ᠪᠦᠬᠦ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠰᠤᠳᠤᠯᠤᠨ ᠰᠤᠷᠤᠯᠴᠠᠬᠤ ᠠᠩᠭᠢ ᠮᠠᠨ ᠤ ᠬᠤᠰᠢᠭᠤᠨ ᠳᠤ  ᠲᠤᠭᠤᠷᠢᠨ ᠰᠤᠷᠤᠯᠴᠠᠯᠭ᠎ᠠ ᠬᠢᠭᠰᠡᠨ
ᠨᠡᠶᠢᠲᠡᠯᠡᠭᠰᠡᠨ ᠴᠠᠭ᠄
2023/11/13
          ᠪᠦᠬᠦ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠰᠤᠳᠤᠯᠤᠨ ᠰᠤᠷᠤᠯᠴᠠᠬᠤ ᠠᠩᠭᠢ ᠮᠠᠨ ᠤ ᠬᠤᠰᠢᠭᠤᠨ ᠳᠤ  ᠲᠤᠭᠤᠷᠢᠨ ᠰᠤᠷᠤᠯᠴᠠᠯᠭ᠎ᠠ ᠬᠢᠭᠰᠡᠨ          ᠣᠶᠢᠷ᠎ᠠ ᠳᠤ᠂ ᠪᠥᠬᠦ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠰᠤᠳᠤᠯᠤᠨ ᠰᠤᠷᠤᠯᠴᠠᠬᠤ ᠠᠩᠭᠢ ᠶᠢᠨ 50 ᠭᠠᠷᠤᠢ ᠺᠠᠳ᠋ᠷᠴᠤᠳ ᠮᠠᠨ ᠤ ᠬᠤᠰᠢᠭᠤᠨ ᠳᠤ ᠪᠠᠶᠢᠴᠠᠭᠠᠨ  ᠰᠤᠷᠤᠯᠴᠠᠵᠦ᠂ᠬᠤᠰᠢᠭᠤᠨ ᠤ ᠤᠳᠤᠷᠢᠳᠤᠯᠭ᠎ᠠ ᠵᠠᠩ ᠰᠢᠦᠸᠠᠢ ᠴᠦᠨ᠂ ᠵᠠᠩ ᠵᠢᠶᠦ᠋ᠨ  ᠲᠤᠭᠤᠷᠢᠨ  ᠪᠠᠶᠢᠴᠠᠭᠠᠯᠲᠠ  ᠪᠤᠯᠤᠨ  ᠶᠠᠷᠢᠯᠴᠠᠬᠤ ᠬᠤᠷᠠᠯ ᠳᠤ  ᠤᠷᠤᠯᠴᠠᠭᠰᠠᠨ  ᠪᠠᠶᠢᠨ᠎ᠠ ᠃           ᠢᠳᠡᠷ ᠵᠠᠯᠠᠭᠤ ᠨᠠᠰᠤᠨ ᠤ ᠺᠠᠳ᠋ᠷᠴᠤᠳ《ᠠᠷᠠᠳ ᠤᠨ ᠵᠢᠱᠢᠶᠡᠴᠢ》 ᠳᠦᠭᠦ᠋ᠮ᠎ᠠ ᠶᠢᠨ ᠦᠢᠯᠡ ᠠᠵᠢᠯᠯᠠᠭ᠎ᠠ ᠶᠢᠨ ᠦᠵᠡᠭᠦᠯᠦᠯᠭᠡ ᠶᠢᠨ ᠲᠢᠩᠬᠢᠮ᠂ ᠰᠡᠶᠢᠨᠦ᠋ᠸᠧ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠷᠪᠠᠨ ᠬᠠᠪᠴᠢᠯ ᠤᠨ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠲᠣᠣᠷ ᠤᠨ ᠨᠥᠬᠦᠷᠰᠡᠭ ᠪᠣᠬᠢᠷᠲᠤᠯ ᠥᠬᠡᠢ ᠴᠠᠬᠢᠯᠭᠠᠨ ᠥᠷᠲᠡᠭᠡ ᠵᠡᠷᠭᠡ ᠳᠤ ᠬᠦᠷᠴᠦ᠂ ᠲᠠᠨᠢᠯᠴᠠᠭᠤᠯᠭ᠎ᠠ ᠶᠢ ᠰᠣᠨᠣᠰᠴᠤ᠂ ᠠᠬᠤᠢ ᠲᠠᠯᠠᠪᠠᠢ ᠳᠤ ᠰᠣᠯᠢᠯᠴᠠᠭ᠎ᠠ ᠬᠢᠵᠦ᠂  ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠬᠥᠭᠵᠢᠯᠲᠡ ᠵᠡᠷᠭᠡ ᠲᠠᠯ᠎ᠠ ᠶᠢᠨ ᠪᠠᠶᠢᠳᠠᠯ ᠳᠤ  ᠨᠠᠷᠢᠨ ᠤᠶᠢᠯᠭᠠᠯᠲᠠ ᠬᠢᠭᠰᠡᠨ ᠪᠠᠶᠢᠨ᠎ᠠ ᠃          ᠡᠨᠡ ᠤᠳᠠᠭᠠᠨ ᠤ ᠰᠤᠷᠤᠯᠴᠠᠯᠭ᠎ᠠ ᠳᠤ᠂ ᠢᠳᠡᠷ ᠵᠠᠯᠠᠭᠤ ᠨᠠᠰᠤᠨ ᠤ ᠺᠠᠳ᠋ᠷᠴᠤᠳ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠡᠩ ᠭᠦᠨᠵᠡᠭᠡᠢ ᠣᠶᠢᠯᠠᠭᠠᠨ ᠲᠠᠨᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠦᠷ ᠳᠠᠯᠠᠶᠢᠴᠠᠲᠠᠢ ᠠᠮᠢᠵᠢᠷᠠᠯ ᠤᠨ ᠬᠦᠴᠦᠨ ᠢ ᠮᠡᠳᠡᠷᠡᠵᠦ ᠂ ᠦᠢᠯᠡᠳᠦᠯᠭᠡ ᠶᠢᠨ ᠠᠵᠢᠯ ᠤᠨ ᠲᠤᠷᠰᠢᠯᠭ᠎ᠠ ᠪᠠᠨ ᠤᠯᠠᠮ ᠨᠢᠭᠡ ᠠᠯᠬᠤᠮ ᠪᠠᠶᠠᠯᠢᠭᠵᠢᠭᠤᠯᠤᠭᠰᠠᠨ ᠪᠠᠶᠢᠨ᠎ᠠ᠃ ᠲᠤᠰ ᠤᠳᠠᠭᠠᠨ ᠤ ᠰᠤᠷᠤᠯᠴᠠᠯᠭ᠎ᠠ ᠠᠴᠠ᠂ ᠲᠡᠳᠡ ᠠᠵᠢᠯ ᠤᠨ ᠰᠡᠳᠬᠢᠴᠡ ᠪᠠ ᠬᠠᠷᠠᠭ᠎ᠠ ᠪᠠᠨ ᠥᠷᠭᠡᠳᠬᠡᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠣᠯᠵᠤ ᠰᠣᠨᠣᠰᠤᠭᠰᠠᠨ ᠵᠦᠢᠯ ᠢᠶᠠᠨ ᠪᠣᠳᠠᠲᠠᠢ ᠠᠵᠢᠯ ᠤᠨ ᠦᠢᠯᠡᠳᠦᠯᠭᠡ ᠳᠡᠭᠡᠨ ᠠᠭᠤᠰᠤᠯᠴᠠᠭᠤᠯᠵᠤ᠂ ᠨᠡᠩ ᠣᠯᠠᠨ ᠬᠦᠷᠢᠶ᠎ᠡ ᠬᠡᠪᠴᠢᠶᠡᠨ ᠳᠤ ᠰᠢᠨ᠎ᠡ ᠠᠷᠭ᠎ᠠ ᠵᠠᠮ ᠢ ᠰᠦᠪᠡᠭᠴᠢᠯᠡᠨ᠂ ᠰᠢᠨ᠎ᠡ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠳᠡᠮᠵᠢᠨ᠎ᠡ ᠭᠡᠵᠦ ᠢᠲᠡᠭᠡᠯ ᠳᠦᠭᠦᠷᠡᠩ ᠢᠯᠡᠦᠨᠬᠡᠵᠡᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠰᠤᠷᠤᠨ᠎ᠠ   ᠵᠧᠦ ᠰᠢᠶᠣᠣ ᠯᠢᠨ    ᠬᠦᠰᠡᠯᠡᠩ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2