ᠥᠪᠥᠷ ᠮᠣᠩᠭᠤᠯ ᠬᠢᠯᠢ ᠠᠯᠤᠰᠯᠠᠨ ᠰᠦᠯᠵᠢᠶ᠎ᠡ ᠪᠠᠷ ᠵᠤᠭᠤᠰ ᠮᠦᠷᠦᠶᠢᠴᠡᠭᠰᠡᠨ 60 ᠳ᠋ᠦᠩᠰᠢᠭᠤᠷ ᠭᠠᠷᠤᠶ | ᠲᠥᠭᠦᠷᠢᠭ ᠬᠡᠷᠡᠭ ᠲᠤ ᠬᠤᠯᠪᠤᠬᠳᠠᠬᠰᠠᠨ ᠣᠨᠴᠠ ᠶᠡᠭᠡ ᠬᠡᠷᠡᠭ ᠢ ᠳᠡᠩᠨᠡᠨ ᠢᠯᠡᠷᠡᠭᠦᠯᠵᠠᠶ︕ | | 11 ᠰᠠᠷ᠎ᠠ ᠶᠢᠨ 19 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠷᠳᠣᠰ ᠤᠨ | ᠴᠠᠭᠳᠠᠭᠠᠨ ᠤᠲ᠋ᠠᠯᠠ ᠶᠢᠨ ᠬᠢᠨ ᠬᠢᠯᠢ ᠠᠯᠤᠰᠯᠠᠨ ᠰᠦᠯᠵᠢᠶ᠎ᠡ ᠪᠠᠷ ᠵᠤᠭᠤᠰ ᠮᠦᠷᠦᠶᠢᠴᠡᠭᠰᠡᠨ ᠣᠨᠴᠠ ᠶᠡᠭᠡ ᠬᠡᠷᠡᠭ ᠢ | ᠠᠮᠵᠢᠯᠲᠠᠲᠠᠶ ᠳᠡᠩᠨᠡᠨᠢᠯᠡᠷᠡᠭᠦᠯᠵᠦ᠂ 36 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠡ᠂ ᠬᠡᠷᠡᠭ ᠲᠤ | ᠬᠤᠯᠪᠣᠭᠳᠠᠭᠰᠠᠨ ᠪᠠᠯᠠ ᠮᠥᠩᠭᠦ ᠨᠢ 60ᠳ᠋ᠦᠩᠰᠢᠭᠤᠷ ᠲᠥᠭᠦᠷᠢᠭ ᠢ ᠳᠠᠪᠠᠵᠠᠶ᠃ ᠲᠤᠰᠬᠠᠶ ᠬᠡᠷᠡᠭ ᠤᠨ | ᠳᠤᠭᠤᠶᠢᠯᠠᠩ ᠤᠨ ᠬᠢᠨ ᠭᠦᠨᠵᠡᠭᠡᠶ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠰ ᠰᠦᠯᠵᠢᠶ᠎ᠡ ᠪᠠᠷ ᠵᠤᠭᠤᠰ | ᠮᠦᠷᠦᠶᠢᠴᠡᠬᠦ ᠲᠠᠪᠴᠠᠩ ᠨᠢ ᠬᠢᠯᠢ ᠶᠢᠨ ᠭᠠᠳᠠᠨ᠎ᠠ ︽ᠬᠠᠮᠢᠶᠠᠷᠤᠯᠲᠠ ᠶᠢᠨ ᠳᠤᠭᠤᠶᠢᠯᠠᠩ︾᠂ ︽ | ᠠᠵᠢᠯᠯᠠᠭᠤᠯᠵᠤᠪᠠᠲᠤᠯᠠᠬᠤ ᠳᠤᠭᠤᠶᠢᠯᠠᠩ︾ ᠢ ᠪᠠᠶᠢᠭᠤᠯᠵᠤ᠂ ᠬᠢᠯᠢ ᠶᠢᠨ ᠳᠣᠲᠣᠷ᠎ᠠ ︽ᠳᠡᠯᠭᠡᠷᠡᠭᠦᠯᠬᠦ | ᠳᠤᠭᠤᠶᠢᠯᠠᠩ︾ ᠢ ᠪᠠᠶᠢᠭᠤᠯᠤᠭᠠᠳ︽ᠲᠣᠭᠯᠠᠭᠠᠮ ᠨᠠᠭᠠᠳᠴᠤ ᠵᠣᠭᠤᠰ ᠤᠯᠬᠤ︾ ᠨᠡᠷ᠎ᠡ ᠪᠠᠷ ᠰᠦᠯᠵᠢᠶ᠎ᠡ ᠶᠢ | ᠠᠰᠢᠭᠯᠠᠨ ᠮᠦᠷᠦᠶᠢᠴᠡᠭᠡᠨ ᠢ ᠳᠡᠯᠭᠡᠷᠡᠭᠦᠯᠵᠦ᠂ ᠣᠯᠠᠨᠮᠤᠵᠢ ᠣᠷᠣᠨ ᠳᠤ ᠪᠠᠶᠢᠭ᠎ᠠ ᠣᠷᠣᠯᠠᠭᠴᠢ ᠨᠢ ︽ᠭᠡᠰᠢᠭᠦᠨ︾ | ᠡᠯᠰᠡᠵᠦ᠂ ᠬᠢᠯᠢ ᠶᠢᠨ ᠳᠣᠲᠣᠷᠠᠬᠢ ᠬᠥᠮᠦᠰ ᠢ ᠶᠡᠭᠡ ᠪᠠᠷ ᠤᠷᠮᠠᠰᠢᠭᠤᠯᠤᠨ ᠲᠠᠲᠠᠵᠤ ᠵᠣᠭᠤᠰ ᠨᠠᠭᠠᠳᠬᠤ ᠳᠤ | ᠣᠷᠣᠯᠴᠠᠭᠤᠯᠵᠦ ᠪᠠᠶᠢᠬᠤ ᠶᠢ ᠤᠯᠵᠤ ᠮᠡᠳᠡᠪᠡ᠃ ᠪᠦᠷᠢᠳᠬᠡᠯ ᠢ ᠦᠨᠳᠦᠰᠦᠯᠡᠪᠡᠯ᠂ 2017 ᠣᠨ ᠠᠴᠠ ᠨᠠᠭᠠᠰᠢ᠂ | ᠲᠣᠰ ᠰᠦᠯᠵᠢᠶ᠎ᠡ ᠪᠠᠷ ᠵᠤᠭᠤᠰ ᠮᠦᠷᠦᠶᠢᠴᠡᠬᠦ ᠲᠠᠪᠴᠠᠩ ᠤᠨ ᠡᠯᠰᠡᠭᠰᠡᠨ ᠬᠢᠯᠢ ᠶᠢᠨ ᠲᠤᠳᠤᠷᠠᠬᠢ ᠵᠣᠭᠤᠰ | ᠮᠦᠷᠦᠶᠢᠴᠡᠬᠦ ᠳᠤ ᠣᠷᠣᠯᠴᠠᠭᠰᠠᠨ ᠬᠥᠮᠦᠨ ᠤ ᠲᠤᠭ᠎ᠠ 86 ᠲᠦᠮᠡᠭᠠᠷᠤᠶ ᠪᠣᠯᠵᠣ᠂ ᠠᠷᠠᠯᠵᠢᠶᠠᠨ ᠤ ᠪᠤᠷᠤᠯᠠᠭᠤᠯᠭ᠎ᠠ | ᠨᠢ 60 ᠳ᠋ᠦᠩᠰᠢᠭᠤᠷ ᠲᠥᠭᠦᠷᠢᠭ ᠢ ᠳᠠᠪᠠᠵᠠᠶ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | |