ᠮᠠᠨ ᠤ ᠤᠷᠤᠨ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ | ᠠᠷᠭᠠᠴᠠᠭᠠᠬᠤ ᠳᠦᠰᠦᠯ ᠢ ᠡᠬᠢᠯᠡᠭᠦᠯᠪᠡ | | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠠᠴᠠ ᠣᠶᠢᠯᠠᠭᠠᠭᠰᠠᠨ ᠢᠶᠠᠷ᠂ | 11 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠬᠦᠨᠳᠦ ᠶᠡᠭᠡ | ᠴᠠᠭ ᠠᠭᠤᠷ ᠤᠨ ᠭᠠᠮᠰᠢᠭ (ᠬᠦᠢᠲᠡᠨ ᠤᠷᠤᠰᠬᠠᠯ᠂ ᠶᠡᠭᠡ ᠴᠠᠰᠤ) ᠤᠨ ᠭᠤᠷᠪᠠᠳᠤᠭᠠᠷ ᠳᠡᠰ ᠤᠨ ᠪᠠᠴᠢᠮ | ᠪᠠᠶᠢᠳᠠᠯ ᠢ ᠠᠷᠭᠠᠴᠠᠭᠠᠬᠤ ᠳᠦᠰᠦᠯ ᠢ ᠡᠬᠢᠯᠡᠭᠦᠯᠪᠡ᠃ 11 ᠰᠠᠷ᠎ᠠ ᠶᠢᠨ 21 ᠤ ᠡᠳᠦᠷ ᠠᠴᠠ 24 ᠤ ᠡᠳᠦᠷ | ᠪᠣᠯᠲᠠᠯ᠎ᠠ᠂ ᠴᠢᠩᠭ᠎ᠠ ᠬᠦᠢᠲᠡᠨ ᠤᠷᠤᠰᠬᠠᠯ ᠤᠨ ᠨᠥᠯᠥᠭᠡ ᠪᠠᠷ᠂ ᠮᠠᠨ ᠤ ᠤᠷᠤᠨ ᠳᠤ ᠨᠢᠬᠡᠨ ᠡᠬᠡᠯᠵᠢ ᠶᠢᠨ ᠶᠡᠭᠡ | ᠬᠡᠪᠴᠢᠶᠡᠨ ᠤ ᠪᠣᠷᠣᠭᠠᠨ ᠴᠠᠰᠤ᠂ ᠶᠡᠭᠡ ᠰᠠᠯᠬᠢᠨ ᠲᠠᠢ ᠠᠭᠤᠷ ᠠᠮᠢᠰᠬᠤᠯ ᠢᠯᠡᠷᠡᠵᠦ᠂ ᠪᠥᠬᠦ ᠣᠷᠣᠨ ᠤ ᠶᠡᠬᠡᠩᠬᠢ | ᠭᠠᠵᠠᠷ ᠤᠨ ᠠᠭᠠᠷ ᠤᠨ ᠳᠤᠯᠠᠭᠠᠨ 8 ᠠᠴᠠ 12 ᠭᠷᠡᠳᠦ᠋ᠰ ᠳᠣᠷᠣᠭᠰᠢᠯᠠᠵᠤ᠂ ᠪᠠᠷᠠᠭᠤᠨ ᠪᠡᠶ᠎ᠠ ᠶᠢᠨ ᠵᠡᠭᠦᠨ | ᠬᠡᠰᠡᠭ ᠪᠠ ᠳᠤᠮᠳᠠ ᠪᠡᠶ᠎ᠠ ᠶᠢᠨ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ 12 ᠠᠴᠠ 16 ᠭᠷᠡᠳᠦ᠋ᠰ | ᠳᠤᠷᠤᠭᠰᠢᠯᠠᠵᠤ᠂ ᠬᠡᠰᠡᠭ ᠭᠠᠵᠠᠷ ᠲᠤ 16 ᠭᠷᠡᠳᠦ᠋ᠰ ᠠᠴᠠ ᠳᠡᠭᠡᠭᠰᠢ ᠳᠤᠷᠤᠭᠰᠢᠯᠠᠨ᠎ᠠ᠃ ᠪᠠᠷᠠᠭᠤᠨ ᠳᠤᠮᠳᠠ ᠪᠡᠶ᠎ᠠ | ᠶᠢᠨ ᠶᠡᠬᠡᠩᠬᠢ ᠭᠠᠵᠠᠷ ᠣᠷᠣᠨ ᠳᠤ 6 ᠠᠴᠠ 7 ᠳᠡᠰ ᠤᠨ ᠰᠠᠯᠬᠢ ᠰᠠᠯᠬᠢᠯᠠᠵᠤ᠂ ᠬᠡᠰᠡᠭ ᠭᠠᠵᠠᠷ ᠲᠤ 8 ᠠᠴᠠ | 9 