ᠮᠠᠨ ᠤ ᠤᠷᠤᠨ ᠬᠠᠪᠤᠷ ᠤᠨ ᠰᠡᠷᠭᠡᠶᠢᠯᠡᠯᠲᠡ ᠶᠢᠨ ᠠᠵᠢᠯ  ᠢ  ᠪᠦᠬᠦ ᠲᠠᠯ᠎ᠠ ᠪᠠᠷ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/11/22
ᠮᠠᠨ ᠤ ᠤᠷᠤᠨ ᠬᠠᠪᠤᠷ ᠤᠨ ᠰᠡᠷᠭᠡᠶᠢᠯᠡᠯᠲᠡ ᠶᠢᠨ ᠠᠵᠢᠯ  ᠢ  ᠪᠦᠬᠦ ᠲᠠᠯ᠎ᠠ ᠪᠠᠷ ᠴᠢᠩᠭᠠᠳᠬᠠᠵᠤ ᠪᠠᠶᠢᠨ᠎ᠠ                                                ᠵᠤᠬᠢᠶᠠᠭᠴᠢ᠄ ᠨᠠᠮᠤᠭ            ᠬᠠᠪᠤᠷ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠷᠲᠡᠯᠡᠨ ᠠᠳᠬᠤᠵᠤ᠂ 《2023 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ  ᠢ  ᠰᠡᠷᠭᠡᠶᠢᠯᠡᠬᠦ ᠬᠡᠰᠡᠭ ᠲᠤ ᠴᠡᠭ ᠲᠤ ᠰᠠᠭᠤᠬᠤ ᠠᠵᠢᠯ ᠤᠨ ᠲᠥᠰᠥᠯ》 ᠢ  ᠲᠤᠭᠲᠠᠭᠠᠭᠰᠠᠨ ᠪᠥᠭᠡᠳ  ᠪᠦᠬᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ  ᠢ  ᠰᠡᠷᠭᠡᠶᠢᠯᠡᠬᠦ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃            ᠦᠪᠡᠷᠲᠡᠭᠡᠨ ᠵᠠᠰᠠᠬᠤ ᠤᠷᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ᠂ ᠡᠯ᠎ᠡ ᠭᠠᠵᠠᠷ ᠤᠨ ᠬᠢᠨ ᠬᠠᠪᠤᠷ ᠤᠨ ᠤᠯᠠᠷᠢᠯ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ  ᠢ ᠰᠡᠷᠭᠡᠶᠢᠯᠡᠬᠣ᠋ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠣᠷᠣᠨ ᠪᠦᠰᠡ ᠶᠢ ᠴᠢᠩᠭ᠎ᠠ ᠬᠤᠪᠢᠶᠠᠷᠢᠯᠠᠨ᠂ ᠰᠠᠯᠠᠭ᠎ᠠ ᠮᠥᠴᠢᠷ ᠤᠳ ᠬᠤᠯᠪᠤᠭᠠᠯᠠᠨ  ᠬᠦᠳᠦᠯᠦᠯᠴᠡᠬᠦ ᠪᠠ ᠲᠦᠢᠮᠡᠷ  ᠢ ᠰᠡᠷᠭᠡᠶᠢᠯᠡᠨ ᠤᠨᠲᠠᠷᠠᠭᠠᠬᠤ ᠰᠣᠷᠢᠯᠲᠠ ᠶᠢ ᠴᠢᠩᠭᠠᠳᠬᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ  ᠢ  ᠰᠡᠷᠭᠡᠶᠢᠯᠡᠬᠦ ᠠᠵᠢᠯ ᠢ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠬᠤ  ᠬᠡᠷᠡᠭᠲᠡᠢ᠃  ᠲᠤᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ  ᠬᠡᠷᠡᠭᠯᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ  ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ  ᠬᠡᠷᠡᠭᠲᠡᠢ᠃  ᠬᠠᠮᠢᠶᠠᠷᠤᠯᠲᠠ  ᠪᠠᠨ  ᠨᠠᠷᠢᠯᠢᠭᠵᠢᠭᠤᠯᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠥᠮᠥᠨ ᠤ ᠬᠦᠴᠦᠨ ᠢ ᠨᠡᠮᠡᠵᠤ ᠲᠤᠮᠢᠯᠠᠨ᠂ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠪᠠᠶᠢᠴᠠᠭᠠᠵᠤ ᠴᠢᠩᠭ᠎ᠠ ᠰᠠᠬᠢᠬᠤ  ᠬᠡᠷᠡᠭᠲᠡᠢ ᠃  ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ  ᠳᠡᠷᠭᠡᠶᠢᠡᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠭᠠᠵᠠᠷ ᠪᠠ ᠪᠠᠯᠠᠢ ᠣᠷᠣᠨ ᠢ ᠬᠠᠮᠤᠭ ᠤᠨ ᠶᠡᠭᠡ ᠬᠡᠮᠵᠢᠶ᠎ᠡ  ᠪᠠᠷ ᠠᠷᠢᠯᠭᠠᠬᠤ  ᠬᠡᠷᠡᠭᠲᠡᠢ ᠭᠡᠵᠤ ᠱᠠᠭᠠᠷᠳᠠᠭᠰᠠᠨ ᠪᠠᠶᠢᠨ᠎ᠠ᠃            ᠦᠪᠡᠷᠲᠡᠭᠡᠨ ᠵᠠᠰᠠᠬᠤ ᠤᠷᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠰᠠ 12 ᠠᠵᠢᠯᠯᠠᠬᠤ ᠳᠤᠭᠤᠶᠢᠯᠠᠩ ᠲᠣᠮᠢᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠠᠵᠢᠯ ᠤᠨ ᠪᠠᠶᠢᠷᠢᠯᠠᠭᠤᠯᠤᠯᠲᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠤᠬᠠᠭᠤᠯᠤᠨ ᠬᠦᠮᠦᠵᠢᠭᠦᠯᠬᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠤᠨ ᠪᠠᠶᠢᠳᠠᠯ ᠢ ᠰᠢᠢᠳᠪᠦᠷᠢᠯᠡᠬᠦ᠂ ᠬᠤᠲᠠ ᠪᠠᠯᠭᠠᠰᠤ ᠶᠢᠨ ᠡᠷᠬᠢᠨ ᠲᠣᠭᠤᠷᠢᠨ ᠤ ᠭᠠᠯ ᠤᠨ ᠭᠠᠮᠰᠢᠭ ᠢ ᠰᠡᠷᠭᠡᠶᠢᠯᠡᠬᠦ᠂ ᠰᠢᠨ᠎ᠡ ᠮᠡᠷᠭᠡᠵᠢᠯ ᠢ ᠬᠡᠷᠡᠭᠯᠡᠵᠦ  ᠳᠡᠯᠭᠡᠷᠡᠭᠦᠯᠬᠦ ᠵᠡᠷᠭᠡ ᠪᠠᠶᠢᠳᠠᠯ ᠤᠨ ᠲᠣᠭᠤᠷᠢᠨ ᠳᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ  ᠰᠡᠷᠭᠡᠶᠢᠯᠡᠬᠦ ᠠᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠪᠡ᠃ᠢᠷᠡᠯᠲᠡ᠄  ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠳᠡᠪᠰᠢᠭᠦᠯᠦᠭᠴᠢ ᠄  ᠲᠡᠷᠭᠡᠯ 
 
ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2