ᠮᠠᠨ ᠤ ᠣᠷᠣᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠢ ᠢᠳᠡᠪᠬᠢᠳᠠᠢ ᠪᠠᠷ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/11/22
ᠮᠠᠨ ᠤ ᠣᠷᠣᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠢ ᠢᠳᠡᠪᠬᠢᠳᠠᠢ ᠪᠠᠷ ᠪᠠᠶᠢᠭᠤᠯᠵᠤ ᠪᠠᠶᠢᠨ᠎ᠠ                                                                   ᠵᠤᠬᠢᠶᠠᠭᠴᠢ ᠄ ᠭᠤᠸ᠎ᠠ              ᠮᠠᠨ ᠤ ᠣᠷᠣᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠤ᠂ 2012 ᠣᠨ ᠳᠤ ᠪᠦᠬᠦ ᠤᠯᠤᠰ ᠲᠤ ᠬᠠᠮᠤᠭ ᠤᠨ ᠲᠦᠷᠦᠭᠦᠨ ᠳᠤ ᠮᠤᠵᠢ ᠣᠷᠣᠨ ᠤ ᠳᠡᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ 2021 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ (ᠬᠤᠲᠠ) ᠶᠢ ᠨᠡᠶᠢᠲᠡ 48 ᠪᠠᠶᠢᠭᠤᠯᠪᠠ᠃ ᠡᠭᠦᠨ ᠳᠤ ᠬᠥᠲᠥᠯᠦᠨ ᠵᠢᠯᠣᠭᠤᠳᠬᠤ᠂ ᠡᠷᠬᠡ ᠲᠡᠭᠰᠢ ᠪᠠᠷ ᠥᠷᠢᠰᠦᠯᠳᠦᠬᠦᠯᠬᠦ᠂ ᠪᠡᠯᠡ ᠮᠥᠩᠭᠦ  ᠶᠢᠨ ᠳᠡᠮᠵᠢᠯᠭᠡ ᠬᠠᠩᠭᠠᠬᠤ ᠵᠡᠷᠭᠡ ᠪᠠᠷ ᠳᠠᠮᠵᠢᠨ ᠤᠷᠢᠳ ᠬᠤᠵᠢᠳ ᠬᠥᠯᠥᠨ ᠪᠤᠶᠢᠷ ᠬᠤᠲᠠ ᠶᠢᠨ ᠠᠷᠤᠨ ᠬᠤᠰᠢᠭᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤ ᠵᠡᠷᠭᠡ 9 ᠬᠤᠰᠢᠭᠤ ᠰᠢᠶᠠᠨ ᠲᠤᠭᠤᠷᠢᠭ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠪᠣᠯᠭᠠᠨ ᠡᠭᠦᠳᠦᠨ ᠪᠠᠶᠢᠭᠤᠯᠵᠤ᠂ ᠤᠳᠤ ᠣᠷᠳᠣᠰ ᠬᠤᠲᠠ ᠶᠢᠨ ᠳᠠᠯᠠᠳ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 4 ᠬᠤᠰᠢᠭᠤ ᠰᠢᠶᠠᠨ ᠲᠤᠭᠤᠷᠢᠭ  ᠨᠢ ᠤᠳᠠᠯ ᠦᠬᠡᠢ ᠴᠤᠯᠠᠯᠠᠬᠤ ᠬᠡᠵᠤ ᠪᠠᠶᠢᠭ᠎ᠠ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ ᠨᠡᠷᠡᠰ ᠲᠤ  ᠵᠢᠭᠰᠠᠭᠠᠭᠳᠠᠪᠠ᠃             ᠮᠠᠨ ᠤ ᠤᠷᠤᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠴᠢᠩᠳᠠᠯᠠᠵᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠢ ᠡᠭᠦᠳᠦᠨ ᠪᠠᠶᠢᠭᠤᠯᠬᠤ ᠦᠷ᠎ᠡ ᠪᠦᠲᠦᠮᠵᠢ ᠶᠢ ᠪᠠᠲᠤᠯᠠᠪᠠ᠃ 2021 ᠤᠨ ᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ ᠬᠥᠳᠡᠯᠦᠩᠭᠦᠢ ᠬᠠᠮᠢᠶᠠᠷᠤᠯᠲᠠ  ᠶᠢᠨ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠪᠣᠯᠤᠨ ᠡᠭᠦᠳᠦᠨ ᠪᠠᠶᠢᠭᠤᠯᠬᠤ ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠲᠠᠢ ᠬᠠᠷᠢᠴᠠᠭᠤᠯᠤᠨ ᠥᠪᠡᠷ ᠢ  ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠠᠵᠢᠯ ᠢ ᠥᠷᠨᠢᠭᠦᠯᠪᠡ᠃ ᠨᠢᠳᠤᠨᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠱᠠᠭᠠᠷᠳᠠᠯᠭ᠎ᠠ ᠶᠣᠰᠣᠭᠠᠷ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ 《ᠡᠷᠭᠢᠨ ᠬᠠᠷᠠᠬᠤ》 ᠳᠠᠬᠢᠨ ᠬᠢᠨᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 9 ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠳᠤ ᠪᠦᠬᠦ ᠲᠠᠯ᠎ᠠ ᠶᠢᠨ ᠦᠨᠡᠯᠡᠨ ᠵᠢᠱᠢᠯᠲᠡ ᠬᠢᠵᠦ᠂ ᠤᠯᠤᠰ ᠤᠨ ᠳᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠳᠤᠯᠠᠭᠰᠠᠨ ᠪᠠᠶᠢᠨ᠎ᠠ᠃              ᠮᠠᠨ ᠤ ᠤᠷᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ 《ᠫᠠᠶᠢᠰᠠ ᠡᠯᠭᠦᠬᠦ》 ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠲᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ ᠴᠣᠯᠠ ᠶᠢ ᠡᠷᠬᠡ ᠣᠯᠭᠤᠨ ᠬᠡᠷᠡᠭᠯᠡᠭᠦᠯᠬᠦ ᠠᠵᠢᠯ ᠢ ᠤᠷᠢᠳ ᠢᠶᠠᠷ ᠥᠷᠨᠢᠭᠦᠯᠵᠦ᠂ 107 ᠠᠵᠤ ᠠᠬᠤᠶᠢᠯᠠᠯ ᠤᠨ 365 ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠳᠡᠭᠡᠷ᠎ᠡ 《ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ》 ᠤ ᠲᠤᠳᠤᠷᠬᠠᠶᠢᠯᠠᠯᠳᠠ ᠶᠢ ᠶᠢ ᠬᠡᠷᠡᠭᠯᠡᠬᠦ ᠶᠢ ᠠᠬᠢᠭᠤᠯᠵᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭ ᠢ ᠴᠤᠭᠴᠠᠯᠠᠬᠤ  ᠯᠤᠭ᠎ᠠ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠭᠤᠯᠬᠤ ᠰᠠᠶᠢᠨ ᠵᠠᠭᠪᠤᠷ ᠢ ᠪᠣᠢ ᠪᠣᠯᠭᠠᠵᠠᠢ᠃               ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠤ ᠲᠠᠶᠢᠴᠢᠯᠠᠬᠤ ᠠᠵᠢᠯ ᠤᠨ ᠰᠢᠨ᠎ᠡ ᠶᠢ ᠡᠭᠦᠳᠴᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃ ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠳᠢᠩᠬᠢᠮ ᠠᠴᠠ ᠪᠠᠶᠠᠨᠨᠠᠭᠤᠷ ᠬᠤᠲᠠ ᠶᠢ ᠬᠦᠳᠦᠯᠦᠨ ᠵᠢᠯᠣᠭᠤᠳᠴᠦ ᠪᠠᠶᠢᠭᠠᠳ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠰᠢᠶᠠᠩ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠵᠢᠴᠢ ᠲᠣᠣᠷᠵᠢᠭᠤᠯᠤᠭᠰᠠᠨ ᠬᠠᠮᠢᠶᠠᠷᠤᠯᠲᠠ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ᠂ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠪᠠᠶᠢᠭᠤᠯᠤᠯᠲᠠ᠂ ᠪᠣᠬᠢᠷᠲᠤᠯ ᠥᠬᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠵᠡᠷᠭᠡ ᠲᠠᠯ᠎ᠠ ᠶᠢ ᠬᠠᠮᠤᠷᠤᠭᠰᠠᠨ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠤ ᠦᠷ᠎ᠡ ᠪᠦᠲᠦᠮᠵᠢ  ᠶᠢ ᠪᠠᠲᠤᠯᠠᠬᠤ ᠵᠢᠱᠢᠶ᠎ᠠ ᠦᠵᠡᠭᠦᠯᠬᠦ ᠣᠷᠣᠨ ᠢ ᠴᠤᠭᠴᠠᠯᠠᠵᠤ᠂ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠳᠤ ᠯᠠᠪᠯᠠᠯᠲᠠ ᠪᠣᠯᠭᠠᠵᠤ ᠪᠣᠯᠬᠤᠶᠢᠴᠠ᠂ ᠬᠠᠭᠤᠯᠪᠤᠷᠢᠯᠠᠵᠤ ᠪᠣᠯᠬᠤᠶᠢᠴᠠ ᠵᠠᠭᠪᠤᠷ ᠢ ᠬᠠᠩᠭᠠᠬᠤ ᠶᠢᠨ ᠬᠠᠮᠳᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ (ᠬᠤᠲᠠ) ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠳᠤ ᠵᠢᠱᠢᠶ᠎ᠠ ᠦᠵᠡᠭᠦᠯᠬᠦ ᠦᠢᠯᠡᠳᠤᠯ ᠢ ᠪᠠᠳᠠᠷᠡᠭᠤᠯᠤᠭᠰᠠᠨ ᠪᠠᠶᠢᠨ᠎ᠠ᠃ ᠢᠷᠡᠯᠲᠡ ᠄  ᠳᠤᠮᠲᠠᠲᠤ  ᠣᠯᠣᠠᠰ ᠤᠨ  ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡᠳᠡᠪᠰᠢᠭᠦᠯᠦᠭᠴᠢ ᠄  ᠲᠡᠷᠭᠡᠯ 
 
ᠢᠷᠡᠯᠲᠡ᠄ ᠳᠤᠮᠲᠠᠲᠤ ᠣᠯᠣᠠᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2