ᠳᠤᠮᠳᠠᠳᠤ ᠤᠯᠤᠰ ᠤᠨ ᠴᠠᠷᠳᠠᠭᠤᠯ ᠤᠨ ᠠᠵᠤ ᠦᠢᠯᠡᠳᠪᠦᠷᠢᠯᠡᠯ ᠤᠨ ᠨᠡᠶᠢᠭᠡᠮᠯᠢᠭ ᠮᠠᠨ ᠤ ᠬᠤᠰᠢᠭᠤᠨ ᠳᠤ | ᠲᠤᠬᠠᠶ ᠶᠢᠨ ᠭᠠᠵᠠᠷ ᠲᠤᠨᠢ ᠬᠠᠪᠰᠤᠷᠤᠨ ᠲᠡᠳᠬᠦᠵᠦ ᠵᠣᠯᠭᠠᠭᠤᠯᠬᠤ ᠠᠵᠢᠯ ᠦᠷᠨᠢᠭᠦᠯᠦᠭᠰᠡᠨ | ᠣᠶᠢᠷ᠎ᠠ ᠳᠤ᠂ ᠳᠤᠮᠳᠠᠳᠤ ᠤᠯᠤᠰ ᠤᠨ ᠴᠠᠷᠳᠠᠭᠤᠯ ᠤᠨ ᠠᠵᠤ ᠦᠢᠯᠡᠳᠪᠦᠷᠢᠯᠡᠯ ᠤᠨ ᠨᠡᠶᠢᠭᠡᠮᠯᠢᠭ ᠠᠴᠠ | ᠮᠠᠨ ᠤ ᠬᠤᠰᠢᠭᠤᠨ ᠳᠤ ᠬᠤᠶᠠᠷ ᠡᠳᠦᠷ ᠤᠨ ᠬᠤᠭᠤᠴᠠᠭ᠎ᠠ ᠲᠠᠢ ᠲᠤᠬᠠᠶ ᠶᠢᠨ ᠭᠠᠵᠠᠷ ᠲᠤᠨᠢ ᠬᠠᠪᠰᠤᠷᠤᠨ ᠲᠡᠳᠬᠦᠵᠦ | ᠵᠣᠯᠭᠠᠭᠤᠯᠬᠤ ᠠᠵᠢᠯ ᠦᠷᠨᠢᠭᠦᠯᠵᠦ᠂ ᠬᠤᠰᠢᠭᠤᠨ ᠤ ᠤᠳᠤᠷᠢᠳᠤᠯᠭ᠎ᠠ ᠢᠦᠢ ᠬᠤᠤ᠂ ᠵᠠᠩ ᠰᠢᠶᠠᠩ ᠪᠠᠷ᠎ᠠ | ᠪᠣᠯᠵᠣ ᠲᠤᠭᠤᠷᠢᠨ ᠪᠠᠶᠢᠴᠠᠭᠠᠯᠲᠠ ᠬᠢᠭᠰᠡᠨ ᠪᠠᠶᠢᠨ᠎ᠠ ᠃ | ᠲᠤᠭᠤᠷᠢᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ᠂ ᠰᠢᠨ ᠢᠦᠢ ᠦᠷ᠎ᠡ ᠶᠢᠨ ᠦᠢᠯᠡᠰ ᠤᠨ | ᠬᠢᠵᠠᠭᠠᠷᠲᠤ ᠺᠣᠮᠫᠠᠨᠢ᠂ ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ | ᠺᠣᠮᠫᠠᠨᠢ᠂ ᠢ ᠮᠢᠩ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠠᠶᠢᠨᠤᠸ᠋ ᠡᠭᠦᠯᠳᠡᠷ ᠤᠨ | ᠬᠤᠨᠢᠨ ᠤ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠨᠳᠦᠰᠦᠲᠡᠨ ᠤ ᠠᠷᠠᠯᠵᠢᠶᠠᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠵᠦ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ᠂ ᠴᠡᠪᠡᠷ | ᠨᠣᠭᠤᠭ᠎ᠠ ᠶᠢ ᠠᠩᠬ᠎ᠠ ᠡᠳ᠋ᠰᠢᠭᠦᠯᠬᠦ᠂ ᠲᠥᠮᠥᠰᠥ ᠶᠢ ᠨᠠᠷᠢᠯᠢᠭ ᠡᠳ᠋ᠰᠢᠭᠦᠯᠬᠦ᠂ ᠲᠥᠮᠥᠰᠥ ᠶᠢᠨ ᠦᠷ᠎ᠡ ᠶᠢᠨ | ᠦᠢᠯᠡᠰ ᠤᠨ ᠬᠥᠭᠵᠢᠯᠲᠡ ᠶᠢᠨ ᠪᠠᠶᠢᠳᠠᠯ᠂ ᠢᠳᠡᠰᠢᠨ ᠬᠤᠨᠢᠨ ᠤ ᠦᠷ᠎ᠡ ᠶᠢᠨ ᠦᠢᠯᠡᠰ ᠤᠨ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠲᠤᠭᠤᠷᠢᠨ ᠪᠠᠶᠢᠴᠠᠭᠠᠯᠲᠠ ᠬᠢᠭᠰᠡᠨ | ᠪᠠᠶᠢᠨ᠎ᠠ ᠃ | ᠲᠣᠰ ᠤᠳᠠᠭᠠᠨ ᠤ ᠵᠣᠯᠭᠠᠭᠤᠯᠬᠤ ᠠᠵᠢᠯ ᠢᠶᠠᠷ ᠳᠡᠮᠵᠢᠨ᠂ ᠳᠥᠷᠪᠡᠳ ᠬᠤᠰᠢᠭᠤᠨ ᠤ ᠲᠥᠮᠥᠰᠥ ᠶᠢᠨ | ᠴᠠᠷᠳᠠᠭᠤᠯ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠥᠬᠦ ᠲᠠᠯ᠎ᠠ ᠪᠠᠷ ᠣᠶᠢᠯᠠᠭᠠᠵᠤ᠂ ᠲᠠᠷᠠᠭᠠᠴᠢ ᠶᠢᠨ | ᠠᠯᠬᠤᠮ ᠳᠤ ᠣᠷᠣᠨ ᠪᠦᠰᠡ ᠶᠢᠨ ᠳᠠᠪᠠᠭᠤᠯᠢᠭ ᠢ ᠶᠡᠭᠡ ᠪᠠᠷ ᠪᠠᠳᠠᠷᠠᠭᠤᠯᠵᠤ᠂ ︽ᠪᠠᠷᠢᠮᠵᠢᠶ᠎ᠠ ᠪᠠᠷ ᠬᠥᠲᠥᠯᠦᠨ | ᠳᠠᠭᠠᠭᠤᠯᠬᠤ᠂ ᠰᠠᠭᠤᠷᠢᠨ ᠭᠠᠵᠠᠷ ᠢ ᠳᠠᠭᠠᠭᠠᠴᠠᠯᠠᠬᠤ᠂ ᠪᠣᠬᠢᠷᠲᠤᠯ ᠥᠬᠡᠶ ᠪᠠᠷ ᠤᠳᠤᠷᠢᠳᠤᠮᠵᠢ ᠪᠣᠯᠭᠠᠬᠤ᠂ | ᠰᠢᠨᠵᠢᠯᠡᠬᠦ ᠮᠡᠷᠭᠡᠵᠢᠯ ᠢᠶᠠᠷ ᠲᠤᠯᠭᠠᠭᠤᠷᠢᠯᠠᠬᠤ᠂ ᠨᠠᠷᠠᠲᠤ ᠲᠥᠷᠥᠯ ᠲᠡᠮᠳᠡᠭᠲᠦ ᠶᠢ ᠰᠢᠪᠲᠤᠯᠬᠤ︾ ᠴᠢᠨᠠᠷ ᠰᠠᠶᠢᠲᠠᠶ | ᠬᠥᠭᠵᠢᠯᠲᠡ ᠶᠢᠨ ᠵᠠᠮ ᠢᠶᠠᠷ ᠵᠠᠮᠨᠠᠵᠤ᠂ ᠳᠥᠷᠪᠡᠳ ᠬᠤᠰᠢᠭᠤ ᠶᠢ ᠪᠥᠬᠦ ᠤᠯᠤᠰ ᠤᠨ ᠬᠠᠮᠤᠭ ᠤᠨ ᠰᠢᠯᠢᠳᠡᠭ᠂ ᠣᠯᠠᠨ | ᠤᠯᠤᠰ ᠲᠤ ᠠᠯᠳᠠᠷᠲᠠᠶ ᠲᠥᠮᠥᠰᠥ ᠶᠢᠨ ᠰᠠᠶᠢᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ | ᠬᠡᠷᠡᠭᠲᠡᠶ ᠭᠡᠰᠡᠨ ᠪᠠᠶᠢᠨ᠎ᠠ᠃ | ᠳᠤᠮᠳᠠᠳᠤ ᠤᠯᠤᠰ ᠤᠨ ᠴᠠᠷᠳᠠᠭᠤᠯ ᠤᠨ ᠠᠵᠤ ᠦᠢᠯᠡᠳᠪᠦᠷᠢᠯᠡᠯ ᠤᠨ ᠨᠡᠶᠢᠭᠡᠮᠯᠢᠭ ᠤᠨ ᠲᠤᠰᠬᠠᠶ ᠲᠤᠰᠢᠶᠠᠯᠲᠤ | ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠸᠧᠶ ᠰᠢᠤᠢ ᠮᠢᠩ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠦᠩ ᠰᠢᠶᠣᠣ ᠢᠦᠢ ᠦ᠋ ᠵᠢᠶᠠ ᠯᠢ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |