠰᠠᠨ ᠪᠠᠶᠢᠨ᠎ᠠ ᠃ | ᠠᠵᠢᠯᠯᠠᠭ᠎ᠠ ᠶᠢᠨ ᠬᠤᠭᠤᠴᠠᠭᠠᠨ ᠳᠤ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠪᠣᠳᠠᠲᠤ ᠪᠠᠶᠢᠳᠠᠯ ᠢ ᠦᠨᠳᠦᠰᠦᠯᠡᠨ᠂ ᠤᠷᠢᠳᠴᠢᠯᠠᠨ | ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠠᠷᠢᠶ᠎ᠠ ᠣᠷᠣᠨ ᠤ ᠭᠤᠤᠯᠳᠠᠯᠭ᠎ᠠ ᠲᠠᠢ ᠵᠠᠮ | ᠱᠤᠭᠤᠮ ᠲᠤ ᠲᠦᠷ ᠴᠠᠭ ᠤᠨ ᠵᠢᠵᠢᠭᠦᠷᠯᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠴᠡᠭ ᠭᠠᠷᠭᠠᠵᠤ᠂ | ᠴᠡᠭ ᠲᠣᠭᠲᠠᠭᠠᠨ ᠪᠠᠶᠢᠴᠠᠭᠠᠬᠤ ᠪᠠ ᠲᠣᠭᠤᠷᠢᠨ ᠴᠠᠭᠳᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠴᠢᠩᠭ᠎ᠠ | ᠪᠠᠶᠢᠴᠠᠭᠠᠨ ᠬᠠᠮᠢᠶᠠᠷᠴᠤ ᠰᠢᠢᠳᠪᠦᠷᠢᠯᠡᠬᠦ ᠥᠨᠳᠥᠷ ᠳᠠᠷᠤᠯᠲᠠᠲᠤ ᠪᠠᠶᠢᠳᠠᠯ ᠢ ᠪᠤᠢ ᠪᠤᠯᠭᠠᠬᠤ ᠶᠢᠨ ᠬᠠᠮᠲᠤ᠂ | ᠵᠢᠵᠢᠭᠦᠷᠯᠡᠵᠦ ᠪᠠᠶᠢᠭ᠎ᠠ ᠬᠥᠮᠦᠰ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ | ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠶᠢᠨ ᠰᠠᠶᠢᠬᠠᠨ ᠲᠦᠷᠢ | ᠲᠥᠷᠬᠦ ᠶᠢ ᠪᠤᠢ ᠪᠤᠯᠭᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠠᠶᠢᠳᠤᠷ ᠤᠬᠠᠭᠤᠯᠵᠤ᠂ | ᠬᠠᠷᠢᠶ᠎ᠠ ᠣᠷᠣᠨ ᠤ ᠥᠷᠭᠡᠨ ᠤᠯᠠᠨ ᠵᠠᠮ ᠬᠠᠷᠢᠯᠴᠠᠭᠠᠨ ᠤ ᠣᠷᠣᠯᠴᠠᠭᠴᠢ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠠᠵᠢᠯᠯᠠᠭᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡᠠᠵᠢᠯᠯᠠᠭ᠎ᠠ ᠳᠤ ᠴᠢᠩᠭ᠎ᠠ ᠴᠤᠬᠢᠯᠲᠠ | ᠦᠵᠡᠭᠦᠯᠬᠦ ᠪᠠᠶᠢᠳᠠᠯ ᠢ ᠦᠷᠭᠦᠯᠵᠢᠯᠡᠨ ᠴᠢᠩᠭᠠᠳᠬᠠᠵᠤ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠬᠠᠷᠢᠶᠠᠲᠤ ᠣᠷᠣᠨ ᠤ ᠣᠯᠠᠨ | ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠵᠠᠮ | ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠤᠯᠭᠠᠨ᠎ᠠ ᠭᠡᠰᠡᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |