ᠮᠠᠨ ᠤ ᠤᠷᠤᠨ ᠵᠢᠯ ᠤᠨ ᠡᠴᠤᠰ ᠠᠴᠠ ᠡᠮᠦᠨ᠎ᠡ ᠪᠦᠬᠦ ᠣᠷᠣᠨ ᠤ ᠰᠢᠶᠠᠨ ᠤ ᠱᠠᠲᠤ ᠵᠢᠴᠢ ᠲᠡᠭᠦᠨ ᠠᠴᠠ | ᠳᠡᠭᠡᠭ᠌ᠰᠢᠬᠢ ᠬᠤᠲᠠ ᠶᠢᠨ ᠳᠠᠭᠤ ᠱᠤᠤᠭᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ | ᠰᠦᠯᠵᠢᠶ᠎ᠡ ᠶᠢ ᠪᠦᠷᠬᠦᠬᠦᠯᠬᠦ ᠪᠠᠷ ᠪᠤᠢ | | ᠵᠤᠬᠢᠶᠠᠭᠴᠢ᠄ ᠨᠠᠮᠤᠭ | | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠤᠭᠤᠷᠢᠨ ᠤ ᠲᠢᠩᠬᠢᠮ ᠠᠴᠠ | ᠤᠶᠢᠯᠭᠠᠭᠰᠠᠨ ᠢᠶᠠᠷ᠂ 2022 ᠣᠨ ᠳᠤ ᠮᠠᠨ ᠤ ᠤᠷᠤᠨ ᠤ ᠳᠠᠭᠤ ᠱᠤᠤᠭᠢᠶᠠᠨ ᠤ ᠣᠷᠴᠢᠨ ᠲᠤᠭᠤᠷᠢᠨ ᠤ | ᠪᠠᠶᠢᠳᠠᠯ ᠶᠡᠷᠦᠩᠬᠡᠶ ᠲᠡᠭᠡᠨ ᠰᠠᠶᠢᠨ ᠪᠠᠶᠢᠵᠤ᠂ ᠪᠦᠬᠦ ᠣᠷᠣᠨ ᠤ ᠬᠤᠲᠠ ᠶᠢᠨ ᠴᠢᠳᠠᠮᠵᠢᠲᠤ ᠣᠷᠣᠨ ᠤ ᠳᠠᠭᠤ | ᠱᠤᠤᠭᠢᠶᠠᠨ ᠤ ᠣᠷᠴᠢᠨ ᠲᠤᠭᠤᠷᠢᠨ ᠤ ᠶᠠᠰᠤ ᠴᠢᠨᠠᠷ ᠤᠨ ᠡᠳᠦᠷ ᠰᠥᠨᠢ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ ᠲᠣᠰ ᠲᠣᠰ 96.0%᠂ 91.2% ᠲᠤ ᠬᠦᠷᠴᠦ`᠂ 2021 ᠣᠨ ᠤ ᠬᠢ ᠠᠴᠠ ᠲᠤᠰ ᠲᠤᠰ 3.0% | ᠪᠠ 5.2% ᠢᠶᠠᠷ ᠳᠡᠭᠡᠭ᠌ᠰᠢᠯᠡᠵᠡᠶ᠃ ᠡᠨᠡ ᠵᠢᠯ᠂ ᠮᠠᠨ ᠤ ᠤᠷᠤᠨ ᠨᠢᠭᠡᠨᠲᠡ ᠰᠢᠶᠠᠨ ᠤ ᠱᠠᠲᠤ ᠵᠢᠴᠢ ᠲᠡᠭᠦᠨ ᠠᠴᠠ | ᠳᠡᠭᠡᠭᠰᠢᠬᠢ ᠬᠤᠲᠠ ᠶᠢᠨ ᠳᠠᠭᠤ ᠱᠤᠤᠭᠢᠶᠠᠨ ᠤ ᠣᠷᠴᠢᠨ ᠲᠣᠭᠤᠷᠢᠨ ᠤ ᠴᠢᠳᠠᠮᠵᠢᠳᠣ ᠣᠷᠣᠨ ᠤ ᠬᠤᠪᠢᠶᠠᠷᠢᠯᠠᠯ | ᠪᠠ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ ᠲᠠᠬᠢ ᠳᠠᠭᠤ ᠱᠤᠤᠭᠢᠶᠠᠨ ᠤ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠴᠡᠭ ᠪᠠᠶᠢᠷᠢ ᠶᠢ ᠪᠠᠶᠢᠷᠢᠯᠠᠭᠤᠯᠬᠤ ᠵᠢᠴᠢ ᠰᠢᠯᠢᠳᠡᠭᠵᠢᠭᠦᠯᠦᠨ | ᠳᠣᠭᠢᠷᠠᠭᠤᠯᠬᠤ ᠶᠢ ᠪᠡᠶᠡᠯᠡᠭᠦᠯᠵᠦ᠂ ᠵᠢᠯ ᠦᠨ ᠡᠴᠦᠰ ᠠᠴᠠ ᠡᠮᠦᠨ᠎ᠡ᠂ ᠪᠦᠬᠦ ᠣᠷᠣᠨ ᠤ ᠰᠢᠶᠠᠨ ᠤ ᠱᠠᠲᠤ | ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠳᠠᠭᠤ ᠱᠤᠤᠭᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠢ | ᠬᠢᠨᠠᠨ ᠬᠡᠮᠵᠢᠬᠦ ᠲᠣᠣᠷ ᠢ ᠪᠦᠷᠬᠦᠭᠦᠯᠬᠦ ᠪᠠᠷ ᠪᠠᠶᠢᠨ᠎ᠠ᠃ ᠳᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠨᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠴᠢᠬᠤᠯᠠ ᠠᠭᠤᠯᠭ᠎ᠠ ᠪᠤᠯᠤᠨ᠎ᠠ᠃ ᠡᠨᠡ ᠵᠢᠯ ᠤᠨ ᠡᠬᠢ ᠪᠠᠷ᠂ ᠠᠮᠢ ᠠᠬᠤᠢ ᠣᠷᠴᠢᠨ ᠲᠣᠭᠤᠷᠢᠨ ᠤ ᠶᠠᠮᠤᠨ ᠲᠥᠪ | ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ 16 ᠰᠠᠯᠠᠭ᠎ᠠ ᠮᠥᠴᠢᠷ ᠲᠠᠢ ᠬᠠᠮᠲᠤᠷᠠᠨ | 《〈ᠠᠷᠪᠠᠨ ᠳᠥᠷᠪᠡᠳᠦᠭᠡᠷ ᠲᠠᠪᠤᠨ ᠵᠢᠯ〉 ᠤᠨ ᠳᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢᠨ ᠲᠥᠯᠥᠪᠯᠡᠭᠡ》 ᠶᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠳᠠᠭᠤ ᠱᠤᠤᠭᠢᠶᠠᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠨᠡᠭᠰᠢᠳᠠ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ | ᠲᠤᠬᠢᠷᠠᠭᠤᠯᠤᠯᠲᠠ ᠬᠢᠪᠡ᠃ ᠪᠦᠬᠦ ᠣᠷᠣᠨ ᠤ ᠳᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠦᠨᠡᠨᠬᠦ ᠠᠬᠢᠭᠤᠯᠬᠤ ᠶᠢᠨ ᠲᠦᠯᠦᠭᠡ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠲᠢᠩᠬᠢᠮ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤ | ᠱᠤᠤᠭᠢᠶᠠᠨ ᠢ ᠬᠢᠨᠠᠨ ᠬᠡᠮᠵᠢᠬᠦ ᠠᠵᠢᠯ ᠢ ᠴᠢᠩᠭᠠᠳᠬᠠᠬᠤ ᠬᠡᠷᠡᠭᠵᠢᠭᠦᠯᠬᠦ ᠲᠥᠰᠦᠯ》 ᠢ ᠳᠠᠷᠤᠮᠠᠯᠯᠠᠨ ᠲᠠᠷᠬᠠᠭᠠᠵᠤ᠂ | ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠳᠠᠭᠤ ᠱᠤᠤᠭᠢᠶᠠᠨ ᠤ ᠣᠷᠴᠢᠨ ᠲᠣᠭᠤᠷᠢᠨ ᠤ | ᠴᠢᠳᠠᠮᠵᠢᠳᠣ ᠣᠷᠣᠨ ᠤ ᠬᠤᠪᠢᠶᠠᠷᠢᠯᠠᠯ ᠪᠠ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ | ᠬᠤᠭᠤᠴᠠᠭᠠᠨ ᠲᠠᠬᠢ ᠬᠤᠲᠠ ᠶᠢᠨ ᠴᠢᠳᠠᠮᠵᠢᠳᠣ ᠣᠷᠣᠨ᠂ ᠣᠷᠣᠨ ᠪᠦᠰᠡ᠂ ᠵᠠᠮ ᠬᠠᠷᠢᠯᠴᠠᠭᠠᠨ ᠤ ᠳᠠᠭᠤ | ᠱᠤᠤᠭᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠴᠡᠭ ᠪᠠᠶᠢᠷᠢ ᠶᠢ ᠪᠠᠶᠢᠷᠢᠯᠠᠭᠤᠯᠬᠤ ᠵᠢᠴᠢ | ᠰᠢᠯᠢᠳᠡᠭᠵᠢᠭᠦᠯᠦᠨ ᠳᠣᠭᠢᠷᠠᠭᠤᠯᠬᠤ ᠶᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠪᠦᠬᠦ ᠣᠷᠣᠨ ᠤ ᠳᠠᠭᠤ | ᠱᠤᠤᠭᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ (ᠴᠡᠭ) ᠶᠢᠨ | ᠪᠠᠶᠢᠷᠢᠯᠠᠭᠤᠯᠤᠯᠲᠠ ᠶᠢ ᠨᠢᠭᠡᠳᠦᠯᠲᠡᠶ ᠲᠦᠯᠦᠪᠵᠢᠭᠦᠯᠦᠭᠰᠡᠨ ᠪᠠᠶᠢᠨ᠎ᠠ᠃ ᠣᠳᠣᠬᠠᠨ ᠳᠤ᠂ ᠪᠦᠬᠦ ᠣᠷᠣᠨ ᠤ 12 | ᠠᠶᠢᠮᠠᠭ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠬᠤᠲᠠ ᠪᠣᠯᠤᠨ 8 ᠰᠢᠶᠠᠨ ᠤ ᠲᠠᠰ ᠤᠨ ᠬᠤᠲᠠ ᠳᠤ | ᠨᠡᠶᠢᠲᠡ 3249 ᠬᠢᠨᠠᠨ ᠬᠡᠮᠵᠢᠬᠣ᠋ ᠴᠡᠭ ᠭᠠᠷᠭᠠᠵᠤ᠂ ᠬᠤᠲᠠ ᠶᠢᠨ ᠳᠠᠭᠤ ᠱᠤᠤᠭᠢᠶᠠᠨ ᠤ ᠣᠷᠴᠢᠨ ᠲᠣᠭᠤᠷᠢᠨ | ᠤ ᠶᠠᠰᠤ ᠴᠢᠨᠠᠷ ᠢ ᠬᠢᠨᠠᠨ ᠬᠡᠮᠵᠢᠬᠦ ᠶᠢᠨ ᠬᠠᠮᠲᠤ ᠲᠤᠭᠲᠠᠮᠠᠯ ᠬᠤᠭᠤᠴᠠᠭ᠎ᠠ ᠲᠠᠢ ᠪᠠᠷ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠠᠯᠪᠠᠨ ᠤ ᠰᠦᠯᠵᠢᠶ᠎ᠡ ᠶᠢᠨ ᠲᠤᠰᠬᠠᠶ ᠪᠤᠯᠤᠩ | ᠳᠤ ᠳᠠᠭᠤ ᠱᠤᠤᠭᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠨᠡᠶᠢᠲᠡᠯᠡᠪᠡ ᠃ | ᠢᠷᠡᠯᠲᠡ᠄ ᠳᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ | ᠳᠡᠪᠰᠢᠭᠦᠯᠦᠭᠴᠢ ᠄ ᠲᠡᠷᠭᠡᠯ | |