︽ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/11/22
︽ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠪᠡ                   ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ  ᠯᠢ  ᠴᠢᠶᠠᠩ  ᠥᠨᠥᠬᠡᠨ  ᠲᠥᠷᠥ ᠶᠢᠨ  ᠶᠠᠪᠤᠳᠠᠯ ᠤᠨ ᠬᠤᠷᠢᠶᠠᠨ ᠤ  ᠵᠠᠷᠯᠢᠭ ᠲᠤ  ᠭᠠᠷ ᠤᠨ  ᠦᠰᠦᠭ  ᠵᠢᠷᠤᠵᠤ᠂  ︽ᠨᠠᠰᠤᠨ ᠳᠤ   ᠦᠯᠦ ᠬᠦᠷᠦᠭᠰᠡᠳ ᠤᠨ ᠰᠦᠯᠵᠢᠶᠡᠨ ‍ᠦ‌ᠬᠠᠮᠠᠭᠠᠯᠠᠯᠲᠠ ᠶᠢᠨ ᠳᠦᠷᠢᠮ︾  ᠢ ᠨᠡᠶᠢᠲᠡᠯᠡᠵᠦ᠂ 2024  ᠣᠨ ᠤ  1  ᠳ᠋ᠦ᠋ᠭᠡᠷ  ᠰᠠᠷ᠎ᠠ ᠶᠢᠨ  1 ᠤ  ᠡᠳᠦᠷ ᠠᠴᠠ  ᠡᠬᠢᠯᠡᠨ ᠬᠡᠷᠡᠭᠵᠢᠭᠦᠯᠬᠦ ᠪᠠᠷ ᠪᠣᠯᠵᠠᠢ᠃ ᠡᠨᠡ ︽ᠳᠦᠷᠢᠮ︾ ᠨᠢ ᠨᠡᠶᠢᠲᠡ 7 ᠪᠦᠯᠦᠭ  60  ᠵᠤᠷᠪᠤᠰ ᠢᠶᠠᠷ  ᠪᠦᠷᠢᠯᠳᠦᠵᠦ᠂  ᠭᠤᠣᠯᠳᠠᠭᠤ  ᠡᠶᠢᠮᠦ  ᠬᠡᠳᠦᠨ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃ ᠨᠢᠭᠡ ᠳᠤ᠂ ᠨᠠᠰᠤᠨ ᠳᠤᠮᠠᠦᠯᠦ ᠬᠦᠷᠦᠭᠰᠡᠳ ᠤᠨ ᠰᠦᠯᠵᠢᠶᠡᠨ ᠤ  ᠬᠠᠮᠠᠭᠠᠯᠠᠯᠲᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ᠃ ᠬᠤᠶᠠᠷ ᠲᠤ᠂ ᠨᠠᠰᠤᠨ ᠳᠤ  ᠦᠯᠦ  ᠬᠦᠷᠦᠭᠰᠡᠳ ᠤᠨ  ᠰᠦᠯᠵᠢᠶᠡᠨ ᠤ  ᠬᠢᠷᠢ ᠪᠣᠯᠪᠠᠰᠤᠷᠠᠯ ᠢ ᠳᠡᠭᠡᠭᠰᠢᠯᠡᠭᠦᠯᠵᠦ᠂ ᠰᠦᠯᠵᠢᠶᠡᠨ ᠤ ᠬᠢᠷᠢ ᠪᠣᠯᠪᠠᠰᠤᠷᠠᠯ ᠤᠨ ᠬᠥᠮᠥᠵᠢᠯ ᠢ ᠰᠤᠷᠭᠠᠭᠤᠯᠢ ᠶᠢᠨ ᠬᠢᠷᠢ ᠪᠣᠯᠪᠠᠰᠤᠷᠠᠯ ᠤᠨ ᠬᠢᠴᠢᠶᠡᠯ  ᠬᠥᠮᠥᠵᠢᠯ ᠤᠨ  ᠠᠭᠤᠯᠭ᠎ᠠ  ᠪᠣᠯᠭᠠᠬᠤ ᠃  ᠭᠤᠷᠪᠠ ᠳᠤ᠂ ᠰᠦᠯᠵᠢᠶᠡᠨ ᠤ  ᠴᠢᠮᠡᠭᠡ  ᠵᠠᠩᠭᠢ ᠶᠢᠨ  ᠠᠭᠤᠯᠭ᠎ᠠ ᠶᠢᠨ ᠪᠠᠶᠢᠭᠤᠯᠤᠯᠲᠠ ᠶᠢ  ᠴᠢᠩᠭᠠᠳᠬᠠᠵᠤ᠂ ᠶᠠᠮᠠᠷᠪᠠ  ᠵᠣᠬᠢᠶᠠᠨ  ᠪᠠᠶᠢᠭᠤᠯᠤᠯᠲᠠ  ᠪᠠ  ᠬᠤᠪᠢ  ᠬᠥᠮᠥᠨ ᠤ  ᠨᠠᠰᠤᠨ ᠳᠤ   ᠦᠯᠦ ᠬᠦᠷᠦᠭᠰᠡᠳ ᠢ  ᠰᠦᠯᠵᠢᠶ᠎ᠡ ᠪᠠᠷ  ᠭᠤᠲᠤᠭᠠᠨ  ᠳᠣᠷᠣᠮᠵᠢᠯᠠᠬᠤ  ᠠᠵᠢᠯᠯᠠᠭ᠎ᠠ ᠶᠢ  ᠬᠤᠷᠢᠭᠯᠠᠨ  ᠴᠠᠭᠠᠵᠠᠯᠠᠬᠤ᠃  ᠳᠥᠷᠪᠡ ᠳᠤ᠂ ᠨᠠᠰᠤᠨ ᠳᠤ ᠦᠯᠦ ᠬᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠃  ᠲᠠᠪᠤ ᠳᠤ᠂  ᠨᠠᠰᠤᠨ ᠳᠤ  ᠦᠯᠦ ᠬᠦᠷᠦᠭᠰᠡᠳ ᠤᠨ  ᠰᠦᠯᠵᠢᠶᠡᠨ ᠳᠤ  ᠰᠢᠨᠤᠬᠤ ᠶᠢ  ᠰᠡᠷᠭᠡᠶᠢᠯᠡᠨ  ᠵᠠᠰᠠᠵᠤ᠂  ᠰᠦᠯᠵᠢᠶᠡᠨ ᠤ  ᠲᠣᠭᠯᠠᠭᠠᠮ ᠤᠨ  ᠦᠢᠯᠡᠴᠢᠯᠡᠭᠡ ᠬᠠᠩᠭᠠᠭᠴᠢᠳ ᠠᠴᠠ ᠨᠠᠰᠤᠨ ᠳᠤ ᠦᠯᠦ ᠬᠦᠷᠦᠭᠰᠡᠳ ᠤᠨ  ᠰᠦᠯᠵᠢᠶᠡᠨ ᠤ  ᠲᠣᠭᠯᠠᠭᠠᠮ ᠳᠤ  ᠰᠢᠨᠤᠬᠤ ᠠᠴᠠ  ᠤᠷᠢᠳᠴᠢᠯᠠᠨ ᠰᠡᠷᠭᠡᠶᠢᠯᠡᠬᠦ ᠳᠦᠷᠢᠮ ᠢ ᠲᠣᠭᠲᠠᠭᠠᠵᠤ᠂ ᠲᠣᠭᠯᠠᠭᠠᠮ ᠤᠨ ᠪᠦᠲᠦᠭᠡᠭᠳᠡᠬᠦᠨ ᠢ ᠲᠥᠷᠥᠯ ᠬᠤᠪᠢᠶᠠᠬᠤ ᠶᠢᠨ ᠬᠠᠮᠲᠤ ᠶᠠᠮᠠᠷ  ᠨᠠᠰᠤᠨ ᠤ ᠬᠡᠦᠬᠡᠳ ᠲᠤ ᠲᠣᠬᠢᠷᠠᠬᠤ ᠶᠢ  ᠰᠠᠨᠠᠭᠤᠯᠬᠤ ᠵᠡᠷᠭᠡ ᠪᠣᠯᠣᠨ᠎ᠠ᠃ᠢᠷᠡᠯᠲᠡ᠄  ᠠᠷᠠᠤᠨ ᠤᠨ  ᠰᠦᠯᠵᠢᠶ᠎ᠡᠳᠡᠪᠰᠢᠭᠦᠯᠦᠭᠴᠢ᠄  ᠲᠡᠷᠭᠡᠯ
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2