ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠲᠤᠭᠤᠷᠢᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2023/11/13
           ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠲᠤᠭᠤᠷᠢᠨ ᠪᠠᠶᠢᠴᠠᠭᠠᠯᠲᠠ ᠬᠢᠭᠰᠡᠨ            ᠣᠶᠢᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠣᠤ ᠶᠢᠦ ᠹᠧᠩ ᠨᠠᠷ ᠮᠠᠨ ᠤ ᠬᠤᠰᠢᠭᠤᠨ ᠳᠤ ᠬᠥᠮᠦᠨ ᠠᠮᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠭᠤᠷᠢᠨ ᠳᠤ ᠪᠠᠶᠢᠴᠠᠭᠠᠯᠲᠠ ᠬᠢᠭᠰᠡᠨ ᠪᠠᠶᠢᠨ᠎ᠠ ᠃           ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠧᠢ ᠺᠦᠨ᠂ ᠬᠤᠰᠢᠭᠤ ᠨᠠᠮ ᠤᠨ ᠬᠤᠷᠢᠶᠠᠨ ᠤ  ᠱᠦᠵᠢ ᠢᠦᠢ ᠳ᠋ᠠᠢ ᠴᠢᠩ ᠪᠠᠷ᠎ᠠ ᠪᠣᠯᠵᠤ ᠲᠤᠭᠤᠷᠢᠨ ᠪᠠᠶᠢᠴᠠᠭᠠᠯᠲᠠ ᠬᠢᠭᠰᠡᠨ ᠪᠠᠶᠢᠨ᠎ᠠ ᠃          ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠦᠷᠢᠶᠡᠲᠦ ᠪᠠᠯᠭᠠᠰᠤᠨ ᠤ ᠲᠧᠦ ᠬᠦ᠋ ᠲᠣᠰᠬᠤᠨ᠂ ᠤᠯᠠᠭᠠᠨ ᠬᠤᠸᠠ ᠪᠠᠯᠭᠠᠰᠤᠨ ᠤ ᠹᠦ ᠺᠠᠩ ᠨᠡᠶᠢᠭᠡᠮ ᠲᠣᠭᠤᠷᠢᠭ᠂ ᠴᠠᠭᠠᠨᠪᠤᠯᠠᠭ ᠰᠤᠮᠤᠨ ᠤ  ᠭᠡᠷᠡᠯᠲᠤᠶᠠᠭ᠎ᠠ ᠭᠠᠴᠠᠭᠠᠨ ᠤ ᠠᠶᠢᠯ ᠡᠷᠦᠬᠡ ᠳᠤ ᠭᠦᠨᠵᠡᠭᠡᠶᠢᠷᠡᠨ᠂ ᠬᠥᠮᠦᠨ ᠠᠮᠠ ᠶᠢᠨ ᠪᠠᠶᠢᠴᠠᠭᠠᠯᠲᠠ ᠳᠡᠩᠰᠡᠯᠡᠯᠲᠡ ᠶᠢᠨ ᠠᠵᠢᠯ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ ᠬᠥᠭᠵᠢᠯᠲᠡ ᠬᠤᠪᠢᠷᠠᠯᠲᠠ ᠵᠡᠷᠭᠡ ᠪᠠᠶᠢᠳᠠᠯ ᠢ ᠣᠶᠢᠯᠭᠠᠬᠤ ᠶᠢᠨ ᠬᠠᠮᠲᠤ᠂ ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠤᠳᠤᠷᠢᠳᠤᠯᠭ᠎ᠠ ᠬᠥᠮᠦᠨ ᠠᠮᠠ ᠶᠢᠨ ᠬᠥᠭᠵᠢᠯᠲᠡ ᠶᠢᠨ ᠪᠠᠶᠢᠳᠠᠯ ᠵᠢᠴᠢ 2023 ᠣᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠤᠨ ᠲᠤᠬᠠᠢ ᠰᠤᠭᠤᠴᠢᠨ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠦᠵᠡᠯᠲᠡ ᠪᠠᠨ ᠰᠤᠯᠢᠯᠴᠠᠭᠰᠠᠨ ᠪᠠᠶᠢᠨ᠎ᠠ ᠃          ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠬᠥᠮᠦᠨ ᠠᠮᠠ ᠪᠣᠯᠤᠨ ᠠᠵᠢᠯ ᠣᠯᠭᠤᠯᠲᠠ ᠲᠤᠭ᠎ᠠ ᠪᠦᠷᠢᠳᠬᠡᠯ ᠤᠨ ᠵᠤᠷᠭᠠᠨ ᠤ ᠳᠠᠷᠤᠭ᠎ᠠ ᠸᠠᠩ ᠫᠢᠩ ᠫᠢᠩ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠠᠨ ᠰᠢᠨ ᠷᠦ᠋᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠢ ᠠᠩᠭᠢ ᠶᠢᠨ ᠳᠠᠷᠤᠭ᠎ᠠ ᠯᠢ ᠹᠧᠩ ᠮᠢᠩ᠂ ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ  ᠱᠧᠨ ᡁᠢ ᠭᠦᠸᠧ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ  ᠲᠤᠭᠤᠷᠢᠨ  ᠪᠠᠶᠢᠴᠠᠭᠠᠯᠲᠠ ᠬᠢᠨ ᠰᠠᠭᠤᠳᠠᠯ ᠤᠨ ᠬᠤᠷᠠᠯ  ᠳᠤ  ᠤᠷᠤᠯᠴᠠᠵᠠᠢ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠢᠦᠢ ᠶᠤᠸᠠᠢ   ᠳ᠋ᠦᠩ ᠵᠢᠩ   ᠦ᠋  ᠵᠢᠶᠠ ᠯᠢ  ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2