ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠠᠵᠢᠯ A ᠳᠡᠰ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/11/22
ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠠᠵᠢᠯ A ᠳᠡᠰ ᠢᠶᠠᠷ ᠦᠨᠡᠯᠡᠭᠳᠡᠪᠡ                                             ᠵᠤᠬᠢᠶᠠᠭᠴᠢ᠄ ᠨᠠᠮᠤᠭ               ᠤᠶᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠦᠪᠯᠡᠯ ᠠᠴᠠ 2022 ᠤᠨ ᠤ ᠦᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠦᠪᠯᠡᠯ ᠤᠨ ᠪᠦᠷᠢᠯᠳᠦᠬᠦᠨ ᠨᠢᠭᠡᠴᠢ ᠶᠢᠨ ᠢᠳᠡᠭᠡᠨ ᠤ ᠠᠮᠤᠷ ᠲᠦᠪᠰᠢᠨ ᠢ ᠦᠨᠡᠯᠡᠨ ᠬᠢᠨᠠᠨ ᠰᠢᠯᠭᠠᠭᠰᠠᠨ ᠦᠷ᠎ᠡ ᠳ᠋ᠦ᠋ᠩ ᠢ ᠵᠠᠷᠯᠠᠨ  ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ A ᠲᠠᠰ ᠢᠶᠠᠷ  ᠦᠨᠡᠯᠡᠭᠳᠡᠪᠡ ᠃               2022 ᠣᠨ ᠳᠤ᠂ ᠮᠠᠨ ᠤ ᠣᠷᠣᠨ 1572 ᠪᠦᠯᠦᠭ ᠤᠳᠠᠭ᠎ᠠ ᠶᠢᠨ ᠢᠳᠡᠭᠡᠨ  ᠤ ᠣᠶ ᠰᠢᠭᠤᠶ ᠶᠢᠨ  ᠪᠦᠲᠦᠭᠡᠭᠳᠡᠭᠦᠨ ᠤ ᠶᠠᠰᠤ ᠴᠢᠨᠠᠷ  ᠤᠨ ᠠᠮᠤᠷ ᠲᠦᠪᠰᠢᠨ ᠵᠢᠴᠢ ᠲᠡᠭᠦᠨ  ᠤ ᠭᠠᠷᠤᠯᠲᠠ ᠶᠢᠨ ᠣᠷᠣᠨ  ᠤ ᠣᠷᠴᠢᠨ ᠲᠣᠭᠤᠷᠢᠨ  ᠤ  ᠲᠦᠪᠰᠢᠭᠦᠷᠢ ᠶᠢ ᠬᠢᠨᠠᠨ ᠬᠡᠮᠵᠢᠬᠦ ᠶᠢ ᠪᠡᠶᠡᠯᠡᠭᠦᠯᠤᠨ᠂ 28 ᠵᠦᠶ᠋ᠯ  ᠤᠨ ᠢᠳᠡᠭᠡᠨ  ᠤ ᠣᠶ ᠰᠢᠭᠤᠶ ᠶᠢᠨ ᠪᠦᠲᠦᠭᠡᠭᠳᠡᠭᠦᠨ ᠤ 29 ᠵᠦᠶ᠋ᠯ  ᠤᠨ ᠲᠠᠷᠢᠶᠠᠨ ᠡᠮ ᠤᠨ  ᠦᠯᠡᠳᠡᠭᠳᠡᠯ ᠪᠠ 6 ᠵᠦᠶ᠋ᠯ  ᠤᠨ ᠬᠦᠨᠳᠦ ᠲᠡᠮᠦᠷᠯᠢᠭ  ᠤᠨ  ᠠᠭᠤᠯᠤᠭᠳᠠᠴᠠ ᠶᠢ ᠬᠢᠨᠠᠨ ᠬᠡᠮᠵᠢᠵᠦ᠂  ᠬᠢᠷᠢ  ᠲᠡᠩᠴᠡᠭᠰᠡᠨ ᠨᠣᠷᠮ᠎ᠠ 99.87% ᠪᠠᠶᠢᠪᠠ᠃ ᠡᠭᠦᠨ  ᠤ ᠬᠠᠮᠲᠤ᠂ ᠢᠳᠡᠭᠡᠨ  ᠤ ᠣᠶ ᠰᠢᠭᠤᠶ ᠶᠢᠨ ᠪᠦᠲᠦᠭᠡᠭᠳᠡᠭᠦᠨ ᠤ ᠶᠠᠰᠤ ᠴᠢᠨᠠᠷ  ᠤᠨ ᠠᠮᠤᠷ ᠲᠦᠪᠰᠢᠨ  ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ  ᠤ ᠢᠳᠡᠭᠡᠨ  ᠤ ᠣᠶ ᠰᠢᠭᠤᠶ ᠵᠢᠨ‌‍ᠪᠦ᠋ᠲᠦᠭᠡᠭᠳᠡᠭᠦᠨ ᠢ ᠰᠢᠯᠭᠠᠨ ᠪᠠᠶᠢᠴᠠᠭᠠᠵᠤ ᠪᠠᠶᠢᠴᠠᠭᠠᠨ  ᠬᠡᠮᠵᠢᠬᠦ ᠲᠥᠪ  ᠤᠨ ᠪᠠᠶᠢᠴᠠᠭᠠᠨ  ᠬᠡᠮᠵᠢᠬᠦ ᠬᠦᠷᠢᠶ᠎ᠡ ᠬᠡᠪᠴᠢᠶ᠎ᠡ ᠶᠢ  ᠦᠷᠭᠡᠦᠨᠬᠡᠬᠦ ᠠᠵᠢᠯ ᠢ ᠪᠡᠶᠡᠯᠡᠭᠦᠯᠦᠨ᠂ 10  ᠵᠦᠢᠯ  ᠤᠨ ᠭᠦᠶ᠋ᠴᠡᠳᠬᠡᠯ ᠲᠤᠭ᠎ᠠ ᠶᠢᠨ ᠪᠠᠶᠢᠴᠠᠭᠠᠨ  ᠬᠡᠮᠵᠢᠬᠦ ᠬᠢᠷᠢ ᠬᠡᠮ ᠢ ᠰᠢᠨ᠎ᠡ ᠪᠠᠷ  ᠨᠡᠮᠡᠭᠳᠡᠭᠦᠯᠵᠦ ᠂  ᠤᠯᠤᠰ  ᠤᠨ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ ᠶᠢᠨ ᠵᠣᠬᠢᠶᠠᠨ  ᠪᠠᠶᠢᠭᠤᠯᠤᠭᠰᠠᠨ 2022 ᠣᠨ  ᠤ ᠣᠶ ᠰᠢᠭᠤᠶ ᠶᠢᠨ  ᠪᠦᠲᠦᠭᠡᠭᠳᠡᠭᠦᠨ ᠢ ᠰᠢᠯᠭᠠᠨ ᠪᠠᠶᠢᠴᠠᠭᠠᠵᠤ ᠪᠠᠶᠢᠴᠠᠭᠠᠨ  ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ ᠠᠵᠢᠯᠯᠠᠭ᠎ᠠ ᠳᠤ ᠣᠷᠣᠯᠴᠠᠭᠠᠳ 《ᠬᠠᠨᠤᠮᠵᠢᠲᠠᠶ》 ᠪᠠᠷ  ᠦᠨᠡᠯᠡᠭᠳᠡᠪᠡ᠃ 2023 ᠣᠨ ᠳᠤ᠂ ᠥᠪᠡᠷᠲᠡᠭᠡᠨ ᠵᠠᠰᠠᠬᠤ ᠣᠷᠣᠨ  ᠤ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ 《ᠳᠥᠷᠪᠡᠨ ᠬᠠᠮᠤᠭ  ᠤᠨ ᠴᠢᠩᠭ᠎ᠠ》 ᠶᠢᠨ ᠱᠠᠭᠠᠷᠳᠠᠯᠭ᠎ᠠ ᠶᠢ ᠦᠷᠭᠦᠯᠵᠢᠯᠡᠨ ᠡᠷᠡᠰ ᠲᠤᠭᠤᠰᠢᠯᠠᠭᠤᠯᠵᠤ᠂ ᠲᠥᠷᠥ ᠶᠢᠨ ᠶᠠᠪᠤᠳᠠᠯ  ᠤᠨ ᠬᠤᠷᠢᠶ᠎ᠠ ᠶᠢᠨ ᠢᠳᠡᠭᠡᠨ  ᠤ  ᠵᠦᠢᠯᠡᠰ ᠤᠨ ᠠᠮᠤᠷ ᠲᠦᠪᠰᠢᠨ  ᠤ ᠵᠥᠪᠯᠡᠯ ᠪᠣᠯᠤᠨ ᠮᠠᠨ ᠤ ᠤᠷᠤᠨ ᠤ ᠢᠳᠡᠭᠡᠨ ᠪᠠ ᠡᠮ ᠤᠨ ᠵᠦᠶ᠋ᠯᠡᠰ  ᠤᠨ ᠠᠮᠤᠷ ᠲᠦᠪᠰᠢᠨ  ᠤ ᠵᠥᠪᠯᠡᠯ  ᠤᠨ ᠢᠳᠡᠭᠡᠨ  ᠤ ᠵᠦᠶ᠋ᠯᠡᠰ  ᠤᠨ ᠠᠮᠤᠷ ᠲᠦᠪᠰᠢᠨ  ᠤ ᠠᠵᠢᠯ  ᠤᠨ ᠪᠠᠶᠢᠷᠢᠯᠠᠭᠤᠯᠤᠯᠲᠠ ᠶᠢ  ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ ᠶᠢᠨ ᠵᠢᠯᠣᠭᠤᠳᠣᠯᠭ᠎ᠠ ᠳᠣᠣᠷ᠎ᠠ ᠢᠳᠡᠭᠡᠨ  ᠤ  ᠵᠦᠢᠯᠡᠰ ᠤᠨ ᠣᠶ ᠰᠢᠭᠤᠶ ᠶᠢᠨ  ᠪᠦᠲᠦᠭᠡᠭᠳᠡᠭᠦᠨ ᠤ ᠶᠠᠰᠤ ᠴᠢᠨᠠᠷ  ᠤᠨ ᠠᠮᠤᠷ ᠲᠦᠪᠰᠢᠨ  ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ  ᠳᠡᠭᠡᠭᠰᠢᠯᠡᠭᠦᠯᠵᠦ ᠂ ᠢᠳᠡᠭᠡᠨ ᠤ ᠣᠶ ᠰᠢᠭᠤᠶ ᠶᠢᠨ ᠪᠦᠲᠦᠭᠡᠭᠳᠡᠭᠦᠨ ᠤ ᠶᠠᠰᠤ ᠴᠢᠨᠠᠷ  ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠪᠤᠯᠤᠨ᠎ᠠ᠃ᠢᠷᠡᠯᠲᠡ᠄  ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2