ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ 2 ᠲᠦᠮᠡ ᠭᠠᠷᠤᠶ ᠪᠠᠭᠰᠢ ᠨᠠᠷ | ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠲᠡᠮᠵᠢᠬᠦ ᠠᠵᠢᠯᠯᠠᠭ᠎ᠠ ᠥᠷᠨᠢᠭᠦᠯᠪᠡ︕ | | ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽ᠤᠯᠤᠰ ᠤᠨ ᠦᠳᠡᠯᠦᠭᠡ ᠨᠠᠰᠤᠨ ᠤ ᠪᠠᠭᠰᠢ ᠶᠢᠨ ᠠᠵᠢᠯᠯᠠᠭᠠᠨ ᠤ ᠲᠥᠯᠥᠪᠯᠡᠭᠡ︾ ︵ | ᠳᠣᠷᠣᠭᠰᠢ ︽ᠦᠳᠡᠯᠦᠭᠡ ᠨᠠᠰᠤᠨ ᠤ ᠪᠠᠭᠰᠢ ᠶᠢᠨ ᠲᠥᠯᠥᠪᠯᠡᠭᠡ︾ ᠭᠡᠵᠦ ᠲᠣᠪᠴᠢᠯᠠᠨ᠎ᠠ︶ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ 11 ᠰᠠᠷ᠎ᠠ ᠶᠢᠨ 15 ᠤ ᠡᠳᠦᠷ | ᠤᠯᠤᠰ ᠤᠨ ᠦᠳᠡᠯᠦᠭᠡ ᠨᠠᠰᠤᠨ ᠤ ᠪᠠᠭᠰᠢ ᠶᠢᠨ ᠠᠵᠢᠯᠯᠠᠭᠠᠨ ᠤ ᠲᠥᠯᠥᠪᠯᠡᠭᠡ ᠶᠢᠨ ᠠᠵᠢᠯ ᠢ ᠠᠬᠢᠭᠤᠯᠬᠤ | ᠬᠤᠷᠠᠯ ᠢ ᠬᠤᠷᠠᠯᠳᠤᠭᠤᠯᠪᠠ᠃ ᠬᠤᠷᠠᠯ ᠠᠴᠠ᠂ ᠰᠤᠷᠭᠠᠨ ᠬᠥᠮᠦᠵᠢᠯ ᠤᠨ ᠶᠠᠮᠤᠨ 2018 ᠣᠨ ᠳᠤ ᠰᠠᠭᠤᠷᠢ | ᠰᠤᠷᠭᠠᠨ ᠬᠥᠮᠦᠵᠢᠯ ᠳᠤ ᠬᠠᠨᠳᠤᠭᠤᠯᠤᠨ ᠦᠳᠡᠯᠦᠭᠡ ᠨᠠᠰᠤᠨ ᠤ ᠪᠠᠭᠰᠢ ᠶᠢᠨ ᠬᠢᠴᠢᠶᠡᠯ ᠣᠷᠣᠬᠤ | ᠲᠥᠯᠥᠪᠯᠡᠭᠡ ᠶᠢ ᠡᠬᠢᠯᠡᠭᠦᠯᠵᠦ᠂ 2020 ᠣᠨ ᠳᠤ ᠳᠡᠭᠡᠳᠦ ᠵᠡᠷᠭᠡ ᠵᠢᠨᠰᠤᠷᠭᠠᠨ ᠬᠥᠮᠦᠵᠢᠯ ᠳᠤ ᠬᠠᠨᠳᠤᠭᠤᠯᠤᠨ | ᠶᠡᠭᠡ ᠳᠡᠭᠡᠳᠦ ᠰᠤᠷᠭᠠᠭᠤᠯᠢ ᠶᠢᠨ ᠦᠳᠡᠯᠦᠭᠡ ᠨᠠᠰᠤᠨ ᠤ ᠪᠠᠭᠰᠢ ᠶᠢᠨ ᠪᠠᠷᠠᠭᠤᠨᠣᠷᠣᠨ ᠢ ᠲᠤᠰᠠᠯᠠᠬᠤ | ᠲᠥᠯᠥᠪᠯᠡᠭᠡ ᠶᠢ ᠡᠬᠢᠯᠡᠭᠦᠯᠵᠦ᠂ ᠨᠡᠶᠢᠲᠡ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ | 2 ᠲᠦᠮᠡ ᠭᠠᠷᠤᠶ ᠪᠠᠭᠰᠢ ᠪᠠ ᠶᠡᠭᠡ ᠳᠡᠭᠡᠳᠦ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ 1400 ᠭᠠᠷᠤᠶ | ᠪᠠᠭᠰᠢ ᠶᠢ ᠤᠷᠢᠵᠦ ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠲᠡᠮᠵᠢᠬᠦ ᠠᠵᠢᠯᠯᠠᠭ᠎ᠠ ᠥᠷᠨᠢᠭᠦᠯᠪᠡ᠃ | ᠬᠤᠷᠠᠯ ᠠᠴᠠ᠂ ︽ᠦᠳᠡᠯᠦᠭᠡ ᠨᠠᠰᠤᠨ ᠤ ᠪᠠᠭᠰᠢ ᠶᠢᠨ ᠲᠥᠯᠥᠪᠯᠡᠭᠡ︾ ᠨᠢ ᠠᠵᠢᠯ ᠠᠴᠠ ᠪᠠᠨ ᠠᠮᠠᠷᠠᠭᠰᠠᠨ | ᠪᠠᠭᠰᠢ ᠵᠢᠨᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠳᠤᠮᠳᠠ ᠪᠠᠷᠠᠭᠤᠨ ᠣᠷᠣᠨ ᠢᠯᠠᠩᠭᠤᠶ᠎ᠠ | ᠲᠤᠬᠠᠢ ᠶᠢᠨ ᠭᠠᠵᠠᠷ ᠤᠨᠰᠢᠨ᠎ᠡ ᠪᠠᠷ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠦᠴᠦᠨ | ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠨᠠᠮᠳᠠᠭᠤᠯᠤᠭᠰᠠᠨ ᠪᠥᠭᠡᠳ ᠳᠤᠮᠳᠠ ᠪᠠᠷᠠᠭᠤᠨ | ᠣᠷᠣᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡ ᠶᠢᠨ | ᠲᠤᠰᠬᠠᠢ ᠮᠡᠷᠭᠡᠵᠢᠯ ᠤᠨ ᠬᠥᠭᠵᠢᠯᠲᠡ ᠶᠢ ᠠᠬᠢᠭᠤᠯᠤᠬᠰᠠᠨ ᠪᠠᠶᠢᠨ᠎ᠠ ᠭᠡᠵᠦ ᠵᠢᠭᠠᠵᠤ ᠭᠠᠷᠭᠠᠪᠠ ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | | |