ᠮᠠᠨ ᠤ ᠬᠤᠰᠢᠭᠤ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/13
          ᠮᠠᠨ ᠤ ᠬᠤᠰᠢᠭᠤ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ          ᠣᠶᠢᠷ᠎ᠠ ᠳᠤ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠬᠡᠷᠡᠭ ᠡᠭᠦᠰᠬᠦ ᠶᠢ ᠪᠦᠲᠦᠮᠵᠢᠲᠡᠢ ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ 《 ᠰᠡᠷᠭᠡᠶᠢᠯᠡᠬᠦ ᠪᠠᠷ ᠭᠤᠣᠯ ᠪᠣᠯᠭᠠᠵᠤ᠂ ᠠᠮᠢ ᠨᠠᠰᠤ ᠶᠢ ᠡᠷᠬᠢᠮᠯᠡᠬᠦ 》 ᠭᠤᠣᠯ ᠰᠡᠳᠦᠪ ᠪᠣᠯᠭᠠᠭᠰᠠᠨ 《 ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ 》 ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠠᠢ᠃           ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ  ᠪᠠᠶᠢᠩᠭᠤ ᠶᠢᠨ ᠳᠡᠳ᠋ ᠳᠠᠷᠤᠭ᠎ᠠ ᠵᠢᠶᠠ ᠰᠢᠶᠣᠤ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃        ᠶᠣᠰᠣᠯᠠᠯ ᠳᠡᠭᠡᠷ᠎ᠡ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠬᠢᠨ ᠤ ᠲᠥᠯᠥᠭᠡᠯᠡᠭᠴᠢ ᠪᠦᠬᠦ ᠠᠷᠠᠳ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠪᠦᠬᠦ ᠬᠤᠰᠢᠭᠤᠨ ᠤ 2013 ᠣᠨ ᠤ ᠲᠡᠷᠢᠭᠦᠨ ᠤ ᠨᠢᠭᠡᠴᠡ ᠶᠢᠨ ᠨᠡᠷᠡᠰ ᠵᠢᠴᠢ ᠲᠡᠷᠢᠭᠦᠨ ᠤ ᠬᠤᠪᠢ ᠬᠥᠮᠦᠨ ᠤ ᠨᠡᠷᠡᠰ ᠢ ᠨᠡᠶᠢᠲᠡᠯᠡᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠠᠵᠢᠯᠯᠠᠭᠠᠨ ᠤ ᠦᠵᠡᠭᠦᠯᠦᠯᠭᠡ᠂ ᠭᠠᠯ ᠤᠨᠲᠠᠷᠠᠭᠠᠬᠤ ᠬᠤᠪᠢ ᠬᠥᠮᠦᠨ ᠤ ᠬᠠᠮᠠᠭᠠᠯᠠᠯᠲᠠ ᠶᠢᠨ ᠲᠣᠨᠣᠭᠯᠠᠯ ᠪᠣᠯᠤᠨ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠭᠠᠯ ᠤᠨᠲᠠᠷᠠᠭᠠᠬᠤ ᠶᠡᠷᠦ ᠶᠢᠨ ᠬᠡᠷᠡᠭᠯᠡᠭᠡᠨ ᠤ ᠪᠠᠭᠠᠵᠢ ᠬᠡᠷᠡᠭᠰᠡᠯ ᠤᠨ ᠬᠡᠷᠡᠭᠯᠡᠭᠡ ᠵᠡᠷᠭᠡ ᠶᠢ  ᠦᠵᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠦᠨᠡᠨ ᠬᠦ ᠤᠬᠠᠭᠤᠯᠵᠤ᠂ ᠣᠯᠠᠨ ᠲᠦᠮᠡᠨ ᠤ ᠭᠠᠯ ᠤᠨ ᠠᠶᠤᠯ ᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠬᠦ  ᠪᠠᠷ ᠴᠢᠷᠮᠠᠶᠢᠭᠰᠠᠨ ᠪᠠᠶᠢᠨ᠎ᠠ᠃         ᠬᠤᠰᠢᠭᠤᠨ ᠤ ᠭᠠᠯ ᠰᠡᠷᠭᠡᠶᠢᠯᠡᠬᠦ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠬᠤᠰᠢᠭᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠶᠢᠨ ᠬᠠᠷᠢᠭᠤᠴᠠᠯᠭᠠᠲᠠᠨ᠂ ᠪᠠᠭᠰᠢ ᠰᠤᠷᠤᠭᠴᠢ ᠶᠢᠨ ᠲᠥᠯᠥᠭᠡᠯᠡᠭᠴᠢ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠲᠠᠳ ᠠᠵᠢᠯᠯᠠᠭ᠎ᠠ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠲᠠᠨ᠎ᠠ    ᠮᠦᠰᠢᠶᠡ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2