ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/11/13
         ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠬᠢᠭᠰᠡᠨ             ᠣᠶᠢᠷ᠎ᠠ ᠳᠤ᠂ ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠬᠤᠷᠠᠯᠳᠤᠭᠰᠠᠨ ᠪᠠᠶᠢᠨ᠎ᠠ ᠃          ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠡᠭ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠪᠠ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠠᠷᠠᠭᠠᠴᠢ ᠶᠢᠨ ᠱᠠᠲᠤᠨ ᠤ ᠭᠤᠣᠯ ᠰᠡᠳᠦᠪᠲᠦ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠠᠶᠢᠨ᠎ᠠ ᠃            ᠢᠦᠢ ᠳ᠋ᠠᠢ ᠴᠢᠩ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ ᠰᠦᠨ ᠱᠣᠣ ᠴᠧᠡᠭ ᠤᠨ ᠮᠠᠨ ᠤ  ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠭᠤᠣᠯ ᠰᠡᠳᠦᠪᠲᠦ ᠬᠥᠮᠦᠵᠢᠯ ᠤᠨ ᠦᠶ᠎ᠡ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠤᠯᠤᠰ ᠲᠥᠷᠥ᠂ ᠰᠣᠶᠣᠯ᠂ ᠠᠵᠤ ᠠᠬᠤᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠪᠥᠬᠦ ᠶᠠᠪᠤᠴᠠ ᠳᠤ ᠲᠤᠤᠱᠯᠠᠭᠤᠯᠵᠤ᠂ ᠥᠷᠭᠡᠨ ᠣᠯᠠᠨ ᠺᠠᠳ᠋ᠷ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ᠂ ᠨᠠᠮ ᠤᠨ ᠦᠭᠡ᠂ ᠨᠠᠮ ᠤᠨ ᠠᠴᠢ ᠡᠨᠡᠷᠢᠯ ᠢ ᠰᠣᠨᠣᠰᠴᠤ᠂ ᠢᠷᠡᠬᠦ ᠵᠢᠯ ᠤᠨ ᠠᠵᠢᠯ ᠢ ᠲᠥᠯᠥᠪᠯᠡᠬᠦ ᠳᠡᠭᠡᠨ᠂ ᠰᠢᠨ᠎ᠡ ᠡᠨᠧᠷᠭᠢ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠭᠤᠣᠯᠳᠠᠯᠭ᠎ᠠ ᠲᠠᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠲᠦᠷᠭᠡᠳᠬᠡᠵᠦ᠂ ᠯᠠᠪᠳᠠᠭᠤᠨ ᠪᠠᠲᠤᠲᠠᠢ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠰᠡᠨ  ᠪᠠᠶᠢᠨ᠎ᠠ᠃           ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ  ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ   ᠷᠧᠨ ᠫᠧᠩ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2