ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ《 ᠬᠤᠪᠢᠯᠭᠠᠨ ᠵᠠᠪᠢ ᠵᠢᠷᠤᠮ ᠤᠨ ᠴᠠᠭᠳᠠᠭ᠎ᠠ 》 ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/13
           ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ《 ᠬᠤᠪᠢᠯᠭᠠᠨ ᠵᠠᠪᠢ ᠵᠢᠷᠤᠮ ᠤᠨ ᠴᠠᠭᠳᠠᠭ᠎ᠠ 》 ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠢᠩᠬᠢᠨᠢ ᠪᠠᠷ ᠪᠠᠶᠢᠭᠤᠯᠤᠭᠳᠠᠪᠠ           ᠣᠶᠢᠷ᠎ᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ《 ᠬᠤᠪᠢᠯᠭᠠᠨ ᠵᠠᠪᠢ ᠵᠢᠷᠤᠮ ᠤᠨ ᠴᠠᠭᠳᠠᠭ᠎ᠠ 》 ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠰᠢᠦᠸᠠᠢ ᠴᠦᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ᠃           《 ᠬᠤᠪᠢᠯᠭᠠᠨ ᠵᠠᠪᠢ ᠵᠢᠷᠤᠮ ᠤᠨ ᠴᠠᠭᠳᠠᠭ᠎ᠠ 》 ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ  ᠶᠢ ᠪᠠᠶᠢᠭᠤᠯᠬᠤ ᠪᠡᠯᠡᠳᠬᠡᠯ ᠠᠵᠢᠯ ᠳᠤᠮᠳᠠ᠂ ᠥᠷᠭᠡᠨ ᠣᠯᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠵᠢᠴᠢ ᠡᠯ᠎ᠡ ᠠᠵᠢᠯ ᠲᠥᠷᠥᠯ ᠤᠨ ᠣᠯᠠᠨ ᠲᠦᠮᠡᠨ ᠢᠳᠡᠪᠬᠢᠲᠡᠢ ᠣᠷᠣᠯᠴᠠᠵᠤ᠂ ᠢᠳᠡᠪᠬᠢᠲᠡᠢ ᠨᠡᠷ᠎ᠡ ᠮᠡᠳᠡᠭᠦᠯᠪᠡ᠃ ᠲᠥᠪ ᠴᠢᠩᠭ᠎ᠠ ᠰᠣᠩᠭᠤᠯᠲᠠ ᠬᠢᠭᠰᠡᠨ ᠤ ᠳ᠋ᠦᠩ ᠳᠤ᠂ 104 ᠬᠥᠮᠦᠨ ᠤ  ᠪᠦᠷᠢᠯᠳᠦᠭᠦᠨ  ᠲᠠᠢ《 ᠬᠤᠪᠢᠯᠭᠠᠨ ᠵᠠᠪᠢ ᠵᠢᠷᠤᠮ ᠤᠨ ᠴᠠᠭᠳᠠᠭ᠎ᠠ 》 ᠶᠢᠨ ᠡᠩᠨᠡᠭᠡ ᠠᠯᠪᠠᠨ ᠶᠣᠰᠣᠭᠠᠷ ᠪᠠᠶᠢᠭᠤᠯᠤᠭᠳᠠᠪᠠ᠃          《 ᠬᠤᠪᠢᠯᠭᠠᠨ ᠵᠠᠪᠢ ᠵᠢᠷᠤᠮ ᠤᠨ ᠴᠠᠭᠳᠠᠭ᠎ᠠ 》 ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ  ᠨᠢ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠣᠷᠣᠯᠴᠠᠭᠤᠯᠵᠤ᠂ ᠠᠩᠬᠠᠨ ᠤ ᠬᠠᠷᠠᠮᠵᠢ ᠮᠥᠩᠭᠦ ᠪᠣᠳᠣᠬᠤ ᠥᠬᠡᠢ᠂ ᠴᠠᠯᠢᠩ ᠣᠯᠭᠤᠬᠤ ᠥᠬᠡᠢ᠂ ᠰᠠᠶᠢᠨ ᠲᠤᠷ᠎ᠠ ᠠᠴᠠ ᠪᠠᠨ ᠨᠡᠶᠢᠭᠡᠮ ᠤᠨ ᠠᠮᠤᠷ ᠲᠦᠪᠰᠢᠨ ᠢ ᠵᠠᠰᠠᠬᠤ ᠠᠵᠢᠯ ᠳᠤ ᠣᠷᠣᠯᠴᠠᠭᠤᠯᠵᠤ᠂ ᠠᠮᠤᠷ ᠠᠮᠤᠭᠤᠯᠠᠩ ᠳᠥᠷᠪᠡᠳ ᠬᠤᠰᠢᠭᠤᠨ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠳᠤ ᠦᠢᠯᠡᠴᠢᠯᠡᠬᠦ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠬᠠᠨᠤᠮᠵᠢᠲᠠᠢ ᠰᠡᠳᠬᠢᠯᠭᠡ ᠶᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠪᠦᠬᠦᠢ ᠬᠦᠴᠦᠨ ᠢ ᠳᠡᠭᠡᠭᠰᠢᠯᠡᠭᠦᠯᠬᠦ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠲᠠᠨ᠎ᠠ    ᠮᠦᠰᠢᠶᠡ ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2