ᠮᠠᠨ ᠤ ᠬᠤᠰᠢᠭᠤ ︽ᠬᠡᠷ ᠳᠤᠰᠢᠶᠠᠵᠤ ᠳᠠᠷᠤᠶ ᠭᠡᠷᠡᠴᠢ ᠲᠤᠰᠢᠶᠠᠬᠤ︾ ᠶᠣᠰᠣᠯᠠᠯ ᠶᠠᠪᠤᠭᠤᠯᠤᠭᠰᠠᠨ | ᠣᠶᠢᠷ᠎ᠠ ᠳᠤ᠂ ᠺᠠᠩ ᠯᠧ ᠭᠤᠷᠪᠠᠳᠤᠭᠠᠷ ᠬᠤᠭᠤᠴᠠᠭᠠᠨ ᠤ ᠰᠠᠭᠤᠭᠠᠯᠢ ᠠᠷᠠᠳ ᠤᠨ ᠲᠣᠭᠤᠷᠢᠭ ᠤᠨ | ᠲᠤᠬᠠᠶ ᠶᠢᠨ ᠲᠠᠯᠠᠪᠠᠶ ᠳᠤ ︽ᠬᠡᠷ ᠳᠤᠰᠢᠶᠠᠵᠤ ᠳᠠᠷᠤᠶ ᠭᠡᠷᠡᠴᠢ ᠲᠤᠰᠢᠶᠠᠬᠤ︾ ᠶᠣᠰᠣᠯᠠᠯ ᠶᠠᠪᠤᠭᠤᠯᠤᠭᠰᠠᠨ | ᠪᠠᠶᠢᠨ᠎ᠠ ᠃ | ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠣᠯ ᠭᠡᠷ ᠪᠠᠶᠢᠰᠢᠩ ᠤᠨ ᠬᠠᠤᠯᠢ ᠶᠣᠰᠣᠨ ᠤ | ᠣᠷᠣᠰᠢᠵᠤ ᠪᠠᠶᠢᠭ᠎ᠠ ︽ᠪᠡᠶ᠎ᠡ ᠶᠢᠨ ᠦᠨᠡᠮᠯᠡᠯ︾ ᠮᠥᠨ᠃ ︽ᠬᠡᠷ ᠳᠤᠰᠢᠶᠠᠵᠤ ᠳᠠᠷᠤᠶ ᠭᠡᠷᠡᠴᠢ ᠲᠤᠰᠢᠶᠠᠬᠤ︾ | ᠠᠷᠭ᠎ᠠ ᠪᠠᠷ ᠭᠡᠷ ᠪᠠᠶᠢᠰᠢᠩ ᠬᠤᠳᠠᠯᠳᠤᠨ ᠠᠪᠤᠭᠴᠢ ᠶᠢ ᠭᠡᠷ ᠪᠠᠶᠢᠰᠢᠩ ᠬᠤᠳᠠᠯᠳᠤᠨ ᠠᠪᠬᠤ ᠳᠤ ᠪᠠᠨ ᠲᠦᠯᠬᠢᠭᠦᠷ | ᠠᠪᠬᠤ ᠶᠢᠨ ᠬᠠᠮᠲᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠠᠪᠴᠤ ᠪᠣᠯᠤᠨ᠎ᠠ᠂ ᠡᠨᠡ ᠨᠢ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠡᠷᠦᠬᠡ ᠠᠮᠠ ᠣᠷᠣᠬᠤ᠂ ᠬᠡᠦᠬᠡᠳ ᠢ ᠰᠤᠷᠭᠠᠭᠤᠯᠢ ᠳᠤ ᠣᠷᠣᠭᠤᠯᠬᠤ᠂ | ᠪᠠᠷᠢᠴᠠᠭᠠᠯᠠᠵᠤ ᠪᠡᠯᠡ ᠲᠣᠬᠢᠷᠠᠭᠤᠯᠬᠤ ᠵᠡᠷᠭᠡ ᠡᠯ᠎ᠡ ᠲᠠᠯ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠠᠰᠢᠭᠲᠠᠢ | ᠪᠣᠯᠭᠠᠵᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠰᠠᠨᠠᠭ᠎ᠠ ᠠᠮᠤᠷ ᠰᠠᠭᠤᠬᠤ᠂ ᠭᠡᠷ ᠪᠠᠶᠢᠰᠢᠩ ᠬᠤᠳᠠᠯᠳᠤᠨ | ᠠᠪᠤᠭᠰᠠᠳ ᠤᠨ ᠰᠠᠨᠠᠭ᠎ᠠ ᠵᠣᠪᠠᠵᠤ ᠪᠠᠶᠢᠭ᠎ᠠ ᠤᠴᠢᠷ ᠢ ᠨᠠᠩ ᠰᠠᠶᠢᠨ ᠰᠢᠢᠳᠪᠦᠷᠢᠯᠡᠬᠦ ᠳᠤ ᠠᠰᠢᠭᠲᠠᠶ ᠪᠤᠯᠭᠠᠭᠰᠠᠨ | ᠪᠠᠶᠢᠨ᠎ᠠ ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠬᠡᠷ ᠳᠤᠰᠢᠶᠠᠵᠤ ᠳᠠᠷᠤᠶ ᠭᠡᠷᠡᠴᠢ ᠲᠤᠰᠢᠶᠠᠬᠤ︾ | ᠵᠡᠷᠭᠡ ᠡᠯ᠎ᠡ ᠵᠦᠢᠯ ᠤᠨ ᠳᠡᠩᠰᠡᠯᠡᠯᠲᠡ ᠶᠢᠨ ᠡᠳ᠋ ᠬᠥᠷᠥᠩᠭᠡ ᠶᠢᠨ ᠥᠭᠡᠷᠡᠴᠢᠯᠡᠯᠲᠡ ᠶᠢᠨ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠶᠡᠭᠡ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠬᠤ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠪᠠ ᠥᠷᠭᠡᠨ ᠣᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠢᠦᠢ ᠶᠤᠸᠠᠢ ᠳ᠋ᠦᠩ ᠵᠢᠩ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |