ᠮᠠᠨ ᠤ ᠤᠷᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ 20 ᠴᠢᠳᠠᠪᠤᠷᠢᠲᠠᠨ ᠢ ᠰᠢᠯᠭᠠᠷᠠᠭᠤᠯᠵᠤ ᠭᠠᠷᠭᠠᠪᠠ
ᠨᠡᠶᠢᠲᠡᠯᠡᠭᠰᠡᠨ ᠴᠠᠭ᠄
2023/11/22
ᠮᠠᠨ ᠤ ᠤᠷᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ 20 ᠴᠢᠳᠠᠪᠤᠷᠢᠲᠠᠨ ᠢ ᠰᠢᠯᠭᠠᠷᠠᠭᠤᠯᠵᠤ ᠭᠠᠷᠭᠠᠪᠠ                                           ᠵᠤᠬᠢᠶᠠᠭᠴᠢ ᠄ ᠭᠤᠸ᠎ᠠ             ᠠᠩᠬᠠᠳᠤᠭᠠᠷ ᠬᠤᠭᠤᠴᠠᠭᠠᠨ ᠤ 《ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ》 ᠢ ᠰᠢᠯᠭᠠᠷᠠᠭᠤᠯᠬᠤ ᠤᠷᠤᠯᠳᠤᠭᠠᠨ ᠲᠦᠷᠦᠬᠦᠬᠡᠨ ᠬᠦᠬᠡᠬᠤᠳᠠ ᠳᠤ ᠶᠠᠪᠤᠭᠳᠠᠪᠠ᠃             ᠲᠤᠰ ᠬᠤᠭᠤᠴᠠᠭᠠᠨ ᠤ ᠤᠷᠤᠯᠳᠤᠭᠠᠨ ᠢᠶᠠᠷ ᠳᠠᠮᠵᠢᠨ ᠡᠯ᠎ᠡ ᠠᠶᠢᠮᠠᠭ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠪᠤᠯᠤᠨ ᠨᠡᠶᠢᠭᠡᠮ ᠤᠨ ᠰᠦᠯᠵᠢᠶᠡᠨ ᠤ ᠠᠪᠢᠶᠠᠰᠳᠠᠳ ᠤᠨ ᠳᠤᠮᠳᠠ ᠠᠴᠠ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠡᠯᠰᠡᠵᠤ᠂ ᠰᠣᠩᠭᠤᠨ ᠬᠥᠮᠦᠵᠢᠭᠦᠯᠵᠤ᠂ ᠭᠡᠷᠡᠴᠢᠯᠡᠵᠤ᠂ ᠥᠪᠥᠷ ᠮᠣᠩᠭᠤᠯ ᠤᠨ ᠰᠠᠶᠢᠨ ᠪᠦᠲᠦᠭᠡᠭᠳᠡᠬᠦᠨ ᠢ ᠬᠦᠴᠦ ᠪᠠᠨ ᠬᠠᠮᠲᠤᠳᠬᠠᠨ ᠭᠠᠳᠠᠭᠰᠢ ᠲᠠᠨᠢᠯᠴᠠᠭᠤᠯᠬᠤ ᠶᠢ ᠵᠤᠷᠢᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ 《ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ》 ᠤ ᠳᠦᠷᠢ ᠲᠥᠷᠬᠦ ᠶᠢᠨ 5 ᠡᠯᠴᠢ ᠪᠤᠯᠤᠨ ᠲᠦᠷᠦᠬᠦᠤ ᠪᠦᠯᠦᠭ ᠤᠨ 《ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ》 ᠢ ᠤᠷᠢᠨ ᠲᠣᠮᠢᠯᠠᠪᠠ᠃ ᠲᠤᠰ ᠤᠷᠤᠯᠳᠤᠭᠠᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ᠂ ᠸᠢᠳᠢᠤ᠋ ᠶᠢᠨ ᠵᠣᠬᠢᠶᠠᠨ ᠪᠦᠲᠦᠭᠡᠯᠭᠡ ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ ᠲᠦᠷᠦᠭᠦᠦ ᠪᠦᠯᠦᠭ ᠤᠨ 20 ᠨᠡᠷ᠎ᠡ 《ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ》 ᠢ ᠰᠢᠯᠭᠠᠷᠠᠭᠤᠯᠵᠤ ᠭᠠᠷᠭᠠᠪᠠ᠃              ᠣᠶᠢᠷ᠎ᠠ ᠶᠢᠨ ᠵᠢᠯ ᠳᠤ ᠪᠦᠬᠦ ᠤᠷᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠭᠰᠠᠨ ᠠᠴᠠ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠤᠯᠠᠮ ᠢᠶᠠᠷ ᠦᠷᠭᠡᠵᠢᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠨ᠎ᠡ ᠵᠠᠭᠤᠴᠢᠯᠠᠭᠤᠷ ᠢ ᠳᠡᠯᠭᠡᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠭᠡᠳ ᠮᠠᠰᠢ ᠰᠠᠶᠢᠨ ᠦᠷ᠎ᠡ ᠪᠦᠲᠦᠮᠵᠢ ᠤᠯᠪᠠ᠃ ᠠᠩᠬᠠᠳᠤᠭᠠᠷ ᠬᠤᠭᠤᠴᠠᠭᠠᠨ ᠤ 《ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ》 ᠢ ᠰᠢᠯᠭᠠᠷᠠᠭᠤᠯᠬᠤ ᠤᠷᠤᠯᠳᠤᠭᠠᠨ ᠨᠢ ᠮᠠᠨ ᠤ ᠤᠷᠤᠨ ᠤ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ᠂ ᠮᠠᠯ ᠠᠵᠤ ᠠᠬᠤᠢ ᠲᠠᠷᠢᠶᠠᠯᠠᠩ ᠤᠨ ᠳᠦᠷᠢ ᠲᠥᠷᠬᠦ ᠶᠢ ᠢᠯᠡᠷᠡᠭᠦᠯᠬᠦ ᠳᠤ ᠬᠦᠴᠦᠨ ᠨᠡᠮᠡᠷᠢᠯᠡᠬᠦ ᠰᠢᠨ᠎ᠡ ᠲᠠᠪᠴᠠᠩ ᠪᠣᠯᠤᠭᠰᠠᠨ ᠪᠥᠭᠡᠳ ᠪᠦᠬᠦ ᠣᠷᠣᠨ ᠤ ᠴᠢᠨᠠᠷ ᠰᠠᠶᠢᠲᠠᠢ ᠪᠣᠬᠢᠷᠲᠤᠯ ᠥᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠬᠦ ᠤᠯᠤᠰ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠵᠤ᠂ 《ᠦᠪᠦᠷ ᠮᠣᠩᠭᠤᠯ》 ᠨᠡᠷᠡᠮᠵᠢᠳᠤ ᠪᠦᠲᠦᠭᠡᠭᠳᠡᠬᠦᠨ ᠢ ᠪᠦᠬᠦ ᠤᠯᠤᠰ ᠲᠤ ᠳᠠᠭᠤᠷᠢᠰᠤᠭᠤᠯᠬᠤ ᠶᠢ ᠠᠬᠢᠭᠤᠯᠤᠭᠰᠠᠨ ᠪᠠᠶᠢᠨ᠎ᠠ᠃ᠢᠷᠡᠯᠲᠡ᠄  ᠳᠤᠮᠳᠠᠲᠤ  ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ  ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2