ᠲᠠᠷᠢᠶᠠᠯᠠᠩ ᠳᠤ ᠬᠡᠷᠡᠭᠯᠡᠬᠦ ᠤᠰᠤ  ᠶᠢ ᠬᠢᠵᠠᠭᠠᠷᠯᠠᠵᠤ ᠠᠷᠪᠢᠯᠠᠨ᠎ᠠ
ᠨᠡᠶᠢᠲᠡᠯᠡᠭᠰᠡᠨ ᠴᠠᠭ᠄
2023/11/22
ᠲᠠᠷᠢᠶᠠᠯᠠᠩ ᠳᠤ ᠬᠡᠷᠡᠭᠯᠡᠬᠦ ᠤᠰᠤ  ᠶᠢ ᠬᠢᠵᠠᠭᠠᠷᠯᠠᠵᠤ ᠠᠷᠪᠢᠯᠠᠨ᠎ᠠ                                             ᠵᠤᠬᠢᠶᠠᠭᠴᠢ᠄ ᠦᠨᠢᠷ            ᠥᠪᠡᠷᠲᠡᠭᠡᠨ ᠵᠠᠰᠠᠬᠤ ᠣᠷᠣᠨ ᠤ ᠤᠰᠤᠨ  ᠠᠰᠢᠭᠯᠠᠯᠲᠠ ᠶᠢᠨ ᠲᠢᠩᠬᠢᠮ ᠠᠴᠠ  ᠤᠶᠢᠯᠭᠠᠭᠰᠠᠨ ᠢᠶᠠᠷ ᠂ ᠡᠨᠡ ᠵᠢᠯ ᠮᠠᠨ ᠤ ᠣᠷᠣᠨ ᠲᠠᠷᠢᠶᠠᠯᠠᠩ ᠳᠤ ᠬᠡᠷᠡᠭᠯᠡᠬᠦ ᠤᠰᠤ  ᠶᠢ ᠬᠢᠵᠠᠭᠠᠷᠯᠠᠵᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭ᠌ᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤ  ᠶᠢ ᠠᠷᠪᠢᠯᠡᠬᠤ ᠳᠥᠷᠪᠡᠨ ᠵᠦᠶ᠋ᠯ ᠤᠨ  ᠲᠤᠭᠲᠠᠴᠠ ᠶᠢ  ᠪᠦᠬᠦ ᠲᠠᠯ᠎ᠠ ᠪᠠᠷ ᠪᠠᠶᠢᠭᠤᠯᠬᠤ ᠪᠠᠷ ᠪᠤᠢ᠃            ᠮᠠᠨ ᠤ ᠣᠷᠣᠨ ᠡᠨᠡ ᠵᠢᠯ ᠤᠰᠤ ᠠᠷᠪᠢᠯᠠᠬᠤ ᠠᠴᠢᠶᠠᠯᠠᠪᠤᠷᠢ  ᠶᠢᠨ ᠪᠠᠶᠢᠭᠤᠯᠤᠯᠲᠠ  ᠶᠢ ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠢᠶᠠᠷ ᠭᠤᠤᠯᠳᠠᠯᠭ᠎ᠠ ᠪᠣᠯᠭᠠᠨ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠠᠵᠢᠯ ᠢ ᠶᠡᠭᠡ ᠪᠠᠷ ᠠᠬᠢᠭᠤᠯᠤᠨ᠎ᠠ᠃ ᠪᠣᠷᠣᠲᠣᠬᠤᠶ ᠵᠡᠷᠭᠡ ᠬᠠᠲᠤᠨ ᠭᠤᠤᠯ ᠳᠠᠭᠠᠤ  ᠶᠢᠨ ᠲᠣᠮᠣ ᠳᠤᠮᠳᠠ ᠬᠡᠯᠪᠡᠷᠢ  ᠶᠢᠨ ᠤᠰᠤᠯᠠᠯᠲᠠ  ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢᠨ  ᠪᠦᠬᠦ ᠲᠠᠯ᠎ᠠ ᠪᠠᠷ ᠴᠢᠩᠭᠠᠳᠬᠠᠵᠤ᠂ ᠶᠡᠭᠡ ᠤᠰᠤ ᠪᠠᠷ ᠪᠢᠯᠬᠠᠭᠤᠯᠤᠨ ᠤᠰᠤᠯᠠᠬᠤ ᠵᠡᠷᠭᠡ ᠤᠰᠤ ᠶᠢ ᠪᠦᠷᠢᠯᠭᠡᠨ  ᠰᠦᠢᠦᠨᠬᠡᠬᠦ ᠠᠵᠢᠯᠯᠠᠭ᠎ᠠ  ᠶᠢ  ᠬᠤᠷᠢᠭᠯᠠᠨ  ᠵᠤᠭᠰᠤᠭᠠᠵᠤ  ᠂ ᠲᠤᠭᠲᠠᠭᠰᠠᠨ ᠨᠤᠷᠮ᠎ᠠ  ᠶᠢᠨ ᠬᠠᠮᠢᠶᠠᠷᠤᠯᠲᠠ  ᠶᠢ ᠴᠢᠩᠭᠠᠳᠬᠠᠨ ᠲᠤᠬᠲᠠᠬᠰᠠᠨ ᠨᠣᠷᠮ᠎ᠠ ᠶᠤᠰᠤᠭᠠᠷ ᠤᠰᠤᠯᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂  ᠲᠤᠭᠲᠠᠭᠰᠠᠨ ᠨᠤᠷᠮ᠎ᠠ ᠠᠴᠠ ᠬᠡᠲᠦᠷᠡᠭᠦᠯᠪᠡᠯ ᠠᠬᠢᠭᠤᠯᠤᠨ ᠪᠤᠳᠤᠵᠤ ᠦᠨ᠎ᠡ  ᠨᠡᠮᠡᠬᠦ ᠶᠢ ᠴᠢᠩᠭ᠎ᠠ  ᠬᠡᠷᠡᠭᠵᠢᠭᠦᠯᠦᠨ᠎ᠡ᠃ ᠪᠠᠷᠠᠭᠤᠨ ᠯᠢᠶᠣᠤ ᠾᠧ ᠭᠤᠣᠯ ᠵᠡᠷᠭᠡ ᠭᠠᠵᠠᠷ ᠳᠣᠣᠷᠠᠬᠢ ᠤᠰᠤ  ᠶᠢ ᠲᠠᠳᠠᠵᠤ ᠤᠰᠤᠯᠠᠬᠤ ᠤᠰᠤᠯᠠᠯᠲᠠ  ᠶᠢᠨ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠯᠠᠯᠲᠠ  ᠶᠢᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢ ᠴᠢᠩᠭᠠᠳᠬᠠᠬᠤ ᠵᠢᠷᠭᠤᠭᠠᠨ ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ  ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠳᠡᠨ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠡᠷᠡᠰ  ᠬᠤᠷᠢᠭᠯᠠᠨ᠎ᠠ ᠃ ᠵᠢᠯ ᠤᠨ  ᠰᠡᠭᠦᠯᠴᠢ ᠠᠴᠠ ᠡᠮᠦᠨ᠎ᠡ ᠲᠣᠮᠣ ᠳᠤᠮᠳᠠ ᠬᠡᠯᠪᠡᠷᠢ  ᠶᠢᠨ ᠤᠰᠤᠯᠠᠯᠲᠠ  ᠶᠢᠨ ᠣᠷᠣᠨ ᠳᠤ ᠦᠨ᠎ᠡ ᠲᠤᠭᠲᠠᠭᠠᠬᠤ ᠶᠢ  ᠪᠦᠬᠦ ᠲᠠᠯ᠎ᠠ ᠪᠠᠷ ᠪᠡᠶᠡᠯᠡᠭᠦᠯᠵᠦ᠂  《ᠴᠠᠬᠢᠯᠭᠠᠨ ᠢᠶᠠᠷ ᠤᠰᠤ  ᠶᠢ ᠨᠤᠭᠤᠯᠤᠨ ᠪᠤᠳᠤᠬᠤ》 ᠬᠡᠮᠵᠢᠯᠲᠠ  ᠶᠢᠨ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ  ᠶᠢᠨ ᠲᠠᠯ᠎ᠠ ᠪᠠᠷ ᠬᠢ  ᠬᠡᠷᠡᠭᠯᠡᠯᠲᠡ ᠶᠢ  ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ  ᠶᠢᠨ ᠠᠵᠢᠯ ᠢ ᠰᠢᠯᠭᠠᠨ ᠬᠤᠷᠢᠶᠠᠬᠤ  ᠶᠢ  ᠡᠮᠬᠢ ᠵᠢᠷᠤᠮ ᠲᠠᠢ ᠥᠷᠨᠢᠭᠦᠯᠬᠦ ᠪᠤᠯᠤᠨ᠎ᠠ ᠃ᠢᠷᠡᠯᠲᠡ᠄   ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2