ᠳᠡᠰ ᠲᠤ ᠬᠦᠷᠦᠨ᠎ᠠ᠃ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ ᠪᠣᠯᠣᠨ ᠬᠢᠩᠭᠠᠨ ᠠᠶᠢᠮᠠᠭ | ᠤᠨ ᠪᠠᠷᠠᠭᠤᠨ ᠡᠮᠦᠨ᠎ᠡ ᠬᠡᠰᠡᠭ ᠲᠤ ᠶᠡᠭᠡ ᠴᠠᠰᠤ ᠣᠷᠣᠨ᠎ᠠ᠃ ᠳᠡᠭᠡᠷ᠎ᠡ ᠳᠤᠷᠠᠳᠤᠭᠰᠠᠨ ᠪᠠᠶᠢᠳᠠᠯ ᠢ ᠦᠨᠳᠦᠰᠦᠯᠡᠨ᠂ | ᠠᠯᠠᠱᠠ ᠠᠶᠢᠮᠠᠭ᠂ ᠦᠬᠠᠢ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠪᠤᠭᠤᠲᠤ ᠬᠤᠲᠠ᠂ ᠬᠥᠬᠡᠬᠤᠲᠠ᠂ | ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠪᠣᠳᠠᠲᠤ ᠪᠠᠶᠢᠳᠠᠯ | ᠢᠶᠠᠨ ᠦᠨᠳᠦᠰᠦᠯᠡᠨ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠰᠤᠳᠤᠯᠤᠨ | ᠡᠬᠢᠯᠡᠬᠦᠯᠵᠠᠢ᠃ ᠡᠯ᠎ᠡ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠭᠠᠬᠤ ᠳᠤ ᠠᠵᠢᠯ ᠤᠨ ᠳᠡᠰ ᠳᠠᠷᠠᠭᠠᠯᠠᠯ ᠢ | ᠴᠢᠩᠭ᠎ᠠ ᠵᠢᠷᠤᠮᠯᠠᠨ᠂ ᠴᠠᠭ ᠠᠭᠤᠷ ᠤᠨ ᠬᠤᠪᠢᠷᠠᠯᠲᠠ ᠶᠢ ᠨᠢᠭᠲᠠ ᠬᠢᠨᠠᠨ ᠠᠵᠢᠭᠯᠠᠵᠤ ᠂ ᠤᠳᠤᠷᠢᠳᠤᠯᠭ᠎ᠠ ᠶᠢᠨ | ᠡᠭᠡᠯᠵᠢ ᠳᠠᠭᠠᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠵᠢᠵᠢᠭᠦᠷᠯᠡᠨ ᠰᠠᠬᠢᠬᠤ ᠠᠵᠢᠯ ᠢ ᠦᠨᠡᠨᠬᠦ | ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ | ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠢᠷᠡᠯᠲᠡ᠄ ᠳᠤᠮᠳᠠᠲᠤ ᠤᠯᠤᠰ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ | ᠳᠡᠪᠰᠢᠭᠦᠯᠦᠭᠴᠢ᠄ ᠲᠡᠷᠭᠡᠯ | |