ᠤᠯᠠᠭᠠᠨᠴᠠᠪ ᠬᠤᠲᠠ 《 ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ  ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/22
ᠤᠯᠠᠭᠠᠨᠴᠠᠪ ᠬᠤᠲᠠ 《 ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ  ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ               ᠤᠶᠢᠷ᠎ᠠ ᠳᠤ᠂ ᠤᠯᠠᠭᠠᠨᠴᠠᠪ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ  ᠤᠨ ᠲᠣᠪᠴᠢᠶ᠎ᠠ ᠬᠡᠭᠡᠷ᠎ᠡ ᠶᠢᠨ ᠠᠮᠢᠳᠠᠨ ᠤᠷᠭᠤᠮᠠᠯ  ᠢ ᠬᠠᠤᠯᠢ ᠪᠤᠰᠤ ᠪᠠᠷ ᠠᠷᠠᠯᠵᠢᠶᠠᠯᠠᠬᠤ ᠳᠤ ᠴᠣᠬᠢᠯᠲᠠ  ᠦᠭᠬᠦ  ᠬᠠᠮᠲᠤᠷᠠᠭᠰᠠᠨ ᠬᠤᠷᠠᠯ  ᠤᠨ ᠬᠡᠰᠢᠬᠦᠨ ᠨᠢᠭᠡᠴᠢ ᠲᠠᠢ ᠬᠠᠮᠲᠤᠷᠠᠨ  ᠬᠡᠭᠡᠷ᠎ᠡ ᠶᠢᠨ ᠨᠠᠭᠤᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠤ ᠮᠢᠶᠣᠣ ᠸᠠᠨ ᠽᠢ ᠴᠥᠭᠦᠷᠥᠮ ᠳᠤ 《 ᠨᠡᠶᠢᠭᠡᠮ  ᠤᠨ ᠬᠦᠴᠦᠨ  ᠢ ᠥᠷᠭᠡᠨ ᠢᠶᠡᠷ  ᠳᠠᠶᠢᠴᠢᠯᠠᠵᠦ ᠪᠤᠳᠠᠰ ᠤᠨ ᠲᠦᠷᠦᠯ ᠤᠨ ᠬᠠᠮᠠᠭᠠᠯᠠᠯᠲᠠ ᠶᠢ ᠬᠠᠮᠲᠤ ᠪᠠᠷ ᠠᠬᠢᠭᠤᠯᠬᠤ 》 ᠪᠠᠷ ᠭᠤᠤᠯ ᠰᠡᠳᠤᠪ ᠪᠤᠯᠭᠠᠭᠰᠠᠨ 《 ᠳᠡᠯᠡᠬᠡᠢ ᠶᠢᠨ ᠬᠡᠭᠡᠷ᠎ᠡ ᠶᠢᠨ ᠠᠮᠢᠳᠠᠨ ᠤᠷᠭᠤᠮᠠᠯ  ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃           ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠦᠵᠡᠭᠦᠯᠭᠡ ᠶᠢᠨ ᠰᠠᠮᠪᠠᠷ᠎ᠠ ᠭᠠᠷᠭᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ  ᠢ ᠤᠩᠰᠢᠬᠤ᠂ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠬᠤ ᠪᠠᠷ ᠳᠠᠮᠵᠢᠭᠤᠯᠤᠨ ᠠᠵᠢᠯᠯᠠᠭ᠎ᠠ ᠳᠤ  ᠤᠷᠤᠯᠴᠠᠭᠰᠠᠤᠨ ᠨᠢᠭᠡᠪᠦᠷᠢ ᠳᠤ ᠬᠡᠭᠡᠷ᠎ᠡ ᠶᠢᠨ ᠠᠮᠢᠲᠠᠨ ᠤᠷᠭᠤᠮᠠᠯ  ᠢ ᠬᠠᠮᠠᠭᠠᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃ ᠳᠠᠷᠠᠭ᠎ᠠ ᠳᠤᠨᠢ᠂ ᠠᠵᠢᠯᠯᠠᠭ᠎ᠠ ᠳᠤ ᠤᠷᠤᠯᠴᠠᠭᠰᠠᠤᠨ  ᠬᠡᠭᠡᠷ᠎ᠡ ᠶᠢᠨ ᠨᠠᠭᠤᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠤ ᠮᠢᠶᠣᠣ ᠸᠠᠨ ᠽᠢ ᠴᠥᠭᠦᠷᠥᠮ  ᠤᠨ ᠡᠷᠭᠢ ᠳᠠᠭᠠᠤ ᠨᠡᠭᠦᠳᠡᠯ  ᠤᠨ ᠰᠢᠪᠠᠭᠤᠳ  ᠤᠨ ᠪᠠᠶᠢᠳᠠᠯ  ᠢ ᠪᠠᠶᠢᠴᠠᠭᠠᠨ ᠦᠵᠡᠵᠦ  ᠪᠠᠰᠠ ᠴᠥᠭᠦᠷᠥᠮ  ᠤᠨ ᠡᠷᠬᠢᠨ ᠲᠣᠭᠤᠷᠢᠨ  ᠤ ᠠᠶᠢᠯ ᠲᠣᠰᠬᠤᠨ ᠳᠤ ᠬᠦᠷᠴᠦ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ  ᠡᠯᠭᠦᠬᠦ  ᠤᠬᠠᠭᠤᠯᠭ᠎ᠠ ᠶᠢᠨ ᠭᠠᠷ ᠠᠪᠤᠯᠭ᠎ᠠ ᠪᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠲᠤᠬᠠᠢ ᠶᠢᠨ ᠲᠠᠯᠠᠪᠠᠢ ᠶᠢᠨ ᠲᠠᠶᠢᠯᠤᠮᠵᠢ  ᠬᠢᠬᠦ ᠵᠡᠷᠭᠡ ᠬᠡᠯᠪᠡᠷᠢ ᠪᠠᠷ ᠤᠯᠠᠨ ᠲᠦᠮᠡᠨ ᠳᠤ ᠬᠡᠭᠡᠷ᠎ᠡ ᠶᠢᠨ ᠠᠮᠢᠳᠠᠨ ᠤᠷᠭᠤᠮᠠᠯ  ᠢ ᠬᠠᠮᠠᠭᠠᠯᠠᠬᠤ ᠵᠡᠷᠭᠡ  ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ  ᠲᠤᠭᠲᠠᠭᠠᠯ ᠪᠣᠯᠤᠨ ᠲᠦᠷᠦ  ᠶᠢᠨ ᠪᠤᠳᠤᠯᠭ᠎ᠠ ᠶᠢ ᠤᠬᠠᠭᠤᠯᠪᠠ᠃            ᠲᠣᠰ ᠤᠳᠠᠭᠠᠨ  ᠤ ᠠᠵᠢᠯᠯᠠᠭ᠎ᠠ ᠨᠢ ᠣᠯᠠᠨ ᠤ ᠬᠡᠭᠡᠷ᠎ᠡ ᠶᠢᠨ ᠠᠮᠢᠲᠠᠨ ᠤᠷᠭᠤᠮᠠᠯ  ᠢ ᠬᠠᠮᠠᠭᠠᠯᠠᠬᠤ ᠶᠢ ᠨᠠᠩ ᠢᠯᠡᠭᠦᠦ ᠴᠢᠬᠤᠯᠠᠴᠢᠯᠠᠵᠤ᠂ ᠨᠠᠩ ᠶᠡᠭᠡ ᠳᠡᠮᠵᠢᠯᠭᠡ ᠦᠵᠡᠭᠦᠯᠬᠦ ᠤᠬᠠᠮᠰᠡᠷ ᠢ ᠰᠡᠷᠭᠦᠬᠡᠨ᠂  ᠪᠦᠬᠦ ᠨᠡᠶᠢᠭᠡᠮ  ᠤᠨ ᠬᠡᠭᠡᠷ᠎ᠡ ᠶᠢᠨ ᠠᠮᠢᠲᠠᠨ ᠤᠷᠭᠤᠮᠠᠯ  ᠢ ᠬᠠᠮᠠᠭᠠᠯᠠᠬᠤ ᠤᠬᠠᠮᠰᠠᠷ  ᠢ  ᠬᠦᠭᠵᠢᠭᠡᠵᠦ᠂ ᠤᠯᠠᠨ ᠢ ᠳᠠᠶᠢᠴᠢᠯᠠᠨ ᠬᠡᠭᠡᠷ᠎ᠡ ᠶᠢᠨ ᠠᠮᠢᠲᠠᠨ ᠤᠷᠭᠤᠮᠠᠯ  ᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠬᠤ ᠪᠠᠷ ᠵᠣᠷᠢᠯᠭ᠎ᠠ ᠪᠠᠨ ᠪᠣᠯᠭᠠᠵᠠᠶ          ᠠᠵᠢᠯᠯᠠᠭ᠎ᠠ ᠳᠤ  60 ᠭᠠᠷᠤᠢ ᠬᠦᠮᠦᠨ ᠤᠷᠤᠯᠴᠠᠵᠤ᠂ ᠬᠡᠭᠡᠷ᠎ᠡ ᠶᠢᠨ ᠠᠮᠢᠲᠠᠨ ᠤᠷᠭᠤᠮᠠᠯ  ᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠠᠪᠤᠯᠭ᠎ᠠ ᠶᠢ 1000 ᠭᠠᠷᠤᠶ ᠬᠤᠪᠢ ᠲᠠᠷᠬᠠᠭᠠᠵᠠᠢ᠃ ᠤᠯᠠᠭᠠᠨᠴᠠᠪ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ ᠶᠢᠨ ᠬᠤᠶᠠᠳᠤᠭᠠᠷ ᠳᠡᠰ  ᠤᠨ ᠪᠠᠶᠢᠴᠠᠭᠠᠨ  ᠰᠤᠳᠤᠯᠤᠭᠴᠢ ᠵᠠᠩ ᠯᠢ ᠵᠢᠶᠠᠩ᠄《 ᠬᠤᠶᠢᠰᠢᠳᠠ ᠮᠠᠨ  ᠤ ᠲᠣᠪᠴᠢᠶ᠎ᠠ ᠦᠷᠭᠦᠯᠵᠢᠯᠡᠨ  ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠠᠩᠬᠠᠷᠤᠬᠰᠠᠨ᠂ ᠬᠡᠭᠡᠷ᠎ᠡ ᠶᠢᠨ ᠠᠮᠢᠲᠠᠨ ᠤᠷᠭᠤᠮᠠᠯ ᠢ ᠢᠳᠡᠪᠬᠢᠲᠡᠢ ᠬᠠᠮᠠᠭᠠᠯᠠᠬᠤ ᠠᠭᠤᠷ ᠠᠮᠢᠰᠬᠤᠯ ᠢ ᠪᠤᠢ ᠪᠤᠯᠭᠠᠵᠤ᠂ ᠬᠠᠮᠠᠭᠠᠯᠠᠬᠤ ᠪᠠᠲᠤᠯᠠᠭ᠎ᠠ ᠶᠢᠨ ᠰᠢᠰᠲ᠋ᠧᠮ ᠢ  ᠲᠡᠭᠦᠯᠳᠡᠷᠵᠢᠭᠦᠯᠦᠨ᠂ ᠬᠢᠨᠠᠨ ᠵᠢᠯᠣᠭᠤᠳᠴᠤ ᠪᠠᠶᠢᠴᠠᠭᠠᠬᠤ ᠪᠠ ᠲᠤᠰᠬᠠᠶ ᠬᠠᠤᠯᠢ  ᠬᠡᠷᠡᠭᠵᠢᠭᠦᠯᠬᠦ ᠡᠷᠴᠢᠮ  ᠢᠶᠠᠨ ᠴᠢᠩᠭᠠᠷᠠᠭᠤᠯᠤᠨ᠂〈ᠤᠢ ᠶᠢᠨ ᠳᠠᠷᠤᠭ᠎ᠠ ᠶᠢᠨ ᠳᠦᠷᠢᠮ +  ᠴᠠᠭᠳᠠᠭ᠎ᠠ ᠶᠢᠨ ᠳᠠᠷᠤᠭ᠎ᠠ ᠶᠢᠨ ᠳᠦᠷᠢᠮ + ᠪᠠᠶᠢᠴᠠᠭᠠᠬᠤ ᠳᠠᠷᠤᠭ᠎ᠠ ᠶᠢᠨ ᠳᠦᠷᠢᠮ 〉 ᠤᠨ ᠶᠡᠷᠦᠩᠬᠡᠶ ᠪᠣᠷᠣ ᠲᠥᠯᠥᠪ  ᠤᠨ ᠳᠤᠤᠷ᠎ᠠ᠂ ᠬᠠᠤᠯᠢ  ᠬᠡᠷᠡᠭᠵᠢᠭᠦᠯᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠤᠨ᠂ ᠠᠵᠢᠯ  ᠤᠨ ᠬᠠᠮᠲᠤᠷᠠᠯ ᠬᠦᠴᠦᠨ  ᠢ ᠪᠣᠶ ᠪᠣᠯᠭᠠᠨ᠂ ᠤᠯᠤᠰ  ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ  ᠢ ᠬᠠᠮᠠᠭᠠᠯᠠᠬᠤ ᠡᠷᠴᠢᠮ  ᠢ ᠴᠢᠩᠭᠠᠷᠠᠭᠤᠯᠤᠨ᠂ ᠬᠡᠭᠡᠷ᠎ᠡ ᠶᠢᠨ ᠠᠮᠢᠲᠠᠨ ᠤᠷᠭᠤᠮᠠᠯ  ᠤᠨ ᠡᠬᠢ ᠪᠠᠶᠠᠯᠢᠭ  ᠤᠨ ᠠᠮᠤᠷ ᠲᠦᠪᠰᠢᠨ ᠢ  ᠪᠦᠬᠦ  ᠬᠦᠴᠦᠨ  ᠢᠶᠠᠷ  ᠢᠶᠠᠨ ᠰᠠᠶᠢᠲᠤᠷ ᠬᠠᠮᠠᠭᠠᠯᠠᠬᠤ  ᠬᠡᠷᠡᠭᠲᠡᠢ 》 ᠬᠡᠵᠤ ᠶᠠᠷᠢᠵᠠᠢ᠃ᠢᠷᠡᠯᠲᠡ᠄  ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2