ᠳᠡᠯᠡᠬᠡᠢ ᠶᠢᠨ ᠬᠠᠮᠤᠭ ᠵᠢᠵᠢᠭ ᠴᠠᠬᠢᠷᠮ᠎ᠡ ᠶᠢ ᠮᠠᠨ ᠤ ᠤᠷᠤᠨ ᠠᠴᠠ ᠢᠯᠡᠷᠡᠭᠦᠯᠪᠡ
ᠨᠡᠶᠢᠲᠡᠯᠡᠭᠰᠡᠨ ᠴᠠᠭ᠄
2023/11/22
ᠳᠡᠯᠡᠬᠡᠢ ᠶᠢᠨ ᠬᠠᠮᠤᠭ ᠵᠢᠵᠢᠭ ᠴᠠᠬᠢᠷᠮ᠎ᠡ ᠶᠢ ᠮᠠᠨ ᠤ ᠤᠷᠤᠨ ᠠᠴᠠ ᠢᠯᠡᠷᠡᠭᠦᠯᠪᠡ                                                ᠵᠤᠬᠢᠶᠠᠭᠴᠢ᠄ ᠨᠠᠮᠤᠭ             ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠠᠴᠠ ᠳᠡᠯᠡᠬᠡᠢ ᠶᠢᠨ ᠬᠠᠮᠤᠭ ᠵᠢᠵᠢᠭ ᠴᠠᠬᠢᠷᠮ᠎ᠡ ᠴᠡᠴᠡᠭ ᠢ ᠢᠯᠡᠷᠡᠭᠦᠯᠪᠡ᠃ ᠤᠶᠢᠷ᠎ᠠ ᠳᠤ᠂ ᠤᠷᠳᠤᠰ ᠬᠤᠲᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠶᠢᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠳᠤᠭᠤᠶᠢᠯᠠᠩ ᠤᠨ ᠬᠢᠨ ᠬᠡᠬᠡᠷ᠎ᠡ ᠶᠢᠨ ᠪᠠᠶᠢᠴᠠᠭᠠᠯᠲᠠ ᠬᠢᠬᠦ ᠳᠤᠮᠳᠠ᠂ ᠦᠦ᠋ᠰᠢᠨ ᠬᠤᠰᠢᠭᠤᠨ ᠠᠴᠠ 5 ᠰᠠᠭᠤᠷᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠤᠷᠭᠤᠮᠠᠯ ᠪᠤᠯᠬᠤ 《ᠤᠯᠠᠩᠬᠢᠪ》 ᠢ ᠢᠯᠡᠷᠡᠭᠦᠯᠦᠭᠰᠡᠨ ᠪᠠᠶᠢᠨ᠎ᠠ᠃            ᠤᠯᠠᠩᠬᠢᠪ ᠪᠤᠯ ᠳᠡᠯᠡᠬᠡᠢ ᠳᠡᠬᠡᠷᠡᠬᠢ ᠬᠠᠮᠤᠭ ᠤᠨ ᠵᠢᠵᠢᠭ ᠴᠠᠬᠢᠷᠮ᠎ᠠ ᠴᠡᠴᠡᠭ᠂ 13 ᠠᠴᠠ 30 ᠮᠢᠯᠢᠮᠧᠳ᠋ᠷ ᠦᠨᠳᠦᠷ᠂ ᠳᠡᠯᠠᠢ ᠶᠢᠨ ᠲᠦᠪᠰᠢᠨ ᠠᠴᠠ 200 ᠠᠴᠠ 3400 ᠮᠧᠳ᠋ᠷ ᠤᠨ ᠠᠭᠤᠯᠠᠨ ᠪᠡᠯ  ᠤᠨ ᠤᠢ ᠰᠢᠭᠤᠢ᠂ ᠪᠤᠳᠠ ᠰᠦᠭᠡᠭ᠂ ᠲᠠᠯ᠎ᠠ ᠭᠠᠵᠠᠷ ᠪᠤᠶᠤ ᠭᠤᠤᠯ ᠤᠨ ᠲᠠᠩ ᠨᠠᠮᠤᠭ ᠭᠠᠵᠠᠷ ᠨᠤᠭᠤ ᠭᠠᠵᠠᠷ ᠢᠶᠠᠷ ᠤᠷᠭᠤᠵᠤ ᠂ ᠤᠳᠤᠬᠠᠨ ᠳᠤ ᠭᠤᠤᠯᠳᠠᠭᠤ ᠬᠦᠮᠦᠨ ᠤ ᠬᠦᠴᠦ ᠪᠠᠷ ᠲᠠᠷᠢᠵᠤ ᠪᠤᠢ᠂ ᠡᠮ ᠳᠤ ᠤᠷᠤᠳᠠᠭ᠃  ᠭᠤᠤᠯᠳᠠᠭᠤ ᠮᠠᠨ ᠤ ᠤᠯᠤᠰ᠂ ᠣᠷᠣᠰ᠂ ᠮᠣᠩᠭᠤᠯ᠂ ᠰᠣᠯᠣᠩᠭᠤᠰ ᠬᠤᠶᠢᠭ᠂ ᠶᠠᠫᠣᠨ᠂ ᠠᠹᠭᠠᠨᠢᠰᠲ᠋ᠠᠨ᠂ ᠺᠠᠱᠮᠢᠷ ᠣᠷᠣᠨ ᠠᠴᠠ ᠪᠦᠲ᠋ᠠᠨ᠂ ᠡᠨᠡᠳᠬᠡᠭ᠂ ᠪᠢᠷᠮᠠ᠂ ᠸᠢᠶᠧᠳ᠋ᠨᠠᠮ᠂ ᠲᠠᠢ ᠤᠯᠤᠰ᠂ ᠹᠢᠯᠢᠫᠢᠨ᠂ ᠮᠠᠯᠠᠶᠢᠰᠢᠶ᠎ᠠ᠂ ᠠᠦᠰᠳ᠋ᠷᠠᠯᠢᠶ᠎ᠠ ᠵᠡᠷᠭᠡ ᠤᠯᠤᠰ ᠤᠷᠤᠨ ᠳᠤ ᠲᠠᠷᠬᠠᠵᠤ ᠪᠠᠶᠢᠳᠠᠭ ᠴᠤ ᠬᠡᠭᠡᠷ᠎ᠡ ᠶᠢᠨ ᠤᠯᠠᠩᠬᠢᠪ ᠬᠠᠷᠢᠨ ᠮᠠᠰᠢ ᠬᠤᠪᠤᠷ ᠲᠤᠬᠢᠶᠠᠯᠳᠤᠳᠠᠭ᠃ ᠤᠳᠤᠬᠠᠨ ᠳᠤ ᠤᠯᠠᠩᠬᠢᠪ ᠨᠢᠭᠡᠨᠲᠡ《 ᠮᠦᠬᠦᠬᠦ ᠰᠢᠬᠠᠭᠰᠠᠨ ᠵᠡᠷᠯᠢᠭ ᠠᠮᠢᠳᠠᠨ ᠤᠷᠭᠤᠮᠠᠯ ᠤᠨ ᠳᠦᠷᠰᠦ ᠶᠢᠨ ᠤᠯᠠᠨ ᠤᠯᠤᠰ ᠤᠨ ᠠᠷᠠᠯᠵᠢᠶᠠᠨ  ᠤ ᠨᠡᠶᠢᠲᠡ ᠶᠢᠨ ᠭᠡᠷ᠎ᠡ》 (CITES )  ᠶᠢᠨ ᠳᠠᠭᠠᠯᠳᠤᠭᠤᠯᠤᠯ Ⅱ ᠲᠤ  ᠵᠢᠭᠰᠠᠭᠠᠭᠳᠠᠭᠰᠠᠨ ᠪᠥᠭᠡᠳ ᠳᠤᠮᠳᠠᠳᠤ ᠤᠯᠤᠰ ᠤᠨ《ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠤᠨ ᠨᠡᠷᠡᠰ ᠤᠨ ᠵᠢᠭᠰᠠᠭᠠᠯᠲᠠ ( ᠬᠤᠶᠠᠳᠤᠭᠠᠷ ᠪᠦᠯᠦᠭ ) 》 ᠳᠤ  ᠵᠢᠭᠰᠠᠭᠠᠭᠳᠠᠵᠠᠢ᠃ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠡ  ᠪᠦᠬᠦ ᠤᠯᠤᠰ ᠤᠨ ᠠᠩᠬᠠᠳᠤᠭᠠᠷ ᠤᠳᠠᠭ᠎ᠠ ᠶᠢᠨ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠡᠳ᠋  ᠤᠨ ᠡᠬᠢ ᠪᠠᠶᠠᠯᠢᠭ ᠤᠨ ᠨᠡᠶᠢᠳᠡᠮ ᠤᠨ ᠪᠠᠶᠢᠴᠠᠭᠠᠯᠲᠠ ᠶᠢ  ᠡᠬᠢᠯᠡᠭᠦᠯᠦᠭᠰᠡᠨ ᠠᠴᠠ ᠨᠠᠭᠠᠰᠢ᠂ ᠤᠷᠳᠤᠰ ᠬᠤᠳᠠ ᠶᠢᠨ ᠬᠢᠨ ᠢᠳᠡᠪᠬᠢᠲᠡᠢ ᠴᠤᠤᠷᠢᠶᠠᠲᠤᠨ᠂ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠡᠳ᠋  ᠤᠨ ᠡᠬᠢ ᠪᠠᠶᠠᠯᠢᠭ ᠤᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠬᠡᠭᠡᠷ᠎ᠡ ᠶᠢᠨ ᠠᠵᠢᠯ ᠤᠨ ᠨᠡᠶᠢᠳᠡᠮ ᠤᠨ ᠪᠠᠶᠢᠴᠠᠭᠠᠯᠲᠠ ᠶᠢᠨ ᠪᠦᠯᠬᠦᠮ ᠪᠠᠶᠢᠭᠤᠯᠤᠨ᠂  ᠪᠦᠬᠦ ᠬᠤᠳᠠ ᠶᠢᠨ ᠮᠠᠯᠲᠠᠵᠤ  ᠠᠰᠢᠭᠯᠠᠵᠤ ᠪᠣᠯᠬᠤ ᠤᠢ ᠰᠢᠭᠤᠢ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠲᠤᠬᠠᠢ  ᠶᠡᠷᠦᠩᠬᠡᠶᠢᠯᠡᠭᠰᠡᠨ ᠪᠠᠶᠢᠴᠠᠭᠠᠯᠲᠠ ᠥᠷᠨᠢᠭᠦᠯᠪᠡ᠃ ᠣᠳᠣᠬᠠᠨ ᠳᠤ᠂ ᠨᠢᠭᠡᠨᠲᠡ ᠬᠠᠩᠭᠢᠨ ᠬᠤᠰᠢᠭᠤ᠂ ᠦᠦ᠋ᠰᠢᠨ ᠬᠤᠰᠢᠭᠤ᠂ ᠣᠲᠤᠭ ᠬᠤᠰᠢᠭᠤᠨ  ᠤ ᠭᠡᠬᠡᠷ᠎ᠡ ᠶᠢᠨ ᠪᠠᠶᠢᠴᠠᠭᠠᠯᠲᠠ ᠶᠢ ᠳᠠᠭᠤᠰᠬᠠᠵᠤ᠂ ᠨᠡᠶᠢᠲᠡ 40 ᠭᠠᠷᠤᠶ ᠪᠠᠶᠢᠴᠠᠭᠠᠯᠲᠠ ᠶᠢᠨ ᠱᠤᠭᠤᠮ ᠲᠤᠬᠢᠷᠠᠭᠤᠯᠤᠨ᠂ 330 ᠭᠠᠷᠤᠶ ᠵᠦᠶ᠋ᠯ ᠤᠨ ᠣᠶ ᠰᠢᠭᠤᠶ ᠡᠪᠡᠰᠦᠨ ᠦᠷ᠎ᠡ ᠶᠢᠨ ᠥᠯᠢᠭᠡᠷ ᠬᠡᠪ  ᠢ 1000 ᠭᠠᠷᠤᠶ ᠬᠤᠪᠢ ᠴᠤᠭᠯᠠᠭᠤᠯᠵᠤ᠂ ᠮᠠᠨ  ᠤ ᠤᠷᠤᠨ  ᠤ ᠣᠶ ᠰᠢᠭᠤᠶ ᠨᠤᠲᠤᠭ ᠪᠡᠯᠴᠢᠭᠡᠷ ᠤᠨ ᠡᠪᠡᠰᠦᠨ ᠤ ᠦᠷ᠎ᠡ ᠶᠢᠨ  ᠦᠢᠯᠡᠰ ᠤᠨ  ᠬᠦᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ  ᠦᠭᠴᠡᠢ ᠃ᠢᠷᠡᠯᠲᠡ᠄  ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2